ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2023-11-16 10:13:33

ᠵᠣᠬᠢᠶᠠᠭ᠍ᠴᠢ᠄ ᠴᠠᠨ᠎ᠠ ᠣᠩᠱᠢᠭ᠍ᠰᠠᠨ ᠣᠳᠠᠭ᠎ᠠ᠄ 3

— ᠬᠤᠪᠢᠰᠭᠠᠯ᠎ᠤᠨ ᠰᠣᠶᠣᠯ᠎ᠤᠨ ᠱᠢᠷᠢᠰ ᠮᠡᠳᠡᠭᠡᠯᠡᠯ (ᠲᠠᠪᠤ)

1938 ᠣᠨ᠎ᠤ 8 ᠰᠠᠷ᠎ᠠ᠎ᠳᠤ᠂ ᠨᠠᠢ᠍ᠮᠠᠳᠤᠭᠠᠷ ᠵᠠᠮ᠎ᠤᠨ ᠴᠡᠷᠢᠭ᠎ᠦᠨ ᠲᠠᠯᠠᠨ ᠬᠠᠷ᠎ᠠ ᠠᠭᠤᠯᠠ᠎ᠶ᠋ᠢᠨ ᠰᠠᠯᠪᠤᠷᠢ ᠠᠩᠬᠢ ᠪᠠᠢᠯᠳᠤᠭᠠᠨ᠎ᠤ ᠶᠡᠷᠦᠩᠬᠡᠢ ᠡᠪᠯᠡᠯ᠎ᠦᠨ ᠱᠠᠨ ᠰᠢ ᠴᠠᠬᠠᠷ ᠰᠦᠢᠶᠤᠸᠠᠨ᠎ᠤ ᠬᠢᠵᠠᠭᠠᠷ ᠣᠷᠣᠨ᠎ᠤ ᠠᠵᠢᠯ᠎ᠤᠨ ᠵᠥᠪᠯᠡᠯ ᠪᠣᠯᠤᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠠᠩᠬᠢ᠎ᠶ᠋ᠢᠨ ᠳᠥᠷᠪᠡᠳᠦᠭᠡᠷ ᠰᠠᠯᠪᠤᠷᠢ ᠠᠩᠬᠢ᠎ᠳᠤ ᠬᠠᠮᠵᠢᠯᠴᠠᠵᠤ᠂ ᠨᠡᠢ᠌ᠳᠡ 2300 ᠭᠠᠷᠤᠢ ᠬᠥᠮᠦᠨ ᠲᠠᠯᠠᠨ ᠬᠠᠷ᠎ᠠ ᠠᠭᠤᠯᠠᠨ᠎ᠳᠤ ᠣᠷᠣᠵᠤ᠂ ᠲᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ ᠭᠠᠵᠠᠷ᠎ᠢ ᠡᠭᠦᠰᠭᠡᠨ ᠪᠠᠢᠭᠤᠯᠵᠤ᠂ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠲᠠᠢ᠌ᠨ᠎ᠢ ᠲᠤᠢᠯ᠎ᠤᠨ ᠬᠠᠲᠠᠭᠤᠵᠢᠯᠲᠠᠢ ᠥᠷᠨᠢᠭᠦᠯᠵᠦ᠍᠂ ᠮᠠᠭ᠍ᠲᠠᠨ ᠳᠠᠭᠤᠯᠠᠭᠤᠱᠢᠲᠠᠢ ᠬᠤᠪᠢᠰᠭᠠᠯ᠎ᠤᠨ ᠦᠯᠢᠬᠡᠷ᠎ᠤᠳ᠎ᠢ ᠦᠯᠡᠳᠡᠭᠡᠵᠡᠢ᠃

ᠳᠠᠯᠠᠨ ᠬᠠᠷ᠎ᠠ ᠠᠭᠤᠯᠠᠠ ᠳᠡᠭᠡᠷᠡᠬᠢ ᠶᠠᠫᠣᠨ᠎ᠢ ᠡᠰᠡᠷᠭᠦᠴᠡᠬᠦ᠌ ᠪᠡᠬᠢᠯᠡᠯᠲᠡ

ᠥᠨᠥᠳᠦᠷ ᠪᠣᠯᠲᠠᠯ᠎ᠠ᠂ ᠲᠦᠮᠡᠳ ᠵᠡᠭᠦᠨ ᠬᠣᠱᠢᠭᠤᠨ᠎ᠤ ᠸᠠᠨ ᠵᠢᠶᠠ ᠭᠧᠦ᠍᠎ᠶ᠋ᠢᠨ ᠥᠷᠥᠴᠡᠨ᠎ᠳᠦ ᠮᠦᠨ ᠯᠡ ᠬᠥᠮᠦᠨ ᠬᠠᠷ᠎ᠠ ᠴᠥᠭᠡᠨ ᠪᠠᠢᠭ᠍ᠰᠠᠭᠠᠷ᠃ ᠡᠨᠡ ᠬᠦ᠌ ᠳᠠᠯᠠᠨ ᠬᠠᠷ᠎ᠠ ᠠᠭᠤᠯᠠ᠎ᠵᠢ ᠳᠠᠭᠠᠭᠰᠠᠨ 35 ᠺᠢᠯᠣᠮᠧᠲ᠋ᠷ᠎ᠤᠨ ᠭᠦᠨ ᠭᠤᠤ᠎ᠳᠤ ᠴᠠᠷᠳᠠᠮᠠᠯ ᠵᠠᠮ ᠪᠠᠢᠬᠤ ᠦᠭᠡᠢ᠂ ᠭᠠᠷ ᠤᠲᠠᠰᠤ ᠴᠤ᠌ ᠳᠣᠬᠢᠶ᠎ᠠ ᠦᠭᠡᠶ᠃ ᠲᠦᠷᠦᠭᠦᠦ ᠬᠡᠳᠦᠨ ᠵᠢᠯ᠎ᠳᠦ ᠲᠤᠬᠠᠢ᠎ᠶ᠋ᠢᠨ ᠭᠠᠵᠠᠷ᠎ᠤᠨ ᠬᠢᠨ ᠠᠮᠢ ᠠᠬᠤᠢ᠎ᠶ᠋ᠢᠨ ᠨᠡᠭᠦᠳᠡᠯ ᠠᠷᠠᠳ᠎ᠤᠨ ᠢᠨᠵᠧᠨᠧᠷᠢᠩ᠎ᠢ ᠬᠡᠷᠡᠭ᠌ᠵᠢᠭᠦᠯᠵᠦ᠍᠂ ᠭᠤᠤ ᠵᠢᠯᠠᠭ᠎ᠠ᠎ᠶ᠋ᠢᠨ 20 ᠭᠠᠷᠤᠢ ᠲᠠᠷᠠᠬᠠᠢ ᠪᠤᠲᠠᠷᠬᠠᠢ ᠲᠣᠰᠭᠣᠨ᠎ᠢ ᠪᠦᠬᠦᠯᠢ ᠴᠣᠭ᠍ᠴᠠ᠎ᠪᠠᠷ ᠨᠢ ᠨᠡᠭᠦᠯᠭᠡᠨ ᠭᠠᠷᠭᠠᠭ᠍ᠰᠠᠨ᠎ᠡᠴᠡ ᠡᠨᠳᠡᠬᠢ ᠨᠢ ᠪᠠᠢᠭᠠᠯᠢ᠎ᠶ᠋ᠢᠨ ᠦᠵᠡᠮᠵᠢ ᠪᠤᠯᠵᠤ᠂ 80 ᠭᠠᠷᠤᠢ ᠵᠢᠯ᠎ᠦᠨ ᠡᠮᠦᠨᠡᠬᠢ ᠶᠠᠫᠣᠨ᠎ᠢ ᠡᠰᠡᠷᠭᠦᠴᠡᠬᠦ᠌ ᠲᠠᠢ᠌ᠨ᠎ᠦ ᠲᠠᠷᠢ᠎ᠶ᠋ᠢᠨ ᠤᠳᠤᠭ᠎ᠠ ᠨᠢ ᠬᠥᠬᠡᠮᠳᠦᠭ ᠨᠣᠭᠣᠭᠠᠨ ᠠᠭᠤᠯᠠ ᠤᠰᠤᠨ᠎ᠤ ᠳᠤᠮᠳᠠ ᠠᠷᠢᠯᠤᠨ ᠤᠳᠪᠠ᠃

ᠲᠦᠮᠡᠳ ᠵᠡᠭᠦᠨ ᠬᠣᠱᠢᠭᠤᠨ᠎ᠤ ᠲᠡᠦᠬᠡ᠎ᠶ᠋ᠢᠨ ᠳᠤᠷᠠᠰᠭᠠᠯᠲᠤ ᠵᠦᠶ᠋ᠯ᠎ᠦᠨ ᠬᠠᠮᠠᠭᠠᠯᠠᠯᠲᠠ᠎ᠶ᠋ᠢᠨ ᠲᠥᠪ᠎ᠦᠨ ᠳᠡᠳ᠋ ᠡᠷᠬᠢᠯᠡᠭ᠌ᠴᠢ ᠭᠤᠤ ᠶᠢᠩ ᠸᠠᠨ ᠵᠢᠶᠠ ᠭᠧᠦ᠍᠎ᠶ᠋ᠢᠨ ᠭᠠᠵᠠᠷ᠎ᠤᠨ ᠪᠠᠢᠴᠠ᠎ᠶ᠋ᠢ ᠮᠠᠰᠢ ᠰᠠᠢᠨ ᠮᠡᠳᠡᠨ᠎ᠡ᠃ 2021 ᠣᠨ᠎ᠤ 10 ᠰᠠᠷ᠎ᠠ᠎ᠡᠴᠡ ᠡᠬᠢᠯᠡᠨ ᠭᠤᠤ ᠶᠢᠩ ᠬᠠᠮᠲᠤ ᠠᠵᠢᠯᠯᠠᠭ᠍ᠰᠠᠳ᠎ᠲᠠᠶ᠎ᠪᠠᠨ ᠬᠠᠭᠠᠰ ᠵᠢᠯ᠎ᠤᠨ ᠴᠠᠭ ᠵᠠᠷᠤᠴᠠᠭᠤᠯᠤᠨ ᠬᠠᠷ᠎ᠠ ᠬᠦᠴᠦ ᠪᠡᠷ᠎ᠵᠢᠡᠨ ᠸᠠᠨ ᠵᠢᠶᠠ ᠭᠸᠤ ᠵᠢᠨ ᠬᠤᠪᠢᠰᠭᠠᠯ᠎ᠤᠨ ᠪᠠᠭᠤᠷᠢ᠎ᠶ᠋ᠢᠨ ᠬᠠᠮᠠᠭᠠᠯᠠᠯᠲᠠ᠎ᠶ᠋ᠢᠨ ᠬᠥᠱᠢᠢ᠎ᠡ᠎ᠶ᠋ᠢ ᠲᠠᠯᠪᠢᠬᠤ ᠠᠵᠢᠯ᠎ᠢ ᠪᠡᠶᠡᠯᠡᠭᠦᠯᠪᠡ᠃ ᠪᠠᠷᠠᠭᠤᠨ ᠲᠤᠯᠤᠭᠠᠢ᠎ᠵᠢᠨ ᠬᠤᠷᠠᠯ᠎ᠤᠨ ᠬᠠᠭᠤᠴᠢᠨ ᠪᠠᠭᠤᠷᠢ᠂ ᠦᠷᠡᠭ᠌ᠳᠡᠭ᠌ᠰᠡᠨ ᠪᠠᠭᠠᠲᠤᠷ ᠫᠸᠩ ᠳ᠋ᠸ ᠳ᠋ᠠ᠎ᠶ᠋ᠢᠨ ᠪᠡᠶ᠎ᠡ ᠦᠷᠡᠭ᠌ᠳᠡᠭ᠌ᠰᠡᠨ ᠭᠠᠵᠠᠷ ᠵᠡᠷᠭᠡ 20 ᠭᠠᠷᠤᠢ ᠬᠤᠪᠢᠰᠭᠠᠯ᠎ᠤᠨ ᠪᠠᠭᠤᠷᠢ᠎ᠳᠤ ᠪᠦᠷ ᠳᠤᠷᠠᠰᠭᠠᠯ᠎ᠤᠨ ᠬᠥᠱᠢᠢ᠎ᠡ ᠪᠤᠰᠭᠠᠵᠠᠢ᠃

