ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2023-10-02 10:42:53

ᠵᠣᠬᠢᠶᠠᠭ᠍ᠴᠢ᠄ ᠰᠢᠦᠢ ᠰᠢᠶᠣᠤ ᠯᠠᠨ ᠣᠩᠱᠢᠭ᠍ᠰᠠᠨ ᠣᠳᠠᠭ᠎ᠠ᠄ 3

ᠮᠢᠩᠭᠠᠨ ᠣᠨ ᠤ᠋ 《 ᠳᠤᠮᠳᠠᠳᠤ ᠤᠯᠤᠰ ᠤ᠋ᠨ ᠪᠤᠷᠴᠠᠭ 》 ᠤ᠋ᠨ ᠪᠤᠢ ᠪᠤᠯᠭᠠᠭᠰᠠᠨ ᠴᠠᠭ ᠦᠶ᠎ᠡ ᠵᠢᠨ ᠰᠣᠶᠣᠯ ᠤ᠋ᠨ ᠰᠤᠳᠠᠰᠤ — ᠲᠠᠷᠢᠶᠠᠯᠠᠬᠤ ᠰᠣᠶᠣᠯ ᠤ᠋ᠨ ᠲᠤᠬᠠᠢ ᠰᠢᠷᠢᠰ ᠮᠡᠳᠡᠭᠡᠯᠡᠯ ᠭᠤᠷᠪᠠ

ᠠᠯᠲᠠᠨ ᠨᠠᠮᠤᠷ ᠤ᠋ᠨ ᠡᠯᠪᠡᠭ ᠬᠤᠷᠢᠶᠠᠯᠲᠠ ᠵᠢᠨ ᠤᠯᠠᠷᠢᠯ ᠪᠣᠯᠵᠤ ᠂ ᠦᠷᠭᠡᠨ ᠠᠭᠤᠳᠠᠮ ᠬᠥᠯᠥᠨ ᠪᠤᠢᠷ ᠤ᠋ᠨ ᠡᠬᠡ ᠭᠠᠵᠠᠷ ᠲᠤ᠌ ᠬᠥᠪᠡᠭᠡ ᠬᠢᠵᠠᠭᠠᠷ ᠨᠢ ᠬᠠᠷᠠᠭᠳᠠᠬᠤ ᠦᠭᠡᠢ ᠰᠢᠷ᠎ᠠ ᠪᠤᠷᠴᠠᠭ ᠤ᠋ᠨ ᠲᠠᠷᠢᠶ᠎ᠠ ᠰᠢᠷᠭᠠᠯᠳᠤᠵᠤ᠂ ᠬᠤᠩᠭᠤᠷ ᠰᠠᠯᠬᠢᠨ ᠤ᠋ ᠠᠶ᠎ᠠ ᠪᠡᠷ ᠰᠠᠵᠢᠯᠠᠬᠤ ᠰᠢᠮ᠎ᠡ ᠪᠦᠷᠢᠳᠦᠭᠰᠡᠨ ᠮᠥᠬᠥᠯᠢᠭ ᠮᠥᠬᠥᠯᠢᠭ ᠪᠤᠷᠴᠠᠭ ᠨᠢ ᠶᠠᠭ ᠯᠠ ᠭᠦᠨ ᠵᠤᠵᠠᠭᠠᠨ ᠲᠡᠦᠬᠡ ᠰᠤᠶᠤᠯ ᠤ᠋ᠨ ᠦᠯᠢᠭᠡᠷ ᠢ᠋ ᠬᠠᠭᠤᠴᠢᠯᠠᠵᠤ ᠪᠠᠢᠬᠤ ᠴᠦ᠍ ᠬᠡᠮᠡᠷ᠃

ᠪᠤᠷᠴᠠᠭ ᠤ᠋ᠨ ᠲᠠᠷᠢᠶᠠᠴᠢᠳ ᠬᠣᠩᠭᠣᠷᠴᠤᠭ ᠲᠦᠭᠦᠷᠡᠩ ᠪᠤᠷᠴᠠᠭ ᠵᠢᠡᠨ ᠬᠠᠷᠠᠨ ᠪᠠᠶᠠᠰᠤᠨ᠎ᠠ᠃ ᠡᠨᠳᠡᠬᠢ ᠪᠣᠯ ᠰᠢᠷ᠎ᠠ ᠪᠤᠷᠴᠠᠭ ᠤ᠋ᠨ ᠡᠭᠦᠰᠦᠯ ᠤ᠋ᠨ ᠣᠷᠣᠨ ᠤ᠋ ᠨᠢᠭᠡ ᠪᠣᠯᠬᠤ ᠥᠪᠥᠷ ᠮᠣᠩᠭᠣᠯ; ᠡᠨᠳᠡᠬᠢ ᠪᠣᠯ ᠰᠢᠷ᠎ᠠ ᠪᠤᠷᠴᠠᠭ ᠤ᠋ᠨ ᠤᠨᠠᠯᠳᠠ ᠳᠤᠮᠳᠠᠳᠤ ᠤᠯᠤᠰ ᠲᠦ᠍ ᠲᠦᠷᠦᠭᠦᠯᠡᠵᠤ ᠶᠠᠪᠤᠭ᠎ᠠ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ᠌ ᠥᠪᠡᠷᠲᠡᠭᠡᠨ ᠵᠠᠰᠠᠬᠤ ᠬᠣᠰᠢᠭᠤ᠃

ᠬᠡᠳᠦᠨ ᠮᠢᠩᠭᠠᠨ ᠵᠢᠯ ᠤ᠋ᠨ ᠲᠤᠷᠰᠢ᠂ ᠡᠨᠡ ᠬᠦ᠌ ᠵᠢᠵᠢᠭᠬᠡᠨ ᠰᠢᠷ᠎ᠠ ᠪᠤᠷᠴᠠᠭ ᠥᠪᠥᠷ ᠮᠣᠩᠭᠣᠯ ᠡᠴᠡ ᠮᠣᠷᠳᠠᠵᠤ 《ᠡᠮᠦᠨ᠎ᠡ ᠤᠮᠠᠷ᠎ᠠ ᠪᠡᠷ ᠶᠠᠪᠤᠵᠤ》 ᠂ ᠡᠷᠲᠡᠨ ᠡᠳᠦᠭᠡ ᠵᠢᠨ ᠲᠡᠦᠬᠡ ᠵᠢ ᠪᠢᠴᠢᠭᠯᠡᠵᠦ᠂ ᠳᠡᠯᠡᠬᠡᠢ ᠳ᠋ᠠᠬᠢᠨ ᠢ᠋ ᠭᠠᠢᠬᠠᠭᠤᠯᠤᠨ᠂ ᠳᠤᠮᠳᠠᠳᠤ ᠤᠯᠤᠰ ᠤ᠋ᠨ ᠡᠷᠲᠡᠨ᠎ᠦ᠌ ᠲᠠᠷᠢᠶᠠᠯᠠᠬᠤ ᠪᠣᠯᠪᠠᠰᠤᠨ ᠢ᠋ ᠠᠴᠢᠶᠠᠯᠠᠵᠤ ᠬᠥᠮᠦᠨ ᠲᠥᠷᠥᠯᠬᠢᠲᠡᠨ᠎ᠦ᠌ ᠲᠡᠦᠬᠡ ᠵᠢᠨ ᠬᠥᠭᠵᠢᠯᠲᠡ ᠪᠠ ᠪᠣᠯᠪᠠᠰᠤᠨ ᠤ᠋ ᠲᠠᠪᠰᠢᠯᠲᠠ ᠵᠢ ᠠᠬᠢᠭᠤᠯᠤᠭᠰᠠᠨ ᠶᠤᠮ ᠃

