2023-11-22 10:00:58
— ᠪᠦᠬᠦ ᠣᠷᠣᠨ ᠤ᠋ ᠤᠯᠠᠭᠠᠨᠮᠥ᠋ᠴᠢᠷ ᠤ᠋ᠨ 《ᠰᠤᠷᠤᠯᠴᠠᠬᠤ·ᠵᠤᠬᠢᠶᠠᠨ ᠪᠦᠳᠦᠭᠡᠬᠦ·ᠲᠣᠭᠯᠠᠬᠤ》 ᠰᠢᠨ᠎ᠡ ᠪᠡᠷ ᠵᠤᠬᠢᠶᠠᠨ ᠪᠦᠳᠦᠭᠡᠭᠰᠡᠨ ᠪᠦᠲᠦᠭᠡᠯ ᠤ᠋ᠨ ᠦᠵᠡᠭᠦᠯᠭᠡ ᠢ᠋ᠢᠨ ᠲᠣᠭᠯᠠᠯᠲᠠ ᠡᠬᠢᠯᠡᠵᠠᠢ
ᠤᠯᠠᠭᠠᠨ ᠲᠤᠭ ᠢ᠋ ᠥᠨᠳᠥᠷ ᠮᠠᠨᠳᠤᠭᠤᠯᠤᠨ ᠨᠠᠮ ᠢ᠋ᠢᠡᠨ ᠲᠠᠭᠠᠵᠦ᠂ ᠠᠷᠠᠳ ᠲᠦᠮᠡᠨ ᠤ᠋ ᠲᠥᠯᠥᠭᠡ ᠮᠠᠭᠲᠠᠭᠠᠯ ᠳᠠᠭᠤᠤ ᠪᠠᠨ ᠬᠠᠩᠭᠢᠨᠠᠲᠠᠯ᠎ᠠ ᠳᠠᠭᠤᠯᠡᠨᠠ᠃ 11 ᠰᠠᠷ᠎ᠠ ᠢ᠋ᠢᠨ 20 ᠤ᠋ ᠡᠳᠦᠷ᠂ ᠤᠮᠠᠷᠠᠲᠤ ᠬᠢᠯᠢ ᠢ᠋ᠢᠨ ᠰᠣᠶᠣᠯ ᠢ᠋ ᠤᠯᠠᠮᠵᠢᠯᠠᠨ ᠪᠠᠳᠠᠷᠠᠭᠤᠯᠵᠤ ᠦᠨᠳᠦᠰᠦᠲᠡᠨᠨᠦᠭᠦᠳ ᠤ᠋ᠨ ᠣᠯᠠᠨ ᠲᠦᠮᠡᠨᠳᠦ ᠦᠢᠯᠡᠴᠢᠯᠡᠨ᠎ᠡ — ᠪᠥᠬᠥ ᠣᠷᠣᠨ ᠤ᠋ ᠤᠯᠠᠭᠠᠨᠮᠥ᠋ᠴᠢᠷ ᠤ᠋ᠨ 《ᠰᠤᠷᠤᠯᠴᠠᠬᠤ· ᠵᠤᠬᠢᠶᠠᠨ ᠪᠦᠳᠦᠭᠡᠬᠦ·ᠲᠤᠭᠯᠠᠬᠤ》 ᠰᠢᠨ᠎ᠡ ᠪᠡᠷ ᠵᠤᠬᠢᠶᠠᠨ ᠪᠦᠳᠦᠭᠡᠭᠰᠡᠨ ᠪᠦᠲᠦᠭᠡᠯ ᠤ᠋ᠨ ᠦᠵᠡᠭᠦᠯᠭᠡ ᠢ᠋ᠢᠨ ᠲᠤᠭᠯᠠᠯᠲᠠ ᠬᠥᠬᠡᠬᠣᠲᠠ᠂ ᠬᠢᠩᠭᠠᠨ ᠠᠢᠮᠠᠭ᠂ ᠪᠠᠶᠠᠨᠨᠠᠭᠤᠷ ᠵᠡᠷᠭᠡ ᠭᠤᠷᠪᠠᠨ ᠭᠠᠵᠠᠷ᠎ᠲᠤ ᠵᠡᠷᠭᠡ ᠪᠡᠷ ᠡᠬᠢᠯᠡᠪᠡ᠃
ᠤᠯᠠᠭᠠᠨᠮᠥ᠋ᠴᠢᠷ ᠤ᠋ᠨ 《ᠰᠤᠷᠤᠯᠴᠠᠬᠤ᠂ ᠵᠤᠬᠢᠶᠠᠨ ᠪᠦᠳᠦᠭᠡᠬᠦ᠂ ᠲᠤᠭᠯᠠᠬᠤ》ᠠᠵᠢᠯ ᠢ᠋ ᠥᠷᠨᠢᠭᠦᠯᠦᠭᠰᠡᠨ ᠡᠴᠡ ᠨᠠᠭᠠᠰᠢᠬᠢ ᠰᠢᠨᠡᠪᠦᠲᠦᠭᠡᠯ ᠪᠠ ᠤᠷᠠᠯᠢᠭ᠋ ᠤ᠋ᠨ ᠦᠷ᠎ᠡ ᠪᠦᠲᠦᠭᠡᠯ ᠢ᠋ ᠪᠥᠬᠥ ᠲᠠᠯ᠎ᠠ ᠪᠡᠷ ᠳᠡᠯᠭᠡᠨ ᠦᠵᠡᠭᠦᠯᠵᠦ᠂ 《ᠤᠮᠠᠷᠠᠲᠤᠬᠢᠯᠢ ᠢ᠋ᠢᠨ ᠰᠣᠶᠣᠯ》 ᠤ᠋ᠨ ᠲᠦᠷᠦᠯ ᠲᠡᠮᠳᠡᠭ ᠢ᠋ ᠴᠤᠭᠴᠠᠯᠠᠬᠤ ᠳ᠋ᠤ ᠬᠦᠴᠦᠨ ᠨᠡᠮᠡᠷᠢᠯᠡᠬᠦ ᠢ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠢ᠋ᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ᠋ ᠤᠳᠬ᠎ᠠ ᠤᠷᠠᠯᠢᠭ᠋ ᠤ᠋ᠨ ᠬᠢᠨᠦ ᠬᠣᠯᠪᠣᠭ᠎ᠠ ᠡᠴᠡ ᠬᠠᠮᠲᠤᠷᠠᠨ ᠲᠣᠰ ᠤᠳᠠᠭᠠᠨ ᠤ᠋ ᠲᠤᠭᠯᠠᠯᠲᠠ ᠢ᠋ᠢᠨ ᠠᠵᠢᠯᠯᠠᠭ᠎ᠠ ᠢ᠋ᠢ ᠪᠥᠬᠥ ᠣᠷᠣᠨᠳᠤ ᠶᠠᠪᠤᠭᠳᠠᠭᠤᠯᠤᠭᠰᠠᠨ ᠪᠠᠢᠨ᠎ᠠ᠃
ᠬᠥᠬᠡᠬᠣᠲᠠ ᠢ᠋ᠢᠨ ᠰᠠᠢᠬᠠᠨ ᠲᠣᠭᠣᠷᠢᠭ᠋ ᠤ᠋ᠨ ᠵᠠᠭᠦᠨ ᠬᠠᠭᠤᠴᠢᠨ ᠵᠠᠮ ᠲᠣᠰᠬᠣᠨᠳᠤ ᠭᠤᠴᠤ ᠰᠠᠢᠬᠠᠨ ᠲᠤᠭᠯᠠᠯᠲᠠ ᠦᠷᠭᠦᠯᠵᠢᠯᠡᠵᠤ ᠲᠣᠰᠬᠣᠨ ᠤ᠋ ᠠᠷᠠᠳ ᠤ᠋ᠨ ᠪᠠᠬᠠᠷᠬᠠᠯ ᠢ᠋ ᠲᠠᠲᠠᠨ᠎ᠠ᠃ 《 ᠴᠢᠩ ᠰᠡᠳᠬᠢᠯ ᠤ᠋ᠨ ᠵᠦᠡᠭᠨᠡᠯ ᠢ᠋ ᠡᠪᠦᠷᠯᠡᠨ᠂ ᠪᠠᠬᠠᠲᠤᠨ ᠳᠠᠭᠤᠯᠠᠭᠰᠠᠭᠠᠷ ᠪᠡᠭᠡᠵᠢᠩ ᠬᠦᠷᠤᠨᠡᠮ ᠁》 ᠬᠥᠮᠥᠰ ᠤ᠋ᠨ ᠰᠡᠳᠬᠢᠯ ᠢ᠋ ᠳᠣᠭᠳᠣᠯᠤᠭᠤᠯᠤᠮ᠎ᠠ ᠳᠠᠭᠤᠤ ᠢ᠋ᠢᠨ ᠦᠭᠡ᠂ ᠪᠠᠶᠠᠰᠬᠤᠯᠠᠩᠲᠤ ᠬᠦᠭ ᠠᠢᠵᠠᠮ ᠨᠢ ᠤᠯᠠᠨ ᠲᠦᠮᠡᠨᠦ ᠮᠠᠭᠲᠠᠭᠠᠯ ᠰᠠᠢᠰᠢᠶᠠᠯ ᠢ᠋ ᠤᠯᠤᠭᠰᠠᠭᠠᠷ ᠪᠠᠢᠪᠠ᠃
ᠤᠯᠠᠭᠠᠨᠴᠠᠪ ᠬᠣᠲᠠ ᠶ᠋ᠢᠨ ᠯᠢᠶᠡᠩᠴᠧᠩ ᠰᠢᠶᠠᠨ ᠤ᠋ ᠤᠯᠠᠭᠠᠨᠮᠥ᠋ᠴᠢᠷ ᠤ᠋ᠨ ᠭᠡᠰᠢᠭᠦᠨ ᠰᠤᠶᠤᠯᠴᠡᠴᠡᠭ᠄ 《ᠥᠨᠥᠳᠥᠷ ᠤ᠋ᠨ ᠲᠣᠭᠯᠠᠯᠲᠠ ᠢ᠋ᠢᠨ ᠦᠷ᠎ᠡ ᠪᠦᠲᠦᠮᠵᠢ ᠮᠠᠰᠢ ᠰᠠᠢᠨ ᠪᠣᠯᠵᠠᠢ᠂ 〈ᠪᠠᠬᠠᠲᠤᠨ ᠳᠠᠭᠤᠯᠠᠭᠰᠠᠭᠠᠷ ᠪᠡᠭᠡᠵᠢᠩ ᠬᠦᠷᠤᠨᠡᠮ〉 ᠪᠣᠯ ᠡᠨᠡ ᠵᠢᠯ ᠤ᠋ᠨ ᠰᠢᠨ᠎ᠡ ᠵᠣᠬᠢᠶᠠᠭᠰᠠᠨ ᠳᠠᠭᠤᠤ ᠪᠣᠯᠣᠨ᠎ᠠ᠂ ᠡᠪᠦᠭᠡ ᠡᠮᠡᠭᠡ ᠨᠠᠷ ᠠᠯᠠᠭ᠎ᠠ ᠪᠡᠨ ᠲᠠᠰᠢᠨ ᠨᠠᠳᠠ ᠲᠠᠢ ᠬᠠᠮᠲᠤ ᠳᠠᠭᠤᠯᠠᠬᠤ ᠢ᠋ᠢ ᠬᠠᠷᠠᠭᠠᠳ ᠪᠢ ᠮᠠᠰᠢ ᠶᠡᠬᠡ ᠪᠠᠶᠠᠷᠯᠠᠵᠦ᠂ ᠵᠣᠬᠢᠶᠠᠨ ᠪᠦᠲᠦᠭᠡᠭᠦ ᠬᠥᠳᠡᠯᠭᠡᠬᠦ ᠬᠦᠴᠦᠨ ᠨᠡᠩ ᠴᠢᠩᠭᠠᠷᠠᠪᠠ᠃ ᠪᠢ ᠤᠯᠠᠨ ᠲᠦᠮᠡᠨ ᠲᠠᠢ ᠣᠢᠷᠠᠲᠤᠭᠰᠠᠨ᠂ ᠤᠯᠠᠨ ᠲᠦᠮᠡᠨ ᠤ᠋ ᠳᠤᠮᠳᠠ ᠳᠡᠯᠭᠡᠷᠡᠵᠤ ᠲᠠᠭᠠᠰᠢᠶᠠᠭᠳᠠᠭᠰᠠᠨ᠂ ᠤᠯᠠᠨ ᠲᠦᠮᠡᠨ ᠤ᠋ ᠳᠤᠮᠳᠠ ᠦᠯᠡᠳᠡᠵᠦ ᠳᠡᠶ᠋ᠢᠯᠬᠦ ᠨᠡᠩ ᠤᠯᠠᠨ ᠪᠦᠲᠦᠭᠡᠯ ᠢ᠋ ᠵᠣᠬᠢᠶᠠᠨ ᠪᠦᠲᠦᠭᠡᠬᠦ ᠪᠡᠷ ᠴᠢᠷᠮᠠᠢᠨ᠎ᠠ》 ᠭᠡᠵᠦ ᠰᠡᠳᠬᠢᠯ ᠬᠦᠳᠡᠯᠦᠨ ᠶᠠᠷᠢᠵᠤ ᠪᠠᠢᠯ᠎ᠠ᠃
ᠬᠢᠩᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ ᠤ᠋ ᠤᠯᠠᠭᠠᠨᠮᠥ᠋ᠴᠢᠷ ᠤ᠋ᠨ ᠬᠢᠨ ᠪᠠᠶᠠᠨᠬᠤᠰᠢᠭᠤ ᠪᠠᠯᠭᠠᠰᠤᠨ ᠤ᠋ ᠤᠰᠤᠨ ᠭᠠᠴᠠᠭᠠᠳᠤ ᠲᠣᠭᠯᠠᠯᠲᠠ ᠭᠠᠷᠭᠠᠵᠤ᠂ ᠠᠮᠢᠳᠤ ᠴᠣᠪᠣᠭᠣᠯᠢᠭ᠋ ᠣᠨᠴᠠᠯᠢᠭ᠍ᠲᠤ ᠤᠷᠠᠨ ᠰᠠᠢᠬᠠᠨ ᠤ᠋ ᠲᠣᠭᠯᠠᠯᠲᠠ ᠪᠡᠷ ᠢ᠋ᠢᠡᠨ ᠬᠦᠷᠦᠯᠴᠡᠨ ᠢᠷᠡᠭᠰᠡᠨ ᠮᠠᠯᠴᠢᠨ ᠲᠠᠷᠢᠶᠠᠴᠢᠨᠤ ᠬᠦᠷᠢᠶᠡᠯᠡᠯ ᠢ᠋ ᠤᠯᠪᠠ᠃ ᠲᠣᠭᠯᠠᠯᠲᠠ ᠳᠠᠭᠤᠰᠤᠭᠰᠠᠨ ᠤ᠋ ᠳᠠᠷᠠᠭ᠎ᠠ᠂ ᠤᠯᠠᠭᠠᠨᠮᠥ᠋ᠴᠢᠷ ᠤ᠋ᠨ ᠭᠡᠰᠢᠭᠦᠳ ᠭᠠᠴᠠᠭᠠᠨ ᠤ᠋ ᠶᠠᠪᠤᠵᠤ ᠰᠠᠭᠤᠬᠤᠳᠤ ᠳᠥᠭᠥᠮ ᠦᠭᠡᠢ ᠨᠠᠰᠤᠲᠠᠨ ᠤ᠋ ᠭᠡᠷ ᠲᠤ᠌ ᠬᠦᠷᠴᠦ᠂ ᠲᠤᠰᠬᠠᠢᠯᠠᠨ ᠲᠡᠳᠡᠨᠳ᠋ᠤ ᠵᠤᠷᠢᠭᠤᠯᠤᠨ ᠲᠣᠭᠯᠠᠯᠲᠠ ᠭᠠᠷᠭᠠᠵᠤ ᠦᠭᠪᠠ᠃