ᠭᠤᠤ ᠶᠢᠩ ᠰᠤᠷᠪᠤᠯᠵᠢᠯᠠᠭ᠍ᠴᠢ᠎ᠳᠤ᠂ ᠸᠠᠨ ᠵᠢᠶᠠ ᠭᠸᠤ ᠪᠣᠯ ᠲᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ ᠭᠠᠵᠠᠷ᠎ᠤᠨ ᠨᠠᠮ ᠵᠠᠰᠠᠭ ᠴᠡᠷᠢᠭ᠎ᠦᠨ ᠤᠳᠤᠷᠢᠳᠭᠤ ᠪᠠᠢᠭᠤᠯᠭ᠎ᠠ᠎ᠶ᠋ᠢᠨ ᠰᠠᠭᠤᠭ᠎ᠠ ᠭᠠᠵᠠᠷ᠎ᠤᠨ ᠨᠢᠭᠡ ᠪᠣᠯᠤᠨ᠎ᠠ᠃ 1938 ᠣᠨ᠎ᠤ ᠡᠪᠦᠯ᠎ᠡᠴᠡ 1941 ᠣᠨ᠎ᠤ ᠬᠣᠭᠣᠷᠣᠨᠳᠣ᠂ ᠨᠠᠢ᠍ᠮᠠᠳᠤᠭᠠᠷ ᠵᠠᠮ᠎ᠤᠨ ᠴᠡᠷᠢᠭ᠎ᠦᠨ ᠳᠠᠯᠠᠨ ᠬᠠᠷ᠎ᠠ ᠠᠭᠤᠯᠠ᠎ᠶ᠋ᠢᠨ ᠰᠠᠯᠪᠤᠷᠢ ᠠᠩᠭᠢ᠎ᠶ᠋ᠢᠨ ᠵᠠᠬᠢᠷᠭᠠᠨ᠎ᠤ ᠭᠠᠵᠠᠷ ᠪᠣᠯᠭᠠᠵᠤ ᠥᠩᠭᠡᠷᠡᠪᠡ᠃ 1941 ᠣᠨ᠎ᠤ ᠳᠣᠣᠷ᠎ᠠ ᠬᠠᠭᠠᠰ ᠵᠢᠯ᠎ᠳᠦ᠂ ᠵᠠᠬᠢᠷᠭᠠᠨ᠎ᠤ ᠭᠠᠵᠠᠷ ᠨᠢ ᠦᠴᠦᠸᠠᠨ᠎ᠤ ᠬᠢᠯᠢ ᠳᠣᠲᠣᠷᠠᠬᠢ ᠳ᠋ᠸ ᠱᠧᠩ ᠭᠧᠤ᠂ ᠵᠢᠩ ᠡᠯ ᠭᠧᠤ ᠳ᠋ᠤ ᠨᠡᠭᠦᠵᠦ᠍ ᠣᠴᠢᠭ᠍ᠰᠠᠨ᠎ᠤ ᠲᠠᠷᠠᠭ᠎ᠠ᠂ ᠨᠠᠢ᠍ᠮᠠᠳᠤᠭᠠᠷ ᠵᠠᠮ᠎ᠤᠨ ᠴᠡᠷᠢᠭ᠎ᠦᠨ ᠨᠢᠭᠡ ᠪᠦᠯᠦᠭ ᠪᠠᠢᠯᠳᠤᠭ᠍ᠴᠢᠳ ᠶᠠᠫᠣᠨ᠎ᠢ ᠡᠰᠡᠷᠭᠦᠴᠡᠬᠦ᠌ ᠲᠠᠢ᠌ᠨ ᠢᠯᠠᠯᠲᠠ ᠤᠯᠬᠤ ᠪᠣᠯᠲᠠᠯ᠎ᠠ ᠸᠠᠨ ᠵᠢᠶᠠ ᠭᠧᠤ ᠳ᠋ᠤ ᠦᠷᠭᠦᠯᠵᠢᠯᠡᠨ ᠪᠠᠢᠯᠳᠤᠵᠤ ᠪᠠᠢᠵᠠᠢ ᠭᠡᠪᠡ᠃

ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ ᠭᠠᠵᠠᠷ ᠪᠣᠯ ᠪᠦᠬᠦ᠌ ᠤᠯᠤᠰ᠎ᠤᠨ ᠶᠠᠫᠣᠨ᠎ᠢ ᠡᠰᠡᠷᠭᠦᠴᠡᠬᠦ᠌ 19 ᠰᠠᠭᠤᠷᠢᠨ ᠭᠠᠵᠠᠷ᠎ᠤᠨ ᠨᠢᠭᠡ ᠪᠣᠯᠤᠨ᠎ᠠ᠂ ᠲᠡᠭᠦᠨ᠎ᠦ ᠬᠦᠷᠢᠶ᠎ᠡ ᠬᠡᠪᠴᠢᠶ᠎ᠡ ᠨᠢ ᠭᠣᠣᠯᠳᠠᠭᠤ ᠤᠤᠯ᠎ᠤᠨ ᠰᠦᠢᠶᠤᠸᠠᠨ ᠮᠤᠵᠢ(ᠣᠳᠣ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠᠷᠠᠭᠤᠨ ᠬᠡᠰᠡᠭ) ᠎ᠶ᠋ᠢᠨ ᠳᠤᠮᠳᠠ ᠵᠡᠭᠦᠨ ᠬᠡᠰᠡᠭ᠎ᠦᠨ ᠭᠠᠵᠠᠷ ᠣᠷᠣᠨ᠎ᠳᠤ ᠪᠠᠢᠵᠤ᠂ ᠤᠮᠠᠷᠠᠰᠢ ᠳᠠᠯᠠᠨ ᠬᠠᠷ᠎ᠠ ᠠᠭᠤᠯᠠ ᠵᠢ ᠲᠦᠰᠢᠵᠦ᠂ ᠡᠮᠦᠨᠡᠰᠢ ᠮᠠᠨ ᠬᠠᠨ ᠱᠠᠨ ᠠᠭᠤᠯᠠ᠎ᠲᠠᠶ ᠵᠠᠯᠭᠠᠯᠳᠤᠵᠤ᠂ ᠬᠣᠶᠠᠷ ᠠᠭᠤᠯᠠ᠎ᠶ᠋ᠢᠨ ᠬᠣᠭᠣᠷᠣᠨᠳᠣ ᠦᠩ ᠱᠢᠮᠡᠯᠢᠭ ᠲᠦᠮᠡᠳ᠎ᠦᠨ ᠲᠠᠯ᠎ᠠ ᠭᠠᠵᠠᠷ ᠪᠣᠯᠤᠨ᠎ᠠ᠃ ᠶᠠᠫᠣᠨ᠎ᠢ ᠡᠰᠡᠷᠭᠦᠴᠡᠬᠦ᠌ ᠲᠠᠢ᠌ᠨ᠎ᠦ ᠦᠶ᠎ᠡ᠎ᠳᠦ ᠲᠠᠯᠠᠨ ᠬᠠᠷ᠎ᠠ ᠠᠭᠤᠯᠠ᠎ᠶ᠋ᠢᠨ ᠭᠠᠵᠠᠷ ᠣᠷᠣᠨ ᠪᠣᠯ ᠱᠠᠨᠰᠢ ᠭᠠᠨᠰᠦ ᠨᠢᠩᠱᠢᠶᠠ᠎ᠶ᠋ᠢᠨ ᠬᠢᠵᠠᠭᠠᠷ ᠣᠷᠣᠨ᠎ᠤ ᠤᠮᠠᠷᠠᠲᠤ ᠡᠭᠦᠳᠡ ᠪᠣᠯᠬᠤ ᠪᠥᠭᠡᠳ ᠱᠠᠨ ᠰᠢ᠎ᠶ᠋ᠢᠨ ᠪᠠᠷᠠᠭᠤᠨ ᠬᠣᠢᠲᠤ ᠬᠡᠰᠡᠭ᠎ᠦᠨ ᠶᠠᠫᠣᠨ᠎ᠢ ᠡᠰᠡᠷᠭᠦᠴᠡᠬᠦ᠌ ᠰᠠᠭᠤᠷᠢᠨ ᠭᠠᠵᠠᠷ᠎ᠤᠨ ᠭᠠᠳᠠᠷ ᠲᠠᠯ᠎ᠠ᠎ᠵᠢᠨ ᠵᠢᠭᠰᠠᠭᠠᠯ ᠪᠣᠯᠤᠨ᠎ᠠ᠂ ᠡᠨᠳᠡ ᠫᠠᠷᠲ᠋ᠢᠽᠠᠨ ᠲᠠᠢ᠌ᠨ ᠥᠷᠨᠢᠭᠦᠯᠵᠦ᠍ ᠶᠠᠫᠣᠨ ᠬᠠᠭᠤᠷᠮᠠᠭ ᠴᠡᠷᠢᠭ᠎ᠢ ᠬᠤᠷᠢᠭᠯᠠᠬᠤ ᠨᠢ ᠱᠠᠨ ᠰᠢ᠎ᠶ᠋ᠢᠨ ᠪᠠᠷᠠᠭᠤᠨ ᠬᠣᠢᠲᠤ ᠬᠡᠰᠡᠭ᠎ᠦᠨ ᠶᠠᠫᠣᠨ᠎ᠢ ᠡᠰᠡᠷᠭᠦᠴᠡᠬᠦ᠌ ᠰᠠᠭᠤᠷᠢᠨ ᠭᠠᠵᠠᠷ᠎ᠤᠨ ᠠᠮᠤᠷ ᠲᠦᠪᠱᠢᠨ᠎ᠳᠦ ᠬᠣᠯᠪᠣᠭ᠍ᠳᠠᠬᠤ ᠪᠥᠭᠡᠳ ᠱᠠᠨ ᠰᠢ ᠰᠦᠢᠶᠤᠸᠠᠨ᠎ᠤ ᠶᠠᠫᠣᠨ᠎ᠢ ᠡᠰᠡᠷᠭᠦᠴᠡᠬᠦ᠌ ᠲᠠᠢ᠌ᠨ᠎ᠦ ᠬᠥᠭ᠌ᠵᠢᠯᠲᠡ᠎ᠲᠡᠶ ᠴᠦ᠍ ᠬᠣᠯᠪᠣᠭ᠍ᠳᠠᠨ᠎ᠠ᠃

