ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2023-11-03 11:38:11

ᠵᠣᠬᠢᠶᠠᠭ᠍ᠴᠢ᠄ ᠳᠧ ᠬᠣᠩ ᠶᠢᠩ ᠣᠩᠱᠢᠭ᠍ᠰᠠᠨ ᠣᠳᠠᠭ᠎ᠠ᠄ 3

ᠶᠡᠷᠦᠩᠬᠡᠢ ᠱᠦᠵᠢ ᠰᠢ᠎ᠶᠢᠨ ᠫᠢᠩ ᠰᠣᠶᠣᠯ᠎ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷ᠎ᠡ᠄ 《ᠰᠢᠨ᠎ᠡ ᠭᠠᠷᠤᠭ᠎ᠠ ᠳᠡᠭᠡᠷ᠎ᠡ ᠡᠴᠡ ᠰᠣᠶᠣᠯ᠎ᠤᠨ ᠴᠡᠴᠡᠭᠯᠡᠯᠲᠡ᠎ᠶᠢ ᠦᠷᠭᠦᠯᠵᠢᠯᠡᠨ ᠠᠬᠢᠭᠤᠯᠵᠤ᠂ ᠰᠣᠶᠣᠯ᠎ᠤᠨ ᠬᠦᠴᠦᠷᠬᠡᠭ ᠤᠯᠤᠰ᠎ᠢ ᠪᠠᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠪᠠᠶ᠋ᠢᠭᠤᠯᠬᠤ ᠪᠣᠯ ᠪᠢᠳᠡᠨ᠎ᠦ ᠰᠢᠨ᠎ᠡ ᠴᠠᠭ ᠦᠶ᠎ᠡ᠎ᠶᠢᠨ ᠰᠣᠶᠣᠯ᠎ᠤᠨ ᠰᠢᠨ᠎ᠡ ᠡᠭᠦᠷᠭᠡ ᠮᠥᠨ》ᠭᠡᠵᠦ ᠵᠢᠭᠠᠵᠤ ᠭᠠᠷᠭᠠᠪᠠ᠃ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢ ᠠᠬᠢᠭᠤᠯᠬᠤ ᠪᠣᠯ ᠰᠢᠨ᠎ᠡ ᠴᠠᠭ ᠦᠶ᠎ᠡ ᠵᠢᠨ ᠰᠣᠶᠣᠯ᠎ᠤᠨ ᠰᠢᠨ᠎ᠡ ᠡᠭᠦᠷᠭᠡ᠎ᠶᠢ ᠡᠭᠦᠷᠭᠡᠯᠡᠬᠦ ᠴᠢᠬᠤᠯᠠ ᠠᠷᠭ᠎ᠠ ᠬᠡᠮᠵᠢᠶ᠎ᠡ ᠮᠥᠨ᠂ ᠳᠠᠷᠤᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠵᠦ᠂ ᠤᠮᠠᠷᠠᠲᠤ ᠬᠢᠯᠢ᠎ᠶᠢᠨ ᠡᠬᠡ ᠭᠠᠵᠠᠷ᠎ᠲᠤ ᠦᠨᠳᠦᠰᠦᠯᠡᠭᠰᠡᠨ ᠰᠢᠯᠢᠳᠡᠭ ᠰᠣᠶᠣᠯ᠎ᠢ ᠰᠢᠨ᠎ᠡ ᠴᠠᠭ ᠦᠶ᠎ᠡ᠎ᠳᠦ ᠠᠮᠢᠳᠤᠯᠢᠬᠵᠢᠭᠤᠯᠤᠨ ᠬᠦᠭᠵᠢᠶᠡᠨᠳᠡᠢ ᠪᠤᠯᠭᠠᠬᠣ ᠶᠠᠪᠣᠳᠠᠯ ᠪᠣᠯᠣᠨ᠎ᠠ᠃ ᠣᠮᠠᠷᠠᠳᠣ ᠬᠢᠯᠢ ᠵᠢᠨ ᠰᠣᠶᠣᠯ᠎ᠦᠨ ᠪᠠᠢᠭᠣᠯᠣᠯᠳᠠ ᠵᠢ ᠠᠬᠢᠭᠣᠯᠬᠣ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠨᠡᠩ ᠰᠠᠢᠲᠤᠷ ᠪᠠᠶ᠋ᠢᠭᠤᠯᠬᠤ᠎ᠳᠤ ᠴᠢᠬᠤᠯᠠ ᠴᠠᠭ ᠦᠶ᠎ᠡ᠎ᠶᠢᠨ ᠦᠨ᠎ᠡ ᠦᠷᠳᠡᠭ ᠲᠠᠢ ᠶᠤᠮ᠃

ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠪᠠᠢᠭᠤᠯᠬᠤ ᠎ᠳᠦ ᠬᠤᠪᠢ ᠨᠡᠮᠡᠷᠢ ᠦᠵᠡᠬᠦᠯᠦᠶ᠎ᠠ

ᠳᠤᠮᠳᠠᠳᠤ᠎ᠶᠢᠨ ᠦᠨᠳᠦᠰᠦᠲᠡᠨ᠎ᠦ ᠣᠳᠣ᠌ ᠦᠶ᠎ᠡ᠎ᠶᠢᠨ ᠪᠤᠯᠪᠠᠰᠤᠨ᠎ᠢ ᠪᠠᠢᠭᠤᠯᠬᠤ ᠪᠣᠯ ᠳᠠᠷᠤᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠳᠣᠲᠣᠭᠠᠳᠤ ᠦᠷᠳᠡᠭ᠎ᠢ ᠠᠭᠤᠳᠠᠯᠬᠤ᠎ᠶᠢ ᠴᠢᠬᠤᠯᠠᠴᠢᠯᠠᠬᠤ᠎ᠶᠢᠨ ᠬᠠᠮᠲᠤ ᠲᠡᠭᠦᠨ᠎ᠳᠦ ᠴᠠᠭ ᠦᠶ᠎ᠡ᠎ᠶᠢᠨ ᠠᠭᠤᠯᠤᠭᠳᠠᠬᠤᠨ ᠪᠠ ᠤᠳᠤ ᠦᠶ᠎ᠡ᠎ᠶᠢᠨ ᠢᠯᠡᠳᠬᠡᠬᠦ ᠬᠡᠯᠪᠡᠷᠢ᠎ᠶᠢ ᠣᠯᠭᠣᠵᠤ᠂ ᠠᠷᠠᠳ ᠤᠯᠠᠨ᠎ᠤ ᠳᠤᠮᠳᠠᠳᠤ᠎ᠶᠢᠨ ᠰᠣᠶᠣᠯ᠎ᠤᠨ ᠲᠤᠬᠠᠢ ᠢᠲᠡᠭᠡᠯ ᠪᠠ ᠣᠮᠣᠭᠰᠢᠯᠲᠤ ᠰᠡᠳᠬᠢᠯᠭᠡ᠎ᠶᠢ ᠨᠡᠮᠡᠭᠳᠡᠭᠦᠯᠵᠦ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ ᠳᠤᠮᠳᠠ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ᠎ᠢ ᠵᠣᠬᠢᠴᠠᠭᠤᠯᠤᠭᠰᠠᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠳᠦᠭᠡᠨ ᠪᠠᠢᠭᠤᠯᠤᠯᠳᠠ ᠵᠢ ᠠᠬᠢᠭᠤᠯᠬᠤ ᠶᠠᠪᠤᠳᠠᠯ ᠪᠣᠯᠣᠨ᠎ᠠ᠃ ᠤᠮᠠᠷᠠᠲᠤ᠎ᠶᠢᠨ ᠰᠣᠶᠣᠯ᠎ᠤᠨ ᠪᠠᠢᠭᠤᠯᠤᠯᠲᠠ᠎ᠶᠢ ᠠᠬᠢᠭᠤᠯᠬᠤ᠎ᠳᠤ᠂ ᠰᠣᠶᠣᠯ᠎ᠤᠨ ᠤᠬᠠᠮᠰᠠᠷ᠎ᠢᠶᠠᠨ ᠴᠢᠩᠭᠠᠳᠬᠠᠵᠤ᠂ ᠰᠣᠶᠣᠯ᠎ᠤᠨ ᠡᠭᠦᠷᠭᠡ᠎ᠶᠢ ᠵᠣᠷᠢᠭ᠍ᠲᠠᠢ᠎ᠪᠠᠷ ᠡᠭᠦᠷᠭᠡᠯᠡᠵᠦ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠬᠦ ᠬᠡᠷᠡᠭᠲᠡᠢ;ᠤᠮᠠᠷᠠᠲᠤ ᠬᠢᠯᠢ᠎ᠶᠢᠨ ᠡᠬᠡ ᠭᠠᠵᠠᠷ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠪᠦᠯᠬᠦᠮᠳᠡᠨ ᠲᠡᠮᠡᠴᠡᠭᠰᠡᠨ ᠦᠯᠢᠭᠡᠷ᠎ᠢ ᠰᠠᠢᠲᠤᠷ ᠶᠠᠷᠢᠵᠤ᠂ ᠤᠮᠠᠷᠠᠲᠤ ᠬᠢᠯᠢ᠎ᠶᠢᠨ ᠡᠬᠡ ᠭᠠᠵᠠᠷ᠎ᠤᠨ ᠦᠨᠳᠦᠰᠦᠲᠡᠨ᠎ᠨᠦᠭᠦᠳ᠎ᠦᠨ ᠪᠠᠶᠠᠯᠢᠭ᠋ ᠰᠠᠢᠬᠠᠨ ᠰᠣᠶᠣᠯ᠎ᠤᠨ ᠦᠯᠢᠭᠡᠷ᠎ᠢ ᠰᠠᠢᠲᠤᠷ ᠶᠠᠷᠢᠵᠤ᠂ ᠰᠢᠯᠢᠳᠡᠭ ᠰᠣᠶᠣᠯ᠎ᠢ ᠰᠢᠨ᠎ᠡ ᠴᠠᠭ ᠦᠶ᠎ᠡ᠎ᠳᠦ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ;ᠤᠮᠠᠷᠠᠲᠤ ᠬᠢᠯᠢ᠎ᠶᠢᠨ ᠡᠯ᠎ᠡ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠤᠮᠠᠷᠠᠲᠤ ᠬᠢᠯᠢ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠡᠷ ᠬᠤᠪᠢᠷᠠᠭᠤᠯᠬᠤ᠂ ᠰᠢᠨ᠎ᠡ᠎ᠶᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ᠎ᠶᠢ ᠨᠡᠩ ᠪᠦᠲᠦᠮᠵᠢᠲᠡᠶ ᠠᠬᠢᠭᠤᠯᠵᠤ᠂ ᠠᠷᠠᠳ ᠤᠯᠠᠨ᠎ᠤ ᠤᠯᠠᠨ ᠶᠠᠩᠵᠤᠴᠢᠯᠠᠭᠰᠠᠨ᠂ ᠤᠯᠠᠨ ᠲᠡᠰ ᠳᠠᠪᠬᠤᠷᠭ᠎ᠠ᠎ᠶᠢᠨ᠂ ᠤᠯᠠᠨ ᠲᠠᠯ᠎ᠠ᠎ᠶᠢᠨ ᠤᠶᠤᠨ᠎ᠤ ᠰᠣᠶᠣᠯ᠎ᠤᠨ ᠬᠡᠷᠡᠭᠴᠡᠭᠡ᠎ᠶᠢ ᠲᠠᠰᠤᠷᠠᠯᠳᠠ ᠦᠭᠡᠢ ᠬᠠᠩᠭᠠᠵᠤ᠂ ᠠᠷᠠᠳ ᠤᠯᠠᠨ᠎ᠤ ᠤᠳᠤ ᠦᠶ᠎ᠡ᠎ᠶᠢᠨ ᠪᠣᠯᠪᠠᠰᠤᠨ᠎ᠤ ᠬᠡᠮᠵᠢᠶ᠎ᠡ᠎ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢ ᠠᠬᠢᠭᠤᠯᠬᠤ᠎ᠳᠤ᠂ ᠢᠮᠠᠭᠲᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠰᠠᠨᠠᠭᠠᠨ᠎ᠤ ᠰᠠᠭᠤᠷᠢ᠎ᠶᠢ ᠪᠡᠬᠢᠵᠢᠭᠦᠯᠬᠦ᠎ᠳᠦ ᠠᠩᠬᠠᠷᠤᠯ᠎ᠢᠶᠠᠨ ᠬᠠᠨᠳᠤᠭᠤᠯᠬᠤ᠎ᠶᠢᠨ ᠬᠠᠮᠲᠤ ᠡᠨᠡ᠎ᠬᠦ ᠴᠢᠭᠯᠡᠯ᠎ᠢᠶᠡᠷ ᠴᠣᠭᠴᠠᠯᠠᠨ ᠪᠠᠢᠭᠤᠯᠵᠤ᠂ ᠡᠭᠦᠨ᠎ᠦ ᠤᠯᠠᠮ᠎ᠠᠴᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠰᠡᠳᠬᠢᠯ ᠨᠢᠭᠡᠳᠤᠨ ᠬᠦᠴᠦ᠎ᠪᠡᠨ ᠬᠠᠮᠲᠤᠳᠬᠠᠵᠤ᠂ ᠥᠪᠥᠷ ᠮᠣᠩᠭᠣᠯ᠎ᠤᠨ ᠵᠥᠪ ᠲᠠᠯ᠎ᠠ᠎ᠶᠢᠨ ᠳᠦᠷᠢ ᠲᠥᠷᠬᠦ᠎ᠶᠢ ᠳᠡᠭᠡᠭᠰᠢᠯᠡᠭᠦᠯᠬᠦ᠎ᠳᠦ ᠬᠦᠴᠦᠲᠡᠢ ᠲᠤᠯᠭᠠᠭᠤᠷᠢᠯᠠᠯ ᠬᠠᠩᠭᠠᠵᠤ᠂ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ᠎ᠢ ᠨᠡᠮᠡᠷᠢᠯᠡᠬᠦ ᠬᠡᠷᠡᠭᠲᠡᠢ᠃

ᠳᠤᠮᠳᠠᠳᠤ ᠤᠯᠤᠰ᠎ᠤᠨ ᠰᠣᠶᠣᠯ ᠪᠣᠯ ᠥᠨᠢ ᠤᠳᠠᠭᠠᠨ ᠤᠯᠠᠮᠵᠢᠯᠠᠯ᠎ᠲᠠᠢ᠂ ᠳᠤᠮᠳᠠᠳᠤ᠎ᠶᠢᠨ ᠪᠣᠯᠪᠠᠰᠤᠨ ᠪᠣᠯ ᠥᠷᠭᠡᠨ ᠳᠡᠯᠭᠡᠷ ᠭᠦᠨ ᠭᠦᠨᠵᠡᠭᠡᠢ ᠶᠤᠮ᠃ ᠭᠠᠭᠴᠠ ᠬᠦ᠌ ᠳᠤᠮᠳᠠᠳᠤ᠎ᠶᠢᠨ ᠪᠣᠯᠪᠠᠰᠤᠨ᠎ᠤ ᠲᠡᠦᠬᠡ᠎ᠶᠢ ᠪᠦᠬᠦ ᠲᠠᠯ᠎ᠠ᠎ᠪᠠᠷ ᠭᠦᠨᠵᠡᠭᠡᠢ ᠣᠢᠯᠠᠭᠠᠪᠠᠯ ᠰᠠᠶᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠡᠷ ᠬᠤᠪᠢᠷᠠᠭᠤᠯᠬᠤ᠂ ᠰᠢᠨ᠎ᠡ᠎ᠶᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ᠎ᠶᠢ ᠨᠡᠩ ᠪᠦᠲᠦᠮᠵᠢᠲᠡᠶ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠶᠢ ᠨᠡᠩ ᠬᠦᠴᠦᠲᠡᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠪᠠᠢᠭᠤᠯᠵᠤ ᠴᠢᠳᠠᠨ᠎ᠠ᠃ ᠤᠮᠠᠷᠠᠲᠤ ᠬᠢᠯᠢ᠎ᠶᠢᠨ ᠰᠣᠶᠣᠯ ᠨᠢ ᠬᠤᠪᠢᠰᠬᠠᠯ᠎ᠤᠨ ᠰᠣᠶᠣᠯ ᠪᠠ ᠲᠠᠯ᠎ᠠ ᠨᠤᠲᠤᠭ᠎ᠤᠨ ᠰᠣᠶᠣᠯ ᠂ ᠲᠠᠷᠢᠶᠠᠯᠠᠬᠤ ᠰᠣᠶᠣᠯ᠂ ᠬᠠᠲᠤᠨ ᠭᠣᠣᠯ᠎ᠤᠨ ᠰᠣᠶᠣᠯ᠂ ᠤᠷᠲᠤ ᠴᠠᠭᠠᠨ ᠬᠡᠷᠡᠮ᠎ᠦᠨ ᠰᠣᠶᠣᠯ᠎ᠢ ᠠᠭᠤᠰᠤᠯᠴᠠᠭᠤᠯᠤᠨ ᠨᠢᠭᠡᠳᠬᠡᠵᠦ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ ᠪᠣᠯᠣᠨ 《ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ᠋ ᠰᠠᠨᠠᠭ᠎ᠠ》ᠶ᠋ᠢ ᠬᠠᠮᠲᠤ ᠪᠠᠷ ᠪᠠᠳᠠᠷᠠᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠪᠠᠷ ᠦᠨᠳᠦᠰᠦᠨ ᠠᠭᠤᠯᠭ᠎ᠠ ᠪᠣᠯᠭᠠᠵᠤ᠂ ᠥᠪᠥᠷ ᠮᠣᠩᠭᠣᠯ᠎ᠤᠨ ᠣᠨᠴᠠᠭᠠᠢ ᠣᠷᠣᠨ ᠪᠦᠰᠡ᠎ᠶᠢᠨ ᠴᠢᠨᠠᠷᠲᠠᠢ ᠰᠣᠶᠣᠯ᠎ᠤᠨ ᠲᠦᠷᠦᠯ ᠲᠡᠮᠳᠡᠭ ᠪᠣᠯᠵᠤ᠂ ᠢᠯᠡ ᠲᠣᠳᠣ᠌《ᠤᠯᠠᠨ ᠡᠰᠢᠲᠦ ᠨᠢᠭᠡ ᠴᠣᠭᠴᠠᠵᠢᠬᠰᠠᠨ》 ᠣᠨᠴᠠᠯᠢᠭ᠋᠎ᠢ ᠢᠯᠡᠷᠡᠭᠦᠯᠪᠡ᠃ ᠥᠪᠥᠷ ᠮᠣᠩᠭᠣᠯ᠎ᠳᠤ ᠡᠢᠮᠦ ᠭᠦᠨ ᠵᠤᠵᠠᠭᠠᠨ ᠪᠠᠶᠠᠯᠢᠭ᠋ ᠰᠠᠢᠬᠠᠨ ᠲᠡᠦᠬᠡ ᠰᠣᠶᠣᠯ ᠪᠠ ᠡᠯᠪᠡᠭ ᠪᠠᠶᠠᠯᠢᠭ᠋ ᠰᠣᠶᠣᠯ ᠢᠷᠭᠡᠨᠰᠢᠯ᠎ᠦᠨ ᠡᠬᠢ ᠪᠠᠶᠠᠯᠢᠭ᠋᠎ᠲᠠᠢ ᠪᠤᠯᠬᠤᠷ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠪᠠᠶ᠋ᠢᠭᠤᠯᠬᠤ᠎ᠳᠤ ᠨᠡᠩ ᠶᠡᠭᠡ ᠬᠦᠴᠦᠨ ᠴᠢᠳᠠᠯ᠎ᠢᠶᠠᠨ ᠡᠷᠭᠦᠵᠦ ᠪᠤᠯᠬᠤ ᠶᠤᠮ ᠃

ᠤᠮᠠᠷᠠᠲᠤ ᠬᠢᠯᠢ᠎ᠶᠢᠨ ᠰᠣᠶᠣᠯ᠎ᠳᠤ ᠠᠭᠤᠯᠤᠭᠳᠠᠵᠤ ᠪᠠᠢᠭ᠎ᠠ ᠪᠠᠢᠭᠠᠯᠢ᠎ᠶᠢ ᠲᠡᠭᠡᠳᠦᠯᠡᠬᠦ᠂ ᠪᠠᠢᠭᠠᠯᠢ᠎ᠶᠢ ᠬᠦᠨᠳᠦᠳᠬᠡᠬᠦ ᠠᠮᠢ ᠠᠬᠤᠢ᠎ᠶᠢᠨ ᠦᠵᠡᠯᠲᠡ᠂ ᠨᠡᠭᠡᠭᠡᠯᠲᠡᠲᠡᠢ ᠪᠠᠭᠲᠠᠭᠠᠮᠵᠢᠲᠠᠢ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠦᠵᠡᠯ ᠰᠠᠨᠠᠭ᠎ᠠ ᠣᠢᠯᠠᠭᠠᠭᠳᠠᠬᠤᠨ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠦ ᠨᠠᠮ᠎ᠢᠶᠠᠨ ᠬᠠᠢᠷᠠᠯᠠᠵᠤ ᠤᠯᠤᠰ᠎ᠢᠶᠠᠨ ᠬᠠᠢᠷᠠᠯᠠᠬᠤ᠂ ᠪᠦᠯᠬᠦᠮᠳᠡᠨ ᠲᠡᠮᠡᠴᠡᠬᠦ ᠡᠭᠡ ᠤᠷᠤᠨᠴᠢ ᠵᠣᠷᠢᠭ᠋ ᠰᠠᠨᠠᠭ᠎ᠠ᠂ ᠶᠡᠬᠡ ᠪᠠᠢᠳᠠᠯ᠎ᠢ ᠲᠠᠨᠢᠬᠤ᠂ ᠶᠡᠬᠡ ᠲᠠᠯ᠎ᠠ᠎ᠶᠢ ᠬᠠᠷᠠᠭᠠᠯᠵᠠᠬᠤ᠂ ᠬᠡᠪ ᠰᠤᠷᠲᠠᠯ᠎ᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ᠂ ᠬᠠᠷᠢᠭᠤᠴᠠᠯᠭ᠎ᠠ᠎ᠲᠠᠢ ᠪᠠᠢᠬᠤ᠂ ᠢᠲᠡᠭᠡᠮᠵᠢ᠎ᠲᠠᠢ ᠪᠠᠢᠬᠤ ᠰᠢᠯᠢᠳᠡᠭ ᠤᠯᠠᠮᠵᠢᠯᠠᠯ ᠪᠠ ᠡᠷᠬᠢᠮ ᠨᠠᠨᠳᠢᠨ ᠵᠠᠩ ᠴᠢᠨᠠᠷ ᠵᠡᠷᠭᠡ ᠪᠣᠯ ᠤᠮᠠᠷᠠᠲᠤ ᠬᠢᠯᠢ᠎ᠶᠢᠨ ᠡᠬᠡ ᠭᠠᠵᠠᠷ᠎ᠤᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠤᠷᠳᠤ ᠬᠤᠭᠤᠴᠠᠭᠠᠨ᠎ᠤ ᠦᠢᠯᠡᠳᠪᠦᠷᠢᠯᠡᠯ ᠠᠮᠢᠳᠤᠷᠠᠯ᠎ᠤᠨ ᠳᠤᠮᠳᠠ ᠪᠦᠷᠢᠯᠳᠦᠭᠰᠡᠨ ᠶᠢᠷᠲᠢᠨᠴᠦ᠎ᠶᠢᠨ ᠦᠵᠡᠯᠲᠡ᠂ ᠦᠷᠳᠡᠭ᠎ᠦᠨ ᠦᠵᠡᠯᠲᠡ᠎ᠶᠢᠨ ᠴᠢᠬᠤᠯᠠ ᠢᠯᠡᠷᠡᠯ ᠮᠥᠨ᠂ ᠲᠡᠷᠡ ᠨᠢ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠤ ᠪᠠᠢᠭᠤᠯᠤᠯᠲᠠ᠎ᠳᠤ ᠤᠶᠤᠨ ᠰᠠᠨᠠᠭᠠᠨ᠎ᠤ ᠬᠥᠳᠡᠯᠭᠡᠬᠦ ᠬᠦᠴᠦᠨ᠎ᠢ ᠨᠡᠮᠡᠷᠢᠯᠡᠵᠦ ᠴᠢᠳᠠᠬᠤ ᠶᠤᠮ᠃

ᠤᠮᠠᠷᠠᠲᠤ᠎ᠶᠢᠨ ᠰᠣᠶᠣᠯ᠎ᠳᠤ ᠠᠭᠤᠯᠤᠭᠳᠠᠵᠤ ᠪᠠᠢᠭ᠎ᠠ ᠮᠣᠩᠭᠣᠯ ᠮᠣᠷᠢᠨ᠎ᠤ ᠵᠣᠷᠢᠭ᠋ ᠰᠠᠨᠠᠭ᠎ᠠ ᠪᠣᠯᠣᠨ 《ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ᠋ ᠰᠠᠨᠠᠭ᠎ᠠ》 ᠪᠣᠯ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠤᠶᠤᠨ ᠰᠠᠨᠠᠭᠠᠨ᠎ᠤ ᠬᠡᠪ ᠴᠢᠨᠠᠷ᠎ᠢ ᠲᠥᠯᠥᠭᠡᠯᠡᠭᠰᠡᠨ ᠰᠣᠶᠣᠯ᠎ᠤᠨ ᠲᠡᠮᠳᠡᠭ ᠮᠥᠨ᠂ ᠥᠪᠥᠷ ᠮᠣᠩᠭᠣᠯ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ ᠮᠥᠨ᠃ ᠮᠣᠩᠭᠣᠯ ᠮᠣᠷᠢᠨ᠎ᠤ ᠵᠣᠷᠢᠭ᠋ ᠰᠠᠨᠠᠭ᠎ᠠ ᠪᠠ 《ᠤᠮᠠᠷᠠᠲᠤ᠎ᠶᠢᠨ ᠭᠤᠷᠪᠠᠨ ᠤᠮᠠᠷᠠᠲᠤ᠎ᠶᠢᠨ ᠵᠣᠷᠢᠭ᠋ ᠰᠠᠨᠠᠭ᠎ᠠ》 ᠨᠢ ᠠᠭᠤᠯᠬᠤᠨ᠎ᠤ ᠲᠠᠯ᠎ᠠ᠎ᠪᠠᠷ ᠨᠢᠭᠡᠳᠦᠯᠲᠡᠢ ᠪᠠᠢᠳᠠᠭ᠂ ᠴᠥᠮ ᠲᠡᠰᠪᠦᠷᠢᠯᠡᠬᠦ ᠵᠣᠷᠢᠭ᠋᠂ ᠲᠡᠮᠡᠴᠡᠬᠦ ᠵᠣᠷᠢᠭ᠋ ᠪᠠ ᠠᠵᠢᠯᠯᠠᠬᠣ ᠵᠣᠷᠢᠭ᠋᠎ᠢ ᠴᠢᠬᠤᠯᠠᠴᠢᠯᠠᠳᠠᠭ᠂ ᠡᠨᠡ ᠪᠣᠯ ᠴᠥᠮ ᠨᠢᠭᠡ ᠵᠦᠢᠯ᠎ᠦᠨ ᠴᠣᠭ ᠪᠠᠳᠠᠷᠠᠩᠭᠤᠢ ᠥᠭᠡᠳᠡᠯᠡᠨ ᠳᠠᠪᠰᠢᠬᠤ ᠵᠣᠷᠢᠭ᠋ ᠰᠠᠨᠠᠭᠠᠨ᠎ᠤ ᠳᠦᠷᠰᠦ ᠪᠠᠢᠳᠠᠯ ᠮᠥᠨ᠂ ᠨᠢᠭᠡ ᠵᠦᠢᠯ᠎ᠦᠨ ᠡᠷᠡᠯᠬᠡᠭᠯᠡᠨ ᠲᠡᠮᠡᠴᠡᠬᠦ᠂ ᠡᠷᠡᠯᠬᠡᠭᠯᠡᠨ ᠪᠠᠢᠯᠳᠤᠵᠤ ᠢᠯᠠᠯᠲᠠ ᠤᠯᠬᠤ ᠡᠷᠡᠮᠡᠭᠡᠢᠯᠡᠨ ᠤᠷᠤᠭᠰᠢᠯᠠᠬᠤ ᠳᠦᠷᠢ ᠪᠠᠢᠳᠠᠯ ᠮᠥᠨ᠃ ᠤᠮᠠᠷᠠᠲᠤ ᠬᠢᠯᠢ᠎ᠶᠢᠨ ᠰᠣᠶᠣᠯ᠎ᠤᠨ ᠲᠥᠷᠥᠯ ᠲᠡᠮᠳᠡᠭ᠎ᠢ ᠡᠬᠦᠳᠬᠦ ᠨᠢ ᠮᠣᠩᠭᠣᠯ ᠮᠣᠷᠢᠨ᠎ᠤ ᠵᠣᠷᠢᠭ᠋ ᠰᠠᠨᠠᠭ᠎ᠠ ᠪᠠ 《 ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ᠋ ᠰᠠᠨᠠᠭ᠎ᠠ》᠎ᠵᠢ ᠨᠠᠩ ᠳᠦᠷᠰᠦᠯᠢᠭ ᠪᠣᠯᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ᠎ᠦ ᠠᠵᠢᠯ ᠬᠢᠵᠦ ᠠᠳᠠᠯ ᠦᠢᠯᠡᠰ ᠴᠣᠭᠴᠠᠯᠠᠬᠤ ᠬᠥᠳᠡᠯᠭᠡᠬᠦ ᠬᠦᠴᠦᠨ᠎ᠢ ᠬᠥᠭᠵᠢᠭᠡᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠂ ᠬᠦᠴᠢᠷ᠎ᠢ ᠲᠤᠭᠤᠯᠤᠨ ᠬᠦᠴᠢᠷ᠎ᠢ ᠳᠠᠪᠠᠬᠤ᠂ ᠡᠷᠡᠮᠡᠬᠡᠢᠯᠡᠨ ᠤᠷᠤᠭᠰᠢᠯᠠᠬᠤ ᠥᠳᠬᠡᠨ ᠵᠤᠵᠠᠭᠠᠨ ᠠᠭᠤᠷ ᠠᠮᠢᠰᠬᠤᠯ᠎ᠢ ᠪᠣᠶ ᠪᠣᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠣᠲᠣ᠌ ᠦᠶ᠎ᠡ᠎ᠶᠢᠨ ᠪᠣᠯᠪᠠᠰᠤᠨ᠎ᠢ ᠴᠢᠷᠮᠠᠢᠨ ᠪᠠᠶ᠋ᠢᠭᠤᠯᠬᠤ᠎ᠳᠤ ᠨᠠᠩ ᠰᠠᠨᠠᠭᠠᠴᠢᠯᠠᠭ᠎ᠠ᠎ᠲᠠᠢ᠂ ᠨᠠᠩ ᠬᠦᠴᠦᠷᠬᠡᠭ ᠶᠡᠬᠡ ᠣᠶᠤᠨ ᠰᠠᠨᠠᠭᠠᠨ᠎ᠤ ᠬᠦᠴᠦᠨ᠎ᠢ ᠬᠠᠩᠭᠠᠬᠤ᠎ᠳᠤ ᠠᠰᠢᠭ᠍ᠲᠠᠢ ᠶᠤᠮ ᠃

ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠡᠴᠡ ᠰᠢᠮ᠎ᠡ ᠲᠡᠵᠢᠭᠡᠯ ᠪᠠ ᠤᠶᠤᠨ ᠤᠬᠠᠭᠠᠨ᠎ᠢ ᠰᠢᠩᠭᠡᠬᠡᠨ ᠠᠪᠤᠶ᠎ᠠ

ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠪᠠᠶ᠋ᠢᠭᠤᠯᠬᠤ᠎ᠳᠤ ᠪᠢᠳᠡ ᠰᠣᠶᠣᠯ᠎ᠤᠨ ᠢᠲᠡᠭᠡᠯ᠎ᠢᠶᠡᠨ ᠪᠠᠲᠤᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠨ᠂ ᠬᠦᠴᠦᠯᠡᠨ ᠴᠢᠷᠮᠠᠢᠵᠤ ᠦᠢᠯᠡᠰ ᠪᠦᠲᠦᠭᠡᠨ᠂ ᠮᠠᠨ᠎ᠤ ᠡᠨᠡ ᠬᠦ᠌ ᠴᠠᠭ ᠦᠶ᠎ᠡ᠎ᠳᠦ ᠬᠠᠷᠢᠶᠠᠯᠠᠭᠳᠠᠬᠤ ᠰᠢᠨ᠎ᠡ ᠰᠣᠶᠣᠯ᠎ᠢ ᠬᠠᠮᠲᠤ᠎ᠪᠠᠷ ᠡᠭᠦᠳᠦᠨ ᠪᠦᠲᠦᠭᠡᠬᠦ ᠴᠢᠬᠤᠯᠠᠲᠠᠢ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠲᠠᠢ ᠵᠣᠬᠢᠴᠠᠯᠳᠤᠭᠰᠠᠨ ᠰᠢᠨ᠎ᠡ ᠰᠣᠶᠣᠯ᠎ᠢ ᠡᠭᠦᠳᠦᠨ ᠪᠦᠲᠦᠭᠡᠬᠦ᠎ᠳᠦ᠂ ᠲᠥᠪ ᠶᠣᠰᠣ᠌᠎ᠶᠢ ᠪᠠᠷᠢᠮᠲᠠᠯᠠᠬᠤ ᠡᠴᠡ ᠪᠢᠰᠢ ᠬᠠᠭᠤᠴᠢᠨ᠎ᠢ ᠪᠠᠷᠢᠮᠲᠠᠯᠠᠬᠤ ᠪᠤᠰᠤ᠂ ᠡᠷᠲᠡᠨ᠎ᠦ ᠬᠢ᠎ᠶᠢ ᠬᠦᠨᠳᠦᠳᠬᠡᠬᠦ ᠡᠴᠡ ᠪᠢᠰᠢ ᠡᠷᠲᠡᠨ᠎ᠦ ᠬᠢ᠎ᠶᠢ ᠰᠡᠷᠭᠦᠭᠡᠬᠦ ᠪᠤᠰᠤ ᠵᠣᠷᠢᠭ᠋ ᠰᠠᠨᠠᠭ᠎ᠠ᠎ᠶᠢ ᠵᠠᠯᠭᠠᠮᠵᠢᠯᠠᠵᠤ᠂ ᠤᠯᠠᠮᠵᠢᠯᠠᠯᠲᠤ ᠰᠣᠶᠣᠯ᠎ᠢ ᠲᠠᠬᠢᠨ ᠡᠮᠬᠢᠯᠡᠬᠦ᠂ ᠦᠨᠡᠯᠡᠬᠦ᠂ ᠰᠢᠭᠰᠢᠵᠦ ᠰᠢᠯᠢᠬᠦ ᠪᠠ ᠲᠠᠬᠢᠨ ᠪᠦᠲᠦᠭᠡᠬᠦ᠎ᠪᠡᠷ ᠳᠠᠮᠵᠢᠨ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠡᠷ ᠬᠤᠪᠢᠷᠠᠭᠤᠯᠬᠤ᠂ ᠰᠢᠨ᠎ᠡ᠎ᠶᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ᠎ᠶᠢ ᠠᠬᠢᠭᠤᠯᠬᠤ ᠬᠡᠷᠡᠭᠲᠡᠢ᠃ ᠡᠭᠦᠨ᠎ᠦ ᠵᠡᠷᠭᠡᠴᠡᠭᠡ ᠪᠡᠷ᠂ ᠳᠡᠯᠡᠬᠡᠢ᠎ᠶᠢᠨ ᠪᠤᠰᠤᠳ ᠪᠣᠯᠪᠠᠰᠤᠨ᠎ᠡᠴᠡ ᠤᠯᠠᠮᠵᠢᠯᠠᠭᠳᠠᠨ ᠢᠷᠡᠭᠰᠡᠨ ᠦᠵᠡᠯ ᠰᠠᠨᠠᠭ᠎ᠠ ᠣᠢᠯᠠᠭᠠᠭᠳᠠᠬᠤᠨ ᠪᠠ ᠤᠨᠤᠯ᠎ᠤᠨ ᠰᠢᠰᠲᠧᠮ᠎ᠢ ᠪᠠᠰᠠ ᠣᠷᠣᠨ ᠨᠤᠲᠤᠭᠴᠢᠯᠠᠨ ᠨᠡᠢᠯᠡᠭᠦᠯᠵᠦ ᠨᠡᠪᠲᠡᠷᠡᠭᠦᠯᠬᠦ ᠬᠡᠷᠡᠭᠲᠡᠢ᠃ ᠰᠣᠶᠣᠯ᠎ᠤᠨ ᠡᠬᠢ ᠰᠤᠷᠪᠤᠯᠵᠢ ᠎ᠶᠢ ᠡᠷᠭᠢᠴᠡᠭᠦᠯᠵᠦ᠂ ᠰᠣᠶᠣᠯ᠎ᠤᠨ ᠠᠮᠢᠨ ᠰᠤᠳᠠᠰᠤ ᠎ᠶᠢ ᠤᠯᠠᠮᠵᠢᠯᠠᠨ ᠵᠠᠯᠭᠠᠮᠵᠢᠯᠠᠵᠤ᠂ ᠡᠷᠲᠡᠨ ᠡᠳᠦᠭᠡ ᠎ᠶᠢᠨ ᠣᠬᠢ ᠰᠣᠳᠣ᠌ ᠎ᠶᠢ ᠠᠭᠤᠰᠬᠠᠨ ᠨᠠᠪᠲᠠᠷᠡᠭᠦᠯᠤᠨ᠎ᠠ᠂ ᠭᠠᠭᠴᠠ ᠬᠦ᠌ ᠢᠩᠭᠢᠵᠦ ᠨᠢᠭᠡ ᠤᠳᠠᠭᠠᠨ᠎ᠤ ᠳᠡᠭᠡᠭᠰᠢᠯᠡᠯᠲᠡ ᠪᠠ ᠥᠭᠡᠷᠡᠴᠢᠯᠡᠯᠲᠡ ᠎ᠶᠢ ᠥᠩᠭᠡᠷᠡᠭᠡᠪᠡᠯ ᠪᠢᠳᠡ ᠰᠠᠶᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠲᠠᠢ ᠵᠣᠬᠢᠴᠠᠯᠳᠤᠭᠰᠠᠨ ᠰᠢᠨ᠎ᠡ ᠰᠣᠶᠣᠯ ᠎ᠢ ᠡᠭᠦᠳᠦᠨ ᠪᠦᠲᠦᠭᠡᠵᠦ᠂ ᠳᠤᠮᠳᠠᠳᠤ ᠎ᠶᠢᠨ ᠦᠨᠳᠦᠰᠦᠲᠡᠨ᠎ᠦ ᠣᠳᠣ᠌ ᠦᠶ᠎ᠡ ᠎ᠶᠢᠨ ᠪᠣᠯᠪᠠᠰᠤᠨ ᠎ᠢ ᠪᠠᠢᠭᠤᠯᠵᠤ ᠴᠢᠳᠠᠨ᠎ᠠ ᠃

ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢ ᠠᠬᠢᠭᠤᠯᠬᠤ᠎ᠳᠤ᠂ ᠡᠯ᠎ᠡ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠤᠮᠠᠷᠠᠲᠤ ᠬᠢᠯᠢ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠡᠷ ᠬᠤᠪᠢᠷᠠᠭᠤᠯᠬᠤ᠂ ᠰᠢᠨ᠎ᠡ᠎ᠶᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ᠎ᠶᠢ ᠨᠡᠩ ᠪᠦᠲᠦᠮᠵᠢᠲᠡᠢ ᠠᠬᠢᠭᠤᠯᠵᠤ᠂ ᠰᠢᠨ᠎ᠡ ᠴᠠᠭ ᠦᠶ᠎ᠡ᠎ᠶᠢᠨ ᠰᠣᠶᠣᠯ᠎ᠤᠨ ᠰᠢᠨ᠎ᠡ ᠡᠭᠦᠷᠭᠡ᠎ᠶᠢ ᠨᠡᠩ ᠰᠠᠢᠲᠤᠷ ᠡᠭᠦᠷᠭᠡᠯᠡᠵᠦ᠂ ᠮᠠᠨ᠎ᠤ ᠡᠨᠡ ᠎ᠬᠦ ᠴᠠᠭ ᠦᠶ᠎ᠡ᠎ᠳᠦ ᠬᠠᠷᠢᠶᠠᠯᠠᠭᠳᠠᠬᠤ ᠰᠢᠨ᠎ᠡ ᠰᠣᠶᠣᠯ᠎ᠢ ᠬᠠᠮᠲᠤ ᠪᠠᠷ ᠴᠢᠷᠮᠠᠢᠨ ᠡᠭᠦᠳᠴᠦ᠂ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠪᠠᠶ᠋ᠢᠭᠤᠯᠬᠤ ᠬᠡᠷᠡᠭᠲᠡᠢ᠃ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠠᠴᠠ ᠰᠢᠮ᠎ᠡ ᠲᠡᠵᠢᠭᠡᠯ ᠪᠠ ᠤᠶᠤᠨ ᠤᠬᠠᠭᠠᠨ᠎ᠢ ᠰᠢᠩᠭᠡᠬᠡᠨ ᠠᠪᠴᠤ᠂ ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠵᠤ ᠪᠦᠲᠦᠭᠡᠯᠴᠢ ᠴᠢᠨᠠᠷᠲᠠᠢ᠎ᠪᠠᠷ ᠬᠤᠪᠢᠷᠠᠭᠤᠯᠤᠨ᠂ ᠰᠢᠨ᠎ᠡ᠎ᠶᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ ᠬᠡᠷᠡᠭᠲᠡᠢ᠃ ᠴᠠᠭ ᠦᠶ᠎ᠡ᠎ᠶᠢᠨ ᠣᠨᠴᠠᠯᠢᠭ᠋ ᠪᠠ ᠱᠠᠭᠠᠷᠳᠠᠯᠭ᠎ᠠ᠎ᠶᠢ ᠦᠨᠳᠦᠰᠦᠯᠡᠨ᠂ ᠯᠠᠪᠯᠠᠯᠳᠠ ᠪᠣᠯᠭᠠᠬᠤ ᠦᠨ᠎ᠡ ᠦᠷᠳᠡᠭ᠎ᠲᠠᠢ ᠲᠠᠳᠠᠭᠡᠷ ᠠᠭᠤᠯᠭ᠎ᠠ᠎ᠳᠤ ᠤᠳᠤ ᠦᠶ᠎ᠡ᠎ᠶᠢᠨ ᠢᠯᠡᠳᠬᠡᠬᠦ ᠬᠡᠯᠪᠡᠷᠢ᠎ᠪᠡᠷ ᠠᠮᠢᠵᠢᠷᠠᠯ᠎ᠤᠨ ᠬᠦᠴᠦᠨ᠎ᠢ ᠨᠢ ᠬᠥᠭᠵᠢᠭᠡᠨ᠎ᠡ;ᠴᠠᠭ ᠦᠶ᠎ᠡ᠎ᠶᠢᠨ ᠰᠢᠨ᠎ᠡ ᠲᠠᠪᠰᠢᠯᠳᠡ ᠰᠢᠨ᠎ᠡ ᠠᠬᠢᠴᠠ᠎ᠶᠢᠨ ᠶᠣᠰᠣᠭᠠᠷ᠂ ᠤᠮᠠᠷᠠᠲᠤ ᠬᠢᠯᠢ᠎ᠶᠢᠨ ᠰᠣᠶᠣᠯ᠎ᠤᠨ ᠠᠭᠤᠯᠤᠭᠳᠠᠬᠤᠨ᠎ᠢ ᠨᠥᠬᠥᠪᠦᠷᠢᠯᠡᠵᠦ᠂ ᠥᠷᠭᠡᠳᠬᠡᠵᠦ᠂ ᠲᠡᠭᠦᠯᠳᠡᠷᠵᠢᠭᠦᠯᠵᠦ᠂ ᠨᠥᠯᠥᠭᠡᠯᠡᠬᠦ ᠬᠦᠴᠦᠨ ᠪᠠ ᠤᠷᠢᠶᠠᠯᠠᠬᠤ ᠬᠦᠴᠦᠨ᠎ᠢ ᠨᠢ ᠨᠡᠮᠡᠭᠳᠡᠭᠦᠯᠵᠦ᠂ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠳᠡᠢ᠃