ᠥᠨᠥᠳᠥᠷ᠂ ᠲᠡᠷᠡ ᠪᠠᠰᠠ ᠰᠢᠨ᠎ᠡ ᠴᠠᠭ ᠦᠶ᠎ᠡ ᠵᠢᠨ ᠬᠠᠷᠢᠭᠤᠴᠠᠯᠭ᠎ᠠ ᠡᠭᠦᠷᠭᠡᠯᠡᠵᠦ᠂ ᠲᠡᠭᠦᠨ᠎ᠦ᠌ ᠠᠭᠤᠯᠵᠤ ᠪᠦᠬᠦᠢ ᠳᠤᠮᠳᠠᠳᠤ ᠵᠢᠨ ᠰᠣᠶᠣᠯ ᠤ᠋ᠨ 《ᠭᠧᠨ》 ᠢ᠋ ᠦᠶ᠎ᠡ ᠵᠢᠨ ᠦᠶ᠎ᠡ ᠳ᠋ᠦ᠍ ᠤᠯᠠᠮᠵᠢᠯᠠᠨ ᠪᠠᠳᠠᠷᠠᠭᠠᠨ᠎ᠠ᠃

ᠰᠢᠷ᠎ᠠ ᠪᠤᠷᠴᠠᠭ 《ᠡᠮᠦᠨᠡᠰᠢ ᠠᠶᠠᠯᠠᠵᠦ》 ᠰᠣᠶᠣᠯ ᠤ᠋ᠨ ᠤᠯᠪᠠᠭ᠎ᠠ ᠵᠢᠨ ᠪᠠᠳᠠᠷᠠᠩᠭᠤᠢ ᠦᠩᠭᠡ ᠪᠤᠯᠪᠠ

2009 ᠣᠨ ᠤ᠋ 4 ᠰᠠᠷ᠎ᠠ ᠳ᠋ᠤ᠌᠂ ᠥᠪᠥᠷ ᠮᠣᠩᠭᠣᠯ ᠤ᠋ᠨ ᠲᠡᠦᠬᠡ ᠵᠢᠨ ᠳᠤᠷᠠᠰᠭᠠᠯᠲᠤ ᠵᠦᠢᠯᠡᠰ ᠤ᠋ᠨ ᠬᠠᠭᠤᠴᠢ ᠰᠤᠳᠤᠯᠤᠯ ᠤ᠋ᠨ ᠰᠤᠳᠤᠯᠭᠠᠨ ᠤ᠋ ᠭᠠᠵᠠᠷ ᠤ᠋ᠨ ᠬᠢᠨ ᠤᠯᠠᠭᠠᠨᠬᠠᠳᠠ ᠬᠣᠲᠠ ᠵᠢᠨ ᠡᠯ ᠳ᠋ᠣᠣ ᠵᠢᠩ ᠽᠢ ᠵᠢᠨ ᠰᠢᠶᠠ ᠵᠢᠶᠠ ᠳ᠋ᠢᠶᠠᠨ ᠤ᠋ ᠳᠣᠣᠷᠠᠲᠤ ᠳᠠᠪᠬᠤᠷᠭ᠎ᠠ ᠵᠢᠨ ᠰᠣᠶᠣᠯ ᠤ᠋ᠨ ᠰᠠᠭᠤᠷᠢᠰᠢᠯ ᠤ᠋ᠨ ᠪᠠᠭᠤᠷᠢ ᠳ᠋ᠤ᠌ ᠠᠪᠤᠷᠠᠯᠲᠠ ᠵᠢᠨ ᠴᠢᠨᠠᠷᠲᠠᠢ ᠮᠠᠯᠳᠠᠯᠠᠭ᠎ᠠ ᠬᠢᠬᠦ ᠦᠶ᠎ᠡ ᠳ᠋ᠦ᠍᠂ ᠨᠢᠭᠡ ᠵᠦᠢᠯ ᠤ᠋ᠨ ᠤᠷᠲᠤ ᠵᠤᠤᠪᠠᠩ ᠬᠡᠯᠪᠡᠷᠢᠲᠡᠢ᠂ ᠨᠢᠷᠤᠭᠤ ᠵᠢᠨ ᠬᠡᠰᠡᠭ ᠵᠢᠡᠷ ᠵᠢᠠᠨ ᠪᠥᠮᠪᠥᠷᠢᠭᠡᠨ᠂ ᠬᠡᠪᠡᠯᠢ ᠵᠢᠨ ᠬᠡᠰᠡᠭ ᠨᠢ ᠵᠢᠭᠠᠬᠠᠨ ᠬᠣᠲᠣᠢᠭᠰᠠᠨ ᠨᠡᠭᠦᠷᠡᠰᠦᠲᠥ᠋ᠷᠦᠭᠴᠢᠲᠦ ᠤᠷᠭᠤᠮᠠᠯ ᠬᠠᠭᠤᠴᠢ ᠰᠤᠳᠤᠯᠤᠯ ᠤ᠋ᠨ ᠬᠥᠮᠦᠰ ᠤ᠋ᠨ ᠬᠠᠷᠠᠭᠠᠨ ᠳ᠋ᠤ᠌ ᠳᠤᠳᠤᠷᠠᠪᠠ — ᠲᠡᠷᠡ ᠨᠢ 135 ᠮᠥᠬᠥᠯᠢᠭ ᠨᠡᠭᠦᠷᠡᠰᠦᠲᠥ᠋ᠷᠦᠭᠴᠢᠲᠦ ᠰᠢᠷ᠎ᠠ ᠪᠤᠷᠴᠠᠭ ᠪᠠᠢᠵᠠᠢ ᠃

ᠡᠯ ᠳ᠋ᠣᠣ ᠵᠢᠩ ᠽᠢ ᠭᠡᠬᠦ ᠡᠨᠡ ᠬᠦ᠌ ᠳᠡᠭᠡᠳᠦ ᠬᠡᠮᠵᠢᠶ᠎ᠡ ᠪᠡᠷ ᠬᠥᠭᠵᠢᠭᠰᠡᠨ ᠲᠠᠷᠢᠶᠠᠯᠠᠩ ᠠᠵᠤ ᠠᠬᠤᠢ ᠵᠢᠨ ᠪᠠᠭᠤᠷᠢ ᠵᠢᠨ ᠳᠣᠲᠣᠷ᠎ᠠ ᠡᠴᠡ ᠮᠠᠯᠳᠠᠨ ᠭᠠᠷᠭᠠᠭᠰᠠᠨ ᠵᠠᠭᠤ ᠭᠠᠷᠤᠢ ᠮᠥᠬᠥᠯᠢᠭ ᠰᠢᠷ᠎ᠠ ᠪᠤᠷᠴᠠᠭ ᠨᠢ ᠬᠠᠮᠲᠤ ᠳ᠋ᠤᠨᠢ ᠮᠠᠯᠲᠠᠵᠤ ᠭᠠᠷᠭᠠᠭᠰᠠᠨ 25 ᠲᠦᠮᠡ ᠭᠠᠷᠤᠢ ᠮᠥᠬᠥᠯᠢᠭ ᠨᠡᠭᠦᠷᠡᠰᠦᠲᠥ᠋ᠷᠦᠭᠴᠢᠲᠦ ᠤᠷᠭᠤᠮᠠᠯ ᠤ᠋ᠨ ᠦᠷ᠎ᠡ ᠵᠢᠨ ᠳᠣᠲᠣᠷ᠎ᠠ ᠢᠯᠡ ᠬᠠᠷᠠᠭᠳᠠᠬᠤ ᠥᠬᠡᠢ ᠪᠠᠢᠭᠰᠠᠨ ᠪᠣᠯᠪᠠᠴᠤ ᠮᠠᠰᠢ ᠴᠢᠬᠤᠯᠠ ᠠᠴᠢ ᠬᠣᠯᠪᠣᠭᠳᠠᠯ ᠲᠠᠢ ᠪᠠᠢᠵᠦ᠂ ᠥᠪᠥᠷ ᠮᠣᠩᠭᠣᠯ ᠤ᠋ᠨ ᠰᠢᠷ᠎ᠠ ᠪᠤᠷᠴᠠᠭ ᠤ᠋ᠨ ᠲᠡᠦᠬᠡ ᠵᠢ ᠣᠳᠣ ᠡᠴᠡ 4000 — 3500 ᠵᠢᠯ ᠤ᠋ᠨ ᠡᠮᠦᠨ᠎ᠡ ᠬᠦᠷᠲᠡᠯ᠎ᠡ ᠤᠷᠤᠬᠰᠢ ᠠᠬᠢᠭᠤᠯᠵᠠᠢ᠃

