2023-12-11 09:26:22
ᠵᠢᠨᠢᠩ᠎ᠳᠦ ᠢᠷᠡᠬᠡᠳ ᠵᠢᠨᠢᠩ᠎ᠦᠨ ᠳᠠᠢᠯᠠᠯᠳᠤᠭᠠᠨ᠎ᠤ ᠳᠤᠷᠠᠰᠬᠠᠯ᠎ᠤᠨ ᠣᠷᠳᠣᠨ ᠢ᠋ᠢᠡᠷ ᠲᠤᠭᠤᠷᠢᠨ ᠦᠵᠡᠬᠦ ᠦᠭᠡᠢ ᠪᠤᠯ ᠵᠢᠨᠢᠩ᠎ᠳᠤ ᠢᠷᠡᠭᠰᠡᠨ ᠦᠭᠡᠢ ᠲᠠᠢ ᠠᠳᠠᠯᠢᠬᠠᠨ ᠪᠢᠯᠡ᠃
ᠵᠢᠨᠢᠩ ᠣᠨᠴᠠᠭᠠᠶ ᠭᠠᠵᠠᠷ ᠵᠦᠢ᠎ᠶᠢᠨ ᠪᠠᠢᠷᠢᠰᠢᠯ ᠡᠴᠡ ᠪᠠᠨ ᠪᠤᠯᠵᠦ᠂ ᠤᠤᠯ ᠡᠴᠡ᠎ᠪᠠᠨ ᠴᠡᠷᠢᠭ᠎ᠦᠨ ᠡᠷᠳᠡᠮᠲᠡᠳ᠎ᠦᠨ ᠵᠠᠪᠠᠯ ᠪᠤᠯᠢᠶᠠᠯᠳᠤᠳᠠᠭ ᠭᠠᠵᠠᠷ ᠪᠠᠢᠵᠠᠢ᠃ ᠴᠢᠯᠦᠭᠡᠯᠡᠬᠦ ᠲᠠᠢ᠍ᠢᠨ᠎ᠦ ᠦᠶ᠎ᠡ᠎ᠳᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠯᠦᠭᠡᠯᠡᠬᠦ ᠲᠠᠢ᠍ᠢᠨ᠎ᠦ ᠲᠡᠦᠬᠡᠨ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ᠂ ᠴᠡᠷᠢᠭ ᠮᠤᠷᠢ ᠢ᠋ᠢᠨ ᠪᠠᠢᠷᠢᠯᠠᠭᠤᠯᠤᠯᠲᠠ ᠪᠡᠷ ᠬᠠᠮᠤᠭ᠎ᠤᠨ ᠥᠷᠭᠡᠨ᠂ ᠲᠠᠢ᠍ᠢᠨ᠎ᠳᠦ ᠣᠷᠣᠯᠴᠠᠭᠰᠠᠨ ᠵᠠᠩᠵᠤᠨ᠎ᠤ ᠲᠤᠭ᠎ᠠ ᠪᠡᠷ ᠬᠠᠮᠤᠭ᠎ᠤᠨ ᠤᠯᠠᠨ ᠨᠢᠭᠡ ᠤᠳᠠᠭᠠᠨ᠎ᠤ ᠳᠠᠢᠯᠠᠯᠳᠤᠭᠠᠨ — ᠵᠢᠨᠢᠩ᠎ᠦᠨ ᠳᠠᠢᠯᠠᠯᠳᠤᠭᠠᠨ ᠡᠨᠳᠡ ᠪᠤᠯᠤᠬᠰᠠᠨ ᠶᠤᠮ᠃
ᠬᠡᠴᠢᠨᠡᠨ ᠵᠢᠯ ᠥᠩᠭᠡᠷᠡᠭᠰᠡᠨ᠎ᠦ ᠳᠠᠷᠠᠭ᠎ᠠ᠂ ᠲᠠᠢᠨ ᠤ ᠭᠠᠯ ᠳᠦᠷᠡᠯᠵᠡᠭᠰᠡᠨ ᠣᠨ ᠰᠠᠷᠠᠨᠤᠭᠤᠳᠲᠤ ᠦᠯᠡᠳᠡᠵᠦ ᠬᠣᠴᠣᠷᠤᠭᠰᠠᠨ ᠪᠠᠭᠤᠷᠢᠡᠨᠡ ᠬᠣᠲᠠ᠎ᠳᠤ ᠴᠥᠭᠡᠨ ᠪᠤᠰᠤ ᠬᠠᠷᠠᠬᠳᠠᠨ᠎ᠠ᠃ ᠡᠨᠡ ᠬᠦ᠌ ᠬᠤᠪᠢᠰᠬᠠᠯ᠎ᠤᠨ ᠲᠡᠦᠬᠡ᠎ᠶᠢ ᠨᠡᠩ ᠰᠠᠢᠳᠤᠷ ᠬᠠᠷᠠᠭᠤᠯ᠎ᠤᠨ᠂ ᠬᠥᠮᠥᠰ᠎ᠲᠦ ᠡᠨᠡ ᠲᠡᠦᠬᠡ᠎ᠶᠢ ᠪᠠᠲᠤ ᠴᠡᠭᠡᠵᠢᠯᠡᠭᠦᠯᠬᠦ ᠢ᠋ᠢᠨ ᠲᠦᠯᠦᠭᠡ᠂ ᠵᠢᠨᠢᠩ ᠲᠣᠭᠣᠷᠢᠭ᠋᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠵᠢᠨᠢᠩ᠎ᠦᠨ ᠳᠠᠢᠯᠠᠯᠳᠤᠭᠠᠨ᠎ᠤ ᠳᠤᠷᠠᠰᠬᠠᠯ᠎ᠤᠨ ᠣᠷᠳᠣᠨ᠎ᠢ ᠪᠠᠢᠭᠤᠯᠵᠤ᠂ ᠰᠡᠭᠦᠯᠡᠷᠬᠢ ᠣᠯᠠᠨ ᠵᠢᠯ ᠤ᠋ᠤᠨ ᠲᠤ ᠦᠷᠭᠦᠯᠵᠢᠯᠡᠨ ᠥᠷᠭᠡᠳᠬᠡᠨ ᠪᠠᠶ᠋ᠢᠭᠤᠯᠬᠤ᠎ᠪᠠᠷ ᠳᠡᠮᠵᠢᠨ᠂ ᠵᠢᠨᠢᠩ᠎ᠦᠨ ᠳᠠᠢᠯᠠᠯᠳᠤᠭᠠᠨ᠎ᠤ ᠳᠤᠷᠠᠰᠬᠠᠯ᠎ᠤᠨ ᠣᠷᠳᠣᠨ᠎ᠢᠶᠠᠷ ᠭᠣᠣᠯ ᠦᠵᠡᠭᠦᠯᠭᠡ᠎ᠶᠢᠨ ᠲᠣᠭᠣᠷᠢᠭ᠋ ᠪᠣᠯᠭᠠᠵᠤ᠂ ᠱᠧᠩ ᠯᠢ ᠠᠭᠤᠳᠠᠮ ᠲᠠᠯᠠᠪᠠᠢ᠂ ᠳᠤᠷᠠᠰᠬᠠᠯ᠎ᠤᠨ ᠠᠭᠤᠳᠠᠮ ᠲᠠᠯᠠᠪᠠᠢ᠂ ᠵᠠᠩᠵᠤᠨ᠎ᠤ ᠬᠦᠷᠢᠶᠡᠯᠡᠩ ᠵᠡᠷᠭᠡ 21 ᠦᠷᠡᠭᠳᠡᠭᠰᠡᠨ ᠪᠠᠭᠠᠲᠤᠷᠴᠤᠳ᠎ᠤᠨ ᠳᠤᠷᠠᠰᠬᠠᠯ᠎ᠤᠨ ᠲᠥᠬᠦᠭᠡᠷᠦᠮᠵᠢ ᠪᠣᠯᠣᠨ ᠲᠤᠭᠤᠷᠢᠨ ᠦᠵᠡᠵᠦ ᠪᠡᠶᠡᠴᠢᠯᠠᠨ ᠤᠢᠯᠠᠭᠠᠬᠤ ᠦᠵᠡᠮᠵᠢ᠎ᠶᠢᠨ ᠣᠷᠣᠨ᠎ᠢ ᠬᠠᠮᠤᠷᠤᠬᠰᠠᠨ ᠵᠢᠨᠢᠩ᠎ᠤᠨ ᠲᠠᠢᠯᠠᠯᠳᠤᠭᠠᠨ᠎ᠤ ᠬᠤᠪᠢᠰᠬᠠᠯ᠎ᠤᠨ ᠳᠤᠷᠠᠰᠬᠠᠯ᠎ᠤᠨ ᠬᠦᠷᠢᠶᠡᠯᠡᠩ᠎ᠢ ᠪᠦᠷᠢᠯᠳᠦᠭᠦᠯᠪᠡ᠂ ᠡᠨᠳᠡ ᠵᠢᠯ ᠪᠦᠷᠢ ᠪᠦᠬᠦ ᠤᠯᠤᠰ᠎ᠤᠨ ᠡᠯ᠎ᠡ ᠭᠠᠵᠠᠷ ᠡᠴᠡ ᠢᠷᠡᠭᠰᠡᠨ ᠬᠡᠳᠦᠨ ᠠᠷᠪᠠᠨ ᠲᠦᠮᠡᠨ ᠵᠢᠭᠤᠯᠴᠢᠯᠠᠬᠴᠢ ᠵᠢ ᠬᠦᠯᠢᠶᠡᠨ ᠠᠪᠴᠤ᠂ ᠤᠯᠠᠭᠠᠨᠴᠠᠪ᠎ᠤᠨ ᠨᠢᠭᠡᠨ ᠦᠵᠡᠰᠬᠦᠯᠡᠩᠲᠦ ᠰᠠᠢᠬᠠᠨ ᠬᠤᠪᠢᠰᠬᠠᠯ᠎ᠤᠨ ᠨᠡᠷ᠎ᠡ᠎ᠶᠢᠨ ᠬᠠᠭᠤᠳᠠᠰᠤ ᠪᠣᠯᠤᠭᠰᠠᠨ ᠪᠠᠢᠨ᠎ᠠ᠃
ᠵᠢᠨᠢᠩ᠎ᠦᠨ ᠳᠠᠢᠯᠠᠯᠳᠤᠭᠠᠨ᠎ᠤ ᠳᠤᠷᠠᠰᠬᠠᠯ᠎ᠤᠨ ᠣᠷᠳᠣᠨ ᠪᠠᠢᠭᠤᠯᠤᠬᠳᠠᠬᠰᠠᠨ ᠨᠢ
《2004 ᠣᠨ᠎ᠳᠤ᠂ ᠴᠡᠷᠢᠭ᠎ᠦᠨ ᠬᠤᠪᠢᠶᠠᠷᠢ ᠲᠣᠭᠣᠷᠢᠭ᠋᠎ᠤᠨ ᠬᠦᠷᠢᠶᠡᠨ᠎ᠳᠦ ᠵᠢᠨᠢᠩ᠎ᠦᠨ ᠳᠠᠢᠯᠠᠯᠳᠤᠭᠠᠨ᠎ᠤ ᠭᠣᠣᠯ ᠰᠡᠳᠦᠪᠲᠦ ᠦᠵᠡᠰᠬᠥᠯᠡᠨᠭ ᠭᠠᠷᠭᠠᠪᠠ᠂ ᠲᠤᠬᠠᠢ᠎ᠶᠢᠨ ᠦᠶ᠎ᠡ᠎ᠳᠦ ᠲᠠᠯᠠᠪᠠᠢ ᠨᠢ ᠪᠠᠭ᠎ᠠ᠂ ᠬᠦᠯᠢᠶᠡᠨ ᠠᠪᠤᠭ᠍ᠰᠠᠤᠨᠤᠨ ᠬᠦᠷᠢᠶ᠎ᠡ ᠬᠡᠪᠴᠢᠶ᠎ᠡ ᠨᠢ ᠴᠦ᠍ ᠬᠢᠵᠠᠭᠠᠷ ᠲᠠᠢ ᠪᠠᠢᠪᠠ᠃ 2008 ᠣᠨ ᠪᠣᠯᠬᠤ᠎ᠳᠤ᠂ ᠵᠢᠨᠢᠩ ᠲᠣᠭᠣᠷᠢᠭ᠋᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠵᠣᠷᠢᠭ᠋ ᠰᠢᠭᠤᠳᠤᠨ ᠲᠤᠰ ᠭᠠᠵᠠᠷ᠎ᠤᠨ᠎ᠢᠶᠠᠨ ᠬᠤᠪᠢᠰᠬᠠᠯ᠎ᠤᠨ ᠰᠣᠶᠣᠯ᠎ᠤᠨ ᠲᠦᠷᠦᠯ ᠲᠡᠮᠳᠡᠭ᠎ᠢ ᠡᠭᠦᠳᠴᠦ᠂ ᠵᠢᠨᠢᠩ᠎ᠦᠨ ᠳᠠᠢᠯᠠᠯᠳᠤᠭᠠᠨ᠎ᠤ ᠪᠠᠭᠤᠷᠢ᠎ᠨᠤᠭᠤᠳ᠎ᠤᠨ ᠪᠠᠢᠭ᠎ᠠ ᠵᠢᠨᠢᠩ᠎ᠦᠨ ᠳᠠᠢᠯᠠᠯᠳᠤᠭᠠᠨ᠎ᠤ ᠭᠣᠣᠯ ᠪᠠᠢᠯᠳᠤᠭᠠᠨ᠎ᠤ ᠲᠠᠯᠠᠪᠤᠷ᠎ᠤᠨ ᠯᠣᠣ ᠬ᠍ᠸ᠋ ᠱᠠᠨ ᠠᠭᠤᠯᠠᠨ᠎ᠤ ᠡᠮᠦᠨ᠎ᠡ ᠬᠤᠷᠮᠤᠢ ᠳᠤ ᠵᠢᠨᠢᠩ᠎ᠦᠨ ᠳᠠᠢᠯᠠᠯᠳᠤᠭᠠᠨ᠎ᠤ ᠳᠤᠷᠠᠰᠬᠠᠯ᠎ᠤᠨ ᠣᠷᠳᠣᠨ᠎ᠢ ᠪᠠᠢᠭᠤᠯᠵᠠᠢ᠃ 2010 ᠣᠨ᠎ᠤ 10 ᠰᠠᠷ᠎ᠠ᠎ᠳᠤ᠂ ᠵᠢᠨᠢᠩ᠎ᠦᠨ ᠳᠠᠢᠯᠠᠯᠳᠤᠭᠠᠨ᠎ᠤ ᠳᠤᠷᠠᠰᠬᠠᠯ᠎ᠤᠨ ᠣᠷᠳᠣᠨ᠎ᠢ ᠪᠠᠢᠭᠤᠯᠤᠨ ᠡᠭᠦᠳᠡ᠎ᠪᠡᠨ ᠨᠡᠭᠡᠭᠡᠪᠡ᠃ ᠲᠤᠬᠠᠢ᠎ᠶᠢᠨ ᠦᠶ᠎ᠡ᠎ᠶᠢᠨ ᠣᠢᠷ᠎ᠠ ᠬᠠᠪᠢ᠎ᠳᠤ ᠡᠢᠮᠦ ᠨᠢᠭᠡᠯᠭᠡᠡ ᠳᠤᠷᠠᠰᠬᠠᠯ᠎ᠤᠨ ᠣᠷᠳᠣᠨ ᠲᠠᠢ ᠪᠠᠢᠵᠤ᠂ ᠰᠦᠢᠳᠬᠡᠯ ᠬᠤᠷᠢᠶᠠᠬᠤ ᠦᠭᠡᠢ᠎ᠪᠡᠷ ᠨᠡᠭᠡᠭᠡᠵᠦ ᠪᠠᠢᠵᠠᠢ》 ᠭᠡᠵᠦ ᠵᠢᠨᠢᠩ᠎ᠦᠨ ᠳᠠᠢᠯᠠᠯᠳᠤᠭᠠᠨ᠎ᠤ ᠬᠤᠪᠢᠰᠬᠠᠯ᠎ᠤᠨ ᠳᠤᠷᠠᠰᠬᠠᠯ᠎ᠤᠨ ᠬᠦᠷᠢᠶᠡᠯᠡᠩ᠎ᠦᠨ ᠨᠠᠮ ᠵᠠᠰᠠᠭ᠎ᠤᠨ ᠠᠯᠪᠠᠨ ᠭᠡᠷ᠎ᠦᠨ ᠡᠷᠬᠢᠯᠡᠭᠴᠢ ᠯᠢᠦ᠎ᠶᠢᠨ ᠲᠠᠨᠢᠯᠴᠠᠭᠤᠯᠪᠠ᠃
ᠵᠢᠨᠢᠩ᠎ᠦᠨ ᠳᠠᠢᠯᠠᠯᠳᠤᠭᠠᠨ᠎ᠤ ᠳᠤᠷᠠᠰᠬᠠᠯ᠎ᠤᠨ ᠣᠷᠳᠣᠨ᠎ᠢ ᠨᠡᠭᠡᠭᠡᠭᠰᠡᠨ᠎ᠦ ᠳᠠᠷᠠᠭᠠᠬᠢ ᠬᠡᠳᠦᠨ ᠵᠢᠯ᠎ᠳᠤ᠂ ᠵᠢᠨᠢᠩ ᠲᠣᠭᠣᠷᠢᠭ᠋ ᠭᠣᠣᠯᠳᠠᠭᠤ ᠰᠣᠶᠣᠯ ᠲᠡᠦᠬᠡ᠎ᠶᠢᠨ ᠮᠠᠲᠧᠷᠢᠶᠠᠯ᠎ᠢ ᠰᠤᠳᠤᠯᠬᠤ ᠪᠠ ᠴᠤᠭᠯᠠᠭᠤᠯᠬᠤ ᠠᠵᠢᠯ᠎ᠢ ᠬᠢᠵᠡᠢ᠃ ᠵᠢᠨᠢᠩ ᠲᠣᠭᠣᠷᠢᠭ᠋ ᠨᠢᠭᠡ ᠲᠠᠯ᠎ᠠ᠎ᠪᠠᠷ ᠬᠠᠮᠢᠶ᠎ᠠ ᠪᠦᠬᠦᠢ ᠬᠥᠮᠥᠰ᠎ᠢ ᠵᠣᠬᠢᠶᠠᠨ ᠪᠠᠢᠭᠤᠯᠤᠨ ᠲᠥᠪ᠎ᠦᠨ ᠲᠠᠩᠰᠠ ᠡᠪᠬᠡᠮᠡᠯ᠎ᠦᠨ ᠣᠷᠳᠣᠨ᠂ ᠴᠢᠯᠦᠭᠡᠯᠡᠬᠦ ᠴᠡᠷᠢᠭ᠎ᠦᠨ ᠲᠠᠩᠰᠠ ᠡᠪᠬᠡᠮᠡᠯ᠎ᠦᠨ ᠣᠷᠳᠣᠨ᠎ᠳᠤ ᠣᠴᠢᠭᠤᠯᠵᠤ ᠮᠠᠲᠧᠷᠢᠶᠠᠯ ᠡᠷᠢᠭᠦᠯᠵᠦ᠂ ᠨᠦᠭᠦᠭᠡ ᠲᠠᠯ᠎ᠠ᠎ᠪᠠᠷ ᠵᠢᠨᠢᠩ᠎ᠦᠨ ᠳᠠᠢᠯᠠᠯᠳᠤᠭᠠᠨ᠎ᠳᠤ ᠣᠷᠣᠯᠴᠠᠭᠰᠠᠨ ᠵᠠᠩᠵᠤᠨ ᠮᠠᠷᠱᠠᠯ᠎ᠤᠨ ᠬᠣᠢᠴᠢ ᠦᠶ᠎ᠡ ᠵᠢᠨ ᠬᠢᠨ᠎ᠲᠠᠢ ᠬᠠᠷᠢᠯᠴᠠᠵᠤ᠂ ᠳᠡᠳᠡᠨ᠎ᠢᠶᠡᠷ ᠳᠠᠮᠵᠢᠭᠤᠯᠤᠨ ᠶᠡᠬᠡ ᠬᠡᠮᠵᠢᠶᠡᠨ᠎ᠦ ᠰᠣᠶᠣᠯ ᠲᠡᠦᠬᠡ᠎ᠶᠢᠨ ᠮᠠᠲᠧᠷᠢᠶᠠᠯ ᠪᠠ ᠪᠣᠳᠠᠲᠤ ᠪᠣᠳᠠᠰ᠎ᠢ ᠴᠤᠭᠯᠠᠭᠤᠯᠪᠠ᠃ ᠪᠠᠰᠠ ᠬᠥᠮᠥᠨ ᠲᠣᠮᠢᠯᠠᠨ ᠵᠢᠨᠢᠩ᠎ᠦᠨ ᠳᠠᠢᠯᠠᠯᠳᠤᠭᠠᠨ᠎ᠳᠤ ᠣᠷᠣᠯᠴᠠᠭᠰᠠᠨ ᠠᠬᠠᠮᠠᠳ ᠪᠠᠢᠯᠳᠤᠭ᠍ᠴᠢᠳ᠎ᠲᠠᠢ ᠠᠭᠤᠯᠵᠠᠵᠤ᠂ ᠲᠤᠬᠠᠢ᠎ᠶᠢᠨ ᠦᠶ᠎ᠡ᠎ᠶᠢᠨ ᠪᠠᠢᠳᠠᠯ᠎ᠢ ᠣᠢᠯᠠᠭᠠᠭᠰᠠᠨ ᠪᠥᠭᠡᠳ ᠬᠣᠯᠪᠣᠭᠳᠠᠯ ᠪᠦᠬᠦᠢ ᠮᠠᠲᠧᠷᠢᠶᠠᠯ᠎ᠢ ᠴᠤᠭᠯᠠᠭᠤᠯᠵᠠᠢ᠃
