2023-10-13 10:57:49
ᠰᠣᠶᠣᠯ᠎ᠤᠨ ᠠᠵᠤ ᠦᠢᠯᠡᠰ᠎ᠢ ᠲᠣᠭᠠᠴᠢᠯᠠᠬᠤ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ ᠪᠣᠯ ᠤᠯᠤᠰ᠎ᠤᠨ ᠠᠷᠪᠠᠨ ᠳᠥᠷᠪᠡᠳᠦᠭᠡᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠦᠳᠦᠯᠪᠦᠷᠢ᠎ᠳᠤ ᠳᠤᠷᠠᠳᠤᠭᠰᠠᠨ ᠱᠠᠭᠠᠷᠳᠠᠯᠭ᠎ᠠ ᠮᠥᠨ᠂ ᠪᠠᠰᠠ ᠴᠤ᠌ ᠠᠷᠪᠠᠨ ᠳᠥᠷᠪᠡᠳᠦᠭᠡᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠰᠣᠶᠣᠯ᠎ᠤᠨ ᠠᠵᠤ ᠦᠢᠯᠡᠰ᠎ᠦᠨ ᠬᠦᠭᠵᠢᠯᠳᠡ᠎ᠳᠦ ᠬᠣᠰᠢᠭᠣᠴᠢᠯᠠᠵᠦ ᠪᠠᠢᠭ᠎ᠠ ᠬᠦᠷᠢᠶ᠎ᠡ ᠪᠣᠯᠣᠨ᠎ᠠ᠃ ᠣᠢᠷ᠎ᠠ᠎ᠶᠢᠨ ᠵᠢᠯ᠎ᠦᠳ᠎ᠲᠦ᠂ ᠮᠠᠨ᠎ᠤ ᠤᠯᠤᠰ᠎ᠤᠨ ᠰᠣᠶᠣᠯ᠎ᠤᠨ ᠠᠵᠤ ᠦᠢᠯᠡᠰ᠎ᠦᠨ ᠲᠣᠭᠠᠴᠢᠯᠠᠯᠲᠠ ᠲᠦᠷᠭᠡᠨ ᠬᠥᠭᠵᠢᠵᠦ᠂ 《ᠭᠤᠷᠪᠠᠨ ᠣᠳᠣᠬᠢᠴᠢᠯᠠᠯᠲᠠ》 ᠪᠠ 《ᠬᠣᠶᠠᠷ ᠬᠡᠯᠪᠡᠷᠢ》 ᠵᠢᠨ ᠣᠨᠴᠠᠯᠢᠭ᠋ ᠢᠯᠡᠷᠡᠭᠰᠡᠨ ᠪᠠᠢᠨ᠎ᠠ᠃
《ᠭᠤᠷᠪᠠᠨ ᠣᠳᠣᠬᠢᠴᠢᠯᠠᠯᠲᠠ》 ᠭᠡᠳᠡᠭ ᠨᠢ ᠣᠶᠤᠨᠴᠢᠯᠠᠬᠤ᠂ IP ᠪᠣᠯᠭᠠᠬᠣ᠂ ᠲᠠᠪᠴᠠᠩᠵᠢᠭᠤᠯᠬᠤ᠎ᠶᠢ ᠵᠢᠭᠠᠵᠤ ᠪᠠᠢᠨ᠎ᠠ᠃ ᠣᠶᠤᠨᠴᠢᠯᠠᠬᠤ ᠭᠡᠳᠡᠭ ᠨᠢ ᠡᠯ᠎ᠡ ᠵᠦᠢᠯ᠎ᠦᠨ ᠲᠣᠭᠠᠴᠢᠯᠠᠯᠳᠠ ᠵᠢᠨ ᠬᠣᠰᠢᠭᠣᠷᠠᠵᠦ ᠪᠠᠢᠭ᠎ᠠ ᠮᠡᠷᠭᠡᠵᠢᠯ ᠦᠨ ᠨᠡᠢᠯᠡᠮᠡᠯ ᠵᠢᠴᠢ ᠲᠡᠬᠦᠨ ᠡᠴᠡ ᠪᠦᠷᠢᠯᠳᠦᠭᠰᠡᠨ ᠰᠢᠨ᠎ᠡ ᠵᠢ ᠡᠬᠦᠳᠬᠦ ᠵᠢᠭᠰᠠᠭᠠᠯᠢ ᠵᠢᠭᠠᠵᠦ ᠪᠠᠢᠨ᠎ᠠ᠃ ᠲᠣᠭᠠᠴᠢᠯᠠᠭᠰᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠵᠢᠭ᠍ᠰᠠᠭᠠᠯ᠎ᠢ ᠠᠮᠢᠳᠤᠯᠢᠭ᠋ ᠬᠡᠷᠡᠭᠯᠡᠬᠦ᠎ᠪᠡᠷ ᠳᠠᠮᠵᠢᠵᠦ᠂ ᠰᠣᠶᠣᠯ᠎ᠤᠨ ᠠᠵᠤ ᠦᠢᠯᠡᠰ᠎ᠦᠨ ᠲᠣᠭᠠᠴᠢᠯᠠᠯᠲᠠ ᠨᠢ ᠰᠣᠶᠣᠯ᠎ᠤᠨ ᠥᠪ᠎ᠢ ᠬᠠᠮᠠᠭᠠᠯᠠᠬᠤ ᠪᠠ ᠠᠰᠢᠭ᠍ᠯᠠᠬᠤ᠂ ᠰᠣᠶᠣᠯ ᠵᠢᠭᠣᠯᠴᠢᠯᠠᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠬᠤ᠂ ᠬᠤᠳᠠ᠎ᠶᠢᠨ ᠥᠭᠡᠷᠡᠴᠢᠯᠡᠯᠲᠡ ᠪᠠ ᠰᠢᠨᠡᠴᠢᠯᠡᠯᠲᠡ᠎ᠶᠢ ᠠᠬᠢᠭᠤᠯᠬᠤ ᠵᠡᠷᠭᠡ ᠲᠠᠯ᠎ᠠ᠎ᠪᠠᠷ ᠴᠥᠮ ᠢᠳᠡᠪᠬᠢ ᠦᠢᠯᠡᠳᠦᠯ ᠲᠠᠢ ᠬᠡᠳᠡᠭ᠎ᠢ ᠢᠯᠡᠷᠡᠬᠦᠯᠵᠡᠢ᠃
IP ᠪᠣᠯᠭᠠᠬᠤ ᠭᠡᠳᠡᠭ ᠨᠢ ᠲᠣᠭᠠᠴᠢᠯᠠᠬᠰᠠᠨ ᠮᠡᠷᠭᠡᠵᠢᠯ ᠵᠡᠷᠭᠡ ᠤᠯᠠᠨ ᠵᠦᠢᠯ᠎ᠦᠨ ᠠᠷᠭ᠎ᠠ ᠪᠠᠷᠢᠯ᠎ᠢ ᠠᠰᠢᠭ᠍ᠯᠠᠨ᠂ ᠤᠯᠠᠮᠵᠢᠯᠠᠯᠲᠤ ᠰᠣᠶᠣᠯ᠎ᠤᠨ ᠢᠯᠡᠳᠬᠡᠮᠵᠢ ᠲᠡᠮᠳᠡᠭ᠎ᠦᠨ ᠰᠣᠶᠣᠯ᠎ᠤᠨ ᠠᠭᠤᠯᠤᠭᠳᠠᠬᠤᠨ᠎ᠢ ᠠᠭᠤᠳᠠᠯᠬᠤ᠎ᠪᠠᠷ ᠳᠠᠮᠵᠢᠭᠤᠯᠤᠨ᠂ ᠤᠯᠠᠮᠵᠢᠯᠠᠯᠲᠤ ᠰᠣᠶᠣᠯ᠎ᠤᠨ ᠢᠯᠡᠳᠬᠡᠮᠵᠢ ᠲᠡᠮᠳᠡᠭ᠎ᠢ ᠴᠠᠭ᠎ᠤᠨ ᠦᠨᠭᠭᠡᠴᠢᠯᠡᠬᠦ᠂ ᠦᠯᠢᠭᠡᠷᠴᠢᠯᠡᠬᠦ᠂ ᠤᠯᠠᠷᠢᠭᠤᠯᠬᠤ᠎ᠶᠢᠨ ᠬᠠᠮᠲᠤ ᠲᠡᠭᠦᠨ᠎ᠦ ᠵᠠᠬ᠎ᠠ ᠳᠡᠯᠭᠡᠭᠦᠷ᠎ᠦᠨ ᠦᠷᠳᠡᠭ᠎ᠢ ᠪᠡᠶᠡᠯᠡᠭᠦᠯᠬᠦ᠎ᠶᠢ ᠵᠢᠭᠠᠵᠤ ᠪᠠᠢᠨ᠎ᠠ᠃ ᠰᠣᠶᠣᠯ᠎ᠤᠨ IP ᠨᠢ ᠲᠣᠭᠠᠴᠢᠯᠠᠭᠰᠠᠨ ᠬᠦᠷᠢᠶᠡᠨ᠎ᠳᠦ ᠮᠠᠰᠢ ᠰᠠᠢᠨ ᠥᠷᠭᠡᠵᠢᠯᠲᠡ᠎ᠲᠠᠢ ᠪᠣᠯᠪᠠ᠂ ᠵᠢᠱ᠌ᠢᠶᠡᠯᠡᠪᠡᠯ ᠰᠢ ᠠᠨ ᠬᠤᠳᠠ᠎ᠶᠢᠨ ᠬᠢᠨ ᠬᠦᠷᠢᠶᠡᠯᠡᠯ᠎ᠲᠠᠢ ᠵᠦᠴᠦᠭᠡ᠎ᠶᠢᠨ ᠲᠡᠭᠦᠪᠦᠷᠢ 《ᠴᠠᠩ ᠠᠨ᠎ᠤ ᠠᠷᠪᠠᠨ ᠬᠣᠶᠠᠷ ᠴᠠᠭ》 ᠲᠦ ᠲᠦᠰᠢᠭᠯᠡᠨ ᠪᠦᠬᠦ ᠤᠯᠤᠰ᠎ᠤᠨ ᠠᠩᠬᠠᠳᠠᠭ᠍ᠴᠢ ᠰᠢᠨ᠎ᠡ ᠬᠡᠷᠡᠭᠯᠡᠭᠡ ᠵᠢᠨ ᠶᠡᠷᠦᠩᠬᠡᠢᠯᠡᠭᠰᠡᠨ ᠴᠣᠭᠴᠠ᠎ᠶᠢ ᠪᠠᠢᠭᠤᠯᠵᠤ᠂ ᠵᠠᠬ᠎ᠠ ᠳᠡᠯᠭᠡᠭᠦᠷ᠎ᠦᠨ ᠠᠩᠬᠠᠷᠤᠯ᠎ᠢ ᠶᠡᠬᠡ ᠪᠡᠷ ᠲᠠᠲᠠᠪᠠ᠃
