ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2023-10-30 10:27:15

ᠵᠣᠬᠢᠶᠠᠭ᠍ᠴᠢ᠄ ᠬᠦᠭᠵᠢᠯᠳᠦ ᠣᠩᠱᠢᠭ᠍ᠰᠠᠨ ᠣᠳᠠᠭ᠎ᠠ᠄ 3

ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶᠢᠨ ᠤᠬᠠᠭᠤᠯᠬᠤ ᠬᠡᠯᠳᠡᠰ᠎ᠤᠨ ᠲᠦᠷᠦᠬᠦᠬᠡᠨ ᠬᠤᠷᠠᠯᠳᠤᠭᠤᠯᠤᠭᠰᠠᠨ ᠰᠤᠨᠢᠨ ᠮᠡᠳᠡᠭᠡ ᠨᠡᠢᠳᠡᠯᠡᠬᠦ ᠬᠤᠷᠠᠯ᠎ᠡᠴᠡ ᠤᠢᠯᠠᠭᠠᠭᠰᠠᠨ ᠢ᠋ᠶ᠋ᠡᠷ᠂ ᠬᠥᠬᠡᠬᠣᠲᠠ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ 《ᠤᠮᠠᠷᠠᠲᠤ ᠬᠢᠯᠢ ᠶ᠋ᠢᠨ ᠰᠣᠶᠣᠯ》 ᠤ᠋ᠨ ᠲᠥᠷᠥᠯ ᠲᠡᠮᠳᠡᠭ ᠢ᠋ ᠴᠣᠭ᠍ᠴᠠᠯᠠᠬᠤ ᠲᠤᠬᠠᠶ ᠪᠠᠢᠷᠢᠯᠠᠭᠤᠯᠤᠯᠲᠠ ᠵᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠣᠯᠠᠨ ᠠᠷᠭ᠎ᠠ ᠵᠠᠮ ᠵᠢᠡᠷ ᠱᠢᠨ᠎ᠡ ᠵᠢ ᠡᠬᠦᠳᠤᠨ ᠣᠯᠠᠨ ᠲᠠᠯ᠎ᠠ ᠶ᠋ᠢᠨ ᠬᠦᠴᠦᠨ ᠢ᠋ ᠨᠡᠢᠳᠭᠡᠵᠦ᠍ ᠪᠠᠢᠭᠠᠳ 《ᠤᠮᠠᠷᠠᠲᠤ ᠬᠢᠯᠢ ᠶ᠋ᠢᠨ ᠰᠣᠶᠣᠯ》 ᠤ᠋ᠨ ᠲᠥᠷᠥᠯ ᠲᠡᠮᠳᠡᠭ ᠤ᠋ᠨ ᠪᠠᠢᠭᠤᠯᠤᠯᠲᠠ ᠵᠢ ᠪᠦᠬᠦ ᠬᠦᠴᠦᠨ ᠵᠢᠡᠷ ᠠᠬᠢᠭᠤᠯᠵᠦ ᠪᠤᠢ᠃

