ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2023-11-27 09:53:44

ᠵᠣᠬᠢᠶᠠᠭ᠍ᠴᠢ᠄ ᠬᠠᠢ ᠵᠢᠶᠦ᠋ᠨ ᠣᠩᠱᠢᠭ᠍ᠰᠠᠨ ᠣᠳᠠᠭ᠎ᠠ᠄ 3

ᠬᠥᠮᠦᠰ ᠠᠵᠢᠯᠯᠠᠭᠠᠳ ᠶᠠᠳᠠᠷᠠᠬᠤ ᠦᠶ᠎ᠠ ᠳ᠋ᠤ ᠲᠠᠭᠠᠯᠠᠮᠵᠢᠲᠠᠶ ᠭᠠᠵᠠᠷ ᠣᠯᠵᠤ ᠪᠡᠶ᠎ᠡ ᠰᠡᠳᠬᠢᠯ᠎ᠤᠨ ᠴᠢᠯᠡᠭᠡ ᠪᠠᠨ ᠲᠠᠢᠯᠬᠤ ᠵᠢ ᠬᠦᠰᠡᠳᠡᠭ᠃ ᠤᠯᠠᠭᠠᠨᠴᠠᠪ ᠬᠣᠲᠠ᠎ᠶ᠋ᠢᠨ ᠵᠢᠨᠢᠩ ᠲᠣᠭᠣᠷᠢᠭ᠎ᠲᠤ ᠬᠠᠷᠢᠨ ᠡᠨᠡ ᠬᠦ᠌ ᠬᠦᠰᠡᠯ᠎ᠢ ᠬᠠᠩᠭᠠᠬᠴᠢ ᠨᠣᠮ᠎ᠤᠨ ᠳᠡᠯᠭᠡᠭᠦᠷ ᠪᠠᠢᠳᠠᠭ᠃

ᠲᠤᠰ ᠨᠣᠮ᠎ᠤᠨ ᠳᠡᠯᠭᠡᠭᠦᠷ 《ᠪᠣᠳᠠᠲᠤ ᠴᠣᠭ᠍ᠴᠠ᠎ᠶ᠋ᠢᠨ ᠨᠣᠮ᠎ᠤᠨ ᠳᠡᠯᠭᠡᠭᠦᠷ + ᠤᠩᠱᠢᠯᠭ᠎ᠠ᠎ᠶ᠋ᠢᠨ ᠣᠷᠣᠨ ᠵᠠᠢ + ᠰᠣᠶᠣᠯ᠎ᠤᠨ ᠠᠵᠤ ᠦᠢᠯᠡᠰ》 ᠭᠡᠬᠦ ᠬᠤᠳᠠ᠎ᠶ᠋ᠢᠨ ᠰᠣᠶᠣᠯ᠎ᠤᠨ ᠡᠵᠡᠩᠨᠡᠯᠲᠡ᠎ᠶ᠋ᠢᠨ ᠵᠠᠭ᠍ᠪᠤᠷ᠎ᠢ ᠠᠱᠢᠭ᠍ᠯᠠᠵᠤ᠂ ᠠᠭᠤᠵᠢᠭᠤ᠂ ᠲᠤᠬᠢᠯᠢᠭ᠂ ᠲᠠᠭᠠᠯᠠᠮᠵᠢᠲᠠᠢ ᠣᠷᠴᠢᠨ ᠬᠠᠩᠭᠠᠬᠤ᠎ᠪᠠᠷ ᠳᠠᠮᠵᠢᠨ᠂ ᠬᠥᠮᠦᠰ᠎ᠲᠦ ᠤᠩᠱᠢᠯᠭ᠎ᠠ ᠵᠡᠷᠭᠡ ᠡᠯ᠎ᠡ ᠵᠦᠢᠯ᠎ᠦᠨ ᠰᠣᠶᠣᠯ᠎ᠤᠨ ᠪᠡᠶᠡᠴᠢ ᠣᠢᠯᠠᠭᠠᠯᠲᠠ᠂ ᠰᠣᠶᠣᠯ᠎ᠤᠨ ᠪᠦᠲᠦᠭᠡᠯᠴᠢ ᠦᠢᠯᠡᠳᠬᠦᠨ᠎ᠤ ᠬᠡᠷᠡᠭᠯᠡᠭᠡ ᠵᠡᠷᠭᠡ ᠵᠢᠨ ᠬᠠᠪᠤ ᠴᠡᠩᠭᠡᠯ᠎ᠢ ᠡᠳ᠋ᠯᠡᠭᠦᠯᠵᠦ ᠪᠠᠢᠨ᠎ᠠ᠃

ᠡᠨᠡ ᠪᠤᠯ ᠪᠦᠬᠦ᠌ ᠤᠯᠤᠰ᠎ᠲᠤ ᠠᠡᠭᠬ᠎ᠠ ᠡᠬᠢᠯᠡᠭᠦᠯᠵᠦ ᠪᠠᠢᠭ᠎ᠠ ᠰᠣᠶᠣᠯ᠎ᠤᠨ ᠶᠡᠷᠦᠩᠬᠡᠢᠯᠡᠭ᠌ᠰᠡᠨ ᠴᠣᠭ᠍ᠴᠠ᠎ᠶ᠋ᠢᠨ ᠡᠵᠡᠩᠨᠡᠯᠲᠡ᠎ᠶ᠋ᠢᠨ ᠵᠠᠭ᠍ᠪᠤᠷ ᠪᠤᠯᠤᠨ᠎ᠠ᠃ ᠲᠤᠰ ᠨᠤᠮ᠎ᠤᠨ ᠳᠡᠯᠭᠡᠭᠦᠷ᠎ᠢ ᠶᠠᠨ ᡁᠢ ᠨᠣᠮ᠎ᠤᠨ ᠳᠡᠯᠭᠡᠭᠦᠷ ᠭᠡᠳᠡᠭ᠂ ᠬᠤᠳᠠ᠎ᠶ᠋ᠢᠨ ᠤᠯᠠᠨ ᠨᠡᠢᠲᠡ᠎ᠶ᠋ᠢᠨ ᠰᠣᠶᠣᠯ᠎ᠤᠨ 《ᠠᠭᠤᠯᠵᠠᠯᠲᠠ᠎ᠶ᠋ᠢᠨ ᠲᠢᠩᠬᠢᠮ》 ᠪᠣᠯᠤᠨ᠎ᠠ᠃ ᠥᠪᠥᠷ ᠮᠣᠩᠭᠣᠯ᠎ᠤᠨ ᠶᠠᠨ ᡁᠢ ᠰᠣᠶᠣᠯ᠎ᠤᠨ ᠪᠦᠲᠦᠭᠡᠯᠴᠢ ᠰᠡᠳᠬᠢᠮᠵᠢ᠎ᠶ᠋ᠢᠨ ᠬᠢᠵᠠᠭᠠᠷᠲᠤ ᠺᠣᠮᠫᠠᠨᠢ 1800 