ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2023-10-13 10:53:45

ᠵᠣᠬᠢᠶᠠᠭ᠍ᠴᠢ᠄ ᠪᠦᠦ ᠶᠢᠨ ᠱᠠᠨ ᠣᠩᠱᠢᠭ᠍ᠰᠠᠨ ᠣᠳᠠᠭ᠎ᠠ᠄ 3

ᠶᠠᠮᠠᠷᠪᠠ ᠰᠣᠶᠣᠯ᠎ᠤᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠂ ᠲᠥᠯᠦᠪᠵᠢᠭᠦᠯᠭᠡ ᠪᠤᠶᠤ ᠲᠦᠷᠦᠯ ᠵᠦᠢᠯ᠎ᠳᠦ ᠴᠥᠮ ᠲᠣᠳᠣᠷᠬᠠᠢ ᠦᠷᠳᠡᠭ᠎ᠦᠨ ᠤᠳᠤᠷᠢᠳᠤᠮᠵᠢ ᠪᠠ ᠡᠭᠦᠨ᠎ᠲᠠᠢ ᠵᠣᠬᠢᠴᠠᠯᠳᠤᠭᠰᠠᠨ ᠦᠢᠯᠡᠳᠦᠯᠭᠡ᠎ᠶᠢᠨ ᠠᠷᠭ᠎ᠠ ᠵᠠᠮ᠎ᠪᠠᠢᠳᠠᠭ᠃ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ ᠨᠢ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠰᠣᠶᠣᠯ᠎ᠤᠨ ᠴᠡᠴᠡᠭᠯᠡᠯ ᠬᠥᠭᠵᠢᠯ᠎ᠢ ᠠᠬᠢᠭᠤᠯᠬᠤ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠡᠭᠦᠷᠭᠡ ᠪᠣᠯᠤᠭᠰᠠᠨ᠎ᠤ ᠬᠤᠪᠢ᠎ᠳᠤ᠂ ᠡᠷᠬᠡᠪᠰᠢ ᠰᠢ᠎ᠶᠢᠨ ᠫᠢᠩ ᠶᠡᠷᠦᠩᠬᠡᠢ ᠱᠦᠵᠢ᠎ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠥᠪᠥᠷ ᠮᠣᠩᠭᠣᠯ᠎ᠤᠨ ᠪᠣᠳᠠᠲᠠᠢ᠎ᠲᠠᠢ ᠨᠢᠭ᠍ᠲᠠ ᠤᠶᠠᠯᠳᠤᠭᠤᠯᠵᠤ᠂ ᠪᠦᠲᠦᠭᠡᠯᠴᠢ᠎ᠪᠡᠷ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠬᠦᠴᠦᠷᠬᠡᠭ ᠶᠡᠬᠡ ᠤᠶᠤᠨ ᠰᠠᠨᠠᠭᠠᠨ᠎ᠤ ᠬᠥᠳᠡᠯᠭᠡᠬᠦ ᠬᠦᠴᠦᠨ ᠪᠣᠯᠣᠨ ᠰᠣᠶᠣᠯ᠎ᠤᠨ ᠲᠤᠯᠭᠠᠭᠤᠷᠢᠯᠠᠯ ᠬᠠᠩᠭᠠᠬᠤ ᠬᠡᠷᠡᠭᠲᠡᠢ᠃

ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠣ ᠴᠣᠭᠴᠠᠯᠠᠬᠣ ᠡᠨᠡ᠎ᠬᠦ ᠭᠣᠣᠯ ᠰᠢᠵᠢᠮ᠎ᠢ ᠪᠠᠲᠤ ᠡᠵᠡᠮᠰᠢᠵᠦ᠂ ᠦᠨᠳᠦᠰᠦᠲᠡᠨ᠎ᠨᠦᠭᠦᠳ᠎ᠦᠨ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠪᠠᠶ᠋ᠢᠭᠤᠯᠬᠤ᠎ᠲᠠᠢ ᠨᠢᠭ᠍ᠲᠠ ᠤᠶᠠᠯᠳᠤᠭᠤᠯᠤᠨ᠂ ᠳᠤᠮᠳᠠᠳᠤ᠎ᠶᠢᠨ ᠰᠣᠶᠣᠯ ᠪᠣᠯ ᠭᠣᠣᠯ ᠡᠰᠢ ᠮᠦᠨ᠂ ᠦᠨᠳᠦᠰᠦᠲᠡᠨ᠎ᠨᠦᠭᠦᠳ᠎ᠦᠨ ᠰᠣᠶᠣᠯ ᠪᠣᠯ ᠰᠠᠯᠠᠭ᠎ᠠ ᠨᠠᠮᠠᠭ᠎ᠠ ᠮᠥᠨ ᠭᠡᠳᠡᠭ᠎ᠦᠨ ᠬᠠᠷᠢᠴᠠᠭ᠎ᠠ᠎ᠶᠢ ᠣᠨᠣᠪᠴᠢᠲᠠᠶ ᠡᠵᠡᠮᠳᠡᠵᠦ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠦᠮᠴᠢᠯᠡᠵᠦ ᠬᠠᠮᠲᠤ᠎ᠪᠠᠷ ᠡᠳ᠋ᠯᠡᠬᠦ ᠳᠤᠮᠳᠠᠳᠤ᠎ᠶᠢᠨ ᠰᠣᠶᠣᠯ᠎ᠤᠨ ᠲᠡᠮᠳᠡᠭ ᠪᠠ ᠳᠤᠮᠳᠠᠳᠤ᠎ᠶᠢᠨ ᠦᠨᠳᠦᠰᠦᠲᠡᠨ᠎ᠦ ᠳᠦᠷᠢ ᠲᠥᠷᠬᠦ᠎ᠶᠢ ᠪᠤᠢ ᠪᠣᠯᠭᠠᠨ ᠲᠤᠪᠤᠢ᠍ᠢᠯᠭᠠᠵᠤ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠦᠨ ᠢᠯᠡ ᠲᠣᠳᠣ᠌ ᠳᠤᠮᠳᠠᠳᠤ᠎ᠶᠢᠨ ᠰᠣᠶᠣᠯ᠎ᠤᠨ ᠠᠭᠤᠯᠤᠭᠳᠠᠬᠤᠨ᠎ᠢ ᠢᠮᠠᠭᠲᠠ ᠢᠯᠡᠷᠡᠭᠦᠯᠬᠦ ᠬᠡᠷᠡᠭᠲᠡᠢ᠃