ᠰᠢᠷ᠎ᠠ ᠪᠤᠷᠴᠠᠭ ᠤ᠋ᠨ ᠡᠭᠦᠰᠦᠯ ᠤ᠋ᠨ ᠲᠤᠬᠠᠢ ᠶᠠᠩᠵᠤ ᠪᠡᠷ ᠬᠡᠯᠡᠯᠴᠡᠳᠡᠭ ᠪᠤᠯᠪᠠᠴᠤ ᠥᠪᠥᠷ ᠮᠣᠩᠭᠣᠯ ᠪᠣᠯ ᠰᠢᠷ᠎ᠠ ᠪᠤᠷᠴᠠᠭ ᠤ᠋ᠨ ᠡᠭᠦᠰᠦᠯ ᠤ᠋ᠨ ᠣᠷᠣᠨ ᠤ᠋ ᠨᠢᠭᠡ ᠪᠣᠯᠬᠤ ᠨᠢ ᠳᠠᠮᠵᠢᠭ ᠥᠬᠡᠢ ᠭᠡᠳᠡᠭ ᠢ᠋ ᠬᠠᠭᠤᠴᠢ ᠰᠤᠳᠤᠯᠤᠯ ᠤ᠋ᠨ ᠢᠯᠡᠷᠡᠭᠦᠯᠦᠯᠲᠡ ᠬᠦᠴᠦᠲᠡᠢ ᠭᠡᠷᠡᠴᠢᠯᠡᠪᠡ᠃

ᠰᠢᠷ᠎ᠠ ᠪᠤᠷᠴᠠᠭ ᠥᠪᠥᠷ ᠮᠣᠩᠭᠣᠯ ᠳ᠋ᠤ᠌ ᠶᠠᠭᠠᠬᠢᠵᠤ ᠪᠣᠢ ᠪᠣᠯᠤᠭᠰᠠᠨ ᠪᠣᠯ ︖

ᠡᠷᠲᠡᠨ᠎ᠦ᠌ ᠰᠢᠷᠠᠮᠥ᠋ᠷᠡᠨ ᠭᠣᠣᠯ ᠨᠢ ᠤᠯᠠᠭᠠᠨᠬᠠᠳᠠ ᠬᠣᠲᠠ ᠵᠢᠨ ᠬᠣᠢᠲᠤ ᠬᠡᠰᠡᠭ ᠵᠢᠡᠷ ᠬᠥᠨᠳᠡᠯᠢᠰᠴᠦ᠂ ᠡᠮᠦᠨ᠎ᠡ ᠲᠠᠯ᠎ᠠ ᠵᠢᠨ ᠯᠣᠤᠬ᠎ᠠ ᠵᠢᠨ ᠭᠣᠣᠯ ᠲᠠᠢ ᠨᠡᠢᠯᠡᠭᠡᠳ ᠪᠠᠷᠠᠭᠤᠨ ᠯᠢᠶᠣᠣ ᠾᠧ ᠭᠣᠣᠯ ᠪᠣᠯᠵᠤ᠂ ᠬᠤᠩᠱᠠᠨ ᠤ᠋ ᠰᠣᠶᠣᠯ ᠵᠡᠷᠭᠡ ᠠᠮᠢᠵᠢᠷᠠᠯ ᠤ᠋ᠨ ᠬᠦᠴᠦᠨ ᠵᠢᠡᠷ ᠲᠡᠭᠦᠯᠳᠡᠷ᠂ ᠡᠭᠦᠳᠦᠨ ᠪᠦᠲᠦᠭᠡᠬᠦ ᠴᠢᠳᠠᠪᠤᠷᠢ ᠪᠠᠷ ᠲᠤᠢᠯ ᠤ᠋ᠨ ᠶᠡᠬᠡ ᠰᠢᠯᠢᠳᠡᠭ ᠰᠣᠶᠣᠯ ᠨᠢ ᠳᠠᠷᠤᠢ ᠡᠨᠳᠡ ᠪᠣᠢ ᠪᠣᠯᠤᠭᠰᠠᠨ ᠶᠤᠮ᠃

ᠡᠨᠡ ᠬᠦ᠌ ᠨᠤᠲᠤᠭ ᠳᠡᠪᠢᠰᠬᠡᠷ ᠳᠡᠭᠡᠷ᠎ᠡ᠂ 8500 ᠵᠢᠯ ᠤ᠋ᠨ ᠡᠮᠦᠨ᠎ᠡ ᠡᠴᠡ ᠡᠬᠢᠯᠡᠨ ᠳᠤᠮᠳᠠᠳᠤ ᠤᠯᠤᠰ ᠤ᠋ᠨ ᠤᠮᠠᠷᠠᠲᠤ ᠵᠢᠨ ᠬᠠᠭᠤᠷᠠᠢ ᠲᠠᠷᠢᠶᠠᠯᠠᠩ ᠤ᠋ᠨ ᠰᠢᠰᠲ᠋ᠧᠮ ᠨᠢ ᠰᠢᠶᠤᠤ ᠾᠸ ᠰᠢ ᠵᠢᠨ ᠰᠣᠶᠣᠯ ᠤ᠋ᠨ ᠪᠣᠢᠵᠢᠯᠲᠠ ᠵᠢᠨ ᠬᠤᠭᠤᠴᠠᠭ᠎ᠠ ᠡᠴᠡ ᠡᠬᠢᠯᠡᠨ᠂ ᠬᠤᠩᠱᠠᠨ ᠤ᠋ ᠰᠣᠶᠣᠯ ᠤ᠋ᠨ ᠳᠤᠮᠳᠠ ᠰᠡᠭᠦᠯᠴᠢ ᠵᠢᠨ ᠦᠶ᠎ᠡ ᠵᠡᠷᠭᠡ ᠵᠢ ᠥᠩᠭᠡᠷᠡᠭᠡᠭᠡᠳ᠂ ᠡᠴᠦᠰ ᠲᠡᠭᠡᠨ ᠰᠢᠶᠠ ᠵᠢᠶᠠ ᠳ᠋ᠢᠶᠠᠨ ᠤ᠋ ᠳᠣᠣᠷᠠᠲᠤ ᠳᠠᠪᠬᠤᠷᠭ᠎ᠠ ᠵᠢᠨ ᠰᠣᠶᠣᠯ ᠤ᠋ᠨ ᠥᠷᠨᠢᠯ ᠬᠥᠭᠵᠢᠯ ᠎ᠤᠨ ᠬᠤᠭᠤᠴᠠᠭ᠎ᠠ ᠵᠢ ᠤᠭᠲᠤᠨ ᠠᠪᠴᠢᠷᠠᠪᠠ᠃

ᠳᠤᠮᠳᠠᠳᠤ ᠤᠯᠤᠰ ᠤ᠋ᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠤ᠋ᠨ ᠬᠠᠭᠤᠴᠢ ᠰᠤᠳᠤᠯᠤᠯ ᠤ᠋ᠨ ᠰᠤᠳᠤᠯᠭᠠᠨ ᠤ᠋ ᠭᠠᠵᠠᠷ ᠤ᠋ᠨ ᠰᠤᠳᠤᠯᠤᠭᠴᠢ ᠯᠢᠦ ᠭᠦᠸᠧ ᠰᠢᠶᠠᠩ ᠤ᠋ᠨ ᠦᠵᠡᠬᠦ ᠪᠡᠷ᠂ ᠬᠥᠭᠵᠢᠭᠰᠡᠨ ᠬᠠᠭᠤᠷᠠᠢ ᠲᠠᠷᠢᠶᠠᠯᠠᠩ ᠤ᠋ᠨ ᠠᠵᠤ ᠠᠬᠤᠢ ᠨᠢ ᠶᠠᠭ ᠰᠠᠢᠬᠠᠨ ᠰᠢᠶᠠ ᠵᠢᠶᠠ ᠳ᠋ᠢᠶᠠᠨ ᠤ᠋ ᠳᠣᠣᠷᠠᠲᠤ ᠳᠠᠪᠬᠤᠷᠭ᠎ᠠ ᠵᠢᠨ ᠰᠣᠶᠣᠯ ᠤ᠋ᠨ ᠬᠥᠭᠵᠢᠯᠲᠡ ᠵᠢ ᠠᠬᠢᠭᠤᠯᠵᠤ᠂ ᠳᠤᠮᠳᠠᠳᠤ ᠤᠯᠤᠰ ᠤ᠋ᠨ ᠵᠡᠭᠦᠨ ᠬᠣᠢᠲᠤ ᠣᠷᠣᠨ ᠤ᠋ ᠡᠷᠲᠡ ᠦᠶ᠎ᠡ ᠵᠢᠨ ᠬᠦᠷᠡᠯ ᠵᠡᠪᠰᠡᠭ ᠤ᠋ᠨ ᠦᠶ᠎ᠡ ᠵᠢᠨ ᠬᠠᠭᠤᠴᠢ ᠰᠤᠳᠤᠯᠤᠯ ᠤ᠋ᠨ ᠬᠦᠴᠦᠷᠬᠡᠭ ᠰᠣᠶᠣᠯ ᠪᠣᠯᠤᠭᠰᠠᠨ ᠪᠠᠢᠨ᠎ᠠ᠃