ᠲᠦᠮᠡᠨ ᠲᠥᠭᠥᠷᠢᠭ᠎ᠦᠨ ᠪᠡᠯᠡ ᠣᠷᠣᠭᠤᠯᠵᠤ ᠪᠠᠢᠭᠤᠯᠤᠭ᠍ᠰᠠᠨ ᠤᠯᠠᠭᠠᠨᠴᠠᠪ ᠬᠤᠳᠠ᠎ᠶ᠋ᠢᠨ ᠠᠩᠬᠠᠳᠠᠭ᠍ᠴᠢ ᠱᠢᠨ᠎ᠡ ᠬᠡᠯᠪᠡᠷᠢ᠎ᠶ᠋ᠢᠨ ᠤᠯᠠᠨ ᠨᠡᠢᠲᠡ᠎ᠶ᠋ᠢᠨ ᠰᠣᠶᠣᠯ᠎ᠤᠨ ᠤᠩᠱᠢᠯᠭ᠎ᠠ᠎ᠶ᠋ᠢᠨ ᠣᠷᠣᠨ ᠵᠠᠢ ᠪᠣᠯᠤᠨ᠎ᠠ᠃

ᠵᠢᠨᠢᠩ ᠱᠢᠨ᠎ᠡ ᠲᠣᠭᠣᠷᠢᠭ᠎ᠲᠤ ᠪᠠᠢᠷᠢᠯᠠᠭ᠎ᠠ ᠡᠤ᠌ ᠶᠤᠸᠠᠢ ᠠᠭᠤᠳᠠᠮ ᠲᠠᠯᠠᠪᠠᠢ᠎ᠶ᠋ᠢᠨ 5 ᠳ᠋ᠤᠭᠠᠷ ᠳᠠᠪᠬᠤᠷᠯᠢᠬ᠎ᠲᠤ 4000 ᠲᠡᠭ᠌ᠰᠢ ᠳᠥᠷᠪᠡᠯᠵᠢᠨ ᠮᠸᠲᠷ᠎ᠤᠨ ᠨᠤᠮ ᠤᠩᠱᠢᠬᠤ᠂ ᠲᠤᠮᠳᠠᠲᠤ ᠤᠯᠤᠰ᠎ᠤᠨ ᠤᠯᠠᠮᠵᠢᠯᠠᠯᠲᠤ ᠰᠣᠶᠣᠯ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠂ ᠨᠡᠢᠭᠡᠮ᠎ᠦᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌᠂ ᠰᠣᠶᠣᠯ᠎ᠤᠨ ᠲᠦᠷᠦᠯ ᠲᠡᠮᠳᠡᠭ ᠪᠦᠬᠦᠢ ᠪᠦᠲᠦᠭᠡᠭᠳᠡᠬᠦᠨ ᠢ᠋ ᠳᠡᠯᠭᠡᠨ ᠪᠣᠷᠣᠯᠠᠭᠤᠯᠬᠤ᠂ ᠢᠳᠡᠭᠡᠨ ᠤᠮᠳᠠᠭᠠᠨ᠎ᠢ ᠨᠢᠭᠡ ᠴᠤᠬ᠍ᠴᠠᠵᠢᠭᠤᠯᠤᠭᠰᠠᠨ ᠲᠤᠮᠤ ᠬᠡᠯᠪᠡᠷᠢ᠎ᠶ᠋ᠢᠨ ᠤᠩᠱᠢᠯᠭ᠎ᠠ᠎ᠶ᠋ᠢᠨ ᠣᠷᠣᠨ ᠵᠠᠢ ᠬᠠᠷᠠᠭᠠᠨ᠎ᠳᠤ ᠲᠣᠳᠣᠷᠠᠨ᠎ᠠ᠃ ᠡᠨᠡ ᠪᠣᠯ ᠳᠠᠷᠤᠢ ᠶᠠᠨ ᡁᠢ ᠨᠣᠮ᠎ᠤᠨ ᠳᠡᠯᠭᠡᠭᠦᠷ ᠪᠣᠯᠤᠨ᠎ᠠ᠃ ᠲᠣᠬᠢᠯᠢᠭ ᠡᠪᠲᠡᠢ ᠴᠢᠮᠡᠭᠯᠡᠭᠰᠡᠨ ᠦᠷᠦᠭᠡ᠂ ᠠᠭᠤᠵᠢᠮ ᠰᠠᠷᠠᠭᠤᠯ ᠣᠷᠣᠨ ᠵᠠᠶ᠂ ᠵᠦᠶ ᠵᠣᠬᠢᠰᠲᠠᠶ ᠪᠠᠢᠷᠢᠱᠢᠭᠤᠯᠤᠭ᠍ᠰᠠᠨ ᠱᠢᠷᠡᠭᠡ ᠰᠠᠨᠳᠠᠯᠢ ᠪᠠᠰᠠ ᠴᠢᠬᠢᠨ ᠤ᠋ ᠴᠢᠮᠡᠭ ᠪᠤᠯᠤᠭᠰᠠᠨ ᠠᠶᠠᠯᠭᠤ ᠬᠥᠭ᠌ᠵᠢᠮ ᠲᠠᠢ᠃ ᠡᠨᠳᠡ 《ᠨᠤᠮ ᠤ᠋ᠨ ᠬᠣᠷᠣᠬᠠᠢᠲᠡᠳ》 ᠳᠤᠷᠠᠲᠠᠶ ᠨᠣᠮ᠎ᠢᠶᠠᠨ ᠰᠤᠡᠭᠭᠤᠵᠤ᠂ ᠨᠤᠮ ᠤ᠋ᠨ ᠲᠡᠯᠭᠡᠭᠦᠷ ᠤ᠋ᠨ ᠬᠠᠡᠭᠭᠠᠭᠰᠠᠨ ᠦᠨ᠎ᠡ ᠲᠥᠯᠥᠪᠦᠷᠢ ᠦᠭᠡᠶ ᠨᠢᠮᠪᠡᠭᠡ᠎ᠲᠠᠢ ᠤᠰᠤ ᠵᠢ ᠨᠢᠭᠡ ᠴᠤᠮᠤ ᠲᠤᠰᠤᠭᠠᠳ᠂ ᠲᠠᠭᠠᠯᠠᠮᠵᠢᠲᠠᠶ ᠣᠷᠣ ᠣᠯᠵᠤ᠂ ᠤᠩᠱᠢᠯᠭ᠎ᠠ᠎ᠶ᠋ᠢᠨ ᠬᠠᠪᠤ ᠴᠡᠩᠭᠡᠯ᠎ᠢ ᠡᠳ᠋ᠯᠡᠵᠦ᠍ ᠪᠣᠯᠳᠠᠭ᠃ ᠡᠨᠳᠡ ᠬᠦᠮᠦᠰ ᠪᠠᠰᠠ ᠲᠤᠬᠠᠶ᠎ᠶ᠋ᠢᠨ ᠭᠠᠵᠠᠷ᠎ᠤᠨ ᠣᠨᠴᠠᠯᠢᠭᠳᠤ ᠰᠣᠶᠣᠯ᠎ᠤᠨ ᠪᠦᠲᠦᠭᠡᠭ᠌ᠳᠡᠬᠦᠨ᠎ᠢ ᠲᠣᠭᠣᠷᠢᠨ ᠦᠵᠡᠬᠦ᠌ ᠪᠤᠶᠤ ᠬᠤᠳᠠᠯᠳᠤᠨ ᠠᠪᠴᠤ᠌ ᠪᠣᠯᠤᠨ᠎ᠠ᠃ ᠪᠠᠰᠠ ᠣᠨᠴᠠᠯᠢᠭ᠍ᠲᠤ ᠠᠮᠳᠠᠳᠤ ᠢᠳᠡᠭᠡᠨ ᠡᠴᠡ ᠠᠮᠰᠠᠨ᠂ ᠪᠡᠶ᠎ᠡ ᠰᠡᠳᠭᠢᠯ ᠵᠢᠡᠨ ᠠᠮᠠᠷᠠᠭᠤᠯᠵᠤ᠂ ᠠᠵᠢᠯ᠎ᠤᠨ ᠴᠢᠯᠥᠭᠡᠨ᠎ᠦ ᠬᠠᠪᠤ ᠴᠡᠩᠭᠡᠯ᠎ᠢ ᠡᠳ᠋ᠯᠡᠵᠦ᠍ ᠪᠣᠯᠤᠨ᠎ᠠ᠃

ᠡᠨᠡ ᠬᠦ᠌ ᠣᠯᠠᠨ ᠨᠡᠢᠲᠡ᠎ᠶ᠋ᠢᠨ ᠤᠩᠱᠢᠯᠭ᠎ᠠ᠎ᠶ᠋ᠢᠨ ᠣᠷᠣᠨ ᠵᠠᠶ᠎ᠶ᠋ᠢᠨ ᠡᠬᠦᠳᠤᠨ ᠪᠠᠢᠭᠤᠯᠤᠭ᠍ᠴᠢ ᠪᠣᠯ ᠥᠪᠥᠷ ᠮᠣᠩᠭᠣᠯ᠎ᠤᠨ ᠶᠠᠨ ᡁᠢ ᠰᠣᠶᠣᠯ᠎ᠤᠨ ᠪᠦᠲᠦᠭᠡᠯᠴᠢ ᠰᠡᠳᠬᠢᠮᠵᠢ ᠵᠢᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠬᠥᠩ ᠮᠤᠤ ᠯᠢᠨ ᠪᠣᠯᠤᠨ᠎ᠠ᠃ ᠡᠨᠡ ᠵᠢᠯ 35 ᠨᠠᠰᠤᠲᠠᠶ ᠭᠦᠩ ᠮᠤᠤ ᠯᠢᠨ ᠪᠣᠯ ᠤᠯᠠᠭᠠᠨᠴᠠᠪ ᠬᠣᠲᠠ᠎ᠶ᠋ᠢᠨ ᠵᠢᠨᠢᠩ ᠲᠣᠭᠣᠷᠢᠭ᠎ᠤᠨ ᠬᠥᠮᠦᠨ ᠪᠢᠯᠡ᠃ ᠲᠡᠷᠡ ᠰᠢ ᠠᠨ᠎ᠳᠤ ᠶᠡᠬᠡ ᠰᠤᠷᠭᠠᠭᠤᠯᠢ ᠳ᠋ᠤ ᠰᠠᠭᠤᠵᠦ᠂ ᠰᠦᠯᠵᠢᠶᠡᠨ᠎ᠦ ᠢᠨᠵᠧᠨᠧᠷᠢᠩ ᠤ᠋ᠨ ᠮᠡᠷᠭᠡᠵᠢᠯ ᠰᠤᠷᠴᠠᠶ᠃ ᠭᠦᠩ ᠮᠤᠤ ᠯᠢᠨ᠄《ᠶᠡᠬᠡ ᠰᠤᠷᠭᠠᠭᠤᠯᠢ᠎ᠶ᠋ᠢᠨ ᠬᠣᠶᠠᠳᠤᠭᠠᠷ ᠣᠨ᠎ᠳᠤ ᠪᠢ ᠱ᠌ᠢ ᠵᠢᠶᠠ ᠵᠤᠸᠠᠩ᠎ᠤᠨ ᠾᠧᠪᠧᠢ᠎ᠶ᠋ᠢᠨ ᠬᠠᠮᠲᠤᠷᠠᠭ᠍ᠰᠠᠨ ᠮᠡᠳᠡᠭᠡ ᠵᠠᠩᠭᠢ᠎ᠶ᠋ᠢᠨ ᠺᠣᠮᠫᠠᠨᠢ᠎ᠳᠤ ᠰᠡᠳᠬᠦᠯ ᠲᠠᠷᠬᠠᠭᠠᠬᠤ ᠠᠵᠢᠯ ᠤᠯᠵᠤ ᠬᠢᠵᠠᠢ᠃ ᠲᠤᠬᠠᠢ᠎ᠶ᠋ᠢᠨ ᠦᠶ᠎ᠡ᠎ᠳᠦ ᠴᠠᠬᠢᠯᠭᠠᠨ ᠬᠥᠳᠡᠯᠭᠡᠭᠦᠷᠲᠦ ᠲᠡᠷᠭᠡ ᠪᠡᠷ DM ᠠᠮᠢᠳᠤᠷᠠᠯ᠎ᠤᠨ ᠮᠡᠳᠡᠭᠡ ᠵᠠᠩᠭᠢ᠎ᠶ᠋ᠢᠨ ᠰᠡᠳᠬᠦᠯ᠎ᠢ ᠬᠦᠷᠭᠡᠵᠦ᠍ ᠪᠠᠢᠪᠠ》 ᠬᠡᠵᠤ ᠲᠠᠨᠢᠯᠴᠠᠭᠤᠯᠤᠨ᠎ᠠ᠃

