2023-11-14 09:46:56
— ᠬᠤᠪᠢᠰᠭᠠᠯᠳᠤ ᠰᠣᠶᠣᠯ᠎ᠤᠨ ᠱᠢᠷᠢᠰ ᠮᠡᠳᠡᠭᠡᠯᠡᠯ (ᠭᠤᠷᠪᠠ)
ᠤᠯᠠᠭᠠᠨ ᠥᠩᠭᠡ ᠪᠣᠯ ᠬᠢᠩᠭᠠᠨ ᠠᠢᠮᠠᠭ᠎ᠤᠨ ᠥᠨᠢ ᠤᠳᠠᠭᠠᠨ ᠲᠡᠦᠬᠡ᠎ᠵᠢᠨ ᠳᠤᠮᠳᠠᠬᠢ ᠤᠳᠬ᠎ᠠ ᠬᠦᠨ ᠥᠩᠭᠡ ᠪᠤᠳᠤᠭ ᠶᠤᠮ᠃
ᠬᠠᠨ ᠠᠭᠤᠯᠠ᠎ᠶ᠋ᠢᠨ ᠬᠣᠷᠮᠣᠶ᠎ᠳᠤ᠂ ᠲᠤᠭᠤᠷ᠎ᠤᠨ ᠭᠤᠤᠯ᠎ᠤᠨ ᠬᠥᠪᠡᠭᠡᠨ᠎ᠳᠦ᠂ ᠪᠣᠷᠣᠭ᠍ᠵᠢᠭᠤᠨ ᠠᠳᠠᠯ᠎ᠠ ᠲᠥᠪ ᠶᠡᠬᠡᠮᠰᠦᠭ ᠬᠣᠶᠠᠷ ᠳᠠᠪᠬᠤᠷ ᠵᠢᠵᠢᠭ ᠠᠰᠠᠷ᠎ᠲᠤ ᠲᠣᠭᠣᠷᠢᠨ ᠦᠵᠡᠭ᠌ᠴᠢᠳ ᠪᠦᠯᠦᠭ ᠪᠦᠯᠦᠭ᠎ᠢᠶᠡᠷ ᠬᠦᠷᠦᠯᠴᠡᠨ ᠢᠷᠡᠵᠦ᠍᠂ ᠨᠠᠷᠢᠨ ᠨᠢᠮᠪᠠᠶ ᠲᠤᠭᠤᠷᠢᠨ ᠦᠵᠡᠵᠦ᠍᠂ ᠰᠡᠳᠬᠢᠯ ᠲᠠᠯᠪᠢᠨ ᠰᠣᠨᠣᠰᠴᠤ᠌ ᠪᠠᠢᠯ᠎ᠠ᠃ ᠠᠰᠠᠷ᠎ᠤᠨ ᠡᠮᠦᠨᠡᠬᠢ ᠲᠣᠭᠣᠰᠭᠠᠨ ᠬᠡᠷᠡᠮ ᠳᠡᠭᠡᠷ᠎ᠡ 《 5·1᠎ᠤ᠋ ᠬᠤᠷᠠᠯ᠎ᠤᠨ ᠪᠠᠭᠤᠷᠢ 》 ᠭᠡᠬᠦ᠌ ᠠᠯᠲᠠᠨ ᠱᠢᠷᠭᠠᠯ ᠲᠤᠮᠤ ᠦᠰᠦᠭ ᠨᠡᠷᠡᠨ᠎ᠦ ᠭᠡᠷᠡᠯᠳᠦ ᠬᠢᠯᠠᠯᠵᠠᠨ ᠬᠠᠷᠠᠬᠳᠠᠨ᠎ᠠ᠃
ᠡᠨᠡ ᠬᠦ᠌ ᠪᠠᠷᠢᠯᠭ᠎ᠠ ᠨᠢ 1935 ᠣᠨ᠎ᠳᠤ ᠪᠠᠢᠭᠤᠯᠤᠭ᠍ᠳᠠᠵᠤ᠂ ᠦᠩᠬᠡᠷᠡᠭᠰᠡᠨ ᠳ᠋ᠤ᠌ ᠬᠠᠭᠤᠷᠮᠠᠭ ᠬᠢᠩᠭᠠᠨ᠎ᠤ ᠬᠠᠭᠤᠷᠠᠢ ᠵᠠᠮ᠎ᠤᠨ ᠴᠡᠷᠢᠭ᠎ᠦᠨ ᠨᠣᠶᠠᠳ᠎ᠤᠨ ᠰᠤᠷᠭᠠᠭᠤᠯᠢ᠎ᠶ᠋ᠢᠨ ᠶᠣᠰᠣᠯᠠᠯ᠎ᠤᠨ ᠲᠠᠩᠬᠢᠮ᠂ ᠵᠡᠭᠦᠨ ᠮᠣᠩᠭᠣᠯ᠎ᠤᠨ ᠴᠡᠷᠢᠭ ᠵᠠᠰᠠᠭ᠎ᠤᠨ ᠺᠠᠳ᠋ᠷ᠎ᠤᠨ ᠰᠤᠷᠭᠠᠭᠤᠯᠢ᠎ᠶ᠋ᠢᠨ ᠶᠣᠰᠣᠯᠠᠯ᠎ᠤᠨ ᠲᠠᠩᠬᠢᠮ ᠪᠠᠢᠬᠰᠠᠨ ᠪᠠ ᠬᠣᠵᠢᠮ ᠨᠢ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠶᠣᠰᠣᠯᠠᠯ᠎ᠤᠨ ᠲᠠᠩᠬᠢᠮ ᠪᠣᠯᠵᠠᠢ᠃ 1947 ᠣᠨ᠎ᠤ 5 ᠰᠠᠷ᠎ᠠ᠎ᠶ᠋ᠢᠨ 1᠎ᠤ᠋ ᠡᠳᠦᠷ᠂ ᠥᠪᠥᠷ ᠮᠣᠩᠭᠣᠯ᠎ᠤᠨ ᠠᠷᠠᠳ᠎ᠤᠨ ᠲᠥᠯᠥᠭᠡᠯᠡᠭ᠌ᠴᠢᠳ᠎ᠦᠨ ᠬᠤᠷᠠᠯ᠎ᠤᠨ 393 ᠲᠥᠯᠥᠭᠡᠯᠡᠭ᠌ᠴᠢ᠎ᠶ᠋ᠢᠨ ᠠᠯᠠᠭ᠎ᠠ ᠲᠠᠱᠢᠯᠳᠠ᠎ᠶ᠋ᠢᠨ ᠲᠠᠭᠤᠨ ᠡᠨᠡ ᠬᠦ᠌ ᠠᠰᠠᠷ᠎ᠲᠤ ᠤᠳᠠᠲᠠᠯ᠎ᠠ ᠴᠤᠤᠷᠢᠶᠠᠲᠤᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠠᠩᠬᠠᠳᠠᠭ᠍ᠴᠢ ᠮᠤᠵᠢ᠎ᠶ᠋ᠢᠨ ᠲᠡᠰ᠎ᠤᠨ ᠦᠨᠳᠦᠰᠦᠲᠡᠨ᠎ᠦ ᠥᠪᠡᠷᠲᠡᠭᠡᠨ ᠵᠠᠰᠠᠬᠤ ᠵᠠᠰᠠᠭ᠎ᠦᠨ ᠡᠷᠬᠡ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠡᠨᠳᠡ ᠪᠠᠢᠭᠤᠯᠤᠭ᠍ᠳᠠᠭ᠍ᠰᠠᠨ᠎ᠢᠶᠠᠨ ᠲᠥᠪ ᠴᠢᠩᠭ᠎ᠠ᠎ᠪᠠᠷ ᠲᠤᠩᠬᠠᠭ᠍ᠯᠠᠪᠠ᠃ ᠡᠨᠳᠡ ᠬᠦᠷᠦᠭᠡᠳ ᠥᠪᠥᠷ ᠮᠣᠩᠭᠣᠯ᠎ᠤᠨ 300 ᠭᠠᠷᠤᠢ ᠵᠢᠯ᠎ᠦᠨ ᠬᠠᠭᠠᠴᠠᠭ᠍ᠰᠠᠨ ᠲᠡᠦᠬᠡ ᠡᠴᠦᠰᠯᠡᠵᠦ᠍᠂ ᠱᠢᠨ᠎ᠡ ᠬᠠᠭᠤᠳᠠᠰᠤ᠎ᠶ᠋ᠢ ᠰᠡᠬᠦᠭ᠌ᠰᠡᠨ ᠪᠠᠢᠨ᠎ᠠ᠃
ᠤᠴᠢ ᠦᠰᠦᠷᠦᠭᠡᠳ ᠠᠭᠤᠯᠠ ᠵᠢ ᠰᠢᠳᠡᠭᠠᠬᠤ ᠨᠢᠬᠡᠳᠦᠯ᠎ᠤᠨ ᠬᠦᠴᠦᠨ ᠬᠤᠷᠢᠬᠯᠠᠬᠳᠠᠰᠢ ᠦᠬᠡᠢ
《 5·1᠎ᠤ᠋ ᠬᠤᠷᠠᠯ᠎ᠤᠨ ᠪᠠᠭᠤᠷᠢ 》 ᠵᠢᠨ ᠦᠵᠡᠭᠦᠯᠭᠡ᠎ᠶ᠋ᠢᠨ ᠲᠢᠩᠬᠢᠮ᠎ᠳᠦ ᠠᠯᠬᠤᠨ ᠣᠷᠣᠪᠠᠯ ᠡᠩ ᠲᠡᠷᠢᠭᠦᠨ᠎ᠳᠦ ᠬᠦᠮᠦᠰ ᠤᠨ ᠬᠠᠷᠠᠭᠠᠨ ᠳ᠋ᠤ᠌ ᠲᠤᠳᠤᠷᠠᠬᠤ ᠨᠢ ᠡᠭᠦᠳᠡᠨ ᠲᠢᠩᠬᠢᠮ᠎ᠦᠨ ᠵᠡᠭᠦᠨ ᠬᠡᠷᠡᠮ ᠳᠡᠭᠡᠷᠡᠬᠢ 《 ᠲᠠᠪᠤᠨ ᠰᠠᠷ᠎ᠠ᠎ᠶ᠋ᠢᠨ ᠥᠤᠷ᠎ᠦᠨ ᠲᠤᠶᠠᠭ᠎ᠠ 》 ᠭᠡᠬᠦ᠌ ᠲᠤᠮᠤ ᠲᠤᠰ᠎ᠤᠨ ᠪᠤᠳᠤᠭ᠎ᠤᠨ ᠵᠢᠷᠤᠭ ᠪᠤᠯᠤᠨ᠎ᠡ ᠂ ᠡᠨᠡ ᠵᠢᠷᠤᠭ ᠲᠤ᠌ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠠᠢᠭᠤᠯᠤᠭ᠍ᠳᠠᠭ᠍ᠰᠠᠨ ᠪᠠᠢᠳᠠᠯ᠎ᠢ ᠲᠣᠳᠣᠬᠠᠨ ᠬᠠᠷᠠᠭᠤᠯᠵᠤ ᠪᠤᠢ᠃
《 ᠡᠨᠡ ᠪᠣᠯ ᠮᠠᠨ᠎ᠤ ᠥᠪᠥᠷ ᠮᠣᠩᠭᠣᠯ᠎ᠤᠨ ᠬᠠᠮᠤᠭ᠎ᠤᠨ ᠠᠷᠢᠭᠤᠨ ᠳᠠᠷᠬᠠᠨ ᠭᠠᠵᠠᠷ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠮᠡᠨᠳᠦᠯᠡᠭ᠌ᠰᠡᠨ ᠭᠠᠵᠠᠷ ᠪᠣᠯᠤᠨ᠎ᠠ ᠁》 ᠲᠠᠢᠯᠪᠤᠷᠢᠯᠠᠭ᠍ᠴᠢ᠎ᠶ᠋ᠢᠨ ᠶᠠᠷᠢᠬᠤ᠎ᠶ᠋ᠢ ᠰᠣᠨᠣᠰᠬᠤ᠎ᠳᠦ 76 ᠵᠢᠯ᠎ᠦᠨ ᠡᠮᠦᠨᠡᠬᠢ ᠪᠠᠢᠳᠠᠯ ᠨᠢᠳᠦᠨ᠎ᠳᠦ ᠬᠠᠷᠠᠭ᠍ᠳᠠᠬᠤ ᠱᠢᠭ᠋ ᠪᠠᠢᠯ᠎ᠠ ᠁
ᠶᠠᠫᠣᠨ᠎ᠢ ᠡᠰᠡᠷᠭᠦᠴᠡᠬᠦ᠌ ᠳᠠᠢ᠌ᠨ ᠢᠯᠠᠯᠲᠠ ᠣᠯᠤᠭ᠍ᠰᠠᠨ᠎ᠤ ᠳᠠᠷᠠᠭ᠎ᠠ ᠥᠪᠥᠷ ᠮᠣᠩᠭᠣᠯ᠎ᠤᠨ ᠦᠨᠳᠦᠰᠦᠲᠡᠨ᠎ᠦ ᠥᠪᠡᠷᠲᠡᠭᠡᠨ ᠵᠠᠰᠠᠬᠤ ᠬᠥᠳᠡᠯᠭᠡᠭᠡᠨ᠎ᠦ ᠥᠷᠭᠡᠨ ᠳᠡᠯᠭᠡᠷ ᠭᠦᠨᠵᠡᠭᠡᠶ ᠥᠷᠨᠢᠬᠦ᠌᠎ᠶ᠋ᠢ ᠳᠠᠭᠠᠯᠳᠤᠨ᠂ ᠨᠢᠭᠡᠳᠦᠭ᠌ᠰᠡᠨ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ᠎ᠢ ᠲᠥᠯᠥᠭᠡᠯᠡᠭ᠌ᠰᠡᠨ ᠠᠷᠠᠳ᠎ᠤᠨ ᠵᠠᠰᠠᠭ᠎ᠤᠨ ᠡᠷᠬᠡ᠎ᠵᠢ ᠪᠠᠢᠭᠤᠯᠬᠤ ᠨᠢ ᠥᠪᠥᠷ ᠮᠣᠩᠭᠣᠯ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠨᠡᠢᠳᠡᠮ᠎ᠦᠨ ᠬᠦᠰᠡᠯ ᠡᠷᠡᠮᠡᠯᠵᠡᠯ ᠪᠣᠯᠤᠭ᠍ᠰᠠᠨ ᠪᠠᠢᠨ᠎ᠠ᠃
1946 ᠣᠨ᠎ᠤ 4 ᠰᠠᠷ᠎ᠠ᠎ᠶ᠋ᠢᠨ 3 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠤ ᠨᠢᠭᠡᠲᠦᠯᠲᠡᠢ ᠬᠤᠷᠠᠯ ᠴᠧᠩᠳ᠋ᠧ᠎ᠳᠦ ᠬᠤᠷᠠᠯᠳᠤᠪᠠ᠂ ᠡᠨᠡ ᠨᠢ ᠳᠠᠷᠤᠢ ᠠᠯᠳᠠᠷᠲᠤ 《ᠲᠦᠷᠪᠡᠨ ᠰᠠᠷ᠎ᠠ᠎ᠶ᠋ᠢᠨ ᠭᠤᠷᠪᠠᠨ᠎ᠤ ᠬᠤᠷᠠᠯ》 ᠪᠣᠯᠤᠨ᠎ᠠ᠃ ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭ᠍ᠰᠠᠨ ᠪᠦᠬᠦ᠌ ᠲᠥᠯᠥᠭᠡᠯᠡᠭ᠌ᠴᠢᠳ ᠬᠠᠮᠳᠤ ᠪᠡᠷ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨᠤ᠋ ᠨᠢᠭᠡᠲᠦᠯᠲᠡᠢ ᠬᠤᠷᠠᠯ᠎ᠤᠨ ᠭᠣᠣᠯ ᠱᠢᠶ᠋ᠳᠪᠦᠷᠢ》᠎ᠶ᠋ᠢ ᠪᠠᠲᠤᠯᠠᠪᠠ᠃
《 ᠲᠦᠷᠪᠡᠨ ᠰᠠᠷ᠎ᠠ᠎ᠶ᠋ᠢᠨ ᠭᠤᠷᠪᠠᠨ᠎ᠤ ᠬᠤᠷᠠᠯ 》 ᠪᠣᠯ ᠥᠪᠥᠷ ᠮᠣᠩᠭᠣᠯ᠎ᠤᠨ ᠤᠢ᠍ᠢᠷ᠎ᠠ ᠦᠶ᠎ᠡ᠎ᠶ᠋ᠢᠨ ᠲᠡᠦᠬᠡᠨ ᠳᠡᠭᠡᠷᠡᠬᠢ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠬᠤᠷᠠᠯ ᠪᠣᠯᠤᠨ᠎ᠠ᠂ ᠲᠡᠭᠦᠨ᠎ᠦ ᠠᠮᠵᠢᠯᠲᠠ᠎ᠲᠠᠶ ᠬᠤᠷᠠᠯᠳᠤᠭ᠍ᠰᠠᠨ ᠨᠢ ᠴᠢᠩ ᠤᠯᠤᠰ᠎ᠤᠨ ᠦᠶ᠎ᠡ᠎ᠡᠴᠡ ᠨᠠᠭᠠᠱᠢᠬᠢ ᠥᠪᠥᠷ ᠮᠣᠩᠭᠣᠯ᠎ᠤᠨ ᠵᠡᠭᠦᠨ ᠬᠡᠰᠡᠭ᠂ ᠪᠠᠷᠠᠭᠤᠨ ᠬᠡᠰᠡᠭ᠎ᠦᠨ ᠭᠠᠵᠠᠷ ᠣᠷᠣᠨ᠎ᠤ ᠤᠷᠳᠤ ᠬᠤᠭᠤᠴᠠᠭᠠᠨ᠎ᠤ ᠬᠠᠭᠠᠴᠠᠨ ᠲᠤᠰᠠᠭᠠᠷᠯᠠᠭ᠍ᠰᠠᠨ ᠪᠠᠢᠳᠠᠯ᠎ᠢ ᠡᠴᠦᠰᠯᠡᠭᠦᠯᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠦ ᠲᠡᠦᠬᠡᠲᠦ ᠴᠢᠨᠠᠷᠲᠠᠢ ᠠᠭᠤᠤ ᠶᠡᠬᠡ ᠡᠷᠭᠢᠯᠲᠡ᠎ᠶ᠋ᠢ ᠪᠡᠶᠡᠯᠡᠭᠦᠯᠵᠦ᠍᠂ ᠮᠣᠩᠭᠣᠯ ᠦᠨᠳᠦᠰᠦᠲᠡᠨ ᠵᠢᠴᠢ ᠥᠪᠥᠷ ᠮᠣᠩᠭᠣᠯ᠎ᠤᠨ ᠪᠤᠰᠤᠳ ᠡᠯ᠎ᠡ ᠦᠨᠳᠦᠰᠦᠲᠡᠨ᠎ᠦ ᠬᠤᠪᠢᠰᠭᠠᠯᠲᠤ ᠬᠦᠴᠦᠨ᠎ᠦ ᠤᠷᠢᠳ ᠡᠮᠦᠨ᠎ᠡ ᠪᠠᠢᠭ᠎ᠠ ᠦᠭᠡᠢ ᠨᠢᠭᠡᠳᠦᠯ ᠪᠦᠯᠬᠦᠮᠳᠡᠯ ᠪᠣᠯᠤᠨ ᠬᠥᠭ᠌ᠵᠢᠨ ᠪᠤᠵᠠᠭᠠᠢ᠌ᠷᠠᠬᠤ᠂ ᠭᠣᠮᠢᠨᠳᠠᠩ᠎ᠤᠨ ᠲᠡᠷᠰᠯᠡᠭᠦᠴᠦᠳ᠎ᠦᠨ ᠥᠪᠥᠷ ᠮᠣᠩᠭᠣᠯ ᠣᠷᠣᠨ ᠲᠡᠢᠰᠢ ᠲᠠᠭᠠᠷᠢᠯᠳᠠ ᠬᠢᠬᠦ᠌᠎ᠶ᠋ᠢ ᠡᠰᠡᠷᠭᠦᠴᠡᠨ ᠬᠣᠷᠢᠭ᠍ᠯᠠᠬᠤ ᠪᠠ ᠬᠦᠴᠦᠲᠡᠢ ᠴᠣᠬᠢᠯᠲᠠ ᠥᠭ᠌ᠬᠦ᠎ᠳᠦ ᠴᠢᠬᠤᠯᠠ ᠪᠦᠬᠦᠢ ᠪᠥᠭᠡᠳ ᠴᠠᠭ᠎ᠲᠠᠭᠠᠨ ᠲᠤᠬᠢᠷᠠᠭᠰᠠᠨ ᠪᠡᠯᠡᠳᠭᠡᠯ ᠬᠢᠭ᠌ᠰᠡᠨ ᠪᠠᠢᠨ᠎ᠠ᠃ ᠡᠭᠦᠨ᠎ᠦ ᠬᠠᠮᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ ᠪᠣᠯᠤᠨ ᠬᠤᠪᠢᠰᠭᠠᠯᠲᠤ ᠲᠡᠮᠡᠴᠡᠯ᠎ᠦᠨ ᠪᠦᠬᠦ᠌ ᠲᠠᠯ᠎ᠠ᠎ᠪᠠᠷ ᠭᠦᠨᠵᠡᠭᠡᠢᠷᠡᠨ ᠬᠥᠭ᠌ᠵᠢᠬᠦ᠌᠂ ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠵᠠᠰᠠᠭ᠎ᠤᠨ ᠤᠷᠳᠤᠨ᠎ᠤ ᠪᠠᠢᠭᠤᠯᠤᠭᠳᠠᠬᠤ᠎ᠳᠦ ᠪᠠᠲᠤ ᠰᠠᠭᠤᠷᠢ᠎ᠶ᠋ᠢ ᠲᠠᠯᠪᠢᠵᠤ ᠥᠭ᠌ᠴᠡᠶ᠃
1946 ᠣᠨ᠎ᠤ 11 ᠰᠠᠷ᠎ᠠ᠎ᠶ᠋ᠢᠨ 26 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠢ ᠪᠠᠢᠭᠤᠯᠬᠤ᠎ᠶ᠋ᠢ ᠪᠣᠳᠣᠯᠬᠢᠯᠠᠬᠤ ᠲᠤᠬᠠᠶ ᠵᠢᠭᠠᠪᠤᠷᠢ 》 ᠭᠠᠷᠭᠠᠪᠠ᠃ 1947 ᠣᠨ᠎ᠤ ᠡᠬᠢ᠎ᠪᠡᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠵᠢᠭᠠᠪᠤᠷᠢ᠎ᠶ᠋ᠢ ᠦᠨᠳᠦᠰᠦᠯᠡᠨ ᠤᠯᠠᠭᠠᠨᠬᠦᠦ ᠥᠪᠡᠷᠲᠡᠭᠡᠨ ᠵᠠᠰᠠᠬᠤ ᠬᠥᠳᠡᠯᠭᠡᠭᠡᠨ᠎ᠦ ᠬᠣᠯᠪᠣᠭᠠᠲᠤ ᠬᠤᠷᠠᠯ᠎ᠤᠨ ᠤᠳᠤᠷᠢᠳᠭᠤ ᠪᠠᠢᠭᠤᠯᠭ᠎ᠠ ᠪᠣᠯᠤᠨ ᠪᠠᠷᠠᠭᠤᠨ ᠮᠣᠩᠭᠣᠯ᠎ᠤᠨ ᠭᠦᠢᠴᠡᠳᠭᠡᠬᠦ᠌ ᠬᠣᠷᠢᠶᠠᠨ᠎ᠤ 40 ᠭᠠᠷᠤᠢ ᠬᠥᠮᠦᠨ᠎ᠢ ᠳᠠᠭᠠᠭᠤᠯᠤᠨ ᠪᠡᠢᠰᠡ᠎ᠶ᠋ᠢᠨ ᠰᠦᠮ᠎ᠡ᠎ᠡᠴᠡ ᠮᠣᠷᠳᠠᠵᠤ ᠥᠪᠥᠷ ᠮᠣᠩᠭᠣᠯ᠎ᠤᠨ ᠵᠡᠭᠦᠨ ᠬᠡᠰᠡᠭ᠎ᠦᠨ ᠵᠢᠵᠢᠭ ᠬᠤᠳᠠ ᠸᠠᠩ᠎ᠤᠨ ᠰᠦᠮ᠎ᠡ(ᠤᠳᠤ᠎ᠶ᠋ᠢᠨ ᠤᠯᠠᠭᠠᠨᠬᠣᠲᠠ) ᠳ᠋ᠤ᠌ ᠬᠦᠷᠴᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠢ ᠪᠠᠢᠭᠤᠯᠬᠤ᠎ᠪᠠᠷ ᠪᠡᠯᠡᠳᠭᠡᠪᠡ᠃
ᠡᠨᠡ ᠦᠶ᠎ᠡ᠎ᠳᠦ ᠵᠡᠭᠦᠨ ᠬᠣᠢᠲᠤ᠎ᠶ᠋ᠢᠨ ᠴᠢᠯᠥᠭᠡᠯᠡᠬᠦ᠌ ᠳᠠᠢ᠌ᠨ᠎ᠦ ᠪᠠᠢᠳᠠᠯ᠎ᠳᠤ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠶ ᠬᠤᠪᠢᠷᠠᠯᠲᠠ ᠭᠠᠷᠴᠤ᠌᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠠᠷᠠᠳ᠎ᠤᠨ ᠴᠡᠷᠢᠭ ᠠᠩᠬᠢ ᠨᠢᠭᠡᠨᠲᠡ ᠵᠡᠭᠦᠨ ᠬᠣᠢᠲᠤ᠎ᠶ᠋ᠢᠨ ᠳᠠᠢ᠌ᠨ᠎ᠦ ᠲᠠᠯᠠᠪᠤᠷ᠎ᠲᠠᠬᠢ ᠰᠠᠨᠠᠭᠠᠴᠢᠯᠠᠭᠠᠲᠤ ᠡᠷᠬᠡ᠎ᠲᠡᠶ ᠪᠣᠯᠵᠠᠶ᠃ 《ᠲᠦᠷᠪᠡᠨ ᠰᠠᠷ᠎ᠠ᠎ᠶ᠋ᠢᠨ ᠭᠤᠷᠪᠠᠨ᠎ᠤ ᠬᠤᠷᠠᠯ 》 ᠤ᠋ᠨ ᠳᠠᠷᠠᠭᠠᠬᠢ ᠨᠢᠭᠡ ᠵᠢᠯ᠎ᠳᠦ ᠥᠪᠥᠷ ᠮᠣᠩᠭᠣᠯ᠎ᠤᠨ ᠴᠢᠯᠥᠭᠡᠯᠡᠭ᠌ᠳᠡᠭ᠌ᠰᠡᠨ ᠣᠷᠣᠨ᠎ᠳᠡᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠥᠪᠥᠷ ᠮᠣᠩᠭᠣᠯ᠎ᠤᠨ ᠦᠨᠳᠦᠰᠦᠲᠡᠨ᠎ᠦ ᠥᠪᠡᠷᠲᠡᠭᠡᠨ ᠵᠠᠰᠠᠬᠤ ᠬᠥᠳᠡᠯᠭᠡᠭᠡᠨ ᠪᠠᠷᠠᠭᠤᠨ᠎ᠡᠴᠡ ᠵᠡᠭᠦᠨᠰᠢ ᠠᠯᠬᠤᠮ ᠠᠯᠬᠤᠮ᠎ᠢᠶᠠᠷ ᠱᠢᠯᠵᠢᠭ᠌ᠰᠡᠨ ᠪᠥᠭᠡᠳ ᠦᠳᠲᠡᠷ ᠲᠦᠷᠭᠡᠨ ᠥᠷᠨᠢᠨ ᠬᠥᠭ᠌ᠵᠢᠵᠦ᠍᠂ ᠬᠢᠩᠭᠠᠨ ᠠᠢᠮᠠᠭ᠎ᠢᠶᠠᠷ ᠲᠥᠪ ᠪᠣᠯᠭᠠᠭ᠍ᠰᠠᠨ ᠵᠡᠭᠦᠨ ᠬᠡᠰᠡᠭ᠎ᠦᠨ ᠠᠷᠤ ᠲᠠᠯ᠎ᠠ᠎ᠶ᠋ᠢᠨ ᠰᠠᠭᠤᠷᠢᠨ ᠭᠠᠵᠠᠷ ᠲᠠᠰᠤᠷᠠᠯᠳᠠ ᠦᠭᠡᠢ ᠪᠡᠬᠢᠵᠢᠨ ᠬᠥᠭ᠌ᠵᠢᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠣᠷᠣᠨ ᠨᠤᠲᠤᠭ᠎ᠤᠨ ᠦᠨᠳᠦᠰᠦᠲᠡᠨ᠎ᠦ ᠵᠡᠪᠰᠡᠭ᠌ᠲᠦ ᠬᠦᠴᠦᠨ ᠶᠠᠭ ᠠᠷᠠᠳ᠎ᠤᠨ ᠴᠡᠷᠢᠭ ᠠᠩᠭᠢ ᠪᠣᠯᠬᠤ ᠲᠡᠢᠰᠢ ᠱᠢᠯᠵᠢᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠥᠮᠦᠵᠢᠭᠦᠯᠦᠯ ᠳᠣᠣᠷᠠᠬᠢ ᠦᠨᠳᠦᠰᠦᠲᠡᠨ᠎ᠦ ᠺᠠᠳ᠋ᠷ᠎ᠤᠨ ᠡᠩᠨᠡᠭᠡ ᠴᠦ᠍ ᠲᠠᠰᠤᠷᠠᠯᠳᠠ ᠦᠭᠡᠢ ᠪᠤᠵᠠᠭᠠᠢᠷᠠᠪᠠ᠃
ᠡᠢᠮᠦᠷᠬᠦᠦ ᠠᠱᠢᠭ᠍ᠲᠠᠢ ᠪᠠᠢᠳᠠᠯ ᠪᠣᠯᠤᠨ ᠳᠠᠪᠠᠭᠤᠯᠢᠭ ᠨᠥᠬᠥᠴᠡᠯ ᠳᠣᠣᠷ᠎ᠠ ᠥᠪᠥᠷ ᠮᠣᠩᠭᠣᠯ᠎ᠤᠨ ᠲᠡᠦᠬᠡᠨ ᠳᠡᠭᠡᠷ᠎ᠡ ᠬᠥᠱᠢᠢ᠎ᠡ ᠳᠤᠷᠠᠰᠭᠠᠯ᠎ᠤᠨ ᠠᠴᠢ ᠬᠣᠯᠪᠣᠭ᠍ᠳᠠᠯ᠎ᠲᠠᠶ᠂ ᠥᠪᠥᠷ ᠮᠣᠩᠭᠣᠯ᠎ᠤᠨ ᠲᠡᠦᠬᠡ᠎ᠶ᠋ᠢᠨ ᠱᠢᠨ᠎ᠡ ᠡᠷᠢᠨ᠎ᠢ ᠨᠡᠭᠡᠭᠡᠬᠦ᠌ ᠤᠷᠢᠳ ᠡᠮᠦᠨ᠎ᠡ ᠪᠠᠢᠭ᠎ᠠ ᠦᠭᠡᠢ ᠦᠪᠡᠳᠡᠭ᠌ᠰᠢ ᠶᠡᠬᠡ ᠬᠤᠷᠠᠯ — ᠥᠪᠥᠷ ᠮᠣᠩᠭᠣᠯ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠳᠠᠷᠤᠢ《 5·1 》 ᠤ᠋ ᠶᠡᠬᠡ ᠬᠤᠷᠠᠯ ᠬᠢᠩᠭᠠᠨ ᠠᠢᠮᠠᠭ᠎ᠤᠨ ᠸᠠᠩ᠎ᠤᠨ ᠰᠦᠮ᠎ᠡ ᠵᠡᠭᠡᠯᠢ᠎ᠳᠦ ᠦᠪᠡᠳᠡᠭ᠌ᠰᠢ ᠶᠡᠬᠡᠪᠡᠷ ᠶᠠᠪᠤᠭ᠍ᠳᠠᠪᠠ᠃
ᠲᠠᠪᠤᠨ ᠰᠠᠷ᠎ᠠ᠎ᠶ᠋ᠢᠨ ᠦᠦᠷ᠎ᠦᠨ ᠲᠤᠶᠠᠭ᠎ᠠ ᠲᠠᠯ᠎ᠠ ᠨᠤᠲᠤᠭ᠎ᠢ ᠭᠡᠢᠭᠦᠯᠪᠠ
1947 ᠣᠨ᠎ᠤ 4 ᠰᠠᠷ᠎ᠠ᠎ᠶ᠋ᠢᠨ 23᠎ᠤ᠋ ᠡᠳᠦᠷ᠂ ᠬᠠᠪᠤᠷ᠎ᠤᠨ ᠰᠠᠯᠬᠢ ᠬᠣᠷᠴᠢᠨ᠎ᠤ ᠲᠠᠯ᠎ᠠ ᠨᠤᠲᠤᠭ᠎ᠢ ᠢᠯᠪᠢᠵᠦ᠍᠂ ᠬᠢᠩᠭᠠᠨ ᠠᠢᠮᠠᠭ᠎ᠤᠨ ᠸᠠᠩ᠎ᠤᠨ ᠰᠦᠮ᠎ᠡ ᠵᠡᠭᠡᠯᠢ᠎ᠶ᠋ᠢᠨ ᠤᠳᠠ ᠤᠯᠢᠶᠠᠰᠤ ᠬᠦᠬᠡᠷᠡᠨ ᠨᠤᠭᠤᠭᠠᠷᠠᠨ᠎ᠠ᠃ ᠵᠡᠭᠡᠯᠢ ᠭᠤᠳᠤᠮᠵᠢ᠎ᠶ᠋ᠢᠨ ᠬᠣᠶᠠᠷ ᠲᠠᠯ᠎ᠠ᠎ᠳᠤ ᠥᠩᠭᠡᠲᠦ ᠲᠤᠭ ᠨᠠᠮᠢᠷᠠᠵᠤ᠂ ᠪᠠᠶᠠᠷ᠎ᠤᠨ ᠡᠳᠦᠷ᠎ᠦᠨ ᠠᠭᠤᠷ ᠠᠮᠢᠰᠭᠤᠯ᠎ᠢᠶᠠᠷ ᠪᠢᠯᠬᠠᠨ᠎ᠠ᠃ ᠦᠨᠳᠦᠰᠦᠲᠡᠨ᠎ᠨᠦᠭᠦᠳ᠎ᠦᠨ ᠠᠷᠠᠳ ᠲᠦᠮᠡᠨ ᠤᠷᠮᠠᠰᠢᠨ ᠪᠠᠶᠠᠷᠯᠠᠵᠤ᠂ ᠬᠢᠵᠠᠭᠠᠯᠠᠰᠢ ᠦᠭᠡᠢ ᠪᠠᠶᠠᠷ ᠪᠠᠬᠠᠳᠤᠯ᠎ᠤᠨ ᠳᠤᠮᠳᠠ ᠰᠣᠭ᠍ᠲᠣᠭᠤᠷᠠᠨᠠ᠃ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠰᠡᠭᠡᠳ ᠤᠳᠠᠭ᠍ᠰᠠᠨ ᠥᠪᠥᠷ ᠮᠣᠩᠭᠣᠯ᠎ᠤᠨ ᠠᠷᠠᠳ᠎ᠤᠨ ᠲᠥᠯᠥᠭᠡᠯᠡᠭ᠌ᠴᠢᠳ᠎ᠦᠨ ᠬᠤᠷᠠᠯ ᠦᠳᠡ᠎ᠶ᠋ᠢᠨ ᠬᠣᠢᠨᠠᠬᠢ 1 ᠴᠠᠭ᠎ᠤᠨ ᠦᠶ᠎ᠡ᠎ᠪᠡᠷ ᠦᠪᠡᠳᠡᠭ᠌ᠰᠢ ᠶᠡᠬᠡᠪᠡᠷ ᠡᠬᠢᠯᠡᠬᠦ ᠪᠤᠯᠤᠨ᠎ᠠ᠃
