2023-10-20 10:41:05
ᠥᠪᠥᠷ ᠮᠣᠩᠭᠣᠯ᠎ᠤᠨ ᠭᠦᠨ ᠵᠤᠵᠠᠭᠠᠨ ᠲᠡᠦᠬᠡ ᠰᠣᠶᠣᠯ ᠪᠠ ᠡᠯᠪᠡᠭ ᠪᠠᠶᠠᠯᠢᠭ᠋ ᠰᠣᠶᠣᠯ ᠢᠷᠭᠡᠨᠰᠢᠯ᠎ᠦᠨ ᠡᠬᠢ ᠪᠠᠶᠠᠯᠢᠭ᠋᠎ᠢ ᠭᠦᠢᠴᠡᠳ ᠠᠭᠤᠳᠠᠯᠤᠨ ᠠᠮᠢᠳᠤᠯᠢᠭ᠋᠎ᠢᠶᠠᠷ ᠢᠯᠡᠷᠡᠭᠦᠯᠵᠦ᠂ 《ᠤᠮᠠᠷᠠᠲᠤ ᠬᠢᠯᠢ᠎ᠶᠢᠨ ᠰᠣᠶᠣᠯ 》 ᠤᠨ ᠪᠠᠢᠭᠤᠯᠤᠯᠲᠠ ᠶᠢ ᠠᠬᠢᠭᠤᠯᠵᠤ ᠂ ᠶᠡᠷᠦᠩᠬᠡᠢ ᠱᠦᠵᠢ ᠰᠢ᠎ᠶᠢᠨ ᠫᠢᠩ᠎ᠦᠨ ᠰᠣᠶᠣᠯ ᠤᠨ ᠪᠠᠢᠭᠤᠯᠤᠯᠲᠠ᠎ᠶᠢᠨ ᠲᠤᠬᠠᠢ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ᠎ᠶᠢ ᠭᠦᠨᠵᠡᠭᠡᠢ ᠲᠤᠭᠤᠱᠢᠯᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠳᠤᠮᠳᠠᠳᠤ᠎ᠶᠢᠨ ᠦᠨᠳᠦᠰᠦᠲᠡᠨ ᠤ ᠤᠳᠤ ᠦᠶ᠎ᠡ᠎ᠶᠢᠨ ᠪᠣᠯᠪᠠᠰᠤᠨ ᠢ ᠪᠠᠶ᠋ᠢᠭᠤᠯᠬᠤ᠂ ᠳᠤᠮᠳᠠᠳᠤ᠎ᠶᠢᠨ ᠦᠨᠳᠦᠰᠦᠲᠡᠨ ᠤ ᠬᠠᠮᠲᠤ᠎ᠶᠢᠨ ᠴᠣᠭᠴᠠ᠎ᠶᠢᠨ ᠤᠬᠠᠮᠰᠠᠷ ᠢ ᠪᠠᠳᠤ ᠴᠣᠭᠴᠠᠯᠠᠬᠣ᠂ ᠥᠪᠥᠷ ᠮᠣᠩᠭᠣᠯ ᠤᠨ ᠰᠠᠢᠨ ᠰᠠᠢᠬᠠᠨ ᠳᠦᠷᠢ ᠲᠥᠷᠬᠦ᠎ᠶᠢ ᠨᠠᠩ ᠰᠠᠢᠨ ᠱᠤᠭᠤᠨ ᠢᠯᠡᠷᠡᠭᠦᠯᠬᠦ᠎ᠳᠦ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃
《ᠤᠮᠠᠷᠠᠲᠤ᠎ᠬᠢᠯᠢ ᠵᠢᠨ ᠰᠣᠶᠣᠯ》᠎ᠤᠨ ᠲᠦᠷᠦᠯ ᠲᠡᠮᠳᠡᠭ᠎ᠢ ᠡᠭᠦᠳᠬᠦ᠎ᠳᠦ ᠶᠡᠷᠦᠩᠬᠡᠢ ᠲᠥᠯᠥᠪᠯᠡᠭᠡ᠎ᠶᠢ ᠰᠠᠢᠲᠤᠷ ᠬᠢᠬᠦ ᠬᠡᠷᠡᠭᠲᠡᠢ᠃ ᠣᠷᠣᠨ᠎ᠤ ᠳᠣᠲᠣᠷ᠎ᠠ ᠭᠠᠳᠠᠨᠠᠬᠢ ᠰᠣᠶᠣᠯ᠎ᠤᠨ ᠰᠤᠳᠤᠯᠭᠠᠨ᠎ᠤ ᠲᠤᠰᠬᠠᠢ ᠮᠡᠷᠭᠡᠵᠢᠯᠲᠡᠨ᠂ ᠤᠳᠬ᠎ᠠ ᠤᠷᠠᠯᠢᠭ᠋᠎ᠤᠨ ᠠᠵᠢᠯᠲᠠᠨ᠂ ᠤᠬᠠᠭᠤᠯᠭ᠎ᠠ᠎ᠶᠢᠨ ᠠᠵᠢᠯᠲᠠᠳ᠎ᠢ ᠵᠣᠬᠢᠶᠠᠨ ᠪᠠᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠣ ᠡᠨᠡᠬᠦ ᠭᠣᠣᠯ ᠰᠢᠵᠢᠮ᠎ᠲᠠᠢ ᠨᠢᠭ᠍ᠲᠠ ᠤᠶᠠᠯᠳᠤᠭᠤᠯᠤᠨ᠂ ᠶᠡᠷᠦᠩᠬᠡᠢ ᠲᠥᠰᠥᠪᠯᠡᠯ ᠪᠠ ᠦᠵᠦ ᠲᠥᠯᠥᠪᠯᠡᠭᠡ᠎ᠶᠢ ᠰᠠᠢᠲᠤᠷ ᠬᠢᠵᠦ᠂ 《ᠤᠮᠠᠷᠠᠲᠤ ᠬᠢᠯᠢ᠎ᠶᠢᠨ ᠰᠣᠶᠣᠯ》 ᠤᠨ ᠠᠭᠤᠯᠤᠭᠳᠠᠬᠤᠨ᠎ᠢ ᠣᠨᠣᠪᠴᠢᠲᠠᠢ ᠪᠣᠯᠪᠠᠰᠤᠷᠠᠭᠤᠯᠤᠨ ᠬᠤᠷᠢᠶᠠᠩᠭᠤᠢᠯᠠᠵᠤ᠂ ᠠᠵᠢᠯ᠎ᠤᠨ ᠠᠷᠭ᠎ᠠ ᠬᠡᠮᠵᠢᠶ᠎ᠡ ᠪᠠ ᠠᠴᠢᠶᠠᠯᠠᠪᠤᠷᠢ᠎ᠶᠢ ᠳᠤᠷᠠᠳᠴᠤ᠂ ᠢᠵᠢ ᠪᠦᠷᠢᠳᠦᠭᠰᠡᠨ ᠲᠣᠭᠲᠠᠴᠠ᠎ᠶᠢ ᠰᠤᠳᠤᠯᠵᠤ᠂ 《ᠤᠮᠠᠷᠠᠲᠤ ᠬᠢᠯᠢ᠎ᠶᠢᠨ ᠰᠣᠶᠣᠯ》 ᠤᠨ ᠲᠦᠷᠦᠯ ᠲᠡᠮᠳᠡᠭ ᠢ ᠡᠭᠦᠳᠬᠦ ᠰᠢᠰᠲ᠋ᠸᠮ᠎ᠢ ᠪᠦᠷᠢᠯᠳᠦᠭᠦᠯᠬᠦ ᠬᠡᠷᠡᠭᠳᠡᠢ᠃
