ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2023-11-17 09:42:12

ᠵᠣᠬᠢᠶᠠᠭ᠍ᠴᠢ᠄ ᠸᠠᠩ ᠬᠠᠢ ᠷᠦᠩ ᠣᠩᠱᠢᠭ᠍ᠰᠠᠨ ᠣᠳᠠᠭ᠎ᠠ᠄ 3

ᠤᠮᠠᠷᠠᠲᠤ ᠬᠢᠯᠢ᠎ᠶᠢᠨ ᠰᠣᠶᠣᠯ ᠪᠣᠯ ᠥᠪᠥᠷ ᠮᠣᠩᠭᠣᠯ ᠣᠷᠣᠨ᠎ᠤ ᠣᠯᠠᠨ ᠦᠨᠳᠦᠰᠦᠲᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ ᠪᠠ ᠦᠢᠯᠡᠳᠦᠯᠭᠡ᠎ᠶᠢᠨ ᠳᠤᠮᠳᠠ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠡᠬᠡ ᠤᠯᠤᠰ᠎ᠤᠨ ᠬᠢᠯᠢ ᠬᠢᠵᠠᠭᠠᠷ᠎ᠢᠶᠠᠨ ᠬᠠᠮᠲᠤ ᠪᠠᠷ ᠰᠠᠬᠢᠨ ᠬᠠᠮᠠᠭᠠᠯᠠᠵᠤ᠂ ᠰᠠᠢᠨ ᠰᠠᠢᠬᠠᠨ ᠠᠮᠢᠳᠤᠷᠠᠯ᠎ᠢᠶᠠᠨ ᠬᠠᠮᠲᠤ ᠪᠠᠷ ᠴᠣᠭᠴᠠᠯᠠᠨ ᠪᠠᠶ᠋ᠢᠭᠤᠯᠬᠤ ᠠᠮᠢᠳᠤᠯᠢᠭ᠋ ᠦᠢᠯᠡᠳᠦᠯᠭᠡ᠎ᠶᠢᠨ ᠳᠤᠮᠳᠠ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ ᠪᠣᠯᠣᠨ 《ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ᠋ ᠰᠠᠨᠠᠭ᠎ᠠ》 ᠶ᠋ᠢ ᠬᠠᠮᠲᠤ ᠪᠠᠷ ᠪᠠᠳᠠᠷᠠᠭᠤᠯᠬᠤ ᠪᠣᠳᠠᠲᠠᠢ ᠦᠢᠯᠡᠳᠦᠯᠭᠡ᠎ᠶᠢᠨ ᠳᠤᠮᠳᠠ᠂ ᠳᠤᠮᠳᠠᠳᠤ᠎ᠶᠢᠨ ᠦᠨᠳᠦᠰᠦᠲᠡᠨ ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠴᠤᠭᠴᠠᠯᠠᠬᠤ᠎ᠪᠠᠷ ᠭᠣᠣᠯ ᠰᠢᠵᠢᠮ ᠪᠣᠯᠭᠠᠭᠰᠠᠨ ᠢᠳᠡᠪᠬᠢᠲᠡᠢ ᠦᠢᠯᠡᠳᠦᠯᠭᠡ᠎ᠶᠢᠨ ᠳᠤᠮᠳᠠ ᠪᠦᠷᠢᠯᠳᠦᠭᠰᠡᠨ ᠰᠣᠶᠣᠯ ᠮᠦᠨ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ ᠪᠠᠷ ᠡᠭᠦᠳᠦᠨ ᠪᠦᠲᠦᠭᠡᠭᠰᠡᠨ ᠰᠣᠶᠣᠯ ᠮᠦᠨ᠂ ᠳᠤᠮᠳᠠᠳᠤ᠎ᠶᠢᠨ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ ᠪᠣᠯ ᠥᠪᠥᠷ ᠮᠣᠩᠭᠣᠯ᠎ᠤᠨ ᠭᠠᠵᠠᠷ ᠣᠷᠣᠨ᠎ᠤ ᠰᠣᠶᠣᠯ᠎ᠤᠨ ᠲᠡᠮᠳᠡᠭ ᠮᠥᠨ᠂ ᠥᠪᠥᠷ ᠮᠣᠩᠭᠣᠯ᠎ᠤᠨ ᠣᠨᠴᠠᠭᠠᠢ ᠭᠠᠵᠠᠷ ᠣᠷᠣᠨ᠎ᠤ ᠴᠢᠨᠠᠷᠲᠠᠢ ᠰᠣᠶᠣᠯ᠎ᠤᠨ ᠲᠦᠷᠦᠯ ᠲᠡᠮᠳᠡᠭ ᠮᠥᠨ ᠃ ᠤᠮᠠᠷᠠᠲᠤ᠎ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ ᠪᠣᠯ ᠳᠠᠷᠤᠢ ᠰᠣᠶᠣᠯ᠎ᠤᠨ ᠪᠠᠢᠭᠤᠯᠤᠯᠲᠠ᠎ᠶᠢ ᠠᠬᠢᠭᠤᠯᠵᠤ᠂ ᠰᠣᠶᠣᠯ᠎ᠤᠨ ᠲᠠᠨᠢᠯᠳᠠ᠎ᠶᠢ ᠴᠢᠩᠭᠠᠳᠬᠠᠵᠦ᠂ ᠦᠨᠳᠦᠰᠦᠲᠡᠨ᠎ᠨᠦᠭᠦᠳ᠎ᠦᠨ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠴᠤᠭᠴᠠᠯᠠᠬᠤ ᠎ᠶᠢᠨ ᠲᠥᠯᠥᠭᠡ ᠶᠤᠮ; ᠳᠠᠷᠤᠢ ᠰᠣᠶᠣᠯ᠎ᠤᠨ ᠰᠢᠨ᠎ᠡ ᠡᠭᠦᠷᠭᠡ᠎ᠶᠢ ᠨᠡᠩ ᠰᠠᠢᠲᠤᠷ ᠡᠭᠦᠷᠭᠡᠯᠡᠵᠦ᠂ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠪᠠᠶ᠋ᠢᠭᠤᠯᠬᠤ ᠬᠡᠷᠡᠭᠲᠡᠢ; ᠳᠠᠷᠤᠢ ᠳᠡᠯᠡᠬᠡᠢ ᠳ᠋ᠠᠬᠢᠨ᠎ᠳᠤ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠳᠡᠯᠭᠡᠨ ᠦᠵᠡᠭᠦᠯᠬᠦ ᠪᠠ ᠤᠯᠠᠮᠵᠢᠯᠠᠨ ᠳᠡᠯᠭᠡᠷᠡᠭᠦᠯᠵᠦ᠂ ᠳᠡᠯᠡᠬᠡᠢ᠎ᠶᠢᠨ ᠲᠠᠪᠴᠠᠩ ᠳᠡᠭᠡᠷ᠎ᠡ ᠳᠤᠮᠳᠠᠳᠤ ᠤᠯᠤᠰ᠎ᠤᠨ ᠰᠣᠶᠣᠯ᠎ᠢ ᠤᠯᠠᠮᠵᠢᠯᠠᠨ ᠳᠡᠯᠭᠡᠷᠡᠭᠦᠯᠵᠦ᠂ ᠳᠤᠮᠳᠠᠳᠤ ᠤᠯᠤᠰ᠎ᠤᠨ ᠲᠠᠭᠤᠨ᠎ᠢ ᠬᠠᠩᠭᠢᠨᠠᠭᠤᠯᠬᠤ ᠦᠢᠯᠡᠳᠦᠯᠭᠡᠵᠢᠭᠦᠯᠦᠭᠴᠢ ᠪᠣᠯᠬᠤ᠎ᠶᠢᠨ ᠲᠥᠯᠥᠭᠡ ᠶᠤᠮ᠃

ᠲᠠᠯ᠎ᠠ ᠨᠤᠲᠤᠭ᠎ᠤᠨ ᠰᠣᠶᠣᠯ ᠪᠣᠯ ᠤᠮᠠᠷᠠᠲᠤ ᠬᠢᠯᠢ ᠵᠢᠨ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠮᠥᠨ

ᠲᠠᠯ᠎ᠠ ᠨᠤᠲᠤᠭ᠎ᠤᠨ ᠰᠣᠶᠣᠯ ᠪᠣᠯ ᠤᠮᠠᠷᠠᠲᠤ ᠬᠢᠯᠢ᠎ᠶᠢᠨ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠮᠥᠨ᠂ ᠲᠡᠭᠦᠨ᠎ᠦ ᠭᠣᠣᠯ ᠠᠭᠤᠯᠭ᠎ᠠ᠎ᠶᠢᠨ ᠨᠢᠭᠡ ᠮᠥᠨ᠂ ᠳᠤᠮᠳᠠᠳᠤ᠎ᠶᠢᠨ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠮᠥᠨ᠃ ᠲᠠᠯ᠎ᠠ ᠨᠤᠲᠤᠭ᠎ᠤᠨ ᠰᠣᠶᠣᠯ ᠨᠢ ᠬᠠᠲᠤᠨ ᠭᠣᠣᠯ᠎ᠤᠨ ᠰᠣᠶᠣᠯ᠂ ᠣᠷᠳᠣ᠌ ᠴᠠᠭᠠᠨ ᠬᠡᠷᠡᠮ᠎ᠦᠨ ᠰᠣᠶᠣᠯ᠂ ᠲᠠᠷᠢᠶᠠᠯᠠᠬᠤ ᠰᠣᠶᠣᠯ ᠵᠡᠷᠭᠡ ᠪᠤᠰᠤᠳ ᠭᠠᠵᠠᠷ ᠣᠷᠣᠨ᠎ᠤ ᠰᠣᠶᠣᠯ᠎ᠲᠠᠢ ᠠᠭᠤᠰᠤᠯᠴᠠᠵᠤ᠂ ᠤᠮᠠᠷᠠᠲᠤ ᠬᠢᠯᠢ᠎ᠶᠢᠨ ᠰᠣᠶᠣᠯ᠎ᠢ ᠬᠠᠮᠲᠤ᠎ᠪᠠᠷ ᠪᠣᠶ ᠪᠣᠯᠭᠠᠨ ᠪᠠᠶᠠᠯᠢᠭ᠍ᠵᠢᠭᠤᠯᠵᠤ᠂ ᠤᠮᠠᠷᠠᠲᠤ ᠬᠢᠯᠢ᠎ᠶᠢᠨ ᠰᠣᠶᠣᠯ᠎ᠤᠨ ᠠᠭᠤᠯᠭ᠎ᠠ ᠪᠠ ᠠᠭᠤᠯᠤᠭᠳᠠᠬᠤᠨ᠎ᠢ ᠨᠠᠩ ᠪᠠᠶᠠᠯᠢᠭ᠋᠂ ᠪᠦᠷᠢᠨ ᠲᠡᠭᠦᠯᠳᠡᠷ ᠪᠣᠯᠭᠠᠵᠠᠢ᠃ ᠲᠠᠯ᠎ᠠ ᠨᠤᠲᠤᠭ᠎ᠤᠨ ᠰᠣᠶᠣᠯ ᠪᠣᠯ ᠤᠮᠠᠷᠠᠲᠤ ᠬᠢᠯᠢ ᠎ᠶᠢᠨ ᠰᠣᠶᠣᠯ᠎ᠤᠨ ᠠᠭᠤᠯᠬᠤᠨ᠂ ᠣᠨᠴᠠᠯᠢᠭ᠋ ᠰᠢᠨᠵᠢ᠂ ᠬᠥᠭᠵᠢᠯᠲᠡ ᠎ᠶᠢᠨ ᠪᠠᠢᠳᠠᠯ᠎ᠢ ᠬᠠᠮᠤᠭ ᠎ᠠᠴᠠ ᠰᠠᠢᠨ ᠲᠤᠰᠬᠠᠵᠤ ᠴᠢᠳᠠᠬᠤ ᠬᠡᠰᠡᠭ ᠮᠥᠨ᠂ ᠨᠡᠩ ᠴᠤ᠌ ᠤᠮᠠᠷᠠᠲᠤ ᠬᠢᠯᠢ ᠎ᠶᠢᠨ ᠰᠣᠶᠣᠯ᠎ᠤᠨ ᠡᠯᠪᠡᠭ ᠳᠡᠯᠪᠡᠭ ᠲᠡᠦᠬᠡ ᠎ᠶᠢᠨ ᠬᠤᠷᠠᠮᠳᠤᠯ ᠎ᠢ ᠢᠯᠡᠷᠡᠬᠦᠯᠵᠦ ᠪᠠᠢᠳᠠᠭ᠃

ᠲᠠᠯ᠎ᠠ ᠨᠤᠲᠤᠭ᠎ᠤᠨ ᠰᠣᠶᠣᠯ ᠤᠮᠠᠷᠠᠲᠤ ᠬᠢᠯᠢ᠎ᠶᠢᠨ ᠰᠣᠶᠣᠯ᠎ᠤᠨ ᠤᠯᠠᠨ ᠦᠨᠳᠦᠰᠦᠲᠡᠨ᠎ᠦ ᠶᠡᠬᠡ ᠠᠭᠤᠰᠤᠯᠴᠠᠯ᠎ᠤᠨ ᠨᠡᠢᠲᠡᠯᠢᠭ ᠣᠨᠴᠠᠯᠢᠭ᠋᠎ᠢ ᠬᠣᠷᠢᠶᠠᠩᠭᠣᠢᠯᠠᠨ ᠲᠣᠰᠬᠠᠵᠦ ᠪᠠᠢᠳᠠᠭ᠃ ᠲᠠᠯ᠎ᠠ ᠨᠤᠲᠤᠭ᠎ᠤᠨ ᠰᠣᠶᠣᠯ ᠪᠣᠯ ᠤᠯᠠᠨ ᠦᠨᠳᠦᠰᠦᠲᠡᠨ᠂ ᠤᠯᠠᠨ ᠭᠠᠵᠠᠷ ᠣᠷᠣᠨ᠂ ᠤᠯᠠᠨ ᠰᠣᠶᠣᠯ᠎ᠤᠨ ᠬᠡᠯᠪᠡᠷᠢ ᠪᠠᠢᠳᠠᠯ᠎ᠢᠶᠠᠷ ᠪᠦᠷᠢᠯᠳᠦᠭᠰᠡᠨ ᠨᠡᠢᠯᠡᠮᠡᠯ ᠮᠠᠶᠢᠭ᠋᠎ᠤᠨ ᠰᠣᠶᠣᠯ ᠪᠣᠯᠣᠨ᠎ᠠ᠃᠃

ᠲᠠᠯ᠎ᠠ ᠨᠤᠲᠤᠭ᠎ᠤᠨ ᠰᠣᠶᠣᠯ ᠪᠣᠯ ᠤᠮᠠᠷᠠᠲᠤ ᠬᠢᠯᠢ᠎ᠶᠢᠨ ᠰᠣᠶᠣᠯ ᠤᠶᠤᠨ ᠰᠠᠨᠠᠭᠠᠨ᠎ᠤ ᠭᠡᠷ ᠣᠷᠣᠨ᠎ᠢ ᠰᠠᠬᠢᠨ ᠪᠠᠷᠠᠯᠠᠭ᠍ᠴᠢ ᠮᠥᠨ᠃ ᠲᠠᠯ᠎ᠠ ᠨᠤᠲᠤᠭ᠎ᠤᠨ ᠰᠣᠶᠣᠯ ᠪᠣᠯ ᠤᠮᠠᠷᠠᠲᠤ ᠬᠢᠯᠢ᠎ᠶᠢᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠬᠤ ᠡᠶ᠎ᠡ ᠵᠣᠬᠢᠴᠠᠯ᠎ᠲᠠᠢ ᠪᠠᠢᠬᠤ ᠦᠵᠡᠯ ᠰᠠᠨᠠᠭ᠎ᠠ᠎ᠶᠢ ᠪᠠᠲᠤ ᠪᠡᠬᠢ ᠪᠤᠢ ᠪᠣᠯᠭᠠᠵᠤ᠂ ᠦᠨᠳᠦᠰᠦᠲᠡᠨ᠎ᠨᠦᠭᠦᠳ᠎ᠦᠨ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠬᠠᠮᠲᠤ᠎ᠪᠠᠷ ᠴᠣᠭᠴᠠᠯᠠᠨ ᠪᠠᠶ᠋ᠢᠭᠤᠯᠬᠤ ᠠᠮᠢᠳᠤᠯᠢᠭ᠋ ᠦᠢᠯᠡᠳᠦᠯᠭᠡ᠎ᠶᠢᠨ ᠳᠤᠮᠳᠠ ᠪᠦᠷᠢᠯᠳᠦᠭᠰᠡᠨ ᠰᠣᠶᠣᠯ ᠮᠥᠨ᠂ ᠤᠮᠠᠷᠠᠲᠤ ᠬᠢᠯᠢ᠎ᠶᠢᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠤᠶᠤᠨ ᠪᠢᠯᠢᠭ᠎ᠦᠨ ᠤᠬᠢ ᠪᠦᠲᠦᠭᠡᠯ ᠮᠥᠨ᠃ ᠲᠠᠯ᠎ᠠ ᠨᠤᠲᠤᠭ᠎ᠤᠨ ᠰᠣᠶᠣᠯ᠎ᠤᠨ ᠪᠠᠷᠢᠮᠲᠠᠯᠠᠵᠤ ᠪᠠᠢᠭ᠎ᠠ 《ᠪᠠᠢᠭᠠᠯᠢ᠎ᠶᠢ ᠡᠷᠬᠢᠮᠯᠡᠨ ᠳᠡᠭᠡᠳᠦᠯᠡᠵᠦ᠂ ᠨᠡᠭᠡᠭᠡᠯᠲᠡ᠎ᠶᠢ ᠦᠢᠯᠡᠳᠦᠯᠭᠡᠵᠢᠭᠦᠯᠵᠦ᠂ ᠢᠲᠡᠭᠡᠯ ᠵᠢᠷᠤᠮ᠎ᠢ ᠬᠢᠴᠢᠶᠡᠩᠭᠦᠢᠯᠡᠨ ᠰᠠᠬᠢᠬᠤ》 ᠣᠢᠯᠠᠭᠠᠭᠳᠠᠬᠤᠨ ᠨᠡᠢᠭᠡᠮ ᠵᠢᠷᠤᠮ᠎ᠤᠨ ᠭᠣᠣᠯᠯᠠᠭ᠍ᠴᠢ ᠥᠷᠲᠡᠭ᠎ᠦᠨ ᠦᠵᠡᠯᠲᠡ᠎ᠶᠢᠨ ᠦᠨᠳᠦᠰᠦᠲᠡᠨ᠎ᠦ ᠭᠠᠵᠠᠷ ᠣᠷᠣᠨ᠎ᠳᠠᠬᠢ ᠢᠯᠡᠳᠬᠡᠬᠦ ᠪᠠ ᠦᠢᠯᠡᠳᠦᠯᠭᠡᠵᠢᠭᠦᠯᠬᠦ ᠠᠷᠭ᠎ᠠ ᠮᠠᠶᠢᠭ᠋᠎ᠢ ᠰᠢᠨ᠎ᠡ᠎ᠪᠡᠷ ᠡᠭᠦᠳᠦᠨ ᠥᠷᠭᠡᠳᠬᠡᠵᠦ᠂ ᠳᠤᠮᠳᠠᠳᠤ᠎ᠶᠢᠨ ᠦᠨᠳᠦᠰᠦᠲᠡᠨ᠎ᠦ ᠣᠨᠴᠠᠭᠠᠢ ᠴᠢᠨᠠᠷ ᠪᠠ ᠲᠥᠷᠥᠯᠬᠢ ᠠᠪᠢᠶᠠᠰ᠎ᠢ ᠠᠮᠢᠳᠤᠯᠢᠭ᠋᠎ᠢᠶᠠᠷ ᠢᠯᠡᠷᠡᠭᠦᠯᠦᠨ ᠲᠠᠢᠯᠪᠤᠷᠢᠯᠠᠪᠠ᠂ ᠡᠨᠡ ᠪᠣᠯ ᠲᠠᠯ᠎ᠠ ᠨᠤᠲᠤᠭ᠎ᠤᠨ ᠰᠣᠶᠣᠯ᠎ᠤᠨ ᠤᠮᠠᠷᠠᠲᠤ ᠬᠢᠯᠢ᠎ᠶᠢᠨ ᠰᠣᠶᠣᠯ᠎ᠤᠨ ᠡᠯᠪᠡᠭ ᠪᠠᠶᠠᠯᠢᠭ᠋ ᠠᠭᠤᠯᠤᠭᠳᠠᠬᠤᠨ᠎ᠳᠤ ᠦᠵᠡᠭᠦᠯᠦᠭᠰᠡᠨ ᠡᠭᠦᠳᠦᠯᠲᠡ ᠪᠠ ᠬᠤᠪᠢ ᠨᠡᠮᠡᠷᠢ ᠪᠣᠯᠣᠨ᠎ᠠ᠂ ᠤᠮᠠᠷᠠᠲᠤ ᠬᠢᠯᠢ᠎ᠶᠢᠨ ᠰᠣᠶᠣᠯ᠎ᠤᠨ ᠥᠪᠡᠷᠮᠢᠴᠡ ᠤᠶᠤᠨ ᠰᠠᠨᠠᠭᠠᠨ᠎ᠤ ᠬᠡᠪ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠭᠰᠡᠨ ᠪᠥᠭᠡᠳ ᠪᠠᠰᠠ ᠴᠤ᠌ ᠲᠠᠯ᠎ᠠ ᠨᠤᠲᠤᠭ᠎ᠤᠨ ᠰᠣᠶᠣᠯ᠎ᠤᠨ ᠤᠮᠠᠷᠠᠲᠤ ᠬᠢᠯᠢ᠎ᠶᠢᠨ ᠰᠣᠶᠣᠯ᠎ᠳᠠᠬᠢ ᠥᠪᠡᠷᠮᠢᠴᠡ ᠣᠨᠴᠠᠯᠢᠭ᠋ ᠪᠣᠯᠣᠨ᠎ᠠ᠃

