2023-12-11 17:38:19
ᠲᠦᠷᠦᠬᠦᠬᠡᠨ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ 《 ᠤᠮᠠᠷᠠᠲᠤ᠎ᠬᠢᠯᠢ ᠵᠢᠨ ᠰᠣᠶᠣᠯᠰᠤᠳᠤᠯᠤᠯᠤᠨ ᠬᠦᠷᠢᠶᠡᠯᠡᠩ》 ᠤ᠋ᠨ ᠫᠠᠢᠰᠠ ᠰᠡᠬᠦᠬᠦ ᠶᠣᠰᠣᠯᠠᠯ ᠵᠢᠴᠢ 《ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ 》 ᠡᠷᠳᠡᠮ ᠰᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠳᠤ ᠶᠠᠪᠤᠭᠳᠠᠪᠠ ᠃
ᠣᠢᠯᠠᠭᠠᠭᠰᠠᠨ᠎ᠢᠶᠠᠷ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠴᠦᠨ ᠴᠢᠩᠭ᠎ᠠ᠂ ᠳᠠᠪᠠᠭᠤᠯᠢᠭ᠋ ᠲᠣᠪᠣᠢᠮ᠎ᠠ ᠂ ᠴᠢᠳᠠᠪᠤᠷᠢᠲᠠᠨ ᠣᠯᠠᠨ ᠪᠠᠢᠵᠤ ᠂ ᠥᠪᠡᠷᠲᠡᠭᠡᠨ ᠵᠠᠰᠠᠬᠤ ᠣᠷᠣᠨ᠎ᠤ ᠰᠤᠶᠤᠯ ᠢᠷᠬᠡᠨᠰᠢᠯ ᠨᠡᠢᠭᠡᠮ᠎ᠦᠨ ᠰᠢᠨᠵᠢᠯᠡᠬᠦ ᠤᠬᠠᠭᠠᠨ᠎ᠤ ᠥᠨᠳᠥᠷᠯᠢᠭ ᠭᠠᠵᠠᠷ ᠪᠠᠢᠵᠤ ᠂ ᠥᠪᠡᠷᠲᠡᠭᠡᠨ ᠵᠠᠰᠠᠬᠤ ᠣᠷᠣᠨ᠎ᠤ 《ᠤᠮᠠᠷᠠᠲᠤ᠎ᠬᠢᠯᠢ ᠵᠢᠨ ᠰᠣᠶᠣᠯ 》 ᠤ᠋ᠨ ᠨᠠᠷᠠᠲᠤ ᠲᠥᠷᠥᠯ ᠲᠡᠮᠳᠡᠭᠲᠦ᠎ᠶᠢᠨ ᠪᠠᠢᠭᠤᠯᠤᠯᠲᠠ᠎ᠳᠤ ᠴᠢᠬᠤᠯᠠ ᠪᠦᠬᠦᠢ ᠶᠣᠰᠣ᠌ ᠵᠦᠢ᠎ᠶᠢᠨ ᠳᠡᠮᠵᠢᠯᠭᠡ ᠪᠠ ᠴᠢᠳᠠᠪᠤᠷᠢᠲᠠᠨ᠎ᠤ ᠣᠶᠤᠨ᠎ᠤ ᠳᠡᠮᠵᠢᠯᠭᠡ᠎ᠶᠢ ᠬᠠᠩᠭᠠᠵᠤ ᠪᠤᠢ ᠃ 《ᠤᠮᠠᠷᠠᠲᠤ ᠬᠢᠯᠢ᠎ᠶᠢᠨ ᠰᠣᠶᠣᠯᠰᠤᠳᠤᠯᠤᠯᠤᠨ ᠬᠦᠷᠢᠶᠡᠯᠡᠩ》᠎ᠢ᠋ ᠪᠠᠢᠭᠤᠯᠤᠭᠰᠠᠨ ᠨᠢ ᠤᠮᠠᠷᠠᠲᠤ ᠬᠢᠯᠢ᠎ᠶᠢᠨ ᠰᠣᠶᠣᠯ᠎ᠤᠨ ᠤᠨᠤᠯ᠎ᠤᠨ ᠰᠤᠳᠤᠯᠭᠠᠨ᠎ᠤ ᠲᠠᠢᠯᠪᠤᠷᠢᠯᠠᠯᠲᠠ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠤᠮᠠᠷᠠᠲᠤ ᠬᠢᠯᠢ᠎ᠶᠢᠨ ᠰᠣᠶᠣᠯ᠎ᠤᠨ ᠤᠨᠤᠯ᠎ᠤᠨ ᠰᠤᠳᠤᠯᠭᠠᠨ᠎ᠤ ᠰᠢᠰᠲᠧᠮ᠂ ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ᠎ᠶᠢᠨ ᠰᠢᠰᠲᠧᠮ᠎ᠢ ᠪᠠᠢᠭᠤᠯᠤᠨ ᠲᠡᠭᠦᠯᠳᠡᠷᠵᠢᠭᠦᠯᠵᠦ᠂ ᠤᠮᠠᠷᠠᠲᠤ ᠬᠢᠯᠢ᠎ᠶᠢᠨ ᠰᠣᠶᠣᠯᠰᠤᠳᠤᠯᠤᠯ ᠤ᠋ᠨ ᠬᠡᠷᠡᠭᠯᠡᠭᠡᠨ᠎ᠦ ᠬᠤᠪᠢᠷᠠᠭᠤᠯᠤᠯᠲᠠ ᠪᠠ ᠦᠢᠯᠡᠳᠦᠯᠭᠡ᠎ᠶᠢ ᠴᠢᠩᠭᠠᠳᠬᠠᠬᠤ᠎ᠶᠢᠨ ᠲᠥᠯᠥᠭᠡ ᠶᠤᠮ᠃
ᠠᠵᠢᠯᠯᠠᠭ᠎ᠠ᠎ᠶᠢᠨ ᠳᠤᠮᠳᠠ᠂ ᠡᠯ᠎ᠡ ᠶᠡᠬᠡ ᠳᠡᠭᠡᠳᠦ ᠰᠤᠷᠭᠠᠭᠤᠯᠢ᠎ᠠᠴᠠ ᠢᠷᠡᠭᠰᠡᠨ ᠡᠷᠳᠡᠮᠲᠡᠳ ᠡᠷᠳᠡᠮ ᠰᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ ᠳᠡᠭᠡᠷ᠎ᠡ 《ᠳᠤᠮᠳᠠᠳᠤ ᠤᠯᠤᠰ᠎ᠤᠨ ᠰᠣᠶᠣᠯ᠎ᠤᠨ ᠦᠵᠡᠯ ