ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2023-10-31 10:30:23

ᠵᠣᠬᠢᠶᠠᠭ᠍ᠴᠢ᠄ ᠸᠠᠩ ᠽᠦᠩ ᠣᠩᠱᠢᠭ᠍ᠰᠠᠨ ᠣᠳᠠᠭ᠎ᠠ᠄ 3

— ᠬᠤᠪᠢᠰᠭᠠᠯ᠎ᠤᠨ ᠰᠣᠶᠣᠯ᠎ᠤᠨ ᠱᠢᠷᠢᠰ ᠮᠡᠳᠡᠭᠡᠯᠡᠯ (ᠨᠢᠭᠡ)

ᠮᠣᠩᠭᠣᠯ ᠲᠥᠪᠡᠳ᠎ᠦᠨ ᠰᠤᠷᠭᠠᠭᠤᠯᠢ ᠨᠢ ᠵᠠᠭᠤᠨ ᠵᠢᠯ᠎ᠦᠨ ᠡᠮᠦᠨ᠎ᠡ ᠴᠦ᠍ ᠭᠡᠰᠡᠨ᠂ ᠵᠠᠭᠤᠨ ᠵᠢᠯ᠎ᠦᠨ ᠲᠠᠷᠠᠭ᠎ᠠ ᠴᠤ᠌ ᠭᠡᠰᠡᠨ᠂ ᠭᠦᠨ ᠵᠤᠵᠠᠭᠠᠨ ᠲᠡᠦᠬᠡ᠎ᠶ᠋ᠢᠨ ᠲᠤᠨᠳᠠᠰᠤ ᠲᠠᠢ ᠪᠦᠭᠡᠳ ᠨᠡᠷᠡᠳᠤ ᠰᠤᠷᠭᠠᠭᠤᠯᠢ᠎ᠰᠡᠬᠦᠢᠯᠴᠡᠭᠰᠡᠨ ᠪᠡᠭᠡᠵᠢᠩ ᠬᠤᠳᠠ᠎ᠳᠤ ᠬᠠᠷᠠᠭᠠᠨ ᠳ᠋ᠦ ᠦᠷᠳᠦᠮᠡᠷ ᠦᠭᠡᠢ ᠶᠤᠮ᠃ ᠭᠡᠪᠡᠴᠦ᠍ ᠤᠯᠠᠭᠠᠨᠬᠦᠦ ᠪᠣᠯᠤᠨ 《ᠥᠪᠥᠷ ᠮᠣᠩᠭᠣᠯ᠎ᠤᠨ ᠬᠤᠪᠢᠰᠭᠠᠯ᠎ᠤᠨ ᠲᠡᠦᠬᠡ》 (ᠬᠤᠤ ᠸᠧᠢ ᠮᠢᠨ ᠭᠤᠤᠯᠯᠠᠨ ᠨᠠᠢᠷᠠᠭᠤᠯᠪᠠ) ᠬᠡᠬᠦ ᠨᠤᠮ ᠳ᠋ᠡᠬᠢ ᠦᠨᠡᠯᠡᠯᠲᠡ᠎ᠳᠦ ᠬᠠᠷᠢᠨ ᠲᠡᠭᠦᠨ᠎ᠦ ᠪᠠᠢᠷᠢ ᠰᠠᠭᠤᠷᠢ᠎ᠵᠢ ᠬᠦᠢᠴᠡᠳ ᠳᠤᠰᠬᠠᠪᠠ᠄ ᠲᠠᠷᠤᠢ 《ᠡᠪ ᠬᠠᠮᠲᠤ ᠶᠣᠰᠣ ᠴᠥᠭᠡᠨ ᠲᠣᠭᠠᠲᠤ ᠦᠨᠳᠦᠰᠦᠲᠡᠨ᠎ᠦ ᠳᠤᠮᠳᠠ ᠳᠡᠯᠭᠡᠷᠡᠵᠦ᠍ ᠡᠬᠢᠯᠡᠭ᠌ᠰᠡᠨ ᠨᠢ ᠳᠠᠷᠤᠢ ᠡᠨᠡ ᠰᠤᠷᠭᠠᠭᠤᠯᠢ᠎ᠡᠴᠡ ᠡᠬᠢᠯᠡᠭ᠌ᠰᠡᠨ ᠶᠤᠮ》᠂ 《ᠥᠪᠥᠷ ᠮᠣᠩᠭᠣᠯ᠎ᠤᠨ ᠬᠤᠪᠢᠰᠭᠠᠯ᠎ᠤᠨ ᠥᠯᠥᠭᠡᠢ》 ᠮᠦᠨ ᠬᠡᠵᠠᠢ᠃

ᠥᠪᠥᠷ ᠮᠣᠩᠭᠣᠯ᠎ᠤᠨ ᠬᠤᠪᠢᠰᠭᠠᠯ᠎ᠤᠨ ᠥᠯᠥᠭᠡᠢ᠎ᠶ᠋ᠢ ᠰᠤᠷᠪᠤᠯᠵᠢᠯᠠᠭ᠍ᠰᠠᠨ ᠨᠢ

10 ᠰᠠᠷ᠎ᠠ᠎ᠶ᠋ᠢᠨ 13᠎ᠤ᠋ ᠡᠳᠦᠷ᠂ ᠪᠡᠭᠡᠵᠢᠩ᠎ᠦᠨ ᠰᠢ ᠳ᠋ᠠᠨ ᠬᠤᠳᠠᠯᠳᠤᠭᠠᠨ᠎ᠤ ᠲᠣᠭᠣᠷᠢᠭ᠎ᠲᠤ ᠮᠥᠨ ᠯᠡ ᠲᠡᠷᠭᠡ ᠬᠥᠰᠭᠡ ᠰᠦᠯᠵᠢᠯᠳᠦᠨ᠂ ᠬᠥᠬᠡ ᠣᠭ᠍ᠲᠠᠷᠭᠤᠶ᠎ᠵᠢᠨ ᠳᠤᠤᠷ᠎ᠠ ᠥᠨᠳᠥᠷ ᠰᠦᠷᠯᠢᠭ ᠪᠠᠷᠢᠯᠭ᠎ᠠ ᠨᠤᠭᠤᠳ ᠰᠡᠬᠦᠢᠨ ᠬᠠᠷᠠᠭᠳᠠᠵᠤ᠂ ᠨᠡᠷᠡᠨ᠎ᠦ ᠲᠤᠶᠠᠭ᠎ᠠ ᠬᠦᠷᠢᠶᠡᠨ᠎ᠦ ᠬᠥᠬᠡ ᠸᠠᠭᠠᠷ ᠲᠣᠭᠣᠰᠭ᠎ᠠ ᠳᠡᠭᠡᠷ᠎ᠡ ᠳᠤᠰᠴᠦ᠂ ᠡᠨᠡ ᠬᠦ᠌ ᠬᠦᠷᠢᠶ᠎ᠡ᠎ᠶ᠋ᠢ ᠨᠠᠮ ᠰᠡᠯᠡᠭᠦᠨ ᠪᠥᠭᠡᠳ ᠥᠪᠡᠷᠮᠢᠴᠡ ᠪᠣᠯᠭᠠᠵᠠᠶ᠃

ᠠᠰᠠᠷ᠎ᠤᠳ᠎ᠤᠨ ᠳᠤᠮᠳᠠ ᠨᠢᠭᠤᠭ᠍ᠳᠠᠵᠤ ᠪᠠᠢᠭ᠎ᠠ ᠡᠨᠡ ᠬᠦ᠌ ᠡᠷᠲᠡᠨ᠎ᠦ ᠪᠣᠷᠣᠭ᠍ᠵᠢᠭᠤᠨ ᠬᠦᠷᠢᠢ᠎ᠡ ᠨᠢ ᠪᠡᠭᠡᠵᠢᠩ ᠬᠤᠳᠠ᠎ᠶ᠋ᠢᠨ ᠱᠢᠴᠸᠩ ᠲᠣᠭᠣᠷᠢᠭ᠎ᠤᠨ ᠱᠢᠶᠤᠤ ᠱ᠌ᠢ ᠬᠤ᠌ ᠭᠤᠳᠤᠮᠵᠢ᠎ᠶ᠋ᠢᠨ 33 ᠳ᠋ᠤᠭᠠᠷ ᠬᠦᠷᠢᠶᠡᠨ᠎ᠳᠦ ᠪᠠᠢᠷᠢᠯᠠᠵᠤ᠂ ᠵᠡᠭᠦᠨ ᠪᠠᠷᠠᠭᠤᠨ ᠬᠣᠶᠠᠷ ᠬᠦᠷᠢᠢ᠎ᠡ᠎ᠲᠡᠶ᠂ ᠲᠥᠪ᠎ᠦᠨ ᠦᠨᠳᠦᠰᠦᠲᠡᠨ᠎ᠦ ᠳᠡᠭᠡᠳᠦ ᠰᠤᠷᠭᠠᠭᠤᠯᠢ᠎ᠶ᠋ᠢᠨ ᠬᠠᠷᠢᠶᠠᠲᠤ ᠳᠤᠮᠳᠠᠳᠤ ᠰᠤᠷᠭᠠᠭᠤᠯᠢ ᠪᠤᠯ ᠤᠤᠯ᠎ᠤᠨ ᠮᠣᠩᠭᠣᠯ ᠲᠥᠪᠡᠳ᠎ᠦᠨ ᠰᠤᠷᠭᠠᠭᠤᠯᠢ ᠡᠴᠡ ᠡᠭᠦᠰᠦᠯ ᠲᠠᠢ᠃ ᠤᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠷᠲᠡ ᠦᠶ᠎ᠡ᠎ᠶ᠋ᠢᠨ ᠪᠡᠭᠡᠵᠢᠩ᠎ᠦᠨ ᠬᠤᠪᠢᠰᠭᠠᠯ᠎ᠤᠨ ᠠᠵᠢᠯᠯᠠᠭ᠎ᠠ᠎ᠶ᠋ᠢᠨ ᠳᠤᠷᠠᠰᠭᠠᠯ᠎ᠤᠨ ᠣᠷᠳᠣᠨ᠎ᠤ ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠬᠠᠭᠤᠴᠢᠨ ᠪᠠᠭᠤᠷᠢ ᠵᠢᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠡᠶᠡᠴᠢᠯᠡᠨ ᠣᠢᠯᠠᠭᠠᠬᠤ ᠣᠷᠳᠣᠨ ᠭᠡᠵᠦ᠍ ᠨᠡᠷᠡᠢᠳᠴᠡᠢ (ᠳᠤᠷᠤᠭᠰᠢ 《ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠬᠠᠭᠤᠴᠢᠨ ᠪᠠᠭᠤᠷᠢ》 ᠭᠡᠵᠦ ᠳᠦᠭᠦᠮᠴᠢᠯᠡᠨ᠎ᠡ)᠃

