ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2023-11-30 12:16:02

ᠵᠣᠬᠢᠶᠠᠭ᠍ᠴᠢ᠄ ᠵᠧᠩ ᠱᠢᠤᠸᠠᠢ ᠯᠢᠶᠠᠩ᠂ ᠵᠠᠩ ᠱᠢᠶᠤᠤ ᠴᠢᠨ ᠣᠩᠱᠢᠭ᠍ᠰᠠᠨ ᠣᠳᠠᠭ᠎ᠠ᠄ 3

ᠬᠥᠬᠡᠬᠣᠲᠠ ᠢ᠋ᠢᠨ ᠬᠣᠷᠢᠨᠭᠡᠷ ᠱᠢᠶᠠᠨ᠎ᠤ ᠱᠧᠩᠯᠸ ᠮᠦᠽᠧᠢ᠎ᠳᠦ ᠲᠡᠯᠬᠡᠭᠳᠡᠵᠤ ᠪᠠᠢᠭ᠎ᠠ ᠠᠯᠢ ᠤᠯᠠᠨ ᠲᠡᠤᠬᠡ ᠢ᠋ᠢᠨ ᠲᠤᠷᠠᠰᠬᠠᠯᠳᠤ ᠵᠦᠢᠯᠡᠰ ᠨᠢ ᠱᠢᠶᠡᠨᠪᠢ ᠦᠨᠳᠦᠰᠦᠲᠡᠨ ᠤ᠋ ᠡᠭᠦᠰᠦᠯ᠂ ᠬᠥᠭ᠌ᠵᠢᠯ᠂ ᠠᠭᠤᠰᠤᠯᠴᠠᠯ ᠤ᠋ᠨ ᠪᠦᠬᠦ᠌ ᠶᠠᠪᠤᠴᠠ ᠢ᠋ᠢ ᠦᠬᠦᠯᠡᠵᠦ᠂ ᠲᠡᠯᠬᠡᠨ ᠦᠵᠡᠬᠦᠯᠵᠤ ᠪᠠᠢᠭ᠎ᠠ ᠬᠡᠷᠡᠯ ᠵᠢᠷᠤᠭ ᠤ᠋ᠳ ᠨᠢ ᠡᠨᠡ ᠬᠦ᠌ ᠨᠤᠲᠤᠭ ᠳᠡᠭᠡᠷᠡᠬᠢ ᠲᠠᠯ᠎ᠠ ᠨᠤᠲᠤᠭ ᠤ᠋ᠨ ᠰᠣᠶᠣᠯ ᠪᠣᠯᠤᠨ ᠲᠠᠷᠢᠶᠠᠯᠠᠬᠤ ᠰᠣᠶᠣᠯ ᠤ᠋ᠨ ᠲᠡᠦᠬᠡᠨ ᠰᠤᠳᠠᠰᠤ ᠢ᠋ᠢ ᠬᠠᠷᠠᠭᠤᠯᠤᠨ᠎ᠡ᠃

《ᠪᠢᠳᠡ ᠤᠳᠤ ᠪᠠᠢᠭ᠎ᠠ ᠳᠤᠮᠳᠠᠳᠤ ᠤᠯᠤᠰ ᠤ᠋ᠨ ᠴᠥᠭᠡᠨ ᠲᠣᠭᠠᠲᠤ ᠦᠨᠳᠦᠰᠦᠲᠡᠨ ᠤ᠋ ᠤᠳᠭ᠎ᠠ ᠵᠣᠬᠢᠶᠠᠯ ᠤ᠋ᠨ ᠣᠷᠳᠣᠨ᠂ ᠱᠧᠩᠯᠸ ᠮᠦᠽᠧᠢ᠂ ᠠᠳᠤᠭᠤᠨ ᠰᠤᠶᠤᠯ ᠤ᠋ᠨ ᠮᠦᠽᠧᠢ᠂ ᠡᠪᠡᠰᠦᠨ ᠤ᠋ ᠠᠵᠤ ᠤᠢᠯᠡᠰ ᠤ᠋ᠨ ᠮᠦᠽᠧᠢ᠂ ᠡᠮ ᠤ᠋ᠨ ᠵᠤᠷ᠎ᠤᠨ ᠮᠦᠽᠧᠢ ᠢ᠋ᠢ ᠪᠦᠳᠦᠬᠡᠨ ᠪᠠᠢᠭᠤᠯᠤᠨ ᠰᠠᠢᠵᠢᠷᠠᠭᠤᠯᠵᠤ᠂ ᠮᠦᠽᠧᠢ᠎ᠳᠦ ᠬᠠᠳᠠᠭᠠᠯᠠᠭ᠍ᠳᠠᠵᠤ ᠪᠠᠢᠭ᠎ᠠ ᠲᠡᠦᠬᠡ ᠢ᠋ᠢᠨ ᠳᠤᠷᠠᠰᠭᠠᠯᠲᠤ ᠵᠦᠢᠯᠡᠰ᠂ ᠥᠷᠭᠡᠨ ᠠᠭᠤᠳᠠᠮ ᠡᠬᠡ ᠭᠠᠵᠠᠷ ᠲᠦ᠍ ᠲᠡᠯᠬᠡᠭᠳᠡᠨ ᠪᠠᠢᠭ᠎ᠠ ᠥᠪ᠂ ᠡᠷᠲᠡᠨ ᠤ᠋ ᠨᠣᠮ ᠰᠤᠳᠤᠷ ᠲᠦ᠍ ᠪᠢᠴᠢᠭ᠌ᠳᠡᠭ᠌ᠰᠡᠨ ᠦᠰᠦᠭ ᠪᠢᠴᠢᠭ᠎ᠢ ᠴᠥᠮ ᠠᠮᠢᠯᠠᠭᠤᠯᠤᠨ᠎ᠠ》 ᠭᠡᠵᠦ᠍ ᠬᠣᠷᠢᠨᠭᠡᠷ ᠱᠢᠶᠠᠨ᠎ᠤ ᠰᠣᠶᠣᠯ ᠵᠢᠭᠤᠯᠴᠢᠯᠠᠯ ᠪᠡᠶ᠎ᠡ ᠢ᠋ᠢᠨ ᠲᠠᠮᠢᠷ ᠤ᠋ᠨ ᠲᠣᠪᠴᠢᠶ᠎ᠠ ᠵᠢᠨ ᠳᠠᠷᠤᠭ᠎ᠠ ᠴᠢ ᠬᠣᠶ ᠵᠢᠤᠸᠠᠨ ᠶᠠᠷᠢᠵᠤ ᠪᠡᠢᠯ᠎ᠡ᠃

ᠤᠮᠠᠷᠠᠲᠤ ᠬᠢᠯᠢ ᠢ᠋ᠢᠨ ᠰᠣᠶᠣᠯ ᠤ᠋ᠨ ᠲᠦᠷᠦᠯ ᠲᠡᠮᠳᠡᠭ᠎ᠢ ᠴᠤᠬᠴᠠᠯᠠᠬᠤ ᠳ᠋ᠤ᠌ ᠠᠩᠬᠠᠷᠤᠯ᠎ᠢᠶᠠᠨ ᠲᠥᠪᠯᠡᠷᠡᠭᠦᠯᠵᠦ᠍᠂ ᠬᠣᠷᠢᠨᠭᠡᠷ ᠱᠢᠶᠠᠨ ᠬᠤᠪᠢᠰᠬᠠᠯᠳᠤ ᠰᠣᠶᠣᠯ᠎ᠢ ᠪᠠᠭ᠍ᠲᠠᠭᠠᠭ᠍ᠰᠠᠨ ᠲᠠᠯ᠎ᠠ ᠨᠤᠲᠤᠭ ᠤ᠋ᠨ ᠰᠣᠶᠣᠯ᠂ ᠲᠠᠷᠢᠶᠠᠯᠠᠬᠤ ᠰᠣᠶᠣᠯ᠂ ᠬᠠᠳᠤᠨ ᠭᠣᠣᠯ ᠤ᠋ᠨ ᠰᠣᠶᠣᠯ᠂ ᠤᠷᠳᠤ ᠴᠠᠭᠠᠨ ᠬᠡᠷᠡᠮ ᠤ᠋ᠨ ᠰᠣᠶᠣᠯ ᠵᠡᠷᠭᠡ ᠤᠮᠠᠷᠠᠲᠤ ᠬᠢᠯᠢ ᠢ᠋ᠢᠨ ᠰᠣᠶᠣᠯ ᠤ᠋ᠨ ᠪᠠᠶᠠᠯᠢᠭ ᠠᠭᠤᠯᠤᠭ᠍ᠳᠠᠬᠤᠨ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠢᠯᠡᠷᠡᠭᠦᠯᠵᠦ᠍᠂ ᠨᠠᠨᠱᠠᠨ ᠴᠡᠴᠡᠷᠯᠢᠭ ᠤ᠋ᠨ ᠤᠳᠤ ᠢ᠋ᠢᠨ ᠰᠤᠯᠠ ᠲᠠᠯᠪᠢᠬᠳᠠᠵᠦ ᠪᠠᠢᠭ᠎ᠠ ᠪᠠᠷᠢᠯᠭ᠎ᠠ ᠢ᠋ᠢᠨ ᠡᠬᠢ ᠪᠠᠶᠠᠯᠢᠭ᠎ᠢ ᠠᠮᠢᠯᠠᠭᠤᠯᠵᠤ᠂ ᠴᠠᠭᠠᠰᠤᠨ ᠬᠠᠢᠴᠢᠯᠠᠮᠠᠯ᠂ ᠵᠣᠭᠣᠰ᠂ ᠵᠠᠩ ᠦᠢᠯᠡ᠂ ᠤᠮᠠᠷᠠᠲᠤ ᠬᠢᠯᠢ ᠢ᠋ᠢᠨ ᠰᠣᠶᠣᠯ ᠵᠡᠷᠭᠡ 9 ᠲᠠᠯᠠᠪᠤᠷ ᠣᠷᠳᠣᠨ᠎ᠢ ᠨᠡᠢᠳᠭᠡᠨ ᠪᠦᠳᠦᠭᠡᠨ ᠪᠠᠢᠭᠤᠯᠵᠤ᠂ ᠮᠦᠽᠧᠢ ᠢ᠋ᠢᠨ ᠰᠦᠷᠦᠭ᠌ᠵᠢᠯ᠎ᠢ ᠪᠦᠷᠢᠯᠳᠦᠭᠦᠯᠦᠨ᠂ ᠮᠦᠽᠧᠢ ᠢ᠋ᠢᠨ ᠵᠢᠵᠢᠭ ᠪᠠᠯᠭᠠᠰᠤ ᠢ᠋ᠢ ᠴᠣᠭ᠍ᠴᠠᠯᠠᠵᠤ᠂ ᠬᠥᠬᠡᠬᠣᠲᠠ ᠢ᠋ᠢᠨ ᠤᠮᠠᠷᠠᠲᠤ ᠬᠢᠯᠢ ᠢ᠋ᠢᠨ ᠮᠦᠽᠧᠢ ᠢ᠋ᠢᠨ ᠬᠤᠳᠠ ᠢ᠋ᠢᠨ ᠪᠦᠳᠦᠭᠡᠨ ᠪᠠᠢᠭᠤᠯᠤᠯᠲᠠ ᠳ᠋ᠤ᠌ ᠪᠦᠬᠦ᠌ ᠲᠠᠯ᠎ᠠ᠎ᠪᠠᠷ ᠠᠭᠤᠰᠤᠯᠴᠠᠭᠤᠯᠪᠠ᠃