1938 ᠣᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠢ᠎ᠠ ᠪᠣᠯᠤᠨ ᠮᠠᠤ ᠽᠸ ᠳ᠋ᠦᠩ᠎ᠦᠨ ᠲᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ ᠭᠠᠵᠠᠷ᠎ᠢ ᠡᠭᠦᠳᠦᠨ ᠪᠠᠢᠭᠤᠯᠬᠤ ᠲᠤᠬᠠᠢ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠦᠨᠳᠦᠰᠦᠯᠡᠵᠦ᠍᠂ ᠨᠠᠢ᠍ᠮᠠᠳᠤᠭᠠᠷ ᠵᠠᠮ᠎ᠤᠨ ᠴᠡᠷᠢᠭ᠎ᠦᠨ 120 ᠳ᠋ᠤᠭᠠᠷ ᠳ᠋ᠢᠸᠢᠽᠢ ᠡᠴᠡ 358 ᠳ᠋ᠤᠭᠠᠷ ᠪᠠᠷᠢᠭᠠᠳᠠ᠎ᠶ᠋ᠢᠨ 715 ᠳ᠋ᠤᠭᠠᠷ ᠬᠣᠷᠢᠢ᠎ᠠ ᠪᠣᠯᠤᠨ ᠳ᠋ᠢᠸᠢᠽᠢ᠎ᠶ᠋ᠢᠨ ᠱᠢᠭᠤᠳ ᠬᠠᠷᠢᠶ᠎ᠠ ᠮᠣᠷᠢᠲᠤ ᠴᠡᠷᠢᠭ᠎ᠦᠨ ᠪᠠᠲ᠋ᠯᠢᠶᠣᠨ᠎ᠤ ᠨᠢᠭᠡ ᠰᠤᠮᠤ᠎ᠶ᠋ᠢ ᠲᠣᠮᠢᠯᠠᠵᠤ᠂ ᠲᠠᠯᠠᠨ ᠬᠠᠷ᠎ᠠ ᠠᠭᠤᠯᠠ᠎ᠶ᠋ᠢᠨ ᠰᠠᠯᠪᠤᠷᠢ ᠠᠩᠬᠢ᠎ᠶ᠋ᠢ ᠵᠣᠬᠢᠶᠠᠨ ᠪᠠᠢᠭᠤᠯᠵᠤ᠂ ᠯᠢ ᠵᠢᠩ ᠴᠢᠤᠸᠠᠨ ᠰᠠᠯᠪᠤᠷᠢ ᠠᠩᠬᠢ᠎ᠶ᠋ᠢᠨ ᠳᠠᠷᠤᠭ᠎ᠠ ᠪᠥᠭᠡᠳ ᠺᠣᠮᠢᠰᠰᠠᠷ᠎ᠤᠨ ᠲᠤᠱᠢᠶᠠᠯ᠎ᠢ ᠬᠠᠷᠢᠭᠤᠴᠠᠵᠤ᠂ ᠶᠣᠣ ᠵᠸ ᠱᠲ᠋ᠠᠪ᠎ᠤᠨ ᠳᠠᠷᠤᠭ᠎ᠠ᠎ᠶ᠋ᠢᠨ ᠲᠤᠱᠢᠶᠠᠯ᠎ᠢ ᠬᠠᠷᠢᠭᠤᠴᠠᠵᠤ᠂ ᠫᠸᠩ ᠳ᠋ᠸ ᠳ᠋ᠠ ᠤᠯᠤᠰ ᠲᠦᠷᠦ᠍᠎ᠶ᠋ᠢᠨ ᠬᠡᠯᠲᠡᠰ᠎ᠦᠨ ᠡᠷᠬᠢᠯᠡᠭ᠌ᠴᠢ᠎ᠶ᠋ᠢᠨ ᠲᠤᠱᠢᠶᠠᠯ᠎ᠢ ᠬᠠᠷᠢᠭᠤᠴᠠᠵᠤ᠂ ᠪᠠᠢᠯᠳᠤᠭᠠᠨ᠎ᠤ ᠶᠡᠷᠦᠩᠬᠡᠢ ᠡᠪᠯᠡᠯ᠎ᠦᠨ ᠱᠠᠨ ᠰᠢ ᠴᠠᠬᠠᠷ ᠰᠦᠢᠶᠤᠸᠠᠨ᠎ᠤ ᠬᠢᠵᠠᠭᠠᠷ ᠣᠷᠣᠨ᠎ᠤ ᠠᠵᠢᠯ᠎ᠤᠨ ᠵᠥᠪᠯᠡᠯ (ᠳᠥᠭᠥᠮᠴᠢᠯᠡᠭᠡᠳ ᠶᠡᠷᠦᠩᠬᠡᠢ ᠬᠥᠳᠡᠯᠭᠡᠭᠡᠨ᠎ᠦ ᠵᠥᠪᠯᠡᠯ ᠭᠡᠳᠡᠭ) ᠪᠣᠯᠤᠨ ᠲᠠᠢᠶᠤᠸᠠᠨ᠎ᠤ ᠴᠧᠩ ᠴᠧᠩ ᠳᠤᠮᠳᠠᠳᠤ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠢᠶᠠᠷ ᠪᠦᠷᠢᠯᠳᠦᠭ᠌ᠰᠡᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠠᠩᠬᠢ᠎ᠶ᠋ᠢᠨ ᠳᠥᠷᠪᠡᠳᠦᠭᠡᠷ ᠰᠠᠯᠪᠤᠷᠢ ᠠᠩᠬᠢ᠎ᠲᠠᠶ ᠬᠠᠮᠲᠤ ᠰᠦᠢᠶᠤᠸᠠᠨ᠎ᠤ ᠳᠠᠢᠰᠤᠨ᠎ᠤ ᠠᠷᠤ ᠲᠠᠯ᠎ᠠ᠎ᠳᠤ ᠤᠷᠤᠵᠤ᠂ ᠳᠠᠯᠠᠨ ᠬᠠᠷ᠎ᠠ ᠠᠭᠤᠯᠠ᠎ᠵᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ ᠭᠠᠵᠠᠷ᠎ᠢ ᠪᠠᠢᠭᠤᠯᠪᠠ ᠃

ᠶᠠᠫᠣᠨ᠎ᠢ ᠡᠰᠡᠷᠭᠦᠴᠡᠬᠦ᠌ ᠳᠠᠢᠨ᠎ᠤ ᠲᠡᠦᠬᠡᠨ ᠳᠡᠭᠡᠷᠡᠬᠢ ᠭᠡᠷᠡᠯ ᠰᠠᠴᠤᠷᠠᠩᠭᠤᠶ ᠨᠢᠭᠡᠨ ᠬᠠᠭᠤᠳᠠᠰᠤ

ᠳᠠᠯᠠᠨ ᠬᠠᠷ᠎ᠠ ᠠᠭᠤᠯᠠᠨ᠎ᠤ ᠰᠠᠯᠪᠤᠷᠢ ᠠᠩᠭᠢ᠎ᠶ᠋ᠢᠨ ᠤᠯᠤᠰ ᠲᠥᠷᠥ᠎ᠶ᠋ᠢᠨ ᠬᠡᠯᠲᠡᠰ᠎ᠦᠨ ᠭᠡᠱᠢᠭᠦᠨ ᠸᠠᠩ ᠸᠧᠶ᠎ᠶ᠋ᠢᠨ ᠬᠥᠪᠡᠭᠦᠨ ᠸᠠᠩ ᡁᠢ ᠮᠢᠨ᠂ ᠦᠲᠡᠯᠦᠭᠡ ᠨᠠᠰᠤᠨ᠎ᠳᠠᠭᠠᠨ ᠬᠡᠳᠦ ᠤᠳᠠᠭ᠎ᠠ ᠶᠠᠪᠠᠭᠠᠨ᠎ᠢᠶᠠᠷ ᠸᠠᠨ ᠵᠢᠶᠠ ᠭᠸᠤ ᠵᠢᠨ ᠬᠤᠪᠢᠰᠭᠠᠯ᠎ᠤᠨ ᠪᠠᠭᠤᠷᠢ᠎ᠳᠤ ᠬᠦᠷᠴᠦ᠂ ᠠᠪᠤ᠎ᠶ᠋ᠢᠨ᠎ᠢᠶᠠᠨ ᠶᠠᠪᠤᠵᠤ ᠥᠩᠭᠡᠷᠡᠭ᠌ᠰᠡᠨ ᠬᠤᠪᠢᠰᠭᠠᠯ᠎ᠤᠨ ᠤᠯᠠ ᠮᠥᠷ᠎ᠢ ᠰᠤᠷᠪᠤᠯᠵᠢᠯᠠᠪᠠ᠃ ᠸᠠᠩ ᠸᠧᠢ ᠪᠣᠯ ᠲᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ ᠭᠠᠵᠠᠷ᠎ᠤᠨ ᠲᠦᠷᠦᠭᠦᠦ ᠪᠦᠯᠦᠭ᠎ᠦᠨ ᠪᠦᠳᠦᠭᠡᠨ ᠪᠠᠢᠭᠤᠯᠤᠭ᠍ᠴᠢ᠎ᠶ᠋ᠢᠨ ᠨᠢᠭᠡ ᠪᠣᠯᠤᠨ᠎ᠠ᠂ 1938 ᠣᠨ᠎ᠳᠤ᠂ ᠲᠡᠷᠡ ᠲᠠᠯᠠᠨ ᠬᠠᠷ᠎ᠠ ᠠᠭᠤᠯᠠ᠎ᠶ᠋ᠢᠨ ᠰᠠᠯᠪᠤᠷᠢ ᠠᠩᠬᠢ᠎ᠶ᠋ᠢ ᠲᠠᠭᠠᠵᠤ ᠲᠠᠯᠠᠨ ᠬᠠᠷ᠎ᠠ ᠠᠭᠤᠯᠠᠨ᠎ᠳᠤ ᠣᠷᠣᠵᠤ᠂ ᠨᠠᠨ ᠫᠢᠩ ᠴᠤᠸᠠᠨ᠎ᠤ ᠠᠵᠢᠯᠯᠠᠬᠤ ᠠᠩᠬᠢ᠎ᠶ᠋ᠢᠨ ᠨᠠᠷᠢᠨ ᠪᠢᠴᠢᠭᠡᠴᠢ᠎ᠶ᠋ᠢᠨ ᠲᠤᠱᠢᠶᠠᠯ᠎ᠢ ᠡᠭᠦᠷᠭᠡᠯᠡᠵᠦ᠍ ᠥᠩᠭᠡᠷᠡᠪᠡ᠃ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ ᠭᠠᠵᠠᠷ ᠰᠦᠢᠶᠤᠸᠠᠨ᠎ᠤ ᠪᠠᠷᠠᠭᠤᠨ ᠬᠡᠰᠡᠭ᠎ᠲᠦ ᠡᠦ ᠬᠦᠢ ᠱᠢᠶᠠᠨ᠎ᠤ ᠵᠠᠰᠠᠭ᠎ᠤᠨ ᠣᠷᠳᠣᠨ᠎ᠢ ᠪᠠᠢᠭᠤᠯᠤᠭ᠍ᠰᠠᠨ᠎ᠤ ᠳᠠᠷᠠᠭ᠎ᠠ᠂ ᠸᠠᠩ ᠸᠧᠢ ᠱᠢᠶᠠᠨ᠎ᠤ ᠳᠠᠷᠤᠭ᠎ᠠ᠎ᠶ᠋ᠢᠨ ᠲᠤᠱᠢᠶᠠᠯ᠎ᠢ ᠬᠠᠷᠢᠭᠤᠴᠠᠵᠤ ᠥᠩᠭᠡᠷᠡᠭ᠌ᠰᠡᠨ ᠪᠥᠭᠡᠳ 1940 ᠣᠨ᠎ᠤ 3 ᠰᠠᠷ᠎ᠠ᠎ᠳᠤ ᠪᠠᠷᠠᠭᠤᠨ ᠲᠤᠯᠤᠭᠠᠢ᠎ᠵᠢᠨ ᠬᠤᠷᠠᠯ᠎ᠳᠤ ᠣᠷᠣᠯᠴᠠᠪᠠ᠃

