ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2023-10-15 11:01:21

ᠵᠣᠬᠢᠶᠠᠭ᠍ᠴᠢ᠄ ᠹᠸᠩ ᠱᠢᠤᠸᠠᠢ ᠢᠦᠶ ᠰᠦᠨ ᠯᠢᠦ ᠣᠩᠱᠢᠭ᠍ᠰᠠᠨ ᠣᠳᠠᠭ᠎ᠠ᠄ 3

10 ᠰᠠᠷ᠎ᠠ ᠶ᠋ᠢᠨ 6 ᠤ᠋ ᠡᠳᠦᠷ ᠂ ᠥᠪᠥᠷ ᠮᠣᠩᠭᠣᠯ ᠤ᠋ᠨ ᠲᠤᠷᠠᠰᠤᠯᠳᠦ ᠮᠣᠩᠭᠣᠯ ᠰᠣᠶᠣᠯ ᠤ᠋ᠨ ᠬᠢᠵᠠᠭᠠᠷᠳᠤ ᠺᠣᠮᠫᠠᠨᠢ (ᠳᠣᠷᠣᠭ᠍ᠰᠢ ᠳᠤᠷᠠᠰᠤᠯᠳᠦ ᠺᠣᠮᠫᠠᠨᠢ ᠭᠡᠵᠦ᠍ ᠲᠣᠪᠴᠢᠯᠠᠨ᠎ᠠ) ᠶ᠋ᠢᠨ ᠪᠠᠰᠠ ᠨᠢᠭᠡ ᠪᠦᠯᠦᠭ ᠰᠣᠶᠣᠯ ᠤ᠋ᠨ ᠡᠭᠦᠳᠦᠯᠲᠡ ᠶ᠋ᠢᠨ ᠪᠦᠲᠦᠭᠡᠭ᠌ᠳᠡᠬᠦᠨ ᠢ᠋ ᠬᠥᠬᠡᠬᠣᠲᠠ ᠶ᠋ᠢᠨ ᠮᠦᠽᠧᠶ ᠳ᠋ᠦ ᠬᠦᠷᠭᠡᠪᠡ ᠃ ᠨᠠᠶ᠋ᠮᠠᠨ ᠰᠠᠷ᠎ᠠ ᠶ᠋ᠢᠨ ᠲᠡᠷᠭᠡᠯ ᠪᠠᠶᠠᠷ ᠪᠠ ᠤᠯᠤᠰ ᠤ᠋ᠨ ᠪᠠᠶᠠᠷ ᠤ᠋ᠨ 《ᠠᠯᠲᠠᠨ ᠭᠠᠷᠠᠭ》 ᠤ᠋ᠨ ᠠᠮᠠᠷᠠᠯᠳᠠ ᠳ᠋ᠦ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠤᠨᠴᠠ ᠶ᠋ᠢᠨ ᠬᠦᠭᠵᠢᠶᠡᠨ ᠲᠠᠢ ᠪᠠᠢᠵᠦ ᠂ 《ᠤᠮᠠᠷᠠᠲᠤ ᠬᠢᠯᠢ ᠶ᠋ᠢᠨ ᠰᠣᠶᠣᠯ》 ᠤ᠋ᠨ ᠣᠨᠴᠠᠯᠢᠭ ᠲᠠᠶ ᠰᠣᠶᠣᠯ ᠤ᠋ᠨ ᠡᠭᠦᠳᠦᠯᠲᠡ ᠶ᠋ᠢᠨ ᠪᠦᠲᠦᠭᠡᠭ᠌ᠳᠡᠬᠦᠨ ᠤ᠋ ᠪᠣᠷᠣᠯᠠᠭᠤᠯᠭ᠎ᠠ ᠮᠠᠰᠢ ᠰᠠᠢᠨ ᠪᠠᠢᠯ᠎ᠠ ᠃