《ᠳᠤᠮᠳᠠᠳᠤ ᠢ᠋ᠢᠨ ᠦᠨᠳᠦᠰᠦᠲᠡᠨ ᠤ᠋ ᠬᠠᠮᠲᠤ ᠢ᠋ᠢᠨ ᠴᠣᠭ᠍ᠴᠠ ᠢ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ᠎ᠢ ᠪᠠᠲᠤ ᠡᠵᠡᠮᠳᠡᠵᠦ᠍᠂ ᠮᠦᠽᠧᠶ ᠢ᠋ᠢᠨ ᠵᠢᠵᠢᠭ ᠪᠠᠯᠭᠠᠰᠤ ᠢ᠋ᠢ ᠪᠥᠲᠥᠭᠡᠨ ᠪᠠᠢᠭᠤᠯᠬᠤ᠎ᠪᠠᠷ ᠳᠠᠮᠵᠢᠭᠤᠯᠤᠨ᠂ ᠣᠯᠠᠨ ᠲᠦᠮᠡᠨ ᠤ᠋ ᠬᠣᠷᠢᠨᠭᠡᠷ ᠱᠢᠶᠠᠨ᠎ᠤ ᠰᠣᠶᠣᠯ ᠤ᠋ᠨ ᠲᠤᠬᠠᠶ ᠣᠢᠯᠠᠭᠠᠯᠲᠠ ᠪᠠ ᠲᠠᠨᠢᠯᠲᠠ ᠢ᠋ᠢ ᠴᠢᠨᠠᠬᠰᠢᠳᠠ ᠨᠡᠮᠡᠭ᠌ᠳᠡᠭᠦᠯᠵᠦ᠍᠂ ᠠᠳᠠᠯᠢ ᠪᠤᠰᠤ ᠴᠠᠭ ᠦᠶ᠎ᠡ ᠢ᠋ᠢᠨ ᠰᠣᠶᠣᠯ ᠤ᠋ᠨ ᠡᠯᠸᠮᠸᠨ᠋ᠲ ᠢ᠋ ᠤᠮᠠᠷᠠᠲᠤ ᠬᠢᠯᠢ ᠢ᠋ᠢᠨ ᠡᠬᠡ ᠭᠠᠵᠠᠷ ᠲᠦ᠍ ᠴᠤᠤᠷᠢᠶᠠᠳᠤᠭᠤᠯᠤᠨ᠎ᠠ》 ᠭᠡᠵᠦ᠍ ᠬᠣᠷᠢᠨᠭᠡᠷ ᠱᠢᠶᠠᠨ᠎ᠤ ᠳᠡᠳ᠋ ᠳᠠᠷᠤᠭ᠎ᠠ ᠪᠠᠶ ᠬᠤᠤ ᠬᠡᠯᠡᠨ᠎ᠡ᠃

ᠬᠣᠷᠢᠨᠭᠡᠷ ᠱᠢᠶᠠᠨ ᠮᠦᠽᠧᠶ ᠢ᠋ᠢᠨ ᠵᠢᠵᠢᠭ ᠪᠠᠯᠭᠠᠰᠤ ᠪᠠᠷ ᠲᠠᠮᠵᠢᠭᠤᠯᠵᠤ᠂ ᠮᠸᠩ ᠨᠢᠦ ᠪᠦᠯᠦᠭᠯᠡᠯ᠂ ᠮᠸᠩ ᠼᠤᠤ ᠪᠦᠯᠦᠭᠯᠡᠯ᠂ ᠡᠤᠤ ᠸᠧᠶ ᠠᠳᠤᠭᠤᠨ᠎ᠤ ᠦᠶ᠋ᠯᠡᠰ᠂ ᠳ᠋ᠠ ᠲᠠᠩ ᠡᠮ ᠤ᠋ᠨ ᠦᠶ᠋ᠯᠡᠰ᠂ ᠵᠧᠩ ᠳ᠋ᠡ ᠬᠣᠩ ᠶᠧ ᠵᠡᠷᠭᠡ ᠠᠵᠤ ᠠᠬᠤᠢᠯᠠᠯ ᠤ᠋ᠨ ᠠᠵᠤ ᠦᠶ᠋ᠯᠡᠰ ᠰᠤᠳᠤᠯᠭᠠᠨ ᠵᠢᠭᠠᠨ ᠰᠤᠷᠭᠠᠯᠳᠠ ᠵᠢᠨ ᠵᠠᠮ ᠱᠤᠭᠤᠮ᠎ᠢ ᠭᠤᠤᠯᠳᠠᠯᠭ᠎ᠠ ᠲᠠᠶ ᠪᠠᠢᠭᠤᠯᠵᠤ᠂ ᠳᠠᠷᠢᠬᠤ᠂ ᠲᠡᠵᠢᠭᠡᠬᠦ᠌᠂ ᠪᠣᠯᠪᠠᠰᠤᠷᠠᠭᠤᠯᠬᠤ᠂ ᠪᠣᠷᠣᠯᠠᠭᠤᠯᠬᠤ ᠪᠥᠬᠥ᠌ ᠬᠡᠯᠬᠢᠶ᠎ᠡ ᠪᠥᠬᠥ᠌ ᠦᠵᠡᠮᠵᠢ ᠢ᠋ᠢ ᠪᠦᠷᠢᠯᠳᠦᠭᠦᠯᠵᠦ᠍᠂ 《ᠰᠣᠶᠣᠯ ᠵᠢᠭᠤᠯᠴᠢᠯᠠᠯ + ᠠᠵᠤ ᠦᠶ᠋ᠯᠡᠰ》᠎ᠢ᠋ ᠭᠦᠨᠵᠡᠭᠡᠶ ᠠᠭᠤᠰᠤᠯᠴᠠᠭᠤᠯᠪᠠ᠃ ᠱᠧᠩᠯᠸ ᠮᠦᠽᠧᠢ᠂ ᠨᠠᠨᠱᠠᠨ ᠵᠢᠭᠤᠯᠴᠢᠯᠡᠯ ᠤ᠋ᠨ ᠦᠵᠡᠮᠵᠢ ᠢ᠋ᠢᠨ ᠣᠷᠣᠨ᠂ ᠰᠦᠢᠶᠤᠸᠠᠨ᠎ᠤ ᠡᠮᠦᠨᠡᠲᠦ ᠬᠡᠰᠡᠭ ᠤ᠋ᠨ ᠬᠤᠪᠢᠰᠭᠠᠯ ᠤ᠋ᠨ ᠰᠠᠭᠤᠷᠢᠨ ᠤ᠋ ᠪᠠᠭᠤᠷᠢ᠂ ᠮᠢᠩ ᠤᠯᠤᠰ᠎ᠤᠨ ᠤᠷᠳᠤ ᠴᠠᠭᠠᠨ ᠬᠡᠷᠡᠮ ᠵᠡᠷᠭᠡ ᠦᠵᠡᠮᠵᠢ ᠢ᠋ᠢᠨ ᠣᠷᠣᠨ᠎ᠤ ᠰᠣᠶᠣᠯ ᠰᠤᠳᠤᠯᠭᠠᠨ ᠵᠢᠭᠠᠨ ᠰᠤᠷᠭᠠᠯᠳᠠ ᠵᠢᠨ ᠵᠠᠮ ᠱᠤᠭᠤᠮ᠎ᠢ ᠬᠣᠯᠪᠣᠵᠤ᠂ ᠪᠠᠢᠭᠠᠯᠢ ᠰᠣᠶᠣᠯ ᠢᠷᠭᠡᠨᠱᠢᠯ᠂ ᠬᠤᠪᠢᠰᠭᠠᠯᠳᠤ ᠤᠳᠤᠮᠰᠢᠯ᠂ ᠡᠷᠳᠡᠡ ᠡᠳᠤᠬᠡ ᠢ᠋ᠢ ᠬᠠᠷᠢᠯᠴᠡᠨ ᠵᠤᠯᠭᠠᠭᠤᠯᠪᠠ᠃ ᠴᠢᠯᠠᠭᠤᠨ ᠬᠤᠰᠢᠭᠤ ᠨᠠᠭᠤᠷ ᠤ᠋ᠨ ᠭᠣᠣᠯ ᠰᠡᠳᠦᠪᠲᠦ ᠴᠡᠴᠡᠷᠯᠢᠭ᠂ ᠪᠠᠢ ᠡᠯ ᠶᠧ ᠡᠯᠡᠰᠦᠨ ᠳᠠᠪᠠᠭ᠎ᠠ ᠢ᠋ᠢᠨ ᠬᠥᠮᠦᠵᠢᠯ ᠤ᠋ᠨ ᠰᠠᠭᠤᠷᠢᠨ᠂ ᠤᠯᠠᠭᠠᠨᠮᠦ᠋ᠷᠡᠨ ᠬᠡᠬᠡᠷ᠎ᠡ ᠢ᠋ᠢᠨ ᠪᠡᠶᠡᠴᠢᠯᠡᠨ ᠣᠢᠯᠠᠭᠠᠯᠲᠠ᠂ ᠪᠣᠭᠣᠮᠲᠠ ᠢ᠋ᠢᠨ ᠭᠠᠳᠠᠨᠠᠬᠢ ᠲᠤᠭᠤᠷ ᠤ᠋ᠨ ᠬᠦᠷᠢᠶᠡᠯᠡᠩ ᠤ᠋ᠨ ᠬᠥᠳᠡᠭᠡ ᠨᠤᠲᠤᠭ ᠤ᠋ᠨ ᠶᠡᠷᠦᠩᠬᠡᠢᠯᠡᠭ᠌ᠰᠡᠨ ᠴᠣᠭ᠍ᠴᠠ ᠵᠡᠷᠭᠡ ᠲᠥᠷᠥᠯ ᠵᠦᠢᠯ ᠤ᠋ᠨ ᠠᠮᠢ ᠠᠬᠤᠢ ᠰᠤᠳᠤᠯᠭᠠᠨ ᠵᠢᠭᠠᠨ ᠰᠤᠷᠭᠠᠯᠳᠠ ᠵᠢᠨ ᠵᠠᠮ ᠱᠤᠭᠤᠮ᠎ᠢ ᠬᠣᠯᠪᠣᠵᠤ᠂ ᠬᠥᠳᠡᠭᠡ ᠲᠤᠰᠬᠤᠨ᠎ᠤ ᠭᠤᠢᠳᠠ ᠦᠵᠡᠮᠵᠢ ᠢ᠋ᠢ ᠣᠯᠠᠨ ᠲᠠᠯ᠎ᠠ ᠡᠴᠡ ᠮᠡᠳᠡᠷᠡᠬᠦᠯᠵᠤ᠂ ᠬᠥᠳᠡᠭᠡ ᠲᠣᠰᠭᠣᠨ᠎ᠤ ᠠᠮᠢᠳᠤᠷᠠᠯ᠎ᠢ ᠪᠡᠶᠡᠴᠢᠯᠡᠨ ᠤᠢᠯᠠᠭᠠᠭᠤᠯᠵᠤ᠂ ᠡᠯᠪᠡᠭ ᠪᠠᠶᠠᠯᠢᠭ ᠰᠣᠶᠣᠯ ᠤ᠋ᠨ ᠡᠬᠢ ᠪᠠᠶᠠᠯᠢᠭ᠎ᠢ ᠪᠣᠬᠢᠷᠲᠤᠯ ᠦᠭᠡᠢ ᠦᠢᠯᠡᠳᠪᠦᠷᠢᠯᠡᠯ ᠤ᠋ᠨ ᠬᠦᠴᠦᠨ ᠪᠣᠯᠭᠠᠨ ᠤᠯᠠᠷᠢᠭᠤᠯᠪᠠ᠃

ᠬᠣᠷᠢᠨᠭᠡᠷ ᠱᠢᠶᠠᠨ ᠨᠠᠮ ᠤ᠋ᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ ᠢ᠋ᠢ ᠪᠠᠷᠢᠮᠲᠠᠯᠠᠵᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠢ᠋ᠢ ᠶᠡᠬᠡ ᠪᠡᠷ ᠪᠠᠳᠠᠷᠠᠭᠤᠯᠵᠤ᠂ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ᠎ᠢ ᠪᠥᠲᠥᠭᠡᠨ ᠪᠠᠢᠭᠤᠯᠬᠤ ᠴᠢᠬᠤᠯᠠ ᠡᠭᠦᠷᠭᠡ ᠢ᠋ᠢ ᠤᠬᠠᠮᠰᠠᠷ ᠡᠴᠡ᠎ᠪᠠᠨ ᠡᠭᠦᠷᠭᠡᠯᠡᠵᠦ᠍᠂ ᠣᠷᠣᠨ᠎ᠤ ᠲᠥᠪ ᠤ᠋ᠨ ᠳᠡᠳ᠋ ᠲᠥᠪ ᠎ᠢ ᠪᠥᠲᠥᠭᠡᠨ ᠪᠠᠢᠭᠤᠯᠬᠤ ᠶᠡᠬᠡ ᠲᠠᠯ᠎ᠠ ᠳ᠋ᠤ᠌ ᠰᠠᠨᠠᠭᠠᠴᠢᠯᠠᠭ᠎ᠠ ᠡᠴᠡ᠎ᠪᠠᠨ ᠠᠭᠤᠰᠤᠯᠴᠠᠵᠤ᠂ ᠰᠦ ᠶ᠋ᠢᠨ ᠦᠶ᠋ᠯᠡᠰ ᠤ᠋ᠨ ᠨᠡᠭᠡᠭᠡᠯᠲᠡ ᠢ᠋ᠢᠨ ᠲᠤᠭᠤᠷᠢᠬ᠎ᠤᠨ ᠠᠵᠤ ᠠᠬᠤᠶ ᠢ᠋ᠢᠨ ᠭᠤᠤᠯ ᠲᠡᠢᠯᠠᠯᠳᠤᠭᠠᠨ ᠤ᠋ ᠲᠠᠯᠠᠪᠤᠷ ᠤ᠋ᠨ ᠲᠣᠭᠣᠷᠢᠨ ᠳ᠋ᠤ᠌ ᠪᠣᠬᠢᠷᠲᠤᠯ ᠥᠬᠡᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠎ᠢ ᠦᠶ᠋ᠯᠡᠳᠪᠦᠷᠢᠯᠡᠵᠦ᠍ ᠡᠳ᠋ᠰᠢᠬᠦᠯᠦᠨ ᠪᠤᠯᠪᠠᠰᠤᠷᠠᠭᠤᠯᠬᠤ ᠠᠵᠤ ᠦᠶ᠋ᠯᠡᠰ᠎ᠢ ᠬᠦᠴᠦᠯᠡᠨ ᠰᠠᠢᠲᠤᠷ ᠠᠳᠭᠤᠵᠤ᠂ ᠰᠦ᠂ ᠮᠢᠬ᠎ᠠ᠂ ᠡᠪᠡᠰᠦ᠂ ᠨᠣᠭᠣᠭ᠎ᠠ᠂ ᠦᠷ᠎ᠡ ᠢ᠋ᠢᠨ ᠢᠷᠡᠯᠲᠡ ᠵᠡᠷᠭᠡ ᠠᠵᠤ ᠦᠶ᠋ᠯᠡᠰ ᠤ᠋ᠨ ᠬᠡᠯᠬᠢᠶ᠎ᠡ ᠢ᠋ᠢᠨ ᠡᠳᠦᠷ ᠢᠷᠡᠬᠦᠶ᠎ᠡ ᠲᠡᠭᠦᠯᠳᠡᠷᠵᠢᠬᠦ᠌ ᠢ᠋ᠢ ᠠᠬᠢᠭᠤᠯᠵᠤ᠂ ᠮᠸᠩ ᠨᠢᠤ᠂ ᠵᠧᠩ ᠳ᠋ᠡ᠂ ᠱᠧᠩ ᠵᠢᠶᠠᠨ᠂ ᠮᠸᠩ ᠼᠤᠤ ᠵᠡᠷᠭᠡ ᠪᠡᠷ ᠳᠠᠭᠠᠭᠤᠯᠤᠭ᠍ᠴᠢ ᠪᠣᠯᠭᠠᠭ᠍ᠰᠠᠨ ᠪᠣᠬᠢᠷᠲᠤᠯ ᠥᠬᠡᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠎ᠢ ᠡᠳ᠋ᠰᠢᠬᠦᠯᠤᠨ ᠪᠤᠯᠪᠠᠰᠤᠷᠠᠭᠤᠯᠬᠤ 54 ᠠᠵᠤ ᠠᠬᠤᠢᠯᠠᠯ᠎ᠢ ᠪᠣᠢᠵᠢᠭᠤᠯᠤᠭᠰᠠᠨ᠎ᠤ ᠳᠤᠳᠤᠷ᠎ᠠ ᠬᠡᠪᠴᠢᠶᠡᠵᠢᠯ᠎ᠡᠴᠡ ᠳᠡᠭᠡᠭ᠌ᠰᠢᠬᠢ ᠠᠵᠤ ᠠᠬᠤᠢᠯᠠᠯ 15 ᠪᠣᠶ᠃

ᠡᠨᠡ ᠵᠢᠯ ᠤ᠋ᠨ ᠲᠦᠷᠦᠭᠦᠦ ᠭᠤᠷᠪᠠᠨ ᠤᠯᠠᠷᠢᠯ ᠳ᠋ᠤ᠌᠂ ᠬᠣᠷᠢᠨᠭᠡᠷ ᠱᠢᠶᠠᠨ᠎ᠤ ᠭᠤᠤᠯ ᠪᠣᠯᠬᠤ ᠠᠵᠤ ᠠᠬᠤᠶ ᠢ᠋ᠢᠨ ᠭᠦᠶ᠋ᠴᠡᠳᠭᠡᠯ ᠲᠣᠭ᠎ᠠ᠎ᠨᠢ ᠴᠥᠮ ᠪᠥᠬᠥ᠌ ᠬᠣᠲᠠ ᠢ᠋ᠢᠨ ᠨᠡᠮᠡᠭ᠌ᠳᠡᠯ ᠤ᠋ᠨ ᠬᠤᠷᠳᠤᠴᠠ ᠡᠴᠡ ᠥᠨᠳᠥᠷ ᠪᠤᠯᠵᠦ᠂ ᠥᠪᠡᠷᠲᠡᠭᠡᠨ ᠵᠠᠰᠠᠬᠤ ᠣᠷᠣᠨ᠎ᠤ 24 ᠶᠡᠷᠦᠩᠬᠡᠢᠯᠡᠭ᠌ᠰᠡᠨ ᠱᠢᠶᠠᠨ᠎ᠤ ᠬᠡᠪᠴᠢᠶᠡᠨ ᠤ᠋ ᠲᠦᠷᠦᠯ ᠤ᠋ᠨ ᠭᠠᠵᠠᠷ ᠣᠷᠣᠨ᠎ᠤ ᠬᠢᠨᠠᠨ ᠱᠢᠯᠭᠠᠯᠲᠠ ᠳ᠋ᠤ᠌ ᠲᠡᠷᠢᠬᠦᠨ ᠳ᠋ᠤ᠌ ᠵᠢᠭ᠍ᠰᠠᠭᠠᠭ᠍ᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面