ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2023-10-20 10:23:30

ᠵᠣᠬᠢᠶᠠᠭ᠍ᠴᠢ᠄ ᠸᠠᠩ ᠭᠦᠩ ᠸᠧᠢ ᠣᠩᠱᠢᠭ᠍ᠰᠠᠨ ᠣᠳᠠᠭ᠎ᠠ᠄ 3

ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠳᠤᠮᠳᠠᠳᠤ᠎ᠶᠢᠨ ᠪᠣᠯᠪᠠᠰᠤᠨ᠎ᠤ ᠤᠶᠤᠨ᠎ᠤ ᠲᠠᠯᠠᠰᠳᠤ ᠪᠠ ᠤᠭᠢ ᠰᠣᠳᠣ᠌ ᠮᠥᠨ᠂ ᠳᠤᠮᠳᠠᠳᠤ᠎ᠶᠢᠨ ᠦᠨᠳᠦᠰᠦᠲᠡᠨ᠎ᠦ ᠦᠨᠳᠦᠰᠦ ᠪᠠ ᠰᠦᠨᠡᠰᠦ ᠮᠥᠨ᠂ ᠳᠡᠯᠡᠬᠡᠢ ᠎ᠶᠢᠨ ᠰᠣᠶᠣᠯ ᠎ᠤᠨ ᠣᠷᠣᠰᠬᠠᠯ ᠳᠤᠮᠳᠠ ᠪᠢᠳᠡᠨ᠎ᠦ ᠬᠥᠯ ᠲᠣᠭᠲᠠᠬᠤ ᠎ᠶᠢᠨ ᠦᠨᠳᠦᠰᠦ ᠰᠠᠭᠤᠷᠢ ᠮᠥᠨ᠃ ᠶᠡᠷᠦᠩᠬᠡᠢ ᠱᠦᠵᠢ ᠰᠢ᠎ᠶᠢᠨ ᠫᠢᠩ᠎ᠦᠨ ᠰᠣᠶᠣᠯ ᠎ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠪᠢᠳᠡᠨ ᠎ᠦ ᠰᠣᠶᠣᠯ ᠎ᠤᠨ ᠤᠬᠠᠮᠰᠠᠷ᠎ᠢᠶᠠᠨ ᠴᠢᠨᠠᠭᠰᠢᠳᠠ ᠴᠢᠩᠭᠠᠳᠬᠠᠬᠤ᠂ ᠰᠣᠶᠣᠯ᠎ᠤᠨ ᠡᠭᠦᠷᠭᠡ ᠬᠠᠷᠢᠭᠤᠴᠠᠯᠭ᠎ᠠ᠎ᠶᠢ ᠵᠣᠷᠢᠭ᠍ᠲᠠᠢ ᠎ᠪᠠᠷ ᠡᠭᠦᠷᠭᠡᠯᠡᠬᠦ᠂ ᠰᠣᠶᠣᠯ᠎ᠤᠨ ᠬᠦᠴᠦᠷᠬᠡᠭ ᠣᠷᠣᠨ᠎ᠢ ᠲᠦᠷᠭᠡᠨ ᠪᠠᠶ᠋ᠢᠭᠤᠯᠬᠤ᠂ ᠳᠤᠮᠳᠠᠳᠤ ᠎ᠶᠢᠨ ᠦᠨᠳᠦᠰᠦᠲᠡᠨ ᠎ᠦ ᠤᠳᠤ ᠦᠶ᠎ᠡ ᠎ᠶᠢᠨ ᠪᠣᠯᠪᠠᠰᠤᠨ᠎ᠢ ᠪᠠᠶ᠋ᠢᠭᠤᠯᠬᠤ᠎ᠳᠤ ᠥᠪᠥᠷ ᠮᠣᠩᠭᠣᠯ ᠡᠴᠡ ᠬᠤᠪᠢ ᠨᠡᠮᠡᠷᠢ ᠦᠵᠡᠭᠦᠯᠭᠦ᠎ᠳᠦ ᠤᠷᠤᠭᠰᠢᠯᠠᠯᠲᠠ᠎ᠶᠢᠨ ᠴᠢᠭᠯᠡᠯ᠎ᠢ ᠵᠢᠭᠠᠵᠤ ᠥᠭᠴᠡᠢ᠃ ᠤᠮᠠᠷᠠᠲᠤ᠎ᠶᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ ᠪᠣᠯ ᠶᠡᠷᠦᠩᠬᠡᠢ ᠱᠦᠵᠢ ᠰᠢ᠎ᠶᠢᠨ ᠫᠢᠩ᠎ᠦᠨ ᠰᠣᠶᠣᠯ᠎ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠴᠢᠬᠤᠯᠠ ᠶᠡᠬᠡ ᠠᠷᠭ᠎ᠠ ᠬᠡᠮᠵᠢᠶ᠎ᠡ ᠪᠣᠯᠣᠨ᠎ᠠ᠂ ᠮᠥᠨᠴᠦ ᠥᠪᠥᠷ ᠮᠣᠩᠭᠣᠯ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠦ ᠪᠠᠢᠭᠤᠯᠤᠯᠲᠠ᠎ᠶᠢ ᠴᠢᠩᠭᠠᠳᠬᠠᠬᠤ ᠴᠢᠬᠤᠯᠠ ᠠᠷᠭ᠎ᠠ ᠵᠠᠮ ᠪᠣᠯᠣᠨ᠎ᠠ᠃ ᠵᠢᠭᠤᠯᠴᠢᠯᠠᠯ᠎ᠤᠨ ᠦᠢᠯᠡᠰ ᠨᠢ 《ᠭᠠᠵᠠᠷ ᠣᠷᠣᠨ᠎ᠤ ᠰᠣᠶᠣᠯ》 ᠬᠢᠭᠡᠳ ᠵᠢᠭᠤᠯᠴᠢᠯᠠᠯ᠎ᠤᠨ ᠬᠡᠷᠡᠭᠴᠡᠭᠡ ᠱᠠᠭᠠᠷᠳᠠᠯᠭ᠎ᠠ᠎ᠶᠢ ᠬᠣᠯᠪᠣᠭᠰᠠᠨ ᠵᠣᠯ ᠵᠢᠷᠭᠠᠯ ᠎ᠤᠨ ᠠᠵᠤ ᠦᠢᠯᠡᠰ ᠪᠣᠯᠤᠭᠰᠠᠨ᠎ᠤ ᠬᠤᠪᠢ᠎ᠳᠤ᠂ ᠠᠮᠢᠳᠤᠯᠢᠭ᠋ ᠪᠥᠭᠡᠳ ᠰᠢᠭᠤᠳ ᠬᠠᠷᠠᠬᠳᠠᠬᠣ ᠵᠢᠭᠤᠯᠴᠢᠯᠠᠯ᠎ᠤᠨ ᠦᠢᠯᠡᠳᠬᠦᠨ᠎ᠢᠶᠡᠷ ᠲᠠᠮᠵᠢᠵᠦ ᠵᠣᠷᠢᠭ᠍ᠰᠠᠨ ᠭᠠᠵᠠᠷ᠎ᠤᠨ ᠣᠨᠴᠠᠯᠢᠭ᠍ᠲᠤ ᠰᠣᠶᠣᠯ᠎ᠢ ᠤᠬᠠᠭᠤᠯᠬᠤ᠎ᠳᠤ ᠲᠥᠭᠦᠮ ᠦᠵᠡᠭᠦᠯᠵᠦ᠂ ᠳᠤᠮᠳᠠᠳᠤ ᠎ᠶᠢᠨ ᠰᠢᠯᠢᠳᠡᠭ ᠤᠯᠠᠮᠵᠢᠯᠠᠯᠲᠤ ᠰᠣᠶᠣᠯ ᠎ᠢ ᠰᠡᠳᠬᠢᠯ ᠵᠢᠷᠦᠬᠡᠨ᠎ᠳᠡᠭᠡᠨ ᠬᠠᠳᠠᠩᠰᠢᠭᠤᠯᠵᠤ᠂ ᠳᠤᠮᠳᠠᠳᠤ᠎ᠶᠢᠨ ᠦᠨᠳᠦᠰᠦᠲᠡᠨ ᠎ᠦ ᠬᠠᠮᠲᠤ ᠎ᠶᠢᠨ ᠴᠣᠭᠴᠠ᠎ᠶᠢᠨ ᠤᠬᠠᠮᠰᠠᠷ ᠎ᠢ ᠪᠠᠳᠤ ᠴᠣᠭᠴᠠᠯᠠᠬᠤ᠂ ᠤᠮᠠᠷᠠᠲᠤ ᠬᠢᠯᠢ᠎ᠶᠢᠨ ᠰᠣᠶᠣᠯ᠎ᠤᠨ ᠲᠥᠷᠥᠯ ᠲᠡᠮᠳᠡᠭ ᠎ᠢ ᠡᠭᠦᠳᠬᠦ᠎ᠶᠢ ᠠᠬᠢᠭᠤᠯᠬᠤ ᠲᠠᠯ᠎ᠠ ᠎ᠪᠠᠷ ᠣᠨᠴᠠᠭᠠᠶ ᠳᠠᠪᠠᠭᠤᠯᠢᠭ᠋ ᠪᠠ ᠣᠷᠣᠯᠠᠭᠤᠯᠵᠤ ᠪᠣᠯᠣᠰᠢ ᠦᠭᠡᠢ ᠦᠢᠯᠡᠳᠦᠯ᠎ᠲᠠᠢ ᠶᠤᠮ᠃

ᠤᠮᠠᠷᠠᠲᠤ ᠬᠢᠯᠢ᠎ᠶᠢᠨ ᠰᠣᠶᠣᠯ᠎ᠤᠨ ᠪᠠᠶᠠᠯᠢᠭ᠋ ᠠᠭᠤᠯᠬᠤᠨ᠎ᠢ ᠭᠦᠨᠵᠡᠭᠡᠢ ᠠᠭᠤᠳᠠᠯᠤᠨ᠎ᠠ

