ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠦᠯᠢᠭᠡᠷ

2021-08-29 09:46:35

ᠵᠣᠬᠢᠶᠠᠭ᠍ᠴᠢ᠄ ᠲᠡᠭᠦᠰᠪᠢᠯᠢᠭ ᠣᠩᠱᠢᠭ᠍ᠰᠠᠨ ᠣᠳᠠᠭ᠎ᠠ᠄ 3

︽ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠨ ᠬᠡᠷᠡᠭᠯᠡᠬᠦ ᠪᠣᠯ ᠳᠤᠮᠳᠠᠳᠤ ᠤᠯᠤᠰ᠎ᠤᠨ ᠬᠥᠮᠦᠨ ᠨᠢᠭᠡᠪᠦᠷᠢ᠎ᠶᠢᠨ ᠬᠠᠤᠯᠢ᠎ᠪᠠᠷ ᠲᠣᠭᠲᠠᠭᠠᠭᠰᠠᠨ ᠡᠭᠦᠷᠭᠡ ᠪᠣᠯᠬᠤ᠎ᠪᠠᠷ ᠪᠠᠷᠠᠬᠤ ᠦᠬᠡᠢ ᠨᠡᠩ ᠴᠤ ᠤᠯᠠᠮ ᠶᠡᠬᠡ ᠬᠥᠭᠵᠢᠯᠲᠡ᠎ᠶᠢᠨ ᠣᠷᠣᠨ ᠵᠠᠢ᠎ᠲᠠᠢ ᠪᠤᠯᠬᠤ᠎ᠳ᠋ᠤ ᠳᠤᠲᠠᠭᠳᠠᠵᠤ ᠪᠣᠯᠤᠰᠢ ᠦᠬᠡᠢ ᠬᠡᠪ ᠪᠣᠯᠪᠠᠰᠤᠷᠠᠯ ᠪᠣᠯᠤᠨ᠎ᠠ︾ ᠭᠡᠵᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠷᠠᠳ᠎ᠤᠨ ᠡᠮᠦᠨᠡᠲᠦ ᠬᠣᠰᠢᠭᠤᠨ᠎ᠤ ᠮᠣᠩᠭᠣᠯ ᠦᠨᠳᠦᠰᠦᠲᠡᠨ᠎ᠤ ᠪᠠᠭ᠎ᠠ ᠰᠤᠷᠭᠠᠭᠤᠯᠢ᠎ᠶᠢᠨ ᠪᠠᠭᠰᠢ ᠨᠠᠷᠠᠨᠲᠤᠶᠠᠭ᠎ᠠ ᠬᠡᠯᠡᠨ᠎ᠡ᠃

ᠨᠠᠷᠠᠨᠲᠤᠶᠠᠭ᠎ᠠ ᠬᠠᠷᠠᠬᠠᠨ ᠪᠠᠭ᠎ᠠ᠎ᠡᠴᠠ᠎ᠪᠠᠨ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠬᠦ ᠰᠤᠷᠭᠠᠭᠤᠯᠢ᠎ᠳ᠋ᠤ ᠰᠤᠷᠤᠯᠴᠠᠵᠤ᠂ ᠠᠵᠢᠯ᠎ᠤᠨ ᠪᠠᠢᠷᠢ᠎ᠳ᠋ᠤ ᠭᠠᠷᠤᠭᠰᠠᠠ᠎ᠤ ᠲᠡᠷᠠᠭ᠎ᠠ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠬᠦ ᠰᠤᠷᠭᠠᠭᠤᠯᠢ᠎ᠳ᠋ᠤ ᠠᠵᠢᠯᠯᠠᠭᠰᠠᠭᠠᠷ ᠢᠷᠡᠭᠰᠡᠨ ᠪᠣᠯᠪᠠᠴᠤ ᠲᠡᠷᠡ ᠥᠪᠡᠷ᠎ᠢᠶᠡᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠬᠤ᠎ᠶᠢ ᠮᠠᠰᠢ ᠴᠢᠬᠤᠯᠠᠴᠢᠯᠠᠳᠠᠭ ᠪᠦᠬᠡᠳ ᠪᠠᠰᠠ ᠮᠠᠰᠢ ᠰᠤᠷᠬᠤ ᠳᠤᠷᠠᠲᠠᠶ ᠪᠠᠢᠳᠠᠭ᠋᠃ ᠲᠡᠷᠠ ᠰᠤᠷᠤᠭᠴᠢ ᠪᠠᠢᠬᠤ᠎ᠡᠴᠠ᠎ᠪᠠᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠢᠴᠢᠶᠠᠯ᠎ᠢ ᠨᠠᠷᠢᠠ ᠬᠢᠨᠠᠮᠠᠭᠠᠶ ᠬᠢᠴᠢᠶᠠᠩᠬᠦᠢ ᠰᠤᠷᠤᠯᠴᠠᠳᠠᠭ ᠪᠦᠬᠡᠳ ᠪᠠᠰᠠ ᠬᠢᠴᠢᠶᠡᠯ᠎ᠤᠨ ᠭᠠᠳᠠᠨᠠᠬᠢ ᠨᠣᠮ ᠪᠢᠴᠢᠭ᠂ ᠤᠳᠬ᠎ᠠ ᠵᠣᠬᠢᠶᠠᠯ᠎ᠤᠨ ᠨᠤᠮ ᠲᠡᠪᠳᠡᠷ᠎ᠢ ᠠᠮᠳᠠᠷᠬᠠᠠ ᠤᠩᠰᠢᠬᠤ ᠠᠷᠭ᠎ᠠ᠎ᠪᠠᠷ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠲᠦᠪᠰᠢᠨ᠎ᠢᠶᠡᠨ ᠳᠡᠭᠡᠭᠰᠢᠯᠡᠭᠦᠯᠵᠦ᠂ ᠶᠡᠬᠡ ᠰᠤᠷᠭᠠᠭᠤᠯᠢ᠎ᠳ᠋ᠤ ᠤᠷᠤᠬᠤ᠎ᠳᠠᠭᠠᠨ ᠲᠤᠰᠬᠠᠶᠢᠯᠠᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠲᠤᠰᠬᠠᠶ ᠮᠡᠷᠭᠡᠵᠢᠯ᠎ᠢ ᠰᠣᠩᠭᠣᠵᠤ᠂ ᠥᠪᠡᠷ᠎ᠤᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡᠨ᠎ᠤ ᠴᠢᠳᠠᠪᠤᠷᠢ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠡᠢ᠃

ᠲᠡᠭᠦᠨ᠎ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠢᠷᠢ ᠲᠦᠪᠰᠢᠨ ᠦᠨᠳᠦᠷ ᠪᠦᠭᠡᠳ ᠶᠠᠷᠢᠶᠠᠨ᠎ᠤ ᠠᠶᠠᠯᠭᠤ᠎ᠨᠢ ᠪᠠᠷᠢᠮᠵᠢᠶ᠎ᠠ ᠪᠤᠯᠬᠤᠷ ᠠᠵᠢᠯ᠎ᠤᠨ ᠵᠠᠪ ᠴᠢᠯᠦᠬᠡ᠎ᠪᠠᠷ᠎ᠢᠶᠡᠨ ᠦᠷᠭᠦᠯᠵᠢ ᠬᠦᠳᠦᠯᠦᠭᠴᠢ᠎ᠶᠢᠨ ᠠᠵᠢᠯ᠎ᠢ ᠬᠠᠷᠢᠭᠤᠴᠠᠵᠤ᠂ ᠬᠣᠰᠢᠭᠤᠨ᠎ᠤ᠎ᠪᠠᠨ ᠰᠤᠷᠭᠠᠨ ᠬᠥᠮᠦᠵᠢᠯ᠎ᠤᠨ ᠰᠢᠰᠲ᠋ᠧᠮ᠎ᠤᠨ ᠰᠢᠨ᠎ᠡ ᠵᠢᠯ᠎ᠤᠨ ᠦᠳᠡᠰᠢᠯᠡᠭᠡ ᠪᠠ ᠪᠠᠭᠰᠢ᠎ᠶᠢᠨ ᠪᠠᠶᠠᠷ᠎ᠤᠨ ᠦᠳᠡᠰᠢᠯᠡᠭᠡ᠎ᠶᠢᠨ ᠬᠦᠳᠦᠯᠦᠭᠴᠢ ᠪᠤᠯᠵᠤ ᠠᠵᠢᠯ ᠨᠢᠭᠡᠲᠡᠳ᠎ᠤᠨ᠎ᠢᠶᠡᠨ ᠰᠠᠢᠨ ᠦᠨᠡᠯᠡᠯᠲᠡ᠎ᠶᠢ ᠣᠯᠤᠭᠰᠠᠭᠠᠷ ᠢᠷᠡᠵᠡᠢ᠃

ᠨᠠᠷᠠᠨᠲᠤᠶᠠᠭ᠎ᠠ᠄ ︽ ᠪᠢᠳᠡᠠ᠎ᠢ ᠵᠠᠯᠠᠭᠤ ᠪᠠᠭ᠎ᠠ ᠪᠠᠢᠬᠤ᠎ᠳ᠋ᠤ ᠤᠳᠤ᠎ᠶᠢᠨ ᠰᠢᠭ᠋ ᠡᠶᠢᠮᠦ ᠰᠠᠢᠠ ᠰᠤᠷᠤᠯᠴᠠᠬᠤ ᠨᠥᠬᠥᠴᠡᠯ ᠵᠠᠪᠰᠢᠶᠠᠠ ᠦᠭᠡᠢ᠂ ᠮᠢᠨᠦ ᠨᠥᠬᠥᠷ ᠪᠣᠯ ᠴᠠᠭᠳᠠᠭ᠎ᠠ᠂ ᠰᠠᠶᠢ ᠠᠵᠢᠯ᠎ᠳ᠋ᠤ ᠣᠷᠣᠵᠤ ᠲᠡᠮᠳᠡᠭᠯᠡᠯ ᠬᠢᠬᠦ᠎ᠳ᠋ᠡᠭᠡᠨ ᠪᠢᠴᠢᠵᠦ ᠴᠢᠳᠠᠬᠤ ᠦᠭᠡᠢ ᠦᠰᠦᠭ ᠲᠣᠬᠢᠶᠠᠯᠳᠤᠪᠠᠯ ᠤᠷᠢᠳ᠎ᠢᠶᠠᠷ ᠴᠠᠭᠠᠷᠢᠭ ᠵᠢᠷᠤᠵᠤ᠂ ᠲᠠᠷᠠᠭ᠎ᠠ᠎ᠨᠢ ᠲᠤᠯᠢ ᠪᠢᠴᠢᠭ ᠡᠷᠢᠵᠦ ᠬᠣᠭᠣᠰᠣᠨ᠎ᠢ᠎ᠨᠢ ᠨᠦᠬᠦᠳᠡᠭ ᠪᠠᠢᠬᠰᠠᠠ᠂ ᠢᠢᠮᠤᠷᠬᠦᠦ ᠪᠠᠷᠬᠡᠰᠢᠶᠠᠯ᠎ᠲᠠᠢ ᠥᠩᠭᠡᠷᠡᠯᠲᠡ᠎ᠲᠠᠢ ᠪᠤᠯᠬᠤᠷ ᠪᠢᠳᠠ ᠬᠤᠶᠠᠭᠤᠯᠠ ᠬᠡᠦᠬᠡᠠ᠎ᠳ᠋ᠤ᠎ᠪᠠᠨ ᠴᠡᠴᠡᠷᠯᠢᠭ᠎ᠡᠴᠠ ᠡᠬᠢᠯᠡᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠬᠦᠷᠲᠡᠭᠡᠬᠦ᠎ᠪᠠᠷ ᠵᠣᠷᠢᠭ ᠰᠢᠭᠤᠳᠴᠠᠢ᠂ ᠮᠢᠨᠦ ᠬᠡᠤᠬᠡᠡ ᠤᠳᠤ ᠨᠢᠭᠡᠨᠲᠡ ᠵᠡᠭᠦᠨ ᠬᠣᠶᠢᠲᠤ᠎ᠶᠢᠨ ᠤᠢ ᠰᠢᠭᠤᠢ᠎ᠶᠢᠨ ᠶᠡᠬᠡ ᠰᠤᠷᠭᠠᠭᠤᠯᠢ᠎ᠡᠴᠠ ᠠᠰᠫᠢᠷᠠᠨᠲ ᠲᠡᠭᠦᠰᠴᠦ᠂ ᠪᠤᠭᠤᠲᠤ ᠬᠤᠳᠠ᠎ᠶᠢᠨ ᠴᠡᠴᠡᠷᠯᠢᠭ᠎ᠤᠨ ᠨᠣᠭᠣᠭᠠᠷᠠᠭᠤᠯᠤᠯᠲᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠎ᠳ᠋ᠤ ᠰᠢᠯᠭᠠᠨ ᠣᠷᠣᠵᠤ ᠠᠵᠢᠯᠯᠠᠪᠠ︾ ᠬᠡᠵᠦ ᠶᠠᠷᠢᠨ᠎ᠠ᠃

