2023-11-24 18:57:22
ᠢᠯᠡ ᠵᠠᠬᠢᠳᠠᠯ᠎ᠤᠨ ᠺᠠᠷᠲ ᠳᠡᠭᠡᠷ᠎ᠡ ᠨᠢᠭᠡ ᠣᠨᠴᠠᠯᠢᠭ᠍ᠲᠤ ᠲᠠᠮᠠᠭ᠎ᠠ ᠳᠠᠷᠤᠵᠤ ᠰᠦᠯᠵᠢᠶᠡᠨ᠎ᠤ ᠬᠠᠯᠠᠭᠤᠷᠠᠯ ᠪᠤᠯᠵᠤ ᠪᠠᠢᠭ᠎ᠠ ᠭᠠᠵᠠᠷ᠎ᠲᠦ ᠤᠴᠢᠭᠰᠠᠨ ᠪᠠᠷᠢᠮᠲᠠ ᠪᠣᠯᠭᠠᠬᠤ ᠪᠣᠯ ᠣᠳᠣ᠎ᠶ᠋ᠢᠨ ᠵᠠᠯᠠᠭᠤᠴᠤᠳ᠎ᠤᠨ ᠬᠠᠯᠠᠭᠤᠷᠠᠯ ᠪᠤᠯᠵᠤ ᠪᠠᠢᠭ᠎ᠠ ᠱᠢᠨ᠎ᠡ ᠵᠤᠭ᠎ᠠ ᠰᠡᠯᠡᠬᠦᠴᠡᠯ᠎ᠤᠨ ᠭᠡᠯᠪᠡᠷᠢ ᠪᠤᠯᠤᠨ᠎ᠠ᠃ ᠬᠥᠯᠥᠨ ᠪᠤᠢ᠌ᠷ᠎ᠤᠨ ᠡᠷᠲᠡᠨ᠎ᠦ ᠬᠤᠳᠠ᠎ᠶ᠋ᠢᠨ ᠶᠠᠪᠠᠭᠠᠨ ᠵᠡᠭᠡᠯᠢ ᠪᠣᠯ ᠤᠯᠤᠰ᠎ᠤᠨ ᠲᠡᠰ᠎ᠤᠨ ᠰᠥᠨᠢ᠎ᠶ᠋ᠢᠨ ᠵᠠᠬ᠎ᠠ ᠵᠡᠬᠡᠯᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭ᠌ᠯᠡᠭᠡᠨ᠎ᠦ ᠲᠥᠪᠯᠡᠷᠡᠭ᠌ᠰᠡᠨ ᠣᠷᠣᠨ ᠪᠣᠯᠤᠨ᠎ᠠ᠃ ᠡᠨᠳᠡ᠂ ᠵᠢᠯ ᠪᠦᠷᠢ 3 ᠲᠦᠮᠡ ᠭᠠᠷᠤᠢ ᠢᠯᠡ ᠵᠠᠬᠢᠳᠠᠯ ᠢᠯᠡᠭᠡᠬᠦ᠌ ᠭᠣᠣᠯ ᠰᠡᠳᠦᠪᠲᠦ ᠰᠣᠶᠣᠯ᠎ᠤᠨ ᠡᠭᠦᠳᠦᠯᠲᠡ᠎ᠶ᠋ᠢᠨ ᠳᠡᠯᠭᠡᠭᠦᠷ ᠪᠠᠢᠳᠠᠭ᠃
ᠲᠣᠰ ᠭᠤᠤᠯ ᠰᠡᠳᠦᠪᠲᠦ ᠰᠣᠶᠣᠯ᠎ᠤᠨ ᠡᠭᠦᠳᠦᠯᠲᠡ᠎ᠶ᠋ᠢᠨ ᠳᠡᠯᠭᠡᠭᠦᠷ᠎ᠦᠨ ᠲᠠᠮᠠᠭᠠᠳᠤ ᠬᠥᠯᠥᠨ ᠪᠣᠢᠷ ᠬᠣᠲᠠ᠎ᠶ᠋ᠢᠨ ᠤᠨᠴᠠᠯᠢᠬᠲᠤ ᠪᠠᠷᠢᠯᠭ᠎ᠠ᠂ ᠬᠣᠲᠠ᠎ᠶ᠋ᠢᠨ ᠬᠡᠪᠴᠢᠶᠡᠨ᠎ᠦ ᠨᠡᠢᠲᠡ᠎ᠶ᠋ᠢᠨ ᠬᠡᠷᠡᠭ᠌ᠯᠡᠭᠡᠨ᠎ᠦ ᠲᠥᠷᠥᠯ ᠲᠡᠮᠳᠡᠭ᠌ᠲᠦ᠍᠎ᠶ᠋ᠢᠨ ᠤᠬᠠᠭᠤᠯᠭ᠎ᠠ᠎ᠶᠢᠨ logo ᠵᠡᠷᠭᠡ ᠪᠠᠭ᠍ᠲᠠᠳᠠᠭ᠃ ᠳᠡᠯᠭᠡᠭᠦᠷ᠎ᠦᠨ ᠳᠣᠲᠣᠷ᠎ᠠ ᠪᠠᠰᠠ 3 《ᠣᠨᠴᠠᠭᠠᠶ》 ᠰᠦᠯᠵᠢᠶᠡᠨ᠎ᠤ ᠬᠠᠯᠠᠭᠤᠷᠠᠯ ᠪᠤᠯᠵᠤ ᠪᠠᠢᠭ᠎ᠠ ᠭᠠᠵᠠᠷ᠎ᠤᠨ ᠲᠠᠮᠠᠭ᠎ᠠ ᠪᠠᠢᠵᠤ᠂ 《ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠤᠭᠤᠲᠤ᠎ᠶ᠋ᠢᠨ ᠪᠣᠯᠣᠳ ᠲᠡᠮᠦᠷ᠎ᠦᠨ ᠺᠣᠮᠫᠠᠨᠢ᠎ᠶ᠋ᠢ ᠪᠥᠲᠥᠭᠡᠨ ᠪᠠᠢᠭᠤᠯᠤᠭ᠍ᠰᠠᠨ》᠂ 《ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠬᠦᠷᠭᠡᠭ᠌ᠰᠡᠨ》᠂ 《ᠤᠯᠠᠭᠠᠨᠮᠥ᠋ᠴᠢᠷ》 ᠵᠡᠷᠭᠡ ᠥᠯᠢᠭᠡᠷ᠎ᠢ ᠳᠡᠯᠭᠡᠨ ᠦᠵᠡᠭᠦᠯᠵᠡᠶ᠃ ᠡᠨᠡ ᠳᠡᠯᠭᠡᠭᠦᠷ᠎ᠨᠢ 《ᠰᠦᠯᠵᠢᠶᠡᠨ᠎ᠤ ᠬᠠᠯᠠᠭᠤᠷᠠᠯ ᠤᠷᠤᠨ》 ᠪᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠢᠮ ᠲᠠᠮᠠᠭ᠎ᠠ᠎ᠵᠢ ᠳᠠᠷᠤᠬᠤ ᠪᠡᠷ ᠢᠷᠡᠭᠰᠡᠨ ᠰᠣᠩᠭᠣᠯᠲᠠ᠎ᠶ᠋ᠢᠨ ᠨᠣᠷᠮ᠎ᠠ 80%᠎ᠳ᠋ᠤ ᠬᠦᠷᠪᠡ᠃
ᠠᠮᠲᠠᠲᠤ ᠢᠳᠡᠭᠡᠨ ᠪᠣᠯ ᠳᠤᠮᠳᠠᠳᠤ᠎ᠶ᠋ᠢᠨ ᠰᠣᠶᠣᠯ᠎ᠤᠨ ᠴᠢᠬᠤᠯᠠ ᠠᠴᠢᠶᠠᠯᠠᠪᠤᠷᠢ ᠮᠥᠨ᠃ ᠡᠨᠡ ᠳᠡᠯᠭᠡᠭᠦᠷ᠎ᠦᠨ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ᠎ᠦ ᠪᠣᠷᠣᠯᠠᠭᠤᠯᠭ᠎ᠠ ᠮᠠᠩᠯᠠᠢᠯᠠᠵᠤ᠂ ᠥᠪᠥᠷ ᠮᠣᠩᠭᠣᠯ᠎ᠤᠨ ᠠᠮᠲᠠᠲᠤ ᠢᠳᠡᠭᠡᠨ᠎ᠦ ᠱᠢᠷᠢᠰ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ ᠲᠠᠢ᠃ ᠲᠡᠳᠡᠨᠠᠷ ᠱᠣᠣᠮᠠᠢ᠂ ᠬᠣᠨᠢᠨ ᠮᠢᠬ᠎ᠠ᠂ ᠴᠢᠨᠠᠭ᠍ᠰᠠᠨ ᠮᠢᠬ᠎ᠠ ᠵᠡᠷᠭᠡ ᠤᠯᠠᠮᠵᠢᠯᠠᠯᠲᠤ ᠤᠨᠴᠠᠯᠢᠭᠲᠦ ᠠᠮᠲᠠᠲᠤ ᠢᠳᠡᠭᠡᠨ ᠪᠣᠯᠤᠨ ᠬᠥᠯᠳᠡᠭᠡᠭᠦᠷ᠎ᠤᠨ ᠨᠠᠭᠠᠯᠲᠠ᠎ᠵᠢ ᠤᠶᠠᠯᠳᠤᠭᠤᠯᠵᠤ᠂ ᠶᠠᠩᠵᠤ ᠪᠦᠷᠢ᠎ᠶ᠋ᠢᠨ ᠪᠣᠷᠣᠯᠠᠭᠤᠯᠤᠯᠲᠠ᠎ᠶᠢᠨ ᠬᠡᠮᠵᠢᠶ᠎ᠡ ᠨᠢ ᠲᠦᠮᠡ᠎ᠶᠢ ᠲᠠᠪᠠᠵᠠᠢ᠃
ᠡᠨᠡ ᠳᠡᠯᠭᠡᠭᠦᠷ᠎ᠲᠦ᠂ ᠬᠥᠯᠥᠨ ᠪᠣᠢ᠌ᠷ᠎ᠤᠨ ᠬᠤᠸᠠᠷ ᠴᠡᠴᠡᠭᠳᠦ ᠬᠡᠮᠡᠷᠯᠢᠭ ᠮᠡᠲᠦ ᠨᠤᠮ᠎ᠤᠨ ᠬᠠᠪᠴᠢᠭᠤᠷᠭᠠ ᠥᠪᠡᠷᠮᠢᠴᠡ ᠣᠨᠴᠠᠯᠢᠭ᠎ᠲᠠᠶ ᠪᠠᠢᠳᠠᠭ᠃ ᠬᠤᠸᠠᠷ ᠴᠡᠴᠡᠭᠳᠦ ᠬᠡᠮᠡᠷᠯᠢᠭ ᠮᠡᠲᠦ᠎ᠪᠡᠷ ᠰᠠᠢᠨ ᠰᠠᠢᠬᠠᠨ ᠦᠵᠡᠮᠵᠢ ᠪᠠ ᠰᠠᠢᠨ ᠰᠠᠢᠬᠠᠨ ᠬᠡᠷᠡᠭ ᠪᠣᠳᠠᠰ᠎ᠢ ᠳᠦᠷᠰᠦᠯᠡᠳᠡᠭ ᠨᠢ ᠳᠤᠮᠳᠠᠳᠤ᠎ᠶ᠋ᠢᠨ ᠰᠣᠶᠣᠯ᠎ᠤᠨ ᠨᠡᠢᠲᠡᠯᠢᠭ ᠴᠢᠨᠠᠷ᠎ᠢ ᠪᠡᠯᠭᠡᠳᠡᠵᠦ᠍ ᠪᠤᠢ᠃ ᠬᠥᠯᠥᠨ ᠪᠣᠢᠷ ᠬᠣᠲᠠ᠎ᠶ᠋ᠢᠨ ᠴᠡᠴᠡᠭ ᠳᠡᠷᠡᠯᠵᠢ᠂ ᠡᠷᠭᠦᠨ᠎ᠡ ᠬᠣᠲᠠ᠎ᠶ᠋ᠢᠨ ᠴᠡᠴᠡᠭ ᠬᠡᠭᠡᠷ᠎ᠡ᠎ᠶ᠋ᠢᠨ ᠬᠡᠯᠡᠭᠡᠢ ᠰᠠᠷᠠᠨ᠎ᠠ᠂ ᠬᠠᠢᠯᠠᠷ ᠲᠣᠭᠣᠷᠢᠭ᠎ᠤᠨ ᠰᠤᠷᠢᠰᠦᠲᠠᠶ ᠤᠶᠠᠯᠳᠤᠭᠤᠯᠤᠨ᠂ ᠪᠠᠰᠠ ᠣᠷᠣᠨ ᠨᠤᠲᠤᠭ᠎ᠤᠨ ᠣᠨᠴᠠᠯᠢᠭ᠎ᠲᠠᠶ ᠴᠠᠨ᠎ᠠ ᠴᠡᠴᠡᠭ᠎ᠢᠶᠡᠷ ᠨᠡᠭᠡᠭᠡᠨ ᠬᠥᠭ᠌ᠵᠢᠭᠦᠯᠦᠭ᠌ᠰᠡᠨ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ ᠨᠢ ᠣᠷᠣᠨ ᠨᠤᠲᠤᠭ᠎ᠤᠨ ᠰᠣᠶᠣᠯ᠎ᠢ ᠳᠡᠯᠭᠡᠷᠡᠭᠦᠯᠪᠡ᠃
ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ᠂ ᠰᠣᠶᠣᠯ᠎ᠤᠨ ᠡᠯᠧᠮᠧᠨ᠋ᠲ᠂ ᠪᠦᠲᠦᠭᠡᠯᠴᠢ ᠦᠵᠡᠯ ᠰᠠᠨᠠᠭ᠎ᠠ ᠨᠢᠭᠡᠪᠦᠷᠢ᠎ᠶ᠋ᠢᠨ ᠠᠷᠤ᠎ᠳᠤ ᠴᠥᠮ ᠭᠦᠨ ᠵᠤᠵᠠᠭᠠᠨ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠠᠭᠤᠯᠤᠭ᠍ᠳᠠᠵᠤ᠂ ᠲᠡᠭᠦᠨ᠎ᠢ ᠬᠥᠯᠥᠨ ᠪᠣᠢᠷ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠭᠦᠨ ᠵᠤᠵᠠᠭᠠᠨ ᠠᠭᠤᠯᠤᠭ᠍ᠳᠠᠬᠤᠨ᠎ᠲᠠᠶ ᠠᠭᠤᠰᠤᠯᠴᠠᠭᠤᠯᠵᠤ᠂ ᠡᠭᠦᠨ᠎ᠦ ᠳᠤᠮᠳᠠ᠎ᠡᠴᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠰᠣᠶᠣᠯ᠎ᠤᠨ ᠳᠤᠷᠠᠰᠤᠮᠵᠢ ᠪᠠ ᠥᠷᠲᠡᠭ᠎ᠦᠨ ᠠᠭᠤᠯᠤᠭ᠍ᠳᠠᠬᠤᠨ᠎ᠢ ᠠᠭᠤᠳᠠᠯᠵᠤ ᠪᠤᠯᠳᠠᠭ᠃