ᠸᠠᠩ ᡁᠢ ᠮᠢᠨ ᠰᠤᠷᠪᠤᠯᠵᠢᠯᠠᠭ᠍ᠴᠢ᠎ᠳᠤ ᠬᠡᠯᠡᠬᠦ᠌᠎ᠳᠡᠭᠡᠨ᠂ ᠲᠡᠷᠡ ᠪᠣᠯ ᠬᠡᠷ᠎ᠦᠨ᠎ᠢᠶᠡᠨ ᠬᠠᠮᠤᠭ ᠪᠠᠭ᠎ᠠ ᠬᠡᠦᠬᠡᠳ ᠨᠢ ᠪᠤᠯᠬᠤᠷ ᠡᠩᠬᠡ ᠲᠠᠢᠪᠤᠩ ᠴᠠᠭ ᠦᠶ᠎ᠡ᠎ᠳᠦ ᠳᠦᠷᠦᠵᠠᠢ᠂ ᠲᠡᠷᠡ ᠤᠬᠠᠭᠠᠨ ᠤᠷᠤᠬᠤ᠌ ᠦᠶ᠎ᠡ᠎ᠳᠦ ᠠᠪᠤ ᠨᠢ ᠨᠢᠭᠡᠨᠲᠡ ᠱᠢᠨ᠎ᠡ ᠳᠤᠮᠳᠠᠳᠤ ᠤᠯᠤᠰ᠎ᠤᠨ ᠨᠠᠮ᠎ᠤᠨ ᠭᠡᠱᠢᠭᠦᠨ ᠺᠠᠳ᠋ᠷ ᠪᠣᠯᠵᠣ᠂ ᠲᠡᠢᠨ᠎ᠦ ᠦᠶ᠎ᠡ᠎ᠶ᠋ᠢᠨ ᠥᠩᠭᠡᠷᠡᠯᠲᠡ᠎ᠶ᠋ᠢ ᠠᠪᠤ ᠨᠢ ᠳᠡᠮᠡᠶ ᠳᠤᠷᠠᠳᠭᠤ ᠥᠬᠡᠶ ᠪᠣᠯᠵᠠᠶ᠃ ᠨᠠᠰᠤᠨ᠎ᠤ ᠨᠡᠮᠡᠭ᠌ᠳᠡᠬᠦ᠌᠎ᠶ᠋ᠢ ᠳᠠᠭᠠᠯᠳᠤᠨ᠂ ᠸᠠᠩ ᡁᠢ ᠮᠢᠨ ᠠᠪᠤ᠎ᠶ᠋ᠢᠨ᠎ᠢᠶᠠᠨ ᠬᠤᠪᠢᠰᠭᠠᠯ᠎ᠤᠨ ᠥᠩᠭᠡᠷᠡᠯᠲᠡ᠎ᠳᠦ ᠤᠯᠠᠮ᠎ᠡᠴᠡ ᠤᠯᠠᠮ ᠰᠣᠨᠢᠷᠬᠠᠯ᠎ᠲᠠᠶ ᠪᠣᠯᠪᠠ᠃ ᠠᠵᠢᠯ᠎ᠡᠴᠡ᠎ᠪᠠᠨ ᠠᠮᠠᠷᠠᠭ᠍ᠰᠠᠨ᠎ᠤ ᠳᠠᠷᠠᠭ᠎ᠠ᠂ ᠲᠡᠷᠡ ᠶᠡᠬᠡ ᠬᠡᠮᠵᠢᠶᠡᠨ᠎ᠦ ᠴᠠᠭ ᠵᠠᠷᠤᠴᠠᠭᠤᠯᠵᠤ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ᠎ᠤ ᠰᠠᠭᠤᠷᠢᠨ ᠭᠠᠵᠠᠷ᠎ᠤᠨ ᠲᠡᠦᠬᠡ᠎ᠶ᠋ᠢ ᠪᠠᠢᠴᠠᠭᠠᠨ ᠦᠵᠡᠭ᠌ᠰᠡᠨ ᠪᠥᠭᠡᠳ 《 ᠵᠠᠭᠤᠨ ᠵᠢᠯ 》 ᠭᠡᠬᠦ᠌ ᠨᠡᠷ᠎ᠡ᠎ᠲᠡᠶ ᠭᠡᠷ᠎ᠦᠨ ᠲᠡᠦᠬᠡ᠎ᠶ᠋ᠢ ᠪᠢᠴᠢᠵᠡᠢ᠂ ᠲᠡᠷᠡ ᠰᠤᠷᠪᠤᠯᠵᠢᠯᠠᠭ᠍ᠴᠢ᠎ᠳᠤ᠂ ᠥᠪᠡᠷ᠎ᠢᠶᠡᠨ ᠡᠴᠢᠭᠡ᠎ᠶ᠋ᠢᠨ ᠦᠶ᠎ᠡ᠎ᠡᠴᠡ ᠤᠳᠤ ᠪᠣᠯᠲᠠᠯᠠᠬᠢ ᠥᠪᠡᠷ᠎ᠦᠨ ᠭᠡᠷ᠎ᠦᠨ ᠲᠡᠦᠬᠡ᠎ᠶ᠋ᠢ ᠪᠢᠴᠢᠬᠦ᠌᠎ᠪᠡᠷ ᠲᠣᠭ᠍ᠲᠠᠭ᠍ᠰᠠᠨ ᠨᠢ ᠭᠡᠷ ᠪᠦᠯᠢ᠎ᠶ᠋ᠢᠨ ᠵᠢᠵᠢᠭ ᠰᠠᠵᠢᠭ ᠶᠠᠪᠤᠳᠠᠯ᠎ᠡᠴᠡ ᠵᠠᠭᠤᠨ ᠵᠢᠯ᠎ᠦᠨ ᠬᠣᠭᠣᠷᠣᠨᠳᠣᠬᠢ ᠨᠡᠢᠭᠡᠮ᠎ᠦᠨ ᠬᠤᠪᠢᠷᠠᠯᠲᠠ᠎ᠶ᠋ᠢ ᠲᠤᠰᠭᠠᠵᠤ᠂ ᠬᠣᠵᠢᠮ᠎ᠤᠨ ᠬᠥᠮᠦᠰ᠎ᠲᠦ ᠤᠷᠢᠳᠤᠬᠢ ᠬᠥᠮᠦᠰ᠎ᠦᠨ ᠳᠤᠷᠠᠰᠤᠮᠵᠢ᠎ᠶ᠋ᠢ ᠦᠯᠡᠳᠡᠭᠡᠬᠦ᠌᠎ᠶ᠋ᠢᠨ ᠲᠥᠯᠥᠭᠡ ᠶᠤᠮ ᠭᠡᠵᠦ᠍ ᠬᠡᠯᠡᠪᠡ᠃

ᠸᠠᠩ ᡁᠢ ᠮᠢᠨ᠎ᠦ ᠶᠠᠷᠢᠬᠤ᠎ᠶ᠋ᠢ ᠳᠠᠭᠠᠯᠳᠤᠨ᠂ ᠴᠠᠭ ᠬᠤᠭᠤᠴᠠᠭ᠎ᠠ 80 ᠭᠠᠷᠤᠶ ᠵᠢᠯ᠎ᠦᠨ ᠡᠮᠦᠨᠡᠬᠢ ᠳᠠᠢᠨ᠎ᠦ ᠴᠠᠭ ᠦᠶ᠎ᠡ᠎ᠳᠦ ᠪᠤᠴᠠᠪᠠ᠃ 1938 ᠣᠨ᠎ᠳᠤ᠂ ᠰᠠᠶᠢᠬᠠᠨ ᠪᠠᠢᠭᠤᠯᠤᠭ᠍ᠳᠠᠭ᠍ᠰᠠᠨ ᠳᠠᠯᠠᠨ ᠬᠠᠷ᠎ᠠ ᠠᠭᠤᠯᠠᠨ᠎ᠤ ᠰᠠᠯᠪᠤᠷᠢ ᠠᠩᠭᠢ᠂ ᠶᠡᠷᠦᠩᠬᠡᠶ ᠬᠥᠳᠡᠯᠭᠡᠭᠡᠨ᠎ᠦ ᠵᠥᠪᠯᠡᠯ ᠪᠣᠯᠤᠨ ᠫᠠᠷᠲ᠋ᠢᠽᠠᠨ᠎ᠤ ᠳᠥᠷᠪᠡᠳᠦᠭᠡᠷ ᠰᠠᠯᠪᠤᠷᠢ ᠠᠩᠭᠢ ᠮᠤᠨᠢ ᠠᠭᠤᠯᠠᠨ᠎ᠳᠤ ᠳᠣᠯᠣᠭᠠᠨ ᠵᠠᠭᠤᠨ ᠭᠠᠵᠠᠷ ᠠᠶᠠᠯᠠᠨ ᠪᠠᠢᠯᠳᠤᠵᠤ᠂ ᠶᠠᠫᠣᠨ ᠬᠠᠭᠤᠷᠮᠠᠭ ᠴᠡᠷᠢᠭ᠎ᠤᠨ ᠬᠦᠴᠦᠨ᠎ᠳᠦ ᠴᠣᠬᠢᠯᠲᠠ ᠥᠭ᠌ᠴᠦ᠂ ᠨᠠᠶ᠋ᠮᠠᠳᠤᠭᠠᠷ ᠵᠠᠮ᠎ᠤᠨ ᠴᠡᠷᠢᠭ᠎ᠤᠨ ᠶᠠᠫᠣᠨ᠎ᠢ ᠡᠰᠡᠷᠭᠦᠴᠡᠬᠦ᠌ ᠨᠥᠯᠥᠭᠡ᠎ᠶ᠋ᠢ ᠥᠷᠭᠡᠳᠭᠡᠵᠡᠶ᠂ ᠲᠠᠲᠠ ᠲᠤᠤ ᠯᠢᠨ ᠱᠢᠶᠠᠨ᠎ᠤ ᠬᠣᠲᠠ᠎ᠳᠤ ᠠᠩᠬ᠎ᠠ ᠪᠠᠢᠯᠳᠤᠵᠤ᠂ ᠤᠯᠠᠭᠠᠨᠬᠤᠸᠠ ᠪᠠᠯᠭᠠᠰᠤ᠎ᠶ᠋ᠢ ᠡᠵᠡᠯᠡᠵᠦ᠍᠂ ᠨᠠᠶ᠋ᠮᠠᠳᠤᠭᠠᠷ ᠵᠠᠮ᠎ᠤᠨ ᠴᠡᠷᠢᠭ᠎ᠤᠨ ᠨᠡᠷ᠎ᠡ ᠬᠦᠨᠳᠦ᠍᠎ᠶ᠋ᠢ ᠶᠡᠬᠡᠪᠡᠷ ᠮᠠᠨᠳᠤᠭᠤᠯᠵᠠᠶ;ᠡᠦ ᠭᠦᠩ ᠪᠠ᠎ᠶ᠋ᠢᠨ ᠪᠦᠭ᠌ᠭᠦᠨ ᠴᠣᠬᠢᠬᠤ ᠪᠠᠢᠯᠳᠤᠭᠠᠨ ᠨᠢ ᠨᠠᠢ᠍ᠮᠠᠳᠤᠭᠠᠷ ᠵᠠᠮ᠎ᠤᠨ ᠴᠡᠷᠢᠭ᠎ᠦᠨ ᠶᠠᠫᠣᠨ᠎ᠢ ᠡᠰᠡᠷᠭᠦᠴᠡᠬᠦ᠌ ᠰᠦᠷ ᠬᠦᠴᠦᠨ᠎ᠢ ᠲᠠᠯᠠᠨ ᠬᠠᠷ᠎ᠠ ᠠᠭᠤᠯᠠ᠎ᠶ᠋ᠢᠨ ᠠᠷᠤ ᠬᠤᠷᠮᠤᠢ᠎ᠡᠴᠡ ᠡᠮᠦᠨ᠎ᠡ ᠬᠤᠷᠮᠤᠢ᠎ᠳᠠᠬᠢ ᠲᠦᠮᠡᠳ᠎ᠦᠨ ᠲᠠᠯ᠎ᠠ ᠬᠦᠷᠲᠡᠯ᠎ᠡ ᠤᠯᠠᠮᠵᠢᠯᠠᠭ᠍ᠰᠠᠨ ᠪᠠᠢᠨ᠎ᠠ᠃