ᠤᠮᠠᠷᠠᠲᠤ ᠬᠢᠯᠢ᠎ᠶᠢᠨ ᠰᠣᠶᠣᠯ ᠡᠨᠡ ᠬᠦ᠌ ᠥᠪᠥᠷ ᠮᠣᠩᠭᠣᠯ᠎ᠤᠨ ᠣᠨᠴᠠᠭᠠᠢ ᠣᠷᠣᠨ ᠨᠤᠲᠤᠭ᠎ᠤᠨ ᠴᠢᠨᠠᠷᠲᠠᠢ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠎ᠳᠦ᠂ ᠡᠷᠬᠡᠪᠰᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠣ ᠡᠨᠡ ᠬᠦ᠌ ᠭᠣᠣᠯ ᠰᠢᠵᠢᠮ᠎ᠢ ᠪᠠᠲᠤ ᠡᠵᠡᠮᠳᠡᠵᠦ᠂ ᠤᠬᠠᠮᠰᠠᠷ᠎ᠠᠴᠠ᠎ᠪᠠᠨ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠦᠨ ᠡᠭᠦᠳᠦᠯᠳᠠ᠎ᠳᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠣ ᠪᠡᠷ ᠠᠭᠤᠯᠤᠭᠳᠠᠬᠤᠨ ᠪᠣᠯᠭᠠᠵᠦ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠦᠨ ᠡᠭᠦᠳᠦᠯᠳᠡ᠎ᠶᠢᠨ ᠦᠢᠯᠡᠳᠦᠯᠭᠡ᠎ᠪᠡᠷ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠣ ᠡᠯ᠎ᠡ ᠵᠦᠢᠯ᠎ᠦᠨ ᠱᠠᠭᠠᠷᠳᠠᠯᠭ᠎ᠠ᠎ᠶᠢ ᠢᠯᠡᠷᠡᠭᠦᠯᠬᠦ ᠬᠡᠷᠡᠭᠲᠡᠢ᠃ ᠲᠥᠷᠥᠯ ᠲᠡᠮᠳᠡᠭ᠎ᠢ ᠡᠭᠦᠳᠬᠦ ᠶᠡᠷᠦᠩᠬᠡᠢ ᠱᠠᠭᠠᠷᠳᠠᠯᠭ᠎ᠠ᠎ᠶᠢᠨ ᠲᠠᠯ᠎ᠠ ᠡᠴᠡ ᠂ ᠤᠬᠠᠮᠰᠠᠷ ᠡᠴᠡ᠎ᠪᠠᠨ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ ᠂ ᠳᠤᠮᠳᠠᠳᠤ᠎ᠶᠢᠨ ᠦᠨᠳᠦᠰᠦᠲᠡᠨ᠎ᠦ ᠪᠦᠬᠦᠯᠢ ᠴᠣᠭᠴᠠ᠎ᠶᠢᠨ ᠠᠰᠢᠭ᠋ ᠲᠤᠰᠠ᠎ᠶᠢᠨ ᠦᠨᠳᠦᠷᠴᠡ᠎ᠡᠴᠡ ᠠᠰᠠᠭᠤᠳᠠᠯ᠎ᠢ ᠪᠣᠳᠣᠯᠬᠢᠯᠠᠵᠤ ᠂ ᠰᠢᠢᠳᠪᠦᠷᠢᠲᠦ ᠪᠣᠳᠣᠯᠭ᠎ᠠ ᠲᠣᠭᠲᠠᠭᠠᠵᠤ ᠂ ᠠᠵᠢᠯ᠎ᠢ ᠠᠳᠬᠤᠬᠤ ᠬᠡᠷᠡᠭᠲᠡᠢ;ᠨᠡᠢᠲᠡᠯᠢᠭ ᠴᠢᠨᠠᠷ᠎ᠢ ᠨᠡᠮᠡᠭᠳᠡᠭᠦᠯᠬᠦ᠎ᠶᠢ ᠪᠠᠷᠢᠮᠲᠠᠯᠠᠵᠤ᠂ ᠳᠤᠮᠳᠠᠳᠤ᠎ᠶᠢᠨ ᠰᠣᠶᠣᠯ ᠡᠨᠡ ᠬᠦ᠌ ᠭᠣᠣᠯᠯᠠᠭ᠍ᠴᠢ᠎ᠶᠢ ᠲᠠᠰᠤᠷᠠᠯᠲᠠ ᠦᠭᠡᠢ ᠪᠤᠵᠠᠭᠠᠢᠷᠠᠭᠤᠯᠬᠤ᠎ᠶᠢᠨ ᠬᠠᠮᠲᠤ ᠡᠨᠡ ᠬᠦ᠌ ᠰᠠᠭᠤᠷᠢᠨ ᠳᠡᠭᠡᠷ᠎ᠡ ᠦᠨᠳᠦᠰᠦᠲᠡᠨ᠎ᠨᠦᠭᠦᠳ᠎ᠦᠨ ᠰᠣᠶᠣᠯ ᠭᠡᠬᠦ ᠡᠨᠡ ᠬᠦ᠌ ᠰᠠᠯᠠᠭ᠎ᠠ ᠨᠠᠮᠠᠭ᠎ᠠ᠎ᠶᠢ ᠴᠡᠴᠡᠭᠯᠡᠭᠦᠯᠦᠨ ᠬᠥᠭᠵᠢᠭᠦᠯᠬᠦ ᠬᠡᠷᠡᠭᠲᠡᠢ; ᠦᠨᠳᠦᠰᠦᠲᠡᠨ᠎ᠨᠦᠭᠦᠳ᠎ᠦᠨ ᠬᠠᠮᠲᠤ᠎ᠪᠠᠷ ᠡᠳ᠋ᠯᠡᠬᠦ ᠳᠤᠮᠳᠠᠳᠤ᠎ᠶᠢᠨ ᠰᠣᠶᠣᠯ᠎ᠤᠨ ᠲᠡᠮᠳᠡᠭ ᠪᠠ ᠳᠤᠮᠳᠠᠳᠤ᠎ᠶᠢᠨ ᠦᠨᠳᠦᠰᠦᠲᠡᠨ᠎ᠦ ᠳᠦᠷᠢ ᠲᠥᠷᠬᠦ᠎ᠶᠢ ᠪᠤᠢ ᠪᠣᠯᠭᠠᠨ ᠲᠤᠪᠤᠢ᠍ᠢᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶᠢ ᠠᠬᠢᠭᠤᠯᠬᠤ ᠬᠡᠷᠡᠭᠳᠡᠢ᠃ ᠦᠢ᠍ᠯᠡᠳᠦᠯᠭᠡ᠎ᠶᠢᠨ ᠠᠷᠭ᠎ᠠ ᠵᠠᠮ ᠪᠠ ᠠᠷᠭ᠎ᠠ ᠬᠡᠯᠪᠡᠷᠢ᠎ᠶᠢᠨ ᠲᠠᠯ᠎ᠠ᠎ᠪᠠᠷ᠂ ᠨᠢᠳᠦᠨ᠎ᠳᠦ ᠦᠵᠡᠭᠳᠡᠵᠤ ᠭᠠᠷ᠎ᠲᠤ ᠪᠠᠷᠢᠭ᠍ᠳᠠᠮ᠎ᠠ ᠠᠵᠢᠯ᠎ᠢ ᠬᠢᠬᠦ ᠮᠦᠷᠳᠡᠭᠡᠨ ᠪᠠᠰᠠ ᠶᠡᠬᠡ ᠬᠡᠮᠵᠢᠶᠡᠨ᠎ᠦ 《ᠵᠦᠭᠡᠯᠡᠨ ᠪᠣᠷᠣᠭᠠᠨ ᠲᠦᠮᠡᠨ ᠪᠣᠳᠠᠰ᠎ᠢ ᠣᠮᠳᠠᠯᠠᠬᠣ 》 ᠶᠠᠪᠣᠳᠠᠯ᠎ᠢ ᠬᠢᠬᠦ ᠬᠡᠷᠡᠭᠲᠡᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠣ ᠠᠵᠢᠯ᠎ᠤᠨ ᠱᠠᠭᠠᠷᠳᠠᠯᠭ᠎ᠠ᠎ᠶᠢ ᠪᠦᠬᠦ ᠣᠷᠣᠨ᠎ᠤ ᠲᠡᠦᠬᠡ ᠰᠣᠶᠣᠯ᠎ᠤᠨ ᠤᠬᠠᠭᠤᠯᠭ᠎ᠠ ᠬᠥᠮᠦᠵᠢᠯ᠂ ᠤᠯᠠᠨ ᠨᠡᠶ᠋ᠢᠲᠡ᠎ᠶᠢᠨ ᠰᠣᠶᠣᠯ᠎ᠤᠨ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠂ ᠬᠤᠳᠠ᠎ᠶᠢᠨ ᠪᠡᠯᠭᠡ ᠲᠡᠮᠳᠡᠭ᠎ᠦᠨ ᠴᠢᠨᠠᠷᠲᠠᠢ ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠂ ᠵᠤᠭᠠᠴᠠᠯ᠎ᠤᠨ ᠦᠵᠡᠮᠵᠢ᠎ᠶᠢᠨ ᠦᠵᠡᠭᠦᠯᠭᠡ ᠵᠡᠷᠭᠡ ᠬᠠᠮᠢᠶ᠎ᠠ ᠪᠦᠬᠦᠢ ᠲᠠᠯ᠎ᠠ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠣ᠎ᠳᠤ ᠦᠵᠡᠯ ᠰᠠᠨᠠᠭ᠎ᠠ ᠰᠣᠶᠣᠯ᠎ᠤᠨ ᠰᠠᠭᠤᠷᠢ᠎ᠶᠢ ᠪᠠᠲᠤᠳᠬᠠᠬᠤ ᠬᠡᠷᠡᠭᠲᠡᠢ᠃ ᠤᠯᠤᠰ᠎ᠤᠨ ᠣᠷᠳᠣ᠌ ᠴᠠᠭᠠᠨ ᠬᠡᠷᠡᠮ᠎ᠦᠨ ᠰᠣᠶᠣᠯ᠎ᠤᠨ ᠴᠡᠴᠡᠷᠯᠢᠭ᠂ ᠬᠠᠲᠤᠨ ᠭᠣᠣᠯ᠎ᠤᠨ ᠰᠣᠶᠣᠯ᠎ᠤᠨ ᠴᠡᠴᠡᠷᠯᠢᠭ ᠵᠡᠷᠭᠡ ᠴᠢᠬᠤᠯᠠ ᠶᠡᠬᠡ ᠲᠥᠷᠥᠯ ᠵᠦᠢᠯ᠎ᠦᠨ ᠥᠪᠥᠷ ᠮᠣᠩᠭᠣᠯ᠎ᠤᠨ ᠬᠡᠰᠡᠭ᠎ᠦᠨ ᠪᠦᠲᠦᠭᠡᠨ ᠪᠠᠢᠭᠤᠯᠤᠯᠲᠠ᠎ᠶᠢᠨ ᠡᠭᠦᠷᠭᠡ᠎ᠶᠢ ᠯᠠᠪᠳᠠᠭᠤᠨ᠎ᠢᠶᠠᠷ ᠠᠬᠢᠭᠤᠯᠵᠤ᠂ ᠬᠡᠯᠪᠡᠷᠢ ᠎ᠲᠠᠢ᠂ ᠲᠥᠷᠥᠭᠳᠡᠯ᠎ᠲᠠᠢ ᠂ ᠪᠦᠲᠦᠮᠵᠢᠲᠡᠶ ᠠᠭᠤᠯᠭ᠎ᠠ ᠪᠠ ᠬᠡᠯᠪᠡᠷᠢ᠎ᠪᠡᠷ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠤᠬᠠᠮᠰᠠᠷ᠎ᠢ ᠴᠢᠩᠭᠠᠳᠬᠠᠨ᠎ᠠ ᠃ ᠤᠯᠤᠰ ᠲᠥᠷᠥ᠎ᠶᠢᠨ ᠴᠢᠨᠠᠷ᠎ᠢᠶᠠᠷ ᠴᠢᠩᠭ᠎ᠠ᠂ ᠡᠯᠪᠡᠭ ᠪᠠᠶᠠᠯᠢᠭ᠋ ᠠᠭᠤᠯᠤᠭᠳᠠᠬᠤᠨ᠎ᠲᠠᠢ᠂ ᠭᠦᠨ ᠵᠤᠵᠠᠭᠠᠨ ᠤᠳᠬ᠎ᠠ ᠠᠭᠤᠯᠭ᠎ᠠ᠎ᠲᠠᠢ᠂ ᠬᠦᠯᠢᠶᠡᠨ ᠠᠪᠬᠤ ᠬᠡᠮᠵᠢᠶ᠎ᠡ᠎ᠪᠡᠷ ᠥᠨᠳᠥᠷ ᠨᠢᠭᠡ ᠪᠦᠯᠦᠭ ᠳᠤᠮᠳᠠᠳᠤ᠎ᠶᠢᠨ ᠰᠣᠶᠣᠯ᠎ᠤᠨ ᠲᠡᠮᠳᠡᠭ ᠪᠣᠯᠣᠨ ᠳᠤᠮᠳᠠᠳᠤ᠎ᠶᠢᠨ ᠦᠨᠳᠦᠰᠦᠲᠡᠨ᠎ᠦ ᠳᠦᠷᠢ ᠲᠥᠷᠬᠦ᠎ᠶᠢ ᠴᠣᠭᠴᠠᠯᠠᠬᠤ᠎ᠶᠢ ᠦᠷᠭᠦᠯᠵᠢᠯᠡᠨ ᠠᠬᠢᠭᠤᠯᠵᠤ᠂ ᠨᠢᠭᠡ ᠪᠦᠯᠦᠭ ᠳᠤᠮᠳᠠᠳᠤ᠎ᠶᠢᠨ ᠰᠣᠶᠣᠯ᠎ᠤᠨ ᠠᠭᠤᠯᠤᠭᠳᠠᠬᠤᠨ᠎ᠲᠠᠢ᠂ ᠡᠯ᠎ᠡ ᠦᠨᠳᠦᠰᠦᠲᠡᠨ᠎ᠦ ᠰᠣᠶᠣᠯ᠎ᠤᠨ ᠰᠢᠮ᠎ᠡ ᠲᠡᠵᠢᠭᠡᠯ᠎ᠢ ᠰᠢᠩᠭᠡᠬᠡᠨ ᠠᠪᠤᠭᠰᠠᠨ᠂ ᠣᠲᠣ᠌ ᠦᠶ᠎ᠡ᠎ᠶᠢᠨ ᠪᠣᠯᠪᠠᠰᠤᠨ᠎ᠢ ᠠᠭᠤᠰᠤᠯᠴᠠᠭᠤᠯᠤᠭᠰᠠᠨ ᠨᠣᠮ ᠪᠢᠴᠢᠭ᠂ ᠲᠠᠢᠰᠠᠨ᠎ᠤ ᠤᠷᠠᠯᠢᠭ᠋᠎ᠤᠨ ᠪᠦᠲᠦᠭᠡᠯ ᠂ ᠺᠢᠨᠣ᠋ ᠲᠧᠯᠸᠢᠰ᠎ᠦᠨ ᠪᠦᠲᠦᠭᠡᠯ ᠂ ᠤᠷᠠᠨ ᠵᠢᠷᠤᠭ᠎ᠤᠨ ᠪᠦᠲᠦᠭᠡᠯ᠎ᠢ ᠪᠣᠶ ᠪᠣᠯᠭᠠᠵᠤ᠂ ᠤᠯᠤᠰ᠎ᠤᠨ ᠭᠣᠣᠯ ᠤᠷᠤᠰᠬᠠᠯ᠎ᠤᠨ ᠰᠣᠶᠣᠯ᠎ᠤᠨ ᠬᠥᠲᠥᠯᠥᠨ ᠳᠠᠭᠠᠭᠤᠯᠬᠤ᠂ ᠠᠭᠤᠰᠤᠯᠴᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠤᠨ ᠂ ᠤᠮᠠᠷᠠᠲᠤ ᠬᠢᠯᠢ᠎ᠶᠢᠨ ᠰᠣᠶᠣᠯ᠎ᠤᠨ ᠲᠥᠷᠥᠯ ᠲᠡᠮᠳᠡᠭ᠎ᠤᠨ ᠡᠭᠦᠳᠦᠯᠳᠠ᠎ᠳᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠤᠬᠠᠮᠰᠠᠷ᠎ᠢ ᠪᠠᠲᠤ ᠴᠣᠬᠴᠠᠯᠠᠬᠤ ᠱᠠᠭᠠᠷᠳᠠᠯᠭ᠎ᠠ ᠵᠢᠴᠢ ᠢᠯᠡ ᠲᠣᠳᠣ᠌ ᠳᠤᠮᠳᠠᠳᠤ᠎ᠶᠢᠨ ᠰᠣᠶᠣᠯ᠎ᠤᠨ ᠠᠭᠤᠯᠤᠭᠳᠠᠬᠤᠨ᠎ᠢ ᠢᠮᠠᠭᠲᠠ ᠢᠯᠡᠷᠡᠭᠦᠯᠬᠦ ᠬᠡᠷᠡᠭᠳᠡᠢ᠃