ᠠᠵᠢᠯ᠎ᠤᠨ ᠬᠢᠷᠢ ᠪᠦᠲᠦᠮᠵᠢ ᠲᠤᠪᠤᠢ᠌ᠮ᠎ᠠ ᠪᠤᠯᠬᠤᠷ ᠭᠦᠩ ᠮᠤᠤ ᠯᠢᠨ ᠠᠵᠢᠯᠯᠠᠭᠠᠳ ᠬᠡᠳᠦᠨ ᠵᠢᠯ ᠪᠣᠯᠤᠭ᠍ᠰᠠᠨ᠎ᠤ ᠲᠠᠷᠠᠭ᠎ᠠ ᠲᠤᠰ ᠺᠣᠮᠫᠠᠨᠢ᠎ᠶ᠋ᠢᠨ ᠤᠳᠤᠷᠢᠳᠬᠤ ᠪᠠᠢᠷᠢᠨ᠎ᠳᠤ ᠲᠡᠪᠰᠢᠵᠦ᠂ ᠨᠡᠯᠢᠶᠡᠳ ᠦᠨᠳᠤᠷ ᠣᠷᠣᠯᠭ᠎ᠠ᠎ᠲᠠᠶ ᠪᠣᠯᠵᠠᠢ᠃ ᠭᠡᠪᠡᠴᠦ᠍ ᠶᠡᠷᠤ ᠨᠢ ᠤᠯᠠᠨ ᠡᠴᠡ ᠤᠨᠴᠠᠭᠠᠢ ᠶᠠᠭᠤ ᠨᠢᠭᠡ ᠵᠢ ᠪᠤᠳᠤᠵᠤ ᠰᠡᠳᠬᠢᠵᠤ ᠶᠠᠪᠤᠳᠠᠭ ᠲᠡᠷᠡ ᠤᠳᠠᠯ ᠦᠭᠡᠢ ᠠᠵᠢᠯ᠎ᠢᠶᠠᠨ ᠬᠠᠶᠠᠭᠠᠳ ᠰᠢ ᠠᠨ᠎ᠳᠤ ᠬᠦᠷᠴᠦ᠍ ᠦᠢᠯᠡᠰ ᠪᠤᠰᠭᠠᠵᠤ᠂ ᠬᠣᠵᠢᠮ ᠨᠢ ᠪᠠᠶᠠᠨᠨᠠᠭᠤᠷ ᠬᠤᠳᠠ᠎ᠶ᠋ᠢᠨ ᠤᠷᠠᠳ᠎ᠤᠨ ᠡᠮᠦᠨᠡᠲᠦ ᠬᠣᠱᠢᠭᠤᠨ᠎ᠳᠤ ᠬᠦᠷᠴᠦ᠍ ᠬᠠᠮᠲᠤ ᠰᠤᠷᠤᠯᠭᠠᠲᠠᠨ᠎ᠲᠠᠶ᠎ᠪᠠᠨ ᠵᠠᠷ ᠮᠡᠳᠡᠭᠡᠨ᠎ᠦ ᠺᠣᠮᠫᠠᠨᠢ ᠪᠠᠢᠭᠤᠯᠪᠠ᠃ 2014 ᠣᠨ᠎ᠳᠤ᠂ ᠲᠡᠷᠡ ᠪᠠᠰᠠ ᠭᠤᠤᠯ ᠡᠵᠡᠩᠨᠡᠯᠲᠡ᠎ᠶ᠋ᠢᠨ ᠠᠵᠢᠯ᠎ᠢᠶᠠᠨ ᠡᠯᠧᠺᠲ᠋ᠷᠣᠨ ᠬᠤᠳᠠᠯᠳᠤᠭ᠎ᠠ ᠳᠡᠭᠡᠷ᠎ᠡ ᠱᠢᠯᠵᠢᠭᠦᠯᠵᠦ᠍᠂ ᠦᠬᠠᠶ ᠬᠣᠲᠠ᠎ᠶ᠋ᠢᠨ ᠸᠠᠨ ᠳ᠋ᠠ ᠬᠡᠷ ᠭᠠᠵᠠᠷ᠎ᠤᠨ ᠬᠥᠷᠥᠩᠭᠡ᠎ᠶ᠋ᠢᠨ ᠺᠤᠮᠫᠠᠨᠢ ᠵᠢᠨ ᠱᠢᠨ᠎ᠡ ᠵᠠᠭᠤᠴᠢᠯᠠᠭᠤᠷ᠎ᠤᠨ ᠲᠥᠰᠦᠪᠯᠡᠯᠳᠡ ᠡᠵᠡᠩᠨᠡᠯᠲᠠ ᠵᠢᠨ ᠲᠥᠷᠥᠯ ᠵᠦᠶ᠋ᠯ᠎ᠢ ᠳᠠᠭᠠᠭᠠᠴᠢᠯᠠᠨ ᠠᠪᠴᠤ᠌᠂ ᠨᠡᠯᠢᠶᠡᠳ ᠰᠠᠢᠨ ᠬᠢᠷᠢ ᠪᠦᠲᠦᠮᠵᠢ ᠣᠯᠵᠠᠶ᠃ 《ᠵᠠᠯᠭᠠᠭᠠᠳ ᠪᠢᠳᠡ ᠪᠠᠰᠠ ᠵᠸᠩᠵᠸᠦ᠂ ᠱᠢᠨᠢᠩ᠂ ᠲᠢᠶᠠᠨᠵᠢᠨ᠂ ᠬᠥᠬᠡᠬᠣᠲᠠ᠂ ᠰᠢ ᠠᠨ ᠵᠡᠷᠭᠡ ᠭᠠᠵᠠᠷ᠎ᠤᠨ ᠸᠠᠨ ᠳ᠋ᠠ ᠬᠡᠷ ᠭᠠᠵᠠᠷ᠎ᠤᠨ ᠬᠥᠷᠥᠩᠭᠡ᠎ᠶ᠋ᠢᠨ ᠺᠤᠮᠫᠠᠨᠢ ᠵᠢᠨ ᠲᠦᠷᠦᠯ ᠲᠡᠮᠳᠡᠭ᠎ᠦᠨ ᠲᠦᠰᠦᠪᠯᠡᠯᠳᠡ᠂ ᠵᠠᠷ ᠮᠡᠳᠡᠭᠡᠨ᠎ᠦ ᠤᠬᠠᠭᠤᠯᠭ᠎ᠠ᠂ ᠱᠢᠨ᠎ᠡ ᠵᠠᠭᠤᠴᠢᠯᠠᠭᠤᠷ᠎ᠤᠨ ᠡᠵᠡᠩᠨᠡᠯᠲᠡ ᠵᠡᠷᠭᠡ ᠠᠵᠢᠯ᠎ᠢ ᠳᠠᠭᠠᠭᠠᠨ ᠠᠪᠴᠤ᠌᠂ ᠪᠥᠬᠥ᠌ ᠤᠯᠤᠰ ᠤ᠋ᠨ 500 ᠬᠦᠴᠦᠷᠬᠡᠭ ᠠᠵᠤ ᠠᠬᠤᠢᠯᠠᠯ ᠤ᠋ᠨ ᠲᠦᠷᠦᠯ ᠵᠤᠢᠯ ᠢ᠋ 60 ᠭᠠᠷᠤᠶ ᠲᠤᠰᠤᠭᠠᠳ ᠬᠢᠵᠤ ᠪᠠᠢᠭᠰᠠᠨ》 ᠭᠡᠵᠦ᠍ ᠭᠦᠩ ᠮᠤᠤ ᠯᠢᠨ ᠶᠠᠷᠢᠨ᠎ᠠ᠃