ᠡᠨᠡ ᠵᠢᠯ ᠬᠦᠬᠡᠬᠤᠳᠠ 《ᠤᠮᠠᠷᠠᠲᠤ ᠬᠢᠯᠢ ᠶ᠋ᠢᠨ ᠰᠣᠶᠣᠯ》 ᠤ᠋ᠨ ᠭᠤᠤᠯ ᠰᠡᠳᠦᠪᠲᠦ ᠶᠠᠷᠢᠯᠴᠠᠬᠤ ᠬᠤᠷᠠᠯ ᠪᠠ ᠶᠠᠷᠢᠶᠠᠨ ᠤ᠋ ᠲᠠᠪᠴᠠᠩ ᠤ᠋ᠨ ᠠᠵᠢᠯᠯᠠᠭ᠎ᠠ ᠶᠠᠪᠤᠭᠤᠯᠵᠤ᠂ 《ᠤᠮᠠᠷᠠᠲᠤ ᠬᠢᠯᠢ ᠶ᠋ᠢᠨ ᠰᠣᠶᠣᠯ》 ᠤ᠋ᠨ ᠠᠭᠤᠯᠤᠭ᠍ᠳᠠᠬᠤᠨ ᠪᠠ ᠣᠨᠴᠠᠯᠢᠭ ᠱᠢᠨᠵᠢ ᠵᠢ ᠣᠨᠣᠪᠴᠢᠲᠠᠶ ᠡᠵᠡᠮᠳᠡᠨ᠂ ᠬᠥᠬᠡᠬᠣᠲᠠ ᠶ᠋ᠢᠨ ᠥᠨᠢ ᠤᠳᠠᠭᠠᠨ ᠲᠡᠦᠬᠡ ᠵᠢ ᠲᠤᠰᠭᠠᠬ᠍ᠰᠠᠨ᠂ ᠭᠦᠨ ᠵᠤᠵᠠᠭᠠᠨ ᠠᠭᠤᠯᠤᠭ᠍ᠳᠠᠬᠤᠨ ᠲᠠᠶ ᠨᠢᠭᠡ ᠪᠦᠯᠦᠭ ᠨᠣᠮ ᠪᠠ ᠵᠦᠴᠦᠭᠡ ᠵᠢ ᠵᠣᠬᠢᠶᠠᠨ ᠦᠢᠯᠡᠳᠴᠦ᠍᠂ ᠲᠤᠰᠭᠠᠢ ᠰᠡᠳᠦᠪᠲᠦ ᠹᠢᠯᠢᠮ᠂ ᠪᠠᠷᠢᠮᠲᠠᠲᠤ ᠹᠢᠯᠢᠮ᠂ ᠣᠬᠣᠷ ᠸᠢᠳᠢᠣ᠋ ᠵᠡᠷᠭᠡ ᠪᠦᠲᠦᠭᠡᠯ ᠢ᠋ ᠵᠣᠬᠢᠶᠠᠨ ᠪᠦᠲᠦᠭᠡᠵᠦ᠍᠂ ᠲᠡᠦᠬᠡ ᠰᠣᠶᠣᠯ ᠤ᠋ᠨ ᠨᠡᠷᠡᠳᠤ ᠬᠤᠳᠠ ᠶ᠋ᠢᠨ ᠥᠪᠡᠷᠮᠢᠴᠡ ᠷᠢᠳᠢ ᠱᠢᠳᠢ ᠵᠢ ᠪᠦᠬᠦ᠌ ᠲᠠᠯ᠎ᠠ᠂ ᠤᠯᠠᠨ ᠬᠠᠷᠠᠭᠠᠰᠤ ᠡᠴᠡ ᠳᠡᠯᠭᠡᠨ ᠦᠵᠡᠭᠦᠯᠵᠦ᠍ ᠲᠠᠢᠯᠪᠤᠷᠢᠯᠠᠭᠰᠠᠨ ᠪᠠᠢᠨ᠎ᠠ᠃ ᠬᠥᠬᠡᠬᠣᠲᠠ ᠶ᠋ᠢᠨ ᠬᠠᠮ ᠵᠠᠭᠤᠴᠢᠯᠠᠭᠤᠷ ᠤ᠋ᠨ ᠲᠥᠪ ᠨᠢ 《ᠤᠮᠠᠷᠠᠲᠤ ᠬᠢᠯᠢ ᠶ᠋ᠢᠨ ᠰᠣᠶᠣᠯ》 ᠤ᠋ᠨ ᠲᠤᠬᠠᠢ 1007 ᠬᠤᠪᠢ ᠮᠡᠳᠡᠭᠡᠯᠡᠯ ᠪᠤᠯᠤᠨ 196 ᠬᠤᠭᠤᠴᠠᠭ᠎ᠠ ᠲᠤᠰᠭᠠᠶ ᠰᠡᠳᠦᠪᠲᠦ ᠫᠷᠤᠭ᠌ᠷᠠᠮ ᠬᠢᠵᠤ᠂ 《ᠤᠮᠠᠷᠠᠲᠤ ᠬᠢᠯᠢ ᠶ᠋ᠢᠨ ᠰᠣᠶᠣᠯ》 ᠤ᠋ᠨ ᠪᠠᠢᠭᠤᠯᠤᠯᠲᠠ ᠵᠢ ᠠᠬᠢᠭᠤᠯᠤᠭ᠍ᠰᠠᠨ ᠠᠮᠢᠳᠤᠯᠢᠭ ᠦᠶ᠋ᠯᠡᠳᠦᠯᠭᠡ᠂ ᠢᠯᠡᠳᠲᠡ ᠦᠷ᠎ᠡ ᠪᠦᠲᠦᠮᠵᠢ᠂ ᠲᠤᠷᠱᠢᠯᠭ᠎ᠠ ᠠᠷᠭ᠎ᠠ ᠬᠢᠳᠡᠯ ᠪᠠ ᠲᠡᠷᠢᠭᠦᠨ ᠤ᠋ ᠨᠡᠢᠲᠡᠯᠢᠭ ᠵᠢᠱ᠌ᠢᠶ᠎ᠡ ᠵᠢ ᠤᠬᠠᠭᠤᠯᠪᠠ᠃ ᠡᠯ᠎ᠡ ᠱᠠᠲᠤᠨ ᠤ᠋ ᠰᠣᠶᠣᠯ ᠤ᠋ᠨ ᠣᠷᠳᠣᠨ ᠪᠠ ᠦᠵᠡᠬᠦᠯᠬᠡ ᠵᠢᠨ ᠣᠷᠳᠣᠨ ᠵᠡᠷᠭᠡ ᠭᠠᠵᠠᠷ ᠲᠦ᠍ 《ᠤᠮᠠᠷᠠᠲᠤ ᠬᠢᠯᠢ ᠶ᠋ᠢᠨ ᠰᠣᠶᠣᠯ ᠤ᠋ᠨ ᠱᠢᠷᠢᠰ ᠦᠵᠡᠭᠦᠯᠭᠡ》 ᠭᠠᠷᠭᠠᠵᠤ᠂ ᠪᠥᠬᠥ᠌ ᠬᠣᠲᠠ ᠶ᠋ᠢᠨ ᠬᠡᠷ ᠤ᠋ᠨ ᠭᠠᠳᠠᠨᠠᠬᠢ ᠲᠣᠮᠣ ᠳᠡᠯᠭᠡᠴᠡ᠂ ᠠᠭᠤᠳᠠᠮ ᠲᠠᠯᠠᠪᠠᠶ᠂ ᠨᠡᠢᠭᠡᠮ ᠲᠣᠭᠣᠷᠢᠭ ᠵᠡᠷᠭᠡ ᠣᠯᠠᠨ ᠨᠡᠢᠲᠡ ᠶ᠋ᠢᠨ ᠲᠠᠯᠠᠪᠤᠷ ᠲᠦ᠍ 《ᠤᠮᠠᠷᠠᠲᠤ ᠬᠢᠯᠢ ᠶ᠋ᠢᠨ ᠰᠣᠶᠣᠯ》 ᠤ᠋ᠨ ᠭᠤᠤᠯ ᠰᠡᠳᠦᠪᠲᠦ ᠤᠬᠠᠭᠤᠯᠭ᠎ᠠ ᠬᠢᠵᠠᠢ᠃

