ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2023-11-22 10:19:41

ᠵᠣᠬᠢᠶᠠᠭ᠍ᠴᠢ᠄ ᠠᠢ ᠪᠸᠢ ᠵᠢᠶᠠᠩ ᠣᠩᠱᠢᠭ᠍ᠰᠠᠨ ᠣᠳᠠᠭ᠎ᠠ᠄ 3

ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ᠂ ᠶᠡᠷᠦᠩᠬᠡᠶ ᠱᠦᠵᠢ ᠰᠢ ᠵᠢᠨ ᠫᠢᠩ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠢ ᠲᠥᠷᠥ᠎ᠶ᠋ᠢ ᠵᠠᠰᠠᠵᠤ ᠵᠠᠰᠠᠭ᠎ᠢ ᠡᠷᠭᠢᠯᠡᠬᠦ᠌ ᠴᠢᠬᠤᠯᠠ ᠪᠠᠢᠷᠢᠨ᠎ᠳᠤ ᠲᠠᠯᠪᠢᠵᠤ ᠂ ᠱᠢᠨ᠎ᠡ ᠴᠠᠭ ᠦᠶ᠎ᠡ᠎ᠶ᠋ᠢᠨ ᠰᠣᠶᠣᠯ᠎ᠤᠨ ᠪᠠᠢᠭᠤᠯᠤᠯᠲᠠ᠎ᠶ᠋ᠢᠨ ᠲᠣᠭᠣᠷᠢᠨ᠎ᠳᠤ ᠠᠯᠢ ᠣᠯᠠᠨ ᠱᠢᠨ᠎ᠡ ᠦᠵᠡᠯ ᠰᠠᠨᠠᠭ᠎ᠠ ᠱᠢᠨ᠎ᠡ ᠦᠵᠡᠯᠲᠡ ᠱᠢᠨ᠎ᠡ ᠨᠤᠲᠠᠯᠠᠯᠲᠠ᠎ᠶ᠋ᠢ ᠳᠤᠷᠠᠳᠴᠤ᠌᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠵᠢᠨ ᠰᠣᠶᠣᠯ᠎ᠤᠨ ᠬᠠᠭᠤᠳᠠᠰᠤ᠎ᠶ᠋ᠢ ᠪᠦᠳᠦᠬᠡᠵᠥ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠪᠦᠷᠢᠯᠳᠦᠭᠦᠯᠵᠦ᠍᠂ ᠱᠢᠨ᠎ᠡ ᠴᠠᠭ ᠦᠶ᠎ᠡ ᠱᠢᠨ᠎ᠡ ᠠᠶᠠᠨ ᠤ᠋ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠢ ᠰᠠᠢᠲᠤᠷ ᠬᠢᠵᠦ᠂ ᠰᠣᠶᠣᠯ᠎ᠤᠨ ᠱᠢᠨ᠎ᠡ ᠡᠭᠦᠷᠭᠡ᠎ᠶ᠋ᠢ ᠡᠭᠦᠷᠭᠡᠯᠡᠬᠦ᠌᠎ᠳᠦ ᠬᠦᠴᠦᠷᠬᠡᠭ ᠶᠡᠬᠡ ᠦᠵᠡᠯ ᠰᠠᠨᠠᠭᠠᠨ᠎ᠤ ᠵᠡᠪᠰᠡᠭ ᠪᠠ ᠱᠢᠨᠵᠢᠯᠡᠬᠦ᠌ ᠤᠬᠠᠭᠠᠨᠴᠢ ᠠᠵᠢᠯᠯᠠᠭᠠᠨ᠎ᠤ ᠵᠦᠭ᠌ᠯᠡᠭᠦᠷ ᠬᠠᠩᠭᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠪᠠᠷ ᠶᠡᠷᠦᠩᠬᠡᠢᠯᠡᠨ ᠵᠢᠯᠤᠭᠤᠳᠤᠭᠤᠯᠵᠤ᠂ ᠲᠡᠦᠬᠡ᠎ᠶ᠋ᠢᠨ ᠱᠢᠨ᠎ᠡ ᠭᠠᠷᠤᠭ᠎ᠠ᠎ᠲᠡᠭᠡᠷ᠎ᠡ ᠡᠴᠡ ᠰᠣᠶᠣᠯ᠎ᠤᠨ ᠴᠡᠴᠡᠭ᠌ᠯᠡᠯ ᠬᠥᠭ᠌ᠵᠢᠯ᠎ᠢ ᠦᠷᠭᠦᠯᠵᠢᠯᠡᠨ ᠠᠬᠢᠭᠤᠯᠬᠤ᠂ ᠰᠣᠶᠣᠯ᠎ᠤᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠤᠳᠤ ᠦᠶ᠎ᠡ᠎ᠶ᠋ᠢᠨ ᠪᠣᠯᠪᠠᠰᠤᠨ᠎ᠢ ᠪᠠᠢᠭᠤᠯᠬᠤ ᠡᠨᠡ ᠬᠦ᠌ ᠰᠣᠶᠣᠯ᠎ᠤᠨ ᠱᠢᠨ᠎ᠡ ᠡᠭᠦᠷᠭᠡ᠎ᠶ᠋ᠢᠨ ᠲᠣᠭᠣᠷᠢᠨ᠎ᠳᠤ᠂ ᠰᠣᠶᠣᠯ᠎ᠤᠨ ᠳᠠᠯ᠎ᠠ ᠪᠡᠷ ᠦᠪᠡᠷ᠎ᠢ ᠪᠠᠨ ᠢᠳᠡᠬᠡᠬᠦ ᠥᠪᠡᠷ᠎ᠢ᠎ᠪᠡᠨ ᠬᠦᠴᠦᠷᠬᠡᠭ᠌ᠵᠢᠭᠦᠯᠬᠦ᠌᠎ᠶ᠋ᠢ ᠪᠠᠲᠤᠳᠭᠠᠵᠤ᠂ ᠰᠣᠶᠣᠯ᠎ᠤᠨ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠡᠵᠡᠮᠳᠡᠵᠦ᠍᠂ ᠪᠣᠳᠠᠲᠤ ᠪᠠᠢᠳᠠᠯ᠎ᠲᠠᠶ᠎ᠪᠠᠨ ᠨᠢᠭ᠍ᠲᠠ ᠤᠶᠠᠯᠳᠤᠭᠤᠯᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠲᠦᠷᠦᠯ ᠲᠡᠮᠳᠡᠭ᠎ᠢ ᠡᠭᠦᠳᠴᠦ᠍ ᠂ ᠳᠤᠮᠳᠠᠳᠤ᠎ᠶ᠋ᠢᠨ ᠦᠨᠳᠦᠰᠦᠲᠡᠨ᠎ᠦ ᠤᠳᠤ ᠦᠶ᠎ᠡ᠎ᠶ᠋ᠢᠨ ᠪᠣᠯᠪᠠᠰᠤᠨ᠎ᠤ ᠥᠪᠥᠷ ᠮᠣᠩᠭᠣᠯ᠎ᠤᠨ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ ᠭᠡᠵᠦ᠍ ᠳᠤᠷᠠᠳᠪᠠ᠃

ᠤᠮᠠᠷᠠᠲᠤ ᠬᠢᠯᠢ᠎ᠶ᠋ᠢᠨ ᠰᠣᠶᠣᠯ ᠎ᠤᠨ ᠪᠠᠢᠭᠤᠯᠤᠯᠲᠠ᠎ᠶ᠋ᠢ ᠠᠬᠢᠭᠤᠯᠵᠥ᠂ ᠰᠤᠳᠤᠯᠤᠨ ᠲᠠᠢᠯᠪᠤᠷᠢᠯᠠᠬᠤ᠎ᠶ᠋ᠢ ᠭᠦᠨᠵᠡᠭᠡᠢᠷᠡᠭᠦᠯᠬᠦ ᠳ᠋ᠤ᠌᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠪᠠᠷ ᠦᠨᠳᠦᠰᠦᠨ ᠵᠢᠷᠤᠮᠯᠠᠯ ᠪᠠ ᠵᠢᠯᠤᠭᠤᠳᠤᠯᠭ᠎ᠠ ᠪᠣᠯᠭᠠᠵᠥ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠪᠠᠲᠤ ᠡᠵᠡᠮᠳᠡᠵᠥ᠂ ᠥᠪᠥᠷ ᠮᠣᠩᠭᠣᠯ ᠎ᠤᠨ ᠡᠬᠡ ᠭᠠᠵᠠᠷ ᠳᠡᠭᠡᠷᠡᠬᠢ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ ᠪᠠ ᠪᠣᠳᠠᠲᠤ ᠪᠠᠢᠳᠠᠯ᠎ᠢ ᠭᠦᠨᠵᠡᠭᠡᠶ ᠠᠵᠢᠭ᠍ᠯᠠᠵᠥ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠢᠯᠠᠭᠠᠭ᠍ᠳᠠᠬᠤᠨ᠎ᠤ ᠪᠠᠶᠠᠯᠢᠭ ᠠᠭᠤᠯᠤᠭ᠍ᠳᠠᠬᠤᠨ᠎ᠢ ᠭᠦᠶ᠋ᠴᠡᠳ ᠠᠭᠤᠳᠠᠯᠵᠥ᠂ ᠮᠣᠩᠭᠣᠯ ᠮᠤᠷᠢᠨ᠎ᠤ ᠵᠣᠷᠢᠭ ᠰᠠᠨᠠᠭ᠎ᠠ ᠪᠣᠯᠤᠨ 《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠭᠦᠨᠵᠡᠭᠡᠢ ᠰᠤᠳᠤᠯᠤᠨ ᠲᠠᠢᠯᠪᠤᠷᠢᠯᠠᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌ ᠦᠢᠯᠡᠳᠦᠯᠭᠡ᠎ᠶ᠋ᠢᠨ ᠳᠤᠮᠳᠠ᠎ᠠᠴᠠ ᠤᠶᠤᠨ ᠰᠠᠨᠠᠭᠠᠨ᠎ᠤ ᠱᠢᠮ᠎ᠡ ᠲᠡᠵᠢᠭᠡᠯ ᠬᠦᠷᠳᠡᠵᠥ᠂ ᠱᠢᠨ᠎ᠡ ᠵᠠᠮ᠎ᠢ ᠨᠡᠭᠡᠭᠡᠬᠦ᠂ ᠳᠤᠮᠳᠠ ᠲᠦᠪᠰᠢᠨ ᠳ᠋ᠤ ᠳᠠᠪᠰᠢᠨ ᠤᠷᠤᠬᠤ ᠬᠠᠷᠠᠯᠲᠠ ᠡᠭᠦᠷᠭᠡ ᠪᠡᠷ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠥ᠂ ᠰᠣᠶᠣᠯ᠎ᠤᠨ ᠪᠠᠢᠭᠤᠯᠤᠯᠲᠠ᠎ᠶ᠋ᠢᠨ ᠶᠡᠬᠡ ᠳᠡᠭᠡᠭ᠌ᠰᠢᠯᠡᠯᠲᠡ᠎ᠪᠡᠷ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠶᠡᠬᠡ ᠦᠰᠦᠷᠦᠯᠲᠡ᠎ᠶ᠋ᠢ ᠲᠤᠯᠭᠠᠭᠤᠷᠢᠯᠠᠬᠤ ᠬᠡᠷᠡᠭ᠌ᠲᠡᠶ᠃

ᠨᠢᠭᠡ ᠂ ᠤᠮᠠᠷᠠᠲᠤ ᠬᠢᠯᠢ᠎ᠶ᠋ᠢᠨ ᠰᠣᠶᠣᠯ᠎ᠢ ᠳᠤᠷᠠᠳᠤᠬᠰᠠᠨ ᠵᠢᠴᠢ ᠠᠭᠤᠯᠤᠭ᠍ᠳᠠᠬᠤᠨ

ᠮᠠᠨ᠎ᠤ ᠤᠯᠤᠰ ᠪᠣᠯ ᠨᠢᠭᠡᠳᠦᠭ᠌ᠰᠡᠨ ᠣᠯᠠᠨ ᠦᠨᠳᠦᠰᠦᠲᠡᠨ᠎ᠲᠡᠶ ᠤᠯᠤᠰ ᠮᠥᠨ᠂ ᠳᠤᠮᠳᠠᠳᠤ᠎ᠶ᠋ᠢᠨ ᠦᠨᠳᠦᠰᠦᠲᠡᠨ᠎ᠦ ᠣᠯᠠᠨ ᠡᠱᠢᠲᠦ ᠨᠢᠭᠡ ᠴᠣᠭ᠍ᠴᠠ ᠪᠣᠯ ᠮᠠᠨ᠎ᠤ ᠤᠯᠤᠰ᠎ᠤᠨ ᠨᠢᠭᠡᠨ ᠢᠯᠡᠷᠬᠡᠶ ᠣᠨᠴᠠᠯᠢᠭ ᠮᠥᠨ᠃ ᠳᠤᠮᠳᠠᠳᠤ᠎ᠶ᠋ᠢᠨ ᠡᠬᠡ ᠭᠠᠵᠠᠷ᠎ᠲᠤ ᠠᠵᠥ ᠲᠦᠷᠦᠨ ᠠᠮᠢᠳᠦᠷᠠᠵᠤ ᠪᠠᠢᠭ᠎ᠠ ᠡᠯ᠎ᠡ ᠦᠨᠳᠦᠰᠦᠲᠡᠨ ᠭᠡᠷᠡᠯ ᠰᠠᠴᠤᠷᠠᠩᠭᠤᠶ ᠳᠤᠮᠳᠠᠳᠤ᠎ᠶ᠋ᠢᠨ ᠰᠣᠶᠣᠯ᠎ᠢ ᠬᠠᠮᠲᠤ᠎ᠪᠠᠷ ᠡᠭᠦᠳᠦᠨ ᠪᠦᠲᠦᠭᠡᠭ᠌ᠰᠡᠨ ᠶᠤᠮ᠃ ᠨᠤᠲᠤᠭ ᠳᠡᠪᠢᠰᠭᠡᠷ ᠥᠷᠭᠡᠨ ᠠᠭᠤᠳᠠᠮ᠂ ᠦᠨᠳᠦᠰᠦᠲᠡᠨ ᠤᠯᠠᠨᠲᠠᠢ ᠤᠯᠤᠰ ᠪᠣᠯᠤᠭ᠍ᠰᠠᠨ᠎ᠤ ᠬᠤᠪᠢ᠎ᠳᠤ᠂ ᠬᠡᠳᠦᠨ ᠮᠢᠩᠭᠠᠨ ᠵᠢᠯ᠎ᠦᠨ ᠲᠤᠷᠰᠢ ᠮᠠᠨ᠎ᠤ ᠤᠯᠤᠰ᠎ᠤᠨ ᠠᠳᠠᠯᠢ ᠪᠤᠰᠤ ᠭᠠᠵᠠᠷ ᠣᠷᠣᠨ᠎ᠳᠤ ᠠᠳᠠᠯᠢ ᠪᠤᠰᠤ ᠲᠡᠦᠬᠡ᠂ ᠭᠠᠵᠠᠷ ᠵᠦᠢ᠂ ᠠᠷᠠᠳ᠎ᠤᠨ ᠵᠠᠩ ᠦᠢᠯᠡ᠂ ᠨᠤᠲᠤᠭ ᠤᠰᠤᠨ᠎ᠤ ᠵᠠᠩ ᠦᠢᠯᠡ ᠵᠡᠷᠭᠡ᠎ᠪᠤᠢ ᠪᠤᠯᠵᠤ᠂ ᠳᠤᠮᠳᠠᠳᠤ ᠣᠷᠣᠨ᠎ᠤ ᠰᠣᠶᠣᠯ᠂ ᠴᠢ ᠯᠦ᠍᠎ᠶ᠋ᠢᠨ ᠰᠣᠶᠣᠯ᠂ ᠭᠤᠷᠪᠠᠨ ᠵᠢᠨ᠎ᠦ ᠰᠣᠶᠣᠯ ᠂ ᠵᠢᠩ ᠴᠦ ᠵᠢᠨ ᠰᠣᠶᠣᠯ ᠵᠡᠷᠭᠡ ᠲᠤᠰ ᠲᠤᠰ᠎ᠤᠨ ᠥᠪᠡᠷᠮᠢᠴᠡ ᠣᠨᠴᠠᠯᠢᠭ᠎ᠲᠠᠶ ᠭᠠᠵᠠᠷ ᠣᠷᠣᠨ᠎ᠤ ᠰᠣᠶᠣᠯ᠎ᠢ ᠪᠦᠷᠢᠯᠳᠦᠭᠦᠯᠵᠦ᠍᠂ ᠳᠤᠮᠳᠠᠳᠤ᠎ᠶ᠋ᠢᠨ ᠰᠣᠶᠣᠯ᠎ᠤᠨ ᠪᠦᠷᠢᠯᠳᠦᠬᠦ᠌᠂ ᠤᠯᠠᠮᠵᠢᠯᠠᠭ᠍ᠳᠠᠬᠤ ᠪᠠ ᠬᠥᠭ᠌ᠵᠢᠬᠦ᠌᠎ᠳᠦ ᠴᠢᠬᠤᠯᠠ ᠠᠬᠢᠭᠤᠯᠬᠤ ᠦᠢᠯᠡᠳᠦᠯ ᠦᠵᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠵᠣᠷᠢᠭ ᠰᠠᠨᠠᠭ᠎ᠠ᠎ᠶ᠋ᠢ ᠪᠣᠢ ᠪᠤᠯᠭᠠᠨ ᠪᠠᠳᠠᠷᠠᠭᠤᠯᠬᠤ᠎ᠳᠤ ᠦᠯᠡᠮᠵᠢ ᠶᠡᠬᠡ ᠰᠣᠶᠣᠯ᠎ᠤᠨ ᠡᠬᠢ ᠪᠠᠶᠠᠯᠢᠭ᠎ᠢ ᠬᠠᠩᠭᠠᠭ᠍ᠰᠠᠨ ᠪᠠᠢᠨ᠎ᠠ᠃

(ᠨᠢᠭᠡ) ᠤᠮᠠᠷᠠᠲᠤ ᠬᠢᠯᠢ᠎ᠶ᠋ᠢᠨ ᠰᠣᠶᠣᠯ᠎ᠢ ᠳᠤᠷᠠᠳᠤᠬᠰᠠᠨ

ᠥᠪᠥᠷ ᠮᠣᠩᠭᠣᠯ ᠨᠢ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠣᠢᠲᠤ ᠣᠷᠣᠨ᠎ᠢ ᠰᠤᠨᠳᠠᠯᠠᠵᠤ᠂ ᠮᠠᠨ᠎ᠤ ᠤᠯᠤᠰ᠎ᠤᠨ ᠤᠮᠠᠷᠠᠲᠤ ᠬᠢᠯᠢ᠎ᠳᠦ ᠪᠠᠢᠷᠢᠯᠠᠵᠤ᠂ ᠡᠬᠡ ᠤᠯᠤᠰ᠎ᠤᠨ 《ᠤᠮᠠᠷᠠᠲᠤ ᠬᠠᠭᠠᠯᠭ᠎ᠠ》 ᠪᠠᠢᠵᠤ᠂ ᠡᠷᠲᠡᠨ ᠎ᠡᠴᠡ ᠠᠪᠤᠭᠠᠳ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠬᠠᠯᠠᠭᠤᠨ ᠬᠥᠷᠥᠰᠥ᠍᠂ ᠠᠳᠠᠯᠢ ᠪᠤᠰᠤ ᠰᠣᠶᠣᠯ᠎ᠤᠨ ᠮᠥᠷᠭᠥᠯᠳᠦᠯ ᠠᠭᠤᠰᠤᠯᠴᠠᠯ᠎ᠤᠨ ᠲᠠᠪᠴᠠᠩ ᠪᠣᠯᠤᠭ᠍ᠰᠠᠭᠠᠷ ᠢᠷᠡᠵᠡᠢ᠃ ᠡᠷᠲᠡᠨ᠎ᠡᠴᠡ ᠠᠪᠤᠭᠠᠳ᠂ ᠾᠦᠩᠨᠦ᠍ ᠂ ᠦᠬᠤᠸᠠᠨ᠂ ᠱᠢᠶᠡᠨᠪᠢ ᠂ ᠲᠦᠷᠺ᠂ ᠤᠢᠭᠤᠷ᠂ ᠬᠢᠳᠠᠨ᠂ ᠵᠦᠷᠴᠢᠨ᠂ ᠮᠣᠩᠭᠣᠯ ᠂ ᠬᠢᠲᠠᠳ ᠵᠡᠷᠭᠡ ᠦᠨᠳᠦᠰᠦᠳᠡᠨ ᠡᠨᠡ ᠬᠦ᠌ ᠭᠠᠵᠠᠷ ᠨᠤᠲᠤᠭ ᠳᠡᠭᠡᠷ᠎ᠡ ᠠᠵᠥ ᠲᠦᠷᠦᠨ ᠠᠮᠢᠳᠤᠷᠡᠵᠥ᠂ ᠲᠠᠰᠤᠷᠠᠯᠲᠠ ᠦᠭᠡᠢ ᠶᠠᠪᠤᠯᠴᠠᠵᠥ ᠰᠣᠯᠢᠯᠴᠠᠵᠤ ᠠᠭᠤᠰᠤᠯᠴᠠᠬᠤ ᠶᠠᠪᠤᠴᠠ᠎ᠳᠠᠭᠠᠨ ᠦᠨᠳᠦᠰᠦᠲᠡᠨ᠎ᠨᠦᠭᠦᠳ᠎ᠦᠨ ᠤᠯᠠᠨ ᠲᠦᠮᠡᠨ ᠬᠠᠮᠲᠤ᠎ᠪᠠᠷ ᠰᠠᠢ᠌ᠨ ᠰᠠᠢᠬᠠᠨ ᠭᠡᠷ ᠣᠷᠣᠨ᠎ᠢ ᠡᠭᠦᠳᠦᠨ ᠪᠦᠲᠦᠭᠡᠵᠦ᠍᠂ ᠤᠯᠠᠨ ᠵᠦᠢᠯ᠎ᠦᠨ ᠰᠣᠶᠣᠯ᠎ᠤᠨ ᠬᠡᠯᠪᠡᠷᠢ᠎ᠶ᠋ᠢ ᠬᠠᠮᠲᠤ᠎ᠪᠠᠷ ᠡᠭᠦᠳᠦᠨ ᠪᠦᠲᠦᠭᠡᠵᠦ᠍᠂ ᠡᠨᠡ ᠬᠡᠰᠡᠭ ᠭᠠᠵᠠᠷ ᠨᠤᠲᠤᠭ᠎ᠢ ᠬᠤᠪᠢᠰᠭᠠᠯ᠎ᠤᠨ ᠰᠣᠶᠣᠯ᠂ ᠲᠠᠯ᠎ᠠ ᠨᠤᠲᠤᠭ᠎ᠤᠨ ᠰᠣᠶᠣᠯ᠂ ᠲᠠᠷᠢᠶᠠᠯᠠᠬᠤ ᠰᠣᠶᠣᠯ᠂ ᠬᠠᠳᠤᠨ ᠭᠣᠣᠯ᠎ᠤᠨ ᠰᠣᠶᠣᠯ᠂ ᠤᠷᠳᠤ ᠴᠠᠭᠠᠨ ᠬᠡᠷᠡᠮ᠎ᠦᠨ ᠰᠣᠶᠣᠯ ᠵᠢᠴᠢ ᠪᠠᠷᠠᠭᠤᠨ ᠯᠢᠶᠣᠤᠾᠧ ᠭᠣᠣᠯ᠎ᠤᠨ ᠰᠣᠶᠣᠯ᠂ ᠪᠣᠷᠣᠲᠣᠬᠣᠢ᠎ᠶ᠋ᠢᠨ ᠰᠣᠶᠣᠯ ᠵᠡᠷᠭᠡ᠎ᠤᠯᠠᠨ ᠵᠦᠢᠯ᠎ᠤᠨ ᠰᠤᠶᠤᠯ ᠲᠡᠶ ᠪᠣᠯᠭᠠᠵᠠᠢ᠃ ᠡᠳᠡᠭᠡᠷ ᠲᠠᠩᠰᠤᠭ ᠪᠠᠶᠠᠯᠢᠭ ᠰᠣᠶᠣᠯ ᠨᠢ ᠴᠥᠮ ᠳᠤᠮᠳᠠᠳᠤ᠎ᠶ᠋ᠢᠨ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠃

ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠲᠤᠳᠤᠷ᠎ᠠ 《ᠤᠮᠠᠷᠠᠲᠤ ᠬᠢᠯᠢ》 ᠭᠡᠬᠦ᠌ ᠤᠬᠠᠭ᠍ᠳᠠᠬᠤᠨ᠎ᠢ ᠣᠯᠠᠨᠲᠠ ᠲᠤᠷᠠᠳᠤᠬᠰᠠᠨ ᠪᠠᠢᠨ᠎ᠠ᠂ ᠵᠢᠱ᠌ᠢᠶᠡᠯᠡᠪᠡᠯ 《ᠥᠪᠥᠷ ᠮᠣᠩᠭᠣᠯ ᠡᠬᠡ ᠤᠯᠤᠰ᠎ᠤᠨ ᠤᠮᠠᠷᠠᠲᠤ ᠬᠢᠯᠢ᠎ᠳᠦ ᠪᠠᠢᠷᠢᠯᠠᠵᠤ ᠪᠠᠢᠨ᠎ᠠ》᠂ 《ᠡᠬᠡ ᠤᠯᠤᠰ᠎ᠤᠨ ᠤᠮᠠᠷᠠᠲᠤ ᠬᠢᠯᠢ᠎ᠶ᠋ᠢᠨ ᠡᠨᠡ ᠬᠦ᠌ ᠦᠵᠡᠮᠵᠢ᠎ᠶ᠋ᠢᠨ ᠣᠷᠣᠨ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠬᠤ》᠂ 《ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠰᠢᠨ ᠲᠣᠭ᠍ᠲᠠᠭᠤᠨ᠎ᠤ ᠬᠠᠯᠬᠠᠪᠴᠢ᠎ᠶ᠋ᠢ ᠪᠥᠲᠥᠭᠡᠨ ᠪᠠᠢᠭᠤᠯᠬᠤ》᠂ 《ᠡᠬᠡ ᠤᠯᠤᠰ᠎ᠤᠨ ᠤᠮᠠᠷᠠᠲᠤ ᠬᠢᠯᠢ᠎ᠳᠦ ᠲᠦᠮᠡᠨ ᠭᠠᠵᠠᠷ᠎ᠤᠨ ᠨᠣᠮᠢᠨ ᠨᠣᠭᠣᠭᠠᠨ ᠣᠷᠳᠣ ᠴᠠᠭᠠᠨ ᠬᠡᠷᠡᠮ᠎ᠢ ᠴᠤᠬᠴᠠᠯᠠᠬᠤ》 ᠭᠡᠬᠦ᠌ ᠮᠡᠲᠦ᠍᠃ ᠡᠨᠡ ᠵᠢᠯ᠎ᠦᠨ 6 ᠰᠠᠷ᠎ᠠ᠎ᠳᠤ ᠬᠤᠷᠠᠯᠳᠤᠭ᠍ᠰᠠᠨ ᠰᠣᠶᠣᠯ᠎ᠢ ᠤᠯᠠᠮᠵᠢᠯᠠᠨ ᠬᠥᠭ᠌ᠵᠢᠭᠦᠯᠬᠦ᠌ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ᠂ ᠱᠢᠨ᠎ᠡ ᠭᠠᠷᠤᠭ᠎ᠠ ᠲᠡᠭᠡᠷ᠎ᠡ᠎ᠠᠴᠠ ᠰᠣᠶᠣᠯ᠎ᠤᠨ ᠴᠡᠴᠡᠭ᠌ᠯᠡᠯ ᠬᠥᠭ᠌ᠵᠢᠯ ᠎ᠢ ᠦᠷᠭᠦᠯᠵᠢᠯᠡᠨ ᠠᠬᠢᠭᠤᠯᠵᠤ᠂ ᠰᠣᠶᠣᠯ᠎ᠤᠨ ᠬᠦᠴᠦᠷᠬᠡᠭ ᠤᠯᠤᠰ᠎ᠢ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠤᠳᠤ ᠦᠶ᠎ᠡ᠎ᠶ᠋ᠢᠨ ᠪᠣᠯᠪᠠᠰᠤᠨ᠎ᠢ ᠪᠠᠢᠭᠤᠯᠬᠤ ᠪᠣᠯ ᠪᠢᠳᠡᠨ᠎ᠦ ᠱᠢᠨ᠎ᠡ ᠴᠠᠭ ᠦᠶ᠎ᠡ᠎ᠶ᠋ᠢᠨ ᠰᠣᠶᠣᠯ᠎ᠤᠨ ᠱᠢᠨ᠎ᠡ ᠡᠭᠦᠷᠭᠡ ᠬᠠᠷᠢᠭᠤᠴᠠᠯᠭ᠎ᠠ ᠪᠣᠯᠤᠨ᠎ᠠ᠃ ᠰᠣᠶᠣᠯ᠎ᠤᠨ ᠢᠲᠡᠭᠡᠯ᠎ᠢᠶᠡᠨ ᠪᠠᠲᠤᠳᠭᠠᠵᠤ᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠬᠦᠴᠦᠯᠡᠨ ᠴᠢᠷᠮᠠᠢᠵᠤ ᠵᠢᠳᠬᠦᠯ ᠴᠢᠷᠮᠠᠢᠯᠭ᠎ᠠ ᠭᠠᠷᠭᠠᠵᠤ᠂ ᠮᠠᠨ᠎ᠤ ᠡᠨᠡ ᠴᠠᠭ ᠦᠶ᠎ᠡ᠎ᠳᠦ ᠬᠠᠷᠢᠶᠠᠯᠠᠭ᠍ᠳᠠᠬᠤ ᠱᠢᠨ᠎ᠡ ᠰᠣᠶᠣᠯ᠎ᠢ ᠬᠠᠮᠲᠤ᠎ᠪᠠᠷ ᠡᠭᠦᠳᠴᠦ᠍᠂ ᠳᠤᠮᠳᠠᠳᠤ᠎ᠶ᠋ᠢᠨ ᠦᠨᠳᠦᠰᠦᠲᠡᠨ᠎ᠦ ᠤᠳᠤ ᠦᠶ᠎ᠡ᠎ᠶ᠋ᠢᠨ ᠪᠣᠯᠪᠠᠰᠤᠨ᠎ᠢ ᠪᠠᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠡᠨᠡ ᠵᠢᠯ᠎ᠦᠨ 10 ᠰᠠᠷ᠎ᠠ᠎ᠳᠤ ᠂ ᠶᠡᠷᠦᠩᠬᠡᠶ ᠱᠦᠵᠢ ᠰᠢ ᠵᠢᠨ ᠫᠢᠩ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠳᠤ ᠴᠢᠬᠤᠯᠠ ᠵᠢᠭᠠᠪᠤᠷᠢ ᠥᠭ᠌ᠴᠦ᠂ ᠳᠤᠮᠳᠠᠳᠤ᠎ᠶ᠋ᠢᠨ ᠰᠣᠶᠣᠯ᠎ᠤᠨ ᠦᠪ᠎ᠢ ᠵᠠᠯᠭᠠᠮᠵᠢᠯᠠᠵᠤ ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠶ ᠤᠨᠳᠤᠤᠰᠢᠭᠤᠯᠤᠯᠳᠠ ᠪᠠ ᠱᠢᠨ᠎ᠡ᠎ᠶ᠋ᠢ ᠡᠭᠦᠳᠬᠦ᠌ ᠴᠢᠨᠠᠷᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠶᠡᠷᠦᠩᠬᠡᠶ ᠱᠦᠵᠢ ᠰᠢ ᠵᠢᠨ ᠫᠢᠩ᠎ᠦᠨ ᠵᠢᠭᠠᠵᠤ ᠭᠠᠷᠭᠠᠭ᠍ᠰᠠᠨ ᠤᠷᠤᠭ᠍ᠰᠢᠯᠠᠯᠲᠠ᠎ᠶ᠋ᠢᠨ ᠴᠢᠭ᠌ᠯᠡᠯ ᠶᠣᠰᠣᠭᠠᠷ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ ᠵᠢᠨ 11 ᠲᠠᠯ᠎ᠠ᠎ᠶ᠋ᠢᠨ ᠴᠢᠬᠤᠯᠠ ᠶᠡᠬᠡ ᠱᠢᠨ᠎ᠡ᠎ᠶ᠋ᠢ ᠡᠬᠦᠳᠦᠭᠰᠡᠨ ᠦᠵᠡᠯᠲᠡ ᠪᠠ 16 ᠲᠠᠯ᠎ᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠶ ᠣᠢᠯᠠᠭᠠᠵᠤ᠂ ᠳᠤᠮᠳᠠᠳᠤ᠎ᠶ᠋ᠢᠨ ᠪᠣᠯᠪᠠᠰᠤᠨ᠎ᠤ ᠲᠣᠪᠣᠢᠮ᠎ᠠ ᠣᠨᠴᠠᠯᠢᠭ᠎ᠢ ᠭᠦᠨᠵᠡᠭᠡᠶ ᠡᠵᠡᠮᠳᠡᠵᠦ᠍᠂ 《ᠬᠣᠶᠠᠷ᠎ᠢ ᠤᠶᠠᠯᠳᠤᠭᠤᠯᠬᠤ》 ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠡᠵᠡᠮᠳᠡᠵᠦ᠍᠂ ᠰᠣᠶᠣᠯ᠎ᠤᠨ ᠱᠢᠨ᠎ᠡ ᠡᠭᠦᠷᠭᠡ᠎ᠶ᠋ᠢ ᠨᠠᠩ ᠰᠠᠢᠲᠤᠷ ᠡᠭᠦᠷᠭᠡᠯᠡᠬᠦ᠌ ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠶ ᠡᠵᠡᠮᠳᠡᠭ᠌ᠰᠡᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠥᠪᠥᠷ ᠮᠣᠩᠭᠣᠯ᠎ᠤᠨ ᠭᠦᠨ ᠵᠤᠵᠠᠭᠠᠨ ᠲᠡᠦᠬᠡ ᠰᠣᠶᠣᠯ᠎ᠤᠨ ᠡᠬᠢ ᠪᠠᠶᠠᠯᠢᠭ᠎ᠲᠤ ᠰᠠᠭᠤᠷᠢᠯᠠᠨ᠂ ᠪᠣᠳᠠᠲᠤ ᠪᠠᠢᠳᠠᠯ᠎ᠲᠠᠶ᠎ᠪᠠᠨ ᠨᠢᠭ᠍ᠲᠠ ᠤᠶᠠᠯᠳᠤᠭᠤᠯᠵᠤ᠂ ᠤᠮᠠᠷᠠᠲᠤ ᠬᠢᠯᠢ᠎ᠶ᠋ᠢᠨ ᠰᠣᠶᠣᠯ ᠭᠡᠬᠦ᠌ ᠡᠨᠡ ᠬᠦ᠌ ᠥᠪᠥᠷ ᠮᠣᠩᠭᠣᠯ᠎ᠤᠨ ᠥᠪᠡᠷᠮᠢᠴᠡ ᠣᠨᠴᠠᠯᠢᠭ᠎ᠲᠠᠶ ᠭᠠᠵᠠᠷ ᠣᠷᠣᠨ᠎ᠤ ᠰᠣᠶᠣᠯ᠎ᠤᠨ ᠲᠥᠷᠥᠯ ᠲᠡᠮᠳᠡᠭ᠎ᠢ ᠡᠭᠦᠳᠦᠨ ᠪᠠᠢᠭᠤᠯᠬᠤ᠎ᠶ᠋ᠢ ᠪᠦᠲᠦᠭᠡᠯᠴᠢ᠎ᠪᠡᠷ ᠳᠤᠷᠠᠳᠤᠨ ᠭᠠᠷᠭᠠᠬᠰᠠᠨ ᠪᠠᠢᠨ᠎ᠠ᠃

(ᠬᠣᠶᠠᠷ) ᠤᠮᠠᠷᠠᠲᠤ ᠬᠢᠯᠢ᠎ᠶ᠋ᠢᠨ ᠰᠣᠶᠣᠯ᠎ᠤᠨ ᠠᠭᠤᠯᠤᠭ᠍ᠳᠠᠬᠤᠨ

ᠤᠮᠠᠷᠠᠲᠤ ᠬᠢᠯᠢ᠎ᠶ᠋ᠢᠨ ᠰᠣᠶᠣᠯ ᠪᠣᠯ ᠳᠤᠮᠳᠠᠳᠤ᠎ᠶ᠋ᠢᠨ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠥᠪᠥᠷ ᠮᠣᠩᠭᠣᠯ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠳᠤᠮᠳᠠᠳᠤ᠎ᠶ᠋ᠢᠨ ᠦᠨᠳᠦᠰᠦᠲᠡᠨ᠎ᠦ ᠲᠤᠮᠤ ᠭᠡᠷ ᠪᠦᠯᠢ᠎ᠳᠡᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠰᠡᠳᠭᠢᠯ ᠵᠢᠷᠦᠬᠡ᠎ᠪᠡᠨ ᠬᠣᠯᠪᠣᠬᠤ᠂ ᠠᠭᠤᠤ ᠶᠡᠬᠡ ᠡᠬᠡ ᠤᠯᠤᠰ᠎ᠢᠶᠠᠨ ᠬᠠᠮᠲᠤ᠎ᠪᠠᠷ ᠪᠦᠲᠦᠭᠡᠨ ᠪᠠᠢᠭᠤᠯᠬᠤ᠂ ᠡᠬᠡ ᠤᠯᠤᠰ᠎ᠤᠨ ᠬᠢᠯᠢ ᠬᠢᠵᠠᠭᠠᠷ᠎ᠢᠶᠡᠨ ᠬᠠᠮᠲᠤ᠎ᠪᠠᠷ ᠰᠠᠬᠢᠨ ᠬᠠᠮᠠᠭᠠᠯᠠᠬᠤ᠂ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠣᠭ᠍ᠴᠠᠯᠠᠬᠤ᠂ ᠬᠤᠪᠢᠰᠭᠠᠯ᠎ᠤᠨ ᠰᠣᠶᠣᠯ ᠪᠠ ᠲᠠᠯ᠎ᠠ ᠨᠤᠲᠤᠭ᠎ᠤᠨ ᠰᠣᠶᠣᠯ᠂ ᠲᠠᠷᠢᠶᠠᠯᠠᠬᠤ ᠰᠣᠶᠣᠯ᠂ ᠬᠠᠲᠤᠨ ᠭᠣᠣᠯ᠎ᠤᠨ ᠰᠣᠶᠣᠯ᠂ ᠤᠷᠳᠤ ᠴᠠᠭᠠᠨ ᠬᠡᠷᠡᠮ᠎ᠦᠨ ᠰᠣᠶᠣᠯ ᠵᠡᠷᠭᠡ ᠵᠢ ᠠᠭᠤᠰᠤᠯᠴᠠᠭᠤᠯᠤᠨ ᠨᠢᠭᠡ ᠴᠣᠭ᠍ᠴᠠ ᠪᠤᠯᠭᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠥ᠂ ᠤᠯᠤᠰ᠎ᠢᠶᠠᠨ ᠬᠠᠢᠷᠠᠯᠠᠬᠤ ᠦᠨᠡᠨᠴᠢ ᠱᠢᠳᠤᠷᠭᠤ ᠬᠤᠪᠢ ᠨᠡᠮᠡᠷᠢ ᠦᠵᠡᠭᠦᠯᠬᠦ᠌᠎ᠪᠡᠷ ᠭᠤᠤᠯ ᠣᠢᠯᠠᠭᠠᠭ᠍ᠳᠠᠬᠤᠨ ᠪᠣᠯᠭᠠᠵᠥ᠂ ᠮᠣᠩᠭᠣᠯ ᠮᠣᠷᠢᠨ᠎ᠤ ᠵᠣᠷᠢᠭ ᠰᠠᠨᠠᠭ᠎ᠠ ᠪᠠ 《ᠤᠮᠠᠷᠠᠲᠤ᠎ᠶ᠋ᠢᠨ ᠭᠤᠷᠪᠠᠨ ᠤᠷᠤᠨ᠎ᠤ ᠵᠣᠷᠢᠭ ᠰᠠᠨᠠᠭ᠎ᠠ》 ᠎ᠶ᠋ᠢ ᠬᠠᠮᠲᠤ᠎ᠪᠠᠷ ᠪᠠᠳᠠᠷᠠᠭᠤᠯᠬᠤ᠎ᠪᠠᠷ ᠣᠶᠤᠨ ᠰᠠᠨᠠᠭᠠᠨ᠎ᠤ ᠪᠡᠯᠭᠡ ᠲᠡᠮᠳᠡᠭ ᠪᠣᠯᠭᠠᠭ᠍ᠰᠠᠨ ᠭᠠᠵᠠᠷ ᠣᠷᠣᠨ᠎ᠤ ᠰᠣᠶᠣᠯ ᠮᠦᠨ᠃

ᠤᠮᠠᠷᠠᠲᠤ ᠬᠢᠯᠢ᠎ᠶ᠋ᠢᠨ ᠰᠣᠶᠣᠯ ᠪᠣᠯ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠱᠢᠮ᠎ᠡ ᠲᠡᠵᠢᠭᠡᠯ ᠳᠤᠤᠷ᠎ᠠ᠂ ᠬᠤᠪᠢᠰᠭᠠᠯ᠎ᠤᠨ ᠰᠣᠶᠣᠯ ᠪᠠ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠤᠨ ᠰᠢᠮᠡᠵᠢᠬᠦᠯᠦᠯᠳᠡ ᠳᠤᠤᠷ᠎ᠠ ᠬᠦᠪᠦᠷᠡᠨ ᠪᠦᠷᠢᠯᠳᠦᠵᠦ᠍᠂ ᠣᠳᠣᠬᠠᠨ᠎ᠤ ᠥᠪᠥᠷ ᠮᠣᠩᠭᠣᠯ᠎ᠤᠨ ᠪᠣᠶ ᠪᠥᠬᠥᠶ ᠰᠣᠶᠣᠯ᠎ᠤᠨ ᠲᠥᠷᠥᠯ ᠵᠦᠶ᠋ᠯ᠎ᠢ ᠬᠠᠮᠤᠷᠴᠤ᠌᠂ ᠥᠪᠥᠷ ᠮᠣᠩᠭᠣᠯ᠎ᠤᠨ ᠡᠬᠡ ᠭᠠᠵᠠᠷ ᠳᠡᠭᠡᠷᠡᠬᠢ ᠡᠯ᠎ᠡ ᠵᠦᠶ᠋ᠯ᠎ᠦᠨ ᠱᠢᠯᠢᠳᠡᠭ ᠰᠣᠶᠣᠯ᠎ᠤᠨ ᠱᠢᠰᠲ᠋ᠧᠮᠲᠦ ᠬᠤᠷᠠᠮᠠᠯ ᠪᠠᠢᠵᠤ᠂ ᠨᠡᠯᠢᠶᠡᠳ ᠢᠯᠡ ᠲᠣᠳᠣ ᠭᠠᠵᠠᠷ ᠣᠷᠣᠨ᠎ᠦ ᠣᠨᠴᠠᠯᠢᠭ᠎ᠢ ᠢᠯᠡᠷᠡᠭᠦᠯᠵᠡᠶ᠃ ᠪᠣᠳᠠᠲᠠᠢ᠎ᠪᠠᠷ ᠬᠡᠯᠡᠪᠡᠯ᠂ ᠬᠡᠳᠦᠨ ᠲᠠᠯ᠎ᠠ᠎ᠶ᠋ᠢᠨ ᠦᠨᠳᠦᠰᠦᠨ ᠠᠭᠤᠯᠭ᠎ᠠ᠎ᠶ᠋ᠢ ᠪᠠᠭ᠍ᠲᠠᠭᠠᠨ᠎ᠠ᠄ ᠨᠢᠭᠡ᠎ᠳᠦ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠃ ᠡᠨᠡ ᠪᠣᠯ ᠳᠤᠮᠳᠠᠳᠤ᠎ᠶ᠋ᠢᠨ ᠦᠨᠳᠦᠰᠦᠲᠡᠨ᠎ᠦ ᠬᠥᠭ᠌ᠵᠢᠯᠲᠡ ᠳᠠᠪᠱᠢᠯᠲᠠ᠎ᠶ᠋ᠢ ᠠᠬᠢᠭᠤᠯᠬᠤ ᠰᠢᠷᠬᠢᠰᠢ ᠦᠬᠡᠢ ᠬᠥᠳᠡᠯᠭᠡᠬᠦ ᠬᠦᠴᠦᠨ ᠮᠥᠨ᠃ ᠥᠪᠥᠷ ᠮᠣᠩᠭᠣᠯ ᠣᠷᠣᠨ᠎ᠤ ᠬᠥᠭ᠌ᠵᠢᠯᠲᠡ᠎ᠶ᠋ᠢᠨ ᠲᠡᠦᠬᠡ ᠪᠣᠯ ᠲᠡᠷᠡ ᠴᠢᠭ᠎ᠢᠶᠡᠷ᠎ᠢᠶᠡᠨ ᠤᠯᠠᠨ ᠦᠨᠳᠦᠰᠦᠲᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ ᠮᠥᠨ᠂ ᠤᠯᠠᠨ ᠦᠨᠳᠦᠰᠦᠲᠡᠨ᠂ ᠶᠡᠬᠡ ᠠᠭᠤᠰᠤᠯᠴᠠᠯ᠎ᠤᠨ ᠣᠨᠴᠠᠯᠢᠭ ᠨᠢ ᠥᠪᠥᠷ ᠮᠣᠩᠭᠣᠯ᠎ᠤᠨ ᠡᠬᠡ ᠭᠠᠵᠠᠷ᠎ᠲᠤ ᠲᠤᠢᠯ᠎ᠤᠨ ᠢᠯᠡ ᠲᠣᠳᠣ ᠪᠠᠢᠳᠠᠭ᠃ ᠬᠣᠶᠠᠷ᠎ᠲᠸ᠋᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠳᠤᠷᠠᠳᠤᠭ᠍ᠰᠠᠨ ᠴᠢᠬᠤᠯᠠ ᠶᠡᠬᠡ ᠣᠢᠯᠠᠭᠠᠭ᠍ᠳᠠᠬᠤᠨ ᠪᠠᠢᠵᠤ᠂ ᠥᠪᠥᠷ ᠮᠣᠩᠭᠣᠯ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠭᠠᠷ ᠭᠠᠷ᠎ᠢᠶᠠᠨ ᠬᠣᠯᠪᠣᠨ ᠰᠡᠳᠭᠢᠯ ᠵᠢᠷᠦᠬᠡ᠎ᠪᠡᠨ ᠬᠣᠯᠪᠣᠬᠰᠠᠨ ᠱᠢᠯᠢᠳᠡᠭ ᠤᠯᠠᠮᠵᠢᠯᠠᠯ ᠪᠣᠯᠤᠨ ᠠᠮᠢᠳᠤᠯᠢᠭ ᠦᠢᠯᠡᠳᠦᠯᠭᠡ᠎ᠶ᠋ᠢ ᠤᠨᠢᠨ ᠲᠡᠭᠡᠷ᠎ᠡ ᠨᠢ ᠬᠦᠨᠵᠡᠬᠡᠢ ᠬᠤᠷᠢᠶᠠᠩᠭᠤᠢᠯᠠᠬᠰᠠᠨ ᠪᠠᠢᠨ᠎ᠠ᠃ ᠭᠤᠷᠪᠠ᠎ᠳᠤ᠂ ᠮᠣᠩᠭᠣᠯ ᠮᠤᠷᠢᠨ᠎ᠤ ᠵᠣᠷᠢᠭ ᠰᠠᠨᠠᠭ᠎ᠠ ᠪᠣᠯᠤᠨ 《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》᠃ ᠡᠨᠡ ᠨᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠳᠤᠬᠠᠢ ᠭᠦᠨ ᠰᠡᠳᠭᠢᠯᠭᠡ᠎ᠶ᠋ᠢᠨ ᠵᠣᠷᠢᠭ᠍ᠵᠢᠭᠤᠯᠤᠯ ᠪᠠᠢᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠤᠭ᠎ᠤᠨ ᠢᠯᠡ ᠲᠣᠳᠣ ᠤᠶᠤᠨ ᠰᠠᠨᠠᠭᠠᠨ᠎ᠤ ᠪᠡᠯᠭᠡ ᠲᠡᠮᠳᠡᠭ ᠪᠣᠯᠤᠨ᠎ᠠ᠃ ᠲᠦᠷᠪᠡ᠎ᠳᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ᠃ ᠡᠨᠡ ᠪᠣᠯ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ᠎ᠤᠨ 《ᠬᠥᠲᠥᠯᠪᠦᠷᠢ》 ᠪᠣᠯᠤᠨ᠎ᠠ᠂ ᠪᠢᠳᠡ ᠰᠣᠶᠣᠯ᠎ᠤᠨ ᠪᠠᠢᠭᠤᠯᠤᠯᠲᠠ᠎ᠶ᠋ᠢ ᠠᠬᠢᠭᠤᠯᠬᠤ᠎ᠳᠤ ᠢᠮᠠᠭ᠍ᠲᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠪᠡᠬᠢᠵᠢᠭᠦᠯᠬᠦ᠌᠎ᠶ᠋ᠢ ᠪᠣᠳᠣᠯᠬᠢᠯᠠᠬᠰᠠᠨ ᠪᠠᠢᠬᠤ ᠬᠡᠷᠡᠭ᠌ᠲᠡᠢ᠃

ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠠᠬᠢᠭᠤᠯᠬᠤ ᠳ᠋ᠤ᠌᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠪᠦᠷᠢᠨ ᠪᠦᠲᠦᠨ ᠵᠥᠪ ᠣᠨᠣᠪᠴᠢᠲᠠᠶ ᠦᠶ᠋ᠯᠡᠳᠦᠯᠭᠡᠵᠢᠭᠦᠯᠵᠥ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮ ᠴᠢᠨᠠᠬᠰᠢᠳᠠ ᠵᠠᠯᠭᠠᠮᠵᠢᠯᠠᠨ ᠬᠥᠭ᠌ᠵᠢᠭᠦᠯᠵᠥ᠂ ᠬᠠᠮᠤᠭ᠎ᠤᠨ ᠱᠢᠨ᠎ᠡ ᠮᠠᠷᠺᠰ᠎ᠤᠨ ᠦᠵᠡᠯ᠎ᠦᠨ ᠣᠨᠣᠯ᠎ᠤᠨ ᠦᠷ᠎ᠡ ᠪᠦᠲᠦᠭᠡᠯ᠎ᠢᠶᠡᠷ ᠰᠣᠶᠣᠯ᠎ᠤᠨ ᠠᠮᠢᠨ ᠰᠤᠳᠠᠰᠤ᠎ᠶ᠋ᠢ ᠲᠠᠰᠤᠷᠠᠯᠲᠠ ᠤᠢ᠍ᠭᠡᠢ ᠪᠠᠶᠠᠯᠢᠭ᠍ᠵᠢᠭᠤᠯᠤᠨ ᠬᠥᠭ᠌ᠵᠢᠭᠦᠯᠵᠥ᠂ ᠰᠣᠶᠣᠯ᠎ᠤᠨ ᠤᠭ ᠦᠨᠳᠦᠰᠦ᠎ᠶ᠋ᠢ ᠪᠠᠲᠤ ᠰᠠᠬᠢᠵᠤ᠂ ᠴᠠᠭ ᠦᠶ᠎ᠡ᠎ᠶ᠋ᠢᠨ ᠬᠥᠭ᠌ᠵᠢᠯᠲᠡ᠎ᠶ᠋ᠢ ᠳᠠᠭᠠᠵᠤ᠂ ᠣᠯᠠᠨ ᠡᠱᠢ ᠵᠢ ᠠᠭᠤᠰᠤᠯᠴᠠᠭᠤᠯᠤᠨ ᠨᠢᠭᠡ ᠴᠣᠭ᠍ᠴᠠᠵᠢᠭᠤᠯᠵᠥ᠂ ᠡᠷᠲᠡᠨ ᠡᠳᠦᠭᠡ᠎ᠶ᠋ᠢ ᠨᠢᠬᠡ ᠰᠤᠳᠠᠰᠤᠨ ᠳ᠋ᠤ ᠨᠢᠭᠡᠳᠭᠡᠵᠥ᠂ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠦᠨᠳᠦᠰᠦᠯᠡᠭ᠌ᠰᠡᠨ ᠱᠢᠯᠢᠳᠡᠭ ᠰᠣᠶᠣᠯ᠎ᠢ ᠱᠢᠨ᠎ᠡ ᠴᠠᠭ ᠦᠶ᠎ᠡ᠎ᠳᠦ ᠠᠮᠢᠳᠤᠯᠢᠬᠵᠢᠭᠤᠯᠵᠥ᠂ ᠦᠷᠨᠢᠩᠬᠦᠢ ᠬᠦᠭᠵᠢᠬᠦᠯᠵᠥ᠂ ᠥᠪᠥᠷ ᠮᠣᠩᠭᠣᠯ᠎ᠤᠨ ᠵᠥᠪ ᠲᠠᠯ᠎ᠠ᠎ᠶ᠋ᠢᠨ ᠳᠦᠷᠢ ᠲᠥᠷᠬᠦ᠌᠎ᠶ᠋ᠢ ᠳᠡᠭᠡᠭ᠌ᠰᠢᠯᠡᠭᠦᠯᠬᠦ᠌᠎ᠳᠦ ᠬᠦᠴᠦᠲᠡᠶ ᠲᠤᠯᠭᠠᠭᠤᠷᠢᠯᠠᠯ ᠬᠠᠩᠭᠠᠨ᠂ ᠡᠯ᠎ᠡ ᠦᠨᠳᠦᠰᠦᠲᠡᠨ ᠤ᠋ ᠠᠷᠠᠳ ᠤ᠋ᠨ ᠰᠡᠳᠭᠢᠯ᠎ᠢ ᠨᠢᠭ᠍ᠲᠠᠷᠠᠭᠤᠯᠬᠤ᠂ ᠪᠦᠯᠬᠦᠮᠳᠡᠨ ᠳᠡᠮᠡᠴᠡᠬᠦ ᠳ᠋ᠤ ᠬᠦᠴᠦᠷᠬᠡᠭ ᠶᠡᠬᠡ ᠣᠶᠤᠨ ᠰᠠᠨᠠᠭᠠᠨ᠎ᠤ ᠬᠣᠯᠪᠣᠭᠠᠰᠤ᠎ᠶ᠋ᠢ ᠪᠦᠷᠢᠯᠳᠦᠬᠦᠯᠵᠥ᠂ ᠳᠤᠮᠳᠠᠳᠤ᠎ᠶ᠋ᠢᠨ ᠦᠨᠳᠦᠰᠦᠲᠡᠨ᠎ᠦ ᠣᠲᠣ ᠦᠶ᠎ᠡ᠎ᠶ᠋ᠢᠨ ᠪᠣᠯᠪᠠᠰᠤᠨ᠎ᠢ ᠪᠠᠢᠭᠤᠯᠬᠤ᠎ᠳᠤ ᠥᠪᠥᠷ ᠮᠣᠩᠭᠣᠯ᠎ᠤᠨ ᠬᠦᠴᠦᠨ ᠴᠢᠳᠠᠯ᠎ᠢ ᠡᠷᠭᠦᠵᠥ᠂ ᠥᠪᠥᠷ ᠮᠣᠩᠭᠣᠯ᠎ᠤᠨ ᠡᠭᠦᠷᠭᠡᠯᠡᠯ᠎ᠢ ᠢᠯᠡᠷᠡᠭᠦᠯᠬᠦ ᠬᠡᠷᠡᠭᠳᠡᠢ᠃

(ᠭᠤᠷᠪᠠ) ᠵᠤᠷᠢᠭ ᠰᠠᠨᠠᠭᠠᠨ᠎ᠤ ᠰᠢᠨᠵᠢ ᠲᠡᠮᠳᠡᠭ

ᠮᠠᠨ᠎ᠤ ᠤᠯᠤᠰ᠎ᠤᠨ ᠲᠠᠪᠤᠨ ᠮᠢᠩᠭ᠎ᠠ ᠭᠠᠷᠤᠢ ᠵᠢᠯ᠎ᠦᠨ ᠪᠣᠯᠪᠠᠰᠤᠨ᠎ᠤ ᠬᠥᠭ᠌ᠵᠢᠯᠲᠡ᠎ᠶ᠋ᠢᠨ ᠳᠤᠮᠳᠠ ᠬᠦᠪᠦᠷᠡᠨ ᠪᠤᠢᠵᠢᠬᠰᠠᠨ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠨᠢ ᠳᠤᠮᠳᠠᠳᠤ᠎ᠶ᠋ᠢᠨ ᠦᠨᠳᠦᠰᠦᠲᠡᠨ᠎ᠦ ᠥᠪᠡᠷᠮᠢᠴᠡ ᠤᠨᠴᠠᠭᠠᠢ ᠵᠤᠷᠢᠭ ᠰᠠᠨᠠᠭᠠᠨ᠎ᠤ ᠰᠢᠨᠵᠢ ᠲᠡᠮᠳᠡᠭ᠎ᠢ ᠲᠦᠯᠦᠬᠡᠯᠡᠵᠤ ᠪᠤᠢ᠂ ᠲᠡᠷᠡ ᠪᠣᠯ ᠳᠤᠮᠳᠠᠳᠤ ᠶ᠋ᠢᠨ ᠦᠨᠳᠦᠰᠦᠲᠡᠨ᠎ᠦ ᠳᠡᠯᠡᠬᠡᠢ᠎ᠶ᠋ᠢᠨ ᠪᠣᠯᠪᠠᠰᠤᠨ᠎ᠤ ᠵᠢᠷᠤᠭ᠎ᠤᠨ ᠵᠢᠬᠰᠠᠯ ᠳ᠋ᠡᠬᠢ 《ᠪᠡᠶ᠎ᠡ᠎ᠶ᠋ᠢᠨ ᠦᠨᠡᠮᠯᠡᠯ》 ᠪᠠ 《ᠢᠯᠭᠠᠨ ᠲᠠᠨᠢᠬᠤ ᠺᠣᠳ᠋》 ᠮᠥᠨ᠃ ᠲᠡᠷᠡ ᠨᠢ ᠳᠤᠮᠳᠠᠳᠤ᠎ᠶ᠋ᠢᠨ ᠪᠣᠯᠪᠠᠰᠤᠨ᠎ᠤ ᠵᠤᠷᠢᠭ ᠰᠠᠨᠠᠭᠠᠨ᠎ᠤ ᠣᠨᠴᠠᠯᠢᠭ ᠱᠢᠨᠵᠢ᠎ᠶ᠋ᠢ ᠢᠯᠡ ᠲᠣᠳᠣ ᠲᠣᠰᠭᠠᠵᠥ᠍᠂ ᠳᠤᠮᠳᠠᠳᠤ᠎ᠶ᠋ᠢᠨ ᠪᠣᠯᠪᠠᠰᠤᠨ᠎ᠤ ᠵᠤᠷᠢᠭ ᠰᠠᠨᠠᠭᠠᠨ᠎ᠤ ᠳᠤᠳᠤᠭᠠᠳᠤ ᠡᠯᠸᠮᠸᠨ᠋ᠲ᠎ᠢ ᠨᠢᠭ᠍ᠲᠠᠷᠠᠭᠤᠯᠵᠤ᠂ ᠡᠷᠲᠡᠨ᠎ᠡᠴᠡ ᠡᠳᠦᠭᠡ ᠪᠣᠯᠲᠠᠯ᠎ᠠ ᠤᠯᠠᠮᠵᠢᠯᠠᠭ᠍ᠳᠠᠵᠤ ᠢᠷᠡᠭ᠌ᠰᠡᠨ ᠵᠤᠷᠢᠭ ᠰᠠᠨᠠᠭᠠᠨ᠎ᠤ ᠠᠮᠢᠨ ᠰᠤᠳᠠᠰᠤ᠎ᠶ᠋ᠢ ᠠᠬᠤᠭᠤᠯᠵᠤ᠂ ᠳᠤᠮᠳᠠᠳᠤ᠎ᠶ᠋ᠢᠨ ᠪᠣᠯᠪᠠᠰᠤᠨ᠎ᠢ ᠤᠯᠠᠮᠵᠢᠯᠠᠨ ᠬᠥᠭ᠌ᠵᠢᠭᠦᠯᠬᠦ᠌᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠲᠠᠪᠱᠢᠯᠳᠠ᠎ᠶ᠋ᠢ ᠠᠬᠢᠭᠤᠯᠬᠤ᠎ᠳᠤ ᠴᠢᠬᠤᠯᠠ ᠦᠢᠯᠡᠳᠦᠯ᠎ᠢᠶᠡᠨ ᠪᠠᠳᠠᠷᠠᠭᠤᠯᠵᠤ ᠪᠠᠢᠨ᠎ᠠ᠃

ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ᠎ᠳᠠᠭᠠᠨ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠳᠤᠷᠠᠳᠤᠭ᠍ᠰᠠᠨ ᠪᠥᠭᠡᠳ ᠡᠨᠡ ᠬᠦ᠌ ᠵᠣᠷᠢᠭ ᠰᠠᠨᠠᠭ᠎ᠠ᠎ᠳ᠋ᠤ 《ᠲᠡᠰᠪᠦᠷᠢ ᠬᠠᠳᠠᠭᠤᠵᠢᠯᠳᠠᠢ᠂ ᠴᠤᠴᠠᠯᠳᠠ ᠦᠬᠡᠢ ᠤᠷᠤᠬᠰᠢᠯᠠᠬᠤ᠂ ᠵᠤᠷᠢᠬᠰᠠᠨ ᠳ᠋ᠠᠭᠠᠨ ᠵᠠᠪᠠᠯ ᠬᠦᠷᠬᠦ》 ᠴᠠᠭ ᠦᠶ᠎ᠡ᠎ᠶ᠋ᠢᠨ ᠠᠭᠤᠯᠤᠭ᠍ᠳᠠᠬᠤᠨ᠎ᠢ ᠤᠯᠭᠤᠪᠠ᠃ ᠡᠨᠡ ᠨᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠤᠷᠳᠤ ᠬᠤᠭᠤᠴᠠᠭᠠᠨ᠎ᠤ ᠲᠤᠷᠰᠢ ᠪᠦᠷᠢᠯᠳᠦᠬᠦᠯᠦᠭ᠌ᠰᠡᠨ ᠡᠷᠬᠢᠮ ᠨᠠᠨᠳᠢᠨ ᠵᠠᠩ ᠴᠢᠨᠠᠷ᠎ᠢ ᠭᠦᠢᠴᠡᠳ ᠨᠤᠲᠠᠯᠠᠭ᠍ᠰᠠᠨ ᠶᠠᠪᠤᠳᠠᠯ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠣᠷᠣᠨ ᠳᠠᠶᠠᠭᠠᠷ᠎ᠢᠶᠠᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠭᠤᠤ ᠶᠡᠬᠡ ᠦᠢᠯᠡᠳᠦᠯᠭᠡ ᠳᠤᠮᠳᠠ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠶ᠋ᠢ ᠤᠷᠮᠠᠱᠢᠭᠤᠯᠤᠨ ᠵᠣᠷᠢᠭ᠍ᠵᠢᠭᠤᠯᠤᠭ᠍ᠰᠠᠨ ᠶᠠᠪᠤᠳᠠᠯ ᠪᠣᠯᠤᠨ᠎ᠠ᠃ ᠮᠠᠨ᠎ᠤ ᠣᠷᠣᠨ᠎ᠳᠤ ᠴᠦᠯᠯᠡᠷᠭᠡᠭ᠌ᠵᠢᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ᠎ᠶ᠋ᠢ ᠴᠢᠩᠭᠠᠳᠭᠠᠬᠤ ᠪᠠ 《ᠤᠮᠠᠷᠠᠲᠤ᠎ᠶ᠋ᠢᠨ ᠭᠤᠷᠪᠠᠨ ᠣᠷᠣᠨ》 ᠵᠡᠷᠭᠡ ᠭᠣᠣᠯᠳᠠᠯᠭ᠎ᠠ᠎ᠲᠠᠶ ᠠᠮᠢ ᠠᠬᠤᠢ᠎ᠶ᠋ᠢᠨ ᠢᠨᠵᠧᠨᠧᠷᠢᠩ᠎ᠦᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ᠂ ᠶᠡᠷᠦᠩᠬᠡᠢ ᠱᠦᠵᠢ ᠰᠢ ᠵᠢᠨ ᠫᠢᠩ ᠪᠢᠳᠡᠨ᠎ᠢ 《ᠲᠡᠰᠪᠦᠷᠢ ᠬᠠᠲᠠᠭᠤᠵᠢᠯᠲᠠᠢ ᠲᠡᠮᠡᠴᠡᠬᠦ᠂ ᠬᠠᠷᠠᠮ ᠦᠭᠡᠢ ᠵᠣᠷᠢᠭᠤᠯᠬᠤ᠂ ᠴᠤᠴᠠᠯᠳᠠ ᠦᠭᠡᠢ ᠴᠢᠷᠮᠠᠢᠬᠤ᠂ ᠴᠥᠬᠥᠷᠡᠰᠢ ᠦᠭᠡᠢ ᠵᠢᠳᠬᠦᠯ ᠴᠢᠷᠮᠠᠢᠯᠭ᠎ᠠ ᠭᠠᠷᠭᠠᠬᠤ》《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠪᠠᠳᠠᠷᠠᠭᠤᠯᠬᠤ ᠬᠡᠷᠡᠭ᠌ᠲᠡᠢ ᠭᠡᠵᠦ᠍ ᠱᠠᠭᠠᠷᠳᠠᠪᠠ᠃

ᠮᠣᠩᠭᠣᠯ ᠮᠤᠷᠢᠨ᠎ᠤ ᠵᠣᠷᠢᠭ ᠰᠠᠨᠠᠭ᠎ᠠ ᠪᠣᠯᠤᠨ 《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠨᠢ ᠠᠭᠤᠯᠤᠭ᠍ᠳᠠᠬᠤᠨ᠎ᠤ ᠲᠠᠯ᠎ᠠ᠎ᠪᠠᠷ ᠨᠢᠭᠡᠳᠦᠯᠲᠡᠢ ᠪᠠᠢᠵᠤ᠂ 《ᠳᠡᠰᠪᠦᠷᠢ ᠬᠠᠳᠠᠭᠤᠵᠢᠯᠳᠠᠢ᠂ ᠴᠤᠴᠠᠯᠳᠠ ᠦᠬᠡᠢ ᠤᠷᠤᠭ᠍ᠰᠢᠯᠠᠬᠤ》 ᠪᠣᠯᠤᠨ 《ᠲᠡᠰᠪᠦᠷᠢ ᠬᠠᠲᠠᠭᠤᠵᠢᠯᠲᠠᠢ ᠲᠡᠮᠡᠴᠡᠵᠦ᠍᠂ ᠬᠠᠷᠠᠮ ᠦᠭᠡᠢ ᠵᠣᠷᠢᠭᠤᠯᠬᠤ》 ᠨᠢ ᠪᠦᠷ ᠨᠢᠭᠡ ᠵᠦᠢᠯ᠎ᠦᠨ ᠥᠭᠡᠳᠡᠯᠡᠨ ᠲᠠᠪᠱᠢᠬᠤ᠂ ᠡᠷᠡᠮᠡᠬᠡᠢᠯᠡᠨ ᠤᠷᠤᠬᠰᠢᠯᠠᠬᠤ ᠵᠣᠷᠢᠭ ᠰᠠᠨᠠᠭᠠᠨ᠎ᠤ ᠲᠦᠷᠰᠦ ᠪᠠᠢᠳᠠᠯ᠂ 《ᠵᠣᠷᠢᠯᠭ᠎ᠠ᠎ᠳᠠᠭᠠᠨ ᠬᠦᠷᠬᠦ᠌ ᠦᠭᠡᠢ ᠪᠣᠯ ᠶᠠᠭᠠᠬᠢᠭ᠍ᠰᠠᠨ ᠴᠤ᠌ ᠵᠣᠭ᠍ᠰᠣᠬᠤ ᠦᠭᠡᠢ》 ᠪᠣᠯᠤᠨ 《ᠴᠤᠴᠠᠯᠳᠠ ᠦᠭᠡᠢ ᠴᠢᠷᠮᠠᠢᠵᠤ᠂ ᠴᠥᠬᠥᠷᠡᠰᠢ ᠦᠭᠡᠢ ᠵᠢᠳᠬᠦᠯ ᠴᠢᠷᠮᠠᠢᠯᠭ᠎ᠠ ᠭᠠᠷᠭᠠᠬᠤ》 ᠨᠢ ᠪᠦᠷ ᠨᠢᠭᠡ ᠵᠦᠢᠯ᠎ᠦᠨ ᠱᠢᠷᠭᠠᠭᠤ ᠬᠠᠲᠠᠭᠤᠵᠢᠯᠲᠠᠢ ᠲᠡᠮᠡᠴᠡᠬᠦ᠌᠂ ᠵᠣᠷᠢᠭ᠍ᠲᠠᠢ ᠪᠠᠢᠯᠳᠤᠵᠤ ᠢᠯᠠᠯᠲᠠ ᠤᠯᠬᠤ ᠡᠷᠡᠮᠡᠬᠡᠢᠯᠡᠨ ᠤᠷᠤᠭ᠍ᠰᠢᠯᠠᠬᠤ ᠲᠦᠷᠰᠦ ᠪᠠᠢᠳᠠᠯ ᠪᠣᠯᠤᠨ᠎ᠠ᠃ ᠡᠨᠡ ᠬᠣᠶᠠᠷ ᠵᠣᠷᠢᠭ ᠰᠠᠨᠠᠭ᠎ᠠ ᠨᠢ ᠴᠥᠮ ᠬᠠᠳᠠᠨ ᠵᠣᠷᠢᠭ᠂ ᠡᠷᠴᠢ ᠵᠣᠷᠢᠭ᠎ᠢ ᠴᠢᠬᠤᠯᠠᠴᠢᠯᠠᠵᠤ ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠴᠢᠰᠤ ᠮᠢᠬᠠᠨ᠎ᠳᠤ ᠭᠦᠨ ᠠᠭᠤᠰᠤᠭ᠍ᠰᠠᠨ ᠪᠠᠢᠨ᠎ᠠ᠃ ᠡᠨᠡ ᠬᠣᠶᠠᠷ ᠵᠦᠢᠯ᠎ᠦᠨ ᠵᠣᠷᠢᠭ ᠰᠠᠨᠠᠭ᠎ᠠ ᠨᠢ ᠴᠠᠭ ᠬᠤᠭᠤᠴᠠᠭ᠎ᠠ ᠣᠷᠣᠨ ᠵᠠᠢ᠎ᠶ᠋ᠢ ᠠᠯᠤᠰᠯᠠᠵᠤ᠂ ᠶᠠᠪᠤᠬᠤ ᠲᠤᠳᠤᠮ ᠱᠢᠨᠡᠳᠴᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠂ ᠬᠤᠪᠢᠰᠭᠠᠯ᠎ᠤᠨ ᠰᠣᠶᠣᠯ᠂ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠤᠨ ᠤᠳᠤᠮᠰᠢᠯ᠎ᠢ ᠵᠠᠯᠭᠠᠮᠵᠢᠯᠠᠭ᠍ᠰᠠᠨ᠎ᠢᠶᠠᠷ ᠪᠠᠷᠠᠬᠤ ᠦᠭᠡᠢ ᠪᠠᠰᠠ ᠥᠪᠥᠷ ᠮᠣᠩᠭᠣᠯ᠎ᠤᠨ ᠦᠨᠳᠦᠰᠦᠲᠡᠨ ᠎ᠨᠦᠭᠦᠳ᠎ᠦᠨ ᠠᠷᠠᠳ ᠲᠦᠮᠡᠨ᠎ᠦ ᠨᠠᠮ᠎ᠢᠶᠠᠨ ᠬᠦᠷᠢᠶᠡᠯᠡᠬᠦ᠂ ᠨᠠᠮ᠎ᠤᠨ ᠲᠥᠪ ᠬᠣᠷᠢᠶ᠎ᠠ᠎ᠪᠠᠨ ᠬᠦᠷᠢᠶᠡᠯᠡᠬᠦ ᠬᠤᠪᠢᠰᠭᠠᠯ᠎ᠤᠨ ᠤᠳᠤᠮᠰᠢᠯ᠎ᠢ ᠲᠥᠪᠯᠡᠷᠡᠩᠭᠦᠢ ᠢᠯᠡᠷᠡᠭᠦᠯᠵᠦ᠍᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠶᠡᠬᠡ ᠶᠣᠰᠣ᠎ᠶ᠋ᠢ ᠲᠠᠨᠢᠬᠤ᠂ ᠶᠡᠬᠡ ᠲᠠᠯ᠎ᠠ᠎ᠶ᠋ᠢ ᠪᠣᠳᠣᠯᠬᠢᠯᠠᠬᠤ᠂ ᠬᠡᠪ ᠰᠤᠷᠲᠠᠯ᠎ᠢ ᠡᠷᠬᠢᠮᠯᠡᠬᠦ᠌᠂ ᠬᠤᠪᠢ ᠨᠡᠮᠡᠷᠢ ᠦᠵᠡᠭᠦᠯᠬᠦ᠌᠎ᠪᠡᠷ ᠴᠢᠷᠮᠠᠢᠬᠤ᠂ ᠬᠠᠷᠢᠭᠤᠴᠠᠯᠭ᠎ᠠ ᠡᠭᠦᠷᠭᠡᠯᠡᠬᠦ᠌ ᠡᠷᠬᠢᠮ ᠨᠠᠨᠳᠢᠨ ᠵᠠᠩ ᠴᠢᠨᠠᠷ᠎ᠢ ᠰᠢᠩᠭᠡᠭᠡᠭᠰᠡᠨ ᠪᠠᠢᠨ᠎ᠠ᠃

ᠮᠣᠩᠭᠣᠯ ᠮᠤᠷᠢᠨ᠎ᠤ ᠵᠣᠷᠢᠭ ᠰᠠᠨᠠᠭ᠎ᠠ ᠪᠣᠯᠤᠨ 《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ ᠰᠠᠨᠠᠭᠠᠨ᠎ᠤ ᠴᠠᠳᠢᠭ ᠪᠠ ᠳᠤᠮᠳᠠᠳᠤ᠎ᠶ᠋ᠢᠨ ᠦᠨᠳᠦᠰᠦᠲᠡᠨ᠎ᠦ ᠵᠣᠷᠢᠭ ᠰᠠᠨᠠᠭᠠᠨ᠎ᠤ ᠣᠷᠭᠠᠨᠢᠭ ᠪᠦᠷᠢᠯᠳᠦᠬᠦᠨ ᠬᠡᠰᠡᠭ ᠮᠥᠨ᠂ ᠤᠮᠠᠷᠠᠲᠤ ᠬᠢᠯᠢ᠎ᠶ᠋ᠢᠨ ᠰᠣᠶᠣᠯ᠎ᠳᠤ ᠡᠯᠪᠡᠭ ᠪᠠᠶᠠᠯᠢᠭ ᠵᠣᠷᠢᠭ ᠰᠠᠨᠠᠭᠠᠨ᠎ᠤ ᠱᠢᠮ᠎ᠡ ᠲᠡᠵᠢᠭᠡᠯ ᠬᠠᠩᠭᠠᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠢᠯᠡ ᠲᠣᠳᠣ ᠣᠨᠴᠠᠯᠢᠭ᠎ᠢ ᠭᠦᠢᠴᠡᠳ ᠢᠯᠡᠷᠡᠭᠦᠯᠵᠦ᠍᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠤᠭ᠎ᠤᠨ ᠢᠯᠡ ᠲᠣᠳᠣ ᠤᠶᠤᠨ ᠰᠠᠨᠠᠭᠠᠨ᠎ᠤ ᠪᠡᠯᠭᠡ ᠲᠡᠮᠳᠡᠭ ᠮᠥᠨ᠂ ᠡᠨᠡ ᠨᠢ ᠱᠢᠨ᠎ᠡ ᠴᠠᠭ ᠦᠶ᠎ᠡ ᠱᠢᠨ᠎ᠡ ᠠᠶᠠᠨ᠎ᠳᠤ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠵᠠᠮ ᠨᠡᠭᠡᠭᠡᠨ ᠤᠷᠤᠭ᠍ᠰᠢᠯᠠᠬᠤ᠎ᠶ᠋ᠢᠨ ᠴᠢᠬᠤᠯᠠ ᠤᠶᠤᠨ ᠰᠠᠨᠠᠭᠠᠨ᠎ᠤ ᠡᠬᠢ ᠪᠤᠯᠠᠭ ᠪᠣᠯᠤᠭ᠍ᠰᠠᠨ ᠪᠠᠢᠨ᠎ᠠ᠃

ᠮᠣᠩᠭᠣᠯ ᠮᠣᠷᠢᠨ᠎ᠤ ᠵᠣᠷᠢᠭ ᠰᠠᠨᠠᠭ᠎ᠠ ᠪᠣᠯᠤᠨ 《ᠤᠮᠠᠷᠠᠲᠤ᠎ᠶ᠋ᠢᠨ ᠭᠤᠷᠪᠠᠨ ᠤᠷᠤᠨ᠎ᠤ ᠵᠣᠷᠢᠭ ᠰᠠᠨᠠᠭ᠎ᠠ》 ᠎ᠶ᠋ᠢ ᠶᠡᠬᠡᠪᠡᠷ ᠪᠠᠳᠠᠷᠠᠭᠤᠯᠬᠤ ᠳ᠋ᠤ᠂ ᠨᠠᠮ ᠪᠠᠢᠭᠤᠯᠤᠬᠰᠠᠨ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠎ᠪᠠᠷ ᠡᠬᠢ ᠰᠤᠷᠪᠤᠯᠵᠢ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ ᠰᠠᠨᠠᠭᠠᠨ᠎ᠤ ᠴᠠᠳᠢᠭ ᠲᠠᠢ ᠨᠢᠭ᠍ᠲᠠ ᠤᠶᠠᠯᠳᠤᠭᠤᠯᠵᠥ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ ᠤ᠋ ᠲᠩᠷᠢ ᠭᠠᠵᠠᠷ᠎ᠲᠠᠶ ᠲᠡᠮᠡᠴᠡᠵᠦ᠍᠂ ᠡᠯᠡᠰᠤᠷᠬᠡᠭᠵᠢᠯ᠎ᠢ ᠰᠡᠷᠬᠡᠢᠯᠡᠨ ᠡᠯᠡᠰᠦ ᠵᠢ ᠲᠣᠭ᠍ᠲᠠᠭᠠᠬᠤ᠂ ᠴᠠᠰᠤ ᠮᠥᠰᠥᠨ ᠳ᠋ᠡᠬᠢ ᠲᠡᠮᠡᠴᠡᠯ᠎ᠦᠨ ᠶᠠᠪᠤᠴᠠ ᠳᠤᠮᠳᠠᠬᠢ ᠬᠦᠴᠢᠷ ᠪᠡᠷᠬᠡ ᠡᠴᠡ ᠠᠶᠤᠬᠤ ᠦᠬᠡᠢ ᠡᠷᠡᠰ ᠬᠠᠳᠠᠨ ᠵᠣᠷᠢᠭ ᠰᠦᠰᠦ ᠵᠢ ᠰᠢᠩᠬᠡᠬᠡᠨ ᠠᠪᠴᠤ᠂ ᠪᠦᠬᠦ᠌ ᠣᠷᠣᠨ᠎ᠤ ᠥᠷᠭᠡᠨ ᠣᠯᠠᠨ ᠺᠠᠳ᠋ᠷ ᠣᠯᠠᠨ ᠲᠦᠮᠡᠨ᠎ᠢ ᠬᠦᠳᠦᠯᠦᠨ ᠵᠢᠯᠤᠭᠤᠳᠴᠤ ᠵᠤᠷᠢᠭᠵᠢᠭᠤᠯᠵᠥ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠥ᠂ ᠤᠮᠠᠷᠠᠲᠤ ᠬᠢᠯᠢ᠎ᠶ᠋ᠢᠨ ᠬᠥᠪᠡᠭᠦᠳ ᠥᠬᠢᠳ᠎ᠦᠨ ᠦᠨᠡᠨᠴᠢ ᠱᠢᠳᠤᠷᠭᠤ ᠪᠡᠷ ᠬᠦᠷᠢᠶᠡᠯᠡᠬᠦ᠂ ᠠᠴᠢ ᠡᠨᠡᠷᠢᠯ᠎ᠳᠦ ᠲᠠᠯᠠᠷᠬᠠᠵᠤ ᠡᠷᠡᠯᠬᠡᠭ᠌ᠯᠡᠨ ᠤᠷᠤᠭ᠍ᠰᠢᠯᠠᠬᠤ ᠤᠶᠤᠨ ᠰᠠᠨᠠᠭᠠᠨ᠎ᠤ ᠰᠠᠭᠤᠷᠢ ᠪᠠ ᠬᠦᠴᠦᠨ ᠴᠢᠳᠠᠯ᠎ᠤᠨ ᠡᠬᠢ ᠰᠤᠷᠪᠤᠯᠵᠢ᠎ᠶ᠋ᠢ ᠭᠦᠨᠵᠡᠭᠡᠶ ᠪᠣᠢᠵᠢᠭᠤᠯᠤᠨ᠂ ᠣᠷᠣᠨ ᠳᠠᠶᠠᠭᠠᠷ᠎ᠢ ᠵᠤᠷᠢᠬᠵᠢᠭᠤᠯᠵᠥ ᠨᠠᠩ ᠤᠷᠬᠢᠯᠤᠮ᠎ᠠ ᠬᠠᠯᠠᠭᠤᠨ ᠣᠶᠤᠨ ᠰᠠᠨᠠᠭᠠᠨ᠎ᠤ ᠳᠦᠷᠰᠦ ᠪᠠᠶ᠋ᠢᠳᠠᠯ ᠪᠠ ᠴᠤᠭ ᠪᠠᠳᠠᠷᠠᠩᠭᠤᠶ ᠡᠷᠡᠯᠬᠡᠭ᠌ᠯᠡᠨ ᠤᠷᠤᠭ᠍ᠰᠢᠯᠠᠬᠤ ᠳᠦᠷᠰᠦ ᠪᠠᠶ᠋ᠢᠳᠠᠯ᠎ᠵᠢᠡᠷ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠬᠣᠶᠠᠷ ᠶᠡᠬᠡ ᠶᠠᠪᠤᠳᠠᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠬᠦ ᠬᠡᠷᠡᠭᠳᠡᠢ᠃

ᠬᠣᠶᠠᠷ᠂ ᠤᠮᠠᠷᠠᠲᠤ ᠬᠢᠯᠢ᠎ᠶ᠋ᠢᠨ ᠰᠣᠶᠣᠯ᠎ᠤᠨ ᠭᠣᠣᠯ ᠲᠦᠷᠦᠯ ᠬᠡᠯᠪᠡᠷᠢ

ᠤᠮᠠᠷᠠᠲᠤ ᠬᠢᠯᠢ᠎ᠶ᠋ᠢᠨ ᠰᠣᠶᠣᠯ᠎ᠤᠨ ᠠᠭᠤᠯᠤᠬᠳᠠᠬᠤᠨ ᠨᠢ ᠡᠯᠪᠡᠭ ᠪᠠᠶᠠᠯᠢᠭ᠂ ᠲᠥᠷᠥᠯ ᠵᠦᠢᠯ ᠨᠢ ᠣᠯᠠᠨ ᠶᠠᠩᠵᠤ᠎ᠶ᠋ᠢᠨ ᠪᠠᠢᠳᠠᠭ᠂ ᠡᠭᠦᠨ᠎ᠦ ᠳᠣᠲᠣᠷ᠎ᠠ ᠬᠠᠮᠤᠭ᠎ᠤᠨ ᠨᠡᠢᠲᠡᠯᠢᠭ᠂ ᠬᠠᠮᠤᠭ᠎ᠤᠨ ᠢᠯᠡ ᠲᠣᠳᠣ ᠣᠨᠴᠠᠯᠢᠭ ᠲᠠᠶ ᠨᠢ ᠭᠣᠣᠯᠳᠠᠭᠤ ᠬᠤᠪᠢᠰᠭᠠᠯ᠎ᠤᠨ ᠰᠣᠶᠣᠯ ᠪᠠ ᠲᠠᠯ᠎ᠠ ᠨᠤᠲᠤᠭ᠎ᠤᠨ ᠰᠣᠶᠣᠯ᠂ ᠲᠠᠷᠢᠶᠠᠯᠠᠬᠤ ᠰᠣᠶᠣᠯ᠂ ᠬᠠᠲᠤᠨ ᠭᠣᠣᠯ᠎ᠤᠨ ᠰᠣᠶᠣᠯ᠂ ᠤᠷᠲᠤ ᠴᠠᠭᠠᠨ ᠬᠡᠷᠡᠮ᠎ᠦᠨ ᠰᠣᠶᠣᠯ ᠵᠡᠷᠭᠡ ᠪᠣᠯᠤᠨ᠎ᠠ᠃ ᠡᠳᠡᠭᠡᠷ ᠨᠢ ᠤᠮᠠᠷᠠᠲᠤ ᠬᠢᠯᠢ᠎ᠶ᠋ᠢᠨ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠡᠳᠡᠭᠡᠷ ᠰᠣᠶᠣᠯ ᠨᠢ ᠤᠷᠳᠤ ᠤᠳᠠᠭᠠᠨ ᠬᠥᠭ᠌ᠵᠢᠯᠲᠡ ᠬᠤᠪᠢᠰᠤᠯᠲᠠ᠎ᠶ᠋ᠢᠨ ᠶᠠᠪᠤᠴᠠ᠎ᠳᠤ ᠬᠠᠷᠢᠯᠴᠠᠨ ᠪᠠᠭ᠍ᠲᠠᠭᠠᠵᠤ᠂ ᠬᠠᠷᠢᠯᠴᠠᠨ ᠱᠢᠮᠡᠵᠢᠭᠦᠯᠵᠦ᠍᠂ ᠬᠠᠷᠢᠯᠴᠠᠨ ᠲᠦᠱᠢᠭ᠌ᠯᠡᠯᠴᠡᠵᠦ᠍᠂ ᠬᠠᠷᠢᠯᠴᠠᠨ ᠠᠬᠢᠭᠤᠯᠵᠤ᠂ ᠠᠭᠠᠵᠢᠮ᠎ᠢᠶᠠᠷ ᠤᠮᠠᠷᠠᠲᠤ ᠬᠢᠯᠢ᠎ᠶ᠋ᠢᠨ ᠰᠣᠶᠣᠯ ᠡᠨᠡ ᠬᠦ᠌ ᠣᠷᠭᠠᠨᠢᠭ ᠴᠣᠭ᠍ᠴᠠ ᠪᠣᠯᠤᠨ ᠴᠤᠬᠯᠠᠷᠠᠨ ᠠᠭᠤᠰᠤᠯᠴᠠᠬᠰᠡᠨ ᠪᠥᠭᠡᠳ ᠦᠷᠭᠦᠯᠵᠢᠯᠡᠨ ᠲᠠᠰᠤᠷᠠᠯᠳᠠ ᠦᠭᠡᠢ ᠪᠠᠶᠠᠯᠢᠭ᠍ᠵᠢᠨ ᠬᠥᠭ᠌ᠵᠢᠭ᠌ᠰᠡᠨ ᠪᠠᠢᠨ᠎ᠠ᠃

(ᠨᠢᠭᠡ) ᠬᠤᠪᠢᠰᠭᠠᠯ᠎ᠤᠨ ᠰᠣᠶᠣᠯ

ᠬᠤᠪᠢᠰᠭᠠᠯ᠎ᠤᠨ ᠰᠣᠶᠣᠯ ᠪᠣᠯ ᠳᠤᠮᠳᠠᠳᠤ᠎ᠶ᠋ᠢᠨ ᠰᠣᠶᠣᠯ᠎ᠤᠨ ᠳᠤᠲᠠᠭ᠍ᠳᠠᠵᠤ ᠪᠣᠯᠤᠰᠢ ᠦᠭᠡᠢ ᠴᠢᠬᠤᠯᠠ ᠪᠦᠷᠢᠯᠳᠦᠬᠦᠨ ᠬᠡᠰᠡᠭ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠮᠠᠷᠺᠰ᠎ᠤᠨ ᠦᠵᠡᠯ᠎ᠢᠶᠡᠷ ᠵᠢᠯᠤᠭᠤᠳᠤᠯᠭ᠎ᠠ ᠪᠣᠯᠭᠠᠵᠤ᠂ ᠬᠤᠪᠢᠰᠭᠠᠯ᠂ ᠪᠦᠳᠦᠭᠡᠨ ᠪᠠᠢᠭᠤᠯᠤᠯᠲᠠ᠂ ᠥᠭᠡᠷᠡᠴᠢᠯᠡᠯᠲᠡ ᠪᠠ ᠱᠢᠨ᠎ᠡ ᠴᠠᠭ ᠦᠶ᠎ᠡ᠎ᠶ᠋ᠢᠨ ᠠᠭᠤᠤ ᠶᠡᠬᠡ ᠦᠢᠯᠡᠳᠦᠯᠭᠡ᠎ᠶ᠋ᠢᠨ ᠳᠤᠮᠳᠠ᠂ ᠳᠤᠮᠳᠠᠳᠤ ᠭᠠᠳᠠᠭᠠᠳᠤ᠎ᠶ᠋ᠢᠨ ᠱᠢᠯᠢᠳᠡᠭ ᠰᠣᠶᠣᠯ᠎ᠢ ᠱᠢᠩᠭᠡᠭᠡᠨ ᠠᠪᠴᠤ᠌ ᠡᠭᠦᠳᠦᠨ ᠪᠦᠲᠦᠭᠡᠭ᠌ᠰᠡᠨ ᠲᠡᠷᠢᠭᠦᠨ᠎ᠦ ᠰᠣᠶᠣᠯ ᠮᠥᠨ᠃ ᠶᠡᠷᠦᠩᠬᠡᠶ ᠱᠦᠵᠢ ᠰᠢ᠎ᠶ᠋ᠢᠨ ᠫᠢᠩ᠄ 《ᠪᠥᠬᠥᠳᠡ ᠨᠠᠢᠷᠠᠮᠳᠠᠬᠤ ᠤᠯᠤᠰ ᠪᠣᠯ ᠤᠯᠠᠭᠠᠨ ᠥᠩᠭᠡ᠎ᠲᠡᠶ᠂ ᠡᠨᠡ ᠬᠦ᠌ ᠥᠩᠭᠡ᠎ᠶ᠋ᠢ ᠶᠡᠷᠦᠮᠳᠡᠭᠴᠢᠯᠡᠵᠤ ᠪᠣᠯᠬᠤ ᠦᠭᠡᠶ》ᠭᠡᠵᠦ᠍ ᠵᠢᠭᠠᠵᠤ ᠭᠠᠷᠭᠠᠪᠠ᠃ ᠤᠯᠠᠭᠠᠨ ᠥᠩᠭᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠂ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠮᠤᠭ᠎ᠤᠨ ᠭᠡᠷᠡᠯ ᠰᠠᠴᠤᠷᠠᠩᠭᠤᠶ ᠳᠡᠪᠢᠰᠭᠡᠷ ᠥᠩᠭᠡ ᠮᠥᠨ᠂ ᠬᠤᠪᠢᠰᠭᠠᠯ᠎ᠤᠨ ᠤᠯᠠᠮᠵᠢᠯᠠᠯ ᠪᠠ ᠬᠤᠪᠢᠰᠭᠠᠯᠳᠤ ᠤᠳᠤᠮᠰᠢᠯ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠨᠢᠭᠤᠴᠠ ᠲᠡᠮᠳᠡᠭ ᠮᠥᠨ᠂ ᠬᠤᠪᠢᠰᠭᠠᠯ᠎ᠤᠨ ᠰᠣᠶᠣᠯ ᠪᠣᠯ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠠᠭᠤᠤ ᠶᠡᠬᠡ ᠦᠢᠯᠡᠳᠦᠯᠭᠡ ᠳᠤᠮᠳᠠ ᠪᠦᠷᠢᠯᠳᠦᠭ᠌ᠰᠡᠨ ᠡᠷᠬᠢᠮ ᠨᠠᠨᠳᠢᠨ ᠤᠶᠤᠨ ᠰᠠᠨᠠᠭᠠᠨ᠎ᠤ ᠦᠪ ᠬᠦᠷᠤᠨᠭᠭᠡ ᠮᠥᠨ᠂ ᠲᠡᠭᠦᠨ᠎ᠳᠦ ᠭᠦᠨ ᠵᠤᠵᠠᠭᠠᠨ ᠲᠡᠦᠬᠡ᠎ᠶ᠋ᠢᠨ ᠠᠭᠤᠯᠤᠭ᠍ᠳᠠᠬᠤᠨ᠂ ᠢᠯᠡ ᠲᠣᠳᠣ ᠴᠠᠭ ᠦᠶ᠎ᠡ᠎ᠶ᠋ᠢᠨ ᠣᠨᠴᠠᠯᠢᠭ ᠪᠠ ᠥᠷᠭᠡᠨ ᠳᠡᠯᠭᠡᠷ ᠨᠡᠢᠭᠡᠮ᠎ᠦᠨ ᠰᠠᠭᠤᠷᠢ᠎ᠲᠠᠶ ᠪᠠᠢᠵᠤ᠂ ᠠᠯᠢ ᠬᠡᠳᠦᠢᠨ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠴᠢᠰᠤᠨ ᠳ᠋ᠤ ᠰᠢᠩᠭᠡᠭᠰᠡᠨ ᠶᠤᠮ᠃

ᠨᠠᠮ᠎ᠢᠶᠠᠨ ᠬᠦᠷᠢᠶᠠᠯᠠᠵᠤ᠂ ᠨᠠᠮ᠎ᠤᠨ ᠲᠥᠪ ᠬᠣᠷᠢᠶ᠎ᠠ᠎ᠪᠠᠨ ᠬᠦᠷᠢᠶᠠᠯᠠᠬᠦ ᠪᠣᠯ ᠥᠪᠥᠷ ᠮᠣᠩᠭᠣᠯ᠎ᠤᠨ ᠢᠷᠠᠭᠤ ᠠᠯᠳᠠᠷᠲᠤ ᠤᠯᠠᠮᠵᠢᠯᠠᠯ ᠮᠥᠨ᠃ ᠥᠪᠥᠷ ᠮᠣᠩᠭᠣᠯ ᠪᠣᠯ ᠮᠠᠨ᠎ᠤ ᠨᠠᠮ᠎ᠤᠨ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠪᠠᠢᠭᠤᠯᠤᠭ᠍ᠰᠠᠨ ᠦᠨᠳᠦᠰᠦᠲᠡᠨ᠎ᠦ ᠭᠠᠵᠠᠷ ᠣᠷᠣᠨ ᠪᠣᠯᠤᠨ᠎ᠠ᠃ ᠠᠯᠢ ᠡᠷᠲᠡ ᠨᠠᠮ ᠪᠠᠢᠭᠤᠯᠤᠭ᠍ᠳᠠᠭ᠍ᠰᠠᠨ ᠡᠬᠢᠨ᠎ᠦ ᠦᠶ᠎ᠡ᠎ᠳᠦ᠂ ᠯᠢ ᠳ᠋ᠡ ᠵᠤᠤ ᠨᠥᠬᠥᠷ ᠮᠣᠩᠭᠣᠯ ᠦᠨᠳᠦᠰᠦᠲᠡᠨ᠎ᠦ ᠤᠯᠠᠨ ᠲᠦᠮᠡᠨ᠎ᠦ ᠳᠤᠮᠳᠠ ᠮᠠᠷᠺᠰ᠎ᠤᠨ ᠦᠵᠡᠯ᠎ᠢ ᠤᠯᠠᠮᠵᠢᠯᠠᠬᠤ᠂ ᠡᠪ ᠬᠠᠮᠲᠤ ᠶᠣᠰᠣᠨ᠎ᠤ ᠲᠡᠷᠢᠭᠦᠨ᠎ᠦ ᠬᠥᠮᠦᠰ᠎ᠢ ᠬᠥᠮᠦᠵᠢᠭᠦᠯᠬᠦ᠌ ᠠᠵᠢᠯ᠎ᠢ ᠱᠢᠭᠤᠳ ᠤᠳᠤᠷᠢᠳᠤᠭ᠍ᠰᠠᠨ ᠪᠥᠭᠡᠳ ᠣᠷᠣᠯᠴᠠᠵᠤ᠂ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠤᠳᠤᠷᠢᠳᠤᠨ ᠬᠤᠪᠢᠰᠭᠠᠯᠲᠤ ᠲᠡᠮᠡᠴᠡᠯ ᠬᠢᠬᠦ᠌ ᠤᠴᠢ᠎ᠶ᠋ᠢ ᠠᠰᠠᠭᠠᠪᠠ᠃ ᠭᠠᠵᠠᠷ ᠱᠢᠷᠣᠶ᠎ᠶ᠋ᠢᠨ ᠬᠤᠪᠢᠰᠭᠠᠯᠲᠤ ᠲᠠᠢ᠌ᠨ᠎ᠦ ᠦᠶ᠎ᠡ᠎ᠳᠦ᠂ ᠳᠤᠮᠳᠠᠳᠤ ᠤᠯᠤᠰ᠎ᠤᠨ ᠡᠪ ᠬᠠᠮᠲᠤ ᠨᠠᠮ ᠥᠪᠥᠷ ᠮᠣᠩᠭᠣᠯ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠤᠳᠤᠷᠢᠳᠤᠨ᠂ ᠥᠪᠥᠷ ᠮᠣᠩᠭᠣᠯ ᠣᠷᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠰᠡᠷᠭᠦᠭᠡᠬᠦ᠌ ᠪᠠ ᠲᠠᠬᠢᠨ ᠪᠠᠢᠭᠤᠯᠬᠤ᠎ᠪᠠᠷ ᠴᠢᠷᠮᠠᠢᠵᠤ᠂ ᠬᠤᠪᠢᠰᠭᠠᠯᠲᠤ ᠲᠡᠮᠡᠴᠡᠯ᠎ᠢ ᠦᠷᠭᠦᠯᠵᠢᠯᠡᠨ ᠪᠠᠷᠢᠮᠲᠠᠯᠠᠵᠤ᠂ ᠶᠠᠫᠣᠨ᠎ᠢ ᠡᠰᠡᠷᠭᠦᠴᠡᠨ ᠮᠥᠬᠥᠯ᠎ᠡᠴᠡ ᠠᠪᠤᠷᠠᠬᠤ ᠰᠦᠷ ᠳᠠᠯᠠᠢᠴᠠᠲᠠᠶ ᠲᠡᠮᠡᠴᠡᠯ᠎ᠦᠨ ᠲᠡᠦᠬᠡᠨ ᠳᠡᠭᠡᠷ᠎ᠡ ᠥᠪᠥᠷ ᠮᠣᠩᠭᠣᠯ ᠣᠷᠣᠨ᠎ᠤ ᠭᠡᠷᠡᠯ ᠰᠠᠴᠤᠷᠠᠩᠭᠤᠶ ᠬᠠᠭᠤᠳᠠᠰᠤ᠎ᠶ᠋ᠢ ᠪᠢᠴᠢᠭ᠌ᠯᠡᠭ᠌ᠰᠡᠨ ᠪᠠᠢᠨ᠎ᠠ᠃ ᠪᠦᠬᠦ᠌ ᠤᠯᠤᠰ᠎ᠤᠨ ᠶᠠᠫᠣᠨ᠎ᠢ ᠡᠰᠡᠷᠭᠦᠴᠡᠬᠦ᠌ ᠲᠠᠢ᠌ᠨ᠎ᠦ ᠦᠶ᠎ᠡ᠎ᠳᠦ᠂ ᠳᠤᠮᠳᠠᠳᠤ ᠤᠯᠤᠰ᠎ᠤᠨ ᠡᠪ ᠬᠠᠮᠲᠤ ᠨᠠᠮ ᠥᠪᠥᠷ ᠮᠣᠩᠭᠣᠯ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠤᠳᠤᠷᠢᠳᠤᠨ ᠴᠢᠰᠤ ᠤᠷᠤᠰᠭᠠᠨ ᠡᠷᠡᠯᠬᠡᠭ᠌ᠯᠡᠨ ᠪᠠᠢᠯᠳᠤᠵᠤ᠂ ᠳᠤᠮᠳᠠᠳᠤ᠎ᠶ᠋ᠢᠨ ᠦᠨᠳᠦᠰᠦᠲᠡᠨ᠎ᠦ ᠤᠢ᠍ᠢᠷ᠎ᠠ ᠦᠶ᠎ᠡ᠎ᠡᠴᠡ ᠨᠠᠭᠠᠱᠢᠬᠢ ᠡᠵᠡᠷᠬᠡᠭ ᠲᠦᠷᠢᠮᠡᠭᠡᠢ᠌ᠳᠡᠨ᠎ᠦ ᠲᠦᠷᠢᠮᠡᠬᠡᠢᠯᠡᠯ᠎ᠢ ᠡᠰᠡᠷᠭᠦᠴᠡᠭ᠌ᠰᠡᠨ ᠠᠩᠬᠠᠳᠤᠭᠠᠷ ᠤᠳᠠᠭ᠎ᠠ ᠵᠢᠨ ᠪᠦᠷᠢᠨ ᠢᠯᠠᠯᠲᠠ᠎ᠶ᠋ᠢ ᠤᠯᠬᠤ᠎ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠦᠭ᠌ᠰᠡᠨ ᠶᠤᠮ᠃ ᠪᠦᠬᠦ᠌ ᠤᠯᠤᠰ᠎ᠤᠨ ᠴᠢᠯᠥᠭᠡᠯᠡᠬᠦ᠌ ᠲᠠᠢ᠌ᠨ᠎ᠦ ᠦᠶ᠎ᠡ᠎ᠳᠦ᠂ ᠳᠤᠮᠳᠠᠳᠤ ᠤᠯᠤᠰ᠎ᠤᠨ ᠡᠪ ᠬᠠᠮᠲᠤ ᠨᠠᠮ ᠥᠪᠥᠷ ᠮᠣᠩᠭᠣᠯ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠤᠯᠤᠰ᠎ᠤᠨ ᠨᠢᠭᠡᠳᠦᠯ ᠪᠠ ᠦᠨᠳᠦᠰᠦᠲᠡᠨ᠎ᠦ ᠪᠦᠯᠬᠦᠮᠳᠡᠯ᠎ᠢ ᠡᠷᠡᠰ ᠬᠠᠮᠠᠭᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠠᠩᠬᠠᠳᠠᠭ᠍ᠴᠢ ᠮᠤᠵᠢ᠎ᠶ᠋ᠢᠨ ᠱᠠᠲᠤᠨ᠎ᠤ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠢ ᠪᠠᠢᠭᠤᠯᠵᠤ᠂ ᠨᠠᠮ᠎ᠤᠨ ᠮᠠᠷᠺᠰ᠎ᠤᠨ ᠦᠵᠡᠯ᠎ᠢᠶᠡᠷ ᠤᠯᠤᠰ᠎ᠤᠨ ᠳᠣᠲᠣᠭᠠᠳᠤ᠎ᠶ᠋ᠢᠨ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠭ᠌ᠰᠡᠨ ᠠᠮᠵᠢᠯᠲᠠ᠎ᠲᠠᠶ ᠦᠢᠯᠡᠳᠦᠯᠭᠡ ᠪᠣᠯᠤᠭ᠍ᠰᠠᠨ ᠪᠠᠢᠨ᠎ᠠ᠃

70 ᠭᠠᠷᠤᠢ ᠵᠢᠯ᠎ᠦᠨ ᠡᠮᠦᠨ᠎ᠡ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠂ ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠭᠠᠭ᠍ᠴᠠ ᠬᠦ᠌ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠲᠡᠶ ᠬᠠᠮᠲᠤ ᠪᠠᠷ ᠲᠡᠮᠡᠴᠡᠵᠦ᠍᠂ ᠴᠢᠯᠥᠭᠡᠯᠡᠯᠲᠡ᠎ᠪᠡᠨ ᠬᠠᠮᠲᠤ ᠪᠠᠷ ᠡᠷᠢᠯᠬᠢᠯᠡᠪᠡᠯ ᠥᠪᠥᠷ ᠮᠣᠩᠭᠣᠯ ᠰᠠᠶᠢ ᠠᠯᠤᠰ ᠢᠷᠡᠭᠡᠳᠦᠢ ᠪᠠ ᠬᠦᠰᠡᠯ ᠡᠷᠡᠮᠡᠯᠵᠡᠯ᠎ᠲᠡᠶ ᠪᠣᠯᠤᠨ᠎ᠠ ᠭᠡᠳᠡᠭ᠎ᠢ ᠭᠦᠨᠵᠡᠭᠡᠢ ᠲᠠᠨᠢᠵᠤ ᠣᠯᠤᠭ᠍ᠰᠠᠨ ᠶᠤᠮ᠃ ᠣᠷᠳᠣ ᠬᠤᠭᠤᠴᠠᠭᠠᠨ᠎ᠤ ᠬᠤᠪᠢᠰᠭᠠᠯ᠂ ᠪᠥᠲᠥᠭᠡᠨ ᠪᠠᠢᠭᠤᠯᠤᠯᠲᠠ᠂ ᠥᠭᠡᠷᠡᠴᠢᠯᠡᠯᠲᠡ᠎ᠪᠡᠷ ᠳᠡᠮᠵᠢᠨ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠶᠡᠬᠡ ᠶᠣᠰᠣ᠎ᠶ᠋ᠢ ᠲᠠᠨᠢᠬᠤ᠂ ᠶᠡᠬᠡ ᠲᠠᠯ᠎ᠠ᠎ᠶ᠋ᠢ ᠪᠤᠳᠤᠯᠬᠢᠯᠠᠬᠤ᠂ ᠬᠡᠪ ᠰᠤᠷᠳᠠᠯ᠎ᠢ ᠡᠷᠬᠢᠮᠯᠡᠬᠦ᠌᠂ ᠬᠤᠪᠢ ᠨᠡᠮᠡᠷᠢ ᠦᠵᠡᠭᠦᠯᠬᠦ ᠪᠡᠷ ᠴᠢᠷᠮᠠᠢᠬᠤ᠂ ᠬᠠᠷᠢᠭᠤᠴᠠᠯᠭ᠎ᠠ᠎ᠲᠠᠶ ᠪᠠᠢᠬᠤ ᠭᠦᠨ ᠭᠦᠨᠵᠡᠭᠡᠶ ᠬᠠᠮᠲᠤ᠎ᠶ᠋ᠢᠨ ᠲᠠᠨᠢᠯᠲᠠ ᠪᠠ ᠡᠷᠬᠢᠮ ᠨᠠᠨᠳᠢᠨ ᠵᠠᠩ ᠴᠢᠨᠠᠷ᠎ᠢ ᠪᠦᠷᠢᠯᠳᠦᠬᠦᠯᠵᠤ᠂ 《ᠰᠡᠳᠭᠢᠯ᠎ᠨᠢᠭᠡᠳᠤᠨ ᠬᠦᠴᠦ᠍᠎ᠪᠡᠨ ᠬᠠᠮᠲᠤᠳᠭᠠᠵᠤ ᠪᠤᠭᠤᠲᠤ᠎ᠶ᠋ᠢᠨ ᠪᠣᠯᠣᠳ ᠲᠡᠮᠦᠷ᠎ᠢ ᠪᠥᠲᠥᠭᠡᠨ ᠪᠠᠢᠭᠤᠯᠤᠬᠰᠡᠨ》᠂《ᠭᠤᠷᠪᠠᠨ ᠮᠢᠩᠭᠠᠨ ᠥᠨᠥᠴᠢᠨ ᠬᠡᠸ᠋ᠬᠡᠳ ᠢ᠋ ᠦᠪᠤᠷ ᠮᠤᠨᠭᠭᠤᠯ ᠦᠷᠡᠴᠢᠯᠡᠨ ᠲᠡᠵᠢᠭᠡᠭᠰᠡᠨ》᠂《ᠬᠦᠴᠢᠷ ᠪᠡᠷᠬᠡᠱᠢᠶᠡᠯ᠎ᠢ ᠢᠯᠠᠨ ᠳᠠᠪᠠᠵᠤ ᠠᠮᠤ ᠪᠤᠳᠠᠭ᠎ᠠ ᠮᠠᠯ ᠲᠡᠵᠢᠭᠡᠪᠦᠷᠢ᠎ᠪᠡᠨ ᠬᠠᠨᠳᠢᠪᠯᠠᠬᠰᠡᠨ》᠂《ᠬᠠᠮᠤᠭ᠎ᠤᠨ ᠰᠠᠢᠨ ᠮᠠᠯᠵᠢᠯ᠎ᠤᠨ ᠲᠠᠯᠠᠪᠠᠶ᠎ᠪᠡᠨ ᠰᠠᠨᠰᠠᠷ᠎ᠤᠨ ᠠᠶᠠᠯᠠᠯ᠎ᠤ᠋ᠨ ᠦᠢᠯᠡᠰ ᠲᠤ᠌ ᠵᠣᠷᠢᠭᠤᠯᠤᠬᠰᠡᠨ》 ᠵᠡᠷᠭᠡ ᠲᠡᠸ᠋ᠬᠡ᠎ᠶ᠋ᠢᠨ ᠢᠷᠠᠭᠤ ᠳᠠᠭᠤᠷᠢᠰᠭᠠᠯ᠎ᠢ ᠪᠢᠴᠢᠭ᠌ᠯᠡᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠭᠥᠷᠳᠡᠭ᠌ᠰᠡᠨ ᠪᠠᠢᠨ᠎ᠠ᠃ ᠦᠨᠳᠦᠰᠦᠲᠡᠨ᠎ᠨᠦᠭᠦᠳ᠎ᠦᠨ ᠠᠷᠠᠳ ᠲᠦᠮᠡᠨ ᠦᠨᠡᠨ ᠰᠡᠳᠭᠢᠯ᠎ᠡᠴᠡ᠎ᠪᠡᠨ ᠨᠠᠮ᠎ᠤᠨ ᠠᠴᠢ ᠡᠨᠡᠷᠢᠯ ᠳ᠋ᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠲᠠᠭᠠᠵᠤ᠂ ᠭᠡᠨ ᠠᠯᠢᠨ ᠭᠡᠵᠤ ᠢᠯᠭᠠᠬᠤ ᠦᠭᠡᠢ᠂ ᠠᠬ᠎ᠠ ᠳᠡᠭᠦᠦ ᠮᠡᠲᠦ ᠬᠠᠯᠠᠭᠤᠮᠰᠤᠭ᠂ ᠨᠢᠭᠡ ᠭᠡᠷ ᠤ᠋ᠨ ᠬᠦᠮᠤᠨ ᠮᠠᠳᠤ ᠲᠤᠳᠤᠨᠤ ᠪᠠᠢᠵᠤ᠂ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠤ ᠪᠠᠢᠳᠠᠭ᠃ ᠮᠠᠨ᠎ᠤ ᠨᠠᠮ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠤᠳᠤᠷᠢᠳᠤᠨ ᠵᠠᠭᠤ ᠭᠠᠷᠤᠢ ᠵᠢᠯ ᠲᠡᠮᠡᠴᠡᠵᠦ᠍᠂ ᠬᠤᠷᠠᠮᠳᠤᠭᠤᠯᠤᠭ᠍ᠰᠠᠨ ᠦᠯᠡᠮᠵᠢ ᠤᠯᠠᠨ ᠬᠤᠪᠢᠰᠭᠠᠯ᠎ᠤᠨ ᠡᠬᠢ ᠪᠠᠶᠠᠯᠢᠭ ᠪᠣᠯ ᠤᠮᠠᠷᠠᠲᠤ ᠬᠢᠯᠢ᠎ᠶ᠋ᠢᠨ ᠰᠣᠶᠣᠯ᠎ᠤᠨ ᠬᠠᠮᠤᠭ᠎ᠤᠨ ᠬᠦᠨ ᠵᠤᠵᠠᠭᠠᠨ ᠱᠢᠮ᠎ᠡ ᠲᠡᠵᠢᠭᠡᠯ ᠪᠣᠯᠤᠨ᠎ᠠ᠃ ᠵᠠᠭᠤᠨ ᠵᠢᠯ᠎ᠦᠨ ᠲᠤᠷᠰᠢ ᠥᠪᠥᠷ ᠮᠣᠩᠭᠣᠯ᠎ᠤᠨ ᠡᠬᠡ ᠭᠠᠵᠠᠷ᠎ᠲᠤ ᠡᠭᠦᠰᠦᠭᠰᠡᠨ ᠤᠳᠠᠭ᠎ᠠ ᠪᠦᠷᠢ᠎ᠶ᠋ᠢᠨ ᠬᠤᠪᠢᠰᠭᠠᠯ᠎ᠤᠨ ᠲᠡᠦᠬᠡ᠎ᠶ᠋ᠢᠨ ᠬᠡᠷᠡᠭ ᠶᠠᠪᠤᠳᠠᠯ᠂ ᠴᠣᠯᠭᠣᠷᠠᠨ ᠭᠠᠷᠤᠭ᠍ᠰᠠᠨ ᠬᠤᠪᠢᠰᠭᠠᠯ᠎ᠤᠨ ᠪᠠᠭᠠᠲᠤᠷ ᠪᠦᠷᠢ᠂ ᠦᠯᠡᠳᠡᠭᠡᠭ᠌ᠰᠡᠨ ᠬᠤᠪᠢᠰᠭᠠᠯ᠎ᠤᠨ ᠬᠠᠭᠤᠴᠢᠨ ᠪᠠᠭᠤᠷᠢ ᠪᠦᠷᠢ᠂ ᠳᠡᠯᠭᠡᠨ ᠦᠵᠡᠭᠦᠯᠦᠭ᠌ᠰᠡᠨ ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯ ᠪᠦᠷᠢ ᠴᠥᠮ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠲᠤᠭᠤᠯᠵᠤ ᠢᠷᠡᠭ᠌ᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ᠂ ᠣᠯᠤᠭ᠍ᠰᠠᠨ ᠴᠢᠬᠤᠯᠠ ᠶᠡᠬᠡ ᠠᠮᠵᠢᠯᠲᠠ᠎ᠶ᠋ᠢ ᠠᠮᠢᠳᠤᠯᠢᠭ᠎ᠢᠶᠠᠷ ᠢᠯᠡᠷᠡᠭᠦᠯᠵᠦ᠍᠂ ᠨᠠᠮ ᠪᠠᠢᠭᠤᠯᠤᠬᠰᠡᠨ ᠠᠭᠤᠤ ᠶᠡᠭᠡ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ᠂ ᠤᠯᠤᠰ᠎ᠢᠶᠠᠨ ᠬᠠᠢᠷᠠᠯᠠᠵᠤ ᠦᠨᠡᠨᠴᠢ ᠱᠢᠳᠤᠷᠭᠤ᠎ᠪᠠᠷ ᠬᠤᠪᠢ ᠨᠡᠮᠡᠷᠢ ᠦᠵᠡᠭᠦᠯᠬᠦ᠌ ᠢᠯᠡ ᠲᠣᠳᠣ ᠲᠠᠪᠢᠰᠭᠡᠷ ᠦᠩᠭᠡ᠎ᠶ᠋ᠢ ᠬᠤᠷᠠᠮᠳᠤᠭᠤᠯᠵᠤ᠂ ᠮᠠᠨ᠎ᠤ ᠨᠠᠮ᠎ᠤᠨ ᠬᠤᠪᠢᠰᠭᠠᠯ᠎ᠤᠨ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ ᠪᠠᠢᠨ᠎ᠠ᠃

ᠬᠤᠪᠢᠰᠭᠠᠯ᠎ᠤᠨ ᠰᠣᠶᠣᠯ ᠪᠣᠯ ᠤᠮᠠᠷᠠᠲᠤ ᠬᠢᠯᠢ᠎ᠶ᠋ᠢᠨ ᠰᠣᠶᠣᠯ᠎ᠤᠨ ᠢᠯᠡ ᠲᠣᠳᠣ ᠳᠡᠪᠢᠰᠭᠡᠷ ᠥᠩᠭᠡ ᠪᠠ ᠣᠶᠤᠨ ᠰᠠᠨᠠᠭᠠᠨ᠎ᠤ ᠲᠤᠭ ᠲᠡᠮᠳᠡᠭ ᠮᠥᠨ᠂ ᠤᠮᠠᠷᠠᠲᠤ ᠬᠢᠯᠢ᠎ᠶ᠋ᠢᠨ ᠰᠣᠶᠣᠯ᠎ᠤᠨ ᠴᠠᠭ ᠦᠶ᠎ᠡ᠎ᠶ᠋ᠢᠨ ᠠᠭᠤᠯᠤᠬᠳᠠᠬᠤᠨ ᠪᠠ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠪᠠᠶᠠᠯᠢᠭ᠍ᠵᠢᠭᠤᠯᠵᠤ᠂ ᠮᠠᠨ᠎ᠤ ᠨᠠᠮ᠎ᠤᠨ ᠱᠢᠷᠭᠠᠭᠤ ᠬᠠᠲᠠᠭᠤᠵᠢᠯᠲᠠᠶ ᠪᠥᠭᠡᠳ ᠭᠡᠷᠡᠯ ᠰᠠᠴᠤᠷᠠᠩᠭᠤᠶ ᠲᠡᠮᠡᠴᠡᠯ᠎ᠦᠨ ᠥᠩᠭᠡᠷᠡᠯᠲᠡ᠎ᠶ᠋ᠢᠨ ᠠᠮᠢᠳᠤᠯᠢᠭ ᠭᠡᠷᠡᠴᠢ ᠮᠥᠨ᠂ ᠥᠪᠥᠷ ᠮᠣᠩᠭᠣᠯ᠎ᠤᠨ ᠡᠯ᠎ᠡ ᠦᠨᠳᠦᠰᠦᠲᠡᠨ᠎ᠦ ᠠᠷᠠᠳ ᠲᠦᠮᠡᠨ᠎ᠦ ᠬᠠᠮᠤᠭ᠎ᠤᠨ ᠡᠷᠬᠢᠮ ᠨᠠᠨᠳᠢᠨ ᠣᠶᠤᠨ ᠰᠠᠨᠠᠭᠠᠨ᠎ᠤ ᠥᠪ ᠬᠥᠷᠥᠩᠭᠡ ᠮᠥᠨ᠂ ᠥᠪᠥᠷ ᠮᠣᠩᠭᠣᠯ᠎ᠤᠨ ᠦᠯᠢᠭᠡᠷ᠎ᠢ ᠰᠠᠢᠲᠤᠷ ᠶᠠᠷᠢᠬᠤ᠂ ᠥᠪᠥᠷ ᠮᠣᠩᠭᠣᠯ᠎ᠤᠨ ᠲᠦᠷᠢ ᠲᠥᠷᠬᠦ᠌᠎ᠶ᠋ᠢ ᠱᠤᠭᠤᠬᠤ ᠴᠢᠬᠤᠯᠠ ᠰᠣᠶᠣᠯ᠎ᠤᠨ ᠡᠬᠢ ᠪᠠᠶᠠᠯᠢᠭ ᠪᠠᠢᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠣᠶᠣᠯ᠎ᠤᠨ ᠢᠲᠡᠭᠡᠯ᠎ᠢᠶᠡᠨ ᠪᠠᠲᠤᠳᠭᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ᠎ᠳᠤ ᠪᠠᠯᠠᠷᠠᠰᠢ ᠦᠭᠡᠢ ᠤᠶᠤᠨ ᠰᠠᠨᠠᠭᠠᠨ᠎ᠤ ᠬᠦᠴᠦᠨ ᠴᠢᠳᠠᠯ᠎ᠢ ᠤᠯᠭᠤᠵᠤ᠂ ᠥᠪᠥᠷ ᠮᠣᠩᠭᠣᠯ᠎ᠤᠨ ᠱᠢᠨ᠎ᠡ ᠵᠠᠮ᠎ᠢ ᠨᠡᠭᠡᠭᠡᠬᠦ᠂ ᠳᠤᠮᠳᠠ ᠲᠦᠪᠰᠢᠨ ᠳ᠋ᠤ ᠲᠠᠪᠰᠢᠨ ᠤᠷᠤᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠰᠢᠷᠬᠢᠰᠢ ᠦᠭᠡᠢ ᠲᠡᠮᠡᠴᠡᠯ᠎ᠦᠨ ᠡᠬᠢ ᠪᠤᠯᠠᠭ᠎ᠢ ᠬᠠᠩᠭᠠᠵᠠᠢ᠃

(ᠬᠣᠶᠠᠷ) ᠲᠠᠯ᠎ᠠ ᠨᠤᠲᠤᠭ ᠤ᠋ᠨ ᠰᠤᠶᠤᠯ

ᠲᠠᠯ᠎ᠠ ᠨᠤᠲᠤᠭ᠎ᠤᠨ ᠰᠣᠶᠣᠯ ᠪᠣᠯ ᠳᠤᠮᠳᠠᠳᠤ᠎ᠶ᠋ᠢᠨ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠲᠠᠯ᠎ᠠ ᠨᠤᠲᠤᠭ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠦᠶ᠋ᠯᠡᠳᠪᠦᠷᠢᠯᠡᠯ ᠠᠮᠢᠳᠤᠷᠠᠯ᠎ᠤᠨ ᠳᠤᠮᠳᠠ᠎ᠪᠠᠨ ᠪᠠᠢᠭᠠᠯᠢ᠎ᠶ᠋ᠢ ᠡᠷᠬᠢᠮᠯᠡᠨ ᠳᠡᠭᠡᠳᠦᠯᠡᠬᠦ᠌᠂ ᠨᠡᠭᠡᠭᠡᠯᠲᠡ ᠬᠢᠬᠦ᠌᠎ᠶ᠋ᠢ ᠦᠶ᠋ᠯᠡᠳᠦᠯᠭᠡᠵᠢᠭᠦᠯᠬᠦ᠌᠂ ᠢᠲᠡᠭᠡᠯ ᠵᠢᠷᠤᠮ᠎ᠢ ᠬᠢᠴᠢᠶᠡᠩᠭᠦᠢᠯᠡᠨ ᠰᠠᠬᠢᠬᠤ ᠣᠢᠯᠠᠭᠠᠬᠳᠠᠬᠤᠨ ᠢ᠋ ᠰᠠᠨᠠᠭᠠᠴᠢᠯᠠᠨ᠂ ᠣᠷᠭᠢᠯᠤᠮ᠎ᠠ ᠬᠠᠯᠠᠭᠤᠨ ᠪᠥᠭᠡᠳ ᠡᠷᠡᠯᠬᠡᠭ ᠪᠠᠭᠠᠲᠤᠷᠯᠢᠭ ᠡᠷᠡᠰ ᠪᠠᠳᠤ ᠵᠠᠩ ᠴᠢᠨᠠᠷ᠎ᠢ ᠢᠯᠡᠷᠡᠭᠦᠯᠦᠭᠰᠡᠨ᠂ ᠲᠠᠯ᠎ᠠ ᠨᠤᠲᠤᠭ᠎ᠤᠨ ᠠᠮᠢ ᠠᠬᠤᠶ ᠣᠷᠴᠢᠨ ᠲᠣᠭᠣᠷᠢᠨ᠎ᠯᠤᠭ᠎ᠠ ᠬᠠᠷᠢᠯᠴᠠᠨ ᠵᠣᠬᠢᠴᠠᠭ᠍ᠰᠠᠨ ᠥᠪᠡᠷᠮᠢᠴᠡ ᠣᠨᠴᠠᠯᠢᠭ᠎ᠲᠠᠶ ᠰᠣᠶᠣᠯ ᠮᠥᠨ᠃

ᠳᠤᠮᠳᠠᠳᠤ ᠤᠯᠤᠰ᠎ᠤᠨ ᠡᠷᠲᠡᠨ᠎ᠦ ᠤᠮᠠᠷᠠᠲᠤ᠎ᠶ᠋ᠢᠨ ᠦᠨᠳᠦᠰᠦᠲᠡᠨ ᠪᠣᠯ ᠨᠡᠭᠦᠳᠡᠯᠯᠡᠨ ᠮᠠᠯᠵᠢᠬᠤ᠎ᠪᠠᠷ ᠭᠣᠣᠯ ᠪᠤᠯᠭᠠᠵᠤ᠂ ᠵᠢᠭᠠᠰᠤ ᠠᠩᠨᠠᠬᠤ᠂ ᠲᠠᠷᠢᠶᠠᠯᠠᠬᠤ ᠵᠡᠷᠭᠡ ᠣᠯᠠᠨ ᠵᠦᠢᠯ᠎ᠦᠨ ᠦᠢᠯᠡᠳᠪᠦᠷᠢᠯᠡᠯ᠎ᠦᠨ ᠠᠷᠭ᠎ᠠ ᠮᠠᠶᠢᠭ᠎ᠢ᠋ ᠬᠠᠪᠰᠤᠷᠭᠠᠵᠤ ᠪᠠᠢᠵᠠᠶ᠃ ᠵᠢᠱ᠌ᠢᠶᠡᠯᠡᠪᠡᠯ ᠾᠦᠩᠨᠦ᠍᠂ ᠦᠬᠤᠸᠠᠨ᠂ ᠱᠢᠶᠡᠨᠪᠢ᠂ ᠲᠶᠦ᠋ᠷᠺ᠂ ᠡᠷᠳᠡᠨ ᠤ᠋ ᠤᠢᠭᠤᠷ᠂ ᠬᠢᠳᠠᠨ᠂ ᠵᠦᠷᠴᠢᠨ᠂ ᠮᠣᠩᠭᠣᠯ᠂ ᠬᠢᠲᠠᠳ ᠵᠡᠷᠭᠡ ᠮᠠᠨ᠎ᠤ ᠤᠯᠤᠰ᠎ᠤᠨ ᠤᠮᠠᠷᠠᠲᠤ ᠣᠷᠣᠨ᠎ᠳᠤ ᠤᠷᠳᠤ ᠬᠤᠭᠤᠴᠠᠭ᠎ᠠ᠎ᠪᠠᠷ ᠠᠵᠤ ᠲᠦᠷᠦᠨ ᠠᠮᠢᠳᠤᠷᠠᠵᠤ᠂ ᠵᠦᠩᠶᠤᠸᠠᠨ ᠣᠷᠣᠨ᠎ᠯᠤᠭ᠎ᠠ ᠨᠢᠭ᠍ᠲᠠ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠪᠠᠨ ᠪᠠᠲᠤᠯᠠᠬᠤ ᠲᠡᠦᠬᠡᠨ ᠶᠠᠪᠤᠴᠠ᠎ᠳᠤ᠂ ᠤᠯᠤᠰ ᠲᠦᠷᠦ᠍᠎ᠶ᠋ᠢᠨ ᠪᠠᠢᠭᠤᠯᠤᠯ᠂ ᠪᠣᠳᠠᠰ᠎ᠤᠨ ᠦᠢᠯᠡᠳᠪᠦᠷᠢᠯᠡᠯ᠂ ᠡᠰᠢ ᠶᠣᠰᠣᠨ᠎ᠤ ᠦᠵᠡᠯ ᠰᠠᠨᠠᠭ᠎ᠠ᠂ ᠤᠳᠭ᠎ᠠ ᠵᠣᠬᠢᠶᠠᠯ ᠤᠷᠠᠯᠢᠭ ᠵᠡᠷᠭᠡ 《ᠲᠠᠯ᠎ᠠ ᠨᠤᠲᠤᠭ》 ᠤ᠋ᠨ ᠣᠨᠴᠠᠯᠢᠭ᠎ᠲᠠᠶ ᠠᠯᠢ ᠤᠯᠠᠨ ᠰᠣᠶᠣᠯ᠎ᠤᠨ ᠠᠭᠤᠯᠤᠬᠳᠠᠬᠤᠨ᠎ᠢ ᠡᠭᠦᠳᠴᠦ᠍᠂ ᠠᠭᠠᠵᠢᠮ᠎ᠢᠶᠠᠷ《ᠪᠠᠢᠭᠠᠯᠢ᠎ᠶ᠋ᠢ ᠡᠷᠬᠢᠮᠯᠡᠬᠦ᠂ ᠨᠡᠭᠡᠭᠡᠯᠳᠡ᠎ᠶ᠋ᠢ ᠦᠢᠯᠡᠳᠦᠯᠭᠡᠵᠢᠭᠦᠯᠬᠦ᠂ ᠢᠲᠡᠭᠡᠯ ᠵᠢᠷᠤᠮ᠎ᠢ ᠰᠠᠬᠢᠬᠤ》ᠣᠢᠯᠠᠭᠠᠭ᠍ᠳᠠᠬᠤᠨ᠎ᠢ ᠪᠦᠷᠢᠯᠳᠦᠭᠦᠯᠦᠭ᠌ᠰᠡᠨ ᠪᠠᠢᠨ᠎ᠠ᠃ ᠪᠠᠢᠯᠳᠤᠭᠠᠨᠲᠤ ᠤᠯᠤᠰ᠎ᠤᠨ ᠵᠣᠣ ᠡᠦ ᠯᠢᠩ ᠸᠠᠩ 《ᠬᠣ᠌ ᠵᠢᠨ ᠬᠤᠪᠴᠠᠰᠤ ᠡᠮᠦᠰᠴᠦ᠍ ᠨᠠᠮᠨᠠᠬᠤ》 ᠶ᠋ᠢ ᠬᠡᠷᠡᠭ᠌ᠵᠢᠭᠦᠯᠵᠦ᠍᠂ ᠮᠠᠯ ᠠᠵᠤ ᠠᠬᠤᠶ᠎ᠲᠠᠷᠢᠶᠠᠯᠠᠩ ᠤ᠋ᠨ ᠰᠣᠶᠣᠯ᠎ᠤᠨ ᠠᠭᠤᠰᠤᠯᠴᠠᠯ᠎ᠢ ᠠᠬᠢᠭᠤᠯᠪᠠ᠃ ᠤᠮᠠᠷᠠᠲᠤ᠎ᠶ᠋ᠢᠨ ᠲᠠᠯ᠎ᠠ ᠨᠤᠲᠤᠭ᠎ᠲᠤ ᠮᠠᠨᠳᠤᠭ᠍ᠰᠠᠨ ᠱᠢᠶᠡᠨᠪᠢᠴᠤᠳ ᠤᠮᠠᠷᠠᠲᠤ ᠸᠧᠶ ᠤᠯᠤᠰ᠎ᠤᠨ ᠲᠥᠷᠥ᠍᠎ᠶ᠋ᠢ ᠪᠠᠢᠭᠤᠯᠵᠤ᠂ ᠱᠢᠶᠤᠤ ᠸᠸᠨ ᠳ᠋ᠢ ᠬᠠᠭᠠᠨ᠎ᠤ ᠦᠶ᠎ᠡ᠎ᠳᠦ ᠬᠢᠲᠠᠳᠴᠢᠯᠠᠬᠤ ᠥᠭᠡᠷᠡᠴᠢᠯᠡᠯᠲᠡ ᠬᠢᠵᠦ᠍᠂ ᠨᠡᠭᠦᠳᠡᠯ ᠮᠠᠯᠵᠢᠯ᠎ᠤᠨ ᠤᠯᠠᠮᠵᠢᠯᠠᠯ ᠪᠠ ᠵᠦᠩᠶᠤᠸᠠᠨ ᠣᠷᠣᠨ᠎ᠤ ᠰᠣᠶᠣᠯ᠎ᠤᠨ ᠠᠭᠤᠰᠤᠯᠴᠠᠯ ᠢ᠋ ᠲᠦᠷᠭᠡᠳᠭᠡᠵᠡᠶ᠃ ᠬᠢᠳᠠᠨᠴᠤᠳ ᠤᠮᠠᠷᠠᠲᠤ ᠬᠢᠯᠢ᠎ᠳᠦ ᠵᠦᠩᠶᠤᠸᠠᠨ ᠣᠷᠣᠨ᠎ᠤ ᠸᠠᠩᠲᠤ ᠲᠥᠷᠥ᠍᠎ᠶ᠋ᠢ ᠳᠠᠭᠤᠷᠢᠶᠠᠨ ᠯᠢᠶᠣᠤ ᠤᠯᠤᠰ᠎ᠢ ᠪᠠᠢᠭᠤᠯᠵᠤ᠂ ᠲᠠᠩ ᠤᠯᠤᠰ᠎ᠡᠴᠡ ᠰᠤᠷᠤᠯᠴᠠᠨ ᠰᠦᠩ ᠤᠯᠤᠰ᠎ᠲᠠᠢ ᠠᠳᠠᠯᠢᠳᠭᠠᠭ᠍ᠰᠠᠨ ᠪᠠᠢᠨ᠎ᠠ᠃ ᠬᠤᠪᠢᠯᠠᠶ ᠱᠠᠨᠭᠳᠤ ᠵᠢᠨ ᠰᠢᠷ᠎ᠠ ᠲᠠᠯ᠎ᠠ ᠳ᠋ᠤ ᠲᠦᠷ ᠪᠠᠭᠤᠳᠠᠯᠯᠠᠵᠤ᠂ ᠣᠯᠠᠨ ᠦᠨᠳᠦᠰᠦᠲᠡᠨ᠎ᠦ ᠤᠷᠢᠳ ᠡᠮᠦᠨ᠎ᠡ ᠭᠠᠷᠤᠭ᠎ᠠ ᠦᠭᠡᠶ ᠶᠡᠬᠡ ᠨᠢᠭᠡᠳᠦᠯ᠎ᠦᠨ ᠶᠤᠸᠠᠨ ᠤᠯᠤᠰ᠎ᠢ ᠪᠠᠢᠭᠤᠯᠵᠠᠶ᠃ ᠡᠮᠦᠨᠡᠲᠦ ᠤᠮᠠᠷᠠᠲᠤ ᠲᠦᠷᠦ᠍᠎ᠶ᠋ᠢᠨ ᠠᠷᠠᠳ᠎ᠤᠨ ᠳᠠᠭᠤᠤ 《ᠴᠡᠯᠡᠭᠡᠷ ᠲᠠᠯ᠎ᠠ᠎ᠶ᠋ᠢᠨ ᠳᠠᠭᠤᠤ》 ᠮᠢᠩᠭᠠᠨ ᠵᠢᠯ ᠤᠯᠠᠮᠵᠢᠯᠠᠭ᠍ᠳᠠᠨ ᠳᠠᠭᠤᠯᠠᠭ᠍ᠳᠠᠵᠤ᠂ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠦᠵᠡᠰᠭᠦᠯᠡᠩᠲᠦ ᠰᠠᠢᠬᠠᠨ ᠠᠮᠢ ᠠᠬᠤᠢ᠎ᠣᠷᠴᠢᠨ ᠲᠣᠭᠣᠷᠢᠨ᠎ᠢ ᠵᠢᠷᠤᠭ᠍ᠯᠠᠵᠤ᠂ ᠤᠮᠠᠷᠠᠲᠤ ᠬᠢᠯᠢ᠎ᠶ᠋ᠢᠨ ᠬᠥᠪᠡᠭᠦᠳ ᠥᠬᠢᠳ᠎ᠦᠨ ᠪᠠᠢᠭᠠᠯᠢ᠎ᠪᠠᠨ ᠬᠠᠢᠷᠠᠯᠠᠬᠤ ᠪᠠ ᠠᠭᠤᠳᠠᠮᠴᠢ ᠪᠠᠭ᠍ᠲᠠᠭᠠᠮᠵᠢᠲᠠᠢ ᠨᠡᠭᠡᠭᠡᠯᠲᠡᠲᠡᠢ ᠪᠠᠢᠬᠤ ᠣᠮᠣᠭ ᠵᠣᠷᠢᠭ᠎ᠢ ᠢᠯᠡᠷᠡᠭᠦᠯᠵᠡᠢ᠃

ᠲᠠᠯ᠎ᠠ ᠨᠤᠲᠤᠭ᠎ᠤᠨ ᠰᠣᠶᠣᠯ ᠬᠢᠭᠡᠳ ᠲᠠᠷᠢᠶᠠᠯᠠᠬᠤ᠂ ᠠᠩ ᠠᠨᠭᠨᠠᠯ ᠵᠡᠷᠭᠡ ᠣᠯᠠᠨ ᠵᠦᠢᠯ᠎ᠦᠨ ᠰᠣᠶᠣᠯ᠎ᠤᠨ ᠬᠡᠯᠪᠡᠷᠢ ᠨᠢ ᠳᠤᠮᠳᠠᠳᠤ᠎ᠶ᠋ᠢᠨ ᠰᠣᠶᠣᠯ᠎ᠤᠨ ᠬᠦᠴᠦᠲᠦ ᠤᠷᠤᠰᠭᠠᠯ᠎ᠳᠤ ᠨᠡᠢᠯᠡᠨ ᠤᠷᠤᠭ᠍ᠰᠠᠨ ᠪᠠᠢᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠄ 《ᠲᠡᠦᠬᠡ᠎ᠶ᠋ᠢᠨ ᠤᠷᠳᠤ ᠠᠶᠠᠨ᠎ᠳᠤ᠂ ᠲᠠᠷᠢᠶᠠᠯᠠᠬᠤ ᠪᠣᠯᠪᠠᠰᠤᠨ᠎ᠤ ᠠᠵᠢᠯᠴᠢ ᠬᠥᠳᠡᠯᠮᠦᠷᠢᠴᠢ ᠡᠭᠡᠯ ᠪᠣᠷᠣᠭ᠍ᠵᠢᠭᠤᠨ᠂ ᠶᠣᠰᠣᠯᠠᠯ᠎ᠢ ᠡᠷᠬᠢᠮᠯᠡᠨ ᠥᠷᠥᠱᠢᠶᠡᠯ᠎ᠢ ᠳᠣᠲᠣᠨᠣᠴᠢᠯᠠᠬᠤ᠂ ᠲᠠᠯ᠎ᠠ ᠨᠤᠲᠤᠭ᠎ᠤᠨ ᠪᠣᠯᠪᠠᠰᠤᠨ᠎ᠤ ᠬᠥᠭ᠌ᠵᠢᠯ ᠪᠠᠳᠠᠷᠠᠯ᠎ᠲᠠᠶ᠂ ᠡᠷᠡᠯᠬᠡᠭ ᠪᠠᠭᠠᠲᠤᠷᠯᠢᠭ ᠢᠳᠡᠷᠡᠭᠦᠨ ᠳᠣᠷᠪᠢᠲᠠᠢ᠂ ᠲᠠᠯᠠᠢ ᠲᠠᠩᠭᠢᠰ᠎ᠤᠨ ᠪᠣᠯᠪᠠᠰᠤᠨ᠎ᠤ ᠲᠠᠯᠠᠢ ᠲᠠᠩᠭᠢᠰ ᠵᠠᠭᠤᠨ ᠮᠥᠷᠡᠨ᠎ᠢ ᠪᠠᠭ᠍ᠲᠠᠭᠠᠵᠤ᠂ ᠡᠷᠡᠯᠬᠡᠭ᠌ᠯᠡᠨ ᠲᠡᠮᠡᠴᠡᠪᠡᠯ ᠢᠯᠠᠯᠲᠠ ᠣᠯᠬᠤ ᠨᠢ ᠳᠤᠮᠳᠠᠳᠤ᠎ᠶ᠋ᠢᠨ ᠦᠨᠳᠦᠰᠦᠲᠡᠨ᠎ᠦ ᠣᠨᠴᠠ ᠴᠢᠨᠡᠷ ᠪᠠ ᠲᠥᠷᠥᠯᠬᠢ ᠠᠪᠢᠶᠠᠰ᠎ᠢ ᠲᠠᠰᠤᠷᠠᠯᠳᠡ ᠦᠭᠡᠢ ᠱᠢᠩᠭᠡᠭᠡᠵᠦ᠍᠂ ᠤᠯᠤᠰ ᠵᠢᠡᠨ ᠬᠠᠢᠷᠠᠯᠠᠬᠤ ᠦᠵᠡᠯ᠎ᠢᠶᠡᠷ ᠭᠣᠣᠯ ᠪᠣᠯᠭᠠᠭ᠍ᠰᠠᠨ ᠠᠭᠤᠤ ᠶᠡᠬᠡ ᠦᠨᠳᠦᠰᠦᠲᠡᠨ᠎ᠦ ᠵᠣᠷᠢᠭ ᠰᠠᠨᠠᠭ᠎ᠠ᠎ᠶ᠋ᠢ ᠬᠠᠮᠲᠤ ᠪᠠᠷ ᠪᠦᠳᠦᠭᠡᠭᠰᠡᠨ ᠪᠠᠢᠨ᠎ᠠ》 ᠭᠡᠵᠤ ᠵᠢᠭᠠᠵᠤ ᠭᠠᠷᠭᠠᠪᠠ᠃ ᠲᠠᠯ᠎ᠠ ᠨᠤᠲᠤᠭ᠎ᠤᠨ ᠰᠣᠶᠣᠯ᠎ᠢ ᠳᠤᠮᠳᠠᠳᠤ᠎ᠶ᠋ᠢᠨ ᠪᠣᠯᠪᠠᠰᠤᠨ᠎ᠳᠤ ᠱᠢᠩᠭᠡᠭᠡᠵᠦ᠍᠂ ᠳᠤᠮᠳᠠᠳᠤ ᠶ᠋ᠢᠨ ᠦᠨᠳᠦᠰᠦᠲᠡᠨ᠎ᠦ ᠣᠨᠴᠠ ᠴᠢᠨᠡᠷ ᠪᠠ ᠲᠥᠷᠥᠯᠬᠢ ᠠᠪᠢᠶᠠᠰ ᠎ᠤᠨ ᠨᠢᠭᠡ ᠪᠣᠯᠭᠠᠵᠤ᠂ ᠤᠯᠤᠰ᠎ᠢᠶᠡᠨ ᠬᠠᠢᠷᠠᠯᠠᠬᠤ ᠦᠵᠡᠯ᠎ᠢᠶᠡᠷ ᠭᠣᠣᠯ ᠪᠣᠯᠭᠠᠭ᠍ᠰᠠᠨ ᠠᠭᠤᠤ ᠶᠡᠬᠡ ᠦᠨᠳᠦᠰᠦᠲᠡᠨ᠎ᠦ ᠵᠣᠷᠢᠭ ᠰᠠᠨᠠᠭ᠎ᠠ᠎ᠶ᠋ᠢ ᠬᠠᠮᠲᠤ᠎ᠪᠠᠷ ᠪᠤᠶ ᠪᠣᠯᠭᠠᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭ᠌ᠰᠡᠨ ᠪᠠᠢᠨ᠎ᠠ᠃

(ᠭᠤᠷᠪᠠ) ᠲᠠᠷᠢᠶᠠᠯᠠᠬᠤ ᠰᠣᠶᠣᠯ

ᠲᠠᠷᠢᠶᠠᠯᠠᠬᠤ ᠰᠣᠶᠣᠯ ᠪᠣᠯ ᠵᠠᠭᠤ ᠮᠢᠩᠭᠠᠨ ᠵᠢᠯ᠎ᠦᠨ ᠲᠤᠷᠱᠢᠬᠢ ᠳᠤᠮᠳᠠᠳᠤ᠎ᠶ᠋ᠢᠨ ᠦᠨᠳᠦᠰᠦᠲᠡᠨ᠎ᠦ ᠲᠠᠷᠢᠶᠠᠯᠠᠩ ᠦᠢᠯᠡᠳᠪᠦᠷᠢᠯᠡᠯ ᠬᠥᠳᠡᠯᠮᠦᠷᠢ᠂ ᠨᠡᠢᠭᠡᠮ᠎ᠦᠨ ᠡᠳᠦᠷ ᠲᠤᠳᠤᠮ᠎ᠤᠨ ᠠᠮᠢᠳᠤᠷᠠᠯ᠎ᠤᠨ ᠳᠤᠮᠳᠠ ᠪᠦᠷᠢᠯᠳᠦᠭ᠌ᠰᠡᠨ ᠰᠣᠶᠣᠯ ᠮᠥᠨ᠂ ᠲᠡᠭᠦᠨ᠎ᠳᠦ ᠡᠯᠪᠡᠭ ᠪᠠᠶᠠᠯᠢᠭ ᠦᠵᠡᠯ ᠰᠠᠨᠠᠭ᠎ᠠ ᠣᠢᠯᠠᠭᠠᠭ᠍ᠳᠠᠬᠤᠨ᠂ ᠰᠤᠶᠤᠯ ᠢᠷᠭᠡᠨᠰᠢᠯ ᠤ᠋ᠨ ᠵᠣᠷᠢᠭ ᠰᠠᠨᠠᠭ᠎ᠠ ᠪᠠ ᠶᠣᠰᠣ ᠮᠣᠷᠠᠯ᠎ᠤᠨ ᠵᠢᠷᠤᠮᠵᠢᠯ ᠵᠡᠷᠭᠡ᠎ᠶ᠋ᠢ ᠠᠬᠤᠭᠤᠯᠵᠤ ᠪᠠᠢᠳᠠᠭ᠃ ᠳᠤᠮᠳᠠᠳᠤ᠎ᠶ᠋ᠢᠨ ᠡᠬᠡ ᠭᠠᠵᠠᠷ ᠳᠡᠭᠡᠷ᠎ᠡ ᠲᠠᠷᠢᠶᠠᠯᠠᠬᠤ ᠰᠣᠶᠣᠯ ᠥᠷᠭᠡᠨ ᠳᠡᠯᠭᠡᠷ ᠲᠠᠷᠬᠠᠵᠤ᠂ ᠠᠳᠠᠯᠢ ᠪᠤᠰᠤ ᠭᠠᠵᠠᠷ ᠣᠷᠣᠨ᠎ᠳᠤ ᠣᠷᠣᠨ ᠪᠦᠰᠡ᠎ᠶ᠋ᠢᠨ ᠣᠨᠴᠠᠯᠢᠭ᠎ᠲᠠᠶ ᠪᠠᠢᠳᠠᠭ ᠃

ᠥᠪᠥᠷ ᠮᠣᠩᠭᠣᠯ ᠣᠷᠣᠨ ᠪᠣᠯ ᠮᠠᠨ᠎ᠤ ᠤᠯᠤᠰ᠎ᠤᠨ ᠲᠠᠷᠢᠶᠠᠯᠠᠬᠤ ᠰᠣᠶᠣᠯ᠎ᠤᠨ ᠴᠢᠬᠤᠯᠠ ᠡᠭᠦᠰᠦᠯᠲᠡ ᠎ᠶ᠋ᠢᠨ ᠭᠠᠵᠠᠷ ᠮᠥᠨ᠃ ᠪᠠᠯᠠᠷ ᠡᠷᠲᠡᠨ᠎ᠦ ᠦᠶ᠎ᠡ᠎ᠳᠦ᠂ ᠲᠠᠷᠢᠶᠠᠯᠠᠩ ᠦᠢᠯᠡᠳᠪᠦᠷᠢᠯᠡᠯ᠎ᠦᠨ ᠠᠷᠭ᠎ᠠ ᠡᠬᠢᠯᠡᠨ ᠪᠤᠢ ᠪᠤᠯᠵᠤ᠂ ᠱᠢᠩ ᠯᠦᠩ ᠸᠠ ᠵᠢᠨ ᠰᠣᠶᠣᠯ᠂ ᠬᠤᠩᠱᠠᠨ ᠤ᠋ ᠰᠣᠶᠣᠯ᠂ ᠢᠦᠢ ᠮᠢᠨ ᠤ᠋ ᠰᠣᠶᠣᠯ᠂ ᠱᠢᠶᠠ ᠵᠢᠶᠠ ᠳ᠋ᠢᠶᠠᠨ᠎ᠤ ᠲᠤᠤᠷᠠᠳᠤ ᠳᠠᠪᠬᠤᠷᠭ᠎ᠠ᠎ᠶ᠋ᠢᠨ ᠰᠣᠶᠣᠯ ᠵᠡᠷᠭᠡ ᠰᠣᠶᠣᠯ᠎ᠤᠨ ᠦᠯᠡᠳᠡᠭ᠌ᠳᠡᠯ᠎ᠡᠴᠡ ᠨᠠᠷᠢᠮᠤ᠎ᠶ᠋ᠢᠨ ᠲᠦᠷᠦᠯ᠎ᠦᠨ ᠦᠷ᠎ᠡ ᠵᠢᠴᠢ ᠴᠢᠯᠠᠭᠤᠨ ᠰᠦᠬᠡ᠂ ᠴᠢᠯᠠᠭᠤᠨ ᠲᠡᠭᠡᠷᠮ᠎ᠡ ᠵᠡᠷᠭᠡ ᠲᠠᠷᠢᠶᠠᠯᠠᠩ᠎ᠤᠨ ᠦᠢᠯᠡᠳᠪᠦᠷᠢᠯᠡᠯ᠎ᠦᠨ ᠪᠠᠭᠠᠵᠢ᠎ᠶ᠋ᠢ ᠢᠯᠡᠷᠡᠭᠦᠯᠪᠡ᠃ ᠴᠢᠨ ᠤᠯᠤᠰ ᠬᠠᠨ ᠤᠯᠤᠰ᠎ᠤᠨ ᠦᠶ᠎ᠡ᠎ᠳᠦ ᠪᠣᠷᠣᠲᠣᠬᠣᠶ ᠣᠷᠣᠨ᠎ᠳᠤ ᠠᠲᠠᠷ ᠬᠠᠭᠠᠯᠪᠤᠷᠢᠯᠠᠨ ᠠᠷᠠᠳ᠎ᠢ ᠨᠡᠭᠦᠯᠭᠡᠬᠦ᠌ ᠠᠵᠢᠯ᠎ᠢ ᠥᠷᠨᠢᠭᠦᠯᠵᠦ᠍᠂ ᠲᠡᠭᠦᠨ᠎ᠡᠴᠡ ᠬᠣᠢᠰᠢ ᠦᠶ᠎ᠡ ᠦᠶ᠎ᠡ᠎ᠶ᠋ᠢᠨ ᠸᠠᠩᠲᠤ ᠲᠦᠷᠦ᠍ ᠪᠠ ᠣᠷᠣᠨ ᠨᠤᠲᠤᠭ᠎ᠤᠨ ᠵᠠᠰᠠᠭ᠎ᠡᠴᠡ ᠪᠦᠷ ᠥᠪᠥᠷ ᠮᠣᠩᠭᠣᠯ ᠣᠷᠣᠨ᠎ᠳᠤ ᠲᠠᠷᠢᠶᠠᠯᠠᠩ᠎ᠤᠨ ᠨᠡᠭᠡᠭᠡᠨ ᠬᠥᠭ᠌ᠵᠢᠭᠦᠯᠦᠯᠲᠡ ᠬᠢᠵᠡᠶ᠃ ᠱᠢᠶᠠᠨᠪᠢᠴᠤᠳ ᠬᠤᠷᠢᠨᠭᠡᠷ ᠲᠤ᠌ ᠨᠡᠢᠰᠯᠡᠯ᠎ᠢᠶᠡᠨ ᠪᠠᠢᠭᠤᠯᠤᠭ᠍ᠰᠠᠨ᠎ᠤ ᠳᠠᠷᠠᠭ᠎ᠠ ᠠᠭᠠᠵᠢᠮ᠎ᠢᠶᠠᠷ ᠲᠠᠷᠢᠶᠠᠯᠠᠩ ᠠᠵᠤ ᠠᠬᠤᠶ᠎ᠳᠤ ᠱᠢᠯᠵᠢᠭ᠌ᠰᠡᠨ ᠪᠠᠢᠨ᠎ᠠ᠃ ᠯᠢᠶᠣᠤ ᠱᠢᠶᠠ ᠠᠯᠲᠠᠨ ᠤᠯᠤᠰ ᠶᠤᠸᠠᠨ ᠤᠯᠤᠰ᠎ᠤᠨ ᠡᠯ᠎ᠡ ᠲᠥᠷᠥ᠎ᠶ᠋ᠢᠨ ᠡᠷᠬᠡ ᠨᠢ ᠤᠮᠠᠷᠠᠲᠤ ᠬᠢᠯᠢ᠎ᠶ᠋ᠢᠨ ᠣᠷᠣᠨ᠎ᠳᠤ ᠳᠦᠷᠢᠮ ᠲᠣᠭ᠍ᠲᠠᠭᠠᠯ ᠲᠣᠭ᠍ᠲᠠᠭᠠᠨ᠂ ᠲᠠᠷᠢᠶᠠᠯᠠᠩ ᠦᠢᠯᠡᠳᠪᠦᠷᠢᠯᠡᠯ᠎ᠢ ᠳᠡᠯᠭᠡᠷᠡᠭᠦᠯᠵᠦ᠍᠂ ᠵᠦᠩᠶᠤᠸᠠᠨ ᠣᠷᠣᠨ᠎ᠤ ᠪᠢᠴᠢᠭ᠎ᠦᠨ ᠰᠤᠷᠭᠠᠯᠲᠠᠨ᠎ᠤ ᠰᠣᠶᠣᠯ ᠡᠨᠳᠡ ᠥᠷᠭᠡᠨ᠎ᠢᠶᠡᠷ ᠳᠡᠯᠭᠡᠷᠡᠵᠡᠶ᠃ ᠮᠢᠩ ᠤᠯᠤᠰ᠎ᠤᠨ ᠦᠶ᠎ᠡ᠎ᠳᠦ ᠮᠣᠩᠭᠣᠯ ᠬᠢᠲᠠᠳ ᠦᠨᠳᠦᠰᠦᠲᠡᠨ᠎ᠨᠦᠭᠦᠳ ᠬᠠᠮᠲᠤ᠎ᠪᠠᠷ 《ᠹᠸᠩᠵᠸᠤ ᠵᠢᠨ ᠲᠠᠯ᠎ᠠ》 ᠵᠢ ᠪᠦᠳᠦᠭᠡᠨ ᠪᠠᠢᠭᠤᠯᠵᠤ᠂ ᠪᠠᠨ ᠱᠸᠩ᠎ᠤᠨ ᠲᠠᠷᠢᠶᠠᠯᠠᠩ᠎ᠢ ᠬᠥᠭ᠌ᠵᠢᠭᠦᠯᠵᠡᠢ᠃ ᠴᠢᠩ ᠤᠯᠤᠰ᠎ᠤᠨ ᠦᠶ᠎ᠡ ᠵᠢᠨ 《ᠪᠤᠭᠤᠮᠳᠠ ᠵᠢᠨ ᠭᠠᠳᠠᠨ᠎ᠠ ᠮᠤᠷᠳᠠᠬᠤ》 ᠨᠡᠬᠦᠳᠡᠯ ᠳ᠋ᠤ᠌ ᠶᠡᠬᠡ ᠬᠡᠮᠵᠢᠶᠡᠨ᠎ᠦ ᠨᠡᠭᠦᠳᠡᠯᠴᠢᠨ ᠠᠷᠠᠳ ᠪᠠᠷᠠᠭᠤᠨᠰᠢ ᠣᠷᠣᠵᠤ ᠤᠮᠠᠷᠠᠰᠢ ᠮᠣᠷᠳᠠᠵᠤ᠂ ᠴᠢᠩ ᠤᠯᠤᠰ᠎ᠤᠨ ᠵᠠᠰᠠᠭ᠎ᠡᠴᠡ ᠳ᠋ᠤᠤ ᠹᠦ᠋ ᠵᠧᠸ᠋ ᠲᠢᠩᠬᠢᠮ ᠱᠢᠶᠠᠨ ᠵᠡᠷᠭᠡ ᠵᠠᠰᠠᠭ ᠵᠠᠬᠢᠷᠭᠠᠨ᠎ᠤ ᠪᠠᠢᠭᠤᠯᠤᠮᠵᠢ ᠪᠠᠢᠭᠤᠯᠤᠨ ᠲᠠᠷᠢᠶᠠᠯᠠᠬᠤ ᠣᠷᠣᠨ᠎ᠤ ᠬᠠᠮᠢᠶᠠᠷᠤᠯᠲᠠ᠎ᠪᠠᠨ ᠴᠢᠩᠭᠠᠳᠭᠠᠵᠤ᠂ ᠮᠠᠨ᠎ᠤ ᠤᠯᠤᠰ᠎ᠤᠨ ᠤᠮᠠᠷᠠᠲᠤ ᠬᠢᠯᠢ᠎ᠶ᠋ᠢᠨ ᠲᠠᠷᠢᠶᠠᠯᠠᠬᠤ ᠰᠣᠶᠣᠯ᠎ᠤᠨ ᠬᠥᠭ᠌ᠵᠢᠯᠲᠡ᠎ᠶ᠋ᠢ ᠠᠬᠢᠭᠤᠯᠤᠭ᠍ᠰᠠᠨ ᠪᠠᠢᠨ᠎ᠠ᠃