ᠪᠠᠷᠠᠭᠤᠨ ᠬᠦᠷᠢᠶᠡᠨ᠎ᠳᠦᠨᠢ ᠤᠷᠤᠬᠤ᠎ᠳᠤ᠂ 《ᠳᠤᠮᠳᠠᠳᠤ᠎ᠶ᠋ᠢᠨ ᠤᠳᠤᠮ ᠤᠯᠠᠮᠵᠢᠯᠠᠯ ᠰᠡᠳᠭᠢᠯ ᠨᠢᠭᠡᠳᠴᠦ᠍ ᠬᠦᠰᠡᠯ ᠵᠡᠭᠦᠳᠦ᠍ ᠪᠡᠨ ᠲᠡᠷᠭᠡᠯᠱᠢᠭᠦᠯᠦᠶ᠎ᠡ — ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦᠲᠡᠨ᠎ᠦ ᠠᠵᠢᠯ᠎ᠤᠨ ᠭᠡᠷᠡᠯ ᠰᠠᠴᠤᠷᠠᠩᠭᠤᠢ ᠥᠩᠭᠡᠷᠡᠯᠲᠡ ᠪᠣᠯᠤᠨ ᠠᠭᠤᠤ ᠶᠡᠬᠡ ᠠᠮᠵᠢᠯᠲᠠ ᠪᠦᠲᠦᠮᠵᠢ᠎ᠶ᠋ᠢᠨ ᠭᠣᠣᠯ ᠰᠡᠳᠦᠪᠲᠦ ᠦᠵᠡᠭᠦᠯᠭᠡ》 ᠪᠣᠯᠤᠨ 《ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠬᠠᠭᠤᠴᠢᠨ ᠪᠠᠭᠤᠷᠢ᠎ᠶ᠋ᠢᠨ ᠲᠤᠰᠭᠠᠢ ᠰᠡᠳᠦᠪᠲᠦ ᠦᠵᠡᠭᠦᠯᠭᠡ》 ᠨᠢ ᠬᠥᠮᠦᠰ᠎ᠦᠨ ᠠᠩᠬᠠᠷᠤᠯ᠎ᠢ ᠶᠡᠬᠡᠳᠡ ᠲᠠᠲᠠᠵᠤ᠂ ᠵᠡᠭᠦᠨ ᠬᠦᠷᠢᠶᠠᠨ᠎ᠦ 《ᠳᠤᠮᠳᠠᠳᠤ᠎ᠶ᠋ᠢᠨ ᠦᠨᠳᠦᠰᠦᠲᠡᠨ᠎ᠦ ᠱᠢᠯᠢᠳᠡᠭ ᠰᠣᠶᠣᠯ᠎ᠤᠨ ᠪᠡᠶᠡᠴᠢᠯᠡᠨ ᠣᠢᠯᠠᠭᠠᠬᠤ ᠲᠤᠭᠤᠷᠢᠭ》᠎ᠢ᠋ ᠨᠡᠮᠡᠪᠡᠯ᠂ ᠭᠣᠣᠯ ᠰᠡᠳᠦᠪᠲᠦ ᠦᠵᠡᠭᠦᠯᠭᠡ᠂ ᠲᠤᠰᠭᠠᠢ ᠰᠡᠳᠦᠪᠲᠦ ᠦᠵᠡᠭᠦᠯᠭᠡ᠂ ᠪᠡᠶᠡᠴᠢᠯᠡᠨ ᠣᠢᠯᠠᠭᠠᠬᠤ ᠲᠤᠭᠤᠷᠢᠭ᠎ᠢ ᠨᠢᠭᠡ ᠴᠤᠬ᠍ᠴᠠᠵᠢᠭᠤᠯᠵᠤ᠂ ᠬᠡᠯᠪᠡᠷᠢ ᠨᠢ ᠤᠯᠠᠨ ᠶᠠᠩᠵᠤ᠎ᠶ᠋ᠢᠨ᠂ ᠠᠭᠤᠯᠭ᠎ᠠ ᠨᠢ ᠪᠠᠶᠠᠯᠢᠭ᠂ ᠬᠥᠳᠡᠯᠦᠯ ᠪᠠᠢᠳᠠᠯ᠎ᠢ ᠤᠶᠠᠯᠳᠤᠭᠤᠯᠤᠭ᠍ᠰᠠᠨ ᠪᠠᠢᠷᠢᠱᠢᠯ᠎ᠢ ᠪᠦᠷᠢᠯᠳᠦᠭᠦᠯᠵᠡᠢ᠃

ᠡᠨᠡ ᠪᠣᠯ ᠦᠯᠢᠭᠡᠷ᠎ᠲᠡᠶ ᠭᠠᠵᠠᠷ ᠶᠤᠮ᠃

ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠬᠠᠭᠤᠴᠢᠨ ᠪᠠᠭᠤᠷᠢ᠎ᠶ᠋ᠢᠨ ᠲᠠᠢᠯᠪᠤᠷᠢᠯᠠᠭ᠍ᠴᠢ ᠼᠠᠢ ᠴᠢᠶᠠᠩ᠎ᠤᠨ ᠲᠠᠨᠢᠯᠴᠠᠭᠤᠯᠤᠭ᠍ᠰᠠᠨ᠎ᠢᠶᠠᠷ᠂ ᠡᠨᠡ ᠵᠡᠭᠦᠨ ᠬᠦᠷᠢᠶ᠎ᠠ᠎ᠵᠢ ᠮᠢᠩ ᠤᠯᠤᠰ᠎ᠤᠨ ᠶᠦᠩ ᠯᠸ᠎ᠶ᠋ᠢᠨ ᠦᠶ᠎ᠡ᠎ᠡᠴᠡ ᠡᠬᠢᠯᠡᠨ ᠪᠠᠢᠭᠤᠯᠵᠤ᠂ ᠣᠲᠣ ᠪᠣᠯᠬᠤ ᠳ᠋ᠦ ᠨᠢᠭᠡᠨᠲᠡ 600 ᠭᠠᠷᠤᠶ ᠵᠢᠯ᠎ᠦᠨ ᠲᠡᠦᠬᠡ᠎ᠲᠡᠶ ᠪᠣᠯᠵᠣ᠂ ᠡᠬᠢᠨ᠎ᠳᠡᠭᠡᠨ ᠴᠠᠩᠵᠸᠦ᠍᠎ᠶ᠋ᠢᠨ ᠬᠤᠷᠠᠯ᠎ᠤᠨ ᠣᠷᠳᠣᠨ᠂ ᠴᠢᠩ ᠤᠯᠤᠰ᠎ᠤᠨ ᠦᠶ᠎ᠡ᠎ᠳᠦ ᠪᠠᠷᠠᠭᠤᠨ ᠤᠷᠳᠤᠨ᠎ᠦ ᠰᠤᠷᠭᠠᠭᠤᠯᠢ᠂ ᠢᠷᠭᠡᠨ ᠤᠯᠤᠰ᠎ᠤᠨ ᠦᠶ᠎ᠡ᠎ᠳᠦ ᠰᠥᠩ ᠫᠦᠸᠸ ᠨᠣᠮ᠎ᠤᠨ ᠰᠠᠩ ᠪᠠᠢᠪᠠ᠃ ᠪᠠᠷᠠᠭᠤᠨ ᠬᠦᠷᠢᠶ᠎ᠠ ᠵᠢ ᠴᠢᠩ ᠤᠯᠤᠰ᠎ᠤᠨ ᠡᠩᠬᠡ ᠠᠮᠤᠭᠤᠯᠠᠩ ᠨᠠᠢᠷᠠᠯᠲᠤ ᠲᠥᠷᠦ ᠵᠢᠨ ᠦᠶ᠎ᠡ᠎ᠳᠦ ᠪᠠᠢᠭᠤᠯᠵᠤ᠂ ᠡᠬᠢᠨ᠎ᠳᠡᠭᠡᠨ ᠹᠦ᠋ ᠪᠥᠸᠧ ᠹᠦ᠋ ᠭᠡᠵᠦ᠍ ᠪᠠᠢᠭ᠍ᠰᠠᠨ᠎ᠢᠶᠠᠨ ᠬᠣᠵᠢᠮ ᠨᠢ ᠮᠢᠶᠠᠨ ᠳ᠋ᠧ ᠹᠦ᠋᠂ ᠢᠦᠢ ᠭᠦᠩ ᠹᠦ᠋ ᠭᠡᠵᠦ᠍ ᠬᠠᠯᠠᠨ᠂ 1916 ᠣᠨ᠎ᠳᠤ ᠮᠣᠩᠭᠣᠯ ᠲᠥᠪᠡᠳ᠎ᠦᠨ ᠰᠤᠷᠭᠠᠭᠤᠯᠢ᠎ᠳᠤ ᠲᠦᠷᠢᠶᠡᠰᠦᠯᠡᠨ ᠥᠭ᠌ᠴᠦ᠂ 1928 ᠣᠨ᠎ᠳᠤ ᠵᠢᠩᠬᠢᠨᠢ᠎ᠪᠡᠷ ᠬᠤᠪᠢᠶᠠᠨ ᠥᠭ᠌ᠴᠡᠢ᠃ 1931 ᠣᠨ᠎ᠳᠤ ᠮᠣᠩᠭᠣᠯ ᠲᠥᠪᠡᠳ᠎ᠦᠨ ᠰᠤᠷᠭᠠᠭᠤᠯᠢ ᠵᠡᠭᠦᠨ ᠬᠦᠷᠢᠶᠡᠨ᠎ᠦ ᠪᠠᠢᠷᠢ᠎ᠶ᠋ᠢ ᠥᠷᠭᠡᠳᠭᠡᠵᠦ᠍᠂ ᠵᠡᠭᠦᠨ ᠪᠠᠷᠠᠭᠤᠨ ᠬᠣᠶᠠᠷ ᠬᠦᠷᠢᠶ᠎ᠠ᠎ᠶ᠋ᠢ ᠨᠡᠢᠯᠡᠬᠦᠯᠵᠠᠢ᠃ 1931 ᠣᠨ᠎ᠡᠴᠡ 1949 ᠣᠨ ᠪᠣᠯᠲᠠᠯ᠎ᠠ ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠨᠡᠷ᠎ᠡ᠎ᠶ᠋ᠢ ᠤᠷᠢᠳ ᠬᠣᠵᠢᠳ ᠤᠯᠤᠰ᠎ᠡᠴᠡ ᠪᠠᠢᠭᠤᠯᠤᠭᠰᠠᠨ ᠪᠡᠭᠡᠵᠢᠩ᠎ᠤᠨ ᠮᠣᠩᠭᠣᠯ ᠲᠥᠪᠡᠳ᠎ᠦᠨ ᠰᠤᠷᠭᠠᠭᠤᠯᠢ᠂ ᠤᠯᠤᠰ ᠡᠴᠡ ᠪᠠᠢᠭᠤᠯᠤᠭᠰᠠᠨ ᠪᠸᠢ᠌ᠫᠢᠩ᠎ᠤᠨ ᠮᠣᠩᠭᠣᠯ ᠲᠥᠪᠡᠳ᠎ᠦᠨ ᠰᠤᠷᠭᠠᠭᠤᠯᠢ ᠭᠡᠵᠦ᠍ ᠬᠠᠯᠠᠪᠠ᠃ 1951 ᠣᠨ᠎ᠳᠤ ᠮᠣᠩᠭᠣᠯ ᠲᠥᠪᠡᠳ᠎ᠦᠨ ᠰᠤᠷᠭᠠᠭᠤᠯᠢ᠎ᠶ᠋ᠢ ᠲᠥᠪ᠎ᠦᠨ ᠦᠨᠳᠦᠰᠦᠲᠡᠨ᠎ᠦ ᠳᠡᠭᠡᠳᠦ ᠰᠤᠷᠭᠠᠭᠤᠯᠢ ᠲᠠᠶ ᠨᠡᠢᠯᠡᠭᠦᠯᠤᠨ ᠲᠥᠪ᠎ᠦᠨ ᠦᠨᠳᠦᠰᠦᠲᠡᠨ᠎ᠦ ᠳᠡᠭᠡᠳᠦ ᠰᠤᠷᠭᠠᠭᠤᠯᠢ᠎ᠶ᠋ᠢᠨ ᠬᠠᠷᠢᠶᠠᠲᠤ ᠳᠤᠮᠳᠠᠳᠤ ᠰᠤᠷᠭᠠᠭᠤᠯᠢ ᠪᠣᠯᠭᠠᠵᠦ᠍᠂ 1972 ᠣᠨ᠎ᠳᠤ ᠪᠡᠭᠡᠵᠢᠩ᠎ᠦᠨ 160 ᠳ᠋ᠤᠭᠠᠷ ᠳᠤᠮᠳᠠᠳᠤ ᠰᠤᠷᠭᠠᠭᠤᠯᠢ ᠭᠡᠵᠦ᠍ ᠨᠡᠷ᠎ᠡ᠎ᠶ᠋ᠢ ᠨᠢ ᠬᠠᠯᠠᠭᠠᠳ᠂ 1978 ᠣᠨ᠎ᠳᠤ ᠳᠠᠬᠢᠨ ᠲᠥᠪ᠎ᠦᠨ ᠦᠨᠳᠦᠰᠦᠲᠡᠨ᠎ᠦ ᠳᠡᠭᠡᠳᠦ ᠰᠤᠷᠭᠠᠭᠤᠯᠢ᠎ᠶ᠋ᠢᠨ ᠬᠠᠷᠢᠶᠠᠲᠤ ᠳᠤᠮᠳᠠᠳᠤ ᠰᠤᠷᠭᠠᠭᠤᠯᠢ ᠭᠡᠰᠡᠨ ᠨᠠᠷ᠎ᠠ ᠵᠢ ᠨᠢ ᠰᠡᠷᠭᠦᠭᠡᠵᠦ᠂ 1987 ᠣᠨ᠎ᠳᠤ ᠲᠤᠰ ᠰᠤᠷᠭᠠᠭᠤᠯᠢ ᠡᠨᠳᠡ ᠡᠴᠡ ᠨᠡᠭᠦᠵᠦ᠍ ᠭᠠᠷᠴᠠᠢ᠃