ᠦᠨᠳᠦᠰᠦᠲᠡᠨ᠎ᠨᠦᠭᠦᠳ᠎ᠦᠨ ᠶᠡᠬᠡ ᠪᠦᠯᠬᠦᠮᠳᠡᠯ᠎ᠦᠨ ᠲᠤᠭ᠎ᠢ ᠥᠨᠳᠥᠷ ᠮᠠᠨᠳᠤᠭᠤᠯᠵᠤ᠂ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠴᠠᠭ ᠦᠶ᠎ᠡ᠎ᠶᠢᠨ ᠭᠣᠣᠯ ᠰᠡᠳᠦᠪ᠎ᠦᠨ ᠲᠣᠭᠣᠷᠢᠨ᠎ᠳᠤ᠂ ᠰᠣᠶᠣᠯ᠎ᠤᠨ ᠬᠠᠮᠳᠣ ᠵᠢᠨ ᠲᠠᠨᠢᠯᠳᠠ ᠵᠢ ᠴᠢᠩᠭᠠᠳᠬᠠᠵᠦ᠂ ᠰᠣᠶᠣᠯ᠎ᠤᠨ ᠨᠡᠢᠳᠬᠡᠯ᠎ᠢ ᠴᠢᠩᠭᠠᠳᠬᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ ᠳᠤᠮᠳᠠ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠤᠯᠠᠨ ᠡᠰᠢᠵᠢᠭᠦᠯᠦᠨ ᠨᠢᠭᠡ ᠴᠣᠭᠴᠠᠵᠢᠭᠤᠯᠬᠤ᠂ ᠨᠢᠭᠡ ᠴᠣᠭᠴᠠᠵᠢᠭᠤᠯᠤᠨ ᠳᠠᠭᠠᠭᠤᠯᠬᠤ ᠢᠯᠡ ᠲᠣᠳᠣ᠌ ᠰᠣᠶᠣᠯ᠎ᠤᠨ ᠬᠡᠪ ᠴᠢᠨᠠᠷ᠎ᠢ ᠢᠮᠠᠭᠲᠠ ᠢᠯᠡᠷᠡᠭᠦᠯᠬᠦ ᠬᠡᠷᠡᠭᠲᠡᠢ᠃

ᠶᠡᠷᠦᠩᠬᠡᠢ ᠱᠦᠵᠢ ᠰᠢ᠎ᠶᠢᠨ ᠫᠢᠩ ᠰᠣᠶᠣᠯ᠎ᠤᠨ ᠬᠠᠮᠲᠤ᠎ᠶᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶᠢᠨ ᠬᠠᠮᠲᠤ᠎ᠶᠢᠨ ᠲᠠᠨᠢᠯᠲᠠ ᠮᠥᠨ ᠂ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ ᠂ ᠦᠨᠳᠦᠰᠦᠲᠡᠨ᠎ᠦ ᠡᠶ᠎ᠡ ᠨᠠᠢᠷᠰᠠᠭ᠎ᠤᠨ ᠰᠦᠭ ᠰᠦᠨᠡᠰᠦ ᠮᠥᠨ ᠬᠡᠵᠦ ᠵᠢᠭᠠᠵᠦ ᠭᠠᠷᠭᠠᠪᠠ᠃ ᠡᠨᠡ᠎ᠬᠦ ᠴᠢᠬᠤᠯᠠ ᠨᠤᠲᠠᠯᠠᠯᠲᠠ ᠨᠢ ᠪᠢᠳᠡᠨ᠎ᠦ ᠤᠮᠠᠷᠠᠲᠤ᠎ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠂ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠢᠯᠡᠰ᠎ᠦᠨ ᠬᠥᠭᠵᠢᠯᠲᠡ᠎ᠶᠢ ᠠᠬᠢᠭᠤᠯᠬᠤ᠎ᠳᠤ ᠴᠢᠬᠤᠯᠠ ᠵᠢᠷᠤᠮᠯᠠᠯ ᠬᠠᠩᠭᠠᠵᠤ᠂ ᠦᠢᠯᠡᠳᠦᠯᠭᠡ᠎ᠶᠢᠨ ᠠᠷᠭ᠎ᠠ ᠵᠠᠮ᠎ᠢ ᠵᠢᠭᠠᠵᠤ ᠥᠭᠴᠡᠢ᠃ ᠤᠮᠠᠷᠠᠲᠤ ᠬᠢᠯᠢ᠎ᠶᠢᠨ ᠰᠣᠶᠣᠯ᠎ᠤᠨ ᠲᠥᠷᠥᠯ ᠲᠡᠮᠳᠡᠭ᠎ᠢ ᠡᠭᠦᠳᠬᠦ᠎ᠪᠠᠷ ᠳᠠᠮᠵᠢᠭᠤᠯᠤᠨ ᠰᠣᠶᠣᠯ᠎ᠤᠨ ᠬᠠᠮᠳᠣ ᠵᠢᠨ ᠲᠠᠨᠢᠯᠳᠠ ᠵᠢ ᠬᠡᠷᠬᠢᠨ ᠨᠡᠩ ᠰᠠᠢᠨ ᠵᠢᠡᠷ ᠴᠢᠩᠭᠠᠳᠬᠠᠵᠦ᠂ ᠡᠬᠦᠨ᠎ᠦ ᠣᠯᠠᠮ ᠵᠢᠡᠷ ᠦᠨᠳᠦᠰᠦᠲᠡᠨ᠎ᠦ ᠪᠦᠯᠬᠦᠮᠳᠡᠯ᠎ᠢ ᠴᠢᠩᠭᠠᠳᠬᠠᠬᠤ ᠨᠢ ᠣᠳᠣᠬᠠᠨ᠎ᠳᠤ ᠪᠢᠳᠡᠨ᠎ᠳᠦ ᠲᠤᠯᠭᠠᠷᠠᠵᠤ ᠪᠠᠢᠭ᠎ᠠ ᠴᠢᠬᠤᠯᠠ ᠰᠡᠳᠦᠪ ᠪᠣᠯᠵᠤ ᠪᠠᠢᠨ᠎ᠠ ᠃ ᠰᠣᠶᠣᠯ᠎ᠤᠨ ᠬᠠᠮᠳᠣ ᠵᠢᠨ ᠲᠠᠨᠢᠯᠳᠠ ᠬᠢᠭᠡᠳ ᠰᠣᠶᠣᠯ᠎ᠤᠨ ᠨᠡᠢᠳᠬᠡᠯ ᠨᠢ ᠬᠠᠷᠢᠯᠴᠠᠨ ᠬᠢᠵᠠᠭᠠᠷᠯᠠᠬᠤ ᠮᠥᠷᠲᠡᠭᠡᠨ ᠬᠠᠷᠢᠯᠴᠠᠨ ᠬᠣᠯᠪᠣᠯᠳᠤᠵᠤ᠂ ᠬᠠᠷᠢᠯᠴᠠᠨ ᠠᠬᠢᠭᠤᠯᠬᠤ ᠪᠦᠭᠡᠳ ᠬᠤᠪᠢᠰᠤᠩᠭᠤᠢ ᠨᠢᠭᠡᠳᠦᠯ᠎ᠦᠨ ᠬᠠᠷᠢᠴᠠᠭ᠎ᠠ ᠲᠠᠢ᠃ ᠰᠣᠶᠣᠯ᠎ᠢ ᠬᠠᠷᠢᠯᠴᠠᠨ ᠮᠡᠳᠡᠷᠡᠨ ᠵᠥᠪᠰᠢᠶᠡᠷᠡᠬᠦ ᠪᠣᠯ ᠰᠣᠶᠣᠯ᠎ᠢ ᠡᠮᠬᠢᠯᠡᠨ ᠨᠡᠢᠯᠡᠭᠦᠯᠬᠦ᠎ᠶᠢᠨ ᠤᠷᠢᠲᠠᠯ ᠪᠠ ᠰᠠᠭᠤᠷᠢ ᠮᠥᠨ᠂ ᠭᠠᠭᠴᠠ ᠬᠦ᠌ ᠰᠣᠶᠣᠯ᠎ᠢ ᠡᠮᠬᠢᠯᠡᠨ ᠨᠡᠢᠯᠡᠭᠦᠯᠪᠡᠯ ᠰᠠᠶᠢ ᠰᠣᠶᠣᠯ᠎ᠤᠨ ᠬᠠᠮᠳᠣ ᠵᠢᠨ ᠲᠠᠨᠢᠯᠳᠠ ᠵᠢ ᠨᠡᠩ ᠰᠠᠢᠲᠤᠷ ᠴᠢᠩᠭᠠᠳᠬᠠᠵᠦ ᠴᠢᠳᠠᠨ᠎ᠠ᠃ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ ᠪᠣᠯ ᠳᠠᠷᠤᠢ ᠲᠡᠦᠬᠡ ᠪᠣᠯᠣᠨ ᠪᠣᠳᠠᠲᠤ ᠠᠬᠤᠢ᠎ᠶᠢ ᠨᠠᠪᠲᠠᠷᠡᠭᠦᠯᠵᠦ᠂ ᠤᠯᠠᠨ ᠡᠰᠢᠲᠦ ᠪᠣᠯᠣᠨ ᠨᠢᠭᠡ ᠴᠣᠭᠴᠠᠵᠢᠭᠤᠯᠬᠣ ᠵᠢ ᠠᠭᠤᠰᠤᠯᠴᠠᠭᠤᠯᠵᠤ᠂ ᠰᠢᠨ᠎ᠡ ᠴᠠᠭ ᠦᠶ᠎ᠡ᠎ᠶᠢᠨ ᠰᠣᠶᠣᠯ᠎ᠢ ᠨᠡᠢᠳᠬᠡᠬᠦ᠎ᠪᠡᠷ ᠰᠣᠶᠣᠯ᠎ᠤᠨ ᠬᠠᠮᠲᠤ᠎ᠶᠢᠨ ᠲᠠᠨᠢᠯᠲᠠ᠎ᠶᠢ ᠠᠬᠢᠭᠤᠯᠵᠤ᠂ ᠡᠭᠦᠨ᠎ᠦ ᠤᠯᠠᠮ᠎ᠢᠶᠠᠷ ᠦᠨᠳᠦᠰᠦᠲᠡᠨ᠎ᠦ ᠪᠦᠯᠬᠦᠮᠳᠡᠯ ᠪᠣᠯᠣᠨ ᠬᠠᠮᠲᠤ᠎ᠶᠢᠨ ᠲᠠᠪᠰᠢᠯᠳᠠ᠎ᠶᠢ ᠨᠡᠩ ᠰᠠᠢᠲᠤᠷ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠶᠠᠪᠤᠳᠠᠯ ᠪᠣᠯᠣᠨ᠎ᠠ᠃ ᠡᠨᠡ᠎ᠬᠦ ᠶᠠᠪᠤᠴᠠ ᠨᠢ ᠤᠮᠠᠷᠠᠲᠤ ᠬᠢᠯᠢ ᠎ᠶᠢᠨ ᠰᠣᠶᠣᠯ᠎ᠤᠨ ᠲᠦᠷᠦᠯ ᠲᠡᠮᠳᠡᠭ᠎ᠦᠨ ᠡᠭᠦᠳᠦᠯᠳᠡ᠎ᠶᠢᠨ ᠢᠯᠡ ᠲᠣᠳᠣ᠌᠂ ᠤᠯᠠᠨ ᠡᠰᠢᠲᠦ ᠨᠢᠭᠡ ᠴᠣᠭᠴᠠᠵᠢᠭ᠍ᠰᠠᠨ᠂ ᠨᠢᠭᠡ ᠴᠣᠭᠴᠠᠵᠢᠭ᠍ᠰᠠᠨ ᠬᠥᠲᠥᠯᠥᠨ ᠳᠠᠭᠠᠭᠤᠯᠬᠤ ᠰᠣᠶᠣᠯ᠎ᠤᠨ ᠬᠡᠪ ᠴᠢᠨᠠᠷ᠎ᠢ ᠢᠮᠠᠭᠲᠠ ᠢᠯᠡᠷᠡᠭᠦᠯᠬᠦ ᠬᠡᠷᠡᠭᠲᠡᠢ᠃