ᠲᠠᠯ᠎ᠠ ᠨᠤᠲᠤᠭ᠎ᠤᠨ ᠰᠣᠶᠣᠯ ᠤᠮᠠᠷᠠᠲᠤ ᠬᠢᠯᠢ᠎ᠶᠢᠨ ᠰᠣᠶᠣᠯ᠎ᠤᠨ ᠦᠨᠳᠦᠰᠦᠨ ᠵᠣᠷᠢᠭ᠋ ᠰᠠᠨᠠᠭ᠎ᠠ᠎ᠶᠢ ᠬᠢᠴᠢᠶᠡᠩᠭᠦᠢᠯᠡᠨ ᠰᠠᠬᠢᠵᠤ ᠬᠥᠭᠵᠢᠭᠦᠯᠪᠡ᠃ ᠮᠣᠩᠭᠣᠯ ᠮᠣᠷᠢᠨ᠎ᠤ ᠵᠣᠷᠢᠭ᠋ ᠰᠠᠨᠠᠭ᠎ᠠ ᠪᠠ 《ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ᠋ ᠰᠠᠨᠠᠭ᠎ᠠ》 ᠨᠢ ᠠᠵᠢᠯᠯᠠᠬᠣ ᠵᠤᠷᠢᠭ᠂ ᠴᠢᠷᠮᠠᠢᠬᠤ ᠵᠣᠷᠢᠭ᠋᠂ ᠲᠡᠰᠪᠦᠷᠢᠯᠡᠬᠦ ᠵᠣᠷᠢᠭ᠋᠎ᠲᠠᠢ ᠪᠠᠢᠬᠤ᠎ᠶᠢ ᠴᠢᠬᠤᠯᠠᠴᠢᠯᠠᠳᠠᠭ᠂ ᠳᠤᠮᠳᠠᠳᠤ᠎ᠶᠢᠨ ᠦᠨᠳᠦᠰᠦᠲᠡᠨ᠎ᠦ ᠵᠣᠷᠢᠭ᠋ ᠰᠠᠨᠠᠭᠠᠨ᠎ᠤ ᠴᠢᠬᠤᠯᠠ ᠪᠦᠷᠢᠯᠳᠦᠭᠦᠨ ᠬᠡᠰᠡᠭ ᠮᠥᠨ᠂ ᠨᠡᠢᠭᠡᠮ ᠵᠢᠷᠤᠮ᠎ᠤᠨ ᠭᠣᠣᠯᠯᠠᠭ᠍ᠴᠢ ᠥᠷᠲᠡᠭ᠎ᠦᠨ ᠦᠵᠡᠯᠲᠡ᠎ᠶᠢᠨ ᠥᠪᠥᠷ ᠮᠣᠩᠭᠣᠯ ᠣᠷᠣᠨ᠎ᠳᠠᠬᠢ ᠠᠮᠢᠳᠤᠯᠢᠭ᠋ ᠪᠣᠳᠠᠲᠤ ᠪᠠᠢᠳᠠᠯ ᠮᠥᠨ᠂ ᠲᠠᠯ᠎ᠠ ᠨᠤᠲᠤᠭ᠎ᠤᠨ ᠦᠨᠳᠦᠰᠦᠲᠡᠨ᠎ᠦ ᠵᠣᠷᠢᠭ᠋ ᠰᠠᠨᠠᠭᠠᠨ᠎ᠤ ᠲᠤᠬᠠᠢ ᠨᠢᠭᠡ ᠵᠦᠢᠯ᠎ᠦᠨ ᠲᠣᠬᠢᠷᠠᠮᠵᠢᠲᠠᠢ ᠵᠦᠢᠷᠯᠡᠯ ᠮᠥᠨ᠂ ᠶᠡᠷᠦᠩᠬᠡᠢ ᠱᠦᠵᠢ᠎ᠰᠢ᠎ᠶᠢᠨ ᠫᠢᠩ᠎ᠦᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠳᠦ ᠲᠠᠯᠪᠢᠭ᠍ᠰᠠᠨ ᠭᠦᠨ ᠵᠤᠵᠠᠭᠠᠨ ᠬᠠᠢᠷ᠎ᠠ ᠰᠡᠳᠬᠢᠯᠭᠡ ᠪᠠ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠠᠴᠢᠶᠠᠯᠠᠵᠤ᠂ ᠲᠠᠯ᠎ᠠ ᠨᠤᠲᠤᠭ᠎ᠤᠨ ᠬᠥᠪᠡᠭᠦᠳ ᠥᠬᠢᠳ᠎ᠦᠨ ᠵᠠᠮ ᠨᠡᠭᠡᠭᠡᠨ ᠤᠷᠤᠭᠰᠢᠯᠠᠬᠤ᠂ ᠴᠤᠴᠠᠯᠲᠠ ᠦᠭᠡᠢ ᠤᠷᠤᠭᠰᠢᠯᠠᠬᠤ᠂ ᠦᠨᠡᠨᠴᠢ ᠰᠢᠳᠤᠷᠭᠤ᠎ᠪᠠᠷ ᠬᠤᠪᠢ ᠨᠡᠮᠡᠷᠢ ᠦᠵᠡᠭᠦᠯᠬᠦ ᠵᠣᠷᠢᠭ᠋ ᠰᠠᠨᠠᠭᠠᠨ᠎ᠤ ᠬᠡᠪ ᠴᠢᠨᠠᠷ᠎ᠢ ᠨᠠᠷᠢᠨ ᠣᠨᠣᠪᠴᠢᠲᠠᠢ ᠲᠠᠢᠯᠪᠤᠷᠢᠯᠠᠵᠠᠢ᠂ ᠡᠨᠡ ᠪᠣᠯ ᠰᠢᠨ᠎ᠡ ᠴᠠᠭ ᠦᠶ᠎ᠡ᠎ᠳᠦ ᠨᠡᠢᠭᠡᠮ ᠵᠢᠷᠤᠮᠳᠦ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ ᠮᠥᠨ᠃

ᠲᠠᠯ᠎ᠠ ᠨᠤᠲᠤᠭ᠎ᠤᠨ ᠰᠣᠶᠣᠯ ᠪᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠦᠵᠡᠯ ᠰᠠᠨᠠᠭᠠᠨ᠎ᠤ ᠰᠠᠭᠤᠷᠢ ᠮᠥᠨ᠃ ᠲᠠᠯ᠎ᠠ ᠨᠤᠲᠤᠭ᠎ᠤᠨ ᠰᠣᠶᠣᠯ ᠬᠢᠭᠡᠳ ᠵᠦᠩᠶᠤᠸᠠᠨ ᠣᠷᠣᠨ᠎ᠤ ᠰᠣᠶᠣᠯ ᠤᠷᠳᠤ ᠬᠤᠭᠤᠴᠠᠭ᠎ᠠ᠎ᠪᠠᠷ ᠮᠥᠷᠭᠥᠯᠳᠦᠵᠦ᠂ ᠰᠣᠯᠢᠯᠴᠠᠵᠤ᠂ ᠰᠢᠩᠭᠡᠬᠡᠨ ᠠᠪᠴᠤ᠂ ᠠᠭᠤᠰᠤᠯᠴᠠᠵᠤ᠂ ᠳᠤᠮᠳᠠᠳᠤ ᠤᠯᠤᠰ᠎ᠤᠨ ᠨᠢᠭᠡᠳᠦᠭᠰᠡᠨ ᠤᠯᠠᠨ ᠦᠨᠳᠦᠰᠦᠲᠡᠨ᠎ᠲᠠᠢ ᠤᠯᠤᠰ᠎ᠤᠨ ᠪᠦᠷᠢᠯᠳᠦᠨ ᠪᠡᠬᠢᠵᠢᠬᠦ᠂ ᠳᠤᠮᠳᠠᠳᠤ᠎ᠶᠢᠨ ᠰᠣᠶᠣᠯ᠎ᠢ ᠤᠯᠠᠮᠵᠢᠯᠠᠨ ᠬᠥᠭᠵᠢᠭᠦᠯᠬᠦ᠎ᠳᠦ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠪᠠᠢᠨ᠎ᠠ᠃ ᠤᠮᠠᠷᠠᠲᠤ ᠬᠢᠯᠢ᠎ᠶᠢᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠡᠭᠦᠳᠦᠨ ᠪᠦᠲᠦᠭᠡᠭᠰᠡᠨ ᠲᠠᠯ᠎ᠠ ᠨᠤᠲᠤᠭ᠎ᠤᠨ ᠰᠣᠶᠣᠯ ᠪᠣᠯ ᠤᠮᠠᠷᠠᠲᠤ ᠬᠢᠯᠢ᠎ᠶᠢᠨ ᠭᠠᠵᠠᠷ ᠣᠷᠣᠨ᠎ᠤ ᠤᠯᠠᠨ ᠦᠨᠳᠦᠰᠦᠲᠡᠨ᠎ᠦ ᠶᠡᠬᠡ ᠠᠭᠤᠰᠤᠯᠴᠠᠯ᠂ ᠳᠤᠮᠳᠠᠳᠤ᠎ᠶᠢᠨ ᠰᠣᠶᠣᠯ ᠪᠣᠯᠣᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠯᠠᠨ ᠡᠰᠢᠲᠦ ᠨᠢᠭᠡ ᠴᠣᠭᠴᠠᠵᠢᠯᠲᠠ ᠵᠢᠨ ᠣᠨᠴᠠᠯᠢᠭ᠋᠎ᠤᠨ ᠠᠮᠢᠳᠤᠯᠢᠭ᠋ ᠢᠯᠡᠷᠡᠭᠦᠯᠦᠯ ᠮᠥᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠪᠠᠲᠤ ᠪᠡᠬᠢ ᠦᠵᠡᠯ ᠰᠠᠨᠠᠭᠠᠨ᠎ᠤ ᠰᠠᠭᠤᠷᠢ ᠮᠥᠨ᠃