1938 ᠣᠨ᠎ᠤ 12 ᠰᠠᠷ᠎ᠠ ᠪᠣᠯᠬᠤ᠎ᠳᠤ᠂ ᠳᠠᠯᠠᠨ ᠬᠠᠷ᠎ᠠ ᠠᠭᠤᠯᠠ᠎ᠶ᠋ᠢᠨ ᠰᠠᠯᠪᠤᠷᠢ ᠠᠩᠭᠢ ᠨᠢᠭᠡᠨᠲᠡ ᠶᠠᠫᠣᠨ᠎ᠤ ᠬᠠᠭᠤᠷᠮᠠᠭ ᠴᠡᠷᠢᠭ᠎ᠢ ᠬᠣᠷᠢᠭ᠍ᠯᠠᠵᠤ᠂ ᠰᠦᠢᠶᠤᠸᠠᠨ᠎ᠤ ᠳᠤᠮᠳᠠᠳᠤ ᠬᠡᠰᠡᠭ᠂ ᠰᠦᠢᠶᠤᠸᠠᠨ᠎ᠤ ᠪᠠᠷᠠᠭᠤᠨ ᠬᠡᠰᠡᠭ᠂ ᠰᠦᠢᠶᠤᠸᠠᠨ᠎ᠤ ᠡᠮᠦᠨᠡᠲᠦ ᠬᠡᠰᠡᠭ᠎ᠦᠨ ᠭᠤᠷᠪᠠᠨ ᠫᠠᠷᠲ᠋ᠢᠽᠠᠨ ᠣᠷᠣᠨ᠎ᠢ ᠠᠮᠵᠢᠯᠲᠠ᠎ᠲᠠᠶ ᠨᠡᠭᠡᠭᠡᠵᠦ᠍᠂ ᠤᠮᠠᠷᠠᠰᠢ ᠮᠣᠷᠳᠠᠨ ᠳᠠᠢᠰᠤᠨ᠎ᠤ ᠠᠷᠤ ᠲᠠᠯ᠎ᠠ᠎ᠳᠤ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ ᠭᠠᠵᠠᠷ᠎ᠢ ᠪᠠᠢᠭᠤᠯᠬᠤ ᠡᠭᠦᠷᠭᠡ᠎ᠶ᠋ᠢ ᠪᠡᠶᠡᠯᠡᠭᠦᠯᠵᠦ᠍᠂ ᠶᠠᠫᠣᠨ᠎ᠢ ᠡᠰᠡᠷᠭᠦᠴᠡᠬᠦ᠌ ᠤᠯᠠᠭᠠᠨ ᠲᠤᠭ᠎ᠢ ᠳᠠᠯᠠᠨ ᠬᠠᠷ᠎ᠠ ᠠᠭᠤᠯᠠᠨ᠎ᠳᠤ ᠪᠠᠲᠤ ᠬᠠᠳᠭᠤᠪᠠ᠃

ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ ᠭᠠᠵᠠᠷ᠎ᠢ ᠪᠠᠢᠭᠤᠯᠤᠭ᠍ᠰᠠᠨ᠎ᠤ ᠳᠠᠷᠠᠭ᠎ᠠ᠂ ᠲᠤᠬᠠᠶ᠎ᠶ᠋ᠢᠨ ᠭᠠᠵᠠᠷ᠎ᠤᠨ ᠭᠠᠵᠠᠷ ᠵᠦᠶ᠎ᠶ᠋ᠢᠨ ᠣᠷᠴᠢᠨ ᠲᠣᠭᠣᠷᠢᠨ ᠪᠠ ᠳᠠᠢᠰᠤᠨ᠎ᠲᠠᠶ ᠲᠡᠮᠡᠴᠡᠬᠦ᠌ ᠬᠡᠷᠡᠭ᠌ᠴᠡᠭᠡ᠎ᠶ᠋ᠢ ᠦᠨᠳᠦᠰᠦᠯᠡᠨ᠂ ᠳᠠᠯᠠᠨ ᠬᠠᠷ᠎ᠠ ᠠᠭᠤᠯᠠ᠎ᠶ᠋ᠢᠨ ᠰᠠᠯᠪᠤᠷᠢ ᠠᠩᠭᠢ ᠶᠠᠪᠠᠭᠠᠨ ᠴᠡᠷᠢᠭ᠎ᠡᠴᠡ ᠠᠭᠠᠵᠢᠮ᠎ᠢᠶᠠᠷ ᠮᠣᠷᠢᠲᠤ ᠴᠡᠷᠢᠭ ᠪᠣᠯᠵᠤ ᠬᠤᠪᠢᠷᠠᠪᠠ᠃ ᠵᠥᠪᠬᠡᠨ 1938 ᠣᠨ᠎ᠤ 9 ᠰᠠᠷ᠎ᠠ᠎ᠡᠴᠡ 1940 ᠣᠨ᠎ᠤ 1 ᠰᠠᠷ᠎ᠠ ᠪᠣᠯᠲᠠᠯ᠎ᠠ᠂ ᠮᠣᠷᠢᠲᠤ ᠴᠡᠷᠢᠭ᠎ᠦᠨ ᠰᠠᠯᠪᠤᠷᠢ ᠠᠩᠬᠢ ᠳᠠᠷᠤᠢ ᠶᠠᠫᠣᠨ᠎ᠤ ᠬᠠᠭᠤᠷᠮᠠᠭ ᠴᠡᠷᠢᠭ᠎ᠲᠡᠶ 120 ᠭᠠᠷᠤᠢ ᠤᠳᠠᠭ᠎ᠠ ᠶᠡᠬᠡ ᠪᠠᠭ᠎ᠠ ᠪᠠᠢᠯᠳᠤᠭᠠᠨ ᠬᠢᠵᠦ᠍᠂ ᠶᠠᠫᠣᠨ ᠴᠡᠷᠢᠭ᠎ᠦᠨ ᠮᠢᠩᠭ᠎ᠠ ᠭᠠᠷᠤᠢ ᠬᠥᠮᠦᠨ᠂ ᠬᠠᠭᠤᠷᠮᠠᠭ ᠴᠡᠷᠢᠭ᠎ᠦᠨ 500 ᠭᠠᠷᠤᠢ ᠬᠥᠮᠦᠨ᠎ᠢ ᠫᠤᠤᠳᠠᠨ ᠠᠯᠠᠵᠤ᠂ ᠬᠠᠭᠤᠷᠮᠠᠭ ᠴᠡᠷᠢᠭ᠎ᠦᠨ 500 ᠭᠠᠷᠤᠢ ᠬᠥᠮᠦᠨ᠎ᠢ ᠣᠯᠵᠠᠯᠠᠪᠠ᠃ ᠴᠡᠷᠢᠭ ᠳᠠᠢ᠌ᠨ᠎ᠦ ᠲᠡᠮᠡᠴᠡᠯ᠎ᠦᠨ ᠬᠦᠴᠦᠲᠡᠶ ᠥᠷᠨᠢᠬᠦ᠌᠎ᠶ᠋ᠢ ᠳᠠᠭᠠᠯᠳᠤᠨ᠂ ᠳᠠᠯᠠᠨ ᠬᠠᠷ᠎ᠠ ᠠᠭᠤᠯᠠ᠎ᠶ᠋ᠢᠨ ᠣᠷᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠯᠲᠠ᠂ ᠵᠠᠰᠠᠭ᠎ᠤᠨ ᠪᠠᠢᠭᠤᠯᠤᠯᠲᠠ᠂ ᠨᠢᠭᠡᠳᠦᠮᠡᠯ ᠹᠷᠣᠨᠲ᠎ᠤᠨ ᠠᠵᠢᠯ᠂ ᠦᠨᠳᠦᠰᠦᠲᠡᠨ᠎ᠦ ᠠᠵᠢᠯ᠂ ᠨᠢᠭᠤᠴᠠ ᠲᠡᠮᠡᠴᠡᠯ᠂ ᠳᠡᠭᠡᠷᠡᠮ᠎ᠢ ᠤᠰᠠᠳᠭᠠᠬᠤ ᠲᠡᠮᠡᠴᠡᠯ ᠪᠦᠬᠦ᠌ ᠲᠠᠯ᠎ᠠ᠎ᠪᠠᠷ ᠠᠬᠢᠵᠤ᠂ ᠶᠠᠫᠣᠨ᠎ᠤ ᠬᠠᠭᠤᠷᠮᠠᠭ ᠴᠡᠷᠢᠭ᠎ᠲᠦ ᠬᠦᠨᠳᠦ ᠴᠣᠬᠢᠯᠲᠠ ᠥᠭ᠌ᠴᠦ᠂ ᠰᠦᠢᠶᠤᠸᠠᠨ ᠣᠷᠣᠨ᠎ᠤ ᠮᠣᠩᠭᠣᠯ ᠬᠢᠲᠠᠳ ᠡᠯ᠎ᠡ ᠦᠨᠳᠦᠰᠦᠲᠡᠨ᠎ᠦ ᠠᠷᠠᠳ ᠲᠦᠮᠡᠨ᠎ᠦ ᠳᠠᠢᠰᠤᠨ᠎ᠢ ᠢᠯᠠᠬᠤ ᠢᠲᠡᠭᠡᠯ ᠵᠣᠷᠢᠭ᠎ᠢ ᠬᠥᠪᠴᠢᠯᠡᠵᠡᠶ᠃