ᠥᠪᠥᠷ ᠮᠣᠩᠭᠣᠯ ᠣᠷᠣᠨ᠎ᠤ ᠲᠠᠷᠢᠶᠠᠯᠠᠬᠤ ᠰᠣᠶᠣᠯ ᠨᠢ ᠳᠤᠮᠳᠠᠳᠤ᠎ᠶ᠋ᠢᠨ ᠰᠣᠶᠣᠯ᠎ᠤᠨ ᠬᠠᠯᠠᠭᠤᠨ ᠡᠯᠢᠭᠡᠨ ᠳ᠋ᠤ ᠡᠳᠦᠭᠡ ᠪᠣᠯᠲᠠᠯ᠎ᠠ ᠦᠷᠭᠦᠯᠵᠢᠯᠡᠵᠦ᠍᠂ ᠨᠡᠭᠦᠳᠡᠯ ᠮᠠᠯᠵᠢᠯ᠂ ᠵᠢᠭᠠᠰᠤ ᠠᠩᠨᠠᠬᠤ ᠵᠡᠷᠭᠡ ᠰᠣᠶᠣᠯ᠎ᠲᠠᠶ ᠤᠷᠲᠤ ᠬᠤᠭᠤᠴᠠᠭ᠎ᠠ᠎ᠪᠠᠷ ᠵᠡᠷᠭᠡᠴᠡᠨ ᠣᠷᠣᠱᠢᠵᠤ᠂ ᠣᠷᠣᠨ ᠵᠠᠢ᠎ᠶ᠋ᠢᠨ ᠲᠠᠯ᠎ᠠ᠎ᠪᠠᠷ ᠰᠣᠯᠪᠢᠴᠠᠯᠳᠤᠭ᠍ᠰᠠᠨ ᠬᠡᠯᠪᠡᠷᠢ᠎ᠪᠡᠷ ᠥᠪᠥᠷ ᠮᠣᠩᠭᠣᠯ᠎ᠤᠨ ᠡᠬᠡ ᠭᠠᠵᠠᠷ᠎ᠲᠤ ᠲᠠᠷᠬᠠᠵᠤ ᠪᠤᠢ᠃ ᠮᠠᠨ᠎ᠤ ᠤᠯᠤᠰ᠎ᠤᠨ ᠡᠷᠲᠡᠨ᠎ᠦ ᠤᠮᠠᠷᠠᠲᠤ᠎ᠶ᠋ᠢᠨ ᠦᠨᠳᠦᠰᠦᠲᠡᠨ᠂ ᠵᠢᠱ᠌ᠢᠶᠡᠯᠡᠪᠡᠯ ᠾᠦ᠋ᠨᠭᠨᠤ᠂ ᠦᠬᠤᠸᠠᠨ᠂ ᠱᠢᠶᠡᠨᠪᠢ᠂ ᠲᠶᠦ᠋ᠷᠺ᠂ ᠡᠷᠳᠡᠨ ᠤ᠋ ᠤᠢᠭᠤᠷ᠂ ᠬᠢᠳᠠᠨ᠂ ᠵᠦᠷᠴᠢᠨ᠂ ᠮᠣᠩᠭᠣᠯ ᠵᠡᠷᠭᠡ ᠦᠨᠳᠦᠰᠦᠲᠡᠨ ᠪᠦᠷ ᠲᠠᠷᠢᠶᠠᠯᠠᠩ᠎ᠤᠨ ᠲᠠᠷᠢᠶᠠᠯᠠᠬᠤ ᠮᠡᠷᠭᠡᠵᠢᠯ᠎ᠢ ᠡᠵᠡᠮᠱᠢᠵᠦ᠍᠂ ᠵᠦᠩᠶᠤᠸᠠᠨ ᠣᠷᠣᠨ᠎ᠤ ᠡᠯ᠎ᠡ ᠦᠨᠳᠦᠰᠦᠲᠡᠨ᠎ᠦ ᠣᠯᠠᠨ ᠲᠦᠮᠡᠨ᠎ᠲᠡᠶ ᠬᠠᠮᠲᠤ᠎ᠪᠠᠷ ᠲᠠᠷᠢᠶᠠᠯᠠᠵᠤ᠂ ᠵᠦᠩᠶᠤᠸᠠᠨ ᠣᠷᠣᠨ᠎ᠤ ᠲᠠᠷᠢᠶᠠᠯᠠᠬᠤ ᠰᠣᠶᠣᠯ᠎ᠤᠨ ᠡᠰᠢ ᠶᠣᠰᠣᠨ᠎ᠤ ᠦᠵᠡᠯ ᠰᠠᠨᠠᠭ᠎ᠠ᠂ ᠶᠣᠰᠣ ᠰᠤᠷᠲᠠᠬᠤᠨ᠎ᠤ ᠦᠵᠡᠯᠲᠡ᠎ᠶ᠋ᠢ ᠬᠦᠯᠢᠶᠡᠨ ᠠᠪᠤᠭ᠍ᠰᠠᠨ ᠪᠠᠢᠨ᠎ᠠ᠃ ᠡᠯ᠎ᠡ ᠦᠨᠳᠦᠰᠦᠲᠡᠨ᠎ᠦ ᠣᠯᠠᠨ ᠲᠦᠮᠡᠨ ᠬᠠᠮᠲᠤ᠎ᠪᠠᠷ ᠡᠨᠡ ᠬᠦ᠌ ᠨᠤᠲᠤᠭ ᠳᠡᠪᠢᠰᠭᠡᠷ ᠳᠡᠭᠡᠷ᠎ᠡ ᠲᠠᠷᠢᠶᠠᠯᠠᠵᠤ᠂ ᠨᠡᠭᠦᠳᠡᠯᠯᠡᠨ ᠮᠠᠯᠵᠢᠵᠤ᠂ ᠵᠢᠭᠠᠰᠤ ᠠᠩᠨᠠᠨ᠂ ᠡᠬᠡ ᠤᠯᠤᠰ᠎ᠤᠨ᠎ᠢᠶᠠᠨ ᠤᠮᠠᠷᠠᠲᠤ ᠬᠢᠯᠢ᠎ᠶ᠋ᠢ ᠲᠠᠰᠤᠷᠠᠯᠲᠠ ᠦᠭᠡᠶ ᠨᠡᠭᠡᠭᠡᠨ ᠬᠦᠭᠵᠢᠬᠦᠯᠵᠤ ᠪᠦᠲᠦᠭᠡᠨ ᠪᠠᠢᠭᠤᠯᠵᠤ ᠪᠠᠢᠨ᠎ᠠ᠃ ᠵᠦᠩᠶᠤᠸᠠᠨ ᠣᠷᠣᠨ᠎ᠤ ᠲᠠᠷᠢᠶᠠᠯᠠᠬᠤ ᠰᠣᠶᠣᠯ ᠨᠢ ᠤᠮᠠᠷᠠᠲᠤ ᠬᠢᠯᠢ᠎ᠶ᠋ᠢᠨ ᠠᠵᠤ ᠠᠬᠤᠶ᠎ᠶ᠋ᠢᠨ ᠦᠢᠯᠡᠳᠪᠦᠷᠢᠯᠡᠯ᠎ᠦᠨ ᠠᠷᠭ᠎ᠠ ᠮᠠᠶᠢᠭ᠎ᠢ ᠪᠠᠶᠠᠯᠢᠭ᠍ᠵᠢᠭᠤᠯᠤᠨ ᠬᠥᠭ᠌ᠵᠢᠭᠦᠯᠵᠡᠶ᠃ ᠳᠤᠮᠳᠠᠳᠤ᠎ᠶ᠋ᠢᠨ ᠰᠣᠶᠣᠯ᠎ᠤᠨ ᠤᠯᠠᠮᠵᠢᠯᠠᠯᠲᠤ ᠵᠣᠷᠢᠭ ᠰᠠᠨᠠᠭᠠᠨ᠎ᠤ ᠤᠯᠠᠮᠵᠢᠯᠠᠯ ᠪᠠ ᠬᠥᠭ᠌ᠵᠢᠯᠲᠡ ᠨᠢ ᠤᠮᠠᠷᠠᠲᠤ ᠬᠢᠯᠢ᠎ᠶ᠋ᠢᠨ ᠣᠷᠣᠨ᠎ᠳᠤ ᠦᠨᠳᠦᠰᠦ ᠬᠠᠳᠭᠤᠨ ᠰᠣᠶᠣᠭᠠᠯᠠᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠴᠡᠴᠡᠭ᠌ᠯᠡᠨ ᠬᠥᠭ᠌ᠵᠢᠬᠦ᠌᠎ᠳᠦ ᠰᠠᠭᠤᠷᠢ ᠲᠠᠯᠪᠢᠬᠰᠠᠨ ᠪᠠᠢᠨ᠎ᠠ᠃

(ᠳᠥᠷᠪᠡ) ᠬᠠᠲᠤᠨ ᠭᠣᠣᠯ᠎ᠤᠨ ᠰᠣᠶᠣᠯ

ᠬᠠᠳᠤᠨ ᠭᠤᠤᠯ ᠪᠣᠯ ᠳᠤᠮᠳᠠᠳᠤ᠎ᠶ᠋ᠢᠨ ᠦᠨᠳᠦᠰᠦᠲᠡᠨ᠎ᠦ ᠡᠵᠢ ᠭᠤᠤᠯ ᠮᠦᠨ᠃ ᠮᠤᠷᠤᠯᠵᠠᠨ ᠤᠷᠤᠰᠬᠤ ᠬᠠᠳᠤᠨ ᠭᠤᠤᠯ ᠳᠣᠯᠭᠢᠶᠠᠯᠠᠨ ᠤᠷᠤᠭ᠍ᠰᠢᠯᠠᠵᠤ᠂ ᠨᠤᠭᠤᠷᠠᠰᠢ ᠦᠭᠡᠢ ᠰᠦᠷ ᠳᠠᠯᠠᠢᠴᠠᠳᠠᠢ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ ᠦᠨᠳᠦᠰᠦᠲᠡᠨ᠎ᠦ ᠵᠠᠩ ᠴᠢᠨᠠᠷ᠎ᠢ ᠱᠤᠭᠤᠪᠠ᠂ᠡᠨᠡ ᠪᠤᠯ ᠳᠤᠮᠳᠠᠳᠤ᠎ᠶ᠋ᠢᠨ ᠦᠨᠳᠦᠰᠦᠲᠡᠨ᠎ᠦ ᠰᠣᠶᠣᠯ᠎ᠤᠨ ᠢᠲᠡᠭᠡᠯ᠎ᠢᠶᠡᠨ ᠪᠠᠲᠤᠳᠭᠠᠬᠤ᠎ᠶ᠋ᠢᠨ ᠴᠢᠬᠤᠯᠠ ᠰᠠᠭᠤᠷᠢ ᠪᠣᠯᠤᠨ᠎ᠠ᠃ ᠬᠠᠲᠤᠨ ᠭᠣᠣᠯ᠎ᠤᠨ ᠰᠣᠶᠣᠯ ᠪᠣᠯ ᠳᠤᠮᠳᠠᠳᠤ᠎ᠶ᠋ᠢᠨ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠳᠤᠮᠳᠠᠳᠤ᠎ᠶ᠋ᠢᠨ ᠦᠨᠳᠦᠰᠦᠲᠡᠨ᠎ᠦ ᠦᠨᠳᠦᠰᠦ ᠪᠠ ᠰᠦᠭ ᠰᠦᠨᠡᠰᠦ ᠮᠥᠨ᠂ ᠬᠠᠲᠤᠨ ᠭᠣᠣᠯ᠎ᠤᠨ ᠰᠠᠪᠠ ᠭᠠᠵᠠᠷ᠎ᠤᠨ ᠬᠥᠮᠦᠰ᠎ᠦᠨ ᠣᠨᠴᠠᠭᠠᠢ ᠪᠠᠢᠭᠠᠯᠢ᠎ᠶ᠋ᠢᠨ ᠠᠮᠢ ᠠᠬᠤᠢ ᠣᠷᠴᠢᠨ ᠲᠤᠭᠤᠷᠢᠨ ᠪᠠ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠤᠨ ᠳᠤᠮᠳᠠ ᠪᠦᠷᠢᠯᠳᠦᠭ᠌ᠰᠡᠨ ᠥᠪᠡᠷᠮᠢᠴᠡ ᠰᠣᠶᠣᠯ᠎ᠤᠨ ᠬᠡᠯᠪᠡᠷᠢ ᠮᠥᠨ᠂ ᠲᠡᠷᠡ ᠨᠢ ᠨᠤᠭᠤᠷᠠᠰᠢ ᠦᠭᠡᠢ᠂ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ ᠵᠡᠷᠭᠡ ᠪᠠᠢᠭᠠᠯᠢ ᠪᠠ ᠰᠣᠶᠣᠯ᠎ᠤᠨ ᠣᠨᠴᠠᠯᠢᠭ ᠱᠢᠨᠵᠢ᠎ᠪᠡᠷ᠎ᠢᠶᠡᠨ ᠳᠤᠮᠳᠠᠳᠤ᠎ᠶ᠋ᠢᠨ ᠦᠨᠳᠦᠰᠦᠲᠡᠨ᠎ᠦ ᠰᠣᠶᠣᠯ᠎ᠤᠨ ᠢᠲᠡᠭᠡᠯ᠎ᠢᠶᠡᠨ ᠪᠠᠲᠤᠳᠭᠠᠬᠤ᠎ᠶ᠋ᠢᠨ ᠴᠢᠬᠤᠯᠠ ᠰᠠᠭᠤᠷᠢ ᠪᠠ ᠦᠨᠳᠦᠰᠦᠲᠡᠨ᠎ᠦ ᠵᠠᠩ ᠴᠢᠨᠠᠷ ᠪᠣᠯᠤᠭ᠍ᠰᠠᠨ ᠪᠠᠢᠨ᠎ᠠ᠃

ᠥᠪᠥᠷ ᠮᠣᠩᠭᠣᠯ᠎ᠤᠨ ᠬᠠᠲᠤᠨ ᠭᠤᠤᠯ᠎ᠤᠨ ᠶᠡᠬᠡ ᠲᠤᠬᠤᠢ ᠵᠢᠨ ᠬᠡᠰᠡᠭ ᠤ᠋ᠨ ᠭᠠᠵᠠᠷ ᠣᠷᠣᠨ᠎ᠨᠢ ᠥᠨᠢ ᠤᠳᠠᠭᠠᠨ ᠲᠡᠦᠬᠡ᠎ᠲᠡᠶ ᠶᠤᠮ᠃ ᠪᠠᠯᠠᠷ ᠡᠷᠲᠡᠨ᠎ᠦ ᠦᠶ᠎ᠡ᠎ᠳᠦ᠂ ᠰᠢᠷᠠᠠᠦᠰᠦᠨ ᠪᠠᠭᠤᠷᠢ᠎ᠶ᠋ᠢᠨ《ᠪᠣᠷᠣᠲᠣᠬᠣᠶ᠎ᠶ᠋ᠢᠨ ᠬᠥᠮᠦᠨ》᠂ ᠶᠠᠩᠱᠤᠤ ᠵᠢᠨ ᠰᠣᠶᠣᠯ᠎ᠤᠨ ᠤᠷᠢᠳᠤᠰ ᠡᠨᠡ ᠬᠦ᠌ ᠭᠠᠵᠠᠷ ᠣᠷᠣᠨ᠎ᠳᠤ ᠠᠮᠢᠳᠤᠷᠠᠵᠤ ᠪᠠᠢᠭ᠍ᠰᠠᠨ ᠪᠥᠭᠡᠳ ᠵᠦᠩᠶᠤᠸᠠᠨ ᠣᠷᠣᠨ᠎ᠲᠠᠶ ᠨᠢᠭ᠍ᠲᠠ ᠶᠠᠪᠤᠯᠴᠠᠭ᠎ᠠ᠎ᠲᠠᠶ ᠪᠠᠢᠵᠠᠶ᠃ ᠪᠠᠢᠯᠳᠤᠭᠠᠨᠲᠤ ᠤᠯᠤᠰ᠎ᠤᠨ ᠦᠶ᠎ᠡ᠎ᠳᠦ ᠴᠢᠨ᠂ ᠵᠣᠣ ᠵᠡᠷᠭᠡ ᠤᠯᠤᠰ ᠡᠨᠳᠡ ᠬᠠᠷᠢᠯᠴᠠᠨ ᠥᠷᠢᠰᠥᠯᠳᠦᠨ ᠬᠦᠭᠵᠢᠨ ᠪᠠᠳᠠᠷᠠᠵᠤ ᠂ ᠴᠢᠨ ᠤᠯᠤᠰ ᠣᠷᠳᠣ ᠴᠠᠭᠠᠨ ᠬᠡᠷᠡᠮ᠎ᠢ ᠪᠠᠢᠭᠤᠯᠤᠨ᠂ ᠵᠣᠣ ᠤᠯᠤᠰ ᠶᠦᠨ ᠵᠥᠩ ᠵᠢᠶᠦ᠋ᠨ᠎ᠢ ᠪᠠᠢᠭᠤᠯᠵᠠᠶ᠃ ᠴᠢᠨ ᠤᠯᠤᠰ ᠪᠦᠬᠦ᠌ ᠤᠯᠤᠰ᠎ᠤᠨ ᠨᠢᠭᠡᠳᠦᠯ᠎ᠢ ᠪᠡᠶᠡᠯᠡᠭᠦᠯᠵᠦ᠍᠂ ᠪᠠᠢᠭᠤᠯᠤᠭᠰᠠᠨ 《ᠴᠢᠨ ᠤᠯᠤᠰ᠎ᠤᠨ ᠰᠢᠭᠤᠳ ᠵᠠᠮ》 ᠨᠢ ᠱᠢᠭᠤᠳ ᠮᠤᠨᠢ ᠠᠭᠤᠯᠠᠨ᠎ᠳᠤ ᠬᠦᠷᠴᠦ᠍᠂ ᠥᠪᠥᠷ ᠮᠣᠩᠭᠣᠯ᠎ᠤᠨ ᠬᠠᠲᠤᠨ ᠭᠤᠤᠯ᠎ᠤᠨ ᠶᠡᠬᠡ ᠲᠤᠬᠤᠢ ᠵᠢᠨ ᠬᠡᠰᠡᠭ ᠤ᠋ᠨ ᠭᠠᠵᠠᠷ ᠣᠷᠣᠨ ᠲᠠᠢ ᠨᠡᠪᠲᠡᠷᠡᠭᠦᠯᠵᠦ᠍᠂ ᠵᠠᠮ ᠬᠠᠷᠢᠯᠴᠠᠭ᠎ᠠ ᠶᠠᠪᠤᠯᠴᠠᠭ᠎ᠠ ᠪᠠ ᠠᠵᠤ ᠠᠬᠤᠶ ᠰᠣᠶᠣᠯ᠎ᠤᠨ ᠰᠣᠯᠢᠯᠴᠠᠭ᠎ᠠ᠎ᠳᠤ ᠳᠥᠭᠥᠮ ᠦᠵᠡᠭᠦᠯᠪᠡ᠃ ᠬᠠᠨ ᠤᠯᠤᠰ᠎ᠤᠨ ᠦᠶ᠎ᠡ᠎ᠶ᠋ᠢᠨ《ᠵᠣᠣ ᠵᠢᠶᠦ᠋ᠨ ᠪᠣᠭᠣᠮᠲᠠ᠎ᠵᠢᠨ ᠭᠠᠳᠠᠨ᠎ᠠ ᠮᠤᠷᠳᠠᠭᠰᠠᠨ ᠨᠢ》᠂ ᠰᠦᠶ ᠤᠯᠤᠰ᠎ᠤᠨ ᠦᠶ᠎ᠡ᠎ᠶ᠋ᠢᠨ《ᠵᠢᠨ ᠾᠸ ᠴᠢᠭᠤᠯᠭᠠᠨ》᠂ ᠲᠠᠩ ᠤᠯᠤᠰ᠎ᠤᠨ ᠦᠶ᠎ᠡ᠎ᠶ᠋ᠢᠨ 《ᠲᠩᠷᠢ ᠬᠠᠭᠠᠨ ᠳ᠋ᠤ ᠵᠤᠯᠭᠠᠬᠤ ᠵᠠᠮ》᠂ ᠶᠤᠸᠠᠨ ᠤᠯᠤᠰ᠎ᠤᠨ ᠦᠶ᠎ᠡ᠎ᠶ᠋ᠢᠨ 《ᠨᠠᠷᠢᠨ ᠵᠠᠮ》᠂ ᠣᠷᠴᠢᠨ ᠦᠶ᠎ᠡ᠎ᠶ᠋ᠢᠨ ᠬᠠᠲᠤᠨ ᠭᠣᠣᠯ᠎ᠤᠨ ᠭᠠᠷᠠᠮ᠎ᠤᠨ ᠤᠰᠤᠨ ᠲᠡᠭᠡᠭᠡᠪᠦᠷᠢ ᠵᠡᠷᠭᠡ ᠨᠢ ᠴᠥᠮ ᠥᠪᠥᠷ ᠮᠣᠩᠭᠣᠯ᠎ᠤᠨ ᠬᠠᠲᠤᠨ ᠭᠤᠤᠯ᠎ᠤᠨ ᠶᠡᠬᠡ ᠲᠤᠬᠤᠢ ᠵᠢᠨ ᠬᠡᠰᠡᠭ ᠤ᠋ᠨ ᠭᠠᠵᠠᠷ ᠣᠷᠣᠨ᠎ᠲᠠᠶ ᠨᠢᠭ᠍ᠲᠠ ᠬᠣᠯᠪᠣᠭ᠎ᠠ᠎ᠲᠠᠶ ᠶᠤᠮ᠃ ᠥᠪᠥᠷ ᠮᠣᠩᠭᠣᠯ᠎ᠤᠨ ᠬᠠᠲᠤᠨ ᠭᠤᠤᠯ᠎ᠤᠨ ᠰᠠᠪᠠ ᠭᠠᠵᠠᠷ᠎ᠲᠤ᠂ ᠲᠠᠷᠢᠶᠠᠯᠠᠩ᠂ ᠨᠡᠭᠦᠳᠡᠯ ᠮᠠᠯᠵᠢᠯ ᠵᠡᠷᠭᠡ ᠣᠯᠠᠨ ᠵᠦᠶ᠋ᠯ᠎ᠦᠨ ᠰᠣᠶᠣᠯ᠎ᠤᠨ ᠲᠥᠷᠥᠯ ᠬᠡᠯᠪᠡᠷᠢ ᠢᠮᠠᠭ᠍ᠲᠠ ᠣᠯᠠᠨ᠂ ᠭᠦᠨᠵᠡᠭᠡᠶ ᠪᠥᠭᠡᠳ ᠨᠢᠭ᠍ᠲᠠ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠪᠠᠲᠤᠯᠠᠭ᠍ᠰᠠᠭᠠᠷ ᠢᠷᠡᠵᠡᠶ᠃ ᠡᠨᠡ ᠬᠦ᠌ ᠣᠨᠴᠠᠯᠢᠭ ᠨᠢ ᠬᠠᠲᠤᠨ ᠭᠣᠣᠯ᠎ᠤᠨ ᠰᠣᠶᠣᠯ᠎ᠤᠨ ᠲᠠᠷᠬᠠᠬᠤ ᠴᠢᠨᠠᠷ᠂ ᠨᠡᠭᠡᠭᠡᠯᠲᠡᠲᠦ ᠴᠢᠨᠠᠷ᠎ᠲᠤ ᠰᠠᠭᠤᠷᠢᠯᠠᠭ᠍ᠰᠠᠨ ᠶᠤᠮ᠃ ᠬᠠᠲᠤᠨ ᠭᠤᠤᠯ᠎ᠤᠨ ᠰᠠᠪᠠ ᠭᠠᠵᠠᠷ᠎ᠤᠨ ᠤᠰᠤᠨ ᠠᠱᠢᠭ᠍ᠯᠠᠯᠲᠠ᠎ᠶ᠋ᠢᠨ ᠤᠰᠤᠯᠠᠯᠲᠠ᠎ᠨᠢ ᠪᠣᠷᠣᠲᠣᠬᠣᠶ᠎ᠶ᠋ᠢᠨ ᠭᠠᠵᠠᠷ ᠣᠷᠣᠨ᠎ᠳᠤ ᠢᠯᠡᠳᠲᠡ ᠦᠷ᠎ᠡ ᠪᠦᠲᠦᠮᠵᠢ ᠣᠯᠵᠤ᠂ ᠥᠪᠥᠷ ᠮᠣᠩᠭᠣᠯ᠎ᠤᠨ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ᠎ᠤ ᠥᠩ ᠱᠢᠮᠡᠯᠢᠭ ᠬᠥᠷᠥᠰᠥ᠍ ᠱᠢᠷᠣᠶ᠎ᠨᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠣᠢᠵᠢᠭᠤᠯᠵᠤ᠂ ᠲᠣᠭ᠍ᠲᠠᠭᠤᠨ ᠨᠡᠢᠭᠡᠮ᠎ᠦᠨ ᠦᠶ᠋ᠯᠡᠳᠪᠦᠷᠢᠯᠡᠯ ᠠᠮᠢᠳᠤᠷᠠᠯ᠎ᠢ ᠡᠭᠦᠳᠴᠦ᠍᠂ ᠮᠠᠩᠬᠠᠨ ᠠᠶᠠᠯᠭᠤ᠂ ᠬᠤᠶᠠᠷ ᠬᠦᠮᠦᠨ ᠤ᠋ ᠡᠯᠭᠦᠯᠴᠡᠭᠡ ᠵᠡᠷᠭᠡ ᠰᠣᠶᠣᠯ ᠤᠷᠠᠯᠢᠭ᠎ᠢ ᠬᠦᠭᠵᠢᠭᠦᠯᠪᠡ᠃

ᠡᠲᠡᠭᠡᠷ 《ᠬᠠᠲᠤᠨ ᠭᠤᠤᠯ》᠎ᠤᠨ ᠡᠯᠧᠮᠧᠨ᠋ᠲ᠎ᠲᠡᠶ ᠰᠣᠶᠣᠯ᠎ᠨᠢ ᠤᠮᠠᠷᠠᠲᠤ ᠬᠢᠯᠢ᠎ᠶ᠋ᠢᠨ ᠰᠣᠶᠣᠯ᠎ᠤᠨ ᠭᠦᠨ ᠵᠤᠵᠠᠭᠠᠨ ᠠᠭᠤᠯᠤᠭ᠍ᠳᠠᠬᠤᠨ ᠪᠣᠯᠵᠣ᠂ ᠬᠠᠲᠤᠨ ᠭᠤᠤᠯ᠎ᠤᠨ ᠰᠠᠪᠠ ᠭᠠᠵᠠᠷ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠠᠬᠢᠭᠤᠯᠬᠤ ᠴᠢᠬᠤᠯᠠ ᠣᠶᠤᠨ ᠰᠠᠨᠠᠭᠠᠨ᠎ᠤ ᠬᠥᠳᠡᠯᠭᠡᠬᠦ᠌ ᠬᠦᠴᠦᠨ ᠪᠣᠯᠤᠭ᠍ᠰᠠᠨ ᠪᠠᠢᠨ᠎ᠠ᠃ ᠤᠮᠠᠷᠠᠲᠤ ᠬᠢᠯᠢ᠎ᠶ᠋ᠢᠨ ᠰᠣᠶᠣᠯ᠎ᠳᠠᠬᠢ ᠨᠡᠢᠭᠡᠮ᠎ᠦᠨ ᠡᠰᠢ ᠶᠣᠰᠣ᠂ ᠲᠡᠦᠬᠡ᠎ᠶ᠋ᠢᠨ ᠵᠠᠩ ᠳᠠᠳᠭᠠᠯ᠎ᠤᠨ ᠭᠤᠤᠯ ᠴᠢᠮᠥᠭᠡ ᠪᠣᠯᠤᠭ᠍ᠰᠠᠨ᠎ᠤ ᠬᠤᠪᠢ᠎ᠳᠤ᠂ ᠬᠠᠲᠤᠨ ᠭᠤᠤᠯ᠎ᠤᠨ ᠰᠣᠶᠣᠯ᠎ᠤᠨ ᠭᠦᠨ ᠵᠤᠵᠠᠭᠠᠨ ᠠᠭᠤᠯᠤᠭ᠍ᠳᠠᠬᠤᠨ ᠪᠠ ᠬᠦᠴᠦᠷᠬᠡᠭ ᠶᠡᠬᠡ ᠳᠡᠯᠡᠬᠦ᠌ ᠬᠦᠴᠦᠨ᠎ᠨᠢ ᠥᠪᠥᠷ ᠮᠣᠩᠭᠣᠯ ᠣᠷᠣᠨ᠎ᠳᠤ ᠠᠮᠢᠳᠤᠷᠠᠵᠤ ᠪᠠᠢᠭ᠎ᠠ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠢᠯᠡᠳᠲᠡ ᠤᠷᠢᠶᠠᠯᠠᠬᠤ ᠬᠦᠴᠦᠨ᠎ᠲᠡᠶ ᠶᠤᠮ᠃

(ᠲᠠᠪᠤ) ᠤᠷᠲᠤ ᠴᠠᠭᠠᠨ ᠬᠡᠷᠡᠮ᠎ᠦᠨ ᠰᠣᠶᠣᠯ

ᠤᠷᠳᠤ ᠴᠠᠭᠠᠨ ᠬᠡᠷᠡᠮ ᠨᠢ ᠳᠤᠮᠳᠠᠳᠤ᠎ᠶ᠋ᠢᠨ ᠦᠨᠳᠦᠰᠦᠲᠡᠨ᠎ᠦ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ ᠲᠡᠮᠡᠴᠡᠯ᠎ᠦᠨ ᠵᠣᠷᠢᠭ ᠰᠠᠨᠠᠭ᠎ᠠ ᠪᠣᠯᠤᠨ ᠳᠠᠶᠠᠭᠠᠷ᠎ᠢᠶᠠᠨ ᠰᠡᠳᠭᠢᠯ ᠨᠢᠭᠡᠳᠴᠦ᠍᠂ ᠨᠤᠭᠤᠷᠠᠰᠢ ᠦᠭᠡᠢ ᠲᠡᠮᠡᠴᠡᠬᠦ᠌ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠨᠢᠭ᠍ᠲᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠲᠥᠯᠥᠭᠡᠯᠡᠬᠦ᠌ ᠴᠢᠨᠠᠷᠲᠠᠢ ᠢᠮ ᠲᠡᠮᠳᠡᠭ ᠪᠣᠯᠤᠨ ᠳᠤᠮᠳᠠᠳᠤ᠎ᠶ᠋ᠢᠨ ᠪᠣᠯᠪᠠᠰᠤᠨ᠎ᠤ ᠴᠢᠬᠤᠯᠠ ᠪᠡᠯᠭᠡ ᠲᠡᠮᠳᠡᠭ ᠪᠣᠯᠤᠨ᠎ᠠ᠃ ᠤᠷᠲᠤ ᠴᠠᠭᠠᠨ ᠬᠡᠷᠡᠮ᠎ᠦᠨ ᠰᠣᠶᠣᠯ ᠪᠣᠯ ᠳᠤᠮᠳᠠᠳᠤ᠎ᠶ᠋ᠢᠨ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠪᠠᠢᠵᠤ᠂ ᠥᠩᠭᠡᠷᠡᠭ᠌ᠰᠡᠨ ᠦᠶ᠎ᠡ᠎ᠶ᠋ᠢᠨ ᠤᠷᠲᠤ ᠴᠠᠭᠠᠨ ᠬᠡᠷᠡᠮ᠎ᠦᠨ ᠦᠯᠡᠳᠡᠭ᠌ᠳᠡᠯ ᠵᠢᠴᠢ ᠡᠯ᠎ᠡ ᠲᠥᠷᠥᠯ᠎ᠦᠨ ᠰᠣᠶᠣᠯ᠎ᠤᠨ ᠥᠪ᠎ᠢᠶᠡᠷ ᠭᠣᠣᠯ ᠠᠭᠤᠯᠭ᠎ᠠ ᠪᠣᠯᠭᠠᠭ᠍ᠰᠠᠨ ᠰᠣᠶᠣᠯ᠎ᠤᠨ ᠬᠡᠯᠪᠡᠷᠢ ᠪᠣᠯᠤᠨ᠎ᠠ᠃

ᠲᠡᠦᠬᠡᠨ᠎ᠡᠴᠡ ᠠᠪᠴᠤ᠌ ᠦᠵᠡᠪᠡᠯ᠂ ᠤᠷᠲᠤ ᠴᠠᠭᠠᠨ ᠬᠡᠷᠡᠮ ᠤ᠋ᠨ ᠤᠷᠴᠢᠮ᠎ᠳ᠋ᠤ᠌ ᠬᠡᠳᠦᠢᠪᠡᠷ ᠦᠷᠭᠦᠯᠵᠢ ᠴᠡᠷᠢᠭ ᠵᠡᠪᠰᠡᠭ ᠬᠥᠳᠡᠯᠭᠡᠨ ᠲᠠᠢᠨ ᠪᠠᠢᠯᠳᠤᠭᠠᠨ ᠪᠤᠯᠳᠠᠭ ᠪᠣᠯᠪᠠᠴᠤ᠌ ᠦᠨᠳᠦᠰᠦᠲᠡᠨ᠎ᠨᠦᠭᠦᠳ᠎ᠦᠨ ᠬᠣᠭᠣᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠶᠡᠷᠦ᠍᠎ᠡᠴᠡ ᠲᠠᠰᠤᠷᠠᠭ᠎ᠠ ᠦᠭᠡᠢ ᠶᠤᠮ᠃ ᠤᠷᠳᠤ ᠬᠤᠭᠤᠴᠠᠭᠠᠨ᠎ᠤ ᠶᠠᠪᠤᠯᠴᠠᠭ᠎ᠠ ᠠᠭᠤᠰᠤᠯᠴᠠᠯ ᠳᠤᠮᠳᠠ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠶᠡᠬᠡ ᠨᠢᠭᠡᠳᠦᠯ᠎ᠦᠨ ᠣᠢᠯᠠᠭᠠᠭ᠍ᠳᠠᠬᠤᠨ᠎ᠳᠤ ᠳᠡᠭᠡᠳᠦ ᠬᠡᠮᠵᠢᠶᠡᠨ᠎ᠦ ᠲᠥᠪᠯᠡᠩᠭᠦᠢ ᠬᠦᠴᠦᠨ᠎ᠢ ᠪᠤᠢ ᠪᠣᠯᠭᠠᠵᠠᠢ᠃ ᠥᠪᠥᠷ ᠮᠣᠩᠭᠣᠯ ᠣᠷᠣᠨ᠎ᠳᠤ ᠡᠯᠪᠡᠭ ᠪᠠᠶᠠᠯᠢᠭ ᠣᠷᠳᠣ ᠴᠠᠭᠠᠨ ᠬᠡᠷᠡᠮ᠎ᠦᠨ ᠰᠣᠶᠣᠯ᠂ ᠣᠯᠠᠨ ᠦᠶ᠎ᠡ᠎ᠶ᠋ᠢᠨ ᠣᠷᠳᠣ ᠴᠠᠭᠠᠨ ᠬᠡᠷᠡᠮ᠎ᠦᠨ ᠦᠯᠡᠳᠡᠭ᠌ᠳᠡᠯ ᠵᠢᠴᠢ ᠡᠯ᠎ᠡ ᠲᠥᠷᠥᠯ᠎ᠦᠨ ᠬᠠᠮᠢᠶ᠎ᠠ ᠪᠥᠬᠥᠶ ᠰᠣᠶᠣᠯ᠎ᠤᠨ ᠥᠪ᠎ᠲᠡᠶ ᠪᠠᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠣᠯᠠᠨ ᠡᠱᠢᠲᠦ ᠰᠣᠶᠣᠯ᠎ᠤᠨ ᠠᠭᠤᠰᠤᠯᠴᠠᠨ ᠬᠦᠳᠡᠯᠦᠯᠴᠡᠭᠰᠡᠨ ᠲᠡᠦᠬᠡ᠎ᠶ᠋ᠢ ᠭᠡᠷᠡᠴᠢᠯᠡᠵᠦ᠍ ᠪᠣᠶ᠃ ᠠᠩᠬ᠎ᠠ ᠡᠬᠢᠨ᠎ᠳᠡᠭᠡᠨ ᠴᠡᠷᠢᠭ᠎ᠦᠨ ᠶᠠᠪᠤᠳᠠᠯ᠎ᠤᠨ ᠲᠥᠬᠥᠭᠡᠷᠦᠮᠵᠢ ᠪᠣᠯᠤᠭ᠍ᠰᠠᠨ ᠣᠷᠳᠣ ᠴᠠᠭᠠᠨ ᠬᠡᠷᠡᠮ ᠨᠢ ᠠᠭᠠᠵᠢᠮ᠎ᠢᠶᠠᠷ ᠠᠷᠠᠯᠵᠢᠶ᠎ᠠ ᠬᠤᠳᠠᠯᠳᠤᠭᠠᠨ᠎ᠤ ᠬᠠᠷᠢᠯᠴᠠᠭᠠᠨ᠎ᠤ ᠬᠠᠮᠢᠶᠠᠷᠤᠭ᠍ᠴᠢ᠂ ᠰᠣᠶᠣᠯ᠎ᠤᠨ ᠰᠣᠯᠢᠯᠴᠠᠭᠠᠨ᠎ᠤ ᠬᠠᠮᠠᠭᠠᠯᠠᠭ᠍ᠴᠢ ᠪᠣᠯᠤᠨ ᠬᠥᠭ᠌ᠵᠢᠵᠦ᠍᠂ ᠥᠪᠥᠷ ᠮᠣᠩᠭᠣᠯ ᠣᠷᠣᠨ᠎ᠤ ᠲᠣᠭ᠍ᠲᠠᠭᠤᠨ ᠪᠠᠢᠳᠠᠯ᠂ ᠦᠨᠳᠦᠰᠦᠲᠡᠨ᠎ᠦ ᠬᠠᠷᠢᠴᠠᠭᠠᠨ᠎ᠤ ᠡᠶ᠎ᠡ ᠵᠣᠬᠢᠴᠠᠯ᠎ᠳᠤ ᠪᠦᠷ ᠢᠳᠡᠪᠬᠢᠲᠡᠶ ᠦᠢᠯᠡᠳᠦᠯ ᠦᠵᠡᠭᠦᠯᠵᠡᠶ᠃ ᠤᠷᠴᠢᠨ ᠦᠶ᠎ᠡ᠎ᠡᠴᠡ ᠨᠠᠭᠠᠰᠢ᠂ ᠥᠪᠥᠷ ᠮᠣᠩᠭᠣᠯ ᠣᠷᠣᠨ᠎ᠤ 7000 ᠭᠠᠷᠤᠢ ᠺᠢᠯᠤᠮᠸᠲᠷ ᠤᠷᠳᠤ ᠴᠠᠭᠠᠨ ᠬᠡᠷᠡᠮ᠎ᠤᠨ ᠰᠠᠯᠬᠢᠨ ᠳ᠋ᠤ ᠴᠤᠬᠢᠭᠳᠠᠵᠤ ᠪᠣᠷᠣᠭᠠᠨ᠎ᠳᠤ ᠨᠤᠷᠤᠭᠳᠠᠭᠰᠠᠨ ᠲᠡᠦᠬᠡ ᠨᠢ ᠳᠤᠮᠳᠠᠳᠤ᠎ᠶ᠋ᠢᠨ ᠬᠥᠪᠡᠭᠦᠳ ᠥᠬᠢᠳ᠎ᠦᠨ ᠤᠯᠤᠰ ᠣᠷᠣᠨ᠎ᠢᠶᠠᠨ ᠬᠠᠮᠠᠭᠠᠯᠠᠭ᠍ᠰᠠᠨ ᠢᠷᠠᠭᠤ ᠭᠠᠢᠬᠠᠮᠱᠢᠭ᠍ᠲᠤ ᠲᠤᠤᠯᠢᠰ᠎ᠢ ᠭᠡᠷᠡᠴᠢᠯᠡᠵᠦ᠍᠂ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠭ᠍ᠰᠠᠨ ᠠᠭᠤᠤ ᠶᠡᠬᠡ ᠦᠨᠳᠦᠰᠦᠲᠡᠨ᠎ᠦ ᠵᠣᠷᠢᠭ ᠰᠠᠨᠠᠭ᠎ᠠ ᠨᠢ ᠤᠷᠳᠤ ᠴᠠᠭᠠᠨ ᠬᠡᠷᠡᠮ᠎ᠦᠨ ᠲᠡᠦᠬᠡ᠎ᠶ᠋ᠢᠨ ᠦᠨ᠎ᠡ ᠦᠷᠳᠡᠭ ᠪᠣᠯᠤᠨ ᠴᠠᠭ ᠦᠶ᠎ᠡ᠎ᠶ᠋ᠢᠨ ᠠᠭᠤᠯᠤᠭ᠍ᠳᠠᠬᠤᠨ᠎ᠢ ᠢᠯᠡᠷᠡᠬᠦᠯᠦᠭᠰᠡᠨ ᠪᠠᠢᠨ᠎ᠠ᠃

ᠤᠷᠳᠤ ᠴᠠᠭᠠᠨ ᠬᠡᠷᠡᠮ ᠵᠢᠴᠢ ᠲᠡᠭᠦᠨ᠎ᠦ ᠠᠴᠢᠶᠠᠯᠠᠭᠰᠠᠨ ᠵᠣᠷᠢᠭ ᠰᠠᠨᠠᠭᠠᠨ᠎ᠤ ᠠᠭᠤᠯᠤᠭ᠍ᠳᠠᠬᠤᠨ ᠨᠢ ᠤᠮᠠᠷᠠᠲᠤ ᠬᠢᠯᠢ᠎ᠶ᠋ᠢᠨ ᠰᠣᠶᠣᠯ᠎ᠤᠨ ᠡᠭᠦᠰᠦᠯ᠂ ᠬᠥᠭ᠌ᠵᠢᠯᠲᠡ᠎ᠶ᠋ᠢᠨ ᠶᠠᠪᠤᠴᠠ᠎ᠶ᠋ᠢ ᠭᠡᠷᠡᠴᠢᠯᠡᠪᠡ᠃ ᠤᠷᠲᠤ ᠤᠳᠠᠭᠠᠨ ᠬᠥᠭ᠌ᠵᠢᠯᠲᠡ᠎ᠶ᠋ᠢᠨ ᠶᠠᠪᠤᠴᠠ᠎ᠳᠤ ᠤᠷᠲᠤ ᠴᠠᠭᠠᠨ ᠬᠡᠷᠡᠮ ᠵᠢᠴᠢ ᠰᠣᠶᠣᠯ᠎ᠤᠨ ᠠᠭᠤᠯᠤᠭ᠍ᠳᠠᠬᠤᠨ ᠨᠢ ᠲᠠᠰᠤᠷᠠᠯᠲᠠ ᠦᠭᠡᠶ ᠪᠠᠶᠠᠯᠢᠭ᠍ᠵᠢᠨ ᠲᠡᠭᠦᠯᠳᠡᠷᠵᠢᠵᠦ᠍᠂ ᠠᠭᠠᠵᠢᠮ᠎ᠢᠶᠠᠷ ᠳᠤᠮᠳᠠᠳᠤ᠎ᠶ᠋ᠢᠨ ᠦᠨᠳᠦᠰᠦᠲᠡᠨ᠎ᠦ ᠵᠣᠷᠢᠭ ᠰᠠᠨᠠᠭᠠᠨ᠎ᠤ ᠪᠡᠯᠭᠡ ᠲᠡᠮᠳᠡᠭ ᠪᠣᠯᠵᠤ᠂ ᠳᠤᠮᠳᠠᠳᠤ ᠤᠯᠤᠰ᠎ᠤᠨ ᠳᠦᠷᠢ ᠲᠥᠷᠬᠦ᠌᠎ᠶ᠋ᠢ ᠳᠡᠯᠭᠡᠨ ᠦᠵᠡᠭᠦᠯᠬᠦ᠌ ᠨᠡᠢᠲᠡᠯᠢᠭ ᠲᠥᠯᠥᠭᠡᠯᠡᠭ᠌ᠴᠢ ᠪᠣᠯᠤᠭ᠍ᠰᠠᠨ ᠪᠠᠢᠨ᠎ᠠ᠃

