ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2023-11-13 10:19:07

ᠵᠣᠬᠢᠶᠠᠭ᠍ᠴᠢ᠄ ᠹᠸᠩ ᠱᠢᠤᠸᠠᠢ ᠢᠦᠶ ᠣᠩᠱᠢᠭ᠍ᠰᠠᠨ ᠣᠳᠠᠭ᠎ᠠ᠄ 3

— ᠬᠤᠪᠢᠰᠭᠠᠯ ᠎ᠤᠨ ᠰᠤᠶᠤᠯ ᠎ᠤᠨ ᠱᠢᠷᠢᠰ ᠮᠡᠳᠡᠭᠡᠯᠡᠯ (ᠬᠣᠶᠠᠷ)

ᠥᠪᠥᠷ ᠮᠣᠩᠭᠣᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠨ ᠪᠠᠢᠭᠤᠯᠤᠭ᠍ᠰᠠᠨ ᠠᠩᠬᠠᠳᠠᠭ᠍ᠴᠢ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠪᠣᠯᠤᠨ᠎ᠠ᠂᠃ ᠤᠷᠳᠤ ᠬᠤᠭᠤᠴᠠᠭᠠᠨ᠎ᠤ ᠲᠤᠷᠰᠢ 《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ》ᠤ᠋ ᠡᠷᠬᠢᠮ ᠳᠡᠭᠡᠳᠦ ᠢᠷᠠᠭᠤ ᠠᠯᠳᠠᠷ᠎ᠢ ᠬᠦᠷᠳᠡᠵᠤ ᠂ ᠣᠷᠣᠨ᠎ᠤ ᠳᠣᠲᠣᠷᠠᠬᠢ ᠬᠤᠪᠢᠰᠭᠠᠯ᠎ᠤᠨ ᠰᠣᠶᠣᠯ ᠨᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠲᠡᠮᠡᠴᠡᠬᠦ᠌ ᠂ ᠴᠢᠯᠥᠭᠡᠯᠡᠯᠲᠡ᠎ᠶ᠋ᠢ ᠬᠠᠮᠲᠤ᠎ᠪᠠᠷ ᠡᠷᠢᠯᠬᠢᠯᠡᠬᠦ᠌ ᠂ ᠬᠥᠭ᠌ᠵᠢᠯᠲᠡ᠎ᠶ᠋ᠢ ᠬᠠᠮᠲᠤ᠎ᠪᠠᠷ ᠡᠷᠢᠯᠬᠢᠯᠡᠬᠦ᠌ ᠪᠦᠬᠦ᠌ ᠶᠠᠪᠤᠴᠠ᠎ᠳᠤ ᠲᠤᠭᠤᠱᠢᠯᠠᠭ᠍ᠳᠠᠵᠤ᠂《ᠤᠮᠠᠷᠠᠲᠤ ᠬᠢᠯᠢ᠎ᠶ᠋ᠢᠨ ᠰᠣᠶᠣᠯ》ᠤ᠋ᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠡᠨᠡ ᠵᠢᠯ᠎ᠦᠨ ᠬᠤᠪᠢᠰᠭᠠᠯ᠎ᠤᠨ ᠵᠢᠭᠤᠯᠴᠢᠯᠠᠯ᠎ᠤᠨ ᠥᠷᠨᠢᠩᠭᠦᠶ ᠬᠥᠭ᠌ᠵᠢᠯᠲᠡ᠎ᠶ᠋ᠢᠨ ᠬᠠᠨᠳᠤᠰᠢ᠎ᠶ᠋ᠢ ᠠᠱᠢᠭ᠍ᠯᠠᠨ᠂ ᠤᠮᠠᠷᠠᠲᠤ ᠬᠢᠯᠢ᠎ᠶ᠋ᠢᠨ ᠡᠬᠡ ᠭᠠᠵᠠᠷ ᠳᠡᠭᠡᠷᠡᠬᠢ ᠡᠯᠪᠡᠭ ᠪᠠᠶᠠᠯᠢᠭ ᠬᠤᠪᠢᠰᠭᠠᠯ᠎ᠤᠨ ᠡᠬᠢ ᠪᠠᠶᠠᠯᠢᠭ᠎ᠨᠢ ᠵᠢᠭᠤᠯᠴᠢᠯᠠᠯ᠎ᠵᠢᠡᠷ ᠬᠦᠮᠦᠵᠢᠯ ᠬᠦᠷᠲᠡᠭᠡᠬᠦ᠎ᠬᠤᠪᠢᠰᠭᠠᠯ᠎ᠤᠨ ᠦᠵᠡᠮᠵᠢ᠎ᠶ᠋ᠢᠨ ᠣᠷᠣᠨ ᠪᠣᠯᠵᠣ᠂ ᠠᠭᠤᠤ ᠶᠡᠬᠡ ᠬᠤᠪᠢᠰᠭᠠᠯ᠎ᠤᠨ ᠵᠣᠷᠢᠭ ᠰᠠᠨᠠᠭ᠎ᠠ᠎ᠨᠢ ᠱᠢᠨ᠎ᠡ ᠴᠠᠭ ᠦᠶ᠎ᠡ᠎ᠶ᠋ᠢᠨ ᠬᠡᠷᠡᠯ ᠭᠢᠯᠪᠠᠭ᠎ᠠ᠎ᠶ᠋ᠢ ᠰᠠᠴᠤᠷᠠᠭᠤᠯᠵᠤ ᠪᠠᠢᠨ᠎ᠠ᠃

ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯ ᠵᠢᠡᠷ ᠦᠯᠢᠭᠡᠷ ᠶᠠᠷᠢᠭᠤᠯᠤᠨ᠎ᠠ

ᠠᠷᠪᠠᠨ ᠰᠠᠷ᠎ᠠ᠎ᠶ᠋ᠢᠨ ᠲᠦᠮᠡᠳ᠎ᠦᠨ ᠲᠠᠯ᠎ᠠ ᠨᠠᠮᠤᠷ᠎ᠤᠨ ᠰᠠᠯᠬᠢᠨ᠎ᠤ ᠢᠯᠪᠢᠯᠲᠡ ᠳᠣᠣᠷ᠎ᠠ ᠦᠨᠭ᠌ᠭᠡ ᠢᠯᠭᠠᠷᠠᠮ᠎ᠠ ᠬᠤᠪᠴᠠᠰᠤ ᠪᠠᠨ ᠰᠣᠯᠢᠵᠤ ᠂ ᠬᠦᠬᠡ ᠣᠭ᠍ᠲᠠᠷᠭᠤᠢ ᠬᠥᠪᠥᠩ ᠴᠠᠭᠠᠨ ᠡᠭᠦᠯᠡᠨ ᠳᠤᠤᠷ᠎ᠠ ᠦᠷᠡᠭ᠌ᠳᠡᠭ᠌ᠰᠡᠨ ᠪᠠᠭᠠᠲᠤᠷ ᠷᠦᠩ ᠶᠣᠣ ᠱᠢᠶᠠᠨ᠎ᠤ ᠬᠠᠭᠤᠴᠢᠨ ᠰᠠᠭᠤᠴᠠ᠎ᠶ᠋ᠢᠨ ᠡᠭᠦᠳᠡᠨ᠎ᠳᠦ《ᠤᠯᠤᠰ᠎ᠢᠶᠠᠨ ᠬᠠᠮᠠᠭᠠᠯᠠᠵᠤ ᠬᠢᠯᠢ ᠬᠢᠵᠠᠭᠠᠷ᠎ᠢᠶᠠᠨ ᠰᠠᠬᠢᠨ ᠬᠠᠮᠠᠭᠠᠯᠠᠭᠴᠢ 》 ᠭᠡᠬᠦ᠌ ᠲᠤᠮᠤ ᠦᠰᠦᠭ ᠬᠢᠯᠠᠯᠵᠠᠨ᠎ᠠ᠃

ᠲᠦᠮᠡᠳ ᠵᠡᠭᠦᠨ ᠬᠣᠱᠢᠭᠤᠨ᠎ᠤ ᠤᠬᠠᠭᠤᠯᠬᠤ ᠬᠡᠯᠲᠡᠰ᠎ᠦᠨ ᠠᠵᠢᠯᠳᠠᠨ᠂ ᠡᠨᠡ ᠵᠢᠯ ᠪᠣᠯ ᠦᠷᠡᠭ᠌ᠳᠡᠭ᠌ᠰᠡᠨ ᠪᠠᠭᠠᠲᠤᠷ ᠷᠦᠩ ᠶᠣᠣ ᠱᠢᠶᠠᠨ᠎ᠤ ᠨᠠᠮ᠎ᠳᠤ ᠤᠷᠤᠬ᠍ᠰᠠᠨ 100 ᠵᠢᠯ᠎ᠦᠨ ᠤᠢ ᠪᠣᠯᠤᠨ᠎ᠠ᠃ ᠴᠥᠭᠡᠨ ᠪᠤᠰᠤ ᠵᠠᠭᠤᠴᠢᠯᠠᠭᠤᠷ᠎ᠤᠨ ᠬᠢᠨ ᠬᠠᠭᠤᠴᠢᠨ ᠰᠠᠭᠤᠴᠠ᠎ᠪᠠᠷ ᠲᠣᠭᠣᠷᠢᠨ ᠦᠵᠡᠵᠦ᠍᠂ ᠪᠠᠰᠠ ᠴᠥᠭᠡᠨ ᠪᠤᠰᠤ ᠪᠠᠢᠭᠤᠯᠭ᠎ᠠ ᠨᠢᠭᠡᠴᠢ ᠡᠨᠳᠡ ᠨᠠᠮ᠎ᠤᠨ ᠡᠳᠦᠷ᠎ᠦᠨ ᠠᠵᠢᠯᠯᠠᠭ᠎ᠠ ᠥᠷᠨᠢᠬᠥᠯᠵᠤ ᠪᠠᠢᠨ᠎ᠠ ᠭᠡᠪᠡ᠃

ᠷᠦᠩ ᠶᠣᠣ ᠱᠢᠶᠠᠨ᠎ᠤ ᠬᠠᠭᠤᠴᠢᠨ ᠰᠠᠭᠤᠴᠠ ᠨᠢ ᠶᠡᠬᠡ ᠪᠢᠰᠢ ᠂ ᠭᠤᠷᠪᠠᠨ ᠪᠠᠭ᠎ᠠ ᠦᠵᠡᠭᠦᠯᠭᠡ᠎ᠶ᠋ᠢᠨ ᠲᠢᠩᠬᠢᠮ᠎ᠳᠦ ᠲᠡᠭᠦᠨ᠎ᠤ ᠶᠡᠷᠦ ᠪᠤᠰᠤ᠎ᠵᠢᠨ ᠨᠢᠭᠡ ᠨᠠᠰᠤᠨ᠎ᠤ ᠠᠮᠢᠳᠤᠷᠠᠯ᠎ᠢ ᠳᠡᠯᠭᠡᠨ ᠦᠵᠡᠭᠦᠯᠵᠦ᠂ ᠬᠡᠷᠡᠯ ᠵᠢᠷᠤᠭ᠎ᠤᠳ᠎ᠢᠶᠠᠷ ᠬᠥᠮᠦᠰ᠎ᠢ ᠳᠠᠭᠠᠭᠤᠯᠤᠨ ᠭᠠᠢᠬᠠᠮᠱᠢᠭ᠍ᠲᠤ ᠣᠨ ᠰᠠᠷ᠎ᠠ᠎ᠶ᠋ᠢ ᠲᠠᠬᠢᠨ ᠰᠣᠨᠢᠷᠬᠠᠭᠤᠯᠤᠨ᠎ᠠ᠃

ᠮᠣᠩᠭᠣᠯ ᠲᠥᠪᠡᠳ᠎ᠦᠨ ᠰᠤᠷᠭᠠᠭᠤᠯᠢ 1913 ᠣᠨ᠎ᠳᠤ ᠪᠠᠢᠭᠤᠯᠤᠭ᠍ᠳᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ᠎ᠤ ᠳᠠᠷᠠᠭ᠎ᠠ ᠮᠣᠩᠭᠣᠯ ᠲᠥᠪᠡᠳ᠎ᠦᠨ ᠰᠤᠷᠭᠠᠭᠤᠯᠢ ᠨᠢ ᠨᠠᠮ᠎ᠤᠨ ᠦᠨᠳᠦᠰᠦᠲᠡᠨ᠎ᠦ ᠠᠵᠢᠯ᠎ᠢ ᠥᠷᠨᠢᠭᠦᠯᠬᠦ᠌ ᠭᠣᠣᠯ ᠵᠢᠭ᠍ᠰᠠᠭᠠᠯ᠎ᠤᠨ ᠭᠠᠵᠠᠷ ᠪᠣᠯᠤᠭ᠍ᠰᠠᠨ ᠪᠠᠢᠨ᠎ᠠ᠃

ᠷᠦᠩ ᠶᠣᠣ ᠱᠢᠶᠠᠨ᠎ᠤ ᠬᠠᠭᠤᠴᠢᠨ ᠰᠠᠭᠤᠴᠠ᠎ᠶ᠋ᠢᠨ ᠲᠠᠢᠯᠪᠤᠷᠢᠯᠠᠭ᠍ᠴᠢ ᠼᠠᠢ ᠯᠦ᠍᠄《1923 ᠣᠨ᠎ᠳᠤ ᠯᠢ ᠳ᠋ᠡ ᠵᠤᠤ ᠪᠡᠭᠡᠵᠢᠩ᠎ᠦᠨ ᠮᠣᠩᠭᠣᠯ ᠲᠥᠪᠡᠳ᠎ᠦᠨ ᠰᠤᠷᠭᠠᠭᠤᠯᠢ᠎ᠳᠤ ᠨᠠᠮ ᠡᠪᠯᠡᠯ᠎ᠦᠨ ᠭᠡᠱᠢᠭᠦᠨ ᠡᠯᠰᠡᠵᠦ᠍᠂ ᠴᠥᠭᠡᠨ ᠲᠣᠭᠠᠲᠤ ᠦᠨᠳᠦᠰᠦᠲᠡᠨ᠎ᠦ ᠺᠠᠳ᠋ᠷ᠎ᠢ ᠬᠥᠮᠦᠵᠢᠭᠦᠯᠬᠦ᠌ ᠬᠡᠷᠡᠭ᠌ᠲᠡᠢ ᠭᠡᠵᠦ᠍ ᠵᠢᠭᠠᠪᠤᠷᠢᠯᠠᠪᠠ᠃ ᠲᠤᠰ ᠵᠢᠯ᠎ᠦᠨ 4 ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠡᠭᠡᠵᠢᠩ᠎ᠦᠨ ᠲᠤᠰᠭᠠᠢ ᠣᠷᠣᠨ᠎ᠤ ᠬᠣᠷᠢᠶᠠᠨ᠎ᠤ ᠭᠡᠱᠢᠭᠦᠨ ᠬᠠᠨ ᠯᠢᠨ ᠹᠦ᠋᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠷᠧ ᠾᠧ ᠴᠠᠬᠠᠷ ᠰᠦᠢᠶᠤᠸᠠᠨ᠎ᠤ ᠣᠨᠴᠠᠭᠠᠢ ᠵᠣᠬᠢᠶᠠᠨ ᠪᠠᠢᠭᠤᠯᠤᠯᠲᠠ᠎ᠶ᠋ᠢᠨ ᠬᠠᠷᠢᠭᠤᠴᠠᠯᠭᠠᠲᠠᠨ ᠯᠢ ᠪᠥᠸᠧ ᠬᠠᠢ᠎ᠶ᠋ᠢᠨ ᠲᠠᠨᠢᠯᠴᠠᠭᠤᠯᠭ᠎ᠠ ᠪᠡᠷ ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠲᠤᠰᠭᠠᠢ ᠮᠡᠷᠭᠡᠵᠢᠯ᠎ᠦᠨ ᠬᠡᠯᠲᠡᠰ᠎ᠦᠨ ᠭᠦᠨ ᠤᠬᠠᠭᠠᠨ᠎ᠤ ᠰᠠᠯᠪᠤᠷᠢ᠎ᠶ᠋ᠢᠨ ᠮᠣᠩᠭᠣᠯ ᠰᠤᠷᠤᠭ᠍ᠴᠢ ᠷᠦᠩ ᠶᠣᠣ ᠱᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠵᠤ᠂ ᠮᠣᠩᠭᠣᠯ ᠲᠥᠪᠡᠳ᠎ᠦᠨ ᠰᠤᠷᠭᠠᠭᠤᠯᠢ᠎ᠵᠢᠨ᠂ ᠮᠦᠨ ᠴᠤ᠌ ᠮᠣᠩᠭᠣᠯ ᠦᠨᠳᠦᠰᠦᠲᠡᠨ᠎ᠦ ᠠᠩᠬᠠᠳᠠᠭ᠍ᠴᠢ ᠡᠪ ᠬᠠᠮᠲᠤ ᠨᠠᠮ᠎ᠤᠨ ᠭᠡᠱᠢᠭᠦᠨ ᠪᠣᠯᠵᠠᠢ》ᠭᠡᠵᠦ ᠲᠠᠨᠢᠯᠴᠠᠭᠤᠯᠪᠠ᠃

1923 ᠣᠨ᠎ᠳᠤ ᠯᠢ ᠳ᠋ᠡ ᠵᠤᠤ᠎ᠶ᠋ᠢᠨ ᠣᠨᠴᠠᠭᠠᠢ ᠵᠢᠭᠠᠪᠤᠷᠢ᠎ᠪᠠᠷ ᠡᠪ ᠬᠠᠮᠲᠤ ᠨᠠᠮ᠎ᠤᠨ ᠭᠡᠱᠢᠭᠦᠨ ᠷᠦᠩ ᠶᠣᠣ ᠱᠢᠶᠠᠨ ᠵᠤᠨ᠎ᠤ ᠠᠮᠠᠷᠠᠯᠲᠠ᠎ᠶ᠋ᠢ ᠠᠱᠢᠭ᠍ᠯᠠᠨ ᠨᠤᠲᠤᠭ᠎ᠲᠠᠭᠠᠨ ᠪᠤᠴᠠᠵᠤ᠂ 40 ᠭᠠᠷᠤᠢ ᠮᠣᠩᠭᠣᠯ ᠵᠠᠯᠠᠭᠤᠴᠤᠳ᠎ᠢ ᠲᠠᠢ᠌ᠴᠢᠯᠠᠨ ᠲᠦᠮᠡᠳ᠎ᠦᠨ ᠲᠠᠯ᠎ᠠ᠎ᠡᠴᠡ ᠰᠠᠯᠵᠤ᠂ ᠪᠡᠭᠡᠵᠢᠩ᠎ᠦᠨ ᠮᠣᠩᠭᠣᠯ ᠲᠥᠪᠡᠳ ᠰᠤᠷᠭᠠᠭᠤᠯᠢ᠎ᠳᠤ ᠬᠦᠷᠴᠦ᠍ ᠰᠤᠷᠤᠯᠴᠠᠪᠠ᠃