ᠨᠠᠮ ᠪᠠᠶ᠋ᠢᠭᠤᠯᠤᠭᠰᠠᠨ ᠠᠭᠤᠤ ᠶᠡᠬᠡ ᠵᠣᠷᠢᠭ᠋ ᠰᠠᠨᠠᠭ᠎ᠠ᠎ᠪᠠᠷ ᠡᠬᠢ ᠡᠭᠦᠰᠦᠯ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ᠋ ᠰᠠᠨᠠᠭᠠᠨ᠎ᠤ ᠴᠠᠳᠢᠭ᠎ᠢ ᠪᠠᠳᠠᠷᠠᠭᠤᠯᠵᠤ᠂ ᠬᠤᠪᠢᠰᠬᠠᠯ᠎ᠤᠨ ᠰᠣᠶᠣᠯ᠎ᠢ ᠤᠯᠠᠮᠵᠢᠯᠠᠨ ᠵᠠᠯᠭᠠᠮᠵᠢᠯᠠᠵᠤ᠂ ᠬᠤᠪᠢᠰᠬᠠᠯ᠎ᠤᠨ ᠭᠸᠨ᠎ᠢ ᠦᠷᠭᠦᠯᠵᠢᠯᠡᠭᠦᠯᠵᠦ᠂ ᠨᠠᠮ᠎ᠤᠨ ᠠᠴᠢ᠎ᠡᠨᠡᠷᠢᠯ᠎ᠳᠦ ᠲᠠᠯᠠᠷᠬᠠᠵᠦ ᠨᠠᠮ᠎ᠤᠨ ᠦᠭᠡ᠎ᠶᠢ ᠰᠣᠨᠣᠰᠬᠤ ᠵᠢ ᠭᠣᠢᠪᠢᠰᠢ ᠦᠬᠡᠢ ᠪᠠᠷᠢᠮᠳᠠᠯᠠᠵᠦ᠂ ᠶᠡᠷᠦᠩᠬᠡᠢ ᠱᠦᠵᠢ ᠰᠢ᠎ᠶᠢᠨ ᠫᠢᠩ᠎ᠢ ᠰᠠᠯᠤᠯ ᠦᠭᠡᠢ ᠳᠠᠭᠠᠵᠤ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ᠎ᠳᠤ ᠵᠢᠱ᠌ᠢᠶᠡᠴᠢ ᠪᠣᠯᠵᠤ᠂ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠦᠨ ᠢᠯᠡ ᠲᠣᠳᠣ᠌ ᠬᠤᠪᠢᠰᠬᠠᠯ᠎ᠤᠨ ᠭᠧᠨ ᠪᠣᠯᠣᠨ ᠤᠯᠤᠰ ᠲᠦᠷᠦ᠎ᠶᠢᠨ ᠣᠣᠷ ᠴᠢᠨᠠᠷ᠎ᠢ ᠢᠮᠠᠭᠲᠠ ᠢᠯᠡᠷᠡᠭᠦᠯᠬᠦ ᠬᠡᠷᠡᠭᠳᠡᠢ᠃