ᠵᠢᠨᠢᠩ᠎ᠦᠨ ᠳᠠᠢᠯᠠᠯᠳᠤᠭᠠᠨ᠎ᠤ ᠳᠤᠷᠠᠰᠬᠠᠯ᠎ᠤᠨ ᠣᠷᠳᠣᠨ᠎ᠤ ᠠᠵᠢᠯᠲᠠᠳ ᠮᠠᠲᠧᠷᠢᠶᠠᠯ ᠴᠤᠭᠯᠠᠭᠤᠯᠬᠤᠳᠤᠮᠳᠠ ᠮᠠᠰᠢ ᠤᠯᠠᠨ ᠬᠥᠮᠥᠰ᠎ᠤᠨ ᠰᠡᠳᠬᠢᠯ᠎ᠢ ᠬᠥᠳᠡᠯᠭᠡᠮ᠎ᠡ ᠦᠯᠢᠭᠡᠷᠡᠭᠦᠰᠴᠡᠢ᠃ ᠵᠢᠨᠢᠩ᠎ᠦᠨ ᠳᠠᠢᠯᠠᠯᠳᠤᠭᠠᠨ᠎ᠤ ᠳᠤᠷᠠᠰᠬᠠᠯ᠎ᠤᠨ ᠣᠷᠳᠣᠨ᠎ᠤ ᠵᠠᠩᠵᠤᠨ ᠨᠠᠷ᠎ᠤᠨ ᠲᠢᠩᠬᠢᠮ᠎ᠳᠤ ᠵᠢᠨᠢᠩ᠎ᠤᠨ ᠲᠠᠢᠯᠠᠯᠳᠤᠭᠠᠨ᠎ᠳᠤ ᠤᠷᠤᠯᠴᠠᠭᠰᠡᠨ ᠤᠯᠠᠭᠠᠨᠴᠠᠪ ᠨᠤᠳᠤᠭ ᠳᠠᠢ ᠳ᠋ᠠᠩ ᠱᠠᠩ ᠳᠧ ᠢ᠋ᠢᠨ ᠬᠤᠶᠠᠷ ᠦᠪᠴᠢ ᠴᠡᠷᠢᠭ᠎ᠤᠨ ᠬᠤᠪᠴᠠᠰᠤ ᠪᠤᠯᠤᠨ ᠬᠡᠲᠦᠨ ᠭᠠᠪᠢᠶᠠᠨ ᠲᠡᠮᠲᠡᠭ ᠪᠠᠢᠲᠠᠭ᠂ ᠡᠨᠡ ᠨᠢ ᠲᠡᠭᠦᠨ᠎ᠤ ᠬᠥᠪᠡᠭᠦᠳ ᠥᠬᠢᠳ᠎ᠦᠨ ᠪᠡᠯᠡᠭᠯᠡᠨ ᠬᠦᠷᠭᠡᠭᠰᠡᠨ ᠡᠳ᠋ ᠪᠣᠳᠠᠰ ᠪᠣᠯᠣᠨ᠎ᠠ᠃ ᠳ᠋ᠠᠩ ᠱᠠᠩ ᠳ᠋ᠸ 1921 ᠣᠨ᠎ᠤ 7 ᠰᠠᠷ᠎ᠠ᠎ᠳᠤ ᠲᠦᠷᠦᠵᠠᠢ᠂ 1937 ᠣᠨ᠎ᠳᠤ ᠬᠤᠪᠢᠰᠬᠠᠯᠳᠤ ᠣᠷᠣᠯᠴᠠᠨ᠂ ᠲᠤᠰ ᠵᠢᠯ᠎ᠳᠡᠭᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠪᠠ᠃ ᠲᠡᠷᠡ ᠶᠠᠫᠤᠨ᠎ᠢ ᠡᠰᠡᠷᠭᠦᠴᠡᠬᠦ ᠳᠠᠢ᠍ᠢᠨ᠎ᠡᠴᠡ ᠴᠢᠯᠦᠭᠡᠯᠡᠬᠦ ᠳᠠᠢ᠍ᠢᠨ ᠬᠦᠷᠲᠡᠯ᠎ᠡ ᠦᠬᠦᠵᠦ ᠰᠡᠬᠡᠬᠦ᠎ᠶᠢᠨ ᠳᠠᠪᠠᠭᠠᠨ ᠳᠡᠭᠡᠷ᠎ᠡ ᠲᠣᠭ᠎ᠠ ᠦᠭᠡᠢ ᠤᠯᠠᠨ ᠪᠠᠢᠯᠳᠤᠭᠠᠨ᠎ᠢ ᠥᠩᠭᠡᠷᠡᠭᠡᠭᠰᠡᠨ ᠶᠤᠮ᠃ 1955 ᠣᠨ᠎ᠳᠤ ᠳ᠋ᠠᠩ ᠱᠠᠩ ᠳᠧ ᠬᠣᠰᠢᠭᠤᠴᠢ ᠬᠤᠷᠠᠩᠳᠠ ᠶ᠋ᠢᠨ ᠴᠣᠯᠠ᠂ ᠭᠤᠷᠪᠠᠳᠤᠭᠠᠷ ᠳᠡᠰ᠎ᠤᠨ ᠲᠤᠰᠠᠭᠠᠷ ᠲᠤᠬᠲᠠᠨᠢᠯ ᠡᠷᠬᠡ ᠴᠢᠯᠦᠭᠡᠨ᠎ᠦ ᠭᠠᠪᠢᠶᠠᠨ ᠲᠡᠮᠳᠡᠭ ᠪᠠ ᠭᠤᠷᠪᠠᠳᠤᠭᠠᠷ ᠳᠡᠰ᠎ᠤᠨ ᠴᠢᠯᠦᠭᠡᠯᠡᠯᠲᠡ ᠶ᠋ᠢᠨ ᠭᠠᠪᠢᠶᠠᠨ ᠲᠡᠮᠳᠡᠭ ᠢ᠋ ᠭᠥᠷᠳᠡᠵᠦ᠂ 1963 ᠣᠨ᠎ᠳᠤ ᠳᠡᠳ᠋ ᠬᠤᠷᠠᠩᠳᠠ ᠪᠣᠯᠣᠨ ᠳᠡᠪᠰᠢᠪᠡ᠃