ᠲᠠᠪᠴᠠᠩᠵᠢᠭᠤᠯᠬᠤ ᠪᠣᠯ ᠰᠣᠶᠣᠯ᠎ᠤᠨ ᠠᠵᠤ ᠦᠢᠯᠡᠰ᠎ᠦᠨ ᠲᠣᠭᠠᠴᠢᠯᠠᠯᠲᠠ᠎ᠶᠢᠨ ᠴᠢᠬᠤᠯᠠ ᠬᠡᠷᠡᠭᠯᠡᠭᠡᠨ᠎ᠦ ᠬᠦᠷᠢᠶ᠎ᠡ ᠪᠣᠯᠣᠨ᠎ᠠ᠃ ᠰᠦᠯᠵᠢᠶᠡᠨ᠎ᠦ ᠲᠠᠪᠴᠠᠩ᠎ᠤᠨ ᠠᠵᠤ ᠠᠬᠤᠢ᠎ᠶᠢᠨ ᠣᠨᠴᠠᠯᠢᠭ᠋ ᠨᠢ ᠠᠳᠠᠯᠢ ᠪᠤᠰᠤ᠂ ᠬᠡᠯᠪᠡᠷᠢ ᠪᠠᠢᠳᠠᠯ ᠨᠢ ᠣᠯᠠᠨ ᠶᠠᠩᠵᠤ᠎ᠶᠢᠨ ᠪᠠᠢᠳᠠᠭ᠃ ᠰᠢᠨ᠎ᠡ ᠵᠠᠭᠤᠴᠢᠯᠠᠭᠤᠷ᠎ᠤᠨ ᠲᠠᠪᠴᠠᠩ᠎ᠢ ᠠᠰᠢᠭ᠍ᠯᠠᠨ ᠡᠵᠡᠩᠨᠡᠨ ᠪᠣᠷᠣᠯᠠᠭᠤᠯᠬᠤ ᠠᠷᠭ᠎ᠠ ᠵᠠᠮ᠎ᠢ ᠥᠷᠭᠡᠳᠬᠡᠵᠦ᠂ ᠰᠣᠶᠣᠯ᠎ᠤᠨ ᠦᠢᠯᠡᠳᠬᠦᠨ ᠪᠠ ᠦᠢᠯᠡᠴᠢᠯᠡᠭᠡ᠎ᠶᠢᠨ ᠲᠠᠯ᠎ᠠ᠎ᠪᠠᠷ ᠰᠢᠨ᠎ᠡ᠎ᠶᠢ ᠡᠭᠦᠳᠴᠦ᠂ ᠬᠡᠷᠡᠭᠯᠡᠭᠴᠢᠳ᠎ᠦᠨ ᠤᠯᠠᠨ ᠶᠠᠩᠵᠤ᠎ᠶᠢᠨ ᠣᠢᠯᠠᠭᠠᠯᠲᠠ ᠪᠠ ᠬᠡᠷᠡᠭᠴᠡᠭᠡ᠎ᠶᠢ ᠬᠠᠩᠭᠠᠬᠤ ᠪᠣᠯ ᠰᠣᠶᠣᠯ᠎ᠤᠨ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠃
《ᠬᠣᠶᠠᠷ ᠬᠡᠯᠪᠡᠷᠢ》 ᠭᠡᠳᠡᠭ ᠨᠢ ᠠᠭᠣᠰᠣᠨ ᠮᠡᠳᠡᠷᠡᠬᠦ ᠬᠡᠯᠪᠡᠷᠢ ᠪᠡ ᠠᠬᠣᠢ ᠦᠵᠡᠭᠳᠡᠯ᠎ᠦᠨ ᠬᠡᠯᠪᠡᠷᠢ ᠵᠢ ᠵᠢᠭᠠᠵᠦ ᠪᠠᠢᠨ᠎ᠠ᠃ ᠠᠭᠣᠰᠣᠨ ᠮᠡᠳᠡᠷᠡᠬᠦ ᠬᠡᠯᠪᠡᠷᠢ ᠭᠡᠳᠡᠭ ᠨᠢ ᠲᠣᠭᠠᠴᠢᠯᠠᠬᠰᠠᠨ ᠮᠡᠷᠭᠡᠵᠢᠯ ᠪᠠ ᠤᠷᠠᠯᠢᠭ᠋᠎ᠤᠨ ᠤᠶᠠᠯᠳᠤᠯ᠎ᠢᠶᠠᠷ ᠣᠨᠴᠠᠭᠠᠶ ᠣᠷᠴᠢᠨ ᠠᠬᠤᠢ᠎ᠶᠢ ᠪᠣᠶ ᠪᠣᠯᠭᠠᠵᠤ᠂ ᠪᠥᠬᠥ ᠲᠠᠯ᠎ᠠ᠎ᠶᠢᠨ ᠭᠦᠨᠵᠡᠭᠡᠢ ᠣᠢᠯᠠᠭᠠᠯᠲᠠᠦᠭᠴᠤ᠂ ᠣᠷᠣᠯᠴᠠᠭᠰᠠᠳ᠎ᠢ ᠠᠬᠤᠢ ᠲᠠᠯᠠᠪᠠᠢ᠎ᠳᠤ ᠪᠡᠶ᠎ᠡ᠎ᠪᠡᠷ᠎ᠢᠶᠡᠨ ᠬᠦᠷᠦᠭᠰᠡᠨ ᠮᠠᠳᠤ ᠲᠥᠷᠥᠭᠳᠡᠯ᠎ᠲᠠᠢ ᠪᠣᠯᠭᠠᠬᠤ᠎ᠶᠢ ᠬᠡᠯᠡᠨ᠎ᠡ᠃ ᠠᠭᠣᠰᠣᠨ ᠮᠡᠳᠡᠷᠡᠬᠦ ᠬᠡᠯᠪᠡᠷᠢ᠎ᠶᠢ ᠤᠷᠠᠨ ᠲᠣᠭᠯᠠᠯᠲᠠ᠂ ᠦᠵᠡᠰᠬᠦᠯᠡᠩ᠂ ᠰᠤᠷᠭᠠᠨ ᠬᠥᠮᠦᠵᠢᠯ ᠪᠣᠯᠪᠠᠰᠤᠷᠠᠯ᠂ ᠰᠢᠨ᠎ᠡ ᠮᠠᠶᠢᠭ᠋᠎ᠤᠨ ᠵᠤᠭ᠎ᠠ ᠴᠡᠩᠭᠡᠯ ᠵᠡᠷᠭᠡ ᠡᠯ᠎ᠡ ᠵᠦᠢᠯ᠎ᠦᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠳᠤ ᠥᠷᠭᠡᠨ᠎ᠢᠶᠡᠷ ᠬᠡᠷᠡᠭᠯᠡᠵᠦ ᠪᠤᠢ᠃ ᠠᠬᠣᠢ ᠦᠵᠡᠭᠳᠡᠯ᠎ᠦᠨ ᠬᠡᠯᠪᠡᠷᠢ ᠭᠡᠳᠡᠭ ᠨᠢ ᠪᠣᠳᠠᠲᠤ ᠴᠣᠭᠴᠠ᠎ᠶᠢᠨ ᠦᠵᠡᠭᠳᠡᠯ᠎ᠡᠴᠡ ᠭᠠᠳᠠᠨ᠎ᠠ ᠂ ᠲᠣᠭᠠᠴᠢᠯᠠᠬᠰᠠᠨ (ᠬᠡᠢᠰᠪᠦᠷᠢ) ᠠᠬᠣᠢ ᠦᠵᠡᠭᠳᠡᠯ ᠨᠢ ᠨᠢᠭᠡᠨᠲᠡ ᠴᠠᠭ᠎ᠤᠨ ᠥᠩᠭᠡ᠎ᠶᠢ ᠳᠠᠭᠠᠭᠰᠠᠨ ᠬᠡᠷᠡᠭᠯᠡᠭᠡ ᠵᠢᠨ ᠦᠵᠡᠭᠳᠡᠯ᠎ᠢ ᠪᠣᠶ ᠪᠣᠯᠭᠠᠬᠤ ᠂ ᠰᠣᠶᠣᠯ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠬᠤ᠂ ᠰᠣᠶᠣᠯ᠎ᠤᠨ ᠠᠵᠤ ᠦᠢᠯᠡᠰ᠎ᠦᠨ ᠲᠣᠭᠠᠴᠢᠯᠠᠯᠲᠠ᠎ᠶᠢ ᠠᠬᠢᠭᠤᠯᠬᠤ ᠬᠣᠰᠢᠭᠤᠷᠠᠯ ᠬᠦᠷᠢᠶ᠎ᠡ ᠪᠣᠯᠤᠭᠰᠠᠨ᠎ᠢ ᠵᠢᠭᠠᠵᠤ ᠪᠣᠶ ᠃
ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠵᠢᠷᠭᠤᠳᠤᠭᠠᠷ ᠪᠥᠬᠥᠳᠡ ᠬᠤᠷᠠᠯ᠎ᠡᠴᠡ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠲᠣᠭᠲᠠᠭᠠᠯ 》 ᠢ ᠬᠢᠨᠠᠨ ᠶᠠᠷᠢᠯᠴᠠᠵᠤ ᠪᠠᠲᠤᠯᠠᠭᠠᠳ ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ ᠪᠠ 《ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ᠋ ᠰᠠᠨᠠᠭ᠎ᠠ 》ᠵᠢ ᠬᠠᠮᠲᠤ᠎ᠪᠠᠷ ᠪᠠᠳᠠᠷᠠᠭᠤᠯᠬᠤ ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢᠶᠠᠷ ᠦᠨᠳᠦᠰᠦᠨ ᠠᠭᠤᠯᠭ᠎ᠠ ᠪᠣᠯᠭᠠᠭᠰᠠᠨ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠎ᠪᠠᠷ ᠳᠤᠷᠠᠳᠤᠨ ᠭᠠᠷᠭᠠᠪᠠ᠃ ᠥᠪᠥᠷ ᠮᠣᠩᠭᠣᠯ᠎ᠤᠨ ᠰᠣᠶᠣᠯ᠎ᠤᠨ ᠠᠵᠤ ᠦᠢᠯᠡᠰ᠎ᠦᠨ ᠲᠣᠭᠠᠴᠢᠯᠠᠭᠰᠠᠨ ᠬᠥᠭᠵᠢᠯᠲᠡ᠎ᠶᠢ ᠠᠬᠢᠭᠤᠯᠬᠤ ᠪᠣᠯ ᠤᠮᠠᠷᠠᠲᠤ ᠬᠢᠯᠢ᠎ᠶᠢᠨ ᠰᠣᠶᠣᠯ᠎ᠤᠨ ᠲᠥᠷᠥᠯ ᠲᠡᠮᠳᠡᠭ᠎ᠢ ᠡᠭᠦᠳᠬᠦ᠎ᠶᠢᠨ ᠴᠢᠬᠤᠯᠠ ᠠᠭᠤᠯᠭ᠎ᠠ ᠪᠣᠯᠣᠨ᠎ᠠ ᠃
ᠨᠢᠭᠡᠳᠦᠭᠡᠷ ᠲᠸ᠋ ᠂ ᠤᠮᠠᠷᠠᠲᠤ ᠬᠢᠯᠢ᠎ᠶᠢᠨ ᠰᠣᠶᠣᠯ᠎ᠤᠨ IP ᠶ᠋ᠢ ᠭᠠᠷᠭᠠᠨ᠎ᠠ᠃ ᠰᠣᠶᠣᠯ᠎ᠤᠨ IP ᠪᠠᠷ ᠳᠠᠮᠵᠢᠭᠤᠯᠤᠨ ᠤᠮᠠᠷᠠᠲᠤ ᠬᠢᠯᠢ ᠶᠢᠨ ᠬᠡᠢᠰᠪᠦᠷᠢ ᠰᠣᠶᠣᠯ᠎ᠤᠨ ᠣᠢᠯᠠᠭᠠᠭᠳᠠᠬᠤᠨ᠎ᠢ ᠪᠣᠳᠠᠲᠠᠢ ᠮᠡᠳᠡᠷᠡᠮᠵᠢ᠎ᠲᠠᠢ ᠰᠣᠶᠣᠯ᠎ᠤᠨ ᠳᠦᠷᠢ ᠪᠣᠯᠭᠠᠨ ᠬᠤᠪᠢᠷᠠᠭᠤᠯᠬᠤ ᠬᠡᠷᠡᠭᠲᠡᠢ᠃ ᠤᠮᠠᠷᠠᠲᠤ ᠬᠢᠯᠢ᠎ᠶᠢᠨ ᠰᠣᠶᠣᠯ᠎ᠤᠨ ᠤᠬᠠᠭᠤᠯᠭ᠎ᠠ᠎ᠳᠤ᠂ ᠤᠮᠠᠷᠠᠲᠤ ᠬᠢᠯᠢ᠎ᠶᠢᠨ ᠰᠣᠶᠣᠯ᠎ᠤᠨ ᠠᠭᠤᠯᠤᠭᠳᠠᠬᠤᠨ᠎ᠢ ᠢᠯᠡᠷᠡᠭᠦᠯᠵᠦ ᠳᠡᠶ᠋ᠢᠯᠬᠦ ᠰᠣᠶᠣᠯ᠎ᠤᠨ IP ᠶ᠋ᠢ ᠲᠥᠯᠥᠪᠯᠡᠵᠦ ᠂ ᠣᠯᠠᠨ ᠨᠡᠶ᠋ᠢᠲᠡ᠎ᠳᠦ ᠤᠮᠠᠷᠠᠲᠤ ᠬᠢᠯᠢ᠎ᠶᠢᠨ ᠰᠣᠶᠣᠯ᠎ᠤᠨ ᠲᠤᠬᠠᠢ ᠨᠠᠩ ᠪᠣᠳᠠᠲᠠᠢ᠂ ᠰᠢᠭᠤᠳ᠂ ᠳᠣᠲᠣᠨᠣ᠌ ᠰᠠᠭᠤᠭᠳᠠᠯ ᠪᠠ ᠲᠥᠷᠥᠭᠳᠡᠯ᠎ᠲᠠᠢ ᠪᠣᠯᠭᠠᠬᠤ᠎ᠶᠢ ᠪᠣᠳᠣᠯᠬᠢᠯᠠᠵᠤ ᠪᠣᠯᠣᠨ᠎ᠠ ᠃ ᠡᠭᠦᠨ᠎ᠦ ᠬᠠᠮᠲᠤ ᠂ ᠤᠮᠠᠷᠠᠲᠤ ᠬᠢᠯᠢ᠎ᠶᠢᠨ ᠰᠣᠶᠣᠯ᠎ᠤᠨ IP ᠵᠢᠨ ᠲᠣᠭᠠᠴᠢᠯᠠᠭᠰᠠᠨ ᠳᠠᠮᠵᠢᠭᠤᠯᠭ᠎ᠠ᠎ᠶᠢ ᠲᠦᠷᠭᠡᠳᠬᠡᠨ ᠠᠬᠢᠭᠤᠯᠵᠤ᠂ ᠤᠮᠠᠷᠠᠲᠤ ᠬᠢᠯᠢ᠎ᠶᠢᠨ ᠰᠣᠶᠣᠯ᠎ᠤᠨ ᠣᠢᠯᠠᠭᠠᠭᠳᠠᠬᠤᠨ᠎ᠢ ᠬᠥᠮᠥᠨ ᠪᠦᠬᠦᠨ᠎ᠳᠦ ᠮᠡᠳᠡᠭᠦᠯᠬᠦ᠎ᠪᠡᠷ ᠴᠢᠷᠮᠠᠢᠨ᠎ᠠ ᠃
