2023-12-22 10:21:30
— ᠬᠤᠪᠢᠰᠭᠠᠯ ᠤ᠋ᠨ ᠰᠣᠶᠣᠯ ᠤ᠋ᠨ ᠡᠬᠢ ᠪᠠᠶᠠᠯᠢᠭ ᠢ᠋ ᠠᠮᠢᠯᠠᠭᠤᠯᠵᠤ ᠠᠱᠢᠭ᠍ᠯᠠᠭ᠍ᠰᠠᠨ ᠥᠪᠥᠷ ᠮᠣᠩᠭᠣᠯ ᠤ᠋ᠨ ᠦᠶ᠋ᠯᠡᠳᠦᠯᠭᠡ
ᠬᠤᠪᠢᠰᠭᠠᠯ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠪᠣᠯ ᠳᠤᠮᠳᠠᠳᠤ ᠶ᠋ᠢᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠴᠢᠬᠤᠯᠠ ᠪᠦᠷᠢᠯᠳᠦᠬᠦᠨ ᠮᠥᠨ᠂ ᠬᠤᠪᠢᠰᠭᠠᠯ ᠤ᠋ᠨ ᠰᠣᠶᠣᠯ ᠪᠣᠯ ᠤᠮᠠᠷᠠᠲᠤ ᠬᠢᠯᠢ ᠶ᠋ᠢᠨ ᠰᠣᠶᠣᠯ ᠤ᠋ᠨ ᠢᠯᠡ ᠲᠣᠳᠣ ᠳᠡᠪᠢᠰᠭᠡᠷ ᠥᠩᠭᠡ ᠪᠠ ᠣᠶᠤᠨ ᠰᠠᠨᠠᠭᠠᠨ ᠤ᠋ ᠲᠣᠭ ᠳᠡᠮᠳᠡᠭ ᠪᠤᠯᠤᠨ᠎ᠠ᠃ ᠥᠪᠥᠷ ᠮᠣᠩᠭᠣᠯ ᠳᠤᠮᠳᠠᠳᠤ ᠤᠯᠤᠰ ᠤ᠋ᠨ ᠬᠤᠪᠢᠰᠭᠠᠯ ᠪᠠ ᠪᠥᠲᠥᠭᠡᠨ ᠪᠠᠢᠭᠤᠯᠤᠯᠲᠠ ᠶ᠋ᠢᠨ ᠦᠶ᠋ᠯᠡᠰ ᠲᠦ᠍ ᠴᠢᠬᠤᠯᠠ ᠶᠡᠬᠡ ᠬᠤᠪᠢ ᠨᠡᠮᠡᠷᠢ ᠦᠵᠡᠭᠦᠯᠵᠦ᠍᠂ ᠬᠡᠷᠡᠯ ᠰᠠᠴᠤᠷᠠᠩᠭᠤᠶ ᠭᠦᠨ ᠵᠤᠵᠠᠭᠠᠨ ᠬᠤᠪᠢᠰᠭᠠᠯ ᠤ᠋ᠨ ᠰᠣᠶᠣᠯ ᠲᠠᠢ ᠶᠤᠮ᠃
ᠬᠤᠪᠢᠰᠭᠠᠯ ᠤ᠋ᠨ ᠰᠤᠶᠤᠯ ᠤ᠋ᠨ ᠡᠬᠢ ᠪᠠᠶᠠᠯᠢᠭ ᠢ᠋ ᠬᠦᠨᠵᠡᠬᠡᠢ ᠠᠭᠤᠳᠠᠯᠪᠠ
ᠡᠨᠡ ᠬᠡᠳᠦᠨ ᠡᠳᠦᠷ᠂ ᠮᠠᠩᠬᠠᠨ ᠵᠦᠴᠦᠭᠡ 《ᠲᠦᠬᠦᠢᠮᠡ》 ᠵᠢ ᠪᠤᠭᠤᠲᠤ ᠬᠤᠳᠠ ᠶ᠋ᠢᠨ ᠤᠷᠠᠯᠢᠭ ᠵᠦᠴᠦᠭᠡ ᠶ᠋ᠢᠨ ᠬᠦᠷᠢᠶᠡᠯᠡᠩ ᠳ᠋ᠦ ᠲᠣᠭ᠍ᠯᠠᠵᠤ᠂ ᠵᠠᠯᠠᠭᠤ ᠲᠣᠭ᠍ᠯᠠᠭ᠍ᠴᠢᠳ ᠭᠦᠨ ᠰᠡᠳᠭᠢᠯᠭᠡ ᠲᠠᠢ ᠪᠡᠷ 《ᠲᠠᠯ᠎ᠠ ᠨᠤᠲᠤᠭ ᠤ᠋ᠨ ᠡᠵᠢ》 ᠵᠢᠨ ᠲᠦᠷᠢ ᠲᠥᠷᠬᠦ ᠵᠢ ᠲᠠᠬᠢᠨ ᠢᠯᠡᠷᠡᠭᠦᠯᠵᠦ᠍᠂ 《ᠭᠤᠷᠪᠠᠨ ᠮᠢᠩᠭᠠᠨ ᠥᠨᠥᠴᠢᠨ ᠬᠡᠦᠬᠡᠳ ᠢ᠋ ᠥᠪᠥᠷ ᠮᠣᠩᠭᠣᠯ ᠳ᠋ᠦ ᠦᠷᠡᠴᠢᠯᠡᠨ ᠲᠡᠵᠢᠭᠡᠭᠰᠡᠨ》 ᠦᠨᠳᠦᠰᠦᠲᠡᠨ ᠤ᠋ ᠪᠦᠯᠬᠦᠮᠳᠡᠯ ᠤ᠋ᠨ ᠢᠷᠠᠭᠤ ᠲᠤᠤᠯᠢᠰ ᠢ᠋ ᠴᠣ ᠱᠢᠨ᠎ᠡ ᠪᠡᠷ ᠲᠣᠭ᠍ᠯᠠᠪᠠ᠃
