ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2023-11-03 11:34:04

ᠵᠣᠬᠢᠶᠠᠭ᠍ᠴᠢ᠄ ᠵᠢᠩ ᠵᠢᠶᠠᠨ ᠹᠧᠩ ᠸᠠᠩ ᠮᠢᠨ ᠣᠩᠱᠢᠭ᠍ᠰᠠᠨ ᠣᠳᠠᠭ᠎ᠠ᠄ 3

ᠳᠤᠮᠳᠠᠳᠤ ᠤᠯᠤᠰ᠎ᠤᠨ ᠰᠣᠶᠣᠯ ᠪᠣᠯ ᠥᠨᠢ ᠤᠳᠠᠭᠠᠨ ᠤᠯᠠᠮᠵᠢᠯᠠᠯ᠎ᠲᠠᠢ᠂ ᠳᠤᠮᠳᠠᠳᠤ᠎ᠶᠢᠨ ᠪᠣᠯᠪᠠᠰᠤᠨ ᠪᠣᠯ ᠥᠷᠭᠡᠨ ᠳᠡᠯᠭᠡᠷ ᠭᠦᠨ ᠭᠦᠨᠵᠡᠭᠡᠢ ᠶᠤᠮ᠃ ᠶᠡᠷᠦᠩᠬᠡᠢ ᠱᠦᠵᠢ ᠰᠢ᠎ᠶᠢᠨ ᠫᠢᠩ ᠰᠣᠶᠣᠯ᠎ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠳᠤ ᠮᠠᠰᠢ ᠤᠯᠠᠨ ᠴᠢᠬᠤᠯᠠ ᠡᠯᠧᠮᠧᠨ᠋ᠲ ᠪᠠᠢᠵᠤ᠂ ᠳᠤᠮᠳᠠᠳᠤ᠎ᠶᠢᠨ ᠪᠣᠯᠪᠠᠰᠤᠨ᠎ᠤ ᠲᠣᠪᠣᠢᠮ᠎ᠠ ᠣᠨᠴᠠᠯᠢᠭ᠋᠎ᠢ ᠬᠠᠮᠲᠤ᠎ᠪᠠᠷ ᠱᠤᠭᠤᠵᠤ ᠭᠠᠷᠭᠠᠭᠰᠠᠨ ᠶᠤᠮ ᠭᠡᠵᠦ ᠵᠢᠭᠠᠵᠤ ᠭᠠᠷᠭᠠᠪᠠ᠃ ᠡᠨᠡ ᠨᠢ ᠳᠤᠮᠳᠠᠳᠤ᠎ᠶᠢᠨ ᠪᠣᠯᠪᠠᠰᠤᠨ᠎ᠤ ᠥᠪᠡᠷᠮᠢᠴᠡ ᠴᠢᠨᠠᠷ᠎ᠢ ᠰᠢᠨᠵᠢᠯᠡᠬᠦ ᠤᠬᠠᠭᠠᠨᠴᠢ᠎ᠪᠠᠷ ᠡᠵᠡᠮᠳᠡᠭᠰᠡᠨ᠎ᠢ ᠬᠠᠷᠠᠭᠤᠯᠤᠭᠰᠠᠨ ᠪᠦᠭᠡᠳ ᠰᠣᠶᠣᠯ᠎ᠤᠨ ᠪᠠᠢᠭᠤᠯᠤᠯᠲᠠ᠎ᠶᠢᠨ ᠲᠤᠬᠠᠢ ᠭᠦᠨ ᠭᠦᠨᠵᠡᠭᠡᠢ ᠪᠣᠳᠣᠯᠬᠢᠯᠠᠯ᠎ᠢ ᠴᠤ᠌ ᠬᠠᠷᠠᠭᠤᠯᠤᠭᠰᠠᠨ ᠪᠠᠢᠨ᠎ᠠ᠃ ᠳᠤᠮᠳᠠᠳᠤ᠎ᠶᠢᠨ ᠪᠣᠯᠪᠠᠰᠤᠨ᠎ᠤ ᠦᠷᠭᠦᠯᠵᠢᠯᠡᠭᠰᠡᠨ ᠴᠢᠨᠠᠷ᠂ ᠰᠢᠨ᠎ᠡ᠎ᠶᠢ ᠡᠭᠦᠳᠬᠦ ᠴᠢᠨᠠᠷ᠂ ᠨᠢᠭᠡᠳᠦᠮᠠᠯ ᠴᠢᠨᠠᠷ᠂ ᠪᠠᠭᠲᠠᠭᠠᠮᠵᠢᠲᠤ ᠴᠢᠨᠠᠷ᠂ ᠡᠩᠬᠡ ᠲᠠᠢᠪᠤᠩ ᠴᠢᠨᠠᠷ᠎ᠢ ᠭᠦᠨᠵᠡᠭᠡᠢ ᠣᠢᠯᠠᠭᠠᠬᠤ ᠨᠢ ᠪᠢᠳᠡᠨ᠎ᠦ ᠰᠣᠶᠣᠯ᠎ᠤᠨ ᠢᠲᠡᠭᠡᠯ᠎ᠢᠶᠡᠨ ᠪᠠᠲᠤᠳᠬᠠᠵᠤ ᠥᠪᠡᠷ᠎ᠢ᠎ᠪᠡᠨ ᠬᠦᠴᠦᠷᠬᠡᠭᠵᠢᠭᠦᠯᠬᠦ᠂ ᠰᠢᠨ᠎ᠡ ᠴᠠᠭ ᠦᠶ᠎ᠡ ᠰᠢᠨ᠎ᠡ ᠰᠣᠶᠣᠯ᠎ᠤᠨ ᠡᠭᠦᠷᠭᠡ᠎ᠶᠢ ᠨᠡᠩ ᠰᠠᠢᠲᠤᠷ ᠡᠭᠦᠷᠭᠡᠯᠡᠬᠦ᠎ᠳᠦ ᠴᠢᠬᠤᠯᠠ ᠠᠴᠢ ᠬᠣᠯᠪᠣᠭᠳᠠᠯ᠎ᠲᠠᠢ ᠶᠤᠮ᠃ ᠤᠮᠠᠷᠠᠲᠤ ᠬᠢᠯᠢ ᠎ᠶᠢᠨ ᠰᠣᠶᠣᠯ ᠪᠣᠯ ᠳᠤᠮᠳᠠᠳᠤ᠎ᠶᠢᠨ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠮᠥᠨ᠂ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢ ᠠᠬᠢᠭᠤᠯᠬᠤ ᠪᠣᠯ ᠶᠡᠷᠦᠩᠬᠡᠢ ᠱᠦᠵᠢ ᠰᠢ᠎ᠶᠢᠨ ᠫᠢᠩ ᠎ᠦᠨ ᠰᠣᠶᠣᠯ᠎ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠰᠢᠨ᠎ᠡ ᠴᠠᠭ ᠦᠶ᠎ᠡ᠎ᠶᠢᠨ ᠰᠣᠶᠣᠯ᠎ᠤᠨ ᠡᠭᠦᠷᠭᠡ ᠬᠠᠷᠢᠭᠤᠴᠠᠯᠭ᠎ᠠ᠎ᠶᠢ ᠨᠡᠩ ᠰᠠᠢᠲᠤᠷ ᠡᠭᠦᠷᠭᠡᠯᠡᠬᠦ ᠪᠣᠳᠠᠲᠤ ᠠᠵᠢᠯᠯᠠᠭ᠎ᠠ ᠮᠥᠨ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠡᠷ ᠬᠤᠪᠢᠷᠠᠭᠤᠯᠬᠤ᠂ ᠰᠢᠨ᠎ᠡ᠎ᠶᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ᠎ᠶᠢ ᠠᠬᠢᠭᠤᠯᠬᠤ ᠪᠣᠳᠠᠲᠠᠢ ᠦᠢᠯᠡᠳᠦᠯᠭᠡ ᠮᠥᠨ᠃

ᠤᠳᠤᠮ ᠤᠯᠠᠮᠵᠢᠯᠠᠯ ᠨᠢᠭᠡᠲᠡᠢ ᠪᠠᠢᠵᠤ ᠳᠤᠮᠳᠠᠳᠤ ᠎ᠶᠢᠨ ᠪᠣᠯᠪᠠᠰᠤᠨ ᠎ᠤ ᠦᠷᠭᠦᠯᠵᠢᠯᠡᠭᠰᠡᠨ ᠴᠢᠨᠠᠷ᠎ᠢ ᠢᠯᠡᠷᠡᠭᠦᠯᠦᠨ᠎ᠠ