ᠲᠠᠯ᠎ᠠ ᠨᠤᠲᠤᠭ᠎ᠤᠨ ᠰᠣᠶᠣᠯ᠎ᠤᠨ ᠠᠮᠢ ᠠᠬᠤᠢ᠎ᠶᠢᠨ ᠴᠢᠨᠠᠷ ᠤᠮᠠᠷᠠᠲᠤ ᠬᠢᠯᠢ᠎ᠶᠢᠨ ᠰᠣᠶᠣᠯ᠎ᠳᠤ ᠥᠪᠡᠷᠮᠢᠴᠡ ᠥᠩᠭᠡ ᠪᠤᠳᠤᠭ ᠨᠡᠮᠡᠷᠢᠯᠡᠪᠡ

ᠠᠮᠢ ᠠᠬᠤᠢ᠎ᠶᠢᠨ ᠴᠢᠨᠠᠷ ᠪᠣᠯ ᠲᠠᠯ᠎ᠠ ᠨᠤᠲᠤᠭ᠎ᠤᠨ ᠰᠣᠶᠣᠯ᠎ᠤᠨ ᠬᠠᠮᠤᠭ᠎ᠤᠨ ᠢᠯᠡᠷᠬᠡᠢ ᠣᠨᠴᠠᠯᠢᠭ᠋ ᠪᠠ ᠰᠢᠨᠵᠢ ᠴᠢᠨᠠᠷ ᠪᠣᠯᠣᠨ᠎ᠠ᠃ ᠣᠨᠴᠠᠭᠠᠶ ᠣᠷᠣᠰᠢᠨ ᠠᠮᠢᠳᠤᠷᠠᠬᠤ ᠣᠷᠴᠢᠨ ᠲᠣᠭᠣᠷᠢᠨ᠂ ᠠᠮᠢᠳᠤᠷᠠᠯ᠎ᠤᠨ ᠬᠡᠪ ᠵᠠᠭᠪᠤᠷ ᠡᠴᠡ ᠪᠣᠯᠵᠤ᠂ ᠲᠠᠯ᠎ᠠ ᠨᠤᠲᠤᠭ᠎ᠤᠨ ᠦᠨᠳᠦᠰᠦᠲᠡᠨ ᠡᠷᠲᠡᠨ᠎ᠡᠴᠡ᠎ᠪᠡᠨ ᠠᠪᠤᠭᠠᠳ ᠦᠢᠯᠡᠳᠪᠦᠷᠢᠯᠡᠯ᠂ ᠠᠮᠢᠳᠤᠷᠠᠯ᠎ᠤᠨ ᠠᠷᠭ᠎ᠠ ᠮᠠᠶᠢᠭ᠋ ᠪᠠ ᠣᠶᠤᠨ ᠰᠠᠨᠠᠭᠠᠨ᠎ᠤ ᠢᠲᠡᠭᠡᠯ ᠪᠢᠰᠢᠷᠡᠯ ᠂ ᠰᠣᠶᠣᠯ᠎ᠤᠨ ᠰᠡᠳᠬᠢᠴᠡ᠂ ᠥᠷᠲᠡᠭ᠎ᠦᠨ ᠣᠢᠯᠠᠭᠠᠭᠳᠠᠬᠤᠨ᠂ ᠪᠣᠳᠠᠰ᠎ᠤᠨ ᠬᠥᠭᠡᠭᠡᠴᠡᠯᠳᠦᠯ᠂ ᠭᠤᠸ᠎ᠠ ᠰᠠᠢᠬᠠᠨ᠎ᠤ ᠤᠷᠠᠯᠢᠭ᠋ ᠵᠡᠷᠭᠡ ᠡᠯ᠎ᠡ ᠳᠠᠪᠬᠤᠷᠭ᠎ᠠ᠎ᠳᠤ ᠪᠠᠢᠭᠠᠯᠢ᠎ᠶᠢ ᠡᠷᠬᠢᠮᠯᠡᠬᠦ᠂ ᠪᠠᠢᠭᠠᠯᠢ᠎ᠳᠤ ᠵᠣᠬᠢᠴᠠᠬᠤ᠂ ᠪᠠᠢᠭᠠᠯᠢ᠎ᠶᠢ ᠭᠣᠶᠣᠯᠠᠬᠤ᠂ ᠪᠠᠢᠭᠠᠯᠢ᠎ᠲᠠᠢ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠰᠣᠶᠣᠯ᠎ᠤᠨ ᠤᠯᠠᠮᠵᠢᠯᠠᠯ᠎ᠢ ᠪᠦᠷᠢᠯᠳᠦᠭᠦᠯᠦᠭᠰᠡᠨ ᠪᠠᠢᠨ᠎ᠠ᠃

ᠲᠠᠯ᠎ᠠ ᠨᠤᠲᠤᠭ᠎ᠤᠨ ᠰᠣᠶᠣᠯ᠎ᠳᠤ ᠠᠭᠤᠯᠤᠭᠳᠠᠵᠤ ᠪᠠᠢᠭ᠎ᠠ ᠠᠮᠢ ᠠᠬᠤᠢ᠎ᠶᠢᠨ ᠣᠢᠯᠠᠭᠠᠭᠳᠠᠬᠤᠨ ᠨᠢ ᠤᠮᠠᠷᠠᠲᠤ ᠬᠢᠯᠢ᠎ᠶᠢᠨ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠳᠤ ᠴᠢᠬᠤᠯᠠ ᠰᠡᠩᠬᠡᠷᠡᠭᠦᠯᠦᠯ ᠪᠠ ᠥᠯᠢᠭᠡᠷ ᠵᠢᠱ᠌ᠢᠶ᠎ᠡ ᠬᠠᠩᠭᠠᠪᠠ᠃ ᠠᠮᠢ ᠠᠬᠤᠢ ᠎ᠶᠢᠨ ᠴᠢᠨᠠᠷ ᠪᠣᠯ ᠤᠮᠠᠷᠠᠲᠤ ᠬᠢᠯᠢ᠎ᠶᠢᠨ ᠰᠣᠶᠣᠯ᠎ᠤᠨ ᠪᠤᠰᠤᠳ ᠰᠣᠶᠣᠯ ᠡᠴᠡ ᠢᠯᠭᠠᠭᠳᠠᠬᠤ ᠴᠢᠬᠤᠯᠠ ᠪᠡᠯᠭᠡ ᠲᠡᠮᠳᠡᠭ᠎ᠦᠨ ᠨᠢᠭᠡ ᠪᠣᠯᠬᠤ ᠪᠥᠭᠡᠳ ᠪᠠᠰᠠ ᠴᠤ᠌ ᠤᠮᠠᠷᠠᠲᠤ ᠬᠢᠯᠢ ᠎ᠶᠢᠨ ᠰᠣᠶᠣᠯ᠎ᠤᠨ ᠠᠮᠢᠵᠢᠷᠠᠯ᠎ᠤᠨ ᠬᠦᠴᠦᠨ᠎ᠲᠠᠢ ᠳᠠᠪᠠᠭᠤᠯᠢᠭ᠋ ᠲᠠᠯ᠎ᠠ ᠪᠣᠯᠬᠤ ᠶᠤᠮ᠃ ᠲᠠᠯ᠎ᠠ ᠨᠤᠲᠤᠭ᠎ᠤᠨ ᠰᠣᠶᠣᠯ᠎ᠳᠤ ᠠᠭᠤᠯᠤᠭᠳᠠᠵᠤ ᠪᠠᠢᠭ᠎ᠠ ᠠᠮᠢ ᠠᠬᠤᠢ᠎ᠶᠢᠨ ᠣᠢᠯᠠᠭᠠᠭᠳᠠᠬᠤᠨ ᠬᠢᠯᠢ ᠬᠢᠵᠠᠭᠠᠷ᠎ᠤᠨ ᠠᠮᠤᠷ ᠲᠣᠭᠲᠠᠭᠤᠨ᠂ ᠨᠡᠢᠭᠡᠮ᠎ᠦᠨ ᠠᠮᠤᠷ ᠲᠣᠭᠲᠠᠭᠤᠨ᠂ ᠠᠷᠠᠳ ᠲᠦᠮᠡᠨ᠎ᠦ ᠠᠮᠤᠷ ᠲᠣᠭᠲᠠᠭᠤᠨ᠎ᠢ ᠠᠬᠢᠭᠤᠯᠬᠤ᠂ ᠡᠬᠡ ᠤᠯᠤᠰ᠎ᠤᠨ ᠤᠮᠠᠷᠠᠲᠤ ᠶᠡᠬᠡ ᠬᠠᠭᠠᠯᠭ᠎ᠠ᠎ᠶᠢ ᠰᠠᠢᠲᠤᠷ ᠰᠠᠬᠢᠬᠤ᠂ ᠨᠡᠢᠰᠯᠡᠯ᠎ᠦᠨ ᠬᠤᠳᠠ ᠵᠢᠨ ᠬᠠᠮᠠᠭᠠᠯᠠᠯᠳᠠ ᠵᠢᠨ ᠭᠣᠣᠯ᠎ᠢ ᠰᠠᠢᠲᠤᠷ ᠰᠠᠬᠢᠬᠤ᠂ ᠨᠡᠢᠭᠡᠮ ᠵᠢᠷᠤᠮᠳᠦ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠨᠡᠩ ᠰᠠᠢᠲᠤᠷ ᠦᠢᠯᠡᠴᠢᠯᠡᠬᠦ ᠲᠠᠯ᠎ᠠ᠎ᠪᠠᠷ ᠢᠳᠡᠪᠬᠢᠲᠡᠢ ᠬᠤᠪᠢ ᠨᠡᠮᠡᠷᠢ ᠦᠵᠡᠭᠦᠯᠵᠦ ᠪᠠᠢᠬᠤ ᠪᠠᠷ ᠪᠠᠷᠠᠬᠤ ᠦᠭᠡᠢ ᠪᠠᠰᠠ ᠪᠦᠬᠦ ᠳᠡᠯᠡᠬᠡᠢ᠎ᠳᠦ ᠲᠤᠯᠭᠠᠷᠠᠵᠤ ᠪᠠᠢᠭ᠎ᠠ ᠠᠮᠢ ᠠᠬᠤᠢ᠎ᠶᠢᠨ ᠣᠷᠴᠢᠨ ᠲᠣᠭᠣᠷᠢᠨ᠎ᠤ ᠠᠰᠠᠭᠤᠳᠠᠯ᠎ᠢ ᠰᠢᠢᠳᠪᠦᠷᠢᠯᠡᠬᠦ ᠵᠢᠴᠢ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠠᠬᠢᠭᠤᠯᠬᠤ᠎ᠳᠤ ᠴᠢᠬᠤᠯᠠ ᠲᠣᠯᠢ᠂ ᠰᠡᠩᠬᠡᠷᠡᠭᠦᠯᠦᠯ ᠪᠠ ᠦᠯᠢᠭᠡᠷ ᠵᠢᠱ᠌ᠢᠶ᠎ᠡ ᠬᠠᠩᠭᠠᠭᠰᠠᠨ ᠪᠠᠢᠨ᠎ᠠ᠃ ᠠᠮᠢ ᠠᠬᠤᠢ᠎ᠶᠢ ᠲᠡᠷᠢᠭᠦᠨ᠎ᠳᠦ ᠲᠠᠯᠪᠢᠬᠤ᠂ ᠪᠣᠬᠢᠷᠲᠤᠯ ᠦᠭᠡᠢ ᠬᠥᠭᠵᠢᠯᠲᠡ᠎ᠶᠢᠨ ᠣᠢᠯᠠᠭᠠᠭᠳᠠᠬᠤᠨ᠎ᠢ ᠦᠢᠯᠡᠳᠦᠯᠭᠡᠵᠢᠭᠦᠯᠵᠦ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠎ᠳᠦ ᠮᠥᠨ ᠴᠦ᠍ ᠲᠠᠯ᠎ᠠ ᠨᠤᠲᠤᠭ᠎ᠤᠨ ᠠᠮᠢ ᠠᠬᠤᠢ᠎ᠶᠢᠨ ᠰᠣᠶᠣᠯ᠎ᠤᠨ ᠰᠢᠯᠢᠳᠡᠭ ᠰᠢᠮ᠎ᠡ ᠲᠡᠵᠢᠭᠡᠯ᠎ᠢ ᠢᠯᠭᠠᠷᠠᠭᠤᠯᠵᠤ᠂ ᠰᠢᠩᠭᠡᠬᠡᠨ ᠠᠪᠬᠤ ᠴᠢᠬᠤᠯᠠᠲᠠᠢ ᠶᠤᠮ ᠃

ᠲᠠᠯ᠎ᠠ ᠨᠤᠲᠤᠭ᠎ᠤᠨ ᠰᠣᠶᠣᠯ᠎ᠳᠤ ᠠᠭᠤᠯᠤᠭᠳᠠᠵᠤ ᠪᠠᠢᠭ᠎ᠠ ᠠᠮᠢ ᠠᠬᠤᠢ᠎ᠶᠢᠨ ᠤᠢᠯᠠᠭᠠᠬᠳᠠᠬᠤᠨ ᠨᠢ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠦᠲᠦᠭᠡᠨ ᠪᠠᠶ᠋ᠢᠭᠤᠯᠬᠤ᠂ ᠮᠠᠨ᠎ᠤ ᠣᠷᠣᠨ᠎ᠤ ᠠᠮᠢ ᠠᠬᠤᠢ᠎ᠶᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ᠎ᠶᠢ ᠠᠬᠢᠭᠤᠯᠬᠤ᠂ ᠴᠢᠨᠠᠷ ᠰᠠᠢᠲᠠᠢ ᠠᠮᠢ ᠠᠬᠤᠢ᠎ᠶᠢᠨ ᠣᠷᠴᠢᠨ ᠲᠣᠭᠣᠷᠢᠨ᠎ᠢᠶᠠᠷ ᠴᠢᠨᠠᠷ ᠰᠠᠢᠲᠠᠢ ᠬᠥᠭᠵᠢᠯᠲᠡ᠎ᠶᠢ ᠲᠤᠯᠭᠠᠭᠤᠷᠢᠯᠠᠭᠤᠯᠬᠤ᠂ ᠬᠥᠮᠥᠨ ᠬᠢᠭᠡᠳ ᠪᠠᠢᠭᠠᠯᠢ᠎ᠶᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠰᠠᠨ ᠣᠳᠣᠬᠢᠴᠢᠯᠠᠯᠲᠠ᠎ᠶᠢ ᠲᠦᠷᠭᠡᠳᠬᠡᠨ ᠠᠬᠢᠭᠤᠯᠬᠤ᠎ᠳᠤ ᠴᠢᠬᠤᠯᠠ ᠦᠵᠡᠯ ᠰᠠᠨᠠᠭᠠᠨ᠎ᠤ ᠰᠠᠭᠤᠷᠢ᠎ᠶᠢ ᠬᠠᠩᠭᠠᠭᠰᠠᠨ ᠪᠠᠢᠨ᠎ᠠ᠃ ᠲᠠᠯ᠎ᠠ ᠨᠤᠲᠤᠭ᠎ᠤᠨ ᠰᠣᠶᠣᠯ᠎ᠳᠤ ᠠᠭᠤᠯᠤᠭᠳᠠᠵᠤ ᠪᠠᠢᠭ᠎ᠠ ᠠᠮᠢ ᠠᠬᠤᠢ᠎ᠶᠢᠨ ᠣᠢᠯᠠᠭᠠᠭᠳᠠᠬᠤᠨ ᠨᠢ ᠬᠥᠮᠥᠰ᠎ᠦᠨ ᠣᠢᠯᠠᠭᠠᠭᠳᠠᠬᠤᠨ᠎ᠤ ᠬᠦᠷᠢᠶᠡᠨ᠎ᠳᠦ ᠢᠯᠡᠷᠡᠵᠦ ᠪᠠᠢᠬᠤ᠎ᠪᠠᠷ ᠪᠠᠷᠠᠬᠤ ᠦᠭᠡᠢ᠂ ᠪᠠᠰᠠ ᠤᠮᠠᠷᠠᠲᠤ ᠬᠢᠯᠢ᠎ᠶᠢᠨ ᠠᠷᠠᠳ ᠲᠦᠮᠡᠨ᠎ᠦ ᠦᠢᠯᠡᠳᠪᠦᠷᠢᠯᠡᠯ ᠠᠮᠢᠳᠤᠷᠠᠯ᠎ᠤᠨ ᠦᠢᠯᠡᠳᠦᠯᠭᠡ᠎ᠳᠦ ᠲᠤᠭᠤᠰᠢᠯᠠᠬᠳᠠᠵᠦ᠂ ᠨᠢᠭᠡᠨᠲᠡ ᠬᠥᠮᠥᠰ᠎ᠦᠨ ᠦᠶ᠋ᠯᠡ ᠠᠵᠢᠯᠯᠠᠭᠠᠨ᠎ᠤ ᠪᠠᠷᠢᠮᠵᠢᠶ᠎ᠠ ᠪᠠ ᠥᠷᠲᠡᠭ᠎ᠦᠨ ᠬᠡᠮᠵᠢᠭᠦᠷ ᠪᠣᠯᠤᠭᠰᠠᠨ ᠪᠠᠢᠨ᠎ᠠ᠃ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠦᠲᠦᠭᠡᠨ ᠪᠠᠶ᠋ᠢᠭᠤᠯᠬᠤ᠎ᠳᠤ᠂ ᠪᠠᠢᠭᠠᠯᠢ᠎ᠶᠢ ᠬᠦᠨᠳᠦᠳᠬᠡᠵᠦ᠂ ᠪᠠᠢᠭᠠᠯᠢ᠎ᠲᠠᠢ ᠵᠣᠬᠢᠴᠠᠵᠤ᠂ ᠪᠠᠢᠭᠠᠯᠢ᠎ᠶᠢ ᠬᠠᠮᠠᠭᠠᠯᠠᠵᠤ᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠢᠯᠠᠭᠠᠭᠳᠠᠬᠤᠨ᠎ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠬᠠᠮᠠᠭᠠᠯᠠᠬᠤ᠎ᠶᠢ ᠲᠡᠷᠢᠭᠦᠨ᠎ᠳᠦ ᠲᠠᠯᠪᠢᠬᠤ᠂ ᠠᠶᠠᠨᠳᠠᠭᠠᠨ ᠰᠡᠷᠭᠦᠭᠡᠬᠦ᠎ᠪᠡᠷ ᠭᠣᠣᠯ ᠪᠣᠯᠭᠠᠬᠤ ᠴᠢᠭᠯᠡᠯᠲᠡ᠎ᠶᠢ ᠪᠠᠷᠢᠮᠲᠠᠯᠠᠵᠤ᠂ ᠠᠮᠢ ᠠᠬᠤᠢ᠎ᠶᠢᠨ ᠰᠢᠰᠲᠧᠮ᠎ᠦᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ᠎ᠢ ᠳᠡᠭᠡᠭᠰᠢᠯᠡᠭᠦᠯᠵᠦ᠂ ᠪᠦᠬᠦ ᠣᠷᠣᠨ ᠪᠦᠰᠡ᠎ᠶᠢᠨ ᠠᠮᠢ ᠠᠬᠤᠢ᠎ᠶᠢᠨ ᠠᠮᠤᠷ ᠲᠦᠪᠰᠢᠨ᠎ᠦ ᠪᠠᠢᠷᠢᠰᠢᠯ᠎ᠢ ᠪᠠᠶ᠋ᠢᠭᠤᠯᠬᠤ ᠬᠡᠷᠡᠭᠲᠡᠢ᠃

ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠦᠨ ᠦᠨ᠎ᠡ ᠥᠷᠲᠡᠭ ᠪᠠ ᠠᠴᠢ ᠬᠣᠯᠪᠣᠭᠳᠠᠯ᠎ᠢ ᠪᠠᠶᠠᠯᠢᠭ᠍ᠵᠢᠭᠤᠯᠤᠨ ᠢᠯᠡᠷᠡᠭᠦᠯᠬᠦ ᠬᠡᠷᠡᠭᠲᠡᠢ

ᠨᠢᠭᠡ᠎ᠳᠦ ᠂ ᠰᠢ᠎ᠶᠢᠨ ᠫᠢᠩ ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠮᠵᠢ ᠪᠣᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠪᠡᠷ ᠭᠣᠣᠯ ᠰᠢᠵᠢᠮ ᠪᠣᠯᠭᠠᠵᠤ᠂ 《ᠲᠠᠪᠤᠨ ᠶᠡᠬᠡ ᠡᠭᠦᠷᠭᠡ》 ᠎ᠵᠢ ᠰᠠᠢᠲᠤᠷ ᠪᠡᠶᠡᠯᠡᠭᠦᠯᠬᠦ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ ᠪᠠᠷ ᠪᠦᠲᠦᠭᠡᠨ ᠪᠠᠶ᠋ᠢᠭᠤᠯᠬᠤ ᠵᠡᠷᠭᠡ ᠣᠨᠣᠯ᠎ᠤᠨ ᠪᠠ ᠪᠣᠳᠠᠲᠠᠢ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠠᠯᠢ ᠣᠯᠠᠨ ᠨᠡᠭᠡᠭᠡᠯᠲᠡ᠎ᠶᠢᠨ ᠴᠢᠨᠠᠷᠲᠠᠢ ᠰᠤᠳᠤᠯᠭᠠᠨ᠎ᠢᠶᠠᠷ ᠳᠡᠮᠵᠢᠨ᠂ ᠲᠠᠯ᠎ᠠ ᠨᠤᠲᠤᠭ᠎ᠤᠨ ᠰᠣᠶᠣᠯ᠎ᠤᠨ ᠳᠤᠮᠳᠠᠳᠤ᠎ᠶᠢᠨ ᠰᠣᠶᠣᠯ᠎ᠤᠨ ᠣᠯᠠᠨ ᠡᠰᠢᠲᠦ ᠨᠢᠭᠡ ᠴᠣᠭᠴᠠᠵᠢᠭ᠍ᠰᠠᠨ ᠪᠠᠢᠷᠢᠰᠢᠯ᠎ᠤᠨ ᠪᠦᠷᠢᠯᠳᠦᠨ ᠬᠥᠭᠵᠢᠬᠦ ᠶᠠᠪᠤᠴᠠ᠎ᠳᠠᠬᠢ ᠲᠡᠦᠬᠡᠨ ᠬᠤᠪᠢ ᠨᠡᠮᠡᠷᠢ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠬᠦ ᠳᠤᠮᠳᠠᠬᠢ ᠪᠣᠳᠠᠲᠤ ᠠᠴᠢ ᠬᠣᠯᠪᠣᠭᠳᠠᠯ ᠪᠠ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ ᠳᠤᠮᠳᠠᠬᠢ ᠴᠢᠬᠤᠯᠠ ᠦᠨ᠎ᠡ ᠥᠷᠲᠡᠭ ᠪᠠ ᠦᠢᠯᠡᠳᠦᠯ᠎ᠢ ᠤᠯᠠᠮ ᠨᠢᠭᠡ ᠠᠯᠬᠤᠮ ᠡᠮᠬᠢᠯᠡᠨ ᠲᠣᠳᠣᠷᠬᠠᠢᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠰᠤᠳᠤᠯᠬᠤ᠎ᠶᠢᠨ ᠲᠥᠯᠥᠭᠡ᠂ ᠤᠮᠠᠷᠠᠲᠤ ᠬᠢᠯᠢ᠎ᠶᠢᠨ ᠰᠣᠶᠣᠯ᠎ᠢ ᠰᠤᠳᠤᠯᠬᠤ᠂ ᠲᠠᠢᠯᠪᠤᠷᠢᠯᠠᠬᠤ᠂ ᠤᠬᠠᠭᠤᠯᠬᠤ᠂ ᠳᠡᠯᠭᠡᠷᠡᠭᠦᠯᠬᠦ᠎ᠳᠦ ᠥᠪᠡᠷᠮᠢᠴᠡ ᠣᠨᠴᠠᠯᠢᠭ᠋ ᠪᠦᠬᠦᠢ ᠡᠷᠳᠡᠮ ᠰᠢᠨᠵᠢᠯᠡᠭᠡᠨ᠎ᠦ ᠬᠠᠷᠠᠭᠠᠰᠤ᠎ᠶᠢ ᠨᠡᠭᠡᠭᠡᠨ᠎ᠡ᠃

ᠬᠣᠶᠠᠷ᠎ᠲᠤ᠂ ᠦᠨᠡᠨ᠎ᠢ ᠪᠠᠷᠢᠮᠲᠠᠯᠠᠨ ᠪᠣᠳᠠᠲᠤ ᠠᠵᠢᠯᠯᠠᠭ᠎ᠠ᠎ᠶᠢ ᠡᠷᠬᠢᠮᠯᠡᠬᠦ᠂ ᠲᠡᠦᠬᠡ᠎ᠶᠢ ᠬᠦᠨᠳᠦᠳᠬᠡᠬᠦ᠂ ᠰᠢᠨᠵᠢᠯᠡᠬᠦ ᠤᠬᠠᠭᠠᠨ᠎ᠳᠤ ᠦᠨᠡᠨᠴᠢ ᠰᠢᠳᠤᠷᠭᠤ᠂ ᠵᠣᠷᠢᠭ᠍ᠲᠠᠢ᠎ᠪᠠᠷ ᠰᠢᠨ᠎ᠡ᠎ᠶᠢ ᠡᠭᠦᠳᠬᠦ ᠡᠷᠳᠡᠮ ᠰᠢᠨᠵᠢᠯᠡᠭᠡᠨ᠎ᠦ ᠣᠪᠣᠷ᠎ᠢ ᠪᠠᠷᠢᠮᠲᠠᠯᠠᠵᠤ᠂ ᠲᠠᠯ᠎ᠠ ᠨᠤᠲᠤᠭ᠎ᠤᠨ ᠰᠣᠶᠣᠯ᠎ᠤᠨ ᠲᠤᠰ ᠪᠡᠶ᠎ᠡ᠎ᠶᠢᠨ ᠪᠦᠬᠦᠯᠢ ᠴᠣᠭᠴᠠ᠎ᠶᠢᠨ ᠣᠨᠴᠠᠯᠢᠭ᠋ ᠪᠠ ᠬᠥᠭᠵᠢᠯᠲᠡ ᠬᠤᠪᠢᠰᠤᠯᠲᠠ᠎ᠶᠢᠨ ᠵᠢᠮ᠎ᠡ ᠶᠣᠰᠣ᠌᠎ᠠᠴᠠ ᠭᠠᠷᠳᠠᠵᠤ᠂ ᠲᠠᠯ᠎ᠠ ᠨᠤᠲᠤᠭ᠎ᠤᠨ ᠰᠣᠶᠣᠯ᠎ᠤᠨ ᠠᠭᠤᠯᠤᠭᠳᠠᠬᠤᠨ᠂ ᠣᠨᠴᠠᠯᠢᠭ᠋ ᠰᠢᠨᠵᠢ᠂ ᠵᠣᠷᠢᠭ᠋ ᠰᠠᠨᠠᠭ᠎ᠠ᠎ᠶᠢ ᠤᠯᠠᠮ ᠭᠦᠨᠵᠡᠭᠡᠢ ᠰᠤᠳᠤᠯᠬᠤ᠎ᠶᠢᠨ ᠬᠠᠮᠲᠤ᠂ ᠤᠯᠤᠰ᠎ᠤᠨ ᠠᠰᠢᠭ᠋ ᠲᠤᠰᠠ᠎ᠶᠢᠨ ᠦᠨᠳᠦᠷᠴᠡ᠎ᠡᠴᠡ ᠲᠠᠯ᠎ᠠ ᠨᠤᠲᠤᠭ᠎ᠤᠨ ᠰᠣᠶᠣᠯ᠎ᠤᠨ ᠥᠷᠲᠡᠭ᠎ᠦᠨ ᠰᠢᠰᠲᠧᠮ᠎ᠢ ᠰᠤᠳᠤᠯᠵᠤ᠂ ᠲᠠᠯ᠎ᠠ ᠨᠤᠲᠤᠭ᠎ᠤᠨ ᠰᠣᠶᠣᠯ᠎ᠤᠨ ᠰᠢᠯᠢᠳᠡᠭ ᠤᠯᠠᠮᠵᠢᠯᠠᠯ᠎ᠤᠨ ᠳᠤᠮᠳᠠ᠎ᠠᠴᠠ ᠴᠠᠭ ᠦᠶ᠎ᠡ᠎ᠶᠢᠨ ᠱᠠᠭᠠᠷᠳᠠᠯᠭ᠎ᠠ᠎ᠳᠤ ᠨᠡᠢᠴᠡᠬᠦ ᠨᠠᠩ ᠣᠯᠠᠨ ᠥᠷᠲᠡᠭ᠎ᠦᠨ ᠣᠨᠣᠯᠵᠢᠬᠤᠨ᠎ᠢ ᠠᠭᠤᠳᠠᠯᠤᠨ ᠪᠣᠯᠪᠠᠰᠤᠷᠠᠭᠤᠯᠵᠤ᠂ ᠤᠮᠠᠷᠠᠲᠤ ᠬᠢᠯᠢ᠎ᠶᠢᠨ ᠰᠣᠶᠣᠯ᠎ᠤᠨ ᠭᠦᠨᠵᠡᠭᠡᠢ ᠠᠭᠤᠯᠤᠭᠳᠠᠬᠤᠨ᠎ᠢ ᠪᠠᠶᠠᠯᠢᠭ᠍ᠵᠢᠭᠤᠯᠤᠨ᠎ᠠ ᠃