ᠰᠠᠢ᠌ᠨ ᠡᠬᠢ ᠪᠠᠶᠠᠯᠢᠭ ᠢ᠋ ᠬᠡᠷᠬᠢᠨ ᠠᠮᠢᠳᠤᠯᠢᠭ ᠡᠬᠢ ᠪᠠᠶᠠᠯᠢᠭ ᠪᠣᠯᠭᠠᠨ ᠬᠤᠪᠢᠷᠠᠭᠤᠯᠬᠤ ᠪᠤᠢ ᠭᠡᠪᠡᠯ᠂ ᠳᠠᠷᠤᠢ ᠬᠤᠪᠢᠰᠭᠠᠯ ᠤ᠋ᠨ ᠰᠤᠶᠤᠯ ᠤ᠋ᠨ ᠡᠬᠢ ᠪᠠᠶᠠᠯᠢᠭ ᠢ᠋ ᠬᠦᠨᠵᠡᠬᠡᠢ ᠠᠭᠤᠳᠠᠯᠵᠤ᠂ ᠬᠤᠪᠢᠰᠭᠠᠯ ᠤ᠋ᠨ ᠦᠯᠢᠭᠡᠷ ᠢ᠋ ᠲᠠᠬᠢᠨ 《ᠠᠮᠢᠯᠠᠭᠤᠯᠬᠤ》 ᠶᠠᠪᠤᠳᠠᠯ ᠪᠣᠯᠤᠨ᠎ᠠ᠃
ᠦᠪᠦᠷ ᠮᠤᠨᠭᠭᠤᠯ ᠤ᠋ᠨ 118 ᠲᠦᠮᠡᠨ ᠲᠡᠭ᠌ᠰᠢ ᠳᠥᠷᠪᠡᠯᠵᠢᠨ ᠺᠢᠯᠤᠮᠸᠲᠷ ᠤ᠋ᠨ ᠡᠬᠡ ᠭᠠᠵᠠᠷ ᠲᠦ᠍ 397 ᠬᠤᠪᠢᠰᠭᠠᠯ ᠤ᠋ᠨ ᠪᠠᠭᠤᠷᠢ ᠪᠤᠯᠤᠨ 13155 ᠬᠤᠪᠢ (ᠢᠵᠢ) ᠰᠢᠯᠵᠢᠬᠦᠯᠵᠦ ᠪᠤᠯᠬᠤ ᠲᠡᠦᠬᠡ ᠶ᠋ᠢᠨ ᠳᠤᠷᠠᠰᠭᠠᠯᠲᠤ ᠵᠦᠢᠯᠡᠰ ᠨᠢ ᠲᠡᠦᠬᠡ ᠶ᠋ᠢᠨ ᠬᠡᠷᠡᠯ ᠭᠢᠯᠪᠠᠭ᠎ᠠ ᠪᠠᠨ ᠰᠠᠴᠤᠷᠠᠭᠤᠯᠵᠤ᠂ 《ᠵᠢᠨᠢᠩ ᠤ᠋ᠨ ᠳᠠᠢᠯᠠᠯᠳᠤᠭᠠᠨ》᠂ 《ᠰᠡᠳᠭᠢᠯ ᠨᠢᠭᠡᠳᠦᠨ ᠬᠦᠴᠦ ᠪᠠᠨ ᠬᠠᠮᠲᠤᠳᠭᠠᠵᠤ ᠪᠤᠭᠤᠲᠤ ᠶ᠋ᠢᠨ ᠪᠤᠯᠤᠳ ᠲᠡᠮᠤᠷ ᠤ᠋ᠨ ᠦᠢᠯᠡᠳᠪᠦᠷᠢ ᠵᠢ ᠪᠠᠢᠭᠤᠯᠤᠭ᠍ᠰᠠᠨ ᠨᠢ》᠂ 《ᠲᠠᠯ᠎ᠠ ᠨᠤᠲᠤᠭ ᠤ᠋ᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ》᠁ ᠵᠡᠷᠭᠡ ᠡᠷᠡᠯᠬᠡᠭ ᠪᠠᠭᠠᠲᠤᠷ᠂ ᠰᠡᠳᠭᠢᠯ ᠵᠢᠷᠦᠬᠡ ᠵᠢ ᠳᠣᠭ᠍ᠳᠣᠯᠤᠭᠤᠯᠤᠭᠰᠠᠨ ᠬᠤᠪᠢᠰᠭᠠᠯ ᠤ᠋ᠨ ᠦᠯᠢᠬᠡᠷ ᠮᠤᠩ ᠦᠭᠡᠢ ᠤᠯᠠᠨ ᠪᠤᠢ᠃ ᠡᠲᠡᠭᠡᠷ ᠪᠠᠯᠠᠷᠠᠰᠢ ᠥᠬᠡᠶ ᠭᠠᠢᠬᠠᠮᠱᠢᠭ ᠢ᠋ ᠦᠷᠭᠦᠯᠵᠢᠯᠡᠨ ᠠᠭᠤᠳᠠᠯᠬᠤ ᠪᠠᠷ ᠳᠡᠮᠵᠢᠨ ᠬᠤᠪᠢᠰᠬᠠᠯ ᠤ᠋ᠨ ᠰᠤᠶᠤᠯ ᠢ᠋ ᠠᠮᠢᠳᠤ ᠴᠣᠪᠣᠭᠣᠯᠢᠭ᠂ ᠪᠠᠶᠠᠯᠢᠭ ᠪᠤᠳᠠᠳᠠᠢ ᠪᠣᠯᠭᠠᠵᠤ᠂ ᠡᠬᠦᠨ ᠤ᠋ ᠤᠯᠠᠮ ᠵᠢᠡᠷ ᠥᠷᠭᠡᠨ ᠲᠠᠯᠬᠡᠷ ᠵᠢᠡᠷ ᠤᠯᠠᠮᠵᠢᠯᠠᠨ ᠳᠡᠯᠭᠡᠷᠡᠭᠦᠯᠵᠦ᠍᠂ ᠬᠥᠮᠦᠰ ᠤ᠋ᠨ ᠰᠡᠳᠭᠢᠯ ᠤ᠋ᠨ ᠭᠦᠨ ᠳ᠋ᠦ ᠬᠠᠳᠠᠩᠱᠢᠭᠤᠯᠬᠤ ᠴᠢᠬᠤᠯᠠᠳᠠᠢ᠃
ᠬᠤᠪᠢᠰᠭᠠᠯ ᠤ᠋ᠨ ᠲᠡᠦᠬᠡ ᠵᠢ ᠬᠡᠷᠬᠢᠨ ᠨᠡᠩ ᠤᠯᠠᠨ ᠬᠥᠮᠦᠨ ᠳ᠋ᠦ ᠤᠢ᠍ᠢᠯᠠᠭᠠᠭᠤᠯᠵᠦ᠂ ᠬᠤᠪᠢᠰᠭᠠᠯ ᠤ᠋ᠨ ᠲᠡᠦᠬᠡ ᠶ᠋ᠢᠨ ᠳᠤᠷᠠᠰᠭᠠᠯᠲᠤ ᠵᠦᠢᠯᠡᠰ ᠢ᠋ ᠬᠡᠷᠬᠢᠨ ᠨᠡᠩ ᠤᠯᠠᠨ ᠬᠥᠮᠦᠨ ᠳ᠋ᠦ ᠦᠵᠡᠭᠦᠯᠬᠦ᠌ ᠪᠤᠢ? ᠡᠨᠡ ᠬᠡᠳᠦᠨ ᠵᠢᠯ ᠳ᠋ᠦ ᠥᠪᠥᠷ ᠮᠣᠩᠭᠣᠯ ᠤ᠋ᠨ ᠦᠨᠳᠦᠰᠦᠲᠡᠨ ᠤ᠋ ᠴᠢᠯᠥᠭᠡᠯᠡᠯᠲᠡ ᠶ᠋ᠢᠨ ᠳᠤᠷᠠᠰᠭᠠᠯ ᠤ᠋ᠨ ᠣᠷᠳᠣᠨ᠂ ᠶᠠᠨ ᠠᠨ ᠤ᠋ ᠦᠨᠳᠦᠰᠦᠲᠡᠨ ᠤ᠋ ᠳᠡᠭᠡᠳᠦ ᠰᠤᠷᠭᠠᠭᠤᠯᠢ ᠶ᠋ᠢᠨ ᠪᠤᠷᠤᠪᠠᠯᠭᠠᠰᠤ ᠵᠢᠨ ᠳᠤᠷᠠᠰᠭᠠᠯ ᠤ᠋ᠨ ᠣᠷᠳᠣᠨ᠂ ᠸᠠᠩ ᠷᠦᠸᠸ ᠹᠸᠢ ᠶ᠋ᠢᠨ ᠳᠤᠷᠠᠰᠭᠠᠯ ᠤ᠋ᠨ ᠣᠷᠳᠣᠨ᠂ ᠳ᠋ᠦᠸᠸ ᠰᠥᠩ ᠨᠢᠶᠠᠨ ᠤ᠋ ᠳᠤᠷᠠᠰᠭᠠᠯ ᠤ᠋ᠨ ᠣᠷᠳᠣᠨ ᠵᠡᠷᠭᠡ ᠮᠦᠽᠧᠶ ᠪᠠ ᠳᠤᠷᠠᠰᠭᠠᠯ ᠤ᠋ᠨ ᠣᠷᠳᠣᠨ ᠨᠢ ᠰᠦᠢᠳᠭᠡᠯ ᠬᠤᠷᠢᠶᠠᠬᠤ ᠦᠭᠡᠶ ᠪᠡᠷ ᠨᠡᠭᠡᠭᠡᠬᠦ ᠪᠤᠯᠪᠠ᠃
ᠤᠳᠤ ᠪᠥᠬᠥ᠌ ᠣᠷᠣᠨ ᠳ᠋ᠦ ᠨᠡᠢᠲᠡ 89 ᠬᠤᠪᠢᠰᠭᠠᠯ ᠤ᠋ᠨ ᠬᠥᠮᠦᠵᠢᠯ ᠤ᠋ᠨ ᠰᠠᠭᠤᠷᠢᠨ ᠢ᠋ ᠨᠡᠢᠭᠡᠮ ᠨᠡᠢᠲᠡ ᠳ᠋ᠦ ᠰᠦᠶ᠋ᠳᠭᠡᠯ ᠬᠤᠷᠢᠶᠠᠬᠤ ᠥᠬᠡᠶ ᠪᠡᠷ ᠨᠡᠭᠡᠭᠡᠵᠦ᠍᠂ ᠵᠢᠯ ᠪᠤᠯᠭᠠᠨ ᠲᠣᠭ᠎ᠠ ᠲᠣᠮᠰᠢ ᠥᠬᠡᠶ ᠨᠠᠮ ᠤ᠋ᠨ ᠭᠡᠱᠢᠭᠦᠨ ᠺᠠᠳ᠋ᠷ᠂ ᠪᠠᠭᠠᠴᠤᠳ ᠬᠡᠦᠬᠡᠳ᠂ ᠬᠣᠲᠠ ᠶ᠋ᠢᠨ ᠠᠷᠠᠳ ᠪᠠ ᠵᠢᠭᠤᠯᠴᠢᠯᠠᠭᠰᠠᠳ ᠡᠨᠳᠡ ᠬᠤᠪᠢᠰᠭᠠᠯ ᠤ᠋ᠨ ᠲᠡᠦᠬᠡ ᠵᠢ ᠮᠥᠷᠳᠡᠨ᠂ ᠬᠡᠷᠡᠯ ᠰᠠᠴᠤᠷᠠᠩᠭᠤᠶ ᠬᠣᠷᠣᠮ ᠢ᠋ ᠤᠬᠠᠪᠤᠷᠢᠯᠡᠵᠤ᠂ ᠤᠷᠤᠭ᠍ᠰᠢᠯᠠᠯᠳᠠ ᠵᠢᠨ ᠬᠦᠴᠦᠨ ᠴᠢᠳᠠᠯ ᠢ᠋ ᠨᠦᠭᠡᠴᠡᠯᠡᠵᠤ ᠪᠠᠢᠨ᠎ᠠ᠃