《ᠳᠤᠷᠠᠰᠬᠠᠯ᠎ᠤᠨ ᠣᠷᠳᠣᠨ᠎ᠤ ᠴᠤᠷ᠎ᠤᠨ ᠭᠠᠬᠴᠠ ᠳᠡᠰ ᠲᠤᠬᠲᠠᠭᠠᠬᠰᠠᠨ ᠬᠡᠳᠦᠨ ᠬᠤᠪᠢ ᠲᠡᠥᠬᠡ᠎ᠶᠢᠨ ᠲᠤᠷᠠᠰᠬᠠᠯᠲᠦ ᠵᠦᠢᠯᠡᠰ᠎ᠢ ᠪᠦᠷ ᠳ᠋ᠠᠩ ᠱᠠᠩ ᠳ᠋ᠸᠶᠢᠨ ᠬᠤᠢᠴᠢ ᠦᠶ᠎ᠡ ᠵᠢᠨ ᠬᠢᠨ ᠬᠠᠨᠳᠢᠪᠯᠠᠬᠰᠠᠨ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 100 ᠵᠢᠯ᠎ᠦᠨ ᠤᠢ᠎ᠶᠢᠨ ᠲᠠᠰᠢᠷᠠᠮ᠎ᠳᠤ᠂ ᠲᠡᠭᠦᠨ᠎ᠦ ᠦᠷ᠎ᠡ ᠬᠡᠦᠬᠡᠳ ᠨᠢ ᠪᠢᠳᠡᠨ᠎ᠳᠦ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠤ ᠳᠠᠷᠠᠭᠠᠬᠢ ᠠᠩᠬᠠᠳᠠᠭ᠍ᠴᠢ ᠢᠵᠢ 1955 ᠣᠨ᠎ᠳᠤ ᠴᠣᠯᠠ ᠣᠯᠭᠣᠭᠰᠠᠨ ᠬᠥᠬᠡ ᠥᠩᠭᠡ ᠲᠠᠢ ᠵᠠᠩᠵᠤᠨ᠎ᠤ ᠬᠤᠪᠴᠠᠰᠤ᠎ᠶᠢ ᠪᠡᠯᠡᠭᠯᠡᠨ ᠬᠦᠷᠭᠡᠭᠰᠡᠨ ᠪᠥᠭᠡᠳ ᠪᠠᠰᠠ ᠭᠤᠷᠪᠠᠳᠤᠭᠠᠷ ᠳᠡᠰ᠎ᠤᠨ ᠲᠤᠰᠠᠭᠠᠷ ᠲᠤᠬᠲᠠᠨᠢᠯ ᠡᠷᠬᠡ ᠴᠢᠯᠦᠭᠡᠨ᠎ᠦ ᠭᠠᠪᠢᠶᠠᠨ ᠲᠡᠮᠳᠡᠭ᠂ ᠭᠤᠷᠪᠠᠳᠤᠭᠠᠷ ᠳᠡᠰ᠎ᠤᠨ ᠴᠢᠯᠦᠭᠡᠯᠡᠯᠲᠡ᠎ᠶᠢᠨ ᠭᠠᠪᠢᠶᠠᠨ ᠲᠡᠮᠳᠡᠭ ᠵᠡᠷᠭᠡ ᠲᠡᠦᠬᠡ᠎ᠶᠢᠨ ᠳᠤᠷᠠᠰᠬᠠᠯᠲᠤ ᠵᠦᠢᠯᠡᠰ᠎ᠢ ᠪᠡᠯᠡᠭᠯᠡᠨ ᠬᠦᠷᠭᠡᠭᠰᠡᠨ ᠶᠤᠮ》 ᠭᠡᠵᠦ ᠯᠢᠦ᠎ᠶᠢᠨ ᠬᠡᠯᠡᠪᠠ᠃
ᠲᠠᠨᠢᠯᠴᠠᠭᠤᠯᠤᠭᠰᠠᠨ᠎ᠢᠶᠠᠷ᠂ ᠵᠢᠨᠢᠩ᠎ᠦᠨ ᠳᠠᠢᠯᠠᠯᠳᠤᠭᠠᠨ᠎ᠤ ᠳᠤᠷᠠᠰᠬᠠᠯ᠎ᠤᠨ ᠣᠷᠳᠣᠨ᠎ᠤ ᠡᠵᠡᠯᠡᠬᠦ ᠲᠠᠯᠠᠪᠠᠶ ᠨᠢ 10000 ᠲᠡᠭᠰᠢ ᠳᠥᠷᠪᠡᠯᠵᠢᠨ ᠮᠧᠲᠷ᠂ ᠪᠠᠷᠢᠯᠭ᠎ᠠ᠎ᠶᠢᠨ ᠲᠠᠯᠠᠪᠠᠶ ᠨᠢ 4710 ᠲᠡᠭᠰᠢ ᠳᠥᠷᠪᠡᠯᠵᠢᠨ ᠮᠧᠲᠷ ᠪᠠᠢᠵᠤ᠂ ᠵᠢᠨᠢᠩ᠎ᠦᠨ ᠳᠠᠢᠯᠠᠯᠳᠤᠭᠠᠨ᠎ᠢ ᠳᠤᠷᠠᠰᠬᠠᠬᠤ᠎ᠪᠠᠷ ᠭᠣᠣᠯ ᠰᠡᠳᠦᠪ ᠪᠣᠯᠭᠠᠵᠠᠢ᠃ ᠮᠦᠽᠧᠢ ᠶ᠋ᠢᠨ ᠳᠣᠲᠣᠷᠠᠬᠢ ᠦᠨᠳᠦᠰᠦᠨ ᠦᠵᠡᠭᠦᠯᠭᠡ ᠶ᠋ᠢ ᠳᠡᠭᠡᠷ᠎ᠡ ᠳᠣᠣᠷ᠎ᠠ ᠬᠣᠶᠠᠷ ᠳᠠᠪᠬᠤᠷᠭ᠎ᠠ᠎ᠳᠤ ᠬᠤᠪᠢᠶᠠᠵᠤ᠂ ᠦᠵᠡᠭᠦᠯᠭᠡ ᠶ᠋ᠢᠨ ᠪᠥᠬᠥ ᠣᠷᠳᠣ᠌ ᠨᠢ 612 ᠮᠧᠲᠷ᠂ ᠦᠵᠡᠭᠦᠯᠭᠡ ᠶ᠋ᠢ ᠳᠥᠷᠪᠡᠨ ᠬᠡᠰᠡᠭ᠎ᠦᠨ 12 ᠨᠢᠭᠡᠴᠢ ᠵᠢᠴᠢ 10 ᠰᠡᠷᠭᠦᠭᠡᠯᠲᠡ ᠶ᠋ᠢᠨ ᠦᠵᠡᠮᠵᠢ ᠪᠣᠯᠭᠠᠨ ᠬᠤᠪᠢᠶᠠᠵᠤ᠂ ᠡᠯ᠎ᠡ ᠲᠥᠷᠥᠯ᠎ᠦᠨ ᠪᠣᠳᠠᠲᠤ ᠪᠣᠳᠠᠰ᠂ ᠬᠡᠷᠡᠯ ᠵᠢᠷᠤᠭ᠂ ᠪᠠᠭᠤᠯᠭᠠᠪᠤᠷᠢ ᠪᠤᠳᠠᠰ ᠪᠠ ᠤᠷᠠᠯᠢᠭ᠋᠎ᠤᠨ ᠪᠦᠲᠦᠭᠡᠯ ᠢ᠋ 1200 ᠭᠠᠷᠤᠢ ᠳᠡᠯᠭᠡᠨ ᠦᠵᠡᠭᠦᠯᠵᠡᠢ᠃ ᠣᠷᠳᠣᠨ᠎ᠳᠤ ᠪᠠᠰᠠ ᠳᠠᠭᠤ ᠭᠡᠷᠡᠯ ᠴᠠᠬᠢᠯᠭᠠᠨ᠎ᠤ ᠬᠠᠭᠠᠰ ᠦᠵᠡᠮᠵᠢ ᠶ᠋ᠢᠨ ᠵᠢᠷᠤᠭ᠂ ᠵᠡᠷᠭᠡᠯᠭᠡᠨ ᠳᠦᠷᠰᠦ ᠪᠦᠲᠦᠭᠡᠯᠲᠡ᠂ 5D ᠺᠢᠨᠣ᠋ ᠲᠧᠯᠸᠢᠰ᠎ᠦᠨ ᠲᠢᠩᠬᠢᠮ ᠵᠡᠷᠭᠡ ᠣᠯᠠᠨ ᠵᠠᠭᠤᠴᠢᠲᠤ ᠲᠥᠬᠦᠭᠡᠷᠦᠮᠵᠢ᠎ᠲᠠᠢ ᠪᠠᠢᠵᠤ᠂ ᠲᠡᠷᠢᠭᠦᠨ᠎ᠦ ᠳᠡᠯᠭᠡᠨ ᠦᠵᠡᠭᠦᠯᠬᠦ ᠮᠡᠷᠭᠡᠵᠢᠯ ᠪᠠ ᠤᠷᠠᠯᠢᠭ᠋᠎ᠤᠨ ᠠᠷᠭ᠎ᠠ ᠪᠠᠷᠢᠯ᠎ᠢᠶᠠᠷ ᠵᠢᠨᠢᠩ᠎ᠦᠨ ᠳᠠᠢᠯᠠᠯᠳᠤᠭᠠᠨ᠎ᠤ ᠪᠦᠬᠦ ᠶᠠᠪᠤᠴᠠ ᠪᠠ ᠴᠢᠬᠤᠯᠠ ᠶᠡᠬᠡ ᠠᠴᠢ ᠬᠣᠯᠪᠣᠭᠳᠠᠯ ᠢ᠋ ᠠᠮᠢᠳᠤᠯᠢᠭ᠋᠎ᠢᠶᠠᠷ ᠳᠠᠬᠢᠨ ᠢᠯᠡᠷᠡᠭᠦᠯᠵᠡᠢ᠃
《ᠣᠷᠳᠣᠨ》 ᠠ᠋ᠴᠠ 《ᠬᠦᠷᠢᠶᠡᠯᠡᠩ》 ᠬᠦᠷᠲᠡᠯ᠎ᠡ ᠣᠷᠣᠨ᠎ᠤ ᠳᠣᠲᠣᠨ᠎ᠠ ᠭᠠᠳᠠᠨ᠎ᠠ ᠨᠡᠷ᠎ᠡ ᠠᠯᠳᠠᠷᠰᠢᠭᠰᠠᠨ ᠨᠢ
ᠥᠷᠭᠡᠳᠬᠡᠨ ᠪᠠᠶ᠋ᠢᠭᠤᠯᠬᠤ ᠠᠵᠢᠯ ᠡᠬᠢᠯᠡᠭᠰᠡᠨ᠎ᠦ ᠳᠠᠷᠠᠭ᠎ᠠ᠂ ᠤᠷᠢᠳ ᠬᠣᠵᠢᠳ ᠱᠧᠩ ᠯᠢ ᠠᠭᠤᠳᠠᠮ ᠲᠠᠯᠠᠪᠠᠢ᠂ ᠳᠤᠷᠠᠰᠬᠠᠯ᠎ᠤᠨ ᠠᠭᠤᠳᠠᠮ ᠲᠠᠯᠠᠪᠠᠢ᠂ ᠵᠠᠩᠵᠤᠨ᠎ᠤ ᠬᠦᠷᠢᠶᠡᠯᠡᠩ᠂ ᠨᠡᠷᠡᠲᠦ ᠬᠥᠮᠥᠰ᠎ᠦᠨ ᠬᠦᠷᠢᠶᠡᠯᠡᠩ᠂ ᠬᠥᠰᠢᠶᠠ ᠳᠤᠷᠠᠰᠬᠠᠯ᠎ᠦᠨ ᠬᠦᠷᠢᠶᠡᠯᠡᠩ᠂ ᠡᠮᠦᠨ᠎ᠡ ᠹᠷᠣᠨᠲ᠎ᠢ ᠲᠤᠰᠠᠯᠠᠬᠤ ᠠᠭᠤᠳᠠᠮ ᠲᠠᠯᠠᠪᠠᠢ᠂ ᠪᠠᠭᠠᠲᠤᠷᠴᠤᠳ᠎ᠤᠨ ᠠᠭᠤᠳᠠᠮ ᠲᠠᠯᠠᠪᠠᠢ᠂ 205 ᠳ᠋ᠤᠭᠠᠷ ᠳ᠋ᠢᠸᠢᠽᠢ᠎ᠶᠢᠨ ᠳᠤᠷᠠᠰᠬᠠᠯ᠎ᠤᠨ ᠠᠭᠤᠳᠠᠮ ᠲᠠᠯᠠᠪᠠᠢ ᠵᠡᠷᠭᠡ ᠦᠷᠡᠭᠳᠡᠭᠰᠡᠨ ᠪᠠᠭᠠᠲᠤᠷᠴᠤᠳ᠎ᠤᠨ ᠳᠤᠷᠠᠰᠬᠠᠯ᠎ᠤᠨ ᠲᠥᠬᠦᠭᠡᠷᠦᠮᠵᠢ ᠪᠣᠯᠣᠨ ᠲᠣᠭᠣᠷᠢᠨ ᠦᠵᠡᠵᠦ ᠪᠡᠶᠡᠴᠢᠯᠡᠨ ᠣᠢᠯᠠᠭᠠᠬᠤ ᠦᠵᠡᠮᠵᠢ᠎ᠶᠢᠨ ᠣᠷᠣᠨ᠎ᠢ ᠪᠠᠢᠭᠤᠯᠵᠤ᠂ 15.5 ᠲᠦᠮᠡᠨ ᠲᠡᠭᠰᠢ ᠳᠥᠷᠪᠡᠯᠵᠢᠨ ᠮᠸᠲᠷ ᠲᠠᠯᠠᠪᠠᠢ᠎ᠲᠠᠢ ᠵᠢᠨᠢᠩ᠎ᠦᠨ ᠳᠠᠢᠯᠠᠯᠳᠤᠭᠠᠨ᠎ᠤ ᠬᠤᠪᠢᠰᠬᠠᠯ᠎ᠤᠨ ᠳᠤᠷᠠᠰᠬᠠᠯ᠎ᠤᠨ ᠬᠦᠷᠢᠶᠡᠯᠡᠩ ᠡᠨᠳᠡ ᠪᠠᠢᠭᠤᠯᠤᠭᠳᠠᠪᠠ᠃