ᠬᠠᠭᠤᠴᠢᠨ ᠰᠠᠭᠤᠴᠠ᠎ᠶ᠋ᠢᠨ ᠬᠠᠨ᠎ᠠ ᠳᠡᠭᠡᠷ᠎ᠡ ᠷᠥᠩ ᠶᠣᠣ ᠱᠢᠶᠠᠨ᠎ᠤ ᠡᠯᠰᠡᠭ᠌ᠰᠡᠨ ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠬᠡᠰᠡᠭ ᠰᠤᠷᠤᠭ᠍ᠴᠢᠳ᠎ᠤᠨ ᠨᠡᠷᠡᠰ᠎ᠦᠨ ᠵᠢᠭ᠍ᠰᠠᠭᠠᠯᠲᠠ ᠪᠤᠢ᠃ ᠶᠦᠨ ᠽᠸ (ᠤᠯᠠᠭᠠᠨᠬᠦᠦ) ᠂ ᠺᠦᠢ ᠪᠢ᠂ ᠵᠠᠶᠠᠭᠠᠲᠠᠢ᠂ ᠳ᠋ᠥᠸᠧ ᠰᠦᠩ ᠨᠢᠶᠠᠨ᠂ ᠯᠢ ᠢᠦᠢ ᡁᠢ ᠁ ᠡᠳᠡᠭᠡᠷ ᠡᠬᠡ ᠤᠯᠤᠰ᠎ᠤᠨ ᠤᠮᠠᠷᠠᠲᠤ ᠬᠢᠯᠢ᠎ᠡᠴᠡ ᠢᠷᠡᠭ᠌ᠰᠡᠨ ᠴᠤᠬ ᠵᠤᠯᠪᠤᠭᠠᠳᠤ ᠵᠠᠯᠠᠭᠤᠴᠤᠳ ᠶᠠᠭ ᠯᠡ ᠤᠴᠢ ᠮᠡᠳᠦ ᠳᠦᠷᠡᠯᠵᠡᠨ ᠨᠣᠴᠣᠵᠤ᠂ ᠤᠮᠠᠷᠠᠲᠤ᠎ᠶ᠋ᠢᠨ ᠰᠥᠨᠢ᠎ᠶ᠋ᠢᠨ ᠣᠭ᠍ᠲᠠᠷᠭᠤᠢ᠎ᠶ᠋ᠢ ᠵᠦᠰᠦᠨ᠂ ᠲᠡᠦᠬᠡ᠎ᠶ᠋ᠢᠨ ᠱᠢᠨ᠎ᠡ ᠡᠷᠢᠨ᠎ᠦ ᠲᠤᠮᠤ ᠬᠠᠭᠠᠯᠭ᠎ᠠ᠎ᠶ᠋ᠢ ᠨᠡᠭᠡᠭᠡᠵᠡᠢ᠃

ᠲᠦᠮᠡᠳ ᠵᠡᠭᠦᠨ ᠬᠣᠱᠢᠭᠤ ᠵᠢ ᠥᠪᠥᠷ ᠮᠣᠩᠭᠣᠯ᠎ᠤᠨ ᠬᠤᠪᠢᠰᠭᠠᠯ᠎ᠤᠨ ᠭᠤᠯᠤᠮᠳᠠ ᠣᠷᠣᠨ᠂ ᠬᠤᠪᠢᠰᠬᠠᠯ᠎ᠤᠨ ᠥᠯᠥᠭᠡᠢ ᠬᠡᠮᠡᠳᠡᠭ᠃ ᠡᠨᠳᠡᠬᠢ ᠬᠤᠪᠢᠰᠭᠠᠯ᠎ᠤᠨ ᠦᠯᠢᠭᠡᠷ᠎ᠢ ᠶᠠᠷᠢᠭᠠᠳ ᠪᠠᠷᠠᠰᠢ ᠦᠭᠡᠢ᠂ ᠬᠤᠪᠢᠰᠭᠠᠯ᠎ᠤᠨ ᠳᠤᠷᠠᠰᠭᠠᠯᠲᠤ ᠵᠦᠢᠯ᠎ᠢ ᠲᠣᠭᠠᠯᠠᠭᠠᠳ ᠪᠠᠷᠠᠰᠢ ᠦᠭᠡᠢ᠃ ᠬᠡᠷᠪᠡ ᠲᠡᠳᠡ ᠦᠭᠡ ᠬᠡᠯᠡᠵᠦ᠍ ᠴᠢᠳᠠᠳᠠᠭ ᠪᠣᠯ ᠯᠠᠪᠲᠠᠢ ᠴᠢᠮ᠎ᠠ᠎ᠳᠤ ᠶᠠᠮᠠᠷ ᠬᠦᠴᠢᠷ ᠪᠡᠷᠬᠡᠱᠢᠶᠡᠯ ᠲᠤᠯᠭᠠᠷᠠᠭ᠍ᠰᠠᠨ ᠴᠤ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠣᠯ ᠳᠠᠷᠤᠢ ᠠᠷᠠᠳ ᠲᠦᠮᠡᠨ᠎ᠳᠦ ᠵᠣᠯ ᠵᠢᠷᠭᠠᠯ ᠣᠯᠭᠣᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠶᠠᠪᠤᠳᠠᠯ ᠪᠣᠯᠤᠨ᠎ᠠ ᠭᠡᠵᠦ ᠬᠡᠯᠡᠵᠦ᠍ ᠥᠭ᠌ᠭᠦ ᠶᠤᠮ᠃

ᠬᠤᠪᠢᠰᠭᠠᠯ᠎ᠤᠨ ᠵᠢᠭᠤᠯᠴᠢᠯᠠᠯ᠎ᠤᠨ ᠥᠷᠨᠢᠬᠦ᠌᠎ᠶ᠋ᠢ ᠳᠠᠭᠠᠯᠳᠤᠨ ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯ ᠨᠢ ᠴᠦ᠍ ᠱᠢᠨ᠎ᠡ 《ᠢᠯᠡᠳᠭᠡᠬᠦ》ᠠᠷᠭ᠎ᠠ ᠮᠠᠶᠢᠭ᠎ᠢ ᠡᠷᠢᠵᠦ᠍ ᠣᠯᠪᠠ᠃

ᠲᠦᠮᠡᠳ ᠵᠡᠭᠦᠨ ᠬᠣᠱᠢᠭᠤᠨ᠎ᠤ ᠲᠡᠦᠬᠡ᠎ᠶ᠋ᠢᠨ ᠳᠤᠷᠠᠰᠭᠠᠯᠲᠤ ᠵᠦᠢᠯ᠎ᠢ ᠬᠠᠮᠠᠭᠠᠯᠠᠬᠤ ᠲᠥᠪ᠎ᠦᠨ ᠡᠷᠬᠢᠯᠡᠭ᠌ᠴᠢ ᠠᠯᠲᠠ᠄ 《ᠲᠦᠮᠡᠳ ᠵᠡᠭᠦᠨ ᠬᠣᠱᠢᠭᠤᠨ᠎ᠤ ᠬᠤᠪᠢᠰᠭᠠᠯ᠎ᠤᠨ ᠳᠤᠷᠠᠰᠭᠠᠯᠲᠤ ᠵᠦᠢᠯ ᠨᠡᠯᠢᠶᠡᠳ ᠤᠯᠠᠨ᠂ ᠲᠠᠨᠭᠰᠠᠨ᠎ᠳᠤ ᠲᠡᠮᠳᠡᠭ᠌ᠯᠡᠭ᠌ᠳᠡᠭ᠌ᠰᠡᠨ ᠬᠤᠪᠢᠰᠭᠠᠯ᠎ᠤᠨ ᠪᠠᠭᠤᠷᠢ 17 ᠪᠤᠢ᠂ ᠬᠤᠪᠢᠰᠬᠠᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯ ᠨᠢᠭᠡᠪᠦᠷᠢ ᠨᠢ ᠴᠥᠮ ᠣᠨᠴᠠ ᠲᠣᠭ᠍ᠲᠠᠭ᠍ᠰᠠᠨ ᠲᠡᠦᠬᠡ᠎ᠶ᠋ᠢᠨ ᠠᠬᠤᠢ ᠪᠠᠢᠳᠠᠯ ᠪᠣᠯᠤᠨ ᠡᠯᠪᠡᠭ ᠪᠠᠶᠠᠯᠢᠭ ᠬᠤᠪᠢᠰᠭᠠᠯ᠎ᠤᠨ ᠳᠤᠷᠠᠳᠭᠠᠯ᠎ᠲᠠᠶ᠂ ᠲᠡᠳᠡ ᠪᠣᠯ ᠠᠮᠢᠵᠢᠷᠠᠯ᠎ᠤᠨ ᠬᠦᠴᠦᠨ᠎ᠲᠡᠶ ᠶᠤᠮ᠂ ᠪᠢᠳᠡ ᠡᠩ ᠲᠡᠷᠢᠭᠦᠨ᠎ᠳᠦ ᠲᠡᠳᠡᠨ᠎ᠢ ᠰᠠᠢᠲᠤᠷ ᠬᠠᠮᠠᠭᠠᠯᠠᠵᠤ᠂ ᠲᠠᠷᠠᠭ᠎ᠠ ᠨᠢ ᠳᠡᠯᠭᠡᠨ ᠦᠵᠡᠭᠦᠯᠵᠦ᠍᠂ ᠰᠠᠢᠲᠤᠷ ᠠᠱᠢᠭ᠍ᠯᠠᠬᠤ ᠬᠡᠷᠡᠭ᠌ᠲᠡᠢ》 ᠭᠡᠪᠡ᠃