ᠮᠣᠩᠭᠣᠯ ᠲᠥᠪᠡᠳ᠎ᠦᠨ ᠰᠤᠷᠭᠠᠭᠤᠯᠢ 1913 ᠣᠨ᠎ᠳᠤ ᠪᠠᠢᠭᠤᠯᠤᠭ᠍ᠳᠠᠵᠠᠢ᠃ ᠥᠪᠥᠷ ᠮᠣᠩᠭᠣᠯ᠎ᠤᠨ ᠬᠠᠷᠠᠴᠢᠨ ᠬᠣᠱᠢᠭᠤᠨ᠎ᠤ ᠰᠡᠬᠡᠭᠡᠷᠡᠭ᠌ᠰᠡᠨ ᠮᠣᠩᠭᠣᠯ ᠸᠠᠩ ᠭᠦᠩ ᠬᠦᠩᠰᠡᠩᠨᠣᠷᠪᠤ ᠳᠤᠷᠠᠳᠤᠯᠭ᠎ᠠ ᠭᠠᠷᠭᠠᠵᠤ᠂ ᠤᠮᠠᠷᠠᠲᠤ᠎ᠶ᠋ᠢᠨ ᠵᠠᠰᠠᠭ᠎ᠤᠨ ᠭᠠᠵᠠᠷ ᠵᠢᠡᠷ ᠵᠥᠪᠱᠢᠶᠡᠷᠡᠬᠦᠯᠦᠭᠡᠳ ᠮᠣᠩᠭᠣᠯ ᠲᠥᠪᠡᠳ᠎ᠦᠨ ᠬᠡᠷᠡᠭ᠎ᠢ ᠰᠢᠢᠳᠭᠡᠬᠦ ᠲᠣᠪᠴᠢᠶ᠎ᠠ ᠡᠴᠡ ᠪᠡᠭᠡᠵᠢᠩ᠎ᠳᠦ ᠪᠠᠢᠭᠤᠯᠤᠭ᠍ᠰᠠᠨ ᠪᠠᠢᠨ᠎ᠠ᠂ ᠭᠣᠣᠯᠳᠠᠭᠤ ᠮᠣᠩᠭᠣᠯ ᠦᠨᠳᠦᠰᠦᠲᠡᠨ᠎ᠦ ᠰᠤᠷᠤᠭ᠍ᠴᠢ᠎ᠪᠠᠷ ᠭᠣᠣᠯᠳᠠᠭᠤᠯᠵᠤ᠂ ᠭᠣᠣᠯ ᠬᠢᠴᠢᠶᠡᠯ ᠨᠢ ᠬᠢᠳᠡᠳ ᠬᠡᠯᠡ ᠪᠢᠴᠢᠭ᠂ ᠮᠣᠩᠭᠣᠯ ᠬᠡᠯᠡ ᠪᠢᠴᠢᠭ᠂ ᠲᠣᠭᠠᠨ᠎ᠤ ᠤᠬᠠᠭᠠᠨ᠂ ᠲᠡᠦᠬᠡ᠂ ᠭᠠᠵᠠᠷ ᠵᠦᠢ᠂ ᠪᠠᠢᠭᠠᠯᠢ ᠵᠡᠷᠭᠡ ᠪᠠᠢᠪᠠ᠃

ᠨᠠᠮ᠎ᠤᠨ ᠲᠡᠦᠬᠡᠨ ᠳᠡᠭᠡᠷᠡᠬᠢ ᠠᠩᠬᠠᠳᠠᠭ᠍ᠴᠢ ᠮᠣᠩᠭᠣᠯ ᠦᠨᠳᠦᠰᠦᠲᠡᠨ᠎ᠦ ᠨᠠᠮ᠎ᠤᠨ ᠭᠡᠱᠢᠭᠦᠨ

ᠢᠷᠭᠡᠨ ᠤᠯᠤᠰ᠎ᠤᠨ ᠦᠶ᠎ᠡ᠎ᠳᠦ ᠤᠯᠤᠰ᠎ᠤᠨ ᠳᠣᠲᠣᠭᠠᠳᠤ᠎ᠶ᠋ᠢᠨ ᠪᠠᠢᠳᠠᠯ ᠣᠷᠣᠭ᠎ᠠ ᠪᠤᠰᠭᠠᠭ᠎ᠠ ᠪᠠᠢᠵᠤ᠂ ᠡᠯ᠎ᠡ ᠪᠦᠯᠦᠭ᠎ᠦᠨ ᠴᠡᠷᠢᠭ᠎ᠦᠨ ᠡᠷᠬᠡᠲᠡᠨ ᠬᠠᠷᠢᠯᠴᠠᠨ ᠲᠡᠮᠡᠴᠡᠯᠳᠦᠨ᠂ ᠤᠯᠤᠰ ᠣᠷᠣᠨ ᠲᠦᠨᠡᠷ ᠬᠠᠷᠠᠩᠭᠤᠶ᠂ ᠡᠮᠬᠢ ᠵᠠᠮᠪᠠᠷᠠᠭ᠎ᠠ ᠦᠭᠡᠢ ᠪᠠᠢᠳᠠᠯ᠎ᠳᠤ ᠣᠷᠣᠱᠢᠵᠤ᠂ ᠮᠣᠩᠭᠣᠯ ᠲᠥᠪᠡᠳ᠎ᠦᠨ ᠰᠤᠷᠭᠠᠭᠤᠯᠢ ᠪᠠᠢᠭᠤᠯᠤᠭ᠍ᠳᠠᠭ᠍ᠰᠠᠨ ᠡᠳᠦᠷ᠎ᠡᠴᠡ᠎ᠪᠡᠨ ᠡᠬᠢᠯᠡᠭᠡᠳ ᠮᠠᠰᠢ ᠬᠦᠴᠢᠷᠲᠡᠶ ᠪᠠᠢᠪᠠ᠃ ᠵᠠᠷᠤᠳᠠᠯ ᠮᠥᠩᠭᠥ᠌ ᠬᠦᠷᠦᠯᠴᠡᠬᠦ᠌ ᠦᠭᠡᠢ᠂ ᠪᠠᠭ᠍ᠰᠢ ᠳᠤᠲᠠᠭ᠍ᠳᠠᠵᠤ᠂ ᠰᠤᠷᠭᠠᠭᠤᠯᠢ᠎ᠶ᠋ᠢᠨ ᠶᠠᠪᠤᠳᠠᠯ ᠰᠤᠯᠠᠷᠠᠭ᠍ᠰᠠᠨ᠎ᠡᠴᠡ ᠪᠣᠯᠵᠤ᠂ ᠪᠠᠭ᠍ᠰᠢ ᠰᠤᠷᠤᠭ᠍ᠴᠢᠳ ᠪᠠᠷᠠᠭ᠍ᠳᠠᠰᠢ ᠦᠭᠡᠢ ᠪᠤᠬᠢᠨᠢᠳᠤᠯ ᠪᠠ ᠡᠷᠡᠭᠡᠯᠵᠡᠯ᠎ᠦᠨ ᠳᠤᠮᠳᠠ ᠣᠷᠣᠪᠠ ᠁

ᠡᠨᠡ ᠦᠶ᠎ᠡ᠎ᠳᠦ᠂ ᠬᠡᠳᠦ ᠬᠡᠳᠦᠨ 《ᠠᠨᠬᠬᠠᠳᠠᠭᠴᠢ》᠎ᠵᠢ ᠡᠭᠦᠳᠦᠭ᠌ᠰᠡᠨ ᠮᠣᠩᠭᠣᠯ ᠵᠠᠯᠠᠭᠤ ᠲᠡᠦᠬᠡ᠎ᠶ᠋ᠢᠨ ᠲᠠᠪᠴᠠᠩ᠎ᠳᠤ ᠭᠠᠷᠴᠤ᠌ ᠡᠬᠢᠯᠡᠪᠡ᠃

ᠲᠡᠭᠦᠨ᠎ᠦ ᠨᠡᠷ᠎ᠡ ᠨᠢ ᠷᠦᠩ ᠶᠣᠣ ᠱᠢᠶᠠᠨ ᠭᠡᠳᠡᠭ᠃

1918 ᠣᠨ᠎ᠳᠤ ᠷᠦᠩ ᠶᠣᠣ ᠱᠢᠶᠠᠨ᠎ᠢ ᠲᠦᠮᠡᠳ ᠬᠣᠱᠢᠭᠤᠨ᠎ᠤ ᠵᠠᠬᠢᠷᠤᠭᠴᠢ᠎ᠶ᠋ᠢᠨ ᠶᠠᠮᠤᠨ᠎ᠡᠴᠡ ᠮᠣᠩᠭᠣᠯ ᠲᠥᠪᠡᠳ᠎ᠦᠨ ᠰᠤᠷᠭᠠᠭᠤᠯᠢ᠎ᠳᠤ ᠬᠦᠷᠭᠡᠵᠦ᠍ ᠰᠤᠷᠤᠯᠴᠠᠭᠤᠯᠪᠠ᠃

ᠷᠦᠩ ᠶᠣᠣ ᠱᠢᠶᠠᠨ᠎ᠤ ᠬᠤᠪᠢᠷᠠᠯᠲᠠ ᠨᠢ ᠶᠠᠭ ᠮᠣᠩᠭᠣᠯ ᠲᠥᠪᠡᠳ᠎ᠦᠨ ᠰᠤᠷᠭᠠᠭᠤᠯᠢ᠎ᠳᠤ ᠡᠭᠦᠰᠦᠭ᠌ᠰᠡᠨ ᠶᠤᠮ᠃ ᠡᠨᠳᠡ ᠲᠡᠷᠡ ᠥᠪᠥᠷ ᠮᠣᠩᠭᠣᠯ᠎ᠤᠨ ᠴᠥᠭᠡᠨ ᠲᠣᠭᠠᠲᠤ ᠦᠨᠳᠦᠰᠦᠲᠡᠨ᠎ᠦ ᠬᠤᠪᠢᠰᠭᠠᠯ᠎ᠤᠨ ᠬᠣᠱᠢᠭᠤᠴᠢ ᠪᠣᠯᠤᠭ᠍ᠰᠠᠨ ᠪᠠᠢᠨ᠎ᠠ᠃

ᠷᠦᠩ ᠶᠣᠣ ᠰᠢᠶᠠᠨ ᠮᠣᠩᠭᠣᠯ ᠲᠥᠪᠡᠳ᠎ᠦᠨ ᠰᠤᠷᠭᠠᠭᠤᠯᠢ᠎ᠳᠤ ᠣᠴᠢᠭ᠍ᠰᠠᠨ᠎ᠤ ᠬᠣᠶᠠᠳᠤᠭᠠᠷ ᠵᠢᠯ᠎ᠳᠦ ᠰᠦᠷ ᠳᠠᠯᠠᠢᠴᠠᠲᠠᠶ 《ᠲᠠᠪᠤᠨ ᠰᠠᠷ᠎ᠠ᠎ᠶ᠋ᠢᠨ ᠲᠦᠷᠪᠡᠨ》 ᠤ᠋ ᠬᠥᠳᠡᠯᠭᠡᠭᠡᠨ ᠥᠷᠨᠢᠪᠡ᠃ 5 ᠰᠠᠷ᠎ᠠ᠎ᠶ᠋ᠢᠨ 4᠎ᠤ᠋ ᠦᠳᠡ᠎ᠶ᠋ᠢᠨ ᠡᠮᠦᠨ᠎ᠡ᠂ ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠰᠤᠷᠤᠭ᠍ᠴᠢᠳ᠎ᠤᠨ ᠲᠥᠯᠥᠭᠡᠯᠡᠭ᠌ᠴᠢ ᠷᠥᠩ ᠶᠣᠣ ᠱᠢᠶᠠᠨ ᠬᠠᠤᠯᠢ ᠴᠠᠭᠠᠵᠠ ᠤᠯᠤᠰ ᠲᠥᠷᠥ᠎ᠶ᠋ᠢᠨ ᠲᠤᠰᠭᠠᠶ ᠮᠡᠷᠭᠡᠵᠢᠯ᠎ᠦᠨ ᠰᠤᠷᠭᠠᠭᠤᠯᠢ᠎ᠳᠤ ᠬᠦᠷᠴᠤ ᠡᠯ᠎ᠡ ᠰᠤᠷᠭᠠᠭᠤᠯᠢ᠎ᠶ᠋ᠢᠨ ᠰᠤᠷᠤᠭ᠍ᠴᠢᠳ᠎ᠤᠨ ᠲᠥᠯᠥᠭᠡᠯᠡᠭ᠌ᠴᠢᠳ᠎ᠦᠨ ᠬᠤᠷᠠᠯ᠎ᠳᠤ ᠣᠷᠣᠯᠴᠠᠵᠤ᠂ ᠬᠤᠷᠠᠯ᠎ᠤᠨ ᠳᠠᠷᠠᠭ᠎ᠠ ᠡᠯ᠎ᠡ ᠰᠤᠷᠭᠠᠭᠤᠯᠢ᠎ᠶ᠋ᠢᠨ ᠲᠥᠯᠥᠭᠡᠯᠡᠭ᠌ᠴᠢᠳ ᠦᠳᠲᠡᠷ ᠲᠦᠷᠭᠡᠨ ᠰᠤᠷᠭᠠᠭᠤᠯᠢ᠎ᠳᠠᠭᠠᠨ ᠪᠤᠴᠠᠵᠤ᠂ ᠦᠳᠡ᠎ᠶ᠋ᠢᠨ ᠬᠣᠢᠨ᠎ᠠ ᠵᠢᠭ᠍ᠰᠠᠭᠠᠯ ᠶᠠᠪᠤᠭᠤᠯᠬᠤ ᠪᠠᠷ ᠪᠡᠯᠡᠳᠭᠡᠪᠡ᠃ ᠲᠤᠰ ᠡᠳᠦᠷ᠎ᠦᠨ ᠦᠳᠡ᠎ᠶ᠋ᠢᠨ ᠬᠣᠢᠨ᠎ᠠ᠂ 3000 ᠭᠠᠷᠤᠢ ᠰᠤᠷᠤᠭ᠍ᠴᠢ ᠲᠢᠶᠠᠨ ᠠᠨ ᠮᠸᠨ ᠳ᠋ᠤ ᠴᠤᠭᠯᠠᠷᠠᠵᠤ᠂ ᠫᠠᠷᠢᠰ᠎ᠤᠨ ᠨᠠᠢᠷᠠᠮᠳᠠᠯ᠎ᠤᠨ ᠬᠤᠷᠠᠯ ᠳᠡᠭᠡᠷ᠎ᠡ ᠳᠤᠮᠳᠠᠳᠤ ᠤᠯᠤᠰ᠎ᠤᠨ ᠠᠰᠠᠭᠤᠳᠠᠯ᠎ᠤᠨ ᠲᠤᠬᠠᠢ ᠡᠵᠡᠷᠬᠡᠭ ᠲᠦᠷᠢᠮᠡᠭᠡᠢ᠌ᠳᠡᠨ᠎ᠦ ᠲᠣᠭ᠍ᠲᠠᠭᠠᠯ᠎ᠢ ᠡᠰᠡᠷᠭᠦᠴᠡᠪᠡ᠃ ᠬᠣᠶᠠᠷ ᠡᠳᠦᠷ᠎ᠦᠨ ᠳᠠᠷᠠᠭ᠎ᠠ ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠰᠤᠷᠤᠭ᠍ᠴᠢᠳ᠎ᠤᠨ ᠢᠯᠡ ᠵᠠᠬᠢᠳᠠᠯ 《ᠮᠣᠩᠭᠣᠯ ᠲᠥᠪᠡᠳ ᠰᠤᠳᠤᠯᠤᠯ᠎ᠤᠨ ᠬᠢᠨ᠎ᠦ ᠬᠢᠯᠢᠩᠨᠡᠯ》᠎ᠢ᠋ 《ᠦᠷᠯᠦᠭᠡ᠎ᠵᠢᠨ ᠰᠤᠨᠢᠨ》 ᠳᠡᠭᠡᠷ᠎ᠡ ᠨᠡᠢᠲᠡᠯᠡᠪᠡ᠃

