2023-11-17 09:46:28
ᠰᠣᠶᠣᠯ ᠪᠣᠯ ᠠᠵᠤ ᠠᠬᠤᠢ ᠪᠠ ᠤᠯᠤᠰ ᠲᠥᠷᠥ᠎ᠶᠢᠨ ᠲᠤᠰᠬᠠᠯ ᠮᠥᠨ᠂ ᠨᠡᠢᠭᠡᠮ᠎ᠦᠨ ᠬᠠᠷᠢᠴᠠᠭᠠᠨ᠎ᠤ ᠴᠢᠬᠤᠯᠠ ᠪᠦᠷᠢᠯᠳᠦᠭᠦᠨ ᠬᠡᠰᠡᠭ ᠮᠥᠨ᠂ ᠬᠢᠯᠢ ᠬᠢᠵᠠᠭᠠᠷ᠎ᠤᠨ ᠵᠠᠰᠠᠯᠲᠠ᠎ᠶᠢᠨ ᠴᠢᠬᠤᠯᠠ ᠠᠭᠤᠯᠭ᠎ᠠ᠎ᠶᠢᠨ ᠨᠢᠭᠡ ᠪᠣᠯᠣᠨ᠎ᠠ᠃ ᠤᠮᠠᠷᠠᠲᠤ᠎ᠶᠢᠨ ᠬᠢᠯᠢ ᠬᠢᠵᠠᠭᠠᠷ᠎ᠤᠨ ᠬᠥᠭᠵᠢᠯᠲᠡ᠎ᠳᠦ ᠪᠣᠳᠠᠰ᠎ᠤᠨ ᠰᠠᠭᠤᠷᠢ ᠱᠠᠭᠠᠷᠳᠠᠭᠳᠠᠬᠤ᠎ᠪᠠᠷ ᠪᠠᠷᠠᠬᠤ ᠦᠭᠡᠢ᠂ ᠤᠶᠤᠨ᠎ᠤ ᠪᠠ ᠰᠣᠶᠣᠯ᠎ᠤᠨ ᠰᠠᠭᠤᠷᠢ ᠴᠤ᠌ ᠠᠳᠠᠯᠢᠬᠠᠨ᠎ᠢᠶᠠᠷ ᠳᠣᠣᠷ᠎ᠠ ᠵᠢᠱ᠌ᠢᠵᠦ ᠪᠣᠯᠣᠰᠢ ᠦᠭᠡᠢ ᠪᠠᠢᠷᠢᠨ᠎ᠳᠤ ᠤᠷᠤᠰᠢᠵᠦ ᠪᠠᠢᠳᠠᠭ᠃ ᠥᠪᠥᠷ ᠮᠣᠩᠭᠣᠯ ᠪᠦᠲᠦᠭᠡᠨ ᠪᠠᠢᠭᠤᠯᠤᠯᠲᠠ ᠪᠠ ᠬᠥᠭᠵᠢᠯᠲᠡ᠎ᠶᠢᠨ ᠶᠠᠪᠤᠴᠠ᠎ᠳᠤ᠂ ᠮᠠᠰᠢ ᠤᠯᠠᠨ ᠰᠣᠶᠣᠯ᠎ᠤᠨ ᠲᠠᠯ᠎ᠠ᠎ᠶᠢᠨ ᠠᠰᠠᠭᠤᠳᠠᠯ ᠪᠠ ᠥᠷᠢᠰᠦᠯᠳᠦᠭᠡᠨ᠎ᠳᠦ ᠲᠤᠯᠭᠠᠷᠠᠵᠤ ᠪᠤᠢ᠃ ᠨᠢᠭᠡᠨ ᠬᠤᠭᠤᠴᠠᠭᠠᠨ᠎ᠠ᠂ ᠥᠪᠥᠷ ᠮᠣᠩᠭᠣᠯ ᠤᠨ ᠣᠨᠴᠠᠯᠢᠭ᠋ ᠪᠦᠬᠦᠢ ᠰᠣᠶᠣᠯ᠎ᠤᠨ ᠠᠵᠤ ᠦᠢᠯᠡᠰ᠎ᠦᠨ ᠬᠥᠭᠵᠢᠯᠲᠡ ᠬᠥᠮᠥᠰ᠎ᠦᠨ ᠠᠩᠬᠠᠷᠤᠯ᠎ᠢ ᠲᠠᠲᠠᠭᠰᠠᠨ ᠠᠮᠵᠢᠯᠲᠠ ᠪᠦᠲᠦᠮᠵᠢ ᠤᠯᠤᠬᠰᠠᠨ ᠪᠤᠯᠪᠠᠴᠤ ᠪᠦᠬᠦᠯᠢ ᠴᠣᠭᠴᠠ᠎ᠶᠢᠨ ᠶᠠᠰᠤ ᠴᠢᠨᠠᠷ᠂ ᠬᠡᠪᠴᠢᠶ᠎ᠡ ᠬᠢᠷᠢ ᠲᠦᠪᠰᠢᠨ᠂ ᠠᠵᠤ ᠦᠢᠯᠡᠰ᠎ᠦᠨ ᠪᠦᠲᠦᠴᠡ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠠᠭᠤᠯᠤᠭᠳᠠᠴᠠ ᠵᠡᠷᠭᠡ ᠲᠠᠯ᠎ᠠ᠎ᠪᠠᠷ ᠮᠥᠨ ᠬᠦ᠌ ᠮᠠᠰᠢ ᠶᠡᠬᠡ ᠳᠡᠭᠡᠭᠰᠢᠯᠡᠭᠦᠯᠭᠦ ᠣᠷᠣᠨ ᠵᠠᠢᠲᠠᠢ ᠪᠠᠢᠨ᠎ᠠ᠂ ᠡᠭᠦᠨ᠎ᠦ ᠦᠨᠳᠦᠰᠦᠨ ᠰᠢᠯᠲᠠᠭᠠᠨ ᠨᠢ ᠮᠥᠨ ᠬᠦ᠌ ᠤᠮᠠᠷᠠᠲᠤ ᠬᠢᠯᠢ᠎ᠶᠢᠨ ᠣᠨᠴᠠᠯᠢᠭ᠍ᠲᠤ ᠰᠣᠶᠣᠯ᠎ᠤᠨ ᠲᠤᠬᠠᠢ ᠲᠠᠨᠢᠯᠲᠠ ᠭᠦᠨᠵᠡᠭᠡᠢ ᠪᠢᠰᠢ᠂ ᠰᠣᠶᠣᠯ᠎ᠤᠨ ᠡᠬᠢ ᠪᠠᠶᠠᠯᠢᠭ᠋᠎ᠢ ᠠᠭᠤᠳᠠᠯᠬᠤ ᠪᠠ ᠰᠣᠶᠣᠯ᠎ᠤᠨ ᠡᠯᠧᠮᠧᠨ᠋ᠲ᠎ᠢ ᠪᠤᠯᠪᠠᠰᠤᠷᠠᠭᠤᠯᠬᠤ ᠲᠠᠯ᠎ᠠ᠎ᠪᠠᠷ ᠨᠠᠷᠢᠯᠢᠭ᠋ ᠣᠨᠣᠴᠠᠲᠠᠢ ᠪᠢᠰᠢ ᠪᠠᠢᠵᠤ᠂ ᠲᠡᠭᠦᠨ᠎ᠦ ᠡᠬᠢ ᠪᠠᠶᠠᠯᠢᠭ᠋᠎ᠤᠨ ᠪᠠᠢᠷᠢ᠎ᠶᠢᠨ ᠡᠨᠧᠷᠭᠢ᠎ᠶᠢ ᠭᠦᠢᠴᠡᠳ ᠪᠠᠳᠠᠷᠠᠭᠤᠯᠵᠤ ᠴᠢᠳᠠᠭᠰᠠᠨ ᠦᠭᠡᠢ᠎ᠡᠴᠡ ᠪᠣᠯᠤᠭᠰᠠᠨ ᠶᠤᠮ᠃ ᠤᠮᠠᠷᠠᠲᠤ ᠬᠢᠯᠢ᠎ᠶᠢᠨ ᠣᠨᠴᠠᠯᠢᠭ᠍ᠲᠤ ᠰᠣᠶᠣᠯ᠎ᠤᠨ ᠠᠵᠤ ᠦᠢᠯᠡᠰ᠎ᠢ ᠬᠥᠭᠵᠢᠭᠦᠯᠬᠦ᠎ᠳᠦ ᠡᠷᠬᠡᠪᠰᠢ ᠤᠮᠠᠷᠠᠲᠤ ᠬᠢᠯᠢ᠎ᠶᠢᠨ ᠰᠣᠶᠣᠯ ᠪᠣᠯᠣᠨ ᠳᠤᠮᠳᠠᠳᠤ᠎ᠶᠢᠨ ᠰᠣᠶᠣᠯ᠎ᠤᠨ ᠬᠣᠭᠣᠷᠣᠨᠳᠣᠭᠢ ᠨᠢᠭ᠍ᠲᠠ ᠬᠠᠷᠢᠯᠴᠠᠭ᠎ᠠ᠎ᠶᠢ ᠭᠦᠨᠵᠡᠭᠡᠢ ᠲᠠᠨᠢᠵᠤ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠣᠨᠴᠠᠯᠢᠭ᠍ᠲᠤ ᠰᠣᠶᠣᠯ᠎ᠤᠨ ᠡᠬᠢ ᠪᠠᠶᠠᠯᠢᠭ᠋᠎ᠢ ᠠᠭᠤᠳᠠᠯᠵᠤ᠂ ᠬᠠᠷᠢᠴᠠᠭᠤᠯᠤᠭᠰᠠᠨ ᠳᠠᠪᠠᠭᠤᠯᠢᠭ᠋᠎ᠢ ᠡᠵᠡᠮᠳᠡᠵᠦ᠂ ᠤᠮᠠᠷᠠᠲᠤ ᠬᠢᠯᠢ ᠶᠢᠨ ᠰᠣᠶᠣᠯ ᠤᠨ ᠪᠠᠢᠭᠤᠯᠤᠯᠲᠠ᠎ᠶᠢ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠴᠢᠨᠠᠷ ᠰᠠᠢᠲᠠᠢ ᠠᠬᠢᠭᠤᠯᠬᠤ ᠬᠡᠷᠡᠭᠲᠡᠢ᠃
ᠰᠣᠶᠣᠯ᠎ᠤᠨ ᠪᠠᠢᠭᠤᠯᠤᠯᠲᠠ ᠴᠢᠨᠠᠷ ᠰᠠᠢᠲᠠᠢ ᠬᠥᠭᠵᠢᠯᠲᠡ᠎ᠳᠦ ᠣᠶᠤᠨ ᠰᠠᠨᠠᠭᠠᠨ᠎ᠤ ᠬᠥᠳᠡᠯᠭᠡᠬᠦ ᠬᠦᠴᠦᠨ ᠬᠠᠩᠭᠠᠨ᠎ᠠ