ᠳᠡᠭᠡᠷ᠎ᠡ ᠳᠤᠷᠠᠳᠤᠭ᠍ᠰᠠᠨ ᠬᠤᠪᠢᠰᠭᠠᠯ᠎ᠤᠨ ᠰᠣᠶᠣᠯ᠂ ᠲᠠᠯ᠎ᠠ ᠨᠤᠲᠤᠭ᠎ᠤᠨ ᠰᠣᠶᠣᠯ᠂ ᠲᠠᠷᠢᠶᠠᠯᠠᠬᠤ ᠰᠣᠶᠣᠯ ᠵᠡᠷᠭᠡ ᠭᠣᠣᠯ ᠪᠣᠯᠬᠤ ᠲᠥᠷᠥᠯ ᠬᠡᠯᠪᠡᠷᠢ᠎ᠡᠴᠡ ᠭᠠᠳᠠᠨ᠎ᠠ᠂ ᠤᠮᠠᠷᠠᠲᠤ ᠬᠢᠯᠢ᠎ᠶ᠋ᠢᠨ ᠰᠣᠶᠣᠯ᠎ᠳᠤ ᠪᠠᠰᠠ ᠠᠭᠤᠯᠤᠭ᠍ᠳᠠᠬᠤᠨ ᠨᠢ ᠬᠠᠷᠢᠴᠠᠩᠭᠤᠶ ᠪᠣᠳᠠᠲᠠᠶ᠂ ᠴᠢᠭ᠌ᠯᠡᠯ ᠨᠢ ᠨᠡᠯᠢᠶᠡᠳ ᠲᠣᠳᠣᠷᠬᠠᠶ᠂ ᠵᠣᠬᠢᠬᠤ ᠣᠷᠣᠨ ᠪᠦᠰᠡ᠎ᠶ᠋ᠢᠨ ᠣᠨᠴᠠᠯᠢᠭ᠎ᠲᠠᠶ᠂ ᠬᠠᠭᠤᠴᠢ ᠰᠤᠳᠤᠯᠤᠯ᠎ᠤᠨ ᠰᠣᠶᠣᠯ᠂ ᠨᠡᠢᠲᠡᠯᠢᠭ ᠲᠡᠦᠬᠡᠨ ᠬᠡᠷᠡᠭ ᠶᠠᠪᠤᠳᠠᠯ ᠪᠠ ᠬᠥᠮᠦᠨ᠂ ᠲᠡᠦᠬᠡ᠎ᠶ᠋ᠢᠨ ᠦᠯᠡᠳᠡᠭ᠌ᠳᠡᠯ᠂ ᠣᠪᠣᠭ ᠲᠥᠷᠥᠯ᠎ᠦᠨ ᠨᠡᠷᠡᠢᠳᠦᠯ᠂ ᠰᠤᠶᠤᠯ ᠢᠷᠭᠡᠨᠰᠢᠯ ᠭᠠᠵᠠᠷ ᠵᠦᠶ᠎ᠶ᠋ᠢᠨ ᠦᠵᠡᠮᠵᠢ᠂ ᠨᠡᠢᠭᠡᠮ᠎ᠦᠨ ᠦᠢᠯᠡᠳᠪᠦᠷᠢᠯᠡᠯ᠎ᠦᠨ ᠠᠷᠭ᠎ᠠ ᠮᠠᠶᠢᠭ ᠵᠡᠷᠭᠡ᠎ᠪᠡᠷ ᠨᠡᠷᠡᠢᠳᠦᠭ᠌ᠰᠡᠨ ᠣᠯᠠᠨ ᠵᠦᠢᠯ᠎ᠦᠨ ᠬᠡᠯᠪᠡᠷᠢ᠎ᠶ᠋ᠢᠨ ᠰᠣᠶᠣᠯ᠎ᠤᠨ ᠲᠥᠷᠥᠯ ᠬᠡᠯᠪᠡᠷᠢ ᠪᠠᠭ᠍ᠲᠠᠨ᠎ᠠ᠃ ᠡᠳᠡᠭᠡᠷ ᠠᠳᠠᠯᠢ ᠪᠤᠰᠤ ᠬᠡᠯᠪᠡᠷᠢ᠎ᠶ᠋ᠢᠨ ᠰᠣᠶᠣᠯ ᠪᠣᠯ ᠥᠪᠥᠷ ᠮᠣᠩᠭᠣᠯ ᠣᠷᠣᠨ᠎ᠤ ᠦᠨᠳᠦᠰᠦᠲᠡᠨ᠎ᠨᠦᠭᠦᠳ᠎ᠦᠨ ᠬᠠᠮᠲᠤ᠎ᠪᠠᠷ ᠬᠥᠭ᠌ᠵᠢᠵᠤ᠌᠂ ᠠᠭᠤᠰᠤᠯᠴᠠᠨ ᠨᠡᠢᠯᠡᠬᠦ᠌ ᠳᠤᠮᠳᠠ᠂ ᠲᠤᠰ ᠪᠡᠶ᠎ᠡ᠎ᠶ᠋ᠢᠨ᠎ᠢᠶᠡᠨ ᠲᠠᠰᠤᠷᠠᠯᠲᠠ ᠦᠭᠡᠢ ᠪᠠᠶᠠᠯᠢᠭ᠍ᠵᠢᠨ ᠬᠥᠭ᠌ᠵᠢᠬᠦ᠌ ᠰᠣᠶᠣᠯ᠎ᠤᠨ ᠡᠯᠧᠮᠧᠨ᠋ᠲ᠎ᠦᠨ ᠰᠠᠭᠤᠷᠢᠨ ᠳᠡᠭᠡᠷ᠎ᠡ ᠪᠤᠢ ᠪᠣᠯᠤᠭ᠍ᠰᠠᠨ ᠶᠤᠮ᠂ ᠲᠤᠰ ᠪᠡᠶ᠎ᠡ᠎ᠶ᠋ᠢᠨ᠎ᠢᠶᠡᠨ ᠲᠠᠰᠤᠷᠠᠯᠲᠠ ᠦᠭᠡᠢ ᠪᠦᠲᠦᠭᠡᠨ ᠪᠠᠢᠭᠤᠯᠤᠯᠲᠠ᠎ᠪᠠᠷ ᠳᠠᠮᠵᠢᠨ᠂ ᠠᠭᠠᠵᠢᠮ᠎ᠢᠶᠠᠷ ᠨᠢᠬᠡᠨ ᠲᠣᠭ᠍ᠲᠠᠪᠤᠷᠢᠳᠠᠢ ᠰᠣᠶᠣᠯ᠎ᠤᠨ ᠬᠡᠯᠪᠡᠷᠢ ᠪᠣᠯᠤᠨ ᠬᠥᠭ᠌ᠵᠢᠵᠦ᠍᠂ ᠥᠪᠡᠷᠮᠢᠴᠡ ᠣᠨᠴᠠᠯᠢᠭ᠎ᠲᠠᠶ᠂ ᠪᠠᠭ᠍ᠲᠠᠭᠠᠮᠵᠢᠲᠠᠢ ᠤᠯᠠᠨ ᠡᠱᠢᠲᠦ ᠤᠮᠠᠷᠠᠲᠤ ᠬᠢᠯᠢ᠎ᠶ᠋ᠢᠨ ᠰᠣᠶᠣᠯ᠎ᠤᠨ ᠳᠦᠷᠰᠦ ᠪᠠᠢᠳᠠᠯ᠎ᠢ ᠬᠠᠮᠲᠤ᠎ᠪᠠᠷ ᠪᠦᠲᠦᠭᠡᠵᠦ᠍᠂ ᠤᠮᠠᠷᠠᠲᠤ ᠬᠢᠯᠢ᠎ᠶ᠋ᠢᠨ ᠰᠣᠶᠣᠯ᠎ᠳᠤ ᠡᠯᠪᠡᠭ ᠪᠠᠶᠠᠯᠢᠭ ᠰᠣᠶᠣᠯ᠎ᠤᠨ ᠡᠯᠧᠮᠧᠨ᠋ᠲ᠎ᠢ ᠬᠠᠩᠭᠠᠭ᠍ᠰᠠᠨ ᠪᠠᠢᠨ᠎ᠠ᠃

ᠭᠤᠷᠪᠠ᠂ ᠤᠮᠠᠷᠠᠲᠤ ᠬᠢᠯᠢ᠎ᠶ᠋ᠢᠨ ᠰᠣᠶᠣᠯ᠎ᠤᠨ ᠦᠨᠳᠦᠰᠦᠨ ᠣᠨᠴᠠᠯᠢᠭ

ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠭᠠᠵᠠᠷ ᠣᠷᠣᠨ᠎ᠤ ᠰᠣᠶᠣᠯ ᠪᠣᠯᠤᠭ᠍ᠰᠠᠨ᠎ᠤ ᠬᠤᠪᠢ᠎ᠳᠤ᠂ ᠤᠮᠠᠷᠠᠲᠤ ᠬᠢᠯᠢ᠎ᠶ᠋ᠢᠨ ᠰᠣᠶᠣᠯ ᠨᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠥᠷᠲᠡᠭ᠎ᠦᠨ ᠬᠥᠭᠡᠭᠡᠴᠡᠯᠳᠦᠯ᠎ᠢ ᠢᠯᠡᠷᠡᠭᠦᠯᠪᠡ᠃ ᠳᠤᠮᠳᠠᠳᠤ᠎ᠶ᠋ᠢᠨ ᠰᠣᠶᠣᠯ᠎ᠤᠨ ᠨᠡᠢᠲᠡᠯᠢᠭ ᠴᠢᠨᠠᠷ᠎ᠲᠠᠶ ᠮᠥᠷᠲᠡᠭᠡᠨ ᠤᠮᠠᠷᠠᠲᠤ ᠬᠢᠯᠢ᠎ᠶ᠋ᠢᠨ ᠣᠨᠴᠠᠯᠢᠭ᠎ᠲᠠᠶ ᠰᠣᠶᠣᠯ᠎ᠤᠨ ᠳᠦᠷᠰᠦ ᠪᠠᠢᠳᠠᠯ᠎ᠲᠠᠶ ᠪᠠᠢᠵᠤ᠂ ᠦᠷᠭᠦᠯᠵᠢᠯᠡᠬᠦ᠌ ᠴᠢᠨᠠᠷ᠎ᠲᠤ᠌ ᠦᠨᠳᠦᠰᠦᠯᠡᠵᠦ᠂ ᠵᠠᠯᠭᠠᠮᠵᠢᠯᠠᠬᠤ ᠴᠢᠨᠠᠷ ᠢ᠋ ᠪᠠᠷᠢᠮᠳᠠᠯᠠᠬᠰᠠᠨ᠂ ᠱᠢᠨ᠎ᠡ᠎ᠶ᠋ᠢ ᠡᠭᠦᠳᠬᠦ᠌ ᠴᠢᠨᠠᠷ ᠢ᠋ ᠪᠠᠳᠠᠷᠠᠭᠤᠯᠵᠤ᠂ ᠴᠠᠭ ᠦᠶᠡᠴᠢ ᠴᠢᠨᠠᠷ ᠢ᠋ ᠢᠯᠡᠷᠡᠭᠦᠯᠦᠭᠰᠡᠨ᠂ ᠨᠢᠭᠡᠳᠦᠮᠡᠯ ᠴᠢᠨᠠᠷ ᠢ᠋ ᠪᠠᠷᠢᠮᠲᠠᠯᠠᠵᠤ᠂ ᠬᠠᠮᠳᠤ ᠵᠢᠨ ᠲᠠᠨᠢᠯᠳᠠ ᠵᠢ ᠳᠣᠪᠣᠢᠯᠭᠠᠬᠰᠠᠨ᠂ ᠪᠠᠭ᠍ᠲᠠᠭᠠᠮᠵᠢᠳᠤ ᠴᠢᠨᠠᠷ ᠢ᠋ ᠦᠷᠭᠦᠯᠵᠢᠯᠡᠨ ᠵᠠᠯᠭᠠᠮᠵᠢᠯᠠᠵᠤ᠂ ᠣᠯᠠᠨ ᠶᠠᠩᠵᠤᠲᠤ ᠴᠢᠨᠠᠷ ᠢ᠋ ᠲᠡᠯᠭᠡᠨ ᠢᠯᠡᠷᠡᠭᠦᠯᠦᠭᠰᠡᠨ᠂ ᠡᠩᠬᠡ ᠲᠠᠢᠪᠤᠩ ᠴᠢᠨᠠᠷ ᠲᠤ᠌ ᠰᠠᠭᠤᠷᠢᠯᠠᠵᠤ᠂ ᠨᠡᠭᠡᠭᠡᠯᠲᠡᠲᠦ ᠴᠢᠨᠠᠷ ᠢ᠋ ᠦᠢᠯᠡᠳᠦᠯᠭᠡᠵᠢᠭᠦᠯᠦᠭᠰᠡᠨ ᠦᠨᠳᠦᠰᠦᠨ ᠣᠨᠴᠠᠯᠢᠭ᠎ᠲᠠᠢ ᠪᠠᠢᠵᠤ᠂ ᠤᠮᠠᠷᠠᠲᠤ ᠬᠢᠯᠢ᠎ᠶ᠋ᠢᠨ ᠬᠥᠪᠡᠭᠦᠳ ᠥᠬᠢᠳ᠎ᠦᠨ ᠢᠯᠡ ᠲᠣᠳᠣ ᠣᠶᠤᠨ ᠰᠠᠨᠠᠭᠠᠨ᠎ᠤ ᠬᠥᠭᠡᠭᠡᠴᠡᠯᠳᠦᠯ᠂ ᠣᠶᠤᠨ ᠰᠠᠨᠠᠭᠠᠨ᠎ᠤ ᠵᠠᠩ ᠴᠢᠨᠠᠷ᠂ ᠣᠶᠤᠨ ᠰᠠᠨᠠᠭᠠᠨ᠎ᠤ ᠬᠦᠴᠦᠨ ᠴᠢᠳᠠᠯ᠎ᠢ ᠭᠦᠶ᠋ᠴᠡᠳ ᠢᠯᠡᠷᠡᠭᠦᠯᠦᠭ᠌ᠰᠡᠨ ᠪᠠᠢᠨ᠎ᠠ᠃

(ᠨᠢᠭᠡ) ᠦᠷᠭᠦᠯᠵᠢᠯᠡᠬᠦ᠌ ᠴᠢᠨᠠᠷ ᠲᠤ᠌ ᠦᠨᠳᠦᠰᠦᠯᠡᠵᠦ᠂ ᠵᠠᠯᠭᠠᠮᠵᠢᠯᠠᠬᠤ ᠴᠢᠨᠠᠷ ᠢ᠋ ᠪᠠᠷᠢᠮᠳᠠᠯᠠᠪᠠ

ᠳᠤᠮᠳᠠᠳᠤ᠎ᠶ᠋ᠢᠨ ᠪᠣᠯᠪᠠᠰᠤᠨ ᠨᠢ ᠲᠣᠪᠣᠢᠮ᠎ᠠ ᠦᠷᠭᠦᠯᠵᠢᠯᠡᠬᠦ᠌ ᠴᠢᠨᠠᠷ᠎ᠲᠠᠶ᠃ ᠳᠤᠮᠳᠠᠳᠤ᠎ᠶ᠋ᠢᠨ ᠦᠨᠳᠦᠰᠦᠲᠡᠨ ᠪᠣᠯ ᠳᠡᠯᠡᠬᠡᠢ ᠳᠡᠭᠡᠷᠡᠬᠢ ᠥᠨᠢ ᠤᠳᠠᠭᠠᠨ ᠲᠡᠦᠬᠡ᠎ᠲᠡᠶ ᠠᠭᠤᠤ ᠶᠡᠬᠡ ᠦᠨᠳᠦᠰᠦᠲᠡᠨ ᠮᠥᠨ᠂ ᠲᠠᠪᠤᠨ ᠮᠢᠩᠭ᠎ᠠ ᠭᠠᠷᠤᠢ ᠵᠢᠯ᠎ᠦᠨ ᠥᠨᠢ ᠤᠳᠠᠭᠠᠨ ᠤᠯᠠᠮᠵᠢᠯᠠᠯ ᠲᠠᠢ ᠪᠣᠯᠪᠠᠰᠤᠨ ᠲᠡᠦᠬᠡ᠎ᠲᠡᠶ᠂ ᠳᠡᠯᠡᠬᠡᠢ ᠳᠡᠭᠡᠷᠡᠬᠢ ᠴᠤᠷ᠎ᠤᠨ ᠭᠠᠭ᠍ᠴᠠ ᠡᠷᠲᠡᠨ᠎ᠡᠴᠡ ᠡᠳᠦᠭᠡ ᠪᠣᠯᠲᠠᠯ᠎ᠠ ᠦᠷᠭᠦᠯᠵᠢᠯᠡᠵᠦ᠍᠂ ᠶᠡᠷᠦ᠍᠎ᠡᠴᠡ ᠲᠠᠰᠤᠯᠳᠠᠭ᠍ᠰᠠᠨ ᠦᠭᠡᠢ ᠪᠣᠯᠪᠠᠰᠤᠨ ᠮᠥᠨ᠂ ᠥᠪᠡᠷᠮᠢᠴᠡ ᠣᠨᠴᠠᠯᠢᠭ᠎ᠲᠠᠶ᠂ ᠥᠷᠭᠡᠨ ᠳᠡᠯᠭᠡᠷ ᠭᠦᠨ ᠭᠦᠨᠵᠡᠭᠡᠢ ᠦᠷᠲᠡᠭ᠎ᠦᠨ ᠦᠵᠡᠯᠲᠡ ᠪᠠ ᠪᠣᠯᠪᠠᠰᠤᠨ᠎ᠤ ᠱᠢᠰᠲ᠋ᠧᠮ᠎ᠢ ᠪᠦᠷᠢᠯᠳᠦᠭᠦᠯᠦᠭ᠌ᠰᠡᠨ ᠶᠤᠮ᠃ ᠥᠨᠥᠳᠦᠷ᠎ᠦᠨ ᠮᠠᠨ᠎ᠤ ᠬᠡᠷᠡᠭ᠌ᠯᠡᠵᠦ᠍ ᠪᠠᠢᠭ᠎ᠠ ᠬᠢᠲᠠᠳ ᠦᠰᠦᠭ ᠶᠠᠰᠤᠨ ᠪᠢᠴᠢᠭ᠎ᠲᠡᠶ ᠦᠨᠳᠦᠰᠦᠨ ᠢᠯᠭᠠᠭ᠎ᠠ ᠦᠭᠡᠢ᠂ ᠯᠣᠣᠽᠢ᠂ ᠺᠦᠩᠽᠢ᠂ ᠮᠧᠩᠽᠢ᠂ ᠵᠤᠸᠠᠩᠽᠢ ᠵᠡᠷᠭᠡ ᠪᠣᠭ᠍ᠳᠠ ᠮᠡᠷᠭᠡᠳ᠎ᠦᠨ ᠬᠤᠷᠢᠶᠠᠩᠭᠤᠢᠯᠠᠬᠰᠠᠨ ᠦᠵᠡᠯᠲᠡ ᠴᠦ᠍ ᠤᠳᠤ ᠪᠣᠯᠲᠠᠯ᠎ᠠ ᠤᠯᠠᠮᠵᠢᠯᠠᠭ᠍ᠳᠠᠭ᠍ᠰᠠᠭᠠᠷ ᠪᠠᠢᠨ᠎ᠠ᠃ ᠲᠡᠤᠬᠡ ᠰᠤᠶᠤᠯ ᠤ᠋ᠨ ᠰᠢᠯᠢᠳᠡᠭ ᠦᠪ ᠢ᠋ ᠵᠠᠯᠭᠠᠮᠵᠢᠯᠠᠵᠤ᠂ ᠲᠠᠰᠤᠷᠠᠯᠳᠠ ᠦᠭᠡᠢ ᠤᠶᠠᠩᠭᠠᠯᠠᠵᠤ᠂ ᠲᠤᠪᠤᠢ᠌ᠮ᠎ᠠ ᠦᠷᠭᠦᠯᠵᠢᠯᠡᠭ᠌ᠰᠡᠨ ᠴᠢᠨᠠᠷᠲᠠᠢ ᠳᠤᠮᠳᠠᠳᠤ᠎ᠶ᠋ᠢᠨ ᠪᠣᠯᠪᠠᠰᠤᠨ ᠨᠢ ᠳᠤᠮᠳᠠᠳᠤ᠎ᠶ᠋ᠢᠨ ᠦᠨᠳᠦᠰᠦᠲᠡᠨ᠎ᠦ ᠦᠶ᠎ᠡ ᠤᠯᠠᠷᠢᠨ ᠬᠥᠭ᠌ᠵᠢᠨ ᠪᠤᠵᠠᠭᠠᠢ᠌ᠷᠠᠬᠤ᠎ᠳᠤ ᠪᠠᠶᠠᠯᠢᠭ ᠵᠤᠵᠠᠭᠠᠨ ᠱᠢᠮ᠎ᠡ ᠲᠡᠵᠢᠭᠡᠯ ᠬᠠᠩᠭᠠᠭ᠍ᠰᠠᠨ ᠪᠠᠢᠨ᠎ᠠ᠃

ᠤᠮᠠᠷᠠᠲᠤ ᠬᠢᠯᠢ᠎ᠶ᠋ᠢᠨ ᠰᠣᠶᠣᠯ ᠨᠢ ᠳᠤᠮᠳᠠᠳᠤ᠎ᠶ᠋ᠢᠨ ᠰᠣᠶᠣᠯ᠎ᠤᠨ ᠦᠷᠭᠦᠯᠵᠢᠯᠡᠨ ᠬᠥᠭ᠌ᠵᠢᠬᠦ᠌ ᠲᠡᠦᠬᠡᠨ ᠠᠬᠢᠴᠠ᠎ᠳᠤ ᠪᠣᠶ ᠪᠣᠯᠵᠣ᠂ ᠴᠡᠴᠡᠭ᠌ᠯᠡᠨ ᠬᠥᠭ᠌ᠵᠢᠵᠦ᠍᠂ ᠣᠲᠣ ᠪᠣᠯᠲᠠᠯ᠎ᠠ ᠤᠯᠠᠮᠵᠢᠯᠠᠭ᠍ᠳᠠᠭ᠍ᠰᠠᠭᠠᠷ ᠪᠠᠢᠨ᠎ᠠ᠃ ᠥᠩᠭᠡᠷᠡᠭ᠌ᠰᠡᠨ ᠦᠶ᠎ᠡ᠎ᠶ᠋ᠢᠨ ᠳᠤᠮᠳᠠᠳᠤ ᠣᠷᠣᠨ᠎ᠤ ᠬᠠᠭᠠᠨᠲᠤ ᠲᠥᠷᠥ᠍ ᠪᠣᠯᠤᠨ ᠣᠷᠣᠨ ᠨᠤᠲᠤᠭ᠎ᠤᠨ ᠵᠠᠰᠠᠭ᠎ᠤᠨ ᠡᠷᠬᠡ᠎ᠶ᠋ᠢᠨ ᠤᠮᠠᠷᠠᠲᠤ ᠬᠢᠯᠢ ᠵᠢᠨ ᠣᠷᠣᠨ᠎ᠢ ᠵᠠᠰᠠᠭ᠍ᠰᠠᠨ ᠶᠠᠪᠤᠳᠠᠯ ᠨᠢ ᠤᠮᠠᠷᠠᠲᠤ ᠬᠢᠯᠢ ᠵᠢᠨ ᠣᠷᠣᠨ᠎ᠤ ᠰᠣᠶᠣᠯ᠎ᠤᠨ ᠤᠯᠠᠮᠵᠢᠯᠠᠯ᠎ᠤᠨ ᠦᠷᠭᠦᠯᠵᠢᠯᠡᠯ ᠪᠠ ᠬᠥᠭ᠌ᠵᠢᠯᠲᠡ᠎ᠶ᠋ᠢ ᠪᠠᠲᠤᠯᠠᠭ᠍ᠰᠠᠨ ᠪᠠᠢᠨ᠎ᠠ᠃ ᠬᠢᠳᠠᠨ᠂ ᠵᠦᠷᠴᠢᠳ᠎ᠦᠨ ᠪᠠᠢᠭᠤᠯᠤᠭ᠍ᠰᠠᠨ ᠯᠢᠶᠣᠤ ᠤᠯᠤᠰ᠂ ᠠᠯᠲᠠᠨ ᠤᠯᠤᠰ᠎ᠤᠨ ᠵᠠᠰᠠᠭ ᠨᠢ 《ᠲᠠᠩ ᠤᠯᠤᠰ᠎ᠢ ᠳᠠᠭᠤᠷᠢᠶᠠᠨ ᠰᠦᠩ ᠤᠯᠤᠰ᠎ᠲᠠᠢ ᠠᠳᠠᠯᠢᠳᠭᠠᠵᠤ》᠂ ᠳᠤᠮᠳᠠᠳᠤ ᠣᠷᠣᠨ᠎ᠤ ᠸᠠᠩᠲᠤ ᠲᠥᠷᠥ᠎ᠶ᠋ᠢᠨ ᠵᠠᠰᠠᠯᠲᠠ᠎ᠶ᠋ᠢᠨ ᠬᠡᠯᠪᠡᠷᠢ᠎ᠵᠢ ᠦᠷᠭᠦᠯᠵᠢᠯᠡᠭᠦᠯᠵᠦ᠍᠂ ᠪᠠᠢᠳᠠᠭ᠎ᠢ ᠪᠠᠭ᠍ᠲᠠᠭᠠᠵᠤ ᠪᠦᠬᠦᠨ᠎ᠢ ᠬᠠᠮᠤᠷᠬᠤ ᠵᠠᠰᠠᠯᠲᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠡᠶ᠃ ᠴᠢᠨ᠂ ᠬᠠᠨ᠂ ᠰᠦᠶ᠂ ᠲᠠᠩ᠂ ᠶᠤᠸᠠᠨ᠂ ᠮᠢᠩ᠂ ᠴᠢᠩ ᠵᠡᠷᠭᠡ ᠣᠯᠠᠨ ᠲᠥᠷᠥ᠎ᠶ᠋ᠢᠨ ᠸᠠᠩᠲᠤ ᠲᠥᠷᠥ᠍ ᠨᠢ ᠤᠮᠠᠷᠠᠲᠤ ᠬᠢᠯᠢ᠎ᠶ᠋ᠢᠨ ᠰᠣᠶᠣᠯ᠎ᠤᠨ ᠦᠷᠭᠦᠯᠵᠢᠯᠡᠬᠦ᠌ ᠴᠢᠨᠠᠷ᠂ ᠵᠠᠯᠭᠠᠮᠵᠢᠯᠠᠨ ᠤᠯᠠᠮᠵᠢᠯᠠᠬᠤ ᠴᠢᠨᠠᠷ᠎ᠢ ᠨᠠᠩ ᠭᠦᠨᠵᠡᠭᠡᠢᠷᠡᠭᠦᠯᠵᠦ᠍᠂ ᠥᠪᠥᠷ ᠮᠣᠩᠭᠣᠯ ᠣᠷᠣᠨ᠎ᠳᠤ ᠠᠮᠢᠳᠤᠷᠠᠵᠤ ᠪᠠᠢᠭ᠎ᠠ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠣᠷᠳᠣ ᠬᠤᠭᠤᠴᠠᠭ᠎ᠠ᠎ᠪᠠᠷ ᠡᠶ᠎ᠡ ᠨᠠᠢᠷᠲᠠᠶ᠎ᠪᠠᠷ ᠬᠠᠮᠲᠤ ᠣᠷᠣᠱᠢᠨ ᠠᠮᠢᠳᠤᠷᠠᠭᠤᠯᠵᠤ᠂ ᠬᠠᠷᠢᠯᠴᠠᠨ ᠨᠥᠯᠥᠭᠡᠯᠡᠭᠦᠯᠵᠦ᠂ ᠰᠣᠶᠣᠯ᠎ᠤᠨ ᠣᠯᠠᠨ ᠡᠱᠢᠵᠢᠭ᠌ᠰᠡᠨ᠂ ᠬᠠᠷᠢᠯᠴᠠᠨ ᠠᠭᠤᠰᠤᠯᠴᠠᠭ᠍ᠰᠠᠨ ᠴᠡᠴᠡᠭ᠌ᠯᠡᠨ ᠬᠥᠭ᠌ᠵᠢᠭ᠌ᠰᠡᠨ ᠪᠠᠢᠳᠠᠯ᠎ᠢ ᠢᠯᠡᠷᠡᠭᠦᠯᠵᠦ᠍᠂ ᠡᠭᠦᠨ᠎ᠦ ᠤᠯᠠᠮ᠎ᠢᠶᠠᠷ ᠤᠯᠤᠰ᠎ᠤᠨ ᠵᠠᠰᠠᠯᠲᠠ᠎ᠶ᠋ᠢᠨ ᠵᠠᠭ᠍ᠪᠤᠷ᠎ᠢ ᠪᠠᠶᠠᠯᠢᠭ᠍ᠵᠢᠭᠤᠯᠵᠤ᠂ ᠬᠢᠯᠢ ᠬᠢᠵᠠᠭᠠᠷ᠎ᠢ ᠪᠡᠬᠢᠵᠢᠭᠦᠯᠵᠦ᠍᠂ ᠨᠡᠢᠭᠡᠮ᠎ᠦᠨ ᠳᠠᠪᠱᠢᠯᠲᠠ᠎ᠶ᠋ᠢ ᠠᠬᠢᠭᠤᠯᠤᠭ᠍ᠰᠠᠨ ᠪᠠᠢᠨ᠎ᠠ᠃

ᠥᠪᠥᠷ ᠮᠣᠩᠭᠣᠯ ᠣᠷᠣᠨ᠎ᠤ ᠲᠡᠦᠬᠡᠨ ᠳᠡᠭᠡᠷ᠎ᠡ ᠬᠤᠷᠠᠮᠳᠤᠭ᠍ᠰᠠᠨ ᠳᠤᠮᠳᠠᠳᠤ᠎ᠶ᠋ᠢᠨ ᠰᠣᠶᠣᠯ᠎ᠤᠨ ᠡᠯᠧᠮᠧᠨ᠋ᠲ ᠨᠢ ᠦᠶ᠎ᠡ ᠤᠯᠠᠷᠢᠨ ᠤᠯᠠᠮᠵᠢᠯᠠᠭ᠍ᠳᠠᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠠᠭᠤᠯᠤᠭ᠍ᠳᠠᠬᠤᠨ᠎ᠢ ᠤᠯᠠᠮ ᠪᠠᠶᠠᠯᠢᠭ᠍ᠵᠢᠭᠤᠯᠵᠤ᠂ ᠣᠨᠴᠠᠯᠢᠭ᠎ᠢ ᠨᠢ ᠤᠯᠠᠮ ᠢᠯᠡ ᠲᠣᠳᠣ ᠪᠣᠯᠭᠠᠵᠤ᠂ ᠤᠮᠠᠷᠠᠲᠤ ᠬᠢᠯᠢ᠎ᠶ᠋ᠢᠨ ᠰᠣᠶᠣᠯ᠎ᠢ ᠢᠮᠠᠭ᠍ᠲᠠ ᠥᠷᠨᠢᠭᠦᠨ ᠪᠠᠳᠠᠷᠠᠩᠭᠤᠶ ᠠᠮᠢᠵᠢᠷᠠᠯ᠎ᠤᠨ ᠬᠦᠴᠦᠨ᠎ᠲᠡᠶ ᠪᠠᠢᠯᠭᠠᠪᠠ᠃ ᠤᠮᠠᠷᠠᠲᠤ ᠬᠢᠯᠢ᠎ᠶ᠋ᠢᠨ ᠰᠣᠶᠣᠯ᠎ᠤᠨ ᠦᠷᠭᠦᠯᠵᠢᠯᠡᠬᠦ᠌ ᠴᠢᠨᠠᠷ ᠨᠢ ᠶᠡᠷᠦ᠍᠎ᠡᠴᠡ ᠲᠠᠰᠤᠯᠳᠠᠭ᠍ᠰᠠᠨ ᠦᠭᠡᠢ᠂ ᠢᠮᠠᠭ᠍ᠲᠠ ᠤᠮᠠᠷᠠᠲᠤ ᠬᠢᠯᠢ᠎ᠶ᠋ᠢᠨ ᠡᠬᠡ ᠭᠠᠵᠠᠷ ᠳᠡᠭᠡᠷ᠎ᠡ ᠦᠨᠳᠦᠰᠦ ᠬᠠᠳᠭᠤᠨ ᠴᠡᠴᠡᠭ᠌ᠯᠡᠵᠦ᠍᠂ ᠠᠳᠠᠯᠢ ᠪᠤᠰᠤ ᠴᠠᠭ ᠦᠶ᠎ᠡ᠎ᠶ᠋ᠢᠨ ᠰᠣᠶᠣᠯ᠎ᠤᠨ ᠡᠯᠧᠮᠧᠨ᠋ᠲ ᠤᠷᠢᠳ ᠬᠣᠵᠢᠳ ᠤᠮᠠᠷᠠᠲᠤ ᠬᠢᠯᠢ᠎ᠶ᠋ᠢᠨ ᠡᠬᠡ ᠭᠠᠵᠠᠷ ᠭᠡᠬᠦ᠌ ᠡᠨᠡ ᠬᠦ᠌ ᠲᠠᠪᠴᠠᠩ ᠳᠡᠭᠡᠷ᠎ᠡ ᠣᠯᠠᠨ᠎ᠤ ᠡᠮᠦᠨ᠎ᠡ ᠢᠯᠡᠷᠡᠵᠦ᠍᠂ ᠳᠦᠷᠢ ᠲᠥᠷᠬᠦ᠌᠎ᠪᠡᠨ ᠭᠠᠢᠬᠠᠭᠤᠯᠪᠠ᠃ ᠬᠡᠳᠦᠢᠪᠡᠷ ᠬᠠᠯᠠ ᠵᠣᠪᠠᠯᠠᠩ᠎ᠢ ᠬᠠᠱᠢᠷᠠᠲᠠᠯ᠎ᠠ ᠠᠮᠰᠠᠭ᠍ᠰᠠᠨ ᠪᠣᠯᠪᠠᠴᠤ᠌᠂ ᠢᠮᠠᠭ᠍ᠲᠠ ᠨᠤᠭᠤᠷᠠᠯ ᠪᠦᠳᠦᠷᠢᠯ᠎ᠦᠨ ᠳᠤᠮᠳᠠ ᠪᠠᠲᠤ ᠰᠠᠬᠢᠨ ᠪᠠᠷᠢᠮᠳᠠᠯᠠᠵᠤ᠂ ᠡᠳᠦᠭᠡ ᠪᠣᠯᠲᠠᠯ᠎ᠠ ᠬᠥᠭ᠌ᠵᠢᠨ ᠴᠡᠴᠡᠭ᠌ᠯᠡᠵᠦ᠍᠂ ᠥᠨᠢ ᠤᠳᠠᠭᠠᠨ ᠬᠥᠭ᠌ᠵᠢᠨ ᠮᠠᠨᠳᠤᠵᠤ ᠪᠠᠢᠨ᠎ᠠ᠃

(ᠬᠣᠶᠠᠷ) ᠱᠢᠨ᠎ᠡ᠎ᠶ᠋ᠢ ᠡᠭᠦᠳᠬᠦ᠌ ᠴᠢᠨᠠᠷ ᠢ᠋ ᠪᠠᠳᠠᠷᠠᠭᠤᠯᠵᠤ᠂ ᠴᠠᠭ ᠦᠶᠡᠴᠢ ᠴᠢᠨᠠᠷ ᠢ᠋ ᠢᠯᠡᠷᠡᠭᠦᠯᠪᠠ

ᠳᠤᠮᠳᠠᠳᠤ᠎ᠶ᠋ᠢᠨ ᠪᠣᠯᠪᠠᠰᠤᠨ ᠨᠢ ᠲᠣᠪᠣᠢᠮ᠎ᠠ ᠱᠢᠨ᠎ᠡ᠎ᠶ᠋ᠢ ᠡᠭᠦᠳᠬᠦ᠌ ᠴᠢᠨᠠᠷ᠎ᠲᠠᠶ᠃ ᠳᠤᠮᠳᠠᠳᠤ᠎ᠶ᠋ᠢᠨ ᠪᠣᠯᠪᠠᠰᠤᠨ ᠲᠠᠪᠤᠨ ᠮᠢᠩᠭ᠎ᠠ ᠭᠠᠷᠤᠢ ᠵᠢᠯ᠎ᠦᠨ ᠲᠡᠦᠬᠡᠨ ᠬᠤᠪᠢᠰᠤᠯᠲᠠ᠎ᠶ᠋ᠢ ᠥᠩᠭᠡᠷᠡᠭᠡᠭᠡᠳ ᠢᠮᠠᠭ᠍ᠲᠠ ᠠᠮᠢᠵᠢᠷᠠᠯ᠎ᠤᠨ ᠬᠦᠴᠦᠨ᠎ᠢᠶᠡᠨ ᠪᠠᠲᠤᠯᠠᠵᠤ ᠴᠢᠳᠠᠭ᠍ᠰᠠᠨ ᠨᠢ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠨᠥᠯᠥᠭᠡᠯᠡᠯ ᠳᠣᠣᠷ᠎ᠠ ᠪᠦᠷᠢᠯᠳᠦᠭ᠌ᠰᠡᠨ ᠬᠠᠭᠤᠴᠢᠨ᠎ᠢ ᠥᠭᠡᠷᠡᠴᠢᠯᠡᠵᠦ᠍ ᠱᠢᠨ᠎ᠡ᠎ᠶ᠋ᠢ ᠪᠠᠢᠭᠤᠯᠬᠤ᠂ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠬᠤ ᠤᠶᠤᠨ ᠰᠠᠨᠠᠭᠠᠨ᠎ᠤ ᠴᠤᠭ ᠵᠢᠪᠬᠤᠭ᠎ᠠ᠎ᠡᠴᠡ ᠰᠠᠯᠵᠤ ᠪᠣᠯᠤᠰᠢ ᠦᠬᠡᠢ ᠶᠤᠮ᠂ ᠲᠡᠷᠡ ᠨᠢ ᠳᠤᠮᠳᠠᠳᠤ᠎ᠶ᠋ᠢᠨ ᠦᠨᠳᠦᠰᠦᠲᠡᠨ᠎ᠦ ᠲᠥᠪ ᠶᠣᠰᠣ᠎ᠶ᠋ᠢ ᠪᠠᠷᠢᠮᠲᠠᠯᠠᠬᠤ ᠡᠴᠡ ᠪᠢᠰᠢ ᠬᠠᠭᠤᠴᠢᠨ᠎ᠢᠶᠠᠨ ᠪᠠᠷᠢᠮᠲᠠᠯᠠᠬᠤ ᠦᠭᠡᠢ᠂ ᠡᠷᠲᠡᠨ᠎ᠦ ᠬᠢ᠎ᠶ᠋ᠢ ᠬᠦᠨᠳᠦᠳᠭᠡᠬᠦ ᠡᠴᠡ ᠪᠢᠰᠢ ᠡᠷᠲᠡᠨ᠎ᠦ ᠬᠢ᠎ᠶ᠋ᠢ ᠦᠯᠦ᠍ ᠰᠡᠷᠭᠦᠭᠡᠬᠦ᠌ ᠤᠷᠤᠭ᠍ᠰᠢᠯᠠᠨ ᠳᠠᠪᠱᠢᠬᠤ ᠵᠣᠷᠢᠭ ᠰᠠᠨᠠᠭ᠎ᠠ᠂ ᠱᠢᠨ᠎ᠡ ᠥᠷᠢᠰᠥᠯᠳᠦᠭᠡᠨ᠎ᠡᠴᠡ ᠠᠶᠤᠬᠤ ᠦᠭᠡᠢ᠂ ᠱᠢᠨ᠎ᠡ ᠬᠡᠷᠡᠭ ᠪᠣᠳᠠᠰ᠎ᠢ ᠵᠣᠷᠢᠭ᠍ᠲᠠᠢ᠎ᠪᠠᠷ ᠬᠦᠯᠢᠶᠡᠨ ᠠᠪᠬᠤ ᠬᠡᠪ ᠴᠢᠨᠡᠷ᠎ᠢ ᠢᠯᠡᠷᠡᠭᠦᠯᠦᠭ᠌ᠰᠡᠨ ᠪᠠᠢᠨ᠎ᠠ᠃ ᠳᠤᠮᠳᠠᠳᠤ᠎ᠶ᠋ᠢᠨ ᠪᠣᠯᠪᠠᠰᠤᠨ᠎ᠤ ᠬᠥᠭ᠌ᠵᠢᠯᠲᠡ᠎ᠶ᠋ᠢᠨ ᠲᠡᠦᠬᠡ ᠪᠣᠯ ᠳᠠᠷᠤᠢ ᠱᠢᠨ᠎ᠡ᠎ᠶ᠋ᠢ ᠡᠭᠦᠳᠦᠭ᠌ᠰᠡᠨ ᠲᠡᠦᠬᠡ ᠮᠥᠨ᠃ ᠡᠷᠲᠡᠨ᠎ᠡᠴᠡ ᠨᠠᠭᠠᠰᠢ᠂ ᠳᠤᠮᠳᠠᠳᠤ᠎ᠶ᠋ᠢᠨ ᠪᠣᠯᠪᠠᠰᠤᠨ ᠵᠠᠯᠭᠠᠮᠵᠢᠯᠠᠵᠤ ᠱᠢᠨ᠎ᠡ᠎ᠶ᠋ᠢ ᠡᠭᠦᠳᠬᠦ᠌ ᠳᠤᠮᠳᠠ ᠲᠠᠰᠤᠷᠠᠯᠲᠠ ᠦᠭᠡᠢ ᠬᠥᠭ᠌ᠵᠢᠵᠦ᠍᠂ ᠴᠠᠭ ᠦᠶ᠎ᠡ᠎ᠶ᠋ᠢᠨ ᠬᠤᠪᠢᠷᠠᠯᠲᠠ ᠳᠤᠮᠳᠠ ᠲᠠᠰᠤᠷᠠᠯᠲᠠ ᠦᠭᠡᠢ ᠳᠡᠭᠡᠭ᠌ᠰᠢᠯᠡᠪᠡ᠃ ᠲᠠᠰᠤᠷᠠᠯᠲᠠ ᠦᠭᠡᠢ ᠱᠢᠨ᠎ᠡ᠎ᠶ᠋ᠢ ᠡᠭᠦᠳᠦᠨ ᠬᠥᠭ᠌ᠵᠢᠭ᠌ᠰᠡᠨ᠎ᠡᠴᠡ ᠳᠤᠮᠳᠠᠳᠤ᠎ᠶ᠋ᠢᠨ ᠪᠣᠯᠪᠠᠰᠤᠨ ᠰᠠᠶᠢ ᠠᠮᠢᠵᠢᠷᠠᠯ᠎ᠤᠨ ᠬᠦᠴᠦᠨ᠎ᠢᠶᠡᠨ ᠢᠮᠠᠭ᠍ᠲᠠ ᠪᠠᠲᠤᠯᠠᠵᠤ ᠴᠢᠳᠠᠭ᠍ᠰᠠᠨ ᠶᠤᠮ᠃

ᠤᠮᠠᠷᠠᠲᠤ ᠬᠢᠯᠢ ᠶ᠋ᠢᠨ ᠰᠣᠶᠣᠯ᠎ᠨᠢᠪᠠᠶᠠᠯᠢᠭ ᠵᠤᠵᠠᠭᠠᠨ ᠲᠡᠦᠬᠡ ᠶ᠋ᠢᠨ ᠠᠭᠤᠯᠤᠭ᠍ᠳᠠᠬᠤᠨ᠎ᠲᠠᠶ᠂ ᠣᠲᠣ ᠪᠣᠯᠲᠠᠯ᠎ᠠ ᠤᠯᠠᠮᠵᠢᠯᠠᠬᠳᠠᠵᠤ ᠲᠤᠢᠯ᠎ᠤᠨ ᠶᠡᠬᠡ ᠠᠮᠢᠵᠢᠷᠠᠯ᠎ᠤᠨ ᠬᠦᠴᠦᠨ᠎ᠲᠡᠶ ᠭᠠᠵᠠᠷ ᠣᠷᠣᠨ᠎ᠤ ᠰᠣᠶᠣᠯ ᠪᠣᠯᠤᠭ᠍ᠰᠠᠨ᠎ᠤ ᠬᠤᠪᠢ᠎ᠳᠤ᠂ ᠴᠠᠭ ᠦᠶ᠎ᠡ᠎ᠶ᠋ᠢᠨ ᠬᠥᠭ᠌ᠵᠢᠯᠲᠡ᠎ᠲᠡᠶ ᠢᠮᠠᠭ᠍ᠲᠠ ᠵᠡᠷᠭᠡ᠎ᠪᠡᠷ ᠤᠷᠤᠭ᠍ᠰᠢᠯᠠᠵᠤ᠂ ᠴᠠᠭ ᠦᠶ᠎ᠡ᠎ᠶ᠋ᠢᠨ ᠣᠬᠢ ᠰᠣᠳᠣ᠎ᠶ᠋ᠢ ᠢᠳᠡᠪᠬᠢᠲᠡᠶ ᠰᠠᠨᠠᠭᠠᠴᠢᠯᠠᠭ᠎ᠠ᠎ᠡᠴᠡ᠎ᠪᠠᠨ ᠱᠢᠩᠭᠡᠭᠡᠨ ᠠᠪᠴᠤ᠌ ᠴᠢᠳᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠬᠤᠪᠢᠰᠭᠠᠯᠲᠤ ᠲᠡᠮᠡᠴᠡᠯ᠎ᠢ ᠤᠳᠤᠷᠢᠳᠤᠭ᠍ᠰᠠᠨ ᠦᠢᠯᠡᠳᠦᠯᠭᠡ ᠨᠢ ᠤᠮᠠᠷᠠᠲᠤ ᠬᠢᠯᠢ᠎ᠶ᠋ᠢᠨ ᠰᠣᠶᠣᠯ᠎ᠳᠤ ᠢᠯᠡ ᠲᠣᠳᠣ ᠬᠤᠪᠢᠰᠭᠠᠯ᠎ᠤᠨ ᠳᠡᠪᠢᠰᠭᠡᠷ ᠦᠩᠭᠡ ᠣᠯᠭᠣᠵᠤ᠂ ᠥᠪᠥᠷ ᠮᠣᠩᠭᠣᠯ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠨᠠᠮ᠎ᠤᠨ ᠤᠳᠤᠷᠢᠳᠤᠯᠭ᠎ᠠ ᠳᠣᠣᠷ᠎ᠠ ᠦᠨᠳᠦᠰᠦᠲᠡᠨ᠎ᠦ ᠲᠤᠰᠠᠭᠠᠷ ᠲᠣᠭ᠍ᠲᠠᠨᠢᠯ ᠪᠣᠯᠤᠨ ᠤᠯᠤᠰ᠎ᠤᠨ ᠪᠠᠶᠠᠨ ᠬᠦᠴᠦᠷᠬᠡᠭ᠎ᠢ ᠲᠡᠮᠡᠴᠡᠨ ᠤᠯᠬᠤ᠎ᠶ᠋ᠢᠨ ᠲᠥᠯᠥᠭᠡ ᠪᠠᠭᠠᠲᠤᠷᠯᠢᠭ᠎ᠢᠶᠠᠷ ᠲᠡᠮᠡᠴᠡᠭ᠌ᠰᠡᠨ ᠲᠡᠦᠬᠡᠨ ᠠᠬᠢᠴᠠ ᠪᠣᠯᠤᠨ ᠠᠭᠤᠤ ᠶᠡᠬᠡ ᠬᠤᠪᠢᠰᠭᠠᠯ᠎ᠤᠨ ᠵᠣᠷᠢᠭ ᠰᠠᠨᠠᠭ᠎ᠠ᠎ᠶ᠋ᠢ ᠦᠨᠡᠨᠴᠢ᠎ᠪᠡᠷ ᠲᠤᠰᠭᠠᠪᠠ᠂ ᠡᠨᠡ ᠨᠢ ᠤᠮᠠᠷᠠᠲᠤ ᠬᠢᠯᠢ᠎ᠶ᠋ᠢᠨ ᠰᠣᠶᠣᠯ᠎ᠳᠤ ᠴᠠᠭ ᠦᠶ᠎ᠡ᠎ᠶ᠋ᠢᠨ ᠬᠠᠮᠤᠭ᠎ᠤᠨ ᠬᠦᠴᠦᠷᠬᠡᠭ ᠳᠠᠭᠤᠨ ᠪᠣᠯᠤᠨ ᠬᠦᠴᠦᠷᠬᠡᠭ ᠶᠡᠬᠡ ᠬᠤᠪᠢᠰᠭᠠᠯᠳᠤ ᠤᠳᠤᠮᠰᠢᠯ᠎ᠢ ᠨᠡᠮᠡᠷᠢᠯᠡᠭ᠌ᠰᠡᠨ ᠪᠠᠢᠨ᠎ᠠ᠃ ᠮᠠᠨ᠎ᠤ ᠨᠠᠮ᠎ᠤᠨ ᠥᠪᠥᠷ ᠮᠣᠩᠭᠣᠯ ᠣᠷᠣᠨ᠎ᠳᠠᠬᠢ ᠲᠡᠦᠬᠡ᠎ᠶ᠋ᠢ ᠡᠷᠭᠢᠴᠡᠭᠦᠯᠪᠡᠯ᠂ ᠥᠪᠥᠷ ᠮᠣᠩᠭᠣᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠢᠭᠤᠯᠤᠯᠲᠠ ᠵᠢ ᠪᠠᠢᠭᠤᠯᠤᠭ᠍ᠰᠠᠨ ᠦᠨᠳᠦᠰᠦᠲᠡᠨ᠎ᠦ ᠣᠷᠣᠨ ᠪᠣᠯᠤᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠱᠢᠭᠤᠳ ᠤᠳᠤᠷᠢᠳᠤᠯᠭ᠎ᠠ ᠳᠣᠣᠷ᠎ᠠ ᠪᠠᠢᠭᠤᠯᠤᠭ᠍ᠳᠠᠭ᠍ᠰᠠᠨ ᠶᠤᠮ᠂ ᠥᠪᠥᠷ ᠮᠣᠩᠭᠣᠯ ᠪᠣᠯ ᠨᠠᠮ᠎ᠤᠨ ᠬᠤᠷᠢᠶ᠎ᠠ ᠵᠢᠨ ᠳᠡᠮᠵᠢᠯᠭᠡ ᠳᠣᠣᠷ᠎ᠠ ᠬᠥᠭ᠌ᠵᠢᠭ᠌ᠰᠡᠨ ᠶᠤᠮ᠂ ᠥᠪᠥᠷ ᠮᠣᠩᠭᠣᠯ᠎ᠤᠨ ᠠᠵᠢᠯ᠎ᠤᠨ ᠳᠤᠮᠳᠠ ᠢᠯᠡᠷᠡᠭ᠌ᠰᠡᠨ ᠴᠢᠬᠤᠯᠠ ᠶᠡᠬᠡ ᠬᠡᠯᠪᠡᠷᠢᠯ᠎ᠢ ᠴᠥᠮ ᠨᠠᠮ᠎ᠤᠨ ᠲᠥᠪ ᠬᠣᠷᠢᠶ᠎ᠠ᠎ᠡᠴᠡ ᠬᠠᠪᠰᠤᠷᠤᠨ ᠵᠠᠯᠠᠷᠠᠭᠤᠯᠤᠭ᠍ᠰᠠᠨ ᠶᠤᠮ᠂ ᠥᠪᠥᠷ ᠮᠣᠩᠭᠣᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠤᠯᠤᠬᠰᠠᠨ᠎ᠤ ᠵᠢᠱ᠌ᠢᠶᠡᠴᠢ ᠨᠢ ᠨᠠᠮ᠎ᠤᠨ ᠦᠭᠡ᠎ᠶ᠋ᠢ ᠰᠣᠨᠣᠰᠤᠭᠰᠠᠨ ᠳ᠋ᠤ ᠪᠤᠢ᠃ ᠡᠨᠡ ᠬᠦ᠌ 《ᠲᠠᠪᠤᠨ ᠥᠭᠦᠯᠡᠪᠦᠷᠢ》 ᠵᠢᠨ ᠪᠣᠳᠠᠲᠤ ᠶᠠᠪᠤᠳᠠᠯ ᠪᠠ ᠶᠣᠰᠣ ᠤᠴᠢᠷ ᠪᠣᠯ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠴᠢᠰᠤ ᠮᠢᠬᠠᠨ᠎ᠳᠤ ᠱᠢᠩᠭᠡᠭ᠌ᠰᠡᠨ ᠬᠤᠪᠢᠰᠭᠠᠯᠳᠤ ᠤᠳᠤᠮᠰᠢᠯ᠎ᠤᠨ ᠰᠢᠷᠭᠠᠭᠠᠯᠳᠠ ᠪᠠ ᠲᠠᠢᠯᠪᠤᠷᠢᠯᠠᠯᠳᠠ ᠪᠣᠯᠤᠨ᠎ᠠ᠃ ᠡᠨᠡ ᠬᠦ᠌ ᠠᠭᠤᠤ ᠶᠡᠬᠡ ᠦᠢᠯᠡᠳᠦᠯᠭᠡ᠎ᠶ᠋ᠢᠨ ᠳᠤᠮᠳᠠ᠂ ᠥᠪᠥᠷ ᠮᠣᠩᠭᠣᠯ ᠣᠷᠣᠨ ᠡᠯᠪᠡᠭ ᠪᠠᠶᠠᠯᠢᠭ ᠬᠤᠪᠢᠰᠭᠠᠯ᠎ᠤᠨ ᠡᠬᠢ ᠪᠠᠶᠠᠯᠢᠭ ᠪᠣᠯᠤᠨ ᠰᠣᠶᠣᠯ᠎ᠤᠨ ᠭᠸᠨ᠎ᠢ ᠬᠤᠷᠠᠮᠳᠤᠭᠤᠯᠵᠤ᠂ ᠥᠪᠥᠷ ᠮᠣᠩᠭᠣᠯ ᠣᠷᠣᠨ᠎ᠤ ᠱᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠡᠷ ᠣᠨᠳᠣᠣᠱᠢᠭᠤᠯᠬᠤ᠂ ᠱᠢᠨ᠎ᠡ᠎ᠶ᠋ᠢ ᠡᠭᠦᠳᠬᠦ᠌ ᠴᠢᠨᠠᠷᠲᠠᠢ ᠬᠥᠭ᠌ᠵᠢᠯᠲᠡ᠎ᠶ᠋ᠢ ᠪᠡᠶᠡᠯᠡᠭᠦᠯᠬᠦ᠌ ᠱᠢᠮᠡᠳᠦ ᠬᠥᠷᠥᠰᠥ᠍ ᠪᠤᠯᠵᠤ᠂ ᠤᠮᠠᠷᠠᠲᠤ ᠬᠢᠯᠢ᠎ᠶ᠋ᠢᠨ ᠰᠣᠶᠣᠯ᠎ᠢ ᠪᠠᠢᠭᠤᠯᠬᠤ᠎ᠳᠤ ᠱᠢᠰᠲᠸᠮ ᠲᠠᠢ ᠰᠣᠶᠣᠯ᠎ᠤᠨ ᠪᠦᠲᠦᠴᠡ ᠪᠣᠯᠤᠨ ᠲᠣᠳᠣᠷᠬᠠᠢ ᠦᠷᠳᠡᠭ᠎ᠦᠨ ᠬᠥᠭᠡᠭᠡᠴᠡᠯᠳᠦᠯ ᠬᠠᠩᠭᠠᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠴᠠᠭ ᠦᠶ᠎ᠡ᠎ᠶ᠋ᠢᠨ ᠠᠭᠤᠯᠤᠭ᠍ᠳᠠᠬᠤᠨ᠂ ᠤᠶᠤᠨ ᠰᠠᠨᠠᠭᠠᠨ᠎ᠤ ᠪᠡᠯᠭᠡ ᠲᠡᠮᠳᠡᠭ ᠪᠣᠯᠤᠨ ᠬᠦᠴᠦᠷᠬᠡᠭ ᠶᠡᠬᠡ ᠨᠢᠭ᠍ᠲᠠᠷᠠᠯ᠎ᠤᠨ ᠬᠦᠴᠦᠨ᠎ᠢ ᠪᠦᠷᠢᠯᠳᠦᠬᠦᠯᠵᠡᠢ᠃ ᠤᠢ᠍ᠢᠷ᠎ᠠ᠎ᠶ᠋ᠢᠨ ᠵᠢᠯ᠎ᠡᠴᠡ᠂ ᠲᠣᠭᠠᠴᠢᠯᠠᠭ᠍ᠰᠠᠨ ᠬᠡᠷᠡᠭ᠌ᠯᠡᠭᠡ ᠵᠢᠴᠢ ᠰᠣᠶᠣᠯ᠎ᠤᠨ ᠪᠦᠳᠦᠬᠡᠯᠴᠢ ᠦᠢᠯᠡᠳᠬᠦᠨ᠎ᠢ ᠨᠡᠭᠡᠭᠡᠨ ᠬᠥᠭ᠌ᠵᠢᠭᠦᠯᠵᠦ᠍᠂ ᠮᠦᠽᠧᠢ᠎ᠳᠦ ᠬᠠᠳᠠᠭᠠᠯᠠᠵᠤ ᠪᠠᠢᠭ᠎ᠠ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠠᠮᠢᠯᠠᠭᠤᠯᠬᠤ᠎ᠡᠴᠡ ᠠᠪᠤᠭᠠᠳ ᠳᠤᠮᠳᠠᠳᠤ᠎ᠶ᠋ᠢᠨ ᠭᠤᠤ᠎ᠠ ᠰᠠᠢᠬᠠᠨ᠎ᠤ ᠲᠠᠭᠠᠱᠢᠶᠠᠯ᠎ᠤᠨ ᠬᠡᠪ ᠨᠠᠮᠪᠠ᠎ᠳᠤ ᠰᠠᠭᠤᠷᠢᠯᠠᠵᠤ᠂ ᠱᠢᠯᠢᠳᠡᠭ ᠪᠦᠲᠦᠭᠡᠯ᠎ᠢ ᠲᠠᠰᠤᠷᠠᠯᠳᠠ ᠦᠬᠡᠢ ᠡᠬᠦᠳᠦᠨ ᠪᠦᠳᠦᠭᠡᠬᠦ ᠬᠦᠷᠲᠡᠯ᠎ᠡ᠂ ᠲᠠᠬᠢᠭᠠᠳ ᠲᠡᠦᠬᠡ ᠰᠣᠶᠣᠯ᠎ᠤᠨ ᠵᠡᠭᠡᠯᠢ ᠵᠢᠨ ᠲᠣᠭᠣᠷᠢᠭ᠎ᠢ ᠬᠠᠮᠠᠭᠠᠯᠠᠬᠤ ᠳᠤᠮᠳᠠ ᠬᠥᠭ᠌ᠵᠢᠭᠦᠯᠵᠦ᠍᠂ ᠲᠡᠦᠬᠡ ᠰᠣᠶᠣᠯ᠎ᠤᠨ ᠦᠪ᠎ᠢ ᠤᠳᠤ ᠦᠶ᠎ᠡ᠎ᠶ᠋ᠢᠨ ᠠᠮᠢᠳᠤᠷᠠᠯ᠎ᠳᠤ ᠠᠭᠤᠰᠤᠯᠴᠠᠭᠤᠯᠬᠤ ᠬᠦᠷᠳᠡᠯ᠎ᠡ᠂ ᠡᠷᠲᠡᠨ᠎ᠦ ᠬᠢ᠎ᠶ᠋ᠢ ᠡᠳᠦᠭᠡ᠎ᠳᠦ ᠦᠢᠯᠡᠴᠢᠯᠡᠭᠦᠯᠬᠦ᠌᠂ ᠬᠠᠭᠤᠴᠢᠨ᠎ᠢ ᠤᠷᠬᠢᠵᠤ ᠱᠢᠨ᠎ᠡ᠎ᠶ᠋ᠢ ᠪᠦᠲᠦᠭᠡᠬᠦ᠌᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠰᠣᠶᠣᠯ᠎ᠢ᠋ ᠭᠦᠭᠵᠢᠬᠡᠵᠦ᠂ ᠱᠢᠨ᠎ᠡ ᠴᠠᠭ ᠦᠶ᠎ᠡ᠎ᠳᠦ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ᠋ ᠨᠢ ᠢᠯᠡᠷᠡᠭᠦᠯᠪᠡ᠃

《ᠲᠡᠦᠬᠡ᠎ᠶ᠋ᠢᠨ ᠬᠠᠮᠤᠭ᠎ᠤᠨ ᠰᠠᠢ᠌ᠨ ᠵᠠᠯᠭᠠᠮᠵᠢᠯᠠᠯ ᠪᠣᠯ ᠳᠠᠷᠤᠢ ᠱᠢᠨ᠎ᠡ ᠲᠡᠦᠬᠡ᠎ᠶ᠋ᠢ ᠡᠭᠦᠳᠬᠦ᠌ ᠶᠠᠪᠤᠳᠠᠯ ᠪᠣᠯᠤᠨ᠎ᠠ; ᠬᠥᠮᠦᠨ ᠲᠥᠷᠥᠯᠬᠢᠲᠡᠨ᠎ᠦ ᠪᠣᠯᠪᠠᠰᠤᠨ᠎ᠤ ᠲᠤᠬᠠᠢ ᠬᠠᠮᠤᠭ᠎ᠤᠨ ᠶᠡᠬᠡ ᠬᠦᠨᠳᠦᠳᠭᠡᠯ ᠪᠤᠯ ᠳᠠᠷᠤᠶ ᠬᠥᠮᠦᠨ ᠲᠥᠷᠥᠯᠬᠢᠲᠡᠨ᠎ᠦ ᠪᠣᠯᠪᠠᠰᠤᠨ᠎ᠤ ᠱᠢᠨ᠎ᠡ ᠬᠡᠯᠪᠡᠷᠢ ᠵᠢ ᠡᠭᠦᠳᠦᠨ ᠪᠦᠲᠦᠭᠡᠬᠦ᠌ ᠶᠠᠪᠤᠳᠠᠯ ᠪᠣᠯᠤᠨ᠎ᠠ》᠃ ᠱᠢᠨ᠎ᠡ ᠴᠠᠭ ᠦᠶ᠎ᠡ ᠱᠢᠨ᠎ᠡ ᠠᠶᠠᠨ᠎ᠳᠤ᠂ ᠤᠮᠠᠷᠠᠲᠤ ᠬᠢᠯᠢ᠎ᠶ᠋ᠢᠨ ᠰᠣᠶᠣᠯ ᠨᠢ ᠪᠦᠲᠦᠭᠡᠯᠴᠢ ᠴᠢᠨᠠᠷᠲᠠᠢ᠎ᠪᠠᠷ ᠣᠨᠳᠣᠣᠱᠢᠬᠤ ᠱᠢᠨ᠎ᠡ᠎ᠶ᠋ᠢ ᠡᠭᠦᠳᠬᠦ᠌ ᠴᠢᠨᠠᠷᠲᠠᠢ᠎ᠪᠡᠷ ᠬᠥᠭ᠌ᠵᠢᠬᠦ᠎ᠶ᠋ᠢ ᠪᠡᠶᠡᠯᠡᠭᠦᠯᠬᠦ ᠵᠠᠮ ᠳᠡᠭᠡᠷ᠎ᠡ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠡᠴᠡ ᠲᠠᠰᠤᠷᠠᠯᠲᠠ ᠦᠭᠡᠢ ᠡᠬᠢ ᠡᠭᠦᠰᠦᠯ᠎ᠢ ᠡᠷᠢᠵᠦ᠍᠂ ᠤᠶᠤᠨ ᠤᠬᠠᠭᠠᠨ ᠬᠦᠴᠦᠨ ᠴᠢᠳᠠᠯ᠎ᠢ ᠨᠢ ᠱᠢᠩᠭᠡᠭᠡᠨ ᠠᠪᠴᠤ᠌᠂ ᠬᠤᠪᠢᠰᠭᠠᠯᠲᠦ᠎ᠤᠳᠤᠮᠱᠢᠯ᠎ᠢ ᠵᠠᠯᠭᠠᠮᠵᠢᠯᠠᠵᠤ᠂ ᠬᠤᠪᠢᠰᠭᠠᠯᠲᠦ ᠤᠯᠠᠮᠵᠢᠯᠠᠯ᠎ᠢ ᠦᠷᠭᠦᠯᠵᠢᠯᠡᠨ ᠵᠠᠯᠭᠠᠮᠵᠢᠯᠠᠭ᠍ᠰᠠᠨ ᠰᠠᠭᠤᠷᠢᠨ ᠳᠡᠭᠡᠷ᠎ᠡ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌ ᠲᠥᠪ ᠰᠤᠷᠲᠠᠯ ᠪᠠ ᠣᠮᠣᠭ ᠵᠣᠷᠢᠭ᠎ᠢᠶᠠᠷ ᠱᠢᠨ᠎ᠡ ᠰᠣᠶᠣᠯ᠎ᠤᠨ ᠡᠭᠦᠷᠭᠡ ᠬᠠᠷᠢᠭᠤᠴᠠᠯᠭ᠎ᠠ᠎ᠶ᠋ᠢ ᠨᠡᠩ ᠰᠠᠢ᠌ᠳᠤᠷ ᠡᠭᠦᠷᠭᠡᠯᠡᠵᠦ᠍᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ᠌ ᠠᠤᠭ᠎ᠠ ᠬᠦᠴᠦᠨ᠎ᠢ ᠨᠢᠭ᠍ᠲᠠᠷᠠᠭᠤᠯᠪᠠ᠃

(ᠭᠤᠷᠪᠠ) ᠨᠢᠭᠡᠳᠦᠮᠡᠯ ᠴᠢᠨᠠᠷ᠎ᠢ ᠪᠠᠲᠤ ᠰᠠᠬᠢᠵᠤ᠂ ᠬᠠᠮᠳᠤ ᠵᠢᠨ ᠲᠠᠨᠢᠯᠳᠠ ᠵᠢᠨ ᠴᠢᠨᠠᠷ᠎ᠢ ᠳᠣᠪᠣᠢᠯᠭᠠᠪᠠ

ᠳᠤᠮᠳᠠᠳᠤ᠎ᠶ᠋ᠢᠨ ᠪᠣᠯᠪᠠᠰᠤᠨ ᠲᠣᠪᠣᠢᠮ᠎ᠠ ᠨᠢᠭᠡᠳᠦᠮᠡᠯ ᠴᠢᠨᠠᠷ᠎ᠲᠠᠶ᠃ ᠥᠩᠭᠡᠷᠡᠭ᠌ᠰᠡᠨ ᠲᠦᠷᠦ ᠬᠦᠷᠦᠨ᠎ᠤ ᠳᠤᠮᠳᠠᠳᠤᠴᠤᠳ ᠨᠢᠭᠡᠳᠦᠯ᠎ᠢ ᠭᠤᠢᠪᠢᠰᠢ ᠦᠭᠡᠢ ᠬᠥᠭᠡᠭᠡᠴᠡᠯᠳᠦᠵᠦ᠂ ᠨᠢᠭᠡᠳᠦᠯ ᠲᠡᠢᠰᠢ ᠬᠠᠨᠳᠤᠵᠤ᠂ ᠨᠢᠭᠡᠳᠦᠯ᠎ᠢ ᠪᠡᠶᠡᠯᠡᠭᠦᠯᠵᠦ᠍᠂ ᠬᠦᠨᠳᠦ ᠶᠡᠬᠡ ᠨᠤᠭᠤᠷᠠᠯ ᠪᠦᠳᠦᠷᠢᠯ᠎ᠳᠦ ᠤᠴᠠᠷᠠᠭ᠍ᠰᠠᠨ ᠴᠤ᠌ ᠪᠠᠲᠤ ᠪᠡᠬᠢ ᠨᠢᠭ᠍ᠲᠠᠷᠠᠯ᠎ᠲᠠᠶ ᠪᠠᠢᠳᠠᠭ᠃ ᠡᠢᠮᠦᠷᠬᠦᠦ ᠨᠢᠭᠡᠳᠦᠮᠡᠯ ᠴᠢᠨᠠᠷ ᠨᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠴᠢᠰᠤ ᠮᠢᠬᠠᠨ᠎ᠤ ᠪᠠᠷᠢᠯᠳᠤᠯᠭ᠎ᠠ᠎ᠳᠠᠬᠢ ᠡᠬᠡ ᠣᠷᠣᠨᠴᠢ ᠬᠠᠢᠷ᠎ᠠ ᠰᠡᠳᠭᠢᠯᠭᠡ᠎ᠶ᠋ᠢ ᠪᠤᠢ ᠪᠣᠯᠭᠠᠪᠠ᠃ ᠭᠦᠨ ᠵᠤᠵᠠᠭᠠᠨ ᠤᠯᠤᠰ ᠬᠡᠷ᠎ᠤᠨ ᠬᠠᠢᠷ᠎ᠠ ᠰᠡᠳᠭᠢᠯᠭᠡ ᠪᠠ ᠬᠦᠨᠳᠦ ᠴᠢᠬᠢᠮᠡᠢ ᠲᠡᠦᠬᠡ᠎ᠶ᠋ᠢᠨ ᠤᠬᠠᠮᠰᠠᠷ ᠨᠢ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠨᠢᠭᠡᠳᠦᠯ᠎ᠢ ᠬᠠᠮᠠᠭᠠᠯᠠᠬᠤ ᠬᠥᠮᠦᠨ᠎ᠦ ᠰᠡᠳᠭᠢᠯ᠎ᠦᠨ ᠰᠠᠭᠤᠷᠢ᠎ᠶ᠋ᠢ ᠲᠠᠯᠪᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠮᠢᠩᠭᠠᠨ ᠪᠡᠷᠬᠡ ᠲᠦᠮᠡᠨ ᠪᠠᠷᠳᠠᠭ᠎ᠠ᠎ᠶ᠋ᠢ ᠲᠤᠭᠤᠯᠤᠭᠠᠳ ᠲᠠᠰᠤᠷᠠᠯᠳᠠ ᠦᠭᠡᠢ ᠰᠡᠷᠭᠦᠨ ᠮᠠᠨᠳᠤᠬᠤ᠎ᠶ᠋ᠢᠨ ᠤᠶᠤᠨ ᠰᠠᠨᠠᠭᠠᠨ᠎ᠤ ᠲᠦᠱᠢᠭ ᠲᠤᠯᠭᠠᠭᠤᠷᠢ ᠪᠣᠯᠤᠭ᠍ᠰᠠᠨ ᠪᠠᠢᠨ᠎ᠠ᠃ ᠲᠡᠦᠬᠡᠨ᠎ᠡᠴᠡ ᠠᠪᠤᠭᠠᠳ ᠤᠳᠤ ᠪᠣᠯᠲᠠᠯ᠎ᠠ᠂ ᠳᠤᠮᠳᠠᠳᠤ᠎ᠶ᠋ᠢᠨ ᠦᠨᠳᠦᠰᠦᠲᠡᠨ᠎ᠦ ᠦᠨᠳᠦᠰᠦᠲᠡᠨ᠎ᠨᠦᠭᠦᠳ᠎ᠦᠨ ᠰᠣᠶᠣᠯ ᠨᠢ ᠳᠤᠮᠳᠠᠳᠤ᠎ᠶ᠋ᠢᠨ ᠪᠣᠯᠪᠠᠰᠤᠨ᠎ᠤ ᠭᠦᠨ ᠵᠤᠵᠠᠭᠠᠨ ᠠᠭᠤᠯᠤᠭ᠍ᠳᠠᠬᠤᠨ᠂ ᠭᠡᠷᠡᠯ ᠰᠠᠴᠤᠷᠠᠩᠭᠤᠢ ᠰᠣᠶᠣᠯ᠎ᠤᠨ ᠱᠢᠮᠡᠳᠦ ᠬᠥᠷᠥᠰᠥᠨ᠎ᠳᠦ ᠭᠦᠨ᠎ᠡ ᠦᠨᠳᠦᠰᠦᠯᠡᠵᠦ᠍᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠳᠤᠮᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠎ᠤ ᠰᠡᠳᠭᠢᠯ ᠎ᠢ ᠨᠢᠬᠳᠠᠷᠠᠭᠤᠯᠵᠤ᠂ ᠤᠶᠤᠨ ᠰᠠᠨᠠᠭ᠎ᠠ᠎ᠶ᠋ᠢ ᠨᠢ ᠬᠠᠷᠢᠯᠴᠠᠨ ᠲᠦᠱᠢᠯᠴᠡᠭᠦᠯᠵᠦ᠍᠂ ᠨᠢᠭᠡ ᠰᠡᠳᠭᠢᠯ᠎ᠢᠶᠡᠷ ᠪᠦᠯᠬᠦᠮᠳᠡᠨ ᠤᠷᠤᠭ᠍ᠰᠢᠯᠠᠬᠤ ᠬᠦᠴᠦᠷᠬᠡᠭ ᠶᠡᠬᠡ ᠤᠶᠤᠨ ᠰᠠᠨᠠᠭᠠᠨ᠎ᠤ ᠬᠣᠯᠪᠣᠭᠠᠰᠤ᠎ᠶ᠋ᠢ ᠪᠦᠷᠢᠯᠳᠦᠭᠦᠯᠵᠡᠢ᠃

ᠤᠮᠠᠷᠠᠲᠤ ᠬᠢᠯᠢ᠎ᠶ᠋ᠢᠨ ᠰᠣᠶᠣᠯ᠎ᠢ ᠪᠠᠭ᠍ᠲᠠᠭᠠᠭ᠍ᠰᠠᠨ ᠤᠯᠠᠨ ᠵᠦᠢᠯ᠎ᠦᠨ ᠭᠠᠵᠠᠷ ᠣᠷᠣᠨ᠎ᠤ ᠰᠣᠶᠣᠯ ᠨᠢ ᠢᠮᠠᠭ᠍ᠲᠠ ᠳᠡᠭᠡᠳᠦ ᠬᠡᠮᠵᠢᠶᠡᠨ᠎ᠦ ᠨᠢᠭ᠍ᠲᠠᠷᠠᠯ᠎ᠤᠨ ᠬᠦᠴᠦᠨ᠂ ᠲᠥᠪᠯᠡᠩᠭᠦᠢ ᠬᠦᠴᠦᠨ᠎ᠢ ᠪᠠᠲᠤᠯᠠᠵᠤ᠂ ᠳᠤᠮᠳᠠᠳᠤ᠎ᠶ᠋ᠢᠨ ᠪᠣᠯᠪᠠᠰᠤᠨ᠎ᠤ ᠬᠠᠮᠳᠤ ᠵᠢᠨ ᠲᠠᠨᠢᠯᠳᠠ ᠵᠢᠨ ᠴᠢᠨᠠᠷ᠎ᠢᠶᠠᠷ ᠢᠯᠡᠷᠡᠵᠦ᠍᠂ ᠡᠴᠦᠰ᠎ᠲᠡᠬᠡᠨ ᠳᠤᠮᠳᠠᠳᠤ᠎ᠶ᠋ᠢᠨ ᠪᠣᠯᠪᠠᠰᠤᠨ᠎ᠤ ᠨᠢᠭᠡᠳᠦᠮᠡᠯ ᠴᠢᠨᠠᠷ᠎ᠢ ᠠᠬᠢᠭᠤᠯᠪᠠ᠃ ᠥᠪᠥᠷ ᠮᠣᠩᠭᠣᠯ ᠣᠷᠣᠨ᠎ᠤ ᠬᠥᠭ᠌ᠵᠢᠯᠲᠡ᠎ᠶ᠋ᠢᠨ ᠲᠡᠦᠬᠡ ᠨᠢ ᠳᠤᠮᠳᠠᠳᠤ᠎ᠶ᠋ᠢᠨ ᠦᠨᠳᠦᠰᠦᠲᠡᠨ ᠪᠣᠯᠤᠨ ᠳᠤᠮᠳᠠᠳᠤ᠎ᠶ᠋ᠢᠨ ᠪᠣᠯᠪᠠᠰᠤᠨ᠎ᠤ ᠤᠯᠠᠨ ᠡᠱᠢ ᠨᠢᠭᠡ ᠴᠤᠬ᠍ᠴᠠᠵᠢᠬᠰᠠᠨ᠎ᠢ ᠲᠣᠳᠣᠷᠬᠠᠢ ᠢᠯᠡᠷᠡᠭᠦᠯᠵᠦ᠍᠂ ᠦᠨᠳᠦᠰᠦᠲᠡᠨ᠎ᠨᠦᠭᠦᠳ᠎ᠦᠨ ᠨᠤᠲᠤᠭ ᠳᠡᠪᠢᠰᠭᠡᠷ ᠰᠠᠯᠵᠤ ᠪᠣᠯᠤᠰᠢ ᠦᠭᠡᠢ᠂ ᠤᠯᠤᠰ ᠣᠷᠣᠨ ᠰᠠᠮᠠᠭᠤᠷᠠᠵᠤ ᠪᠣᠯᠤᠰᠢ ᠦᠭᠡᠢ᠂ ᠦᠨᠳᠦᠰᠦᠲᠡᠨ ᠰᠠᠷᠨᠢᠵᠤ ᠪᠣᠯᠤᠰᠢ ᠦᠭᠡᠢ᠂ ᠪᠣᠯᠪᠠᠰᠤᠨ ᠲᠠᠰᠤᠷᠠᠰᠢ ᠦᠭᠡᠢ ᠪᠠᠢᠬᠤ ᠬᠠᠮᠲᠤ᠎ᠶ᠋ᠢᠨ ᠢᠲᠡᠭᠡᠯ ᠪᠢᠱᠢᠷᠡᠯ᠎ᠳᠦ ᠲᠤᠭᠤᠱᠢᠯᠠᠭ᠍ᠳᠠᠵᠤ ᠪᠠᠢᠨ᠎ᠠ᠃ ᠥᠪᠥᠷ ᠮᠣᠩᠭᠣᠯ ᠣᠷᠣᠨ᠎ᠤ ᠲᠡᠦᠬᠡ᠎ᠡᠴᠡ ᠲᠤᠰᠭᠠᠭ᠍ᠰᠠᠨ ᠦᠨᠳᠦᠰᠦᠲᠡᠨ᠎ᠨᠦᠭᠦᠳ᠎ᠦᠨ ᠠᠭᠤᠰᠤᠯᠴᠠᠯ ᠲᠥᠪᠯᠡᠷᠡᠯ ᠨᠢ ᠦᠨᠳᠦᠰᠦᠲᠡᠨ᠎ᠨᠦᠭᠦᠳ᠎ᠦᠨ ᠬᠠᠮᠲᠤ᠎ᠪᠠᠷ ᠴᠣᠭ᠍ᠴᠠᠯᠠᠨ ᠪᠠᠢᠭᠤᠯᠵᠤ᠂ ᠬᠥᠭ᠌ᠵᠢᠭᠦᠯᠵᠦ᠍᠂ ᠨᠢᠭᠡᠳᠦᠯ᠎ᠢ ᠪᠡᠬᠢᠵᠢᠭᠦᠯᠬᠦ᠌ ᠠᠭᠤᠤ ᠶᠡᠬᠡ ᠡᠭᠡ ᠤᠯᠤᠰ᠎ᠤᠨ ᠲᠡᠦᠬᠡ᠎ᠶ᠋ᠢᠨ ᠲᠤᠬᠠᠢ ᠠᠮᠢᠳᠤᠯᠢᠭ ᠲᠠᠢᠯᠪᠤᠷᠢᠯᠠᠯᠲᠠ ᠪᠤᠯᠵᠦ᠍᠂ ᠳᠤᠮᠳᠠᠳᠤ᠎ᠶ᠋ᠢᠨ ᠪᠣᠯᠪᠠᠰᠤᠨ᠎ᠤ ᠨᠢᠭᠡᠳᠦᠮᠡᠯ ᠴᠢᠨᠠᠷ᠎ᠲᠤ ᠠᠮᠢᠳᠤᠯᠢᠭ ᠲᠠᠢᠯᠪᠤᠷᠢᠯᠠᠯᠳᠠ ᠬᠢᠭ᠌ᠰᠡᠨ ᠪᠠᠢᠨ᠎ᠠ᠃ ᠵᠤᠤ ᠡᠦ ᠯᠢᠩ ᠸᠠᠩ ᠤᠮᠠᠷᠠᠲᠤ᠎ᠶ᠋ᠢᠨ ᠬᠢᠯᠢ ᠬᠢᠵᠠᠭᠠᠷ᠎ᠤᠨ 《ᠬᠤ᠌ ᠵᠢᠨ ᠬᠤᠪᠴᠠᠰᠤ ᠡᠮᠦᠰᠴᠦ ᠨᠠᠮᠨᠠᠬᠤ》 ᠵᠢ ᠬᠡᠷᠡᠭᠵᠢᠬᠦᠯᠵᠤ᠂ ᠬᠠᠨ ᠤᠯᠤᠰ᠎ᠤᠨ 《ᠵᠤᠤ ᠵᠢᠶᠦ᠋ᠨ ᠪᠣᠭᠣᠮᠲᠠ ᠵᠢᠨ ᠭᠠᠳᠠᠨ᠎ᠠ ᠮᠤᠷᠳᠠᠬᠰᠠᠨ》 ᠬᠠᠨ ᠤᠯᠤᠰ ᠪᠣᠯᠤᠨ ᠾᠦᠨᠭᠨᠤ᠎ᠶᠢᠨ ᠤᠷᠤᠭ ᠪᠤᠯᠤᠯᠴᠠᠨ ᠡᠪᠰᠡᠬᠦ᠎ᠵᠢ ᠠᠬᠢᠭᠤᠯᠤᠭ᠍ᠰᠠᠨ᠎ᠡᠴᠡ ᠠᠪᠤᠭᠠᠳ ᠤᠮᠠᠷᠠᠲᠤ ᠸᠧᠢ ᠤᠯᠤᠰ᠎ᠤᠨ ᠱᠢᠶᠤᠤ ᠸᠸᠨ ᠳ᠋ᠢ ᠬᠠᠭᠠᠨ᠎ᠤ ᠥᠭᠡᠷᠡᠴᠢᠯᠡᠯᠲᠡ ᠬᠢᠵᠦ᠍ ᠬᠢᠲᠠᠳᠴᠢᠯᠠᠬᠤ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠦᠭ᠌ᠰᠡᠨ ᠬᠦᠷᠲᠡᠯ᠎ᠡ᠂ ᠲᠠᠬᠢᠭᠠᠳ ᠰᠦᠢ ᠲᠠᠩ ᠶᠤᠸᠠᠨ ᠮᠢᠩ ᠴᠢᠩ ᠤᠯᠤᠰ᠎ᠤᠨ ᠦᠶ᠎ᠡ ᠵᠢᠨ ᠤᠳᠠᠭ᠎ᠠ ᠪᠦᠷᠢ ᠵᠢᠨ ᠶᠡᠬᠡ ᠨᠢᠭᠡᠳᠦᠯ ᠪᠠ ᠲᠠᠰᠤᠷᠠᠯᠳᠠ ᠦᠭᠡᠢ ᠦᠷᠭᠦᠯᠵᠢᠯᠡᠭ᠌ᠰᠡᠨ ᠦᠨᠳᠦᠰᠦᠲᠡᠨ᠎ᠦ ᠶᠡᠬᠡ ᠠᠭᠤᠰᠤᠯᠴᠠᠯ ᠬᠦᠷᠲᠡᠯ᠎ᠡ᠂ ᠨᠡᠭᠦᠳᠡᠯᠯᠡᠬᠦ᠌᠂ ᠠᠷᠠᠯᠵᠢᠶ᠎ᠠ ᠨᠡᠪᠲᠡᠷᠡᠬᠦ᠌᠂ ᠤᠷᠤᠭ ᠬᠣᠯᠪᠣᠬᠤ ᠵᠡᠷᠭᠡ ᠲᠡᠦᠬᠡᠨ ᠶᠠᠪᠤᠴᠠ ᠳᠤᠮᠳᠠ᠂ ᠦᠨᠳᠦᠰᠦᠲᠡᠨ᠎ᠨᠦᠭᠦᠳ᠎ᠦᠨ ᠶᠠᠪᠤᠯᠴᠠᠭᠠᠨ᠎ᠤ ᠬᠦᠷᠢᠶ᠎ᠡ ᠬᠡᠪᠴᠢᠶ᠎ᠡ ᠲᠠᠰᠤᠷᠠᠯᠳᠠ ᠦᠭᠡᠢ ᠥᠷᠭᠡᠵᠢᠵᠦ᠍᠂ ᠰᠣᠯᠢᠯᠴᠠᠭᠠᠨ᠎ᠤ ᠠᠵᠢᠯᠯᠠᠭ᠎ᠠ ᠡᠳᠦᠷ ᠢᠷᠡᠬᠦᠶ᠎ᠡ ᠣᠯᠠᠱᠢᠷᠠᠵᠤ᠂ ᠠᠭᠤᠰᠤᠯᠴᠠᠯ᠎ᠤᠨ ᠬᠡᠮᠵᠢᠶ᠎ᠡ ᠠᠯᠬᠤᠮ ᠠᠯᠬᠤᠮ᠎ᠢᠶᠠᠷ ᠭᠦᠨᠵᠡᠭᠡᠢᠷᠡᠵᠦ᠍᠂ ᠨᠢᠭ᠍ᠲᠠᠷᠠᠯ᠎ᠤᠨ ᠬᠦᠴᠦᠨ ᠲᠠᠰᠤᠷᠠᠯᠳᠠ ᠦᠭᠡᠢ ᠴᠢᠩᠭᠠᠷᠠᠵᠤ᠂ ᠡᠴᠦᠰ᠎ᠲᠡᠬᠡᠨ ᠳᠤᠮᠳᠠᠳᠤ᠎ᠶ᠋ᠢᠨ ᠦᠨᠳᠦᠰᠦᠲᠡᠨ᠎ᠦ ᠤᠯᠠᠨ ᠡᠱᠢᠵᠢᠨ ᠨᠢᠭᠡ ᠴᠤᠬ᠍ᠴᠠᠵᠢᠭᠰᠠᠨ ᠪᠠᠢᠷᠢᠰᠢᠯ ᠪᠦᠷᠢᠯᠳᠦᠬᠦ᠎ᠵᠢ ᠠᠬᠢᠭᠤᠯᠪᠠ᠃ ᠤᠢ᠍ᠢᠷ᠎ᠠ ᠦᠶ᠎ᠡ᠎ᠡᠴᠡ ᠨᠠᠭᠠᠰᠢ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠭᠠᠳᠠᠭᠠᠳᠤ᠎ᠶ᠋ᠢᠨ ᠳᠠᠷᠤᠯᠠᠯ᠎ᠢ ᠡᠰᠡᠷᠭᠦᠴᠡᠬᠦ᠌ ᠲᠤᠮᠳᠠ ᠯᠤᠲᠤ ᠶᠡᠬᠡ ᠬᠤᠪᠢ ᠨᠡᠮᠡᠷᠢ ᠦᠵᠡᠭᠦᠯᠵᠦ᠍᠂ ᠬᠠᠮᠤᠭ᠎ᠤᠨ ᠦᠨᠡᠨ ᠪᠣᠳᠠᠲᠠᠢ ᠪᠥᠭᠡᠳ ᠡᠭᠡᠯ ᠪᠣᠷᠣᠭ᠍ᠵᠢᠭᠤᠨ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠢᠯᠡᠷᠡᠭᠦᠯᠵᠦ᠍᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠲᠡᠶ ᠬᠠᠮᠲᠤ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠤᠬᠠᠮᠰᠠᠷᠠᠭᠠᠳᠤᠢ᠎ᠡᠴᠡ ᠤᠬᠠᠮᠰᠠᠷ᠎ᠲᠠᠶ ᠪᠣᠯᠬᠤ᠎ᠶ᠋ᠢ ᠠᠬᠢᠭᠤᠯᠪᠠ᠃ ᠥᠪᠥᠷ ᠮᠣᠩᠭᠣᠯ ᠣᠷᠣᠨ᠎ᠤ 《ᠣᠯᠠᠨ ᠦᠨᠳᠦᠰᠦᠲᠡᠨ᠂ ᠶᠡᠬᠡ ᠠᠭᠤᠰᠤᠯᠴᠠᠯ》᠎ᠤ᠋ᠨ ᠬᠥᠭ᠌ᠵᠢᠯᠲᠡ᠎ᠶ᠋ᠢᠨ ᠲᠡᠦᠬᠡ᠎ᠶ᠋ᠢ ᠡᠮᠬᠢᠯᠡᠵᠦ᠍ ᠦᠵᠡᠪᠡᠯ᠂ ᠠᠳᠠᠯᠢ ᠪᠤᠰᠤ ᠲᠡᠦᠬᠡᠨ ᠴᠠᠭ ᠦᠶ᠎ᠡ᠎ᠳᠦ ᠦᠶ ᠣᠯᠠᠨ ᠦᠨᠳᠦᠰᠦᠲᠡᠨ ᠬᠠᠮᠲᠤ᠎ᠪᠠᠷ ᠥᠪᠥᠷ ᠮᠣᠩᠭᠣᠯ ᠣᠷᠣᠨ᠎ᠤ ᠲᠡᠦᠬᠡ᠎ᠶ᠋ᠢ ᠡᠭᠦᠳᠦᠭ᠌ᠰᠡᠨ ᠪᠠᠢᠨ᠎ᠠ᠃ ᠡᠨᠳᠡ ᠦᠨᠳᠦᠰᠦᠲᠡᠨ᠎ᠦ ᠨᠡᠭᠦᠳᠡᠯ᠂ ᠬᠠᠷᠢᠯᠴᠠᠨ ᠤᠷᠤᠭ᠍ᠯᠠᠬᠤ᠂ ᠠᠷᠠᠯᠵᠢᠶ᠎ᠠ ᠬᠤᠳᠠᠯᠳᠤᠭ᠎ᠠ ᠶᠠᠪᠤᠯᠴᠠᠭ᠎ᠠ᠂ ᠰᠣᠶᠣᠯ᠎ᠤᠨ ᠰᠣᠯᠢᠯᠴᠠᠭ᠎ᠠ ᠣᠯᠠᠨᠲᠠ ᠡᠭᠦᠰᠴᠦ᠍᠂ ᠥᠪᠥᠷ ᠮᠣᠩᠭᠣᠯ ᠣᠷᠣᠨ᠎ᠤ ᠬᠥᠭ᠌ᠵᠢᠯᠲᠡ ᠳᠠᠪᠱᠢᠯᠲᠠ᠎ᠳᠤ ᠲᠠᠰᠤᠷᠠᠯᠲᠠ ᠥᠬᠡᠶ ᠬᠥᠳᠡᠯᠭᠡᠬᠦ᠌ ᠬᠦᠴᠦᠨ ᠨᠡᠮᠡᠷᠢᠯᠡᠵᠦ᠍᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ᠂ ᠲᠣᠭ᠍ᠲᠠᠭᠤᠨ ᠬᠠᠮᠲᠤ᠎ᠶ᠋ᠢᠨ ᠳᠤᠷᠠᠰᠤᠮᠵᠢ᠎ᠶ᠋ᠢ ᠲᠣᠳᠣᠷᠬᠠᠶ ᠢᠯᠡᠷᠡᠭᠦᠯᠵᠦ᠍᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠳᠡᠭᠡᠳᠦ ᠬᠡᠮᠵᠢᠶᠠᠨ᠎ᠤ ᠬᠠᠮᠳᠤ ᠵᠢᠨ ᠲᠠᠨᠢᠯᠳᠠ ᠵᠢ ᠪᠡᠶᠡᠯᠡᠭᠦᠯᠬᠦ᠌᠎ᠳᠦ ᠪᠣᠳᠠᠲᠤ ᠭᠡᠷᠡᠴᠢ ᠪᠠᠷᠢᠮᠲᠠ ᠬᠠᠩᠭᠠᠪᠠ᠃

ᠤᠮᠠᠷᠠᠲᠤ ᠬᠢᠯᠢ᠎ᠶ᠋ᠢᠨ ᠰᠣᠶᠣᠯ ᠨᠢ ᠥᠪᠥᠷ ᠮᠣᠩᠭᠣᠯ ᠣᠷᠣᠨ᠎ᠳᠤ ᠦᠶ᠎ᠡ ᠤᠯᠠᠷᠢᠨ ᠣᠷᠣᠱᠢᠨ ᠠᠮᠢᠳᠤᠷᠠᠵᠤ ᠪᠠᠢᠭ᠎ᠠ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠡᠬᠡ ᠤᠯᠤᠰ᠎ᠤᠨ ᠬᠢᠯᠢ ᠬᠢᠵᠠᠭᠠᠷ᠎ᠤᠨ ᠠᠮᠤᠷ ᠲᠦᠪᠱᠢᠨ᠎ᠢ ᠬᠠᠮᠠᠭᠠᠯᠠᠬᠤ᠂ ᠡᠬᠡ ᠤᠯᠤᠰ᠎ᠤᠨ ᠨᠤᠲᠤᠭ ᠳᠡᠪᠢᠰᠭᠡᠷ᠎ᠦᠨ ᠪᠦᠷᠢᠨ ᠪᠦᠲᠦᠨ᠎ᠢ ᠬᠠᠮᠠᠭᠠᠯᠠᠬᠤ ᠲᠡᠮᠡᠴᠡᠯ᠎ᠦᠨ ᠥᠩᠭᠡᠷᠡᠯᠲᠡ᠎ᠶ᠋ᠢ ᠲᠥᠪᠯᠡᠷᠡᠩᠭᠦᠶ᠎ᠪᠡᠷ ᠢᠯᠡᠷᠡᠭᠦᠯᠵᠦ᠍᠂ ᠥᠪᠥᠷ ᠮᠣᠩᠭᠣᠯ ᠣᠷᠣᠨ᠎ᠤ ᠶᠡᠬᠡ ᠨᠢᠭᠡᠳᠦᠯ᠎ᠦᠨ ᠣᠢᠯᠠᠭᠠᠭ᠍ᠳᠠᠬᠤᠨ᠎ᠤ ᠳᠡᠭᠡᠳᠦ ᠬᠡᠮᠵᠢᠶᠡᠨ᠎ᠦ ᠲᠥᠪᠯᠡᠩᠭᠦᠢ ᠬᠦᠴᠦᠨ᠎ᠢ ᠪᠣᠶ ᠪᠣᠯᠭᠠᠵᠤ᠂ ᠤᠯᠤᠰ᠎ᠢᠶᠠᠨ ᠬᠠᠢᠷᠠᠯᠠᠬᠤ ᠦᠨᠡᠨᠴᠢ ᠱᠢᠳᠤᠷᠭᠤ ᠬᠠᠷᠠᠮ ᠦᠬᠡᠢ ᠵᠤᠷᠢᠭᠤᠯᠬᠤ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠱᠢᠯᠢᠳᠡᠭ ᠤᠯᠠᠮᠵᠢᠯᠠᠯ ᠪᠠ ᠦᠨᠳᠦᠰᠦᠲᠡᠨ᠎ᠦ ᠪᠦᠯᠬᠦᠮᠳᠡᠯ᠎ᠦᠨ ᠡᠷᠬᠢᠮ ᠨᠠᠨᠳᠢᠨ ᠵᠠᠩ ᠴᠢᠨᠠᠷ᠎ᠢ ᠪᠣᠶ ᠪᠣᠯᠭᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠭᠤᠤ ᠶᠡᠬᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠬᠠᠮᠳᠤ ᠵᠢᠨ ᠲᠠᠨᠢᠯᠳᠠ᠎ᠶ᠋ᠢ ᠲᠠᠰᠤᠷᠠᠯᠲᠠ ᠥᠬᠡᠶ ᠬᠥᠲᠥᠯᠥᠨ ᠵᠢᠯᠣᠭᠣᠳᠭᠤ ᠪᠠ ᠴᠢᠩᠭᠠᠳᠭᠠᠬᠤ᠎ᠳᠤ ᠲᠡᠦᠬᠡ ᠪᠠ ᠰᠣᠶᠣᠯ᠎ᠤᠨ ᠰᠠᠭᠤᠷᠢ᠎ᠶ᠋ᠢ ᠲᠠᠯᠪᠢᠭ᠍ᠰᠠᠨ ᠪᠠᠢᠨ᠎ᠠ᠃

(ᠲᠦᠷᠪᠡ) ᠪᠠᠭ᠍ᠲᠠᠭᠠᠮᠵᠢᠲᠤ ᠴᠢᠨᠠᠷ᠎ᠢ ᠦᠷᠭᠦᠯᠵᠢᠯᠡᠭᠦᠯᠵᠦ᠍᠂ ᠤᠯᠠᠨ ᠶᠠᠩᠵᠤᠲᠤ ᠴᠢᠨᠠᠷ᠎ᠢ ᠢᠯᠡᠷᠡᠭᠦᠯᠪᠡ

ᠳᠤᠮᠳᠠᠳᠤ᠎ᠶ᠋ᠢᠨ ᠪᠣᠯᠪᠠᠰᠤᠨ ᠨᠢ ᠲᠣᠪᠣᠢᠮ᠎ᠠ ᠪᠠᠭ᠍ᠲᠠᠭᠠᠮᠵᠢᠲᠤ ᠴᠢᠨᠠᠷ᠎ᠲᠠᠶ᠃ ᠶᠡᠷᠦᠩᠬᠡᠢ ᠱᠦᠵᠢ ᠰᠢ ᠵᠢᠨ ᠫᠢᠩ᠄ 《ᠳᠤᠮᠳᠠᠳᠤ᠎ᠶ᠋ᠢᠨ ᠪᠣᠯᠪᠠᠰᠤᠨ ᠶᠡᠷᠦ᠍᠎ᠡᠴᠡ ᠲᠠᠩ ᠭᠠᠭ᠍ᠴᠠ ᠰᠣᠶᠣᠯ᠎ᠢᠶᠠᠷ ᠤᠯᠠᠨ ᠡᠱᠢᠲᠦ ᠰᠣᠶᠣᠯ᠎ᠢ ᠣᠷᠣᠯᠠᠭᠤᠯᠬᠤ ᠦᠭᠡᠢ᠂ ᠬᠠᠷᠢᠨ ᠤᠯᠠᠨ ᠡᠱᠢᠲᠦ ᠰᠣᠶᠣᠯ᠎ᠡᠴᠡ ᠬᠠᠮᠲᠤ᠎ᠶ᠋ᠢᠨ ᠰᠣᠶᠣᠯ ᠪᠤᠯᠵᠤ ᠬᠤᠷᠠᠮᠳᠤᠳᠠᠭ》᠂ 《ᠬᠡᠳᠦᠢ ᠪᠠᠭ᠍ᠲᠠᠭᠠᠮᠵᠢᠲᠠᠢ ᠪᠣᠯ ᠲᠡᠳᠦᠢ ᠮᠡᠳᠡᠷᠡᠭ᠌ᠳᠡᠨ ᠬᠠᠮᠠᠭᠠᠯᠠᠭ᠍ᠳᠠᠵᠤ᠂ ᠲᠡᠳᠦᠢ ᠦᠷᠭᠦᠯᠵᠢᠯᠡᠬᠦ᠌ ᠪᠣᠯᠤᠨ᠎ᠠ》 ᠭᠡᠵᠦ᠍ ᠭᠦᠨᠵᠡᠭᠡᠢ ᠵᠢᠭᠠᠵᠤ ᠭᠠᠷᠭᠠᠪᠠ᠃ ᠳᠤᠮᠳᠠᠳᠤ᠎ᠶ᠋ᠢᠨ ᠰᠣᠶᠣᠯ᠎ᠤᠨ ᠤᠷᠳᠤ ᠬᠤᠭᠤᠴᠠᠭᠠᠨ᠎ᠤ ᠤᠮᠳᠠᠯᠠᠯ ᠳᠤᠮᠳᠠ᠂ 56 ᠦᠨᠳᠦᠰᠦᠲᠡᠨ ᠳᠤᠮᠳᠠᠳᠤ᠎ᠶ᠋ᠢᠨ ᠦᠨᠳᠦᠰᠦᠲᠡᠨ᠎ᠦ ᠲᠤᠭ ᠲᠡᠮᠳᠡᠭ᠎ᠤᠨ ᠳᠣᠣᠷ᠎ᠠ ᠬᠠᠮᠲᠤ᠎ᠪᠠᠷ ᠨᠢᠭ᠍ᠲᠠᠷᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠤᠷᠢᠳ ᠡᠮᠦᠨ᠎ᠡ ᠪᠠᠢᠭ᠎ᠠ ᠦᠭᠡᠢ ᠴᠢᠩᠭᠠᠷᠠᠵᠤ᠂ ᠤᠯᠠᠨ ᠡᠱᠢᠲᠦ ᠳᠤᠮᠳᠠ ᠪᠦᠬᠦᠯᠢ ᠴᠣᠭ᠍ᠴᠠ᠎ᠶ᠋ᠢ ᠪᠦᠳᠦᠬᠡᠵᠤ᠂ ᠪᠦᠬᠦᠯᠢ ᠴᠣᠭ᠍ᠴᠠ᠎ᠶ᠋ᠢᠨ ᠳᠤᠮᠳᠠ ᠴᠡᠴᠡᠭ ᠪᠦᠬᠦᠨ᠎ᠢ ᠵᠡᠷᠭᠡ᠎ᠪᠡᠷ ᠳᠡᠯᠭᠡᠷᠡᠭᠦᠯᠪᠡ᠃ ᠳᠤᠮᠳᠠᠳᠤ᠎ᠶ᠋ᠢᠨ ᠪᠣᠯᠪᠠᠰᠤᠨ᠎ᠤ ᠪᠠᠭ᠍ᠲᠠᠭᠠᠮᠵᠢᠲᠤ ᠴᠢᠨᠠᠷ ᠨᠢ ᠳᠤᠮᠳᠠᠳᠤ᠎ᠶ᠋ᠢᠨ ᠦᠨᠳᠦᠰᠦᠲᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠬᠠᠨᠳᠤᠰᠢ᠎ᠶ᠋ᠢ ᠦᠨᠳᠦᠰᠦᠨ᠎ᠡᠴᠡ ᠨᠢ ᠲᠣᠭ᠍ᠲᠠᠭᠠᠵᠤ᠂ ᠲᠤᠰ ᠲᠤᠰ᠎ᠤᠨ ᠣᠨᠴᠠᠯᠢᠭ᠎ᠲᠠᠶ ᠭᠠᠵᠠᠷ ᠣᠷᠣᠨ᠎ᠤ ᠰᠣᠶᠣᠯ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ᠂ ᠠᠭᠤᠰᠤᠯᠴᠠᠨ ᠬᠠᠮᠲᠤ ᠣᠷᠣᠱᠢᠬᠤ᠂ ᠤᠯᠠᠨ ᠡᠱᠢᠵᠢᠨ ᠨᠢᠭᠡ ᠴᠤᠬ᠍ᠴᠠᠵᠢᠬ᠍ᠰᠠᠨ ᠰᠣᠶᠣᠯ᠎ᠤᠨ ᠪᠠᠢᠷᠢᠱᠢᠯ᠎ᠢ ᠪᠦᠷᠢᠯᠳᠦᠭᠦᠯᠵᠡᠢ᠃