ᠬᠤᠪᠢᠰᠭᠠᠯ ᠤ᠋ᠨ ᠲᠡᠥᠬᠡ ᠵᠢᠨ ᠳᠤᠷᠠᠰᠭᠠᠯᠲᠤ ᠵᠦᠶ᠋ᠯᠡᠰ ᠢ᠋ ᠬᠠᠮᠠᠭᠠᠯᠠᠬᠤ ᠡᠷᠴᠢᠮ ᠢ᠋ ᠬᠡᠷᠬᠢᠨ ᠨᠠᠩ ᠰᠠᠢᠨ᠂ ᠨᠠᠩ ᠲᠡᠩᠴᠡᠭᠦᠷᠢᠲᠡᠶ ᠪᠣᠯᠭᠠᠬᠤ ᠪᠣᠶ? ᠥᠪᠥᠷ ᠮᠣᠩᠭᠣᠯ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠲᠣᠪᠴᠢᠶ᠎ᠠ ᠲᠤᠰᠭᠠᠢᠯᠠᠨ ᠲᠥᠯᠥᠪᠵᠢᠭᠦᠯᠭᠡ ᠭᠠᠷᠭᠠᠵᠤ᠂ ᠳᠠᠯᠠᠨ ᠬᠠᠷ᠎ᠠ ᠠᠭᠤᠯᠠ ᠶ᠋ᠢᠨ ᠬᠤᠪᠢᠰᠭᠠᠯ ᠤ᠋ᠨ ᠪᠠᠭᠤᠷᠢ ᠶ᠋ᠢᠨ ᠰᠦᠷᠦᠭ᠌ᠵᠢᠯ᠂ ᠨᠠᠶ᠋ᠮᠠᠳᠤᠭᠠᠷ ᠵᠠᠮ ᠤ᠋ᠨ ᠴᠡᠷᠢᠭ ᠤ᠋ᠨ ᠳᠠᠯᠠᠨ ᠬᠠᠷ᠎ᠠ ᠠᠭᠤᠯᠠ ᠶ᠋ᠢᠨ ᠰᠠᠯᠪᠤᠷᠢ ᠠᠩᠭᠢ ᠶ᠋ᠢᠨ ᠪᠠᠭᠤᠷᠢ ᠶ᠋ᠢᠨ ᠰᠦᠷᠦᠭ᠌ᠵᠢᠯ ᠵᠡᠷᠭᠡ ᠬᠣᠱᠢᠭᠤ ᠱᠢᠶᠠᠨ ᠤ᠋ ᠱᠠᠲᠤᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠬᠠᠮᠠᠭᠠᠯᠠᠯᠲᠠ ᠶ᠋ᠢᠨ 20 ᠭᠠᠷᠤᠶ ᠨᠢᠭᠡᠴᠢ ᠵᠢ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠬᠠᠮᠠᠭᠠᠯᠠᠯᠲᠠ ᠶ᠋ᠢᠨ ᠨᠢᠭᠡᠴᠢ ᠪᠡᠷ ᠰᠣᠩᠭᠣᠨ ᠲᠤᠭᠳᠠᠭᠠᠪᠠ; ᠳᠠᠯᠠᠨ ᠬᠠᠷ᠎ᠠ ᠠᠭᠤᠯᠠ ᠶ᠋ᠢᠨ ᠶᠠᠫᠣᠨ ᠢ᠋ ᠡᠰᠡᠷᠭᠦᠴᠡᠬᠦ᠌ ᠰᠠᠭᠤᠷᠢᠨ ᠦ ᠬᠤᠪᠢᠰᠭᠠᠯ ᠤ᠋ᠨ ᠬᠠᠭᠤᠴᠢ ᠪᠠᠭᠤᠷᠢ᠂ ᠲᠠᠢ ᠠᠨ ᠠᠶᠠᠨᠴᠢᠳ ᠤ᠋ᠨ ᠪᠠᠭᠤᠳᠠᠯ ᠤ᠋ᠨ ᠪᠠᠭᠤᠷᠢ ᠵᠡᠷᠭᠡ ᠨᠢᠭᠡ ᠪᠦᠯᠦᠭ ᠪᠠᠭᠤᠷᠢ ᠵᠢ ᠰᠡᠯᠪᠢᠨ ᠵᠠᠰᠠᠵᠤ᠂ ᠥᠪᠥᠷ ᠮᠣᠩᠭᠣᠯ ᠤ᠋ᠨ ᠦᠨᠳᠦᠰᠦᠲᠡᠨ ᠤ᠋ ᠴᠢᠯᠥᠭᠡᠯᠡᠯᠲᠡ ᠶ᠋ᠢᠨ ᠳᠤᠷᠠᠰᠭᠠᠯ ᠤ᠋ᠨ ᠣᠷᠳᠣᠨ᠂ ᠶᠠᠨ ᠠᠨ ᠤ᠋ ᠦᠨᠳᠦᠰᠦᠲᠡᠨ ᠤ᠋ ᠳᠡᠭᠡᠳᠦ ᠰᠤᠷᠭᠠᠭᠤᠯᠢ ᠶ᠋ᠢᠨ ᠪᠣᠷᠣᠪᠠᠯᠭᠠᠰᠤᠵᠢᠨ ᠳᠤᠷᠠᠰᠭᠠᠯ ᠤ᠋ᠨ ᠣᠷᠳᠣᠨ ᠳ᠋ᠦ ᠬᠠᠳᠠᠭᠠᠯᠠᠭᠳᠠᠵᠤ ᠪᠠᠢᠭ᠎ᠠ ᠬᠤᠪᠢᠰᠭᠠᠯ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ ᠰᠡᠯᠪᠢᠨ ᠵᠠᠰᠠᠵᠤ᠂ ᠲᠣᠭᠠᠴᠢᠯᠠᠭᠰᠠᠨ ᠬᠠᠮᠠᠭᠠᠯᠠᠯᠳᠠ ᠬᠢᠪᠡ᠃
《ᠬᠤᠪᠢᠰᠭᠠᠯ ᠤ᠋ᠨ ᠲᠡᠦᠬᠡ ᠶ᠋ᠢᠨ ᠳᠤᠷᠠᠰᠭᠠᠯᠲᠤ ᠵᠦᠢᠯᠡᠰ ᠪᠣᠯ ᠬᠤᠪᠢᠰᠭᠠᠯ ᠤ᠋ᠨ ᠰᠣᠶᠣᠯ ᠤ᠋ᠨ ᠠᠴᠢᠶᠠᠯᠠᠪᠤᠷᠢ ᠮᠥᠨ᠂ ᠬᠤᠪᠢᠰᠭᠠᠯ ᠤ᠋ᠨ ᠲᠡᠦᠬᠡ ᠶ᠋ᠢᠨ ᠳᠤᠷᠠᠰᠭᠠᠯᠲᠤ ᠵᠦᠢᠯᠡᠰ ᠢ᠋ ᠬᠠᠮᠠᠭᠠᠯᠠᠵᠤ ᠠᠱᠢᠭ᠍ᠯᠠᠬᠤ ᠢᠨᠵᠧᠨᠧᠷᠢᠩ ᠢ᠋ ᠭᠦᠨᠵᠡᠭᠡᠢ ᠬᠡᠷᠡᠭ᠌ᠵᠢᠭᠦᠯᠤᠨ᠂ ᠬᠤᠪᠢᠰᠭᠠᠯ ᠤ᠋ᠨ ᠲᠡᠦᠬᠡ ᠶ᠋ᠢᠨ ᠳᠤᠷᠠᠰᠭᠠᠯᠲᠤ ᠵᠦᠢᠯᠡᠰ ᠢ᠋ ᠱᠢᠨ᠎ᠡ ᠴᠠᠭ ᠦᠶ᠎ᠡ ᠳ᠋ᠦ ᠬᠡᠷᠡᠯ ᠭᠢᠯᠪᠠᠭ᠎ᠠ ᠰᠠᠴᠤᠷᠠᠭᠤᠯᠵᠤ᠂ ᠤᠯᠤᠰ ᠢ᠋ᠶ᠋ᠠᠨ ᠬᠠᠢᠷᠠᠯᠠᠬᠤ ᠦᠵᠡᠯ ᠤ᠋ᠨ ᠵᠣᠷᠢᠭ ᠰᠠᠨᠠᠭ᠎ᠠ ᠵᠢ ᠪᠠᠳᠠᠷᠠᠭᠤᠯᠬᠤ᠂ ᠠᠷᠠᠳ ᠲᠦᠮᠡᠨ ᠤ᠋ ᠤᠶᠤᠨ ᠰᠠᠨᠠᠭᠠᠨ ᠤ᠋ ᠬᠦᠴᠦᠨ ᠴᠢᠳᠠᠯ ᠢ᠋ ᠨᠡᠮᠡᠭᠳᠡᠭᠦᠯᠵᠦ᠂ ᠠᠷᠠᠳ ᠲᠦᠮᠡᠨ ᠤ᠋ ᠰᠣᠶᠣᠯ ᠤ᠋ᠨ ᠬᠡᠷᠡᠭ᠌ᠴᠡᠭᠡ ᠵᠢ ᠬᠠᠩᠭᠠᠬᠤ᠂ ᠠᠵᠤ ᠠᠬᠤᠢ ᠨᠡᠢᠭᠡᠮ ᠤ᠋ᠨ ᠬᠥᠭ᠌ᠵᠢᠯᠲᠡ ᠵᠢ ᠠᠬᠢᠭᠤᠯᠬᠤ ᠡᠷᠬᠢᠮ ᠨᠠᠨᠳᠢᠨ ᠡᠬᠢ ᠪᠠᠶᠠᠯᠢᠭ ᠪᠣᠯᠭᠠᠨ᠎ᠠ》 ᠭᠡᠵᠦ᠍ ᠥᠪᠥᠷ ᠮᠣᠩᠭᠣᠯ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯ ᠤ᠋ᠨ ᠲᠣᠪᠴᠢᠶ᠎ᠠ ᠶ᠋ᠢᠨ ᠳᠡᠳ᠋ ᠳᠠᠷᠤᠭ᠎ᠠ ᠭᠤᠸᠠᠨ ᠹᠦ᠋ ᠼᠠᠢ ᠬᠡᠯᠡᠨ᠎ᠠ᠃
《ᠬᠤᠪᠢᠰᠬᠠᠯ ᠤ᠋ᠨ ᠰᠤᠶᠤᠯ +》 ᠱᠢᠨ᠎ᠡ ᠡᠵᠡᠩᠨᠡᠯᠲᠡ ᠶ᠋ᠢᠨ ᠬᠡᠯᠪᠡᠷᠢ ᠵᠢ ᠴᠤᠭᠴᠠᠯᠠᠪᠠ
ᠬᠤᠪᠢᠰᠭᠠᠯ ᠤ᠋ᠨ ᠰᠣᠶᠣᠯ ᠪᠣᠯ ᠥᠩᠭᠡᠷᠡᠭ᠌ᠰᠡᠨ᠂ ᠣᠲᠣ ᠪᠠ ᠢᠷᠡᠭᠡᠳᠦᠶ ᠵᠢ ᠬᠣᠯᠪᠣᠬᠤ ᠴᠢᠬᠤᠯᠠ ᠣᠶᠤᠨ ᠰᠠᠨᠠᠭᠠᠨ ᠤ᠋ ᠬᠣᠯᠪᠣᠭᠠᠰᠤ ᠮᠥᠨ᠂ ᠦᠪᠤᠷ ᠮᠣᠩᠭᠣᠯ 《ᠬᠤᠪᠢᠰᠭᠠᠯ ᠤ᠋ᠨ ᠰᠤᠶᠤᠯ +》 ᠠᠵᠢᠯ ᠢ᠋ ᠰᠠᠢᠲᠤᠷ ᠬᠢᠵᠦ᠍᠂ ᠬᠤᠪᠢᠰᠭᠠᠯ ᠤ᠋ᠨ ᠲᠡᠥᠬᠡ ᠵᠢᠨ ᠳᠤᠷᠠᠰᠭᠠᠯᠲᠤ ᠵᠦᠶ᠋ᠯᠡᠰ ᠢ᠋ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠂ ᠠᠮᠢᠯᠠᠭᠤᠯᠵᠤ ᠠᠱᠢᠭ᠍ᠯᠠᠬᠤ ᠲᠣᠭ᠍ᠲᠠᠴᠠ ᠵᠢ ᠰᠦᠪᠡᠭ᠌ᠴᠢᠯᠡᠨ ᠪᠠᠢᠭᠤᠯᠵᠤ᠂ ᠬᠤᠪᠢᠰᠭᠠᠯ ᠤ᠋ᠨ ᠰᠣᠶᠣᠯ ᠤ᠋ᠨ ᠱᠢᠨ᠎ᠡ ᠵᠢ ᠡᠭᠦᠳᠬᠦ᠌ ᠴᠢᠨᠠᠷᠲᠠᠶ ᠬᠥᠭ᠌ᠵᠢᠯᠲᠡ ᠪᠠ ᠬᠤᠪᠢᠰᠭᠠᠯ ᠤ᠋ᠨ ᠡᠬᠢ ᠪᠠᠶᠠᠯᠢᠭ ᠤ᠋ᠨ ᠪᠦᠲᠦᠭᠡᠯᠴᠢ ᠴᠢᠨᠠᠷᠲᠠᠶ ᠬᠤᠪᠢᠷᠠᠭᠤᠯᠤᠯᠲᠠ ᠵᠢ ᠠᠬᠢᠭᠤᠯᠤᠭᠰᠠᠨ ᠪᠠᠢᠨ᠎ᠠ᠃
ᠲᠦᠷᠦᠭᠦᠬᠡᠨ ᠦᠪᠡᠷᠳᠡᠬᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠵᠢᠨ ᠤᠬᠠᠭᠤᠯᠬᠤ ᠬᠡᠯᠲᠡᠰ ᠪᠣᠯᠤᠨ ᠦᠪᠡᠷᠳᠡᠬᠡᠨ ᠵᠠᠰᠠᠬᠤ ᠤᠷᠤᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ 10 ᠵᠤᠷᠪᠤᠰ ᠬᠤᠪᠢᠰᠭᠠᠯ ᠤ᠋ᠨ ᠰᠤᠳᠤᠯᠤᠨ ᠰᠤᠷᠤᠯᠴᠠᠬᠤ ᠵᠢᠭᠤᠯᠴᠢᠯᠠᠯ ᠤ᠋ᠨ ᠰᠣᠳᠣᠨ ᠵᠠᠮ ᠱᠤᠭᠤᠮ ᠭᠠᠷᠭᠠᠵᠤ᠂ ᠬᠤᠪᠢᠰᠭᠠᠯ ᠤ᠋ᠨ ᠤᠳᠤᠮᠱᠢᠯ ᠢ᠋ ᠵᠠᠯᠭᠠᠮᠵᠢᠯᠠᠨ ᠬᠤᠪᠢᠰᠭᠠᠯ ᠤ᠋ᠨ ᠡᠬᠢ ᠪᠠᠶᠠᠯᠢᠭ ᠢ᠋ ᠰᠠᠢᠲᠤᠷ ᠠᠱᠢᠭ᠍ᠯᠠᠬᠤ ᠳ᠋ᠦ ᠱᠢᠨ᠎ᠡ ᠦᠢᠯᠡᠳᠦᠯᠭᠡ ᠬᠢᠪᠡ᠃