ᠰᠣᠶᠣᠯ᠎ᠤᠨ ᠪᠠᠢᠭᠤᠯᠤᠯᠲᠠ ᠪᠣᠯ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ ᠤᠶᠤᠨ ᠰᠠᠨᠠᠭᠠᠨ᠎ᠤ ᠲᠤᠯᠭᠠᠭᠤᠷᠢ ᠮᠥᠨ᠂ ᠲᠡᠭᠦᠨ᠎ᠦ ᠭᠣᠣᠯᠳᠠᠯᠭ᠎ᠠ ᠨᠢ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠪᠡᠷ ᠵᠢᠯᠣᠭᠣᠳᠤᠯᠭ᠎ᠠ ᠪᠤᠯᠭᠠᠵᠤ᠂ ᠰᠣᠶᠣᠯ᠎ᠤᠨ ᠰᠠᠭᠤᠷᠢ᠎ᠶᠢ ᠪᠡᠬᠢᠵᠢᠭᠦᠯᠵᠦ᠂ ᠤᠶᠤᠨ ᠰᠠᠨᠠᠭᠠᠨ᠎ᠤ ᠠᠤᠭ᠎ᠠ ᠬᠦᠴᠦᠨ᠎ᠢ ᠨᠢᠭ᠍ᠲᠠᠷᠠᠭᠤᠯᠬᠤ᠎ᠳᠤ ᠪᠤᠢ᠃ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠴᠢᠨᠠᠷ ᠰᠠᠢᠲᠠᠢ ᠬᠥᠭᠵᠢᠯᠲᠡ ᠨᠢ ᠦᠨᠳᠦᠰᠦᠲᠡᠨ᠎ᠨᠦᠭᠦᠳ᠎ᠦᠨ ᠤᠯᠠᠨ ᠲᠦᠮᠡᠨ ᠤ ᠪᠦᠯᠬᠦᠮᠳᠡᠨ ᠨᠢᠭᠡᠳᠴᠦ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠬᠠᠮᠲᠤ ᠪᠠᠷ ᠲᠡᠮᠡᠴᠡᠬᠦ᠎ᠶᠢ ᠱᠠᠭᠠᠷᠳᠠᠨ᠎ᠠ᠂ ᠡᠨᠡ ᠨᠢ ᠰᠣᠶᠣᠯ᠎ᠤᠨ ᠪᠠᠢᠭᠤᠯᠤᠯᠲᠠ᠎ᠶᠢᠨ ᠬᠠᠩᠭᠠᠭᠰᠠᠨ ᠤᠶᠤᠨ ᠰᠠᠨᠠᠭᠠᠨ᠎ᠤ ᠬᠥᠳᠡᠯᠭᠡᠬᠦ ᠬᠦᠴᠦᠨ᠎ᠡᠴᠡ ᠰᠠᠯᠵᠤ ᠴᠢᠳᠠᠬᠤ ᠦᠭᠡᠢ ᠶᠤᠮ᠃ ᠴᠢᠨᠠᠷ ᠰᠠᠢᠲᠠᠢ ᠬᠥᠭᠵᠢᠯᠲᠡ᠎ᠶᠢᠨ ᠰᠣᠶᠣᠯ᠎ᠤᠨ ᠪᠠᠢᠭᠤᠯᠤᠯᠲᠠ ᠶᠢᠨ ᠬᠠᠷᠠᠯᠲᠠ ᠨᠢ ᠨᠡᠢᠭᠡᠮ᠎ᠦᠨ ᠵᠣᠷᠢᠭ᠋ ᠰᠠᠨᠠᠭ᠎ᠠ᠎ᠶᠢ ᠨᠢᠭ᠍ᠲᠠᠷᠠᠭᠤᠯᠵᠤ᠂ ᠪᠦᠯᠬᠦᠮᠳᠡᠯ᠎ᠲᠠᠢ ᠡᠶ᠎ᠡ ᠵᠣᠬᠢᠴᠠᠩᠭᠤᠢ ᠨᠡᠢᠭᠡᠮ᠎ᠦᠨ ᠠᠭᠤᠷ ᠠᠮᠢᠰᠬᠤᠯ᠎ᠢ ᠪᠤᠢ ᠪᠤᠯᠭᠠᠬᠤ ᠬᠡᠷᠡᠭᠲᠡᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠨᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠳᠤᠮᠳᠠᠳᠤ᠎ᠶᠢᠨ ᠰᠣᠶᠣᠯ᠎ᠦᠨ ᠲᠠᠨᠢᠯᠳᠠ ᠵᠢ ᠲᠡᠭᠡᠭᠰᠢᠯᠡᠬᠦᠯᠵᠦ ᠂ ᠳᠤᠮᠳᠠᠳᠤ᠎ᠶᠢᠨ ᠰᠣᠶᠣᠯ᠎ᠢ ᠳᠤᠮᠳᠠᠳᠤ᠎ᠶᠢᠨ ᠬᠥᠪᠡᠭᠦᠳ ᠥᠬᠢᠳ ᠦᠨ ᠬᠠᠮᠲᠤ᠎ᠪᠠᠷ ᠡᠭᠦᠳᠦᠨ ᠪᠦᠲᠦᠭᠡᠭᠰᠡᠨ ᠦᠨᠳᠦᠰᠦᠲᠡᠨ᠎ᠦ ᠰᠦᠭ ᠰᠦᠨᠡᠰᠦ᠎ᠪᠡᠷ ᠦᠵᠡᠵᠦ ᠤᠢᠯᠠᠭᠠᠬᠤ ᠳ᠋ᠦ᠍ ᠲᠤᠰᠠᠯᠠᠬᠤ ᠪᠣᠯᠤᠨ᠎ᠠ᠃ ᠡᠭᠦᠨ᠎ᠦ ᠬᠠᠮᠲᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠨᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠡᠷᠬᠡ ᠲᠡᠭᠰᠢ ᠲᠠᠨᠢᠯᠲᠠ᠎ᠲᠠᠢ ᠪᠤᠯᠭᠠᠵᠤ᠂ ᠡᠭᠦᠨ᠎ᠦ ᠤᠯᠠᠮ᠎ᠠᠴᠠ ᠡᠷᠬᠡ ᠲᠡᠭᠰᠢ ᠴᠢᠨᠠᠷ᠎ᠤᠨ ᠰᠠᠭᠤᠷᠢᠨ ᠳᠡᠭᠡᠷ᠎ᠡ ᠰᠣᠶᠣᠯ᠎ᠤᠨ ᠤᠬᠠᠮᠰᠠᠷ᠎ᠢ ᠳᠡᠭᠡᠭᠰᠢᠯᠡᠬᠦᠯᠵᠦ᠂ ᠰᠣᠶᠣᠯ᠎ᠤᠨ ᠪᠠᠢᠭᠤᠯᠤᠯᠲᠠ᠎ᠶᠢᠨ ᠨᠢᠭ᠍ᠲᠠᠷᠠᠯ᠎ᠤᠨ ᠬᠦᠴᠦᠨ᠎ᠢ ᠴᠢᠩᠭᠠᠳᠬᠠᠵᠤ ᠴᠢᠳᠠᠨ᠎ᠠ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠨᠢ ᠪᠠᠰᠠ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠥᠲᠥᠯᠥᠨ ᠵᠢᠯᠤᠭᠣᠳᠴᠤ ᠨᠡᠢᠭᠡᠮ ᠵᠢᠷᠤᠮ᠎ᠤᠨ ᠭᠣᠣᠯᠯᠠᠬᠤ ᠦᠷᠳᠡᠭ᠎ᠦᠨ ᠦᠵᠡᠯᠲᠡ᠎ᠶᠢ ᠮᠡᠳᠡᠷᠡᠭᠦᠯᠬᠦ ᠪᠠ ᠨᠡᠢᠭᠡᠮ ᠵᠢᠷᠤᠮ᠎ᠤᠨ ᠭᠣᠣᠯᠯᠠᠬᠤ ᠥᠷᠲᠡᠭ᠎ᠦᠨ ᠦᠵᠡᠯᠲᠡ ᠵᠢ ᠦᠢᠯᠡᠳᠦᠯᠭᠡᠵᠢᠬᠦᠯᠦᠨᠠ᠃ ᠨᠡᠢᠭᠡᠮ ᠵᠢᠷᠤᠮ᠎ᠤᠨ ᠭᠣᠣᠯᠯᠠᠬᠤ ᠥᠷᠲᠡᠭ᠎ᠦᠨ ᠦᠵᠡᠯᠲᠡ ᠪᠡᠷ ᠬᠥᠲᠥᠯᠥᠨ ᠳᠠᠭᠠᠭᠤᠯᠤᠭᠰᠠᠨ ᠰᠣᠶᠣᠯ᠎ᠤᠨ ᠪᠠᠢᠭᠤᠯᠤᠯᠲᠠ ᠨᠢ ᠬᠦᠴᠦᠷᠬᠡᠭ ᠶᠡᠬᠡ ᠲᠠᠲᠠᠬᠤ ᠬᠦᠴᠦᠨ ᠪᠠ ᠨᠡᠢᠯᠡᠮᠡᠯ ᠬᠦᠴᠦᠨ᠎ᠲᠠᠢ ᠪᠠᠢᠵᠤ᠂ ᠠᠳᠠᠯᠢ ᠪᠤᠰᠤ ᠤᠯᠠᠮᠵᠢᠯᠠᠯᠲᠤ ᠦᠨᠳᠦᠰᠦᠲᠡᠨ᠎ᠦ ᠰᠣᠶᠣᠯ᠎ᠤᠨ ᠰᠢᠰᠲᠧᠮ᠎ᠳᠦ ᠠᠮᠢᠳᠤᠷᠠᠵᠤ ᠪᠠᠢᠭ᠎ᠠ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠵᠦ᠂ ᠳᠣᠲᠣᠭᠠᠳᠤ ᠨᠢᠭ᠍ᠲᠠᠷᠠᠯ᠎ᠤᠨ ᠬᠦᠴᠦᠨ ᠪᠤᠯᠭᠠᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ ᠴᠢᠳᠠᠨ᠎ᠠ᠃ ᠶᠡᠷᠦᠩᠬᠡᠢᠯᠡᠭᠡᠳ ᠬᠡᠯᠡᠪᠡᠯ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠨᠢ ᠦᠨᠳᠦᠰᠦᠲᠡᠨ᠎ᠨᠦᠭᠦᠳ᠎ᠦᠨ ᠰᠣᠶᠣᠯ᠎ᠤᠨ ᠬᠢᠷᠢ ᠭᠡᠮ᠎ᠢ ᠮᠡᠳᠡᠷᠡᠬᠦ ᠬᠡᠮᠵᠢᠶ᠎ᠡ᠎ᠶᠢ ᠳᠡᠭᠡᠭᠰᠢᠯᠡᠭᠦᠯᠵᠦ ᠴᠢᠳᠠᠬᠤ ᠪᠥᠭᠡᠳ ᠨᠡᠢᠭᠡᠮ ᠵᠢᠷᠤᠮ᠎ᠤᠨ ᠭᠣᠣᠯᠯᠠᠬᠤ ᠦᠷᠳᠡᠭ᠎ᠦᠨ ᠦᠵᠡᠯᠲᠡ᠎ᠪᠡᠷ ᠭᠣᠣᠯ ᠴᠥᠮ᠎ᠡ ᠪᠤᠯᠭᠠᠬ᠍ᠰᠠᠨ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠢ ᠨᠢᠭ᠍ᠲᠠᠷᠠᠭᠤᠯᠵᠤ᠂ ᠰᠣᠶᠣᠯ᠎ᠤᠨ ᠪᠠᠢᠭᠤᠯᠤᠯᠲᠠ᠎ᠶᠢᠨ ᠨᠢᠭ᠍ᠲᠠᠷᠠᠯ᠎ᠤᠨ ᠬᠦᠴᠦᠨ᠎ᠢ ᠴᠢᠩᠭᠠᠳᠬᠠᠵᠤ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠳᠦ ᠤᠶᠤᠨ ᠰᠠᠨᠠᠭᠠᠨ᠎ᠤ ᠲᠦᠰᠢᠭ ᠲᠤᠯᠭᠠᠭᠤᠷᠢ᠎ᠶᠢ ᠪᠤᠢ ᠪᠤᠯᠭᠠᠵᠤ᠂ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ ᠴᠢᠳᠠᠨ᠎ᠠ᠃
ᠤᠮᠠᠷᠠᠲᠤ ᠬᠢᠯᠢ᠎ᠶᠢᠨ ᠰᠣᠶᠣᠯ ᠤᠨ ᠪᠠᠢᠭᠤᠯᠤᠯᠲᠠ ᠪᠣᠯᠣᠨ ᠰᠣᠶᠣᠯ᠎ᠤᠨ ᠠᠵᠤ ᠦᠢᠯᠡᠰ᠎ᠦᠨ ᠵᠤᠬᠢᠴᠠᠨ ᠬᠥᠭᠵᠢᠬᠦ᠎ᠶᠢ ᠠᠬᠢᠭᠤᠯᠤᠨ᠎ᠠ
ᠰᠣᠶᠣᠯ᠎ᠤᠨ ᠠᠵᠤ ᠦᠢᠯᠡᠰ᠎ᠢ ᠬᠥᠭᠵᠢᠭᠦᠯᠬᠦ᠎ᠳᠦ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠦᠨᠡᠨ ᠪᠣᠳᠠᠲᠠᠢ ᠰᠣᠶᠣᠯ᠎ᠤᠨ ᠬᠡᠷᠡᠭᠴᠡᠭᠡ᠎ᠡᠴᠡ ᠡᠭᠦᠰᠴᠦ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠬᠠᠩᠭᠠᠬᠤ᠎ᠪᠠᠷ ᠵᠣᠷᠢᠯᠲᠠ ᠪᠠ ᠳᠤᠰᠤᠯᠳᠠ ᠪᠤᠯᠭᠠᠵᠤ᠂ ᠣᠨᠴᠠᠯᠢᠭ᠍ᠲᠤ ᠰᠣᠶᠣᠯ᠎ᠤᠨ ᠠᠵᠤ ᠦᠢᠯᠡᠰ᠎ᠢ ᠬᠥᠭᠵᠢᠭᠦᠯᠵᠦ᠂ ᠰᠣᠶᠣᠯ᠎ᠤᠨ ᠪᠦᠲᠦᠭᠡᠭᠳᠡᠬᠦᠨ ᠪᠣᠯᠣᠨ ᠦᠢᠯᠡᠴᠢᠯᠡᠭᠡ᠎ᠶᠢ ᠪᠠᠶᠠᠯᠢᠭ᠍ᠵᠢᠭᠤᠯᠬᠤ᠎ᠪᠠᠷ ᠬᠦᠴᠦᠯᠡᠬᠦ ᠴᠡᠭ ᠪᠤᠯᠭᠠᠵᠤ᠂ ᠦᠨᠳᠦᠰᠦᠲᠡᠨ᠎ᠨᠦᠭᠦᠳ᠎ᠦᠨ ᠳᠤᠮᠳᠠᠳᠤ᠎ᠶᠢᠨ ᠰᠣᠶᠣᠯ᠎ᠤᠨ ᠲᠤᠬᠠᠢ ᠲᠠᠨᠢᠯᠳᠠ᠎ᠶᠢ ᠲᠡᠭᠡᠭᠰᠢᠯᠡᠬᠦᠯᠬᠦ᠎ᠪᠡᠷ ᠡᠭᠦᠷᠭᠡ᠎ᠪᠡᠨ ᠪᠤᠯᠭᠠᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠦᠭᠦ ᠲᠠᠯ᠎ᠠ᠎ᠪᠠᠷ ᠳᠤᠭᠤᠰᠢᠯᠠᠭᠤᠯᠵᠦ᠂ ᠰᠢᠰᠲᠧᠮᠲᠦ ᠴᠢᠨᠠᠷ᠎ᠤᠨ ᠵᠠᠷᠴᠢᠮ᠎ᠢ ᠪᠠᠷᠢᠮᠲᠠᠯᠠᠵᠤ᠂ ᠪᠦᠲᠦᠭᠡᠯᠴᠢ ᠰᠡᠳᠬᠢᠮᠵᠢ ᠪᠠ ᠮᠡᠷᠭᠡᠵᠢᠯ᠎ᠢᠶᠡᠷ ᠣᠨᠴᠠᠯᠢᠬᠳᠦ ᠰᠣᠶᠣᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠬᠡᠪ ᠵᠠᠭᠪᠤᠷ ᠂ᠬᠡᠷᠡᠭᠯᠡᠭᠡᠨ᠎ᠦ ᠣᠷᠣᠨ ᠵᠠᠢ᠂ ᠤᠬᠠᠭᠤᠯᠭ᠎ᠠ᠎ᠶᠢᠨ ᠠᠷᠭ᠎ᠠ ᠵᠠᠮ᠂ ᠴᠢᠳᠠᠪᠤᠷᠢᠲᠠᠨ᠎ᠢ ᠬᠥᠮᠥᠵᠢᠭᠦᠯᠬᠦ ᠵᠡᠷᠭᠡ ᠪᠦᠭᠦ ᠲᠠᠯ᠎ᠠ᠎ᠪᠠᠷ ᠰᠢᠨ᠎ᠡ᠎ᠶᠢ ᠡᠭᠦᠳᠬᠦ ᠬᠥᠭᠵᠢᠯᠲᠡ᠎ᠶᠢ ᠠᠬᠢᠭᠤᠯᠵᠤ᠂ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ ᠪᠣᠯᠣᠨ ᠰᠣᠶᠣᠯ᠎ᠤᠨ ᠠᠵᠤ ᠦᠢᠯᠡᠰ᠎ᠦᠨ ᠵᠤᠬᠢᠴᠠᠨ ᠬᠥᠭᠵᠢᠬᠦ᠎ᠶᠢ ᠠᠬᠢᠭᠤᠯᠵᠤ᠂ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠰᠢᠰᠲᠧᠮ ᠪᠣᠯᠣᠨ ᠤᠳᠤ ᠦᠶ᠎ᠡ᠎ᠶᠢᠨ ᠰᠣᠶᠣᠯ᠎ᠤᠨ ᠠᠵᠤ ᠦᠢᠯᠡᠰ᠎ᠦᠨ ᠰᠢᠰᠲᠧᠮ᠎ᠢ ᠪᠠᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠰᠠᠨ ᠰᠠᠭᠤᠷᠢᠨ ᠳᠡᠭᠡᠷ᠎ᠡ ᠦᠨᠳᠦᠰᠦᠲᠡᠨ᠎ᠦ ᠰᠣᠶᠣᠯ᠎ᠤᠨ ᠵᠠᠬ᠎ᠠ ᠳᠡᠯᠭᠡᠭᠦᠷ᠎ᠢ ᠦᠷᠭᠦᠯᠵᠢᠯᠡᠨ ᠨᠡᠭᠡᠭᠡᠨ ᠬᠥᠭᠵᠢᠭᠦᠯᠵᠦ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ᠎ᠢ ᠳᠡᠭᠡᠭᠰᠢᠯᠡᠭᠦᠯᠬᠦ ᠬᠡᠷᠡᠭᠳᠡᠢ᠃
ᠤᠮᠠᠷᠠᠲᠤ ᠬᠢᠯᠢ᠎ᠶᠢᠨ ᠰᠣᠶᠣᠯ᠎ᠤᠨ ᠡᠬᠢ ᠪᠠᠶᠠᠯᠢᠭ᠋᠎ᠢ ᠶᠡᠬᠡ ᠲᠥᠯᠥᠪ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠋᠂ ᠪᠠᠶᠠᠷ ᠳᠤᠷᠠᠰᠬᠠᠯ᠎ᠤᠨ ᠰᠣᠶᠣᠯ᠎ᠤᠨ ᠡᠬᠢ ᠪᠠᠶᠠᠯᠢᠭ᠋᠂ ᠠᠷᠠᠳ᠎ᠤᠨ ᠭᠠᠷ ᠤᠷᠠᠯᠠᠯ᠎ᠤᠨ ᠡᠬᠢ ᠪᠠᠶᠠᠯᠢᠭ᠋᠂ ᠦᠨᠳᠦᠰᠦᠲᠡᠨ᠎ᠦ ᠤᠷᠠᠨ ᠲᠣᠬ᠍ᠯᠠᠯᠲᠠ᠎ᠶᠢᠨ ᠡᠬᠢ ᠪᠠᠶᠠᠯᠢᠭ᠋ ᠵᠡᠷᠭᠡ᠎ᠪᠡᠷ ᠠᠩᠭᠢᠯᠠᠵᠤ ᠪᠣᠯᠣᠨ᠎ᠠ᠃ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠋᠎ᠲᠤ ᠭᠣᠣᠯᠳᠠᠭᠤ ᠪᠠᠢᠭᠠᠯᠢ᠎ᠶᠢᠨ ᠠᠮᠢ ᠠᠬᠤᠢ᠎ᠶᠢᠨ ᠡᠬᠢ ᠪᠠᠶᠠᠯᠢᠭ᠋᠂ ᠦᠨᠳᠦᠰᠦᠲᠡᠨ᠎ᠦ ᠲᠡᠦᠬᠡ᠎ᠶᠢᠨ ᠥᠪ᠂ ᠣᠨᠴᠠᠯᠢᠭ᠍ᠲᠤ ᠵᠡᠭᠡᠯᠢ ᠪᠠᠯᠭᠠᠰᠤ ᠠᠢᠯ ᠲᠣᠰᠬᠣᠨ ᠵᠡᠷᠭᠡ᠎ᠶᠢ ᠪᠠᠭᠲᠠᠭᠠᠵᠤ᠂ ᠥᠪᠥᠷ ᠮᠣᠩᠭᠣᠯ᠎ᠤᠨ ᠠᠮᠢ ᠠᠬᠤᠢ᠎ᠶᠢᠨ ᠡᠬᠢ ᠪᠠᠶᠠᠯᠢᠭ᠋ ᠡᠯᠪᠡᠭ ᠪᠠᠶᠠᠯᠢᠭ᠋᠂ ᠣᠷᠴᠢᠨ ᠲᠣᠭᠣᠷᠢᠨ ᠭᠤᠶᠤ ᠰᠠᠢᠬᠠᠨ ᠪᠠᠢᠵᠤ᠂ ᠡᠯᠡᠰᠦ ᠮᠠᠩᠬ᠎ᠠ᠂ ᠲᠠᠯ᠎ᠠ ᠨᠤᠲᠤᠭ ᠂ ᠥᠨᠳᠥᠷᠯᠢᠭ ᠂ ᠭᠣᠣᠯ ᠨᠠᠭᠤᠷ᠂ ᠬᠡᠭᠡᠷ᠎ᠡ᠎ᠶᠢᠨ ᠠᠮᠢᠳᠠᠨ ᠤᠷᠭᠤᠮᠠᠯ ᠵᠡᠷᠭᠡ᠎ᠶᠢᠨ ᠡᠬᠢ ᠪᠠᠶᠠᠯᠢᠭ᠋ ᠲᠤᠢᠯ᠎ᠤᠨ ᠡᠯᠪᠡᠭ ᠪᠠᠶᠠᠯᠢᠭ᠋ ᠤᠯᠠᠨ ᠶᠠᠩᠵᠤ᠎ᠶᠢᠨ ᠪᠠᠢᠳᠠᠭ; ᠮᠠᠯᠵᠢᠬᠤ ᠣᠷᠣᠨ᠂ ᠰᠢᠭᠤᠢᠲᠤ ᠣᠷᠣᠨ᠎ᠳᠤ ᠮᠠᠰᠢ ᠤᠯᠠᠨ ᠦᠨᠳᠦᠰᠦᠲᠡᠨ᠎ᠦ ᠣᠨᠴᠠᠯᠢᠭ᠍ᠲᠤ ᠪᠠᠷᠢᠯᠭ᠎ᠠ᠎ᠶᠢᠨ ᠴᠣᠭᠴᠠ ᠪᠣᠯᠣᠨ ᠪᠠᠷᠢᠯᠭ᠎ᠠ᠎ᠨᠤᠭᠤᠳ᠂ ᠠᠷᠠᠳ᠎ᠤᠨ ᠵᠠᠩ ᠦᠢᠯᠡ᠂ ᠦᠨᠳᠦᠰᠦᠲᠡᠨ᠎ᠦ ᠳᠠᠭᠤᠤ ᠪᠥᠵᠢᠭ ᠵᠡᠷᠭᠡ ᠠᠭᠤᠯᠭ᠎ᠠ᠎ᠪᠠᠷ ᠪᠠᠶᠠᠯᠢᠭ᠋᠂ ᠦᠨ᠎ᠡ ᠦᠷᠳᠡᠭ᠎ᠢᠶᠡᠷ ᠲᠤᠢᠯ᠎ᠤᠨ ᠥᠨᠳᠥᠷ ᠰᠣᠶᠣᠯ᠎ᠤᠨ ᠡᠬᠢ ᠪᠠᠶᠠᠯᠢᠭ᠋᠎ᠢ ᠪᠦᠷᠢᠨ ᠪᠦᠲᠦᠨ ᠬᠠᠳᠠᠭᠠᠯᠠᠵᠤ᠂ ᠤᠮᠠᠷᠠᠲᠤ ᠬᠢᠯᠢ᠎ᠶᠢᠨ ᠦᠨᠳᠦᠰᠦᠲᠡᠨ᠎ᠨᠦᠭᠦᠳ᠎ᠦᠨ ᠭᠦᠨ ᠵᠤᠵᠠᠭᠠᠨ ᠨᠡᠢᠭᠡᠮ᠎ᠦᠨ ᠲᠡᠦᠬᠡᠨ ᠳᠦᠷᠰᠦ ᠪᠠᠢᠳᠠᠯ ᠪᠣᠯᠣᠨ ᠠᠷᠠᠳ᠎ᠤᠨ ᠵᠠᠩ ᠦᠢᠯᠡ᠎ᠶᠢ ᠬᠠᠷᠢᠴᠠᠩᠭᠤᠢ᠎ᠪᠠᠷ ᠪᠦᠷᠢᠨ ᠪᠦᠲᠦᠨ ᠬᠠᠳᠠᠭᠠᠯᠠᠵᠠᠢ᠃ ᠪᠠᠶᠠᠷ ᠳᠤᠷᠠᠰᠬᠠᠯ᠎ᠤᠨ ᠰᠣᠶᠣᠯ᠎ᠤᠨ ᠡᠬᠢ ᠪᠠᠶᠠᠯᠢᠭ᠋᠎ᠲᠤ ᠭᠣᠣᠯᠳᠠᠭᠤ ᠣᠲᠣ᠌ ᠪᠤᠯᠲᠠᠯ᠎ᠠ ᠤᠯᠠᠮᠵᠢᠯᠠᠭᠳᠠᠵᠤ ᠢᠷᠡᠭᠰᠡᠨ ᠤᠯᠠᠮᠵᠢᠯᠠᠯᠲᠤ ᠦᠨᠳᠦᠰᠦᠲᠡᠨ᠎ᠦ ᠰᠣᠶᠣᠯ᠎ᠤᠨ ᠪᠠᠶᠠᠷ ᠳᠤᠷᠠᠰᠬᠠᠯ ᠬᠢᠭᠡᠳ ᠦᠨᠳᠦᠰᠦᠲᠡᠨ᠎ᠦ ᠤᠯᠠᠮᠵᠢᠯᠠᠯᠳᠤ ᠰᠠᠭᠤᠷᠢᠯᠠᠨ ᠨᠡᠭᠡᠭᠡᠨ ᠬᠥᠭᠵᠢᠭᠦᠯᠦᠭᠰᠡᠨ ᠰᠢᠨ᠎ᠡ᠎ᠶᠢ ᠡᠭᠦᠳᠬᠦ ᠭᠡᠯᠪᠡᠷᠢ᠎ᠶᠢᠨ ᠣᠲᠣ᠌ ᠦᠶ᠎ᠡ᠎ᠶᠢᠨ ᠦᠨᠳᠦᠰᠦᠲᠡᠨ᠎ᠦ ᠰᠣᠶᠣᠯ᠎ᠤᠨ ᠪᠠᠶᠠᠷ ᠳᠤᠷᠠᠰᠬᠠᠯ ᠪᠠᠭᠲᠠᠨ᠎ᠠ ᠂ ᠡᠭᠦᠨ᠎ᠳᠦ ᠠᠭᠤᠯᠤᠭᠳᠠᠵᠤ ᠪᠠᠢᠭ᠎ᠠ ᠢᠳᠡᠪᠬᠢᠲᠡᠢ ᠥᠷᠲᠡᠭ᠎ᠦᠨ ᠦᠵᠡᠯᠲᠡ᠎ᠶᠢ ᠠᠭᠤᠳᠠᠯᠬᠤ ᠪᠠ ᠢᠯᠡᠷᠡᠭᠦᠯᠬᠦ᠎ᠶᠢ ᠴᠢᠬᠤᠯᠠᠴᠢᠯᠠᠵᠤ ᠂ ᠪᠠᠶᠠᠷ ᠳᠤᠷᠠᠰᠬᠠᠯ᠎ᠤᠨ ᠰᠣᠶᠣᠯ᠎ᠤᠨ ᠡᠬᠢ ᠪᠠᠶᠠᠯᠢᠭ᠋᠎ᠢ ᠪᠦᠲᠦᠭᠡᠯᠴᠢ᠎ᠪᠡᠷ ᠬᠤᠪᠢᠷᠠᠭᠤᠯᠬᠤ᠂ ᠰᠢᠨ᠎ᠡ᠎ᠶᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ᠎ᠶᠢ ᠠᠬᠢᠭᠤᠯᠬᠤ ᠬᠡᠷᠡᠭᠲᠡᠢ ᠃ ᠠᠷᠠᠳ᠎ᠤᠨ ᠭᠠᠷ ᠤᠷᠠᠯᠠᠯ᠎ᠤᠨ ᠡᠬᠢ ᠪᠠᠶᠠᠯᠢᠭ᠋᠎ᠤᠨ ᠲᠠᠯ᠎ᠠ᠎ᠪᠠᠷ᠂ ᠲᠡᠮᠦᠷᠯᠢᠭ᠂ ᠮᠣᠳᠣᠨ ᠡᠳ᠋ᠯᠡᠯ᠂ ᠴᠢᠯᠠᠭᠤᠨ ᠡᠳ᠋ᠯᠡᠯ᠂ ᠠᠷᠠᠰᠤᠨ ᠡᠳ᠋ᠯᠡᠯ ᠵᠡᠷᠭᠡ ᠲᠦᠷᠦᠯ ᠵᠦᠢᠯ᠎ᠦᠨ ᠳᠣᠲᠣᠷ᠎ᠠ᠂ ᠤᠮᠠᠷᠠᠲᠤ ᠬᠢᠯᠢ ᠬᠢᠵᠠᠭᠠᠷ ᠣᠷᠣᠨ᠎ᠤ ᠡᠯ᠎ᠡ ᠦᠨᠳᠦᠰᠦᠲᠡᠨ ᠪᠦᠷ ᠥᠪᠡᠷ᠎ᠦᠨ ᠥᠪᠡᠷᠮᠢᠴᠡ ᠣᠨᠴᠠᠯᠢᠭ᠋᠎ᠲᠠᠢ ᠭᠠᠷ ᠤᠷᠠᠯᠠᠯ᠎ᠤᠨ ᠮᠡᠷᠭᠡᠵᠢᠯ᠎ᠲᠠᠢ᠂ ᠵᠢᠱ᠌ᠢᠶᠡᠯᠡᠪᠡᠯ ᠨᠤᠮᠤ ᠰᠤᠮᠤᠦᠢᠯᠡᠳᠬᠦ᠂ ᠬᠤᠰᠤᠨ ᠮᠣᠳᠣᠨ᠎ᠤ ᠬᠠᠯᠢᠰᠤ᠎ᠪᠠᠷ ᠦᠢᠯᠡᠳᠬᠦ᠂ ᠠᠷᠠᠰᠤᠨ ᠤᠷᠠᠯᠠᠯ᠂ ᠬᠠᠳᠬᠤᠮᠠᠯ᠂ ᠴᠢᠯᠠᠭᠤᠨ ᠰᠡᠢᠯᠦᠮᠡᠯ᠂ ᠵᠡᠰ ᠮᠥᠩᠭᠥᠨ ᠡᠳ᠋ᠯᠡᠯ ᠵᠡᠷᠭᠡ ᠨᠢ ᠪᠦᠷ ᠤᠯᠤᠰ᠎ᠤᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠲᠦ ᠵᠢᠭ᠍ᠰᠠᠭᠠᠭᠳᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠳᠤ ᠠᠯᠳᠠᠷᠰᠢᠭ᠍ᠰᠠᠨ ᠶᠤᠮ᠃ ᠦᠨᠳᠦᠰᠦᠲᠡᠨ᠎ᠦ ᠲᠣᠬ᠍ᠯᠠᠯᠲᠠ᠎ᠶᠢᠨ ᠤᠷᠠᠯᠢᠭ᠋᠎ᠤᠨ ᠡᠬᠢ ᠪᠠᠶᠠᠯᠢᠭ᠋ ᠨᠢ ᠭᠣᠣᠯᠳᠠᠭᠤ ᠦᠨᠳᠦᠰᠦᠲᠡᠨ᠎ᠦ ᠰᠣᠶᠣᠯ᠎ᠤᠨ ᠦᠯᠢᠭᠡᠷᠲᠦ ᠲᠦᠰᠢᠭᠯᠡᠵᠦ᠂ ᠳᠠᠭᠤᠤ ᠬᠥᠭᠵᠢᠮ᠂ ᠪᠥᠵᠢᠭ᠂ ᠠᠷᠠᠳ᠎ᠤᠨ ᠵᠠᠩ ᠦᠢᠯᠡ᠎ᠶᠢᠨ ᠶᠣᠰᠣᠯᠠᠯ᠂ ᠦᠨᠳᠦᠰᠦᠲᠡᠨ᠎ᠦ ᠬᠤᠪᠴᠠᠰᠤ ᠵᠠᠰᠠᠯ ᠵᠢᠴᠢ ᠲᠠᠢᠰᠠᠨ᠎ᠤ ᠳ᠋ᠧᠩ᠎ᠦᠨ ᠤᠷᠠᠯᠢᠭ᠋᠂ ᠪᠦᠲᠦᠭᠡᠯᠴᠢ ᠵᠢᠷᠤᠭ ᠲᠥᠯᠥᠪᠯᠡᠭᠡ ᠵᠡᠷᠭᠡ᠎ᠶᠢ ᠨᠢᠭᠡ ᠴᠣᠭᠴᠠᠵᠢᠭᠤᠯᠤᠭᠰᠠᠨ ᠶᠡᠷᠦᠩᠬᠡᠢᠯᠡᠭᠰᠡᠨ ᠭᠡᠯᠪᠡᠷᠢ᠎ᠶᠢᠨ᠂ ᠰᠢᠨ᠎ᠡ᠎ᠶᠢ ᠡᠭᠦᠳᠬᠦ ᠭᠡᠯᠪᠡᠷᠢ᠎ᠶᠢᠨ ᠰᠣᠶᠣᠯ᠎ᠤᠨ ᠡᠬᠢ ᠪᠠᠶᠠᠯᠢᠭ᠋᠎ᠤᠨ ᠨᠡᠭᠡᠭᠡᠨ ᠬᠥᠭᠵᠢᠭᠦᠯᠬᠦ ᠵᠠᠭᠪᠤᠷ᠎ᠲᠤ ᠲᠦᠰᠢᠭᠯᠡᠨ᠎ᠡ᠃