ᠠᠤᠭ᠎ᠠ ᠬᠡᠪᠴᠢᠢ᠎ᠡ ᠲᠡᠢ ᠰᠢᠶᠠ ᠵᠢᠶᠠ ᠳ᠋ᠢᠶᠠᠨ ᠤ᠋ ᠳᠣᠣᠷᠠᠲᠤ ᠳᠠᠪᠬᠤᠷᠭ᠎ᠠ ᠵᠢᠨ ᠰᠣᠶᠣᠯ ᠤ᠋ᠨ ᠪᠠᠭᠤᠷᠢ ᠵᠢᠨ ᠬᠠᠵᠠᠭᠤ ᠳ᠋ᠤ᠌ ᠵᠣᠭᠰᠣᠵᠤ᠂ ᠲᠡᠦᠬᠡ ᠵᠢᠨ ᠪᠢᠴᠢᠭ ᠢ᠋ ᠤᠷᠪᠠᠭᠤᠯᠤᠨ ᠤᠩᠰᠢᠬᠤ ᠳ᠋ᠤ᠌᠄ ᠴᠢ ᠬᠤᠸᠠᠨ ᠬᠦᠩ ᠴᠡᠷᠢᠭ ᠳᠠᠢᠴᠢᠯᠠᠨ ᠤᠮᠠᠷᠠᠳᠤ ᠵᠢᠨ ᠴᠦᠭᠡᠨ ᠳᠤᠭᠠᠳᠤ ᠦᠨᠳᠦᠰᠦᠳᠡᠨ ᠤ᠋ ᠴᠡᠷᠢᠭ ᠢ᠋ ᠳᠠᠢᠯᠠᠬᠤ ᠦᠶ᠎ᠡ ᠳ᠋ᠦ᠍ ᠡᠪᠦᠯ ᠤ᠋ᠨ ᠰᠣᠩᠭᠢᠨ᠎ᠠ ᠪᠠ ᠰᠢᠷ᠎ᠠ ᠪᠤᠷᠴᠠᠭ ᠭᠡᠬᠦ ᠬᠣᠶᠠᠷ ᠵᠦᠢᠯ ᠤ᠋ᠨ ᠪᠣᠳᠠᠰ ᠤ᠋ᠨ ᠲᠥᠷᠥᠯ ᠣᠯᠳᠠᠵᠤ᠂ ᠳᠡᠷᠡ ᠵᠦᠩᠶᠤᠸᠠᠨ ᠣᠷᠣᠨ ᠳ᠋ᠠᠭᠠᠨ ᠪᠤᠴᠠᠭᠰᠠᠨ ᠤ᠋ ᠳᠠᠷᠠᠭ᠎ᠠ ᠲᠡᠭᠦᠨ ᠢ᠋ ᠳᠡᠯᠭᠡᠷᠡᠭᠦᠯᠵᠡᠢ ᠭᠡᠰᠡᠨ ᠳᠡᠮᠳᠡᠭᠯᠡᠯ ᠪᠤᠢ᠃ ᠰᠢᠷ᠎ᠠ ᠪᠤᠷᠴᠠᠭ ᠨᠢ ᠤᠮᠠᠷᠠᠳᠤ ᠵᠢᠨ ᠴᠦᠭᠡᠨ ᠳᠤᠭᠠᠳᠤ ᠦᠨᠳᠦᠰᠦᠳᠡᠨ ᠤ᠋ ᠣᠷᠣᠨ ᠡᠴᠡ ᠡᠭᠦᠰᠦᠯ ᠲᠠᠢ᠂ ᠥᠭᠡᠷ᠎ᠡ ᠪᠡᠷ ᠬᠡᠯᠡᠪᠡᠯ ᠥᠨᠥᠳᠥᠷ ᠤ᠋ᠨ ᠥᠪᠥᠷ ᠮᠣᠩᠭᠣᠯ ᠤ᠋ᠨ ᠤᠯᠠᠭᠠᠨᠬᠠᠳᠠ ᠵᠢᠨ ᠰᠢᠶᠠ ᠵᠢᠶᠠ ᠳ᠋ᠢᠶᠠᠨ ᠣᠷᠴᠢᠮ ᠤ᠋ᠨ ᠭᠠᠵᠠᠷ ᠣᠷᠣᠨ ᠡᠴᠡ ᠡᠭᠦᠰᠦᠯ ᠲᠠᠢ ᠶᠤᠮ᠃ ᠡᠭᠦᠨ ᠡᠴᠡ ᠦᠵᠡᠬᠦ ᠳ᠋ᠦ᠍᠂ ᠰᠢᠷ᠎ᠠ ᠪᠤᠷᠴᠠᠭ《ᠡᠮᠦᠨᠡᠰᠢ ᠠᠶᠠᠯᠠᠵᠦ》 ᠵᠦᠩᠶᠤᠸᠠᠨ ᠣᠷᠣᠨ ᠳ᠋ᠤ ᠬᠦᠷᠦᠭᠰᠡᠨ ᠪᠠᠢᠨ᠎ᠠ᠃

ᠰᠢᠷ᠎ᠠ ᠪᠤᠷᠴᠠᠭ ᠤᠮᠠᠷᠠᠲᠤ ᠬᠢᠯᠢ ᠡᠴᠡ ᠡᠭᠦᠰᠴᠦ᠂ ᠪᠤᠷᠴᠠᠭ ᠤ᠋ᠨ ᠠᠮᠳᠠ ᠲᠦᠮᠡᠨ ᠭᠠᠵᠠᠷ ᠲᠦ᠍ ᠬᠠᠩᠬᠤᠯᠤᠨ᠎ᠠ᠃ ᠬᠡᠳᠦᠨ ᠮᠢᠩᠭᠠᠨ ᠵᠢᠯ ᠤ᠋ᠨ ᠲᠤᠷᠰᠢ᠂ ᠰᠢᠷ᠎ᠠ ᠪᠤᠷᠴᠠᠭ ᠨᠢ ᠳᠤᠮᠳᠠᠳᠤ ᠵᠢᠨ ᠬᠥᠮᠦᠨ᠎ᠦ᠌ ᠠᠮᠢᠳᠤᠷᠠᠯ ᠳ᠋ᠤ᠌ ᠳᠤᠲᠠᠭᠳᠠᠵᠤ ᠪᠣᠯᠣᠰᠢ ᠥᠬᠡᠢ ᠵᠦᠢᠯ ᠪᠤᠯᠤᠭᠰᠠᠨ ᠪᠥᠭᠡᠳ ᠭᠡᠷᠡᠯ ᠰᠠᠴᠤᠷᠠᠩᠭᠤᠢ ᠳᠤᠮᠳᠠᠳᠤ ᠵᠢᠨ ᠰᠣᠶᠣᠯ ᠳ᠋ᠤ᠌ ᠭᠦᠨ ᠦᠨᠳᠦᠰᠦᠯᠡᠵᠤ᠂ ᠪᠤᠷᠤᠭᠵᠢᠭᠤᠨ ᠲᠦᠷᠢ ᠳᠠᠢ ᠰᠢᠷ᠎ᠠ ᠪᠤᠷᠴᠠᠭ ᠨᠢ ᠬᠠᠷᠢᠨ ᠰᠣᠶᠣᠯ ᠤ᠋ᠨ ᠦᠶ᠎ᠡ ᠤᠯᠠᠮᠵᠢᠯᠠᠯ ᠳ᠋ᠡᠬᠢ ᠨᠢᠳᠦ ᠭᠢᠯᠠᠰᠤᠮ᠎ᠠ ᠬᠢᠯᠠᠰ ᠴᠡᠭ ᠪᠣᠯᠵᠤ ᠪᠢᠯᠡ᠃ ᠡᠨᠡ ᠪᠣᠯ ᠳᠠᠷᠤᠢ ᠥᠪᠥᠷ ᠮᠣᠩᠭᠣᠯ ᠡᠴᠡ ᠡᠭᠦᠰᠤᠯ ᠲᠡᠢ ᠰᠢᠷ᠎ᠠ ᠪᠤᠷᠴᠠᠭ᠎ᠤᠨ ᠳᠤᠮᠳᠠᠳᠤ ᠵᠢᠨ ᠰᠣᠶᠣᠯ ᠳ᠋ᠤ᠌ ᠦᠵᠡᠭᠦᠯᠦᠭᠰᠡᠨ ᠬᠤᠪᠢ ᠨᠡᠮᠡᠷᠢ ᠪᠣᠯᠬᠤ ᠠᠵᠢ᠃