ᠡᠭᠦᠨ᠎ᠦ ᠬᠠᠮᠲᠤ᠂ ᠵᠢᠨᠢᠩ᠎ᠦᠨ ᠳᠠᠢᠯᠠᠯᠳᠤᠭᠠᠨ᠎ᠤ ᠬᠤᠪᠢᠰᠬᠠᠯ᠎ᠤᠨ ᠳᠤᠷᠠᠰᠬᠠᠯ᠎ᠤᠨ ᠬᠦᠷᠢᠶᠡᠯᠡᠩ᠎ᠦᠨ ᠲᠤᠰ ᠨᠤᠲᠤᠭ᠎ᠤᠨ ᠬᠤᠪᠢᠰᠬᠠᠯ᠎ᠤᠨ ᠰᠣᠶᠣᠯ᠎ᠢ ᠲᠠᠰᠤᠷᠠᠯᠲᠠ ᠦᠭᠡᠢ ᠠᠭᠤᠳᠠᠯᠤᠨ ᠤᠬᠠᠭᠤᠯᠬᠤ᠎ᠶᠢ ᠳᠠᠭᠠᠯᠳᠤᠨ᠂ ᠨᠡᠢᠭᠡᠮ᠎ᠦᠨ ᠡᠯ᠎ᠡ ᠡᠲᠡᠭᠡᠳ᠎ᠦᠨ ᠬᠢᠨ᠎ᠦ ᠠᠩᠬᠠᠷᠤᠯ᠎ᠢ ᠥᠷᠭᠡᠨ᠎ᠢᠶᠡᠷ ᠲᠠᠲᠠᠭᠰᠠᠨ ᠪᠥᠭᠡᠳ ᠬᠦᠴᠦᠲᠡᠢ ᠳᠡᠮᠵᠢᠯᠭᠡ᠎ᠶᠢ ᠣᠯᠣᠭᠰᠠᠨ ᠪᠠᠢᠨ᠎ᠠ᠃
ᠡᠳᠦᠭᠡ ᠵᠢᠨᠢᠩ᠎ᠦᠨ ᠳᠠᠢᠯᠠᠯᠳᠤᠭᠠᠨ᠎ᠤ ᠬᠤᠪᠢᠰᠬᠠᠯ᠎ᠤᠨ ᠳᠤᠷᠠᠰᠬᠠᠯ᠎ᠤᠨ ᠬᠦᠷᠢᠶᠡᠯᠡᠩ ᠨᠢ ᠨᠠᠰᠤᠨ᠎ᠳᠤ ᠥᠯᠥ ᠬᠦᠷᠦᠭᠰᠡᠳ᠎ᠦᠨ ᠰᠤᠷᠭᠠᠨ ᠬᠥᠮᠦᠵᠢᠯ᠂ ᠨᠠᠮ᠎ᠤᠨ ᠱᠤᠭᠤᠮ᠎ᠤᠨ ᠰᠤᠷᠭᠠᠨ ᠬᠥᠮᠦᠵᠢᠯ᠂ ᠬᠤᠪᠢᠰᠬᠠᠯ᠎ᠤᠨ ᠤᠯᠠᠮᠵᠢᠯᠠᠯ᠎ᠤᠨ ᠰᠤᠷᠭᠠᠨ ᠬᠥᠮᠦᠵᠢᠯ᠂ ᠤᠯᠤᠰ᠎ᠤᠨ ᠦᠨᠳᠦᠰᠦᠨ ᠪᠠᠢᠳᠠᠯ᠎ᠤᠨ ᠰᠤᠷᠭᠠᠨ ᠬᠥᠮᠦᠵᠢᠯ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠂ ᠦᠨᠳᠦᠰᠦᠲᠡᠨ᠎ᠦ ᠪᠦᠯᠬᠦᠮᠳᠡᠯ᠎ᠦᠨ ᠰᠤᠷᠭᠠᠨ ᠬᠥᠮᠦᠵᠢᠯ᠂ ᠬᠣᠶᠠᠷ᠎ᠢ ᠬᠦᠷᠢᠶᠡᠯᠡᠬᠦ ᠵᠢᠱ᠌ᠢᠶ᠎ᠡ ᠦᠵᠡᠭᠦᠯᠬᠦ ᠰᠤᠷᠭᠠᠨ ᠬᠥᠮᠦᠵᠢᠯ᠂ ᠨᠡᠢᠭᠡᠮ᠎ᠦᠨ ᠰᠢᠨᠵᠢᠯᠡᠬᠦ ᠤᠬᠠᠭᠠᠨ᠎ᠤ ᠰᠤᠷᠭᠠᠨ ᠬᠥᠮᠦᠵᠢᠯ᠎ᠢᠶᠡᠷ ᠦᠨᠳᠦᠰᠦᠨ ᠠᠭᠤᠯᠭ᠎ᠠ ᠪᠣᠯᠭᠠᠨ ᠵᠢᠭᠠᠨ ᠰᠤᠷᠭᠠᠯᠲᠠ᠎ᠶᠢᠨ ᠪᠠᠢᠷᠢᠯᠠᠭᠤᠯᠤᠯᠲᠠ ᠬᠢᠬᠦ᠎ᠶᠢᠨ ᠬᠠᠮᠲᠤ ᠲᠤᠰᠬᠠᠢ ᠰᠡᠳᠦᠪᠲᠦ ᠵᠢᠭᠠᠨ ᠰᠤᠷᠭᠠᠯᠲᠠ᠂ ᠬᠡᠷᠡᠭ᠎ᠦᠨ ᠵᠢᠱ᠌ᠢᠶ᠎ᠡ᠎ᠶᠢᠨ ᠵᠢᠭᠠᠨ ᠰᠤᠷᠭᠠᠯᠲᠠ᠂ ᠬᠠᠷᠢᠯᠴᠠᠨ ᠰᠤᠷᠪᠤᠯᠵᠢᠯᠠᠨ ᠶᠠᠷᠢᠯᠴᠠᠬᠤ᠂ ᠨᠡᠢᠭᠡᠮ᠎ᠦᠨ ᠦᠢᠯᠡᠳᠦᠯᠭᠡ᠂ ᠰᠤᠷᠤᠭ᠍ᠴᠢᠳ᠎ᠤᠨ ᠰᠤᠳᠤᠯᠤᠨ ᠶᠠᠷᠢᠯᠴᠠᠬᠤ ᠵᠡᠷᠭᠡ ᠡᠯ᠎ᠡ ᠵᠦᠢᠯ᠎ᠦᠨ ᠵᠢᠭᠠᠨ ᠰᠤᠷᠭᠠᠯᠲᠠ᠎ᠶᠢᠨ ᠠᠷᠭ᠎ᠠ ᠪᠠᠷᠢᠯ᠎ᠢ ᠬᠡᠷᠡᠭᠯᠡᠨ᠂ ᠵᠢᠨᠢᠩ᠎ᠦᠨ ᠥᠪᠡᠷᠮᠢᠴᠡ ᠣᠨᠴᠠᠯᠢᠭ᠋᠎ᠲᠠᠢ᠂ ᠦᠷᠭᠦᠯᠵᠢᠯᠡᠨ ᠨᠥᠯᠥᠭᠡᠯᠡᠬᠦ ᠬᠦᠴᠦᠨ᠎ᠲᠠᠢ ᠰᠢᠨ᠎ᠡ ᠴᠠᠭ ᠦᠶ᠎ᠡ᠎ᠶᠢᠨ ᠬᠤᠪᠢᠰᠬᠠᠯ᠎ᠤᠨ ᠰᠤᠳᠤᠯᠭᠠᠨ᠎ᠤ ᠲᠦᠷᠦᠯ ᠲᠡᠮᠳᠡᠭ᠎ᠢ ᠡᠬᠥᠳᠴᠤ ᠪᠤᠢ ᠃
ᠵᠢᠨᠢᠩ᠎ᠦᠨ ᠳᠠᠢᠯᠠᠯᠳᠤᠭᠠᠨ᠎ᠤ ᠬᠤᠪᠢᠰᠬᠠᠯ᠎ᠤᠨ ᠳᠤᠷᠠᠰᠬᠠᠯ᠎ᠤᠨ ᠬᠦᠷᠢᠶᠡᠯᠡᠩ ᠨᠢ ᠤᠷᠢᠳ ᠬᠣᠵᠢᠳ ᠤᠯᠤᠰ᠎ᠤᠨ ᠳᠡᠰ᠎ᠤᠨ ᠦᠷᠡᠭᠳᠡᠭᠰᠡᠨ ᠪᠠᠭᠠᠲᠤᠷᠴᠤᠳ᠎ᠤᠨ ᠳᠤᠷᠠᠰᠬᠠᠯ᠎ᠤᠨ ᠲᠥᠬᠦᠭᠡᠷᠦᠮᠵᠢ᠂ ᠪᠥᠬᠥ ᠤᠯᠤᠰ᠎ᠤᠨ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠵᠢᠱ᠌ᠢᠶ᠎ᠡ ᠦᠵᠡᠭᠦᠯᠬᠦ ᠰᠠᠭᠤᠷᠢᠨ᠂ ᠪᠥᠬᠥ ᠤᠯᠤᠰ᠎ᠤᠨ ᠭᠣᠣᠯᠳᠠᠯᠭ᠎ᠠ᠎ᠲᠠᠢ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠮᠠᠭᠠᠯᠠᠯᠲᠠ᠎ᠶᠢᠨ ᠨᠢᠭᠡᠴᠢ᠂ ᠪᠥᠬᠥ ᠤᠯᠤᠰ᠎ᠤᠨ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠰᠣᠩᠭᠣᠳᠠᠭ ᠦᠵᠡᠮᠵᠢ᠎ᠶᠢᠨ ᠣᠷᠣᠨ᠂ ᠤᠯᠤᠰ᠎ᠤᠨ ᠲᠠᠰ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠵᠢᠱ᠌ᠢᠶ᠎ᠡ ᠦᠵᠡᠭᠦᠯᠬᠦ ᠰᠠᠭᠤᠷᠢᠨ᠂ ᠪᠥᠬᠥ ᠤᠯᠤᠰ᠎ᠤᠨ ᠬᠤᠢᠴᠢ ᠦᠶ᠎ᠡ᠎ᠶᠢᠨ ᠬᠢᠨ᠎ᠤ ᠨᠠᠮ᠎ᠤᠨ ᠲᠡᠦᠬᠡ ᠤᠯᠤᠰ᠎ᠤᠨ ᠲᠡᠦᠬᠡ᠎ᠶᠢ ᠬᠠᠯᠠᠮᠵᠢᠯᠠᠬᠤ ᠬᠥᠮᠦᠵᠢᠯ᠎ᠦᠨ ᠰᠠᠭᠤᠷᠢᠨ᠂ ᠳᠤᠮᠳᠠᠳᠤ ᠤᠯᠤᠰ᠎ᠤᠨ ᠬᠠᠮᠤᠭ᠎ᠤᠨ ᠤᠬᠢ ᠰᠢᠨ᠎ᠡ᠎ᠶᠢ ᠡᠭᠦᠳᠦᠭᠰᠡᠨ ᠦᠵᠡᠮᠵᠢ᠎ᠶᠢᠨ ᠣᠷᠣᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠲᠠ᠎ᠶᠢᠨ ᠬᠦᠮᠦᠵᠢᠯ᠎ᠤᠨ ᠰᠠᠭᠤᠷᠢᠨ ᠵᠡᠷᠭᠡ ᠠᠯᠢ ᠤᠯᠠᠨ ᠢᠷᠠᠭᠤ ᠠᠯᠳᠠᠷ᠎ᠤᠨ ᠴᠤᠯᠠ᠎ᠶᠢ ᠬᠦᠷᠳᠡᠵᠦ᠂ ᠤᠯᠤᠰ᠎ᠢᠶᠡᠨ ᠬᠠᠢᠷᠠᠯᠠᠬᠤ ᠬᠥᠮᠦᠵᠢᠯ᠎ᠦᠨ ᠰᠠᠭᠤᠷᠢᠨ ᠭᠠᠵᠠᠷ᠎ᠤᠨ ᠴᠢᠳᠠᠮᠵᠢ ᠦᠢᠯᠡᠳᠦᠯ᠎ᠢ ᠪᠦᠲᠦᠮᠵᠢᠲᠡᠶ ᠪᠠᠳᠠᠷᠠᠭᠤᠯᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