《ᠲᠠᠪᠤᠨ ᠰᠠᠷ᠎ᠠ᠎ᠶ᠋ᠢᠨ ᠲᠦᠷᠪᠡᠨ》᠎ᠤ᠋ ᠳᠠᠪᠲᠠᠯᠲᠠ᠎ᠶ᠋ᠢ ᠥᠩᠭᠡᠷᠡᠭᠡᠭᠡᠳ ᠷᠦᠩ ᠶᠣᠣ ᠱᠢᠶᠠᠨ ᠯᠢ ᠳ᠋ᠡ ᠵᠤᠤ ᠵᠡᠷᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠭᠦᠰᠭᠡᠨ ᠪᠠᠢᠭᠤᠯᠤᠭ᠍ᠴᠢ᠎ᠲᠠᠶ ᠲᠠᠨᠢᠯᠴᠠᠵᠤ ᠡᠬᠢᠯᠡᠪᠡ᠃ 1921 ᠣᠨ᠎ᠳᠤ᠂ ᠲᠡᠷᠡ ᠯᠢ ᠳ᠋ᠡ ᠵᠤᠤ᠎ᠶ᠋ᠢᠨ ᠡᠭᠦᠰᠭᠡᠨ ᠪᠠᠢᠭᠤᠯᠤᠭ᠍ᠰᠠᠨ ᠮᠠᠷᠺᠰ᠎ᠤᠨ ᠰᠤᠷᠭᠠᠯ᠎ᠤᠨ ᠰᠤᠳᠤᠯᠭᠠᠨ᠎ᠤ ᠬᠤᠷᠠᠯ᠎ᠳᠤ ᠨᠡᠷ᠎ᠡ ᠮᠡᠳᠡᠭᠦᠯᠪᠡ᠃ ᠷᠦᠩ ᠶᠣᠣ ᠰᠢᠶᠠᠨ ᠡᠨᠳᠡ ᠮᠠᠷᠺᠰ᠎ᠤᠨ ᠦᠵᠡᠯ᠎ᠦᠨ ᠤᠨᠤᠯ᠎ᠢ ᠲᠡᠷᠡ ᠬᠡᠪ᠎ᠢᠶᠡᠷ ᠨᠢ ᠣᠢᠯᠠᠭᠠᠵᠤ᠂ ᠯᠢ ᠳ᠋ᠡ ᠵᠤᠤ᠎ᠶ᠋ᠢᠨ ᠶᠠᠷᠢᠶ᠎ᠠ᠎ᠶ᠋ᠢ ᠰᠣᠨᠣᠰᠪᠠ᠃ 1923 ᠣᠨ᠎ᠤ 1 ᠰᠠᠷ᠎ᠠ᠎ᠳᠤ᠂ ᠷᠦᠩ ᠶᠣᠣ ᠱᠢᠶᠠᠨ ᠳᠤᠮᠳᠠᠳᠤ ᠤᠯᠤᠰ᠎ᠤᠨ ᠨᠡᠢᠭᠡᠮ ᠵᠢᠷᠤᠮᠳᠦ ᠵᠠᠯᠠᠭᠤᠴᠤᠳ᠎ᠤᠨ ᠡᠪᠯᠡᠯ᠎ᠳᠦ ᠣᠷᠣᠬᠤ᠎ᠶ᠋ᠢᠨ ᠬᠠᠮᠲᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ ᠣᠷᠣᠨ᠎ᠤ ᠬᠣᠷᠢᠢ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠬᠤ ᠭᠤᠶᠤᠴᠢᠯᠠᠯ ᠳᠤᠷᠠᠳᠪᠠ᠃ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠢᠨᠠᠨ ᠪᠠᠢᠴᠠᠭᠠᠯᠲᠠ᠎ᠪᠠᠷ ᠲᠠᠮᠵᠢᠨ᠂ ᠲᠤᠰ ᠵᠢᠯ᠎ᠦᠨ 4 ᠰᠠᠷ᠎ᠠ᠎ᠳᠤ ᠬᠠᠨ ᠯᠢᠨ ᠹᠦ᠋᠂ ᠯᠢ ᠪᠥᠸᠧ ᠬᠠᠢ᠂ ᠷᠦᠩ ᠶᠣᠣ ᠱᠢᠶᠠᠨ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠡᠯᠰᠡᠬᠦ᠎ᠪᠠᠷ ᠲᠠᠨᠢᠯᠴᠠᠭᠤᠯᠪᠠ᠃

ᠡᠢᠨ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡᠨ ᠳᠡᠭᠡᠷᠡᠬᠢ ᠠᠨᠭᠬᠠᠳᠠᠭᠴᠢ ᠮᠤᠨᠭᠭᠤᠯ ᠥᠨᠳᠦᠰᠦᠲᠡᠨ᠎ᠤ ᠨᠠᠮ᠎ᠤᠨ ᠭᠡᠰᠢᠭᠦᠨ ᠮᠡᠨᠳᠦᠯᠡᠵᠡᠢ᠃

ᠠᠨᠭᠬᠠᠳᠠᠭᠴᠢ ᠴᠥᠭᠡᠨ ᠲᠣᠭᠠᠲᠤ ᠦᠨᠳᠦᠰᠦᠲᠡᠨ᠎ᠦ ᠨᠠᠮ᠎ᠤᠨ ᠡᠭᠦᠷ

《ᠨᠢᠭᠡ》 ᠎ᠡᠴᠡ 《ᠤᠯᠠᠨ》 ᠎ᠪᠤᠯᠵᠦ ᠬᠠᠭᠠᠷᠠᠬᠰᠠᠨ ᠨᠢ 1923 ᠣᠨ᠎ᠤ ᠨᠠᠮᠤᠷ ᠎ᠦᠨ ᠶᠠᠪᠣᠳᠠᠯ ᠪᠠᠢᠯ᠎ᠠ᠃

ᠡᠨᠡ ᠵᠢᠯ᠎ᠦᠨ ᠨᠠᠮᠤᠷ᠂ ᠷᠦᠩ ᠶᠣᠣ ᠰᠢᠶᠠᠨ ᠨᠤᠲᠤᠭ᠎ᠲᠠᠭᠠᠨ ᠪᠤᠴᠠᠵᠤ ᠰᠤᠷᠤᠭ᠍ᠴᠢ ᠡᠯᠰᠡᠪᠡ᠃ 《ᠲᠠᠪᠤᠨ ᠰᠠᠷ᠎ᠠ᠎ᠶ᠋ᠢᠨ ᠳᠦᠷᠪᠡᠨ》᠎ᠤ᠋ ᠬᠥᠳᠡᠯᠭᠡᠭᠡᠨ ᠵᠡᠷᠭᠡ ᠡᠵᠡᠷᠬᠡᠭ ᠲᠦᠷᠢᠮᠡᠬᠡᠢ᠌ᠳᠡᠨ᠎ᠢ ᠡᠰᠡᠷᠭᠦᠴᠡᠵᠦ᠍ ᠤᠯᠤᠰ᠎ᠢᠶᠠᠨ ᠬᠠᠢᠷᠠᠯᠠᠬᠤ ᠲᠡᠮᠡᠴᠡᠯ ᠳᠤᠮᠳᠠ ᠬᠠᠲᠠᠭᠤᠵᠢᠭ᠍ᠰᠠᠨ ᠬᠦᠢᠰᠦ᠋ᠢ ᠳᠤᠮᠳᠠᠳᠤ ᠰᠤᠷᠭᠠᠭᠤᠯᠢ᠂ ᠲᠦᠮᠡᠳ᠎ᠦᠨ ᠳᠡᠭᠡᠳᠦ ᠵᠡᠷᠭᠡ᠎ᠶ᠋ᠢᠨ ᠪᠠᠭ᠎ᠠ ᠰᠤᠷᠭᠠᠭᠤᠯᠢ᠎ᠶ᠋ᠢᠨ ᠮᠣᠩᠭᠣᠯ ᠰᠤᠷᠤᠭ᠍ᠴᠢᠳ ᠬᠣᠢᠨ᠎ᠠ ᠬᠣᠢᠨ᠎ᠠ᠎ᠡᠴᠡ᠎ᠪᠠᠨ ᠴᠤᠤᠷᠢᠶᠠᠲᠤᠨ ᠳᠠᠭᠠᠵᠤ᠂ ᠬᠦᠢᠰᠦ᠋ᠢ ᠳᠤᠮᠳᠠᠳᠤ ᠰᠤᠷᠭᠠᠭᠤᠯᠢ᠎ᠶ᠋ᠢᠨ ᠵᠠᠶᠠᠭᠠᠲᠠᠢ᠂ ᠯᠢ ᠢᠦᠢ ᡁᠢ᠂ ᠮᠧᠩ ᠴᠦᠨ᠂ ᠭᠤᠤ ᠰᠢ ᠼᠠᠢ ᠨᠠᠷ᠂ ᠲᠦᠮᠡᠳ᠎ᠦᠨ ᠳᠡᠭᠡᠳᠦ ᠵᠡᠷᠭᠡ᠎ᠶ᠋ᠢᠨ ᠪᠠᠭ᠎ᠠ ᠰᠤᠷᠭᠠᠭᠤᠯᠢ᠎ᠶ᠋ᠢᠨ ᠳ᠋ᠥᠸᠧ ᠰᠦᠩ ᠨᠢᠶᠠᠨ᠂ ᠤᠯᠠᠭᠠᠨᠬᠦᠦ᠂ ᠺᠦᠢ ᠪᠢ᠂ ᠶᠦᠨ ᠷᠦᠨ᠂ ᠹᠦᠸᠧ ᠳ᠋ᠢᠩ᠂ ᠵᠤᠤ ᠴᠧᠩ᠂ ᠭᠣᠮᠪᠣᠵᠠᠪ᠂ ᠵᠦ᠍ ᠱ᠌ᠢ ᠹᠦ᠋᠎ᠨᠡᠷ ᠪᠸᠢ᠌ᠫᠢᠩ᠎ᠳᠦ ᠬᠦᠷᠬᠦ᠌ ᠭᠠᠯᠲᠤ ᠲᠡᠷᠭᠡᠨ᠎ᠳᠦ ᠭᠠᠷᠪᠠ᠃

