ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠦᠯᠢᠭᠡᠷ

2021-09-09 09:25:35

ᠵᠣᠬᠢᠶᠠᠭ᠍ᠴᠢ᠄ ᠬᠠᠨ ᠰᠢᠤᠸᠠᠢ ᠷᠦ᠋ ᠣᠩᠱᠢᠭ᠍ᠰᠠᠨ ᠣᠳᠠᠭ᠎ᠠ᠄ 3

︽ ᠠᠪᠤ᠋ ᠮᠢᠨᠢ ᠡᠷᠲᠡ ᠨᠠᠰᠤ ᠪᠠᠷᠠᠭᠰᠠᠨ᠎ᠡᠴᠠ ᠬᠡᠷ᠎ᠤᠨ ᠠᠮᠢᠳᠤᠷᠠᠯ ᠮᠠᠨᠢ ᠶᠠᠳᠠᠭᠤ ᠵᠦᠳᠡᠭᠦᠦ ᠪᠠᠢᠵᠤ᠂ ᠪᠢ ᠤᠯᠠᠨ ᠠᠶᠢᠯ᠎ᠤᠨ ᠲᠤᠭᠤᠭ᠎ᠠ ᠬᠠᠳᠠᠵᠦ ᠥᠰᠦᠭᠰᠡᠨ ᠶᠤᠮ᠂ ᠰᠡᠭᠦᠯᠡᠷ᠎ᠨᠢ ᠪᠠᠰᠠ ᠨᠡᠶᠢᠭᠡᠮ᠎ᠤᠨ ᠬᠠᠯᠠᠮᠵᠢᠯᠠᠯ ᠪᠣᠯᠤᠨ ᠰᠠᠢᠨ ᠰᠠᠨᠠᠭ᠎ᠠ᠎ᠲᠠᠢ ᠬᠥᠮᠦᠰ᠎ᠤᠨ ᠲᠤᠰᠠᠯᠠᠮᠵᠢ᠎ᠪᠠᠷ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠪᠠᠨ ᠲᠡᠭᠦᠰᠬᠡᠵᠡᠢ᠃ ᠤᠳᠤ᠂ ᠪᠢ ᠨᠤᠲᠤᠭ᠎ᠲᠠᠭᠠᠨ ᠪᠤᠴᠠᠵᠤ ᠦᠢᠯᠡᠰ ᠪᠤᠰᠬᠠᠨ᠂ ᠥᠪᠡᠷ᠎ᠤᠨ ᠠᠵᠢᠯ ᠦᠢᠯᠡᠰ᠎ᠲᠠᠢ ᠪᠣᠯᠤᠭᠰᠠᠨ᠎ᠢᠶᠠᠷ ᠪᠠᠷᠠᠬᠤ ᠦᠭᠡᠢ᠂ ᠪᠠᠰᠠ ᠨᠡᠩ ᠤᠯᠠᠨ ᠬᠥᠮᠦᠨ᠎ᠢ ᠬᠠᠪᠰᠤᠷᠴᠤ ᠪᠠᠶᠢᠨ᠎ᠠ︾ ᠭᠡᠵᠦ ᠴᠧᠨ ᠵᠢᠶᠠᠨ ᠵᠢᠶᠦ᠋ᠨ ᠬᠡᠯᠡᠨ᠎ᠡ᠃

1986 ᠣᠨ᠎ᠳ᠋ᠤ ᠬᠢᠩᠭᠠᠨ ᠠᠶᠢᠮᠠᠭ᠎ᠤᠨ ᠵᠠᠯᠠᠶᠢᠳ ᠬᠣᠰᠢᠭᠤᠨ᠎ᠤ ᠪᠠᠶᠠᠨ ᠵᠢᠯᠠᠭ᠎ᠠ ᠰᠢᠶᠠᠩ᠎ᠤᠨ ᠥᠨᠳᠥᠷ ᠲᠣᠰᠬᠣᠨ᠎ᠳ᠋ᠤ ᠲᠦᠷᠦᠭᠰᠡᠨ ᠴᠧᠨ ᠵᠢᠶᠠᠨ ᠵᠢᠶᠦ᠋ᠨ ᠪᠣᠯ ᠵᠠᠯᠠᠶᠢᠳ ᠬᠣᠰᠢᠭᠤᠨ᠎ᠤ ᠬᠤᠩ ᠳ᠋ᠧ ᠬᠠᠷ᠎ᠠ ᠲᠠᠬᠢᠶ᠎ᠠ ᠲᠡᠵᠢᠭᠡᠨ ᠦᠷᠡᠵᠢᠭᠦᠯᠵᠦ ᠨᠡᠪᠴᠢᠭᠦᠯᠬᠦ ᠲᠤᠰᠬᠠᠢ ᠬᠤᠷᠰᠢᠶ᠎ᠠ᠎ᠶᠢᠨ ᠬᠡᠷᠡᠭ ᠡᠷᠬᠢᠯᠡᠭᠴᠢᠳ᠎ᠤᠨ ᠳᠠᠷᠤᠭ᠎ᠠ᠂ ᠮᠥᠨ ᠴᠦ ᠭᠤᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠵᠠᠯᠠᠭᠤ ᠰᠠᠢᠨ ᠲᠤᠷᠠᠴᠤᠤᠯ᠎ᠤᠨ ᠨᠡᠶᠢᠭᠡᠮᠯᠢᠭ᠎ᠤᠨ ᠳᠡᠳ᠋ ᠳᠠᠷᠤᠭ᠎ᠠ ᠪᠣᠯᠤᠨ᠎ᠠ᠃

ᠬᠡᠳᠦᠨ ᠵᠢᠯ᠎ᠤᠨ ᠡᠮᠦᠨ᠎ᠡ᠂ ᠴᠧᠨ ᠵᠢᠶᠠᠨ ᠵᠢᠶᠦ᠋ᠨ ᠮᠠᠨᠵᠤᠤᠷ ᠬᠣᠲᠠ᠎ᠶᠢᠨ ᠪᠠᠭᠪᠠᠬᠠᠢ ᠴᠡᠴᠡᠭ ᠰᠠᠶᠢᠨ ᠳᠤᠷᠠᠴᠤᠤᠯ᠎ᠤᠨ ᠨᠡᠢᠬᠡᠮᠯᠢᠭ᠎ᠢ ᠡᠭᠦᠰᠭᠡᠨ ᠪᠠᠶᠢᠭᠤᠯᠵᠤ᠂ ᠣᠳᠣᠬᠠᠨ᠎ᠳ᠋ᠤ ᠲᠤᠰ ᠨᠡᠢᠬᠡᠮᠯᠢᠭ᠎ᠨᠢ ᠬᠥᠯᠥᠨ ᠪᠣᠶᠢᠷ᠎ᠤᠨ ᠬᠠᠮᠤᠭ᠎ᠤᠨ ᠶᠡᠬᠡ ᠨᠡᠶᠢᠲᠡ᠎ᠶᠢᠨ ᠠᠰᠠᠷᠠᠮᠵᠢ᠎ᠶᠢᠨ ᠨᠡᠢᠭᠡᠮ᠎ᠤᠨ ᠵᠣᠬᠢᠶᠠᠨ ᠪᠠᠶᠢᠭᠤᠯᠤᠯᠲᠠ᠎ᠶᠢᠨ ᠨᠢᠭᠡ ᠪᠤᠯᠵᠦ ᠬᠦᠭᠵᠢᠪᠡ᠃

ᠪᠦᠯᠬᠦᠮ᠎ᠤᠨ ᠬᠠᠷᠢᠭᠤᠴᠠᠯᠭᠠᠲᠠᠨ ᠪᠣᠯᠤᠭᠰᠠᠨ᠎ᠤ ᠬᠤᠪᠢ᠎ᠳ᠋ᠤ᠂ ᠴᠧᠨ ᠵᠢᠶᠠᠨ ᠵᠢᠶᠦ᠋ᠨ ᠪᠡᠶ᠎ᠡ᠎ᠪᠠᠷ᠎ᠢᠶᠡᠨ ᠲᠦᠷᠦᠭᠦᠯᠡᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠪᠠ᠃ ︽ ᠢᠩᠭᠢᠪᠡᠯ ᠰᠠᠶᠢ ᠭᠠᠵᠠᠷ ᠣᠷᠣᠨ᠎ᠤ ᠬᠢᠵᠠᠭᠠᠷᠯᠠᠯ᠎ᠢ ᠲᠠᠪᠠᠵᠤ᠂ ᠦᠭᠡ ᠬᠡᠯᠡ ᠦᠰᠦᠭ ᠪᠢᠴᠢᠭ᠎ᠤᠨ ᠬᠠᠷᠰᠢ ᠰᠠᠭᠠᠳ᠎ᠢ ᠲᠠᠪᠠᠵᠦ᠂ ᠰᠣᠯᠢᠯᠴᠠᠭ᠎ᠠ ᠶᠠᠪᠤᠯᠴᠠᠭ᠎ᠠ ᠤᠷᠤᠭᠰᠢᠲᠠᠢ ᠶᠠᠪᠤᠭᠳᠠᠨ᠂ ᠨᠡᠶᠢᠲᠡ᠎ᠶᠢᠨ ᠠᠰᠠᠷᠠᠮᠵᠢ᠎ᠶᠢᠨ ᠠᠵᠢᠯ᠎ᠢ ᠰᠠᠶᠢ ᠨᠡᠩ ᠰᠠᠢᠨ ᠬᠢᠵᠦ ᠴᠢᠳᠠᠨ᠎ᠠ︾ ᠭᠡᠵᠦ ᠴᠧᠨ ᠵᠢᠶᠠᠨ ᠵᠢᠶᠦ᠋ᠨ ᠬᠡᠯᠡᠨ᠎ᠡ᠃ ᠨᠡᠩ ᠤᠯᠠᠨ ᠬᠥᠮᠦᠨ᠎ᠢ ᠬᠠᠪᠰᠤᠷᠬᠤ᠎ᠶᠢᠨ ᠲᠥᠯᠥᠭᠡ᠂ ᠲᠡᠷᠡ ᠤᠷᠢᠳ ᠬᠣᠵᠢᠳ ᠰᠠᠢᠨ ᠲᠤᠷᠠᠴᠤᠤᠯ᠎ᠤᠨ ᠪᠦᠯᠬᠦᠮ᠎ᠢᠶᠡᠨ ᠳᠠᠭᠠᠭᠤᠯᠤᠨ ᠸᠧᠨᠴᠤᠸᠠᠨ᠎ᠤ ᠭᠠᠮᠰᠢᠭ᠎ᠤᠨ ᠳᠠᠷᠠᠭᠠᠬᠢ ᠲᠠᠬᠢᠨ ᠪᠦᠳᠦᠭᠡᠨ ᠪᠠᠶᠢᠭᠤᠯᠤᠯᠲᠠ᠂ ᠱᠠᠩᠬᠠᠢ᠎ᠶᠢᠨ ᠳᠡᠯᠡᠬᠡᠢ᠎ᠶᠢᠨ ᠦᠵᠡᠰᠬᠦᠯᠡᠩ᠎ᠤᠨ ᠴᠤᠬᠯᠠᠭᠠᠨ᠂ ᠰᠧᠴᠤᠸᠠᠨ᠎ᠤ ᠶᠠ ᠠᠨ᠎ᠤ ᠭᠠᠵᠠᠷ ᠬᠥᠳᠡᠯᠦᠯᠲᠡ᠎ᠲᠠᠢ ᠲᠡᠮᠡᠴᠡᠵᠦ ᠭᠠᠮᠰᠢᠭ᠎ᠡᠴᠠ ᠠᠪᠤᠷᠠᠬᠤ ᠵᠡᠷᠬᠡ ᠰᠠᠢᠨ ᠳᠤᠷ᠎ᠠ᠎ᠶᠢᠨ ᠦᠢᠯᠡᠴᠢᠯᠡᠭᠡᠨ᠎ᠤ ᠠᠵᠢᠯ᠎ᠳ᠋ᠤ 20 ᠭᠠᠷᠤᠢ ᠤᠳᠠᠭ᠎ᠠ ᠣᠷᠣᠯᠴᠠᠵᠤ᠂ ᠪᠦᠬᠦ ᠤᠯᠤᠰ᠎ᠤᠨ 40 ᠭᠠᠷᠤᠢ ᠬᠤᠳᠠ᠎ᠳ᠋ᠤ ᠤᠯᠠ ᠮᠥᠷ᠎ᠢᠶᠡᠨ ᠲᠠᠮᠠᠭᠠᠯᠠᠨ ᠦᠯᠡᠳᠡᠭᠡᠵᠦ᠂ 30 ᠭᠠᠷᠤᠢ ᠲᠦᠮᠡᠨ ᠺᠢᠯᠣᠮᠧᠲ᠋ᠷ ᠠᠶᠠᠯᠠᠵᠤ᠂ ᠰᠠᠢᠨ ᠳᠤᠷ᠎ᠠ᠎ᠶᠢᠨ ᠦᠢᠯᠡᠴᠢᠯᠡᠭᠡ ᠬᠢᠭᠰᠡᠨ ᠴᠠᠭ᠎ᠨᠢ 3 ᠲᠦᠮᠡᠨ ᠴᠠᠭ᠎ᠢ ᠳᠠᠪᠠᠪᠠ᠃

ᠨᠡᠶᠢᠲᠡ᠎ᠶᠢᠨ ᠠᠰᠠᠷᠠᠮᠵᠢ᠎ᠶᠢᠨ ᠦᠢᠯᠡᠰ᠎ᠲᠤ ᠬᠠᠯᠠᠭᠤᠨ ᠰᠡᠳᠬᠢᠯ᠎ᠲᠠᠢ᠎ᠡᠴᠠ ᠭᠠᠳᠠᠨ᠎ᠠ᠂ ᠴᠧᠨ ᠵᠢᠶᠠᠨ ᠵᠢᠶᠦ᠋ᠨ ᠪᠠᠰᠠ ᠨᠤᠲᠤᠭ᠎ᠲᠠᠭᠠᠨ ᠪᠤᠴᠠᠵᠤ ᠦᠢᠯᠡᠰ ᠪᠤᠰᠬᠠᠨ᠂ ᠨᠤᠲᠤᠭ᠎ᠤᠨ ᠠᠬ᠎ᠠ ᠳᠡᠭᠦᠦ ᠨᠡᠷ᠎ᠢᠶᠡᠨ ᠳᠠᠭᠠᠭᠤᠯᠤᠨ ᠣᠷᠣᠯᠭ᠎ᠠ᠎ᠪᠠᠨ ᠨᠡᠮᠡᠭᠳᠡᠭᠦᠯᠵᠦ ᠪᠠᠶᠠᠵᠢᠯ᠎ᠤᠨ ᠵᠠᠮ᠎ᠢᠶᠠᠷ ᠵᠠᠮᠨᠠᠭᠰᠠᠨ ᠶᠤᠮ᠃ ᠬᠡᠳᠦᠨ ᠵᠢᠯ᠎ᠤᠨ ᠡᠮᠦᠨ᠎ᠡ᠂ ᠲᠡᠷᠡ ᠤᠯᠤᠰ᠎ᠡᠴᠠ ᠣᠲᠣ ᠦᠶ᠎ᠡ᠎ᠶᠢᠨ ᠲᠠᠷᠢᠶᠠᠯᠠᠩ᠎ᠤᠨ ᠬᠥᠭᠵᠢᠯᠲᠡ᠎ᠶᠢ ᠶᠡᠬᠡ᠎ᠪᠠᠷ ᠳᠡᠮᠵᠢᠵᠦ ᠪᠠᠶᠢᠬᠤ᠎ᠶᠢ ᠦᠵᠡᠭᠡᠳ᠂ ᠬᠥᠳᠡᠭᠡ ᠲᠣᠰᠬᠣᠨ᠎ᠤ ᠠᠰᠢᠬᠯᠠᠵᠦ ᠦᠬᠡᠢ ᠪᠠᠢᠬᠰᠠᠨ ᠣᠶᠢᠲᠤ ᠭᠠᠵᠠᠷ ᠵᠢᠮᠢᠰ᠎ᠤᠨ ᠬᠦᠷᠢᠶᠡᠯᠡᠩ᠎ᠢ ᠠᠰᠢᠬᠯᠠᠨ ᠪᠠᠢᠭᠠᠯᠢᠯᠢᠬ ᠲᠠᠬᠢᠶ᠎ᠠ ᠲᠡᠵᠢᠭᠡᠬᠦ ᠪᠣᠳᠣᠯ ᠣᠷᠣᠪᠠ᠃ 2016 ᠣᠨ᠎ᠳ᠋ᠤ᠂ ᠲᠡᠷᠡ ᠲᠤᠬᠠᠶ᠎ᠶᠢᠨ ᠭᠠᠵᠠᠷ᠎ᠤᠨ᠎ᠢᠶᠡᠨ 6 ᠡᠷᠦᠬᠡ᠎ᠲᠠᠢ ᠬᠠᠮᠲᠤᠷᠠᠨ 300 ᠮᠥ ᠭᠦᠢᠯᠡᠰᠦᠨ ᠮᠣᠳᠣᠨ ᠭᠠᠵᠠᠷ᠎ᠢ ᠳᠠᠭᠠᠭᠠᠴᠢᠯᠠᠨ ᠠᠪᠴᠤ᠂ ᠬᠣᠩ ᠳ᠋ᠧ ᠬᠠᠷ᠎ᠠ ᠲᠠᠬᠢᠶ᠎ᠠ ᠲᠡᠵᠢᠭᠡᠨ ᠦᠷᠡᠵᠢᠭᠦᠯᠵᠦ ᠨᠡᠪᠴᠢᠭᠦᠯᠬᠦ ᠲᠤᠰᠬᠠᠶ ᠬᠣᠷᠰᠢᠶ᠎ᠠ ᠪᠠᠶᠢᠭᠤᠯᠪᠠ᠃