ᠪᠠᠶᠠᠨᠨᠠᠭᠤᠷ ᠬᠣᠲᠠ ᠢ᠋ᠢᠨ ᠳ᠋ᠸᠩᠺᠸᠤ ᠰᠢᠶᠠᠨ ᠤ᠋ ᠪᠠᠶᠠᠨᠭᠣᠣᠯ ᠪᠠᠯᠭᠠᠰᠤᠨ ᠤ᠋ ᠴᠧᠩ ᠭᠤᠸᠠᠨ ᠲᠣᠰᠬᠣᠨᠳᠤ ᠤᠯᠠᠭᠠᠨᠮᠥ᠋ᠴᠢᠷ ᠲᠣᠭᠯᠠᠯᠲᠠ ᠭᠠᠷᠭᠠᠬᠤ ᠴᠢᠮᠡᠭᠡ ᠪᠡᠷ ᠬᠥᠮᠥᠰ ᠠᠯᠢ ᠡᠷᠲᠡ ᠲᠡᠯᠡᠪᠡᠢ ᠳ᠋ᠤ ᠬᠦᠷᠦᠯᠴᠡᠨ ᠢᠷᠡᠵᠡᠭᠡᠨ ᠬᠦᠯᠢᠶᠡᠵᠦ ᠪᠠᠢᠯ᠎ᠠ᠃ ᠢᠷᠠᠭᠤ ᠰᠠᠢᠬᠠᠨ ᠬᠥᠭᠵᠢᠮ ᠤ᠋ᠨ ᠡᠭᠡᠰᠢᠭᠯᠡᠡᠭ ᠳᠡᠭᠡᠷ᠎ᠠ ᠤᠯᠠᠭᠠᠨᠮᠥ᠋ᠴᠢᠷ ᠤ᠋ᠨ ᠭᠡᠰᠢᠭᠦᠳ ᠲᠠᠢᠰᠠᠨ᠎ᠠ ᠭᠠᠷᠴᠤ᠂《ᠰᠠᠯᠬᠢᠨ ᠬᠦᠯᠦᠭ》 ᠪᠦᠵᠢᠭ ᠢ᠋ᠢᠡᠷ ᠲᠤᠭᠯᠠᠯᠲᠠ ᠪᠡᠨ ᠡᠬᠢᠯᠡᠭᠦᠯᠵᠤ᠂ ᠡᠷᠡᠭᠲᠡᠢ ᠡᠮᠡᠭᠲᠡᠢ ᠢ᠋ᠢᠨ ᠭᠣᠴᠣᠯᠠᠯ ᠳᠠᠭᠤᠤ᠂ ᠪᠣᠷᠣᠳᠣᠬᠣᠢ ᠢ᠋ᠢᠨ ᠱᠤ᠌ ᠯᠠᠢ ᠪᠤᠤ ᠁ ᠤᠯᠠᠨ ᠲᠦᠮᠡᠨ ᠲᠠᠢ ᠣᠢᠷᠠᠲᠤᠭᠰᠠᠨ ᠭᠤᠴᠤ ᠰᠠᠢᠬᠠᠨ ᠲᠣᠭᠯᠠᠯᠲᠠ ᠦᠷᠬᠦᠯᠵᠢᠯᠡᠨ᠂ ᠲᠣᠰᠬᠣᠨ ᠤ᠋ ᠠᠷᠠᠳ ᠤ᠋ᠨ ᠰᠡᠳᠬᠢᠯ ᠢ᠋ ᠤᠶᠠᠷᠠᠭᠤᠯᠤᠨ᠎ᠠ᠃
《ᠡᠨᠡ ᠤᠳᠠᠭ᠎ᠠ ᠢ᠋ᠢᠨ ᠲᠣᠭᠯᠠᠯᠲᠠ ᠴᠦᠮ ᠨᠡᠯᠢᠶᠡᠳ ᠰᠢᠨ᠎ᠡ ᠰᠡᠪᠡᠭᠦᠨ᠂ ᠣᠷᠣᠨ ᠨᠤᠲᠤᠭ ᠤ᠋ᠨ ᠣᠨᠴᠠᠯᠢᠭ᠋ ᠲᠠᠢ᠂ ᠤᠯᠠᠭᠠᠨᠮᠥ᠋ᠴᠢᠷ ᠤ᠋ᠨ ᠬᠢᠨ ᠤ᠋ ᠦᠷᠭᠦᠯᠵᠢ ᠢᠷᠡᠵᠤ ᠲᠣᠭᠯᠠᠬᠤ ᠢ᠋ᠢ ᠬᠦᠰᠡᠵᠦ ᠪᠠᠢᠨ᠎ᠠ》 ᠭᠡᠵᠦ ᠲᠣᠰᠬᠣᠨ ᠤ᠋ ᠠᠷᠠᠳ ᠸᠠᠩ ᠶᠦᠩ ᠯᠢᠩ ᠪᠠᠶᠠᠷᠲᠠᠢ ᠬᠡᠯᠡᠪᠡ᠃
2022 ᠣᠨᠳᠤ ᠤᠯᠠᠭᠠᠨᠮᠥ᠋ᠴᠢᠷ ᠤ᠋ᠨ ᠦᠢᠯᠡᠰ ᠤ᠋ᠨ ᠴᠢᠨᠠᠷ ᠰᠠᠢᠲᠠᠢ ᠬᠥᠭᠵᠢᠯᠲᠡ ᠢ᠋ᠢ ᠠᠬᠢᠭᠤᠯᠬᠤ ᠢ᠋ᠢᠨ ᠲᠥᠯᠥᠭᠡ᠂ ᠪᠦᠬᠦ ᠣᠷᠣᠨ ᠤ᠋ ᠤᠯᠠᠭᠠᠨᠮᠥ᠋ᠴᠢᠷ ᠤ᠋ᠨ ᠬᠢᠨ ᠰᠤᠷᠤᠯᠴᠠᠯᠭ᠎ᠠ ᠪᠣᠯᠪᠠᠰᠤᠷᠠᠯ᠂ ᠠᠭᠤᠯᠭ᠎ᠠ ᠢ᠋ᠢᠨ ᠵᠤᠬᠢᠶᠠᠨ ᠪᠦᠲᠦᠭᠡᠯᠭᠡ᠂ ᠲᠣᠭᠯᠠᠯᠲᠠ ᠢ᠋ᠢᠨ ᠦᠢᠯᠡᠴᠢᠯᠡᠭᠡ ᠵᠡᠷᠭᠡ ᠭᠤᠷᠪᠠᠨ ᠵᠦᠢᠯ ᠤ᠋ᠨ ᠠᠭᠤᠯᠭ᠎ᠠ ᠢ᠋ᠢᠨ ᠲᠣᠭᠣᠷᠢᠨᠳᠤ《ᠰᠤᠷᠤᠯᠴᠠᠬᠤ·ᠵᠤᠬᠢᠶᠠᠨ ᠪᠦᠳᠦᠭᠡᠬᠦ·ᠲᠣᠭᠯᠠᠬᠤ》 ᠠᠵᠢᠯ ᠢ᠋ ᠡᠬᠢᠯᠡᠭᠦᠯᠵᠡᠢ᠃