ᠡᠳᠡᠭᠡᠷ ᠮᠣᠩᠭᠣᠯ ᠵᠠᠯᠠᠭᠤᠴᠤᠳ᠎ᠤᠨ ᠬᠦᠷᠴᠦ᠍ ᠢᠷᠡᠭ᠌ᠰᠡᠨ ᠨᠢ ᠯᠢ ᠳ᠋ᠡ ᠵᠤᠤ ᠵᠢᠴᠢ ᠲᠡᠭᠦᠨ᠎ᠦ ᠤᠳᠤᠷᠢᠳᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ ᠣᠷᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠩᠬᠠᠷᠤᠯ᠎ᠢ ᠲᠠᠲᠠᠪᠠ᠃ ᠳ᠋ᠧᠩ ᠵᠦᠩ ᠱᠢᠶᠠ᠂ ᠬᠤᠸᠠᠩ ᠿᠢ ᠺᠦᠢ᠂ ᠵᠤᠤ ᠱ᠌ᠢ ᠶᠠᠨ᠂ ᠾᠧ ᠮᠸᠩ ᠱᠢᠶᠦ᠋ᠩ᠂ ᠯᠢᠦ ᠪᠠᠢ ᠵᠤᠸᠠᠩ᠂ ᠯᠢ ᠪᠥᠸᠧ ᠬᠠᠢ᠂ ᠬᠠᠨ ᠯᠢᠨ ᠹᠦ᠋᠂ ᠵᠦ᠍ ᠦ᠋ ᠱᠠᠨ᠎ᠨᠠᠷ ᠤᠷᠢᠳ ᠬᠣᠵᠢᠳ ᠮᠣᠩᠭᠣᠯ ᠲᠥᠪᠡᠳ᠎ᠦᠨ ᠰᠤᠷᠭᠠᠭᠤᠯᠢ᠎ᠳᠤ ᠬᠦᠷᠴᠦ᠍ ᠬᠤᠪᠢᠰᠭᠠᠯ᠎ᠤᠨ ᠠᠵᠢᠯᠯᠠᠭ᠎ᠠ ᠥᠷᠨᠢᠭᠦᠯᠵᠦ᠍᠂ ᠥᠪᠥᠷ ᠮᠣᠩᠭᠣᠯ᠎ᠤᠨ ᠦᠨᠳᠦᠰᠦᠲᠡᠨ᠎ᠦ ᠠᠰᠠᠭᠤᠳᠠᠯ᠎ᠢ ᠪᠠᠢᠴᠠᠭᠠᠨ ᠰᠤᠳᠤᠯᠪᠠ᠃

1923 ᠣᠨ᠎ᠤ ᠡᠪᠦᠯ᠂ ᠯᠢ ᠳ᠋ᠡ ᠵᠤᠤ ᠮᠣᠩᠭᠣᠯ ᠲᠥᠪᠡᠳ᠎ᠦᠨ ᠰᠤᠷᠭᠠᠭᠤᠯᠢ᠎ᠳᠤ ᠢᠷᠡᠪᠡ᠃

ᠵᠠᠶᠠᠭᠠᠲᠠᠢ᠎ᠶ᠋ᠢᠨ ᠡᠷᠭᠢᠴᠡᠭᠦᠯᠬᠦ᠌ ᠪᠡᠷ᠄ 《ᠪᠢᠳᠡ ᠶᠠᠭ ᠦᠨᠳᠦᠰᠦᠲᠡᠨ᠎ᠦ᠎ᠪᠡᠨ ᠭᠠᠰᠠᠯᠠᠩ ᠵᠣᠪᠠᠯᠠᠩ᠎ᠤᠨ ᠲᠥᠯᠥᠭᠡ ᠰᠠᠨᠠᠭᠠᠰᠢᠷᠠᠨ ᠵᠣᠪᠠᠵᠤ ᠪᠠᠢᠬᠤ ᠦᠶ᠎ᠡ᠎ᠳᠦ᠂ 1923 ᠣᠨ᠎ᠤ ᠡᠪᠦᠯ᠂ ᠬᠦᠢᠳᠡᠨ ᠴᠡᠪᠳᠡᠭ ᠪᠠᠢᠭᠰᠠᠨ ᠮᠣᠩᠭᠣᠯ ᠲᠥᠪᠡᠳ᠎ᠦᠨ ᠰᠤᠷᠭᠠᠭᠤᠯᠢ᠎ᠳᠤ ᠶᠠᠭ ᠯᠡ ᠡᠪᠦᠯ᠎ᠦᠨ ᠨᠡᠷᠡ ᠲᠤᠰᠤᠬᠰᠠᠨ ᠰᠢᠬ᠂ ᠳᠤᠮᠳᠠᠳᠤ ᠤᠯᠤᠰ᠎ᠤᠨ ᠡᠪ ᠬᠠᠮᠲᠤ ᠨᠠᠮ ᠪᠢᠳᠡᠨ᠎ᠳᠦ ᠬᠠᠯᠠᠭᠤᠨ ᠭᠠᠷ᠎ᠢᠶᠠᠨ ᠰᠤᠩᠭᠠᠵᠤ᠂ ᠪᠢᠳᠡᠨ᠎ᠳᠦ ᠮᠠᠷᠺᠰ᠎ᠤᠨ ᠦᠵᠡᠯ᠎ᠢ ᠠᠪᠴᠢᠷᠠᠵᠡᠢ》᠃

ᠮᠦᠨ ᠲᠤᠰ ᠵᠢᠯ᠎ᠦᠨ ᠡᠪᠦᠯ᠂ ᠤᠯᠠᠭᠠᠨᠬᠦᠦ᠂ ᠹᠦᠸᠸ ᠳ᠋ᠢᠩ᠎ᠨᠡᠷ ᠳᠤᠮᠳᠠᠳᠤ ᠤᠯᠤᠰ᠎ᠤᠨ ᠨᠡᠢᠭᠡᠮ ᠵᠢᠷᠤᠮᠲᠤ ᠵᠠᠯᠠᠭᠤᠴᠤᠳ᠎ᠤᠨ ᠡᠪᠯᠡᠯ᠎ᠳᠦ ᠣᠷᠣᠵᠤ᠂ 1924 ᠣᠨ᠎ᠤ ᠬᠠᠪᠤᠷ᠂ ᠳ᠋ᠦᠸᠸ ᠰᠦᠩ ᠨᠢᠶᠠᠨ᠂ ᠯᠢ ᠢᠦᠢ ᡁᠢ᠎ᠨᠡᠷ ᠬᠣᠢᠨ᠎ᠠ ᠬᠣᠢᠨ᠎ᠠ᠎ᠡᠴᠡ᠎ᠪᠠᠨ ᠣᠷᠣᠯᠴᠠᠵᠤ᠂ ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠨᠡᠢᠭᠡᠮ ᠵᠢᠷᠤᠮᠲᠤ ᠵᠠᠯᠠᠭᠤᠴᠤᠳ᠎ᠤᠨ ᠡᠪᠯᠡᠯ᠎ᠦᠨ ᠡᠭᠦᠷ ᠪᠠᠢᠭᠤᠯᠤᠭ᠍ᠳᠠᠵᠤ᠂ ᠡᠪᠯᠡᠯ᠎ᠦᠨ ᠭᠡᠱᠢᠭᠦᠨ 42 ᠬᠥᠮᠦᠨ ᠪᠣᠯᠤᠨ ᠬᠥᠭ᠌ᠵᠢᠵᠦ᠍᠂ ᠳ᠋ᠦᠸᠸ ᠰᠦᠩ ᠨᠢᠶᠠᠨ᠂ ᠤᠯᠠᠭᠠᠨᠬᠦᠦ ᠤᠷᠢᠳ ᠬᠣᠵᠢᠳ ᠡᠪᠯᠡᠯ᠎ᠦᠨ ᠡᠭᠦᠷ᠎ᠦᠨ ᠱᠦᠵᠢ᠎ᠶ᠋ᠢᠨ ᠲᠤᠱᠢᠶᠠᠯ᠎ᠢ ᠡᠭᠦᠷᠭᠡᠯᠡᠪᠡ᠂ ᠡᠨᠡ ᠪᠣᠯ ᠮᠣᠩᠭᠣᠯ ᠦᠨᠳᠦᠰᠦᠲᠡᠨ᠎ᠦ ᠠᠩᠬᠠᠳᠠᠭᠴᠢ ᠵᠠᠯᠠᠭᠤᠴᠤᠳ᠎ᠤᠨ ᠡᠪᠯᠡᠯ᠎ᠦᠨ ᠵᠣᠬᠢᠶᠠᠨ ᠪᠠᠢᠭᠤᠯᠤᠯᠲᠠ ᠪᠣᠯᠤᠨ᠎ᠠ᠃ ᠵᠠᠯᠭᠠᠭᠠᠳ 1924 ᠣᠨ᠎ᠡᠴᠡ 1925 ᠣᠨ ᠪᠣᠯᠲᠠᠯ᠎ᠠ ᠯᠢ ᠢᠦᠢ ᡁᠢ᠂ ᠳ᠋ᠦᠸᠸ ᠰᠦᠩ ᠨᠢᠶᠠᠨ᠂ ᠤᠯᠠᠭᠠᠨᠬᠦᠦ᠂ ᠺᠦᠢ ᠪᠢ᠂ ᠵᠠᠶᠠᠭᠠᠲᠠᠢ ᠵᠡᠷᠭᠡ ᠬᠥᠮᠦᠰ ᠵᠠᠯᠭᠠᠭ᠎ᠠ ᠪᠠᠷ ᠡᠪ ᠬᠠᠮᠲᠤ ᠨᠠᠮ᠎ᠤᠨ ᠭᠡᠱᠢᠭᠦᠨ ᠪᠣᠯᠪᠠ᠃ 1925 ᠣᠨ᠎ᠤ ᠡᠬᠢ᠎ᠪᠡᠷ᠂ ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠨᠠᠮ᠎ᠤᠨ ᠡᠭᠦᠷ ᠪᠠᠢᠭᠤᠯᠤᠭ᠍ᠳᠠᠪᠠ᠂ ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡᠨ ᠳᠡᠭᠡᠷᠡᠬᠢ ᠠᠩᠬᠠᠳᠠᠭ᠍ᠴᠢ ᠴᠥᠭᠡᠨ ᠲᠣᠭᠠᠲᠤ ᠦᠨᠳᠦᠰᠦᠲᠡᠨ᠎ᠦ ᠨᠠᠮ᠎ᠤᠨ ᠭᠡᠱᠢᠭᠦᠨ᠎ᠢᠶᠡᠷ ᠪᠦᠷᠢᠯᠳᠦᠭ᠌ᠰᠡᠨ ᠨᠠᠮ᠎ᠤᠨ ᠡᠭᠦᠷ ᠪᠣᠯᠤᠨ᠎ᠠ᠂ ᠳ᠋ᠦᠸᠸ ᠰᠦᠩ ᠨᠢᠶᠠᠨ ᠨᠠᠮ᠎ᠤᠨ ᠡᠭᠦᠷ᠎ᠦᠨ ᠱᠦᠵᠢ᠎ᠶ᠋ᠢᠨ ᠲᠤᠱᠢᠶᠠᠯ᠎ᠢ ᠡᠭᠦᠷᠭᠡᠯᠡᠪᠡ᠃

ᠬᠣᠶᠠᠷ ᠵᠢᠯ ᠪᠣᠯᠤᠭ᠎ᠠ ᠦᠭᠡᠢ᠎ᠪᠡᠷ ᠠᠩᠬᠠᠨ᠎ᠤ ᠪᠦᠯᠦᠭ ᠮᠣᠩᠭᠣᠯ ᠦᠨᠳᠦᠰᠦᠲᠡᠨ᠎ᠦ ᠡᠪ ᠬᠠᠮᠲᠤᠴᠤᠳ ᠮᠣᠩᠭᠣᠯ ᠲᠥᠪᠡᠳ᠎ᠦᠨ ᠰᠤᠷᠭᠠᠭᠤᠯᠢ᠎ᠳᠤ ᠬᠥᠭ᠌ᠵᠢᠨ ᠪᠤᠵᠠᠭᠠᠢᠷᠠᠵᠤ᠂ ᠮᠠᠰᠢ ᠲᠦᠷᠭᠡᠨ᠎ᠢᠶᠡᠷ ᠬᠤᠪᠢᠰᠭᠠᠯ᠎ᠤᠨ ᠶᠡᠬᠡ ᠤᠷᠤᠰᠭᠠᠯ᠎ᠳᠤ ᠣᠷᠣᠯᠴᠠᠪᠠ᠃