︽ ᠬᠡᠳᠦᠶᠢᠪᠡᠷ ᠲᠠᠨᠢᠯ ᠲᠡᠰᠦᠯ ᠨᠤᠲᠤᠭ᠎ᠲᠠᠭᠠᠨ ᠦᠢᠯᠡᠰ ᠪᠤᠰᠬᠠᠵᠤ ᠪᠠᠶᠢᠭ᠎ᠠ ᠭᠡᠳᠡᠭ ᠪᠣᠯᠪᠠᠴᠤ ᠬᠣᠷᠰᠢᠶ᠎ᠠ ᠪᠠᠶᠢᠭᠤᠯᠤᠭᠳᠠᠭᠰᠠᠨ ᠡᠬᠢᠨ᠎ᠤ ᠦᠶ᠎ᠡ᠎ᠳ᠋ᠤ ᠪᠠᠰᠠ ᠴᠥᠭᠡᠨ ᠪᠤᠰᠤ ᠬᠦᠴᠢᠷᠳᠡᠯ᠎ᠳ᠋ᠤ ᠲᠤᠯᠭᠠᠷᠠᠭᠰᠠᠨ︾ ᠭᠡᠵᠦ ᠴᠧᠨ ᠵᠢᠶᠠᠨ ᠵᠢᠶᠦ᠋ᠨ ᠬᠡᠯᠡᠨ᠎ᠡ᠃ ᠭᠡᠪᠡᠴᠦ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠳᠡᠮᠵᠢᠯᠭᠡ ᠪᠠ ᠭᠡᠰᠢᠭᠦᠳ᠎ᠤᠨ ᠬᠠᠮᠲᠤ᠎ᠶᠢᠨ ᠴᠢᠷᠮᠠᠶᠢᠯᠭ᠎ᠠ᠎ᠪᠠᠷ᠂ ᠬᠣᠷᠰᠢᠶ᠎ᠠ᠎ᠶᠢᠨ ᠵᠢᠯ᠎ᠤᠨ ᠣᠷᠣᠯᠭ᠎ᠠ᠎ᠨᠢ 300 ᠭᠠᠷᠤᠶ ᠲᠦᠮᠡᠨ ᠲᠥᠭᠥᠷᠢᠭ᠎ᠲᠤ ᠬᠦᠷᠴᠦ᠂ ᠵᠢᠯ᠎ᠳ᠋ᠤ 2 ᠲᠦᠮᠡᠨ ᠬᠠᠷ᠎ᠠ ᠲᠠᠬᠢᠶ᠎ᠠ ᠪᠤᠷᠤᠯᠠᠭᠤᠯᠬᠤ ᠪᠤᠯᠤᠬᠰᠠᠨ ᠪᠥᠭᠡᠳ ᠪᠠᠰᠠ 46 ᠡᠷᠦᠬᠡ ᠲᠣᠰᠬᠣᠨ᠎ᠤ ᠠᠷᠠᠳ᠎ᠢᠶᠡᠨ ᠳᠠᠶᠢᠴᠢᠯᠠᠨ ᠣᠷᠣᠯᠭ᠎ᠠ᠎ᠶᠢ᠎ᠨᠢ ᠨᠡᠮᠡᠭᠳᠡᠭᠦᠯᠦᠭᠰᠡᠨ ᠠᠵᠢ᠃