ᠲᠡᠦᠬᠡᠨ ᠳᠡᠭᠡᠷ᠎ᠡ᠂ ᠥᠪᠥᠷ ᠮᠣᠩᠭᠣᠯ ᠣᠷᠣᠨ ᠨᠢ ᠲᠠᠷᠢᠶᠠᠯᠠᠬᠤ ᠪᠣᠯᠪᠠᠰᠤᠨ ᠪᠣᠯᠤᠨ ᠨᠡᠭᠦᠳᠡᠯ ᠮᠠᠯᠵᠢᠯ᠎ᠤᠨ ᠪᠣᠯᠪᠠᠰᠤᠨ᠎ᠤ ᠠᠭᠤᠯᠵᠠᠷ ᠣᠷᠣᠨ ᠪᠣᠯᠤᠭ᠍ᠰᠠᠨ᠎ᠤ ᠬᠤᠪᠢ᠎ᠳᠤ᠂ ᠠᠳᠠᠯᠢ ᠪᠤᠰᠤ ᠰᠣᠶᠣᠯ᠎ᠤᠨ ᠮᠥᠷᠭᠥᠯᠳᠦᠯ ᠠᠭᠤᠰᠤᠯᠴᠠᠯ᠎ᠤᠨ ᠲᠠᠪᠴᠠᠩ ᠪᠤᠯᠵᠤ᠂ ᠤᠯᠠᠨ ᠵᠦᠢᠯ᠎ᠦᠨ ᠰᠣᠶᠣᠯ᠎ᠤᠨ ᠬᠡᠯᠪᠡᠷᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠵᠤ᠂ ᠬᠠᠷᠢᠯᠴᠠᠨ ᠬᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠠᠳᠠᠯᠢ ᠲᠠᠯ᠎ᠠ᠎ᠪᠠᠨ ᠡᠷᠢᠵᠦ᠍ ᠵᠥᠷᠢᠶ᠎ᠡ᠎ᠪᠡᠨ ᠦᠯᠡᠳᠡᠭᠡᠬᠦ᠌᠂ ᠨᠡᠭᠡᠭᠡᠯᠲᠡᠲᠡᠢ ᠪᠠᠭ᠍ᠲᠠᠭᠠᠮᠵᠢᠲᠠᠢ ᠪᠠᠢᠬᠤ ᠳᠤᠮᠳᠠ ᠳᠤᠮᠳᠠᠳᠤ᠎ᠶ᠋ᠢᠨ ᠰᠣᠶᠣᠯ᠎ᠤᠨ ᠬᠥᠭ᠌ᠵᠢᠯᠲᠡ ᠪᠣᠯᠤᠨ ᠲᠠᠪᠱᠢᠯᠳᠠ᠎ᠳᠤ ᠬᠠᠮᠲᠤ᠎ᠪᠠᠷ ᠬᠤᠪᠢ ᠨᠡᠮᠡᠷᠢ ᠦᠵᠡᠭᠦᠯᠵᠡᠢ᠃ ᠡᠨᠡ ᠬᠦ᠌ ᠰᠠᠢᠨ᠎ᠢ ᠰᠣᠩᠭᠣᠵᠤ ᠳᠠᠭᠠᠬᠤ ᠪᠠᠭ᠍ᠲᠠᠭᠠᠮᠵᠢ᠂ ᠬᠢᠵᠠᠭᠠᠷ ᠦᠭᠡᠢ ᠠᠭᠤᠳᠠᠮ ᠪᠠᠭᠲᠠᠭᠠᠮᠵᠢᠲᠦ ᠬᠡᠭᠦᠳᠡᠭ ᠴᠡᠭᠡᠵᠢ ᠪᠣᠯ ᠤᠮᠠᠷᠠᠲᠤ ᠬᠢᠯᠢ᠎ᠶ᠋ᠢᠨ ᠰᠣᠶᠣᠯ᠎ᠤᠨ ᠠᠮᠢᠵᠢᠷᠠᠯ᠎ᠤᠨ ᠬᠦᠴᠦᠨ᠎ᠦ ᠡᠬᠢ ᠪᠤᠯᠠᠭ ᠮᠥᠨ᠃ ᠤᠮᠠᠷᠠᠲᠤ ᠬᠢᠯᠢ᠎ᠶ᠋ᠢᠨ ᠰᠣᠶᠣᠯ ᠨᠢ ᠳᠤᠮᠳᠠᠳᠤ᠎ᠶ᠋ᠢᠨ ᠰᠣᠶᠣᠯ᠎ᠤᠨ ᠭᠡᠷᠡᠯ ᠰᠠᠴᠤᠷᠠᠩᠭᠤᠶ ᠨᠢᠬᠡᠨ 《ᠰᠠᠯᠠᠭ᠎ᠠ》 ᠪᠣᠯᠤᠭ᠍ᠰᠠᠨ᠎ᠤ ᠬᠤᠪᠢ᠎ᠳᠤ᠂ ᠠᠳᠠᠯᠢᠬᠠᠨ ᠮᠠᠰᠢ ᠣᠯᠠᠨ ᠰᠤᠳᠠᠰᠤ ᠵᠢ ᠠᠬᠤᠭᠤᠯᠵᠤ᠂ ᠥᠩᠭᠡ ᠢᠯᠭᠠᠷᠠᠭ᠍ᠰᠠᠨ ᠣᠯᠠᠨ ᠡᠱᠢᠲᠦ ᠰᠣᠶᠣᠯ᠎ᠤᠨ ᠲᠥᠷᠥᠯ ᠵᠦᠢᠯ᠎ᠢ ᠪᠠᠭ᠍ᠲᠠᠭᠠᠵᠤ ᠪᠤᠢ᠃ ᠥᠪᠥᠷ ᠮᠣᠩᠭᠣᠯ᠎ᠤᠨ ᠨᠤᠲᠤᠭ ᠳᠡᠪᠢᠰᠭᠡᠷ ᠥᠷᠭᠡᠨ ᠠᠭᠤᠳᠠᠮ᠂ ᠵᠡᠭᠦᠨ ᠬᠣᠢᠨ᠎ᠠ᠎ᠡᠴᠡ ᠪᠠᠷᠠᠭᠤᠨ ᠡᠮᠦᠨᠡᠰᠢ ᠲᠠᠱᠢᠭᠤ᠂ ᠵᠡᠭᠦᠨᠰᠢ ᠪᠠᠷᠠᠭᠤᠨᠰᠢ ᠣᠷᠳᠣ ᠪᠡᠷ᠎ᠢᠶᠡᠨ ᠪᠠᠷᠤᠭ 2400 ᠺᠢᠯᠣᠮᠧᠲ᠋ᠷ᠂ ᠡᠮᠦᠨᠡᠰᠢ ᠤᠮᠠᠷᠠᠰᠢ ᠪᠠᠨ ᠬᠠᠮᠤᠭ ᠶᠡᠬᠡ ᠳ᠋ᠡᠬᠡᠨ 1700 ᠭᠠᠷᠤᠶ ᠺᠢᠯᠣᠮᠧᠲ᠋ᠷ᠎ᠢᠶᠡᠷ ᠰᠤᠨᠳᠠᠯᠠᠵᠤ ᠂ ᠣᠶ ᠱᠢᠭᠤᠶ᠂ ᠲᠠᠯ᠎ᠠ ᠨᠤᠲᠤᠭ᠂ ᠡᠯᠡᠰᠦᠨ ᠴᠥᠯ ᠵᠡᠷᠭᠡ ᠠᠳᠠᠯᠢ ᠪᠤᠰᠤ ᠭᠠᠵᠠᠷ ᠵᠦᠶ᠎ᠶ᠋ᠢᠨ ᠦᠵᠡᠮᠵᠢ ᠪᠦᠷᠢᠳᠦᠪᠡ᠃ ᠥᠪᠥᠷ ᠮᠣᠩᠭᠣᠯ᠎ᠤᠨ ᠠᠳᠠᠯᠢ ᠪᠤᠰᠤ ᠣᠷᠣᠨ ᠪᠦᠰᠡ᠎ᠶ᠋ᠢᠨ ᠳᠣᠲᠣᠷ᠎ᠠ᠂ ᠣᠯᠠᠨ ᠵᠦᠢᠯ᠎ᠤᠨ ᠨᠢᠬᠡ ᠳᠡᠰ᠎ᠤᠨ ᠭᠠᠵᠠᠷ ᠣᠷᠣᠨ᠎ᠤ ᠰᠣᠶᠣᠯ᠎ᠤᠨ ᠲᠥᠷᠥᠯ ᠬᠡᠯᠪᠡᠷᠢ᠎ᠶ᠋ᠢ ᠪᠦᠷᠢᠯᠳᠦᠭᠦᠯᠦᠭ᠌ᠰᠡᠨ ᠪᠥᠭᠡᠳ ᠡᠯ᠎ᠡ ᠴᠠᠭ ᠬᠤᠭᠤᠴᠠᠭᠠᠨ᠎ᠳᠤ ᠠᠳᠠᠯᠢ ᠪᠤᠰᠤ ᠰᠣᠶᠣᠯ᠎ᠤᠨ ᠡᠯᠧᠮᠧᠨ᠋ᠲ᠎ᠢ ᠦᠷᠭᠦᠯᠵᠢᠯᠡᠨ ᠱᠢᠩᠭᠡᠭᠡᠨ ᠠᠪᠴᠤ᠌᠂ ᠤᠮᠠᠷᠠᠲᠤ ᠬᠢᠯᠢ᠎ᠶ᠋ᠢᠨ ᠰᠣᠶᠣᠯ᠎ᠢ ᠡᠯᠪᠡᠭ ᠪᠠᠶᠠᠯᠢᠭ ᠣᠯᠠᠨ ᠶᠠᠩᠵᠤ᠎ᠶ᠋ᠢᠨ ᠪᠣᠯᠭᠠᠨ᠂ ᠬᠠᠮᠲᠤ᠎ᠳᠤᠨᠢ ᠬᠠᠮᠤᠷᠤᠨ ᠪᠠᠭ᠍ᠲᠠᠭᠠᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠣᠯᠠᠨ ᠡᠱᠢᠲᠦ ᠪᠦᠷᠢᠯᠳᠦᠬᠦᠨ᠎ᠦ ᠪᠣᠳᠠᠲᠠᠶ ᠢᠯᠡᠷᠡᠯ ᠪᠣᠯᠤᠬᠰᠠᠨ ᠪᠠᠢᠨ᠎ᠠ᠃

ᠰᠣᠶᠣᠯ᠎ᠤᠨ ᠪᠠᠭ᠍ᠲᠠᠭᠠᠮᠵᠢᠲᠤ ᠴᠢᠨᠠᠷ ᠪᠠ ᠣᠯᠠᠨ ᠶᠠᠩᠵᠤᠲᠤ ᠴᠢᠨᠠᠷ ᠪᠣᠯ ᠰᠣᠶᠣᠯ᠎ᠤᠨ ᠪᠦᠷᠢᠯᠳᠦᠯ ᠪᠠ ᠬᠥᠭ᠌ᠵᠢᠯᠲᠡ᠎ᠶ᠋ᠢᠨ ᠭᠤᠤᠯᠯᠠᠬᠤ ᠬᠡᠪ ᠴᠢᠨᠠᠷ ᠮᠥᠨ᠃ ᠳᠤᠮᠳᠠᠳᠤ᠎ᠶ᠋ᠢᠨ ᠰᠣᠶᠣᠯ ᠪᠣᠯ ᠭᠣᠣᠯ ᠡᠰᠢ ᠨᠢ ᠮᠥᠨ᠂ ᠦᠨᠳᠦᠰᠦᠲᠡᠨ᠎ᠨᠦᠭᠦᠳ᠎ᠦᠨ ᠰᠣᠶᠣᠯ ᠪᠣᠯ ᠰᠠᠯᠠᠭ᠎ᠠ ᠨᠠᠮᠠᠭ᠎ᠠ ᠨᠢ ᠮᠥᠨ᠂ ᠦᠨᠳᠦᠰᠦ ᠨᠢ ᠭᠦᠨ ᠡᠰᠢ ᠨᠢ ᠢᠳᠡᠷᠡᠭᠦᠨ ᠪᠠᠢᠪᠠᠯ ᠰᠠᠶᠢ ᠰᠠᠯᠠᠭ᠎ᠠ ᠨᠠᠮᠠᠭ᠎ᠠ ᠨᠢ ᠢᠭ᠍ᠴᠤ ᠰᠠᠬᠤᠯᠢᠭ ᠪᠠᠢᠵᠤ ᠴᠢᠳᠠᠨ᠎ᠠ᠃ ᠰᠠᠯᠠᠭ᠎ᠠ ᠨᠠᠮᠠᠭ᠎ᠠ ᠨᠢ ᠢᠭ᠍ᠴᠤ ᠰᠠᠬᠤᠯᠢᠭ ᠡᠴᠡ ᠤᠮᠠᠷᠠᠲᠤ ᠬᠢᠯᠢ᠎ᠶ᠋ᠢᠨ ᠰᠣᠶᠣᠯ᠎ᠢ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠪᠣᠯᠭᠠᠵᠤ᠂ ᠳᠤᠮᠳᠠᠳᠤ᠎ᠶ᠋ᠢᠨ ᠰᠣᠶᠣᠯ᠎ᠤᠨ ᠪᠠᠭ᠍ᠲᠠᠭᠠᠮᠵᠢᠲᠤ ᠴᠢᠨᠠᠷ᠎ᠢ ᠴᠢᠩᠭᠠᠳᠭᠠᠪᠠ; ᠬᠢᠵᠠᠭᠠᠷ ᠦᠭᠡᠢ ᠠᠭᠤᠳᠠᠮ ᠪᠠᠭᠲᠠᠭᠠᠮᠵᠢ ᠨᠢ᠂ ᠳᠤᠮᠳᠠᠳᠤ᠎ᠶ᠋ᠢᠨ ᠪᠣᠯᠪᠠᠰᠤᠨ᠎ᠢ ᠤᠯᠠᠨ ᠡᠱᠢᠵᠢᠨ ᠨᠢᠭᠡ ᠴᠤᠭ᠍ᠴᠠᠵᠢᠭᠤᠯᠤᠭ᠍ᠰᠠᠨ ᠪᠥᠭᠡᠳ ᠤᠮᠠᠷᠠᠲᠤ ᠬᠢᠯᠢ᠎ᠶ᠋ᠢᠨ ᠰᠣᠶᠣᠯ᠎ᠤᠨ ᠤᠯᠠᠨ ᠶᠠᠩᠵᠤᠲᠤ ᠴᠢᠨᠠᠷ᠎ᠢ ᠪᠦᠷᠢᠯᠳᠦᠭᠦᠯᠵᠦ᠍᠂ ᠲᠡᠭᠦᠨ᠎ᠢ ᠨᠡᠩ ᠭᠣᠸ᠎ᠠ ᠰᠠᠢᠬᠠᠨ ᠪᠣᠯᠭᠠᠪᠠ᠃

(ᠲᠠᠪᠤ) ᠡᠩᠬᠡ ᠲᠠᠢᠪᠤᠩ ᠴᠢᠨᠠᠷ᠎ᠲᠤ ᠰᠠᠭᠤᠷᠢᠯᠠᠵᠤ᠂ ᠨᠡᠭᠡᠭᠡᠯᠲᠡᠲᠦ ᠴᠢᠨᠠᠷ᠎ᠢ ᠦᠢᠯᠡᠳᠦᠯᠭᠡᠵᠢᠭᠦᠯᠪᠡ

ᠳᠤᠮᠳᠠᠳᠤ᠎ᠶ᠋ᠢᠨ ᠪᠣᠯᠪᠠᠰᠤᠨ ᠨᠢ ᠲᠣᠪᠣᠢᠮ᠎ᠠ ᠡᠩᠬᠡ ᠲᠠᠢᠪᠤᠩ ᠴᠢᠨᠠᠷ᠎ᠲᠠᠶ᠃ ᠳᠤᠮᠳᠠᠳᠤ᠎ᠶ᠋ᠢᠨ ᠪᠣᠯᠪᠠᠰᠤᠨ ᠲᠠᠪᠤᠨ ᠮᠢᠩᠭ᠎ᠠ ᠭᠠᠷᠤᠢ ᠵᠢᠯ᠎ᠦᠨ ᠲᠤᠷᠰᠢ ᠡᠩᠬᠡ ᠲᠠᠢᠪᠤᠩ᠂ ᠡᠶ᠎ᠡ ᠨᠠᠢᠷᠲᠠᠢ᠂ ᠡᠶ᠎ᠡ ᠵᠣᠬᠢᠴᠠᠯ᠎ᠲᠠᠶ ᠪᠠᠢᠬᠤ ᠣᠢᠯᠠᠭᠠᠭ᠍ᠳᠠᠬᠤᠨ᠎ᠢ ᠤᠯᠠᠮᠵᠢᠯᠠᠨ ᠵᠠᠯᠭᠠᠮᠵᠢᠯᠠᠵᠤ᠂ 《ᠡᠶᠡᠯᠳᠦᠬᠦ ᠪᠣᠯᠪᠠᠴᠤ᠌ ᠠᠳᠠᠯᠢ ᠪᠤᠰᠤ》᠂ 《ᠳᠡᠯᠡᠬᠡᠢ ᠳ᠋ᠠᠬᠢᠨ᠎ᠤ ᠶᠡᠬᠡ ᠨᠢᠭᠡᠳᠦᠯ》 ᠎ᠢ᠋ ᠬᠥᠭᠡᠭᠡᠴᠡᠯᠳᠦᠵᠦ᠍᠂ 《ᠵᠣᠷᠢᠯᠲᠠ ᠠᠳᠠᠯᠢ ᠵᠠᠮ ᠬᠠᠮᠲᠤ ᠪᠠᠢᠬᠤ ᠪᠣᠯ ᠬᠠᠨᠢᠲᠠᠨ᠂ ᠠᠳᠠᠯᠢ ᠲᠠᠯ᠎ᠠ᠎ᠪᠠᠨ ᠡᠷᠢᠵᠦ᠍ ᠵᠥᠷᠢᠶ᠎ᠡ᠎ᠪᠡᠨ ᠦᠯᠡᠳᠡᠭᠡᠬᠦ᠌ ᠪᠣᠯ ᠮᠥᠨ ᠴᠦ᠍ ᠬᠠᠨᠢᠲᠠᠨ ᠮᠥᠨ》 ᠭᠡᠬᠦ᠌ ᠬᠡᠬᠦᠳᠡᠭ ᠴᠡᠭᠡᠵᠢ᠎ᠪᠡᠷ《ᠴᠢ ᠪᠢ ᠬᠡᠮᠡᠨ ᠢᠯᠭᠠᠬᠤ ᠦᠭᠡᠢ》 ᠪᠠᠢᠵᠤ᠂ ᠰᠣᠯᠢᠯᠴᠠᠭ᠎ᠠ ᠶᠠᠷᠢᠯᠴᠠᠭ᠎ᠠ᠎ᠶ᠋ᠢ ᠲᠠᠰᠤᠷᠠᠯᠳᠠ ᠦᠭᠡᠢ ᠬᠥᠭᠡᠭᠡᠴᠡᠯᠳᠦᠵᠦ᠍᠂ ᠨᠡᠭᠡᠭᠡᠯᠳᠡ ᠬᠢᠵᠦ᠍ ᠬᠠᠷᠢᠯᠴᠠᠨ ᠲᠤᠯᠢ ᠪᠣᠯᠭᠠᠪᠠ᠃ ᠤᠮᠠᠷᠠᠲᠤ ᠬᠢᠯᠢ᠎ᠶ᠋ᠢᠨ ᠰᠣᠶᠣᠯ ᠨᠢ ᠮᠠᠨ᠎ᠤ ᠤᠯᠤᠰ᠎ᠤᠨ ᠤᠮᠠᠷᠠᠲᠤ ᠬᠢᠯᠢ ᠬᠢᠵᠠᠭᠠᠷ ᠣᠷᠣᠨ᠎ᠳᠤ ᠪᠦᠷᠢᠯᠳᠦᠭ᠌ᠰᠡᠨ ᠨᠢᠭᠡ ᠵᠦᠶ᠋ᠯ᠎ᠦᠨ ᠰᠣᠶᠣᠯ᠎ᠤᠨ ᠲᠥᠷᠥᠯ ᠬᠡᠯᠪᠡᠷᠢ ᠪᠣᠯᠤᠭ᠍ᠰᠠᠨ᠎ᠤ ᠬᠤᠪᠢ᠎ᠳᠤ᠂ ᠡᠷᠲᠡᠨ᠎ᠡᠴᠡ ᠠᠪᠤᠭᠠᠳ ᠢᠮᠠᠭ᠍ᠲᠠ ᠳᠤᠮᠳᠠᠳᠤ ᠣᠷᠣᠨ ᠪᠠ ᠬᠢᠯᠢ ᠬᠢᠵᠠᠭᠠᠷ᠎ᠤᠨ ᠰᠣᠯᠢᠯᠴᠠᠭ᠎ᠠ ᠶᠠᠷᠢᠯᠴᠠᠭ᠎ᠠ᠂ ᠳᠣᠷᠣᠨᠠᠳᠠᠬᠢᠨ ᠪᠠ ᠥᠷᠥᠨᠡᠳᠠᠬᠢᠨ᠎ᠤ ᠰᠣᠶᠣᠯ᠎ᠤᠨ ᠨᠡᠭᠡᠭᠡᠯᠲᠡ ᠬᠢᠵᠦ᠍ ᠬᠠᠷᠢᠯᠴᠠᠨ ᠲᠣᠯᠢ ᠪᠣᠯᠭᠠᠬᠤ ᠴᠢᠬᠤᠯᠠ ᠬᠣᠯᠪᠣᠭᠠᠰᠤ ᠪᠠ ᠬᠥᠭᠥᠷᠭᠡ ᠪᠣᠯᠤᠭ᠍ᠰᠠᠭᠠᠷ ᠢᠷᠡᠭ᠌ᠰᠡᠨ ᠪᠥᠭᠡᠳ ᠡᠨᠡ ᠬᠦ᠌ ᠶᠠᠪᠤᠴᠠ᠎ᠳᠤ ᠲᠣᠰ ᠪᠡᠶ᠎ᠡ᠎ᠶ᠋ᠢᠨ ᠠᠭᠤᠯᠤᠭ᠍ᠳᠠᠬᠤᠨ᠎ᠢᠶᠠᠨ ᠲᠠᠰᠤᠷᠠᠯᠲᠠ ᠥᠬᠡᠶ ᠪᠠᠶᠠᠯᠢᠭ᠍ᠵᠢᠭᠤᠯᠵᠤ᠂ ᠳᠤᠮᠳᠠᠳᠤ᠎ᠶ᠋ᠢᠨ ᠰᠣᠶᠣᠯ᠎ᠤᠨ ᠬᠥᠭ᠌ᠵᠢᠨ ᠪᠤᠵᠠᠭᠠᠢᠷᠠᠬᠤ᠎ᠳᠤ ᠨᠠᠩ ᠣᠯᠠᠨ ᠰᠣᠶᠣᠯ᠎ᠤᠨ ᠡᠯᠧᠮᠧᠨ᠋ᠲ ᠎ᠢ ᠨᠡᠮᠡᠷᠢᠯᠡᠭ᠌ᠰᠡᠨ ᠪᠠᠢᠨ᠎ᠠ᠃

ᠳᠤᠮᠳᠠᠳᠤ ᠤᠯᠤᠰ᠎ᠤᠨ ᠲᠡᠦᠬᠡ᠎ᠶ᠋ᠢᠨ ᠬᠥᠭ᠌ᠵᠢᠯᠲᠡ᠎ᠶ᠋ᠢᠨ ᠵᠠᠮ ᠰᠤᠳᠠᠰᠤ᠎ᠡᠴᠡ ᠦᠵᠡᠪᠡᠯ᠂ ᠥᠪᠥᠷ ᠮᠣᠩᠭᠣᠯ ᠣᠷᠣᠨ ᠶᠡᠷᠦ᠍ ᠨᠢ ᠰᠣᠯᠢᠯᠴᠠᠭ᠎ᠠ ᠶᠠᠷᠢᠯᠴᠠᠭ᠎ᠠ᠂ ᠨᠡᠬᠡᠬᠡᠯᠳᠡ ᠬᠢᠵᠦ᠍ ᠬᠠᠷᠢᠯᠴᠠᠨ ᠲᠤᠯᠢ ᠪᠣᠯᠭᠠᠬᠤ ᠡᠮᠦᠨ᠎ᠡ ᠡᠩᠨᠡᠭᠡᠨ᠎ᠳᠦ ᠶᠠᠪᠤᠵᠤ ᠪᠤᠢ᠃ ᠲᠡᠦᠬᠡᠨ ᠳᠡᠭᠡᠷ᠎ᠡ 《ᠲᠠᠯ᠎ᠠ ᠨᠤᠲᠤᠭ᠎ᠤᠨ ᠲᠣᠷᠭᠠᠨ ᠵᠠᠮ》 ᠪᠠ 《ᠲᠦᠮᠡᠨ ᠭᠠᠵᠠᠷ᠎ᠤᠨ ᠴᠠᠶ᠎ᠶ᠋ᠢᠨ ᠵᠠᠮ》 ᠎ᠤ᠋ᠨ ᠴᠢᠬᠤᠯᠠ ᠬᠦᠶ᠋ᠰᠦ ᠪᠠ ᠵᠠᠮ ᠪᠠᠢᠵᠤ᠂ ᠣᠲᠣ ᠪᠠᠰᠠ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠴᠢᠬᠤᠯᠠ ᠵᠠᠩᠭᠢᠯᠠᠭ᠎ᠠ᠎ᠶ᠋ᠢᠨ ᠴᠡᠭ ᠪᠣᠯᠵᠣ᠂ ᠳᠤᠮᠳᠠᠳᠤ ᠤᠯᠤᠰ᠎ᠤᠨ ᠪᠠᠷᠠᠭᠤᠨ ᠬᠡᠰᠡᠭ᠎ᠦᠨ ᠡᠬᠡ ᠬᠠᠭᠤᠷᠠᠶ ᠲᠡᠯᠡᠶ᠎ᠶ᠋ᠢᠨ ᠱᠢᠨ᠎ᠡ ᠵᠠᠮ᠎ᠤᠨ ᠴᠢᠬᠤᠯᠠ ᠡᠭᠦᠳᠡ ᠪᠣᠯᠵᠣ ᠪᠠᠢᠨ᠎ᠠ᠃ ᠠᠯᠢ ᠡᠷᠲᠡ ᠪᠠᠯᠠᠷ ᠡᠷᠲᠡᠨ᠎ᠦ ᠦᠶ᠎ᠡ᠎ᠳᠦ ᠨᠢᠭᠡᠨᠲᠡ ᠨᠡᠪᠲᠡᠷᠡᠭ᠌ᠰᠡᠨ ᠲᠠᠯ᠎ᠠ ᠨᠤᠲᠤᠭ᠎ᠤᠨ ᠲᠣᠷᠭᠠᠨ ᠵᠠᠮ ᠨᠢ ᠢᠮᠠᠭ᠍ᠲᠠ ᠬᠥᠭ᠌ᠵᠢᠨ ᠴᠡᠴᠡᠭ᠌ᠯᠡᠵᠦ᠍᠂ ᠬᠠᠷᠰᠢ ᠰᠠᠭᠠᠳ ᠦᠭᠡᠢ ᠨᠡᠪᠲᠡᠷᠡᠵᠦ᠍᠂ ᠠᠳᠠᠯᠢ ᠪᠤᠰᠤ ᠲᠡᠦᠬᠡᠨ ᠴᠠᠭ ᠦᠶ᠎ᠡ᠎ᠳᠦ ᠮᠠᠰᠢ ᠤᠯᠠᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠦᠯᠡᠳᠡᠭ᠌ᠳᠡᠯ᠎ᠢ ᠦᠯᠡᠳᠡᠭᠡᠭ᠌ᠰᠡᠨ ᠶᠤᠮ᠃ ᠮᠢᠩ ᠴᠢᠩ ᠤᠯᠤᠰ᠎ᠡᠴᠡ ᠨᠠᠭᠠᠰᠢ ᠪᠦᠷᠢᠯᠳᠦᠭ᠌ᠰᠡᠨ ᠲᠦᠮᠡᠨ ᠭᠠᠵᠠᠷ᠎ᠤᠨ ᠴᠠᠶ᠎ᠶ᠋ᠢᠨ ᠵᠠᠮ ᠨᠢ ᠡᠮᠦᠨᠡᠲᠦ ᠤᠮᠠᠷᠠᠲᠤ᠎ᠶ᠋ᠢ ᠬᠣᠯᠪᠣᠵᠤ᠂ ᠧᠦ᠋ᠷᠣᠫᠠ ᠠᠽᠢᠶ᠎ᠠ᠎ᠶ᠋ᠢᠨ ᠡᠬᠡ ᠬᠠᠭᠤᠷᠠᠶ ᠳᠡᠭᠡᠷᠡᠬᠢ ᠴᠢᠬᠤᠯᠠ ᠠᠵᠤ ᠠᠬᠤᠶ ᠰᠣᠶᠣᠯ᠎ᠤᠨ ᠰᠣᠯᠢᠯᠴᠠᠭᠠᠨ᠎ᠤ ᠵᠠᠮ ᠪᠣᠯᠤᠭ᠍ᠰᠠᠨ ᠪᠠᠢᠨ᠎ᠠ᠃ ᠲᠡᠦᠬᠡᠨ ᠳᠡᠭᠡᠷᠡᠬᠢ ᠠᠷᠠᠯᠵᠢᠶᠠᠨ᠎ᠤ ᠵᠠᠮ ᠨᠢ ᠥᠪᠥᠷ ᠮᠣᠩᠭᠣᠯ ᠣᠷᠣᠨ᠎ᠤ ᠠᠷᠠᠯᠵᠢᠶ᠎ᠠ ᠬᠤᠳᠠᠯᠳᠤᠭ᠎ᠠ ᠴᠡᠴᠡᠭ᠌ᠯᠡᠨ ᠬᠥᠭ᠌ᠵᠢᠭ᠌ᠰᠡᠨ᠂ ᠰᠣᠶᠣᠯ ᠨᠡᠭᠡᠭᠡᠯᠲᠡ᠎ᠲᠡᠶ᠂ ᠪᠣᠯᠪᠠᠰᠤᠨ᠎ᠢᠶᠠᠨ ᠬᠠᠷᠢᠯᠴᠠᠨ ᠲᠣᠯᠢ ᠪᠤᠯᠭᠠᠬᠰᠠᠨ ᠦᠪᠡᠳᠡᠭ᠌ᠰᠢ ᠪᠠᠢᠳᠠᠯ᠎ᠢ ᠭᠡᠷᠡᠴᠢᠯᠡᠪᠡ᠃ ᠲᠡᠦᠬᠡ᠎ᠶ᠋ᠢ ᠬᠦᠯᠢᠶᠡᠨ ᠠᠪᠴᠤ᠌᠂ ᠢᠷᠡᠭᠡᠳᠦᠢ᠎ᠶ᠋ᠢ ᠨᠡᠭᠡᠭᠡᠨ ᠡᠭᠦᠳᠬᠦ᠌᠎ᠳᠦ᠂ ᠥᠪᠥᠷ ᠮᠣᠩᠭᠣᠯ ᠨᠢ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠪᠤᠯᠵᠤ᠂ ᠳᠤᠮᠳᠠᠳᠤ ᠮᠣᠩᠭᠣᠯ ᠤᠷᠤᠰ᠎ᠤᠨ ᠠᠵᠤ ᠠᠬᠤᠢ᠎ᠶ᠋ᠢᠨ ᠬᠤᠩᠬᠢᠯ᠎ᠤᠨ ᠪᠦᠲᠦᠭᠡᠨ ᠪᠠᠢᠭᠤᠯᠤᠯᠲᠠ᠎ᠳᠤ ᠭᠦᠨᠵᠡᠭᠡᠢ ᠣᠷᠣᠯᠴᠠᠵᠤ᠂ ᠤᠮᠠᠷᠠᠰᠢ ᠨᠡᠭᠡᠭᠡᠯᠲᠡ ᠬᠢᠬᠦ᠌᠎ᠶ᠋ᠢ ᠮᠣᠩᠭᠣᠯ ᠤᠯᠤᠰ᠂ ᠤᠷᠤᠰ᠂ ᠳᠤᠮᠳᠠᠳᠤ ᠠᠽᠢᠶ᠎ᠠ᠂ ᠪᠠᠷᠠᠭᠤᠨ ᠠᠽᠢᠶ᠎ᠠ᠂ ᠵᠡᠭᠦᠨ ᠬᠣᠢᠲᠤ ᠠᠽᠢᠶ᠎ᠠ ᠵᠢᠴᠢ ᠧᠦ᠋ᠷᠣᠫᠠ ᠲᠢᠪ᠎ᠲᠦ ᠬᠦᠷᠲᠡᠯ᠎ᠡ ᠤᠷᠳᠤᠳᠬᠠᠨ ᠥᠷᠭᠡᠳᠭᠡᠪᠡ᠃ ᠡᠨᠡ ᠨᠢ ᠲᠡᠦᠬᠡ᠎ᠶ᠋ᠢ ᠦᠷᠭᠦᠯᠵᠢᠯᠡᠭᠦᠯᠵᠦ᠍᠂ ᠪᠣᠯᠪᠠᠰᠤᠨ᠎ᠢ ᠤᠯᠠᠮᠵᠢᠯᠠᠬᠤ᠎ᠪᠠᠷ ᠪᠠᠷᠠᠬᠤ ᠦᠭᠡᠢ ᠪᠠᠰᠠ ᠤᠯᠤᠰ᠎ᠤᠨ ᠥᠨᠳᠥᠷ ᠲᠦᠪᠱᠢᠨ ᠪᠦᠬᠦᠢ ᠭᠠᠳᠠᠭᠠᠳᠤ ᠨᠡᠬᠡᠬᠡᠯᠳᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠡᠷᠡᠰ ᠭᠤᠢᠪᠢᠰᠢ ᠦᠭᠡᠢ ᠠᠬᠢᠭᠤᠯᠬᠤ᠎ᠳᠤ ᠬᠦᠴᠦᠨ ᠨᠡᠮᠡᠷᠢᠯᠡᠵᠦ᠍᠂ ᠵᠠᠮ ᠳᠠᠭᠠᠤ᠎ᠶ᠋ᠢᠨ ᠤᠯᠤᠰ᠎ᠯᠤᠭ᠎ᠠ ᠤᠯᠤᠰ ᠲᠦᠷᠦ᠍᠂ ᠠᠵᠤ ᠠᠬᠤᠢ᠂ ᠰᠣᠶᠣᠯ ᠵᠡᠷᠭᠡ ᠲᠠᠯ᠎ᠠ᠎ᠪᠠᠷ ᠥᠷᠭᠡᠨ ᠳᠡᠯᠭᠡᠷ ᠰᠣᠯᠢᠯᠴᠠᠭ᠎ᠠ ᠬᠢᠬᠦ᠌ ᠴᠢᠬᠤᠯᠠ ᠡᠭᠦᠷᠭᠡ᠎ᠶ᠋ᠢ ᠡᠭᠦᠷᠭᠡᠯᠡᠵᠦ᠍ ᠪᠠᠢᠨ᠎ᠠ᠂ ᠡᠨᠡ ᠪᠣᠯ ᠨᠠᠮ ᠪᠣᠯᠤᠨ ᠤᠯᠤᠰ᠎ᠡᠴᠡ ᠤᠮᠠᠷᠠᠲᠤ ᠬᠢᠯᠢ᠎ᠶ᠋ᠢᠨ ᠰᠣᠶᠣᠯ᠎ᠳᠤ ᠣᠯᠭᠣᠭ᠍ᠰᠠᠨ ᠴᠠᠭ ᠦᠶ᠎ᠡ᠎ᠶ᠋ᠢᠨ ᠬᠦᠨᠳᠦ ᠡᠭᠦᠷᠭᠡ ᠪᠣᠯᠤᠨ᠎ᠠ᠃

ᠤᠮᠠᠷᠠᠲᠤ ᠬᠢᠯᠢ᠎ᠶ᠋ᠢᠨ ᠰᠣᠶᠣᠯ᠎ᠤᠨ ᠨᠡᠭᠡᠭᠡᠯᠲᠡ ᠬᠢᠵᠦ᠍ ᠬᠠᠷᠢᠯᠴᠠᠨ ᠲᠣᠯᠢ ᠪᠤᠯᠭᠠᠬᠤ ᠨᠢ ᠪᠦᠬᠦ᠌ ᠲᠠᠯ᠎ᠠ᠎ᠶ᠋ᠢᠨ ᠪᠠᠢᠵᠤ᠂ ᠡᠨᠡ ᠬᠦ᠌ ᠶᠠᠪᠤᠴᠠ᠎ᠳᠤ ᠪᠤᠶ ᠪᠣᠯᠤᠭ᠍ᠰᠠᠨ ᠲᠠᠢᠴᠢᠯᠠᠨ ᠨᠥᠯᠥᠭᠡᠯᠡᠬᠦ᠌ ᠬᠡᠪᠴᠢᠶ᠎ᠡ᠂ ᠳᠠᠭᠠᠷᠢᠯᠲᠠ᠎ᠵᠢᠨ ᠬᠦᠴᠦᠨ ᠪᠣᠯᠤᠨ ᠦᠷᠭᠦᠯᠵᠢᠯᠡᠬᠦ᠌ ᠴᠢᠨᠠᠷ ᠨᠢ ᠣᠯᠠᠨ ᠦᠨᠳᠦᠰᠦᠲᠡᠨ᠎ᠦ ᠰᠣᠶᠣᠯ᠎ᠢ ᠲᠠᠰᠤᠷᠠᠯᠲᠠ ᠤᠢ᠍ᠭᠡᠢ ᠪᠣᠶ ᠪᠣᠯᠭᠠᠬᠤ᠂ ᠬᠥᠭ᠌ᠵᠢᠭᠦᠯᠬᠦ᠌᠂ ᠮᠥᠷᠭᠥᠯᠳᠦᠭᠦᠯᠬᠦ᠌᠂ ᠠᠭᠤᠰᠤᠯᠴᠠᠭᠤᠯᠬᠤ᠂ ᠳᠡᠰ ᠳᠡᠪᠱᠢᠭᠦᠯᠬᠦ᠌᠎ᠶ᠋ᠢᠨ ᠬᠠᠮᠲᠤ ᠤᠮᠠᠷᠠᠲᠤ ᠬᠢᠯᠢ᠎ᠶ᠋ᠢᠨ ᠰᠣᠶᠣᠯ᠎ᠢ ᠭᠡᠳᠡᠷᠭᠦ᠌ ᠪᠠᠶᠠᠯᠢᠬᠵᠢᠭᠤᠯᠵᠤ᠂ ᠡᠯᠪᠡᠭ ᠭᠦᠨ ᠵᠤᠵᠠᠭᠠᠨ ᠲᠡᠦᠬᠡ ᠰᠣᠶᠣᠯ ᠢᠷᠭᠡᠨᠱᠢᠯ᠎ᠦᠨ ᠡᠬᠢ ᠪᠠᠶᠠᠯᠢᠭ᠎ᠢ ᠬᠤᠷᠠᠮᠳᠤᠭᠤᠯᠵᠤ᠂ ᠳᠤᠮᠳᠠᠳᠤ᠎ᠶ᠋ᠢᠨ ᠪᠣᠯᠪᠠᠰᠤᠨ᠎ᠤ ᠪᠦᠷᠢᠯᠳᠦᠯ ᠪᠣᠯᠤᠨ ᠬᠥᠭ᠌ᠵᠢᠯᠲᠡ᠎ᠳᠦ ᠤᠮᠠᠷᠠᠲᠤ ᠬᠢᠯᠢ᠎ᠶ᠋ᠢᠨ ᠣᠶᠤᠨ ᠤᠬᠠᠭᠠᠨ ᠪᠣᠯᠤᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠤᠢ᠍ᠭᠡᠢ ᠨᠡᠮᠡᠷᠢᠯᠡᠭ᠌ᠰᠡᠨ ᠪᠠᠢᠨ᠎ᠠ᠃

ᠳᠥᠷᠪᠡ᠂ ᠤᠮᠠᠷᠠᠲᠤ ᠬᠢᠯᠢ᠎ᠶ᠋ᠢᠨ ᠰᠣᠶᠣᠯ᠎ᠤᠨ ᠴᠠᠭ ᠦᠶ᠎ᠡ᠎ᠶ᠋ᠢᠨ ᠦᠨ᠎ᠡ ᠥᠷᠲᠡᠭ

ᠤᠯᠤᠰ᠎ᠤᠨ ᠰᠦᠭ ᠰᠦᠨᠡᠰᠦ᠂ ᠰᠤᠶᠤᠯ ᠨᠢ ᠠᠷᠠᠳ ᠲᠦᠮᠡᠨ᠎ᠢ ᠤᠬᠠᠮᠰᠠᠷᠠᠭᠤᠯᠵᠤ᠂ ᠨᠢᠬᠡ ᠤᠯᠤᠰ᠎ᠤᠨ ᠰᠦᠭ ᠰᠦᠨᠡᠰᠤ ᠵᠢ ᠱᠤᠭᠤᠵᠤ ᠴᠢᠳᠠᠨ᠎ᠠ᠃ ᠰᠦᠷ ᠳᠠᠯᠠᠢᠴᠠᠲᠠᠢ ᠳᠤᠮᠳᠠᠳᠤ᠎ᠶ᠋ᠢᠨ ᠲᠡᠦᠬᠡ᠎ᠶ᠋ᠢᠨ ᠤᠷᠳᠤ ᠠᠶᠠᠨ᠎ᠳᠤ᠂ ᠳᠤᠮᠳᠠᠳᠤ᠎ᠶ᠋ᠢᠨ ᠪᠣᠯᠪᠠᠰᠤᠨ ᠨᠢ ᠦᠶ᠎ᠡ᠎ᠶ᠋ᠢᠨ ᠦᠶ᠎ᠡ᠎ᠳᠡᠭᠡᠨ ᠲᠠᠰᠤᠷᠠᠰᠢ ᠦᠭᠡᠢ ᠳᠤᠮᠳᠠᠳᠤ᠎ᠶ᠋ᠢᠨ ᠦᠨᠳᠦᠰᠦᠲᠡᠨ᠎ᠢ ᠤᠮᠳᠠᠯᠠᠵᠤ᠂ ᠤᠮᠠᠷᠠᠲᠤ᠎ᠶ᠋ᠢᠨ ᠡᠬᠡ ᠭᠠᠵᠠᠷ᠎ᠤᠨ ᠠᠮᠢᠵᠢᠷᠠᠯ᠎ᠤᠨ ᠬᠦᠴᠦᠨ᠎ᠢ ᠤᠮᠳᠠᠯᠠᠵᠤ ᠪᠠᠢᠳᠠᠭ᠃ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠠᠬᠢᠭᠤᠯᠬᠤ ᠪᠣᠯ ᠲᠡᠦᠬᠡ᠎ᠶ᠋ᠢᠨ ᠬᠥᠭ᠌ᠵᠢᠯᠲᠡ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠴᠠᠭ ᠦᠶ᠎ᠡ᠎ᠶ᠋ᠢᠨ ᠤᠷᠢᠶᠠᠯᠠᠭ᠎ᠠ ᠪᠣᠯᠤᠨ᠎ᠠ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠨᠡᠩ ᠰᠠᠢᠲᠤᠷ ᠤᠯᠠᠮᠵᠢᠯᠠᠨ ᠬᠥᠭ᠌ᠵᠢᠭᠦᠯᠵᠦ᠍᠂ ᠳᠤᠮᠳᠠᠳᠤ᠎ᠶ᠋ᠢᠨ ᠵᠡᠭᠦᠳᠦ᠍᠎ᠶ᠋ᠢ ᠰᠡᠳᠭᠢᠯ ᠨᠢᠭᠡᠳᠦᠨ ᠬᠠᠮᠲᠤ᠎ᠪᠠᠷ ᠲᠡᠷᠭᠡᠯᠱᠢᠭᠦᠯᠬᠦ᠌ ᠠᠤᠭ᠎ᠠ ᠬᠦᠴᠦᠨ᠎ᠢ ᠨᠢᠭ᠍ᠲᠠᠷᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠪᠢᠳᠡᠨ᠎ᠳᠦ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠣᠶᠠᠷ ᠶᠡᠬᠡ ᠶᠠᠪᠤᠳᠠᠯ᠎ᠢ ᠰᠠᠢᠲᠤᠷ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ ᠳᠤᠮᠳᠠ ᠱᠢᠨ᠎ᠡ ᠵᠠᠮ ᠨᠡᠭᠡᠭᠡᠵᠦ᠍᠂ ᠳᠤᠮᠳᠠ ᠲᠦᠪᠰᠢᠨ᠎ᠳᠤ ᠲᠠᠪᠰᠢᠨ ᠤᠷᠤᠬᠤ᠎ᠳᠤ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ ᠨᠡᠮᠡᠷᠢᠯᠡᠬᠦ᠌ ᠪᠣᠯᠤᠨ᠎ᠠ᠃

ᠨᠢᠭᠡ᠎ᠳᠦ᠂ ᠰᠣᠶᠣᠯ᠎ᠤᠨ ᠤᠭ ᠦᠨᠳᠦᠰᠦ᠎ᠶ᠋ᠢ ᠪᠠᠲᠤ ᠰᠠᠬᠢᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠴᠢᠨᠠᠭᠰᠢᠳᠠ ᠵᠠᠯᠭᠠᠮᠵᠢᠯᠠᠨ ᠬᠥᠭ᠌ᠵᠢᠭᠦᠯᠬᠦ᠌ ᠴᠠᠭ ᠦᠶ᠎ᠡ᠎ᠶ᠋ᠢᠨ ᠱᠠᠭᠠᠷᠳᠠᠯᠭ᠎ᠠ᠃ ᠶᠡᠷᠦᠩᠬᠡᠢ ᠱᠦᠵᠢ ᠰᠢ ᠵᠢᠨ ᠫᠢᠩ 《ᠳᠤᠮᠳᠠᠳᠤ᠎ᠶ᠋ᠢᠨ ᠦᠨᠳᠦᠰᠦᠲᠡᠨ ᠠᠭᠤᠤ ᠶᠡᠬᠡ ᠦᠨᠳᠦᠰᠦᠲᠡᠨ᠎ᠦ ᠵᠣᠷᠢᠭ ᠰᠠᠨᠠᠭ᠎ᠠ ᠪᠣᠯᠤᠨ ᠱᠢᠯᠢᠳᠡᠭ ᠤᠯᠠᠮᠵᠢᠯᠠᠯᠲᠤ ᠰᠣᠶᠣᠯ᠎ᠢ ᠪᠦᠷᠢᠯᠳᠦᠭᠦᠯᠵᠡᠢ᠂ ᠡᠨᠡ ᠪᠣᠯ ᠳᠤᠮᠳᠠᠳᠤ᠎ᠶ᠋ᠢᠨ ᠦᠨᠳᠦᠰᠦᠲᠡᠨ᠎ᠦ ᠦᠶ᠎ᠡ᠎ᠵᠢᠨ ᠦᠶ᠎ᠡ᠎ᠳᠡᠭᠡᠨ ᠲᠠᠰᠤᠷᠠᠰᠢ ᠦᠭᠡᠢ᠂ ᠥᠨᠢ ᠡᠭᠦᠷᠢᠳᠡ ᠬᠥᠭ᠌ᠵᠢᠨ ᠮᠠᠨᠳᠤᠬᠤ ᠮᠦᠬᠦᠰᠢ ᠦᠬᠡᠢ ᠰᠣᠶᠣᠯ᠎ᠤᠨ ᠤᠳᠤᠮᠯᠠᠯ ᠮᠥᠨ》 ᠭᠡᠵᠦ᠍ ᠵᠢᠭᠠᠵᠤ ᠭᠠᠷᠭᠠᠵᠤ᠂ 《ᠳᠡᠯᠡᠬᠡᠢ ᠳᠡᠭᠡᠷᠡᠬᠢ ᠴᠤᠷ᠎ᠤᠨ ᠭᠠᠭ᠍ᠴᠠ ᠲᠠᠰᠤᠯᠳᠠᠭ᠎ᠠ ᠦᠭᠡᠢ ᠪᠣᠯᠪᠠᠰᠤᠨ᠎ᠢ ᠦᠷᠭᠦᠯᠵᠢᠯᠡᠨ ᠤᠯᠠᠮᠵᠢᠯᠠᠨ ᠵᠠᠯᠭᠠᠮᠵᠢᠯᠠᠬᠤ ᠬᠡᠷᠡᠭ᠌ᠲᠡᠢ》 ᠭᠡᠵᠦ᠍ ᠴᠢᠬᠤᠯᠠᠴᠢᠯᠠᠪᠠ᠃ ᠲᠣᠪᠣᠢᠮ᠎ᠠ ᠦᠷᠭᠦᠯᠵᠢᠯᠡᠬᠦ᠌ ᠴᠢᠨᠠᠷᠲᠠᠶ ᠳᠤᠮᠳᠠᠳᠤ᠎ᠶ᠋ᠢᠨ ᠪᠣᠯᠪᠠᠰᠤᠨ ᠨᠢ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠬᠦᠨ ᠵᠤᠵᠠᠭᠠᠨ ᠱᠢᠮ᠎ᠡ ᠲᠡᠵᠢᠭᠡᠯ ᠬᠠᠩᠭᠠᠪᠠ᠃