《ᠬᠤᠪᠢᠰᠭᠠᠯ ᠤ᠋ᠨ ᠰᠤᠶᠤᠯ + ᠰᠣᠶᠣᠯ ᠵᠢᠭᠤᠯᠴᠢᠯᠠᠯ》 ᠨᠢ ᠬᠤᠪᠢᠰᠭᠠᠯ ᠤ᠋ᠨ ᠰᠣᠶᠣᠯ ᠤ᠋ᠨ ᠦᠨ᠎ᠡ ᠥᠷᠲᠡᠭ ᠢ᠋ ᠢᠯᠡᠷᠡᠭᠦᠯᠦᠭᠰᠡᠨ ᠪᠤᠯ 《ᠬᠤᠪᠢᠰᠭᠠᠯ ᠤ᠋ᠨ ᠰᠤᠶᠤᠯ + ᠰᠤᠷᠭᠠᠨ ᠬᠥᠮᠦᠵᠢᠯ》 ᠨᠢ ᠬᠤᠪᠢᠰᠭᠠᠯ ᠤ᠋ᠨ ᠤᠳᠤᠮᠰᠢᠯ ᠤ᠋ᠨ ᠠᠮᠢᠵᠢᠷᠠᠯ ᠤ᠋ᠨ ᠬᠦᠴᠦᠨ ᠢ᠋ ᠬᠥᠭ᠌ᠵᠢᠭᠡᠬᠦ᠌ ᠪᠦᠲᠦᠮᠵᠢᠲᠡᠶ ᠠᠷᠭ᠎ᠠ ᠪᠠᠷᠢᠯ ᠪᠤᠯᠵᠠᠢ ᠃
2021 ᠣᠨ ᠳ᠋ᠦ ᠳ᠋ᠦᠸᠸ ᠰᠦᠩ ᠨᠢᠶᠠᠨ ᠤ᠋ ᠳᠤᠷᠠᠰᠭᠠᠯ ᠤ᠋ᠨ ᠣᠷᠳᠣᠨ ᠪᠣᠯᠤᠨ ᠬᠥᠬᠡᠬᠣᠲᠠ ᠶ᠋ᠢᠨ ᠱᠠᠨ ᠱᠦᠢ ᠪᠠᠭ᠎ᠠ ᠰᠤᠷᠭᠠᠭᠤᠯᠢ ᠬᠠᠮᠲᠤ ᠪᠠᠷ ᠰᠤᠷᠭᠠᠨ ᠬᠥᠮᠦᠵᠢᠯ ᠤ᠋ᠨ ᠰᠠᠭᠤᠷᠢᠨ ᠪᠠᠢᠭᠤᠯᠵᠤ ᠂ ᠱᠠᠨ ᠱᠦᠢ ᠪᠠᠭ᠎ᠠ ᠰᠤᠷᠭᠠᠭᠤᠯᠢ ᠶ᠋ᠢᠨ ᠰᠤᠷᠤᠭ᠍ᠴᠢᠳ ᠬᠤᠭᠤᠴᠠᠭ᠎ᠠ ᠪᠤᠯᠭᠠᠨ ᠳᠤᠷᠠᠰᠭᠠᠯ ᠤ᠋ᠨ ᠣᠷᠳᠣᠨ ᠳ᠋ᠦ ᠬᠦᠷᠴᠦ᠍ ᠲᠣᠭᠣᠷᠢᠨ ᠦᠵᠡᠵᠦ᠍᠂ ᠱᠠᠨ ᠱᠦᠢ ᠪᠠᠭ᠎ᠠ ᠰᠤᠷᠭᠠᠭᠤᠯᠢ ᠪᠠᠰᠠ 《ᠳ᠋ᠦᠸᠸ ᠰᠦᠩ ᠨᠢᠶᠠᠨ ᠳᠤᠮᠳᠠ ᠠᠩᠬᠢ》 ᠵᠢ ᠪᠠᠢᠭᠤᠯᠵᠠᠢ᠃
ᠮᠡᠳᠡᠭᠡ ᠵᠠᠩᠭᠢ ᠶ᠋ᠢᠨ ᠴᠠᠭ ᠦᠶ᠎ᠡ ᠳ᠋ᠦ ᠤᠷᠤᠭᠰᠠᠨ ᠦᠨᠦᠳᠤᠷ 《ᠬᠤᠪᠢᠰᠭᠠᠯ ᠤ᠋ᠨ ᠰᠤᠶᠤᠯ + ᠲᠤᠭᠠᠴᠢᠯᠠᠭᠰᠠᠨ》 ᠬᠡᠯᠪᠡᠷᠢ ᠵᠢ ᠬᠦᠢᠴᠡᠳ ᠠᠰᠢᠭᠯᠠᠬᠤ ᠪᠣᠯ ᠬᠤᠪᠢᠰᠭᠠᠯ ᠤ᠋ᠨ ᠰᠣᠶᠣᠯ ᠢ᠋ ᠵᠠᠯᠠᠭᠤᠴᠤᠳ ᠲᠦ᠍ ᠤᠢᠯᠠᠭᠠᠭᠤᠯᠤᠨ ᠭᠦᠨᠵᠡᠭᠡᠢᠷᠡᠬᠦᠯᠬᠦ ᠪᠦᠲᠦᠮᠵᠢᠲᠡᠢ ᠠᠷᠭ᠎ᠠ ᠵᠠᠮ ᠪᠤᠯᠬᠤ ᠶᠤᠮ᠃
《ᠮᠠᠰᠢ ᠦᠨᠡᠨ ᠪᠣᠳᠠᠲᠠᠢ ᠰᠠᠨᠠᠭ᠍ᠳᠠᠵᠤ ᠪᠠᠢᠨ᠎ᠠ᠂ ᠶᠠᠭ ᠲᠡᠷᠡ ᠴᠠᠭ ᠦᠶ᠎ᠠ ᠳ᠋ᠦ ᠤᠴᠢᠭᠠᠳ ᠬᠤᠪᠢᠰᠭᠠᠯ ᠳ᠋ᠦ ᠣᠷᠣᠯᠴᠠᠭᠰᠠᠨ ᠰᠢᠭ᠋》᠂ ᠥᠪᠥᠷ ᠮᠣᠩᠭᠣᠯ ᠤ᠋ᠨ ᠦᠨᠳᠦᠰᠦᠲᠡᠨ ᠤ᠋ ᠴᠢᠯᠥᠭᠡᠯᠡᠯᠲᠡ ᠶ᠋ᠢᠨ ᠳᠤᠷᠠᠰᠭᠠᠯ ᠤ᠋ᠨ ᠣᠷᠳᠣᠨ ᠳ᠋ᠦ AR ᠨᠢ ᠵᠢᠭᠤᠯᠴᠢᠯᠠᠭᠰᠠᠳ ᠲᠦ᠍ ᠲᠤᠢᠯ ᠤ᠋ᠨ ᠰᠤᠨᠢᠨ ᠰᠡᠪᠡᠬᠦᠨ ᠮᠦᠷᠳᠡᠭᠡᠨ ᠰᠠᠢᠬᠠᠨ ᠰᠠᠨᠠᠭᠳᠠᠵᠦ ᠪᠠᠢᠯ᠎ᠠ᠃