ᠰᠢᠷ᠎ᠠ ᠪᠤᠷᠴᠠᠭ 《ᠤᠮᠠᠷᠠᠰᠢ ᠰᠢᠯᠵᠢᠵᠦ》 ᠴᠠᠬ ᠤᠷᠤᠨ ᠵᠠᠢ ᠵᠢᠨ ᠬᠤᠪᠢᠷᠠᠯ ᠲᠤᠮᠳᠠ ᠦᠨᠳᠦᠰᠦ ᠪᠠᠨ ᠦᠯᠡᠳᠡᠭᠡᠪᠡ

ᠬᠡᠳᠦᠨ ᠮᠢᠩᠭᠠᠨ ᠵᠢᠯ ᠤᠯᠠᠮᠵᠢᠯᠠᠭᠳᠠᠨ ᠳᠡᠯᠭᠡᠷᠡᠭᠰᠡᠨ ᠰᠢᠷ᠎ᠠ ᠪᠤᠷᠴᠠᠭ ᠨᠢ ᠳᠤᠮᠳᠠᠳᠤ ᠤᠯᠤᠰ ᠲᠤ᠌ ᠬᠡᠭᠡᠷ᠎ᠡ ᠵᠢᠨ ᠤᠷᠭᠤᠮᠠᠯ ᠪᠠᠢᠭᠰᠠᠨ ᠡᠴᠡ ᠬᠦᠮᠦᠰ ᠤ᠋ᠨ ᠲᠠᠷᠢᠵᠤ ᠤᠷᠭᠤᠭᠤᠯᠬᠤ ᠪᠤᠯᠤᠭᠰᠠᠨ᠂ ᠭᠣᠣᠯ ᠢᠳᠡᠭᠡᠨ ᠪᠠᠢᠭᠰᠠᠨ ᠡᠴᠡ ᠬᠣᠯᠢᠰᠢᠨ ᠢᠳᠡᠭᠡᠨ ᠪᠤᠯᠤᠭᠰᠠᠨ᠂ ᠣᠷᠣᠨ ᠪᠦᠰᠡ ᠳ᠋ᠦ᠍ ᠲᠠᠷᠢᠵᠤ ᠪᠠᠢᠭᠰᠠᠨ ᠡᠴᠡ ᠥᠷᠭᠡᠨ ᠳᠡᠯᠭᠡᠷ ᠵᠢᠡᠷ ᠲᠠᠷᠢᠬᠤ ᠪᠤᠯᠤᠭᠰᠠᠨ ᠬᠦᠷᠲᠡᠯᠡᠬᠢ ᠲᠡᠦᠬᠡᠨ ᠬᠤᠪᠢᠷᠠᠯᠲᠠ ᠵᠢ ᠥᠩᠭᠡᠷᠡᠭᠦᠯᠦᠭᠰᠡᠨ ᠪᠥᠭᠡᠳ 2000 ᠵᠢᠯ ᠤ᠋ᠨ ᠡᠮᠦᠨ᠎ᠡ ᠡᠴᠡ ᠡᠬᠢᠯᠡᠨ ᠳᠡᠯᠡᠬᠡᠢ ᠵᠢᠨ ᠡᠯ᠎ᠡ ᠥᠨᠴᠥᠭ ᠪᠤᠯᠤᠩ ᠳ᠋ᠤ᠌ ᠬᠦᠷᠲᠡᠯ᠎ᠡ ᠲᠦᠭᠡᠮᠡᠯᠵᠢᠵᠡᠢ᠃ ᠣᠳᠣ 《ᠳᠤᠮᠳᠠᠳᠤ ᠤᠯᠤᠰ ᠤ᠋ᠨ ᠪᠤᠷᠴᠠᠭ》 ᠨᠢᠭᠡᠨᠲᠡ ᠪᠦᠬᠦ ᠪᠥᠮᠪᠥᠷᠴᠡᠭ ᠤ᠋ᠨ ᠴᠢᠬᠤᠯᠠ ᠲᠠᠷᠢᠮᠠᠯ ᠤ᠋ᠨ ᠵᠦᠢᠯ ᠤ᠋ᠨ ᠡᠩᠨᠡᠭᠡᠨ ᠳ᠋ᠦ᠍ ᠣᠷᠣᠵᠤ᠂ ᠵᠦᠪᠭᠡᠨ ᠳᠤᠮᠳᠠᠳᠤ ᠤᠯᠤᠰ ᠲᠤ᠌ ᠯᠡ ᠣᠨᠴᠠ ᠪᠠᠢᠳᠠᠭ ᠰᠣᠶᠣᠯ ᠤ᠋ᠨ ᠲᠡᠮᠳᠡᠭ ᠤ᠋ᠨ ᠨᠢᠭᠡ ᠪᠣᠯᠤᠭᠰᠠᠨ ᠶᠤᠮ᠃

ᠭᠡᠲᠡᠯ᠎ᠡ᠂ ᠳᠤᠮᠳᠠᠳᠤ ᠤᠯᠤᠰ ᠡᠴᠡ ᠢᠷᠡᠯᠲᠡ ᠲᠡᠢ ᠰᠢᠷ᠎ᠠ ᠪᠤᠷᠴᠠᠭ ᠨᠢ ᠣᠳᠣᠬᠠᠨ ᠳ᠋ᠤ᠌ ᠤᠷᠢᠳ ᠡᠮᠦᠨ᠎ᠡ ᠪᠠᠢᠭ᠎ᠠ ᠥᠬᠡᠢ ᠰᠢᠨ᠎ᠡ ᠥᠷᠢᠰᠦᠯᠳᠦᠭᠡᠨ ᠳ᠋ᠦ᠍ ᠲᠤᠯᠭᠠᠷᠠᠵᠤ ᠪᠤᠢ᠃