ᠬᠤᠪᠢᠰᠬᠠᠯ᠎ᠦᠨ ᠰᠣᠶᠣᠯ ᠪᠣᠯ ᠨᠠᠮ ᠪᠠ ᠠᠷᠠᠳ ᠲᠦᠮᠡᠨ᠎ᠦ ᠠᠭᠤᠤ ᠶᠡᠬᠡ ᠬᠤᠪᠢᠰᠬᠠᠯᠲᠤ ᠲᠡᠮᠡᠴᠡᠯ᠎ᠦᠨ ᠳᠤᠮᠳᠠ ᠡᠭᠦᠳᠦᠨ ᠪᠦᠲᠦᠭᠡᠭᠰᠡᠨ ᠴᠠᠭ ᠦᠶ᠎ᠡ᠎ᠶᠢᠨ ᠣᠨᠴᠠᠯᠢᠭ᠋᠎ᠢᠶᠠᠷ ᠪᠠᠶᠠᠯᠢᠭ᠋ ᠡᠷᠬᠢᠮ ᠨᠠᠨᠳᠢᠨ ᠤᠶᠤᠨ ᠰᠠᠨᠠᠭᠠᠨ᠎ᠤ ᠡᠳ᠋ ᠪᠠᠶᠠᠯᠢᠭ᠋ ᠮᠥᠨ᠂ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠰᠣᠶᠣᠯ᠎ᠤᠨ ᠭᠤᠢᠪᠢᠰᠢ ᠦᠭᠡᠢ ᠰᠠᠭᠤᠷᠢ ᠮᠥᠨ᠂ ᠮᠠᠨ᠎ᠤ ᠰᠣᠶᠣᠯ᠎ᠤᠨ ᠢᠲᠡᠭᠡᠯ᠎ᠦᠨ ᠴᠢᠬᠤᠯᠠ ᠲᠤᠯᠭᠠᠭᠤᠷᠢᠯᠠᠯ ᠮᠥᠨ᠃《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ ᠎ᠪᠠᠷ ᠪᠦᠲᠦᠭᠡᠨ ᠪᠠᠶ᠋ᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠲᠣᠭᠲᠠᠭᠠᠯ 》᠎ᠳᠤ ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ ᠎ᠪᠠᠷ ᠪᠦᠲᠦᠭᠡᠨ ᠪᠠᠢᠭᠤᠯᠬᠣ᠎ᠳᠦ ᠂ ᠡᠩ ᠲᠡᠷᠢᠭᠦᠨ᠎ᠳᠦ ᠨᠠᠮ᠎ᠤᠨ ᠠᠴᠢ ᠡᠨᠡᠷᠢᠯ᠎ᠳᠦ ᠲᠠᠯᠠᠷᠬᠠᠵᠦ ᠨᠠᠮ᠎ᠤᠨ ᠦᠭᠡ᠎ᠶᠢ ᠰᠣᠨᠣᠰᠴᠤ᠂ ᠶᠡᠷᠦᠩᠬᠡᠢ ᠱᠦᠵᠢ ᠰᠢ᠎ᠶᠢᠨ ᠫᠢᠩ᠎ᠢ ᠡᠷᠡᠰ ᠲᠠᠭᠠᠵᠦ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ ᠲᠠᠯ᠎ᠠ᠎ᠪᠠᠷ ᠵᠢᠱ᠌ᠢᠶᠡᠴᠢ ᠪᠣᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠬᠤᠪᠢ᠎ᠳᠤ᠂ ᠵᠢᠱ᠌ᠢᠶᠡᠴᠢ ᠨᠢ ᠳᠠᠷᠤᠢ ᠨᠠᠮ᠎ᠤᠨ ᠦᠭᠡ᠎ᠶᠢ ᠰᠣᠨᠣᠰᠬᠤ ᠲᠠᠯ᠎ᠠ᠎ᠪᠠᠷ᠂ ᠡᠷᠬᠡᠪᠰᠢ ᠨᠠᠮ᠎ᠵᠢᠡᠨ ᠬᠦᠷᠢᠶᠡᠯᠡᠬᠦ᠂ ᠨᠠᠮ᠎ᠤᠨ ᠲᠥᠪ ᠬᠣᠷᠢᠶ᠎ᠠ᠎ᠪᠠᠨ ᠬᠦᠷᠢᠶᠡᠯᠡᠬᠦ ᠬᠤᠪᠢᠰᠬᠠᠯᠲᠤ ᠣᠳᠣᠮᠰᠢᠯ᠎ᠢ ᠰᠠᠢᠳᠣᠷ ᠤᠯᠠᠮᠵᠢᠯᠠᠬᠤ᠎ᠶᠢ ᠴᠢᠬᠤᠯᠠᠴᠢᠯᠠᠵᠤ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ᠂ ᠤᠯᠠᠨ ᠲᠦᠮᠡᠨ᠎ᠢ ᠬᠥᠮᠥᠵᠢᠭᠦᠯᠦᠨ ᠬᠥᠲᠥᠯᠥᠨ ᠳᠠᠭᠠᠭᠤᠯᠵᠤ《ᠬᠣᠶᠠᠷ᠎ᠢ ᠲᠣᠭᠲᠠᠭᠠᠬᠰᠠᠨ》᠎ᠦ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠨᠡᠩ ᠭᠦᠨᠵᠡᠭᠡᠢ ᠣᠢᠯᠠᠭᠠᠭᠤᠯᠵᠤ᠂ ᠨᠡᠩ ᠤᠬᠠᠮᠰᠠᠷ᠎ᠡᠴᠡ᠎ᠪᠠᠨ 《ᠲᠦᠷᠪᠡᠨ ᠤᠬᠠᠮᠰᠠᠷ》 ᠎ᠢ ᠴᠢᠩᠭᠠᠳᠬᠠᠵᠤ᠂《ᠲᠦᠷᠪᠡᠨ ᠢᠲᠡᠭᠡᠯ》 ᠎ᠢ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠡᠭᠦᠳᠴᠦ ᠂ ᠬᠤᠪᠢᠰᠬᠠᠯ᠎ᠤᠨ ᠰᠣᠶᠣᠯ᠎ᠢ ᠤᠯᠠᠮᠵᠢᠯᠠᠨ ᠵᠠᠯᠭᠠᠮᠵᠢᠯᠠᠵᠤ᠂ ᠬᠣᠪᠢᠰᠬᠠᠯ᠎ᠦᠨ ᠭᠸᠨ᠎ᠢ᠎ᠦᠷᠭᠦᠯᠵᠢᠯᠡᠭᠦᠯᠬᠦ᠎ᠳᠦ ᠂ ᠡᠩ ᠲᠡᠷᠢᠭᠦᠨ᠎ᠳᠦ ᠪᠦᠲᠦᠮᠵᠢᠲᠡᠶ ᠠᠴᠢᠶᠠᠯᠠᠪᠤᠷᠢ ᠪᠠ ᠬᠡᠯᠪᠡᠷᠢ᠎ᠪᠡᠷ ᠳᠡᠮᠵᠢᠵᠦ ᠂ ᠥᠷᠭᠡᠨ ᠣᠯᠠᠨ ᠺᠠᠳ᠋ᠷ ᠣᠯᠠᠨ ᠲᠦᠮᠡᠨ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢᠭᠠᠳ 《ᠲᠠᠪᠤᠨ ᠪᠠᠳᠠᠭ ᠦᠭᠡ 》᠎ᠶᠢᠨ ᠪᠣᠳᠠᠲᠤ ᠬᠡᠷᠡᠭ ᠪᠠ ᠶᠣᠰᠣ᠌ ᠤᠴᠢᠷ᠎ᠢ ᠪᠠᠲᠤ ᠴᠡᠭᠡᠵᠢᠯᠡᠭᠦᠯᠬᠦ ᠬᠡᠷᠡᠭᠲᠡᠢ ᠄ ᠥᠪᠥᠷ ᠮᠣᠩᠭᠣᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ ᠎ᠦᠨ ᠡᠷᠲᠡ ᠨᠠᠮ᠎ᠤᠨ ᠵᠣᠬᠢᠶᠠᠨ ᠪᠠᠢᠭᠤᠯᠤᠯᠲᠠ ᠎ᠶᠢ ᠪᠠᠢᠭᠤᠯᠤᠭᠰᠠᠨ ᠦᠨᠳᠦᠰᠦᠲᠡᠨ᠎ᠦ ᠣᠷᠣᠨ ᠪᠣᠯᠣᠨ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠢᠭᠤᠳ ᠤᠳᠤᠷᠢᠳᠤᠯᠭ᠎ᠠ᠎ᠶᠢᠨ ᠳᠣᠣᠷ᠎ᠠ ᠪᠠᠢᠭᠤᠯᠤᠭᠳᠠᠭᠰᠠᠨ ᠶᠤᠮ᠂ ᠥᠪᠥᠷ ᠮᠣᠩᠭᠣᠯ ᠪᠣᠯ ᠨᠠᠮ᠎ᠤᠨ ᠲᠥᠪ ᠬᠣᠷᠢᠶᠠᠨ᠎ᠤ ᠳᠡᠮᠵᠢᠯᠭᠡ᠎ᠶᠢᠨ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠣᠯ᠎ᠤᠨ ᠠᠵᠢᠯ᠎ᠤᠨ ᠳᠤᠮᠳᠠ ᠭᠠᠷᠤᠭᠰᠠᠨ ᠬᠦᠨᠳᠦ ᠶᠡᠬᠡ ᠡᠨᠳᠡᠭᠦᠦ ᠪᠤᠷᠤᠭᠤ᠎ᠶᠢ ᠴᠥᠮ ᠨᠠᠮ᠎ᠤᠨ ᠲᠥᠪ ᠬᠣᠷᠢᠶ᠎ᠠ᠎ᠠᠴᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠣᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠬᠤᠪᠢ᠎ᠳᠤ ᠨᠠᠮ᠎ᠤᠨ ᠦᠭᠡ᠎ᠶᠢ ᠰᠣᠨᠣᠰᠬᠤ ᠲᠠᠯ᠎ᠠ᠎ᠪᠠᠷ ᠵᠢᠱ᠌ᠢᠶᠡᠴᠢ ᠪᠣᠯᠤᠭᠰᠠᠨ ᠶᠤᠮ᠃ ᠠᠴᠢ ᠡᠨᠡᠷᠢᠯ᠎ᠳᠦ ᠲᠠᠯᠠᠷᠬᠠᠵᠣ ᠡᠷᠡᠯᠬᠡᠭᠯᠡᠨ ᠤᠷᠤᠭᠰᠢᠯᠠᠬᠤ ᠭᠣᠣᠯ ᠰᠡᠳᠦᠪᠲᠦ ᠵᠣᠬᠢᠶᠠᠨ ᠪᠦᠲᠦᠭᠡᠯᠭᠡ ᠪᠣᠯ ᠥᠪᠥᠷ ᠮᠣᠩᠭᠣᠯ᠎ᠤᠨ ᠰᠣᠶᠣᠯ ᠤᠷᠠᠯᠢᠭ᠋᠎ᠤᠨ ᠵᠣᠬᠢᠶᠠᠨ ᠪᠦᠲᠦᠭᠡᠯᠭᠡ᠎ᠶᠢᠨ ᠰᠢᠯᠢᠳᠡᠭ ᠤᠯᠠᠮᠵᠢᠯᠠᠯ ᠮᠥᠨ᠂ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠡᠴᠡ ᠨᠠᠭᠠᠰᠢᠬᠢ ᠡᠯ᠎ᠡ ᠲᠡᠦᠬᠡᠨ ᠴᠠᠭ ᠦᠶ᠎ᠡ᠎ᠳᠦ ᠵᠣᠬᠢᠶᠠᠨ ᠪᠦᠲᠦᠭᠡᠭᠰᠡᠨ ᠡᠯ᠎ᠡ ᠲᠥᠷᠥᠯ᠎ᠦᠨ ᠤᠳᠬ᠎ᠠ ᠤᠷᠠᠯᠢᠭ᠋᠎ᠤᠨ ᠪᠦᠲᠦᠭᠡᠯ᠎ᠳᠦ ᠲᠥᠪᠯᠡᠷᠡᠩᠭᠦᠢ᠎ᠪᠡᠷ ᠢᠯᠡᠷᠡᠵᠦ ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ ᠎ᠶᠢ ᠠᠬᠢᠭᠤᠯᠬᠤ ᠶᠠᠪᠤᠴᠠ᠎ᠳᠤ ᠂ ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ ᠡᠨᠡ ᠭᠦ᠌ ᠢᠷᠠᠭᠤ ᠠᠯᠳᠠᠷᠲᠤ ᠤᠯᠠᠮᠵᠢᠯᠠᠯ ᠪᠣᠯᠣᠨ ᠵᠣᠬᠢᠶᠠᠨ ᠪᠦᠲᠦᠭᠡᠯᠭᠡ᠎ᠶᠢᠨ ᠳᠠᠪᠠᠭᠤᠯᠢᠭ᠋᠎ᠢ ᠪᠠᠳᠠᠷᠠᠭᠤᠯᠤᠨ ᠬᠥᠭᠵᠢᠭᠦᠯᠵᠦ᠂ ᠰᠠᠢᠨ ᠰᠠᠢᠬᠠᠨ ᠠᠮᠢᠳᠤᠷᠠᠯ᠎ᠢ ᠬᠠᠮᠲᠤ ᠪᠠᠷ ᠴᠣᠭᠴᠠᠯᠠᠬᠤ ᠠᠭᠤᠤ ᠶᠡᠬᠡ ᠦᠢᠯᠡᠳᠦᠯᠭᠡ ᠳᠤᠮᠳᠠ᠂ ᠨᠠᠮ᠎ᠢᠶᠠᠨ ᠮᠠᠭᠲᠠᠨ ᠳᠠᠭᠤᠯᠠᠭᠰᠠᠨ᠂ ᠡᠬᠡ ᠤᠯᠤᠰ᠎ᠢᠶᠠᠨ ᠮᠠᠭᠲᠠᠨ ᠳᠠᠭᠤᠯᠠᠭᠰᠠᠨ᠂ ᠠᠷᠠᠳ ᠲᠦᠮᠡᠨ᠎ᠢᠶᠡᠨ ᠮᠠᠭᠲᠠᠨ ᠳᠠᠭᠤᠯᠠᠭᠰᠠᠨ᠂ ᠪᠠᠭᠠᠲᠤᠷᠴᠤᠳ᠎ᠢᠶᠠᠨ ᠮᠠᠭᠲᠠᠨ ᠳᠠᠭᠤᠯᠠᠭᠰᠠᠨ᠂ ᠰᠢᠨ᠎ᠡ ᠴᠠᠭ ᠦᠶ᠎ᠡ᠎ᠶᠢ ᠮᠠᠭᠲᠠᠨ ᠳᠠᠭᠤᠯᠠᠭᠰᠠᠨ ᠨᠡᠩ ᠤᠯᠠᠨ ᠰᠢᠯᠢᠳᠡᠭ ᠪᠦᠲᠦᠭᠡᠯ᠎ᠢ ᠵᠣᠬᠢᠶᠠᠨ ᠪᠦᠲᠦᠭᠡᠵᠦ᠂ ᠬᠤᠪᠢᠰᠬᠠᠯ᠎ᠤᠨ ᠭᠸᠨ᠎ᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠬᠢᠯ᠎ᠦᠨ ᠭᠦᠨ᠎ᠳᠦ ᠭᠦᠨ ᠦᠨᠳᠦᠰᠦᠯᠡᠭᠦᠯᠵᠦ᠂ ᠳᠠᠰᠤᠷᠠᠯᠳᠠ ᠦᠭᠡᠢ ᠠᠴᠢ ᠡᠨᠡᠷᠢᠯ᠎ᠳᠦ ᠲᠠᠯᠠᠷᠬᠠᠵᠣ ᠡᠷᠡᠯᠬᠡᠭᠯᠡᠨ ᠤᠷᠤᠭᠰᠢᠯᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃

ᠠᠷᠠᠳ ᠲᠦᠮᠡᠨ᠎ᠢᠶᠡᠷ ᠭᠣᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ᠎ᠶᠢ ᠪᠠᠷᠢᠮᠲᠠᠯᠠᠵᠤ᠂ ᠤᠯᠠᠭᠠᠨᠮᠥ᠋ᠴᠢᠷ᠎ᠦᠨ ᠢᠷᠠᠭᠤ ᠠᠯᠳᠠᠷᠲᠤ ᠤᠯᠠᠮᠵᠢᠯᠠᠯ᠎ᠢ ᠪᠠᠳᠠᠷᠠᠭᠤᠯᠵᠤ᠂ ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠴᠠᠭ ᠦᠶ᠎ᠡ᠎ᠲᠠᠢ ᠵᠡᠷᠭᠡ ᠪᠡᠷ ᠣᠷᠣᠭᠰᠢᠯᠠᠬᠣ᠂ ᠠᠷᠠᠳ ᠲᠦᠮᠡᠨ᠎ᠲᠠᠢ ᠬᠤᠪᠢ ᠵᠠᠶᠠᠭ᠎ᠠ᠎ᠪᠠᠨ ᠬᠠᠮᠲᠤᠳᠬᠠᠬᠤ ᠳᠤᠮᠳᠠ ᠰᠣᠶᠣᠯ᠎ᠤᠨ ᠴᠡᠴᠡᠭᠯᠡᠯ ᠬᠦᠭᠵᠢᠯ᠎ᠢ ᠲᠠᠰᠤᠷᠠᠯᠲᠠ ᠦᠭᠡᠢ ᠠᠬᠢᠭᠤᠯᠵᠤ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠦᠨ ᠢᠯᠡ ᠲᠣᠳᠣ᠌ ᠴᠠᠭ ᠦᠶ᠎ᠡ᠎ᠶᠢᠨ ᠣᠨᠴᠠᠯᠢᠭ᠋ ᠪᠠ ᠠᠷᠠᠳ ᠲᠦᠮᠡᠨ᠎ᠦ ᠵᠣᠭᠰᠣᠯᠲᠠ᠎ᠶᠢ ᠢᠮᠠᠭᠲᠠ ᠢᠯᠡᠷᠡᠭᠦᠯᠬᠦ ᠬᠡᠷᠡᠭᠳᠡᠢ᠃