ᠣᠢᠷ᠎ᠠ ᠶ᠋ᠢᠨ ᠵᠢᠯ ᠳ᠋ᠤ ᠰᠤᠶᠤᠯ ᠤᠷᠠᠯᠢᠭ ᠤ᠋ᠨ ᠬᠠᠯᠠᠭᠤᠨ ᠥᠷᠨᠢᠯᠲᠡ ᠨᠢ ᠰᠤᠶᠤᠯ᠎ᠤᠨ ᠡᠭᠦᠳᠦᠯᠳᠡ ᠶ᠋ᠢᠨ ᠠᠵᠤ ᠦᠶ᠋ᠯᠡᠰ ᠢ᠋ ᠪᠣᠶ ᠪᠣᠯᠭᠠᠵᠤ ᠂ ᠮᠠᠨ ᠤ᠋ ᠣᠷᠣᠨ ᠤ᠋ ᠰᠣᠶᠣᠯ ᠤ᠋ᠨ ᠡᠭᠦᠳᠦᠯᠳᠡ ᠶ᠋ᠢᠨ ᠠᠵᠤ ᠠᠬᠤᠢᠯᠠᠯ ᠤ᠋ᠳ 《ᠤᠮᠠᠷᠠᠲᠤ ᠬᠢᠯᠢ ᠶ᠋ᠢᠨ ᠰᠣᠶᠣᠯ》 ᠤ᠋ᠨ ᠭᠦᠨ ᠵᠤᠵᠠᠭᠠᠨ ᠠᠭᠤᠯᠤᠭ᠍ᠳᠠᠬᠤᠨ ᠳ᠋ᠦ ᠲᠦᠱᠢᠭ᠌ᠯᠡᠨ ᠴᠡᠴᠡᠭᠯᠡᠨ ᠬᠦᠭᠵᠢᠵᠦ ᠪᠠᠢᠨ᠎ᠠ ᠃ 12 ᠵᠢᠯ ᠤ᠋ᠨ ᠡᠮᠦᠨ᠎ᠠ ᠠᠵᠢᠯ ᠲᠥᠷᠥᠯ ᠤ᠋ᠨ ᠬᠢᠨ ᠤ᠋ ᠱᠢᠨ᠎ᠡ ᠭᠠᠷ ᠪᠠᠢᠭ᠍ᠰᠠᠨ ᠡᠴᠡ ᠪᠠᠨ ᠣᠲᠣ ᠥᠪᠡᠷᠲᠡᠭᠡᠨ ᠵᠠᠰᠠᠬᠤ ᠣᠷᠣᠨ ᠤ᠋ ᠰᠣᠶᠣᠯ ᠤ᠋ᠨ ᠡᠭᠦᠳᠦᠯᠳᠡ ᠵᠢᠨ ᠠᠵᠢᠯ ᠲᠥᠷᠥᠯ ᠤ᠋ᠨ ᠳᠠᠭᠠᠭᠤᠯᠤᠭ᠍ᠴᠢ ᠠᠵᠤ ᠠᠬᠤᠢᠯᠠᠯ ᠪᠤᠯᠤᠭᠰᠠᠨ ᠳᠤᠷᠠᠰᠤᠯᠳᠦ ᠺᠣᠮᠫᠠᠨᠢ ᠪᠤᠯ ᠶᠠᠭ 《ᠤᠮᠠᠷᠠᠲᠤ ᠬᠢᠯᠢ ᠶ᠋ᠢᠨ ᠰᠣᠶᠣᠯ》 ᠳ᠋ᠤ ᠲᠦᠱᠢᠭ᠌ᠯᠡᠨ ᠬᠥᠭ᠌ᠵᠢᠨ ᠪᠤᠵᠠᠭᠠᠢᠷᠠᠭ᠍ᠰᠠᠨ ᠨᠡᠢᠲᠡᠯᠢᠭ ᠵᠢᠱ᠌ᠢᠶ᠎ᠡ ᠶᠤᠮᠰᠠᠨ ᠃