ᠶᠠᠫᠣᠨ ᠳᠡᠭᠡᠷᠡᠮᠴᠢᠳ ᠺᠣᠯᠣᠨᠢ᠎ᠶ᠋ᠢᠨ ᠨᠣᠶᠠᠷᠬᠠᠯ᠎ᠢᠶᠠᠨ ᠪᠡᠬᠢᠵᠢᠭᠦᠯᠬᠦ᠌᠎ᠶ᠋ᠢᠨ ᠲᠥᠯᠥᠭᠡ ᠤᠷᠢᠳ ᠬᠣᠵᠢᠳ ᠬᠡᠳᠦᠨ ᠠᠷᠪᠠᠨ ᠤᠳᠠᠭ᠎ᠠ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ ᠭᠠᠵᠠᠷ᠎ᠢ ᠪᠦᠰᠡᠯᠡᠨ ᠤᠰᠠᠳᠭᠠᠪᠠ᠃ ᠤᠳᠤᠷᠢᠳᠭᠤ ᠪᠠᠢᠭᠤᠯᠭ᠎ᠠ ᠪᠣᠯᠤᠨ ᠮᠣᠷᠢᠲᠤ ᠴᠡᠷᠢᠭ᠎ᠦᠨ ᠭᠣᠣᠯ ᠬᠦᠴᠦᠨ ᠱᠢᠯᠵᠢᠵᠦ᠍᠂ ᠳᠠᠢᠰᠤᠨ ᠮᠠᠨ᠎ᠤ ᠬᠦᠴᠦᠨ᠎ᠦ ᠵᠥᠷᠢᠶ᠎ᠡ ᠲᠤᠩ ᠶᠡᠬᠡ᠂ ᠣᠷᠴᠢᠨ ᠲᠣᠭᠣᠷᠢᠨ ᠲᠤᠢᠯ᠎ᠤᠨ ᠠᠶᠤᠯ ᠲᠦᠭ᠌ᠰᠢᠭᠦᠷᠢᠲᠡᠢ ᠪᠠᠢᠳᠠᠯ ᠳᠣᠣᠷ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠶᠠᠫᠣᠨ᠎ᠢ ᠡᠰᠡᠷᠭᠦᠴᠡᠬᠦ᠌ ᠬᠦᠴᠦᠨ ᠲᠠᠯᠠᠨ ᠬᠠᠷ᠎ᠠ ᠠᠭᠤᠯᠠᠨ᠎ᠳᠤ ᠢᠮᠠᠭ᠍ᠲᠠ ᠡᠷᠡᠯᠬᠡᠭ ᠪᠠᠭᠠᠲᠤᠷᠯᠢᠭ᠎ᠢᠶᠠᠷ ᠲᠡᠮᠡᠴᠡᠭ᠌ᠰᠡᠭᠡᠷ ᠢᠷᠡᠵᠠᠢ᠃ 1944 ᠣᠨ ᠪᠣᠯᠬᠤ᠎ᠳᠤ᠂ ᠮᠠᠨ᠎ᠤ ᠴᠡᠷᠢᠭ᠎ᠦᠨ ᠡᠵᠡᠮᠱᠢᠭ᠌ᠰᠡᠨ ᠫᠠᠷᠲ᠋ᠢᠽᠠᠨ᠎ᠤ ᠰᠠᠭᠤᠷᠢᠨ ᠭᠠᠵᠠᠷ᠎ᠤᠨ ᠶᠡᠷᠦᠩᠬᠡᠢ ᠲᠠᠯᠠᠪᠠᠢ ᠨᠢᠭᠡᠨᠲᠡ 11 ᠲᠦᠮᠡ ᠭᠠᠷᠤᠢ ᠲᠡᠭ᠌ᠰᠢ ᠳᠥᠷᠪᠡᠯᠵᠢᠨ ᠭᠠᠵᠠᠷ ᠬᠦᠷᠴᠦ᠍᠂ ᠶᠡᠷᠦᠩᠬᠡᠢ ᠬᠥᠮᠦᠨ ᠠᠮᠠ 46 ᠲᠦᠮᠡ᠎ᠳᠦ ᠬᠦᠷᠴᠡᠢ᠂ ᠡᠭᠦᠨ᠎ᠦ ᠳᠣᠲᠣᠷ᠎ᠠ ᠨᠡᠯᠢᠶᠡᠳ ᠪᠠᠲᠤ ᠪᠡᠬᠢ ᠫᠠᠷᠲ᠋ᠢᠽᠠᠨ᠎ᠤ ᠰᠠᠭᠤᠷᠢᠨ ᠭᠠᠵᠠᠷ᠎ᠤᠨ ᠲᠠᠯᠠᠪᠠᠢ 3 ᠲᠦᠮᠡ ᠭᠠᠷᠤᠢ ᠲᠡᠭ᠌ᠰᠢ ᠳᠥᠷᠪᠡᠯᠵᠢᠨ ᠭᠠᠵᠠᠷ ᠬᠦᠷᠴᠦ᠍᠂ ᠶᠡᠷᠦᠩᠬᠡᠢ ᠬᠥᠮᠦᠨ ᠠᠮᠠ 15 ᠲᠦᠮᠡ᠎ᠳᠦ ᠬᠦᠷᠴᠡᠢ᠃ 1945 ᠣᠨ᠎ᠤ 9 ᠰᠠᠷ᠎ᠠ᠎ᠶ᠋ᠢᠨ 2᠎ᠤ᠋ᠨ ᠡᠳᠦᠷ᠂ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ ᠭᠠᠵᠠᠷ ᠪᠦᠬᠦ᠌ ᠤᠯᠤᠰ᠎ᠤᠨ ᠠᠷᠠᠳ ᠲᠦᠮᠡᠨ᠎ᠲᠡᠶ ᠬᠠᠮᠲᠤ᠎ᠪᠠᠷ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠭᠰᠡᠨ ᠳᠠᠢ᠌ᠨ᠎ᠦ ᠠᠭᠤᠤ ᠶᠡᠬᠡ ᠢᠯᠠᠯᠲᠠ᠎ᠶ᠋ᠢ ᠤᠭ᠍ᠲᠤᠨ ᠠᠪᠴᠠᠢ᠃

ᠦᠶ᠎ᠡ᠎ᠶᠢᠨ ᠦᠶ᠎ᠡ᠎ᠳᠤ ᠤᠯᠠᠮᠵᠢᠯᠠᠭ᠍ᠳᠠᠬᠤ ᠬᠤᠪᠢᠰᠭᠠᠯᠲᠤ ᠵᠣᠷᠢᠭ ᠰᠠᠨᠠᠭ᠎ᠠ

ᠳᠤᠮᠳᠠᠳᠤ ᠤᠯᠤᠰ᠎ᠤᠨ ᠬᠤᠪᠢᠰᠭᠠᠯ᠎ᠤᠨ ᠲᠡᠦᠬᠡᠨ ᠳᠡᠭᠡᠷ᠎ᠡ᠂ ᠲᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ ᠭᠠᠵᠠᠷ ᠴᠢᠬᠤᠯᠠ ᠦᠢᠯᠡᠳᠦᠯ ᠦᠵᠡᠭᠦᠯᠵᠡᠢ ᠄ ᠲᠡᠷᠡ ᠨᠢ ᠶᠡᠬᠡ ᠬᠡᠮᠵᠢᠶᠡᠨ᠎ᠦ ᠶᠠᠫᠣᠨ᠎ᠤ ᠬᠠᠭᠤᠷᠮᠠᠭ ᠴᠡᠷᠢᠭ᠎ᠢ ᠤᠰᠠᠳᠭᠠᠨ ᠬᠣᠷᠢᠭ᠍ᠯᠠᠵᠤ᠂ ᠶᠠᠫᠣᠨ᠎ᠤ ᠬᠠᠭᠤᠷᠮᠠᠭ ᠴᠡᠷᠢᠭ᠎ᠦᠨ 《 ᠪᠠᠷᠠᠭᠤᠨᠰᠢ ᠣᠷᠣᠬᠤ 》 ᠪᠠ 《 ᠡᠮᠦᠨᠡᠰᠢ ᠣᠷᠣᠬᠤ 》 ᠭᠣᠷᠢᠳᠠᠯᠭ᠎ᠠ᠎ᠶ᠋ᠢ ᠬᠣᠷᠢᠭ᠍ᠯᠠᠵᠤ᠂ ᠱᠠᠨᠰᠢ ᠭᠠᠨᠰᠦ ᠨᠢᠩᠱᠢᠶᠠ᠎ᠶ᠋ᠢᠨ ᠬᠢᠵᠠᠭᠠᠷ ᠣᠷᠣᠨ ᠪᠠ ᠱᠠᠨ ᠰᠢ ᠰᠦᠢᠶᠤᠸᠠᠨ᠎ᠤ ᠬᠢᠵᠠᠭᠠᠷ ᠣᠷᠣᠨ᠎ᠤ ᠤᠮᠠᠷᠠᠲᠤ᠎ᠶ᠋ᠢᠨ ᠬᠠᠭᠠᠯᠭ᠎ᠠ᠎ᠶ᠋ᠢ ᠬᠠᠮᠠᠭᠠᠯᠠᠭ᠍ᠰᠠᠨ ᠪᠥᠭᠡᠳ ᠮᠠᠨ᠎ᠤ ᠴᠡᠷᠢᠭ᠎ᠦᠨ ᠪᠠᠢᠯᠳᠤᠬᠤ ᠪᠤᠳᠤᠯᠭ᠎ᠠ᠎ᠶ᠋ᠢᠨ ᠬᠡᠳᠡᠷᠬᠦ᠌ ᠳᠣᠪᠲᠣᠯᠤᠯᠲᠠ᠎ᠶ᠋ᠢᠨ ᠱᠠᠲᠤᠨ᠎ᠤ ᠤᠷᠤᠭ᠍ᠰᠢᠯᠠᠯᠲᠠ᠎ᠶ᠋ᠢᠨ ᠵᠢᠭ᠍ᠰᠠᠭᠠᠯ᠎ᠤᠨ ᠭᠠᠵᠠᠷ ᠪᠣᠯᠤᠭ᠍ᠰᠠᠨ ᠪᠠᠢᠨ᠎ᠠ; ᠲᠡᠷᠡ ᠨᠢ ᠵᠦᠪᠯᠡᠯᠳᠦ ᠪᠣᠯᠤᠨ ᠮᠣᠩᠭᠣᠯ᠎ᠳᠤ ᠨᠡᠪᠲᠡᠷᠡᠬᠦ᠌ ᠤᠯᠠᠨ ᠤᠯᠤᠰ᠎ᠤᠨ ᠵᠠᠮ ᠬᠠᠷᠢᠯᠴᠠᠭᠠᠨ᠎ᠤ ᠱᠤᠭᠤᠮ᠎ᠢ ᠨᠡᠭᠡᠭᠡᠵᠦ᠍᠂ ᠲᠥᠪ ᠬᠣᠷᠢᠶ᠎ᠠ ᠪᠣᠯᠤᠨ ᠡᠪ ᠬᠠᠮᠲᠤ᠎ᠶ᠋ᠢᠨ ᠢᠨᠲ᠋ᠧᠷᠨᠠᠼᠢᠣᠨᠠᠯ᠎ᠤᠨ ᠬᠠᠷᠢᠯᠴᠠᠭ᠎ᠠ᠎ᠶ᠋ᠢ ᠪᠠᠲᠤᠯᠠᠬᠤ᠂ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠬᠦᠴᠦᠨ᠎ᠢ ᠴᠢᠩᠭᠠᠳᠭᠠᠬᠤ᠎ᠳᠤ ᠴᠢᠬᠤᠯᠠ ᠦᠢᠯᠡᠳᠦᠯ ᠦᠵᠡᠭᠦᠯᠵᠡᠶ; ᠲᠡᠭᠦᠨ᠎ᠦ ᠦᠨᠳᠦᠰᠦᠲᠡᠨ᠎ᠦ ᠠᠵᠢᠯ᠎ᠤᠨ ᠦᠢᠯᠡᠳᠦᠯᠭᠡ ᠨᠢ ᠶᠠᠫᠣᠨ᠎ᠢ ᠡᠰᠡᠷᠭᠦᠴᠡᠭᠰᠡᠨ ᠳᠠᠢ᠌ᠨ ᠢᠯᠠᠯᠲᠠ ᠣᠯᠤᠭ᠍ᠰᠠᠨ᠎ᠤ ᠳᠠᠷᠠᠭ᠎ᠠ ᠥᠪᠥᠷ ᠮᠣᠩᠭᠣᠯ᠎ᠤᠨ ᠦᠨᠳᠦᠰᠦᠲᠡᠨ᠎ᠦ ᠴᠢᠯᠥᠭᠡᠯᠡᠯᠲᠡ᠎ᠶ᠋ᠢᠨ ᠬᠥᠳᠡᠯᠭᠡᠭᠡᠨ ᠪᠣᠯᠤᠨ ᠠᠷᠠᠳ᠎ᠤᠨ ᠬᠤᠪᠢᠰᠭᠠᠯᠲᠤ ᠬᠥᠳᠡᠯᠭᠡᠭᠡᠨ᠎ᠦ ᠬᠥᠭ᠌ᠵᠢᠯᠲᠡ᠎ᠳᠦ ᠲᠤᠢᠯ᠎ᠤᠨ ᠠᠱᠢᠭ᠍ᠲᠠᠶ ᠨᠥᠬᠥᠴᠡᠯ᠎ᠢ ᠪᠦᠷᠢᠯᠳᠦᠭᠦᠯᠵᠦ᠍ ᠥᠭ᠌ᠴᠡᠶ᠃

ᠳᠠᠯᠠᠨ ᠬᠠᠷ᠎ᠠ ᠠᠭᠤᠯᠠ᠎ᠶ᠋ᠢᠨ ᠡᠨᠡ ᠬᠦ᠌ ᠬᠤᠪᠢᠰᠭᠠᠯ᠎ᠤᠨ ᠨᠤᠲᠤᠭ ᠳᠡᠪᠢᠰᠭᠡᠷ ᠳᠡᠭᠡᠷ᠎ᠡ᠂ ᠨᠠᠢ᠍ᠮᠠᠳᠤᠭᠠᠷ ᠵᠠᠮ᠎ᠤᠨ ᠴᠡᠷᠢᠭ᠂ ᠫᠠᠷᠲ᠋ᠢᠽᠠᠨ ᠠᠩᠬᠢ ᠪᠣᠯᠤᠨ ᠰᠠᠭᠤᠷᠢᠨ ᠭᠠᠵᠠᠷ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠪᠠᠰᠠ ᠲᠤᠢᠯ᠎ᠤᠨ ᠶᠡᠬᠡ ᠦᠷᠡᠭ᠌ᠳᠡᠯ ᠰᠦᠢᠳᠦᠯ ᠭᠠᠷᠭᠠᠪᠠ᠂ ᠵᠥᠪᠬᠡᠨ 1945 ᠣᠨ᠎ᠤ ᠪᠦᠷᠢᠨ ᠪᠤᠰᠤ ᠪᠦᠷᠢᠳᠭᠡᠯ᠎ᠢᠶᠡᠷ᠂ ᠳᠠᠯᠠᠨ ᠬᠠᠷ᠎ᠠ ᠠᠭᠤᠯᠠ᠎ᠶ᠋ᠢᠨ ᠭᠠᠵᠠᠷ ᠣᠷᠣᠨ᠎ᠤ ᠰᠠᠯᠠᠭ᠎ᠠ᠎ᠡᠴᠡ ᠳᠡᠭᠡᠭ᠌ᠰᠢᠬᠢ ᠺᠠᠳ᠋ᠷ 1000 ᠭᠠᠷᠤᠶ ᠪᠡᠶ᠎ᠡ ᠦᠷᠡᠭ᠌ᠳᠡᠪᠡ᠂ ᠡᠭᠦᠨ᠎ᠦ ᠳᠣᠲᠣᠷ᠎ᠠ ᠨᠡᠯᠢᠶᠡᠳ ᠳᠡᠭᠡᠳᠦ ᠳᠡᠰ᠎ᠤᠨ ᠺᠠᠳ᠋ᠷ᠎ᠲᠤ ᠫᠸᠩ ᠳ᠋ᠸ ᠳ᠋ᠠ᠂ ᠯᠢᠦ ᠬᠣᠩ ᠱᠢᠶᠦ᠋ᠩ᠂ ᠸᠠᠩ ᠱᠢᠶᠠᠨ ᠭᠤᠸᠠᠩ᠂ ᠸᠠᠩ ᠵᠢᠤᠢ ᠳ᠋ᠧ᠂ ᠼᠦᠢ ᠶᠠᠨ᠂ ᠴᠧᠩ ᠵᠦᠩ ᠢ᠂ ᠨᠢᠩ ᠳ᠋ᠧ ᠴᠢᠩ ᠵᠢᠴᠢ ᠮᠣᠩᠭᠣᠯ ᠦᠨᠳᠦᠰᠦᠲᠡᠨ᠎ᠦ ᠺᠠᠳ᠋ᠷ ᠵᠢᠷᠭᠠᠯ᠂ ᠭᠤᠤ ᠹᠧᠩ ᠶᠢᠩ᠎ᠨᠡᠷ ᠪᠠᠢᠨ᠎ᠠ᠃

ᠬᠤᠪᠢᠰᠭᠠᠯ᠎ᠤᠨ ᠠᠬᠠᠮᠠᠳ ᠦᠶ᠎ᠡ᠎ᠶ᠋ᠢᠨ ᠬᠢᠨ ᠠᠮᠢ ᠨᠠᠰᠤ᠎ᠪᠠᠷ᠎ᠢᠶᠠᠨ ᠪᠠᠢᠯᠳᠤᠭᠠᠨ᠎ᠤ ᠬᠠᠭᠤᠳᠠᠰᠤ᠎ᠶ᠋ᠢ ᠪᠢᠴᠢᠭ᠌ᠯᠡᠵᠦ᠍᠂ ᠬᠣᠵᠢᠮ᠎ᠤᠨ ᠬᠥᠮᠦᠰ᠎ᠲᠦ ᠡᠯᠪᠡᠭ ᠪᠠᠶᠠᠯᠢᠭ ᠤᠶᠤᠨ ᠰᠠᠨᠠᠭᠠᠨ᠎ᠤ ᠥᠪ ᠬᠦᠷᠦᠩᠬᠡ ᠦᠯᠡᠳᠡᠭᠡᠪᠡ᠃ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ ᠭᠠᠵᠠᠷ᠎ᠤᠨ ᠲᠡᠦᠬᠡ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠰᠡᠨ ᠳᠠᠢᠨ᠎ᠦ ᠲᠡᠦᠬᠡᠨ ᠳᠡᠭᠡᠷᠡᠬᠢ ᠭᠡᠷᠡᠯ ᠰᠠᠴᠤᠷᠠᠩᠭᠤᠶ ᠨᠢᠭᠡᠨ ᠬᠠᠭᠤᠳᠠᠰᠤ ᠮᠥᠨ᠂ ᠨᠠᠮ᠎ᠤᠨ ᠱᠤᠭᠤᠮ᠂ ᠴᠢᠭ᠌ᠯᠡᠯᠲᠡ᠂ ᠲᠥᠷᠥ᠎ᠶ᠋ᠢᠨ ᠪᠣᠳᠣᠯᠭ᠎ᠠ᠎ᠶ᠋ᠢᠨ ᠠᠭᠤᠤ ᠶᠡᠬᠡ ᠢᠯᠠᠯᠲᠠ ᠮᠥᠨ᠂ ᠪᠠᠰᠠ ᠴᠤ᠌ ᠳᠠᠯᠠᠨ ᠬᠠᠷ᠎ᠠ ᠠᠭᠤᠯᠠ᠎ᠶ᠋ᠢᠨ ᠴᠡᠷᠢᠭ ᠠᠷᠠᠳ᠎ᠤᠨ ᠪᠦᠯᠬᠦᠮᠳᠡᠨ ᠲᠡᠮᠡᠴᠡᠵᠦ᠍᠂ ᠭᠠᠳᠠᠭᠠᠳᠤ᠎ᠶ᠋ᠢᠨ ᠳᠠᠢᠰᠤᠨ᠎ᠢ ᠬᠠᠮᠲᠤ᠎ᠪᠠᠷ ᠡᠰᠡᠷᠭᠦᠴᠡᠨ ᠬᠣᠷᠢᠭ᠍ᠯᠠᠭ᠍ᠰᠠᠨ ᠡᠬᠡ ᠣᠷᠣᠨᠴᠢ ᠦᠵᠡᠯ ᠪᠠ ᠦᠨᠳᠦᠰᠦᠲᠡᠨ᠎ᠦ ᠪᠦᠯᠬᠦᠮᠳᠡᠯ᠎ᠦᠨ ᠢᠯᠠᠯᠲᠠ᠎ᠶ᠋ᠢᠨ ᠳᠠᠭᠤᠤ ᠮᠥᠨ᠃

ᠤᠳᠤ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ ᠭᠠᠵᠠᠷ᠎ᠤᠨ ᠦᠯᠡᠳᠡᠭᠡᠭ᠌ᠰᠡᠨ ᠬᠤᠪᠢᠰᠭᠠᠯᠲᠦ ᠤᠳᠤᠮᠰᠢᠯ ᠮᠥᠨ ᠬᠦ᠌ ᠦᠶ᠎ᠡ ᠤᠯᠠᠷᠢᠨ ᠤᠯᠠᠮᠵᠢᠯᠠᠭ᠍ᠳᠠᠭ᠍ᠰᠠᠭᠠᠷ ᠪᠤᠢ᠃ ᠲᠦᠮᠡᠳ ᠵᠡᠭᠦᠨ ᠬᠣᠱᠢᠭᠤᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠦᠢᠯᠡᠴᠢᠯᠡᠭᠡᠨ᠎ᠦ ᠲᠥᠪ᠎ᠦᠨ ᠳᠡᠳ᠋ ᠡᠷᠬᠢᠯᠡᠭ᠌ᠴᠢ ᠭᠦᠸᠧ ᠵᠢᠩ ᠰᠤᠷᠪᠤᠯᠵᠢᠯᠠᠭ᠍ᠴᠢ᠎ᠳᠤ᠂ ᠲᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ ᠭᠠᠵᠠᠷ᠎ᠤᠨ ᠴᠢᠬᠤᠯᠠ ᠣᠷᠣᠨ ᠪᠦᠰᠡ ᠪᠣᠯᠬᠤ ᠲᠦᠮᠡᠳ ᠵᠡᠭᠦᠨ ᠬᠣᠱᠢᠭᠤ ᠥᠪᠥᠷ ᠮᠣᠩᠭᠣᠯ᠎ᠤᠨ ᠬᠤᠪᠢᠰᠭᠠᠯ᠎ᠤᠨ ᠥᠯᠥᠭᠡᠢ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ᠎ᠤᠨ ᠡᠷᠲᠡ ᠦᠶ᠎ᠡ᠎ᠶ᠋ᠢᠨ ᠬᠤᠪᠢᠰᠭᠠᠯ᠎ᠤᠨ ᠤᠴᠢ᠎ᠶ᠋ᠢ ᠳᠦᠷᠡᠯᠵᠢᠭᠦᠯᠪᠡ᠃ 2020 ᠣᠨ᠎ᠡᠴᠡ ᠡᠬᠢᠯᠡᠨ᠂ ᠲᠦᠮᠡᠳ ᠵᠡᠭᠦᠨ ᠬᠣᠱᠢᠭᠤᠨ᠎ᠤ 《 ᠬᠤᠪᠢᠰᠭᠠᠯᠲᠦ ᠤᠳᠤᠮᠰᠢᠯ᠎ᠢ ᠦᠶ᠎ᠡ᠎ᠶ᠋ᠢᠨ ᠦᠶ᠎ᠡ᠎ᠳᠦ ᠤᠯᠠᠮᠵᠢᠯᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ 》 ᠎ᠨᠢ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠨᠠᠮ᠎ᠤᠨ ᠭᠡᠱᠢᠭᠦᠨ ᠺᠠᠳ᠋ᠷᠴᠤᠳ᠎ᠲᠤ ᠬᠤᠪᠢᠰᠭᠠᠯᠲᠤ ᠰᠣᠶᠣᠯ᠎ᠤᠨ ᠤᠬᠢᠶᠠᠯ᠎ᠢ ᠪᠠᠢᠩᠭᠤ ᠬᠦᠷᠲᠡᠭᠡᠵᠦ᠍᠂ ᠠᠷᠠᠳ ᠣᠯᠠᠨ᠎ᠳᠤ ᠬᠤᠪᠢᠰᠭᠠᠯᠲᠤ ᠰᠣᠶᠣᠯ᠎ᠤᠨ ᠲᠡᠯᠡᠶ ᠲᠠᠩᠭᠢᠰ᠎ᠲᠤ ᠤᠬᠢᠶᠠᠯ ᠬᠦᠷᠲᠡᠭᠡᠵᠦ᠍᠂ ᠵᠠᠯᠠᠭᠤᠴᠤᠳ ᠪᠠᠭᠠᠴᠤᠳ ᠬᠡᠦᠬᠡᠳ᠎ᠲᠦ ᠬᠤᠪᠢᠰᠭᠠᠯᠲᠦ ᠤᠳᠤᠮᠰᠢᠯ᠎ᠢ ᠤᠯᠠᠮᠵᠢᠯᠠᠪᠠ ᠭᠡᠵᠦ ᠬᠡᠯᠡᠵᠦ ᠥᠭᠪᠡ᠃

ᠰᠤᠷᠪᠤᠯᠵᠢᠯᠠᠭ᠍ᠴᠢ ᠬᠥᠬᠡᠬᠣᠲᠠ᠎ᠶ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ᠎ᠡᠴᠡ ᠣᠢᠯᠠᠭᠠᠭ᠍ᠰᠠᠨ᠎ᠢᠶᠠᠷ᠂ ᠦᠴᠦᠸᠠᠨ ᠱᠢᠶᠠᠨ᠎ᠤ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ ᠭᠠᠵᠠᠷ᠎ᠤᠨ ᠬᠠᠭᠤᠴᠢᠨ ᠪᠠᠭᠤᠷᠢ ᠪᠣᠯ ᠪᠥᠬᠥ᠌ ᠤᠯᠤᠰ᠎ᠤᠨ ᠵᠠᠭᠤᠨ ᠬᠤᠪᠢᠰᠭᠠᠯᠲᠤ ᠵᠢᠭᠤᠯᠴᠢᠯᠠᠯ᠎ᠤᠨ ᠰᠣᠩᠭᠣᠳᠠᠭ ᠦᠵᠡᠮᠵᠢ᠎ᠶ᠋ᠢᠨ ᠣᠷᠣᠨ᠎ᠤ ᠨᠢᠭᠡ ᠪᠣᠯᠤᠨ᠎ᠠ᠃ ᠣᠳᠣᠬᠠᠨ᠎ᠳᠤ᠂ ᠬᠥᠬᠡᠬᠣᠲᠠ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ ᠭᠠᠵᠠᠷ᠎ᠤᠨ ᠦᠵᠡᠭᠦᠯᠭᠡ᠎ᠶ᠋ᠢᠨ ᠣᠷᠳᠣᠨ᠂ ᠯᠢ ᠴᠢ ᠭᠸᠤ ᠬᠤᠤ ᠲᠣᠭᠣᠷᠢᠭ᠎ᠤᠨ ᠵᠠᠰᠠᠭ᠎ᠤᠨ ᠣᠷᠳᠣᠨ᠎ᠤ ᠪᠠᠭᠤᠷᠢ᠂ ᠳ᠋ᠸ ᠱᠧᠩ ᠭᠸᠤ ᠵᠢᠨ ᠨᠠᠢ᠍ᠮᠠᠳᠤᠭᠠᠷ ᠵᠠᠮ᠎ᠤᠨ ᠴᠡᠷᠢᠭ᠎ᠦᠨ ᠱᠲ᠋ᠠᠪ᠎ᠤᠨ ᠪᠠᠭᠤᠷᠢ᠂ ᠵᠢᠩ ᠡᠯ ᠭᠸᠤ ᠵᠢᠨ ᠳᠠᠯᠠᠨ ᠬᠠᠷ᠎ᠠ ᠠᠭᠤᠯᠠ᠎ᠶ᠋ᠢᠨ ᠬᠤᠪᠢᠰᠭᠠᠯ᠎ᠤᠨ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ᠎ᠢᠶᠡᠷ ᠭᠣᠣᠯ ᠵᠠᠩᠭᠢᠯᠠᠭ᠎ᠠ᠎ᠶ᠋ᠢᠨ ᠴᠡᠭ ᠪᠣᠯᠭᠠᠵᠤ᠂ ᠬᠤᠪᠢᠰᠭᠠᠯ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠤ ᠪᠦᠯᠬᠦᠮ ᠪᠠᠢᠭᠤᠯᠬᠤ ᠬᠥᠭ᠌ᠵᠢᠯᠲᠡ᠎ᠶ᠋ᠢᠨ ᠪᠦᠰᠡ᠎ᠶ᠋ᠢ ᠪᠦᠷᠢᠯᠳᠦᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠵᠣᠷᠢᠭ ᠰᠠᠨᠠᠭ᠎ᠠ᠎ᠶ᠋ᠢ ᠢᠯᠡᠷᠡᠭᠦᠯᠬᠦ᠌᠂ ᠬᠤᠪᠢᠰᠭᠠᠯ᠎ᠤᠨ ᠬᠥᠮᠦᠵᠢᠯ ᠦᠷᠨᠢᠭᠦᠯᠬᠦ᠎ᠴᠢᠬᠤᠯᠠ ᠰᠠᠭᠤᠷᠢᠨ ᠪᠣᠯᠵᠠᠢ᠃

ᠬᠤᠪᠢᠰᠭᠠᠯ᠎ᠤᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ ᠪᠣᠯ ᠮᠠᠨ᠎ᠤ ᠨᠠᠮ᠎ᠤᠨ ᠬᠤᠪᠢᠰᠭᠠᠯ᠂ ᠪᠦᠲᠦᠭᠡᠨ ᠪᠠᠢᠭᠤᠯᠤᠯᠲᠠ ᠪᠠ ᠥᠭᠡᠷᠡᠴᠢᠯᠡᠯᠲᠡ᠎ᠶ᠋ᠢᠨ ᠳᠤᠮᠳᠠ ᠪᠦᠷᠢᠯᠳᠦᠭ᠌ᠰᠡᠨ ᠡᠷᠬᠢᠮ ᠨᠠᠨᠳᠢᠨ ᠣᠶᠤᠨ ᠰᠠᠨᠠᠭᠠᠨ᠎ᠤ ᠥᠪ ᠬᠥᠷᠥᠩᠭᠡ ᠮᠥᠨ᠃ ᠤᠢ᠍ᠢᠷ᠎ᠠ᠎ᠶ᠋ᠢᠨ ᠬᠡᠳᠦᠨ ᠵᠢᠯ᠎ᠳᠦ᠂ ᠬᠥᠬᠡᠬᠣᠲᠠ ᠬᠤᠪᠢᠰᠭᠠᠯ᠎ᠤᠨ ᠵᠢᠭᠤᠯᠴᠢᠯᠠᠯ᠎ᠢ ᠶᠡᠬᠡ᠎ᠪᠡᠷ ᠬᠥᠭ᠌ᠵᠢᠭᠦᠯᠵᠦ᠍᠂ ᠬᠤᠪᠢᠰᠭᠠᠯ᠎ᠤᠨ ᠲᠦᠷᠦᠯ ᠲᠡᠮᠳᠡᠭ᠎ᠢ ᠥᠷᠭᠡᠨ᠎ᠢᠶᠡᠷ ᠤᠬᠠᠭᠤᠯᠵᠤ᠂ ᠬᠤᠪᠢᠰᠭᠠᠯ᠎ᠤᠨ ᠡᠬᠢ ᠪᠠᠶᠠᠯᠢᠭ᠎ᠢ ᠰᠠᠢᠲᠤᠷ ᠠᠱᠢᠭ᠍ᠯᠠᠵᠤ᠂ ᠬᠤᠪᠢᠰᠭᠠᠯ᠎ᠤᠨ ᠤᠯᠠᠮᠵᠢᠯᠠᠯ᠎ᠢ ᠰᠠᠢᠲᠤᠷ ᠪᠠᠳᠠᠷᠠᠭᠤᠯᠵᠤ᠂ ᠬᠤᠪᠢᠰᠭᠠᠯᠲᠦ ᠤᠳᠤᠮᠱᠢᠯ᠎ᠢ ᠰᠠᠢᠲᠤᠷ ᠤᠯᠠᠮᠵᠢᠯᠠᠵᠤ᠂ ᠨᠠᠮ᠎ᠤᠨ ᠤᠬ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠳᠤᠮᠳᠠ᠎ᠡᠴᠡ ᠬᠦᠴᠦᠯᠡᠨ ᠤᠷᠤᠭ᠍ᠰᠢᠯᠠᠬᠤ ᠱᠢᠷᠭᠢᠰᠢ ᠦᠭᠡᠢ ᠬᠥᠳᠡᠯᠭᠡᠬᠦ᠌ ᠬᠦᠴᠦᠨ ᠣᠯᠵᠤ᠂ ᠱᠢᠨ᠎ᠡ ᠴᠠᠭ ᠦᠶ᠎ᠡ᠎ᠶ᠋ᠢᠨ ᠤᠷᠳᠤ ᠵᠠᠮ᠎ᠤᠨ ᠠᠶᠠᠨ ᠲᠠᠢ᠌ᠨ᠎ᠢ ᠰᠠᠢᠲᠤᠷ ᠬᠢᠬᠦ᠌᠎ᠪᠡᠷ ᠴᠢᠷᠮᠠᠢᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面