ᠡᠳᠤᠷᠵᠢᠨ ᠪᠤᠷᠪᠢ ᠪᠤᠬᠢᠰᠬᠢᠯ ᠦᠭᠡᠢ ᠮᠠᠷᠠᠢᠨ ᠵᠢᠳᠭᠦᠵᠤ ᠶᠠᠪᠤᠭ᠎ᠠ ᠦᠶ᠎ᠠ ᠳ᠋ᠡᠬᠡᠨ ᠭᠦᠩ ᠮᠤᠤ ᠯᠢᠨ ᠪᠣᠯᠤᠨ ᠲᠡᠭᠦᠨ᠎ᠦ ᠪᠦᠯᠬᠦᠮ᠎ᠦᠨ ᠬᠢᠨ ᠦᠷᠭᠦᠯᠵᠢ ᠡᠳᠦᠷ ᠲᠦ᠍ 3 ᠮᠤᠵᠢ᠎ᠶ᠋ᠢ ᠠᠯᠤᠰᠯᠠᠨ᠂ 5 ᠬᠤᠲᠠ ᠲᠣᠭᠣᠷᠢᠭ ᠵᠢᠡᠷ ᠬᠦᠷᠴᠦ᠍ ᠲᠦᠷᠦᠯ ᠵᠦᠢᠯ᠎ᠦᠨ ᠬᠠᠷᠢᠭᠤ ᠮᠡᠳᠡᠭᠦᠯᠦᠯᠲᠡ ᠬᠢᠵᠦ᠍᠂ ᠲᠤᠮᠳᠠᠴᠢ ᠪᠡᠷ ᠰᠦᠨᠢ ᠳ᠋ᠡᠭᠡᠨ 2 ᠴᠠᠭ ᠯᠡ ᠤᠨᠲᠠᠳᠠᠭ ᠪᠠᠢᠯ᠎ᠠ᠃ ᠣᠷᠳᠣ ᠬᠤᠭᠤᠴᠠᠭ᠎ᠠ᠎ᠬᠡᠲᠦᠷᠬᠡᠶ ᠶᠠᠳᠠᠷᠠᠭ᠍ᠰᠠᠨ᠎ᠠᠴᠠ ᠪᠣᠯᠵᠣ᠂ ᠬᠥᠩ ᠮᠤᠤ ᠯᠢᠨ ᠮᠡᠳᠡᠷᠡᠯ᠎ᠦᠨ ᠴᠢᠨᠠᠷᠲᠠᠶ ᠲᠣᠯᠣᠭᠠᠶ ᠡᠪᠡᠳᠬᠦ᠌ ᠡᠪᠡᠳᠴᠢᠨ᠎ᠳᠤ ᠨᠡᠷᠪᠡᠭᠳᠡᠵᠦ᠂ ᠬᠣᠵᠢᠮ ᠨᠢ ᠬᠡᠷ᠎ᠦᠨ ᠬᠥᠮᠦᠰ ᠪᠠ ᠬᠠᠮᠲᠤ ᠠᠵᠢᠯᠲᠠᠳ᠎ᠤᠨ᠎ᠢᠶᠠᠨ ᠢᠳᠭᠠᠯ ᠵᠢᠡᠷ ᠺᠣᠮᠫᠠᠨᠢ᠎ᠪᠠᠨ ᠬᠠᠭᠠᠵᠦ᠂ 2018 ᠣᠨ᠎ᠳᠤ ᠦᠯᠦᠭᠡᠢ ᠨᠤᠲᠤᠭ ᠤᠯᠠᠭᠠᠨᠴᠠᠪ᠎ᠲᠠᠭᠠᠨ ᠪᠤᠴᠠᠪᠠ᠃ ᠭᠦᠩ ᠮᠤᠤ ᠯᠢᠨ᠄《ᠤᠤᠯ ᠨᠢ ᠲᠡᠳᠡᠭᠡᠷ ᠲᠦᠷᠦᠯ ᠵᠦᠢᠯ᠎ᠢ ᠲᠠᠭᠠᠭᠠᠴᠢᠯᠠᠨ ᠬᠢᠵᠤ ᠶᠠᠳᠠᠷᠠᠵᠤ ᠮᠤᠡᠭᠭᠠᠨᠢᠵᠤ ᠪᠠᠢᠭᠰᠠᠨ ᠦᠶ᠎ᠡ᠎ᠳᠦ ᠬᠠᠶᠠ ᠲᠡᠲᠡᠭᠡᠷ ᠬᠤᠲᠠ᠎ᠶ᠋ᠢᠨ ᠲᠤᠮᠤ ᠨᠣᠮ᠎ᠤᠨ ᠳᠡᠯᠭᠡᠭᠦᠷ᠂ ᠲᠤᠮᠤ ᠨᠣᠮ᠎ᠤᠨ ᠦᠷᠦᠭᠡᠨ᠎ᠳᠦ ᠬᠦᠷᠴᠦ᠍᠂ ᠨᠠᠮ ᠵᠢᠮ ᠨᠣᠮ ᠤᠩᠱᠢᠵᠤ᠂ ᠺᠤᠹᠸ ᠤᠤᠭᠤᠳᠠᠭ ᠪᠠᠢᠭᠰᠠᠨ᠂ ᠲᠡᠷᠡ ᠦᠶ᠎ᠡ ᠪᠣᠯ ᠮᠢᠨᠤ ᠬᠠᠮᠤᠭ᠎ᠤᠨ ᠰᠡᠯᠡᠭᠦᠦ ᠲᠠᠪᠠᠳᠠᠢ ᠴᠠᠭ ᠮᠦᠴᠡ ᠪᠣᠯᠤᠨ᠎ᠠ᠃ 2016 ᠣᠨ᠎ᠳᠤ ᠲᠥᠪ᠎ᠦᠨ ᠤᠬᠠᠭᠤᠯᠬᠤ ᠬᠡᠯᠲᠡᠰ 11 ᠰᠠᠯᠠᠭ᠎ᠠ ᠮᠥᠴᠢᠷ᠎ᠲᠡᠶ ᠬᠠᠮᠲᠤᠷᠠᠨ ᠪᠣᠳᠠᠲᠤ ᠴᠣᠭ᠍ᠴᠠ ᠵᠢᠨ ᠨᠣᠮ᠎ᠤᠨ ᠳᠡᠯᠭᠡᠭᠦᠷ᠎ᠦᠨ ᠲᠥᠷᠥ᠎ᠶ᠋ᠢᠨ ᠪᠣᠳᠣᠯᠭ᠎ᠠ᠎ᠶ᠋ᠢ ᠳᠠᠷᠤᠮᠠᠯᠯᠠᠨ ᠲᠠᠷᠬᠠᠭᠠᠵᠠᠢ᠂ ᠲᠡᠷᠡ ᠪᠢᠴᠢᠭ ᠮᠠᠲ᠋ᠧᠷᠢᠶᠠᠯ᠎ᠳᠤ ᠪᠣᠳᠠᠲᠤ ᠴᠣᠭ᠍ᠴᠠ ᠵᠢᠨ ᠨᠣᠮ᠎ᠤᠨ ᠳᠡᠯᠭᠡᠭᠦᠷ᠎ᠦᠨ ᠬᠡᠯᠪᠡᠷᠢ᠎ᠪᠡᠨ ᠬᠤᠪᠢᠷᠠᠭᠤᠯᠬᠤ ᠵᠠᠭ᠍ᠪᠤᠷ᠎ᠢ ᠲᠣᠳᠣᠷᠬᠠᠶ ᠳᠤᠷᠠᠳᠤᠨ ᠭᠠᠷᠭᠠᠭᠰᠠᠨ ᠪᠠᠢᠳᠠᠭ᠃ ᠢᠢᠨ ᠬᠦ᠌ ᠪᠢ ᠡᠬᠡᠨᠡᠷ᠎ᠲᠡᠶ᠎ᠪᠡᠨ ᠨᠤᠳᠤᠭ ᠲᠠᠭᠠᠨ ᠨᠣᠮ᠎ᠤᠨ ᠳᠡᠯᠭᠡᠭᠦᠷ ᠨᠡᠭᠡᠭᠡᠬᠦ ᠲᠤᠬᠠᠢ ᠵᠥᠪᠳᠡᠵᠦ᠍᠂ ᠨᠢᠭᠡ ᠲᠠᠯ᠎ᠠ ᠪᠠᠷ ᠪᠡᠶ᠎ᠡ ᠰᠡᠳᠭᠢᠯ᠎ᠢᠶᠡᠨ ᠲᠠᠢᠪᠤᠱᠢᠷᠠᠭᠤᠯᠵᠤ᠂ ᠨᠥᠬᠥᠭᠡ ᠲᠠᠯ᠎ᠠ᠎ᠪᠠᠷ ᠨᠤᠲᠤᠭ ᠤᠰᠤᠨ ᠳ᠋ᠠᠭᠠᠨ ᠤᠳᠭ᠎ᠠ ᠠᠭᠤᠯᠭ᠎ᠠ᠎ᠲᠠᠶ ᠶᠠᠭᠤ ᠨᠢᠭᠡ ᠵᠢ ᠪᠦᠲᠦᠭᠡᠶ᠎ᠠ ᠬᠡᠵᠤ ᠪᠤᠳᠤᠯ᠎ᠠ᠃ ᠡᠢᠮᠦ᠍᠎ᠡᠴᠡ 2019 ᠣᠨ᠎ᠳᠤ ᠪᠢᠳᠡ ᠵᠢᠨᠢᠩ ᠱᠢᠨ᠎ᠡ ᠲᠣᠭᠣᠷᠢᠭ᠎ᠲᠤ 600 ᠲᠡᠭ᠌ᠰᠢ ᠳᠥᠷᠪᠡᠯᠵᠢᠨ ᠮᠧᠲ᠋ᠷ᠎ᠦᠨ ᠨᠣᠮ᠎ᠤᠨ ᠳᠡᠯᠭᠡᠭᠦᠷ ᠨᠡᠭᠡᠭᠡᠵᠡᠢ᠃ ᠲᠤᠬᠠᠶ᠎ᠶ᠋ᠢᠨ ᠦᠶ᠎ᠡ᠎ᠳᠦ ᠪᠢ ᠨᠣᠮ᠎ᠤᠨ ᠳᠡᠯᠭᠡᠭᠦᠷ᠎ᠲᠡᠬᠡᠨ ᠬᠣᠲᠠ᠎ᠶ᠋ᠢᠨ ᠣᠯᠠᠨ ᠨᠡᠢᠲᠡ᠎ᠶ᠋ᠢᠨ ᠰᠣᠶᠣᠯ᠎ᠤᠨ ᠤᠩᠱᠢᠯᠭ᠎ᠠ᠎ᠶ᠋ᠢᠨ ᠣᠷᠣᠨ ᠵᠠᠶ ᠬᠡᠰᠡᠨ ᠪᠠᠢᠷᠢ ᠲᠤᠭᠳᠠᠭᠠᠯᠲᠠ ᠬᠢᠵᠠᠢ》 ᠬᠡᠵᠦ ᠰᠤᠷᠪᠤᠯᠵᠢᠯᠠᠭᠴᠢ᠎ᠳᠤ ᠲᠠᠨᠢᠯᠴᠠᠭᠤᠯᠤᠨ᠎ᠠ᠃

《ᠨᠣᠮ᠎ᠤᠨ ᠳᠡᠯᠭᠡᠭᠦᠷ ᠨᠡᠭᠡᠭᠡᠬᠦ᠌ ᠦᠶ᠎ᠡ᠎ᠳᠦ ᠪᠢᠳᠡ ᠡᠵᠡᠩᠨᠡᠯᠲᠡ ᠦᠶ᠋ᠯᠡᠴᠢᠯᠡᠭᠡ ᠳᠡᠭᠡᠷ᠎ᠡ ᠪᠠᠨ ᠵᠢᠯ ᠪᠦᠷᠢ ᠢᠯᠡᠭᠦᠦ 50 ᠲᠦᠮᠡᠨ ᠲᠥᠭᠥᠷᠢᠭ ᠤ᠋ᠨ ᠪᠡᠯᠡ ᠣᠷᠣᠭᠤᠯᠬᠤ᠎ᠪᠠᠷ ᠲᠥᠯᠥᠪᠯᠡᠵᠦ᠍ ᠪᠠᠢᠪᠠ᠃ ᠭᠡᠪᠡᠴᠦ᠍ ᠨᠣᠮ᠎ᠤᠨ ᠳᠡᠯᠭᠡᠭᠦᠷ᠎ᠲᠦ ᠬᠡᠦᠬᠡᠳ᠎ᠲᠡᠬᠡᠨ ᠨᠣᠮ ᠰᠤᠨᠭᠭᠤᠵᠦ ᠪᠠᠢᠭ᠎ᠠ ᠡᠵᠢ ᠨᠠᠷ᠂ ᠱᠠᠹᠠ ᠳᠡᠭᠡᠷ᠎ᠡ ᠰᠠᠭᠤᠭᠠᠳ ᠨᠣᠮ ᠤᠩᠱᠢᠵᠤ ᠪᠠᠢᠭ᠎ᠠ ᠪᠤᠭᠤᠷᠤᠯᠴᠤᠳ᠂ ᠱᠢᠷᠡᠭᠡᠨ ᠳᠡᠭᠡᠷ᠎ᠡ᠎ᠡᠯᠢᠭᠡᠲᠡᠭᠡᠳ ᠬᠢᠴᠢᠶᠡᠯ ᠰᠤᠷᠤᠯᠭ᠎ᠠ᠎ᠳᠠᠭᠠᠨ ᠱᠢᠮᠳᠠᠵᠤ ᠪᠠᠢᠭ᠎ᠠ ᠬᠡᠦᠬᠡᠳ᠎ᠢ ᠬᠠᠷᠠᠬᠤ ᠪᠦᠷᠢ ᠬᠠᠷᠢᠭᠤᠴᠠᠯᠭᠠᠲᠤ ᠰᠡᠳᠭᠢᠯᠭᠡ ᠮᠢᠨᠢ ᠬᠦᠪᠴᠢᠯᠡᠭᠳᠡᠨ ᠵᠣᠯ ᠵᠢᠷᠭᠠᠯ᠎ᠲᠠᠢ ᠰᠠᠨᠠᠭᠳᠠᠳᠠᠭ᠃ ᠢᠩᠭᠢᠭᠡᠳ ᠪᠢ ᠵᠣᠷᠢᠭ ᠱᠢᠭᠤᠳᠤᠨ ᠡᠨᠡ ᠬᠦ᠌ ᠦᠢᠯᠡᠰ᠎ᠢ ᠦᠷᠭᠦᠯᠵᠢᠯᠡᠨ ᠬᠢᠬᠦ᠌ ᠪᠡᠷ ᠪᠠᠷᠠᠬᠤ ᠦᠭᠡᠢ ᠨᠡᠩ ᠰᠠᠢ᠌ᠨ ᠬᠢᠵᠦ᠍᠂ ᠱᠢᠨ᠎ᠡ ᠵᠠᠮ ᠨᠡᠭᠡᠭᠡᠨ᠎ᠠ ᠭᠡᠵᠦ ᠵᠤᠷᠢᠬ ᠰᠢᠭᠤᠳᠤᠯ᠎ᠠ》 ᠭᠡᠵᠦ᠍ ᠭᠦᠩ ᠮᠤᠤ ᠯᠢᠨ ᠶᠠᠷᠢᠨ᠎ᠠ᠃

ᠭᠦᠩ ᠮᠤᠤ ᠯᠢᠨ 2020 ᠣᠨ᠎ᠳᠤ 1800 ᠲᠦᠮᠡᠨ ᠲᠥᠭᠥᠷᠢᠭ᠎ᠦᠨ ᠪᠡᠯᠡ ᠣᠷᠣᠭᠤᠯᠵᠤ᠂ ᠵᠢᠨᠢᠩ ᠲᠣᠭᠣᠷᠢᠭ᠎ᠤᠨ ᠡᠤ᠌ ᠶᠤᠸᠠᠢ ᠠᠭᠤᠳᠠᠮ ᠲᠠᠯᠠᠪᠠᠢ᠎ᠳᠤ 4000 ᠲᠡᠭ᠌ᠰᠢ ᠳᠥᠷᠪᠡᠯᠵᠢᠨ ᠮᠸᠲᠷ᠎ᠤᠨ ᠲᠤᠮᠤ ᠬᠡᠯᠪᠡᠷᠢ᠎ᠶ᠋ᠢᠨ ᠤᠯᠠᠨ ᠨᠡᠢᠲᠡ᠎ᠶ᠋ᠢᠨ ᠰᠣᠶᠣᠯ᠎ᠤᠨ ᠤᠩᠱᠢᠯᠭ᠎ᠠ᠎ᠶ᠋ᠢᠨ ᠣᠷᠣᠨ ᠵᠠᠢ᠎ᠪᠠᠢᠭᠤᠯᠪᠠ᠂ ᠡᠬᠦᠨ ᠳ᠋ᠤ ᠨᠡᠢ᠌ᠳᠡ ᠨᠠᠢ᠍ᠮᠠᠨ ᠶᠡᠬᠡ ᠰᠣᠶᠣᠯ᠎ᠤᠨ ᠭᠣᠣᠯ ᠰᠡᠳᠦᠪᠲᠦ ᠣᠷᠳᠣᠨ᠎ᠢ ᠪᠠᠭᠲᠠᠭᠠᠵᠤ᠂ ᠪᠦᠬᠦ᠌ ᠠᠷᠠᠳ᠎ᠤᠨ ᠤᠩᠱᠢᠯᠭ᠎ᠠ᠂ ᠲᠤᠮᠳᠠᠲᠤ ᠤᠯᠤᠰ ᠤ᠋ᠨ ᠤᠯᠠᠮᠵᠢᠯᠠᠯᠲᠤ ᠰᠣᠶᠣᠯ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ ᠵᠡᠷᠭᠡ᠎ᠶ᠋ᠢ ᠠᠭᠤᠰᠤᠯᠴᠠᠭᠤᠯᠵᠤ᠂ 30 ᠭᠠᠷᠤᠢ ᠲᠦᠷᠦᠯ᠎ᠦᠨ ᠬᠤᠳᠠ᠎ᠶ᠋ᠢᠨ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠴᠢᠳᠠᠮᠵᠢ᠎ᠶ᠋ᠢ ᠬᠠᠩᠭᠠᠬᠤ᠎ᠶ᠋ᠢᠨ ᠬᠠᠮᠲᠤ ᠰᠣᠶᠣᠯ᠎ᠤᠨ ᠠᠵᠤ ᠦᠢᠯᠡᠰ᠎ᠢ ᠨᠡᠪᠴᠢᠭᠦᠯᠬᠦ᠌᠂ ᠲᠦᠷᠦᠯ ᠲᠡᠮᠳᠡᠭ᠎ᠦᠨ ᠤᠬᠠᠭᠤᠯᠭ᠎ᠠ᠂ ᠱᠢᠨ᠎ᠡ ᠵᠠᠭᠤᠴᠢᠯᠠᠭᠤᠷ᠎ᠤᠨ ᠪᠣᠷᠣᠯᠠᠭᠤᠯᠭ᠎ᠠ ᠵᠡᠷᠭᠡ ᠠᠭᠤᠯᠭ᠎ᠠ᠎ᠶ᠋ᠢ ᠪᠠᠭᠲᠠᠭᠠᠵᠠᠢ᠃

ᠶᠠᠨ ᡁᠢ ᠨᠣᠮ᠎ᠤᠨ ᠳᠡᠯᠭᠡᠭᠦᠷ ᠣᠯᠠᠨ ᠨᠡᠢᠲᠡ ᠳ᠋ᠤ ᠤᠩᠱᠢᠵᠤ ᠰᠤᠷᠤᠯᠴᠠᠬᠤ ᠦᠶ᠋ᠯᠡᠴᠢᠯᠡᠭᠡ ᠵᠢ ᠬᠠᠷᠠᠮᠵᠢ ᠥᠬᠡᠶ᠎ᠬᠠᠩᠭᠠᠬᠤ᠎ᠶ᠋ᠢᠨ ᠬᠠᠮᠲᠤ ᠬᠣᠲᠠ᠎ᠶ᠋ᠢᠨ ᠠᠷᠠᠳ ᠣᠯᠠᠨ᠂ ᠪᠠᠢᠭᠤᠯᠭ᠎ᠠ ᠨᠢᠭᠡᠴᠢ ᠵᠣᠬᠢᠶᠠᠨ ᠪᠠᠢᠭᠤᠯᠤᠯᠲᠠ᠂ ᠠᠵᠢᠯᠲᠠᠨ ᠠᠵᠢᠯᠴᠢᠨ᠎ᠤ ᠬᠡᠷ ᠪᠦᠯᠢ᠎ᠳᠦ ᠬᠠᠨᠳᠤᠭᠤᠯᠤᠨ᠂ ᠲᠤᠮᠳᠠᠳᠤ ᠤᠯᠤᠰ ᠤ᠋ᠨ ᠤᠯᠠᠮᠵᠢᠯᠠᠯᠲᠤ ᠰᠤᠶᠤᠯ᠂ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠲᠠᠢᠯᠤᠮᠵᠢ᠂ ᠡᠴᠢᠭᠡ ᠡᠬᠡ ᠦᠷ᠎ᠡ ᠬᠡᠦᠬᠡᠳ᠎ᠦᠨ ᠤᠩᠱᠢᠯᠭ᠎ᠠ᠂ ᠤᠯᠤᠰ᠎ᠢᠶᠠᠨ ᠬᠠᠢᠷᠠᠯᠠᠬᠤ ᠬᠥᠮᠦᠵᠢᠯ ᠵᠡᠷᠭᠡ ᠡᠯ᠎ᠡ ᠲᠥᠷᠥᠯ᠎ᠦᠨ ᠭᠤᠤᠯ ᠰᠡᠳᠦᠪᠲᠦ ᠰᠣᠶᠣᠯ᠎ᠤᠨ ᠠᠵᠢᠯᠯᠠᠭ᠎ᠠ᠎ᠶ᠋ᠢ ᠲᠣᠭ᠍ᠲᠠᠮᠠᠯ ᠬᠤᠭᠤᠴᠠᠭ᠎ᠠ᠎ᠲᠠᠶ᠎ᠥᠷᠨᠢᠭᠦᠯᠵᠦ᠍᠂ ᠬᠣᠲᠠ᠎ᠶ᠋ᠢᠨ ᠠᠷᠠᠳ᠎ᠤᠨ ᠤᠩᠱᠢᠯᠭ᠎ᠠ ᠪᠠ ᠬᠣᠲᠠ᠎ᠶ᠋ᠢᠨ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡᠨ᠎ᠦ ᠪᠠᠢᠭᠤᠯᠤᠯᠲᠠ᠎ᠶ᠋ᠢ ᠲᠡᠭᠦᠯᠳᠡᠷᠵᠢᠭᠦᠯᠬᠦ᠌᠎ᠳᠦ ᠬᠦᠴᠦᠨ ᠨᠡᠮᠡᠷᠢᠯᠡᠬᠦ᠌ ᠲᠠᠯ᠎ᠠ᠎ᠪᠠᠷ ᠦᠯᠡᠮᠵᠢ ᠦᠷ᠎ᠡ ᠪᠦᠲᠦᠮᠵᠢ ᠤᠯᠵᠠᠢ᠃ 2020 ᠣᠨ᠎ᠠᠴᠠ ᠣᠲᠣᠬᠠᠨ ᠪᠣᠯᠲᠠᠯ᠎ᠠ᠂ ᠶᠠᠨ ᡁᠢ ᠨᠣᠮ᠎ᠤᠨ ᠳᠡᠯᠭᠡᠭᠦᠷ ᠲᠤ᠌ ᠨᠤᠮ ᠤᠩᠰᠢᠬᠰᠠᠨ ᠬᠦᠮᠦᠨ ᠤ᠋ ᠲᠤᠭ᠎ᠠ 80 ᠲᠦᠮᠡᠨ ᠬᠦᠮᠦᠨ ᠤᠳᠠᠭ᠎ᠠ ᠵᠢ ᠲᠠᠪᠠᠵᠤ᠂ ᠬᠣᠲᠠ᠎ᠶ᠋ᠢᠨ ᠰᠣᠶᠣᠯ᠎ᠤᠨ ᠤᠩᠱᠢᠯᠭ᠎ᠠ᠎ᠶ᠋ᠢᠨ ᠠᠵᠢᠯᠯᠠᠭ᠎ᠠ᠎ᠶ᠋ᠢ 200 ᠭᠠᠷᠤᠶ ᠤᠳᠠᠭ᠎ᠠ ᠥᠷᠨᠢᠭᠦᠯᠵᠦ᠍᠂ ᠲᠣᠰ ᠬᠣᠲᠠ᠎ᠶ᠋ᠢᠨ100 ᠱᠢᠬᠠᠮ ᠵᠠᠰᠠᠭ ᠵᠠᠬᠢᠷᠭᠠᠨ ᠠᠵᠢᠯ ᠦᠶ᠋ᠯᠡᠰ᠎ᠦᠨ ᠨᠢᠭᠡᠴᠢ ᠬᠢᠭᠡᠳ ᠵᠣᠬᠢᠶᠠᠨ ᠪᠠᠢᠭᠤᠯᠤᠯᠲᠠ ᠯᠤᠭ᠎ᠠ ᠰᠣᠶᠣᠯ᠎ᠤᠨ ᠠᠵᠢᠯᠯᠠᠭ᠎ᠠ᠎ᠶ᠋ᠢᠨ ᠬᠠᠮᠲᠤᠷᠠᠯᠴᠠᠭᠠᠨ ᠤ᠋ ᠵᠦᠪᠯᠡᠯᠴᠡᠭᠡᠷ ᠲᠤᠭᠳᠠᠵᠤ᠂ ᠨᠡᠢᠲᠡ 3000 ᠭᠠᠷᠤᠶ ᠠᠯᠪᠠᠳᠠᠨ ᠰᠢᠯᠭᠠᠭᠤᠯᠤᠭᠴᠢ᠂ ᠠᠰᠫᠢᠷᠠᠨᠲ᠎ᠤᠨ ᠱᠢᠯᠭᠠᠯᠲᠠ᠎ᠳᠤ ᠣᠷᠣᠯᠴᠠᠭᠴᠢ ᠳ᠋ᠦ ᠦᠢᠯᠡᠴᠢᠯᠡᠵᠦ᠂ ᠰᠤᠶᠤᠯ᠎ᠤᠨ ᠨᠡᠢᠲᠡ᠎ᠶ᠋ᠢᠨ ᠠᠰᠠᠷᠠᠮᠵᠢ ᠵᠢᠨ ᠲᠠᠯ᠎ᠠ ᠪᠡᠷ ᠬᠠᠨᠳᠢᠪᠯᠠᠭ᠍ᠰᠠᠨ ᠵᠤᠭᠤᠰ ᠤ᠋ᠨ ᠲᠤᠭ᠎ᠠ ᠨᠢ 600 ᠭᠠᠷᠤᠢ ᠲᠦᠮᠡᠨ ᠲᠥᠭᠥᠷᠢᠭ ᠢ᠋ ᠲᠠᠪᠠᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面