ᠤᠮᠠᠷᠠᠲᠤ ᠬᠢᠯᠢ᠎ᠶᠢᠨ ᠰᠣᠶᠣᠯ ᠬᠢᠭᠡᠳ ᠤᠳᠤ ᠦᠶ᠎ᠡ᠎ᠶᠢᠨ ᠪᠣᠯᠪᠠᠰᠤᠨ᠎ᠢ ᠠᠭᠤᠰᠤᠯᠴᠠᠨ ᠬᠥᠭᠵᠢᠬᠦᠯᠬᠦ᠎ᠶᠢ ᠠᠬᠢᠭᠤᠯᠤᠶ᠎ᠠ

ᠤᠮᠠᠷᠠᠲᠤ ᠬᠢᠯᠢ᠎ᠶᠢᠨ ᠰᠣᠶᠣᠯ ᠨᠢ ᠳᠤᠮᠳᠠᠳᠤ᠎ᠶᠢᠨ ᠰᠣᠶᠣᠯ᠎ᠲᠠᠢ ᠤᠳᠤᠮ ᠤᠯᠠᠮᠵᠢᠯᠠᠯ ᠨᠢᠭᠡᠲᠡᠢ ᠪᠠᠢᠵᠤ᠂ ᠡᠯᠪᠡᠭ ᠪᠠᠶᠠᠯᠢᠭ᠋ ᠤᠶᠤᠨ ᠰᠠᠨᠠᠭᠠᠨ᠎ᠤ ᠠᠭᠤᠯᠤᠭᠳᠠᠬᠤᠨ ᠪᠠ ᠴᠠᠭ ᠦᠶ᠎ᠡ᠎ᠶᠢᠨ ᠠᠭᠤᠯᠤᠭᠳᠠᠬᠤᠨ᠎ᠲᠠᠢ ᠶᠤᠮ᠃ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠳᠣᠲᠣᠭᠠᠳᠤ ᠥᠷᠲᠡᠭ᠎ᠢ ᠠᠭᠤᠳᠠᠯᠵᠤ᠂ ᠪᠠᠰᠠ ᠲᠡᠭᠦᠨ᠎ᠳᠦ ᠴᠠᠭ ᠦᠶ᠎ᠡ᠎ᠶᠢᠨ ᠠᠭᠤᠯᠤᠭᠳᠠᠬᠤᠨ ᠪᠠ ᠣᠳᠣ᠌ ᠦᠶ᠎ᠡ᠎ᠶᠢᠨ ᠢᠯᠡᠳᠬᠡᠬᠦ ᠬᠡᠯᠪᠡᠷᠢ᠎ᠶᠢ ᠣᠯᠭᠣᠵᠤ ᠂ ᠠᠷᠠᠳ ᠤᠯᠠᠨ᠎ᠤ ᠳᠤᠮᠳᠠᠳᠤ᠎ᠶᠢᠨ ᠰᠣᠶᠣᠯ᠎ᠤᠨ ᠲᠤᠬᠠᠢ ᠢᠲᠡᠭᠡᠯ ᠪᠠ ᠣᠮᠣᠭᠰᠢᠯᠲᠤ ᠰᠡᠳᠬᠢᠯᠭᠡ᠎ᠶᠢ ᠨᠡᠮᠡᠭᠳᠡᠭᠦᠯᠵᠦ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ ᠳᠤᠮᠳᠠ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ᠎ᠢ ᠵᠣᠬᠢᠴᠠᠭᠤᠯᠤᠭᠰᠠᠨ ᠣᠳᠣᠬᠢᠴᠢᠯᠠᠯᠲᠠ᠎ᠶᠢᠨ ᠪᠦᠳᠦᠭᠡᠨ ᠪᠠᠢᠭᠤᠯᠤᠯᠳᠠ ᠵᠢ ᠠᠬᠢᠭᠤᠯᠵᠤ᠂ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠶᠠᠨ᠎ᠳᠦ ᠦᠨᠡᠨ ᠬᠦ᠌ ᠲᠥᠪᠯᠡᠷᠡᠭᠦᠯᠵᠦ᠂ ᠠᠷᠠᠳ ᠲᠦᠮᠡᠨ᠎ᠦ ᠲᠡᠮᠡᠴᠡᠯ᠎ᠦᠨ ᠲᠤᠮᠳᠠ ᠤᠮᠳᠠᠯᠠᠨ ᠪᠠᠢᠭᠤᠯᠬᠤ ᠵᠢ ᠴᠢᠬᠤᠯᠠᠴᠢᠯᠠᠬᠤ ᠬᠡᠷᠡᠭᠳᠡᠢ᠃

ᠶᠡᠷᠦᠩᠬᠡᠢ ᠱᠦᠵᠢ ᠰᠢ᠎ᠶᠢᠨ ᠫᠢᠩ ᠵᠢᠭᠠᠵᠤ ᠭᠠᠷᠭᠠᠬᠤ᠎ᠳᠠᠭᠠᠨ᠄《ᠰᠢᠯᠢᠳᠡᠭ ᠤᠯᠠᠮᠵᠢᠯᠠᠯᠲᠤ ᠰᠣᠶᠣᠯ᠎ᠤᠨ ᠤᠶᠤᠨ ᠰᠠᠨᠠᠭᠠᠨ᠎ᠤ ᠢᠯᠡᠳᠬᠡᠮᠵᠢ ᠲᠡᠮᠳᠡᠭ᠎ᠢ ᠪᠣᠯᠪᠠᠰᠤᠷᠠᠭᠤᠯᠤᠨ ᠭᠠᠷᠭᠠᠵᠦ ᠢᠯᠡᠷᠡᠭᠦᠯᠬᠦ ᠬᠡᠷᠡᠭᠳᠡᠢ᠂ ᠰᠢᠯᠢᠳᠡᠭ ᠤᠯᠠᠮᠵᠢᠯᠠᠯᠲᠤ ᠰᠣᠶᠣᠯ᠎ᠤᠨ ᠳᠣᠲᠣᠷᠠᠬᠢ ᠤᠳᠤ ᠦᠶ᠎ᠡ᠎ᠶᠢᠨ ᠦᠨ᠎ᠡ ᠦᠷᠳᠡᠭ᠎ᠲᠠᠢ᠂ ᠳᠡᠯᠡᠬᠡᠢ᠎ᠶᠢᠨ ᠠᠴᠢ ᠬᠣᠯᠪᠣᠭᠳᠠᠯ᠎ᠲᠠᠢ ᠰᠣᠶᠣᠯ᠎ᠤᠨ ᠤᠬᠢ ᠰᠣᠳᠣ᠌᠎ᠶᠢ ᠪᠣᠯᠪᠠᠰᠤᠷᠠᠭᠤᠯᠤᠨ ᠭᠠᠷᠭᠠᠵᠦ᠂ ᠢᠯᠡᠷᠡᠭᠦᠯᠬᠦ ᠬᠡᠷᠡᠭᠲᠡᠢ》 ᠭᠡᠵᠡᠢ᠃ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢ ᠠᠬᠢᠭᠤᠯᠬᠤ᠎ᠳᠤ᠂ ᠣᠳᠣᠬᠠᠨ᠎ᠳᠤ ᠪᠢᠳᠡᠨ᠎ᠦ ᠬᠢᠬᠦ ᠴᠢᠬᠤᠯᠠᠳᠠᠢ ᠨᠢᠭᠡᠨ ᠠᠵᠢᠯ ᠪᠣᠯ ᠤᠮᠠᠷᠠᠲᠤ ᠬᠢᠯᠢ᠎ᠶᠢᠨ ᠰᠣᠶᠣᠯ᠎ᠳᠠᠬᠢ ᠤᠳᠤ ᠦᠶ᠎ᠡ᠎ᠶᠢᠨ ᠦᠨ᠎ᠡ ᠦᠷᠳᠡᠭ᠎ᠲᠠᠢ᠂ ᠳᠡᠯᠡᠬᠡᠢ᠎ᠶᠢᠨ ᠠᠴᠢ ᠬᠣᠯᠪᠣᠭᠳᠠᠯ᠎ᠲᠠᠢ ᠰᠣᠶᠣᠯ᠎ᠤᠨ ᠤᠬᠢ ᠰᠣᠳᠣ᠌ ᠪᠠ ᠤᠶᠤᠨ ᠰᠠᠨᠠᠭᠠᠨ᠎ᠤ ᠢᠯᠡᠳᠬᠡᠮᠵᠢ ᠲᠡᠮᠳᠡᠭ᠎ᠢ ᠪᠣᠯᠪᠠᠰᠤᠷᠠᠭᠤᠯᠤᠨ ᠭᠠᠷᠭᠠᠵᠤ ᠢᠯᠡᠷᠡᠭᠦᠯᠬᠦ ᠶᠠᠪᠤᠳᠠᠯ ᠪᠣᠯᠣᠨ᠎ᠠ᠃ ᠤᠮᠠᠷᠠᠲᠤ ᠬᠢᠯᠢ᠎ᠶᠢᠨ ᠰᠣᠶᠣᠯ᠎ᠤᠨ ᠠᠭᠤᠯᠤᠭᠳᠠᠬᠤᠨ᠎ᠢ ᠠᠭᠤᠳᠠᠯᠬᠤ᠎ᠳᠤ ᠴᠢᠮᠦᠭᠡ ᠵᠢ ᠥᠭᠦᠯᠡᠨ ᠲᠤᠳᠤᠷᠬᠠᠢᠯᠠᠬᠤ ᠵᠢ ᠱᠠᠭᠠᠷᠳᠠᠨ᠎ᠠ᠂ ᠤᠮᠠᠷᠠᠲᠤ ᠬᠢᠯᠢ᠎ᠶᠢᠨ ᠡᠭᠡ ᠭᠠᠵᠠᠷ ᠎ᠦᠨ ᠦᠯᠢᠭᠡᠷ᠎ᠢ ᠰᠠᠢᠲᠤᠷ ᠶᠠᠷᠢᠬᠤ᠎ᠳᠤ ᠭᠣᠣᠯ ᠴᠣᠭᠴᠠ ᠲᠦᠷᠰᠦᠯᠢᠭ ᠪᠠᠢᠬᠣ ᠵᠢ ᠱᠠᠭᠠᠷᠳᠠᠨ᠎ᠠ᠂ ᠤᠮᠠᠷᠠᠲᠤ ᠬᠢᠯᠢ᠎ᠶᠢᠨ ᠡᠬᠡ ᠭᠠᠵᠠᠷ᠎ᠤᠨ ᠲᠠᠭᠤᠨ᠎ᠢ ᠰᠠᠢᠲᠤᠷ ᠤᠯᠠᠮᠵᠢᠯᠠᠬᠤ᠎ᠳᠤ ᠭᠣᠣᠯ ᠰᠡᠳᠦᠪᠲᠦ ᠬᠦᠭ ᠠᠶᠠᠰ ᠲᠠᠢ ᠪᠠᠢᠬᠣ ᠵᠢ ᠱᠠᠭᠠᠷᠳᠠᠨ᠎ᠠ᠃ ᠡᠳᠡᠭᠡᠷ ᠨᠢ ᠴᠥᠮ ᠤᠶᠤᠨ ᠰᠠᠨᠠᠭᠠᠨ᠎ᠤ ᠢᠯᠡᠳᠭᠡᠮᠵᠢ ᠲᠡᠮᠳᠡᠭ᠎ᠦᠨ ᠬᠦᠳᠦᠯᠦᠨ ᠵᠢᠯᠣᠭᠣᠳᠬᠣ ᠂ ᠰᠢᠮᠡᠵᠢᠭᠦᠯᠬᠦ᠂ ᠤᠷᠤᠯᠴᠠᠬᠣ ᠵᠢᠴᠢ ᠤᠷᠮᠠᠰᠢᠭᠤᠯᠬᠤ᠎ᠳᠤ ᠲᠦᠰᠢᠭᠯᠡᠨ᠎ᠡ᠃ ᠡᠢᠮᠦ᠎ᠡᠴᠡ ᠰᠣᠶᠣᠯ᠎ᠤᠨ ᠤᠬᠢ ᠰᠣᠳᠣ᠌᠎ᠶᠢ ᠡᠯᠪᠡᠭ ᠠᠬᠤᠭᠤᠯᠤᠭᠰᠠᠨ ᠤᠶᠤᠨ ᠰᠠᠨᠠᠭᠠᠨ᠎ᠤ ᠢᠯᠡᠳᠭᠡᠮᠵᠢ ᠲᠡᠮᠳᠡᠭ᠎ᠢ ᠪᠣᠯᠪᠠᠰᠤᠷᠠᠭᠤᠯᠤᠨ ᠢᠯᠡᠷᠡᠭᠦᠯᠵᠦ᠂ ᠤᠳᠤ ᠦᠶ᠎ᠡ᠎ᠶᠢᠨ ᠦᠨ᠎ᠡ ᠦᠷᠳᠡᠭ᠎ᠲᠠᠢ ᠤᠶᠤᠨ ᠰᠠᠨᠠᠭᠠᠨ᠎ᠤ ᠢᠯᠡᠳᠭᠡᠮᠵᠢ ᠲᠡᠮᠳᠡᠭ᠎ᠢ ᠪᠣᠯᠪᠠᠰᠤᠷᠠᠭᠤᠯᠤᠨ ᠢᠯᠡᠷᠡᠭᠦᠯᠵᠦ ᠂ ᠳᠡᠯᠡᠬᠡᠢ᠎ᠶᠢᠨ ᠠᠴᠢ ᠬᠣᠯᠪᠣᠭᠳᠠᠯ᠎ᠲᠠᠢ ᠤᠶᠤᠨ ᠰᠠᠨᠠᠭᠠᠨ᠎ᠤ ᠢᠯᠡᠳᠭᠡᠮᠵᠢ ᠲᠡᠮᠳᠡᠭ᠎ᠢ ᠪᠣᠯᠪᠠᠰᠤᠷᠠᠭᠤᠯᠤᠨ ᠢᠯᠡᠷᠡᠭᠦᠯᠬᠦ ᠵᠢ ᠱᠠᠭᠠᠷᠳᠠᠨ᠎ᠠ᠃ ᠣᠲᠣ᠌ ᠦᠶ᠎ᠡ᠎ᠶᠢᠨ ᠮᠡᠷᠭᠡᠵᠢᠯ᠎ᠦᠨ ᠠᠷᠭ᠎ᠠ ᠪᠠᠷᠢᠯ᠎ᠢᠶᠠᠷ ᠣᠶᠤᠨ ᠰᠠᠨᠠᠭᠠᠨ᠎ᠤ ᠢᠯᠡᠳᠬᠡᠮᠵᠢ ᠲᠡᠮᠳᠡᠭ ᠎ᠢ ᠦᠢᠯᠡᠳᠪᠦᠷᠢᠯᠡᠯ ᠠᠮᠢᠳᠤᠷᠠᠯ᠎ᠳᠤ ᠠᠭᠤᠰᠬᠠᠵᠤ᠂ ᠣᠯᠠᠨ ᠲᠦᠮᠡᠨᠴᠢ ᠰᠣᠶᠣᠯ᠎ᠳᠤ ᠠᠭᠤᠰᠬᠠᠵᠤ ᠂ ᠤᠯᠠᠮᠵᠢᠯᠠᠨ ᠬᠥᠭᠵᠢᠭᠦᠯᠬᠦ ᠶᠠᠪᠤᠴᠠ᠎ᠳᠤ ᠤᠮᠠᠷᠠᠲᠤ ᠬᠢᠯᠢ᠎ᠶᠢᠨ ᠰᠣᠶᠣᠯ᠎ᠤᠨ ᠴᠡᠴᠡᠭᠯᠡᠯᠲᠡ᠎ᠶᠢ ᠠᠬᠢᠭᠤᠯᠤᠨ᠎ᠠ ᠃