ᠳᠤᠮᠳᠠᠳᠤ ᠤᠯᠤᠰ᠎ᠤᠨ ᠲᠡᠦᠬᠡ ᠪᠣᠯ ᠦᠨᠳᠦᠰᠦᠲᠡᠨ᠎ᠨᠦᠭᠦᠳ᠎ᠦᠨ ᠤᠯᠠᠨ ᠡᠰᠢᠲᠦ ᠨᠢᠭᠡ ᠴᠣᠭᠴᠠᠵᠢᠭ᠍ᠰᠠᠨ ᠳᠤᠮᠳᠠᠳᠤ᠎ᠶᠢᠨ ᠦᠨᠳᠦᠰᠦᠲᠡᠨ ᠪᠣᠯᠣᠨ ᠠᠭᠤᠰᠤᠯᠴᠠᠨ ᠨᠡᠢᠯᠡᠭᠰᠡᠨ ᠲᠡᠦᠬᠡ ᠮᠥᠨ᠂ ᠦᠨᠳᠦᠰᠦᠲᠡᠨ᠎ᠨᠦᠭᠦᠳ᠎ᠦᠨ ᠨᠢᠭᠡᠳᠦᠭᠰᠡᠨ ᠠᠭᠤᠤ ᠶᠡᠬᠡ ᠡᠬᠡ ᠣᠷᠣᠨ᠎ᠢᠶᠠᠨ ᠬᠠᠮᠲᠤ᠎ᠪᠠᠷ ᠴᠣᠭᠴᠠᠯᠠᠨ ᠪᠠᠢᠭᠤᠯᠵᠤ᠂ ᠬᠥᠭᠵᠢᠭᠦᠯᠵᠦ᠂ ᠪᠡᠬᠢᠵᠢᠭᠦᠯᠦᠭᠰᠡᠨ ᠲᠡᠦᠬᠡ ᠮᠥᠨ᠃ ᠦᠷᠭᠦᠯᠵᠢᠯᠡᠭᠰᠡᠨ ᠴᠢᠨᠠᠷ ᠭᠡᠳᠡᠭ ᠨᠢ ᠶᠠᠮᠠᠷ ᠨᠢᠭᠡᠨ ᠬᠡᠷᠡᠭ ᠪᠣᠳᠠᠰ ᠪᠤᠶᠤ ᠦᠵᠡᠭᠳᠡᠯ᠎ᠦᠨ ᠦᠷᠭᠦᠯᠵᠢᠯᠡᠬᠦ᠂ ᠲᠠᠰᠤᠯᠳᠠᠯ ᠦᠭᠡᠢ ᠪᠤᠶᠤ ᠨᠢᠭᠡᠳᠦᠯᠲᠠᠢ ᠴᠢᠨᠠᠷ᠎ᠤᠨ ᠣᠨᠴᠠᠯᠢᠭ᠋᠎ᠢ ᠵᠢᠭᠠᠨ᠎ᠠ᠃ ᠳᠤᠮᠳᠠᠳᠤ᠎ᠶᠢᠨ ᠦᠨᠳᠦᠰᠦᠲᠡᠨ᠎ᠦ ᠪᠦᠷᠢᠯᠳᠦᠯ ᠪᠠ ᠬᠥᠭᠵᠢᠯᠲᠡ ᠪᠣᠯ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠦᠷ᠎ᠡ ᠳ᠋ᠦᠩ ᠮᠥᠨ᠃ ᠳᠤᠮᠳᠠᠳᠤ᠎ᠶᠢᠨ ᠪᠣᠯᠪᠠᠰᠤᠨ ᠦᠷᠭᠦᠯᠵᠢᠯᠡᠭᠰᠡᠨ ᠴᠢᠨᠠᠷ᠎ᠲᠠᠢ ᠪᠠᠢᠳᠠᠭ ᠨᠢ ᠳᠤᠮᠳᠠᠳᠤ᠎ᠶᠢᠨ ᠦᠨᠳᠦᠰᠦᠲᠡᠨ᠎ᠦ ᠵᠠᠢᠯᠠᠰᠢ ᠦᠭᠡᠢ ᠥᠪᠡᠷ᠎ᠦᠨ ᠵᠠᠮ᠎ᠢᠶᠠᠷ᠎ᠢᠶᠠᠨ ᠵᠠᠮᠨᠠᠬᠤ᠎ᠶᠢ ᠦᠨᠳᠦᠰᠦᠨ᠎ᠡᠴᠡ ᠨᠢ ᠲᠣᠭᠲᠠᠭᠠᠭᠰᠠᠨ ᠶᠤᠮ᠃ ᠦᠷᠭᠦᠯᠵᠢᠯᠡᠭᠰᠡᠨ ᠴᠢᠨᠠᠷ ᠪᠣᠯ ᠳᠤᠮᠳᠠᠳᠤ᠎ᠶᠢᠨ ᠪᠣᠯᠪᠠᠰᠤᠨ᠎ᠤ ᠬᠠᠮᠤᠭ᠎ᠤᠨ ᠢᠯᠡ ᠲᠣᠳᠣ᠌ ᠪᠥᠭᠡᠳ ᠬᠠᠮᠤᠭ᠎ᠤᠨ ᠰᠠᠭᠤᠷᠢ ᠪᠣᠯᠬᠤ ᠣᠨᠴᠠᠯᠢᠭ᠋ ᠮᠥᠨ᠂ ᠤᠮᠠᠷᠠᠲᠤ ᠬᠢᠯᠢ᠎ᠶᠢᠨ ᠰᠣᠶᠣᠯ ᠨᠢ ᠲᠡᠭᠦᠨ᠎ᠦ ᠳᠣᠲᠣᠷᠠᠬᠢ ᠬᠡᠷᠡᠯᠳᠦ ᠰᠤᠪᠤᠳ ᠪᠣᠯᠤᠭᠰᠠᠨ᠎ᠤ ᠬᠤᠪᠢ᠎ᠳᠤ᠂ ᠨᠢᠭᠡᠳᠦᠯᠳᠠᠢ ᠴᠢᠨᠠᠷ᠎ᠤᠨ ᠣᠨᠴᠠᠯᠢᠭ᠋᠎ᠢ ᠠᠮᠢᠳᠤᠯᠢᠭ᠋᠎ᠢᠶᠠᠷ ᠢᠯᠡᠷᠡᠭᠦᠯᠦᠭᠰᠡᠨ ᠪᠠᠢᠨ᠎ᠠ᠃ ᠳᠤᠮᠳᠠᠳᠤ᠎ᠶᠢᠨ ᠦᠨᠳᠦᠰᠦᠲᠡᠨ ᠪᠣᠯ ᠦᠨᠳᠦᠰᠦᠲᠡᠨ᠎ᠨᠦᠭᠦᠳ ᠠᠭᠤᠰᠤᠯᠴᠠᠨ ᠨᠢᠭ᠍ᠲᠠᠷᠠᠵᠤ ᠪᠦᠷᠢᠯᠳᠦᠭᠰᠡᠨ ᠶᠤᠮ᠂ ᠳᠤᠮᠳᠠᠳᠤ᠎ᠶᠢᠨ ᠪᠣᠯᠪᠠᠰᠤᠨ ᠪᠣᠯ ᠦᠨᠳᠦᠰᠦᠲᠡᠨ᠎ᠨᠦᠭᠦᠳ᠎ᠦᠨ ᠰᠣᠶᠣᠯ᠎ᠤᠨ ᠠᠭᠤᠰᠤᠯᠴᠠᠨ ᠨᠢᠭ᠍ᠲᠠᠷᠠᠬᠤ᠎ᠶᠢᠨ ᠤᠯᠠᠮ᠎ᠠᠴᠠ ᠬᠥᠭᠵᠢᠨ ᠴᠡᠴᠡᠭᠯᠡᠵᠦ᠂ ᠦᠶ᠎ᠡ᠎ᠶᠢᠨ ᠦᠶ᠎ᠡ ᠪᠡᠷ ᠲᠠᠮᠵᠢᠭᠳᠠᠳᠠᠭ᠃ ᠳᠤᠮᠳᠠᠳᠤ᠎ᠶᠢᠨ ᠪᠣᠯᠪᠠᠰᠤᠨ᠎ᠤ ᠦᠷᠭᠦᠯᠵᠢᠯᠡᠨ ᠬᠥᠭᠵᠢᠬᠦ ᠶᠠᠪᠤᠴᠠ᠎ᠳᠤ᠂ ᠤᠮᠠᠷᠠᠲᠤ ᠬᠢᠯᠢ᠎ᠶᠢᠨ ᠰᠣᠶᠣᠯ ᠨᠢ ᠲᠡᠭᠦᠨ᠎ᠦ ᠳᠣᠲᠣᠷᠠᠬᠢ ᠳᠤᠲᠠᠭᠳᠠᠵᠤ ᠪᠣᠯᠣᠰᠢ ᠦᠭᠡᠢ ᠴᠢᠬᠤᠯᠠ ᠨᠢᠭᠡ ᠭᠣᠭᠴᠣᠭ᠎ᠠ ᠪᠤᠯᠵᠠᠢ᠃

ᠡᠳᠦᠷ ᠢᠷᠡᠬᠦᠶ᠎ᠡ ᠭᠡᠷᠡᠯᠳᠦᠨ ᠰᠢᠨᠡᠳᠴᠤ ᠳᠤᠮᠳᠠᠳᠤ᠎ᠶᠢᠨ ᠪᠣᠯᠪᠠᠰᠤᠨ᠎ᠤ ᠰᠢᠨ᠎ᠡ᠎ᠶᠢ ᠡᠭᠦᠳᠬᠦ ᠴᠢᠨᠠᠷ᠎ᠢ ᠢᠯᠡᠷᠡᠭᠦᠯᠦᠨ᠎ᠡ

ᠰᠢᠨ᠎ᠡ᠎ᠶᠢ ᠡᠭᠦᠳᠬᠦ ᠴᠢᠨᠠᠷ ᠪᠣᠯ ᠳᠤᠮᠳᠠᠳᠤ᠎ᠶᠢᠨ ᠪᠣᠯᠪᠠᠰᠤᠨ᠎ᠤ ᠲᠣᠪᠣᠢᠮ᠎ᠠ ᠣᠨᠴᠠᠯᠢᠭ᠋ ᠮᠥᠨ᠃ ᠤᠯᠠᠨ ᠦᠨᠳᠦᠰᠦᠲᠡᠨ ᠬᠣᠯᠢᠯᠳᠤᠨ ᠰᠠᠭᠤᠷᠢᠰᠢᠭ᠍ᠰᠠᠨ ᠭᠠᠵᠠᠷ ᠣᠷᠣᠨ᠎ᠤ ᠣᠨᠴᠠᠯᠢᠭ᠋ ᠨᠢ ᠤᠮᠠᠷᠠᠲᠤ ᠬᠢᠯᠢ᠎ᠶᠢᠨ ᠰᠣᠶᠣᠯ᠎ᠤᠨ ᠰᠢᠨ᠎ᠡ᠎ᠶᠢ ᠡᠭᠦᠳᠬᠦ ᠴᠢᠨᠠᠷ᠎ᠤᠨ ᠰᠣᠶᠣᠯ᠎ᠤᠨ ᠰᠢᠨᠵᠢ ᠴᠢᠨᠠᠷ᠎ᠢ ᠪᠤᠢ ᠪᠣᠯᠭᠠᠵᠤ᠂ ᠥᠪᠡᠷᠮᠢᠴᠡ ᠣᠨᠴᠠᠯᠢᠭ᠋᠎ᠲᠠᠢ ᠰᠣᠶᠣᠯ᠎ᠤᠨ ᠠᠭᠤᠯᠤᠭᠳᠠᠬᠤᠨ᠎ᠢ ᠪᠦᠷᠢᠯᠳᠦᠭᠦᠯᠪᠡ;ᠠᠭᠤᠰᠤᠯᠴᠠᠨ ᠰᠢᠨ᠎ᠡ᠎ᠶᠢ ᠡᠭᠦᠳᠬᠦ ᠠᠷᠭ᠎ᠠ ᠬᠡᠯᠪᠡᠷᠢ᠎ᠪᠡᠷ ᠤᠯᠠᠨ ᠡᠰᠢᠲᠦ ᠰᠣᠶᠣᠯ ᠨᠢ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠶᠠᠪᠤᠴᠠ᠎ᠳᠤ ᠤᠮᠠᠷᠠᠲᠤ ᠬᠢᠯᠢ᠎ᠶᠢᠨ ᠰᠣᠶᠣᠯ᠎ᠤᠨ ᠠᠭᠤᠯᠤᠭᠳᠠᠬᠤᠨ᠎ᠢ ᠲᠠᠰᠤᠷᠠᠯᠳᠠ ᠦᠭᠡᠢ ᠪᠠᠶᠠᠯᠢᠭ᠍ᠵᠢᠭᠤᠯᠤᠨ ᠬᠥᠭᠵᠢᠭᠦᠯᠪᠡ᠃ ᠬᠠᠭᠤᠴᠢ ᠰᠤᠳᠤᠯᠤᠯ᠎ᠤᠨ ᠦᠯᠡᠳᠡᠭᠳᠡᠯ ᠪᠠᠭᠣᠷᠢ ᠣᠮᠠᠷᠠᠳᠣ ᠬᠢᠯᠢ ᠵᠢᠨ ᠰᠣᠶᠣᠯ᠎ᠦᠨ ᠲᠠᠰᠣᠷᠠᠯᠳᠠ ᠦᠬᠡᠢ ᠰᠢᠨ᠎ᠡ ᠵᠢ ᠡᠬᠦᠳᠴᠤ ᠬᠦᠭᠵᠢᠵᠦ ᠪᠠᠢᠭ᠎ᠠ ᠵᠢ ᠬᠡᠷᠡᠴᠢᠯᠡᠵᠦ ᠪᠠᠢᠨ᠎ᠠ᠃ ᠰᠢᠩ ᠯᠦᠩ ᠭᠧᠦ ᠵᠢᠨ ᠪᠠᠭᠤᠷᠢ᠎ᠠᠴᠠ ᠣᠯᠳᠠᠭᠰᠠᠨ ᠨᠡᠭᠦᠷᠡᠰᠦᠵᠢᠭᠰᠡᠨ ᠨᠠᠷᠢᠮᠤ ᠪᠠ ᠰᠢᠯᠦᠬᠡᠢ ᠠᠮᠤ ᠥᠪᠥᠷ ᠮᠣᠩᠭᠣᠯ ᠣᠷᠣᠨ ᠪᠣᠯ ᠤᠮᠠᠷᠠᠲᠤ᠎ᠶᠢᠨ ᠬᠠᠭᠤᠷᠠᠢ᠎ᠶᠢᠨ ᠲᠠᠷᠢᠶᠠᠯᠠᠩ᠎ᠤᠨ ᠡᠭᠦᠰᠦᠯ᠎ᠦᠨ ᠲᠥᠪ ᠣᠷᠣᠨ᠎ᠤ ᠨᠢᠭᠡ ᠬᠡᠰᠡᠭ ᠪᠣᠯᠬᠤ᠎ᠶᠢ ᠭᠡᠷᠡᠴᠢᠯᠡᠪᠡ;ᠵᠦ᠍ ᠺᠠᠢ ᠭᠧᠦ ᠵᠢᠨ ᠰᠣᠶᠣᠯ᠎ᠤᠨ ᠬᠤᠭᠤᠴᠠᠭᠠᠨ᠎ᠳᠤ᠂ ᠮᠠᠯ ᠠᠵᠤ ᠠᠬᠤᠢ ᠲᠠᠷᠢᠶᠠᠯᠠᠩ ᠎ᠢ ᠬᠠᠪᠰᠤᠷᠭᠠᠨ ᠡᠵᠡᠩᠨᠡᠬᠦ ᠪᠠ ᠨᠡᠭᠦᠳᠡᠯ ᠮᠠᠯᠵᠢᠯ᠎ᠤᠨ ᠠᠵᠤ ᠠᠬᠤᠢ ᠠᠩᠬ᠎ᠠ ᠠᠯᠬᠤᠮ ᠪᠦᠷᠢᠯᠳᠦᠵᠦ᠂ ᠮᠠᠯ ᠠᠵᠤ ᠠᠬᠤᠢ ᠠᠭᠠᠵᠢᠮ᠎ᠢᠶᠠᠷ ᠭᠣᠣᠯᠯᠠᠬᠤ ᠪᠠᠢᠷᠢ ᠎ᠶᠢ ᠡᠵᠡᠯᠡᠪᠡ ;ᠨᠢᠩᠴᠧᠩ ᠰᠢᠶᠠᠨ᠎ᠤ ᠨᠠᠨ ᠱᠠᠨ ᠭᠧᠨ᠎ᠦ ᠪᠠᠭᠤᠷᠢ ᠡᠴᠡ ᠣᠯᠳᠠᠭᠰᠠᠨ ᠣᠬᠣᠷ ᠬᠦᠷᠡᠯ ᠰᠡᠯᠡᠮ᠎ᠡ᠂ ᠵᠠᠰᠠᠯ ᠴᠢᠮᠡᠭᠯᠡᠯ᠎ᠦᠨ ᠡᠳ᠋ ᠵᠡᠷᠭᠡ ᠲᠠᠯ᠎ᠠ ᠨᠤᠲᠤᠭ᠎ᠤᠨ ᠥᠩᠭᠡ ᠪᠤᠳᠤᠭ᠎ᠢᠶᠠᠷ ᠭᠦᠨ ᠵᠤᠵᠠᠭᠠᠨ ᠪᠠᠢᠳᠠᠭ᠃ ᠤᠮᠠᠷᠠᠲᠤ ᠬᠢᠯᠢ᠎ᠶᠢᠨ ᠰᠣᠶᠣᠯ ᠤᠳᠬ᠎ᠠ ᠵᠣᠬᠢᠶᠠᠯ ᠤᠷᠠᠯᠢᠭ᠋᠎ᠤᠨ ᠲᠠᠯ᠎ᠠ᠎ᠪᠠᠷ ᠠᠭᠤᠰᠤᠯᠴᠠᠨ ᠰᠢᠨ᠎ᠡ᠎ᠶᠢ ᠡᠭᠦᠳᠦᠨ ᠬᠥᠭᠵᠢᠵᠦ᠂ ᠤᠮᠠᠷᠠᠲᠤ ᠬᠢᠯᠢ᠎ᠶᠢᠨ ᠰᠣᠶᠣᠯ᠎ᠤᠨ ᠭᠡᠷᠡᠯ ᠭᠢᠯᠪᠠᠭ᠎ᠠ ᠡᠳᠦᠷ ᠢᠷᠡᠬᠦᠶ᠎ᠡ ᠰᠢᠨᠡᠳᠴᠦ ᠪᠠᠢᠬᠤ᠎ᠶᠢ ᠠᠮᠢᠳᠤᠯᠢᠭ᠋᠎ᠢᠶᠠᠷ ᠢᠯᠡᠷᠡᠭᠦᠯᠵᠦ᠂ ᠳᠤᠮᠳᠠᠳᠤ᠎ᠶᠢᠨ ᠪᠣᠯᠪᠠᠰᠤᠨ᠎ᠤ ᠰᠢᠨ᠎ᠡ᠎ᠶᠢ ᠡᠭᠦᠳᠬᠦ ᠴᠢᠨᠠᠷ᠎ᠤᠨ ᠬᠡᠪ ᠳᠠᠭᠤᠷᠢᠶᠠᠯ ᠪᠣᠯᠤᠭᠰᠠᠨ ᠪᠠᠢᠨ᠎ᠠ᠃ ᠸᠧᠢ ᠤᠯᠤᠰ᠂ ᠵᠢᠨ ᠤᠯᠤᠰ᠂᠎ᠡᠮᠦᠨᠡᠲᠦ ᠤᠮᠠᠷᠠᠲᠤ ᠲᠥᠷᠥ᠂ ᠎ᠰᠦᠢ ᠤᠯᠤᠰ᠂ ᠲᠠᠩ ᠤᠯᠤᠰ᠎ᠤᠨ ᠦᠶ᠎ᠡ᠎ᠳᠦ᠂ ᠨᠡᠢᠲᠡᠯᠢᠭ ᠲᠥᠯᠥᠭᠡᠯᠡᠭᠴᠢ᠂ ᠵᠢᠱ᠌ᠢᠶᠡᠯᠡᠪᠡᠯ 《ᠴᠤᠭᠤᠷ᠎ᠤᠨ ᠠᠷᠪᠠᠨ ᠨᠠᠢ᠍ᠮᠠᠨ ᠴᠣᠬᠢᠯᠭ᠎ᠠ》᠂ 《ᠴᠢ ᠯᠸ ᠵᠢᠨ ᠲᠠᠭᠣᠯᠠᠯ》 ᠵᠡᠷᠭᠡ ᠪᠦᠲᠦᠭᠡᠯ ᠥᠪᠡᠷᠮᠢᠴᠡ ᠣᠨᠴᠠᠯᠢᠭ᠋ ᠪᠦᠬᠦᠢ ᠦᠨᠳᠦᠰᠦᠲᠡᠨ᠂ ᠭᠠᠵᠠᠷ ᠣᠷᠣᠨ᠎ᠤ ᠣᠨᠴᠠᠯᠢᠭ᠋ ᠎ᠢ ᠢᠯᠡᠷᠡᠭᠦᠯᠦᠭᠰᠡᠨ ᠪᠦᠭᠡᠳ ᠪᠠᠰᠠ ᠢᠯᠡᠷᠬᠡᠢ ᠣᠯᠠᠨ ᠡᠰᠢᠲᠦ ᠰᠣᠶᠣᠯ᠎ᠤᠨ ᠡᠯᠧᠮᠧᠨ᠋ᠲ᠎ᠲᠠᠢ ᠪᠠᠢᠪᠠ᠃ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠶᠠᠪᠤᠴᠠ᠎ᠳᠤ ᠡᠭᠦᠰᠦᠭᠰᠡᠨ ᠮᠠᠩᠬᠠᠨ ᠠᠶᠠᠯᠭᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠣᠷᠣᠭᠵᠢᠭᠤᠨ ᠦᠨᠡᠨᠴᠢ ᠬᠠᠢᠷ᠎ᠠ ᠰᠡᠳᠬᠢᠯᠭᠡ᠎ᠶᠢ ᠢᠯᠡᠷᠡᠭᠦᠯᠵᠦ᠂ ᠦᠨᠳᠦᠰᠦᠲᠡᠨ᠎ᠨᠦᠭᠦᠳ᠎ᠦᠨ ᠪᠦᠯᠬᠦᠮᠳᠡᠯ ᠡᠶ᠎ᠡ ᠵᠣᠬᠢᠴᠠᠯ᠎ᠤᠨ ᠠᠮᠢᠳᠤᠯᠢᠭ᠋ ᠵᠢᠷᠤᠭ ᠳᠦᠷᠰᠦ᠎ᠶᠢ ᠢᠯᠡᠷᠡᠭᠦᠯᠦᠭᠰᠡᠨ ᠪᠠᠢᠨ᠎ᠠ ᠃

ᠨᠢᠬᠳᠠᠷᠠᠨ ᠪᠦᠯᠬᠦᠮᠳᠡᠵᠦ ᠳᠤᠮᠳᠠᠳᠤ᠎ᠶᠢᠨ ᠪᠣᠯᠪᠠᠰᠤᠨ᠎ᠤ ᠨᠢᠭᠡᠳᠦᠮᠠᠯ ᠴᠢᠨᠠᠷ᠎ᠢ ᠢᠯᠡᠷᠡᠬᠦᠯᠦᠨ᠎ᠠ

ᠦᠨᠳᠦᠰᠦᠲᠡᠨ᠎ᠨᠦᠭᠦᠳ᠎ᠦᠨ ᠪᠦᠯᠬᠦᠮᠳᠡᠨ ᠠᠭᠤᠰᠤᠯᠴᠠᠵᠦ᠂ ᠤᠯᠠᠨ ᠡᠰᠢᠵᠢᠵᠦ ᠨᠢᠭᠡ ᠴᠣᠭᠴᠠ ᠪᠣᠯᠤᠭᠰᠠᠨ ᠨᠢ ᠦᠨᠳᠦᠰᠦᠲᠡᠨ᠎ᠨᠦᠭᠦᠳ᠎ᠦᠨ ᠰᠣᠶᠣᠯ᠎ᠤᠨ ᠲᠠᠯ᠎ᠠ᠎ᠪᠠᠷ ᠬᠢ ᠪᠦᠬᠦᠨ᠎ᠢ ᠠᠪᠴᠤ ᠪᠠᠢᠳᠠᠭ᠎ᠢ ᠬᠠᠳᠠᠭᠠᠯᠠᠬᠤ᠂ ᠠᠵᠤ ᠠᠬᠤᠢ᠎ᠶᠢᠨ ᠲᠠᠯ᠎ᠠ᠎ᠪᠠᠷ ᠬᠢ ᠬᠠᠷᠢᠯᠴᠠᠨ ᠲᠦᠰᠢᠭᠯᠡᠵᠦ᠂ ᠬᠠᠢᠷ᠎ᠠ ᠰᠡᠳᠬᠢᠯᠭᠡ᠎ᠶᠢᠨ ᠲᠠᠯ᠎ᠠ᠎ᠪᠠᠷ ᠬᠢ ᠬᠠᠷᠢᠯᠴᠠᠨ ᠳᠣᠲᠣᠨᠣᠰᠤᠭ ᠪᠠᠢᠳᠠᠭ᠎ᠡᠴᠡ ᠢᠷᠡᠯᠲᠡ᠎ᠲᠠᠢ᠂ ᠳᠤᠮᠳᠠᠳᠤ᠎ᠶᠢᠨ ᠦᠨᠳᠦᠰᠦᠲᠡᠨ᠎ᠦ ᠪᠦᠯᠬᠦᠮᠳᠡᠯ ᠨᠢᠭᠡᠳᠦᠯ᠎ᠢ ᠬᠥᠭᠡᠭᠡᠴᠡᠯᠳᠦᠬᠦ ᠳᠣᠲᠣᠭᠠᠳᠤ ᠬᠥᠳᠡᠯᠭᠡᠭᠴᠢ ᠬᠦᠴᠦᠨ᠎ᠡᠴᠡ ᠢᠷᠡᠯᠲᠡ᠎ᠲᠠᠢ ᠶᠤᠮ᠃ ᠨᠢᠭᠡᠳᠦᠮᠡᠯ ᠴᠢᠨᠠᠷ ᠨᠢ ᠪᠦᠬᠦᠯᠢ ᠴᠣᠭᠴᠠᠲᠤ ᠴᠢᠨᠠᠷ᠂ ᠡᠶ᠎ᠡ ᠵᠤᠬᠢᠴᠠᠩᠭᠤᠢ ᠴᠢᠨᠠᠷ ᠪᠠ ᠨᠢᠭᠡᠳᠦᠯᠲᠡᠢ ᠴᠢᠨᠠᠷ᠎ᠢ ᠴᠢᠬᠤᠯᠠᠴᠢᠯᠠᠵᠤ᠂ ᠡᠯ᠎ᠡ ᠦᠨᠳᠦᠰᠦᠲᠡᠨ᠎ᠦ ᠰᠣᠶᠣᠯ᠎ᠢ ᠨᠢᠭᠡ ᠴᠣᠭᠴᠠ ᠪᠣᠯᠭᠠᠨ ᠠᠭᠤᠰᠤᠯᠴᠠᠭᠤᠯᠵᠤ᠂ ᠳᠤᠮᠳᠠᠳᠤ᠎ᠶᠢᠨ ᠪᠣᠯᠪᠠᠰᠤᠨ᠎ᠢ ᠬᠠᠮᠲᠤ᠎ᠪᠠᠷ ᠡᠳ᠋ᠯᠡᠬᠦ ᠦᠷᠳᠡᠭ᠎ᠦᠨ ᠣᠢᠯᠠᠭᠠᠭᠳᠠᠬᠤᠨ᠎ᠢ ᠴᠢᠬᠤᠯᠠᠴᠢᠯᠠᠵᠤ᠂ ᠥᠪᠡᠷᠮᠢᠴᠡ ᠣᠨᠴᠠᠯᠢᠭ᠋᠎ᠲᠠᠢ ᠤᠮᠠᠷᠠᠲᠤ ᠬᠢᠯᠢ᠎ᠶᠢᠨ ᠰᠣᠶᠣᠯ᠎ᠢ ᠪᠤᠢ ᠪᠣᠯᠭᠠᠪᠠ᠃ ᠳᠤᠮᠳᠠᠳᠤ᠎ᠶᠢᠨ ᠪᠣᠯᠪᠠᠰᠤᠨ᠎ᠳᠤ ᠨᠢᠭᠡᠳᠦᠮᠡᠯ ᠴᠢᠨᠠᠷ ᠲᠠᠢ᠂ ᠡᠨᠡ ᠨᠢ ᠦᠨᠳᠦᠰᠦᠨ᠎ᠡᠴᠡ ᠨᠢ ᠳᠤᠮᠳᠠᠳᠤ᠎ᠶᠢᠨ ᠦᠨᠳᠦᠰᠦᠲᠡᠨ᠎ᠦ ᠡᠯ᠎ᠡ ᠦᠨᠳᠦᠰᠦᠲᠡᠨ᠎ᠦ ᠰᠣᠶᠣᠯ᠎ᠢ ᠨᠢᠭᠡ ᠴᠣᠭᠴᠠ ᠪᠣᠯᠭᠠᠨ ᠠᠭᠤᠰᠤᠯᠴᠠᠭᠤᠯᠬᠤ᠎ᠶᠢ ᠲᠣᠭᠲᠠᠭᠠᠵᠠᠢ᠂ ᠬᠦᠨᠳᠦ ᠶᠡᠬᠡ ᠨᠤᠭᠤᠷᠠᠯ ᠪᠦᠳᠦᠷᠢᠯ᠎ᠳᠦ ᠤᠴᠠᠷᠠᠭᠰᠠᠨ ᠴᠤ᠌ ᠪᠠᠲᠤ ᠪᠡᠬᠢ ᠨᠢᠭ᠍ᠲᠠᠷᠠᠵᠤ ᠴᠢᠳᠠᠬᠣ ᠵᠢ ᠲᠣᠭᠳᠠᠭᠠᠵᠠᠢ᠂ ᠤᠯᠤᠰ᠎ᠤᠨ ᠨᠤᠲᠤᠭ ᠳᠡᠪᠢᠰᠬᠡᠷ᠎ᠢ ᠰᠠᠯᠭᠠᠵᠤ ᠪᠣᠯᠬᠤ ᠦᠭᠡᠢ᠂ ᠤᠯᠤᠰ ᠣᠷᠣᠨ᠎ᠢ ᠰᠠᠮᠠᠭᠤᠷᠠᠭᠤᠯᠵᠤ ᠪᠣᠯᠬᠤ ᠦᠭᠡᠢ᠂ ᠦᠨᠳᠦᠰᠦᠲᠡᠨ᠎ᠢ ᠰᠠᠷᠨᠢᠭᠤᠯᠵᠤ ᠪᠣᠯᠬᠤ ᠦᠭᠡᠢ᠂ ᠪᠣᠯᠪᠠᠰᠤᠨ᠎ᠢ ᠲᠠᠰᠤᠯᠳᠠᠭᠤᠯᠵᠤ ᠪᠣᠯᠬᠤ ᠦᠭᠡᠢ ᠭᠡᠰᠡᠨ ᠬᠠᠮᠲᠤ᠎ᠶᠢᠨ ᠢᠲᠡᠭᠡᠯ ᠵᠣᠷᠢᠭ᠋᠎ᠢ ᠲᠣᠭᠲᠠᠭᠠᠵᠠᠢ᠃ ᠤᠯᠤᠰ ᠣᠷᠣᠨ᠎ᠤ ᠨᠢᠭᠡᠳᠦᠯ ᠪᠣᠯ ᠥᠨᠢ ᠡᠭᠦᠷᠢᠳᠡ ᠳᠤᠮᠳᠠᠳᠤ ᠤᠯᠤᠰ᠎ᠤᠨ ᠭᠣᠣᠯᠯᠠᠬᠤ ᠠᠰᠢᠭ᠋ ᠲᠤᠰᠠ᠎ᠶᠢᠨ ᠭᠣᠣᠯᠯᠠᠭ᠍ᠴᠢ ᠪᠣᠯᠬᠤ᠎ᠶᠢ ᠲᠣᠭᠲᠠᠭᠠᠵᠠᠢ᠂ ᠨᠢᠭᠡᠨ ᠡᠷᠡᠰ ᠴᠢᠩᠭ᠎ᠠ ᠨᠢᠭᠡᠳᠦᠭᠰᠡᠨ ᠤᠯᠤᠰ ᠪᠣᠯ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠤᠪᠢ ᠵᠠᠶᠠᠭ᠎ᠠ᠎ᠲᠠᠢ ᠬᠣᠯᠪᠣᠭᠳᠠᠵᠤ᠎ᠪᠠᠢᠬᠣ ᠵᠢ ᠲᠣᠭᠲᠠᠭᠠᠵᠠᠢ᠃ ᠳᠤᠮᠳᠠᠳᠤ᠎ᠶᠢᠨ ᠪᠣᠯᠪᠠᠰᠤᠨ᠎ᠤ ᠨᠢᠭᠡᠳᠦᠮᠡᠯ ᠴᠢᠨᠠᠷ ᠨᠢ ᠬᠠᠷᠢᠯᠴᠠᠨ ᠨᠡᠪᠳᠡᠷᠡᠯᠴᠡᠭᠰᠡᠨ᠂ ᠤᠯᠠᠨ ᠡᠰᠢᠲᠦ ᠨᠢᠭᠡ ᠴᠣᠭᠴᠠᠵᠢᠬᠰᠠᠨ ᠶᠡᠬᠡ ᠨᠢᠭᠡᠳᠦᠯ᠎ᠦᠨ ᠤᠯᠠᠮᠵᠢᠯᠠᠯ ᠳᠤᠮᠳᠠᠳᠤ᠎ᠶᠢᠨ ᠪᠣᠯᠪᠠᠰᠤᠨ᠎ᠤ ᠬᠥᠭᠵᠢᠯᠲᠡ᠎ᠶᠢᠨ ᠲᠡᠦᠬᠡᠨ᠎ᠳᠦ ᠭᠦᠨ ᠠᠭᠤᠰᠤᠭᠰᠠᠨ ᠳᠡᠭᠡᠷ᠎ᠡ ᠢᠯᠡ ᠲᠣᠳᠣ᠌ ᠢᠯᠡᠷᠡᠵᠦ ᠪᠠᠢᠨ᠎ᠠ᠃ ᠲᠡᠦᠬᠡᠨ ᠶᠠᠪᠤᠴᠠ᠎ᠳᠤ ᠳᠤᠮᠳᠠᠳᠤ᠎ᠶᠢᠨ ᠦᠨᠳᠦᠰᠦᠲᠡᠨ᠂ ᠳᠤᠮᠳᠠᠳᠤ᠎ᠶᠢᠨ ᠪᠣᠯᠪᠠᠰᠤᠨ ᠮᠠᠰᠢ ᠤᠯᠠᠨ ᠬᠦᠨᠳᠦ ᠶᠡᠬᠡ ᠨᠤᠭᠤᠷᠠᠯ ᠪᠦᠳᠦᠷᠢᠯ᠎ᠳᠦ ᠤᠴᠠᠷᠠᠵᠤ ᠥᠩᠭᠡᠷᠡᠭᠰᠡᠨ ᠪᠣᠯᠪᠠᠴᠤ ᠳᠤᠮᠳᠠᠳᠤ᠎ᠶᠢᠨ ᠦᠨᠳᠦᠰᠦᠲᠡᠨ᠎ᠦ ᠠᠭᠤᠰᠤᠯᠴᠠᠨ ᠨᠢᠭᠡ ᠴᠣᠭᠴᠠ ᠪᠣᠯᠤᠭᠰᠠᠨ ᠪᠠᠢᠳᠠᠯ ᠬᠤᠪᠢᠷᠠᠭ᠎ᠠ ᠦᠭᠡᠢ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ ᠴᠤ᠌ ᠤᠰᠠᠳᠤᠭᠰᠠᠨ ᠦᠭᠡᠢ ᠶᠤᠮ᠂ ᠡᠳᠡᠭᠡᠷ ᠨᠢ ᠳᠤᠮᠳᠠᠳᠤ᠎ᠶᠢᠨ ᠪᠣᠯᠪᠠᠰᠤᠨ᠎ᠤ ᠳᠡᠭᠡᠳᠦ ᠬᠡᠮᠵᠢᠶᠡᠨ᠎ᠦ ᠰᠣᠶᠣᠯ᠎ᠤᠨ ᠮᠡᠳᠡᠷᠡᠮᠵᠢ᠎ᠡᠴᠡ ᠰᠠᠯᠵᠦ ᠴᠢᠳᠠᠬᠣ ᠦᠬᠡᠢ ᠶᠣᠮ᠃