ᠣᠢᠯᠠᠭᠠᠭ᠍ᠰᠠᠨ᠎ᠢᠶᠠᠷ᠂ ᠤᠢ᠍ᠢᠷ᠎ᠠ᠎ᠶ᠋ᠢᠨ ᠵᠢᠯ᠎ᠳᠦ ᠬᠥᠬᠡᠬᠣᠲᠠ 7000 ᠭᠠᠷᠤᠢ ᠲᠦᠮᠡᠨ ᠲᠥᠭᠥᠷᠢᠭ᠎ᠦᠨ ᠲᠤᠰᠭᠠᠢ ᠪᠡᠯᠡ ᠮᠥᠩᠭᠥ᠌ ᠭᠠᠷᠭᠠᠨ ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯ᠎ᠢ ᠬᠠᠮᠠᠭᠠᠯᠠᠬᠤ᠎ᠳᠤ ᠬᠡᠷᠡᠭ᠌ᠯᠡᠵᠦ᠍᠂ ᠤᠯᠠᠭᠠᠨᠬᠦᠦ᠍᠎ᠶ᠋ᠢᠨ ᠬᠠᠭᠤᠴᠢᠨ ᠰᠠᠭᠤᠴᠠ ᠵᠡᠷᠭᠡ ᠰᠡᠯᠪᠢᠨ ᠵᠠᠰᠠᠬᠤ ᠢᠨᠵᠧᠨᠧᠷᠢᠩ᠎ᠢ ᠵᠠᠯᠭᠠᠭ᠎ᠠ᠎ᠪᠠᠷ ᠪᠡᠶᠡᠯᠡᠭᠦᠯᠵᠦ᠍᠂ ᠦᠷᠡᠭ᠌ᠳᠡᠭ᠌ᠰᠡᠨ ᠪᠠᠭᠠᠲᠤᠷ ᠵᠢᠷᠭᠠᠯ᠎ᠤᠨ ᠬᠠᠭᠤᠴᠢᠨ ᠰᠠᠭᠤᠴᠠ᠂ ᠦᠷᠡᠭ᠌ᠳᠡᠭ᠌ᠰᠡᠨ ᠪᠠᠭᠠᠲᠤᠷ ᠳ᠋ᠦᠸᠸ ᠰᠦᠩ ᠨᠢᠶᠠᠨ᠎ᠤ ᠬᠠᠭᠤᠴᠢᠨ ᠰᠠᠭᠤᠴᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 1 ᠳ᠋ᠤᠭᠡᠷ ᠠᠯᠪᠠᠨ ᠠᠰᠠᠷ᠂ ᠰᠦᠢᠶᠤᠸᠠᠨ᠎ᠤ ᠶᠠᠫᠣᠨ᠎ᠢ ᠡᠰᠡᠷᠭᠦᠴᠡᠵᠦ᠍ ᠤᠯᠤᠰ᠎ᠢᠶᠠᠨ ᠠᠪᠤᠷᠠᠬᠤ ᠬᠤᠷᠠᠯ ᠵᠡᠷᠭᠡ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠭᠣᠣᠯᠳᠠᠯᠭ᠎ᠠ᠎ᠲᠠᠶ ᠲᠡᠦᠬᠡ᠎ᠶ᠋ᠢᠨ ᠳᠤᠷᠠᠰᠭᠠᠯᠲᠤ ᠵᠦᠢᠯ᠎ᠦᠨ ᠬᠠᠮᠠᠭᠠᠯᠠᠯᠲᠠ᠎ᠶ᠋ᠢᠨ ᠨᠢᠭᠡᠴᠢ᠎ᠶ᠋ᠢ ᠰᠡᠯᠪᠢᠨ ᠵᠠᠰᠠᠵᠤ ᠪᠡᠬᠢᠯᠡᠨ᠂ 92 ᠲᠡᠦᠬᠡ᠎ᠶ᠋ᠢᠨ ᠳᠤᠷᠠᠰᠭᠠᠯᠲᠤ ᠵᠦᠢᠯ᠎ᠢ ᠬᠠᠮᠠᠭᠠᠯᠠᠬᠤ ᠬᠥᠱᠢᠢ᠎ᠡ ᠪᠤᠰᠭᠠᠵᠠᠢ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠢᠶᠤᠸᠠᠨ᠎ᠤ ᠠᠵᠢᠯ᠎ᠤᠨ ᠬᠣᠷᠢᠢ᠎ᠠ᠎ᠶ᠋ᠢᠨ ᠬᠠᠭᠤᠴᠢᠨ ᠪᠠᠭᠤᠷᠢ》 ᠵᠢ ᠭᠣᠣᠯᠳᠠᠯᠭ᠎ᠠ᠎ᠲᠠᠶ ᠬᠠᠮᠠᠭᠠᠯᠠᠵᠤ᠂ ᠲᠡᠦᠬᠡ᠎ᠶ᠋ᠢᠨ ᠳᠤᠷᠠᠰᠭᠠᠯᠲᠤ ᠵᠦᠢᠯ᠎ᠦᠨ ᠬᠠᠮᠠᠭᠠᠯᠠᠯᠲᠠ᠎ᠶ᠋ᠢᠨ ᠬᠥᠱᠢᠢ᠎ᠡ ᠪᠣᠯᠤᠨ ᠲᠡᠦᠬᠡ᠎ᠶ᠋ᠢᠨ ᠳᠤᠷᠠᠰᠭᠠᠯᠲᠤ ᠵᠦᠢᠯ᠎ᠦᠨ ᠲᠣᠳᠣᠷᠬᠠᠢᠯᠠᠯᠲᠠ᠎ᠶ᠋ᠢᠨ ᠫᠠᠢᠰᠠ᠎ᠶ᠋ᠢ ᠲᠠᠬᠢᠨ ᠪᠤᠰᠭᠠᠪᠠ᠃

ᠪᠠᠭᠠᠲᠤᠷ ᠡᠵᠢ᠎ᠶ᠋ᠢᠨ ᠠᠭᠤᠤ ᠶᠡᠬᠡ ᠰᠡᠳᠭᠢᠯ

10 ᠰᠠᠷ᠎ᠠ᠎ᠶ᠋ᠢᠨ 20 ᠎ᠤ᠋ ᠣᠷᠣᠶ᠂ ᠪᠤᠭᠤᠲᠤ ᠬᠣᠲᠠ᠎ᠶ᠋ᠢᠨ ᠲᠦᠮᠡᠳ ᠪᠠᠷᠠᠭᠤᠨ ᠬᠣᠱᠢᠭᠤᠨ᠎ᠤ ᠤᠯᠠᠭᠠᠨᠮᠥ᠋ᠴᠢᠷ᠎ᠦᠨ ᠵᠤᠬᠢᠶᠠᠨ ᠨᠠᠢᠷᠠᠭᠤᠯᠤᠭᠰᠠᠨ ᠡᠯ ᠷᠧᠨ᠎ᠲᠡᠶ ᠵᠦᠴᠦᠭᠡ 《ᠸᠠᠩ ᠨᠠᠰᠤᠲᠠᠨ》 ᠢ᠋ ᠴᠡᠯᠡᠭᠡᠷ ᠲᠠᠯ᠎ᠠ᠎ᠶ᠋ᠢᠨ ᠺᠢᠨᠣ᠋ ᠵᠦᠴᠦᠭᠡ᠎ᠶ᠋ᠢᠨ ᠲᠢᠶᠠᠲ᠋ᠷ᠎ᠲᠤ ᠲᠣᠭ᠍ᠯᠠᠪᠠ᠃

