ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2023-10-15 14:50:21

ᠵᠣᠬᠢᠶᠠᠭ᠍ᠴᠢ᠄ ​ ᠪᠤᠤ ᠴᠢᠩ ᠱᠧᠩ ᠣᠩᠱᠢᠭ᠍ᠰᠠᠨ ᠣᠳᠠᠭ᠎ᠠ᠄ 3

ᠤᠢᠷ᠎ᠠ᠎ᠳᠤ ᠂ ᠤᠮᠠᠷᠠᠲᠤ ᠬᠢᠯᠢ ᠳ᠋ᠤ ᠪᠥᠵᠢᠭᠯᠡᠶ᠎ᠡ · 2023 ᠣᠨ᠎ᠤ ᠲᠦᠩᠯᠢᠶᠣᠣ ᠬᠣᠲᠠ᠎ᠶᠢᠨ ᠠᠭᠤᠳᠠᠮ ᠲᠠᠯᠠᠪᠠᠶ᠎ᠶᠢᠨ ᠪᠥᠵᠢᠭ᠎ᠦᠨ ᠤᠷᠤᠯᠳᠤᠭᠠᠨ ᠲᠦᠩᠯᠢᠶᠣᠣ ᠬᠣᠲᠠ᠎ᠶᠢᠨ ᠠᠷᠠᠳ᠎ᠤᠨ ᠠᠭᠤᠳᠠᠮ ᠲᠠᠯᠠᠪᠠᠶ᠎ᠳᠤ ᠦᠪᠡᠳᠡᠭᠰᠢ ᠶᠡᠬᠡ᠎ᠪᠡᠷ ᠶᠠᠪᠤᠭᠳᠠᠪᠡ᠃

ᠮᠢᠩᠭᠠᠨ ᠬᠥᠮᠥᠨ᠎ᠦ ᠠᠭᠤᠳᠠᠮ ᠲᠠᠯᠠᠪᠠᠶ᠎ᠶᠢᠨ ᠪᠥᠵᠢᠭ ᠨᠢ ᠲᠤᠰ ᠠᠵᠢᠯᠯᠠᠭᠠᠨ᠎ᠦ ᠬᠥᠰᠢᠭᠡ᠎ᠶᠢ ᠰᠡᠬᠦᠵᠦ᠂ ᠥᠩᠬᠡ ᠵᠢᠨ ᠬᠤᠪᠴᠠᠰᠥ ᠵᠠᠰᠠᠯ ᠲᠠᠢ ᠡᠯ᠎ᠡ ᠤᠷᠤᠯᠳᠤᠭᠠᠨ᠎ᠤ ᠠᠩᠭᠢ᠎ᠶᠢᠨ ᠬᠢᠨ ᠡᠭᠡᠯᠵᠢᠯᠡᠨ ᠲᠠᠢᠰᠠᠨ᠎ᠳᠤ ᠭᠠᠷᠴᠤ᠂ ᠥᠪᠡᠷᠰᠡᠳ᠎ᠢᠶᠡᠨ ᠵᠤᠬᠢᠶᠠᠨ ᠨᠠᠢᠷᠠᠭᠤᠯᠤᠭᠰᠠᠨ ᠠᠭᠤᠳᠠᠮ ᠲᠠᠯᠠᠪᠠᠶ᠎ᠶᠢᠨ ᠪᠥᠵᠢᠭ ᠵᠢᠨᠨ ᠪᠥᠵᠢᠭᠯᠡᠨ᠂ ᠤᠷ᠎ᠠ ᠠᠪᠢᠶᠠᠰ ᠵᠢᠨᠨ ᠭᠠᠢᠬᠠᠭᠤᠯᠵᠤ᠂ ᠠᠬᠤᠢ ᠲᠠᠯᠠᠪᠠᠶ᠎ᠶᠢᠨ ᠦᠵᠡᠭᠴᠢᠳ᠎ᠲᠦ ᠬᠠᠷᠠᠭᠠᠨ᠎ᠤ ᠰᠡᠷᠡᠯ᠎ᠦᠨ ᠦᠪᠡᠳᠡᠭᠰᠢ ᠳᠠᠢᠯᠠᠯᠭ᠎ᠠ ᠵᠢ ᠰᠤᠨᠢᠷᠬᠠᠭᠤᠯᠤᠯ᠎ᠠ᠃

ᠣᠢᠯᠠᠭᠠᠭᠰᠠᠨ᠎ᠢᠶᠠᠷ᠂ ᠲᠤᠰ ᠠᠵᠢᠯᠯᠠᠭ᠎ᠠ᠎ᠶᠢ ᠲᠦᠩᠯᠢᠶᠣᠣ ᠬᠣᠲᠠ᠎ᠶᠢᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠲᠦᠩᠯᠢᠶᠣᠣ ᠬᠣᠲᠠ᠎ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ᠎ᠠᠴᠠ ᠭᠣᠣᠯᠯᠠᠨ ᠡᠷᠭᠢᠯᠡᠵᠦ᠂ ᠲᠦᠩᠯᠢᠶᠣᠣ ᠬᠣᠲᠠ᠎ᠶᠢᠨ ᠰᠣᠶᠣᠯ᠎ᠤᠨ ᠣᠷᠳᠣᠨ᠂ ᠡᠯ᠎ᠡ ᠬᠣᠰᠢᠭᠤ ᠰᠢᠶᠠᠨ ᠬᠣᠲᠠ ᠲᠣᠭᠣᠷᠢᠭ᠋᠎ᠤᠨ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠂ ᠰᠣᠶᠣᠯ ᠵᠢᠭᠤᠯᠴᠢᠯᠠᠯ᠎ᠤᠨ ᠲᠣᠪᠴᠢᠶ᠎ᠠ ᠡᠴᠡ ᠳᠠᠭᠠᠭᠠᠴᠢᠯᠠᠨ ᠡᠷᠭᠢᠯᠡᠵᠤ᠂ ᠨᠢᠭᠡᠨ ᠤᠳᠠᠭᠠᠨ᠎ᠤ ᠣᠯᠠᠨ ᠭᠠᠵᠠᠷ ᠣᠯᠠᠨ ᠰᠠᠯᠠᠭ᠎ᠠ ᠮᠥᠴᠢᠷ ᠪᠣᠯᠣᠨ ᠶᠡᠬᠡ ᠳᠡᠭᠡᠳᠦ ᠰᠤᠷᠭᠠᠭᠤᠯᠢ ᠬᠠᠮᠳᠤ ᠪᠡᠷ ᠵᠤᠬᠢᠶᠠᠨ ᠪᠠᠢᠭᠤᠯᠤᠬᠰᠠᠨ ᠣᠯᠠᠨ ᠲᠦᠮᠡᠨᠴᠢ ᠴᠢᠨᠠᠷᠲᠠᠢ ᠰᠣᠶᠣᠯ᠎ᠤᠨ ᠠᠵᠢᠯᠯᠠᠭ᠎ᠠ ᠪᠤᠯᠤᠨ᠎ᠠ᠃ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠶᠢ ᠠᠬᠢᠭᠤᠯᠵᠤ᠂ ᠤᠮᠠᠷᠠᠲᠤ ᠬᠢᠯᠢ᠎ᠶᠢᠨ ᠰᠣᠶᠣᠯ᠎ᠤᠨ ᠴᠡᠴᠡᠭᠯᠡᠯ ᠬᠥᠭᠵᠢᠯ᠎ᠢ ᠠᠬᠢᠭᠤᠯᠥᠨ᠂ ᠪᠦᠬᠦ ᠨᠡᠢᠭᠡᠮ᠎ᠢᠶᠡᠷ᠎ᠢᠶᠡᠨ ᠪᠠᠶᠠᠷ ᠬᠥᠷ᠎ᠲᠠᠢ᠂ ᠪᠦᠯᠬᠦᠮᠳᠡᠨ ᠲᠡᠮᠡᠴᠡᠭᠰᠡᠨ ᠪᠠᠶᠠᠷ᠎ᠤᠨ ᠡᠳᠦᠷ᠎ᠦᠨ ᠠᠭᠤᠷ ᠠᠮᠢᠰᠬᠤᠯ᠎ᠢ ᠪᠤᠶ ᠪᠣᠯᠭᠠᠵᠤ᠂ ᠪᠦᠬᠦ ᠬᠤᠳᠠ᠎ᠶᠢᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ᠂ ᠰᠡᠳᠬᠢᠯ᠎ᠢᠶᠡᠨ ᠨᠢᠭᠡᠳᠬᠡᠨ ᠨᠠᠮ᠎ᠳᠠᠭᠠᠨ ᠦᠢᠯᠡᠴᠢᠯᠡᠬᠦ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ᠎ᠢ ᠪᠤᠢ ᠪᠤᠯᠭᠠᠬᠤ ᠪᠡᠷ ᠵᠤᠷᠢᠯᠭ᠎ᠠ ᠪᠠᠨ ᠪᠤᠯᠭᠠᠪᠠ᠃ ᠲᠤᠰ ᠤᠳᠠᠭ᠎ᠠ᠎ᠶᠢᠨ ᠠᠵᠢᠯᠯᠠᠭ᠎ᠠ᠎ᠳᠤ ᠪᠦᠬᠦ ᠬᠤᠳᠠ᠎ᠶᠢᠨ ᠡᠯ᠎ᠡ ᠤᠯᠠᠭᠠᠨᠮᠥ᠋ᠴᠢᠷ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠶᠡᠬᠡ ᠳᠡᠭᠡᠳᠦ ᠰᠤᠷᠭᠠᠭᠤᠯᠢ᠎ᠶᠢᠨ ᠪᠠᠭ᠍ᠰᠢ ᠰᠤᠷᠤᠭ᠍ᠴᠢ᠂ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢ᠂ ᠠᠷᠠᠳ᠎ᠤᠨ ᠤᠳᠬ᠎ᠠ ᠤᠷᠠᠯᠢᠭ᠋᠎ᠤᠨ ᠪᠦᠯᠬᠦᠮ᠎ᠤᠨ 30 ᠭᠠᠷᠤᠢ ᠪᠥᠵᠢᠭ᠎ᠦᠨ ᠠᠩᠭᠢ᠎ᠶᠢᠨ 800 ᠤᠷᠤᠯᠴᠠᠭᠴᠢ ᠤᠷᠤᠯᠳᠤᠭᠠᠨ᠎ᠳᠤ ᠣᠷᠣᠯᠴᠠᠵᠤ᠂ ᠨᠡᠷᠡᠳᠦ ᠳᠠᠭᠤᠴᠢᠨ ᠤᠯᠠᠭᠠᠨᠳᠤᠶᠠᠭ᠎ᠠ ᠳᠠᠭᠤᠤ ᠡᠷᠭᠥᠵᠤ ᠬᠥᠴᠥ ᠨᠡᠮᠡᠷᠢᠯᠡᠨ᠂ ᠥᠷᠭᠡᠨ ᠤᠯᠠᠨ ᠲᠦᠮᠡᠨ᠎ᠳᠦ ᠭᠤᠢᠳᠠ ᠰᠠᠢᠬᠠᠨ ᠪᠥᠵᠢᠭ᠎ᠦᠨ ᠲᠣᠭᠯᠠᠯᠲᠠ ᠵᠢ ᠰᠤᠨᠢᠷᠬᠠᠭᠤᠯᠤᠬᠰᠠᠨ ᠪᠠᠢᠨ᠎ᠠ᠃