《ᠰᠤᠷᠤᠯᠴᠠᠬᠤ》 ᠲᠠᠯ᠎ᠠ ᠪᠡᠷ᠂ ᠰᠢ ᠢ᠋ᠢᠨ ᠫᠢᠩ ᠤ᠋ᠨ ᠰᠢᠨ᠎ᠡ ᠴᠠᠭ ᠦᠶ᠎ᠡ ᠢ᠋ᠢᠨ ᠳᠤᠮᠳᠠᠳᠤ ᠤᠯᠤᠰ ᠤ᠋ᠨ ᠣᠨᠴᠠᠯᠢᠭ᠋ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠣᠯᠣᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ᠋ ᠰᠠᠨᠠᠭ᠎ᠠ ᠢ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠢ᠋ᠢ ᠲᠡᠷᠢᠭᠦᠨ ᠴᠢᠬᠤᠯᠠ ᠡᠭᠦᠷᠭᠡ ᠪᠣᠯᠭᠠᠪᠠ᠃ ᠣᠳᠣᠬᠠᠨ ᠪᠣᠯᠲᠠᠯ᠎ᠠ᠂ ᠪᠦᠬᠦ ᠣᠷᠣᠨ ᠤ᠋ ᠤᠯᠠᠭᠠᠨᠮᠥ᠋ᠴᠢᠷ ᠤ᠋ᠨ ᠵᠣᠬᠢᠶᠠᠨ ᠪᠠᠢᠭᠤᠯᠤᠯᠲᠠ ᠤᠯᠠᠨ ᠬᠡᠯᠪᠡᠷᠢ ᠢ᠋ᠢᠨ᠂ ᠪᠦᠬᠦᠨ ᠢ᠋ ᠬᠠᠮᠤᠷᠤᠭᠰᠠᠨ ᠤᠨᠤᠯ ᠤ᠋ᠨ ᠰᠤᠷᠤᠯᠴᠠᠯᠭ᠎ᠠ ᠢ᠋ᠢ 1800 ᠭᠠᠷᠤᠢ ᠤᠳᠠᠭᠠᠡᠷᠬᠢᠯᠡᠵᠦ᠂ ᠦᠨᠡᠨᠴᠢ ᠰᠢᠳᠤᠷᠭᠤ᠂ ᠠᠴᠢ ᠬᠠᠷᠢᠭᠤᠯᠵᠤ ᠡᠷᠡᠯᠬᠡᠭᠯᠡᠨ ᠤᠷᠤᠭᠰᠢᠯᠠᠬᠤ ᠤᠯᠤᠰ ᠲᠦᠷᠦ ᠢ᠋ᠢᠨ ᠤᠬᠠᠮᠰᠠᠷ ᠵᠢᠡᠨ ᠴᠢᠩᠭᠠᠳᠬᠠᠵᠤ᠂ ᠨᠠᠮᠳᠠᠭᠠᠨ ᠦᠨᠡᠨᠴᠢ᠂ ᠡᠬᠡ ᠤᠯᠤᠰᠲᠠᠭᠠᠨ ᠦᠨᠡᠨᠴᠢ᠂ ᠠᠷᠠᠳ ᠲᠦᠮᠡᠨ ᠵᠢᠡᠨ ᠬᠠᠢᠷᠠᠯᠠᠬᠤ ᠬᠦᠰᠡᠯᠡᠩ ᠢᠲᠡᠭᠡᠯ ᠪᠢᠰᠢᠷᠡᠯ ᠢ᠋ᠢᠡᠨ ᠨᠡᠡᠭ ᠪᠠᠲᠤᠳᠬᠠᠪᠠ᠃