ᠥᠪᠥᠷ ᠮᠣᠩᠭᠣᠯ ᠪᠣᠯ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢᠭᠤᠯᠤᠭᠳᠠᠭᠰᠠᠨ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠮᠥᠨ᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠲᠠᠯ᠎ᠠ᠎ᠪᠠᠷ ᠢᠷᠠᠭᠤ ᠠᠯᠳᠠᠷᠲᠤ ᠤᠯᠠᠮᠵᠢᠯᠠᠯ᠎ᠲᠠᠢ ᠶᠤᠮ᠃ ᠦᠨᠳᠦᠰᠦᠲᠡᠨ᠎ᠨᠦᠭᠦᠳ᠎ᠦᠨ ᠠᠷᠠᠳ ᠲᠦᠮᠡᠨ ᠬᠠᠮᠲᠤ᠎ᠪᠠᠷ 《ᠬᠠᠮᠤᠭ᠎ᠤᠨ ᠰᠠᠢᠨ ᠮᠠᠯᠵᠢᠯ᠎ᠤᠨ ᠲᠠᠯᠠᠪᠠᠢ᠎ᠪᠠᠨ ᠰᠠᠨᠰᠠᠷ᠎ᠤᠨ ᠠᠶᠠᠯᠠᠯ᠎ᠤᠨ ᠦᠢᠯᠡᠰ᠎ᠲᠦ ᠦᠢᠯᠡᠴᠢᠯᠡᠬᠦᠯᠦᠭᠰᠡᠨ》᠂《ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠦ ᠠᠪᠴᠢᠷᠠᠬᠰᠠᠨ》᠂《ᠬᠦᠴᠢᠷ ᠪᠡᠷᠬᠡᠰᠢᠶᠡᠯ᠎ᠢ ᠢᠯᠠᠨ ᠳᠠᠪᠠᠵᠤ ᠠᠮᠤ ᠬᠦᠨᠡᠰᠦ ᠮᠠᠯ ᠲᠡᠵᠢᠭᠡᠪᠦᠷᠢ᠎ᠪᠡᠷ ᠲᠤᠰᠠᠯᠠᠬᠰᠠᠨ》 ᠵᠡᠷᠭᠡ ᠲᠡᠦᠬᠡ᠎ᠶᠢᠨ ᠰᠠᠢᠬᠠᠨ ᠦᠯᠢᠭᠡᠷ᠎ᠢ ᠪᠢᠴᠢᠭᠯᠡᠵᠡᠢ᠃ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ ᠎ᠶᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠳᠤᠮᠳᠠᠳᠤ᠎ᠶᠢᠨ ᠰᠣᠶᠣᠯ᠎ᠤᠨ ᠲᠤᠬᠠᠢ ᠮᠡᠳᠡᠷᠡᠮᠵᠢ᠎ᠶᠢ ᠲᠠᠰᠤᠷᠠᠯᠲᠠ ᠦᠭᠡᠢ ᠴᠢᠩᠭᠠᠳᠬᠠᠬᠤ᠎ᠳᠤ᠂ ᠳᠤᠮᠳᠠᠳᠤ᠎ᠶᠢᠨ ᠪᠣᠯᠪᠠᠰᠤᠨ᠎ᠤ ᠤᠯᠠᠨ ᠡᠰᠢᠲᠦ ᠨᠢᠭᠡ ᠴᠣᠭᠴᠠᠵᠢᠬᠰᠠᠨ᠂ ᠪᠦᠯᠬᠦᠮᠳᠡᠯ ᠲᠥᠪᠯᠡᠷᠡᠯ᠎ᠦᠨ ᠨᠢᠭᠡᠳᠦᠮᠡᠯ ᠴᠢᠨᠠᠷ᠎ᠠᠴᠠ ᠡᠭᠦᠰᠴᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠣ᠎ᠪᠠᠷ ᠭᠣᠣᠯ ᠰᠢᠵᠢᠮ ᠪᠣᠯᠭᠠᠬᠤ᠎ᠶᠢ ᠪᠠᠷᠢᠮᠲᠠᠯᠠᠵᠤ᠂ ᠤᠮᠠᠷᠠᠲᠤ ᠬᠢᠯᠢ ᠵᠢᠨ ᠰᠣᠶᠣᠯ᠎ᠤᠨ ᠦᠯᠢᠭᠡᠷ᠎ᠢ ᠰᠠᠢᠲᠤᠷ ᠶᠠᠷᠢᠵᠤ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠴᠤᠤᠷᠢᠶᠠᠲᠤᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠲᠠᠨᠢᠯᠲᠠ ᠨᠡᠩ ᠥᠨᠳᠥᠷ᠂ ᠨᠢᠭ᠍ᠲᠠᠷᠠᠯ᠎ᠤᠨ ᠬᠦᠴᠦᠨ᠎ᠢᠶᠡᠷ ᠨᠡᠩ ᠴᠢᠩᠭ᠎ᠠ ᠬᠤᠪᠢ ᠵᠠᠶᠠᠭᠠᠨ᠎ᠤ ᠬᠠᠮᠲᠤ᠎ᠶᠢᠨ ᠴᠣᠭᠴᠠ ᠪᠣᠯᠬᠤ᠎ᠶᠢ ᠠᠬᠢᠭᠤᠯᠬᠤ ᠬᠡᠷᠡᠭᠲᠡᠢ᠃