ᠤᠷᠤᠯᠳᠤᠭᠠᠨ᠎ᠤ ᠠᠬᠤᠢ ᠲᠠᠯᠠᠪᠠᠢ ᠳ᠋ᠤ ᠤᠯᠠᠨ ᠬᠥᠮᠥᠨ ᠴᠤᠬᠯᠠᠷᠠᠵᠠᠭᠠᠵᠤ᠂ ᠬᠥᠮᠥᠰ ᠸᠢᠳᠢᠤ᠋᠎ᠪᠡᠷ ᠤᠷᠤᠯᠳᠤᠭᠠᠨ᠎ᠤ ᠠᠬᠤᠢ ᠲᠡᠯᠡᠪᠡᠢ ᠵᠢᠨ ᠰᠢᠭᠤᠳ ᠨᠠᠪᠲᠠᠷᠡᠭᠦᠯᠬᠡ ᠬᠢᠵᠤ᠂ ᠨᠡᠩ ᠤᠯᠠᠨ ᠬᠥᠮᠥᠰ᠎ᠤᠨ ᠠᠩᠬᠠᠷᠤᠯ᠎ᠢ ᠳᠠᠳᠠᠵᠤ ᠪᠠᠢᠯ᠎ᠠ᠃ ᠤᠷᠤᠯᠳᠤᠭᠠᠨ᠎ᠢ ᠰᠣᠨᠢᠷᠬᠠᠭᠰᠠᠨ ᠸᠠᠩ ᠠᠪᠠᠬᠠᠢ᠄ 《 ᠪᠢ ᠡᠩ᠎ᠦᠨ ᠦᠶ᠎ᠡ᠎ᠳᠦ ᠠᠭᠤᠳᠠᠮ ᠲᠠᠯᠠᠪᠠᠢ᠎ᠶᠢᠨ ᠪᠥᠵᠢᠭ᠎ᠲᠦ ᠮᠠᠰᠢ ᠳᠤᠷᠠᠲᠠᠢ᠂ ᠪᠡᠶ᠎ᠡ᠎ᠪᠡᠨ ᠪᠣᠯᠪᠠᠰᠤᠷᠠᠭᠤᠯᠬᠤ᠎ᠪᠠᠷ ᠪᠠᠷᠠᠬᠤ ᠦᠭᠡᠢ ᠪᠠᠰᠠ ᠤᠯᠠᠨ ᠨᠠᠢᠵᠨ ᠲᠠᠢ ᠲᠠᠨᠢᠯᠴᠠᠴᠢᠬᠠᠨ᠎ᠠ᠂ ᠥᠨᠥᠳᠥᠷ᠎ᠦᠨ ᠤᠷᠤᠯᠳᠤᠭᠠᠨ᠎ᠳᠤ ᠣᠷᠤᠯᠴᠠᠵᠤ ᠪᠠᠢᠭ᠎ᠠ ᠪᠥᠵᠢᠭ᠎ᠤᠨ ᠠᠩᠬᠢ ᠵᠢᠨ ᠬᠢᠷᠢ ᠬᠡᠮᠵᠢᠶ᠎ᠡ ᠨᠢ ᠪᠦᠷ ᠮᠠᠰᠢ ᠥᠨᠳᠥᠷ᠂ ᠬᠤᠪᠴᠠᠰᠤ ᠬᠤᠨᠠᠷ ᠨᠢ ᠮᠠᠰᠢ ᠭᠤᠶᠤ᠂ ᠳᠠᠭᠤᠤ ᠬᠥᠭᠵᠢᠮ ᠨᠢ ᠴᠦ᠍ ᠮᠠᠰᠢ ᠰᠠᠢᠬᠠᠨ᠂ ᠮᠠᠨ᠎ᠤ ᠪᠥᠵᠢᠭ᠎ᠤᠨ ᠠᠩᠬᠢ ᠲᠠᠷᠠᠭ᠎ᠠ ᠵᠢᠯ ᠪᠠᠰᠠ ᠤᠷᠤᠯᠳᠤᠭᠠᠨ᠎ᠳᠤ ᠣᠷᠣᠯᠴᠠᠬᠤ᠎ᠪᠠᠷ ᠴᠢᠷᠮᠠᠢᠨ᠎ᠠ》 ᠭᠡᠵᠦ ᠶᠠᠷᠢᠵᠤ ᠪᠠᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面