ᠨᠠᠷᠠᠨᠲᠤᠶᠠᠭ᠎ᠠ᠄ ︽ ᠮᠢᠨᠦ ᠥᠬᠢᠨ ᠪᠠᠭ᠎ᠠ ᠰᠤᠷᠭᠠᠭᠤᠯᠢ᠎ᠡᠴᠠ᠎ᠪᠠᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠵᠢᠭᠠᠨ ᠰᠤᠷᠭᠠᠯᠲᠠ᠎ᠶᠢ ᠭᠥᠷᠳᠡᠵᠦ᠂ ᠰᠤᠷᠤᠯᠭ᠎ᠠ᠎ᠳᠠᠭᠠᠨ ᠦᠨᠳᠤᠷ ᠠᠮᠵᠢᠯᠲᠠ ᠣᠯᠵᠤ ᠪᠠᠢᠬᠰᠠᠠ ᠪᠤᠯᠬᠤᠷ ᠲᠡᠭᠦᠨ᠎ᠤ ᠰᠣᠷᠣᠭᠰᠠᠨ ᠮᠡᠳᠡᠯᠭᠡ᠎ᠨᠢ ᠣᠲᠣ ᠮᠠᠨᠤᠰ᠎ᠡᠴᠠ ᠬᠣᠯᠠ ᠠᠷᠪᠢᠨ᠂ ︿ ᠰᠤᠷᠤᠯᠴᠠᠯᠭ᠎ᠠ᠎ᠪᠠᠷ ᠤᠯᠤᠰ᠎ᠢᠶᠡᠨ ᠬᠦᠴᠦᠷᠭᠡᠭᠵᠢᠭᠦᠯᠬᠦ﹀ ᠲᠠᠪᠴᠠᠩ ᠳᠡᠭᠡᠷ᠎ᠡ ᠰᠡᠳᠦᠪ ᠬᠢᠬᠦ ᠪᠦᠷᠢ ᠵᠥᠷᠢᠶ᠎ᠡ᠎ᠪᠠᠨ ᠦᠵᠡᠵᠦ ᠭᠠᠷᠤᠨ᠎ᠠ᠂ ᠮᠢᠨᠦ ᠥᠬᠢᠨ ᠤᠳᠠᠭ᠎ᠠ ᠪᠦᠷᠢ ᠪᠢᠲᠡ ᠬᠤᠶᠠᠷ᠎ᠡᠴᠠ ᠦᠨᠳᠦᠷ ᠬᠤᠪᠢ ᠰᠢᠯᠭᠠᠵᠤ᠂ ᠢᠯᠠᠩᠭᠤᠶ᠎ᠠ ᠡᠷᠲᠡᠨ᠎ᠤ ᠰᠢᠯᠦᠭ ᠳᠠᠭᠤᠯᠠᠯ᠎ᠤᠨ ᠬᠠᠮᠢᠶ᠎ᠠ ᠪᠥᠬᠥᠶ ᠰᠡᠳᠦᠪ᠎ᠢ ᠪᠦᠷ ᠬᠢᠵᠦ ᠴᠢᠳᠠᠨ᠎ᠠ᠃ ᠡᠨᠡ ᠪᠣᠯ ᠲᠠᠷᠤᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠭᠰᠠᠠ᠎ᠤ ᠲᠡᠪᠠᠭᠤᠯᠢᠭ ᠲᠡᠯ᠎ᠠ︾ ᠬᠡᠵᠥ ᠪᠠᠢᠯ᠎ᠠ᠃

ᠨᠠᠷᠠᠨᠲᠤᠶᠠᠭ᠎ᠠ 2008 ᠣᠨ᠎ᠳ᠋ᠤ ᠪᠠᠶᠠᠨᠨᠠᠭᠤᠷ ᠬᠤᠳᠠ᠎ᠶᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠎ᠪᠠᠷ ᠰᠣᠩᠭᠣᠭᠳᠠᠵᠤ᠂ ᠲᠠᠷᠠᠭ᠎ᠠ᠎ᠨᠢ ᠬᠣᠶᠠᠷ ᠬᠤᠭᠤᠴᠠᠭᠠᠨ᠎ᠤ ᠬᠤᠳᠠ᠎ᠶᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠎ᠶᠢᠨ ᠲᠤᠰᠢᠶᠠᠯ᠎ᠢ ᠡᠭᠦᠷᠭᠡᠯᠡᠪᠡ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠎ᠪᠠᠷ ᠰᠣᠩᠭᠣᠭᠳᠠᠭᠰᠠᠨ᠎ᠤ ᠲᠠᠷᠠᠭ᠎ᠠ᠂ ᠲᠡᠷᠡ ᠦᠷᠭᠦᠯᠵᠢ ᠣᠷᠣᠨ᠎ᠤ ᠳᠣᠲᠣᠨ᠎ᠠ ᠭᠠᠳᠠᠨ᠎ᠠ ᠰᠢᠨᠵᠢᠯᠡᠨ ᠪᠠᠶᠢᠴᠠᠭᠠᠵᠤ ᠰᠤᠷᠤᠯᠴᠠᠠ ᠨᠡᠶᠢᠭᠡᠮ᠎ᠤᠨ ᠡᠯ᠎ᠡ ᠡᠲᠡᠭᠡᠳ᠎ᠤᠨ ᠬᠥᠮᠦᠰ᠎ᠲᠠᠢ ᠠᠭᠤᠯᠵᠠᠵᠤ ᠲᠡᠨᠢᠯᠴᠠᠵᠥ ᠬᠠᠷᠢᠯᠴᠠᠳᠠᠭ᠎ᠢᠶᠠᠷ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠲᠦᠪᠰᠢᠨ᠎ᠨᠢ ᠮᠠᠰᠢ ᠲᠦᠷᠬᠡᠡ ᠲᠡᠬᠡᠭᠰᠢᠯᠡᠵᠡᠢ᠃ 2018 ᠣᠨ᠎ᠳ᠋ᠤ ᠲᠡᠷᠡ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠎ᠪᠠᠷ ᠰᠣᠩᠭᠣᠭᠳᠠᠵᠤ᠂ ᠵᠢᠯ ᠪᠦᠷᠢ ᠪᠡᠭᠡᠵᠢᠩ᠎ᠳ᠋ᠤ ᠤᠯᠤᠰ᠎ᠤᠨ ︽ ᠬᠤᠶᠠᠷ ᠬᠤᠷᠠᠯ︾᠎ᠳ᠋ᠤ ᠣᠷᠣᠯᠴᠠᠵᠤ᠂ ᠬᠠᠷᠢᠵᠤ ᠢᠷᠡᠭᠰᠡᠨ᠎ᠤ᠎ᠪᠠᠨ ᠳᠠᠷᠠᠭ᠎ᠠ ᠪᠠᠰᠠ ᠦᠨᠳᠦᠰᠦᠨ ᠱᠠᠲᠤᠨ᠎ᠤ ᠡᠯ᠎ᠡ ᠪᠠᠢᠭᠤᠯᠭ᠎ᠠ ᠨᠢᠭᠡᠴᠢ᠂ ᠮᠠᠯᠵᠢᠬᠤ ᠲᠠᠷᠢᠶᠠᠯᠠᠬᠤ ᠣᠷᠣᠨ ᠪᠤᠶᠤ ᠨᠡᠶᠢᠭᠡᠮ ᠲᠣᠭᠣᠷᠢᠭ᠎ᠲᠤ ᠬᠦᠷᠴᠦ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ︽ ᠬᠣᠶᠠᠷ ᠬᠤᠷᠠᠯ︾᠎ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ᠎ᠶᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠤᠬᠠᠭᠤᠯᠤᠨ ᠲᠠᠶᠢᠯᠪᠤᠷᠢᠯᠠᠳᠠᠭ᠋᠂ ᠢᠯᠠᠩᠭᠤᠶ᠎ᠠ ᠡᠨᠡ ᠵᠢᠯ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠶᠡᠷᠦᠩᠬᠡᠢ ᠱᠦᠵᠢ᠎ᠳ᠋ᠤ ᠠᠵᠢᠯ᠎ᠤᠨ ᠮᠡᠳᠡᠭᠦᠯᠦᠯᠲᠡ ᠬᠢᠵᠡᠢ᠃