ᠠᠭᠤᠯᠭ᠎ᠠ᠎ᠶᠢᠨ ᠪᠠᠢᠭᠤᠯᠤᠯᠲᠠ᠎ᠶᠢ ᠰᠠᠢᠲᠤᠷ ᠬᠢᠬᠦ ᠬᠡᠷᠡᠭᠲᠡᠢ᠃ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠬᠦ᠎ᠶᠢᠨ ᠬᠠᠷᠢᠴᠠᠭ᠎ᠠ᠎ᠶᠢ ᠰᠠᠢᠲᠤᠷ ᠰᠢᠢᠳᠪᠦᠷᠢᠯᠡᠵᠦ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠤᠭᠰᠠᠨ ᠰᠠᠭᠤᠷᠢᠨ ᠳᠡᠭᠡᠷ᠎ᠡ᠂ ᠥᠪᠥᠷ ᠮᠣᠩᠭᠣᠯ᠎ᠤᠨ ᠬᠥᠭᠵᠢᠯᠲᠡ᠎ᠶᠢᠨ ᠠᠮᠵᠢᠯᠲᠠ ᠪᠦᠲᠦᠮᠵᠢ᠎ᠶᠢ ᠲᠤᠰᠬᠠᠭᠰᠠᠨ᠂ ᠤᠯᠠᠨ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠬᠠᠩᠭᠠᠭᠰᠠᠨ ᠨᠡᠩ ᠤᠯᠠᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ᠂ ᠥᠪᠥᠷ ᠮᠣᠩᠭᠣᠯ᠎ᠤᠨ ᠳᠦᠷᠢ ᠲᠥᠷᠬᠦ᠎ᠶᠢ ᠢᠯᠡᠷᠡᠭᠦᠯᠵᠦ ᠳᠡᠶ᠋ᠢᠯᠬᠦ᠂ ᠲᠥᠯᠥᠭᠡᠯᠡᠬᠦ ᠴᠢᠨᠠᠷᠲᠠᠢ ᠬᠥᠮᠥᠨ ᠪᠠ ᠬᠡᠷᠡᠭ ᠶᠠᠪᠤᠳᠠᠯ᠎ᠢ ᠨᠡᠩ ᠤᠯᠠᠨ ᠠᠭᠤᠳᠠᠯᠵᠤ᠂ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠦᠯᠢᠭᠡᠷ᠎ᠢ ᠰᠠᠢᠲᠤᠷ ᠶᠠᠷᠢᠬᠤ ᠬᠡᠷᠡᠭᠲᠡᠢ᠃ ᠲᠡᠦᠬᠡ ᠪᠣᠯᠣᠨ ᠪᠣᠳᠠᠲᠤ ᠠᠬᠤᠢ ᠶᠢᠨ ᠬᠠᠷᠢᠴᠠᠭ᠎ᠠ ᠶᠢ ᠰᠠᠢᠲᠤᠷ ᠰᠢᠢᠳᠪᠦᠷᠢᠯᠡᠵᠦ᠂ ᠬᠤᠪᠢᠰᠬᠠᠯ᠎ᠤᠨ ᠰᠣᠶᠣᠯ᠂ ᠲᠠᠯ᠎ᠠ ᠨᠤᠲᠤᠭ᠎ᠤᠨ ᠰᠣᠶᠣᠯ᠂ ᠲᠠᠷᠢᠶᠠᠯᠠᠬᠤ ᠰᠣᠶᠣᠯ᠂ ᠬᠠᠲᠤᠨ ᠭᠣᠣᠯ᠎ᠤᠨ ᠰᠣᠶᠣᠯ᠂ ᠣᠷᠳᠣ᠌ ᠴᠠᠭᠠᠨ ᠬᠡᠷᠡᠮ᠎ᠦᠨ ᠰᠣᠶᠣᠯ ᠵᠡᠷᠭᠡ ᠰᠣᠶᠣᠯ᠎ᠤᠨ ᠬᠡᠯᠪᠡᠷᠢ ᠪᠠᠢᠳᠠᠯ᠎ᠢ ᠠᠭᠤᠳᠠᠯᠤᠨ ᠡᠮᠬᠢᠳᠬᠡᠭᠰᠡᠨ ᠰᠠᠭᠤᠷᠢᠨ ᠳᠡᠭᠡᠷ᠎ᠡ᠂ ᠤᠶᠠᠯᠳᠤᠭᠤᠯᠬᠤ᠂ ᠰᠢᠨ᠎ᠡ᠎ᠶᠢ ᠡᠭᠦᠳᠬᠦ᠂ ᠬᠥᠭᠵᠢᠭᠦᠯᠬᠦ ᠠᠵᠢᠯ᠎ᠢ ᠭᠦᠢᠴᠡᠳ ᠰᠠᠢᠲᠤᠷ ᠬᠢᠵᠦ᠂ ᠰᠢᠨ᠎ᠡ ᠬᠡᠯᠪᠡᠷᠢ ᠰᠢᠨ᠎ᠡ ᠦᠢᠯᠡᠳᠬᠦᠨ᠎ᠢ ᠲᠠᠰᠤᠷᠠᠯᠲᠠ ᠦᠭᠡᠢ ᠡᠭᠦᠳᠦᠨ ᠭᠠᠷᠭᠠᠵᠤ᠂ ᠢᠯᠠᠩᠭᠤᠶ᠎ᠠ ᠤᠯᠠᠮᠵᠢᠯᠠᠯᠲᠤ ᠰᠣᠶᠣᠯ᠎ᠤᠨ ᠬᠡᠯᠪᠡᠷᠢ ᠪᠠᠢᠳᠠᠯ ᠬᠢᠭᠡᠳ ᠣᠲᠣ᠌ ᠦᠶ᠎ᠡ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠢ ᠰᠠᠢᠲᠤᠷ ᠤᠶᠠᠯᠳᠤᠭᠤᠯᠵᠦ᠂ 《ᠤᠮᠠᠷᠠᠲᠤ ᠬᠢᠯᠢ᠎ᠶᠢᠨ ᠰᠣᠶᠣᠯ》 ᠤᠨ ᠣᠲᠣ᠌ ᠦᠶ᠎ᠡ᠎ᠶᠢᠨ ᠬᠡᠯᠪᠡᠷᠢ ᠪᠠᠢᠳᠠᠯ᠎ᠢ ᠪᠣᠶ ᠪᠤᠯᠭᠠᠬᠤ ᠬᠡᠷᠡᠭᠳᠡᠢ᠃ ᠳᠤᠮᠳᠠᠳᠤ᠎ᠶᠢᠨ ᠰᠣᠶᠣᠯ ᠪᠣᠯᠣᠨ ᠡᠯ᠎ᠡ ᠦᠨᠳᠦᠰᠦᠲᠡᠨ᠎ᠦ ᠰᠣᠶᠣᠯ᠎ᠤᠨ ᠬᠠᠷᠢᠴᠠᠭ᠎ᠠ᠎ᠶᠢ ᠰᠠᠢᠲᠤᠷ ᠰᠢᠢᠳᠪᠦᠷᠢᠯᠡᠬᠦ᠎ᠳᠦ᠂ ᠤᠯᠠᠭᠠᠨᠮᠥ᠋ᠴᠢᠷ᠂ ᠨᠠᠭᠠᠳᠤᠮ ᠵᠡᠷᠭᠡ ᠥᠪᠥᠷ ᠮᠣᠩᠭᠣᠯ᠎ᠤᠨ ᠭᠠᠵᠠᠷ ᠣᠷᠣᠨ ᠤ ᠣᠨᠴᠠᠯᠢᠭ᠋᠎ᠲᠠᠢ᠂ ᠦᠨᠳᠦᠰᠦᠲᠡᠨ᠎ᠦ ᠣᠨᠴᠠᠯᠢᠭ᠋᠎ᠢ ᠢᠯᠡᠷᠡᠭᠦᠯᠵᠦ ᠴᠢᠳᠠᠬᠤ᠂ ᠤᠯᠠᠨ᠎ᠤ ᠠᠩᠬᠠᠷᠤᠯ᠎ᠢ ᠲᠠᠲᠠᠭᠰᠠᠨ ᠰᠣᠶᠣᠯ᠎ᠤᠨ ᠳᠦᠷᠢ ᠲᠥᠷᠬᠦ᠎ᠶᠢ ᠭᠦᠢᠴᠡᠳ ᠠᠰᠢᠭ᠍ᠯᠠᠵᠤ᠂ ᠤᠬᠠᠭᠤᠯᠤᠨ ᠲᠠᠨᠢᠯᠴᠠᠭᠤᠯᠬᠤ ᠠᠵᠢᠯ᠎ᠢ ᠭᠣᠣᠯᠳᠠᠯᠭ᠎ᠠ᠎ᠲᠠᠢ ᠬᠢᠵᠦ᠂ ᠳᠤᠮᠳᠠᠳᠤ᠎ᠶᠢᠨ ᠰᠣᠶᠣᠯ᠎ᠤᠨ ᠲᠡᠮᠳᠡᠭ ᠪᠣᠯᠣᠨ ᠡᠯᠧᠮᠧᠨ᠋ᠲ᠎ᠲᠦ ᠳᠠᠰᠤᠷᠠᠯᠳᠠ ᠦᠭᠡᠢ ᠠᠭᠤᠰᠤᠯᠴᠠᠭᠤᠯᠵᠤ᠂ ᠲᠡᠭᠦᠨ᠎ᠢ 《ᠤᠮᠠᠷᠠᠲᠤ ᠬᠢᠯᠢ᠎ᠶᠢᠨ ᠰᠣᠶᠣᠯ》 ᠤᠨ ᠭᠣᠣᠯ ᠪᠤᠯᠬᠤ ᠲᠦᠷᠦᠯ ᠲᠡᠮᠳᠡᠭ ᠪᠣᠯᠭᠠᠬᠤ ᠬᠡᠷᠡᠭᠲᠡᠢ᠃
ᠲᠥᠷᠥᠯ ᠲᠡᠮᠳᠡᠭ ᠢ ᠳᠡᠯᠭᠡᠷᠡᠭᠦᠯᠬᠦ ᠠᠵᠢᠯ᠎ᠢ ᠰᠠᠢᠲᠤᠷ ᠬᠢᠬᠦ ᠬᠡᠷᠡᠭᠲᠡᠢ᠃ ᠰᠣᠶᠣᠯ᠎ᠤᠨ ᠠᠵᠢᠯᠯᠠᠭ᠎ᠠ᠎ᠪᠠᠷ ᠠᠴᠢᠶᠠᠯᠠᠪᠤᠷᠢ ᠪᠣᠯᠭᠠᠵᠤ᠂ ᠲᠠᠯ᠎ᠠ ᠨᠤᠲᠤᠭ᠎ᠤᠨ ᠰᠣᠶᠣᠯ᠎ᠤᠨ ᠨᠠᠢᠷ᠂ ᠥᠪᠥᠷ ᠮᠣᠩᠭᠣᠯ᠎ᠤᠨ ᠰᠣᠶᠣᠯ᠎ᠤᠨ ᠦᠵᠡᠰᠬᠦᠯᠡᠩ᠎ᠦᠨ ᠴᠤᠭᠯᠠᠭᠠᠨ ᠵᠡᠷᠭᠡ ᠰᠣᠶᠣᠯ᠎ᠤᠨ ᠠᠵᠢᠯᠯᠠᠭ᠎ᠠ᠎ᠶᠢᠨ ᠠᠴᠢᠶᠠᠯᠠᠪᠤᠷᠢ᠎ᠶᠢ ᠭᠦᠢᠴᠡᠳ ᠠᠰᠢᠭ᠍ᠯᠠᠨ᠂ ᠤᠯᠠᠮᠵᠢᠯᠠᠬᠤ ᠬᠦᠴᠦᠨ᠂ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠬᠦ ᠬᠡᠷᠡᠭᠳᠡᠢ᠃ ᠬᠤᠭᠤᠴᠠᠭ᠎ᠠ ᠪᠦᠷᠢ᠎ᠶᠢᠨ ᠪᠠᠶᠠᠷ ᠳᠤᠷᠠᠰᠬᠠᠯ᠎ᠤᠨ ᠠᠵᠢᠯᠯᠠᠭ᠎ᠠ᠎ᠳᠠᠬᠢ ᠰᠣᠩᠭᠣᠳᠠᠭ ᠪᠦᠲᠦᠭᠡᠯ᠎ᠢ ᠡᠮᠬᠢᠳᠬᠡᠬᠦ ᠠᠵᠢᠯ᠎ᠢ ᠰᠠᠢᠲᠤᠷ ᠬᠢᠵᠦ᠂ ᠤᠬᠠᠭᠤᠯᠤᠨ ᠳᠡᠯᠭᠡᠷᠡᠭᠦᠯᠬᠦ ᠠᠵᠢᠯ᠎ᠢ ᠴᠢᠩᠭᠠᠳᠬᠠᠬᠤ ᠬᠡᠷᠡᠭᠳᠡᠢ᠃ ᠣᠷᠣᠨ ᠨᠤᠲᠤᠭ ᠤᠨ ᠲᠥᠷᠥᠯ ᠲᠡᠮᠳᠡᠭ ᠵᠢᠡᠷ ᠲᠤᠯᠭᠠᠭᠤᠷᠢᠯᠠᠯ ᠪᠣᠯᠭᠠᠵᠤ᠂ ᠵᠣᠣ ᠵᠢᠶᠦ᠋ᠨ᠎ᠦ ᠰᠣᠶᠣᠯ᠎ᠤᠨ ᠨᠠᠢᠷ᠂ ᠯᠦ᠍ ᠴᠧᠩ᠎ᠦᠨ ᠰᠣᠶᠣᠯ᠎ᠤᠨ ᠨᠠᠢᠷ᠂ ᠪᠣᠷᠣᠳᠣᠬᠣᠢ᠎ᠶᠢᠨ ᠰᠣᠶᠣᠯ᠎ᠤᠨ ᠨᠠᠢᠷ᠂ ᠲᠣᠤᠷᠠᠢᠶᠢᠨ ᠠᠮᠢ ᠠᠬᠤᠢ᠎ᠶᠢᠨ ᠵᠢᠭᠤᠯᠴᠢᠯᠠᠯ᠎ᠤᠨ ᠨᠠᠢᠷ᠂ ᠬᠤᠩᠱᠠᠨ ᠰᠣᠶᠣᠯ᠎ᠤᠨ ᠵᠢᠭᠤᠯᠴᠢᠯᠠᠯ᠎ᠤᠨ ᠨᠠᠢᠷ ᠵᠡᠷᠭᠡ ᠠᠢᠮᠠᠭ ᠬᠣᠲᠠ᠎ᠶᠢᠨ ᠰᠣᠶᠣᠯ᠎ᠤᠨ ᠨᠠᠢᠷ᠎ᠤᠨ ᠦᠢᠯᠡᠳᠦᠯ᠎ᠢ ᠰᠠᠢᠲᠤᠷ ᠪᠠᠳᠠᠷᠠᠭᠤᠯᠵᠤ᠂ ᠨᠢᠭᠡᠳᠦᠯᠲᠡᠢ ᠲᠥᠯᠥᠪᠯᠡᠬᠦ᠎ᠶᠢ ᠴᠢᠩᠭᠠᠳᠬᠠᠨ᠂ ᠨᠡᠢᠯᠡᠮᠡᠯ ᠬᠦᠴᠦᠨ᠎ᠢ ᠪᠣᠶ ᠪᠣᠯᠭᠠᠬᠤ ᠬᠡᠷᠡᠭᠳᠡᠢ; ᠪᠥᠬᠥ ᠣᠷᠣᠨ᠎ᠤ ᠡᠯ᠎ᠡ ᠵᠢᠭᠤᠯᠴᠢᠯᠠᠯ᠎ᠤᠨ ᠦᠵᠡᠮᠵᠢ᠎ᠶᠢᠨ ᠣᠷᠣᠨ᠂ ᠬᠣᠲᠠ᠎ᠶᠢᠨ ᠣᠨᠴᠠᠯᠢᠭ᠍ᠲᠤ ᠲᠡᠮᠳᠡᠭ᠂ 《ᠨᠠᠷᠠᠲᠤ ᠪᠠᠯᠭᠠᠰᠤ》᠎ᠶᠢᠨ ᠰᠣᠶᠣᠯ᠎ᠤᠨ ᠠᠴᠢᠶᠠᠯᠠᠬᠤ ᠪᠠ ᠤᠯᠠᠮᠵᠢᠯᠠᠬᠤ ᠴᠢᠳᠠᠮᠵᠢ᠎ᠶᠢ ᠪᠠᠳᠠᠷᠠᠭᠤᠯᠵᠤ᠂ ᠰᠣᠶᠣᠯ᠎ᠢᠶᠠᠷ ᠵᠢᠭᠤᠯᠴᠢᠯᠠᠯ᠎ᠢ ᠠᠬᠢᠭᠤᠯᠵᠤ᠂ ᠵᠢᠭᠤᠯᠴᠢᠯᠠᠯ᠎ᠢᠶᠠᠷ ᠰᠣᠶᠣᠯ᠎ᠢ ᠳᠣᠪᠣᠶ᠋ᠢᠯᠭᠠᠨ᠎ᠠ᠃ ᠤᠯᠠᠨ ᠲᠦᠮᠡᠨ᠎ᠦ ᠣᠷᠤᠯᠴᠠᠯᠭ᠎ᠠ᠎ᠪᠠᠷ ᠭᠣᠣᠯ ᠴᠣᠭᠴᠠ ᠪᠣᠯᠭᠠᠨ᠂ ᠦᠨᠳᠦᠰᠦᠨ ᠱᠠᠲᠤᠨ᠎ᠤ ᠤᠯᠠᠨ ᠨᠡᠶ᠋ᠢᠲᠡ᠎ᠶᠢᠨ ᠰᠣᠶᠣᠯ᠎ᠤᠨ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠡᠷᠴᠢᠮ᠎ᠢ ᠴᠢᠩᠭᠠᠷᠠᠭᠤᠯᠵᠤ᠂ ᠤᠯᠠᠨ ᠲᠦᠮᠡᠨ᠎ᠦ ᠦᠵᠡᠵᠦ ᠰᠣᠨᠣᠰᠬᠤ ᠳᠤᠷᠠᠲᠠᠢ᠂ ᠥᠷᠭᠡᠨ᠎ᠢᠶᠡᠷ ᠣᠷᠣᠯᠴᠠᠬᠤ ᠰᠣᠶᠣᠯ᠎ᠤᠨ ᠠᠵᠢᠯᠯᠠᠭ᠎ᠠ᠎ᠶᠢ ᠢᠯᠡᠭᠦᠬᠡᠨ ᠥᠷᠨᠢᠭᠦᠯᠦᠨ᠎ᠡ; ᠺᠠᠳ᠋ᠷ ᠤᠯᠠᠨ ᠲᠦᠮᠡᠨ᠎ᠢ ᠢᠯᠡᠭᠦᠬᠡᠨ ᠵᠣᠬᠢᠶᠠᠨ ᠪᠠᠢᠭᠤᠯᠵᠤ ᠮᠦᠽᠧᠢ᠂ ᠤᠷᠠᠨ ᠵᠢᠷᠤᠭ᠎ᠤᠨ ᠣᠷᠳᠣᠨ ᠵᠡᠷᠭᠡ ᠰᠣᠶᠣᠯ᠎ᠤᠨ ᠲᠠᠯᠠᠪᠤᠷ᠎ᠢᠶᠠᠷ ᠲᠣᠭᠣᠷᠢᠨ ᠦᠵᠡᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠣᠶᠣᠯ᠎ᠤᠨ ᠪᠡᠶᠡᠴᠢᠯᠡᠨ ᠣᠢᠯᠠᠭᠠᠬᠤ ᠲᠥᠪ ᠪᠠᠶ᠋ᠢᠭᠤᠯᠬᠤ᠎ᠶᠢ ᠪᠣᠳᠣᠯᠬᠢᠯᠠᠵᠤ᠂ ᠤᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢᠭᠠᠳ ᠰᠠᠨᠠᠭᠠᠴᠢᠯᠠᠭ᠎ᠠ᠎ᠠᠴᠠ᠎ᠪᠠᠨ ᠣᠷᠣᠯᠴᠠᠭᠤᠯᠵᠤ᠂ 《ᠤᠮᠠᠷᠠᠲᠤ᠎ᠬᠢᠯᠢ ᠵᠢᠨ ᠰᠣᠶᠣᠯ》 ᠵᠢᠡᠷ ᠰᠡᠳᠬᠢᠯ ᠵᠢᠷᠦᠭᠡ ᠪᠡᠨ ᠤᠮᠳᠠᠯᠠᠭᠤᠯᠵᠦ᠂ ᠠᠮᠠ ᠲᠠᠮᠵᠢᠨ ᠶᠠᠷᠢᠭᠳᠠᠬᠤ ᠲᠤᠮᠳᠠ ᠲᠦᠷᠦᠯ ᠲᠡᠮᠳᠡᠭ᠎ᠢ ᠡᠭᠦᠳᠬᠦ ᠬᠡᠷᠡᠭᠲᠡᠢ᠃
ᠰᠣᠶᠣᠯ᠎ᠤᠨ ᠠᠵᠢᠯᠲᠠᠳ᠎ᠢᠶᠠᠷ ᠳᠦᠷᠢ ᠲᠥᠷᠬᠦ᠎ᠶᠢᠨ ᠡᠯᠴᠢᠨ ᠪᠣᠯᠭᠠᠵᠤ᠂ ᠤᠨᠤᠯ᠎ᠤᠨ ᠰᠤᠳᠤᠯᠭᠠᠨ᠎ᠤ ᠪᠦᠯᠬᠦᠮ᠂ ᠵᠠᠭᠤᠴᠢᠯᠠᠭᠤᠷ᠎ᠤᠨ ᠤᠬᠠᠭᠤᠯᠭ᠎ᠠ᠎ᠶᠢᠨ ᠪᠦᠯᠬᠦᠮ᠂ ᠰᠣᠶᠣᠯ᠎ᠤᠨ ᠵᠣᠬᠢᠶᠠᠨ ᠪᠦᠲᠦᠭᠡᠬᠦ ᠪᠦᠯᠬᠦᠮ᠎ᠢ ᠢᠳᠡᠪᠬᠢᠲᠡᠢ ᠬᠥᠮᠥᠵᠢᠭᠦᠯᠵᠦ᠂ ᠰᠣᠶᠣᠯ᠎ᠤᠨ ᠨᠡᠷᠡᠳᠦ ᠬᠥᠮᠥᠨ᠂ ᠨᠡᠷᠡᠳᠦ ᠬᠥᠮᠥᠰ᠎ᠢ ᠶᠡᠬᠡ ᠪᠡᠷ ᠬᠥᠮᠥᠵᠢᠭᠦᠯᠵᠦ᠂ ᠦᠭᠡ ᠬᠡᠯᠡᠬᠦ ᠡᠷᠬᠡ ᠪᠠ ᠤᠯᠠᠮᠵᠢᠯᠠᠬᠤ ᠴᠢᠳᠠᠪᠤᠷᠢ᠎ᠶᠢ ᠳᠡᠭᠡᠭᠰᠢᠯᠡᠭᠦᠯᠵᠦ᠂ ᠰᠣᠶᠣᠯ᠎ᠤᠨ ᠲᠦᠷᠦᠯ ᠲᠡᠮᠳᠡᠭ᠎ᠢ ᠤᠯᠠᠮᠵᠢᠯᠠᠬᠤ ᠡᠭᠦᠷᠭᠡ᠎ᠶᠢ ᠨᠡᠩ ᠰᠠᠢᠲᠤᠷ ᠡᠭᠦᠷᠭᠡᠯᠡᠬᠦ ᠬᠡᠷᠡᠭᠳᠡᠢ᠃ ᠰᠣᠶᠣᠯ᠎ᠤᠨ ᠪᠦᠲᠦᠭᠡᠭᠳᠡᠬᠦᠨ᠎ᠢᠶᠡᠷ ᠵᠠᠭᠤᠴᠢ ᠪᠣᠯᠭᠠᠨ᠂ ᠪᠥᠵᠢᠭᠲᠦ ᠵᠦᠴᠦᠭᠡ 《ᠮᠣᠷᠢᠲᠤ ᠴᠡᠷᠢᠭ》᠂ ᠨᠠᠢᠷᠠᠯ ᠬᠥᠭᠵᠢᠮ 《ᠲᠤᠭ》 ᠮᠡᠳᠦ ᠵᠢᠨ ᠤᠳᠬ᠎ᠠ ᠤᠷᠠᠯᠢᠭ᠋᠎ᠤᠨ ᠰᠣᠳᠣᠨ ᠪᠦᠲᠦᠭᠡᠯ᠎ᠢ ᠢᠯᠡᠭᠦᠬᠡᠨ ᠦᠢᠯᠡᠳᠴᠤ᠂ ᠨᠡᠢᠭᠡᠮ᠎ᠦᠨ ᠡᠯ᠎ᠡ ᠡᠲᠡᠭᠡᠳ᠎ᠦᠨ ᠠᠩᠬᠠᠷᠤᠯ᠎ᠢ ᠨᠡᠮᠡᠭᠳᠡᠬᠦᠯᠵᠦ ᠨᠡᠷ᠎ᠡ ᠠᠯᠳᠠᠷᠰᠢᠯ ᠵᠢᠡᠨ ᠨᠡᠮᠡᠭᠳᠡᠬᠦᠯᠦᠨ᠎ᠡ; ᠰᠦᠯᠵᠢᠶ᠎ᠡ᠎ᠪᠡᠷ ᠤᠯᠠᠮᠵᠢᠯᠠᠬᠤ ᠵᠢᠮ᠎ᠡ ᠶᠣᠰᠣ᠌᠎ᠶᠢ ᠭᠦᠨᠵᠡᠭᠡᠢ ᠡᠵᠡᠮᠰᠢᠵᠦ᠂ ᠰᠢᠨ᠎ᠡ ᠮᠡᠷᠭᠡᠵᠢᠯ ᠰᠢᠨ᠎ᠡ ᠠᠷᠭ᠎ᠠ ᠪᠠᠷᠢᠯ᠎ᠢ ᠥᠷᠭᠡᠨ᠎ᠢᠶᠡᠷ ᠬᠡᠷᠡᠭᠯᠡᠨ᠂ 《ᠤᠮᠠᠷᠠᠲᠤ ᠬᠢᠯᠢ᠎ᠶᠢᠨ ᠰᠣᠶᠣᠯ》᠎ᠤᠨ ᠡᠯᠧᠮᠧᠨ᠋ᠲ᠎ᠲᠦ ᠠᠭᠤᠰᠤᠯᠴᠠᠭᠰᠠᠨ ᠰᠦᠯᠵᠢᠶᠡᠨ᠎ᠦ ᠰᠣᠶᠣᠯ᠎ᠤᠨ ᠪᠦᠲᠦᠭᠡᠭᠳᠡᠬᠦᠨ᠎ᠢ ᠢᠳᠡᠪᠬᠢᠲᠡᠢ ᠵᠣᠬᠢᠶᠠᠨ ᠪᠦᠲᠦᠭᠡᠵᠦ᠂ ᠰᠦᠯᠵᠢᠶᠡᠨ ᠳᠡᠭᠡᠷ᠎ᠡ ᠤᠯᠠᠮᠵᠢᠯᠠᠬᠤ᠎ᠶᠢ ᠰᠠᠢᠲᠤᠷ ᠬᠢᠨ᠎ᠡ᠃