《ᠠᠷᠠᠳ ᠲᠦᠮᠡᠨ᠎ᠢᠶᠡᠷ ᠭᠣᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ》 ᠪᠣᠯ ᠶᠡᠷᠦᠩᠬᠡᠢ ᠱᠦᠵᠢ ᠰᠢ᠎ᠶᠢᠨ ᠫᠢᠩ᠎ᠦᠨ ᠤᠳᠬ᠎ᠠ ᠤᠷᠠᠯᠢᠭ᠋᠎ᠤᠨ ᠠᠵᠢᠯ᠎ᠤᠨ ᠲᠤᠬᠠᠢ ᠰᠢᠷᠢᠰ ᠴᠢᠬᠤᠯᠠ ᠶᠠᠷᠢᠶᠠᠨ᠎ᠤ ᠭᠣᠣᠯ ᠠᠭᠤᠯᠭ᠎ᠠ᠎ᠶᠢᠨ ᠨᠢᠭᠡ ᠪᠠᠢᠵᠤ᠂ ᠰᠢᠨ᠎ᠡ ᠴᠠᠭ ᠦᠶ᠎ᠡ᠎ᠶᠢᠨ ᠰᠣᠶᠣᠯ ᠤᠳᠬ᠎ᠠ ᠤᠷᠠᠯᠢᠭ᠋᠎ᠤᠨ ᠠᠵᠢᠯ᠎ᠳᠤ ᠨᠠᠢᠳᠠᠮ ᠵᠢᠯᠤᠭᠣᠳᠬᠤ ᠠᠴᠢ ᠬᠣᠯᠪᠣᠭᠳᠠᠯ᠎ᠲᠠᠢ ᠶᠤᠮ᠃ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠎ᠳᠤ ᠮᠠᠷᠺᠰ᠎ᠤᠨ ᠦᠵᠡᠯ᠎ᠦᠨ ᠰᠣᠶᠣᠯ᠎ᠤᠨ ᠦᠵᠡᠯᠲᠡ᠎ᠶᠢ ᠪᠠᠲᠤ ᠪᠡᠬᠢ ᠪᠤᠶ ᠪᠣᠯᠭᠠᠵᠤ ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠦᠨᠡᠨ᠎ᠬᠦ ᠪᠡᠶᠡᠯᠡᠭᠦᠯᠵᠦ ᠂ ᠠᠷᠠᠳ ᠲᠦᠮᠡᠨ᠎ᠦ ᠣᠶᠤᠨ᠎ᠤ ᠪᠡ ᠰᠣᠶᠣᠯ᠎ᠤᠨ ᠬᠡᠷᠡᠭᠴᠡᠭᠡ ᠎ᠶᠢ ᠬᠠᠩᠭᠠᠬᠤ ᠎ᠶᠢ ᠲᠦᠷᠦᠯ ᠲᠡᠮᠳᠡᠭ᠎ᠦᠨ ᠡᠭᠦᠳᠦᠯᠲᠡ᠎ᠶᠢᠨ ᠦᠨᠳᠦᠰᠦᠨ ᠭᠠᠷᠳᠠᠴᠠ ᠪᠠ ᠲᠣᠰᠣᠯᠳᠠ ᠪᠣᠯᠭᠠᠵᠤ ᠂ ᠰᠣᠶᠣᠯ᠎ᠤᠨ ᠬᠥᠭᠵᠢᠯᠲᠡ᠎ᠶᠢᠨ ᠦᠷ᠎ᠡ ᠪᠦᠲᠦᠭᠡᠯ᠎ᠢ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠳᠠᠰᠤᠷᠠᠯᠳᠠ ᠦᠭᠡᠢ ᠬᠦᠷᠲᠡᠭᠡᠵᠦ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠭᠦᠢᠴᠡᠳ ᠬᠥᠭᠵᠢᠭᠡᠪᠡᠯ ᠰᠠᠶᠢ ᠰᠣᠶᠣᠯ᠎ᠤᠨ ᠳᠦᠷᠦᠯ ᠲᠡᠮᠳᠡᠭ᠎ᠢ ᠬᠠᠮᠤᠭ᠎ᠤᠨ ᠥᠷᠭᠡᠨ ᠳᠡᠯᠭᠡᠷ ᠬᠠᠮᠤᠭ᠎ᠤᠨ ᠪᠠᠲᠤ ᠪᠡᠬᠢ ᠰᠠᠭᠤᠷᠢ᠎ᠲᠠᠢ ᠪᠣᠯᠭᠠᠵᠤ᠂ ᠰᠣᠶᠣᠯ᠎ᠤᠨ ᠳᠦᠷᠦᠯ ᠲᠡᠮᠳᠡᠭ᠎ᠦᠨ ᠬᠠᠮᠤᠭ᠎ᠤᠨ ᠶᠡᠬᠡ ᠢᠳᠡᠪᠬᠢ ᠬᠦᠴᠦᠨ᠎ᠢ ᠪᠠᠳᠠᠷᠠᠭᠤᠯᠵᠤ᠂ ᠰᠣᠶᠣᠯ᠎ᠤᠨ ᠳᠦᠷᠦᠯ ᠲᠡᠮᠳᠡᠭ᠎ᠢ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶᠢᠨ ᠤᠶᠤᠨ ᠰᠠᠨᠠᠭᠠᠨ᠎ᠤ ᠢᠯᠡᠳᠬᠡᠮᠵᠢ ᠲᠡᠮᠳᠡᠭ ᠪᠠ ᠡᠷᠡᠯᠬᠡᠭᠯᠡᠨ ᠤᠷᠤᠭᠰᠢᠯᠠᠬᠤ ᠬᠦᠴᠦᠨ ᠪᠣᠯᠭᠠᠵᠤ ᠴᠢᠳᠠᠨ᠎ᠠ᠃ ᠠᠷᠠᠳ ᠲᠦᠮᠡᠨ᠎ᠢᠶᠡᠷ ᠭᠣᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ᠎ᠶᠢ ᠪᠠᠷᠢᠮᠲᠠᠯᠠᠵᠤ ᠂ ᠠᠷᠠᠳ ᠲᠦᠮᠡᠨ᠎ᠦ ᠣᠶᠤᠨ ᠰᠠᠨᠠᠭᠠᠨ᠎ᠤ ᠬᠦᠴᠦᠨ ᠴᠢᠳᠠᠯ᠎ᠢ ᠨᠡᠮᠡᠭᠳᠡᠭᠦᠯᠬᠦ ᠰᠢᠯᠢᠳᠡᠭ ᠪᠦᠲᠦᠭᠡᠯ᠎ᠢ ᠨᠡᠩ ᠣᠯᠠᠨ ᠭᠠᠷᠭᠠᠬᠤ ᠨᠢ ᠤᠮᠠᠷᠠᠲᠤ᠎ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ ᠴᠢᠬᠤᠯᠠ ᠲᠤᠯᠭᠠᠭᠤᠷᠢᠯᠠᠬᠤ ᠴᠡᠭ ᠮᠥᠨ ᠂ ᠡᠷᠬᠡᠪᠰᠢ ᠶᠠᠰᠤ ᠴᠢᠨᠠᠷ᠎ᠢ ᠳᠡᠭᠡᠭᠰᠢᠯᠡᠭᠦᠯᠬᠦ ᠶᠠᠪᠤᠳᠠᠯ᠎ᠢ ᠲᠦᠷᠦᠯ ᠲᠡᠮᠳᠡᠭ᠎ᠦᠨ ᠡᠭᠦᠳᠦᠯᠳᠡ᠎ᠶᠢᠨ ᠠᠮᠢᠨ ᠰᠤᠳᠠᠰᠤ ᠪᠣᠯᠭᠠᠵᠤ᠂ ᠰᠣᠶᠣᠯ ᠤᠳᠬ᠎ᠠ ᠤᠷᠠᠯᠢᠭ᠋᠎ᠤᠨ ᠪᠦᠲᠦᠭᠡᠯ᠎ᠦᠨ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠰᠣᠳᠣᠨ ᠪᠦᠲᠦᠭᠡᠯ᠎ᠦᠨ ᠤᠬᠠᠮᠰᠠᠷ᠎ᠢ ᠴᠢᠩᠭᠠᠳᠬᠠᠵᠤ᠂ ᠰᠣᠳᠣᠨ ᠪᠦᠲᠦᠭᠡᠯ᠎ᠦᠨ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠵᠦ᠂ ᠰᠣᠶᠣᠯ᠎ᠤᠨ ᠪᠦᠲᠦᠭᠡᠭᠳᠡᠬᠦᠨ᠎ᠦ ᠤᠶᠤᠨ ᠰᠠᠨᠠᠭᠠᠨ᠎ᠤ ᠡᠨᠧᠷᠭᠢ᠂ ᠰᠣᠶᠣᠯ᠎ᠤᠨ ᠠᠭᠤᠯᠤᠭᠳᠠᠬᠤᠨ ᠪᠠ ᠤᠷᠠᠯᠢᠭ᠋᠎ᠤᠨ ᠦᠨ᠎ᠡ ᠦᠷᠳᠡᠭ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠡᠩ ᠤᠯᠠᠨ ᠨᠡᠩ ᠰᠠᠢᠨ ᠰᠢᠯᠢᠳᠡᠭ ᠪᠦᠲᠦᠭᠡᠯ᠎ᠢᠶᠡᠷ ᠤᠮᠠᠷᠠᠲᠤ᠎ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠦᠨ ᠨᠥᠯᠥᠭᠡᠯᠡᠬᠦ ᠬᠦᠴᠦᠨ ᠪᠠ ᠢᠷᠠᠭᠤ ᠠᠯᠳᠠᠷ᠎ᠤᠨ ᠬᠡᠮᠵᠢᠶ᠎ᠡ᠎ᠶᠢ ᠲᠤᠯᠭᠠᠭᠤᠷᠢᠯᠠᠬᠤ ᠬᠡᠷᠡᠭᠲᠡᠢ᠃