《 5·1 》 ᠤ᠋ ᠬᠤᠷᠠᠯ᠎ᠤᠨ ᠪᠠᠭᠤᠷᠢ᠎ᠶ᠋ᠢᠨ ᠶᠡᠬᠡ ᠲᠢᠩᠬᠢᠮ᠎ᠳᠦ᠂ ᠵᠡᠭᠦᠨ ᠬᠣᠢᠲᠤ᠎ᠶ᠋ᠢᠨ ᠺᠢᠨᠣ᠋᠎ᠶ᠋ᠢᠨ ᠦᠢᠯᠡᠳᠪᠦᠷᠢ᠎ᠵᠢᠨ ᠰᠡᠭᠦᠳᠡᠷᠯᠡᠭ᠌ᠰᠡᠨ 8 ᠮᠢᠨᠦ᠋ᠲ ᠭᠠᠷᠤᠢ᠎ᠶ᠋ᠢᠨ ᠪᠤᠳᠤᠭ ᠦᠭᠡᠢ ᠺᠢᠨᠣ᠋ ᠡᠨᠡ ᠬᠦ᠌ ᠬᠣᠪᠣᠷ ᠨᠠᠨᠳᠢᠨ ᠲᠡᠦᠬᠡᠨ ᠴᠠᠭ ᠮᠥᠴᠡ᠎ᠶ᠋ᠢ ᠲᠡᠮᠳᠡᠭ᠌ᠯᠡᠵᠡᠢ᠃
ᠥᠪᠥᠷ ᠮᠣᠩᠭᠣᠯ᠎ᠤᠨ ᠬᠡᠰᠡᠭ ᠠᠢᠮᠠᠭ ᠬᠣᠲᠠ᠎ᠡᠴᠡ ᠢᠷᠡᠭ᠌ᠰᠡᠨ ᠮᠠᠯᠴᠢᠨ ᠲᠠᠷᠢᠶᠠᠴᠢᠨ᠎ᠤ ᠲᠥᠯᠥᠭᠡᠯᠡᠭ᠌ᠴᠢ᠂ ᠡᠮᠡᠭ᠌ᠲᠡᠢᠴᠦᠳ᠎ᠦᠨ ᠲᠥᠯᠥᠭᠡᠯᠡᠭ᠌ᠴᠢ ᠵᠡᠷᠭᠡ ᠬᠤᠷᠠᠯ᠎ᠳᠤ ᠣᠷᠣᠯᠴᠠᠭ᠍ᠰᠠᠳ ᠮᠣᠷᠢᠨ ᠲᠡᠷᠭᠡ ᠪᠠᠨ ᠭᠡᠯᠢᠵᠦ᠍᠂ ᠲᠡᠮᠡᠭᠡ ᠤᠨᠤᠵᠤ᠂ ᠮᠠᠢᠬᠠᠨ ᠪᠠ ᠬᠠᠭᠤᠷᠠᠶ ᠬᠦᠨᠡᠰᠦ ᠪᠠᠨ ᠠᠪᠴᠤ᠌᠂ ᠥᠷᠭᠡᠨ ᠠᠭᠤᠳᠠᠮ ᠲᠠᠯ᠎ᠠ ᠨᠤᠲᠤᠭ ᠵᠢᠴᠢ ᠡᠯᠡᠰᠦᠨ ᠴᠥᠯ᠎ᠢᠶᠡᠷ ᠳᠡᠮᠵᠢᠨ ᠳᠥᠷᠪᠡᠨ ᠵᠦᠭ ᠨᠠᠶ᠋ᠮᠠᠨ ᠵᠣᠪᠬᠢᠰ᠎ᠡᠴᠡ ᠬᠦᠷᠦᠯᠴᠡᠨ ᠢᠷᠡᠵᠦ ᠪᠠᠢᠭ᠎ᠠ ᠵᠢ ᠸᠢᠳᠢᠣ᠋᠎ᠳᠤ ᠳᠡᠮᠳᠡᠭᠯᠡᠨ ᠦᠯᠡᠳᠡᠭᠡᠵᠡᠢ᠃
ᠡᠨᠡ ᠵᠢᠯ 94 ᠨᠠᠰᠤᠲᠠᠶ ᠥᠯᠵᠡᠢᠲᠦ ᠲᠤᠬᠠᠶ᠎ᠶ᠋ᠢᠨ ᠦᠶ᠎ᠡ᠎ᠳᠦ ᠰᠡᠷᠭᠡᠢᠯᠡᠨ ᠬᠠᠮᠠᠭᠠᠯᠠᠬᠤ ᠬᠣᠷᠢᠶᠠᠨ᠎ᠤ ᠨᠢᠭᠡᠨ ᠡᠩ᠎ᠦᠨ ᠪᠠᠢᠯᠳᠤᠭ᠍ᠴᠢ᠎ᠶ᠋ᠢᠨ ᠬᠤᠪᠢ᠎ᠪᠠᠷ ᠳᠠᠢᠴᠢᠨ ᠨᠥᠬᠥᠳ᠎ᠲᠡᠶ᠎ᠪᠡᠨ ᠬᠠᠮᠲᠤ 《5·1 》᠎ᠤ᠋ ᠶᠡᠬᠡ ᠬᠤᠷᠠᠯ᠎ᠤᠨ ᠢᠯᠠᠯᠲᠠ᠎ᠲᠠᠶ᠎ᠪᠠᠷ ᠬᠤᠷᠠᠯᠳᠤᠬᠤ᠎ᠵᠢ ᠪᠠᠲᠤᠯᠠᠭᠰᠠᠨ ᠪᠠᠢᠨ᠎ᠠ᠃
《 ᠲᠡᠷᠡ ᠡᠳᠦᠷ ᠵᠡᠭᠡᠯᠢ ᠳᠡᠭᠡᠷ᠎ᠡ ᠬᠠᠷᠠᠩᠭ᠎ᠠ ᠬᠡᠩᠭᠡᠷᠭᠡ ᠨᠢᠵᠢᠭᠢᠨᠡᠵᠦ᠍᠂ ᠭᠠᠵᠠᠷ ᠪᠣᠯᠭᠠᠨ᠎ᠳᠤ ᠶᠠᠩᠭᠠᠷ ᠪᠥᠵᠢᠭ᠌ᠯᠡᠵᠦ᠍᠂ ᠤᠷᠢᠶ᠎ᠠ ᠯᠣᠽᠦᠩ ᠨᠠᠭᠠᠵᠤ᠂ ᠬᠤᠷᠠᠯ᠎ᠤᠨ ᠲᠠᠯᠠᠪᠠᠢ᠎ᠳᠤ ᠠᠯᠠᠭ᠎ᠠ ᠲᠠᠱᠢᠯᠳᠠ᠎ᠶ᠋ᠢᠨ ᠲᠠᠭᠤᠨ ᠨᠢᠵᠢᠭᠢᠨᠡᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠪᠦᠷ 〈 ᠮᠠᠤ ᠲᠡᠷᠢᠭᠦᠯᠡᠭ᠌ᠴᠢ ᠮᠠᠨᠳᠤᠲᠤᠭᠠᠢ 〉᠂ 〈 ᠡᠪ ᠬᠠᠮᠲᠤ ᠨᠠᠮ ᠮᠠᠨᠳᠤᠲᠤᠭᠠᠢ 〉᠂ 〈ᠦᠨᠳᠦᠰᠦᠲᠡᠨ᠎ᠨᠦᠭᠦᠳ᠎ᠦᠨ ᠶᠡᠬᠡ ᠪᠦᠯᠬᠦᠮᠳᠡᠯ ᠮᠠᠨᠳᠤᠲᠤᠭᠠᠢ 〉 ᠭᠡᠵᠦ᠍ ᠬᠠᠰᠭᠢᠷᠴᠤ᠌᠂ ᠬᠥᠮᠦᠨ ᠪᠦᠬᠦᠨ ᠴᠥᠮ ᠪᠠᠶᠠᠷ ᠵᠢᠷᠭᠠᠯ᠎ᠲᠡᠶ ᠪᠠᠢᠯ᠎ᠠ 》 ᠭᠡᠵᠦ᠍ ᠥᠯᠵᠡᠢᠲᠦ ᠡᠷᠭᠢᠴᠡᠭᠦᠯᠦᠨ ᠬᠡᠯᠡᠪᠡ᠃
ᠬᠤᠷᠠᠯ᠎ᠤᠨ ᠬᠤᠭᠤᠴᠠᠭᠠᠨ᠎ᠳᠤ᠂ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠤ ᠵᠠᠰᠠᠭ ᠶᠠᠪᠤᠭᠤᠯᠬᠤ ᠬᠥᠲᠥᠯᠪᠦᠷᠢ 》᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠤ ᠲᠦᠷ ᠬᠡᠷᠡᠭ᠌ᠵᠢᠭᠦᠯᠬᠦ᠌ ᠵᠣᠬᠢᠶᠠᠨ ᠪᠠᠢᠭᠤᠯᠤᠯᠲᠠ᠎ᠶ᠋ᠢᠨ ᠬᠥᠲᠥᠯᠪᠦᠷᠢ》᠂ 《 ᠶᠡᠬᠡ ᠬᠤᠷᠠᠯ᠎ᠤᠨ ᠰᠣᠩᠭᠣᠭᠤᠯᠢ᠎ᠶ᠋ᠢᠨ ᠲᠦᠷᠢᠮ 》 ᠵᠡᠷᠭᠡ ᠲᠦᠷᠢᠮ᠎ᠦᠨ ᠪᠢᠴᠢᠭ ᠮᠠᠲ᠋ᠧᠷᠢᠶᠠᠯ᠎ᠢ ᠰᠠᠨᠠᠯ ᠨᠢᠭᠡᠲᠡᠢ ᠪᠠᠲᠤᠯᠠᠪᠠ᠃ ᠡᠳᠡᠭᠡᠷ ᠳᠦᠷᠢᠮ᠎ᠤᠨ ᠠᠭᠤᠯᠭ᠎ᠠ ᠨᠢ ᠪᠦᠷᠢᠨ ᠲᠡᠭᠦᠯᠳᠡᠷ᠂ ᠬᠠᠷᠢᠯᠴᠠᠨ ᠢᠵᠢ ᠪᠦᠷᠢᠳᠦᠭ᠌ᠰᠡᠨ᠂ ᠠᠩᠬ᠎ᠠ ᠠᠯᠬᠤᠮ ᠱᠢᠰᠲ᠋ᠧᠮ᠎ᠲᠡᠶ ᠪᠣᠯᠤᠭ᠍ᠰᠠᠨ ᠨᠢ ᠥᠪᠥᠷ ᠮᠣᠩᠭᠣᠯ ᠣᠷᠣᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠲᠦᠷᠦ᠍᠎ᠶ᠋ᠢᠨ ᠪᠤᠳᠤᠯᠭ᠎ᠠ᠎ᠶ᠋ᠢ ᠲᠤᠰᠭᠠᠢᠯᠠᠨ ᠬᠡᠷᠡᠭ᠌ᠵᠢᠭᠦᠯᠬᠦ᠌ ᠳᠦᠷᠢᠮ᠎ᠤᠨ ᠪᠢᠴᠢᠭ ᠮᠠᠲ᠋ᠧᠷᠢᠶᠠᠯ ᠪᠣᠯᠤᠨ᠎ᠠ᠃ ᠡᠭᠦᠨ᠎ᠦ ᠬᠠᠮᠲᠤ᠂ ᠰᠤᠨᠭᠭᠤᠭᠤᠯᠢ ᠶᠠᠪᠤᠭᠤᠯᠵᠤ ᠤᠯᠠᠭᠠᠨᠬᠦᠦ᠍ᠪᠠᠷ ᠲᠡᠷᠢᠭᠦᠯᠡᠭ᠌ᠴᠢ᠂ ᠬᠠᠹᠦᠩᠭ᠎ᠠ ᠪᠠᠷ ᠳᠡᠳ᠋ ᠲᠡᠷᠢᠭᠦᠯᠡᠭ᠌ᠴᠢ ᠪᠣᠯᠭᠠᠭ᠍ᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠣᠯᠤᠨ ᠪᠤᠶᠠᠨᠮᠠᠨᠳᠤᠬᠤ᠎ᠪᠠᠷ ᠵᠥᠪᠯᠡᠯᠭᠡᠨ᠎ᠦ ᠬᠤᠷᠠᠯ᠎ᠤᠨ ᠳᠠᠷᠤᠭ᠎ᠠ᠂ ᠵᠠᠶᠠᠭ᠎ᠠ᠎ᠲᠠᠶ᠎ᠪᠠᠷ ᠳᠡᠳ᠋ ᠳᠠᠷᠤᠭ᠎ᠠ ᠪᠣᠯᠭᠠᠭ᠍ᠰᠠᠨ ᠥᠪᠥᠷ ᠮᠣᠩᠭᠣᠯ᠎ᠤᠨ ᠠᠩᠬᠠᠳᠤᠭᠠᠷ ᠬᠤᠭᠤᠴᠠᠭᠠᠨ᠎ᠤ ᠲᠦᠷ ᠴᠠᠭ᠎ᠤᠨ ᠵᠥᠪᠯᠡᠯᠭᠡᠨ᠎ᠦ ᠬᠤᠷᠠᠯ᠎ᠢ ᠰᠤᠩᠭᠤᠨ ᠭᠠᠷᠭᠠᠪᠠ᠃
1947 ᠣᠨ᠎ᠤ 5 ᠰᠠᠷ᠎ᠠ᠎ᠶ᠋ᠢᠨ 1 ᠤ᠋ ᠡᠳᠦᠷ᠎ᠦᠨ ᠦᠳᠡ᠎ᠶ᠋ᠢᠨ ᠬᠣᠢᠨᠠᠬᠢ 7 ᠴᠠᠭ᠎ᠲᠤ ᠥᠪᠥᠷ ᠮᠣᠩᠭᠣᠯ᠎ᠤᠨ ᠠᠷᠠᠳ᠎ᠤᠨ ᠲᠥᠯᠥᠭᠡᠯᠡᠭ᠌ᠴᠢᠳ᠎ᠦᠨ ᠬᠤᠷᠠᠯ᠎ᠡᠴᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠵᠢᠩᠬᠢᠨᠢ᠎ᠪᠡᠷ ᠪᠠᠢᠭᠤᠯᠤᠭ᠍ᠳᠠᠭ᠍ᠰᠠᠨ᠎ᠢ ᠲᠤᠩᠬᠠᠭ᠍ᠯᠠᠪᠠ᠃ 《ᠡᠷᠬᠢᠮ ᠲᠠ ᠨᠠᠷ᠎ᠲᠦ ᠴᠢᠩ ᠰᠡᠳᠭᠢᠯ᠎ᠡᠴᠡ᠎ᠪᠠᠨ ᠲᠠᠨᠭᠭᠠᠷᠢᠭᠯᠠᠶᠠ᠂ ᠥᠪᠥᠷ ᠮᠣᠩᠭᠣᠯ᠎ᠤᠨ ᠠᠷᠠᠳ ᠲᠦᠮᠡᠨ᠎ᠳᠦ ᠦᠢᠯᠡᠴᠢᠯᠡᠵᠦ᠍᠂ ᠥᠪᠡᠷ᠎ᠢ᠎ᠪᠡᠨ ᠬᠠᠮᠠᠭᠠᠯᠠᠬᠤ ᠲᠠᠢ᠌ᠨ ᠪᠣᠯᠤᠨ ᠴᠢᠯᠥᠭᠡᠯᠡᠬᠦ᠌ ᠲᠠᠢ᠌ᠨ᠎ᠦ ᠢᠯᠠᠯᠲᠠ᠎ᠶ᠋ᠢ ᠡᠷᠡᠰ ᠲᠡᠮᠡᠴᠡᠨ ᠤᠯᠬᠤ᠎ᠶ᠋ᠢᠨ ᠲᠥᠯᠥᠭᠡ᠂ ᠥᠪᠥᠷ ᠮᠣᠩᠭᠣᠯ᠎ᠢ ᠲᠤᠢᠯᠪᠤᠷᠢᠲᠠᠢ ᠴᠢᠯᠥᠭᠡᠯᠡᠬᠦ᠌᠎ᠶ᠋ᠢᠨ ᠲᠥᠯᠥᠭᠡ ᠲᠡᠮᠡᠴᠡᠨ᠎ᠡ 》 ᠭᠡᠵᠦ᠍ ᠲᠡᠷᠡ ᠬᠦ᠌ ᠡᠷᠲᠡᠨ᠎ᠦ ᠵᠢᠵᠢᠭ ᠠᠰᠠᠷ᠎ᠲᠤ ᠴᠤᠤᠷᠢᠶᠠᠲᠤᠭ᠍ᠰᠠᠨ ᠡᠷᠡᠰ ᠪᠠᠲᠤ ᠲᠠᠩᠭᠠᠷᠢᠭ ᠨᠢ ᠤᠳᠤ ᠪᠣᠯᠲᠠᠯ᠎ᠠ ᠬᠦᠮᠦᠰ᠎ᠤᠨ ᠤᠢ ᠴᠡᠭᠡᠵᠢᠨ ᠳ᠋ᠤ ᠬᠠᠳᠠᠩᠰᠢᠭᠰᠠᠭᠠᠷ᠃
1947 ᠣᠨ᠎ᠤ 5 ᠰᠠᠷ᠎ᠠ᠎ᠶ᠋ᠢᠨ 19 ᠤ᠋ ᠡᠳᠦᠷ᠂ ᠲᠡᠷᠢᠭᠦᠯᠡᠭ᠌ᠴᠢ ᠮᠠᠤ ᠽᠸ ᠳ᠋ᠦᠩ᠂ ᠶᠡᠷᠦᠩᠬᠡᠢ ᠰᠧᠯᠢᠩ ᠵᠤ᠌ ᠳ᠋ᠸ ᠴᠠᠬᠢᠯᠭᠠᠨ ᠮᠡᠳᠡᠭᠡ ᠢᠷᠡᠭᠦᠯᠵᠦ᠍ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠠᠢᠭᠤᠯᠤᠭ᠍ᠳᠠᠭ᠍ᠰᠠᠨ᠎ᠳᠤ ᠪᠠᠶᠠᠷ ᠬᠦᠷᠭᠡᠪᠡ᠃ ᠪᠠᠶᠠᠷ᠎ᠤᠨ ᠴᠠᠬᠢᠯᠭᠠᠨ᠎ᠳᠠᠭᠠᠨ᠄ 《ᠬᠦᠴᠢᠷ ᠪᠡᠷᠬᠡᠱᠢᠶᠡᠯ᠎ᠢ ᠬᠠᠨᠤᠲᠠᠯ᠎ᠠ ᠠᠮᠰᠠᠭ᠍ᠰᠠᠨ ᠥᠪᠥᠷ ᠮᠣᠩᠭᠣᠯ᠎ᠤᠨ ᠠᠬ᠎ᠠ ᠳᠡᠭᠦᠦ᠍᠎ᠨᠡᠷ ᠲᠠ᠎ᠨᠠᠷ᠎ᠤᠨ ᠤᠳᠤᠷᠢᠳᠤᠯᠭ᠎ᠠ ᠳᠣᠣᠷ᠎ᠠ ᠡᠷᠬᠡ ᠴᠢᠯᠥᠭᠡᠲᠦ ᠭᠡᠭᠡᠨ ᠰᠠᠷᠠᠭᠤᠯ ᠱᠢᠨ᠎ᠡ ᠲᠡᠦᠬᠡ᠎ᠶ᠋ᠢ ᠡᠬᠢᠯᠡᠨ ᠡᠭᠦᠳᠴᠦ᠍ ᠪᠠᠢᠨ᠎ᠠ᠃ ᠮᠣᠩᠭᠣᠯ ᠦᠨᠳᠦᠰᠦᠲᠡᠨ ᠬᠢᠲᠠᠳ ᠦᠨᠳᠦᠰᠦᠲᠡᠨ ᠪᠣᠯᠤᠨ ᠤᠯᠤᠰ᠎ᠤᠨ ᠳᠣᠲᠣᠭᠠᠳᠤ᠎ᠶ᠋ᠢᠨ ᠪᠤᠰᠤᠳ ᠦᠨᠳᠦᠰᠦᠲᠡᠨ᠎ᠲᠡᠶ ᠨᠢᠭ᠍ᠲᠠᠷᠠᠨ ᠪᠦᠯᠬᠦᠮᠳᠡᠵᠦ᠍᠂ ᠦᠨᠳᠦᠰᠦᠲᠡᠨ᠎ᠦ ᠳᠠᠷᠤᠯᠠᠯ ᠪᠣᠯᠤᠨ ᠹᠸᠤᠳᠠᠯ᠎ᠤᠨ ᠳᠠᠷᠤᠯᠠᠯ᠎ᠢ ᠱᠦᠭᠦᠷᠳᠡᠨ ᠠᠷᠢᠯᠭᠠᠵᠤ᠂ ᠱᠢᠨ᠎ᠡ ᠮᠣᠩᠭᠣᠯ ᠪᠣᠯᠤᠨ ᠱᠢᠨ᠎ᠡ ᠳᠤᠮᠳᠠᠳᠤ ᠤᠯᠤᠰ᠎ᠢ ᠪᠠᠢᠭᠤᠯᠬᠤ᠎ᠶ᠋ᠢᠨ ᠲᠥᠯᠥᠭᠡ ᠲᠡᠮᠡᠴᠡᠬᠦ᠌᠎ᠶ᠋ᠢ ᠪᠢᠳᠡ ᠢᠲᠡᠭᠡᠵᠦ᠍ ᠪᠠᠢᠨ᠎ᠠ! ᠲᠠ᠎ᠨᠠᠷ᠎ᠤᠨ ᠢᠯᠠᠯᠲᠠ᠎ᠶ᠋ᠢ ᠪᠡᠯᠭᠡᠯᠡᠶ᠎ᠡ!》 ᠭᠡᠵᠦ ᠬᠡᠯᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠠᠢᠭᠤᠯᠤᠭ᠍ᠳᠠᠭ᠍ᠰᠠᠨ ᠨᠢ ᠥᠪᠥᠷ ᠮᠣᠩᠭᠣᠯ ᠣᠷᠣᠨ᠎ᠤ ᠠᠷᠠᠳ ᠲᠦᠮᠡᠨ᠎ᠦ ᠤᠯᠠᠨ ᠵᠢᠯ᠎ᠦᠨ ᠲᠤᠷᠱᠢᠬᠢ ᠨᠢᠭᠡᠳᠦᠯ ᠪᠠ ᠥᠪᠡᠷᠲᠡᠭᠡᠨ ᠵᠠᠰᠠᠬᠤ᠎ᠶ᠋ᠢ ᠬᠦᠰᠡᠭ᠌ᠰᠡᠨ ᠬᠦᠰᠡᠯ ᠡᠷᠡᠮᠡᠯᠵᠡᠯ᠎ᠢ ᠪᠡᠶᠡᠯᠡᠭᠦᠯᠵᠦ᠍᠂ ᠥᠪᠥᠷ ᠮᠣᠩᠭᠣᠯ᠎ᠤᠨ ᠡᠯ᠎ᠡ ᠦᠨᠳᠦᠰᠦᠲᠡᠨ᠎ᠦ ᠠᠷᠠᠳ ᠲᠦᠮᠡᠨ᠎ᠦ ᠡᠪ ᠬᠠᠮᠲᠤ ᠨᠠᠮ᠎ᠢ ᠳᠠᠭᠠᠵᠤ᠂ ᠪᠦᠯᠬᠦᠮᠳᠡᠨ ᠨᠢᠭᠡᠳᠴᠦ᠍᠂ ᠴᠢᠯᠥᠭᠡᠯᠡᠯᠲᠡ᠎ᠶ᠋ᠢ ᠬᠠᠮᠲᠤ ᠪᠠᠷ ᠡᠷᠢᠯᠬᠢᠯᠡᠬᠦ᠌ ᠬᠤᠪᠢᠰᠭᠠᠯᠲᠤ ᠬᠠᠯᠠᠭᠤᠨ ᠰᠡᠳᠭᠢᠯᠭᠡ ᠪᠠ ᠢᠲᠡᠭᠡᠯ ᠵᠣᠷᠢᠭ᠎ᠢ ᠲᠤᠢᠯ᠎ᠤᠨ ᠶᠡᠬᠡᠪᠡᠷ ᠵᠣᠷᠢᠭ᠍ᠵᠢᠭᠤᠯᠵᠤ᠂ ᠥᠪᠥᠷ ᠮᠣᠩᠭᠣᠯ ᠣᠷᠣᠨ᠎ᠤ ᠨᠡᠢᠭᠡᠮ᠎ᠦᠨ ᠥᠭᠡᠷᠡᠴᠢᠯᠡᠯᠲᠡ᠂ ᠠᠵᠤ ᠠᠬᠤᠶ ᠰᠣᠶᠣᠯ᠎ᠤᠨ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ ᠠᠯᠤᠰ ᠬᠡᠳᠦ᠍᠎ᠶ᠋ᠢᠨ ᠨᠥᠯᠥᠭᠡ ᠦᠵᠡᠭᠦᠯᠵᠡᠶ᠃
ᠬᠤᠪᠢᠰᠭᠠᠯ᠎ᠤᠨ ᠤᠳᠤᠮᠰᠢᠯ᠎ᠢ ᠡᠬᠦᠷᠢᠳᠡ ᠤᠯᠠᠮᠵᠢᠯᠠᠨᠵᠠᠯᠭᠠᠮᠵᠢᠯᠠᠨᠠ
ᠤᠯᠠᠭᠠᠨᠬᠤᠳᠠ ᠭᠡᠳᠡᠭ ᠨᠢ 《 ᠬᠤᠪᠢᠰᠬᠠᠯ᠎ᠤᠨ ᠬᠤᠲᠠ 》 ᠭᠡᠰᠡᠨ ᠤᠳᠭ᠎ᠠ᠎ᠲᠠᠶ᠂ ᠲᠡᠦᠬᠡ᠎ᠶ᠋ᠢᠨ ᠠᠵᠠ ᠲᠣᠬᠢᠶᠠᠯ ᠨᠢ ᠡᠨᠡ ᠬᠦ᠌ ᠨᠤᠲᠤᠭ ᠳᠡᠪᠢᠰᠭᠡᠷᠲᠦ ᠪᠠᠯᠠᠷᠠᠰᠢ ᠦᠭᠡᠢ ᠬᠤᠪᠢᠰᠬᠠᠯ᠎ᠤᠨ ᠰᠦᠭ ᠰᠦᠨᠡᠰᠦ ᠵᠢ ᠣᠯᠭᠣᠵᠤ᠂ ᠡᠨᠳᠡᠬᠢ᠎ᠶ᠋ᠢ 《 ᠲᠠᠯ᠎ᠠ ᠨᠤᠲᠤᠭ᠎ᠤᠨ ᠶᠠᠨ ᠠᠨ》 ᠭᠡᠬᠦ᠌ ᠦᠩᠬᠡ ᠬᠡᠷᠡᠯᠳᠤ ᠨᠡᠷᠡᠢᠳᠦᠯ᠎ᠲᠡᠶ ᠪᠣᠯᠭᠠᠵᠠᠢ᠃
ᠡᠨᠡ ᠬᠣᠲᠠ᠎ᠳᠤ ᠪᠠᠢᠷᠢᠯᠠᠭ᠎ᠠ 《 5·1 》 ᠤ᠋ ᠬᠤᠷᠠᠯ᠎ᠤᠨ ᠪᠠᠭᠤᠷᠢ ᠨᠢ ᠬᠤᠪᠢᠰᠭᠠᠯ᠎ᠤᠨ ᠲᠡᠦᠬᠡ᠎ᠶ᠋ᠢᠨ ᠦᠨᠡᠨ ᠪᠣᠳᠠᠲᠠᠶ ᠭᠡᠷᠡᠴᠢ ᠪᠣᠯᠬᠤ᠎ᠪᠠᠷ ᠪᠠᠷᠠᠬᠤ ᠥᠬᠡᠶ ᠪᠠᠰᠠ ᠴᠤ᠌ ᠬᠤᠪᠢᠰᠭᠠᠯ᠎ᠤᠨ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠴᠢᠬᠤᠯᠠ ᠠᠴᠢᠶᠠᠯᠠᠪᠤᠷᠢ ᠪᠣᠯᠤᠨ᠎ᠠ᠃ 《5·1 》 ᠤ᠋ ᠬᠤᠷᠠᠯ᠎ᠤᠨ ᠪᠠᠭᠤᠷᠢ ᠨᠢ 1995 ᠣᠨ᠎ᠤ 7 ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠶ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠶ᠋ᠢᠨ ᠨᠢᠭᠡᠴᠢ᠎ᠳᠦ ᠵᠢᠭ᠍ᠰᠠᠭᠠᠭ᠍ᠳᠠᠪᠠ; 2006 ᠣᠨ᠎ᠤ 5 ᠰᠠᠷ᠎ᠠ᠎ᠶ᠋ᠢᠨ 25 ᠤ᠋ ᠡᠳᠦᠷ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠡᠴᠡ ᠪᠦᠬᠦ᠌ ᠤᠯᠤᠰ᠎ᠤᠨ ᠭᠣᠣᠯᠳᠠᠯᠭ᠎ᠠ᠎ᠲᠠᠶ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠶ᠋ᠢᠨ ᠨᠢᠭᠡᠴᠢ᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠦᠨ ᠰᠠᠭᠤᠷᠢᠨ᠎ᠢᠶᠠᠷ ᠵᠥᠪᠱᠢᠶᠡᠷᠡᠵᠦ᠍᠂ 2009 ᠣᠨ᠎ᠤ 5 ᠰᠠᠷ᠎ᠠ᠎ᠳᠤ ᠲᠥᠪ᠎ᠦᠨ ᠤᠬᠠᠭᠤᠯᠬᠤ ᠬᠡᠯᠲᠡᠰ᠎ᠡᠴᠡ ᠪᠦᠬᠦ᠌ ᠤᠯᠤᠰ᠎ᠤᠨ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠰᠠᠭᠤᠷᠢᠨ᠎ᠢᠶᠠᠷ ᠨᠡᠢᠲᠡᠯᠡᠪᠡ᠃
ᠤᠢ᠍ᠢᠷ᠎ᠠ᠎ᠶ᠋ᠢᠨ ᠵᠢᠯ᠎ᠡᠴᠡ ᠬᠢᠩᠭᠠᠨ ᠠᠢᠮᠠᠭ ᠬᠤᠪᠢᠰᠭᠠᠯ᠎ᠤᠨ ᠦᠯᠡᠳᠡᠭ᠌ᠳᠡᠯ᠎ᠢ ᠬᠠᠮᠠᠭᠠᠯᠠᠵᠤ ᠰᠡᠯᠪᠢᠨ ᠵᠠᠰᠠᠬᠤ ᠠᠵᠢᠯ᠎ᠢ ᠦᠷᠭᠦᠯᠵᠢᠯᠡᠨ ᠴᠢᠩᠭᠠᠳᠭᠠᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠲᠤᠰ ᠪᠡᠶ᠎ᠡ᠎ᠶ᠋ᠢᠨ ᠠᠭᠤᠯᠤᠭ᠍ᠳᠠᠬᠤᠨ ᠪᠣᠯᠤᠨ ᠣᠨᠴᠠᠯᠢᠭ᠎ᠢ ᠰᠡᠷᠭᠦᠭᠡᠵᠦ᠍᠂ ᠳᠡᠯᠭᠡᠨ ᠦᠵᠡᠭᠦᠯᠵᠦ᠍ ᠠᠱᠢᠭ᠍ᠯᠠᠬᠤ ᠬᠡᠯᠪᠡᠷᠢ᠎ᠶ᠋ᠢᠨ ᠱᠢᠨ᠎ᠡ᠎ᠶ᠋ᠢ ᠡᠭᠦᠳᠪᠡ᠃ ᠡᠳᠦᠭᠡ《 ᠨᠢᠭᠡ ᠣᠷᠳᠣᠨ ᠭᠤᠷᠪᠠᠨ ᠪᠠᠭᠤᠷᠢ 》 ᠪᠡᠷ ᠭᠣᠣᠯ ᠪᠣᠯᠭᠠᠭ᠍ᠰᠠᠨ ᠬᠤᠪᠢᠰᠭᠠᠯ᠎ᠤᠨ ᠬᠥᠮᠦᠵᠢᠯ᠎ᠦᠨ ᠵᠢᠭᠤᠯᠴᠢᠯᠠᠯ ᠨᠢ ᠠᠭᠠᠵᠢᠮ᠎ᠢᠶᠠᠷ ᠬᠢᠩᠭᠠᠨ ᠠᠢᠮᠠᠭ᠎ᠤᠨ ᠰᠣᠶᠣᠯ ᠵᠢᠭᠤᠯᠴᠢᠯᠠᠯ᠎ᠤᠨ ᠨᠢᠭᠡᠨ ᠶᠡᠬᠡ ᠬᠢᠯᠠᠰ ᠴᠡᠭ ᠪᠤᠯᠵᠤ᠂ ᠨᠡᠩ ᠤᠯᠠᠨ ᠵᠢᠭᠤᠯᠴᠢᠯᠠᠭᠰᠠᠳ ᠤᠨ ᠠᠩᠬᠠᠷᠤᠯ᠎ᠢ ᠲᠡᠳᠡᠪᠡ᠃ ᠥᠩᠭᠡᠷᠡᠭ᠌ᠰᠡᠨ᠎ᠢᠶᠡᠨ ᠡᠷᠭᠢᠴᠡᠭᠦᠯᠬᠦᠶ᠎ᠡ᠂ 1947 ᠣᠨ᠎ᠤ 5 ᠰᠠᠷ᠎ᠠ᠎ᠶ᠋ᠢᠨ 1 ᠤ᠋ ᠡᠳᠦᠷ᠎ᠦᠨ ᠠᠩᠬᠠᠨ᠎ᠤ ᠥᠷ᠎ᠦᠨ ᠲᠤᠶᠠᠭ᠎ᠠ ᠤᠯᠠᠭᠠᠨ ᠬᠤᠳᠠ᠎ᠡᠴᠡ ᠮᠠᠨᠳᠤᠵᠤ ᠲᠠᠯ᠎ᠠ ᠨᠤᠲᠤᠭ᠎ᠢ ᠭᠡᠢᠭᠦᠯᠪᠡ; ᠠᠩᠬᠠᠨ᠎ᠤ ᠪᠦᠷᠢᠶ᠎ᠡ ᠬᠢᠩᠭᠠᠨ᠎ᠤ ᠣᠭ᠍ᠲᠠᠷᠭᠤᠢ᠎ᠳᠤ ᠬᠠᠩᠭᠢᠨᠠᠨ ᠴᠤᠤᠷᠢᠶᠠᠳᠤᠵᠤ᠂ ᠤᠮᠠᠷᠠᠲᠤ ᠬᠢᠯᠢ᠎ᠶ᠋ᠢᠨ ᠬᠥᠪᠡᠭᠦᠳ ᠥᠬᠢᠳ᠎ᠲᠦ ᠬᠢᠵᠠᠭᠠᠯᠠᠰᠢ ᠦᠭᠡᠢ ᠬᠦᠰᠡᠯ ᠡᠷᠡᠮᠡᠯᠵᠡᠯ᠎ᠢ ᠤᠯᠭᠤᠪᠠ᠃
ᠭᠠᠢᠬᠠᠮᠱᠢᠭ᠍ᠲᠤ ᠰᠠᠢᠬᠠᠨ ᠲᠡᠦᠬᠡ᠎ᠶ᠋ᠢ ᠠᠴᠢᠶᠠᠯᠠᠭ᠍ᠰᠠᠨ 《 5·1 》 ᠤ᠋ ᠬᠤᠷᠠᠯ᠎ᠤᠨ ᠪᠠᠭᠤᠷᠢ ᠨᠢ ᠡᠨᠡ ᠬᠦ᠌ ᠬᠤᠳᠠ᠎ᠶ᠋ᠢᠨ ᠡᠳᠦᠷ᠎ᠡᠴᠡ ᠡᠳᠦᠷ ᠱᠢᠨᠡᠳᠦᠨ ᠬᠤᠪᠢᠷᠠᠵᠤ ᠪᠠᠢᠬᠤ᠎ᠶ᠋ᠢ ᠭᠡᠷᠡᠴᠢᠯᠡᠵᠦ᠍᠂ ᠲᠡᠭᠦᠨ᠎ᠦ ᠤᠯᠠᠮᠵᠢᠯᠠᠨ ᠵᠠᠯᠭᠠᠮᠵᠢᠯᠠᠭ᠍ᠰᠠᠨ ᠬᠤᠪᠢᠰᠭᠠᠯ᠎ᠤᠨ ᠤᠳᠤᠮᠰᠢᠯ ᠨᠢ ᠨᠡᠩ ᠴᠤ᠌ ᠴᠢᠰᠤᠨ᠎ᠳᠤ ᠠᠭᠤᠰᠴᠤ᠌᠂ ᠬᠢᠩᠭᠠᠨ᠎ᠤ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠢ ᠤᠷᠮᠠᠱᠢᠭᠤᠯᠤᠨ ᠵᠣᠷᠢᠭ᠍ᠵᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