ᠠᠯᠢᠪᠠ ᠬᠦᠮᠦᠨ ᠬᠡᠷᠡᠭ ᠪᠣᠳᠠᠰ᠎ᠢ ᠪᠠᠭᠳᠠᠭᠠᠵᠦ ᠳᠤᠮᠳᠠᠳᠤ᠎ᠶᠢᠨ ᠪᠣᠯᠪᠠᠰᠤᠨ᠎ᠤ ᠪᠠᠭᠲᠠᠭᠠᠮᠵᠢᠲᠤ ᠴᠢᠨᠠᠷ᠎ᠢ ᠢᠯᠡᠷᠡᠭᠦᠯᠦᠨ᠎ᠡ

ᠲᠡᠦᠬᠡ᠎ᠶᠢᠨ ᠪᠣᠳᠠᠰᠴᠢ ᠦᠵᠡᠯᠲᠡ᠎ᠶᠢᠨ ᠦᠵᠡᠬᠦ᠎ᠪᠡᠷ᠂ ᠠᠳᠠᠯᠢ ᠪᠤᠰᠤ ᠭᠠᠵᠠᠷ ᠵᠦᠢ᠎ᠶᠢᠨ ᠣᠷᠴᠢᠨ ᠲᠣᠭᠣᠷᠢᠨ ᠨᠢ ᠠᠳᠠᠯᠢ ᠪᠤᠰᠤ ᠦᠢᠯᠡᠳᠪᠦᠷᠢᠯᠡᠯ᠎ᠦᠨ ᠠᠷᠭ᠎ᠠ ᠮᠠᠶᠢᠭ᠋᠎ᠢ ᠲᠣᠭᠲᠠᠭᠠᠵᠤ᠂ ᠠᠳᠠᠯᠢ ᠪᠤᠰᠤ ᠦᠢᠯᠡᠳᠪᠦᠷᠢᠯᠡᠯ᠎ᠦᠨ ᠠᠷᠭ᠎ᠠ ᠮᠠᠶᠢᠭ᠋ ᠨᠢ ᠠᠳᠠᠯᠢ ᠪᠤᠰᠤ ᠰᠡᠳᠬᠢᠬᠦᠢ᠎ᠶᠢᠨ ᠠᠷᠭ᠎ᠠ ᠮᠠᠶᠢᠭ᠋᠂ ᠨᠡᠢᠭᠡᠮ᠎ᠦᠨ ᠪᠠᠢᠭᠤᠯᠤᠯ᠂ ᠰᠣᠶᠣᠯ ᠵᠠᠩ ᠳᠠᠳᠬᠠᠯ ᠵᠡᠷᠭᠡ᠎ᠶᠢ ᠪᠤᠢ ᠪᠣᠯᠭᠠᠳᠠᠭ᠃ ᠥᠪᠥᠷ ᠮᠣᠩᠭᠣᠯ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠬᠦᠨ ᠵᠤᠵᠠᠭᠠᠨ ᠲᠡᠦᠬᠡ ᠰᠣᠶᠣᠯ ᠲᠠᠢ᠂ ᠡᠯᠪᠡᠭ ᠪᠠᠶᠠᠯᠢᠭ᠋ ᠰᠣᠶᠣᠯ ᠢᠷᠭᠡᠨᠰᠢᠯ᠎ᠲᠠᠢ᠃ ᠬᠤᠪᠢᠰᠬᠠᠯ᠎ᠤᠨ ᠰᠣᠶᠣᠯ ᠪᠠ ᠲᠠᠯ᠎ᠠ ᠨᠤᠲᠤᠭ᠎ᠤᠨ ᠰᠣᠶᠣᠯ᠂ ᠲᠠᠷᠢᠶᠠᠯᠠᠬᠤ ᠰᠣᠶᠣᠯ᠂ ᠬᠠᠳᠤᠨ ᠭᠣᠣᠯ᠎ᠤᠨ ᠰᠣᠶᠣᠯ᠂ ᠤᠷᠳᠤ ᠴᠠᠭᠠᠨ ᠬᠡᠷᠡᠮ᠎ᠦᠨ ᠰᠣᠶᠣᠯ᠎ᠢ ᠠᠭᠤᠰᠤᠯᠴᠠᠭᠤᠯᠵᠦ ᠨᠢᠭᠡ ᠴᠣᠭᠴᠠ ᠪᠣᠯᠭᠠᠵᠦ᠂ ᠤᠯᠠᠨ ᠡᠰᠢᠲᠦ ᠨᠢᠭᠡ ᠴᠣᠭᠴᠠᠵᠢᠭᠰᠠᠨ ᠰᠣᠶᠣᠯ᠎ᠤᠨ ᠪᠠᠢᠷᠢᠰᠢᠯ᠎ᠢ ᠪᠦᠷᠢᠯᠳᠦᠭᠦᠯᠪᠡ᠂ ᠤᠮᠠᠷᠠᠲᠤ ᠬᠢᠯᠢ᠎ᠶᠢᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯ ᠳᠤᠮᠳᠠᠳᠤ᠎ᠶᠢᠨ ᠪᠣᠯᠪᠠᠰᠤᠨ᠎ᠤ ᠪᠠᠭᠲᠠᠭᠠᠮᠵᠢᠲᠤ ᠴᠢᠨᠠᠷ᠎ᠤᠨ ᠠᠮᠢᠳᠤᠯᠢᠭ᠋ ᠢᠯᠡᠷᠡᠯ ᠮᠥᠨ᠃ ᠪᠠᠯᠠᠷ ᠡᠷᠲᠡᠨ᠎ᠦ ᠦᠶ᠎ᠡ᠎ᠡᠴᠡ ᠡᠬᠢᠯᠡᠨ᠂ ᠥᠪᠥᠷ ᠮᠣᠩᠭᠣᠯ ᠣᠷᠣᠨ ᠪᠣᠯ ᠲᠠᠷᠢᠶᠠᠯᠠᠬᠤ ᠪᠣᠯᠪᠠᠰᠤᠨ ᠬᠢᠭᠡᠳ ᠨᠡᠭᠦᠳᠡᠯ ᠮᠠᠯᠵᠢᠯ᠎ᠤᠨ ᠪᠣᠯᠪᠠᠰᠤᠨ ᠰᠣᠯᠪᠢᠴᠠᠭᠰᠠᠨ ᠣᠷᠣᠨ ᠪᠠᠢᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ᠎ᠶᠢᠨ ᠬᠠᠯᠠᠭᠤᠨ ᠬᠥᠷᠥᠰᠥ ᠪᠠᠢᠵᠤ᠂ ᠤᠯᠠᠨ ᠡᠰᠢᠲᠦ ᠰᠣᠶᠣᠯ᠎ᠤᠨ ᠰᠣᠯᠢᠯᠴᠠᠭ᠎ᠠ ᠠᠭᠤᠰᠤᠯᠴᠠᠯ᠎ᠤᠨ ᠲᠠᠪᠴᠠᠩ ᠪᠣᠯᠤᠭᠰᠠᠨ ᠪᠠᠢᠨ᠎ᠠ᠃ ᠨᠡᠭᠦᠳᠡᠯ ᠮᠠᠯᠵᠢᠯ᠎ᠤᠨ ᠪᠣᠯᠪᠠᠰᠤᠨ᠎ᠢᠶᠠᠷ ᠣᠨᠴᠠᠯᠢᠭ᠋᠎ᠢᠶᠠᠨ ᠪᠣᠯᠭᠠᠭᠰᠠᠨ ᠥᠪᠥᠷ ᠮᠣᠩᠭᠣᠯ ᠣᠷᠣᠨ ᠨᠢ ᠲᠠᠷᠢᠶᠠᠯᠠᠬᠤ ᠣᠷᠣᠨ᠎ᠳᠤ ᠮᠠᠰᠢ ᠶᠡᠬᠡ ᠨᠠᠶ᠋ᠢᠳᠠᠮᠠᠲᠠᠭᠠᠶ ᠪᠠᠢᠳᠠᠭ;ᠡᠭᠦᠨ᠎ᠦ ᠬᠠᠮᠲᠤ᠂ ᠲᠠᠷᠢᠶᠠᠯᠠᠬᠤ ᠣᠷᠣᠨ ᠨᠢ ᠨᠡᠭᠦᠳᠡᠯ ᠮᠠᠯᠵᠢᠯ᠎ᠤᠨ ᠣᠷᠣᠨ᠎ᠡᠴᠡ ᠶᠡᠬᠡ ᠬᠡᠮᠵᠢᠶᠡᠨ᠎ᠦ ᠮᠠᠯ ᠤᠨᠤᠭ᠎ᠠ ᠪᠣᠯᠣᠨ ᠮᠠᠯ᠎ᠤᠨ ᠠᠰᠢᠭ᠋ ᠰᠢᠮ᠎ᠡ ᠬᠠᠩᠭᠠᠬᠤ᠎ᠶᠢ ᠱᠠᠭᠠᠷᠳᠠᠵᠤ᠂ ᠲᠠᠷᠢᠶᠠᠯᠠᠬᠤ ᠪᠣᠯᠪᠠᠰᠤᠨ ᠪᠣᠯᠣᠨ ᠨᠡᠭᠦᠳᠡᠯ ᠮᠠᠯᠵᠢᠯ᠎ᠤᠨ ᠪᠣᠯᠪᠠᠰᠤᠨ᠎ᠤ ᠬᠣᠭᠣᠷᠣᠨᠳᠣᠬᠢ ᠲᠤᠢᠯ᠎ᠤᠨ ᠴᠢᠩᠭ᠎ᠠ ᠬᠠᠷᠢᠯᠴᠠᠨ ᠨᠥᠬᠥᠪᠦᠷᠢᠯᠡᠬᠦ ᠴᠢᠨᠠᠷ ᠨᠢ ᠥᠪᠥᠷ ᠮᠣᠩᠭᠣᠯ ᠣᠷᠣᠨ᠎ᠤ ᠰᠣᠶᠣᠯ᠎ᠦᠨ ᠪᠦᠬᠦᠨ᠎ᠢ ᠠᠪᠴᠤ ᠪᠠᠢᠳᠠᠭ᠎ᠢ ᠬᠠᠳᠠᠭᠠᠯᠠᠬᠤ ᠣᠨᠴᠠᠯᠢᠭ᠋᠎ᠢ ᠲᠣᠭᠲᠠᠭᠠᠵᠠᠢ᠃