ᠡᠳᠡᠭᠡᠷ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭᠳᠡᠭᠦᠨ᠎ᠦ ᠵᠢᠷᠤᠭ ᠲᠥᠯᠥᠪᠯᠡᠭᠡ᠎ᠶᠢ ᠪᠦᠷ ᠬᠥᠯᠥᠨ ᠪᠤᠢ᠌ᠷ᠎ᠤᠨ ᠮᠤᠨᠭᠭᠤᠯ ᠰᠣᠶᠣᠯ ᠳᠠᠮᠵᠢᠭᠤᠯᠭ᠎ᠠ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠢ ᠶᠤᠮ᠃ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ᠎ᠢ ᠨᠡᠭᠡᠭᠡᠨ ᠬᠥᠭ᠌ᠵᠢᠭᠦᠯᠬᠦ᠌᠂ ᠦᠢᠯᠡᠳᠪᠦᠷᠢᠯᠡᠬᠦ᠌ ᠵᠢᠴᠢ ᠪᠣᠷᠣᠯᠠᠭᠤᠯᠬᠤ᠎ᠶ᠋ᠢ ᠨᠢᠭᠡ ᠴᠤᠬ᠍ᠴᠠᠵᠢᠭᠤᠯᠤᠬ᠍ᠰᠠᠨ ᠴᠤᠷ᠎ᠤᠨ ᠭᠠᠭ᠍ᠴᠠ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠮᠤᠨᠭᠭᠤᠯ ᠰᠣᠶᠣᠯ ᠳᠠᠮᠵᠢᠭᠤᠯᠭ᠎ᠠ᠎ᠶ᠋ᠢᠨ ᠺᠣᠮᠫᠠᠨᠢ ᠨᠢ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ᠎ᠤ ᠳᠠᠮᠵᠢᠭᠤᠯᠭ᠎ᠠ᠎ᠪᠡᠷ ᠳᠠᠮᠵᠢᠭᠤᠯᠤᠨ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠣᠳᠠᠰ᠎ᠤᠨ ᠬᠡᠯᠪᠡᠷᠢ᠎ᠪᠡᠷ ᠤᠳᠤ ᠦᠶ᠎ᠡ᠎ᠶ᠋ᠢᠨ ᠬᠥᠮᠦᠰ᠎ᠦᠨ ᠡᠳᠦᠷ ᠲᠤᠳᠤᠮ᠎ᠤᠨ ᠠᠮᠢᠳᠤᠷᠠᠯ᠎ᠳᠤ ᠠᠭᠤᠰᠤᠯᠴᠠᠭᠤᠯᠵᠤ᠂ ᠤᠯᠠᠮᠵᠢᠯᠠᠯᠲᠤ ᠰᠣᠶᠣᠯ᠎ᠢ ᠬᠠᠮᠠᠭᠠᠯᠠᠨ ᠤᠯᠠᠮᠵᠢᠯᠠᠬᠤ᠎ᠶ᠋ᠢᠨ ᠬᠠᠮᠲᠤ᠂ ᠲᠤᠬᠠᠢ᠎ᠶ᠋ᠢᠨ ᠭᠠᠵᠠᠷ᠎ᠤᠨ ᠰᠣᠶᠣᠯ᠎ᠤᠨ ᠬᠡᠷᠡᠭ᠌ᠯᠡᠭᠡ᠎ᠶ᠋ᠢᠨ ᠲᠡᠰ ᠳᠡᠪᠱᠢᠬᠦ᠌᠎ᠶ᠋ᠢ ᠠᠬᠢᠭᠤᠯᠪᠠ᠃