ᠭᠣᠣᠯ ᠲᠣᠭ᠍ᠯᠠᠭ᠍ᠴᠢ ᠯᠢᠦ ᠼᠠᠢ ᠹᠸᠩ᠄《ᠦᠵᠡᠭ᠌ᠴᠢᠳ᠎ᠦᠨ ᠳᠤᠮᠳᠠ ᠮᠠᠰᠢ ᠤᠯᠠᠨ ᠬᠡᠦᠬᠡᠳ ᠪᠤᠢ᠂ ᠡᠨᠡ ᠨᠢ ᠪᠢᠳᠡᠨ᠎ᠢ ᠮᠠᠰᠢ ᠪᠠᠶᠠᠷᠯᠠᠭᠤᠯᠤᠯ᠎ᠠ᠂ ᠬᠤᠪᠢᠰᠭᠠᠯ᠎ᠤᠨ ᠵᠣᠷᠢᠭ ᠰᠠᠨᠠᠭ᠎ᠠ ᠦᠶ᠎ᠡ᠎ᠶ᠋ᠢᠨ ᠦᠶ᠎ᠡ᠎ᠳᠦ ᠤᠯᠠᠮᠵᠢᠯᠠᠭᠳᠠᠬᠤ ᠨᠢ ᠯᠠᠪᠲᠠᠢ᠃ 11 ᠰᠠᠷ᠎ᠠ᠎ᠶ᠋ᠢᠨ 1 ᠎ᠤ᠋ ᠡᠳᠦᠷ᠂ ᠪᠢᠳᠡ ᠪᠡᠭᠡᠵᠢᠩ᠎ᠳᠦ ᠬᠦᠷᠴᠦ᠍ ᠠᠷᠠᠳ᠎ᠲᠤ ᠠᠱᠢᠭ ᠬᠦᠷᠲᠡᠭᠡᠬᠦ᠌ ᠬᠣᠶᠠᠷ ᠲᠠᠯᠠᠪᠤᠷ ᠲᠣᠭ᠍ᠯᠠᠯᠲᠠ ᠭᠠᠷᠭᠠᠵᠤ᠂〈ᠬᠤᠪᠢᠰᠭᠠᠯᠲᠤ ᠡᠵᠢ〉 ᠶ᠋ᠢᠨ ᠪᠠᠭᠠᠲᠤᠷᠯᠢᠭ ᠦᠶ᠋ᠯᠡ ᠠᠵᠢᠯᠯᠠᠭ᠎ᠠ᠎ᠶ᠋ᠢ ᠨᠠᠩ ᠠᠯᠤᠰ ᠬᠣᠯᠠ ᠨᠠᠩ ᠥᠷᠭᠡᠨ ᠳᠡᠯᠭᠡᠷᠡᠭᠦᠯᠬᠦ᠌᠎ᠶ᠋ᠢ ᠬᠦᠰᠡᠵᠦ᠍ ᠪᠠᠢᠨ᠎ᠠ》 ᠭᠡᠪᠡ᠃

ᠲᠦᠮᠡᠳ ᠪᠠᠷᠠᠭᠤᠨ ᠬᠣᠱᠢᠭᠤᠨ᠎ᠳᠤ 《ᠸᠠᠩ ᠨᠠᠰᠤᠲᠠᠨ》ᠤᠯᠤᠰ᠎ᠤᠨ ᠬᠦᠴᠢᠷᠳᠡᠯ᠎ᠳᠤ ᠥᠪᠡᠷ᠎ᠤᠨ ᠬᠦᠷᠦᠨᠭᠭᠡ᠎ᠪᠠᠨ ᠵᠤᠷᠢᠭᠤᠯᠤᠭᠰᠠᠨ ᠬᠤᠪᠢᠰᠭᠠᠯ᠎ᠤᠨ ᠦᠯᠢᠭᠡᠷ᠎ᠢ ᠬᠥᠮᠦᠨ ᠪᠦᠬᠦᠨ ᠮᠡᠳᠡᠨ᠎ᠡ᠃

《 ᠸᠠᠩ ᠨᠠᠰᠤᠲᠠᠨ 》 ᠎ᠤ᠋ ᠤᠤᠯ ᠨᠡᠷ᠎ᠡ ᠨᠢ ᠴᠢᠶᠣᠤ ᠫᠸᠢ ᠯᠢᠩ᠂ ᠡᠷ᠎ᠡ ᠨᠥᠬᠥᠷ ᠨᠢ ᠸᠠᠩ ᠵᠢᠶᠠᠨ ᠶᠧ ᠭᠡᠳᠡᠭ᠃ ᠸᠠᠩ ᠣᠪᠣᠭ᠍ᠲᠤ᠎ᠶ᠋ᠢᠨ ᠬᠢᠨ ᠤᠤᠯ ᠨᠢ ᠲᠤᠬᠠᠶ᠎ᠶ᠋ᠢᠨ ᠭᠠᠵᠠᠷ᠎ᠤᠨ ᠨᠢᠭᠡ ᠪᠠᠶᠠᠨ ᠠᠢᠯ ᠪᠠᠢᠵᠠᠶ᠃ ᠶᠠᠫᠣᠨ ᠴᠡᠷᠢᠭ ᠰᠠᠭᠠᠯᠢᠴᠢᠨ ᠱᠢᠶᠠᠨ᠎ᠳᠤ ᠲᠦᠷᠢᠮᠡᠬᠡᠢᠯᠡᠨ ᠤᠷᠤᠭ᠍ᠰᠠᠨ᠎ᠤ ᠳᠠᠷᠠᠭ᠎ᠠ ᠠᠯᠠᠵᠤ ᠬᠢᠳᠤᠨ ᠪᠤᠯᠢᠶᠠᠨ ᠳᠡᠭᠡᠷᠡᠮᠳᠡᠵᠦ᠍᠂ ᠠᠷᠠᠳ ᠢᠷᠭᠡᠳ ᠠᠮᠢᠳᠤᠷᠠᠬᠤ᠎ᠶ᠋ᠢᠨ ᠠᠷᠭ᠎ᠠ ᠦᠭᠡᠶ ᠪᠣᠯᠵᠠᠶ᠃ ᠤᠯᠤᠰ ᠣᠷᠣᠨ ᠠᠶᠤᠯ ᠲᠦᠭ᠌ᠰᠢᠭᠦᠷᠢ᠎ᠳᠦ ᠲᠤᠯᠭᠠᠷᠠᠭ᠍ᠰᠠᠨ ᠦᠶ᠎ᠡ᠎ᠳᠦ ᠴᠢᠶᠣᠤ ᠫᠸᠢ ᠯᠢᠩ᠎ᠦᠨ ᠭᠤᠷᠪᠠᠨ ᠬᠦᠦ ᠨᠢ ᠤᠷᠢᠳ ᠬᠣᠵᠢᠳ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠵᠤ᠂ ᠶᠠᠫᠣᠨ᠎ᠢ ᠡᠰᠡᠷᠭᠦᠴᠡᠨ ᠤᠯᠤᠰ᠎ᠢᠶᠠᠨ ᠠᠪᠤᠷᠠᠵᠤ ᠡᠬᠢᠯᠡᠪᠡ᠃

ᠶᠡᠬᠡ ᠬᠦᠦ ᠨᠢ ᠪᠡᠶ᠎ᠡ ᠦᠷᠡᠭ᠌ᠳᠡᠭ᠌ᠰᠡᠨ᠎ᠦ ᠳᠠᠷᠠᠭ᠎ᠠ ᠴᠢᠶᠣᠤ ᠫᠸᠢ ᠯᠢᠩ ᠄ 《 ᠤᠯᠤᠰ ᠭᠡᠷ᠎ᠤᠨ ᠦᠰᠢᠶ᠎ᠡ ᠬᠣᠷᠣᠰᠤᠯ ᠠᠯᠢ ᠬᠡᠳᠦᠢᠨ ᠨᠠᠮ᠎ᠠ ᠵᠢ ᠰᠡᠳᠭᠢᠯ ᠱᠢᠭᠤᠳᠤᠭᠤᠯᠵᠠᠢ᠂ ᠬᠦᠦ᠍᠎ᠶ᠋ᠢᠨ ᠬᠢᠵᠦ᠍ ᠪᠠᠷᠠᠬᠤ ᠦᠭᠡᠢ ᠶᠠᠪᠤᠳᠠᠯ᠎ᠳᠤ ᠪᠠᠰᠠ ᠣᠮᠪᠣᠯᠣ ᠪᠤᠢ᠂ ᠲᠡᠳᠡᠨ᠎ᠢᠶᠡᠷ ᠦᠷᠭᠦᠯᠵᠢᠯᠡᠨ ᠬᠢᠯᠭᠡᠨ᠎ᠡ》 ᠭᠡᠵᠡᠢ᠃ ᠢᠩᠭᠢᠭᠡᠳ ᠴᠢᠶᠣᠤ ᠫᠸᠢ ᠯᠢᠩ ᠪᠦᠬᠦ᠌ ᠭᠡᠷ᠎ᠦᠨ ᠬᠥᠮᠦᠰ᠎ᠢᠶᠡᠨ ᠳᠠᠭᠠᠭᠤᠯᠤᠨ ᠦᠷᠭᠦᠯᠵᠢᠯᠡᠨ ᠪᠠᠢᠯᠳᠤᠪᠠ᠃