ᠳᠤᠷᠠᠰᠤᠯᠳᠦ ᠺᠣᠮᠫᠠᠨᠢ ᠶ᠋ᠢᠨ ᠪᠦᠲᠦᠭᠡᠭ᠌ᠳᠡᠬᠦᠨ ᠤ᠋ ᠦᠵᠡᠭᠦᠯᠭᠡ ᠶ᠋ᠢᠨ ᠲᠣᠭᠣᠷᠢᠭ ᠲᠦ᠍ ᠣᠷᠣᠬᠤ ᠳ᠋ᠦ ᠡᠯ᠎ᠡ ᠵᠦᠢᠯ ᠤ᠋ᠨ ᠰᠣᠶᠣᠯ ᠤ᠋ᠨ ᠡᠭᠦᠳᠦᠯᠲᠡ ᠶ᠋ᠢᠨ ᠪᠦᠲᠦᠭᠡᠭ᠌ᠳᠡᠬᠦᠨ ᠨᠢᠳᠦ ᠬᠤᠵᠢᠷᠯᠠᠨ᠎ᠠ ᠄ ᠮᠣᠩᠭᠣᠯ ᠭᠡᠷ ᠤ᠋ᠨ ᠬᠡᠯᠪᠡᠷᠢ ᠳᠦᠷᠰᠦ ᠲᠡᠶ ᠳᠠᠭᠤᠤ ᠬᠥᠭ᠌ᠵᠢᠮ ᠨᠡᠪᠲᠡᠷᠡᠭᠦᠯᠦᠭᠴᠢ ᠡᠴᠡ ᠤᠶᠠᠩᠭᠠᠳᠦ ᠳᠠᠭᠤᠤ ᠰᠤᠨᠤᠷᠳᠠᠵᠦ ᠂ ᠮᠣᠩᠭᠣᠯ ᠬᠢᠲᠤᠭ᠎ᠠ ᠶ᠋ᠢᠨ ᠬᠡᠯᠪᠡᠷᠢ ᠲᠡᠶ ᠬᠠᠳᠠᠭᠠᠯᠠᠭᠤᠷ ᠲᠠᠪᠠᠭ ᠂ ᠬᠡᠭᠡᠨᠴᠢᠷ ᠰᠠᠢᠬᠠᠨ ᠬᠡ ᠤᠭᠠᠯᠵᠠ ᠲᠠᠢ ᠬᠤᠨᠢᠨ ᠨᠣᠣᠰᠣᠨ ᠭᠡᠷ ᠂ ᠮᠣᠩᠭᠣᠯ ᠮᠣᠷᠢ ᠪᠠᠷ ᠰᠡᠳᠦᠪᠯᠡᠭᠰᠡᠨ ᠰᠣᠶᠣᠯ ᠤ᠋ᠨ ᠡᠭᠦᠳᠦᠯᠲᠡ ᠶ᠋ᠢᠨ ᠪᠡᠯᠡᠭ ᠤ᠋ᠨ ᠬᠠᠢᠷᠴᠠᠭ ᠵᠡᠷᠭᠡ ᠨᠢ ᠨᠢᠭᠡᠳ ᠨᠢᠭᠡ ᠪᠡᠷ ᠢ᠋ᠶ᠋ᠡᠨ ᠥᠪᠡᠷᠮᠢᠴᠡ ᠣᠨᠴᠠᠯᠢᠭ ᠲᠠᠶ ᠪᠠᠢᠯ᠎ᠠ ᠃

ᠵᠢᠭᠤᠯᠴᠢᠳ ᠤ᠋ᠨ ᠬᠡᠷᠡᠭ᠌ᠯᠡᠭᠡ ᠵᠢᠨ ᠣᠢᠯᠠᠭᠠᠭ᠍ᠳᠠᠬᠤᠨ ᠡᠳᠦᠷ ᠢᠷᠡᠬᠦᠶ᠎ᠡ ᠪᠣᠯᠪᠠᠰᠤᠷᠠᠩᠭᠤᠶ ᠪᠣᠯᠬᠤ ᠵᠢ ᠳᠠᠭᠠᠯᠳᠤᠨ ᠵᠥᠪᠬᠡᠨ 《ᠰᠣᠨᠢᠷᠬᠠᠬᠤ》 ᠰᠣᠶᠣᠯ ᠤ᠋ᠨ ᠡᠭᠦᠳᠦᠯᠲᠡ ᠶ᠋ᠢᠨ ᠪᠦᠲᠦᠭᠡᠭ᠌ᠳᠡᠬᠦᠨ ᠨᠢ ᠬᠡᠷᠡᠭ᠌ᠯᠡᠭ᠌ᠴᠢᠳ ᠤ᠋ᠨ ᠲᠠᠭᠠᠱᠢᠶᠠᠯ ᠢ᠋ ᠤᠯᠬᠤ ᠳ᠋ᠦ ᠪᠡᠷᠬᠡ ᠪᠣᠯᠵᠤ ᠂ ᠬᠥᠮᠦᠰ ᠰᠣᠶᠣᠯ ᠤ᠋ᠨ ᠡᠭᠦᠳᠦᠯᠲᠡ ᠶ᠋ᠢᠨ ᠪᠦᠲᠦᠭᠡᠭ᠌ᠳᠡᠬᠦᠨ ᠤ᠋ ᠬᠡᠷᠡᠭ᠌ᠯᠡᠭᠡᠨ ᠤ᠋ ᠴᠢᠨᠠᠷ ᠢ᠋ ᠨᠡᠩ ᠴᠢᠬᠤᠯᠠᠴᠢᠯᠠᠬᠤ ᠪᠣᠯᠵᠠᠶ ᠃ ᠳᠤᠷᠠᠰᠤᠯᠳᠦ ᠺᠣᠮᠫᠠᠨᠢ ᠶ᠋ᠢᠨ ᠬᠡᠷᠡᠭ ᠮᠡᠳᠡᠭ᠌ᠴᠢᠳ ᠤ᠋ᠨ ᠳᠠᠷᠤᠭ᠎ᠠ ᠸᠠᠩ ᠴᠢᠶᠠᠩ ᠄《〈ᠡᠪᠰᠡᠯ ᠤᠷᠤᠭ ᠤ᠋ᠨ ᠬᠤᠨᠳᠠᠭ᠎ᠠ〉 ᠵᠢ ᠬᠢᠬᠦ ᠳ᠋ᠦ ᠵᠣᠣ ᠵᠢᠶᠦ᠋ᠨ᠎ᠦ᠎ᠠᠷᠤ ᠭᠠᠵᠠᠷ ᠮᠤᠷᠳᠠᠭᠰᠠᠨ ᠦᠯᠢᠬᠡᠷ ᠡᠴᠡ ᠰᠠᠨᠠᠭ᠎ᠠ ᠠᠪᠤᠭᠰᠠᠨ ᠶᠤᠮ ᠂ ᠬᠣᠶᠠᠷ ᠤᠯᠠᠭᠠᠨ ᠬᠤᠨᠳᠠᠭ᠎ᠠ ᠵᠢ ᠲᠠᠩ ᠢ᠋ᠶ᠋ᠠᠷ ᠬᠡᠷᠡᠭ᠌ᠯᠡᠵᠦ᠍ ᠪᠣᠯᠤᠨ᠎ᠠ ᠂ ᠬᠤᠤᠰᠯᠠᠭᠤᠯᠤᠭᠠᠳ ᠬᠡᠷᠡᠭᠯᠡᠭᠰᠡᠨ ᠴᠦ᠍ ᠪᠤᠯᠤᠨ᠎ᠠ ᠂ ᠬᠤᠤᠰᠯᠠᠭᠤᠯᠪᠠᠯ ᠤᠯᠠᠭᠠᠨ ᠳ᠋ᠧᠩᠯᠦ᠍ ᠶ᠋ᠢᠨ ᠬᠡᠯᠪᠡᠷᠢ ᠲᠡᠶ ᠪᠠᠢᠵᠤ ᠂ ᠦᠨᠳᠦᠰᠦᠲᠡᠨ ᠤ᠋ ᠪᠦᠯᠬᠦᠮᠳᠡᠯ ᠂ ᠪᠠᠶᠠᠷ ᠪᠠᠶᠠᠰᠤᠯ ᠡᠶ᠎ᠡ ᠨᠠᠢᠷᠠᠮᠳᠠᠭᠤ ᠵᠢ ᠪᠡᠯᠭᠡᠳᠡᠵᠦ᠍ ᠪᠠᠢᠳᠠᠭ ᠂ ᠡᠨᠡ ᠢᠵᠢ ᠴᠠᠶ ᠶ᠋ᠢᠨ ᠬᠡᠷᠡᠭ᠌ᠰᠡᠯ ᠢ᠋ ᠪᠡᠶ᠎ᠡ ᠳ᠋ᠡᠭᠡᠨ ᠠᠪᠴᠤ᠌ ᠶᠠᠪᠤᠵᠤ ᠪᠣᠯᠤᠨ᠎ᠠ ᠂ ᠦᠵᠡᠬᠦ᠎ᠳᠦ ᠰᠠᠢᠬᠠᠨ ᠪᠦᠭᠡᠳ ᠬᠡᠷᠡᠭᠯᠡᠬᠦ᠎ᠳᠤ ᠡᠪᠳᠡᠢ ᠶᠤᠮ ᠃ 2015 ᠣᠨ ᠳ᠋ᠦ ᠮᠠᠨ ᠤ᠋ ᠺᠣᠮᠫᠠᠨᠢ ᠰᠤᠳᠤᠯᠤᠨ ᠨᠡᠭᠡᠭᠡᠬᠦ᠌ ᠲᠥᠪ ᠪᠠᠢᠭᠤᠯᠵᠤ ᠂ ᠤᠯᠠᠮᠵᠢᠯᠠᠯᠲᠤ ᠰᠣᠶᠣᠯ ᠢ᠋ ᠭᠦᠨ ᠠᠭᠤᠳᠠᠯᠬᠤ ᠶ᠋ᠢᠨ ᠬᠠᠮᠲᠤ ᠦᠢᠯᠡᠳᠬᠦᠨ ᠢ᠋ ᠴᠠᠭ ᠦᠶᠡᠴᠢ ᠴᠢᠨᠠᠷᠳᠠᠢ ᠂ ᠤᠷᠤᠰᠬᠠᠯ ᠳᠠᠭᠠᠭᠰᠠᠨ ᠂ ᠦᠢᠯᠡᠳᠦᠯ ᠬᠡᠷᠡᠭᠴᠡᠭᠡ ᠲᠠᠢ ᠪᠤᠯᠭᠠᠬᠤ ᠵᠢ ᠲᠠᠰᠤᠷᠠᠯᠲᠠ ᠦᠭᠡᠶ ᠬᠠᠢᠨ ᠰᠦᠪᠡᠭ᠌ᠴᠢᠯᠡᠪᠡ ᠂ ᠡᠨᠡ ᠨᠢ ᠰᠣᠶᠣᠯ ᠤ᠋ᠨ ᠡᠭᠦᠳᠦᠯᠲᠡ ᠶ᠋ᠢᠨ ᠪᠦᠳᠦᠬᠡᠭᠳᠡᠬᠦᠨ ᠢ᠋ ᠨᠡᠩ ᠢᠯᠡᠭᠦᠦ ᠥᠷᠢᠰᠥᠯᠳᠦᠬᠦ᠌ ᠬᠦᠴᠦᠨ ᠲᠡᠶ ᠪᠣᠯᠭᠠᠭ᠍ᠰᠠᠨ ᠪᠠᠢᠨ᠎ᠠ》 ᠭᠡᠵᠦ ᠲᠠᠨᠢᠯᠴᠠᠭᠤᠯᠵᠤ ᠪᠠᠢᠯ᠎ᠠ ᠃

ᠰᠣᠶᠣᠯ ᠤ᠋ᠨ ᠡᠬᠦᠳᠦᠯᠳᠡ ᠶ᠋ᠢᠨ ᠵᠠᠬ᠎ᠠ ᠳᠡᠯᠭᠡᠭᠦᠷ ᠤ᠋ᠨ ᠥᠷᠢᠰᠥᠯᠳᠦᠭᠡᠨ ᠡᠳᠦᠷ ᠢᠷᠡᠬᠦᠶ᠎ᠡ ᠱᠢᠷᠦᠭᠦᠰᠴᠦ᠍ ᠂ ᠴᠥᠭᠡᠨ ᠪᠤᠰᠤ ᠰᠣᠶᠣᠯ ᠤ᠋ᠨ ᠡᠬᠦᠳᠦᠯᠳᠡ ᠶ᠋ᠢᠨ ᠠᠵᠤ ᠠᠬᠤᠢᠯᠠᠯ ᠪᠦᠲᠦᠭᠡᠭ᠌ᠳᠡᠬᠦᠨ ᠢ᠋ᠶ᠋ᠡᠨ ᠬᠦᠮᠦᠨᠴᠢᠯᠡᠵᠦ ᠂ ᠡᠭᠦᠨ ᠢ᠋ᠶ᠋ᠡᠷ ᠢ᠋ᠶ᠋ᠡᠨ ᠬᠡᠷᠡᠭᠯᠡᠭᠴᠢᠳ ᠤ᠋ᠨ ᠪᠠᠬ᠎ᠠ᠎ᠵᠢ ᠳᠠᠳᠠᠵᠦ ᠂ ᠠᠯᠳᠠᠷᠰᠢᠯ ᠢ᠋ᠶ᠋ᠡᠨ ᠨᠡᠮᠡᠭᠳᠡᠬᠦᠯᠵᠦ ᠪᠠᠢᠨ᠎ᠠ ᠂ ᠳᠤᠷᠠᠰᠤᠯᠳᠦ ᠺᠣᠮᠫᠠᠨᠢ ᠴᠤ᠌ ᠡᠨᠡ ᠳᠠᠯ᠎ᠠ ᠪᠡᠷ ᠬᠠᠢᠨ ᠰᠦᠪᠡᠭ᠌ᠴᠢᠯᠡᠯᠳᠡ ᠬᠢᠭᠰᠡᠬᠡᠷ ᠢᠷᠡᠵᠡᠢ ᠃ ᠸᠠᠩ ᠴᠢᠶᠠᠩ ᠤ᠋ᠨ ᠬᠡᠯᠡᠬᠦ᠌ ᠪᠡᠷ ᠂ 《ᠵᠣᠣ ᠵᠢᠶᠦ᠋ᠨ ᠤ᠋ ᠪᠡᠯᠡᠭ》 ᠱᠢᠷᠢᠰ ᠰᠣᠶᠣᠯ ᠤ᠋ᠨ ᠡᠭᠦᠳᠦᠯᠲᠡ ᠶ᠋ᠢᠨ ᠪᠦᠲᠦᠭᠡᠭ᠌ᠳᠡᠬᠦᠨ ᠨᠢ ᠶᠠᠭ ᠡᠢᠮᠦ᠍ ᠣᠨᠴᠠᠯᠢᠭ ᠲᠠᠶ ᠪᠠᠢᠳᠠᠭ ᠂ ᠸᠠᠩ ᠵᠣᠣ ᠵᠢᠶᠦ᠋ᠨ ᠪᠣᠯ ᠬᠥᠮᠦᠨ ᠪᠦᠬᠦᠨ ᠤ᠋ ᠮᠡᠳᠡᠵᠦ᠍ ᠪᠠᠢᠭ᠎ᠠ 《ᠡᠷᠳᠡᠨ ᠤ᠋ ᠳᠥᠷᠪᠡᠨ ᠭᠤᠸ᠎ᠡ ᠪᠦᠰᠡᠬᠦᠢ》 ᠶ᠋ᠢᠨ ᠨᠢᠭᠡ ᠮᠥᠨ ᠂ ᠵᠢᠷᠤᠭ ᠲᠦᠰᠦᠪᠯᠡᠭᠴᠢ ᠡᠨᠡ ᠬᠦ᠌ ᠲᠣᠰ ᠭᠠᠵᠠᠷ ᠤ᠋ᠨ ᠰᠣᠶᠣᠯ ᠤ᠋ᠨ ᠡᠯᠧᠮᠧᠨ᠋ᠲ ᠢ᠋ ᠭᠦᠶ᠋ᠴᠡᠳ ᠠᠱᠢᠭ᠍ᠯᠠᠨ ᠂ ᠸᠠᠩ ᠵᠣᠣ ᠵᠢᠶᠦ᠋ᠨ ᠤ᠋ ᠳᠦᠷᠢ ᠲᠥᠷᠬᠦ᠌ ᠵᠢ ᠱᠢᠨ᠎ᠡ ᠪᠡᠷ ᠵᠢᠷᠤᠵᠤ ᠲᠥᠯᠥᠪᠯᠡᠨ ᠂ ᠬᠠᠮᠢᠶ᠎ᠠ ᠪᠥᠬᠥᠶ ᠰᠣᠶᠣᠯ ᠤ᠋ᠨ ᠡᠭᠦᠳᠦᠯᠲᠡ ᠶ᠋ᠢᠨ ᠪᠦᠲᠦᠭᠡᠭ᠌ᠳᠡᠬᠦᠨ ᠳ᠋ᠦ ᠬᠡᠷᠡᠭ᠌ᠯᠡᠵᠦ᠍ ᠪᠠᠢᠨ᠎ᠠ ᠂ ᠺᠠᠷᠲ᠋ᠤᠨ ᠬᠡᠪᠯᠡᠯ ᠤ᠋ᠨ 《ᠵᠣᠣ ᠵᠢᠶᠦ᠋ᠨ》 ᠂ 《ᠴᠠᠨ ᠢᠦᠶ》 ᠨᠢ ᠠᠮᠢᠳᠤᠯᠢᠭ ᠬᠥᠭᠡᠷᠦᠬᠦᠨ ᠪᠠᠢᠵᠤ ᠂ ᠬᠡᠷᠡᠭ᠌ᠯᠡᠭ᠌ᠴᠢᠳ ᠤ᠋ᠨ ᠬᠠᠯᠠᠭᠤᠨ ᠬᠦᠷᠢᠶᠡᠯᠡᠯ ᠢ᠋ ᠣᠯᠵᠤ ᠪᠠᠢᠨ᠎ᠠ ᠃