《ᠤᠯᠤᠰ᠎ᠤᠨ ᠶᠡᠬᠡ ᠶᠠᠪᠣᠳᠠᠯ》᠎ᠢ ᠪᠠᠲᠤ ᠴᠡᠭᠡᠵᠢᠯᠡᠵᠦ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ ᠪᠣᠯᠣᠨ 《ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ᠋ ᠰᠠᠨᠠᠭ᠎ᠠ》 ᠶ᠋ᠢ ᠪᠠᠳᠠᠷᠠᠭᠤᠯᠵᠤ᠂ ᠴᠢᠨᠠᠷ ᠰᠠᠢᠲᠠᠢ ᠬᠥᠭᠵᠢᠬᠦᠯᠬᠦ ᠡᠨᠡ᠎ᠬᠦ ᠦᠨᠳᠦᠰᠦᠨ ᠱᠠᠭᠠᠷᠳᠠᠯᠭ᠎ᠠ᠎ᠪᠠᠷ ᠭᠣᠣᠯᠳᠠᠭᠤᠯᠵᠤ᠂ ᠤᠮᠠᠷᠠᠲᠤ᠎ᠬᠢᠯᠢ ᠵᠢᠨ ᠣᠨᠴᠠᠯᠢᠭ᠋᠎ᠲᠠᠢ ᠠᠮᠢ ᠠᠬᠤᠢ᠎ᠶᠢᠨ ᠰᠣᠶᠣᠯ᠎ᠤᠨ ᠪᠠᠢᠭᠤᠯᠤᠯᠲᠠ᠎ᠶᠢ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠎ᠶᠢᠨ ᠴᠢᠬᠤᠯᠠ ᠠᠭᠤᠯᠭ᠎ᠠ ᠪᠣᠯᠭᠠᠵᠤ᠂ ᠤᠮᠠᠷᠠᠲᠤ᠎ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠦᠨ ᠪᠠᠢᠭᠠᠯᠢ᠎ᠶᠢᠨ ᠭᠠᠵᠠᠷ ᠵᠦᠢ᠎ᠶᠢᠨ ᠣᠨᠴᠠᠯᠢᠭ᠋ ᠪᠣᠯᠣᠨ ᠪᠣᠬᠢᠷᠲᠤᠯ ᠦᠭᠡᠢ ᠠᠮᠢ ᠠᠬᠤᠢ᠎ᠶᠢᠨ ᠰᠢᠨᠵᠢ ᠴᠢᠨᠠᠷ᠎ᠢ ᠢᠮᠠᠭᠲᠠ ᠢᠯᠡᠷᠡᠭᠦᠯᠬᠦ ᠬᠡᠷᠡᠭᠲᠡᠢ᠃

ᠨᠢᠭᠡᠨ ᠭᠠᠵᠠᠷ ᠣᠷᠣᠨ᠎ᠤ ᠰᠣᠶᠣᠯ᠎ᠤᠨ ᠪᠦᠷᠢᠯᠳᠦᠯ ᠪᠠ ᠬᠥᠭᠵᠢᠯᠲᠡ ᠨᠢ ᠡᠨᠡ ᠬᠦ᠌ ᠭᠠᠵᠠᠷ ᠣᠷᠣᠨ᠎ᠤ ᠥᠪᠡᠷᠮᠢᠴᠡ ᠪᠠᠢᠭᠠᠯᠢ᠎ᠶᠢᠨ ᠭᠠᠵᠠᠷ ᠵᠦᠢ᠎ᠶᠢᠨ ᠣᠷᠴᠢᠨ ᠲᠣᠭᠣᠷᠢᠨ᠎ᠲᠠᠢ ᠰᠠᠯᠤᠰᠢ ᠦᠭᠡᠢ ᠨᠢᠭ᠍ᠲᠠ ᠬᠣᠯᠪᠣᠭ᠎ᠠ᠎ᠲᠠᠢ ᠶᠤᠮ᠃ ᠥᠪᠥᠷ ᠮᠣᠩᠭᠣᠯ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠪᠣᠯᠤᠭᠰᠠᠨ᠎ᠤ ᠬᠤᠪᠢ᠎ᠳᠤ᠂ ᠣᠨᠴᠠᠭᠠᠢ ᠭᠠᠵᠠᠷ ᠵᠦᠢ᠎ᠶᠢᠨ ᠪᠠᠢᠷᠢᠰᠢᠯ ᠪᠠ ᠪᠠᠢᠭᠠᠯᠢ᠎ᠶᠢᠨ ᠭᠠᠵᠠᠷ ᠵᠦᠢ᠎ᠶᠢᠨ ᠣᠨᠴᠠᠯᠢᠭ᠋ ᠨᠢ ᠤᠮᠠᠷᠠᠲᠤ ᠬᠢᠯᠢ᠎ᠶᠢᠨ ᠰᠣᠶᠣᠯ᠎ᠤᠨ ᠢᠯᠡ ᠲᠣᠳᠣ᠌ ᠠᠮᠢ ᠠᠬᠤᠢ᠎ᠶᠢᠨ ᠰᠣᠶᠣᠯ᠎ᠤᠨ ᠰᠢᠨᠵᠢ ᠴᠢᠨᠠᠷ ᠪᠠ ᠣᠨᠴᠠᠯᠢᠭ᠋᠎ᠲᠠᠢ ᠪᠠᠢᠬᠤ᠎ᠶᠢ ᠲᠣᠭᠲᠠᠭᠠᠭᠰᠠᠨ ᠪᠠᠢᠨ᠎ᠠ᠃ ᠬᠡᠷᠬᠢᠨ ᠠᠮᠢ ᠠᠬᠤᠢ᠎ᠶᠢᠨ ᠰᠣᠶᠣᠯ᠎ᠤᠨ ᠪᠠᠢᠭᠤᠯᠤᠯᠲᠠ᠎ᠶᠢᠨ ᠬᠠᠷᠠᠭᠠᠰᠤ ᠡᠴᠡ ᠤᠮᠠᠷᠠᠲᠤ ᠬᠢᠯᠢ᠎ᠶᠢᠨ ᠰᠣᠶᠣᠯ᠎ᠢ ᠲᠠᠨᠢᠵᠤ᠂ ᠪᠠᠶᠠᠯᠢᠭ᠍ᠵᠢᠭᠤᠯᠤᠨ ᠬᠥᠭᠵᠢᠭᠦᠯᠵᠦ᠂ ᠤᠮᠠᠷᠠᠲᠤ ᠬᠢᠯᠢ᠎ᠶᠢᠨ ᠰᠣᠶᠣᠯ᠎ᠤᠨ ᠲᠥᠷᠥᠯ ᠲᠡᠮᠳᠡᠭ᠎ᠦᠨ ᠎ᠪᠠᠢᠭᠠᠯᠢ᠎ᠶᠢᠨ ᠭᠠᠵᠠᠷ ᠵᠦᠢ᠎ᠶᠢᠨ ᠣᠨᠴᠠᠯᠢᠭ᠋ ᠪᠠ ᠪᠣᠬᠢᠷᠲᠤᠯ ᠦᠭᠡᠢ ᠠᠮᠢ ᠠᠬᠤᠢ᠎ᠶᠢᠨ ᠰᠢᠨᠵᠢ ᠴᠢᠨᠠᠷ᠎ᠢ ᠢᠯᠡᠷᠡᠭᠦᠯᠬᠦ ᠪᠣᠯ ᠤᠮᠠᠷᠠᠲᠤ ᠬᠢᠯᠢ᠎ᠶᠢᠨ ᠰᠣᠶᠣᠯ᠎ᠤᠨ ᠲᠥᠷᠥᠯ ᠲᠡᠮᠳᠡᠭ᠎ᠤᠨ ᠪᠠᠢᠭᠤᠯᠤᠯᠲᠠ᠎ᠳᠤ ᠲᠤᠯᠭᠠᠷᠠᠵᠤ ᠪᠠᠢᠭ᠎ᠠ ᠪᠠᠰᠠ ᠨᠢᠭᠡᠨ ᠴᠢᠬᠤᠯᠠ ᠡᠭᠦᠷᠭᠡ ᠮᠥᠨ ᠃ ᠠᠮᠢ ᠠᠬᠤᠢ ᠎ᠶᠢᠨ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ ᠪᠣᠯ ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ ᠎ᠶᠢᠨ ᠳᠠᠪᠠᠭᠤᠯᠢᠭ᠋ ᠪᠠ ᠤᠯᠠᠮᠵᠢᠯᠠᠯ ᠮᠥᠨ ᠃ ᠤᠯᠠᠨ ᠵᠢᠯ᠎ᠦᠨ ᠲᠤᠷᠰᠢ ᠥᠷᠭᠡᠨ ᠤᠯᠠᠨ ᠤᠳᠬ᠎ᠠ ᠤᠷᠠᠯᠢᠭ᠋᠎ᠤᠨ ᠠᠵᠢᠯᠲᠠᠳ ᠪᠠᠢᠭᠠᠯᠢ᠎ᠶᠢ ᠡᠷᠬᠢᠮᠯᠡᠬᠦ᠂ ᠣᠷᠴᠢᠨ ᠠᠬᠤᠢ᠎ᠶᠢ ᠬᠠᠮᠠᠭᠠᠯᠠᠬᠤ᠂ ᠬᠥᠮᠥᠨ ᠬᠢᠭᠡᠳ ᠪᠠᠢᠭᠠᠯᠢ᠎ᠶᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ᠎ᠶᠢ ᠠᠬᠢᠭᠤᠯᠬᠤ ᠦᠨᠳᠦᠰᠦᠨ ᠦᠷᠳᠡᠭ᠎ᠦᠨ ᠦᠵᠡᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠮᠢ ᠠᠬᠤᠢ᠎ᠶᠢᠨ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ᠎ᠶᠢ ᠴᠢᠩᠭᠠᠳᠬᠠᠵᠤ᠂ ᠮᠠᠰᠢ ᠤᠯᠠᠨ ᠰᠢᠯᠢᠳᠡᠭ ᠪᠦᠲᠦᠭᠡᠯ ᠴᠣᠯᠭᠣᠷᠠᠨ ᠭᠠᠷᠴᠠᠢ᠃ ᠤᠮᠠᠷᠠᠲᠤ᠎ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ ᠦᠢᠯᠡᠳᠦᠯᠭᠡ ᠳᠤᠮᠳᠠ ᠠᠮᠢ ᠠᠬᠤᠢ᠎ᠶᠢᠨ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ ᠳᠤᠲᠠᠭᠳᠠᠵᠤ ᠪᠣᠯᠣᠰᠢ ᠦᠭᠡᠢ ᠪᠥᠭᠡᠳ ᠡᠨᠡ ᠲᠠᠯ᠎ᠠ ᠪᠡᠷ ᠶᠡᠬᠡᠬᠡᠨ ᠠᠵᠢᠯ ᠬᠢᠵᠦ ᠪᠦᠲᠦᠭᠡᠵᠦ ᠪᠣᠯᠬᠤ ᠶᠤᠮ᠃

ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠪᠠᠶ᠋ᠢᠭᠤᠯᠬᠤ ᠰᠢᠨ᠎ᠡ ᠡᠭᠦᠷᠭᠡ᠎ᠶᠢ ᠪᠣᠳᠣᠯᠬᠢᠯᠠᠨ᠂ ᠤᠮᠠᠷᠠᠲᠤ ᠬᠢᠯᠢ᠎ᠶᠢᠨ ᠡᠬᠡ ᠭᠠᠵᠠᠷ᠎ᠤᠨ ᠦᠨᠳᠦᠰᠦᠲᠡᠨ᠎ᠨᠦᠭᠦᠳ᠎ᠦᠨ ᠰᠢᠯᠢᠳᠡᠭ ᠤᠯᠠᠮᠵᠢᠯᠠᠯᠲᠤ ᠰᠣᠶᠣᠯ ᠪᠠ ᠬᠥᠮᠥᠨ ᠰᠣᠶᠣᠯ᠎ᠤᠨ ᠡᠬᠢ ᠪᠠᠶᠠᠯᠢᠭ᠋᠎ᠢ ᠭᠦᠨᠵᠡᠭᠡᠢ ᠠᠭᠤᠳᠠᠯᠵᠤ᠂ ᠤᠯᠠᠮᠵᠢᠯᠠᠨ ᠪᠠᠳᠠᠷᠠᠭᠤᠯᠵᠤ᠂ ᠪᠦᠲᠦᠭᠡᠯᠴᠢ ᠴᠢᠨᠠᠷᠲᠠᠢ᠎ᠪᠠᠷ ᠬᠤᠪᠢᠷᠠᠭᠤᠯᠬᠤ ᠪᠠ ᠰᠢᠨ᠎ᠡ᠎ᠶᠢ ᠡᠭᠦᠳᠬᠦ ᠴᠢᠨᠠᠷᠲᠠᠢ᠎ᠪᠠᠷ ᠬᠥᠭᠵᠢᠭᠦᠯᠵᠦ᠂ ᠦᠨᠳᠦᠰᠦᠲᠡᠨ᠎ᠨᠦᠭᠦᠳ᠎ᠦᠨ ᠰᠢᠯᠢᠳᠡᠭ ᠤᠯᠠᠮᠵᠢᠯᠠᠯᠲᠤ ᠰᠣᠶᠣᠯ᠎ᠤᠨ ᠰᠢᠨ᠎ᠡ᠎ᠶᠢ ᠡᠭᠦᠳᠦᠨ ᠠᠭᠤᠰᠤᠯᠴᠠᠬᠤ᠎ᠶᠢ ᠠᠬᠢᠭᠤᠯᠵᠤ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠦᠨ ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠬᠤ ᠠᠮᠢᠵᠢᠷᠠᠯ᠎ᠤᠨ ᠬᠦᠴᠦᠨ ᠪᠠ ᠰᠢᠨ᠎ᠡ᠎ᠶᠢ ᠡᠭᠦᠳᠬᠦ ᠣᠨᠴᠠᠯᠢᠭ᠋᠎ᠢ ᠢᠮᠠᠭᠲᠠ ᠢᠯᠡᠷᠡᠭᠦᠯᠬᠦ ᠬᠡᠷᠡᠭᠳᠡᠢ ᠃

ᠪᠦᠲᠦᠭᠡᠯᠴᠢ᠎ᠴᠢᠨᠠᠷᠳᠠᠢ ᠪᠡᠷ ᠬᠤᠪᠢᠷᠠᠭᠤᠯᠬᠤ᠂ ᠰᠢᠨ᠎ᠡ᠎ᠶᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ ᠪᠣᠯ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠬᠦ᠎ᠶᠢᠨ ᠦᠨᠳᠦᠰᠦᠨ ᠴᠢᠭᠯᠡᠯᠲᠡ ᠮᠥᠨ᠃ ᠥᠪᠥᠷ ᠮᠣᠩᠭᠣᠯ᠎ᠤᠨ ᠡᠬᠡ ᠭᠠᠵᠠᠷ᠎ᠲᠠᠬᠢ ᠭᠦᠨ ᠵᠤᠵᠠᠭᠠᠨ ᠲᠡᠦᠬᠡ ᠰᠣᠶᠣᠯ ᠪᠠ ᠡᠯᠪᠡᠭ ᠪᠠᠶᠠᠯᠢᠭ᠋ ᠰᠣᠶᠣᠯ ᠢᠷᠭᠡᠨᠰᠢᠯ᠎ᠦᠨ ᠡᠬᠢ ᠪᠠᠶᠠᠯᠢᠭ᠋᠎ᠢ ᠭᠦᠢᠴᠡᠳ ᠠᠭᠤᠳᠠᠯᠤᠨ ᠠᠮᠢᠳᠤᠯᠢᠭ᠋᠎ᠢᠶᠠᠷ ᠢᠯᠡᠷᠡᠭᠦᠯᠵᠦ᠂ ᠡᠯ᠎ᠡ ᠦᠨᠳᠦᠰᠦᠲᠡᠨ᠎ᠦ ᠰᠣᠶᠣᠯ᠎ᠢ ᠳᠤᠮᠳᠠᠳᠤ᠎ᠶᠢᠨ ᠰᠣᠶᠣᠯ᠎ᠤᠨ ᠲᠤᠬᠠᠢ ᠲᠠᠨᠢᠯᠳᠠ᠎ᠶᠢ ᠨᠡᠮᠡᠭᠳᠡᠭᠦᠯᠦᠭᠰᠡᠨ ᠰᠠᠭᠤᠷᠢᠨ ᠳᠡᠭᠡᠷ᠎ᠡ ᠪᠦᠲᠦᠭᠡᠯᠴᠢ ᠴᠢᠨᠠᠷᠳᠠᠢ ᠎ᠪᠡᠷ ᠬᠤᠪᠢᠷᠠᠭᠤᠯᠬᠤ᠂ ᠰᠢᠨ᠎ᠡ᠎ᠶᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ᠎ᠶᠢ ᠠᠬᠢᠭᠤᠯᠬᠤ ᠪᠣᠯ ᠤᠮᠠᠷᠠᠲᠤ ᠬᠢᠯᠢ ᠎ᠶᠢᠨ ᠰᠣᠶᠣᠯ᠎ᠤᠨ ᠲᠦᠷᠦᠯ ᠲᠡᠮᠳᠡᠭ᠎ᠦᠨ ᠡᠬᠦᠳᠦᠯᠳᠡ ᠎ᠶᠢᠨ ᠴᠢᠬᠤᠯᠠ ᠵᠣᠭᠰᠣᠴᠠ ᠪᠠ ᠦᠢᠯᠡᠳᠦᠯᠭᠡ᠎ᠶᠢᠨ ᠠᠷᠭ᠎ᠠ ᠵᠠᠮ ᠪᠣᠯᠣᠨ᠎ᠠ᠃ ᠭᠠᠭᠴᠠ ᠬᠦ᠌ ᠳᠤᠮᠳᠠᠳᠤ᠎ᠶᠢᠨ ᠰᠣᠶᠣᠯ ᠪᠣᠯᠣᠨ ᠦᠨᠳᠦᠰᠦᠲᠡᠨ᠎ᠨᠦᠭᠦᠳ᠎ᠦᠨ ᠰᠣᠶᠣᠯ᠎ᠤᠨ ᠬᠠᠷᠢᠴᠠᠭ᠎ᠠ᠎ᠶᠢ ᠵᠥᠪ᠎ᠢᠶᠡᠷ ᠲᠠᠨᠢᠨ ᠡᠵᠡᠮᠰᠢᠵᠦ ᠂ ᠳᠤᠮᠳᠠᠳᠤ᠎ᠶᠢᠨ ᠰᠣᠶᠣᠯ᠎ᠤᠨ ᠭᠣᠣᠯ ᠤᠷᠤᠰᠬᠠᠯ ᠂ ᠴᠢᠭᠯᠡᠯ᠎ᠢ ᠪᠠᠷᠢᠮᠲᠠᠯᠠᠬᠤ ᠦᠨᠳᠦᠰᠦᠨ ᠤᠷᠢᠲᠠᠯ ᠳᠣᠣᠷ᠎ᠠ ᠂ ᠡᠯ᠎ᠡ ᠦᠨᠳᠦᠰᠦᠲᠡᠨ᠎ᠦ ᠰᠣᠶᠣᠯ᠎ᠢ ᠴᠡᠴᠡᠭᠯᠡᠭᠦᠯᠦᠨ ᠬᠥᠭᠵᠢᠭᠦᠯᠵᠦ ᠂ ᠦᠨᠳᠦᠰᠦᠲᠡᠨ᠎ᠨᠦᠭᠦᠳ᠎ᠦᠨ ᠰᠢᠯᠢᠳᠡᠭ ᠤᠯᠠᠮᠵᠢᠯᠠᠯᠲᠤ ᠰᠣᠶᠣᠯ᠎ᠢ ᠬᠠᠮᠠᠭᠠᠯᠠᠨ ᠤᠯᠠᠮᠵᠢᠯᠠᠬᠤ ᠪᠠ ᠰᠢᠨ᠎ᠡ᠎ᠶᠢ ᠡᠭᠦᠳᠦᠨ ᠠᠭᠤᠰᠤᠯᠴᠠᠭᠤᠯᠬᠤ ᠎ᠶᠢ ᠠᠬᠢᠭᠤᠯᠵᠤ ᠂ ᠲᠡᠭᠦᠨ᠎ᠢ ᠤᠮᠠᠷᠠᠲᠤ ᠬᠢᠯᠢ᠎ᠶᠢᠨ ᠰᠣᠶᠣᠯ᠎ᠤᠨ ᠢᠯᠡ ᠲᠣᠳᠣ᠌ ᠴᠠᠭ ᠦᠶ᠎ᠡ᠎ᠶᠢᠨ ᠣᠨᠴᠠᠯᠢᠭ᠋᠎ᠤᠨ ᠪᠦᠷᠢᠯᠳᠦᠭᠦᠨ ᠬᠡᠰᠡᠭ ᠪᠣᠯᠭᠠᠪᠠᠯ ᠤᠮᠠᠷᠠᠲᠤ ᠬᠢᠯᠢ᠎ᠶᠢᠨ ᠰᠣᠶᠣᠯ᠎ᠤᠨ ᠲᠥᠷᠥᠯ ᠲᠡᠮᠳᠡᠭ᠎ᠦᠨ ᠡᠭᠦᠳᠦᠯᠳᠡ ᠰᠠᠶᠢ ᠪᠠᠲᠤ ᠪᠡᠬᠢ ᠰᠠᠭᠤᠷᠢ ᠪᠠ ᠦᠷᠭᠦᠯᠵᠢᠯᠡᠬᠦ ᠬᠥᠳᠡᠯᠭᠡᠬᠦ ᠬᠦᠴᠦᠨ᠎ᠲᠠᠢ ᠪᠣᠯᠵᠤ ᠂ ᠰᠠᠶᠢ ᠪᠥᠬᠥ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ ᠂ ᠤᠮᠠᠷᠠᠲᠤ ᠬᠢᠯᠢ᠎ᠶᠢᠨ ᠡᠬᠡ ᠭᠠᠵᠠᠷ᠎ᠲᠤ ᠦᠨᠳᠦᠰᠦᠯᠡᠭᠰᠡᠨ ᠰᠢᠯᠢᠳᠡᠭ ᠰᠣᠶᠣᠯ᠎ᠢ ᠰᠢᠨ᠎ᠡ ᠴᠠᠭ ᠦᠶ᠎ᠡ᠎ᠳᠦ ᠠᠮᠢᠯᠠᠭᠤᠯᠤᠨ ᠬᠥᠭᠵᠢᠭᠡᠵᠦ ᠴᠢᠳᠠᠨ᠎ᠠ ᠃

( ᠵᠣᠬᠢᠶᠠᠭ᠍ᠴᠢ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠲᠠᠷᠣᠭ᠎ᠠ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面