ᠬᠠᠭᠤᠴᠢᠨ ᠰᠠᠭᠤᠴᠠ᠎ᠳᠤ ᠨᠢᠭᠡ ᠵᠤᠭᠤᠷᠢ ᠪᠠᠢᠳᠠᠭ᠂ ᠲᠠᠢᠯᠪᠤᠷᠢᠯᠠᠭ᠍ᠴᠢ ᠸᠠᠩ ᠱᠢᠨ ᠄ 《 ᠡᠨᠡ ᠵᠤᠭᠤᠷᠢ ᠪᠣᠯ ᠲᠠᠯᠠᠨ ᠬᠠᠷ᠎ᠠ ᠠᠭᠤᠯᠠᠨ᠎ᠳᠤ ᠨᠡᠪᠲᠡᠷᠡᠬᠦ᠌ ᠨᠢᠭᠤᠴᠠ ᠵᠠᠮ ᠪᠣᠯᠤᠨ᠎ᠠ᠂ ᠴᠢᠶᠣᠤ ᠫᠸᠢ ᠯᠢᠩ᠎ᠦᠨ ᠬᠢᠨ ᠡᠨᠡ ᠬᠦ᠌ ᠵᠤᠭᠤᠷᠢ᠎ᠪᠠᠷ ᠲᠠᠮᠵᠢᠨ ᠬᠠᠮᠤᠭ᠎ᠤᠨ ᠱᠢᠨ᠎ᠡ ᠮᠡᠳᠡᠭᠡ ᠪᠣᠯᠤᠨ ᠡᠳ᠋ ᠪᠣᠳᠠᠰ᠎ᠢ ᠰᠠᠭᠤᠷᠢᠨ ᠭᠠᠵᠠᠷ᠎ᠲᠤ ᠵᠥᠭᠡᠭᠡᠪᠦᠷᠢᠯᠡᠨ ᠠᠪᠠᠴᠢᠳᠠᠭ ᠪᠠᠢᠬᠰᠠᠨ ᠶᠤᠮ》 ᠭᠡᠵᠦ ᠬᠡᠯᠡᠪᠡ᠃

《 ᠸᠠᠩ ᠨᠠᠰᠤᠲᠠᠨ 》 ᠎ᠤ᠋ ᠬᠠᠭᠤᠴᠢᠨ ᠰᠠᠭᠤᠴᠠ᠎ᠨᠢ ᠣᠲᠣ ᠨᠢᠭᠡᠨᠲᠡ ᠲᠤᠬᠠᠶ᠎ᠶ᠋ᠢᠨ ᠭᠠᠵᠠᠷ᠎ᠤᠨ ᠬᠤᠪᠢᠰᠭᠠᠯ᠎ᠤᠨ ᠬᠥᠮᠦᠵᠢᠯ᠎ᠦᠨ ᠰᠠᠭᠤᠷᠢᠨ ᠭᠠᠵᠠᠷ ᠪᠣᠯᠵᠣ᠂ ᠵᠢᠯ ᠪᠦᠷᠢ ᠴᠥᠭᠡᠨ ᠪᠤᠰᠤ ᠬᠥᠮᠦᠰ ᠨᠡᠷ᠎ᠡ ᠠᠯᠳᠠᠷ᠎ᠢ ᠨᠢ ᠪᠢᠰᠢᠷᠡᠨ ᠢᠷᠡᠵᠦ᠂《ᠬᠤᠪᠢᠰᠭᠠᠯᠲᠤ ᠡᠵᠢ》 ᠎ᠶ᠋ᠢ ᠳᠤᠷᠠᠰᠤᠨ ᠰᠠᠨᠠᠭᠠᠯᠵᠠᠵᠤ᠂ ᠬᠤᠪᠢᠰᠭᠠᠯ᠎ᠤᠨ ᠳᠤᠷᠠᠰᠤᠮᠵᠢ᠎ᠪᠠᠨ ᠰᠡᠷᠬᠦᠭᠡᠵᠦ ᠪᠠᠢᠨ᠎ᠠ᠃

ᠥᠩᠭᠡᠷᠡᠭ᠌ᠰᠡᠨ᠎ᠢᠶᠡᠨ ᠡᠷᠭᠢᠴᠡᠭᠦᠯᠬᠦᠶ᠎ᠡ᠂ ᠬᠤᠪᠢᠰᠭᠠᠯ᠎ᠤᠨ ᠤᠳᠤᠮᠰᠢᠯ ᠨᠢᠭᠡᠨᠲᠡ ᠲᠦᠮᠡᠳ᠎ᠦᠨ ᠲᠠᠯ᠎ᠠ᠎ᠶ᠋ᠢᠨ ᠦᠩ ᠱᠢᠮᠡᠯᠢᠭ ᠬᠥᠷᠥᠰᠥᠨ᠎ᠳᠦ ᠭᠦᠨ ᠦᠨᠳᠦᠰᠦᠯᠡᠵᠦ᠍᠂ ᠬᠤᠪᠢᠰᠭᠠᠯ᠎ᠤᠨ ᠴᠡᠴᠡᠭ ᠴᠦ᠍ ᠤᠮᠠᠷᠠᠲᠤ᠎ᠶ᠋ᠢᠨ ᠡᠬᠡ ᠭᠠᠵᠠᠷ᠎ᠲᠤ ᠳᠡᠯᠭᠡᠷᠡᠪᠡ᠃ ᠣᠳᠣᠬᠠᠨ᠎ᠳᠤ᠂ ᠪᠥᠬᠥ᠌ ᠣᠷᠣᠨ᠎ᠳᠤ ᠨᠡᠢᠲᠡ 89 ᠬᠤᠪᠢᠰᠭᠠᠯ᠎ᠤᠨ ᠬᠥᠮᠦᠵᠢᠯ᠎ᠦᠨ ᠰᠠᠭᠤᠷᠢᠨ ᠲᠠᠶ ᠪᠠᠢᠵᠤ᠂ ᠪᠦᠬᠦᠨ᠎ᠢ ᠨᠡᠢᠭᠡᠮ ᠨᠡᠢᠲᠡ᠎ᠳᠦ ᠰᠦᠶ᠋ᠳᠭᠡᠯ ᠬᠤᠷᠢᠶᠠᠬᠤ ᠥᠬᠡᠶ᠎ᠪᠡᠷ ᠨᠡᠭᠡᠭᠡᠵᠦ᠍᠂ ᠵᠢᠯ ᠪᠦᠷᠢ ᠲᠣᠭ᠎ᠠ ᠲᠣᠮᠰᠢ ᠥᠬᠡᠶ ᠨᠠᠮ᠎ᠤᠨ ᠭᠡᠱᠢᠭᠦᠨ ᠺᠠᠳ᠋ᠷ᠂ ᠪᠠᠭᠠᠴᠤᠳ ᠬᠡᠦᠬᠡᠳ᠂ ᠬᠣᠲᠠ᠎ᠶ᠋ᠢᠨ ᠠᠷᠠᠳ ᠵᠢᠭᠤᠯᠴᠢᠯᠠᠭᠰᠡᠳ ᠡᠨᠳᠡ ᠬᠤᠪᠢᠰᠭᠠᠯ᠎ᠤᠨ ᠲᠡᠦᠬᠡ᠎ᠶ᠋ᠢ ᠮᠥᠷᠳᠡᠵᠦ᠍᠂ ᠬᠡᠷᠡᠯ ᠰᠠᠴᠤᠷᠠᠩᠭᠤᠶ ᠬᠣᠷᠣᠮ᠎ᠢ ᠤᠬᠠᠵᠤ᠂ ᠤᠷᠤᠭ᠍ᠰᠢᠯᠠᠬᠤ ᠬᠦᠴᠦᠨ᠎ᠢ ᠱᠢᠩᠭᠡᠭᠡᠨ ᠠᠪᠴᠤ᠌ ᠪᠤᠢ᠃

ᠬᠤᠪᠢᠰᠭᠠᠯ᠎ᠤᠨ ᠬᠥᠮᠦᠵᠢᠯ ᠴᠠᠭ ᠦᠶ᠎ᠡ᠎ᠶ᠋ᠢᠨ ᠬᠦᠴᠦᠷᠬᠡᠭ ᠳᠠᠭᠤᠨ᠎ᠢ ᠦᠷᠭᠦᠯᠵᠢᠯᠡᠨ ᠪᠢᠴᠢᠭ᠌ᠯᠡᠨ᠎ᠡ

ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶ᠋ᠢᠨ ᠵᠢᠭᠠᠨ ᠰᠤᠳᠤᠯᠬᠤ ᠬᠡᠯᠲᠡᠰ᠎ᠦᠨ ᠡᠷᠬᠢᠯᠡᠭ᠌ᠴᠢ ᠰᠦᠨ ᠵᠢᠶ᠍ᠸ᠄ 《 ᠱᠢᠨ᠎ᠡ ᠴᠠᠭ ᠦᠶ᠎ᠡ᠎ᠳᠦ ᠬᠤᠪᠢᠰᠭᠠᠯ᠎ᠤᠨ ᠬᠥᠮᠦᠵᠢᠯ᠎ᠦᠨ ᠰᠠᠭᠤᠷᠢᠨ᠎ᠤ ᠬᠢᠨ ᠦᠢᠯᠡᠳᠦᠯ᠎ᠢᠶᠡᠨ ᠨᠡᠩ ᠰᠠᠢᠲᠤᠷ ᠪᠠᠳᠠᠷᠠᠭᠤᠯᠬᠤ ᠭᠡᠪᠡᠯ ᠡᠷᠬᠡᠪᠰᠢ ᠵᠥᠪ ᠣᠨᠣᠪᠴᠢᠲᠠᠢ ᠰᠤᠷᠭᠠᠭᠤᠯᠢ ᠡᠷᠬᠢᠯᠡᠬᠦ᠌ ᠴᠢᠭ᠌ᠯᠡᠯ᠎ᠢ ᠪᠠᠷᠢᠮᠲᠠᠯᠠᠵᠤ᠂ ᠺᠠᠳ᠋ᠷ᠎ᠤᠨ ᠨᠠᠮᠴᠢ ᠴᠢᠨᠠᠷ᠎ᠤᠨ ᠬᠥᠮᠦᠵᠢᠯ᠎ᠦᠨ ᠰᠠᠭᠤᠷᠢᠨ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠠᠭᠤᠷᠢᠨ ᠪᠣᠯᠭᠠᠬᠤ ᠬᠡᠷᠡᠭ᠌ᠲᠡᠢ》 ᠭᠡᠵᠦ ᠬᠡᠯᠡᠪᠡ᠃

ᠶᠠᠭ ᠡᠢᠮᠦᠷᠬᠦᠦ ᠣᠢᠯᠠᠭᠠᠭ᠍ᠳᠠᠬᠤᠨ᠎ᠳᠤ ᠰᠠᠭᠤᠷᠢᠯᠠᠨ ᠪᠥᠬᠥ᠌ ᠣᠷᠣᠨ᠎ᠤ ᠡᠯ᠎ᠡ ᠭᠠᠵᠠᠷ᠎ᠲᠤ《ᠬᠤᠪᠢᠰᠬᠠᠯ + ᠪᠤᠬᠢᠷᠲᠤᠯ ᠦᠭᠡᠢ》᠂ 《ᠬᠤᠪᠢᠰᠬᠠᠯ + ᠬᠥᠳᠡᠭᠡ ᠲᠣᠰᠭᠣᠨ 》᠂《ᠬᠤᠪᠢᠰᠬᠠᠯ + ᠰᠤᠳᠤᠯᠤᠨ ᠰᠤᠷᠤᠯᠴᠠᠬᠤ 》 ᠂ 《 ᠬᠤᠪᠢᠰᠬᠠᠯ + ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ》ᠵᠡᠷᠭᠡ ᠵᠢᠭᠤᠯᠴᠢᠯᠠᠯ᠎ᠤᠨ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠲᠠᠰᠤᠷᠠᠯᠲᠠ ᠥᠬᠡᠶ ᠢᠯᠡᠷᠡᠵᠦ᠍᠂ ᠵᠢᠭᠤᠯᠴᠢᠯᠠᠭᠰᠡᠳ ᠪᠢᠱᠢᠷᠡᠨ ᠬᠦᠨᠳᠦᠳᠭᠡᠨ ᠢᠷᠡᠵᠦ᠂ ᠤᠯᠤᠯᠲᠠ ᠶᠡᠬᠡᠲᠡᠢ ᠪᠤᠴᠠᠵᠠᠭᠠᠳᠠᠭ᠃

ᠣᠷᠣᠨ᠎ᠤ ᠲᠥᠪ᠎ᠢᠶᠡᠷ ᠵᠢᠱ᠌ᠢᠶᠡᠯᠡᠪᠡᠯ᠂ ᠤᠢ᠍ᠢᠷ᠎ᠠ᠎ᠶ᠋ᠢᠨ ᠵᠢᠯ᠎ᠳᠦ ᠬᠥᠬᠡᠬᠣᠲᠠ ᠬᠤᠪᠢᠰᠭᠠᠯ᠎ᠤᠨ ᠳᠤᠷᠠᠰᠭᠠᠯᠲᠤ ᠵᠦᠢᠯ᠎ᠦᠨ ᠲᠠᠯᠠᠪᠤᠷ᠎ᠲᠤ ᠲᠦᠱᠢᠭ᠌ᠯᠡᠨ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠰᠠᠭᠤᠷᠢᠨ᠎ᠢ ᠨᠡᠢ᠌ᠳᠡ 31 ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ ᠦᠢᠯᠡᠳᠦᠯᠭᠡ᠎ᠶ᠋ᠢᠨ ᠰᠠᠭᠤᠷᠢᠨ᠎ᠢ 19 ᠪᠠᠢᠭᠤᠯᠪᠠ;《ᠳᠠᠯᠠᠨ ᠬᠠᠷ᠎ᠠ ᠠᠭᠤᠯᠠ᠎ᠶ᠋ᠢᠨ ᠬᠤᠪᠢᠰᠭᠠᠯ᠎ᠤᠨ ᠲᠡᠦᠬᠡ》 ᠵᠡᠷᠭᠡ ᠭᠤᠤᠯ ᠰᠡᠳᠦᠪᠲᠦ ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯ᠎ᠦᠨ ᠦᠵᠡᠭᠦᠯᠭᠡ᠎ᠶ᠋ᠢ 26 ᠵᠣᠬᠢᠶᠠᠨ ᠪᠠᠢᠭᠤᠯᠵᠤ᠂ ᠲᠣᠭᠣᠷᠢᠨ ᠦᠵᠡᠭ᠌ᠰᠡᠨ ᠵᠢᠭᠤᠯᠴᠢᠯᠠᠭᠰᠠᠳ 53 ᠲᠦᠮᠡᠨ ᠬᠥᠮᠦᠨ ᠤᠳᠠᠭ᠎ᠠ᠎ᠳᠤ ᠬᠦᠷᠴᠡᠶ᠃

ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠪᠠᠷ ᠡᠬᠢ ᠰᠤᠷᠪᠤᠯᠵᠢ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠴᠠᠳᠢᠭ᠎ᠢ ᠪᠠᠳᠠᠷᠠᠭᠤᠯᠵᠤ᠂ ᠬᠤᠪᠢᠰᠭᠠᠯ᠎ᠤᠨ ᠡᠬᠢ ᠪᠠᠶᠠᠯᠢᠭ᠎ᠢ ᠰᠠᠢᠲᠤᠷ ᠠᠱᠢᠭ᠍ᠯᠠᠵᠤ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢᠨ ᠤᠬᠠᠭᠤᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠤᠯᠤᠰ᠎ᠢᠶᠠᠨ ᠬᠠᠢᠷᠠᠯᠠᠬᠤ ᠦᠵᠡᠯ᠂ ᠨᠡᠢᠲᠡᠴᠢ ᠦᠵᠡᠯ᠂ ᠨᠡᠢᠭᠡᠮ ᠵᠢᠷᠤᠮ᠎ᠤᠨ ᠬᠥᠮᠦᠵᠢᠯ᠎ᠢ ᠭᠦᠨᠵᠡᠭᠡᠢᠷᠡᠭᠦᠯᠵᠦ᠍᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠶᠡᠬᠡ ᠡᠭᠦᠷᠭᠡ᠎ᠶ᠋ᠢ ᠡᠭᠦᠷᠭᠡᠯᠡᠬᠦ᠌ ᠴᠠᠭ ᠦᠶ᠎ᠡ᠎ᠶ᠋ᠢᠨ ᠱᠢᠨ᠎ᠡ ᠬᠥᠮᠦᠨ᠎ᠢ ᠬᠦᠴᠦᠯᠡᠨ ᠬᠥᠮᠦᠵᠢᠭᠦᠯᠬᠦ᠌ ᠬᠡᠷᠡᠭ᠌ᠲᠡᠢ ᠭᠡᠵᠦ᠍ ᠳᠤᠷᠠᠳᠴᠠᠢ᠃

ᠠᠯᠲᠠᠨ ᠨᠠᠮᠤᠷ᠎ᠤᠨ ᠠᠷᠪᠠᠨ ᠰᠠᠷ᠎ᠠ᠎ᠳᠤ᠂ ᠥᠪᠥᠷ ᠮᠣᠩᠭᠣᠯ᠎ᠤᠨ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ ᠪᠣᠯᠤᠨ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠲᠢᠩᠬᠢᠮ《ᠦᠵᠡᠰᠭᠦᠯᠡᠩᠲᠦ ᠰᠠᠢᠬᠠᠨ ᠤᠮᠠᠷᠠᠲᠤ ᠬᠢᠯᠢ·ᠲᠠᠯ᠎ᠠ ᠨᠤᠲᠤᠭ᠎ᠤᠨ ᠬᠤᠪᠢᠰᠭᠠᠯᠳᠦ ᠬᠥᠪᠡᠭᠦᠳ᠎ᠤᠨ ᠬᠤᠪᠢᠰᠭᠠᠯ᠎ᠤᠨ ᠰᠤᠳᠤᠯᠤᠨ ᠰᠤᠷᠤᠯᠴᠠᠬᠤ ᠵᠠᠮ ᠱᠤᠭᠤᠮ 》᠂ 《 ᠦᠵᠡᠰᠭᠦᠯᠡᠩᠲᠦ ᠰᠠᠢᠬᠠᠨ ᠤᠮᠠᠷᠠᠲᠤ ᠬᠢᠯᠢ·ᠬᠤᠪᠢᠰᠭᠠᠯᠲᠤ ᠲᠡᠢᠨ᠎ᠦ ᠬᠤᠪᠢᠰᠭᠠᠯ᠎ᠤᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠵᠠᠮ ᠱᠤᠭᠤᠮ》᠂ 《ᠦᠵᠡᠰᠭᠦᠯᠡᠩᠲᠦ ᠰᠠᠢᠬᠠᠨ ᠤᠮᠠᠷᠠᠲᠤ ᠬᠢᠯᠢ·ᠪᠣᠭᠣᠮᠲᠠ᠎ᠶ᠋ᠢᠨ ᠭᠠᠳᠠᠨᠠᠬᠢ ᠶᠠᠫᠣᠨ᠎ᠢ ᠡᠰᠡᠷᠭᠦᠴᠡᠬᠦ᠌ ᠲᠡᠢᠨ᠎ᠦ ᠬᠤᠪᠢᠰᠭᠠᠯ᠎ᠤᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠵᠠᠮ ᠱᠤᠭᠤᠮ 》 ᠵᠡᠷᠭᠡ 10 ᠵᠤᠷᠪᠤᠰ ᠬᠤᠪᠢᠰᠭᠠᠯ᠎ᠤᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠰᠣᠳᠣᠨ ᠵᠠᠮ ᠱᠤᠭᠤᠮ ᠭᠠᠷᠭᠠᠪᠠ᠃ ᠡᠭᠦᠨ᠎ᠳᠦ 《ᠦᠵᠡᠰᠭᠦᠯᠡᠩᠲᠦ ᠰᠠᠢᠬᠠᠨ ᠤᠮᠠᠷᠠᠲᠤ ᠬᠢᠯᠢ·ᠲᠠᠯ᠎ᠠ ᠨᠤᠲᠤᠭ᠎ᠤᠨ ᠬᠤᠪᠢᠰᠭᠠᠯ᠎ᠤᠨ ᠬᠥᠪᠡᠭᠦᠳ᠎ᠤᠨ ᠬᠤᠪᠢᠰᠭᠠᠯ᠎ᠤᠨ ᠰᠤᠳᠤᠯᠤᠨ ᠰᠤᠷᠤᠯᠴᠠᠬᠤ ᠵᠠᠮ ᠱᠤᠭᠤᠮ 》 ᠨᠢ ᠤᠯᠠᠭᠠᠨᠬᠦᠦ᠍᠎ᠪᠡᠷ ᠲᠥᠯᠥᠭᠡᠯᠡᠭᠦᠯᠦᠭ᠌ᠰᠡᠨ ᠠᠬᠠᠮᠠᠳ ᠨᠢᠭᠡ ᠦᠶ᠎ᠡ᠎ᠶ᠋ᠢᠨ ᠦᠭᠡᠢᠭᠦᠦ ᠠᠩᠬᠢ᠎ᠶ᠋ᠢᠨ ᠬᠤᠪᠢᠰᠭᠠᠯᠴᠢᠳ᠎ᠤᠨ ᠦᠨᠡᠨ ᠶᠣᠰᠣ᠎ᠶ᠋ᠢ ᠡᠷᠢᠯᠬᠢᠯᠡᠵᠦ᠍᠂ ᠬᠤᠪᠢᠰᠭᠠᠯ᠎ᠳᠤ ᠣᠷᠣᠯᠴᠠᠭ᠍ᠰᠠᠨ ᠨᠢᠭᠡ ᠨᠠᠰᠤᠨ᠎ᠤ ᠦᠢᠯᠡ ᠠᠵᠢᠯᠯᠠᠭ᠎ᠠ᠎ᠶ᠋ᠢ ᠣᠢᠯᠠᠭᠠᠵᠤ ᠪᠣᠯᠤᠨ᠎ᠠ; ᠪᠠᠰᠠ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠰᠠᠭᠤᠷᠢᠨ ᠭᠠᠵᠠᠷ᠎ᠤᠨ ᠦᠵᠡᠭᠦᠯᠭᠡ᠎ᠶ᠋ᠢᠨ ᠣᠷᠳᠣᠨ ᠪᠣᠯᠤᠨ ᠳᠠᠯᠠᠨ ᠬᠠᠷ᠎ᠠ ᠠᠭᠤᠯᠠ᠎ᠶ᠋ᠢᠨ ᠪᠠᠭᠠᠲᠤᠷᠴᠤᠳ᠎ᠤᠨ ᠳᠤᠷᠠᠰᠭᠠᠯ᠎ᠤᠨ ᠬᠥᠱᠢᠶ᠎ᠡ᠎ᠶ᠋ᠢ ᠲᠣᠭᠣᠷᠢᠨ ᠦᠵᠡᠵᠦ᠍᠂ ᠶᠠᠫᠣᠨ᠎ᠢ ᠡᠰᠡᠷᠭᠦᠴᠡᠬᠦ᠌ ᠳᠠᠢᠨ᠎ᠦ ᠦᠶ᠎ᠡ᠎ᠶ᠋ᠢᠨ ᠳᠠᠯᠠᠨ ᠬᠠᠷ᠎ᠠ ᠠᠭᠤᠯᠠ᠎ᠶ᠋ᠢᠨ ᠣᠷᠣᠨ᠎ᠤ ᠴᠡᠷᠢᠭ ᠠᠷᠠᠳ᠎ᠤᠨ ᠪᠦᠯᠬᠦᠮᠳᠡᠨ ᠶᠠᠫᠣᠨ᠎ᠢ ᠡᠰᠡᠷᠭᠦᠴᠡᠭ᠌ᠰᠡᠨ ᠳᠠᠢᠨ ᠢᠯᠠᠯᠲᠠ ᠣᠯᠤᠭ᠍ᠰᠠᠨ ᠣᠨ ᠰᠠᠷ᠎ᠠ᠎ᠶ᠋ᠢ ᠡᠷᠭᠢᠴᠡᠭᠦᠯᠵᠦ᠍ ᠪᠣᠯᠤᠨ᠎ᠠ᠃

10 ᠵᠤᠷᠪᠤᠰ ᠵᠠᠮ ᠱᠤᠭᠤᠮ ᠨᠢ ᠪᠦᠬᠦ᠌ ᠣᠷᠣᠨ᠎ᠳᠤ ᠲᠦᠭᠡᠵᠦ᠍᠂ ᠬᠤᠪᠢᠰᠬᠠᠯᠲᠤ ᠤᠯᠠᠮᠵᠢᠯᠠᠯ᠎ᠢ ᠦᠷᠭᠦᠯᠵᠢᠯᠡᠨ ᠵᠠᠯᠭᠠᠮᠵᠢᠯᠠᠵᠦ᠂ ᠬᠤᠪᠢᠰᠭᠠᠯ᠎ᠤᠨ ᠭᠸᠠ᠎ᠢ ᠵᠠᠯᠭᠠᠮᠵᠢᠯᠠᠵᠤ᠂ ᠬᠤᠪᠢᠰᠭᠠᠯ᠎ᠤᠨ ᠡᠬᠢ ᠪᠠᠶᠠᠯᠢᠭ᠎ᠢ ᠰᠠᠢᠲᠤᠷ ᠠᠱᠢᠭ᠍ᠯᠠᠬᠤ᠎ᠳᠤ ᠱᠢᠨ᠎ᠡ ᠦᠢᠯᠡᠳᠦᠯᠭᠡ ᠪᠤᠯᠬᠤ ᠨᠢ ᠯᠠᠪᠲᠠᠢ᠃

ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯ ᠪᠣᠯ ᠬᠤᠪᠢᠰᠭᠠᠯ᠎ᠤᠨ ᠰᠣᠶᠣᠯ᠎ᠤᠨ《ᠭᠡᠷᠡᠴᠢᠯᠡᠭ᠌ᠴᠢ 》 ᠮᠥᠨ᠂ ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯ᠎ᠢ ᠰᠠᠢᠲᠤᠷ ᠠᠱᠢᠭ᠍ᠯᠠᠵᠤ᠂ ᠬᠤᠪᠢᠰᠭᠠᠯ᠎ᠤᠨ ᠰᠤᠷᠭᠠᠨ ᠬᠥᠮᠦᠵᠢᠯ᠎ᠦᠨ ᠱᠢᠨ᠎ᠡ ᠠᠷᠭ᠎ᠠ ᠵᠠᠮ᠎ᠢ ᠨᠡᠭᠡᠭᠡᠵᠦ᠍᠂ ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯ᠎ᠦᠨ《ᠶᠠᠷᠢᠭ᠍ᠰᠠᠨ》ᠦᠯᠢᠭᠡᠷ᠎ᠢ ᠰᠣᠨᠣᠰᠤᠨ᠎ᠠ᠃ ᠲᠡᠦᠬᠡ᠎ᠶ᠋ᠢᠨ ᠴᠤᠤᠷᠢᠶ᠎ᠠ ᠪᠣᠯᠤᠨ ᠱᠢᠨ᠎ᠡ ᠴᠠᠭ ᠦᠶ᠎ᠡ ᠬᠠᠮᠲᠤ᠎ᠶ᠋ᠢᠨ ᠴᠤᠤᠷᠢᠶ᠎ᠠ ᠡᠭᠦᠰᠭᠡᠵᠦ᠍᠂ ᠬᠤᠪᠢᠰᠭᠠᠯ᠎ᠤᠨ ᠵᠣᠷᠢᠭ ᠰᠠᠨᠠᠭ᠎ᠠ ᠯᠠᠪᠲᠠᠢ ᠦᠶ᠎ᠡ᠎ᠶ᠋ᠢᠨ ᠦᠶ᠎ᠡ᠎ᠳᠦ ᠤᠯᠠᠮᠵᠢᠯᠠᠭ᠍ᠳᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面