ᠭᠤᠷᠪᠠ᠎ᠳᠤ᠂ ᠤᠤᠯ᠎ᠤᠨ ᠰᠤᠳᠤᠯᠭᠠᠨ᠎ᠤ ᠰᠠᠭᠤᠷᠢᠨ ᠳᠡᠭᠡᠷ᠎ᠡ᠂ ᠡᠷᠳᠡᠮ ᠰᠢᠨᠵᠢᠯᠡᠭᠡᠨ᠎ᠦ ᠬᠠᠷᠠᠭ᠎ᠠ᠎ᠪᠠᠨ ᠤᠯᠠᠮ ᠭᠦᠨᠵᠡᠭᠡᠢᠷᠡᠭᠦᠯᠦᠨ ᠥᠷᠭᠡᠳᠬᠡᠵᠦ᠂ ᠠᠮᠢ ᠠᠬᠤᠢ᠎ᠶᠢᠨ ᠣᠷᠴᠢᠨ ᠲᠣᠭᠣᠷᠢᠨ᠎ᠤ ᠤᠬᠠᠭᠠᠨ᠂ ᠠᠮᠢ ᠠᠬᠤᠢ᠎ᠶᠢᠨ ᠶᠣᠰᠣ᠌ ᠰᠤᠷᠲᠠᠬᠤᠨ᠎ᠤ ᠤᠬᠠᠭᠠᠨ᠂ ᠠᠮᠢ ᠠᠬᠤᠢ᠎ᠶᠢᠨ ᠠᠵᠤ ᠠᠬᠤᠢ᠎ᠶᠢᠨ ᠤᠬᠠᠭᠠᠨ᠎ᠤ ᠬᠠᠷᠠᠭᠠᠰᠤ᠎ᠠᠴᠠ ᠲᠠᠯ᠎ᠠ ᠨᠤᠲᠤᠭ᠎ᠤᠨ ᠠᠮᠢ ᠠᠬᠤᠢ᠎ᠶᠢᠨ ᠰᠠᠭᠤᠷᠢ ᠣᠨᠣᠯ᠎ᠤᠨ ᠰᠤᠳᠤᠯᠭᠠᠨ᠎ᠤ ᠲᠠᠯ᠎ᠠ᠎ᠪᠠᠷ ᠤᠮᠠᠷᠠᠲᠤ ᠬᠢᠯᠢ᠎ᠶᠢᠨ ᠠᠮᠢ ᠠᠬᠤᠢ᠎ᠶᠢᠨ ᠰᠣᠶᠣᠯ᠎ᠤᠨ ᠣᠨᠣᠯ᠎ᠤᠨ ᠰᠢᠰᠲᠧᠮ᠎ᠢ ᠴᠢᠷᠮᠠᠢᠨ ᠪᠠᠶ᠋ᠢᠭᠤᠯᠬᠤ᠎ᠶᠢᠨ ᠬᠠᠮᠲᠤ ᠬᠡᠷᠡᠭᠯᠡᠭᠡᠨ᠎ᠦ ᠰᠤᠳᠤᠯᠭᠠᠨ᠎ᠤ ᠲᠠᠯ᠎ᠠ᠎ᠪᠠᠷ ᠤᠮᠠᠷᠠᠲᠤ ᠬᠢᠯᠢ᠎ᠶᠢᠨ ᠠᠮᠢ ᠠᠬᠤᠢ ᠵᠢᠴᠢ ᠠᠮᠢ ᠠᠬᠤᠢ᠎ᠶᠢᠨ ᠰᠣᠶᠣᠯ᠎ᠤᠨ ᠣᠳᠣᠬᠢ ᠪᠠᠢᠳᠠᠯ᠂ ᠣᠲᠣ᠌ ᠦᠶ᠎ᠡ᠎ᠶᠢᠨ ᠦᠨ᠎ᠡ ᠥᠷᠲᠡᠭ᠂ ᠠᠴᠢ ᠬᠣᠯᠪᠣᠭᠳᠠᠯ ᠵᠢᠴᠢ ᠬᠥᠭᠵᠢᠯᠲᠡ᠂ ᠰᠢᠨ᠎ᠡ᠎ᠶᠢ ᠡᠭᠦᠳᠬᠦ ᠠᠷᠭ᠎ᠠ ᠪᠣᠳᠣᠯᠭ᠎ᠠ᠎ᠶᠢ ᠤᠯᠠᠮ ᠭᠦᠨᠵᠡᠭᠡᠢ ᠰᠤᠳᠤᠯᠦᠨ᠎ᠠ ᠃

ᠳᠥᠷᠪᠡ᠎ᠳᠦ᠂ ᠤᠮᠠᠷᠠᠲᠤ ᠬᠢᠯᠢ᠎ᠶᠢᠨ ᠦᠨᠳᠦᠰᠦᠲᠡᠨ᠎ᠨᠦᠭᠦᠳ᠎ᠦᠨ ᠬᠥᠭᠵᠢᠯᠲᠡ᠎ᠶᠢᠨ ᠲᠡᠦᠬᠡᠨ ᠶᠠᠪᠤᠴᠠ᠎ᠳᠤ ᠡᠭᠦᠳᠦᠨ ᠪᠦᠲᠦᠭᠡᠭᠰᠡᠨ ᠪᠠ ᠪᠦᠷᠢᠯᠳᠦᠭᠦᠯᠦᠭᠰᠡᠨ ᠰᠢᠯᠢᠳᠡᠭ ᠰᠣᠶᠣᠯ᠎ᠤᠨ ᠥᠪ᠎ᠢ ᠭᠦᠨᠵᠡᠭᠡᠢ ᠠᠭᠤᠳᠠᠯᠵᠤ᠂ ᠰᠤᠳᠤᠯᠵᠤ᠂ ᠤᠯᠠᠮᠵᠢᠯᠠᠨ ᠵᠠᠯᠭᠠᠮᠵᠢᠯᠠᠵᠤ᠂ ᠤᠯᠠᠮᠵᠢᠯᠠᠨ ᠳᠡᠯᠭᠡᠷᠡᠭᠦᠯᠦᠨ᠎ᠡ᠃ ᠡᠭᠦᠨ᠎ᠳᠦ ᠪᠣᠳᠠᠰ᠎ᠤᠨ ᠪᠠ ᠪᠣᠳᠠᠰ᠎ᠤᠨ ᠪᠤᠰᠤ ᠰᠣᠶᠣᠯ᠎ᠤᠨ ᠥᠪ ᠪᠠᠭᠲᠠᠨ᠎ᠠ᠂ ᠵᠢᠱ᠌ᠢᠶᠡᠯᠡᠪᠡᠯ ᠲᠡᠦᠬᠡ᠎ᠶᠢᠨ ᠳᠤᠷᠠᠰᠬᠠᠯᠲᠤ ᠵᠦᠢᠯ᠂ ᠦᠯᠡᠳᠡᠭᠳᠡᠯ ᠪᠠᠭᠤᠷᠢ᠂ ᠰᠤᠷᠪᠤᠯᠵᠢ ᠪᠢᠴᠢᠭ᠂ ᠠᠷᠠᠳ᠎ᠤᠨ ᠵᠠᠩ ᠦᠢᠯᠡ᠂ ᠪᠣᠳᠠᠰ᠎ᠤᠨ ᠪᠤᠰᠤ ᠰᠣᠶᠣᠯ᠎ᠤᠨ ᠥᠪ ᠵᠡᠷᠭᠡ ᠪᠠᠬᠳᠠᠨ᠎ᠠ᠃ ᠰᠣᠶᠣᠯ᠎ᠤᠨ ᠥᠪ᠎ᠢ ᠵᠠᠯᠭᠠᠮᠵᠢᠯᠠᠬᠤ ᠳᠤᠮᠳᠠ ᠬᠥᠭᠵᠢᠭᠦᠯᠵᠦ᠂ ᠬᠥᠭᠵᠢᠭᠦᠯᠬᠦ ᠳᠤᠮᠳᠠ ᠵᠠᠯᠭᠠᠮᠵᠢᠯᠠᠬᠤ᠎ᠶᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠰᠣᠶᠣᠯ᠎ᠢ ᠤᠯᠠᠮᠵᠢᠯᠠᠨ ᠬᠠᠮᠠᠭᠠᠯᠠᠬᠤ ᠪᠠ ᠰᠢᠨ᠎ᠡ᠎ᠶᠢ ᠡᠭᠦᠳᠦᠨ ᠠᠭᠤᠰᠤᠯᠴᠠᠭᠤᠯᠬᠤ᠎ᠶᠢ ᠠᠬᠢᠭᠤᠯᠵᠤ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠂ ᠰᠣᠶᠣᠯ᠎ᠤᠨ ᠪᠠᠢᠭᠤᠯᠤᠯᠲᠠ᠎ᠶᠢ ᠠᠬᠢᠭᠤᠯᠬᠤ᠂ ᠰᠣᠶᠣᠯ᠎ᠤᠨ ᠬᠠᠮᠲᠤ᠎ᠶᠢᠨ ᠲᠠᠨᠢᠯᠳᠠ᠎ᠶᠢ ᠨᠡᠮᠡᠭᠳᠡᠭᠦᠯᠬᠦ᠂ ᠦᠨᠳᠦᠰᠦᠲᠡᠨ᠎ᠨᠦᠭᠦᠳ᠎ᠦᠨ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠪᠠᠶ᠋ᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠴᠣᠭᠴᠠᠯᠠᠬᠣ᠂ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠪᠠᠶ᠋ᠢᠭᠤᠯᠬᠤ᠎ᠳᠤ ᠤᠶᠤᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠤᠨ᠎ᠠ᠃