ᠳᠤᠷᠠᠰᠤᠯᠳᠦ ᠺᠣᠮᠫᠠᠨᠢ ᠵᠢᠨ ᠤᠯᠠᠮᠵᠢᠯᠠᠯᠲᠤ ᠰᠣᠶᠣᠯ ᠳ᠋ᠦ ᠰᠠᠭᠤᠷᠢᠯᠠᠨ ᠂ ᠤᠳᠤ ᠦᠶ᠎ᠡ ᠶ᠋ᠢᠨ ᠠᠮᠢᠳᠤᠷᠠᠯ ᠳ᠋ᠦ ᠭᠤᠤ᠎ᠠ ᠰᠠᠢᠬᠠᠨ ᠤ᠋ ᠦᠨ᠎ᠡ ᠥᠷᠲᠡᠭ ᠢ᠋ ᠠᠭᠤᠰᠤᠯᠴᠠᠭᠤᠯᠤᠭᠰᠠᠨ ᠰᠣᠶᠣᠯ ᠤ᠋ᠨ ᠡᠭᠦᠳᠦᠯᠲᠡ ᠶ᠋ᠢᠨ ᠪᠦᠲᠦᠭᠡᠭ᠌ᠳᠡᠬᠦᠨ ᠨᠢ ᠵᠠᠬ᠎ᠠ ᠳᠡᠯᠭᠡᠭᠦᠷ ᠤ᠋ᠨ ᠬᠦᠷᠢᠶᠡᠯᠡᠯ ᠢ᠋ ᠣᠯᠪᠠ ᠃ ᠳᠤᠷᠠᠰᠤᠯᠳᠦ ᠺᠣᠮᠫᠠᠨᠢ ᠣᠯᠠᠨ ᠵᠢᠯ ᠤ᠋ᠨ ᠴᠢᠷᠮᠠᠢᠯᠭ᠎ᠠ ᠪᠠᠷ ᠳᠡᠮᠵᠢᠨ ᠤᠯᠤᠰ ᠤ᠋ᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠠᠬᠤᠢᠯᠠᠯ ᠢ᠋ᠶ᠋ᠠᠷ ᠦᠨᠡᠯᠡᠭ᠌ᠳᠡᠭ᠌ᠰᠡᠨ ᠢ᠋ᠶ᠋ᠡᠷ ᠪᠠᠷᠠᠬᠤ ᠥᠬᠡᠶ ᠂ ᠰᠤᠳᠤᠯᠤᠨ ᠨᠡᠭᠡᠭᠡᠬᠦ᠌ ᠵᠢᠷᠤᠭ ᠲᠥᠯᠥᠪᠯᠡᠭᠡᠨ ᠤ᠋ ᠲᠥᠪ ᠨᠢ ᠪᠠᠰᠠ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠠᠵᠤ ᠦᠶ᠋ᠯᠡᠳᠪᠦᠷᠢ ᠶ᠋ᠢᠨ ᠵᠢᠷᠤᠭ ᠲᠥᠯᠥᠪᠯᠡᠭᠡ ᠶ᠋ᠢᠨ ᠲᠥᠪ ᠢ᠋ᠶ᠋ᠡᠷ ᠦᠨᠡᠯᠡᠭ᠌ᠳᠡᠵᠦ᠍ ᠂ ᠪᠠᠯᠠ ᠣᠷᠣᠭᠤᠯᠵᠤ ᠪᠠᠢᠭᠤᠯᠤᠭ᠍ᠰᠠᠨ 《ᠰᠣᠶᠣᠯ ᠤ᠋ᠨ ᠡᠬᠦᠳᠦᠯᠳᠡ ᠶ᠋ᠢᠨ ᠲᠤᠰᠭᠠᠶ ᠮᠡᠷᠭᠡᠵᠢᠯ ᠤ᠋ᠨ ᠣᠯᠠᠨ ᠢ᠋ᠶ᠋ᠠᠷ ᠢ᠋ᠶ᠋ᠠᠨ ᠰᠢᠨ᠎ᠠ᠎ᠵᠢ ᠡᠭᠦᠳᠬᠦ᠌ ᠣᠷᠣᠨ ᠵᠠᠶ》 ᠨᠢ ᠤᠯᠤᠰ ᠤ᠋ᠨ ᠲᠠᠰ ᠤ᠋ᠨ ᠣᠯᠠᠨ ᠢ᠋ᠶ᠋ᠠᠷ ᠢ᠋ᠶ᠋ᠠᠨ ᠰᠢᠨ᠎ᠠ ᠵᠢ ᠡᠭᠦᠳᠬᠦ᠌ ᠣᠷᠣᠨ ᠵᠠᠶ ᠪᠠᠷ ᠦᠨᠡᠯᠡᠭ᠌ᠳᠡᠪᠡ ᠃

ᠡᠨᠡ ᠵᠢᠯ ᠤ᠋ᠨ ᠳᠡᠭᠡᠷ᠎ᠡ ᠬᠠᠭᠠᠰ ᠵᠢᠯ ᠳ᠋ᠦ ᠳᠤᠷᠠᠰᠤᠯᠳᠦ ᠺᠣᠮᠫᠠᠨᠢ ᠶ᠋ᠢᠨ ᠡᠵᠡᠩᠨᠡᠯᠲᠡ ᠶ᠋ᠢᠨ ᠤᠷᠤᠯᠭ᠎ᠠ 500 ᠲᠦᠮᠡᠨ ᠲᠥᠭᠥᠷᠢᠭ ᠢ᠋ ᠳᠠᠪᠠᠨ ᠂ ᠰᠣᠶᠣᠯ ᠤ᠋ᠨ ᠡᠭᠦᠳᠦᠯᠲᠡ ᠶ᠋ᠢᠨ ᠪᠦᠲᠦᠭᠡᠭ᠌ᠳᠡᠬᠦᠨ ᠨᠢ ᠬᠥᠬᠡᠮᠥ᠋ᠷᠡᠨ ᠤ᠋ ᠡᠮᠦᠨ᠎ᠡ ᠤᠮᠠᠷ᠎ᠠ ᠳ᠋ᠦ ᠪᠣᠷᠣᠯᠠᠭᠤᠯᠤᠭ᠍ᠳᠠᠵᠤ ᠂ 《ᠤᠮᠠᠷᠠᠲᠤ ᠬᠢᠯᠢ ᠶ᠋ᠢᠨ ᠰᠣᠶᠣᠯ》 ᠢ᠋ ᠴᠦ᠍ ᠨᠡᠩ ᠬᠤᠯᠠ ᠨᠡᠩ ᠥᠷᠭᠡᠨ ᠵᠢᠡᠷ ᠲᠠᠮᠵᠢᠭᠤᠯᠪᠠ ᠃ 《ᠪᠢᠳᠡ ᠲᠠᠷᠠᠭᠠᠴᠢ ᠪᠡᠷ 〈ᠲᠣᠭᠠᠴᠢᠯᠠᠭ᠍ᠰᠠᠨ ᠰᠣᠶᠣᠯ ᠤ᠋ᠨ ᠡᠭᠦᠳᠦᠯᠲᠡ〉 ᠵᠢ ᠰᠦᠪᠡᠭ᠌ᠴᠢᠯᠡᠵᠦ᠍ ᠂ ᠢᠨᠲ᠋ᠧᠷ ᠰᠦᠯᠵᠢᠶ᠎ᠡ ᠪᠡᠷ ᠳᠠᠮᠵᠢᠨ ᠨᠠᠩ ᠣᠯᠠᠨ ᠬᠥᠮᠦᠨ ᠳ᠋ᠦ 〈ᠤᠮᠠᠷᠠᠲᠤ ᠬᠢᠯᠢ ᠶ᠋ᠢᠨ ᠰᠣᠶᠣᠯ〉ᠢ᠋ ᠲᠠᠨᠢᠭᠤᠯᠵᠤ ᠂ ᠥᠪᠥᠷ ᠮᠣᠩᠭᠣᠯ ᠤ᠋ᠨ ᠰᠣᠶᠣᠯ ᠤ᠋ᠨ ᠠᠵᠤ ᠦᠶ᠋ᠯᠡᠰ ᠤ᠋ᠨ ᠬᠥᠭ᠌ᠵᠢᠯᠲᠡ ᠳ᠋ᠦ ᠬᠤᠪᠢ ᠨᠡᠮᠡᠷᠢ ᠦᠵᠡᠭᠦᠯᠬᠦ᠌᠎ᠪᠡᠷ ᠲᠥᠯᠥᠪᠯᠡᠵᠦ᠍ ᠪᠠᠢᠨ᠎ᠠ》 ᠭᠡᠵᠦ ᠸᠠᠩ ᠴᠢᠶᠠᠩ ᠬᠡᠯᠡᠨ᠎ᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面