ᠠᠯᠢ ᠦᠨᠳᠦᠰᠦᠲᠡᠨ᠎ᠤ ᠬᠡᠦᠬᠡᠳ ᠴᠤ ᠪᠦᠷ ᠠᠳᠠᠯᠢᠬᠠᠠ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠪᠠᠯ ᠬᠦᠰᠡᠯ ᠵᠡᠭᠦᠳᠦ᠎ᠪᠠᠨ ᠪᠡᠶᠡᠯᠡᠭᠦᠯᠬᠦ ᠨᠡᠩ ᠤᠯᠠᠨ ᠠᠵᠠ ᠲᠣᠬᠢᠶᠠᠯ᠎ᠲᠠᠢ ᠪᠤᠯᠤᠨ᠎ᠠ᠃ ᠮᠠᠨ᠎ᠤ ᠳᠡᠷᠭᠡᠳᠡᠬᠢ ᠮᠠᠰᠢ ᠤᠯᠠᠨ ᠬᠥᠮᠦᠰ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠴᠢᠨᠠᠭᠰᠢᠯᠠᠪᠠᠯ ᠬᠡᠳᠤ ᠬᠡᠳᠤᠠ ᠵᠤᠢᠯ᠎ᠤᠨ ᠭᠠᠳᠠᠭᠠᠳᠤ ᠬᠡᠯᠡ᠎ᠶᠢ ᠪᠣᠯᠪᠠᠰᠤᠷᠠᠩᠭᠤᠢ ᠡᠵᠡᠮᠰᠢᠭᠰᠡᠨ ᠲᠠᠪᠠᠭᠤᠯᠢᠭ᠎ᠢᠶᠠᠷ᠎ᠢᠶᠡᠨ ᠲᠠᠯ᠎ᠠ ᠨᠤᠲᠤᠭ᠎ᠡᠴᠠ ᠰᠠᠯᠵᠤ᠂ ᠨᠤᠲᠤᠭ ᠤᠰᠤ᠎ᠪᠠᠨ ᠪᠦᠳᠦᠭᠡᠨ ᠪᠠᠶᠢᠭᠤᠯᠬᠤ᠂ ᠡᠭᠡ ᠤᠯᠤᠰ᠎ᠢᠶᠡᠨ ᠪᠦᠳᠦᠭᠡᠨ ᠪᠠᠶᠢᠭᠤᠯᠬᠤ᠎ᠳ᠋ᠤ ᠥᠪᠡᠷ᠎ᠤᠨ ᠦᠷᠳᠡᠭ᠎ᠢᠶᠡᠨ ᠪᠡᠶᠡᠯᠡᠭᠦᠯᠵᠥ ᠪᠠᠢᠨ᠎ᠠ᠃ ᠪᠤᠢ ᠪᠦᠬᠦᠢ ᠬᠡᠦᠬᠡᠳ᠎ᠤᠳ ᠴᠥᠮ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠪᠠᠯ ᠢᠷᠡᠭᠡᠳᠦᠢ᠎ᠳ᠋ᠤ ᠨᠡᠩ ᠶᠡᠬᠡ ᠲᠠᠪᠴᠠᠩ᠎ᠳ᠋ᠤ ᠭᠠᠷᠴᠤ᠂ ᠥᠪᠡᠷ᠎ᠤᠨ ᠠᠪᠢᠶᠠᠰ ᠴᠢᠳᠠᠪᠤᠷᠢ᠎ᠪᠠᠨ ᠢᠯᠡᠷᠡᠭᠦᠯᠵᠦ᠂ ᠡᠬᠡ ᠤᠯᠤᠰ᠎ᠲᠠᠭᠠᠨ ᠥᠪᠡᠷ᠎ᠤᠨ ᠬᠦᠴᠦᠨ ᠴᠢᠳᠠᠯ᠎ᠢᠶᠡᠨ ᠨᠠᠩ ᠢᠯᠡᠬᠦᠦ ᠡᠷᠭᠦᠬᠦ ᠪᠤᠯᠤᠨ᠎ᠠ ᠬᠡᠵᠦ ᠨᠠᠷᠠᠨᠳᠤᠶᠠᠭ᠎ᠠ ᠦᠪᠠᠷ᠎ᠤᠨ ᠦᠵᠡᠯᠳᠡ᠎ᠪᠠᠨ ᠶᠠᠷᠢᠵᠦ ᠪᠠᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄
兼容浏览器的HTML页面