ᠰᠣᠶᠣᠯ᠎ᠤᠨ ᠲᠦᠷᠦᠯ ᠲᠡᠮᠳᠡᠭ᠎ᠢ ᠡᠭᠦᠳᠬᠦ᠎ᠶᠢᠨ ᠵᠠᠩᠭᠢᠯᠠᠭ᠎ᠠ ᠨᠢ ᠤᠯᠠᠮᠵᠢᠯᠠᠯᠲᠤ ᠰᠣᠶᠣᠯ᠎ᠤᠨ ᠥᠩ ᠰᠢᠮᠡᠯᠢᠭ ᠬᠥᠷᠥᠰᠥᠨ᠎ᠳᠦ ᠰᠠᠭᠤᠷᠢᠯᠠᠵᠤ᠂ ᠲᠥᠪ ᠭᠣᠣᠯᠴᠢ᠎ᠪᠠᠷ ᠰᠢᠨ᠎ᠡ᠎ᠶᠢ ᠡᠭᠦᠳᠬᠦ᠎ᠶᠢ ᠪᠠᠷᠢᠮᠲᠠᠯᠠᠵᠤ᠂ ᠤᠯᠠᠮᠵᠢᠯᠠᠯᠲᠤ ᠰᠣᠶᠣᠯ᠎ᠢ ᠠᠷᠠᠳ ᠤᠯᠠᠨ᠎ᠤ ᠠᠮᠢᠳᠤᠷᠠᠯ᠂ ᠰᠢᠨᠵᠢᠯᠡᠬᠦ ᠤᠬᠠᠭᠠᠨ ᠮᠡᠷᠭᠡᠵᠢᠯ᠎ᠲᠠᠢ ᠬᠠᠷᠢᠯᠴᠠᠨ ᠠᠭᠤᠰᠤᠯᠴᠠᠭᠤᠯᠵᠤ᠂ ᠬᠠᠷᠢᠯᠴᠠᠨ ᠠᠬᠢᠭᠤᠯᠬᠤ ᠰᠢᠨ᠎ᠡ ᠵᠠᠮ᠎ᠢ ᠬᠠᠢᠨ ᠰᠦᠪᠡᠭᠴᠢᠯᠡᠵᠦ᠂ ᠤᠯᠠᠮᠵᠢᠯᠠᠯᠲᠤ ᠰᠣᠶᠣᠯ᠎ᠢ ᠰᠢᠨ᠎ᠡ ᠴᠠᠭ ᠦᠶ᠎ᠡ᠎ᠳᠦ ᠰᠢᠨ᠎ᠡ ᠭᠡᠷᠡᠯ ᠭᠢᠯᠪᠠᠭ᠎ᠠ᠎ᠲᠠᠢ ᠪᠣᠯᠭᠠᠬᠤ᠎ᠳᠤ ᠪᠠᠢᠨ᠎ᠠ ᠭᠡᠳᠡᠭ᠎ᠢ ᠠᠯᠢ ᠤᠯᠠᠨ ᠠᠮᠵᠢᠯᠲᠠ᠎ᠲᠠᠢ ᠬᠡᠷᠡᠭ᠎ᠦᠨ ᠵᠢᠱ᠌ᠢᠶ᠎ᠡ ᠬᠠᠷᠠᠭᠤᠯᠵᠤ ᠪᠠᠢᠨ᠎ᠠ᠃ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠦᠨ ᠪᠠᠢᠭᠤᠯᠤᠯᠲᠠ᠎ᠶᠢ ᠠᠬᠢᠭᠤᠯᠬᠤ ᠲᠠᠯ᠎ᠠ᠎ᠪᠠᠷ᠂ ᠬᠠᠷᠠᠭ᠎ᠠ᠎ᠪᠠᠨ ᠥᠷᠭᠡᠳᠬᠡᠵᠦ᠂ ᠡᠯ᠎ᠡ ᠲᠠᠯ᠎ᠠ᠎ᠶᠢᠨ ᠬᠦᠴᠦᠨ᠎ᠢ ᠵᠣᠬᠢᠴᠠᠭᠤᠯᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠤᠳᠤ ᠦᠶ᠎ᠡ᠎ᠶᠢᠨ ᠪᠣᠯᠪᠠᠰᠤᠨ᠎ᠳᠤ ᠠᠭᠤᠰᠤᠯᠴᠠᠭᠤᠯᠵᠤ᠂ ᠤᠯᠠᠮᠵᠢᠯᠠᠯᠲᠤ ᠡᠯᠧᠮᠧᠨ᠋ᠲ᠎ᠲᠠᠢ ᠪᠥᠭᠡᠳ ᠤᠳᠤ ᠦᠶ᠎ᠡ᠎ᠶᠢᠨ ᠡᠯᠧᠮᠧᠨ᠋ᠲ᠎ᠲᠠᠢ ᠰᠣᠶᠣᠯ᠎ᠤᠨ ᠰᠢᠷᠢᠰ ᠲᠦᠷᠦᠯ ᠲᠡᠮᠳᠡᠭ᠎ᠢ ᠡᠭᠦᠳᠬᠦ ᠬᠡᠷᠡᠭᠲᠡᠢ᠃ ᠲᠡᠦᠬᠡ ᠰᠣᠶᠣᠯ᠎ᠤᠨ ᠵᠡᠭᠡᠯᠢ ᠲᠣᠭᠣᠷᠢᠭ᠋᠎ᠢᠶᠠᠷ ᠵᠢᠱ᠌ᠢᠶᠡᠯᠡᠬᠦ᠎ᠳᠤ᠂ ᠣᠳᠣᠬᠠᠨ᠎ᠳᠤ ᠬᠣᠲᠠ᠎ᠶᠢᠨ ᠨᠡᠢᠭᠡᠮ᠎ᠦᠨ ᠬᠥᠭᠵᠢᠯᠲᠡ᠎ᠶᠢᠨ ᠪᠦᠬᠦᠯᠢ ᠴᠣᠭᠴᠠ᠎ᠡᠴᠡ ᠠᠪᠴᠤ ᠦᠵᠡᠪᠡᠯ ᠮᠠᠰᠢ ᠣᠯᠠᠨ ᠬᠣᠲᠠ ᠴᠥᠮ ᠲᠡᠦᠬᠡ ᠰᠣᠶᠣᠯ᠎ᠤᠨ ᠵᠡᠭᠡᠯᠢ ᠲᠣᠭᠣᠷᠢᠭ᠋᠎ᠢ ᠪᠠᠢᠭᠤᠯᠵᠤ ᠪᠠᠢᠨ᠎ᠠ᠃ ᠪᠢᠳᠡ ᠤᠯᠠᠮᠵᠢᠯᠠᠯᠲᠤ ᠮᠠᠶᠢᠭ᠎ᠤᠨ ᠪᠠᠷᠢᠯᠭ᠎ᠠ᠎ᠲᠠᠢ ᠪᠥᠭᠡᠳ ᠰᠢᠨ᠎ᠡ ᠮᠠᠶᠢᠭ᠎ᠤᠨ ᠪᠠᠷᠢᠯᠭ᠎ᠠ᠎ᠲᠠᠢ᠂ ᠤᠯᠠᠮᠵᠢᠯᠠᠯᠲᠤ ᠤᠷ᠎ᠠ ᠮᠡᠷᠭᠡᠵᠢᠯ᠎ᠲᠠᠢ ᠪᠥᠭᠡᠳ ᠤᠳᠤ ᠦᠶ᠎ᠡ᠎ᠶᠢᠨ ᠬᠡᠷᠡᠭ ᠪᠣᠳᠠᠰ ᠲᠠᠢ ᠤᠮᠠᠷᠠᠲᠤ ᠬᠢᠯᠢ᠎ᠶᠢᠨ ᠰᠣᠶᠣᠯ ᠲᠡᠦᠬᠡ᠎ᠶᠢᠨ ᠵᠡᠭᠡᠯᠢ ᠲᠣᠭᠣᠷᠢᠭ᠋᠎ᠢ ᠲᠤᠷᠰᠢᠨ ᠪᠠᠢᠭᠤᠯᠵᠤ᠂ ᠤᠯᠠᠮᠵᠢᠯᠠᠯᠲᠤ ᠰᠣᠶᠣᠯ᠎ᠢᠶᠠᠷ ᠬᠤᠳᠠ᠎ᠶᠢᠨ ᠪᠦᠲᠦᠭᠡᠨ ᠪᠠᠢᠭᠤᠯᠤᠯᠲᠠ᠎ᠳᠤ ᠡᠨ᠋ᠸᠷᠬᠢ ᠣᠯᠭᠣᠵᠤ᠂ ᠬᠤᠳᠠ᠎ᠶᠢᠨ ᠰᠣᠶᠣᠯ᠎ᠢ ᠤᠳᠤ ᠦᠶ᠎ᠡ᠎ᠶᠢᠨ ᠠᠮᠢᠳᠤᠷᠠᠯ᠎ᠳᠤ ᠠᠭᠤᠰᠬᠠᠵᠤ᠂ ᠤᠮᠠᠷᠠᠲᠤ ᠬᠢᠯᠢ᠎ᠶᠢᠨ ᠰᠣᠶᠣᠯ᠎ᠤᠨ ᠥᠪᠡᠷᠮᠢᠴᠡ ᠷᠢᠳᠢ ᠰᠢᠳᠢ᠎ᠶᠢ ᠢᠯᠡᠷᠡᠭᠦᠯᠵᠦ ᠪᠣᠯᠣᠨ᠎ᠠ᠃


( ᠵᠣᠬᠢᠶᠠᠭ᠍ᠴᠢ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠦᠨᠳᠦᠰᠦᠲᠡᠨ᠎ᠦ ᠰᠤᠳᠤᠯᠭᠠᠨ᠎ᠤ ᠭᠠᠵᠠᠷ᠎ᠤᠨ ᠳᠡᠳ᠋ ᠳᠠᠷᠤᠭ᠎ᠠ ᠂ ᠰᠤᠳᠤᠯᠤᠭ᠍ᠴᠢ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面