ᠥᠪᠥᠷ ᠮᠣᠩᠭᠣᠯ ᠡᠬᠡ ᠤᠯᠤᠰ᠎ᠤᠨ ᠤᠮᠠᠷᠠᠲᠤ ᠬᠢᠯᠢ ᠬᠢᠵᠠᠭᠠᠷ᠎ᠲᠤ ᠪᠠᠢᠷᠢᠯᠠᠵᠤ᠂ ᠬᠢᠯᠢ ᠬᠢᠵᠠᠭᠠᠷ᠎ᠤᠨ ᠠᠮᠤᠷ ᠲᠣᠭᠲᠠᠭᠤᠨ ᠪᠠ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ᠂ ᠰᠣᠶᠣᠯ᠎ᠤᠨ ᠪᠠᠢᠭᠤᠯᠤᠯᠲᠠ᠎ᠶᠢ ᠠᠬᠢᠭᠤᠯᠬᠤ ᠴᠢᠬᠤᠯᠠ ᠬᠠᠷᠢᠭᠤᠴᠠᠯᠭ᠎ᠠ ᠪᠠ ᠡᠭᠦᠷᠭᠡ᠎ᠶᠢ ᠡᠭᠦᠷᠭᠡᠯᠡᠵᠦ ᠪᠤᠢ᠃ ᠤᠮᠠᠷᠠᠲᠤ ᠬᠢᠯᠢ᠎ᠶᠢᠨ ᠰᠣᠶᠣᠯ ᠨᠢ ᠥᠪᠥᠷ ᠮᠣᠩᠭᠣᠯ᠎ᠤᠨ ᠳᠤᠷᠠᠳᠤᠭᠰᠠᠨ ᠪᠡᠯᠭᠡ ᠲᠡᠮᠳᠡᠭ᠎ᠦᠨ ᠴᠢᠨᠠᠷᠲᠠᠢ ᠤᠬᠠᠭᠳᠠᠬᠤᠨ ᠪᠣᠯᠤᠭᠰᠠᠨ᠎ᠤ ᠬᠤᠪᠢ᠎ᠳᠤ ᠂ ᠵᠠᠭᠤ ᠮᠢᠩᠭᠠᠨ ᠵᠢᠯ᠎ᠦᠨ ᠲᠤᠷᠰᠢ ᠤᠮᠠᠷᠠᠲᠤ ᠬᠢᠯᠢ᠎ᠶᠢᠨ ᠭᠠᠵᠠᠷ ᠣᠷᠣᠨ᠎ᠳᠤ ᠠᠮᠢᠳᠤᠷᠠᠭᠰᠠᠭᠠᠷ ᠢᠷᠡᠭᠰᠡᠨ ᠦᠨᠳᠦᠰᠦᠲᠡᠨ᠎ᠨᠦᠭᠦᠳ᠎ᠦᠨ ᠦᠢᠯᠡᠳᠪᠦᠷᠢᠯᠡᠯ ᠭᠦᠳᠡᠯᠮᠦᠷᠢ ᠪᠣᠯᠣᠨ ᠡᠳᠦᠷ ᠲᠤᠳᠤᠮ᠎ᠤᠨ ᠠᠮᠢᠳᠤᠷᠠᠯ᠎ᠤᠨ ᠳᠤᠮᠳᠠ ᠪᠦᠷᠢᠯᠳᠦᠭᠰᠡᠨ ᠣᠢᠯᠠᠭᠠᠭᠳᠠᠬᠤᠨ᠂ ᠦᠵᠡᠯ ᠰᠠᠨᠠᠭ᠎ᠠ ᠪᠣᠯᠣᠨ ᠦᠷᠳᠡᠭ᠎ᠦᠨ ᠦᠵᠡᠯᠲᠡ᠎ᠶᠢᠨ ᠭᠣᠣᠯ ᠢᠯᠡᠷᠡᠯ ᠪᠤᠯᠬᠤ᠎ᠪᠠᠷ ᠪᠠᠷᠠᠬᠤ ᠦᠭᠡᠢ ᠪᠠᠰᠠ ᠮᠠᠷᠺᠰ᠎ᠤᠨ ᠦᠵᠡᠯ᠎ᠦᠨ ᠤᠭ ᠶᠤᠰᠤ ᠵᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠤᠬᠰᠠᠨ ᠦᠢᠯᠡᠳᠦᠯᠭᠡ᠎ᠶᠢᠨ ᠠᠴᠢᠶᠠᠯᠠᠪᠤᠷᠢ ᠪᠠᠢᠵᠤ᠂ ᠰᠢᠨ᠎ᠡ ᠴᠠᠭ ᠦᠶ᠎ᠡ᠎ᠳᠦ ᠬᠦᠴᠦᠷᠬᠡᠭ ᠶᠡᠬᠡ ᠦᠷᠳᠡᠭ᠎ᠦᠨ ᠬᠥᠲᠥᠯᠥᠨ ᠵᠢᠯᠤᠭᠣᠳᠬᠤ ᠬᠦᠴᠦᠨ᠂ ᠰᠣᠶᠣᠯ᠎ᠤᠨ ᠨᠢᠭ᠍ᠲᠠᠷᠠᠯ᠎ᠤᠨ ᠬᠦᠴᠦᠨ ᠪᠣᠯᠣᠨ ᠤᠶᠤᠨ ᠰᠠᠨᠠᠭᠠᠨ᠎ᠤ ᠲᠦᠯᠬᠢᠴᠡ ᠬᠦᠴᠦᠨ᠎ᠲᠠᠢ ᠶᠤᠮ᠃

ᠤᠮᠠᠷᠠᠲᠤ ᠬᠢᠯᠢ᠎ᠶᠢᠨ ᠰᠣᠶᠣᠯ ᠳᠤᠮᠳᠠᠳᠤ᠎ᠶᠢᠨ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ᠎ᠤ ᠬᠤᠪᠢ᠎ᠳᠤ᠂ ᠡᠯᠪᠡᠭ ᠪᠠᠶᠠᠯᠢᠭ᠋ ᠠᠭᠤᠯᠤᠭᠳᠠᠬᠤᠨ ᠪᠠ ᠦᠷᠳᠡᠭ᠎ᠦᠨ ᠬᠦᠰᠡᠯ ᠱᠠᠭᠠᠷᠳᠠᠯᠭ᠎ᠠ᠎ᠲᠠᠢ ᠪᠠᠢᠳᠠᠭ᠃ ᠤᠮᠠᠷᠠᠲᠤ ᠬᠢᠯᠢ᠎ᠶᠢᠨ ᠰᠣᠶᠣᠯ ᠪᠣᠯ ᠬᠤᠪᠢᠰᠬᠠᠯ᠎ᠤᠨ ᠰᠣᠶᠣᠯ᠂ ᠲᠠᠯ᠎ᠠ ᠨᠤᠲᠤᠭ᠎ᠤᠨ ᠰᠣᠶᠣᠯ᠂ ᠲᠠᠷᠢᠶᠠᠯᠠᠬᠤ ᠰᠣᠶᠣᠯ᠂ ᠬᠠᠲᠤᠨ ᠭᠣᠣᠯ᠎ᠤᠨ ᠰᠣᠶᠣᠯ᠂ ᠣᠷᠳᠣ᠌ ᠴᠠᠭᠠᠨ ᠬᠡᠷᠡᠮ᠎ᠦᠨ ᠰᠣᠶᠣᠯ᠂ ᠮᠣᠩᠭᠣᠯ ᠮᠣᠷᠢᠨ ᠎ᠤ ᠵᠣᠷᠢᠭ᠋ ᠰᠠᠨᠠᠭ᠎ᠠ ᠪᠠ 《ᠤᠮᠠᠷᠠᠲᠤ᠎ᠶᠢᠨ ᠭᠤᠷᠪᠠᠨ ᠣᠷᠣᠨ ᠎ᠤ ᠵᠣᠷᠢᠭ᠋ ᠰᠠᠨᠠᠭ᠎ᠠ》 ᠵᠢᠴᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠤᠬᠠᠮᠰᠠᠷ᠎ᠢ ᠪᠠᠲᠤ ᠴᠣᠭᠴᠠᠯᠠᠬᠣ ᠵᠡᠷᠭᠡ ᠦᠪᠣᠷ ᠮᠣᠩᠭᠣᠯ᠎ᠦᠨ ᠣᠨᠴᠠᠭᠠᠢ ᠭᠠᠵᠠᠷ ᠣᠷᠣᠨ᠎ᠦ ᠴᠢᠨᠠᠷᠳᠠᠢ ᠰᠣᠶᠣᠯ᠎ᠦᠨ ᠲᠦᠷᠦᠯ ᠲᠡᠮᠳᠡᠭ ᠪᠣᠯᠣᠨ᠎ᠠ᠃ ᠡᠭᠦᠨ᠎ᠳᠦ ᠬᠤᠪᠢᠰᠬᠠᠯᠲᠤ ᠰᠣᠶᠣᠯ ᠭᠡᠳᠡᠭ ᠨᠢ ᠬᠤᠪᠢᠰᠬᠠᠯᠲᠤ ᠲᠠᠢ᠍ᠢᠨ᠎ᠦ ᠣᠨ ᠵᠢᠯ ᠪᠠ ᠥᠭᠡᠷᠡᠴᠢᠯᠡᠯᠲᠡ ᠨᠡᠭᠡᠭᠡᠯᠲᠡ ᠵᠡᠷᠭᠡ ᠲᠡᠦᠬᠡᠨ ᠶᠠᠪᠤᠴᠠ᠎ᠳᠤ ᠳᠤᠮᠳᠠᠳᠤ ᠤᠯᠤᠰ᠎ᠤᠨ ᠡᠪ ᠬᠠᠮᠲᠤᠴᠤᠳ ᠪᠠ ᠠᠷᠠᠳ ᠤᠯᠠᠨ᠎ᠤ ᠬᠠᠮᠲᠤ᠎ᠪᠠᠷ ᠡᠭᠦᠳᠦᠨ ᠪᠦᠲᠦᠭᠡᠭᠰᠡᠨ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠲᠡᠷᠢᠭᠦᠨ᠎ᠦ ᠰᠣᠶᠣᠯ᠎ᠢ ᠵᠢᠭᠠᠵᠤ ᠪᠠᠢᠨ᠎ᠠ᠂ ᠲᠡᠷᠡ ᠪᠣᠯ ᠡᠯᠪᠡᠭ ᠪᠠᠶᠠᠯᠢᠭ᠋ ᠬᠤᠪᠢᠰᠬᠠᠯᠲᠤ ᠵᠣᠷᠢᠭ᠋ ᠰᠠᠨᠠᠭ᠎ᠠ ᠪᠠ ᠭᠦᠨ ᠵᠤᠵᠠᠭᠠᠨ ᠲᠡᠦᠬᠡ᠎ᠶᠢ ᠠᠬᠤᠭᠤᠯᠤᠭᠰᠠᠨ ᠰᠣᠶᠣᠯ ᠮᠥᠨ᠃ ᠲᠠᠯ᠎ᠠ ᠨᠤᠲᠤᠭ᠎ᠤᠨ ᠰᠣᠶᠣᠯ ᠪᠣᠯ ᠤᠯᠠᠮᠵᠢᠯᠠᠯᠲᠤ ᠮᠠᠯ ᠠᠵᠤ ᠠᠬᠤᠢ᠎ᠶᠢᠨ ᠦᠢᠯᠡᠳᠪᠦᠷᠢᠯᠡᠯ᠎ᠦᠨ ᠠᠷᠭ᠎ᠠ ᠮᠠᠶᠢᠭ᠋᠎ᠲᠤ ᠲᠦᠰᠢᠭᠯᠡᠨ᠂ ᠲᠠᠯ᠎ᠠ ᠨᠤᠲᠤᠭ᠎ᠤᠨ ᠪᠠᠢᠭᠠᠯᠢ ᠎ᠶᠢᠨ ᠠᠮᠢ ᠠᠬᠤᠢ᠎ᠶᠢᠨ ᠣᠷᠴᠢᠨ ᠲᠣᠭᠣᠷᠢᠨ᠎ᠳᠤ ᠪᠤᠶ ᠪᠣᠯᠤᠭᠰᠠᠨ ᠰᠣᠶᠣᠯ᠎ᠤᠨ ᠲᠥᠷᠥᠯ ᠭᠡᠯᠪᠡᠷᠢ ᠮᠥᠨ ᠂ ᠶᠡᠷᠦ᠎ᠳᠡᠭᠡᠨ ᠲᠠᠯ᠎ᠠ ᠨᠤᠲᠤᠭ᠎ᠤᠨ ᠠᠮᠢᠳᠤᠷᠠᠯ᠎ᠤᠨ ᠠᠷᠭ᠎ᠠ ᠮᠠᠶᠢᠭ᠋᠂ ᠦᠵᠡᠯ ᠰᠠᠨᠠᠭ᠎ᠠ ᠣᠢᠯᠠᠭᠠᠭᠳᠠᠬᠤᠨ᠂ ᠵᠠᠩ ᠳᠠᠳᠬᠠᠯ ᠵᠢᠴᠢ ᠤᠯᠠᠮᠵᠢᠯᠠᠯᠲᠤ ᠤᠷ᠎ᠠ ᠮᠡᠷᠭᠡᠵᠢᠯ ᠵᠡᠷᠭᠡ ᠣᠯᠠᠨ ᠵᠦᠢᠯ᠎ᠦᠨ ᠭᠡᠯᠪᠡᠷᠢ᠎ᠪᠡᠷ ᠢᠯᠡᠷᠡᠳᠡᠭ ᠃ ᠲᠠᠷᠢᠶᠠᠯᠠᠬᠤ ᠰᠣᠶᠣᠯ ᠪᠣᠯ ᠬᠥᠮᠥᠰ᠎ᠦᠨ ᠤᠷᠲᠤ ᠬᠤᠭᠤᠴᠠᠭᠠᠨ᠎ᠤ ᠲᠠᠷᠢᠶᠠᠯᠠᠩ ᠦᠢᠯᠡᠳᠪᠦᠷᠢᠯᠡᠯ᠎ᠦᠨ ᠳᠤᠮᠳᠠ ᠪᠦᠷᠢᠯᠳᠦᠭᠰᠡᠨ ᠨᠢᠭᠡ ᠵᠦᠢᠯ᠎ᠦᠨ ᠵᠠᠩ ᠦᠢᠯᠡ ᠰᠣᠶᠣᠯ ᠪᠣᠯᠣᠨ᠎ᠠ᠂ ᠲᠡᠷᠡ ᠪᠣᠯ ᠳᠡᠯᠡᠬᠡᠢ ᠳᠡᠭᠡᠷᠡᠬᠢ ᠬᠠᠮᠤᠭ ᠎ᠤᠨ ᠡᠷᠲᠡᠨ᠎ᠦ ᠰᠣᠶᠣᠯ᠎ᠤᠨ ᠭᠡᠯᠪᠡᠷᠢ᠎ᠶᠢᠨ ᠨᠢᠭᠡ ᠪᠤᠯᠬᠤ ᠪᠥᠭᠡᠳ ᠬᠥᠮᠥᠨ ᠲᠥᠷᠥᠯᠬᠢᠲᠡᠨ᠎ᠳᠦ ᠬᠠᠮᠤᠭ᠎ᠦᠨ ᠶᠡᠬᠡ ᠨᠥᠯᠥᠭᠡ᠎ᠲᠠᠢ ᠰᠣᠶᠣᠯ᠎ᠤᠨ ᠭᠡᠯᠪᠡᠷᠢ᠎ᠶᠢᠨ ᠨᠢᠭᠡ ᠪᠣᠯᠣᠨ᠎ᠠ᠃ ᠬᠠᠲᠤᠨ ᠭᠣᠣᠯ᠎ᠤᠨ ᠰᠣᠶᠣᠯ ᠪᠣᠯ ᠬᠠᠲᠤᠨ ᠭᠣᠣᠯ᠎ᠤᠨ ᠰᠠᠪᠠ ᠭᠠᠵᠠᠷ᠎ᠲᠤ ᠡᠭᠦᠰᠴᠦ ᠬᠥᠭᠵᠢᠭᠰᠡᠨ ᠪᠣᠳᠠᠰ᠎ᠤᠨ ᠰᠣᠶᠣᠯ ᠪᠠ ᠣᠶᠤᠨ᠎ᠤ ᠰᠣᠶᠣᠯ᠎ᠤᠨ ᠶᠡᠷᠦᠩᠬᠡᠢᠯᠡᠯ᠎ᠢ ᠵᠢᠭᠠᠵᠤ ᠪᠤᠶ᠂ ᠳᠤᠮᠳᠠᠳᠤ᠎ᠶᠢᠨ ᠪᠣᠯᠪᠠᠰᠤᠨ᠎ᠤ ᠪᠡᠯᠭᠡ ᠲᠡᠮᠳᠡᠭ᠎ᠦᠨ ᠴᠢᠨᠠᠷᠲᠠᠢ ᠲᠡᠮᠳᠡᠭ ᠪᠣᠯᠣᠨ᠎ᠠ᠃ ᠣᠷᠳᠣ᠌ ᠴᠠᠭᠠᠨ ᠬᠡᠷᠡᠮ᠎ᠦᠨ ᠰᠣᠶᠣᠯ ᠪᠣᠯ ᠳᠤᠮᠳᠠᠳᠤ ᠤᠯᠤᠰ᠎ᠤᠨ ᠲᠡᠦᠬᠡ ᠪᠠ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠮᠥᠨ᠂ ᠣᠷᠳᠣ᠌ ᠴᠠᠭᠠᠨ ᠬᠡᠷᠡᠮ᠎ᠦᠨ ᠰᠣᠶᠣᠯ᠎ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠪᠣᠯ ᠳᠤᠮᠳᠠᠳᠤ᠎ᠶᠢᠨ ᠦᠨᠳᠦᠰᠦᠲᠡᠨ᠎ᠦ ᠵᠠᠢᠯᠠᠭᠤᠯᠵᠤ ᠪᠣᠯᠣᠰᠢ ᠦᠭᠡᠢ ᠡᠭᠦᠷᠭᠡ ᠬᠠᠷᠢᠭᠣᠴᠠᠯᠭ᠎ᠠ ᠮᠥᠨ᠃ ᠮᠣᠩᠭᠣᠯ ᠮᠣᠷᠢᠨ᠎ᠤ ᠵᠣᠷᠢᠭ᠋ ᠰᠠᠨᠠᠭ᠎ᠠ ᠨᠢ ᠲᠠᠯ᠎ᠠ ᠨᠤᠲᠤᠭ᠎ᠤᠨ ᠭᠦᠨ ᠵᠤᠵᠠᠭᠠᠨ ᠰᠣᠶᠣᠯ᠎ᠳᠤ ᠦᠨᠳᠦᠰᠦᠯᠡᠵᠦ ᠂ ᠲᠠᠯ᠎ᠠ ᠨᠤᠲᠤᠭ᠎ᠤᠨ ᠠᠷᠠᠳ ᠲᠦᠮᠡᠨ᠎ᠦ ᠣᠷᠳᠣ᠌ ᠬᠤᠭᠤᠴᠠᠭᠠᠨ᠎ᠤ ᠬᠤᠪᠢᠰᠬᠠᠯᠳᠤ ᠪᠦᠲᠦᠭᠡᠨ ᠪᠠᠢᠭᠤᠯᠤᠯᠲᠠ᠎ᠶᠢᠨ ᠲᠡᠦᠬᠡᠨ ᠶᠠᠪᠤᠴᠠ᠎ᠳᠤ ᠦᠰᠦᠨ ᠪᠣᠢᠵᠢᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠰᠢᠨ᠎ᠡ ᠴᠠᠭ ᠦᠶ᠎ᠡ᠎ᠳᠦ ᠪᠦᠷᠢᠯᠳᠦᠨ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠦ ᠠᠵᠢᠯ ᠬᠢᠵᠦ ᠦᠢᠯᠡᠰ ᠪᠤᠰᠬᠠᠬᠤ ᠶᠠᠪᠤᠴᠠ᠎ᠳᠤ ᠵᠣᠪᠠᠭᠤᠷᠢ ᠵᠦᠳᠡᠭᠦᠷᠢ᠎ᠶᠢ ᠲᠡᠰᠪᠦᠷᠢᠯᠡᠬᠦ᠂ ᠴᠤᠴᠠᠯᠲᠠ ᠦᠭᠡᠢ ᠲᠡᠮᠡᠤᠯᠬᠦ᠂ ᠵᠣᠷᠢᠯᠭ᠎ᠠ᠎ᠳᠠᠭᠠᠨ ᠬᠦᠷᠬᠦ ᠦᠭᠡᠢ ᠪᠣᠯ ᠶᠠᠭᠠᠬᠢᠭ᠍ᠰᠠᠨ ᠴᠤ᠌ ᠪᠤᠴᠠᠬᠤ ᠦᠭᠡᠢ ᠪᠠᠢᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠢᠯᠡᠷᠡᠵᠦ ᠪᠠᠢᠨ᠎ᠠ᠃ 《ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ᠋ ᠰᠠᠨᠠᠭ᠎ᠠ》 ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ 《ᠤᠮᠠᠷᠠᠲᠤ᠎ᠶᠢᠨ ᠭᠤᠷᠪᠠᠨ ᠣᠷᠣᠨ》᠎ᠤ ᠢᠨᠵᠧᠨᠧᠷᠢᠩ᠎ᠦᠨ ᠪᠣᠳᠠᠲᠠᠢ ᠦᠢᠯᠡᠳᠦᠯᠭᠡ᠎ᠶᠢᠨ ᠳᠤᠮᠳᠠ᠎ᠠᠴᠠ ᠳᠠᠪᠲᠠᠭᠳᠠᠨ ᠭᠠᠷᠴᠤ ᠢᠷᠡᠭᠰᠡᠨ ᠶᠤᠮ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠠᠬᠢᠭᠤᠯᠬᠤ ᠠᠭᠤᠤ ᠶᠡᠬᠡ ᠦᠢᠯᠡᠳᠦᠯᠭᠡ᠎ᠶᠢᠨ ᠳᠤᠮᠳᠠ ᠡᠭᠦᠳᠦᠭᠰᠡᠨ ᠡᠷᠬᠢᠮ ᠨᠠᠨᠳᠢᠨ ᠤᠶᠤᠨ ᠰᠠᠨᠠᠭᠠᠨ᠎ᠤ ᠥᠪ ᠬᠥᠷᠥᠩᠭᠡ ᠪᠣᠯᠣᠨ᠎ᠠ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠠᠬᠢᠭᠤᠯᠬᠤ ᠳᠤᠮᠳᠠ ᠠᠭᠤᠤ ᠶᠡᠬᠡ ᠤᠶᠤᠨ ᠰᠠᠨᠠᠭᠠᠨ᠎ᠤ ᠬᠦᠴᠦᠨ᠎ᠢ ᠢᠯᠡᠷᠡᠭᠦᠯᠦᠭᠰᠡᠨ ᠶᠤᠮ᠃ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠣ ᠪᠣᠯ ᠤᠯᠤᠰ ᠣᠷᠣᠨ᠎ᠤ ᠨᠢᠭᠡᠳᠦᠯ᠎ᠦᠨ ᠰᠠᠭᠤᠷᠢ᠂ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ ᠂ ᠤᠶᠤᠨ ᠰᠠᠨᠠᠭᠠᠨ᠎ᠤ ᠬᠦᠴᠦᠨ ᠴᠢᠳᠠᠯ᠎ᠤᠨ ᠰᠦᠭ ᠰᠦᠨᠡᠰᠦ ᠮᠥᠨ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠣ᠎ᠳᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠬᠥᠲᠥᠯᠥᠨ ᠵᠢᠯᠤᠭᠣᠳᠴᠤ ᠪᠠᠢᠭᠠᠳ ᠢᠷᠡᠭᠣ ᠠᠯᠳᠠᠷ ᠢᠴᠢᠭᠦᠷᠢ ᠭᠣᠳᠣᠮᠰᠢᠬ ᠵᠢᠡᠨ ᠬᠠᠮᠳᠣᠳᠬᠠᠬᠣ᠂ ᠵᠢᠷᠭᠠᠯ ᠵᠣᠪᠠᠯᠠᠩ᠎ᠢᠶᠠᠨ ᠬᠠᠮᠲᠤᠳᠬᠠᠬᠤ᠂ ᠦᠬᠦᠵᠦ ᠰᠡᠭᠡᠭᠦ᠎ᠪᠡᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ᠎ᠶᠢᠨ ᠴᠣᠭᠴᠠ᠎ᠶᠢᠨ ᠣᠢᠯᠠᠭᠠᠭᠳᠠᠬᠤᠨ᠎ᠢ ᠪᠠᠲᠤ ᠪᠡᠬᠢ ᠪᠤᠢ ᠪᠤᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢ ᠨᠡᠩ ᠪᠠᠲᠤ ᠪᠡᠬᠢ ᠪᠤᠯᠭᠠᠬᠤ᠎ᠶᠢᠨ ᠲᠥᠯᠥᠭᠡ ᠶᠤᠮ᠃

ᠤᠮᠠᠷᠠᠲᠤ ᠬᠢᠯᠢ᠎ᠶᠢᠨ ᠰᠣᠶᠣᠯ᠎ᠤᠨ ᠲᠥᠷᠥᠯ ᠲᠡᠮᠳᠡᠭ ᠎ᠢ ᠡᠭᠦᠳᠬᠦ ᠰᠢᠨ᠎ᠡ ᠠᠷᠭ᠎ᠠ ᠵᠠᠮ᠎ᠢ ᠰᠦᠪᠡᠭᠴᠢᠯᠡᠨ᠎ᠡ

ᠬᠤᠪᠢᠰᠬᠠᠯ᠎ᠤᠨ ᠰᠣᠶᠣᠯ᠎ᠤᠨ ᠠᠭᠤᠯᠬᠤᠨ᠎ᠢ ᠵᠤᠵᠠᠭᠠᠳᠬᠠᠨ᠎ᠠ᠃ ᠥᠪᠥᠷ ᠮᠣᠩᠭᠣᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠨ ᠪᠠᠢᠭᠤᠯᠤᠭᠰᠠᠨ ᠠᠩᠬᠠᠳᠠᠭ᠍ᠴᠢ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠮᠥᠨ᠂ ᠢᠷᠠᠭᠤ ᠠᠯᠳᠠᠷᠲᠤ ᠬᠤᠪᠢᠰᠬᠠᠯ᠎ᠤᠨ ᠲᠡᠦᠬᠡ᠂ ᠰᠢᠯᠢᠳᠡᠭ ᠰᠠᠢᠨ ᠬᠤᠪᠢᠰᠬᠠᠯ᠎ᠤᠨ ᠤᠯᠠᠮᠵᠢᠯᠠᠯ ᠪᠠ ᠨᠤᠭᠤᠷᠠᠰᠢ ᠦᠭᠡᠢ ᠲᠡᠮᠡᠴᠡᠬᠦ ᠵᠣᠷᠢᠭ᠋ ᠰᠠᠨᠠᠭ᠎ᠠ᠎ᠲᠠᠢ ᠪᠠᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠬᠤᠪᠢᠰᠬᠠᠯ᠂ ᠪᠦᠲᠦᠭᠡᠨ ᠪᠠᠢᠭᠤᠯᠤᠯᠲᠠ ᠪᠠ ᠥᠭᠡᠷᠡᠴᠢᠯᠡᠯᠲᠡ ᠨᠡᠭᠡᠭᠡᠯᠲᠡ᠎ᠶᠢᠨ ᠡᠯ᠎ᠡ ᠴᠠᠭ ᠦᠶ᠎ᠡ᠎ᠳᠦ ᠶᠡᠬᠡ ᠬᠡᠮᠵᠢᠶᠡᠨ᠎ᠦ ᠬᠤᠪᠢᠰᠬᠠᠯ᠎ᠤᠨ ᠦᠯᠡᠳᠡᠭᠳᠡᠯ᠎ᠢ ᠦᠯᠡᠳᠡᠭᠡᠵᠦ᠂ ᠡᠯᠪᠡᠭ ᠪᠠᠶᠠᠯᠢᠭ᠋ ᠬᠤᠪᠢᠰᠬᠠᠯ᠎ᠤᠨ ᠵᠤᠭᠠᠴᠠᠯ᠎ᠤᠨ ᠡᠬᠢ ᠪᠠᠶᠠᠯᠢᠭ᠋᠎ᠢ ᠪᠦᠷᠢᠯᠳᠦᠭᠦᠯᠦᠭᠰᠡᠨ ᠪᠠᠢᠨ᠎ᠠ᠃ ᠥᠪᠥᠷ ᠮᠣᠩᠭᠣᠯ᠎ᠤᠨ ᠬᠤᠪᠢᠰᠬᠠᠯ᠎ᠤᠨ ᠰᠣᠶᠣᠯ᠎ᠤᠨ ᠵᠢᠭᠤᠯᠴᠢᠯᠠᠯ ᠨᠢ ᠵᠢᠨᠢᠩ᠎ᠦᠨ ᠳᠠᠢᠯᠠᠯᠳᠤᠭᠠᠨ᠎ᠤ ᠳᠤᠷᠠᠰᠬᠠᠯ᠎ᠤᠨ ᠣᠷᠳᠣᠨ᠂ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠠᠢ᠍ᠢᠨ᠎ᠦ ᠬᠠᠢᠯᠠᠷ᠎ᠤᠨ ᠳᠤᠷᠠᠰᠬᠠᠯ᠎ᠤᠨ ᠬᠦᠷᠢᠶᠡᠯᠡᠩ᠂ ᠲᠠᠪᠤᠨ ᠰᠠᠷ᠎ᠠ᠎ᠶᠢᠨ ᠨᠢᠭᠡᠨ᠎ᠦ ᠬᠤᠷᠠᠯ᠎ᠤᠨ ᠭᠠᠵᠠᠷ᠂ ᠪᠤᠷᠤᠪᠠᠯᠭᠠᠰᠤᠨ᠎ᠤ ᠦᠨᠳᠦᠰᠦᠲᠡᠨ᠎ᠦ ᠳᠡᠭᠡᠳᠦ ᠰᠤᠷᠭᠠᠭᠤᠯᠢ᠎ᠶᠢᠨ ᠬᠠᠭᠤᠴᠢᠨ ᠪᠠᠭᠤᠷᠢ᠂ ᠤᠯᠠᠭᠠᠨᠬᠦᠦ᠎ᠶᠢᠨ ᠳᠤᠷᠠᠰᠬᠠᠯ᠎ᠤᠨ ᠣᠷᠳᠣᠨ ᠵᠡᠷᠭᠡ ᠬᠤᠪᠢᠰᠬᠠᠯ᠎ᠤᠨ ᠵᠢᠭᠤᠯᠴᠢᠯᠠᠯ᠎ᠤᠨ ᠦᠵᠡᠮᠵᠢᠲᠦ ᠣᠷᠣᠨ᠎ᠳᠤ ᠲᠦᠰᠢᠭᠯᠡᠵᠦ᠂ ᠥᠪᠥᠷ ᠮᠣᠩᠭᠣᠯ᠎ᠤᠨ ᠭᠦᠨ ᠵᠤᠵᠠᠭᠠᠨ ᠬᠤᠪᠢᠰᠬᠠᠯ ᠎ᠤᠨ ᠰᠣᠶᠣᠯ᠎ᠤᠨ ᠡᠬᠢ ᠪᠠᠶᠠᠯᠢᠭ᠋ ᠪᠣᠯᠣᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠤᠪᠢᠰᠬᠠᠯ᠂ ᠪᠦᠲᠦᠭᠡᠨ ᠪᠠᠢᠭᠤᠯᠤᠯᠲᠠ ᠪᠣᠯᠣᠨ ᠥᠭᠡᠷᠡᠴᠢᠯᠡᠯᠲᠡ ᠨᠡᠭᠡᠭᠡᠯᠲᠡ ᠎ᠶᠢᠨ ᠶᠠᠪᠤᠴᠠ᠎ᠳᠠᠬᠢ ᠲᠣᠪᠣᠢᠮ᠎ᠠ ᠬᠤᠪᠢ ᠨᠡᠮᠡᠷᠢ᠎ᠶᠢ ᠭᠦᠢᠴᠡᠳ ᠢᠯᠡᠷᠡᠭᠦᠯᠵᠦ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠦᠨ ᠬᠤᠪᠢᠰᠬᠠᠯ᠎ᠤᠨ ᠠᠭᠤᠯᠤᠭᠳᠠᠬᠤᠨ᠎ᠢ ᠢᠯᠡᠷᠡᠭᠦᠯᠦᠨ᠎ᠡ᠃

ᠲᠠᠯ᠎ᠠ ᠨᠤᠲᠤᠭ᠎ᠤᠨ ᠰᠣᠶᠣᠯ᠎ᠤᠨ ᠣᠨᠴᠠᠯᠢᠭ᠋᠎ᠢ ᠳᠣᠪᠤᠶ᠋ᠢᠯᠭᠠᠨ᠎ᠠ᠃ ᠲᠠᠯ᠎ᠠ ᠨᠤᠲᠤᠭ᠎ᠤᠨ ᠰᠣᠶᠣᠯ ᠪᠣᠯ ᠳᠤᠮᠳᠠᠳᠤ᠎ᠶᠢᠨ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠮᠥᠨ᠂ ᠦᠨᠳᠦᠰᠦᠲᠡᠨ᠎ᠦ ᠰᠣᠶᠣᠯ ᠪᠠ ᠭᠠᠵᠠᠷ ᠣᠷᠣᠨ᠎ᠤ ᠰᠣᠶᠣᠯ᠎ᠤᠨ ᠣᠷᠭᠠᠨᠢᠭ᠋ ᠨᠡᠢᠯᠡᠮᠠᠯ ᠴᠣᠭᠴᠠ ᠮᠥᠨ᠂ ᠲᠠᠯ᠎ᠠ ᠨᠤᠲᠤᠭ᠎ᠤᠨ ᠭᠠᠵᠠᠷ ᠣᠷᠣᠨ᠎ᠤ ᠦᠨᠳᠦᠰᠦᠲᠡᠨ᠎ᠨᠦᠭᠦᠳ᠎ᠦᠨ ᠰᠢᠯᠢᠳᠡᠭ ᠤᠯᠠᠮᠵᠢᠯᠠᠯᠲᠤ ᠰᠣᠶᠣᠯ᠎ᠤᠨ ᠲᠥᠪᠯᠡᠷᠡᠩᠭᠦᠢ ᠢᠯᠡᠷᠡᠯ ᠪᠠ ᠤᠶᠤᠨ ᠪᠢᠯᠢᠭ᠎ᠦᠨ ᠤᠭᠢ ᠪᠦᠲᠦᠭᠡᠯ ᠮᠥᠨ᠃ ᠥᠪᠥᠷ ᠮᠣᠩᠭᠣᠯ ᠪᠣᠯ ᠲᠠᠯ᠎ᠠ ᠨᠤᠲᠤᠭ᠎ᠤᠨ ᠰᠣᠶᠣᠯ᠎ᠤᠨ ᠭᠣᠣᠯ ᠡᠭᠦᠰᠦᠯ᠎ᠦᠨ ᠭᠠᠵᠠᠷ ᠪᠠ ᠠᠴᠢᠶᠠᠯᠠᠪᠤᠷᠢ᠎ᠶᠢᠨ ᠭᠠᠵᠠᠷ ᠪᠠᠢᠵᠤ᠂ ᠬᠥᠯᠥᠨ ᠪᠤᠶ᠋ᠢᠷ᠎ᠤᠨ ᠲᠠᠯ᠎ᠠ ᠨᠤᠲᠤᠭ᠂ ᠬᠣᠷᠴᠢᠨ᠎ᠤ ᠲᠠᠯ᠎ᠠ ᠨᠤᠲᠤᠭ᠂ ᠰᠢᠯᠢ᠎ᠶᠢᠨ ᠭᠣᠣᠯ᠎ᠤᠨ ᠲᠠᠯ᠎ᠠ ᠨᠤᠲᠤᠭ ᠂ ᠣᠷᠳᠣᠰ᠎ᠤᠨ ᠲᠠᠯ᠎ᠠ ᠨᠤᠲᠤᠭ ᠵᠡᠷᠭᠡ ᠲᠠᠯ᠎ᠠ ᠨᠤᠲᠤᠭ᠎ᠤᠨ ᠭᠠᠵᠠᠷ ᠣᠷᠣᠨ᠎ᠳᠤ ᠥᠪᠡᠷᠮᠢᠴᠡ ᠪᠥᠭᠡᠳ ᠣᠯᠠᠨ ᠶᠠᠩᠵᠤ᠎ᠶᠢᠨ ᠲᠠᠯ᠎ᠠ ᠨᠤᠲᠤᠭ᠎ᠤᠨ ᠰᠣᠶᠣᠯ᠎ᠤᠨ ᠡᠬᠢ ᠪᠠᠶᠠᠯᠢᠭ᠋᠎ᠢ ᠪᠤᠶ ᠪᠤᠯᠭᠠᠬ᠍ᠰᠠᠨ ᠪᠥᠭᠡᠳ ᠵᠢᠭᠤᠯᠴᠢᠯᠠᠯ᠎ᠤᠨ ᠦᠢᠯᠡᠰ᠎ᠦᠨ ᠬᠥᠭᠵᠢᠯᠲᠡ᠎ᠶᠢᠨ ᠰᠢᠷᠭᠢᠰᠢ ᠦᠭᠡᠢ ᠡᠬᠢ ᠪᠤᠯᠠᠭ ᠪᠣᠯᠤᠭᠰᠠᠨ ᠪᠠᠢᠨ᠎ᠠ᠃ ᠵᠤᠤ ᠵᠢᠶᠦ᠋ᠨ᠎ᠦ ᠪᠣᠭᠣᠮᠲᠠ᠎ᠠᠴᠠ ᠭᠠᠷᠤᠭᠰᠠᠨ ᠲᠡᠦᠬᠡ᠎ᠶᠢᠨ ᠦᠯᠢᠭᠡᠷ᠂ ᠮᠣᠩᠭᠣᠯ ᠦᠨᠳᠦᠰᠦᠲᠡᠨ᠎ᠦ ᠨᠠᠭᠠᠳᠤᠮ᠂ ᠬᠣᠷᠴᠢᠨ᠎ᠤ ᠦᠯᠢᠭᠡᠷᠳᠦ ᠠᠷᠠᠳ᠎ᠤᠨ ᠳᠠᠭᠤᠤ᠂ ᠠᠨᠳᠠᠢ ᠪᠥᠵᠢᠭ᠂ ᠡᠸᠡᠩᠬᠢ ᠵᠢᠨ ᠪᠤᠭᠤ᠎ᠶᠢᠨ ᠰᠢᠲᠠᠷ᠎ᠠ᠂ ᠮᠣᠩᠭᠣᠯ ᠦᠨᠳᠦᠰᠦᠲᠡᠨ᠎ᠦ ᠮᠣᠷᠢᠨ᠎ᠤ ᠡᠳ᠋ᠯᠡᠯ ᠁ ᠠᠷᠠᠳ᠎ᠤᠨ ᠳᠤᠮᠳᠠ ᠲᠠᠷᠬᠠᠭᠰᠠᠨ 《ᠰᠠᠢᠨ ᠰᠠᠢᠬᠠᠨ ᠳᠤᠷᠠᠰᠤᠮᠵᠢ》 ᠨᠢ ᠣᠨ ᠰᠠᠷ᠎ᠠ᠎ᠶᠢᠨ ᠤᠯᠠᠷᠢᠯ ᠬᠤᠪᠢᠰᠤᠯ ᠎ᠢ ᠥᠩᠭᠡᠷᠡᠭᠡᠵᠦ᠂ ᠤᠳᠤ ᠪᠤᠯᠲᠠᠯ᠎ᠠ ᠭᠡᠷᠡᠯ ᠭᠢᠯᠪᠠᠭ᠎ᠠ᠎ᠪᠠᠨ ᠰᠠᠴᠤᠷᠠᠭᠤᠯᠤᠭᠰᠠᠭᠠᠷ ᠪᠠᠢᠨ᠎ᠠ᠃ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠵᠢᠭᠤᠯᠴᠢᠯᠠᠯ᠎ᠢ ᠬᠥᠭᠵᠢᠬᠦᠯᠬᠦ ᠳ᠋ᠦ ᠲᠠᠯ᠎ᠠ ᠨᠤᠲᠤᠭ᠎ᠤᠨ ᠠᠮᠢ ᠠᠬᠤᠢ᠎ᠪᠠᠷ ᠰᠠᠭᠤᠷᠢ ᠥᠩᠭᠡ᠎ᠪᠡᠨ ᠪᠤᠯᠭᠠᠵᠤ᠂ ᠠᠷᠠᠳ᠎ᠤᠨ ᠵᠠᠩ ᠦᠢᠯᠡ᠎ᠪᠡᠷ ᠲᠤᠯᠭᠠᠭᠤᠷᠢᠯᠠᠯ ᠪᠤᠯᠭᠠᠵᠤ᠂ ᠠᠳᠤᠭᠤᠨ᠎ᠤ ᠰᠣᠶᠣᠯ ᠎ᠤᠨ ᠡᠬᠢ ᠪᠠᠶᠠᠯᠢᠭ᠋᠎ᠢᠶᠠᠷ ᠣᠨᠴᠠᠯᠢᠭ᠋᠎ᠢᠶᠠᠨ ᠪᠤᠯᠭᠠᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠦᠵᠡᠰᠬᠦᠯᠡᠩᠲᠦ ᠰᠠᠢᠬᠠᠨ ᠦᠯᠢᠭᠡᠷ᠎ᠢ ᠰᠠᠢᠲᠤᠷ ᠶᠠᠷᠢᠬᠤ ᠬᠡᠷᠡᠭᠲᠡᠢ᠃