ᠥᠩᠭᠡᠷᠡᠭᠰᠡᠨ ᠳ᠋ᠦ᠍᠂ ᠮᠠᠨ ᠤ᠋ ᠤᠯᠤᠰ ᠤ᠋ᠨ ᠰᠢᠷ᠎ᠠ ᠪᠤᠷᠴᠠᠭ ᠤ᠋ᠨ ᠲᠠᠷᠢᠬᠤ ᠲᠠᠯᠠᠪᠠᠢ᠂ ᠶᠡᠷᠦᠩᠬᠡᠢ ᠤᠨᠠᠯᠳᠠ ᠴᠥᠮ ᠳᠡᠯᠡᠬᠡᠢ ᠳ᠋ᠤ ᠲᠦᠷᠦᠭᠦᠯᠡᠵᠤ ᠪᠠᠢᠪᠠ᠂ ᠭᠡᠪᠡᠴᠦ ᠵᠦᠢᠯ ᠵᠦᠢᠯ ᠤ᠋ᠨ ᠰᠢᠯᠲᠠᠭᠠᠨ ᠡᠴᠡ ᠪᠣᠯᠵᠤ ᠣᠢᠷ᠎ᠠ ᠵᠢᠨ ᠵᠢᠯ ᠳ᠋ᠤ ᠳᠠᠷᠢᠮᠠᠯ ᠤ᠋ᠨ ᠲᠠᠯᠠᠪᠠᠢ ᠲᠠᠰᠤᠷᠠᠯᠲᠠ ᠥᠬᠡᠢ ᠪᠠᠭᠠᠰᠴᠤ᠂ ᠬᠡᠷᠡᠭᠴᠡᠭᠡ ᠨᠢ ᠬᠠᠷᠢᠨ ᠲᠦᠷᠭᠡᠨ ᠵᠢᠠᠷ ᠨᠡᠮᠡᠭᠳᠡᠨ᠂ ᠳᠤᠮᠳᠠᠳᠤ ᠤᠯᠤᠰ ᠰᠢᠷ᠎ᠠ ᠪᠤᠷᠴᠠᠭ ᠢ᠋ ᠭᠠᠳᠠᠭᠠᠳᠤ ᠳ᠋ᠤ᠌ ᠭᠠᠷᠭᠠᠬᠤ ᠤᠯᠤᠰ ᠪᠠᠢᠭᠰᠠᠨ ᠡᠴᠡ ᠪᠠᠨ ᠪᠦᠬᠦ ᠳᠡᠯᠡᠬᠡᠢ ᠵᠢᠨ ᠰᠢᠷ᠎ᠠ ᠪᠤᠷᠴᠠᠭ᠎ᠢ ᠭᠠᠳᠠᠭᠠᠳᠤ ᠡᠴᠡ ᠣᠷᠣᠭᠤᠯᠬᠤ ᠬᠠᠮᠤᠭ ᠤ᠋ᠨ ᠲᠣᠮᠣ ᠤᠯᠤᠰ ᠪᠣᠯᠤᠭᠰᠠᠨ ᠪᠠᠢᠳᠠᠭ᠃

ᠨᠢᠳᠤᠨᠤᠨ ᠤᠯᠤᠰ ᠡᠴᠡ ᠰᠢᠷ᠎ᠠ ᠪᠤᠷᠴᠠᠭ ᠪᠣᠯᠤᠨ ᠲᠣᠰᠣᠯᠢᠭ ᠲᠠᠷᠢᠮᠠᠯ ᠤ᠋ᠨ ᠦᠢᠯᠡᠳᠪᠦᠷᠢᠯᠡᠯ ᠤ᠋ᠨ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ ᠢ᠋ ᠬᠡᠷᠡᠭᠵᠢᠭᠦᠯᠦᠭᠡᠳ ᠨᠡᠯᠢᠶᠡᠳ ᠰᠠᠢᠨ ᠦᠷ᠎ᠡ ᠪᠦᠲᠦᠮᠵᠢ ᠣᠯᠵᠤ᠂ ᠥᠪᠡᠷ ᠢ᠋ ᠪᠡᠨ ᠬᠠᠩᠭᠠᠬᠤ ᠨᠣᠷᠮ᠎ᠠ ᠵᠢ ᠢᠯᠡᠳᠲᠡ ᠳᠡᠭᠡᠭᠰᠢᠯᠡᠭᠦᠯᠪᠡ᠃ ᠡᠭᠦᠨ ᠳ᠋ᠦ᠍᠂ 2022 ᠣᠨ ᠳ᠋ᠤ᠌᠂ ᠮᠠᠨ ᠤ᠋ ᠤᠷᠤᠨ ᠤ᠋ ᠰᠢᠷ᠎ᠠ ᠪᠤᠷᠴᠠᠭ ᠲᠠᠷᠢᠬᠰᠠᠨ ᠲᠠᠯᠠᠪᠠᠢ 1833.1 ᠲᠦᠮᠡᠨ ᠮᠥ᠍ ᠳ᠋ᠦ᠍ ᠬᠦᠷᠴᠦ᠂ ᠳᠠᠷᠢᠮᠠᠯ ᠤ᠋ᠨ ᠲᠠᠯᠠᠪᠠᠢ᠂ ᠶᠡᠷᠦᠩᠬᠡᠢ ᠤᠨᠠᠯᠲᠠ᠂ ᠮᠦ᠍ ᠨᠢᠭᠡᠴᠢ ᠵᠢᠨ ᠤᠨᠠᠯᠲᠠ ᠨᠢ ᠴᠥᠮ ᠲᠡᠦᠬᠡ ᠵᠢᠨ ᠰᠢᠨ᠎ᠡ ᠲᠡᠮᠳᠡᠭᠯᠡᠯ ᠢ᠋ ᠡᠭᠦᠳᠪᠡ᠃

ᠴᠠᠭ ᠠᠭᠤᠷ ᠤ᠋ᠨ ᠤᠬᠠᠭᠠᠨ ᠤ᠋ ᠲᠤᠰᠭᠠᠢ ᠮᠡᠷᠭᠡᠵᠢᠯᠲᠡᠨ᠎ᠦ᠌ ᠢᠯᠡᠷᠡᠭᠦᠯᠦᠭᠰᠡᠨ ᠵᠢᠡᠷ ᠣᠢᠷ᠎ᠠ ᠵᠢᠨ 30 ᠵᠢᠯ ᠤ᠋ᠨ ᠲᠤᠷᠰᠢ᠂ ᠪᠦᠬᠦ ᠪᠥᠮᠪᠥᠷᠴᠡᠭ ᠤ᠋ᠨ ᠠᠭᠤᠷ ᠠᠮᠢᠰᠭᠤᠯ ᠳᠤᠯᠠᠭᠠᠷᠠᠭᠰᠠᠨ ᠡᠴᠡ ᠪᠣᠯᠵᠤ᠂ ᠥᠪᠥᠷ ᠮᠣᠩᠭᠣᠯ ᠤ᠋ᠨ ᠰᠢᠷ᠎ᠠ ᠪᠤᠷᠴᠠᠭ ᠲᠠᠷᠢᠬᠤ ᠪᠦᠰᠡ ᠤᠮᠠᠷᠠᠰᠢ 101 ᠺᠢᠯᠣᠮᠧᠲ᠋ᠷ ᠰᠢᠯᠵᠢᠵᠦ᠂ ᠬᠠᠮᠤᠭ ᠤ᠋ᠨ ᠬᠣᠢᠲᠤ ᠦᠵᠦᠭᠦᠷ ᠨᠢ ᠨᠢᠭᠡᠨᠲᠡ ᠬᠥᠯᠥᠨ ᠪᠤᠢᠷ ᠬᠣᠲᠠ ᠵᠢᠨ ᠣᠷᠴᠣᠨ ᠤ᠋ ᠥᠪᠡᠷᠲᠡᠭᠡᠨ ᠵᠠᠰᠠᠬᠤ ᠬᠤᠰᠢᠭᠤᠨ ᠳ᠋ᠤ᠌ ᠬᠦᠷᠦᠭᠰᠡᠨ ᠪᠠᠢᠨ᠎ᠠ ᠃