— ᠨᠠᠮ᠎ᠤᠨ ᠵᠢᠭᠠᠪᠤᠷᠢ᠎ᠪᠠᠷ᠂ ᠷᠦᠩ ᠶᠣᠣ ᠱᠢᠶᠠᠨ ᠤᠯᠠᠨ ᠤᠳᠠᠭ᠎ᠠ ᠤᠮᠠᠷᠠᠲᠤ ᠤᠷᠤᠨ᠎ᠳᠤ ᠪᠤᠴᠠᠵᠤ ᠬᠤᠸᠠᠩᠫᠦ᠋ ᠴᠡᠷᠢᠭ᠎ᠦᠨ ᠰᠤᠷᠭᠠᠭᠤᠯᠢ᠎ᠵᠢ ᠤᠷᠤᠯᠠᠨ᠎ᠰᠤᠷᠤᠭ᠍ᠴᠢ ᠡᠯᠰᠡᠵᠦ᠍᠂ ᠬᠤᠪᠢᠰᠭᠠᠯ᠎ᠤᠨ ᠠᠵᠢᠯᠯᠠᠭ᠎ᠠ᠎ᠳᠤ ᠣᠷᠣᠯᠴᠠᠪᠠ᠃ ᠲᠡᠷᠡ ᠤᠮᠠᠷᠠᠰᠢ ᠳᠠᠢᠯᠠᠬᠤ ᠴᠡᠷᠢᠭ᠎ᠦᠨ ᠵᠢᠷᠭᠤᠳᠤᠭᠠᠷ ᠠᠷᠮᠢ᠎ᠶ᠋ᠢᠨ ᠭᠠᠪᠱᠢᠭᠠᠢ ᠬᠣᠷᠢᠶ᠎ᠠ᠎ᠶ᠋ᠢᠨ ᠳᠠᠷᠤᠭ᠎ᠠ᠂ ᠨᠢᠭᠡᠳᠦᠭᠡᠷ ᠠᠷᠮᠢ᠎ᠶ᠋ᠢᠨ ᠭᠤᠷᠪᠠᠳᠤᠭᠠᠷ ᠳ᠋ᠢᠸᠢᠽᠢ᠎ᠶ᠋ᠢᠨ ᠳᠣᠯᠣᠳᠤᠭᠠᠷ ᠬᠣᠷᠢᠶ᠎ᠠ᠎ᠶ᠋ᠢᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍ ᠥᠩᠭᠡᠷᠡᠪᠡ᠃ 1927 ᠣᠨ᠎ᠤ 4 ᠰᠠᠷ᠎ᠠ᠎ᠳᠤ᠂ ᠱᠢᠤᠢ᠍ᠢᠵᠸᠤ ᠵᠢᠨ ᠮᠤᠤ ᠼᠦᠨ ᠲᠣᠰᠭᠣᠨ᠎ᠤ ᠪᠠᠢᠯᠳᠤᠭᠠᠨ᠎ᠳᠤ ᠲᠡᠷᠡ ᠪᠠᠭᠠᠲᠤᠷᠯᠢᠭ᠎ᠢᠶᠠᠷ ᠪᠡᠶ᠎ᠡ ᠦᠷᠡᠭ᠌ᠳᠡᠪᠡ᠃

— 1926 ᠣᠨ᠎ᠤ ᠨᠠᠮᠤᠷ᠂ ᠳ᠋ᠦᠸᠸ ᠰᠦᠩ ᠨᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠠᠬᠠᠷ᠎ᠤᠨ ᠠᠵᠢᠯ᠎ᠤᠨ ᠬᠤᠷᠢᠶ᠎ᠠ (ᠰᠦᠢᠶᠤᠸᠠᠨ ᠴᠠᠬᠠᠷ ᠣᠨᠴᠠᠭᠠᠢ ᠣᠷᠣᠨ)᠎ᠤ᠋ᠨ ᠬᠠᠷᠢᠭᠤᠴᠠᠯᠭᠠᠲᠠᠨ᠎ᠤ ᠲᠤᠱᠢᠶᠠᠯ᠎ᠢ ᠡᠭᠦᠷᠭᠡᠯᠡᠵᠦ᠍᠂ 1927 ᠣᠨ᠎ᠤ 6 ᠰᠠᠷ᠎ᠠ᠎ᠳᠤ ᠪᠡᠭᠡᠵᠢᠩ᠎ᠡᠴᠡ ᠴᠢᠭᠤᠯᠤᠯᠳᠦ ᠬᠠᠭᠠᠯᠭ᠎ᠠ᠎ᠳᠤ ᠪᠤᠴᠠᠵᠤ᠂ ᠤᠳᠠᠯ ᠦᠭᠡᠢ ᠭᠦᠢᠰᠦᠢ᠍ᠢ᠎ᠳᠤ ᠰᠢᠯᠵᠢᠨ ᠢᠷᠡᠵᠦ ᠨᠢᠭᠤᠴᠠ ᠠᠵᠢᠯᠯᠠᠭ᠎ᠠ ᠬᠢᠵᠦ᠍᠂ ᠲᠤᠰ ᠵᠢᠯ᠎ᠦᠨ 8 ᠰᠠᠷ᠎ᠠ᠎ᠶ᠋ᠢᠨ ᠡᠬᠢ᠎ᠪᠡᠷ ᠴᠢᠭᠤᠯᠤᠯᠳᠦ ᠬᠠᠭᠠᠯᠭ᠎ᠠ᠎ᠳᠤ ᠪᠤᠴᠠᠭ᠍ᠰᠠᠨ᠎ᠤ ᠲᠠᠷᠠᠭ᠎ᠠ ᠤᠮᠠᠷᠠᠲᠤ᠎ᠶᠢᠨ ᠴᠡᠷᠢᠭ᠎ᠦᠨ ᠡᠷᠬᠡᠲᠡᠨ᠎ᠳᠦ ᠪᠠᠷᠢᠪᠴᠢᠯᠠᠭ᠍ᠳᠠᠵᠤ᠂ 8 ᠰᠠᠷ᠎ᠠ᠎ᠶ᠋ᠢᠨ ᠳᠤᠮᠳᠠᠴᠢ ᠪᠠᠷ ᠴᠢᠭᠤᠯᠤᠯᠳᠦ ᠬᠠᠭᠠᠯᠭ᠎ᠠ᠎ᠶ᠋ᠢᠨ ᠳ᠋ᠠ ᠵᠢᠩ ᠮᠸᠨ ᠬᠠᠭᠠᠯᠭ᠎ᠠ᠎ᠳᠤ ᠪᠠᠭᠠᠲᠤᠷᠯᠢᠭ᠎ᠢᠶᠠᠷ ᠪᠡᠶ᠎ᠡ ᠦᠷᠡᠭ᠌ᠳᠡᠪᠡ᠃

— 1929 ᠣᠨ᠎ᠳᠤ᠂ ᠤᠯᠠᠭᠠᠨᠬᠦᠦ ᠮᠣᠰᠺᠸᠠ᠎ᠳᠡᠬᠢ ᠰᠤᠷᠤᠯᠴᠠᠯᠭ᠎ᠠ ᠪᠠᠨ ᠲᠡᠭᠦᠰᠭᠡᠵᠦ᠍ ᠤᠯᠤᠰ᠎ᠲᠠᠭᠠᠨ ᠪᠤᠴᠠᠭ᠍ᠰᠠᠨ᠎ᠤ ᠲᠠᠷᠠᠭ᠎ᠠ ᠬᠤᠪᠢᠰᠭᠠᠯ᠎ᠤᠨ ᠨᠢᠭᠤᠴᠠ ᠠᠵᠢᠯ ᠬᠢᠵᠦ᠍᠂ ᠨᠡᠢᠳᠡᠮ᠎ᠳᠡᠭᠡᠨ ᠡᠪ ᠬᠠᠮᠲᠤ ᠨᠠᠮ᠎ᠤᠨ ᠬᠤᠪᠢᠰᠭᠠᠯ ᠪᠣᠯᠤᠨ ᠪᠦᠳᠦᠭᠡᠨ ᠪᠠᠢᠭᠤᠯᠤᠯᠲᠠ᠎ᠶ᠋ᠢᠨ ᠠᠯᠬᠤᠮ᠎ᠢ ᠳᠠᠭᠠᠪᠠ᠃ 1947 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠤ ᠲᠡᠷᠢᠭᠦᠯᠡᠭ᠌ᠴᠢ᠂ ᠥᠪᠥᠷ ᠮᠣᠩᠭᠣᠯ᠎ᠤᠨ ᠡᠪ ᠬᠠᠮᠲᠤ ᠨᠠᠮ᠎ᠤᠨ ᠠᠵᠢᠯ᠎ᠤᠨ ᠬᠣᠷᠢᠶ᠎ᠠ᠎ᠶᠢᠨ ᠱᠦᠵᠢ᠎ᠶ᠋ᠢᠨ ᠲᠤᠱᠢᠶᠠᠯ᠎ᠢ ᠡᠭᠦᠷᠭᠡᠯᠡᠪᠡ᠃

— ᠯᠢ ᠢᠦᠢ ᡁᠢ ᠰᠦᠢᠶᠤᠸᠠᠨ ᠣᠷᠣᠨ᠎ᠳᠤ ᠪᠤᠴᠠᠵᠤ ᠬᠤᠪᠢᠰᠭᠠᠯ᠎ᠤᠨ ᠠᠵᠢᠯ ᠥᠷᠨᠢᠭᠦᠯᠵᠦ᠍᠂ ᠤᠷᠢᠳ ᠬᠣᠵᠢᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠤᠭᠤᠲᠤ᠎ᠶ᠋ᠢᠨ ᠠᠵᠢᠯ᠎ᠦᠨ ᠬᠣᠷᠢᠶ᠎ᠠ᠎ᠶ᠋ᠢᠨ ᠱᠦᠵᠢ᠂ ᠥᠪᠥᠷ ᠮᠣᠩᠭᠣᠯ᠎ᠤᠨ ᠲᠠᠷᠢᠶᠠᠴᠢᠨ ᠠᠵᠢᠯᠴᠢᠨ ᠴᠡᠷᠢᠭ᠎ᠦᠨ ᠶᠡᠬᠡ ᠬᠣᠯᠪᠣᠭ᠎ᠠ᠎ᠶ᠋ᠢᠨ ᠲᠥᠪ᠎ᠦᠨ ᠭᠦᠢᠴᠡᠳᠭᠡᠭ᠌ᠴᠢ ᠭᠡᠱᠢᠭᠦᠨ᠂ ᠥᠪᠥᠷ ᠮᠣᠩᠭᠣᠯ᠎ᠤᠨ ᠠᠷᠠᠳ᠎ᠤᠨ ᠬᠤᠪᠢᠰᠭᠠᠯᠲᠤ ᠴᠡᠷᠢᠭ᠎ᠦᠨ ᠳᠡᠳ᠋ ᠶᠡᠷᠦᠩᠬᠡᠢ ᠵᠢᠯᠤᠭᠤᠳᠤᠬ᠍ᠴᠢ᠎ᠶ᠋ᠢᠨ ᠲᠤᠱᠢᠶᠠᠯ᠎ᠢ ᠡᠭᠦᠷᠭᠡᠯᠡᠪᠡ᠃ 1927 ᠣᠨ᠎ᠤ 10 ᠰᠠᠷ᠎ᠠ᠎ᠳᠤ᠂ ᠯᠢ ᠢᠦᠢ ᡁᠢ ᠴᠡᠷᠢᠭ ᠠᠩᠬᠢ᠎ᠪᠠᠨ ᠳᠠᠭᠠᠭᠤᠯᠤᠨ ᠵᠡᠭᠦᠨᠰᠢ ᠬᠠᠳᠤᠨ ᠭᠣᠣᠯ᠎ᠢ ᠭᠠᠲᠤᠯᠵᠤ᠂ ᠶᠡᠬᠡ ᠵᠤᠤ ᠠᠢᠮᠠᠭ᠎ᠤᠨ ᠦᠦᠱᠢᠨ ᠬᠣᠱᠢᠭᠤᠨ᠎ᠳᠤ ᠬᠦᠷᠴᠦ᠍᠂ ᠱᠢᠨᠡᠯᠠᠮ᠎ᠠ᠎ᠶ᠋ᠢᠨ ᠤᠳᠤᠷᠢᠳᠤᠭ᠍ᠰᠠᠨ ᠬᠤᠪᠢᠰᠭᠠᠯᠲᠤ ᠲᠡᠮᠡᠴᠡᠯ᠎ᠢ ᠳᠡᠮᠵᠢᠵᠦ᠍᠂ ᠮᠤᠤᠠᠤᠰᠤ ᠵᠢᠨ ᠡᠯᠡᠰᠦᠨ ᠴᠦᠯ᠎ᠢᠶᠡᠷ ᠥᠩᠭᠡᠷᠡᠬᠦ᠌᠎ᠳᠡᠭᠡᠨ ᠲᠡᠷᠰᠯᠡᠭᠦᠦ ᠡᠲᠡᠭᠡᠳ᠎ᠲᠦ ᠬᠤᠤᠷᠯᠠᠭᠳᠠᠪᠠ᠃