ᠬᠡᠳᠦᠨ ᠵᠢᠯ᠎ᠤᠨ ᠬᠦᠭᠵᠢᠯᠳᠡ᠎ᠪᠠᠷ ᠲᠠᠮᠵᠢᠨ᠂ ᠬᠣᠷᠰᠢᠶ᠎ᠠ᠎ᠨᠢ ᠬᠡᠪᠴᠢᠶᠡᠵᠢᠭᠰᠡᠨ ᠡᠵᠡᠩᠨᠡᠯᠲᠡ᠂ ᠲᠤᠰᠬᠠᠶᠢᠵᠢᠭᠰᠠᠨ ᠬᠢᠵᠢᠭ᠎ᠢ ᠰᠡᠷᠭᠡᠶᠢᠯᠡᠬᠦ᠎ᠶᠢ ᠪᠡᠶᠡᠯᠡᠭᠦᠯᠵᠦ᠂ ︽ ᠪᠠᠢᠭᠠᠯᠢᠯᠢᠬ᠎ᠢᠶᠠᠷ ᠲᠡᠵᠢᠭᠡᠬᠦ ᠲᠠᠬᠢᠶᠠᠨ ᠡᠭᠦᠷ︾᠂ ︽ ᠬᠢᠲᠠᠳ ᠡᠮ᠎ᠢᠶᠠᠷ ᠲᠠᠬᠢᠶ᠎ᠠ ᠲᠡᠵᠢᠭᠡᠬᠦ︾ ᠵᠡᠷᠭᠡ 5 ᠵᠦᠢᠯ᠎ᠤᠨ ᠤᠯᠤᠰ᠎ᠤᠨ ᠲᠠᠰ᠎ᠤᠨ ᠲᠤᠰᠬᠠᠶ ᠠᠰᠢᠭ᠎ᠤᠨ ᠡᠷᠭᠡ᠎ᠲᠠᠢ ᠪᠤᠯᠵᠦ᠂ ᠲᠡᠵᠢᠭᠡᠯ ᠪᠣᠷᠳᠣᠭᠠᠨ᠎ᠤ ᠣᠷᠣᠭᠤᠯᠤᠯᠲᠠ᠎ᠶᠢᠨ ᠥᠪᠡᠷ᠎ᠤᠨ ᠥᠷᠲᠡᠭ᠎ᠢ ᠪᠠᠭᠠᠰᠬᠠᠵᠤ᠂ ᠦᠷ᠎ᠡ ᠠᠰᠢᠭ᠎ᠢ ᠳᠡᠭᠡᠭᠰᠢᠯᠡᠭᠦᠯᠪᠡ᠃ 2019 ᠣᠨ᠎ᠳ᠋ᠤ᠂ ᠪᠡᠭᠡᠵᠢᠩ ᠥᠪᠥᠷ ᠮᠣᠩᠭᠣᠯ᠎ᠤᠨ ᠶᠠᠳᠠᠭᠤ᠎ᠶᠢ ᠲᠡᠳᠬᠦᠬᠦ ᠬᠠᠮᠵᠢᠯᠴᠠᠭᠠᠨ᠎ᠤ ᠲᠠᠪᠴᠠᠩ᠎ᠢᠶᠠᠷ ᠳᠠᠮᠵᠢᠭᠤᠯᠤᠨ᠂ ᠬᠣᠷᠰᠢᠶ᠎ᠠ᠎ᠨᠢ ᠪᠡᠭᠡᠵᠢᠩ ᠬᠣᠲᠠ᠎ᠶᠢᠨ ᠹᠧᠩ᠎ᠲᠠᠢ ᠲᠣᠭᠣᠷᠢᠭ᠎ᠤᠨ ᠢᠳᠡᠭᠡᠨ ᠤᠮᠳᠠᠭᠠᠨ ᠪᠠᠭᠤᠳᠠᠯ᠎ᠤᠨ ᠠᠵᠢᠯ ᠲᠥᠷᠥᠯ᠎ᠤᠨ ᠨᠡᠶᠢᠭᠡᠮᠯᠢᠭ᠎ᠤᠨ ᠨᠡᠷ᠎ᠡ ᠬᠦᠨᠳᠦᠲᠦ ᠭᠡᠰᠢᠭᠦᠨ ᠨᠢᠭᠡᠴᠢ ᠪᠤᠯᠤᠭᠰᠠᠨ ᠪᠦᠭᠡᠳ ᠲᠠᠬᠢᠶᠠᠨ ᠥᠨᠳᠡᠭᠡ ᠪᠠ ᠲᠠᠬᠢᠶ᠎ᠠ᠎ᠶᠢᠨ ᠵᠠᠬᠢᠶᠠᠯᠠᠭ᠎ᠠ ᠲᠤᠬᠳᠠᠭᠰᠠᠨ ᠪᠠᠢᠨ᠎ᠠ᠃ 2021 ᠣᠨ᠎ᠳ᠋ᠤ᠂ ᠬᠤᠷᠰᠢᠶ᠎ᠠ᠎ᠨᠢ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠵᠡᠷᠭᠡ ᠶᠠᠮᠤᠨ ᠵᠥᠪᠯᠡᠯ᠎ᠳ᠋ᠤ ︽ ᠤᠯᠤᠰ᠎ᠤᠨ ᠲᠡᠰ᠎ᠤᠨ ᠵᠢᠱᠢᠶ᠎ᠡ ᠦᠵᠡᠭᠦᠯᠬᠦ ᠬᠤᠷᠰᠢᠶ᠎ᠠ︾᠎ᠪᠠᠷ ᠦᠨᠡᠯᠡᠭᠳᠡᠪᠡ᠃

︽ ᠨᠠᠮ᠎ᠤᠨ ᠭᠡᠰᠢᠭᠦᠨ᠂ ᠰᠠᠢᠨ ᠲᠤᠷᠠᠴᠤᠤᠯ᠂ ᠨᠤᠲᠤᠭ᠎ᠲᠠᠭᠠᠨ ᠪᠤᠴᠠᠵᠤ ᠦᠢᠯᠡᠰ ᠪᠤᠰᠬᠠᠬᠴᠢ ᠪᠣᠯᠤᠭᠰᠠᠨ᠎ᠤ ᠬᠤᠪᠢ᠎ᠳ᠋ᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠭᠰᠠᠨ᠎ᠨᠢ ᠨᠠᠳᠠ᠎ᠳ᠋ᠤ ᠤᠯᠤᠯᠴᠠᠭ᠎ᠠ ᠬᠠᠷᠢᠯᠴᠠᠭ᠎ᠠ᠎ᠶᠢᠨ ᠲᠠᠯ᠎ᠠ᠎ᠳ᠋ᠤ ᠠᠰᠢᠭ ᠬᠦᠷᠲᠡᠭᠡᠭᠰᠡᠨ᠎ᠢᠶᠠᠷ ᠪᠠᠷᠠᠬᠤ ᠦᠬᠡᠢ᠂ ᠨᠡᠩ ᠤᠯᠠᠨ ᠬᠥᠭᠵᠢᠯᠲᠡ᠎ᠶᠢᠨ ᠠᠵᠠ ᠲᠣᠬᠢᠶᠠᠯ ᠣᠯᠭᠣᠵᠤ᠂ ᠠᠵᠢᠯ ᠦᠢᠯᠡᠰ᠎ᠤᠨ ᠬᠠᠷᠠᠭ᠎ᠠ᠎ᠶᠢ ᠥᠷᠭᠡᠳᠬᠡᠵᠦ᠂ ᠶᠡᠷᠦᠩᠬᠡᠶᠢᠯᠡᠭᠰᠡᠨ ᠴᠢᠳᠠᠪᠤᠷᠢ᠎ᠶᠢ ᠳᠡᠭᠡᠭᠰᠢᠯᠡᠭᠦᠯᠵᠡᠢ᠃ ᠪᠢ ᠨᠡᠩ ᠢᠯᠡᠬᠦᠦ ᠴᠢᠷᠮᠠᠶᠢᠨ ᠳᠡᠷᠭᠡᠳᠡᠬᠢ ᠵᠠᠯᠠᠭᠤ ᠨᠠᠶᠢᠵᠠ ᠨᠠᠷ᠎ᠢᠶᠡᠨ ᠳᠠᠭᠠᠭᠤᠯᠤᠨ ᠨᠡᠶᠢᠭᠡᠮ ᠨᠡᠢᠲᠡ᠎ᠳ᠋ᠤ ᠵᠠᠯᠠᠭᠤ ᠨᠠᠰᠤᠨ᠎ᠤ ᠬᠦᠴᠦᠨ ᠴᠢᠳᠠᠯ᠎ᠢᠶᠡᠨ ᠡᠷᠭᠦᠨ᠎ᠡ︾ ᠭᠡᠵᠦ ᠴᠧᠨ ᠵᠢᠶᠠᠨ ᠵᠢᠶᠦ᠋ᠨ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面