《ᠵᠤᠬᠢᠶᠠᠨ ᠪᠦᠳᠦᠭᠡᠬᠦ》 ᠲᠠᠯ᠎ᠠ ᠪᠡᠷ᠂ ᠤᠯᠠᠭᠠᠨᠮᠥ᠋ᠴᠢᠷ ᠤ᠋ᠨ ᠦᠨᠳᠦᠰᠦᠨ ᠱᠠᠲᠤᠨᠳᠤ ᠦᠨᠳᠦᠰᠦᠯᠡᠬᠦ ᠵᠣᠬᠢᠶᠠᠨ ᠪᠦᠲᠦᠭᠡᠬᠦ ᠳᠠᠪᠠᠭᠤᠯᠢᠭ᠋ ᠢ᠋ ᠭᠦᠢᠴᠡᠳ ᠪᠠᠳᠠᠷᠠᠭᠤᠯᠵᠤ᠂ ᠲᠥᠯᠥᠪᠵᠢᠭᠦᠯᠦᠨ ᠵᠣᠬᠢᠶᠠᠨ ᠪᠦᠲᠦᠭᠡᠬᠦ᠂ ᠵᠢᠯᠤᠭᠤᠳᠤᠨ ᠵᠣᠬᠢᠶᠠᠨ ᠪᠦᠲᠦᠭᠡᠬᠦ ᠪᠠ ᠪᠡᠶᠡᠪᠡᠨ ᠳᠠᠭᠠᠭᠠᠵᠤ ᠵᠣᠬᠢᠶᠠᠨ ᠪᠦᠲᠦᠭᠡᠬᠦ ᠢ᠋ᠢ ᠤᠶᠠᠯᠳᠤᠭᠤᠯᠵᠤ᠂ ᠡᠯ᠎ᠡ ᠤᠯᠠᠭᠠᠨᠮᠥ᠋ᠴᠢᠷ ᠢ᠋ ᠬᠥᠲᠥᠯᠥᠨ ᠵᠢᠯᠤᠭᠣᠳᠴᠤ ᠪᠠᠢᠭᠠᠳ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ᠋ ᠰᠠᠨᠠᠭ᠎ᠠ ᠢ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠂ ᠲᠠᠪᠤᠨ ᠶᠡᠬᠡ ᠡᠭᠦᠷᠭᠡ ᠢ᠋ᠢ ᠨᠠᠢᠳᠠᠪᠤᠷᠢᠵᠢᠭᠤᠯᠬᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ ᠪᠥᠬᠥ ᠲᠠᠯ᠎ᠠ ᠪᠡᠷ ᠪᠦᠲᠦᠭᠡᠨ ᠪᠠᠶ᠋ᠢᠭᠤᠯᠬᠤ᠂ ᠤᠮᠠᠷᠠᠲᠤ ᠬᠢᠯᠢ ᠢ᠋ᠢᠨ ᠰᠣᠶᠣᠯ ᠤ᠋ᠨ ᠲᠦᠷᠤᠯ ᠲᠡᠮᠳᠡᠭ ᠢ᠋ ᠪᠣᠶ ᠪᠣᠯᠭᠠᠬᠤ ᠵᠡᠷᠭᠡ ᠴᠢᠬᠤᠯᠠ ᠶᠡᠬᠡ ᠭᠣᠣᠯ ᠰᠡᠳᠦᠪ ᠤ᠋ᠨ ᠲᠣᠭᠣᠷᠢᠨᠳᠤ ᠵᠣᠬᠢᠶᠠᠨ ᠪᠦᠲᠦᠭᠡᠪᠠ᠃ ᠤᠷᠠᠯᠢᠭ᠋ ᠤ᠋ᠨ ᠵᠢᠭᠠᠨ ᠵᠢᠯᠣᠭᠣᠳᠤᠭ᠍ᠴᠢ ᠬᠤᠤᠰᠯᠠᠨ ᠬᠤᠯᠪᠤᠭᠠᠯᠠᠵᠤ ᠤᠯᠠᠭᠠᠨᠮᠥ᠋ᠴᠢᠷ ᠢ᠋ ᠵᠢᠯᠤᠭᠣᠳᠬᠤ ᠠᠵᠢᠯ ᠤ᠋ᠨ ᠲᠣᠭᠲᠠᠴᠠ ᠢ᠋ᠢ ᠪᠠᠢᠭᠤᠯᠵᠤ᠂ ᠵᠢᠭᠠᠨ ᠵᠢᠯᠣᠭᠣᠳᠤᠭ᠍ᠴᠢ ᠢ᠋ᠢᠨ ᠬᠤᠤᠰᠯᠠᠨ ᠬᠤᠯᠪᠤᠭᠠᠯᠠᠵᠤ ᠵᠢᠭᠠᠨ ᠵᠢᠯᠤᠭᠣᠳᠬᠤ ᠠᠵᠢᠯ ᠤ᠋ᠨ ᠭᠠᠷ ᠳᠡᠪᠲᠡᠷ ᠢ᠋ ᠲᠣᠭᠲᠠᠭᠠᠨ᠂ 25 ᠤᠷᠠᠯᠢᠭ᠋ ᠤ᠋ᠨ ᠵᠢᠭᠠᠨ ᠵᠢᠯᠣᠭᠣᠳᠤᠭ᠍ᠴᠢ ᠢ᠋ᠢ ᠰᠣᠩᠭᠣᠨ ᠲᠣᠮᠢᠯᠠᠵᠤ ᠦᠨᠳᠦᠰᠦᠨ ᠱᠠᠲᠤᠨᠳᠤ ᠭᠦᠨᠵᠡᠭᠡᠢᠷᠡᠭᠦᠯᠦᠨ᠂ ᠤᠯᠠᠭᠠᠨᠮᠥ᠋ᠴᠢᠷ ᠤ᠋ᠨ ᠵᠣᠬᠢᠶᠠᠨ ᠪᠦᠲᠦᠭᠡᠯᠭᠡ ᠢ᠋ᠢ ᠵᠢᠯᠤᠭᠣᠳᠴᠤ᠂ ᠤᠯᠠᠭᠠᠨᠮᠥ᠋ᠴᠢᠷ ᠤ᠋ᠨ ᠡᠭᠦᠳᠦᠨ ᠪᠦᠲᠦᠭᠡᠬᠦ ᠶᠠᠰᠤ ᠴᠢᠨᠠᠷ ᠢ᠋ ᠪᠦᠲᠦᠮᠵᠢᠲᠡᠶ ᠳᠡᠭᠡᠭᠰᠢᠯᠡᠭᠦᠯᠬᠦ ᠢ᠋ᠢ ᠠᠬᠢᠭᠤᠯᠪᠠ᠃ 2022 ᠣᠨᠳᠤ ᠤᠯᠠᠭᠠᠨᠮᠥ᠋ᠴᠢᠷ ᠤ᠋ᠨ ᠰᠢᠨ᠎ᠡ ᠪᠦᠲᠦᠭᠡᠯ 1142 ᠪᠠᠢᠵᠤ᠂ 2023 ᠣᠨ ᠠ᠋ᠴᠠ ᠣᠲᠣ᠌ ᠪᠣᠯᠲᠠᠯ᠎ᠠ ᠰᠢᠨ᠎ᠡ ᠪᠦᠲᠦᠭᠡᠯ 845 ᠵᠢ ᠵᠤᠬᠢᠶᠠᠨ ᠪᠦᠲᠦᠭᠡᠪᠡ᠃ ᠰᠢᠨ᠎ᠡ ᠪᠦᠲᠦᠭᠡᠯ ᠤ᠋ᠨ ᠳᠣᠲᠣᠷ᠎ᠠ᠂ ᠲᠤᠰ ᠤᠯᠠᠭᠠᠨᠮᠥ᠋ᠴᠢᠷ ᠤ᠋ᠨ ᠭᠡᠰᠢᠭᠦᠳ ᠤ᠋ᠨ ᠠᠩᠬᠠᠨ ᠤ᠋ ᠪᠦᠲᠦᠭᠡᠯ ᠪᠦᠬᠦ ᠲᠣᠭᠠᠨ ᠤ᠋ 80% ᠠ᠋ᠴᠠ ᠳᠡᠭᠡᠭᠰᠢ ᠶ᠋ᠢ ᠳᠠᠪᠠᠭᠰᠠᠨ ᠪᠠᠢᠨ᠎ᠠ᠃
《ᠲᠤᠭᠯᠠᠬᠤ》 ᠲᠠᠯ᠎ᠠ ᠪᠡᠷ᠂ ᠦᠨᠡᠨ ᠪᠤᠳᠠᠳᠤ ᠲᠥᠷᠥᠭᠳᠡᠯ ᠲᠠᠢ ᠪᠦᠲᠦᠮᠵᠢᠲᠡᠢ ᠠᠷᠭ᠎ᠠ ᠬᠡᠯᠪᠡᠷᠢᠪᠡᠷ ᠳᠠᠮᠵᠢᠭᠤᠯᠤᠨ ᠨᠠᠮ ᠤ᠋ᠨ ᠲᠠᠭᠤᠨ ᠪᠣᠯᠣᠨ ᠬᠠᠢᠷ᠎ᠠ ᠬᠠᠯᠠᠮᠵᠢ ᠢ᠋ᠢ ᠳᠠᠮᠵᠢᠭᠤᠯᠪᠠ᠃ 300 ᠰᠢᠬᠠᠮ ᠤᠯᠠᠭᠠᠨᠮᠥ᠋ᠴᠢᠷ ᠤ᠋ᠨ ᠦᠢᠯᠡᠴᠢᠯᠡᠭᠡᠨᠦ ᠰᠠᠯᠪᠤᠷᠢ ᠪᠠᠭ᠎ᠠ ᠠᠩᠭᠢ ᠦᠨᠳᠦᠰᠦᠨ ᠱᠠᠲᠤᠨᠳᠤ ᠦᠨᠳᠦᠰᠦᠯᠡᠵᠦ᠂ ᠣᠯᠠᠨ ᠲᠦᠮᠡᠨᠦ ᠳᠤᠮᠳᠠ ᠭᠦᠨᠵᠡᠭᠡᠢᠷᠡᠵᠦ᠂ ᠨᠡᠭᠦᠳᠡᠯ ᠦᠢᠯᠡᠴᠢᠯᠡᠭᠡᠪᠡᠷ ᠭᠣᠣᠯ ᠠᠷᠭ᠎ᠠ ᠬᠡᠯᠪᠡᠷᠢ ᠪᠣᠯᠭᠠᠵᠤ᠂ ᠬᠦᠴᠢᠷ ᠪᠡᠷᠬᠡᠰᠢᠶᠡᠯ ᠡᠴᠡ ᠠᠶᠤᠬᠤ ᠦᠭᠡᠢ᠂ ᠰᠠᠯᠬᠢ ᠪᠣᠷᠣᠭᠠᠨ ᠠ᠋ᠴᠠ ᠰᠦᠷᠳᠡᠬᠦ ᠦᠭᠡᠢ᠂ ᠡᠭᠦᠷᠭᠡ ᠬᠠᠷᠢᠭᠤᠴᠠᠯᠭ᠎ᠠᠪᠠᠨ ᠵᠣᠷᠢᠭ᠍ᠲᠠᠢ ᠪᠡᠷ ᠡᠭᠦᠷᠭᠡᠯᠡᠵᠦ᠂ ᠮᠠᠯᠵᠢᠬᠤ ᠲᠠᠷᠢᠶᠠᠯᠠᠬᠤ ᠣᠷᠣᠨ᠂ ᠪᠣᠶ᠋ᠢᠳᠠ ᠪᠥᠭᠯᠡᠭᠦᠦ ᠭᠠᠵᠠᠷ ᠣᠷᠣᠨ ᠪᠠ ᠣᠯᠠᠨ ᠨᠡᠶ᠋ᠢᠲᠡ ᠢ᠋ᠢᠨ ᠰᠣᠶᠣᠯ ᠤ᠋ᠨ ᠦᠢᠯᠡᠴᠢᠯᠡᠭᠡᠪᠡᠷ ᠬᠠᠷᠢᠴᠠᠩᠭᠤᠢ ᠪᠠᠭᠤᠷᠠᠢ ᠭᠠᠵᠠᠷ ᠣᠷᠣᠨᠳᠤ ᠭᠦᠨᠵᠡᠭᠡᠢᠷᠡᠨ᠂ 《 ᠪᠠᠶᠠᠷ ᠪᠠᠶᠠᠰᠤᠯ ᠢ᠋ ᠬᠦᠷᠭᠡᠬᠦ᠂ ᠪᠣᠯᠪᠠᠰᠤᠨ ᠢ᠋ ᠬᠦᠷᠭᠡᠬᠦ》 ᠦᠨᠳᠦᠰᠦᠨ ᠱᠠᠲᠤᠨ ᠤ᠋ ᠦᠢᠯᠡᠴᠢᠯᠡᠭᠡᠨᠦ ᠠᠵᠢᠯᠯᠠᠭ᠎ᠠ ᠢ᠋ᠢ ᠵᠣᠬᠢᠶᠠᠨ ᠪᠠᠢᠭᠤᠯᠤᠨ ᠥᠷᠨᠢᠭᠦᠯᠵᠦ᠂ ᠵᠢᠯ ᠪᠦᠷᠢ 8000 ᠭᠠᠷᠤᠢ ᠲᠡᠯᠡᠪᠡᠢ ᠲᠣᠭᠯᠠᠯᠲᠠ ᠭᠠᠷᠭᠠᠵᠤ᠂ 1800 ᠭᠠᠷᠤᠢ ᠭᠠᠴᠠᠭ᠎ᠠ ᠲᠣᠰᠬᠣᠨ ( ᠨᠡᠢᠭᠡᠮ ᠲᠣᠭᠣᠷᠢᠭ᠋) ᠢ᠋ ᠬᠠᠮᠤᠷᠴᠤ ᠂ 50 ᠭᠠᠷᠤᠢ ᠲᠦᠮᠡᠨ ᠬᠥᠮᠥᠨᠳᠦ ᠠᠰᠢᠭ᠋ ᠬᠦᠷᠲᠡᠭᠡᠪᠡ᠃ ᠪᠦᠬᠦ ᠣᠷᠣᠨ ᠤ᠋ ᠤᠯᠠᠭᠠᠨᠮᠥ᠋ᠴᠢᠷ ᠤ᠋ᠨ ᠬᠢᠨ ᠪᠣᠳᠠᠲᠤ ᠠᠵᠢᠯᠯᠠᠭ᠎ᠠ ᠪᠡᠷ ᠵᠢᠡᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠᠪᠠᠨ ᠦᠢᠯᠡᠳᠦᠯᠭᠡᠵᠢᠭᠦᠯᠵᠦ᠂ ᠰᠢᠨ᠎ᠡ ᠰᠣᠷᠭᠣᠭ ᠤᠯᠠᠨ ᠶᠠᠩᠵᠤ ᠢ᠋ᠢᠨ ᠤᠳᠬ᠎ᠠ ᠤᠷᠠᠯᠢᠭ᠋ ᠤ᠋ᠨ ᠬᠡᠯᠪᠡᠷᠢᠪᠡᠷ ᠨᠠᠮ ᠤ᠋ᠨ ᠤᠨᠤᠯ᠂ ᠲᠦᠷᠦ ᠢ᠋ᠢᠨ ᠪᠣᠳᠣᠯᠭ᠎ᠠ ᠢ᠋ᠢ ᠤᠬᠠᠭᠤᠯᠵᠤ᠂ ᠮᠠᠯᠴᠢᠨ ᠲᠠᠷᠢᠶᠠᠴᠢᠨ ᠤᠯᠠᠨ ᠲᠦᠮᠡᠨᠦ ᠤᠶᠤᠨ ᠤ᠋ ᠰᠣᠶᠣᠯ ᠤ᠋ᠨ ᠠᠮᠢᠳᠤᠷᠠᠯ ᠢ᠋ ᠪᠠᠶᠠᠯᠢᠭ᠍ᠵᠢᠭᠤᠯᠵᠤ᠂ ᠨᠠᠮ ᠤ᠋ᠨ ᠲᠠᠭᠤᠨ ᠪᠣᠯᠣᠨ ᠬᠠᠢᠷ᠎ᠠ ᠬᠠᠯᠠᠮᠵᠢ ᠢ᠋ᠢ ᠲᠦᠭ ᠲᠦᠮᠡᠨ ᠠᠢᠯ ᠡᠷᠦᠬᠡ᠂ ᠠᠷᠠᠳ ᠤᠯᠠᠨᠳ᠋ᠤ ᠬᠦᠷᠭᠡᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