— ᠵᠠᠶᠠᠭᠠᠲᠠᠢ ᠬᠦᠢᠰᠦ᠋ᠢ ᠳ᠋ᠦ᠍ ᠪᠤᠴᠠᠵᠤ᠂ ᠰᠦᠢᠶᠤᠸᠠᠨ ᠣᠷᠣᠨ᠎ᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠠᠭ᠍ᠴᠢ ᠵᠣᠬᠢᠶᠠᠨ ᠪᠠᠢᠭᠤᠯᠤᠯᠲᠠ — ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠢᠶᠤᠸᠠᠨ ᠤᠨᠴᠠᠭᠠᠢ ᠤᠷᠤᠨ᠎ᠤ ᠠᠵᠢᠯ᠎ᠤᠨ ᠬᠤᠷᠢᠶ᠎ᠠ᠎ᠵᠢ ᠤᠳᠤᠷᠢᠳᠤᠨ ᠪᠠᠢᠭᠤᠯᠪᠠ᠃ 1950 ᠣᠨ᠎ᠤ 4 ᠰᠠᠷ᠎ᠠ᠎ᠳᠤ᠂ ᠲᠡᠷᠡ ᠱᠢᠨ᠎ᠡ ᠳᠤᠮᠳᠠᠳᠤ ᠤᠯᠤᠰ᠎ᠤᠨ ᠠᠩᠬᠠᠳᠠᠭ᠍ᠴᠢ ᠴᠥᠭᠡᠨ ᠲᠣᠭᠠᠲᠤ ᠦᠨᠳᠦᠰᠦᠲᠡᠨ᠎ᠦ ᠭᠠᠳᠠᠭᠠᠳᠤ᠎ᠳᠤ ᠰᠠᠭᠤᠭ᠎ᠠ ᠡᠯᠴᠢᠨ ᠰᠠᠢᠳ ᠪᠣᠯᠪᠠ᠃

᠁

ᠬᠤᠪᠢᠰᠬᠠᠯ᠎ᠤᠨ ᠤᠯᠠ ᠮᠥᠷ᠎ᠢ ᠮᠦᠷᠳᠡᠨ᠎ᠠᠶᠠᠨ ᠵᠠᠮ᠎ᠳᠠᠭᠠᠨ ᠳᠠᠬᠢᠨ ᠮᠣᠷᠳᠠᠯ᠎ᠠ

ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠬᠠᠭᠤᠴᠢᠨ ᠪᠠᠭᠤᠷᠢ ᠲᠡᠭᠡᠷ᠎ᠡ 400 ᠭᠠᠷᠤᠢ ᠵᠢᠯ᠎ᠦᠨ ᠰᠠᠯᠬᠢ ᠪᠤᠷᠤᠭᠠᠨ᠎ᠢ ᠲᠤᠭᠤᠯᠤᠬᠰᠠᠨ ᠴᠢᠪᠠᠭ᠎ᠠ᠎ᠶ᠋ᠢᠨ ᠮᠣᠳᠣᠨ᠎ᠤ ᠳᠣᠣᠷ᠎ᠠ ᠵᠣᠭ᠍ᠰᠣᠵᠤ᠂ ᠵᠢᠷ᠎ᠤᠨ ᠪᠤᠰᠤ ᠤᠨ ᠰᠠᠷ᠎ᠠ᠎ᠶᠢ ᠡᠷᠭᠢᠴᠡᠭᠦᠯᠬᠦᠶ᠎ᠡ᠂ ᠯᠢ ᠳ᠋ᠡ ᠵᠤᠤ ᠮᠣᠳᠣᠨ ᠳᠣᠣᠷ᠎ᠠ ᠡᠳᠡᠭᠡᠷ ᠮᠣᠩᠭᠣᠯ ᠦᠨᠳᠦᠰᠦᠲᠡᠨ᠎ᠦ ᠬᠤᠪᠢᠰᠭᠠᠯᠲᠤ ᠵᠠᠯᠠᠭᠤᠴᠤᠳ᠎ᠲᠠᠶ ᠤᠯᠤᠰ᠎ᠤᠨ ᠶᠡᠬᠡ ᠶᠠᠪᠤᠳᠠᠯ᠎ᠢ ᠶᠠᠷᠢᠯᠴᠠᠵᠤ᠂ ᠬᠤᠪᠢᠰᠭᠠᠯ᠎ᠤᠨ ᠶᠣᠰᠣ ᠤᠴᠢᠷ᠎ᠢ ᠶᠠᠷᠢᠵᠤ ᠪᠠᠢᠬᠤ᠎ᠶ᠋ᠢ ᠣᠯᠵᠤ ᠰᠤᠨᠤᠰᠬᠤ ᠰᠢᠦ ᠪᠤᠯᠪᠠ᠃

《ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠬᠠᠭᠤᠴᠢᠨ ᠪᠠᠭᠤᠷᠢ᠎ᠶ᠋ᠢᠨ ᠲᠤᠰᠭᠠᠶ ᠰᠡᠳᠦᠪᠲᠦ ᠦᠵᠡᠭᠦᠯᠭᠡ》᠎ᠶ᠋ᠢᠨ ᠰᠠᠮᠪᠠᠷ᠎ᠠ᠎ᠲᠡᠭᠡᠷ᠎ᠠ ᠲᠡᠷᠡ ᠬᠦ᠌ 《ᠬᠤᠪᠢᠰᠬᠠᠯ᠎ᠤᠨ ᠦᠯᠦᠭᠡᠢ》 ᠭᠢᠯᠠᠯᠵᠠᠵᠤ ᠪᠠᠢᠯ᠎ᠠ᠄ ᠣᠷᠴᠢᠨ ᠦᠶ᠎ᠡ᠎ᠶ᠋ᠢᠨ ᠪᠦᠬᠦ᠌ ᠤᠯᠤᠰ᠎ᠤᠨ ᠠᠩᠬᠠᠳᠠᠭ᠍ᠴᠢ ᠴᠥᠭᠡᠨ ᠲᠣᠭᠠᠲᠤ ᠦᠨᠳᠦᠰᠦᠲᠡᠨ᠎ᠦ ᠲᠤᠰᠭᠠᠶ ᠰᠤᠷᠭᠠᠭᠤᠯᠢ᠂ ᠨᠢᠭᠡᠳᠦᠭᠡᠷ ᠤᠳᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠵᠠᠯᠠᠭᠤᠴᠤᠳ᠎ᠤᠨ ᠤᠯᠤᠰ᠎ᠢᠶᠠᠨ ᠬᠠᠢᠷᠠᠯᠠᠵᠤ ᠡᠵᠡᠷᠬᠡᠭ ᠲᠦᠷᠢᠮᠡᠬᠡᠢᠲᠡᠨ᠎ᠢ ᠡᠰᠡᠷᠭᠦᠴᠡᠭ᠌ᠰᠡᠨ ᠲᠤᠩᠬᠠᠭ — 《ᠮᠣᠩᠭᠣᠯ ᠲᠥᠪᠡᠳ ᠰᠤᠳᠤᠯᠤᠯ᠎ᠤᠨ ᠬᠢᠨ᠎ᠦ ᠬᠢᠯᠢᠩᠨᠡᠯ》᠂ ᠳᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠡᠦᠬᠡᠨ ᠳᠡᠭᠡᠷᠡᠬᠢ ᠠᠩᠬᠠᠳᠠᠭ᠍ᠴᠢ ᠴᠥᠭᠡᠨ ᠲᠣᠭᠠᠲᠤ ᠦᠨᠳᠦᠰᠦᠲᠡᠨ᠎ᠦ ᠡᠪᠯᠡᠯ᠎ᠦᠨ ᠭᠡᠱᠢᠭᠦᠳ᠎ᠢᠶᠡᠷ ᠪᠦᠷᠢᠯᠳᠦᠭ᠌ᠰᠡᠨ ᠡᠪᠯᠡᠯ᠎ᠦᠨ ᠡᠭᠦᠷ᠎ᠦᠨ ᠮᠡᠨᠳᠦᠯᠡᠭ᠌ᠰᠡᠨ ᠭᠠᠵᠠᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡᠨ ᠳᠡᠭᠡᠷᠡᠬᠢ ᠠᠩᠬᠠᠳᠠᠭ᠍ᠴᠢ ᠴᠥᠭᠡᠨ ᠲᠣᠭᠠᠲᠤ ᠦᠨᠳᠦᠰᠦᠲᠡᠨ᠎ᠦ ᠨᠠᠮ᠎ᠤᠨ ᠭᠡᠱᠢᠭᠦᠨ᠎ᠢᠶᠡᠷ ᠪᠦᠷᠢᠯᠳᠦᠭ᠌ᠰᠡᠨ ᠨᠠᠮ᠎ᠤᠨ ᠡᠭᠦᠷ᠎ᠦᠨ ᠮᠡᠨᠳᠦᠯᠡᠭ᠌ᠰᠡᠨ ᠭᠠᠵᠠᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡᠨ ᠳᠡᠭᠡᠷᠡᠬᠢ ᠠᠩᠬᠠᠳᠠᠭ᠍ᠴᠢ ᠴᠥᠭᠡᠨ ᠲᠣᠭᠠᠲᠤ ᠦᠨᠳᠦᠰᠦᠲᠡᠨ᠎ᠦ ᠬᠤᠪᠢᠰᠭᠠᠯᠲᠤ ᠰᠡᠳᠬᠦᠯ 《ᠮᠣᠩᠭᠣᠯ ᠲᠠᠷᠢᠶᠠᠴᠢᠨ》᠂ ᠠᠩᠬᠠᠳᠠᠭ᠍ᠴᠢ ᠮᠣᠩᠭᠣᠯ ᠦᠨᠳᠦᠰᠦᠲᠡᠨ᠎ᠦ ᠡᠪ ᠬᠠᠮᠲᠤ ᠨᠠᠮ᠎ᠤᠨ ᠭᠡᠱᠢᠭᠦᠨ ᠷᠦᠩ ᠶᠤᠤ ᠰᠢᠶᠠᠨ᠎ᠢ ᠬᠥᠮᠦᠵᠢᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡᠨ ᠳᠡᠭᠡᠷᠡᠬᠢ ᠠᠩᠬᠠᠳᠠᠭ᠍ᠴᠢ ᠨᠠᠮ᠎ᠤᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ (ᠲᠠᠪᠤᠳᠤᠭᠠᠷ ᠤᠳᠠᠭ᠎ᠠ)᠎ᠳ᠋ᠤ ᠣᠷᠣᠯᠴᠠᠭ᠍ᠰᠠᠨ ᠮᠣᠩᠭᠣᠯ ᠦᠨᠳᠦᠰᠦᠲᠡᠨ᠎ᠦ ᠲᠥᠯᠥᠭᠡᠯᠡᠭ᠌ᠴᠢ ᠳ᠋ᠦᠸᠸ ᠰᠦᠩ ᠨᠢᠶᠠᠨ᠎ᠢ ᠬᠥᠮᠦᠵᠢᠭᠦᠯᠦᠨ᠂ ᠭᠠᠳᠠᠭᠠᠳᠤ ᠤᠯᠤᠰ (ᠪᠥᠬᠥᠳᠡ ᠨᠠᠢᠷᠠᠮᠳᠠᠬᠤ ᠮᠣᠩᠭᠣᠯ ᠠᠷᠠᠳ ᠤᠯᠤᠰ᠎ᠲᠤ ᠰᠠᠭᠤᠭ᠎ᠠ)᠎ᠤ᠋ᠨ ᠴᠥᠭᠡᠨ ᠲᠣᠭᠠᠲᠤ ᠦᠨᠳᠦᠰᠦᠲᠡᠨ᠎ᠦ ᠠᠩᠬᠠᠳᠠᠭ᠍ᠴᠢ ᠡᠯᠴᠢᠨ ᠰᠠᠢᠳ ᠵᠠᠶᠠᠭᠠᠲᠠᠶ᠎ᠶ᠋ᠢ ᠬᠥᠮᠦᠵᠢᠭᠦᠯᠪᠡ᠃