ᠭᠠᠳᠠᠭᠠᠳᠤ ᠤᠬᠠᠭᠤᠯᠭ᠎ᠠ᠎ᠶᠢ ᠰᠠᠢᠲᠤᠷ ᠬᠢᠬᠦ ᠬᠡᠷᠡᠭᠲᠡᠢ᠃ 《ᠣᠷᠣᠭᠤᠯᠵᠤ ᠠᠪᠴᠢᠷᠠᠬᠤ》 ᠲᠠᠯ᠎ᠠ᠎ᠪᠠᠷ᠂ ᠤᠯᠤᠰ᠎ᠤᠨ ᠲᠠᠰ᠎ᠤᠨ᠂ ᠣᠯᠠᠨ ᠤᠯᠤᠰ᠎ᠤᠨ ᠴᠢᠨᠠᠷᠲᠠᠢ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ᠎ᠤᠨ ᠠᠵᠢᠯᠯᠠᠭ᠎ᠠ᠎ᠶᠢ ᠢᠳᠡᠪᠬᠢᠲᠡᠢ᠎ᠪᠡᠷ ᠳᠠᠭᠠᠭᠠᠨ ᠡᠷᠭᠢᠯᠡᠵᠦ᠂ ᠠᠵᠢᠯᠯᠠᠭ᠎ᠠ᠎ᠶᠢᠨ ᠵᠢᠷᠤᠭ ᠲᠥᠯᠥᠪᠯᠡᠭᠡ ᠪᠠ ᠠᠭᠤᠯᠭ᠎ᠠ᠎ᠶᠢᠨ ᠢᠯᠡᠷᠡᠭᠦᠯᠦᠯᠲᠡ᠎ᠶᠢᠨ ᠲᠠᠯ᠎ᠠ᠎ᠪᠠᠷ 《ᠤᠮᠠᠷᠠᠲᠤ ᠬᠢᠯᠢ᠎ᠶᠢᠨ ᠰᠣᠶᠣᠯ》᠎ᠤᠨ ᠡᠯᠧᠮᠧᠨ᠋ᠲ᠎ᠢ ᠳᠡᠯᠭᠡᠨ ᠦᠵᠡᠭᠦᠯᠵᠦ᠂ ᠥᠪᠥᠷ ᠮᠣᠩᠭᠣᠯ᠎ᠤᠨ ᠰᠠᠭᠤᠭᠳᠠᠯ ᠢ ᠢᠯᠡᠳᠬᠡᠨ ᠦᠵᠡᠬᠦᠯᠦᠨ᠎ᠡ᠃ 《 ᠭᠠᠷᠴᠦ ᠶᠠᠪᠤᠬᠤ》 ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ ᠵᠢᠴᠢ ᠠᠢᠮᠠᠭ ᠬᠣᠲᠠ᠎ᠶᠢᠨ ᠤᠳᠬ᠎ᠠ ᠤᠷᠠᠯᠢᠭ᠋᠎ᠤᠨ ᠪᠦᠯᠬᠦᠮ᠎ᠢ ᠢᠳᠡᠪᠬᠢᠲᠡᠢ ᠵᠣᠬᠢᠶᠠᠨ ᠪᠠᠢᠭᠤᠯᠵᠤ ᠣᠷᠣᠨ᠎ᠤ ᠭᠠᠳᠠᠨ᠎ᠠ᠂ ᠤᠯᠤᠰ᠎ᠦᠨ ᠭᠠᠳᠠᠭᠠᠳᠤ᠎ᠳᠤ ᠲᠣᠭᠯᠠᠯᠲᠠ ᠭᠠᠷᠭᠠᠭᠤᠯᠤᠨ᠎ᠠ᠃ ᠪᠣᠭᠣᠮᠲᠠ ᠪᠣᠯᠣᠨ ᠤᠯᠠᠨ ᠤᠯᠤᠰ᠎ᠤᠨ ᠠᠷᠠᠯᠵᠢᠶᠠᠨ᠎ᠤ ᠶᠠᠪᠤᠯᠴᠠᠭ᠎ᠠ᠎ᠶᠢᠨ ᠠᠵᠠ ᠲᠣᠬᠢᠶᠠᠯ᠎ᠢ ᠰᠠᠢᠲᠤᠷ ᠠᠰᠢᠭ᠍ᠯᠠᠵᠤ᠂ ᠠᠵᠤ ᠠᠬᠤᠢ ᠠᠷᠠᠯᠵᠢᠶ᠎ᠠ ᠪᠣᠯᠣᠨ ᠰᠣᠶᠣᠯ᠎ᠤᠨ ᠰᠣᠯᠢᠯᠴᠠᠭ᠎ᠠ᠎ᠶᠢᠨ ᠠᠭᠤᠰᠤᠯᠴᠠᠯ᠎ᠢ ᠠᠬᠢᠭᠤᠯᠤᠨ᠎ᠠ᠃ᠤᠬᠠᠭᠤᠯᠭ᠎ᠠ᠎ᠶᠢᠨ ᠠᠷᠭ᠎ᠠ ᠮᠠᠶᠢᠭ᠋᠎ᠤᠨ ᠰᠢᠨ᠎ᠡ᠎ᠶᠢ ᠡᠭᠦᠳᠴᠦ᠂ 《ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ》ᠵᠢ《ᠤᠮᠠᠷᠠᠲᠤ ᠬᠢᠯᠢ᠎ᠶᠢᠨ ᠰᠣᠶᠣᠯ》᠎ᠤᠨ ᠨᠡᠬᠦᠳᠡᠯ ᠤᠬᠠᠭᠤᠯᠭ᠎ᠠ᠎ᠶᠢᠨ ᠲᠡᠷᠭᠡ ᠪᠣᠯᠭᠠᠬᠤ᠎ᠶᠢ ᠠᠬᠢᠭᠤᠯᠵᠤ᠂ ᠵᠠᠩ ᠳᠠᠳᠬᠠᠯ᠂ ᠢᠳᠡᠭᠡᠨ ᠤᠮᠳᠠᠭᠠᠨ᠂ ᠬᠤᠪᠴᠠᠰᠤ ᠵᠠᠰᠠᠯ ᠵᠡᠷᠭᠡ ᠭᠠᠵᠠᠷ ᠣᠷᠣᠨ᠎ᠤ ᠰᠣᠶᠣᠯ ᠪᠠ 《ᠥᠪᠥᠷ ᠮᠣᠩᠭᠣᠯ ᠨᠡᠷᠡᠮᠵᠢᠲᠤ》 ᠣᠨᠴᠠ ᠭᠠᠷᠤᠯᠲᠠ᠎ᠶᠢ ᠨᠡᠢᠯᠡᠭᠦᠯᠦᠨ ᠭᠠᠳᠠᠭ᠍ᠰᠢ ᠲᠠᠨᠢᠯᠴᠠᠭᠤᠯᠬᠤ ᠬᠡᠷᠡᠭᠲᠡᠢ᠃