ᠤᠮᠠᠷᠠᠲᠤ ᠬᠢᠯᠢ᠎ᠶ᠋ᠢᠨ ᠰᠣᠶᠣᠯ ᠪᠣᠯ ᠳᠤᠮᠳᠠᠳᠤ᠎ᠶ᠋ᠢᠨ ᠪᠣᠯᠪᠠᠰᠤᠨ᠎ᠤ ᠪᠤᠢᠵᠢᠵᠤ ᠦᠶ᠎ᠡ᠎ᠵᠢᠨ ᠦᠶ᠎ᠡ ᠲᠠᠰᠤᠷᠠᠰᠢ ᠦᠭᠡᠢ ᠬᠥᠭ᠌ᠵᠢᠵᠦ᠍ ᠢᠷᠡᠭ᠌ᠰᠡᠨ᠎ᠢ ᠪᠡᠶ᠎ᠡ᠎ᠪᠡᠷ᠎ᠢᠶᠡᠨ ᠥᠩᠭᠡᠷᠡᠭᠦᠯᠦᠭ᠌ᠴᠢ᠂ ᠣᠷᠣᠯᠴᠠᠭ᠍ᠴᠢ ᠮᠥᠨ᠃ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠠᠬᠢᠭᠤᠯᠬᠤ᠎ᠳᠤ᠂ ᠳᠤᠮᠳᠠᠳᠤ᠎ᠶ᠋ᠢᠨ ᠰᠣᠶᠣᠯ᠎ᠤᠨ ᠵᠣᠭ᠍ᠰᠣᠯᠲᠠ᠎ᠶ᠋ᠢ ᠢᠮᠠᠭ᠍ᠲᠠ ᠪᠠᠲᠤ ᠰᠠᠬᠢᠨ᠂ ᠲᠡᠭᠦᠨ᠎ᠤ ᠳᠣᠲᠣᠭᠠᠳᠤ ᠢᠯᠡ ᠲᠣᠳᠣ ᠪᠠᠶᠠᠯᠢᠭ ᠠᠭᠤᠯᠤᠭ᠍ᠳᠠᠬᠤᠨ᠂ ᠱᠢᠯᠢᠳᠡᠭ ᠵᠠᠩ ᠴᠢᠨᠠᠷ᠂ ᠥᠷᠲᠡᠭ᠎ᠦᠨ ᠦᠵᠡᠯᠲᠡ ᠵᠡᠷᠭᠡ᠎ᠵᠢ ᠭᠦᠨᠵᠡᠭᠡᠶ ᠠᠭᠤᠳᠠᠯᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌ ᠲᠥᠪ ᠰᠤᠷᠲᠠᠯ ᠪᠠ ᠣᠮᠣᠭ ᠵᠣᠷᠢᠭ᠎ᠢᠶᠠᠷ ᠤᠮᠠᠷᠠᠲᠤ ᠬᠢᠯᠢ᠎ᠶ᠋ᠢᠨ ᠡᠬᠡ ᠭᠠᠵᠠᠷ᠎ᠤᠨ ᠲᠡᠦᠬᠡ ᠰᠣᠶᠣᠯ᠎ᠤᠨ ᠦᠪ᠎ᠢ ᠦᠷᠭᠦᠯᠵᠢᠯᠡᠭᠦᠯᠦᠨ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠡᠴᠡ ᠡᠬᠢ ᠡᠭᠦᠰᠦᠯ᠎ᠢ ᠡᠷᠢᠵᠦ᠂ ᠣᠶᠤᠨ ᠤᠬᠠᠭᠠᠨ ᠪᠠ ᠬᠦᠴᠦᠨ ᠴᠢᠳᠠᠯ᠎ᠢ ᠨᠢ ᠱᠢᠩᠭᠡᠭᠡᠨ ᠠᠪᠴᠤ᠂ ᠮᠠᠷᠺᠰ᠎ᠤᠨ ᠦᠵᠡᠯ᠎ᠢᠶᠡᠷ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠳᠠᠬᠢ ᠠᠮᠢᠵᠢᠷᠠᠯ᠎ᠤᠨ ᠬᠦᠴᠦᠨ᠎ᠢᠶᠡᠷ ᠪᠢᠯᠬᠠᠬᠰᠠᠨ ᠱᠢᠯᠢᠳᠡᠭ ᠡᠯᠸᠮᠸᠨ᠋ᠲ᠎ᠢ ᠬᠥᠭ᠌ᠵᠢᠭᠡᠬᠦ᠌᠎ᠶ᠋ᠢᠨ ᠬᠠᠮᠲᠤ ᠱᠢᠨ᠎ᠡ ᠴᠠᠭ ᠦᠶ᠎ᠡ᠎ᠶ᠋ᠢᠨ ᠠᠭᠤᠯᠭ᠎ᠠ᠎ᠶ᠋ᠢ ᠨᠡᠮᠡᠷᠢᠯᠡᠬᠦ ᠨᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠳᠤᠮᠳᠠᠳᠤ᠎ᠶ᠋ᠢᠨ ᠪᠣᠯᠪᠠᠰᠤᠨ᠎ᠤ ᠲᠤᠬᠠᠶ ᠵᠥᠪ ᠲᠠᠨᠢᠯᠲᠠ ᠪᠠ ᠲᠡᠦᠬᠡ᠎ᠶ᠋ᠢᠨ ᠢᠲᠡᠭᠡᠯ᠎ᠢ ᠨᠡᠮᠡᠭ᠌ᠳᠡᠭᠦᠯᠬᠦ᠌᠎ᠳᠦ ᠠᠱᠢᠭ᠍ᠲᠠᠶ ᠪᠠᠢᠵᠤ᠂ ᠳᠤᠮᠳᠠᠳᠤ᠎ᠶ᠋ᠢᠨ ᠰᠣᠶᠣᠯ ᠪᠣᠯ ᠭᠤᠤᠯ ᠡᠰᠢ᠂ ᠡᠯ᠎ᠡ ᠦᠨᠳᠦᠰᠦᠲᠡᠨ᠎ᠦ ᠰᠣᠶᠣᠯ ᠪᠣᠯ ᠰᠠᠯᠠᠭ᠎ᠠ ᠨᠠᠮᠠᠭ᠎ᠠ᠎ᠨᠢ ᠪᠤᠯᠬᠤ ᠬᠠᠷᠢᠴᠠᠭ᠎ᠠ᠎ᠶ᠋ᠢ ᠣᠨᠣᠪᠴᠢᠲᠠᠶ ᠡᠵᠡᠮᠳᠡᠵᠦ᠂ ᠡᠭᠦᠨ᠎ᠳᠦ ᠠᠭᠤᠯᠤᠭ᠍ᠳᠠᠵᠤ ᠪᠠᠢᠭ᠎ᠠ ᠡᠯ᠎ᠡ ᠦᠨᠳᠦᠰᠦᠲᠡᠨ ᠬᠠᠮᠲᠤ᠎ᠪᠠᠷ ᠡᠳ᠋ᠯᠡᠬᠦ᠌ ᠳᠤᠮᠳᠠᠳᠤ᠎ᠶ᠋ᠢᠨ ᠰᠣᠶᠣᠯ᠎ᠤᠨ ᠲᠡᠮᠳᠡᠭ ᠪᠠ ᠳᠤᠮᠳᠠᠳᠤ᠎ᠶ᠋ᠢᠨ ᠦᠨᠳᠦᠰᠦᠲᠡᠨ᠎ᠦ ᠳᠦᠷᠢ ᠲᠥᠷᠬᠦ᠌᠎ᠶ᠋ᠢ ᠪᠣᠶ ᠪᠣᠯᠭᠠᠬᠤ ᠪᠠ ᠳᠣᠪᠣᠢᠯᠭᠠᠨ᠂ ᠦᠨᠳᠦᠰᠦᠲᠡᠨ᠎ᠨᠦᠭᠦᠳ᠎ᠦᠨ ᠰᠣᠶᠣᠯ᠎ᠢ ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠳᠤ ᠵᠢᠨ ᠲᠠᠨᠢᠯᠳᠠ᠎ᠪᠡᠨ ᠴᠢᠩᠭᠠᠳᠭᠠᠭ᠍ᠰᠠᠨ ᠰᠠᠭᠤᠷᠢᠨ ᠳᠡᠭᠡᠷ᠎ᠡ ᠪᠦᠲᠦᠭᠡᠯᠴᠢ᠎ᠴᠢᠨᠠᠷᠲᠠᠢ ᠤᠨᠳᠤᠤᠰᠢᠭᠤᠯᠬᠤ᠂ ᠱᠢᠨ᠎ᠡ᠎ᠶ᠋ᠢ ᠡᠭᠦᠳᠬᠦ᠌ ᠴᠢᠨᠠᠷᠲᠠᠶ ᠬᠥᠭ᠌ᠵᠢᠭᠦᠯᠬᠦ᠎ᠶ᠋ᠢ ᠠᠬᠢᠭᠤᠯᠵᠤ᠂ ᠲᠡᠭᠦᠨ᠎ᠢ ᠳᠤᠮᠳᠠᠳᠤ᠎ᠶ᠋ᠢᠨ ᠦᠨᠳᠦᠰᠦᠲᠡᠨ᠎ᠦ ᠣᠳᠣ ᠦᠶ᠎ᠡ᠎ᠶ᠋ᠢᠨ ᠪᠣᠯᠪᠠᠰᠤᠨ᠎ᠢ ᠪᠦᠲᠦᠭᠡᠨ ᠪᠠᠢᠭᠤᠯᠬᠤ ᠴᠢᠬᠤᠯᠠ ᠡᠬᠢ ᠪᠠᠶᠠᠯᠢᠭ ᠪᠠ ᠬᠦᠴᠦᠨ ᠴᠢᠳᠠᠯ ᠪᠣᠯᠭᠠᠬᠤ ᠬᠡᠷᠡᠭ᠌ᠲᠡᠶ᠃

ᠬᠣᠶᠠᠷ᠎ᠲᠤ᠂ ᠰᠣᠶᠣᠯ᠎ᠤᠨ ᠱᠢᠨ᠎ᠡ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠤᠮᠠᠷᠠᠲᠤ ᠬᠢᠯᠢ᠎ᠶ᠋ᠢᠨ ᠡᠬᠡ ᠭᠠᠵᠠᠷ ᠳᠡᠭᠡᠷᠡᠬᠢ ᠱᠢᠯᠢᠳᠡᠭ ᠰᠣᠶᠣᠯ᠎ᠢ ᠱᠢᠨ᠎ᠡ ᠴᠠᠭ ᠦᠶ᠎ᠡ᠎ᠳᠦ ᠠᠮᠢᠯᠠᠭᠤᠯᠵᠤ ᠬᠦᠭᠵᠢᠭᠡᠬᠦ ᠴᠠᠭ ᠦᠶ᠎ᠡ᠎ᠶ᠋ᠢᠨ ᠱᠠᠭᠠᠷᠳᠠᠯᠭ᠎ᠠ᠃ ᠰᠣᠶᠣᠯ ᠨᠢ ᠤᠯᠠᠮᠵᠢᠯᠠᠬᠤ᠎ᠡᠴᠡ ᠪᠣᠯᠵᠤ ᠭᠤᠢᠳᠠ ᠰᠠᠢᠬᠠᠨ ᠪᠤᠯᠵᠤ ᠂ ᠱᠢᠨ᠎ᠡ᠎ᠶ᠋ᠢ ᠡᠭᠦᠳᠬᠦ᠌᠎ᠡᠴᠡ ᠪᠣᠯᠵᠤ ᠰᠠᠢᠨ ᠰᠠᠢᠬᠠᠨ ᠪᠤᠯᠳᠠᠭ᠃ ᠤᠮᠠᠷᠠᠲᠤ ᠬᠢᠯᠢ᠎ᠶ᠋ᠢᠨ ᠰᠣᠶᠣᠯ ᠪᠣᠯ ᠲᠡᠦᠬᠡ᠎ᠶ᠋ᠢᠨ ᠬᠢ᠂ ᠮᠥᠨ ᠴᠦ᠍ ᠪᠣᠳᠠᠲᠤ ᠠᠬᠤᠢ᠎ᠶ᠋ᠢᠨ ᠬᠢ᠂ ᠨᠡᠩ ᠴᠤ᠌ ᠢᠷᠡᠭᠡᠳᠦᠢ᠎ᠶ᠋ᠢᠨ ᠬᠢ ᠶᠤᠮ᠃ ᠤᠮᠠᠷᠠᠲᠤ ᠬᠢᠯᠢ᠎ᠶ᠋ᠢᠨ ᠰᠣᠶᠣᠯ ᠪᠣᠯ ᠵᠣᠭ᠍ᠰᠣᠩᠭᠢ᠂ ᠥᠩᠭᠡᠷᠡᠭ᠌ᠰᠡᠨ᠂ ᠬᠡᠵᠢᠶᠡᠳᠡ ᠬᠤᠪᠢᠷᠠᠬᠤ ᠦᠭᠡᠢ ᠪᠢᠰᠢ᠂ ᠬᠠᠷᠢᠨ ᠬᠥᠳᠡᠯᠦᠩᠭᠦᠶ᠂ ᠬᠥᠭ᠌ᠵᠢᠵᠦ ᠪᠠᠢᠭ᠎ᠠ ᠱᠢᠰᠲ᠋ᠧᠮ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠳᠠᠭᠠᠯᠳᠤᠨ ᠲᠠᠰᠤᠷᠠᠯᠲᠠ ᠦᠭᠡᠢ ᠪᠠᠶᠠᠯᠢᠭ᠍ᠵᠢᠬᠤ ᠪᠣᠯᠤᠨ᠎ᠠ᠃

ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯ ᠳᠤᠮᠳᠠᠳᠤ᠎ᠶ᠋ᠢᠨ ᠦᠨᠳᠦᠰᠦᠲᠡᠨ᠎ᠦ ᠬᠥᠭ᠌ᠵᠢᠯᠲᠡ ᠲᠠᠪᠱᠢᠯᠳᠠ᠎ᠶ᠋ᠢ ᠠᠬᠢᠭᠤᠯᠬᠤ ᠴᠠᠭᠯᠠᠰᠢ ᠦᠭᠡᠢ ᠬᠥᠳᠡᠯᠭᠡᠬᠦ᠌ ᠬᠦᠴᠦᠨ ᠮᠥᠨ᠂ ᠨᠡᠩ ᠴᠤ᠌ ᠳᠤᠮᠳᠠᠳᠤ᠎ᠶ᠋ᠢᠨ ᠰᠣᠶᠣᠯ ᠨᠡᠩ ᠭᠡᠷᠡᠯ ᠰᠠᠴᠤᠷᠠᠩᠭᠤᠢ ᠪᠤᠯᠬᠤ᠎ᠵᠢ ᠠᠬᠢᠭᠤᠯᠬᠤ ᠡᠬᠢ ᠪᠤᠯᠠᠭ ᠮᠥᠨ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ ᠬᠠᠷᠢᠯᠴᠠᠨ ᠵᠣᠬᠢᠴᠠᠯᠳᠤᠭ᠍ᠰᠠᠨ ᠣᠳᠣᠬᠢᠴᠢᠯᠠᠯᠲᠠ ᠮᠥᠨ᠂ ᠰᠣᠶᠣᠯ᠎ᠤᠨ ᠪᠠᠢᠭᠤᠯᠤᠯᠲᠠ ᠪᠣᠯ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠳᠤᠮᠳᠠᠬᠢ ᠲᠤᠢᠯ᠎ᠤᠨ ᠴᠢᠬᠤᠯᠠ ᠲᠠᠯ᠎ᠠ ᠮᠥᠨ᠃ ᠪᠢᠳᠠ ᠳᠤᠮᠳᠠᠳᠤ᠎ᠶ᠋ᠢᠨ ᠦᠨᠳᠦᠰᠦᠲᠡᠨ᠎ᠦ ᠤᠳᠦ ᠦᠶ᠎ᠡ᠎ᠶ᠋ᠢᠨ ᠪᠣᠯᠪᠠᠰᠤᠨ᠎ᠢ ᠪᠦᠳᠦᠭᠡᠠ ᠪᠠᠢᠭᠤᠯᠬᠤ᠎ᠳᠤ ᠨᠡᠡᠭ ᠶᠡᠬᠡ ᠬᠤᠪᠢ ᠨᠡᠮᠡᠷᠢ ᠦᠵᠡᠭᠦᠯᠬᠦ᠌ ᠬᠠᠷᠢᠭᠤᠴᠠᠯᠭ᠎ᠠ᠎ᠲᠠᠶ ᠪᠥᠭᠡᠳ ᠡᠭᠦᠷᠭᠡ᠎ᠲᠡᠶ᠂ ᠪᠠᠰᠠ ᠰᠠᠭᠤᠷᠢ᠎ᠲᠠᠶ ᠪᠥᠭᠡᠳ ᠨᠥᠬᠥᠴᠡᠯ᠎ᠲᠡᠶ ᠶᠤᠮ᠃ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠠᠬᠢᠭᠤᠯᠬᠤ᠎ᠳᠤ᠂ ᠰᠣᠶᠣᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢᠨ ᠶᠡᠬᠡ ᠲᠠᠯ᠎ᠠ᠎ᠳᠤ ᠦᠶ᠋ᠯᠡᠴᠢᠯᠡᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭ᠌ᠵᠢᠭᠦᠯᠬᠦ᠌ ᠲᠠᠯ᠎ᠠ᠎ᠡᠴᠡ ᠪᠣᠳᠣᠯᠬᠢᠯᠠᠵᠤ᠂ ᠤᠮᠠᠷᠠᠲᠤ ᠬᠢᠯᠢ᠎ᠶ᠋ᠢᠨ ᠡᠬᠡ ᠭᠠᠵᠠᠷ ᠳᠡᠭᠡᠷᠡᠬᠢ ᠣᠯᠠᠨ ᠦᠨᠳᠦᠰᠦᠲᠡᠨ ᠶᠡᠬᠡ ᠠᠭᠤᠰᠤᠯᠴᠠᠭ᠍ᠰᠠᠨ ᠢᠯᠡ ᠲᠣᠳᠣ ᠲᠡᠦᠬᠡᠨ ᠣᠨᠴᠠᠯᠢᠭ᠎ᠢ ᠭᠦᠶ᠋ᠴᠡᠳ ᠠᠭᠤᠳᠠᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢᠶᠠᠷ ᠪᠦᠷᠢᠯᠳᠦᠭ᠌ᠰᠡᠨ ᠡᠯᠪᠡᠭ ᠰᠣᠶᠣᠯ ᠢᠷᠭᠡᠨᠱᠢᠯ᠎ᠦᠨ ᠡᠬᠢ ᠪᠠᠶᠠᠯᠢᠭ᠎ᠢ ᠠᠮᠢᠳᠤᠯᠢᠭ᠎ᠢᠶᠠᠷ ᠢᠯᠡᠷᠡᠭᠦᠯᠵᠦ᠂ ᠣᠯᠠᠨ ᠡᠱᠢᠲᠦ ᠨᠢᠭᠡ ᠴᠣᠭ᠍ᠴᠠ ᠭᠡᠬᠦ᠌ ᠡᠨᠡ ᠬᠦ᠌ ᠴᠢᠬᠤᠯᠠ ᠡᠳ᠋ ᠬᠦᠷᠦᠩᠬᠡ ᠪᠠ ᠳᠠᠪᠠᠭᠤᠯᠢᠭ᠎ᠢ ᠨᠠᠩ ᠰᠠᠢᠲᠤᠷ ᠢᠯᠡᠷᠡᠭᠦᠯᠵᠦ᠂ ᠤᠯᠠᠮᠵᠢᠯᠠᠨ ᠵᠠᠯᠭᠠᠮᠵᠢᠯᠠᠬᠤ ᠳᠤᠮᠳᠠ ᠱᠢᠨ᠎ᠡ᠎ᠶ᠋ᠢ ᠡᠭᠦᠳᠴᠦ᠂ ᠱᠢᠨ᠎ᠡ᠎ᠶ᠋ᠢ ᠡᠭᠦᠳᠬᠦ᠌ ᠳᠤᠮᠳᠠ ᠲᠦᠪ ᠶᠤᠰᠤ᠎ᠶ᠋ᠢ ᠪᠠᠷᠢᠮᠲᠠᠯᠠᠵᠤ᠂ ᠱᠢᠯᠢᠳᠡᠭ ᠤᠯᠠᠮᠵᠢᠯᠠᠯᠲᠤ ᠰᠣᠶᠣᠯ᠎ᠢ ᠤᠮᠠᠷᠠᠲᠤ ᠬᠢᠯᠢ᠎ᠶ᠋ᠢᠨ ᠰᠣᠶᠣᠯ᠎ᠤᠨ ᠴᠢᠬᠤᠯᠠ ᠡᠬᠢ ᠪᠤᠯᠠᠭ ᠪᠣᠯᠭᠠᠨ᠂ ᠴᠠᠭ ᠦᠶ᠎ᠡ᠎ᠶ᠋ᠢᠨ ᠱᠠᠭᠠᠷᠳᠠᠯᠭ᠎ᠠ᠎ᠶ᠋ᠢ ᠲᠤᠰᠬᠠᠭᠰᠠᠨ᠂ ᠴᠠᠭ ᠦᠶ᠎ᠡ᠎ᠶ᠋ᠢᠨ ᠣᠨᠴᠠᠯᠢᠭ᠎ᠲᠠᠶ ᠱᠢᠨ᠎ᠡ ᠰᠣᠶᠣᠯ᠎ᠢ ᠢᠳᠡᠪᠬᠢᠲᠡᠢ ᠬᠥᠭ᠌ᠵᠢᠭᠦᠯᠦᠨ᠂ ᠤᠮᠠᠷᠠᠲᠤ ᠬᠢᠯᠢ᠎ᠶ᠋ᠢᠨ ᠰᠣᠶᠣᠯ᠎ᠤᠨ ᠥᠪᠡᠷᠮᠢᠴᠡ ᠱᠢᠳᠢ ᠬᠦᠴᠦᠨ᠎ᠢ ᠢᠯᠡᠷᠡᠭᠦᠯᠵᠦ᠂ ᠳᠤᠮᠳᠠᠳᠤ᠎ᠶ᠋ᠢᠨ ᠰᠣᠶᠣᠯ᠎ᠤᠨ ᠤᠮᠠᠷᠠᠲᠤ᠎ᠶ᠋ᠢᠨ ᠡᠬᠡ ᠭᠠᠵᠠᠷ᠎ᠲᠤ ᠤᠯᠠᠮᠵᠢᠯᠠᠨ ᠵᠠᠯᠭᠠᠮᠵᠢᠯᠠᠵᠤ ᠬᠥᠭ᠌ᠵᠢᠬᠦ᠌᠎ᠳᠦ ᠴᠠᠭ ᠦᠶ᠎ᠡ᠎ᠶ᠋ᠢᠨ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠬᠦ ᠬᠡᠷᠡᠭᠲᠡᠢ᠃

ᠭᠤᠷᠪᠠ᠎ᠳᠤ᠂ ᠰᠣᠶᠣᠯ ᠎ᠤᠨ ᠱᠢᠨ᠎ᠡ ᠡᠭᠦᠷᠭᠡ ᠎ᠶ᠋ᠢ ᠡᠭᠦᠷᠭᠡᠯᠡᠵᠦ᠍᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠠᠵᠢᠯ ᠬᠢᠵᠦ᠍ ᠦᠢᠯᠡᠰ ᠪᠤᠰᠭᠠᠬᠤ ᠬᠠᠯᠠᠭᠤᠨ ᠰᠡᠳᠭᠢᠯᠭᠡ᠎ᠶ᠋ᠢ ᠬᠥᠭ᠌ᠵᠢᠭᠡᠬᠦ᠌ ᠴᠠᠭ ᠦᠶ᠎ᠡ᠎ᠶ᠋ᠢᠨ ᠱᠠᠭᠠᠷᠳᠠᠯᠭ᠎ᠠ᠃ ᠱᠢᠯᠢᠳᠡᠭ ᠵᠣᠷᠢᠭ ᠰᠠᠨᠠᠭ᠎ᠠ ᠪᠠ ᠵᠠᠩ ᠴᠢᠨᠠᠷ᠎ᠨᠢ ᠤᠯᠠᠮᠵᠢᠯᠠᠨ ᠵᠠᠯᠭᠠᠮᠵᠢᠯᠠᠬᠤ ᠴᠢᠨᠠᠷ ᠲᠠᠢ ᠮᠥᠷᠲᠡᠭᠡᠨ ᠴᠠᠭ ᠦᠶᠡᠴᠢ ᠴᠢᠨᠠᠷ᠎ᠲᠠᠶ ᠪᠠᠢᠵᠤ᠂ ᠲᠠᠰᠤᠷᠠᠯᠲᠠ ᠦᠭᠡᠢ ᠪᠠᠳᠠᠷᠠᠭᠤᠯᠤᠨ ᠪᠣᠢᠵᠢᠭᠤᠯᠬᠤ ᠴᠢᠬᠤᠯᠠᠲᠠᠢ᠃ ᠶᠡᠷᠦᠩᠬᠡᠢ ᠱᠦᠵᠢ ᠰᠢ ᠵᠢᠨ ᠫᠢᠩ ᠮᠠᠨ᠎ᠤ ᠣᠷᠣᠨ᠎ᠳᠤ ᠱᠢᠨᠵᠢᠯᠡᠨ ᠪᠠᠢᠴᠠᠭᠠᠬᠤ᠎ᠳᠠᠭᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠢᠯᠠᠭᠠᠭ᠍ᠳᠠᠬᠤᠨ᠎ᠢ ᠠᠩᠬ᠎ᠠ ᠤᠳᠠᠭ᠎ᠠ ᠳᠤᠷᠠᠳᠪᠠ᠃ ᠥᠩᠭᠡᠷᠡᠭ᠌ᠰᠡᠨ᠎ᠢᠶᠡᠨ ᠳ᠋ᠦᠩᠨᠡᠭ᠌ᠰᠡᠨ ᠪᠥᠭᠡᠳ ᠣᠳᠣᠬᠢ᠎ᠪᠠᠨ ᠴᠤ᠌ ᠳᠦᠷᠰᠦᠯᠡᠵᠦ᠍᠂ ᠨᠡᠩ ᠴᠤ᠌ ᠢᠷᠡᠭᠡᠳᠦᠢ᠎ᠶ᠋ᠢ ᠬᠦᠳᠦᠯᠥᠨ ᠳᠠᠭᠠᠭᠤᠯᠵᠤ᠂ ᠨᠢᠭᠡ ᠰᠡᠳᠭᠢᠯ ᠨᠢᠭᠡ ᠵᠣᠷᠢᠭ᠎ᠢᠶᠠᠷ᠂ ᠠᠬ᠎ᠠ ᠳᠡᠭᠦᠦ ᠮᠡᠲᠦ ᠳᠣᠲᠣᠨᠣ᠂ ᠬᠠᠮᠲᠤ᠎ᠪᠠᠷ ᠡᠷᠡᠮᠡᠬᠡᠢᠯᠡᠨ ᠤᠷᠤᠭ᠍ᠰᠢᠯᠠᠬᠤ ᠭᠣᠣᠯ ᠬᠦᠭ ᠠᠶᠠᠰ᠎ᠢ ᠬᠥᠭ᠌ᠵᠢᠭᠡᠵᠦ᠍᠂ ᠣᠨᠴᠠᠭᠠᠢᠯᠠᠨ ᠪᠢᠳᠡᠨ᠎ᠢ ᠮᠣᠩᠭᠣᠯ ᠮᠤᠷᠢᠨ᠎ᠤ ᠵᠣᠷᠢᠭ ᠰᠠᠨᠠᠭ᠎ᠠ ᠪᠣᠯᠤᠨ 《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠶᠡᠬᠡ᠎ᠪᠡᠷ ᠪᠠᠳᠠᠷᠠᠭᠤᠯᠬᠤ᠎ᠶ᠋ᠢ ᠱᠠᠭᠠᠷᠳᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠪᠢᠳᠡᠨ᠎ᠳᠦ ᠥᠭ᠌ᠭᠦᠭ᠌ᠰᠡᠨ ᠴᠢᠩ ᠰᠡᠳᠭᠢᠯᠭᠡ᠎ᠶ᠋ᠢᠨ ᠵᠣᠷᠢᠭ᠍ᠵᠢᠭᠤᠯᠤᠯ᠎ᠢ ᠭᠦᠢᠴᠡᠳ ᠬᠠᠷᠠᠭᠤᠯᠵᠤ ᠪᠠᠢᠨ᠎ᠠ᠃

ᠪᠠᠳᠠᠷᠠᠭᠤᠯᠬᠤ ᠪᠣᠯ ᠵᠠᠯᠭᠠᠮᠵᠢᠯᠠᠬᠤ᠎ᠶ᠋ᠢᠨ ᠰᠠᠭᠤᠷᠢᠨ ᠳᠡᠭᠡᠷᠡᠬᠢ ᠬᠥᠭ᠌ᠵᠢᠯᠲᠡ ᠮᠥᠨ᠂ ᠪᠣᠢᠵᠢᠭᠤᠯᠬᠤ ᠪᠣᠯ ᠵᠠᠯᠭᠠᠮᠵᠢᠯᠠᠬᠤ᠎ᠶ᠋ᠢᠨ ᠰᠠᠭᠤᠷᠢᠨ ᠳᠡᠭᠡᠷᠡᠬᠢ ᠱᠢᠨ᠎ᠡ ᠡᠭᠦᠳᠦᠯᠲᠡ ᠮᠥᠨ᠃ ᠤᠯᠤᠰ᠎ᠢᠶᠠᠨ ᠬᠠᠢᠷᠠᠯᠠᠬᠤ ᠦᠨᠡᠨᠴᠢ ᠱᠢᠳᠤᠷᠭᠤ᠎ᠪᠠᠷ ᠬᠤᠪᠢ ᠨᠡᠮᠡᠷᠢ ᠦᠵᠡᠭᠦᠯᠬᠦ᠌᠎ᠪᠡᠷ ᠭᠣᠣᠯ ᠣᠢᠯᠠᠭᠠᠭ᠍ᠳᠠᠬᠤᠨ ᠪᠣᠯᠭᠠᠭ᠍ᠰᠠᠨ ᠤᠮᠠᠷᠠᠲᠤ ᠬᠢᠯᠢ᠎ᠶ᠋ᠢᠨ ᠰᠣᠶᠣᠯ ᠨᠢ ᠶᠡᠷᠦᠩᠬᠡᠢ ᠱᠦᠵᠢ ᠰᠢ ᠵᠢᠨ ᠫᠢᠩ᠎ᠦᠨ ᠳᠤᠷᠠᠳᠤᠭ᠍ᠰᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠢᠯᠠᠭᠠᠭ᠍ᠳᠠᠬᠤᠨ ᠪᠣᠯᠤᠨ ᠮᠣᠩᠭᠣᠯ ᠮᠤᠷᠢᠨ᠎ᠤ ᠵᠣᠷᠢᠭ ᠰᠠᠨᠠᠭ᠎ᠠ᠂ 《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠠᠮᠢᠳᠤᠯᠢᠭ᠎ᠢᠶᠠᠷ ᠲᠠᠢᠯᠪᠤᠷᠢᠯᠠᠨ ᠢᠯᠡᠷᠡᠭᠦᠯᠪᠡ᠃ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠠᠬᠢᠭᠤᠯᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ ᠣᠢᠯᠠᠭᠠᠭ᠍ᠳᠠᠬᠤᠨ᠎ᠳᠤ ᠠᠭᠤᠯᠤᠭ᠍ᠳᠠᠵᠤ ᠪᠠᠢᠭ᠎ᠠ ᠤᠯᠤᠰ᠎ᠢᠶᠡᠨ ᠬᠠᠢᠷᠠᠯᠠᠬᠤ ᠬᠠᠢᠷ᠎ᠠ ᠰᠡᠳᠭᠢᠯᠭᠡ᠎ᠶ᠋ᠢ ᠰᠠᠢᠲᠤᠷ ᠲᠠᠢᠯᠪᠤᠷᠢᠯᠠᠵᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠪᠣᠯᠤᠨ 《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠎ᠶ᠋ᠢ ᠶᠡᠬᠡ᠎ᠪᠡᠷ ᠪᠠᠳᠠᠷᠠᠭᠤᠯᠬᠤ᠎ᠳᠤ᠂ ᠡᠨᠡ ᠬᠣᠶᠠᠷ ᠵᠦᠶ᠋ᠯ᠎ᠦᠨ ᠵᠣᠷᠢᠭ ᠰᠠᠨᠠᠭᠠᠨ᠎ᠤ ᠴᠤᠭᠴᠠᠯᠠᠬᠤ ᠬᠦᠴᠦᠨ ᠪᠣᠯᠤᠨ ᠨᠥᠯᠥᠭᠡᠯᠡᠬᠦ᠌ ᠬᠦᠴᠦᠨ᠎ᠢ ᠭᠦᠶ᠋ᠴᠡᠳ ᠪᠠᠳᠠᠷᠠᠭᠤᠯᠵᠤ᠂ ᠤᠷᠤᠨ ᠳᠠᠶᠠᠭᠠᠷ᠎ᠢ ᠬᠥᠲᠥᠯᠥᠨ ᠵᠢᠯᠣᠭᠣᠳᠴᠤ᠌ ᠨᠤᠭᠤᠷᠠᠰᠢ ᠥᠬᠡᠶ ᠬᠠᠲᠠᠨ ᠵᠣᠷᠢᠭ᠂ ᠵᠣᠷᠢᠭ᠍ᠲᠠᠶ ᠪᠠᠢᠯᠳᠤᠵᠤ ᠢᠯᠠᠯᠲᠠ ᠤᠯᠬᠤ ᠡᠷᠴᠢ ᠵᠣᠷᠢᠭ᠂ ᠴᠤᠴᠠᠯᠲᠠ ᠥᠬᠡᠶ ᠤᠷᠤᠭ᠍ᠰᠢᠯᠠᠬᠤ ᠵᠣᠷᠢᠭ ᠰᠦᠰᠦ ᠪᠡᠷ᠂ ᠠᠭᠤᠯᠠ ᠳᠤᠬᠢᠶᠠᠯᠳᠤᠪᠠᠯ ᠵᠠᠮ ᠨᠡᠭᠡᠭᠡᠵᠦ᠍᠂ ᠭᠤᠤᠯ ᠳᠠᠭᠠᠷᠠᠪᠠᠯ ᠬᠥᠭᠥᠷᠭᠡ ᠲᠠᠯᠪᠢᠵᠤ᠂ ᠰᠠᠯᠬᠢ ᠪᠣᠷᠣᠭᠠᠨ᠎ᠢ ᠬᠠᠢᠬᠤᠷᠤᠯ ᠦᠭᠡᠢ᠂ ᠲᠤᠬᠳᠠᠬᠰᠠᠨ ᠬᠠᠷᠠᠯᠲᠠ ᠵᠦᠭ᠎ᠢᠶᠡᠨ ᠤᠷᠤᠭ᠍ᠰᠢᠯᠠᠬᠤ ᠬᠡᠷᠡᠭ᠌ᠲᠡᠶ᠃ ᠥᠪᠥᠷ ᠮᠣᠩᠭᠣᠯ ᠣᠷᠣᠨ᠎ᠤ 《ᠳᠥᠷᠪᠡᠨ ᠬᠠᠮᠲᠤ》 ᠶ᠋ᠢᠨ ᠲᠡᠦᠬᠡᠨ ᠪᠣᠳᠠᠲᠤ ᠪᠠᠢᠳᠠᠯ ᠪᠠ ᠬᠣᠶᠠᠷ ᠵᠦᠶ᠋ᠯ᠎ᠦᠨ ᠵᠣᠷᠢᠭ ᠰᠠᠨᠠᠭᠠᠨ᠎ᠤ ᠠᠭᠤᠯᠤᠭ᠍ᠳᠠᠬᠤᠨ ᠪᠠ ᠴᠠᠭ ᠦᠶ᠎ᠡ᠎ᠶ᠋ᠢᠨ ᠦᠨ᠎ᠡ ᠥᠷᠲᠡᠭ᠎ᠢ ᠭᠦᠨᠵᠡᠭᠡᠶ ᠠᠭᠤᠳᠠᠯᠬᠤ ᠪᠠ ᠤᠬᠠᠭᠤᠯᠤᠨ ᠲᠠᠢᠯᠪᠤᠷᠢᠯᠠᠵᠤ᠂ ᠤᠷᠤᠨ ᠳᠠᠶᠠᠭᠠᠷ᠎ᠢ᠎ᠵᠣᠷᠢᠭ᠍ᠵᠢᠭᠤᠯᠤᠨ ᠶᠡᠷᠦᠩᠬᠡᠶ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠭᠤᠢᠪᠢᠰᠢ ᠥᠬᠡᠶ ᠤᠷᠤᠭ᠍ᠰᠢᠯᠠᠭᠤᠯᠵᠤ᠂ ᠡᠭᠦᠷᠢᠳᠡ ᠬᠤᠢᠷᠭᠤᠰᠢᠬᠤ ᠥᠬᠡᠶ ᠣᠶᠤᠨ ᠰᠠᠨᠠᠭᠠᠨ᠎ᠤ ᠳᠦᠷᠰᠦ ᠪᠠᠢᠳᠠᠯ᠂ ᠴᠤᠴᠠᠯᠲᠠ ᠥᠬᠡᠶ ᠤᠷᠤᠭ᠍ᠰᠢᠯᠠᠬᠤ ᠲᠡᠮᠡᠴᠡᠯ᠎ᠦᠨ ᠳᠦᠷᠢ ᠪᠠᠢᠳᠠᠯ᠎ᠢᠶᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠦᠶ᠋ᠯᠡᠳᠦᠯᠭᠡ᠎ᠳᠦ ᠣᠷᠣᠯᠴᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠠᠯᠪᠢᠭ᠍ᠰᠠᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠱᠢᠨ᠎ᠡ ᠵᠠᠮ ᠨᠡᠭᠡᠭᠡᠬᠦ᠌᠂ ᠳᠤᠮᠳᠠ ᠲᠦᠪᠰᠢᠨ᠎ᠳᠤ ᠳᠠᠪᠰᠢᠨ ᠣᠷᠣᠬᠤ ᠬᠠᠷᠠᠯᠲᠠ ᠲᠡᠢᠰᠢ ᠡᠷᠡᠯᠬᠡᠭ᠌ᠯᠡᠨ ᠤᠷᠤᠭ᠍ᠰᠢᠯᠠᠬᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃

ᠲᠦᠷᠪᠡ᠎ᠳᠦ᠂ ᠰᠣᠶᠣᠯ᠎ᠤᠨ ᠱᠢᠨ᠎ᠡ ᠬᠡᠯᠪᠡᠷᠢ᠎ᠶ᠋ᠢ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠲᠠᠰᠤᠷᠠᠯᠳᠠ ᠦᠭᠡᠢ ᠪᠡᠬᠢᠵᠢᠭᠦᠯᠬᠦ᠌ ᠴᠠᠭ ᠦᠶ᠎ᠡ᠎ᠶ᠋ᠢᠨ ᠱᠠᠭᠠᠷᠳᠠᠯᠭ᠎ᠠ᠃ ᠰᠣᠶᠣᠯ᠎ᠤᠨ ᠬᠠᠮᠲᠤ᠎ᠶ᠋ᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶ᠋ᠢᠨ ᠬᠠᠮᠲᠤ᠎ᠶ᠋ᠢᠨ ᠲᠠᠨᠢᠯᠲᠠ ᠮᠥᠨ᠂ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ᠂ ᠦᠨᠳᠦᠰᠦᠲᠡᠨ᠎ᠦ ᠡᠶ᠎ᠡ ᠨᠠᠢᠷᠠᠮᠳᠠᠭᠤ᠎ᠶ᠋ᠢᠨ ᠰᠦᠭ ᠰᠦᠨᠡᠰᠦ ᠮᠥᠨ᠃ ᠭᠠᠭ᠍ᠴᠠ ᠬᠦ᠌ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠰᠠᠢᠲᠤᠷ ᠪᠠᠢᠭᠤᠯᠪᠠᠯ ᠰᠠᠶᠢ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ᠂ ᠦᠨᠳᠦᠰᠦᠲᠡᠨ᠎ᠦ ᠡᠶ᠎ᠡ ᠨᠠᠢᠷᠠᠮᠳᠠᠭᠤ᠎ᠶ᠋ᠢᠨ ᠰᠦᠭ ᠰᠦᠨᠡᠰᠦ᠎ᠶ᠋ᠢ ᠪᠡᠬᠢᠵᠢᠭᠦᠯᠵᠦ᠍ ᠴᠢᠳᠠᠨ᠎ᠠ᠃ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠭᠣᠣᠯ ᠱᠢᠵᠢᠮ ᠪᠣᠯ ᠳᠠᠷᠤᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠠᠯᠤᠰ ᠬᠡᠳᠤ᠎ᠶ᠋ᠢᠨ ᠪᠠ ᠦᠨᠳᠦᠰᠦᠨ ᠵᠦᠢᠯ ᠪᠣᠯ ᠳᠠᠷᠤᠢ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠦᠳᠦᠭᠡᠨ ᠪᠠᠢᠭᠤᠯᠬᠤ ᠶᠠᠪᠤᠳᠠᠯ ᠪᠣᠯᠤᠨ᠎ᠠ᠃ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ ᠳᠤᠮᠳᠠᠬᠢ ᠤᠯᠤᠰ ᠣᠷᠣᠨ᠎ᠤ ᠨᠢᠭᠡᠳᠦᠯ᠎ᠢ ᠠᠬᠢᠭᠤᠯᠬᠤ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠭᠦᠨ ᠵᠤᠵᠠᠭᠠᠨ ᠰᠣᠶᠣᠯ᠎ᠤᠨ ᠤᠳᠤᠮᠯᠠᠯ ᠮᠥᠨ᠃

ᠬᠠᠮᠲᠤ᠎ᠶ᠋ᠢᠨ ᠰᠣᠶᠣᠯ᠎ᠤᠨ ᠤᠯᠠᠮᠵᠢᠯᠠᠯ᠂ ᠰᠣᠶᠣᠯ᠎ᠤᠨ ᠢᠮ ᠲᠡᠮᠲᠡᠭ᠎ᠲᠤ ᠰᠠᠭᠤᠷᠢᠯᠠᠨ᠂ ᠤᠮᠠᠷᠠᠲᠤ ᠬᠢᠯᠢ᠎ᠶ᠋ᠢᠨ ᠰᠣᠶᠣᠯ ᠨᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠭ᠌ᠰᠡᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠨᠢᠭ᠍ᠲᠠᠷᠠᠭᠤᠯᠪᠠ᠃ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠠᠬᠢᠭᠤᠯᠬᠤ᠎ᠳᠤ᠂《ᠬᠣᠶᠠᠷ᠎ᠢ ᠤᠶᠠᠯᠳᠤᠭᠤᠯᠬᠤ》᠎ᠶ᠋ᠢᠨ ᠦᠨᠳᠦᠰᠦᠨ ᠱᠠᠭᠠᠷᠳᠠᠯᠭ᠎ᠠ᠎ᠵᠢ ᠪᠠᠷᠢᠮᠳᠠᠯᠠᠵᠤ᠂ ᠭᠣᠣᠯ ᠰᠢᠵᠢᠮ᠎ᠤᠨ ᠱᠠᠭᠠᠷᠳᠠᠯᠭ᠎ᠠ᠎ᠶ᠋ᠢ ᠪᠦᠬᠦ᠌ ᠶᠠᠪᠤᠴᠠ᠎ᠳᠤ ᠢᠮᠠᠭ᠍ᠲᠠ ᠲᠤᠭᠤᠱᠢᠯᠠᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠠᠭᠤᠰᠤᠯᠴᠠᠯ᠎ᠤᠨ ᠪᠠᠶᠠᠯᠢᠭ ᠲᠡᠦᠬᠡᠨ ᠮᠠᠲ᠋ᠧᠷᠢᠶᠠᠯ᠎ᠢ ᠭᠦᠨᠵᠡᠭᠡᠶ ᠠᠭᠤᠳᠠᠯᠤᠨ᠂ 《ᠵᠦᠭᠡᠯᠡᠨ ᠬᠤᠷ᠎ᠠ ᠲᠦᠮᠡᠨ ᠪᠤᠳᠠᠰ᠎ᠢ ᠤᠮᠳᠠᠯᠠᠬᠤ》 ᠮᠡᠳᠦ ᠪᠡᠷ ᠭᠦᠨ ᠵᠤᠵᠠᠭᠠᠨ ᠰᠣᠶᠣᠯ᠎ᠤᠨ ᠬᠠᠮᠳᠤ ᠵᠢᠨ ᠲᠠᠨᠢᠯᠳᠠ᠎ᠶ᠋ᠢᠨ ᠬᠦᠴᠦᠨ᠎ᠢ ᠨᠢᠭ᠍ᠲᠠᠷᠠᠭᠤᠯᠵᠤ᠂ ᠥᠪᠥᠷ ᠮᠣᠩᠭᠣᠯ᠎ᠤᠨ ᠦᠵᠡᠰᠬᠦᠯᠡᠩᠳᠤ ᠰᠠᠢᠬᠠᠨ ᠨᠠᠢᠷᠠᠮᠳᠠᠭᠤ ᠡᠶᠡᠯᠰᠡᠭ ᠦᠨᠡᠨ ᠰᠠᠢᠨ ᠰᠠᠢᠬᠠᠨ᠂ ᠢᠲᠡᠭᠡᠯᠲᠡᠶ ᠲᠤᠳᠤᠨᠤᠰᠤᠭ ᠬᠠᠢᠷᠠᠯᠠᠯᠳᠠᠢ ᠳᠦᠷᠢ ᠲᠥᠷᠬᠦ᠌᠎ᠵᠢ ᠱᠤᠭᠤᠵᠤ᠂ ᠥᠪᠥᠷ ᠮᠣᠩᠭᠣᠯ᠎ᠤᠨ ᠨᠡᠷ᠎ᠡ ᠠᠯᠳᠠᠷᠰᠢᠯ ᠪᠠ ᠨᠥᠯᠥᠭᠡᠯᠡᠬᠦ᠌ ᠬᠦᠴᠦᠨ ᠎ᠢ ᠴᠢᠨᠠᠭᠰᠢᠳᠠ ᠳᠡᠭᠡᠭ᠌ᠰᠢᠯᠡᠭᠦᠯᠦᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠵᠥᠪ ᠤᠯᠤᠰ᠎ᠬᠡᠷ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ ᠲᠡᠶ ᠪᠣᠯᠭᠠᠵᠤ᠂ 《ᠭᠤᠷᠪᠠᠨ ᠰᠠᠯᠵᠤ ᠴᠢᠳᠠᠬᠤ ᠥᠬᠡᠶ》᠂ 《ᠳᠥᠷᠪᠡᠨ ᠬᠠᠮᠳᠤᠳᠬᠠᠬᠤ》᠂ 《ᠲᠠᠪᠤᠨ ᠬᠠᠮᠲᠤ᠎ᠵᠢᠨ ᠲᠠᠨᠢᠯᠲᠠ》᠂ 《ᠲᠤᠯᠤᠭᠠᠨ ᠲᠠᠯ᠎ᠠ ᠪᠡᠷ ᠵᠢᠱ᠌ᠢᠶᠡᠴᠢ ᠪᠣᠯᠬᠤ》 ᠎ᠶ᠋ᠢᠨ ᠲᠤᠬᠠᠶ ᠲᠠᠨᠢᠯᠲᠠ ᠪᠠ ᠣᠢᠯᠠᠭᠠᠯᠲᠠ᠎ᠵᠢ ᠨᠢ ᠭᠦᠨᠵᠡᠭᠡᠢᠷᠡᠭᠦᠯᠵᠤ᠂ ᠬᠡᠵᠢᠶᠡᠳᠡ ᠨᠢᠭᠡ ᠰᠡᠳᠭᠢᠯ ᠨᠢᠭᠡ ᠵᠣᠷᠢᠭ᠎ᠢᠶᠡᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠲᠤ᠎ᠪᠠᠷ ᠡᠷᠡᠯᠬᠡᠭ᠌ᠯᠡᠨ ᠤᠷᠤᠭ᠍ᠰᠢᠯᠠᠬᠤ ᠬᠡᠷᠡᠭᠲᠡᠢ᠃ ᠬᠤᠪᠢᠰᠭᠠᠯ᠎ᠤᠨ ᠲᠡᠦᠬᠡ ᠪᠣᠯᠤᠨ ᠱᠢᠨ᠎ᠡ ᠴᠠᠭ ᠦᠶ᠎ᠡ᠎ᠶ᠋ᠢᠨ ᠠᠭᠤᠤ ᠶᠡᠬᠡ ᠦᠶ᠋ᠯᠡᠳᠦᠯᠭᠡ ᠭᠡᠬᠦ᠌ ᠡᠨᠡ ᠬᠦ᠌ ᠬᠠᠮᠤᠭ᠎ᠤᠨ ᠰᠠᠢᠨ ᠱᠢᠮ᠎ᠡ ᠲᠡᠵᠢᠭᠡᠯ᠎ᠢ ᠰᠠᠢᠲᠤᠷ ᠬᠡᠷᠡᠭ᠌ᠯᠡᠵᠦ᠂ 《ᠲᠠᠪᠤᠨ ᠥᠭᠦᠯᠡᠪᠦᠷᠢ》 ᠎ᠶ᠋ᠢᠨ ᠪᠣᠳᠠᠲᠤ ᠬᠡᠷᠡᠭ ᠪᠠ ᠶᠣᠰᠣ ᠤᠴᠢᠷ᠎ᠡᠴᠡ᠂ ᠬᠤᠪᠢᠰᠬᠠᠯ ᠬᠠᠮᠢᠭ᠎ᠠ᠎ᠡᠴᠡ ᠢᠷᠡᠭ᠌ᠰᠡᠨ᠂ ᠤᠳᠤᠮᠯᠠᠯ᠎ᠤᠨ ᠨᠢᠭᠤᠴᠠ ᠲᠡᠮᠳᠡᠭ ᠶᠠᠭᠤ ᠪᠤᠢ ᠭᠡᠳᠡᠭ᠎ᠢ ᠨᠠᠩ ᠰᠠᠢᠳᠤᠷ ᠲᠠᠢᠯᠪᠤᠷᠢᠯᠠᠨ᠂ ᠨᠠᠮ᠎ᠤᠨ ᠥᠪᠥᠷ ᠮᠣᠩᠭᠣᠯ᠎ᠤᠨ ᠠᠷᠠᠳ ᠲᠦᠮᠡᠨ᠎ᠢ ᠤᠳᠤᠷᠢᠳᠤᠨ ᠥᠩᠭᠡᠷᠡᠭᠦᠯᠦᠭ᠌ᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶ᠋ᠢ ᠶᠡᠬᠡ ᠪᠡᠷ ᠮᠠᠭ᠍ᠲᠠᠨ ᠳᠠᠭᠤᠯᠠᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠵᠢᠨ ᠥᠪᠥᠷ ᠮᠣᠩᠭᠣᠯ᠎ᠳᠠᠬᠢ ᠬᠠᠢᠷ᠎ᠠ ᠬᠠᠯᠠᠮᠵᠢ᠎ᠶ᠋ᠢ ᠮᠠᠭ᠍ᠲᠠᠨ ᠳᠠᠭᠤᠯᠠᠵᠤ᠂ ᠱᠢᠨ᠎ᠡ ᠴᠠᠭ ᠦᠶ᠎ᠡ᠎ᠡᠴᠡ ᠨᠠᠭᠠᠱᠢᠬᠢ ᠥᠪᠥᠷ ᠮᠣᠩᠭᠣᠯ᠎ᠤᠨ ᠦᠵᠡᠰᠭᠦᠯᠡᠩᠲᠦ ᠰᠠᠢᠬᠠᠨ ᠬᠤᠪᠢᠷᠠᠯᠲᠠ᠎ᠶ᠋ᠢ ᠮᠠᠭ᠍ᠲᠠᠨ ᠳᠠᠭᠤᠯᠠᠵᠤ᠂ ᠤᠮᠠᠷᠠᠲᠤ ᠬᠢᠯᠢ᠎ᠶ᠋ᠢᠨ ᠬᠥᠪᠡᠭᠦᠳ ᠥᠬᠢᠳ᠎ᠦᠨ ᠴᠢᠰᠤ ᠮᠢᠬᠠᠨ᠎ᠳᠤ ᠰᠡᠢᠯᠵᠦ᠍ ᠪᠠᠢᠭ᠎ᠠ ᠢᠮᠠᠭ᠍ᠲᠠ ᠨᠠᠮ᠎ᠢᠶᠠᠨ ᠬᠦᠷᠢᠶᠡᠯᠡᠵᠦ᠂ ᠨᠠᠮ᠎ᠤᠨ ᠲᠦᠪ ᠬᠤᠷᠢᠶ᠎ᠠ ᠪᠠᠨ ᠬᠦᠷᠢᠶᠡᠯᠡᠬᠦ ᠬᠤᠪᠢᠰᠭᠠᠯᠲᠤ ᠤᠳᠤᠮᠰᠢᠯ᠎ᠢ ᠦᠶ᠎ᠡ᠎ᠶ᠋ᠢᠨ ᠦᠶ᠎ᠡ ᠤᠯᠠᠮᠵᠢᠯᠠᠨ ᠵᠠᠯᠭᠠᠮᠵᠢᠯᠠᠵᠤ᠂ ᠣᠷᠣᠨ᠎ᠳᠠᠶᠠᠭᠠᠷ᠎ᠤᠨ ᠨᠠᠮ᠎ᠢᠶᠠᠨ ᠬᠦᠷᠢᠶᠡᠯᠡᠬᠦ᠂ ᠭᠤᠤᠯᠯᠠᠬᠴᠢ ᠪᠠᠨ ᠳᠠᠭᠠᠬᠤ ᠡᠷᠡᠰ ᠪᠠᠲᠤ ᠪᠠᠷᠢᠮᠲᠠᠯᠠᠯ᠎ᠢ ᠢᠮᠠᠭᠲᠠ ᠪᠠᠳᠤᠯᠠᠵᠤ᠂ ᠨᠡᠩ ᠦᠨᠡᠨ ᠰᠡᠳᠬᠢᠯ ᠡᠴᠡ ᠪᠠᠨ ᠨᠠᠮ᠎ᠤᠨ ᠠᠴᠢ ᠡᠨᠡᠷᠢᠯ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠬᠤ ᠵᠢ ᠬᠥᠲᠥᠯᠥᠨ ᠵᠢᠯᠣᠭᠣᠳᠬᠤ᠌ ᠬᠡᠷᠡᠭᠲᠡᠢ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面