ᠣᠳᠣᠬᠠᠨ᠎ᠳᠤ᠂ ᠮᠤᠨᠭᠭᠤᠯ ᠰᠣᠶᠣᠯ ᠳᠠᠮᠵᠢᠭᠤᠯᠭ᠎ᠠ᠎ᠶ᠋ᠢᠨ ᠺᠣᠮᠫᠠᠨᠢ ᠨᠢᠭᠡᠨᠲᠡ ᠬᠤᠪᠢᠰᠭᠠᠯ᠎ᠤᠨ ᠰᠣᠶᠣᠯ᠎ᠤᠨ ᠭᠤᠤᠯ ᠰᠡᠳᠦᠪᠲᠦ ᠱᠢᠷᠢᠰ ᠪᠦᠲᠦᠭᠡᠯ᠂ ᠪᠣᠬᠢᠷᠲᠤᠯ ᠥᠬᠡᠶ ᠬᠥᠭ᠌ᠵᠢᠯᠲᠡ᠎ᠶ᠋ᠢᠨ ᠱᠢᠷᠢᠰ ᠭᠤᠤᠯ ᠰᠡᠳᠦᠪᠲᠦ ᠪᠦᠲᠦᠭᠡᠯ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠱᠢᠷᠢᠰ ᠭᠤᠤᠯ ᠰᠡᠳᠦᠪᠲᠦ ᠪᠦᠲᠦᠭᠡᠯ᠎ᠢ ᠪᠠᠭ᠍ᠲᠠᠭᠠᠭ᠍ᠰᠠᠨ ᠮᠢᠩᠭ᠎ᠠ ᠭᠠᠷᠤᠶ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ᠎ᠢ ᠵᠢᠷᠤᠵᠤ ᠲᠥᠯᠥᠪᠯᠡᠨ ᠰᠤᠳᠤᠯᠤᠨ ᠦᠶ᠋ᠯᠡᠳᠴᠦ᠍ ᠪᠠᠢᠨ᠎ᠠ᠃ ᠡᠭᠦᠨ᠎ᠳᠦ᠂ ᠬᠠᠮᠤᠭ᠎ᠤᠨ ᠬᠦᠷᠢᠶᠡᠯᠡᠯ᠎ᠲᠡᠶ ᠨᠢ 《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ》 ᠤ᠋ ᠱᠢᠷᠢᠰ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ ᠪᠣᠯᠤᠨ᠎ᠠ᠃ ᠡᠲᠡᠭᠡᠷ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ᠎ᠨᠢ ᠡᠷᠲᠡᠨ᠎ᠦ ᠬᠣᠲᠠ᠎ᠶ᠋ᠢᠨ ᠱᠢᠤᠳᠠᠨ᠎ᠤ ᠲᠣᠪᠴᠢᠶ᠎ᠠ᠎ᠶ᠋ᠢᠨ ᠰᠣᠶᠣᠯ᠎ᠤᠨ ᠡᠭᠦᠳᠦᠯᠲᠡ᠎ᠶ᠋ᠢᠨ ᠳᠡᠯᠭᠡᠭᠦᠷ᠂ ᠮᠠᠨᠵᠤᠤᠷ᠎ᠤᠨ ᠤᠭᠰᠠᠷᠠᠭ᠎ᠠ ᠬᠡᠸ᠋ᠬᠡᠯᠳᠡᠶᠶ᠋ᠢᠨ ᠭᠤᠤᠯ ᠰᠡᠳᠦᠪᠲᠦ ᠰᠣᠶᠣᠯ᠎ᠤᠨ ᠡᠭᠦᠳᠦᠯᠲᠡ᠎ᠶ᠋ᠢᠨ ᠳᠡᠯᠭᠡᠭᠦᠷ᠂ ᠮᠠᠨ ᠴᠧᠩ ᠶᠢᠦ ᠯᠢ᠎ᠶ᠋ᠢᠨ ᠭᠤᠤᠯ ᠰᠡᠳᠦᠪᠲᠦ ᠰᠣᠶᠣᠯ᠎ᠤᠨ ᠡᠭᠦᠳᠦᠯᠲᠡ᠎ᠶ᠋ᠢᠨ ᠳᠡᠯᠭᠡᠭᠦᠷ᠂ ᠬᠥᠬᠡᠬᠣᠲᠠ᠎ᠶ᠋ᠢᠨ 5 ᠱᠢᠤᠳᠠᠨ᠎ᠤ ᠤᠮᠳᠠᠭᠠᠨ᠎ᠤ ᠳᠡᠯᠭᠡᠭᠦᠷ᠂ ᠲᠤᠤ ᠪᠦᠦ ᠳᠡᠯᠭᠡᠭᠦᠷ᠂ ᠴᠤᠤᠷᠢᠶ᠎ᠠ ᠳᠡᠯᠭᠡᠭᠦᠷ᠎ᠲᠦ ᠪᠣᠷᠣᠯᠠᠭᠤᠯᠤᠭ᠍ᠳᠠᠵᠤ᠂ ᠪᠦᠬᠦᠨ᠎ᠢᠶᠡᠷ᠎ᠢᠶᠡᠨ 《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ》 ᠤ᠋ ᠰᠣᠶᠣᠯ᠎ᠤᠨ ᠡᠭᠦᠳᠦᠯᠲᠡ᠎ᠶ᠋ᠢᠨ ᠠᠯᠪᠠᠨ ᠲᠠᠯ᠎ᠠ᠎ᠶ᠋ᠢᠨ ᠡᠷᠬᠡ ᠣᠯᠭᠣᠭ᠍ᠰᠠᠨ ᠳᠡᠯᠭᠡᠭᠦᠷ ᠪᠣᠯᠵᠠᠶ᠃ 《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ》 ᠡᠬᠢᠯᠡᠬᠥ ᠡᠴᠡ ᠡᠮᠤᠨᠡᠬᠡᠨ 60 ᠡᠳᠦᠷ᠂ 30 ᠡᠳᠦᠷ ᠪᠤᠯᠬᠤ ᠦᠶ᠎ᠡ᠎ᠳᠤ᠂ ᠺᠣᠮᠫᠠᠨᠢ᠎ᠨᠤᠭᠤᠳ ᠱᠢᠨ᠎ᠡ ᠦᠶ᠋ᠯᠡᠳᠬᠦᠨ᠎ᠢᠶᠡᠨ ᠵᠠᠯᠭᠠᠭ᠎ᠠ᠎ᠪᠠᠷ ᠨᠡᠢᠲᠡᠯᠡᠬᠦ᠌ ᠪᠣᠯᠤᠨ᠎ᠠ᠃
ᠮᠣᠩᠭᠣᠯ ᠰᠣᠶᠣᠯ ᠳᠠᠮᠵᠢᠭᠤᠯᠭ᠎ᠠ᠎ᠶᠢᠨ ᠺᠣᠮᠫᠠᠨᠢ᠎ᠶ᠋ᠢᠨ ᠨᠡᠭᠡᠭᠡᠨ ᠬᠥᠭ᠌ᠵᠢᠭᠦᠯᠦᠭ᠌ᠰᠡᠨ ᠲᠥᠷᠥᠯ ᠵᠦᠶ᠋ᠯ᠎ᠨᠢ 《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ》 ᠤ᠋ ᠱᠢᠷᠢᠰ ᠰᠣᠶᠣᠯ᠎ᠤᠨ ᠡᠭᠦᠳᠦᠯᠲᠡ᠎ᠶ᠋ᠢᠨ ᠦᠶ᠋ᠯᠡᠳᠬᠦᠨ᠎ᠦ 90%᠎ᠶ᠋ᠢ ᠡᠵᠡᠯᠡᠵᠦ᠍ ᠪᠣᠶ᠃ ᠬᠡᠷᠬᠢᠨ ᠣᠬᠣᠷᠬᠠᠨ ᠬᠤᠭᠤᠴᠠᠭᠠᠨ᠎ᠤ ᠳᠣᠲᠣᠷ᠎ᠠ ᠪᠡᠶ᠎ᠡ᠎ᠶ᠋ᠢᠨ ᠲᠠᠮᠢᠷ᠎ᠤᠨ ᠰᠣᠶᠣᠯ᠎ᠢ ᠰᠠᠢᠲᠤᠷ ᠡᠵᠡᠮᠱᠢᠵᠦ᠍᠂ ᠬᠠᠷᠠᠯᠲᠠᠲᠤ ᠬᠡᠷᠡᠭᠯᠡᠭᠴᠢ᠎ᠶᠢᠨ ᠪᠦᠯᠬᠦᠮ᠎ᠢ ᠠᠳᠭᠤᠵᠤ᠂ ᠤᠯᠠᠨ᠎ᠤ ᠪᠠᠬᠠᠷᠬᠠᠳᠠᠭ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ᠎ᠢ ᠦᠢᠯᠡᠳᠬᠦ᠌ ᠨᠢ ᠠᠵᠤ ᠠᠬᠤᠢᠯᠠᠯ᠎ᠳᠤ ᠪᠠᠰᠠ ᠮᠠᠰᠢ ᠤᠯᠠᠨ ᠥᠷᠢᠰᠥᠯᠳᠦᠭᠡᠨ ᠠᠪᠴᠢᠷᠠᠭ᠍ᠰᠠᠨ ᠪᠠᠢᠨ᠎ᠠ᠃