ᠤᠮᠠᠷᠠᠲᠤ ᠬᠢᠯᠢ᠎ᠶᠢᠨ ᠰᠣᠶᠣᠯ᠎ᠤᠨ ᠣᠨᠴᠠᠯᠢᠭ᠍ᠲᠤ ᠠᠵᠤ ᠦᠢᠯᠡᠰ᠎ᠦᠨ ᠲᠠᠰ ᠳᠡᠪᠰᠢᠬᠦ᠎ᠶᠢ ᠪᠡᠶᠡᠯᠡᠭᠦᠯᠦᠨ᠎ᠡ
ᠣᠳᠣᠬᠠᠨ᠎ᠳᠤ᠂ ᠰᠣᠶᠣᠯ ᠬᠢᠭᠡᠳ ᠵᠢᠭᠤᠯᠴᠢᠯᠠᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠲᠠᠷᠢᠶᠠᠯᠠᠩ᠂ ᠠᠵᠤ ᠦᠢᠯᠡᠳᠪᠦᠷᠢ᠂ ᠰᠤᠷᠭᠠᠨ ᠬᠥᠮᠦᠵᠢᠯ᠂ ᠡᠮ ᠡᠮᠨᠡᠯᠭᠡ᠂ ᠮᠥᠩᠭᠥᠨ ᠭᠦᠢᠯᠭᠡᠭᠡ ᠵᠡᠷᠭᠡ ᠠᠵᠢᠯ ᠲᠥᠷᠥᠯ᠎ᠦᠨ ᠭᠦᠨᠵᠡᠭᠡᠢ ᠠᠭᠤᠰᠤᠯᠴᠠᠬᠤ᠎ᠶᠢ ᠳᠠᠭᠠᠯᠳᠤᠨ᠂ 《ᠰᠣᠶᠣᠯ +》 ᠂ 《+ ᠰᠣᠶᠣᠯ》᠎ᠤᠨ ᠪᠦᠭᠦ ᠠᠵᠤ ᠦᠢᠯᠡᠰ᠎ᠦᠨ ᠬᠡᠯᠬᠢᠶ᠎ᠡ᠂ ᠥᠷᠲᠡᠭ᠎ᠦᠨ ᠬᠡᠯᠬᠢᠶ᠎ᠡ᠎ᠶᠢᠨ ᠬᠥᠭᠵᠢᠯᠲᠡ᠎ᠶᠢᠨ ᠪᠠᠢᠳᠠᠯ ᠨᠠᠩ ᠢᠯᠡᠷᠬᠡᠢ ᠪᠣᠯᠵᠤ ᠪᠠᠢᠨ᠎ᠠ᠃ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢ ᠠᠬᠢᠭᠤᠯᠵᠤ᠂ ᠣᠨᠴᠠᠯᠢᠭ᠍ᠲᠤ ᠰᠣᠶᠣᠯ᠎ᠤᠨ ᠠᠵᠤ ᠦᠢᠯᠡᠰ᠎ᠢ ᠬᠥᠭᠵᠢᠭᠦᠯᠬᠦ᠎ᠳᠦ ᠡᠷᠬᠡᠪᠰᠢ ᠣᠨᠴᠠᠯᠢᠭ᠍ᠲᠤ ᠰᠣᠶᠣᠯ᠎ᠤᠨ ᠡᠬᠢ ᠪᠠᠶᠠᠯᠢᠭ᠋᠎ᠤᠨ ᠳᠠᠪᠠᠭᠤᠯᠢᠭ᠋᠎ᠲᠤ ᠲᠦᠰᠢᠭᠯᠡᠵᠦ᠂ ᠰᠣᠶᠣᠯ᠎ᠤᠨ ᠠᠵᠤ ᠦᠢᠯᠡᠰ ᠪᠣᠯᠣᠨ ᠵᠤᠭᠠᠴᠠᠯ᠂ ᠰᠢᠨᠵᠢᠯᠡᠬᠦ ᠤᠬᠠᠭᠠᠨ ᠮᠡᠷᠭᠡᠵᠢᠯ᠂ ᠲᠠᠷᠢᠶᠠᠯᠠᠩ᠎ᠤᠨ ᠬᠦᠴᠦᠷᠬᠡᠭ ᠨᠢ ᠬᠦᠴᠦᠷᠬᠡᠭᠲᠠᠢᠪᠡᠨ ᠬᠣᠯᠪᠣᠭᠠᠯᠠᠬᠤ᠎ᠶᠢ ᠠᠬᠢᠭᠤᠯᠵᠤ᠂ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ᠎ᠦᠨ ᠠᠭᠤᠰᠤᠯᠴᠠᠨ ᠬᠥᠭᠵᠢᠬᠦ᠎ᠶᠢ ᠬᠦᠴᠦᠲᠡᠢ ᠠᠬᠢᠭᠤᠯᠵᠤ᠂ ᠠᠵᠤ ᠦᠢᠯᠡᠰ᠎ᠦᠨ ᠬᠥᠭᠵᠢᠯᠲᠡ᠎ᠶᠢ ᠬᠠᠮᠲᠤ᠎ᠪᠠᠷ ᠳᠡᠮᠵᠢᠬᠦ ᠬᠡᠷᠡᠭᠲᠡᠢ᠃ ᠤᠮᠠᠷᠠᠲᠤ ᠬᠢᠯᠢ᠎ᠶᠢᠨ ᠰᠣᠶᠣᠯ᠎ᠤᠨ ᠣᠨᠴᠠᠯᠢᠭ᠍ᠲᠤ ᠠᠵᠤ ᠦᠢᠯᠡᠰ᠎ᠦᠨ ᠳᠡᠰ ᠳᠡᠪᠰᠢᠬᠦ᠎ᠶᠢ ᠠᠬᠢᠭᠤᠯᠵᠤ᠂ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠠ ᠠᠵᠤ ᠦᠢᠯᠡᠰ᠎ᠦᠨ ᠬᠤᠪᠢᠰᠤᠯᠲᠠ᠎ᠶᠢᠨ ᠠᠵᠠ ᠲᠣᠭᠢᠶᠠᠯ᠎ᠢ ᠠᠳᠬᠤᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠷᠡᠭᠯᠡᠭᠡ᠎ᠶᠢ ᠴᠢᠬᠤᠯᠠᠴᠢᠯᠠᠬᠤ ᠬᠡᠮᠵᠢᠶ᠎ᠡ᠎ᠪᠡᠨ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ᠎ᠦᠨ ᠣᠷᠣᠭᠤᠯᠤᠯᠲᠠ᠎ᠶᠢᠨ ᠡᠷᠴᠢᠮ᠎ᠢᠶᠡᠨ ᠴᠢᠩᠭᠠᠷᠠᠭᠤᠯᠵᠤ᠂ ᠰᠣᠶᠣᠯ ᠢ ᠤᠢᠯᠠᠭᠠᠬᠤ᠂ ᠮᠡᠷᠭᠡᠵᠢᠯ᠎ᠢ ᠤᠢᠯᠠᠭᠠᠬᠤ᠂ ᠵᠢᠭᠤᠯᠴᠢᠯᠠᠯ᠎ᠢ ᠤᠢᠯᠠᠭᠠᠬᠤ ᠬᠠᠮ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ᠂ ᠢᠨᠲᠧᠷ ᠰᠦᠯᠵᠢᠶ᠎ᠡ᠂ ᠡᠳ᠋ ᠪᠠᠷᠠᠭᠠᠨ᠎ᠤ ᠮᠡᠳᠡᠭᠡ ᠵᠠᠩᠭᠢ᠎ᠶᠢᠨ ᠰᠦᠯᠵᠢᠶ᠎ᠡ᠂ ᠲᠣᠮᠣ᠌ ᠳ᠋ᠠᠢᠲ᠋ᠠ᠂ ᠡᠭᠦᠯᠡᠨ ᠪᠣᠳᠣᠯᠲᠠ᠂ 5G ᠮᠡᠷᠭᠡᠵᠢᠯ᠂ ᠵᠣᠬᠢᠶᠠᠮᠠᠯ ᠣᠶᠤᠨ ᠴᠢᠳᠠᠪᠤᠷᠢ᠂ ᠴᠦᠷᠭᠦᠯᠡᠭᠡ ᠬᠡᠯᠬᠢᠶ᠎ᠡ ᠵᠡᠷᠭᠡ ᠳᠡᠭᠡᠳᠦ ᠰᠢᠨ᠎ᠡ ᠮᠡᠷᠭᠡᠵᠢᠯ᠎ᠦᠨ ᠰᠣᠶᠣᠯ ᠵᠢᠭᠤᠯᠴᠢᠯᠠᠯ᠎ᠤᠨ ᠬᠦᠷᠢᠶᠡᠨ᠎ᠳᠠᠬᠢ ᠰᠢᠨ᠎ᠡ᠎ᠶᠢ ᠡᠭᠦᠳᠦᠨ ᠬᠡᠷᠡᠭᠯᠡᠬᠦ᠎ᠶᠢ ᠢᠳᠡᠪᠬᠢᠲᠡᠢ ᠠᠬᠢᠭᠤᠯᠤᠨ᠎ᠠ᠃ ᠠᠭᠤᠯᠭ᠎ᠠ ᠶᠢᠨ ᠦᠢᠯᠡᠳᠪᠦᠷᠢᠯᠡᠯ ᠦᠨ ᠲᠠᠯ᠎ᠠ᠎ᠪᠠᠷ᠂ ᠲᠣᠭᠠᠴᠢᠯᠠᠭᠰᠠᠨ ᠪᠦᠲᠦᠭᠡᠯᠴᠢ ᠰᠡᠳᠬᠢᠮᠵᠢ᠂ ᠲᠣᠭᠠᠴᠢᠯᠠᠭᠰᠠᠨ ᠵᠤᠭ᠎ᠠ ᠴᠡᠩᠭᠡᠯ᠂ ᠰᠦᠯᠵᠢᠶᠡᠨ᠎ᠦ ᠦᠵᠡᠵᠦ ᠰᠣᠨᠣᠰᠬᠤ᠂ ᠰᠦᠯᠵᠢᠶᠡᠨ ᠳᠡᠭᠡᠷᠡᠬᠢ ᠲᠣᠬ᠍ᠯᠠᠯᠲᠠ ᠨᠡᠪᠲᠡᠷᠡᠭᠦᠯᠭᠡ᠂ ᠲᠣᠭᠠᠴᠢᠯᠠᠭᠰᠠᠨ ᠤᠷᠠᠯᠢᠭ᠋᠎ᠤᠨ ᠦᠵᠡᠭᠦᠯᠦᠯᠭᠡ ᠂ ᠪᠠᠶᠠᠴᠢᠯᠠᠨ ᠤᠢᠯᠠᠭᠠᠬᠤ ᠵᠡᠷᠭᠡ ᠰᠢᠨ᠎ᠡ ᠡᠵᠡᠩᠨᠡᠯᠲᠡ᠎ᠶᠢᠨ ᠭᠡᠯᠪᠡᠷᠢ ᠪᠠᠢᠳᠠᠯ᠎ᠢ ᠪᠣᠢᠵᠢᠭᠤᠯᠤᠨ᠎ᠠ ᠃
ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ ᠢ ᠤᠬᠠᠭᠤᠯᠤᠨ ᠳᠡᠯᠭᠡᠷᠡᠭᠦᠯᠬᠦ᠎ᠶᠢ ᠴᠢᠩᠭᠠᠳᠬᠠᠵᠤ᠂ ᠤᠮᠠᠷᠠᠲᠤ ᠬᠢᠯᠢ᠎ᠶᠢᠨ ᠰᠣᠶᠣᠯ᠎ᠤᠨ ᠵᠢᠭᠤᠯᠴᠢᠯᠠᠯ᠎ᠤᠨ ᠭᠠᠵᠠᠷ ᠂ ᠵᠢᠭᠤᠯᠴᠢᠯᠠᠯ᠎ᠤᠨ ᠰᠣᠳᠣᠨ ᠵᠠᠮ ᠱᠤᠭᠤᠮ᠂ ᠵᠢᠭᠤᠯᠴᠢᠯᠠᠯ᠎ᠤᠨ ᠰᠢᠨ᠎ᠡ ᠦᠢᠯᠡᠳᠬᠦᠨ᠎ᠢ ᠡᠵᠡᠩᠨᠡᠨ ᠪᠣᠷᠣᠯᠠᠭᠤᠯᠬᠤ᠎ᠶᠢ ᠴᠢᠩᠭᠠᠳᠬᠠᠵᠤ᠂ ᠤᠮᠠᠷᠠᠲᠤ ᠬᠢᠯᠢ ᠶᠢᠨ ᠰᠣᠶᠣᠯ᠎ᠤᠨ ᠵᠢᠭᠤᠯᠴᠢᠯᠠᠯ᠎ᠤᠨ ᠭᠠᠳᠠᠭᠠᠳᠤ ᠤᠬᠠᠭᠤᠯᠭ᠎ᠠ᠎ᠶᠢᠨ ᠠᠷᠭ᠎ᠠ ᠵᠠᠮ᠎ᠢ ᠥᠷᠭᠡᠳᠬᠡᠨ᠂ ᠡᠯ᠎ᠡ ᠵᠦᠢᠯ᠎ᠦᠨ ᠰᠣᠶᠣᠯ᠎ᠤᠨ ᠵᠢᠭᠤᠯᠴᠢᠯᠠᠯ᠎ᠤᠨ ᠠᠵᠢᠯᠯᠠᠭ᠎ᠠ᠎ᠶᠢᠨ ᠲᠠᠪᠴᠠᠩ᠎ᠢ ᠠᠰᠢᠭ᠍ᠯᠠᠨ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ ᠢᠤᠬᠠᠭᠤᠯᠤᠨ ᠲᠠᠨᠢᠯᠴᠠᠭᠤᠯᠬᠤ ᠠᠵᠢᠯ᠎ᠢ ᠰᠠᠢᠲᠤᠷ ᠬᠢᠨ᠎ᠡ ᠃ ᠰᠣᠶᠣᠯ᠎ᠤᠨ ᠳᠤᠷᠤᠯ ᠲᠡᠮᠳᠡᠭ᠎ᠦᠨ ᠡᠵᠡᠩᠨᠡᠨ ᠪᠣᠷᠣᠯᠠᠭᠤᠯᠬᠤ ᠠᠷᠭ᠎ᠠ ᠵᠠᠮ᠎ᠳᠤ ᠰᠢᠨ᠎ᠡ᠎ᠶᠢ ᠡᠭᠦᠳᠴᠦ᠂ 《ᠢᠨᠲᠧᠷ ᠰᠦᠯᠵᠢᠶ᠎ᠡ + ᠰᠣᠶᠣᠯ᠎ᠤᠨ ᠵᠢᠭᠤᠯᠴᠢᠯᠠᠯ 》᠎ᠤᠨ ᠡᠵᠡᠩᠨᠡᠨ ᠪᠣᠷᠣᠯᠠᠭᠤᠯᠬᠤ᠎ᠶᠢ ᠳᠡᠯᠭᠡᠷᠡᠭᠦᠯᠬᠦ ᠵᠠᠭᠪᠤᠷ᠎ᠲᠤ ᠢᠳᠡᠪᠬᠢᠲᠡᠢ᠎ᠪᠡᠷ ᠰᠢᠨ᠎ᠡ᠎ᠶᠢ ᠡᠭᠦᠳᠴᠦ᠂ 《ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ》 ᠬᠠᠷᠢᠯᠴᠠᠨ ᠦᠢᠯᠡᠳᠦᠯᠴᠡᠵᠦ ᠡᠵᠡᠩᠨᠡᠨ ᠪᠣᠷᠣᠯᠠᠭᠤᠯᠬᠤ᠂ ᠠᠭᠤᠰᠤᠯᠴᠠᠨ ᠡᠵᠡᠩᠨᠡᠨ ᠪᠣᠷᠣᠯᠠᠭᠤᠯᠬᠤ᠂ ᠨᠠᠷᠢᠯᠢᠭ᠋ ᠣᠨᠣᠴᠠᠲᠠᠢ᠎ᠪᠠᠷ ᠡᠵᠡᠩᠨᠡᠨ ᠪᠣᠷᠣᠯᠠᠭᠤᠯᠬᠤ ᠰᠢᠨ᠎ᠡ ᠰᠢᠰᠲᠸᠮ ᠢ᠋ᠪᠠᠢᠭᠤᠯᠤᠨᠠ ; ᠰᠣᠶᠣᠯ ᠵᠤᠭᠠᠴᠠᠯ᠎ᠤᠨ ᠤᠯᠠᠮᠵᠢᠯᠠᠯᠲᠤ ᠡᠵᠡᠩᠨᠡᠯᠲᠡ ᠪᠣᠷᠤᠯᠠᠭᠤᠯᠭ᠎ᠠ᠎ᠶᠢ ᠣᠶᠤᠨᠴᠢ ᠡᠵᠡᠩᠨᠡᠯᠲᠡ ᠪᠣᠷᠣᠯᠠᠭᠤᠯᠤᠯᠲᠠ ᠲᠡᠢᠰᠢ ᠬᠤᠪᠢᠷᠠᠭᠤᠯᠬᠤ᠎ᠶᠢ ᠲᠦᠷᠭᠡᠳᠬᠡᠵᠦ᠂ ᠲᠣᠮᠣ᠌ ᠳ᠋ᠠᠢᠲ᠋ᠠ᠂ ᠡᠭᠦᠯᠡᠨ ᠪᠣᠳᠣᠯᠲᠠ᠎ᠶᠢᠨ ᠮᠡᠷᠭᠡᠵᠢᠯ᠎ᠢ ᠭᠦᠢᠴᠡᠳ ᠠᠰᠢᠭ᠍ᠯᠠᠨ ᠥᠪᠥᠷ ᠮᠣᠩᠭᠣᠯ᠎ᠤᠨ ᠰᠣᠶᠣᠯ ᠵᠤᠭᠠᠴᠠᠯ᠎ᠤᠨ ᠲᠣᠮᠣ᠌ ᠳ᠋ᠠᠢᠲ᠋ᠠ᠎ᠳᠤ ᠤᠨᠢᠨ ᠳᠡᠭᠡᠷ᠎ᠡ ᠨᠢ ᠵᠠᠳᠠᠯᠤᠯᠲᠠ ᠬᠢᠵᠦ᠂ ᠤᠮᠠᠷᠠᠲᠤ ᠬᠢᠯᠢ᠎ᠶᠢᠨ ᠰᠣᠶᠣᠯ ᠣᠶᠤᠨᠲᠤ ᠰᠣᠶᠣᠯ ᠵᠤᠭᠠᠴᠠᠯ᠎ᠤᠨ ᠡᠵᠡᠩᠨᠡᠯᠲᠡ ᠪᠣᠷᠤᠯᠠᠭᠤᠯᠭ᠎ᠠ᠎ᠶᠢᠨ ᠰᠢᠨ᠎ᠡ ᠰᠢᠰᠲᠸᠮ᠎ᠢ ᠪᠠᠶ᠋ᠢᠭᠤᠯᠬᠤ ᠭᠡᠷᠡᠭᠲᠡᠢ; ᠰᠦᠯᠵᠢᠶ᠎ᠡ᠂ ᠬᠤᠪᠢ᠎ᠶᠢᠨ ᠵᠠᠭᠤᠴᠢᠯᠠᠭᠤᠷ᠂ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ᠂ ᠬᠠᠮ ᠵᠠᠭᠤᠴᠢᠯᠠᠭᠤᠷ ᠵᠡᠷᠭᠡ ᠵᠠᠭᠤᠴᠢᠯᠠᠭᠤᠷ᠎ᠢ ᠬᠡᠷᠡᠭᠯᠡᠨ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠦᠨ ᠤᠬᠠᠭᠤᠯᠭ᠎ᠠ᠎ᠶᠢᠨ ᠮᠠᠲᠧᠷᠢᠶᠠᠯ᠎ᠢ ᠬᠦᠴᠦᠯᠡᠨ ᠪᠤᠶ ᠪᠤᠯᠭᠠᠵᠤ᠂ ᠢᠨᠲᠧᠷ ᠰᠦᠯᠵᠢᠶᠡᠨ᠎ᠦ ᠲᠦᠮᠡᠨ ᠳ᠋ᠦᠩᠰᠢᠭᠤᠷ᠎ᠤᠨ ᠤᠷᠤᠰᠴᠠ᠎ᠶᠢ ᠳᠠᠶ᠋ᠢᠴᠢᠯᠠᠨ᠎ᠠ ᠃ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠣᠷᠣᠨ ᠵᠠᠢ᠎ᠶᠢ ᠥᠷᠭᠡᠳᠬᠡᠨ᠂ ᠥᠪᠥᠷ ᠮᠣᠩᠭᠣᠯ᠎ᠤᠨ ᠠᠮᠢ ᠠᠬᠤᠢ᠂ ᠦᠨᠳᠦᠰᠦᠲᠡᠨ᠂ ᠬᠢᠯᠢ ᠬᠢᠵᠠᠭᠠᠷ ᠣᠷᠣᠨ ᠵᠡᠷᠭᠡ᠎ᠶᠢᠨ ᠳᠠᠪᠠᠭᠤᠯᠢᠭ᠋᠎ᠢ ᠳᠣᠪᠤᠶ᠋ᠢᠯᠭᠠᠵᠤ᠂ ᠵᠣᠴᠢᠳ᠎ᠤᠨ ᠢᠷᠡᠯᠲᠡ᠎ᠶᠢᠨ ᠭᠣᠣᠯᠯᠠᠬᠤ ᠵᠠᠬ᠎ᠠ ᠳᠡᠯᠭᠡᠭᠦᠷ᠎ᠢ ᠦᠷᠭᠦᠯᠵᠢᠯᠡᠨ ᠪᠡᠬᠢᠵᠢᠭᠦᠯᠵᠦ ᠂ ᠰᠢᠨ᠎ᠡ ᠪᠡᠷ ᠪᠤᠶ ᠪᠣᠯᠤᠭᠰᠠᠨ ᠵᠣᠴᠢᠳ᠎ᠤᠨ ᠢᠷᠡᠯᠲᠡ᠎ᠶᠢᠨ ᠵᠠᠬ᠎ᠠ ᠳᠡᠯᠭᠡᠭᠦᠷ᠎ᠢ ᠢᠳᠡᠪᠬᠢᠲᠡᠢ᠎ᠪᠡᠷ ᠥᠷᠭᠡᠳᠬᠡᠨ᠂ ᠵᠣᠴᠢᠳ᠎ᠤᠨ ᠢᠷᠡᠯᠲᠡ᠎ᠶᠢᠨ ᠳᠠᠯᠳᠠ ᠵᠠᠬ᠎ᠠ ᠳᠡᠯᠭᠡᠭᠦᠷ᠎ᠢ ᠨᠠᠷᠢᠨ ᠨᠢᠮᠪᠠᠢ ᠪᠣᠢᠵᠢᠭᠤᠯᠵᠤ ᠂ ᠬᠢᠯᠢ᠎ᠶᠢᠨ ᠭᠠᠳᠠᠨᠠᠬᠢ ᠵᠢᠭᠤᠯᠴᠢᠯᠠᠯ᠎ᠤᠨ ᠡᠵᠡᠩᠨᠡᠨ ᠪᠣᠷᠣᠯᠠᠭᠤᠯᠬᠤ ᠲᠥᠪ ᠪᠠ ᠵᠢᠭᠤᠯᠴᠢᠯᠠᠯ᠎ᠤᠨ ᠳᠦᠷᠢ ᠲᠥᠷᠬᠦ᠎ᠶᠢᠨ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠦᠨ ᠵᠣᠴᠢᠳ᠎ᠤᠨ ᠢᠷᠡᠯᠲᠡ᠎ᠶᠢᠨ ᠭᠣᠣᠯ ᠵᠠᠬ᠎ᠠ ᠳᠡᠯᠭᠡᠭᠦᠷ᠎ᠲᠠᠬᠢ ᠡᠵᠡᠩᠨᠡᠨ ᠪᠣᠷᠣᠯᠠᠭᠤᠯᠤᠯᠲᠠ᠎ᠶᠢ ᠳᠡᠯᠭᠡᠷᠡᠭᠦᠯᠬᠦ ᠡᠷᠴᠢᠮ᠎ᠢ ᠴᠢᠩᠭᠠᠷᠠᠭᠤᠯᠤᠨ᠎ᠠ᠃ ᠤᠮᠠᠷᠠᠲᠤ ᠬᠢᠯᠢ᠎ᠶᠢᠨ ᠰᠣᠶᠣᠯ᠎ᠤᠨ ᠣᠨᠴᠠᠯᠢᠭ᠍ᠲᠤ ᠠᠵᠤ ᠦᠢᠯᠡᠰ ᠦᠨ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠠᠮᠲᠤᠷᠠᠯᠴᠠᠭ᠎ᠠ᠎ᠶᠢ ᠴᠢᠩᠭᠠᠳᠬᠠᠵᠤ᠂ ᠤᠯᠤᠰ ᠤᠨ ᠳᠣᠲᠣᠭᠠᠳᠤ᠎ᠶᠢᠨ ᠣᠷᠣᠨ ᠪᠦᠰᠡ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠮᠤᠵᠢ ᠬᠤᠳᠠ ᠣᠷᠣᠨ ᠠᠯᠤᠰᠯᠠᠭᠰᠠᠨ ᠰᠣᠶᠣᠯ᠎ᠤᠨ ᠰᠣᠯᠢᠯᠴᠠᠭᠠᠨ᠎ᠤ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠵᠦ᠂ ᠮᠤᠵᠢ ᠣᠷᠣᠨ ᠠᠯᠤᠰᠯᠠᠭᠰᠠᠨ ᠰᠣᠳᠣᠨ ᠰᠣᠶᠣᠯ ᠵᠤᠭᠠᠴᠠᠯ᠎ᠤᠨ ᠵᠠᠮ ᠱᠤᠭᠤᠮ᠎ᠢ ᠪᠣᠢᠵᠢᠭᠤᠯᠤᠨ ᠡᠭᠦᠳᠴᠦ᠂ ᠤᠯᠤᠰ᠎ᠤᠨ ᠳᠣᠲᠣᠭᠠᠳᠤ᠎ᠶᠢᠨ ᠰᠣᠶᠣᠯ᠎ᠤᠨ ᠠᠵᠤ ᠦᠢᠯᠡᠰ᠎ᠦᠨ ᠣᠷᠣᠨ ᠪᠦᠰᠡ᠎ᠶᠢᠨ ᠬᠠᠮᠲᠤᠷᠠᠯᠴᠠᠨ ᠬᠥᠭᠵᠢᠬᠦ᠎ᠶᠢ ᠠᠭᠢᠭᠤᠯᠤᠨ᠎ᠠ; 《ᠨᠢᠭᠡ ᠪᠦᠰᠡ ᠨᠢᠭᠡ ᠵᠠᠮ 》 ᠳᠠᠭᠠᠤ᠎ᠶᠢᠨ ᠤᠯᠤᠰ᠎ᠤᠳ ᠯᠤᠭ᠎ᠠ᠎ᠶᠢᠨ ᠰᠣᠶᠣᠯ ᠵᠢᠭᠤᠯᠴᠢᠯᠠᠯ᠂ ᠰᠣᠶᠣᠯ ᠦᠵᠡᠰᠭᠦᠯᠡᠩ᠎ᠦᠨ ᠥᠪ ᠬᠥᠷᠥᠩᠭᠡ᠂ ᠰᠣᠶᠣᠯ ᠤᠷᠠᠯᠢᠭ᠋ ᠂ ᠪᠠᠶᠠᠷ ᠳᠤᠷᠠᠰᠬᠠᠯ᠎ᠤᠨ ᠠᠵᠢᠯᠯᠠᠭ᠎ᠠ ᠵᠡᠷᠭᠡ ᠬᠦᠷᠢᠶᠡᠨ᠎ᠳᠠᠬᠢ ᠰᠣᠯᠢᠯᠴᠠᠭ᠎ᠠ ᠪᠠ ᠬᠠᠮᠲᠤᠷᠠᠯᠴᠠᠭ᠎ᠠ᠎ᠪᠠᠨ ᠤᠯᠠᠮ ᠴᠢᠩᠭᠠᠳᠬᠠᠵᠤ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠥᠷᠭᠡᠳᠬᠡᠨ᠎ᠡ᠃
( ᠵᠣᠬᠢᠶᠠᠭ᠍ᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