《ᠤᠮᠠᠷᠠᠲᠤ ᠬᠢᠯᠢ ᠶ᠋ᠢᠨ ᠰᠣᠶᠣᠯ·ᠬᠥᠬᠡᠬᠣᠲᠠ ᠶ᠋ᠢᠨ ᠰᠣᠶᠣᠯ ᠤ᠋ᠨ ᠢᠮ ᠲᠡᠮᠳᠡᠭ ᠢ᠋ ᠬᠠᠢᠬᠤ》 ᠠᠵᠢᠯᠯᠠᠭ᠎ᠠ ᠦᠷᠨᠢᠬᠦᠯᠦᠨ 5 ᠴᠤᠪᠤᠷᠠᠯ᠂ 100 ᠢᠮ ᠲᠡᠮᠳᠡᠭ ᠪᠥᠬᠥᠶ ᠬᠣᠲᠠ ᠶ᠋ᠢᠨ ᠲᠣᠮᠣ ᠰᠣᠶᠣᠯ ᠤ᠋ᠨ ᠲᠡᠮᠳᠡᠭ ᠤ᠋ᠨ ᠰᠦᠷᠦᠭ᠌ᠵᠢᠯ ᠢ᠋ ᠪᠦᠷᠢᠯᠳᠦᠭᠦᠯᠵᠦ᠍᠂ ᠬᠥᠬᠡᠬᠣᠲᠠ ᠶ᠋ᠢᠨ ᠲᠡᠦᠬᠡ ᠰᠣᠶᠣᠯ ᠤ᠋ᠨ ᠡᠬᠢ ᠪᠠᠶᠠᠯᠢᠭ ᠢ᠋ ᠰᠠᠢᠲᠤᠷ ᠠᠭᠤᠳᠠᠯᠵᠤ ᠰᠠᠢᠲᠤᠷ ᠲᠠᠢᠯᠪᠤᠷᠢᠯᠠᠬᠤ ᠵᠢᠨ ᠬᠠᠮᠳᠤ ᠲᠣᠮᠣ ᠬᠡᠯᠪᠡᠷᠢ ᠶ᠋ᠢᠨ ᠶᠡᠷᠦᠩᠬᠡᠢᠯᠡᠭ᠌ᠰᠡᠨ ᠤᠷᠠᠯᠢᠭ ᠤ᠋ᠨ ᠫᠷᠤᠭ᠌ᠷᠠᠮ 《ᠤᠮᠠᠷᠠᠲᠤ ᠬᠢᠯᠢ ᠶ᠋ᠢᠨ ᠰᠣᠶᠣᠯ·ᠬᠥᠬᠡᠬᠣᠲᠠ ᠶ᠋ᠢᠨ ᠰᠣᠶᠣᠯ ᠤ᠋ᠨ ᠰᠤᠳᠠᠰᠤ》 ᠵᠢ ᠦᠢᠯᠡᠳᠴᠦ᠂ ᠬᠥᠬᠡᠬᠣᠲᠠ ᠶ᠋ᠢᠨ ᠡᠯᠪᠡᠭ ᠪᠠᠶᠠᠯᠢᠭ ᠰᠣᠶᠣᠯ ᠤ᠋ᠨ ᠥᠪ ᠢ᠋ ᠳᠡᠯᠭᠡᠨ ᠦᠵᠡᠭᠦᠯᠵᠠᠢ᠃ ᠪᠠᠰᠠ ᠴᠡᠯᠡᠭᠡᠷ ᠲᠠᠯ᠎ᠠ ᠲᠠᠯ᠎ᠠ ᠨᠤᠲᠤᠭ ᠤ᠋ᠨ ᠰᠣᠶᠣᠯ ᠤ᠋ᠨ ᠨᠠᠢᠷ᠂ ᠵᠣᠣ ᠵᠢᠶᠦ᠋ᠨ ᠰᠣᠶᠣᠯ ᠤ᠋ᠨ ᠨᠠᠢᠷ᠂ ᠬᠥᠬᠡᠬᠣᠲᠠ ᠶ᠋ᠢᠨ ᠳᠠᠭᠤᠤ ᠬᠥᠭ᠌ᠵᠢᠮ ᠤ᠋ᠨ ᠨᠠᠢᠷ᠂ ᠪᠣᠭᠣᠮᠲᠠ ᠶ᠋ᠢᠨ ᠭᠠᠳᠠᠨᠠᠬᠢ ᠬᠠᠭᠤᠴᠢᠨ ᠵᠡᠭᠡᠯᠢ ᠶ᠋ᠢᠨ ᠳᠠᠭᠤᠤ ᠬᠥᠭ᠌ᠵᠢᠮ ᠠᠮᠲᠠᠲᠤ ᠢᠳᠡᠭᠡᠨ ᠤ᠋ ᠤᠯᠠᠷᠢᠯ ᠵᠡᠷᠭᠡ ᠨᠢᠭᠡ ᠪᠦᠯᠦᠭ ᠲᠥᠷᠥᠯ ᠲᠡᠮᠳᠡᠭ᠌ᠲᠦ᠍ ᠪᠠᠶᠠᠷ ᠳᠤᠷᠠᠰᠭᠠᠯ ᠤ᠋ᠨ ᠠᠵᠢᠯᠯᠠᠭ᠎ᠠ ᠦᠷᠨᠢᠬᠦᠯᠵᠤ᠂ ᠬᠥᠬᠡᠬᠣᠲᠠ ᠶ᠋ᠢᠨ 《ᠬᠣᠲᠠ ᠶ᠋ᠢᠨ ᠳᠦᠷᠢ ᠲᠥᠷᠬᠦ᠌ ᠶ᠋ᠢᠨ ᠡᠬᠢ ᠪᠠᠶᠠᠯᠢᠭ ᠢ᠋ ᠬᠠᠮᠲᠤ᠎ᠪᠠᠷ ᠡᠳ᠋ᠯᠡᠬᠦ᠌ ᠲᠠᠪᠴᠠᠩ》 ᠢ᠋ ᠠᠱᠢᠭ᠍ᠯᠠᠯᠲᠠ ᠳ᠋ᠦ ᠣᠷᠣᠭᠤᠯᠤᠨ ᠬᠥᠬᠡᠬᠣᠲᠠ ᠶ᠋ᠢᠨ ᠳᠦᠷᠢ ᠲᠥᠷᠬᠦ᠌ ᠶ᠋ᠢᠨ ᠡᠬᠢ ᠪᠠᠶᠠᠯᠢᠭ ᠤ᠋ᠨ ᠬᠥᠮᠥᠷᠭᠡ ᠲᠠᠢ ᠪᠤᠯᠵᠠᠢ᠃

ᠬᠦᠬᠡᠬᠤᠳᠠ ᠶ᠋ᠢᠨ 31 ᠮᠦᠽᠧᠶ ᠶᠡᠷᠦᠩᠬᠡᠶ ᠬᠤᠪᠢᠶᠠᠷᠢ ᠣᠷᠳᠣᠨ ᠤ᠋ ᠲᠦᠷᠢᠮ ᠤ᠋ᠨ ᠥᠭᠡᠷᠡᠴᠢᠯᠡᠯᠲᠡ ᠵᠢ ᠬᠡᠷᠡᠭ᠌ᠵᠢᠭᠦᠯᠦᠭ᠌ᠰᠡᠨ ᠤ᠋ ᠳᠠᠷᠠᠭ᠎ᠠ ᠡᠬᠢ ᠪᠠᠶᠠᠯᠢᠭ᠂ ᠠᠵᠢᠯᠲᠠᠨ᠂ ᠪᠠᠯᠠ ᠮᠥᠩᠭᠥ᠌᠂ ᠴᠢᠳᠠᠪᠤᠷᠢᠲᠠᠨ ᠤ᠋ ᠨᠥᠭᠡᠴᠡ᠂ ᠡᠵᠡᠩᠨᠡᠯᠲᠡ ᠶ᠋ᠢᠨ ᠵᠠᠭ᠍ᠪᠤᠷ ᠢ᠋ ᠨᠢᠭᠡ ᠴᠣᠭ᠍ᠴᠠᠵᠢᠭᠤᠯᠬᠤ ᠵᠢ ᠨᠢᠭᠡᠨᠲᠡ ᠪᠡᠶᠡᠯᠡᠭᠦᠯᠵᠤ᠂ ᠬᠥᠬᠡᠬᠣᠲᠠ ᠶ᠋ᠢᠨ ᠮᠦᠽᠧᠶ ᠪᠣᠯᠤᠨ ᠬᠠᠭᠠᠨ ᠤ᠋ ᠣᠷᠳᠣᠨ ᠤ᠋ ᠮᠦᠽᠧᠶ ᠬᠠᠮᠲᠤᠷᠠᠨ 《ᠬᠠᠭᠠᠨ ᠤ᠋ ᠣᠷᠳᠣᠨ ᠤ᠋ ᠮᠦᠽᠧᠶ ᠳ᠋ᠡᠬᠢ ᠴᠢᠩ ᠤᠯᠤᠰ ᠤ᠋ᠨ ᠦᠶ᠎ᠡ ᠶ᠋ᠢᠨ ᠠᠯᠲᠠ ᠮᠥᠩᠭᠥᠨ ᠡᠳ᠋ᠯᠡᠯ》 ᠤ᠋ᠨ ᠦᠵᠡᠰᠭᠦᠯᠡᠩ ᠡᠷᠭᠢᠯᠡᠪᠡ᠃ ᠡᠨᠡ ᠵᠢᠯ ᠤ᠋ᠨ ᠤᠯᠤᠰ ᠤ᠋ᠨ ᠪᠠᠶᠠᠷ ᠤ᠋ᠨ ᠠᠮᠠᠷᠠᠯᠳᠠ ᠵᠢᠨ ᠬᠤᠭᠤᠴᠠᠭᠠᠨ ᠳ᠋ᠦ ᠬᠦᠬᠡᠬᠤᠳᠠ ᠶ᠋ᠢᠨ 21 ᠮᠦᠽᠧᠢ 《ᠮᠢᠩᠭᠠᠨ ᠣᠨ ᠤ᠋ ᠡᠷᠭᠢᠴᠡᠭᠦᠯᠦᠯ — ᠮᠦᠽᠧᠢ ᠳ᠋ᠡᠬᠢ ᠤᠮᠠᠷᠠᠲᠤ ᠬᠢᠯᠢ》 ᠪᠡᠷ ᠭᠣᠣᠯ ᠰᠡᠳᠦᠪ ᠪᠣᠯᠭᠠᠨ ᠨᠡᠢ᠌ᠳᠡ 50 ᠭᠠᠷᠤᠢ ᠵᠦᠢᠯ ᠤ᠋ᠨ ᠠᠵᠢᠯᠯᠠᠭ᠎ᠠ ᠥᠷᠨᠢᠭᠦᠯᠵᠦ᠍᠂ 35.39 ᠲᠦᠮᠡᠨ ᠵᠢᠭᠤᠯᠴᠢᠯᠠᠭᠴᠢ (ᠤᠳᠠᠭ᠎ᠠ) ᠵᠢ ᠬᠦᠯᠢᠶᠡᠨ ᠠᠪᠴᠠᠢ᠃

ᠬᠦᠬᠡᠬᠤᠳᠠ 《ᠤᠮᠠᠷᠠᠲᠤ ᠬᠢᠯᠢ ᠶ᠋ᠢᠨ ᠰᠣᠶᠣᠯ》 ᠢ᠋ᠶ᠋ᠠᠷ ᠠᠭᠤᠯᠤᠭ᠍ᠳᠠᠬᠤᠨ ᠪᠤᠯᠭᠠᠨ ᠪᠥᠵᠢᠭ᠌ᠲᠦ ᠲᠢᠶᠠᠲ᠋ᠷ 《ᠦᠵᠡᠭᠳᠡᠯ》᠂ ᠪᠥᠵᠢᠭ᠌ᠲᠦ ᠵᠦᠴᠦᠭᠡ 《ᠵᠤᠤ ᠵᠢᠶᠦ᠋ᠨ》᠂ ᠬᠠᠮᠲᠤ ᠶ᠋ᠢᠨ ᠪᠥᠵᠢᠭ 《ᠲᠡᠮᠦᠷ ᠬᠡᠦᠬᠡᠨ》᠂《ᠬᠠᠰ ᠯᠣᠣ ᠶ᠋ᠢᠨ ᠳᠠᠭᠤᠯᠠᠯ》᠂ ᠲᠠᠭᠤᠯᠠᠯᠳᠤ ᠵᠦᠴᠦᠭᠡ 《ᠳᠠᠯᠠᠨ ᠬᠠᠷ᠎ᠠ ᠶ᠋ᠢᠨ ᠲᠤᠬᠢᠶᠠᠨ ᠤ᠋ ᠭᠠᠯ》 ᠵᠡᠷᠭᠡ ᠱᠢᠯᠢᠳᠡᠭ ᠤᠳᠭ᠎ᠠ ᠤᠷᠠᠯᠢᠭ ᠤ᠋ᠨ ᠪᠦᠲᠦᠭᠡᠯ ᠢ᠋ ᠵᠣᠬᠢᠶᠠᠨ ᠪᠦᠲᠦᠭᠡᠬᠦ ᠵᠢᠨ ᠬᠠᠮᠳᠤ᠂ 《ᠤᠮᠠᠷᠠᠲᠤ ᠬᠢᠯᠢ ᠶ᠋ᠢᠨ ᠰᠣᠶᠣᠯ·ᠦᠵᠡᠰᠭᠦᠯᠡᠩᠲᠦ ᠰᠠᠢᠬᠠᠨ ᠬᠥᠬᠡᠬᠣᠲᠠ》 ᠭᠤᠤᠯ ᠰᠡᠳᠦᠪᠲᠦ ᠬᠡᠷᠡᠯ ᠵᠢᠷᠤᠭ᠂ ᠤᠷᠠᠨ ᠵᠢᠷᠤᠭ᠂ ᠤᠷᠠᠨ ᠪᠢᠴᠢᠯᠭᠡ᠂ ᠱᠢᠯᠦᠭ ᠳᠠᠭᠤᠯᠠᠯ᠂ ᠤᠷᠠᠨ ᠤᠩᠱᠢᠯᠭ᠎ᠠ ᠶ᠋ᠢᠨ ᠠᠵᠢᠯᠯᠠᠭ᠎ᠠ ᠥᠷᠨᠢᠭᠦᠯᠪᠠ᠃ ᠪᠠᠰᠠ 《ᠤᠮᠠᠷᠠᠲᠤ ᠬᠢᠯᠢ ᠶ᠋ᠢᠨ ᠰᠣᠶᠣᠯ·ᠲᠠᠯ᠎ᠠ ᠨᠤᠲᠤᠭ ᠤ᠋ᠨ ᠰᠠᠨᠠᠭ᠎ᠠ ᠠᠬᠤᠢ》 ᠳᠠᠭᠤᠤ ᠬᠥᠭ᠌ᠵᠢᠮ ᠤ᠋ᠨ ᠲᠦᠷᠦᠯ ᠲᠡᠮᠳᠡᠭ ᠢ᠋ ᠡᠭᠦᠳᠴᠦ᠍᠂ ᠳᠠᠭᠤᠤ ᠬᠥᠭ᠌ᠵᠢᠮ ᠤ᠋ᠨ ᠵᠣᠬᠢᠶᠠᠨ ᠪᠦᠲᠦᠭᠡᠯᠭᠡ ᠵᠢ ᠨᠡᠩ ᠦᠨᠳᠦᠷ ᠲᠦᠪᠰᠢᠨ ᠳ᠋ᠦ ᠬᠦᠷᠭᠡᠨ᠂ ᠬᠣᠲᠠ ᠶ᠋ᠢᠨ ᠤᠷᠠᠯᠢᠭ ᠤ᠋ᠨ ᠴᠢᠨᠠᠷ ᠴᠢᠨᠰᠠᠭ᠎ᠠ ᠵᠢ ᠳᠡᠭᠡᠭ᠌ᠰᠢᠯᠡᠭᠦᠯᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面