《〈ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ〉 ᠬᠥᠯᠥᠨ ᠪᠣᠢᠷ ᠬᠣᠲᠠ᠎ᠳᠤ ᠶᠠᠪᠤᠭ᠍ᠳᠠᠬᠤ ᠪᠣᠯᠤᠨ᠎ᠠ᠂ ᠨᠤᠲᠤᠭ᠎ᠤᠨ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠪᠢᠳᠡ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭᠳᠡᠭᠦᠨ᠎ᠢ ᠨᠡᠭᠡᠭᠡᠨ ᠬᠥᠭ᠌ᠵᠢᠭᠦᠯᠬᠦ᠌ ᠡᠭᠦᠷᠭᠡ ᠬᠠᠷᠢᠭᠤᠴᠠᠯᠭ᠎ᠠ᠎ᠵᠢ ᠡᠬᠦᠷᠭᠡᠯᠡᠵᠦ ᠪᠠᠢᠭ᠎ᠠ ᠶᠤᠮ》 ᠭᠡᠵᠦ᠍ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠱᠢᠤᠢ ᠸᠧᠢ ᠵᠢᠩ ᠬᠡᠯᠡᠪᠡ᠃ ᠠᠷᠠᠳ᠎ᠤᠨ ᠠᠮᠢᠳᠤᠷᠠᠯ᠎ᠤᠨ ᠲᠦᠪᠱᠢᠨ᠎ᠦ ᠳᠡᠭᠡᠭ᠌ᠰᠢᠯᠡᠬᠦ᠌᠎ᠶ᠋ᠢ ᠳᠠᠭᠠᠯᠳᠤᠨ᠂ ᠰᠣᠶᠣᠯ᠎ᠤᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠᠯ ᠰᠠᠶᠢ ᠠᠷᠠᠳ ᠲᠦᠮᠡᠨ᠎ᠦ ᠳᠡᠭᠡᠳᠦ ᠲᠠᠰ᠎ᠤᠨ ᠰᠣᠶᠣᠯ᠎ᠤᠨ ᠬᠡᠷᠡᠭ᠌ᠴᠡᠭᠡ᠎ᠶ᠋ᠢ ᠬᠠᠩᠭᠠᠵᠤ ᠴᠢᠳᠠᠨ᠎ᠠ᠃ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ᠎ᠦ ᠳᠡᠯᠭᠡᠷᠡᠭᠦᠯᠦᠯᠲᠡ ᠨᠢ ᠰᠣᠶᠣᠯ᠎ᠤᠨ ᠦᠷᠭᠦᠯᠵᠢᠯᠡᠬᠦ᠌ ᠴᠢᠨᠠᠷ᠂ ᠥᠪᠡᠷ᠎ᠦᠨ ᠥᠷᠲᠡᠭ ᠳᠣᠣᠷ᠎ᠠ᠂ ᠠᠮᠢ ᠠᠬᠤᠶ᠎ᠶ᠋ᠢᠨ ᠮᠠᠶᠢᠭ᠎ᠤᠨ ᠳᠠᠮᠵᠢᠭᠤᠯᠭ᠎ᠠ ᠭᠠᠷᠭᠠᠯᠲᠠ᠎ᠶ᠋ᠢ ᠪᠡᠶᠡᠯᠡᠭᠦᠯᠵᠦ᠍᠂ ᠨᠡᠢᠭᠡᠮ᠎ᠦᠨ ᠦᠷ᠎ᠡ ᠠᠱᠢᠭ ᠪᠠ ᠠᠵᠤ ᠠᠬᠤᠶ᠎ᠶ᠋ᠢᠨ ᠦᠷ᠎ᠡ ᠠᠱᠢᠭ᠎ᠤᠨ ᠬᠣᠣᠰ ᠡᠯᠪᠡᠭ ᠬᠤᠷᠢᠶᠠᠯᠲᠠ᠎ᠶ᠋ᠢ ᠪᠡᠶᠡᠯᠡᠭᠦᠯᠬᠦ᠌ ᠪᠣᠯᠤᠨ᠎ᠠ᠃
ᠤᠢ᠍ᠢᠷ᠎ᠠ᠎ᠶ᠋ᠢᠨ ᠵᠢᠯ᠎ᠡᠴᠡ᠂ ᠮᠤᠨᠭᠭᠤᠯ ᠰᠣᠶᠣᠯ ᠳᠠᠮᠵᠢᠭᠤᠯᠭ᠎ᠠ᠎ᠶᠢᠨ ᠺᠣᠮᠫᠠᠨᠢ 29 ᠰᠤᠷᠭᠠᠭᠤᠯᠢ᠎ᠳᠤ ᠬᠦᠷᠴᠦ᠍᠂ ᠰᠤᠷᠤᠭ᠍ᠴᠢᠳ᠎ᠲᠤ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠪᠣᠯᠤᠨ 《ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ》 ᠤ᠋ ᠮᠡᠳᠡᠯᠭᠡ᠎ᠶ᠋ᠢ ᠤᠯᠠᠮᠵᠢᠯᠠᠨ ᠳᠠᠮᠵᠢᠭᠤᠯᠪᠠ; ᠲᠣᠭᠠᠴᠢᠯᠠᠭ᠍ᠰᠠᠨ ᠮᠡᠷᠭᠡᠵᠢᠯ᠎ᠢᠶᠡᠷ ᠳᠠᠮᠵᠢᠭᠤᠯᠤᠨ᠂ 12 ᠠᠢᠮᠠᠭ ᠬᠣᠲᠠ᠎ᠶ᠋ᠢᠨ 56 ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠱᠢᠷᠪᠢᠵᠦ᠍᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠲᠣᠭᠠᠴᠢᠯᠠᠬᠤ᠎ᠶ᠋ᠢ ᠪᠡᠶᠡᠯᠡᠭᠦᠯᠪᠡ᠃ ᠲᠣᠭᠣᠷᠢᠨ ᠦᠵᠡᠭ᠌ᠰᠡᠳ ᠭᠠᠷ ᠤᠲᠠᠰᠤ᠎ᠪᠠᠷ ᠲᠣᠭᠠᠴᠢᠯᠠᠭ᠍ᠰᠠᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠵᠢᠵᠢᠭ ᠫᠷᠤᠭ᠌ᠷᠠᠮ᠎ᠤᠨ ᠬᠣᠶᠠᠷ ᠬᠡᠮᠵᠢᠯᠳᠦ ᠺᠣᠳ᠋᠎ᠢ ᠱᠢᠷᠪᠢᠪᠡᠯ᠂ ᠲᠣᠭᠠᠴᠢᠯᠠᠭ᠍ᠰᠠᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠪᠡᠶᠡᠴᠢᠯᠡᠨ ᠣᠢᠯᠠᠭᠠᠬᠤ᠎ᠳᠤ ᠪᠡᠶ᠎ᠡ᠎ᠪᠡᠷ᠎ᠢᠶᠡᠨ ᠣᠷᠣᠯᠴᠠᠵᠤ᠂ ᠪᠡᠶᠡᠴᠢᠯᠡᠨ ᠣᠢᠯᠠᠭᠠᠬᠤ ᠳᠤᠮᠳᠠ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠷᠭ᠎ᠠ ᠪᠠᠷᠢᠯ᠎ᠢ ᠤᠶᠠᠯᠳᠤᠭᠤᠯᠤᠭ᠍ᠰᠠᠨ ᠷᠢᠳᠢ ᠱᠢᠳᠢ᠎ᠶ᠋ᠢ ᠮᠡᠳᠡᠷᠡᠵᠦ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠠᠷᠤ᠎ᠳᠠᠬᠢ ᠦᠯᠢᠭᠡᠷ᠎ᠢ ᠣᠢᠯᠠᠭᠠᠵᠤ ᠴᠢᠳᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