ᠦᠢᠯᠡᠳᠦᠯᠭᠡ ᠰᠡᠳᠬᠦᠯ᠎ᠦᠨ ᠬᠣᠷᠢᠶ᠎ᠠ᠎ᠶᠢᠨ ᠬᠢᠨ ᠳᠠᠪᠠᠭᠤᠯᠢᠭ᠋ ᠣᠨᠴᠠᠯᠢᠭ᠋᠎ᠢᠶᠠᠨ ᠭᠦᠢᠴᠡᠳ ᠪᠠᠳᠠᠷᠠᠭᠤᠯᠵᠤ᠂ ᠬᠠᠮ ᠵᠠᠭᠤᠴᠢᠯᠠᠭᠤᠷ᠎ᠤᠨ ᠲᠠᠪᠴᠠᠩ᠎ᠢ ᠬᠡᠷᠡᠭᠯᠡᠵᠦ᠂ 《ᠤᠮᠠᠷᠠᠲᠤ᠎ᠬᠢᠯᠢ ᠵᠢᠨ ᠰᠣᠶᠣᠯ》 ᠤᠨ ᠪᠠᠢᠭᠤᠯᠤᠯᠲᠠ᠎ᠶᠢ ᠠᠬᠢᠭᠤᠯᠬᠤ ᠲᠠᠯ᠎ᠠ᠎ᠪᠠᠷ ᠦᠢᠯᠡᠳᠦᠯ᠎ᠢᠶᠡᠨ ᠢᠳᠡᠪᠬᠢᠲᠡᠢ ᠪᠠᠳᠠᠷᠠᠭᠤᠯᠤᠨ᠎ᠠ᠃ ᠨᠢᠭᠡ᠎ᠳᠦ᠂ ᠲᠠᠢᠯᠪᠤᠷᠢᠯᠠᠬᠤ ᠠᠵᠢᠯ᠎ᠢ ᠰᠠᠢᠲᠤᠷ ᠬᠢᠨ᠎ᠡ᠃ 《ᠦᠢᠯᠡᠳᠦᠯᠭᠡ》 ᠭᠣᠣᠯ ᠰᠡᠳᠬᠦᠯ 《ᠤᠮᠠᠷᠠᠲᠤ᠎ᠬᠢᠯᠢ ᠵᠢᠨ ᠰᠣᠶᠣᠯ》᠎ᠤᠨ ᠲᠥᠷᠥᠯ ᠲᠡᠮᠳᠡᠭ ᠢ ᠡᠭᠦᠳᠬᠦ᠎ᠶᠢᠨ ᠲᠣᠭᠣᠷᠢᠨ᠎ᠳᠤ ᠲᠤᠰᠬᠠᠢ ᠰᠡᠳᠦᠪ ᠭᠠᠷᠭᠠᠵᠤ᠂ ᠣᠨᠣᠯ᠎ᠤᠨ ᠲᠠᠢᠯᠪᠤᠷᠢᠯᠠᠯᠲᠠ᠂ ᠲᠤᠰᠬᠠᠢ ᠮᠡᠷᠭᠡᠵᠢᠯᠲᠡᠨ᠎ᠦ ᠲᠠᠢᠯᠤᠮᠵᠢ ᠵᠢᠨ ᠪᠤᠯᠤᠩ᠂ ᠭᠦᠨᠵᠡᠭᠡᠢ ᠰᠤᠷᠪᠤᠯᠵᠢᠯᠠᠨ ᠮᠡᠳᠡᠭᠡᠯᠡᠬᠦ᠎ᠶᠢ ᠤᠬᠠᠭᠠᠯᠠᠵᠤ᠂ ᠣᠷᠣᠨ᠎ᠤ ᠳᠣᠲᠣᠨ᠎ᠠ ᠭᠠᠳᠠᠨᠠᠬᠢ ᠰᠣᠶᠣᠯ᠎ᠤᠨ ᠬᠥᠮᠥᠰ᠂ ᠡᠷᠳᠡᠮᠲᠡᠨ᠎ᠢ ᠤᠷᠢᠵᠤ ᠭᠦᠨᠵᠡᠭᠡᠢ ᠲᠠᠢᠯᠪᠣᠷᠢᠯᠠᠬᠰᠠᠨ ᠲᠠᠢᠯᠤᠮᠵᠢ᠎ᠶᠢᠨ ᠵᠣᠬᠢᠶᠠᠯ ᠨᠡᠢᠳᠡᠯᠡᠨ᠎ᠠ᠃ ᠬᠣᠶᠠᠷ᠎ᠲᠤ᠂ ᠤᠬᠠᠭᠤᠯᠤᠨ ᠳᠡᠯᠭᠡᠷᠡᠭᠦᠯᠬᠦ ᠠᠵᠢᠯ᠎ᠢ ᠰᠠᠢᠲᠤᠷ ᠬᠢᠨ᠎ᠡ᠃《ᠰᠤᠷᠤᠯᠴᠠᠯᠭ᠎ᠠ ᠵᠢᠨ ᠬᠦᠴᠦᠷᠬᠡᠭ ᠤᠯᠤᠰ》 ᠥᠪᠥᠷ ᠮᠣᠩᠭᠣᠯ᠎ᠤᠨ ᠰᠤᠷᠤᠯᠴᠠᠯᠭ᠎ᠠ᠎ᠶᠢᠨ ᠲᠠᠪᠴᠠᠩ᠎ᠳᠠᠬᠢ 《ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠪᠠᠳᠠᠷᠠᠭᠤᠯᠬᠤ》 ᠂ 《ᠥᠪᠥᠷ ᠮᠣᠩᠭᠣᠯ᠎ᠤᠨ ᠰᠠᠭᠤᠭᠳᠠᠯ》᠂ 《ᠪᠣᠯᠪᠠᠰᠤᠨ ᠥᠪᠥᠷ ᠮᠣᠩᠭᠣᠯ》᠂ 《ᠥᠪᠥᠷ ᠮᠣᠩᠭᠣᠯ᠎ᠤᠨ ᠳᠤᠷᠠᠰᠤᠮᠵᠢ》᠎ᠶᠢ ᠨᠡᠢᠳᠭᠡᠵᠦ 《ᠤᠮᠠᠷᠠᠲᠤ ᠬᠢᠯᠢ᠎ᠶᠢᠨ ᠰᠣᠶᠣᠯ》᠎ᠤᠨ ᠲᠤᠰᠬᠠᠢ ᠪᠤᠯᠤᠩ ᠪᠣᠯᠭᠠᠵᠤ᠂ ᠪᠥᠬᠥ ᠣᠷᠣᠨ᠎ᠤ 《ᠤᠮᠠᠷᠠᠲᠤ ᠬᠢᠯᠢ᠎ᠶᠢᠨ ᠰᠣᠶᠣᠯ》᠎ᠤᠨ ᠪᠠᠢᠭᠤᠯᠤᠯᠲᠠ᠎ᠶᠢ ᠠᠬᠢᠭᠤᠯᠬᠤ ᠲᠠᠯ᠎ᠠ᠎ᠪᠠᠷ ᠬᠢ ᠠᠮᠢᠳᠤᠯᠢᠭ᠋ ᠦᠢᠯᠡᠳᠦᠯᠭᠡ ᠪᠠ ᠦᠷ᠎ᠡ ᠪᠦᠲᠦᠭᠡᠯ ᠲᠤᠷᠰᠢᠯᠭ᠎ᠠ᠎ᠶᠢ ᠲᠥᠪᠯᠡᠷᠡᠭᠦᠯᠦᠨ ᠤᠬᠠᠭᠤᠯᠤᠨ᠎ᠠ᠃ ᠪᠥᠬᠥ ᠤᠯᠤᠰ᠎ᠤᠨ ᠡᠯ᠎ᠡ ᠮᠤᠵᠢ᠎ᠶᠢᠨ ᠲᠠᠰ᠎ᠤᠨ ᠲᠠᠪᠴᠠᠩ᠎ᠢ ᠤᠷᠢᠵᠤ 《ᠥᠪᠥᠷ ᠮᠣᠩᠭᠣᠯ᠎ᠳᠤ ᠢᠷᠡᠭᠡᠷᠡᠢ᠂ ᠰᠠᠢᠬᠠᠨ ᠰᠠᠭᠣᠭᠳᠠᠯ ᠦᠯᠡᠳᠡᠭᠡᠬᠦ ᠨᠢ ᠯᠠᠪᠳᠠᠢ》 ᠭᠡᠬᠦ ᠭᠣᠣᠯ ᠰᠡᠳᠦᠪᠲᠦ ᠪᠠᠢᠴᠠᠭᠠᠨ ᠰᠤᠳᠤᠯᠤᠯᠲᠠ᠎ᠶᠢᠨ ᠠᠵᠢᠯᠯᠠᠭ᠎ᠠ᠎ᠶᠢ ᠬᠠᠮᠲᠤᠷᠠᠨ ᠥᠷᠨᠢᠭᠦᠯᠦᠨ᠎ᠡ᠃ ᠰᠡᠳᠬᠦᠯ᠎ᠦᠨ ᠬᠣᠷᠢᠶ᠎ᠠ᠂ 《ᠰᠤᠷᠤᠯᠴᠠᠯᠭ᠎ᠠ᠎ᠵᠢᠨ ᠬᠦᠴᠦᠷᠬᠡᠭ ᠤᠯᠤᠰ》 ᠶᠡᠷᠦᠩᠬᠡᠢ ᠲᠠᠪᠴᠠᠩ᠎ᠤᠨ ᠪᠠᠢᠭᠤᠯᠤᠭᠰᠠᠨ ᠬᠠᠮᠲᠤᠷᠠᠯᠴᠠᠭᠠᠨ᠎ᠤ ᠲᠣᠭᠲᠠᠴᠠ᠎ᠶᠢ ᠠᠰᠢᠭ᠍ᠯᠠᠵᠤ᠂ ᠬᠠᠮᠤᠭ᠎ᠤᠨ ᠲᠦᠷᠦᠭᠦᠨ᠎ᠳᠦ ᠰᠢᠯᠢᠳᠡᠭ ᠪᠦᠲᠦᠭᠡᠯ᠎ᠢ ᠲᠠᠨᠢᠯᠴᠠᠭᠤᠯᠵᠤ᠂ ᠨᠡᠩ ᠶᠡᠬᠡ ᠬᠡᠪᠴᠢᠶᠡᠨ᠎ᠳᠦ ᠥᠪᠥᠷ ᠮᠣᠩᠭᠣᠯ᠎ᠢ ᠤᠬᠠᠭᠤᠯᠤᠨ᠎ᠠ᠃ ᠭᠤᠷᠪᠠ᠎ᠳᠤ᠂ ᠠᠷᠭ᠎ᠠ ᠬᠡᠯᠪᠡᠷᠢ ᠶᠢᠨ ᠰᠢᠨ᠎ᠡ᠎ᠶᠢ ᠡᠭᠦᠳᠬᠦ ᠬᠡᠷᠡᠭᠳᠡᠢ᠃ 《ᠲᠠᠨᠢᠯᠲᠠ》 ᠰᠢᠭᠦᠮᠵᠢ᠎ᠶᠢᠨ ᠪᠤᠯᠤᠩ᠎ᠳᠦ ᠰᠠᠷ᠎ᠠ ᠪᠦᠷᠢ 2 ᠡᠴᠡ 3 ᠬᠤᠪᠢ ᠰᠣᠶᠣᠯ᠎ᠤᠨ ᠭᠣᠣᠯ ᠰᠡᠳᠦᠪᠲᠦ ᠰᠦᠯᠵᠢᠶᠡᠨ᠎ᠦ ᠦᠨᠡᠯᠡᠯᠲᠡ᠎ᠶᠢ ᠨᠡᠢᠲᠡᠯᠡᠨ᠎ᠡ᠃ ᠨᠠᠮ᠎ᠤᠨ ᠰᠡᠳᠬᠦᠯ᠎ᠦᠨ IP ᠳᠦᠷᠢ ᠲᠥᠷᠬᠦ᠎ᠶᠢ ᠰᠢᠨ᠎ᠡ᠎ᠪᠡᠷ ᠥᠭᠡᠷᠡᠴᠢᠯᠡᠨ ᠵᠢᠷᠤᠵᠤ ᠲᠥᠯᠥᠪᠯᠡᠵᠦ᠂ 《ᠤᠮᠠᠷᠠᠲᠤ ᠬᠢᠯᠢ ᠶᠢᠨ ᠰᠣᠶᠣᠯ》 ᠤᠨ ᠡᠯᠧᠮᠧᠨ᠋ᠲ᠎ᠲᠦ ᠠᠭᠤᠰᠬᠠᠵᠤ᠂ ᠰᠢᠷᠢᠰ ᠤᠷᠳᠤ ᠵᠢᠷᠤᠭ᠂ ᠺᠠᠷᠲ᠋ᠣᠨ ᠵᠢᠷᠤᠭ᠎ᠢ ᠦᠷᠭᠦᠯᠵᠢᠯᠡᠨ ᠨᠡᠢᠳᠡᠯᠡᠨ᠎ᠡ᠃ ᠰᠡᠳᠬᠦᠯ᠎ᠦᠨ ᠬᠣᠷᠢᠶ᠎ᠠ ᠪᠣᠯᠣᠨ ᠪᠡᠭᠡᠵᠢᠩ ᠶᠡᠬᠡ ᠰᠤᠷᠭᠠᠭᠤᠯᠢ᠎ᠶᠢᠨ ᠶᠠᠨ ᠶᠤᠸᠠᠨ ᠬᠡᠪᠯᠡᠯ᠎ᠦᠨ ᠬᠣᠷᠢᠶ᠎ᠠ᠎ᠶᠢᠨ ᠬᠠᠮᠲᠤᠷᠠᠨ ᠡᠷᠬᠢᠯᠡᠭᠰᠡᠨ 《ᠤᠯᠠᠨ ᠲᠦᠮᠡᠨ᠎ᠦ ᠤᠷᠠᠨ ᠪᠢᠴᠢᠯᠭᠡ》 ᠪᠡᠷ ᠠᠴᠢᠶᠠᠯᠠᠪᠤᠷᠢ ᠪᠣᠯᠭᠠᠵᠤ᠂ ᠲᠤᠰᠬᠠᠢ ᠰᠡᠳᠦᠪᠲᠦ ᠤᠬᠠᠭᠠᠯᠠᠭ᠎ᠠ ᠬᠢᠵᠦ᠂ ᠨᠡᠷᠡᠳᠦ ᠤᠷᠠᠯᠢᠭ᠍ᠴᠢᠨ᠎ᠢ ᠥᠪᠥᠷ ᠮᠣᠩᠭᠣᠯ᠎ᠳᠤ ᠤᠷᠢᠨ ᠢᠷᠡᠭᠦᠯᠵᠤ ᠵᠣᠬᠢᠶᠠᠨ ᠪᠦᠲᠦᠭᠡᠵᠦ᠂ ᠤᠷᠠᠨ ᠪᠢᠴᠢᠯᠭᠡ ᠪᠣᠯᠣᠨ ᠤᠷᠠᠨ ᠵᠢᠷᠤᠭ᠎ᠤᠨ ᠬᠡᠯᠪᠡᠷᠢ᠎ᠪᠡᠷ 《ᠤᠮᠠᠷᠠᠲᠤ᠎ᠬᠢᠯᠢ ᠵᠢᠨ ᠰᠣᠶᠣᠯ》 ᠢ ᠳᠡᠯᠭᠡᠨ ᠦᠵᠡᠭᠦᠯᠵᠦ ᠪᠤᠯᠤᠨ᠎ᠠ᠃
(ᠵᠣᠬᠢᠶᠠᠭ᠍ᠴᠢ᠄ ᠦᠢᠯᠡᠳᠦᠯᠭᠡ ᠰᠡᠳᠬᠦᠯ᠎ᠦᠨ ᠬᠣᠷᠢᠶ᠎ᠠ ᠵᠢᠨ ᠨᠠᠮ᠎ᠤᠨ ᠬᠣᠷᠢᠶ᠎ᠠ ᠵᠢᠨ ᠱᠦᠵᠢ᠂ ᠬᠣᠷᠢᠶᠠᠨ᠎ᠤ ᠳᠠᠷᠤᠭ᠎ᠠ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