ᠳᠡᠯᠡᠬᠡᠢ ᠳ᠋ᠠᠬᠢᠨ᠎ᠲᠠᠢ ᠡᠶ᠎ᠡ ᠨᠠᠢᠷᠲᠠᠢ ᠪᠠᠢᠵᠤ ᠳᠤᠮᠳᠠᠳᠤ᠎ᠶᠢᠨ ᠪᠣᠯᠪᠠᠰᠤᠨ᠎ᠤ ᠡᠩᠬᠡ ᠲᠠᠢᠪᠤᠩ ᠴᠢᠨᠠᠷ᠎ᠢ ᠢᠯᠡᠷᠡᠭᠦᠯᠦᠨ᠎ᠡ

《ᠨᠠᠢᠷᠠᠮᠳᠠᠭᠤ》 ᠪᠣᠯ ᠳᠤᠮᠳᠠᠳᠤ᠎ᠶᠢᠨ ᠪᠣᠯᠪᠠᠰᠤᠨ᠎ᠤ ᠭᠣᠣᠯᠯᠠᠬᠤ ᠦᠷᠳᠡᠭ᠎ᠦᠨ ᠦᠵᠡᠯᠲᠡ᠎ᠶᠢᠨ ᠨᠢᠭᠡ ᠮᠥᠨ᠂ ᠵᠣᠬᠢᠬᠤ ᠤᠳᠬ᠎ᠠ ᠠᠭᠤᠯᠭ᠎ᠠ᠎ᠠᠴᠠ ᠠᠪᠴᠤ ᠬᠡᠯᠡᠪᠡᠯ᠂ ᠳᠤᠮᠳᠠᠳᠤ᠎ᠶᠢᠨ ᠪᠣᠯᠪᠠᠰᠤᠨ᠎ᠢ ᠨᠢᠭᠡ ᠵᠦᠢᠯ᠎ᠦᠨ 《ᠨᠠᠢᠷᠠᠮᠳᠠᠭᠤ》 ᠪᠣᠯᠪᠠᠰᠤᠨ ᠮᠥᠨ ᠭᠡᠵᠦ ᠬᠡᠯᠡᠵᠦ ᠪᠣᠯᠣᠨ᠎ᠠ᠃ ᠡᠷᠲᠡᠨ᠎ᠡᠴᠡ ᠡᠳᠦᠭᠡ ᠪᠣᠯᠲᠠᠯ᠎ᠠ᠂ ᠳᠤᠮᠳᠠᠳᠤ᠎ᠶᠢᠨ ᠦᠨᠳᠦᠰᠦᠲᠡᠨ ᠳᠡᠯᠡᠬᠡᠢ ᠳᠡᠭᠡᠷ᠎ᠡ ᠪᠠᠢᠷᠢ ᠰᠠᠭᠤᠷᠢ᠎ᠲᠠᠢ᠂ ᠨᠥᠯᠥᠭᠡ᠎ᠲᠠᠢ ᠪᠠᠢᠳᠠᠭ᠎ᠤᠨ ᠤᠴᠢᠷ ᠨᠢ ᠳᠤᠮᠳᠠᠳᠤ᠎ᠶᠢᠨ ᠰᠣᠶᠣᠯ᠎ᠤᠨ ᠬᠦᠴᠦᠷᠬᠡᠭ ᠶᠡᠬᠡ ᠤᠷᠢᠶᠠᠯᠠᠬᠤ ᠬᠦᠴᠦᠨ ᠪᠠ ᠲᠠᠲᠠᠬᠤ ᠬᠦᠴᠦᠨ᠎ᠳᠦ ᠣᠷᠣᠰᠢᠨ᠎ᠠ᠃ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠳᠤᠮᠳᠠᠳᠤ᠎ᠶᠢᠨ ᠪᠣᠯᠪᠠᠰᠤᠨ᠎ᠤ ᠤᠶᠤᠨ ᠤᠬᠠᠭᠠᠨ᠎ᠤ ᠤᠬᠢ ᠪᠦᠲᠦᠭᠡᠯ ᠮᠥᠨ᠂ ᠲᠡᠭᠦᠨ᠎ᠦ ᠠᠯᠢ ᠤᠯᠠᠨ ᠡᠯᠧᠮᠧᠨ᠋ᠲ ᠨᠢ ᠳᠤᠮᠳᠠᠳᠤ᠎ᠶᠢᠨ ᠪᠣᠯᠪᠠᠰᠤᠨ᠎ᠤ ᠡᠩᠬᠡ ᠲᠠᠢᠪᠤᠩ ᠴᠢᠨᠠᠷ᠎ᠢ ᠪᠦᠲᠦᠭᠡᠭᠰᠡᠨ ᠪᠠᠢᠨ᠎ᠠ᠃ ᠡᠩᠬᠡ ᠲᠠᠢᠪᠤᠩ ᠪᠣᠯ ᠦᠨᠳᠦᠰᠦᠲᠡᠨ᠎ᠨᠦᠭᠦᠳ᠎ᠦᠨ ᠬᠠᠮᠲᠤ᠎ᠶᠢᠨ ᠬᠥᠭᠡᠭᠡᠴᠡᠯᠳᠦᠯ ᠮᠥᠨ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢᠶᠠᠷ ᠳᠠᠮᠵᠢᠨ᠂ ᠲᠡᠷᠢᠭᠦᠨ᠎ᠦ ᠲᠠᠷᠢᠶᠠᠯᠠᠩ᠎ᠤᠨ ᠦᠢᠯᠡᠳᠪᠦᠷᠢᠯᠡᠯ ᠪᠣᠯᠣᠨ ᠤᠷ᠎ᠠ ᠮᠡᠷᠭᠡᠵᠢᠯ ᠤᠮᠠᠷᠠᠲᠤ ᠬᠢᠯᠢ᠎ᠶᠢᠨ ᠡᠬᠡ ᠭᠠᠵᠠᠷ᠎ᠲᠤ ᠤᠯᠠᠮᠵᠢᠯᠠᠭᠳᠠᠨ ᠣᠷᠣᠵᠤ᠂ ᠦᠨᠳᠦᠰᠦᠲᠡᠨ᠎ᠨᠦᠭᠦᠳ ᠡᠶ᠎ᠡ ᠵᠣᠬᠢᠴᠠᠩᠭᠤᠢ ᠭᠡᠷ ᠣᠷᠣᠨ᠎ᠢᠶᠠᠨ ᠬᠠᠮᠲᠤ ᠪᠠᠷ ᠴᠣᠭᠴᠠᠯᠠᠪᠠ;ᠤᠷᠳᠤ ᠴᠠᠭᠠᠨ ᠬᠡᠷᠡᠮ ᠳᠠᠭᠠᠤ ᠦᠨᠳᠦᠰᠦᠲᠡᠨ᠎ᠦ ᠠᠭᠤᠰᠤᠯᠴᠠᠭᠰᠠᠨ ᠰᠣᠶᠣᠯ᠎ᠤᠨ ᠪᠦᠰᠡ᠎ᠶᠢ ᠪᠦᠷᠢᠯᠳᠦᠭᠦᠯᠵᠦ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠪᠠᠢᠬᠤ ᠪᠠ ᠦᠭᠡᠢ᠎ᠪᠡᠨ ᠬᠠᠷᠢᠯᠴᠠᠨ ᠰᠣᠯᠢᠯᠴᠠᠵᠤ᠂ ᠬᠠᠷᠢᠯᠴᠠᠨ ᠯᠠᠪᠯᠠᠯᠳᠠ ᠪᠣᠯᠭᠠᠨ ᠠᠭᠤᠰᠤᠯᠴᠠᠪᠠ;ᠤᠮᠠᠷᠠᠲᠤ᠎ᠶᠢᠨ ᠨᠡᠭᠦᠳᠡᠯᠴᠢᠨ ᠦᠨᠳᠦᠰᠦᠲᠡᠨ ᠵᠦᠩᠶᠤᠸᠠᠨ ᠣᠷᠣᠨ᠎ᠲᠠᠢ ᠨᠢᠭ᠍ᠲᠠ ᠠᠵᠤ ᠠᠬᠤᠢ᠎ᠶᠢᠨ ᠬᠠᠷᠢᠯᠴᠠᠭ᠎ᠠ ᠪᠠ ᠠᠷᠠᠯᠵᠢᠶᠠᠨ᠎ᠤ ᠶᠠᠪᠤᠯᠴᠠᠭ᠎ᠠ᠎ᠲᠠᠢ ᠪᠠᠢᠵᠤ᠂ ᠬᠠᠷᠢᠯᠴᠠᠨ ᠠᠰᠢᠭ᠍ᠲᠠᠢ᠎ᠬᠠᠷᠢᠯᠴᠠᠨ ᠨᠥᠬᠥᠪᠦᠷᠢᠯᠡᠬᠦ ᠨᠥᠬᠥᠷᠰᠡᠭ ᠬᠡᠪ ᠵᠠᠭᠪᠤᠷ᠎ᠢ ᠪᠦᠷᠢᠯᠳᠦᠭᠦᠯᠦᠭᠰᠡᠨ ᠪᠠᠢᠨ᠎ᠠ᠃ ᠡᠩᠬᠡ ᠲᠠᠢᠪᠤᠩ ᠠᠭᠤᠷ ᠠᠮᠢᠰᠬᠤᠯ᠎ᠤᠨ ᠳᠣᠣᠷ᠎ᠠ ᠪᠦᠷᠢᠯᠳᠦᠭᠰᠡᠨ ᠤᠮᠠᠷᠠᠲᠤ ᠬᠢᠯᠢ᠎ᠶᠢᠨ ᠰᠣᠶᠣᠯ ᠪᠣᠯ ᠳᠤᠮᠳᠠᠳᠤ᠎ᠶᠢᠨ ᠪᠣᠯᠪᠠᠰᠤᠨ᠎ᠤ ᠡᠩᠬᠡ ᠲᠠᠢᠪᠤᠩ ᠴᠢᠨᠠᠷ᠎ᠤᠨ ᠬᠦᠴᠦᠲᠡᠢ ᠭᠡᠷᠡᠴᠢ ᠮᠥᠨ᠃

ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠳᠤᠮᠳᠠᠳᠤ᠎ᠶᠢᠨ ᠪᠣᠯᠪᠠᠰᠤᠨ᠎ᠤ ᠤᠶᠤᠨ᠎ᠤ ᠤᠬᠢ ᠲᠠᠯᠠᠰᠳᠣ ᠮᠥᠨ᠂ ᠳᠤᠮᠳᠠᠳᠤ᠎ᠶᠢᠨ ᠦᠨᠳᠦᠰᠦᠲᠡᠨ᠎ᠦ ᠦᠨᠳᠦᠰᠦ ᠪᠠ ᠰᠦᠭ ᠰᠦᠨᠡᠰᠦ ᠮᠥᠨ᠃ ᠳᠤᠮᠳᠠᠳᠤ᠎ᠶᠢᠨ ᠪᠣᠯᠪᠠᠰᠤᠨ᠎ᠤ ᠡᠭᠦᠰᠦᠯ᠎ᠦᠨ ᠣᠷᠣᠨ᠎ᠤ ᠨᠢᠭᠡ ᠪᠣᠯᠤᠭᠰᠠᠨ ᠥᠪᠥᠷ ᠮᠣᠩᠭᠣᠯ ᠣᠷᠣᠨ᠎ᠳᠤ ᠦᠨᠳᠦᠰᠦᠲᠡᠨ᠎ᠨᠦᠭᠦᠳ ᠦᠶ᠎ᠡ᠎ᠶᠢᠨ ᠦᠶ᠎ᠡ᠎ᠪᠠᠷ ᠵᠢᠡᠨ ᠠᠵᠤ ᠲᠦᠷᠦᠵᠦ᠂ ᠲᠠᠰᠤᠷᠠᠯᠲᠠ ᠦᠭᠡᠢ ᠶᠠᠪᠤᠯᠴᠠᠵᠦ ᠰᠣᠯᠢᠯᠴᠠᠵᠦ ᠠᠭᠤᠰᠤᠯᠴᠠᠵᠤ᠂ ᠤᠯᠠᠨ ᠦᠨᠳᠦᠰᠦᠲᠡᠨ᠎ᠦ ᠤᠯᠠᠨ ᠡᠰᠢᠲᠦ ᠰᠣᠶᠣᠯ ᠡᠨᠳᠡ ᠪᠠᠳᠠᠷᠠᠨ ᠭᠦᠭᠵᠢᠬᠦ ᠵᠢᠨ ᠲᠠᠭᠠᠤ ᠬᠠᠷᠢᠯᠴᠠᠨ ᠮᠦᠷᠭᠦᠯᠳᠦᠭᠡᠨ ᠡᠬᠦᠰᠴᠤ ᠪᠠᠢᠭᠠᠳ᠂ ᠪᠠᠶᠠᠯᠢᠭ᠋ ᠰᠠᠢᠬᠠᠨ ᠪᠣᠯᠪᠠᠰᠤᠨ᠎ᠢ ᠪᠤᠢ ᠪᠣᠯᠭᠠᠵᠦ᠂ ᠭᠡᠷᠡᠯ ᠰᠠᠴᠤᠷᠠᠬᠰᠠᠨ ᠲᠠᠩᠰᠤᠭ ᠰᠠᠢᠬᠠᠨ ᠤᠮᠠᠷᠠᠲᠤ ᠬᠢᠯᠢ᠎ᠶᠢᠨ ᠰᠣᠶᠣᠯ᠎ᠢ ᠬᠠᠮᠲᠤ᠎ᠪᠠᠷ ᠡᠭᠦᠳᠦᠨ ᠪᠦᠲᠦᠭᠡᠭᠰᠡᠨ ᠪᠠᠢᠨ᠎ᠠ᠃ ᠪᠢᠳᠡ ᠤᠮᠠᠷᠠᠲᠤ ᠬᠢᠯᠢ᠎ᠶᠢᠨ ᠰᠣᠶᠣᠯ ᠪᠣᠯᠣᠨ ᠳᠤᠮᠳᠠᠳᠤ᠎ᠶᠢᠨ ᠪᠣᠯᠪᠠᠰᠤᠨ᠎ᠤ ᠲᠣᠪᠣᠢᠮ᠎ᠠ ᠣᠨᠴᠠᠯᠢᠭ᠋᠎ᠤᠨ ᠳᠣᠲᠣᠭᠠᠳᠤ ᠨᠢᠭᠡᠳᠦᠯᠲᠠᠢ ᠴᠢᠨᠠᠷ᠎ᠢ ᠭᠦᠨᠵᠡᠭᠡᠢ ᠡᠵᠡᠮᠰᠢᠵᠦ᠂ ᠳᠤᠮᠳᠠᠳᠤ᠎ᠶᠢᠨ ᠦᠨᠳᠦᠰᠦᠲᠡᠨ᠎ᠦ ᠨᠡᠢᠲᠡᠯᠢᠭ ᠴᠢᠨᠠᠷ᠎ᠢ ᠴᠢᠩᠭᠠᠳᠬᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠴᠢᠩᠭᠠᠳᠬᠠᠵᠦ᠂ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠰᠣᠶᠣᠯ᠎ᠢ ᠳᠤᠮᠳᠠᠳᠤ᠎ᠶᠢᠨ ᠰᠣᠶᠣᠯ᠎ᠤᠨ ᠲᠤᠬᠠᠢ ᠮᠡᠳᠡᠷᠡᠮᠵᠢ᠎ᠶᠢ ᠨᠡᠮᠡᠭᠳᠡᠭᠦᠯᠦᠭᠰᠡᠨ ᠰᠠᠭᠤᠷᠢᠨ ᠳᠡᠭᠡᠷ᠎ᠡ ᠪᠦᠲᠦᠭᠡᠯᠴᠢ᠎ᠪᠡᠷ ᠬᠤᠪᠢᠷᠠᠭᠤᠯᠬᠤ᠂ ᠰᠢᠨ᠎ᠡ᠎ᠶᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ᠎ᠶᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠪᠠᠶ᠋ᠢᠭᠤᠯᠬᠤ᠎ᠳᠤ ᠬᠦᠴᠦᠨ ᠴᠢᠳᠠᠯ᠎ᠢᠶᠠᠨ ᠨᠡᠮᠡᠷᠢᠯᠡᠬᠦ ᠬᠡᠷᠡᠭᠳᠡᠢ᠃


(ᠵᠢᠩ ᠵᠢᠶᠠᠨ ᠹᠧᠩ ᠄ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠭᠦᠨ ᠤᠬᠠᠭᠠᠨ᠎ᠤ ᠳᠡᠭᠡᠳᠦ ᠰᠤᠷᠭᠠᠭᠤᠯᠢ᠎ᠶᠢᠨ ᠫᠷᠤᠹᠸᠰᠰᠤᠷ;ᠸᠠᠩ ᠮᠢᠨ ᠄ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠳ᠋ᠣᠺᠲ᠋ᠣᠷᠠᠨᠲ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面