ᠰᠢᠷ᠎ᠠ ᠪᠤᠷᠴᠠᠭ ᠳᠤᠯᠠᠭᠠᠨ ᠳ᠋ᠤ᠌ ᠳᠤᠷᠠᠲᠠᠢ᠂ ᠰᠡᠷᠢᠭᠦᠨ ᠳ᠋ᠦ᠍ ᠲᠡᠰᠪᠦᠷᠢᠲᠡᠢ᠂ ᠲᠠᠷᠢᠬᠤ ᠪᠦᠰᠡ ᠨᠢ ᠤᠮᠠᠷᠠᠰᠢ ᠰᠢᠯᠵᠢᠭᠰᠡᠨ ᠨᠢ ᠤᠤᠯ ᠨᠢ ᠰᠢᠷ᠎ᠠ ᠪᠤᠷᠴᠠᠭ ᠲᠠᠷᠢᠵᠤ ᠪᠣᠯᠬᠤ ᠥᠬᠡᠢ ᠭᠠᠵᠠᠷ ᠲᠤ᠌ ᠲᠠᠷᠢᠵᠤ ᠪᠣᠯᠬᠤ ᠵᠢ ᠬᠠᠷᠠᠭᠤᠯᠵᠤ᠂ ᠡᠨᠡ ᠨᠢ ᠰᠢᠷ᠎ᠠ ᠪᠤᠷᠴᠠᠭ ᠢ᠋ ᠥᠷᠭᠡᠳᠭᠡᠨ ᠲᠠᠷᠢᠬᠤ ᠠᠵᠢᠯᠯᠠᠭ᠎ᠠ ᠲᠠᠢ ᠨᠡᠢᠴᠡᠵᠦ ᠪᠠᠢᠯ᠎ᠠ᠃ ᠰᠢᠷ᠎ᠠ ᠪᠤᠷᠴᠠᠭ ᠲᠠᠷᠢᠬᠤ ᠪᠦᠰᠡ ᠵᠢᠨ《ᠤᠮᠠᠷᠠᠰᠢ ᠰᠢᠯᠵᠢᠭᠰᠡᠨ》 ᠡᠴᠡ ᠪᠣᠯᠤᠭᠰᠠᠨ ᠮᠠᠰᠢ ᠣᠯᠠᠨ ᠠᠰᠢᠭ ᠲᠤᠰᠠ ᠵᠢ ᠠᠪᠴᠢᠷᠠᠵᠤ᠂ ᠥᠪᠥᠷ ᠮᠣᠩᠭᠣᠯ ᠣᠳᠣ ᠶᠠᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠦᠷ᠎ᠡ ᠡᠭᠦᠯᠳᠡᠷ᠂ ᠡᠪᠡᠳᠴᠢᠨ ᠪᠠ ᠬᠣᠷᠣᠬᠠᠢ ᠰᠢᠪᠠᠵᠢ ᠵᠢᠨ ᠬᠥᠨᠥᠭᠡᠯ ᠢ᠋ ᠰᠡᠷᠭᠡᠢᠯᠡᠨ ᠵᠠᠰᠠᠬᠤ ᠵᠡᠷᠭᠡ ᠣᠯᠠᠨ ᠲᠠᠯ᠎ᠠ ᠪᠠᠷ ᠬᠦᠴᠦᠯᠡᠨ ᠴᠢᠷᠮᠠᠢᠵᠤ᠂ ᠳᠠᠷᠢᠮᠠᠯ ᠤ᠋ᠨ ᠳᠠᠯᠠᠪᠠᠢ ᠵᠢ ᠥᠷᠭᠡᠳᠭᠡᠬᠦ ᠲᠠᠯ᠎ᠠ ᠪᠠᠷ 《ᠤᠮᠠᠷᠠᠰᠢ ᠰᠢᠯᠵᠢᠭᠦᠯᠬᠦ》 ᠠᠵᠢᠯ ᠢ᠋ ᠰᠠᠢᠲᠤᠷ ᠬᠢᠵᠤ ᠪᠠᠢᠯ᠎ᠠ᠃

ᠮᠢᠩᠭᠠᠨ ᠵᠢᠯ ᠎ᠤᠨ ᠯᠤᠭᠰᠢᠯᠳᠠ ᠬᠦᠨ ᠲᠠᠪᠬᠤᠷᠭ᠎ᠠ ᠎ᠳᠡᠬᠢ ᠬᠤᠪᠢᠰᠤᠯ ᠪᠠ ᠰᠢᠨ᠎ᠡ ᠠᠮᠢᠵᠢᠷᠠᠯ᠎ᠢ ᠪᠤᠢ ᠪᠤᠯᠭᠠᠪᠠ

ᠰᠢᠷ᠎ᠠ ᠪᠤᠷᠴᠠᠭ ᠥᠪᠥᠷ ᠮᠣᠩᠭᠣᠯ ᠡᠴᠡ ᠢᠷᠡᠯᠲᠡ ᠲᠡᠢ᠃ ᠣᠳᠣᠬᠠᠨ ᠳ᠋ᠤ᠌᠂ ᠥᠪᠥᠷ ᠮᠣᠩᠭᠣᠯ ᠮᠥᠨ ᠯᠡ ᠮᠠᠨ ᠤ᠋ ᠤᠯᠤᠰ ᠤ᠋ᠨ ᠰᠢᠷ᠎ᠠ ᠪᠤᠷᠴᠠᠭ ᠤ᠋ᠨ ᠦᠢᠯᠡᠳᠪᠦᠷᠢᠯᠡᠯ ᠤ᠋ᠨ ᠴᠢᠬᠤᠯᠠ ᠰᠠᠭᠤᠷᠢᠨ ᠪᠣᠯᠵᠤ᠂ ᠲᠠᠯᠠᠪᠠᠢ ᠪᠠ ᠶᠡᠷᠦᠩᠬᠡᠢ ᠤᠨᠠᠯᠳᠠ ᠨᠢ ᠪᠦᠬᠦ ᠤᠯᠤᠰ ᠤ᠋ᠨ ᠰᠢᠷ᠎ᠠ ᠪᠤᠷᠴᠠᠭ ᠤ᠋ᠨ ᠳᠠᠷᠢᠮᠠᠯ ᠤ᠋ᠨ ᠲᠠᠯᠠᠪᠠᠢ ᠪᠠ ᠶᠡᠷᠦᠩᠬᠡᠢ ᠤᠨᠠᠯᠳᠠ ᠵᠢᠨ 12% ᠢ᠋ ᠡᠵᠡᠯᠡᠵᠦ᠂ ᠴᠥᠮ ᠪᠦᠬᠦ ᠤᠯᠤᠰ ᠲᠤ᠌ ᠬᠣᠶᠠᠳᠤᠭᠠᠷ ᠲᠤ᠌ ᠣᠷᠣᠵᠤ ᠪᠤᠢ᠃

《ᠰᠢᠷ᠎ᠠ ᠪᠤᠷᠴᠠᠭ ᠤ᠋ᠨ ᠨᠤᠲᠤᠭ》ᠬᠡᠮᠡᠭᠳᠡᠭᠰᠡᠨ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ᠌ ᠥᠪᠡᠷᠲᠡᠭᠡᠨ ᠵᠠᠰᠠᠬᠤ ᠬᠣᠰᠢᠭᠤ ᠨᠢ 19 ᠳ᠋ᠤᠭᠡᠷ ᠵᠠᠭᠤᠨ ᠤ᠋ ᠳᠤᠮᠳᠠᠴᠢ ᠡᠴᠡ ᠡᠬᠢᠯᠡᠨ ᠶᠡᠬᠡ ᠬᠡᠪᠴᠢᠶ᠎ᠡ ᠪᠡᠷ ᠰᠢᠷ᠎ᠠ ᠪᠤᠷᠴᠠᠭ ᠲᠠᠷᠢᠪᠠ᠃ ᠵᠠᠭᠤ ᠭᠠᠷᠤᠢ ᠵᠢᠯ ᠤ᠋ᠨ ᠲᠡᠦᠬᠡ ᠵᠢᠨ ᠬᠤᠷᠠᠮᠳᠤᠭᠤᠯᠤᠯ ᠵᠢᠠᠷ ᠳᠠᠮᠵᠢᠨ᠂ ᠡᠳᠦᠭᠡ ᠳᠤᠰ ᠬᠤᠰᠢᠭᠤᠨ ᠳ᠋ᠤ᠌ ᠰᠢᠷ᠎ᠠ ᠪᠤᠷᠴᠠᠭ ᠨᠢ ᠬᠠᠮᠤᠭ ᠤ᠋ᠨ ᠴᠢᠬᠤᠯᠠ ᠲᠠᠷᠢᠶᠠᠯᠠᠩ ᠤ᠋ᠨ ᠪᠦᠲᠦᠭᠡᠭᠳᠡᠬᠦᠨ ᠲᠡᠳᠦᠢ ᠪᠢᠰᠢ ᠪᠣᠯᠵᠤ᠂ ᠨᠡᠩ ᠴᠦ᠍ ᠥᠪᠡᠷᠮᠢᠴᠡ ᠣᠨᠴᠠᠯᠢᠭ ᠲᠠᠢ ᠰᠢᠷ᠎ᠠ ᠪᠤᠷᠴᠠᠭ ᠤ᠋ᠨ ᠰᠣᠶᠣᠯ ᠢ᠋ ᠪᠣᠢ ᠪᠣᠯᠭᠠᠭᠰᠠᠨ ᠪᠠᠢᠨ᠎ᠠ᠃