ᠣᠳᠣᠬᠠᠨ᠎ᠳᠤ᠂ 《ᠠᠨᠭᠬᠠᠳᠠᠭᠴᠢ》 ᠨᠢ ᠪᠠᠰᠠ ᠦᠷᠭᠦᠯᠵᠢᠯᠡᠭᠰᠡᠭᠡᠷ ᠪᠤᠢ᠃

2006 ᠣᠨ᠎ᠳᠤ ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠬᠠᠭᠤᠴᠢᠨ ᠪᠠᠭᠤᠷᠢ᠎ᠶ᠋ᠢ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠡᠴᠡ ᠵᠢᠷᠭᠤᠳᠤᠭᠠᠷ ᠪᠦᠯᠦᠭ᠎ᠦᠨ ᠪᠦᠬᠦ᠌ ᠤᠯᠤᠰ᠎ᠤᠨ ᠭᠣᠣᠯᠳᠠᠯᠭ᠎ᠠ᠎ᠲᠠᠶ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠶ᠋ᠢᠨ ᠨᠢᠭᠡᠴᠢ᠎ᠳᠦ ᠣᠷᠣᠭᠤᠯᠪᠠ; 2014 ᠣᠨ᠎ᠤ 6 ᠰᠠᠷ᠎ᠠ᠎ᠳᠤ᠂ 10 ᠵᠢᠯ ᠱᠢᠬᠠᠮ ᠶᠠᠪᠤᠭ᠍ᠳᠠᠭ᠍ᠰᠠᠨ ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠬᠠᠭᠤᠴᠢᠨ ᠪᠠᠭᠤᠷᠢ᠎ᠶ᠋ᠢ ᠰᠤᠯᠠᠯᠠᠨ ᠪᠤᠴᠠᠭᠠᠬᠤ ᠠᠵᠢᠯ ᠳᠠᠭᠤᠰᠴᠤ᠌᠂ ᠪᠦᠬᠦᠨ᠎ᠢ ᠪᠢᠲᠡᠭᠦᠮᠵᠢᠯᠡᠨ ᠰᠡᠯᠪᠢᠨ ᠵᠠᠰᠠᠵᠤ ᠡᠬᠢᠯᠡᠪᠡ; 2020 ᠣᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠷᠲᠡ ᠦᠶ᠎ᠡ᠎ᠶ᠋ᠢᠨ ᠪᠡᠭᠡᠵᠢᠩ᠎ᠦᠨ ᠬᠤᠪᠢᠰᠭᠠᠯ᠎ᠤᠨ ᠠᠵᠢᠯᠯᠠᠭ᠎ᠠ᠎ᠶ᠋ᠢᠨ 31 ᠭᠠᠵᠠᠷ᠎ᠤᠨ ᠬᠠᠭᠤᠴᠢᠨ ᠪᠠᠭᠤᠷᠢ᠎ᠶ᠋ᠢᠨ ᠨᠢᠭᠡ᠎ᠪᠡᠷ ᠵᠢᠭ᠍ᠰᠠᠭᠠᠭ᠍ᠳᠠᠵᠤ᠂ ᠪᠡᠭᠡᠵᠢᠩ ᠬᠤᠳᠠ᠎ᠶ᠋ᠢᠨ ᠠᠩᠬᠠᠳᠠᠭ᠍ᠴᠢ ᠪᠦᠯᠦᠭ ᠬᠤᠪᠢᠰᠭᠠᠯ᠎ᠤᠨ ᠳᠤᠷᠠᠰᠭᠠᠯᠲᠤ ᠵᠦᠢᠯᠡᠰ᠎ᠦᠨ ᠨᠡᠷᠡᠰ᠎ᠲᠦ ᠵᠢᠭ᠍ᠰᠠᠭᠠᠭ᠍ᠳᠠᠪᠠ; 2021 ᠣᠨ᠎ᠤ 9 ᠰᠠᠷ᠎ᠠ᠎ᠳᠤ᠂ ᠤᠯᠤᠰ᠎ᠤᠨ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ ᠪᠣᠯᠤᠨ ᠪᠡᠭᠡᠵᠢᠩ ᠬᠤᠳᠠ ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠬᠠᠭᠤᠴᠢᠨ ᠪᠠᠭᠤᠷᠢ᠎ᠶ᠋ᠢ ᠬᠠᠮᠠᠭᠠᠯᠠᠨ ᠠᠱᠢᠭ᠍ᠯᠠᠬᠤ ᠬᠠᠮᠲᠤᠷᠠᠯᠴᠠᠭᠠᠨ᠎ᠤ ᠵᠥᠪᠯᠡᠯᠴᠡᠭᠡᠷ ᠲᠣᠭ᠍ᠲᠠᠵᠤ᠂ ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠬᠠᠭᠤᠴᠢᠨ ᠪᠠᠭᠤᠷᠢ᠎ᠶ᠋ᠢ ᠬᠠᠮᠠᠭᠠᠯᠠᠨ ᠠᠱᠢᠭ᠍ᠯᠠᠬᠤ ᠢᠨᠵᠧᠨᠧᠷᠢᠩ᠎ᠢ ᠵᠢᠩᠬᠢᠨᠢ᠎ᠪᠡᠷ ᠡᠬᠢᠯᠡᠭᠦᠯᠪᠡ; 2023 ᠣᠨ᠎ᠤ 3 ᠰᠠᠷ᠎ᠠ᠎ᠳᠤ᠂ ᠪᠥᠬᠥ᠌ ᠤᠯᠤᠰ᠎ᠤᠨ ᠠᠩᠬᠠᠳᠠᠭ᠍ᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠡᠶᠡᠴᠢᠯᠡᠨ ᠣᠢᠯᠠᠭᠠᠬᠤ ᠣᠷᠳᠣᠨ ᠡᠨᠳᠡ ᠪᠠᠢᠭᠤᠯᠤᠭᠳᠠᠵᠤ᠂ ᠠᠩᠬ᠎ᠠ ᠤᠳᠠᠭ᠎ᠠ ᠪᠥᠬᠥ᠌ ᠤᠯᠤᠰ᠎ᠤᠨ ᠡᠯ᠎ᠡ ᠮᠤᠵᠢ ᠬᠣᠲᠠ ᠥᠪᠡᠷᠲᠡᠭᠡᠨ ᠵᠠᠰᠠᠬᠤ ᠣᠷᠣᠨ᠎ᠤ 3 ᠰᠠᠷ᠎ᠠ᠎ᠪᠡᠷ ᠡᠭᠡᠯᠵᠢᠯᠡᠵᠦ ᠳᠡᠯᠭᠡᠨ ᠦᠵᠡᠭᠦᠯᠬᠦ᠌ ᠲᠦᠷᠢᠮ᠎ᠢ ᠬᠡᠷᠡᠭ᠌ᠵᠢᠭᠦᠯᠪᠡ᠃

ᠤᠯᠤᠰ᠎ᠤᠨ ᠪᠠᠶᠠᠷ᠎ᠤᠨ ᠬᠤᠭᠤᠴᠠᠭᠠᠨ᠎ᠳᠤ᠂ ᠤᠯᠠᠭᠠᠨᠴᠠᠪ ᠬᠣᠲᠠ ᠵᠢᠨ ᠦᠵᠡᠭᠦᠯᠭᠡ᠎ᠶ᠋ᠢᠨ ᠠᠵᠢᠯᠯᠠᠭ᠎ᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠡᠶᠡᠴᠢᠯᠡᠨ ᠣᠢᠯᠠᠭᠠᠬᠤ ᠣᠷᠳᠣᠨ᠎ᠤ ᠥᠪᠥᠷ ᠮᠣᠩᠭᠣᠯ᠎ᠤᠨ ᠪᠡᠶᠡᠴᠢᠯᠡᠨ ᠣᠢᠯᠠᠭᠠᠬᠤ ᠲᠣᠭᠣᠷᠢᠭ᠎ᠲᠤ ᠶᠠᠪᠤᠭ᠍ᠳᠠᠪᠠ᠄ ᠲᠠᠪᠤᠨ ᠣᠳᠣᠲᠤ ᠤᠯᠠᠭᠠᠨ ᠲᠣᠭ ᠭᠢᠯᠠᠯᠵᠠᠵᠤ᠂ ᠤᠯᠠᠭᠠᠨᠴᠠᠪ᠎ᠤᠨ ᠢᠯᠡ ᠲᠣᠳᠣ ᠣᠨᠴᠠᠯᠢᠭ ᠲᠠᠶ ᠰᠣᠶᠣᠯ᠎ᠤᠨ ᠡᠯᠧᠮᠧᠨ᠋ᠲ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠶ᠋ᠯ᠂ ᠰᠣᠶᠣᠯ᠎ᠤᠨ ᠪᠦᠳᠦᠭᠡᠯᠴᠢ ᠦᠢᠯᠡᠳᠭᠦᠨ᠂ ᠣᠷᠣᠨ ᠨᠤᠲᠤᠭ᠎ᠤᠨ ᠣᠨᠴᠠ ᠭᠠᠷᠤᠯᠲᠠ ᠬᠥᠮᠦᠰ᠎ᠦᠨ ᠠᠩᠬᠠᠷᠤᠯ᠎ᠢ ᠲᠠᠲᠠᠨ᠎ᠠ ᠁

ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠬᠠᠭᠤᠴᠢᠨ ᠪᠠᠭᠤᠷᠢ᠎ᠶ᠋ᠢᠨ ᠤᠬᠠᠭᠤᠯᠭ᠎ᠠ᠎ᠶ᠋ᠢᠨ ᠠᠵᠢᠯ᠎ᠢ ᠬᠠᠷᠢᠭᠤᠴᠠᠵᠤ ᠪᠠᠢᠭ᠎ᠠ ᠠᠵᠢᠯᠲᠠᠨ ᠰᠦᠨ ᠶᠢᠩ᠎ᠦᠨ ᠲᠠᠨᠢᠯᠴᠠᠭᠤᠯᠤᠭ᠍ᠰᠠᠨ᠎ᠢᠶᠠᠷ᠂ ᠡᠨᠡ ᠵᠢᠯ᠎ᠦᠨ 3 ᠰᠠᠷ᠎ᠠ᠎ᠶ᠋ᠢᠨ 28᠎ᠤ᠋ ᠡᠳᠦᠷ ᠡᠭᠦᠳᠡ᠎ᠪᠡᠨ ᠨᠡᠭᠡᠭᠡᠭ᠌ᠰᠡᠨ᠎ᠡᠴᠡ ᠨᠠᠭᠠᠰᠢ᠂ ᠡᠨᠳᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ ᠵᠡᠷᠭᠡ ᠪᠥᠬᠥ᠌ ᠤᠯᠤᠰ᠎ᠤᠨ ᠡᠯ᠎ᠡ ᠭᠠᠵᠠᠷ᠎ᠤᠨ ᠪᠦᠯᠬᠦᠮ ᠪᠠ ᠬᠤᠪᠢ ᠬᠥᠮᠦᠨ᠎ᠢ 20 ᠲᠦᠮᠡ ᠱᠢᠬᠠᠮ ᠬᠥᠮᠦᠨ ᠤᠳᠠᠭ᠎ᠠ ᠭᠥᠯᠢᠶᠡᠨ ᠠᠪᠴᠠᠶ᠃

ᠵᠠᠭᠤᠨ ᠵᠢᠯ᠎ᠢ ᠡᠷᠬᠢᠴᠡᠭᠦᠯᠭᠦᠶ᠎ᠠ᠂ ᠡᠨᠳᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠡᠬᠢᠨ᠎ᠦ ᠦᠶ᠎ᠡ ᠶ᠋ᠢᠨ ᠦᠨᠳᠦᠰᠦᠲᠡᠨ᠎ᠦ ᠠᠵᠢᠯ᠎ᠢ ᠥᠷᠨᠢᠭᠦᠯᠦᠭᠰᠡᠨ ᠴᠢᠬᠤᠯᠠ ᠵᠢᠭ᠍ᠰᠠᠭᠠᠯ᠎ᠤᠨ ᠭᠠᠵᠠᠷ ᠪᠣᠯᠤᠨ᠎ᠠ; ᠲᠡᠦᠬᠡᠨ᠎ᠳᠦ ᠲᠡᠭᠦᠰᠭᠡᠯ ᠭᠡᠵᠦ᠍ ᠪᠠᠢᠳᠠᠭ ᠦᠭᠡᠢ᠂ ᠨᠡᠩ ᠤᠯᠠᠨ ᠦᠨᠳᠦᠰᠦᠲᠡᠨ᠎ᠦ ᠪᠦᠯᠬᠦᠮᠳᠡᠯ᠎ᠦᠨ ᠦᠯᠢᠬᠡᠷ ᠶᠠᠭ ᠡᠨᠳᠡ ᠪᠢᠴᠢᠭᠯᠡᠭᠳᠡᠵᠦ ᠪᠠᠢᠨ᠎ᠠ᠃

ᠲᠡᠦᠬᠡ ᠬᠤᠯᠠᠳᠠᠭ᠎ᠠ ᠦᠭᠡᠢ᠂ ᠱᠢᠨ᠎ᠡ ᠠᠶᠠᠨ ᠨᠢᠭᠡᠨᠲᠡ ᠡᠬᠢᠯᠡᠯ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面