ᠥᠪᠥᠷ ᠮᠣᠩᠭᠣᠯ ᠤ᠋ᠨ ᠦᠨᠳᠦᠰᠦᠲᠡᠨ ᠤ᠋ ᠴᠢᠯᠥᠭᠡᠯᠡᠯᠲᠡ ᠶ᠋ᠢᠨ ᠳᠤᠷᠠᠰᠭᠠᠯ ᠤ᠋ᠨ ᠣᠷᠳᠣᠨ ᠬᠢᠩᠭᠠᠨ ᠠᠢᠮᠠᠭ ᠤ᠋ᠨ ᠤᠯᠠᠭᠠᠨᠬᠣᠲᠠ ᠳ᠋ᠦ ᠪᠠᠢᠷᠢᠯᠠᠵᠤ ᠪᠠᠢᠳᠠᠭ᠂ ᠤᠢ᠍ᠢᠷᠠ ᠳ᠋ᠤ ᠲᠤᠰ ᠤᠷᠳᠤᠨ ᠳ᠋ᠦ ᠪᠠᠢᠭᠤᠯᠤᠭ᠍ᠰᠠᠨ AR ᠤᠶᠤᠨᠲᠤ ᠵᠠᠮᠴᠢ ᠱᠢᠰᠲ᠋ᠧᠮ ᠠᠱᠢᠭ᠍ᠯᠠᠯᠲᠠ ᠳ᠋ᠦ ᠣᠷᠣᠵᠤ᠂ ᠵᠢᠭᠤᠯᠴᠢᠯᠠᠭᠰᠠᠳ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠠᠷᠭ᠎ᠠ ᠪᠠᠷᠢᠯ ᠢ᠋ᠶ᠋ᠠᠷ ᠲᠡᠦᠬᠡ ᠪᠣᠯᠤᠨ ᠪᠣᠳᠠᠲᠤ ᠠᠬᠤᠢ ᠶ᠋ᠢᠨ ᠬᠣᠭᠣᠷᠣᠨᠳᠣ ᠰᠦᠯᠵᠢᠯᠳᠦᠵᠦ᠍᠂ ᠥᠪᠥᠷ ᠮᠣᠩᠭᠣᠯ ᠤ᠋ᠨ ᠬᠤᠪᠢᠰᠭᠠᠯ ᠤ᠋ᠨ ᠰᠦᠷ ᠳᠠᠯᠠᠢᠴᠠᠲᠠᠢ ᠲᠡᠦᠬᠡ ᠵᠢ ᠤᠯᠠᠮ ᠬᠦᠨᠵᠡᠬᠡᠢ᠂ ᠤᠯᠠᠮ ᠠᠮᠢᠳᠤᠯᠢᠭ ᠣᠢᠯᠠᠭᠠᠬᠤ ᠪᠤᠯᠪᠠ᠃
ᠱᠢᠨ᠎ᠡ ᠴᠠᠭ ᠦᠶ᠎ᠡ ᠳ᠋ᠦ ᠬᠤᠪᠢᠰᠭᠠᠯ ᠤ᠋ᠨ ᠦᠯᠢᠭᠡᠷ ᠢ᠋ ᠠᠮᠢᠳᠤᠯᠢᠭ ᠰᠠᠢᠬᠠᠨ ᠶᠠᠷᠢᠵᠤ᠂ ᠱᠢᠨ᠎ᠡ ᠠᠶᠠᠨ ᠳ᠋ᠦ ᠬᠤᠪᠢᠰᠭᠠᠯ ᠤ᠋ᠨ ᠵᠤᠷᠢᠭ ᠰᠠᠨᠠᠭ᠎ᠠ ᠵᠢ ᠪᠠᠳᠠᠷᠠᠭᠤᠯᠤᠨ ᠡᠷᠡᠮᠡᠬᠡᠢᠯᠡᠨ ᠤᠷᠤᠭᠰᠢᠯᠠᠨ᠎ᠠ᠃ ᠥᠪᠥᠷ ᠮᠣᠩᠭᠣᠯ ᠦᠶ᠋ᠯᠡᠳᠦᠯᠭᠡ ᠪᠡᠷ ᠪᠢᠷ ᠪᠤᠯᠭᠠᠵᠦ᠂ ᠬᠤᠪᠢᠰᠭᠠᠯ ᠤ᠋ᠨ ᠰᠣᠶᠣᠯ ᠤ᠋ᠨ ᠡᠬᠢ ᠪᠠᠶᠠᠯᠢᠭ ᠤ᠋ᠨ ᠬᠠᠷᠢᠭᠤᠯᠲᠠ ᠶ᠋ᠢᠨ ᠬᠠᠭᠤᠳᠠᠰᠤ ᠵᠢ ᠤᠮᠠᠷᠠᠲᠤ ᠬᠢᠯᠢ ᠶ᠋ᠢᠨ ᠡᠬᠡ ᠭᠠᠵᠠᠷ ᠲᠦ᠍ ᠪᠢᠴᠢᠭ᠌ᠯᠡᠭᠰᠡᠬᠡᠷ ᠁
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