ᠳᠤᠰ ᠬᠤᠰᠢᠭᠤ ᠰᠢᠷ᠎ᠠ ᠪᠤᠷᠴᠠᠭ ᠲᠤ᠌ ᠲᠦᠰᠢᠭᠯᠡᠨ ᠲᠠᠷᠢᠶᠠᠴᠢᠨ ᠠᠢᠯ ᠤ᠋ᠨ ᠵᠢᠭᠤᠯᠴᠢᠯᠠᠯ᠂ ᠬᠥᠳᠡᠭᠡ ᠲᠣᠰᠭᠣᠨ ᠤ᠋ ᠵᠢᠭᠤᠯᠴᠢᠯᠠᠯ ᠵᠡᠷᠭᠡ ᠵᠢᠭᠤᠯᠴᠢᠯᠠᠯ ᠤ᠋ᠨ ᠲᠥᠷᠥᠯ ᠵᠦᠢᠯ ᠢ᠋ ᠨᠡᠭᠡᠭᠡᠨ ᠬᠥᠭᠵᠢᠭᠦᠯᠵᠦ᠂ ᠰᠣᠶᠣᠯ ᠵᠢᠭᠤᠯᠴᠢᠯᠠᠯ ᠤ᠋ᠨ ᠠᠭᠤᠰᠤᠯᠴᠠᠯ ᠢ᠋ ᠠᠬᠢᠭᠤᠯᠪᠠ᠃ ᠡᠭᠦᠨ᠎ᠦ᠌ ᠬᠠᠮᠳᠤ ᠡᠯᠪᠡᠭ ᠬᠤᠷᠢᠶᠠᠯᠲᠠ ᠵᠢᠨ ᠪᠠᠶᠠᠷ ᠵᠡᠷᠭᠡ ᠪᠡᠷ ᠳᠠᠮᠵᠢᠭᠤᠯᠤᠨ ᠰᠢᠷ᠎ᠠ ᠪᠤᠷᠴᠠᠭ ᠤ᠋ᠨ ᠦᠨ᠎ᠡ ᠥᠷᠲᠡᠭ ᠢ᠋ ᠠᠭᠤᠳᠠᠯᠵᠤ᠂ ᠲᠠᠷᠢᠶᠠᠯᠠᠬᠤ ᠰᠣᠶᠣᠯ ᠢ᠋ ᠪᠠᠳᠠᠷᠠᠭᠤᠯᠪᠡ᠃

ᠰᠢᠷ᠎ᠠ ᠪᠤᠷᠴᠠᠭ 《ᠬᠤᠪᠢᠷᠠᠯᠲᠠ ᠶᠡᠬᠡᠲᠡᠢ》 ᠪᠠᠢᠵᠤ᠂ ᠪᠤᠷᠴᠠᠭ ᠤ᠋ᠨ ᠲᠣᠰᠣ᠂ ᠳ᠋ᠧᠦᠹᠦ᠋ ᠵᠡᠷᠭᠡ ᠲᠥᠷᠥᠯ ᠵᠦᠢᠯ ᠣᠯᠠᠨ ᠲᠠᠢ ᠪᠤᠷᠴᠠᠭ ᠤ᠋ᠨ ᠢᠳᠡᠭᠡᠨ ᠢ᠋ ᠬᠢᠵᠦ ᠪᠣᠯᠳᠠᠭ᠃ ᠨᠠᠷᠢᠯᠢᠭ ᠬᠢᠴᠡ ᠲᠡᠢ ᠤᠷᠠᠯᠠᠯ ᠨᠢ ᠮᠠᠨ ᠤ᠋ ᠤᠯᠤᠰ ᠤ᠋ᠨ ᠮᠢᠩ ᠤᠯᠤᠰ ᠴᠢᠩ ᠤᠯᠤᠰ ᠤ᠋ᠨ ᠦᠶ᠎ᠡ ᠡᠴᠡ ᠡᠬᠢᠯᠡᠨ ᠬᠥᠭᠵᠢᠵᠦ᠂ ᠣᠳᠣ ᠬᠦᠷᠲᠡᠯ᠎ᠡ ᠤᠯᠠᠮᠵᠢᠯᠠᠭᠳᠠᠭᠠᠳ ᠴᠢᠬᠤᠯᠠ ᠰᠣᠶᠣᠯ ᠤ᠋ᠨ ᠥᠪ ᠪᠣᠯᠤᠭᠰᠠᠨ ᠪᠠᠢᠨ᠎ᠠ᠃

ᠰᠢᠷ᠎ᠠ ᠪᠤᠷᠴᠠᠭ ᠤ᠋ᠨ ᠦᠷᠳᠡᠭ ᠶᠡᠭᠡᠳᠡᠢ ! ᠡᠯᠪᠡ ᠬᠤᠷᠢᠶᠠᠯᠲᠠ ᠵᠢᠨ ᠶᠢᠰᠦᠨ ᠰᠠᠷ᠎ᠠ ᠳ᠋ᠤ᠌᠂ ᠨᠡᠩ ᠣᠯᠠᠨ ᠬᠥᠮᠦᠨ ᠤᠮᠠᠷᠠᠲᠤ ᠬᠢᠯᠢ ᠵᠢᠨ 《ᠰᠢᠷ᠎ᠠ ᠪᠤᠷᠴᠠᠭ ᠤ᠋ᠨ ᠨᠤᠲᠤᠭ》 ᠲᠦ᠍ ᠬᠦᠷᠴᠦ᠂ ᠲᠡᠦᠬᠡ ᠵᠢᠨ ᠭᠦᠨ ᠡᠴᠡ ᠢᠷᠡᠭᠰᠡᠨ ᠰᠣᠶᠣᠯ ᠤ᠋ᠨ ᠰᠤᠳᠠᠰᠤ ᠵᠢ ᠬᠠᠮᠤᠭ ᠤ᠋ᠨ ᠣᠢᠷ᠎ᠠ ᠵᠠᠢ ᠡᠴᠡ ᠪᠡᠶᠡᠴᠢᠯᠡᠨ ᠤᠢᠯᠠᠭᠠᠨ᠎ᠠ᠃ ᠰᠢᠷ᠎ᠠ ᠪᠤᠷᠴᠠᠭ ᠤ᠋ᠨ ᠡᠭᠦᠰᠦᠯ ᠪᠠ ᠥᠷᠨᠢᠩᠭᠦᠢ ᠬᠥᠭᠵᠢᠯᠲᠡ ᠵᠢᠨ ᠭᠠᠵᠠᠷ ᠪᠣᠯᠤᠭᠰᠠᠨ ᠤ᠋ ᠬᠤᠪᠢ ᠳ᠋ᠤ᠌᠂ ᠰᠢᠨ᠎ᠡ ᠴᠠᠭ ᠦᠶ᠎ᠡ ᠳ᠋ᠦ᠍ ᠥᠪᠥᠷ ᠮᠣᠩᠭᠣᠯ ᠤ᠋ᠨ ᠰᠢᠷ᠎ᠠ ᠪᠤᠷᠴᠠᠭ ᠤ᠋ᠨ ᠰᠣᠶᠣᠯ ᠤ᠋ᠨ ᠦᠨ᠎ᠡ ᠥᠷᠲᠡᠭ ᠢ᠋ ᠨᠡᠩ ᠭᠦᠨᠵᠡᠭᠡᠢ ᠠᠭᠤᠳᠠᠯᠤᠨ ᠪᠠᠳᠠᠷᠠᠭᠤᠯᠵᠤ᠂ ᠡᠷᠲᠡᠨ᠎ᠦ᠌ ᠲᠠᠷᠢᠶᠠᠯᠠᠬᠤ ᠰᠣᠶᠣᠯ ᠴᠦ᠍ ᠬᠤᠪᠢᠰᠤᠯᠲᠠ ᠪᠠ ᠰᠢᠨ᠎ᠡ ᠠᠮᠢᠯᠠᠯ ᠵᠢᠠᠨ ᠤᠭᠲᠤᠨ ᠠᠪᠴᠢᠷᠠᠵᠤ᠂ ᠨᠡᠩ ᠭᠡᠷᠡᠯ ᠰᠠᠴᠤᠷᠠᠩᠭᠤᠢ ᠥᠩᠭᠡ ᠭᠢᠯᠪᠠᠭ᠎ᠠ ᠪᠠᠨ ᠰᠠᠴᠤᠷᠠᠭᠤᠯᠬᠤ ᠪᠣᠯᠤᠯ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面