ᠲᠠᠷᠢᠶᠠᠯᠠᠬᠤ ᠰᠣᠶᠣᠯ᠎ᠤᠨ ᠳᠦᠷᠰᠦ ᠪᠠᠢᠳᠠᠯ᠎ᠢ ᠳᠡᠯᠭᠡᠨ ᠦᠵᠡᠭᠦᠯᠦᠨ᠎ᠡ᠃ ᠲᠠᠷᠢᠶᠠᠯᠠᠬᠤ ᠰᠣᠶᠣᠯ ᠨᠢ ᠡᠯ᠎ᠡ ᠵᠦᠢᠯ᠎ᠦᠨ ᠵᠠᠩ ᠦᠢᠯᠡ᠎ᠶᠢᠨ ᠰᠣᠶᠣᠯ ᠎ᠢ ᠨᠢᠭᠡᠳᠬᠡᠵᠦ᠂ ᠥᠪᠡᠷᠮᠢᠴᠡ ᠰᠣᠶᠣᠯ᠎ᠤᠨ ᠠᠭᠤᠯᠭ᠎ᠠ ᠪᠠ ᠣᠨᠴᠠᠯᠢᠭ᠋᠎ᠲᠠᠢ ᠪᠠᠢᠳᠠᠭ᠃ ᠲᠡᠭᠦᠨ᠎ᠦ ᠭᠣᠣᠯ ᠠᠭᠤᠯᠭ᠎ᠠ᠎ᠳᠤ ᠤᠯᠤᠰ᠎ᠤᠨ ᠬᠠᠮᠢᠶᠠᠷᠤᠯᠲᠠ ᠎ᠶᠢᠨᠣᠢᠯᠠᠭᠠᠭᠳᠠᠬᠤᠨ᠂ ᠬᠥᠮᠥᠰ᠎ᠦᠨ ᠬᠣᠭᠣᠷᠣᠨᠳᠣᠭᠢ ᠬᠠᠷᠢᠯᠴᠠᠭᠠᠨ᠎ᠤ ᠣᠢᠯᠠᠭᠠᠭᠳᠠᠬᠤᠨ ᠵᠢᠴᠢ ᠦᠭᠡ ᠭᠡᠯᠡ᠂ ᠰᠢ ᠵᠦᠴᠦᠭᠡ ᠂ ᠠᠷᠠᠳ᠎ᠤᠨ ᠳᠠᠭᠤᠤ᠂ ᠵᠠᠩ ᠦᠢᠯᠡ ᠵᠢᠴᠢ ᠡᠯ᠎ᠡ ᠵᠦᠢᠯ᠎ᠦᠨ ᠳᠠᠭᠢᠯᠭ᠎ᠠ᠎ᠶᠢᠨ ᠠᠵᠢᠯᠯᠠᠭ᠎ᠠ ᠵᠡᠷᠭᠡ ᠪᠠᠭᠲᠠᠵᠤ᠂ ᠳᠡᠯᠡᠬᠡᠢ ᠳᠡᠭᠡᠷ᠎ᠡ ᠬᠠᠮᠤᠭ᠎ᠤᠨ ᠥᠷᠭᠡᠨ ᠳᠡᠯᠭᠡᠷ ᠣᠷᠣᠰᠢᠵᠤ ᠪᠠᠢᠭ᠎ᠠ ᠰᠣᠶᠣᠯ᠎ᠤᠨ ᠬᠤᠷᠠᠮᠠᠯ ᠪᠣᠯᠣᠨ᠎ᠠ᠃ ᠥᠪᠥᠷ ᠮᠣᠩᠭᠣᠯ᠎ᠤᠨ ᠲᠠᠷᠢᠶᠠᠯᠠᠬᠤ ᠰᠣᠶᠣᠯ ᠥᠨᠢ ᠤᠳᠠᠭᠠᠨ ᠲᠡᠦᠬᠡ᠎ᠲᠠᠢ᠂ ᠰᠢᠩ ᠯᠦᠩ ᠸᠠ ᠰᠤᠶᠤᠯ ᠡᠴᠡ ᠢᠯᠡᠷᠡᠭᠦᠯᠦᠭᠰᠡᠨ ᠨᠡᠭᠦᠷᠡᠰᠦᠵᠢᠭᠰᠡᠨ ᠨᠠᠷᠢᠮᠤ ᠪᠣᠯ ᠳᠡᠯᠡᠬᠡᠢ ᠳᠡᠭᠡᠷ᠎ᠡ ᠢᠯᠡᠷᠡᠭᠦᠯᠦᠭᠰᠡᠨ ᠬᠠᠮᠤᠭ᠎ᠤᠨ ᠡᠷᠲᠡᠨ᠎ᠦ ᠨᠠᠷᠢᠮᠤ᠎ᠶᠢᠨ ᠪᠤᠳᠠᠳᠠᠢ ᠪᠤᠳᠠᠰ ᠎ᠦᠨ ᠦᠯᠡᠳᠡᠭᠳᠡᠯ᠎ᠦᠨ ᠨᠢᠭᠡ ᠪᠠᠢᠵᠦ᠂ ᠥᠪᠥᠷ ᠮᠣᠩᠭᠣᠯ ᠣᠷᠣᠨ ᠪᠣᠯ ᠲᠠᠷᠢᠶᠠᠯᠠᠬᠤ ᠰᠣᠶᠣᠯ᠎ᠤᠨ ᠴᠢᠬᠤᠯᠠ ᠡᠭᠦᠰᠦᠯᠲᠡ᠎ᠶᠢᠨ ᠣᠷᠣᠨ᠎ᠤ ᠨᠢᠭᠡ ᠪᠤᠯᠬᠤ᠎ᠶᠢ ᠭᠡᠷᠡᠴᠢᠯᠡᠵᠦ ᠪᠤᠢ᠃ ᠥᠪᠥᠷ ᠮᠣᠩᠭᠣᠯ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠢ ᠬᠥᠭᠵᠢᠭᠦᠯᠬᠦ᠎ᠳᠦ ᠪᠠᠶᠠᠨᠨᠠᠭᠤᠷ᠂ ᠤᠯᠠᠭᠠᠨᠬᠠᠳᠠ᠂ ᠲᠦᠩᠯᠢᠶᠣᠣ᠂ ᠬᠢᠩᠭᠠᠨ ᠠᠢᠮᠠᠭ ᠵᠡᠷᠭᠡ ᠲᠠᠷᠢᠶᠠᠯᠠᠬᠤ ᠰᠣᠶᠣᠯ ᠎ᠤᠨ ᠬᠦᠨ ᠵᠤᠵᠠᠭᠠᠨ ᠬᠦᠷᠦᠰᠦ ᠲᠠᠢ ᠣᠷᠣᠨ ᠪᠦᠰᠡ᠎ᠳᠦ ᠲᠦᠰᠢᠭᠯᠡᠵᠦ᠂ ᠪᠠᠢᠭᠠᠯᠢ᠎ᠶᠢᠨ ᠥᠩᠭᠡ ᠦᠵᠡᠮᠵᠢ᠂ ᠬᠥᠮᠥᠨ ᠰᠣᠶᠣᠯ᠎ᠤᠨ ᠦᠵᠡᠮᠵᠢ᠂ ᠤᠯᠠᠮᠵᠢᠯᠠᠯᠲᠤ ᠰᠣᠶᠣᠯ᠂ ᠳᠠᠭᠤᠤ ᠪᠥᠵᠢᠭ᠎ᠦᠨ ᠤᠳᠬ᠎ᠠ ᠤᠷᠠᠯᠢᠭ᠋᠂ ᠣᠷᠣᠨ ᠨᠤᠲᠤᠭ᠎ᠤᠨ ᠠᠮᠲᠠᠲᠤ ᠢᠳᠡᠭᠡᠨ ᠵᠡᠷᠭᠡ ᠣᠯᠠᠨ ᠲᠠᠯ᠎ᠠ᠎ᠠᠴᠠ ᠪᠦᠭᠦ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠣᠯᠳᠠᠯᠭ᠎ᠠ᠎ᠲᠠᠢ ᠲᠣᠰᠬᠣᠨ᠂ ᠳᠤᠮᠳᠠᠳᠤ ᠤᠯᠤᠰ᠎ᠤᠨ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ ᠵᠡᠷᠭᠡ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠋᠎ᠢ ᠭᠦᠢᠴᠡᠳ ᠠᠰᠢᠭ᠍ᠯᠠᠵᠤ᠂ ᠥᠪᠥᠷ ᠮᠣᠩᠭᠣᠯ᠎ᠤᠨ ᠡᠯᠪᠡᠭ ᠪᠠᠶᠠᠯᠢᠭ᠋ ᠲᠠᠩᠰᠤᠭ ᠰᠠᠢᠬᠠᠨ ᠲᠠᠷᠢᠶᠠᠯᠠᠬᠤ ᠰᠣᠶᠣᠯ᠎ᠢ ᠪᠦᠭᠦ ᠲᠠᠯ᠎ᠠ᠎ᠪᠠᠷ ᠳᠡᠯᠭᠡᠨ ᠦᠵᠡᠭᠦᠯᠵᠦ ᠪᠤᠯᠦᠨ᠎ᠡ᠃

ᠬᠠᠲᠤᠨ ᠭᠣᠣᠯ᠎ᠤᠨ ᠥᠪᠥᠷ ᠮᠣᠩᠭᠣᠯ᠎ᠤᠨ ᠦᠯᠢᠭᠡᠷ᠎ᠢ ᠰᠠᠢᠲᠤᠷ ᠶᠠᠷᠢᠨ᠎ᠠ᠃ ᠬᠠᠲᠤᠨ ᠭᠣᠣᠯ ᠥᠪᠥᠷ ᠮᠣᠩᠭᠣᠯ᠎ᠦᠨ ᠬᠢᠯᠢ ᠪᠡᠷ 843 ᠺᠢᠯᠣᠮᠧᠲᠷ ᠤᠷᠤᠰᠤᠨ ᠥᠩᠭᠡᠷᠡᠵᠦ᠂ ᠨᠡᠶ᠋ᠢᠲᠡ 7 ᠠᠢᠮᠠᠭ ᠬᠣᠲᠠ᠎ᠶᠢᠨ 35 ᠬᠣᠰᠢᠭᠤ ᠰᠢᠶᠠᠨ ᠲᠣᠭᠣᠷᠢᠭ᠋᠎ᠲᠤ ᠬᠣᠯᠪᠣᠭᠳᠠᠵᠤ᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ᠂ ᠠᠵᠤ ᠠᠬᠤᠢ᠎ᠶᠢᠨ ᠴᠡᠴᠡᠭᠯᠡᠯ ᠬᠥᠭᠵᠢᠯ᠎ᠢ ᠠᠬᠢᠭᠤᠯᠬᠤ᠂ ᠣᠯᠠᠨ ᠡᠰᠢᠲᠦ ᠰᠣᠶᠣᠯ᠎ᠤᠨ ᠠᠭᠤᠰᠤᠯᠴᠠᠯ᠎ᠢ ᠠᠬᠢᠭᠤᠯᠬᠤ ᠵᠡᠷᠭᠡ ᠲᠠᠯ᠎ᠠ᠎ᠪᠠᠷ ᠯᠤᠲᠤ ᠶᠡᠬᠡ ᠦᠢᠯᠡᠳᠦᠯ ᠦᠵᠡᠭᠦᠯᠵᠦ ᠪᠤᠢ᠃ ᠬᠠᠲᠤᠨ ᠭᠣᠣᠯ᠎ᠤᠨ ᠥᠪᠥᠷ ᠮᠣᠩᠭᠣᠯ᠎ᠳᠠᠬᠢ ᠬᠡᠰᠡᠭ᠎ᠦᠨ ᠲᠡᠦᠬᠡ ᠰᠣᠶᠣᠯ᠎ᠤᠨ ᠥᠪ ᠪᠠᠶᠠᠯᠢᠭ᠋᠂ ᠥᠪᠡᠷᠮᠢᠴᠡ ᠣᠨᠴᠠᠯᠢᠭ᠋᠎ᠲᠠᠢ ᠪᠠᠢᠭᠠᠯᠢ ᠭᠠᠵᠠᠷ ᠵᠦᠢ᠎ᠶᠢᠨ ᠨᠥᠬᠥᠴᠡᠯ᠂ ᠦᠶ᠎ᠡ ᠦᠶ᠎ᠡ᠎ᠶᠢᠨ ᠬᠥᠳᠡᠯᠮᠦᠷᠢᠴᠢᠨ ᠠᠷᠠᠳ ᠲᠦᠮᠡᠨ᠎ᠦ ᠰᠢᠷᠭᠠᠭᠤ ᠭᠦᠳᠡᠯᠮᠦᠷᠢ ᠨᠢ ᠥᠪᠥᠷ ᠮᠣᠩᠭᠣᠯ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠮᠠᠯ ᠠᠵᠤ ᠠᠬᠤᠢ ᠲᠠᠷᠢᠶᠠᠯᠠᠩ ᠰᠣᠯᠪᠢᠴᠠᠭᠰᠠᠨ ᠭᠠᠵᠠᠷ ᠣᠷᠣᠨ᠎ᠤ ᠠᠵᠤ ᠠᠬᠤᠢ ᠪᠠ ᠬᠥᠮᠥᠨ ᠨᠡᠢᠭᠡᠮ᠎ᠦᠨ ᠣᠷᠴᠢᠨ ᠲᠣᠭᠣᠷᠢᠨ᠎ᠢ ᠪᠤᠶ ᠪᠤᠯᠭᠠᠵᠤ ᠂ ᠪᠠᠰᠠ ᠡᠨᠡ ᠬᠡᠰᠡᠭ ᠭᠠᠵᠠᠷ ᠰᠢᠷᠣᠢ᠎ᠶᠢᠨ ᠣᠯᠠᠨ ᠡᠰᠢᠲᠦ ᠨᠢᠭᠡ ᠴᠣᠭᠴᠠᠵᠢᠭ᠍ᠰᠠᠨ᠂ ᠬᠠᠮᠲᠤ᠎ᠪᠠᠷ ᠠᠭᠤᠰᠤᠯᠴᠠᠨ ᠬᠠᠮᠲᠤ᠎ᠪᠠᠷ ᠣᠷᠣᠰᠢᠬᠤ ᠭᠠᠵᠠᠷ ᠣᠷᠣᠨ᠎ᠤ ᠰᠣᠶᠣᠯ᠎ᠤᠨ ᠣᠨᠴᠠᠯᠢᠭ᠋᠎ᠢ ᠪᠤᠶ ᠪᠤᠯᠭᠠᠬ᠍ᠰᠠᠨ ᠪᠠᠢᠨ᠎ᠠ᠃ ᠡᠢᠨ ᠬᠦ᠌ ᠬᠠᠳᠤᠨ ᠭᠣᠣᠯ᠎ᠤᠨ ᠶᠡᠬᠡ ᠲᠣᠬᠣᠢ ᠵᠢᠨ ᠣᠷᠣᠨ᠎ᠳ᠋ᠦ ᠠᠯᠠᠱᠠ᠂ ᠦᠬᠠᠢ᠂ ᠪᠠᠶᠠᠨᠨᠠᠭᠤᠷ᠂ ᠣᠷᠳᠣᠰ᠂ ᠪᠤᠭᠤᠲᠤ᠂ ᠭᠦᠭᠡᠬᠣᠲᠠ᠂ ᠤᠯᠠᠭᠠᠨᠴᠠᠪ ᠁ ᠵᠡᠷᠬᠡ ᠴᠥᠭᠡᠨ ᠪᠤᠰᠤ ᠬᠣᠲᠠ ᠪᠠᠯᠭᠠᠰᠤ ᠡᠬᠦᠰᠦᠨ ᠬᠦᠭᠵᠢᠪᠡ᠃ ᠥᠪᠥᠷ ᠮᠣᠩᠭᠣᠯ ᠬᠠᠲᠤᠨ ᠭᠣᠣᠯ᠎ᠤᠨ ᠰᠣᠶᠣᠯ᠎ᠤᠨ ᠵᠢᠭᠤᠯᠴᠢᠯᠠᠯ᠎ᠢ ᠬᠥᠭᠵᠢᠭᠦᠯᠬᠦ᠎ᠳᠦ ᠯᠣᠣ ᠨᠢᠦ ᠸᠠᠨ᠎ᠤ ᠬᠠᠲᠤᠨ ᠭᠣᠣᠯ᠎ᠤᠨ ᠶᠡᠬᠡ ᠬᠠᠪᠴᠢᠯ᠎ᠤᠨ ᠵᠤᠭᠠᠴᠠᠯ᠎ᠤᠨ ᠣᠷᠣᠨ᠂ ᠬᠠᠲᠤᠨ ᠭᠣᠣᠯ᠎ᠤᠨ ᠰᠠᠨ ᠱᠧᠩ ᠭᠦᠩ ᠤᠯᠤᠰ᠎ᠤᠨ ᠤᠰᠤᠨ ᠠᠰᠢᠭ᠍ᠯᠠᠯᠲᠠ᠎ᠶᠢᠨ ᠦᠵᠡᠮᠵᠢ᠎ᠶᠢᠨ ᠣᠷᠣᠨ᠂ ᠪᠣᠷᠣᠳᠣᠬᠣᠢ᠎ᠶᠢᠨ ᠲᠠᠷᠢᠶᠠᠯᠠᠬᠤ ᠰᠣᠶᠣᠯ᠎ᠤᠨ ᠦᠵᠡᠰᠭᠦᠯᠡᠩ᠎ᠦᠨ ᠬᠦᠷᠢᠶᠡᠯᠡᠩ᠂ ᠦᠬᠠᠢ ᠨᠠᠭᠤᠷ᠎ᠤᠨ ᠰᠡᠯᠡᠭᠦᠴᠡᠯ ᠵᠤᠭᠠᠴᠠᠯ᠎ᠤᠨ ᠣᠷᠣᠨ ᠵᠡᠷᠭᠡ ᠵᠤᠭᠠᠴᠠᠯ᠎ᠤᠨ ᠡᠬᠢ ᠪᠠᠶᠠᠯᠢᠭ᠋᠎ᠲᠤ ᠲᠦᠰᠢᠭᠯᠡᠨ᠎ᠡ᠃ ᠬᠠᠲᠤᠨ ᠭᠣᠣᠯ᠎ᠤᠨ ᠣᠭᠠᠯᠵᠠᠨ ᠲᠣᠬᠣᠢ ᠵᠢᠨ ᠣᠷᠣᠨ ᠎ᠦ ᠡᠯᠡᠰᠦᠨ ᠴᠥᠯ᠎ᠦᠨ ᠵᠠᠩ ᠦᠶ᠋ᠯᠡ᠎ᠶᠢᠨ ᠱᠤᠭᠤᠮ᠂ ᠲᠠᠷᠢᠶᠠᠯᠠᠬᠤ ᠠᠷᠠᠳ᠎ᠤᠨ ᠵᠠᠩ ᠳᠠᠳᠬᠠᠯ᠎ᠢ ᠪᠡᠶᠡᠴᠢᠯᠡᠨ ᠣᠢᠯᠠᠭᠠᠬᠤ ᠵᠢᠭᠤᠯᠴᠢᠯᠠᠯ ᠵᠡᠷᠭᠡ ᠰᠣᠳᠣᠨ ᠰᠣᠶᠣᠯ ᠵᠢᠭᠤᠯᠴᠢᠯᠠᠯ᠎ᠤᠨ ᠵᠠᠮ ᠱᠤᠭᠤᠮ᠎ᠢ ᠨᠡᠭᠡᠭᠡᠨ ᠬᠥᠭᠵᠢᠭᠦᠯᠵᠦ᠂ ᠬᠠᠲᠤᠨ ᠭᠣᠣᠯ ᠳᠠᠭᠠᠤ᠎ᠶᠢᠨ ᠵᠢᠭᠤᠯᠴᠢᠯᠠᠯ᠎ᠤᠨ ᠬᠣᠩᠭᠢᠯ᠎ᠤᠨ ᠪᠠᠢᠭᠠᠯᠢ᠎ᠶᠢᠨ ᠥᠩᠭᠡ ᠦᠵᠡᠮᠵᠢ ᠪᠠ ᠰᠣᠶᠣᠯ ᠵᠠᠩ ᠢᠷᠬᠡᠨᠰᠢᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠬᠠᠲᠤᠨ ᠭᠣᠣᠯ᠎ᠤᠨ ᠰᠣᠶᠣᠯ᠎ᠤᠨ ᠴᠠᠭ ᠦᠶ᠎ᠡ᠎ᠶᠢᠨ ᠦᠨ᠎ᠡ ᠥᠷᠲᠡᠭ᠎ᠢ ᠪᠠᠳᠠᠷᠠᠭᠤᠯᠤᠨ᠂ ᠣᠯᠠᠨ ᠨᠡᠶ᠋ᠢᠲᠡ᠎ᠶᠢᠨ ᠰᠣᠶᠣᠯ᠎ᠤᠨ ᠮᠡᠳᠡᠷᠡᠮᠵᠢ᠎ᠶᠢ ᠨᠡᠮᠡᠭᠳᠡᠭᠦᠯᠵᠦ ᠪᠤᠯᠦᠨ᠎ᠡ᠃

ᠲᠦᠮᠡᠨ ᠭᠠᠵᠠᠷ᠎ᠤᠨ ᠣᠷᠳᠣ᠌ ᠴᠠᠭᠠᠨ ᠬᠡᠷᠡᠮ᠎ᠦᠨ ᠭᠤᠸ᠎ᠠ ᠰᠠᠢᠬᠠᠨ᠎ᠢ ᠠᠮᠢᠳᠤᠯᠢᠭ᠋᠎ᠢᠶᠠᠷ ᠢᠯᠡᠷᠡᠭᠦᠯᠦᠨ᠎ᠡ᠃ ᠣᠷᠳᠣ᠌ ᠴᠠᠭᠠᠨ ᠬᠡᠷᠡᠮ ᠪᠣᠯ ᠳᠤᠮᠳᠠᠳᠤ᠎ᠶᠢᠨ ᠦᠨᠳᠦᠰᠦᠲᠡᠨ᠎ᠦ ᠣᠶᠤᠨ ᠰᠠᠨᠠᠭᠠᠨ᠎ᠤ ᠪᠡᠯᠭᠡ ᠲᠡᠮᠳᠡᠭ ᠮᠥᠨ᠂ ᠮᠠᠨ᠎ᠤ ᠤᠯᠤᠰ᠎ᠤᠨ ᠴᠢᠬᠤᠯᠠ ᠭᠠᠵᠠᠷ ᠵᠦᠢ ᠪᠠ ᠰᠣᠶᠣᠯ᠎ᠤᠨ ᠪᠡᠯᠭᠡ ᠲᠡᠮᠳᠡᠭ ᠮᠥᠨ᠃ ᠥᠪᠥᠷ ᠮᠣᠩᠭᠣᠯ ᠪᠣᠯ ᠣᠷᠳᠣ᠌ ᠴᠠᠭᠠᠨ ᠬᠡᠷᠡᠮ᠎ᠦᠨ ᠰᠣᠶᠣᠯ᠎ᠤᠨ ᠡᠬᠢ ᠪᠠᠶᠠᠯᠢᠭ᠋᠎ᠢᠶᠠᠷ ᠬᠠᠮᠤᠭ᠎ᠤᠨ ᠪᠠᠶᠠᠯᠢᠭ᠋ ᠭᠠᠵᠠᠷ ᠣᠷᠣᠨ ᠎ᠤ ᠨᠢᠭᠡ ᠪᠠᠢᠵᠤ᠂ ᠬᠢᠯᠢ᠎ᠶᠢᠨ ᠳᠣᠲᠣᠷ᠎ᠠ ᠪᠠᠢᠯᠳᠤᠭᠠᠨᠲᠤ ᠤᠯᠤᠰ᠂ ᠴᠢᠨ ᠤᠯᠤᠰ᠂ ᠬᠠᠨ ᠤᠯᠤᠰ᠂ ᠤᠮᠠᠷᠠᠲᠤ ᠸᠧᠢ ᠤᠯᠤᠰ᠂ ᠠᠯᠲᠠᠨ ᠤᠯᠤᠰ᠂ ᠮᠢᠩ ᠤᠯᠤᠰ᠎ᠤᠨ ᠣᠷᠳᠣ᠌ ᠴᠠᠭᠠᠨ ᠬᠡᠷᠡᠮ ᠵᠡᠷᠭᠡ ᠦᠶ᠎ᠡ ᠦᠶ᠎ᠡ᠎ᠶᠢᠨ ᠣᠷᠳᠣ᠌ ᠴᠠᠭᠠᠨ ᠬᠡᠷᠡᠮ᠎ᠦᠨ ᠪᠠᠭᠤᠷᠢ ᠪᠤᠶ᠃ ᠣᠷᠳᠣ᠌ ᠴᠠᠭᠠᠨ ᠬᠡᠷᠡᠮ᠎ᠦᠨ ᠰᠣᠶᠣᠯ᠎ᠢ ᠵᠢᠭᠤᠯᠴᠢᠯᠠᠯ᠎ᠤᠨ ᠠᠵᠤ ᠦᠢᠯᠡᠰ᠎ᠲᠠᠢ ᠬᠠᠷᠢᠯᠴᠠᠨ ᠠᠭᠤᠰᠤᠯᠴᠠᠭᠤᠯᠬᠤ ᠪᠣᠯ ᠰᠣᠶᠣᠯ ᠎ᠤᠨ ᠪᠠᠢᠭᠤᠯᠤᠯᠲᠠ᠎ᠶᠢ ᠴᠢᠩᠭᠠᠳᠬᠠᠬᠤ᠎ᠶᠢᠨ ᠨᠢᠭᠡᠨ ᠴᠢᠬᠤᠯᠠ ᠠᠭᠤᠯᠭ᠎ᠠ ᠪᠤᠯᠬᠤ ᠪᠦᠬᠡᠳ ᠪᠠᠰᠠ ᠴᠤ᠌ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠣ᠎ᠶᠢᠨ ᠳᠣᠲᠣᠭᠠᠳᠤ ᠱᠠᠭᠠᠷᠳᠠᠯᠭ᠎ᠠ ᠪᠣᠯᠣᠨ᠎ᠠ᠃ ᠤᠷᠳᠤ ᠴᠠᠭᠠᠨ ᠬᠡᠷᠡᠮ ᠳᠠᠭᠠᠤ᠎ᠶᠢᠨ ᠠᠮᠢ ᠠᠬᠤᠢ ᠣᠷᠴᠢᠨ ᠲᠣᠭᠣᠷᠢᠨ᠎ᠢ ᠴᠢᠷᠮᠠᠢᠨ ᠰᠠᠢᠵᠢᠷᠠᠭᠤᠯᠵᠤ᠂ ᠰᠣᠶᠣᠯ ᠵᠢᠭᠤᠯᠴᠢᠯᠠᠯ᠎ᠤᠨ ᠦᠨ᠎ᠡ ᠦᠷᠳᠡᠭ᠎ᠢ ᠳᠡᠭᠡᠭᠰᠢᠯᠡᠭᠦᠯᠭᠦ ᠭᠡᠷᠡᠭᠲᠡᠢ; ᠣᠷᠳᠣ᠌ ᠴᠠᠭᠠᠨ ᠬᠡᠷᠡᠮ᠎ᠦᠨ ᠰᠣᠶᠣᠯ ᠎ᠤᠨ ᠪᠦᠰᠡ᠎ᠶᠢ ᠪᠠᠢᠭᠤᠯᠵᠤ᠂ ᠭᠠᠵᠠᠷ ᠣᠷᠣᠨ᠎ᠤ ᠬᠣᠭᠣᠷᠣᠨᠳᠣᠭᠢ ᠠᠭᠤᠰᠤᠯᠴᠠᠨ ᠬᠥᠭᠵᠢᠬᠦ᠎ᠶᠢ ᠠᠬᠢᠭᠤᠯᠤᠨ᠎ᠠ; ᠰᠣᠶᠣᠯ ᠵᠢᠭᠤᠯᠴᠢᠯᠠᠯ᠎ᠤᠨ ᠭᠡᠯᠪᠡᠷᠢ᠎ᠶᠢᠨ ᠰᠢᠨ᠎ᠡ᠎ᠶᠢ ᠡᠭᠦᠳᠴᠦ᠂ ᠣᠷᠳᠣ᠌ ᠴᠠᠭᠠᠨ ᠬᠡᠷᠡᠮ᠎ᠦᠨ ᠰᠣᠶᠣᠯ᠎ᠤᠨ ᠴᠡᠴᠡᠷᠯᠢᠭ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠂ ᠡᠯᠪᠡᠭ ᠪᠠᠶᠠᠯᠢᠭ᠋ ᠣᠷᠳᠣ᠌ ᠴᠠᠭᠠᠨ ᠬᠡᠷᠡᠮ᠎ᠦᠨ ᠰᠣᠶᠣᠯ᠎ᠤᠨ ᠪᠦᠲᠦᠭᠡᠭᠳᠡᠬᠦᠨ᠎ᠢ ᠬᠠᠩᠭᠠᠨ᠎ᠠ; ᠢᠵᠢ ᠪᠦᠷᠢᠳᠦᠭᠦᠯᠬᠦ ᠲᠦᠬᠦᠭᠡᠷᠡᠮᠵᠢ᠎ᠶᠢ ᠲᠡᠭᠦᠯᠳᠡᠷᠵᠢᠭᠦᠯᠵᠦ᠂ ᠣᠷᠳᠣ᠌ ᠴᠠᠭᠠᠨ ᠬᠡᠷᠡᠮ ᠳᠠᠭᠠᠤ᠎ᠶᠢᠨ ᠵᠢᠭᠤᠯᠴᠢᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠎ᠡ ᠃

ᠰᠣᠶᠣᠯ ᠵᠢᠭᠣᠯᠴᠢᠯᠠᠯ᠎ᠢ ᠠᠭᠤᠰᠤᠯᠴᠠᠭᠤᠯᠬᠤ ᠪᠣᠯ ᠰᠣᠶᠣᠯ ᠵᠢᠭᠣᠯᠴᠢᠯᠠᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠵᠠᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠬᠥᠭᠵᠢᠯᠲᠡ ᠨᠢ ᠤᠮᠠᠷᠠᠲᠤ᠎ᠶᠢᠨ ᠡᠬᠡ ᠭᠠᠵᠠᠷ᠎ᠲᠠᠬᠢ ᠭᠦᠨ ᠵᠤᠵᠠᠭᠠᠨ ᠲᠡᠦᠬᠡ ᠰᠣᠶᠣᠯ ᠪᠣᠯᠣᠨ ᠡᠯᠪᠡᠭ ᠪᠠᠶᠠᠯᠢᠭ᠋ ᠰᠣᠶᠣᠯ ᠢᠷᠭᠡᠨᠰᠢᠯ᠎ᠦᠨ ᠡᠬᠢ ᠪᠠᠶᠠᠯᠢᠭ᠋᠎ᠢ ᠭᠦᠨᠵᠡᠭᠡᠢ ᠠᠭᠤᠳᠠᠯᠤᠨ ᠠᠮᠢᠳᠤᠯᠢᠭ᠋᠎ᠢᠶᠠᠷ ᠢᠯᠡᠷᠡᠭᠦᠯᠵᠦ᠂ ᠰᠣᠶᠣᠯ ᠎ᠢᠶᠠᠷ ᠵᠢᠭᠤᠯᠴᠢᠯᠠᠯ ᠎ᠢ ᠱᠤᠭᠤᠵᠤ᠂ ᠵᠢᠭᠤᠯᠴᠢᠯᠠᠯ᠎ᠢᠶᠠᠷ ᠰᠣᠶᠣᠯ᠎ᠢ ᠲᠤᠪᠤᠢ᠍ᠢᠯᠭᠠᠵᠤ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠎ᠳᠦ ᠨᠡᠩ ᠶᠡᠬᠡ ᠬᠤᠪᠢ ᠨᠡᠮᠡᠷᠢ ᠦᠵᠡᠭᠦᠯᠵᠦ᠂ ᠥᠪᠥᠷ ᠮᠣᠩᠭᠣᠯ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠬᠥᠳᠡᠯᠭᠡᠬᠦ ᠬᠦᠴᠦᠨ᠂ ᠠᠮᠢᠵᠢᠷᠠᠯ᠎ᠤᠨ ᠬᠦᠴᠦᠨ᠎ᠢ ᠨᠡᠮᠡᠷᠢᠯᠡᠬᠦ ᠬᠡᠷᠡᠭᠲᠡᠢ᠃

(ᠵᠣᠬᠢᠶᠠᠭ᠍ᠴᠢ᠄ ᠥᠪᠥᠷ ᠮᠣᠩᠭᠣᠯ ᠎ᠤᠨ ᠶᠡᠬᠡ ᠰᠤᠷᠭᠠᠭᠤᠯᠢ᠎ᠶᠢᠨ ᠲᠡᠦᠬᠡ ᠪᠠ ᠵᠢᠭᠤᠯᠴᠢᠯᠠᠯ ᠰᠣᠶᠣᠯ ᠎ᠤᠨ ᠳᠡᠭᠡᠳᠦ ᠰᠤᠷᠭᠠᠭᠤᠯᠢ᠎ᠶᠢᠨ ᠳᠡᠳ᠋ ᠫᠷᠤᠹᠸᠰᠰᠤᠷ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面