ᠲᠠᠪᠤ᠎ᠳᠤ᠂ ᠲᠠᠯ᠎ᠠ ᠨᠤᠲᠤᠭ᠎ᠤᠨ ᠦᠨᠳᠦᠰᠦᠲᠡᠨ ᠬᠢᠭᠡᠳ ᠡᠷᠬᠢᠨ ᠲᠣᠭᠣᠷᠢᠨ᠎ᠤ ᠦᠨᠳᠦᠰᠦᠲᠡᠨ᠎ᠨᠦᠭᠦᠳ ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠎ᠤᠨ ᠲᠡᠦᠬᠡ᠎ᠶᠢ ᠦᠷᠭᠦᠯᠵᠢᠯᠡᠨ ᠭᠦᠨᠵᠡᠭᠡᠢ ᠰᠤᠳᠤᠯᠤᠨ᠎ᠠ ; ᠲᠠᠯ᠎ᠠ ᠨᠤᠲᠤᠭ᠎ᠤᠨ ᠰᠣᠶᠣᠯ᠎ᠤᠨ 《ᠨᠢᠭᠡ ᠪᠦᠰᠡ ᠨᠢᠭᠡ ᠵᠠᠮ》 ᠎ᠤᠨ ᠪᠦᠲᠦᠭᠡᠨ ᠪᠠᠢᠭᠤᠯᠤᠯᠲᠠ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶᠢᠨ ᠬᠣᠩᠭᠢᠯ᠎ᠤᠨ ᠪᠦᠲᠦᠭᠡᠨ ᠪᠠᠢᠭᠤᠯᠤᠯᠲᠠ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠬᠤ ᠵᠡᠷᠭᠡ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠪᠠ ᠣᠯᠠᠨ ᠤᠯᠤᠰ᠎ᠤᠨ ᠰᠣᠯᠢᠯᠴᠠᠭ᠎ᠠ᠎ᠶᠢᠨ ᠳᠤᠮᠳᠠᠬᠢ ᠠᠴᠢ ᠬᠣᠯᠪᠣᠭᠳᠠᠯ᠂ ᠦᠢᠯᠡᠳᠦᠯ᠎ᠢ ᠤᠯᠠᠮ ᠭᠦᠨᠵᠡᠭᠡᠢ ᠠᠭᠤᠳᠠᠯᠤᠨ᠎ᠠ; ᠲᠠᠯ᠎ᠠ ᠨᠤᠲᠤᠭ᠎ᠤᠨ ᠰᠣᠶᠣᠯ᠎ᠤᠨ ᠣᠲᠣ᠌ ᠦᠶ᠎ᠡ᠎ᠶᠢᠨ ᠦᠨ᠎ᠡ ᠥᠷᠲᠡᠭ᠎ᠢ ᠭᠣᠣᠯᠳᠠᠯᠭ᠎ᠠ᠎ᠲᠠᠢ ᠵᠠᠳᠠᠯᠤᠨ ᠲᠠᠢᠯᠪᠤᠷᠢᠯᠠᠵᠤ᠂ ᠬᠥᠮᠥᠨ ᠨᠡᠢᠭᠡᠮ᠎ᠦᠨ ᠦᠨ᠎ᠡ ᠥᠷᠲᠡᠭ᠂ ᠤᠯᠤᠰ᠎ᠤᠨ ᠠᠮᠤᠷ ᠲᠦᠪᠰᠢᠨ᠎ᠦ ᠦᠨ᠎ᠡ ᠥᠷᠲᠡᠭ᠂ ᠣᠯᠠᠨ ᠤᠯᠤᠰ᠎ᠤᠨ ᠬᠠᠷᠢᠴᠠᠭᠠᠨ᠎ᠤ ᠦᠨ᠎ᠡ ᠥᠷᠲᠡᠭ᠎ᠦᠨ ᠣᠯᠠᠨ ᠲᠠᠯ᠎ᠠ ᠎ᠠᠴᠠ ᠲᠠᠯ᠎ᠠ ᠨᠤᠲᠤᠭ᠎ᠤᠨ ᠰᠣᠶᠣᠯ᠎ᠤᠨ ᠣᠷᠣᠨ ᠪᠦᠰᠡ᠎ᠶᠢᠨ ᠠᠵᠤ ᠠᠬᠤᠢ ᠰᠣᠶᠣᠯ᠎ᠤᠨ ᠪᠦᠲᠦᠭᠡᠨ ᠪᠠᠢᠭᠤᠯᠤᠯᠲᠠ ᠪᠠ ᠤᠯᠤᠰ᠎ᠤᠨ ᠭᠠᠳᠠᠭᠠᠳᠤ ᠨᠡᠭᠡᠭᠡᠯᠲᠡ ᠳᠤᠮᠳᠠᠬᠢ ᠪᠣᠳᠠᠲᠤ ᠠᠴᠢ ᠬᠣᠯᠪᠣᠭᠳᠠᠯ᠂ ᠦᠨ᠎ᠡ ᠥᠷᠲᠡᠭ᠂ ᠳᠠᠯᠳᠠ ᠬᠦᠴᠦᠨ᠎ᠢ ᠵᠠᠳᠠᠯᠤᠨ ᠡᠮᠬᠢᠯᠡᠵᠦ᠂ ᠬᠤᠷᠢᠶᠠᠩᠭᠤᠢᠯᠠᠵᠤ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠦᠨ ᠦᠨ᠎ᠡ ᠥᠷᠲᠡᠭ ᠪᠠ ᠠᠴᠢ ᠬᠣᠯᠪᠣᠭᠳᠠᠯ᠎ᠢ ᠤᠯᠠᠮ ᠪᠠᠶᠠᠯᠢᠭ᠍ᠵᠢᠭᠤᠯᠤᠨ ᠢᠯᠡᠷᠡᠭᠦᠯᠦᠨ᠎ᠡ ᠃

ᠵᠢᠷᠭᠤᠭ᠎ᠠ᠎ᠳᠤ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ ᠪᠠ 《ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ᠋ ᠰᠠᠨᠠᠭ᠎ᠠ》 ᠪᠣᠯ ᠤᠮᠠᠷᠠᠲᠤ ᠬᠢᠯᠢ᠎ᠶᠢᠨ ᠰᠣᠶᠣᠯ᠎ᠤᠨ ᠦᠨᠳᠦᠰᠦᠨ ᠠᠭᠤᠯᠭ᠎ᠠ ᠪᠣᠯᠬᠤ ᠪᠥᠭᠡᠳ ᠲᠠᠯ᠎ᠠ ᠨᠤᠲᠤᠭ᠎ᠤᠨ ᠰᠣᠶᠣᠯ᠎ᠤᠨ ᠰᠤᠳᠤᠯᠭᠠᠨ᠎ᠤ ᠴᠢᠬᠤᠯᠠ ᠵᠥᠪᠯᠡᠬᠦ ᠰᠡᠳᠦᠪ ᠪᠣᠯᠣᠨ᠎ᠠ᠃ ᠮᠣᠩᠭᠣᠯ ᠮᠣᠷᠢᠨ᠎ᠤ ᠵᠣᠷᠢᠭ᠋ ᠰᠠᠨᠠᠭ᠎ᠠ ᠪᠣᠯᠣᠨ 《ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ᠋ ᠰᠠᠨᠠᠭ᠎ᠠ》ᠶ᠋ᠢ ᠰᠤᠳᠤᠯᠤᠨ ᠲᠠᠢᠯᠪᠤᠷᠢᠯᠠᠬᠤ ᠪᠠ ᠤᠬᠠᠭᠤᠯᠤᠨ ᠪᠠᠳᠠᠷᠠᠭᠤᠯᠬᠤ᠎ᠶᠢ ᠴᠢᠨᠠᠭᠰᠢᠳᠠ ᠴᠢᠩᠭᠠᠳᠬᠠᠵᠤ᠂ ᠤᠮᠠᠷᠠᠲᠤ᠎ᠶᠢᠨ ᠰᠣᠶᠣᠯ᠎ᠤᠨ ᠪᠠᠢᠭᠤᠯᠤᠯᠲᠠ᠎ᠳᠤ ᠬᠦᠴᠦᠷᠬᠡᠭ ᠶᠡᠬᠡ ᠤᠶᠤᠨ ᠰᠠᠨᠠᠭᠠᠨ᠎ᠤ ᠬᠥᠳᠡᠯᠭᠡᠬᠦ ᠬᠦᠴᠦᠨ ᠬᠠᠩᠭᠠᠨ᠎ᠠ ᠃

(ᠵᠣᠬᠢᠶᠠᠭ᠍ᠴᠢ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠲᠠᠯ᠎ᠠ ᠨᠤᠲᠤᠭ᠎ᠤᠨ ᠰᠣᠶᠣᠯ ᠰᠤᠳᠤᠯᠬᠤ ᠭᠠᠵᠠᠷ᠎ᠤᠨ ᠳᠠᠷᠤᠭ᠎ᠠ ᠂ ᠰᠤᠳᠤᠯᠤᠭ᠍ᠴᠢ )



  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面