ᠬᠣᠶᠠᠳᠤᠭᠠᠷ᠎ᠲᠤ ᠂ ᠤᠮᠠᠷᠠᠲᠤ ᠬᠢᠯᠢ᠎ᠶᠢᠨ ᠰᠣᠶᠣᠯ᠎ᠤᠨ ᠣᠨᠴᠠᠯᠢᠭ᠋᠎ᠢ ᠢᠯᠡᠷᠡᠭᠦᠯᠦᠭᠰᠡᠨ ᠲᠣᠭᠠᠴᠢᠯᠠᠭᠰᠠᠨ ᠰᠣᠶᠣᠯ᠎ᠤᠨ IP ᠰᠢᠰᠲᠧᠮ᠎ᠢ ᠭᠠᠷᠭᠠᠨ᠎ᠠ᠃ ᠥᠪᠥᠷ ᠮᠣᠩᠭᠣᠯ᠎ᠤᠨ ᠡᠯᠪᠡᠭ ᠪᠠᠶᠠᠯᠢᠭ᠋ ᠲᠡᠦᠬᠡ ᠰᠣᠶᠣᠯ᠎ᠤᠨ ᠲᠡᠮᠳᠡᠭ ᠪᠠ ᠭᠠᠵᠠᠷ ᠵᠦᠢ᠎ᠶᠢᠨ ᠦᠵᠡᠮᠵᠢ᠎ᠶᠢᠨ ᠲᠡᠮᠳᠡᠭ᠂ ᠵᠢᠱ᠌ᠢᠶᠡᠯᠡᠪᠡᠯ ᠬᠣᠩᠱᠠᠨᠦ ᠬᠠᠰ ᠯᠣᠣ᠂ ᠲᠠᠯ᠎ᠠ ᠨᠤᠲᠤᠭ᠂ ᠮᠣᠩᠭᠣᠯ ᠮᠣᠷᠢ᠂ ᠥᠪᠥᠷ ᠮᠣᠩᠭᠣᠯ᠎ᠤᠨ ᠣᠨᠴᠠᠯᠢᠭ᠍ᠲᠤ ᠤᠷᠠᠯᠢᠭ᠋ ᠵᠡᠷᠭᠡ᠎ᠳᠦ ᠲᠦᠰᠢᠭᠯᠡᠨ᠂ ᠲᠣᠭᠠᠴᠢᠯᠠᠭᠰᠠᠨ ᠰᠣᠶᠣᠯ᠎ᠤᠨ IP ᠵᠢᠨ ᠰᠢᠷᠢᠰᠢ ᠭᠠᠷᠭᠠᠵᠦ᠂ ᠤᠯᠠᠨ ᠨᠡᠶ᠋ᠢᠲᠡ᠎ᠳᠦ ᠤᠮᠠᠷᠠᠲᠤ ᠬᠢᠯᠢ᠎ᠶᠢᠨ ᠰᠣᠶᠣᠯ᠎ᠤᠨ ᠲᠤᠬᠠᠢ ᠨᠡᠩ ᠰᠢᠭᠤᠳ ᠪᠥᠭᠡᠳ ᠳᠦᠷᠰᠦᠯᠢᠭ ᠲᠥᠷᠥᠭᠳᠡᠯ ᠣᠯᠭᠣᠨ᠎ᠠ᠃
ᠭᠤᠷᠪᠠᠳᠤᠭᠠᠷ᠎ᠲᠤ ᠂ ᠤᠮᠠᠷᠠᠲᠤ ᠬᠢᠯᠢ᠎ᠶᠢᠨ ᠰᠣᠶᠣᠯ᠎ᠢ ᠢᠯᠡᠷᠡᠭᠦᠯᠵᠦ ᠳᠡᠶ᠋ᠢᠯᠬᠦ ᠬᠠᠯᠠᠭᠤᠨ ᠴᠡᠭ᠎ᠦᠨ ᠬᠡᠷᠡᠭ ᠶᠠᠪᠤᠳᠠᠯ ᠪᠠ ᠬᠥᠮᠥᠨ᠎ᠢ ᠢᠯᠡᠷᠡᠭᠦᠯᠦᠨ᠎ᠡ᠃ ᠠᠯᠢ ᠴᠤ᠌ ᠭᠠᠵᠠᠷᠲᠤᠴᠤ ᠬᠡᠰᠡᠨ ᠤᠳᠤ ᠦᠶ᠎ᠡ᠎ᠶᠢᠨ ᠠᠮᠢᠳᠤᠷᠠᠯ᠎ᠤᠨ ᠠᠭᠤᠷ ᠠᠮᠢᠰᠬᠤᠯ᠎ᠢ ᠢᠯᠡᠷᠡᠭᠦᠯᠵᠦ ᠴᠢᠳᠠᠬᠤ ᠬᠠᠯᠠᠭᠤᠨ ᠴᠡᠭ᠎ᠦᠨ ᠬᠡᠷᠡᠭ ᠶᠠᠪᠤᠳᠠᠯ ᠪᠠ ᠬᠥᠮᠥᠨ ᠳᠤᠲᠠᠭᠳᠠᠵᠤ ᠪᠠᠢᠬᠤ ᠦᠭᠡᠢ ᠂ ᠬᠠᠷᠢᠨ ᠢᠯᠡᠷᠡᠭᠦᠯᠬᠦ ᠪᠠ ᠳᠡᠯᠭᠡᠷᠡᠭᠦᠯᠬᠦ ᠶᠠᠪᠤᠳᠠᠯ ᠳᠤᠲᠠᠭᠳᠠᠵᠤ ᠪᠠᠢᠨ᠎ᠠ᠃ ᠡᠭᠦᠨ᠎ᠦ ᠵᠠᠩᠭᠢᠯᠠᠭ᠎ᠠ ᠨᠢ ᠳᠡᠷᠭᠡᠳᠡᠡᠴᠡᠪᠡᠨ ᠬᠠᠯᠠᠭᠤᠨ ᠴᠡᠭ᠎ᠦᠨ ᠬᠡᠷᠡᠭ ᠶᠠᠪᠤᠳᠠᠯ ᠪᠠ ᠬᠥᠮᠥᠨ ᠢ ᠴᠢᠳᠠᠮᠠᠭᠠᠢ᠎ᠪᠠᠷ ᠢᠯᠡᠷᠡᠭᠦᠯᠵᠦ ᠂ ᠲᠡᠭᠦᠨ ᠢ ᠳᠠᠬᠢᠨ ᠲᠣᠭᠠᠴᠢᠯᠠᠨ ᠤᠯᠠᠮᠵᠢᠯᠠᠬᠤ ᠶᠠᠪᠤᠳᠠᠯ ᠪᠣᠯᠣᠨ᠎ᠠ᠃ ᠥᠪᠥᠷ ᠮᠣᠩᠭᠣᠯ᠎ᠤᠨ ᠰᠣᠶᠣᠯ᠎ᠤᠨ ᠥᠪ᠎ᠦᠨ ᠲᠣᠭᠠᠴᠢᠯᠠᠯᠲᠠ᠎ᠶᠢ ᠠᠮᠢᠳᠤᠯᠢᠭ᠋ ᠪᠣᠯᠭᠠᠬᠤ ᠲᠥᠯᠥᠪᠯᠡᠭᠡ᠎ᠶᠢ ᠬᠡᠷᠡᠭᠵᠢᠭᠦᠯᠵᠦ᠂ ᠥᠪᠥᠷ ᠮᠣᠩᠭᠣᠯ᠎ᠤᠨ ᠳᠠᠭᠤᠤ ᠪᠥᠵᠢᠭ᠂ ᠬᠠᠳᠬᠤᠮᠠᠯ᠂ ᠬᠤᠪᠴᠠᠰᠤ ᠵᠠᠰᠠᠯ ᠵᠡᠷᠭᠡ ᠳᠡᠯᠡᠬᠡᠢ᠎ᠳᠦ ᠨᠥᠯᠥᠭᠡᠯᠡᠬᠦ ᠬᠦᠴᠦᠨ᠎ᠲᠠᠢ ᠰᠣᠶᠣᠯ᠎ᠤᠨ ᠥᠪ᠎ᠢ ᠠᠮᠢᠳᠤᠯᠢᠭ᠋ ᠬᠥᠭᠵᠢᠭᠡᠨ᠎ᠲᠠᠢ ᠪᠣᠯᠭᠠᠬᠤ ᠬᠡᠷᠡᠭᠲᠡᠢ᠃ ᠡᠭᠦᠨ᠎ᠡᠴᠡ ᠭᠠᠳᠠᠨ᠎ᠠ᠂ ᠥᠪᠥᠷ ᠮᠣᠩᠭᠣᠯ᠎ᠤᠨ ᠲᠣᠭᠠᠴᠢᠯᠠᠭᠰᠠᠨ ᠮᠦᠽᠧᠢ᠎ᠶᠢᠨ ᠪᠦᠯᠦᠭᠯᠡᠯ᠂ ᠲᠣᠭᠠᠴᠢᠯᠠᠭᠰᠠᠨ ᠰᠣᠶᠣᠯ ᠵᠤᠭ᠎ᠠ ᠴᠡᠩᠭᠡᠯ᠎ᠦᠨ ᠦᠵᠡᠭᠳᠡᠯ᠂ ᠲᠤᠰ ᠲᠤᠰ᠎ᠤᠨ ᠣᠨᠴᠠᠯᠢᠭ᠋᠎ᠲᠠᠢ ᠰᠣᠶᠣᠯ᠎ᠤᠨ ᠬᠡᠷᠡᠭᠯᠡᠭᠡᠨ᠎ᠦ ᠵᠡᠭᠡᠯᠢ ᠲᠣᠭᠣᠷᠢᠭ᠋ ᠵᠡᠷᠭᠡ᠎ᠶᠢ ᠪᠠᠢᠭᠤᠯᠵᠤ᠂ ᠲᠡᠭᠦᠨ᠎ᠢ ᠤᠮᠠᠷᠠᠲᠤ ᠬᠢᠯᠢ᠎ᠶᠢᠨ ᠰᠣᠶᠣᠯ᠎ᠤᠨ ᠲᠥᠪᠯᠡᠷᠡᠩᠭᠦᠢ ᠳᠡᠯᠭᠡᠨ ᠦᠵᠡᠭᠦᠯᠬᠦ ᠭᠠᠵᠠᠷ ᠪᠣᠯᠭᠠᠬᠤ ᠬᠡᠷᠡᠭᠲᠡᠢ᠃
ᠳᠥᠷᠪᠡᠳᠦᠭᠡᠷ᠎ᠲᠦ᠂ ᠤᠯᠤᠰ᠎ᠤᠨ ᠰᠣᠶᠣᠯ᠎ᠤᠨ ᠴᠡᠴᠡᠷᠯᠢᠭ᠎ᠦᠨ ᠲᠣᠭᠠᠴᠢᠯᠠᠭᠰᠠᠨ ᠦᠵᠡᠭᠦᠯᠭᠡ᠎ᠶᠢᠨ ᠲᠠᠪᠴᠠᠩ᠎ᠢ ᠪᠠᠢᠭᠤᠯᠤᠨ᠎ᠠ᠃ᠥᠪᠥᠷ ᠮᠣᠩᠭᠣᠯ᠎ᠳᠤ ᠡᠯᠪᠡᠭ ᠪᠠᠶᠠᠯᠢᠭ᠋ ᠣᠷᠳᠣ᠌ ᠴᠠᠭᠠᠨ ᠬᠡᠷᠡᠮ᠎ᠦᠨ ᠰᠣᠶᠣᠯ᠎ᠤᠨ ᠡᠬᠢ ᠪᠠᠶᠠᠯᠢᠭ᠋ ᠂ ᠬᠠᠲᠤᠨ ᠭᠣᠣᠯ᠎ᠤᠨ ᠰᠣᠶᠣᠯ᠎ᠤᠨ ᠡᠬᠢ ᠪᠠᠶᠠᠯᠢᠭ᠋᠎ᠲᠠᠢ ᠪᠠᠢᠵᠤ ᠂ ᠤᠯᠤᠰ᠎ᠤᠨ ᠰᠣᠶᠣᠯ᠎ᠤᠨ ᠴᠡᠴᠡᠷᠯᠢᠭ᠎ᠦᠨ ᠪᠦᠲᠦᠭᠡᠨ ᠪᠠᠢᠭᠤᠯᠤᠯᠲᠠ ᠪᠠ ᠬᠠᠮᠠᠭᠠᠯᠠᠯᠲᠠ᠎ᠶᠢᠨ ᠲᠠᠯ᠎ᠠ᠎ᠪᠠᠷ ᠥᠪᠡᠷᠮᠢᠴᠡ ᠳᠠᠪᠠᠭᠤᠯᠢᠭ᠋ ᠲᠠᠢ ᠪᠠᠢᠳᠠᠭ ᠃ᠹᠢᠽᠢᠺ᠎ᠦᠨ ᠦᠵᠡᠭᠳᠡᠯ ᠪᠠ ᠬᠡᠢᠰᠪᠦᠷᠢ ᠦᠵᠡᠭᠳᠡᠯ᠎ᠢ ᠬᠠᠷᠢᠯᠴᠠᠨ ᠤᠶᠠᠯᠳᠤᠭᠤᠯᠵᠤ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢ ᠨᠢᠭᠡ ᠴᠣᠭᠴᠠᠵᠢᠭᠤᠯᠬᠤ ᠶ᠋ᠢ ᠪᠡᠶᠡᠯᠡᠭᠦᠯᠵᠦ᠂ ᠲᠣᠭᠠᠴᠢᠯᠠᠭᠰᠠᠨ ᠰᠣᠶᠣᠯ ᠵᠢᠴᠢ ᠰᠦᠯᠵᠢᠶᠡᠨ ᠳᠡᠭᠡᠷᠡᠬᠢ ᠠᠵᠢᠯᠯᠠᠭ᠎ᠠ᠎ᠶᠢᠨ ᠦᠵᠡᠭᠦᠯᠭᠡ᠎ᠶᠢᠨ ᠲᠣᠭᠯᠠᠯᠲᠠ᠎ᠶᠢ ᠨᠡᠭᠡᠭᠡᠨ ᠬᠥᠭᠵᠢᠭᠦᠯᠵᠦ᠂ ᠲᠣᠭᠠᠴᠢᠯᠠᠭᠰᠠᠨ ᠳᠠᠮᠵᠢᠭᠤᠯᠭ᠎ᠠ᠎ᠶᠢᠨ ᠵᠢᠭ᠍ᠰᠠᠭᠠᠯ᠎ᠢ ᠪᠠᠢᠭᠤᠯᠵᠤ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠦᠨ ᠠᠭᠤᠯᠤᠭᠳᠠᠬᠤᠨ᠎ᠢ ᠪᠠᠶᠠᠯᠢᠭ᠍ᠵᠢᠭᠤᠯᠬᠤ ᠬᠡᠷᠡᠭᠲᠡᠢ᠃
ᠲᠠᠪᠤᠳᠤᠭᠠᠷ᠎ᠲᠤ᠂ ᠵᠥᠪᠯᠡᠬᠦ ᠰᠡᠳᠦᠪ᠎ᠦᠨ ᠵᠢᠷᠤᠭ ᠲᠥᠯᠥᠪᠯᠡᠭᠡ᠎ᠶᠢ ᠴᠢᠬᠤᠯᠠᠴᠢᠯᠠᠨ᠎ᠠ᠃ ᠰᠦᠯᠵᠢᠶᠡᠨ᠎ᠦ ᠲᠠᠪᠴᠠᠩ᠎ᠤᠨ ᠠᠵᠤ ᠠᠬᠤᠢᠯᠠᠯ ᠯᠤᠭ᠎ᠠ᠎ᠶᠢᠨ ᠬᠠᠮᠲᠤᠷᠠᠯᠴᠠᠭ᠎ᠠ᠎ᠪᠠᠨ ᠴᠢᠩᠭᠠᠳᠬᠠᠨ᠎ᠠ᠃ ᠥᠪᠥᠷ ᠮᠣᠩᠭᠣᠯ᠎ᠤᠨ ᠰᠣᠶᠣᠯ᠎ᠤᠨ ᠡᠬᠢ ᠪᠠᠶᠠᠯᠢᠭ᠋᠎ᠤᠨ ᠣᠨᠴᠠᠯᠢᠭ᠋᠎ᠲᠤ ᠴᠢᠭᠯᠡᠭᠦᠯᠦᠨ ᠂ ᠥᠪᠡᠷᠮᠢᠴᠡ ᠴᠢᠨᠠᠷᠲᠠᠢ ᠲᠥᠰᠥᠯ ᠲᠣᠭᠲᠠᠭᠠᠵᠤ ᠂ ᠰᠦᠯᠵᠢᠶᠡᠨ᠎ᠦ ᠲᠠᠪᠴᠠᠩ᠎ᠤᠨ ᠠᠵᠤ ᠠᠬᠤᠢᠯᠠᠯ ᠯᠤᠭ᠎ᠠ ᠬᠠᠮᠲᠤᠷᠠᠯᠴᠠᠵᠤ ᠂ ᠲᠠᠪᠴᠠᠩ᠎ᠤᠨ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠬᠥᠭᠡᠭᠡᠴᠡᠯᠳᠦᠯ ᠪᠠ ᠡᠬᠢ ᠪᠠᠶᠠᠯᠢᠭ᠋᠎ᠤᠨ ᠳᠠᠪᠠᠭᠤᠯᠢᠭ᠋᠎ᠢ ᠠᠰᠢᠭ᠍ᠯᠠᠨ ᠂ ᠤᠮᠠᠷᠠᠲᠤ ᠬᠢᠯᠢ᠎ᠶᠢᠨ ᠰᠣᠶᠣᠯ᠎ᠤᠨ ᠲᠥᠷᠥᠯ ᠲᠡᠮᠳᠡᠭ᠎ᠢ ᠤᠬᠠᠭᠤᠯᠤᠨ ᠳᠡᠯᠭᠡᠷᠡᠭᠦᠯᠵᠦ ᠂ ᠤᠮᠠᠷᠠᠲᠤ ᠬᠢᠯᠢ᠎ᠶᠢᠨ ᠰᠣᠶᠣᠯ᠎ᠤᠨ ᠲᠥᠷᠥᠯ ᠲᠡᠮᠳᠡᠭ᠎ᠤᠨ ᠠᠯᠳᠠᠷᠰᠢᠯ ᠪᠠ ᠨᠥᠯᠥᠭᠡᠯᠡᠬᠦ ᠬᠦᠴᠦᠨ᠎ᠢ ᠥᠷᠭᠡᠳᠬᠡᠬᠦ ᠬᠡᠷᠡᠭᠳᠡᠢ ᠃
[ᠵᠣᠬᠢᠶᠠᠭ᠍ᠴᠢ ᠄ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠫᠷᠤᠹᠸᠰᠰᠤᠷ]
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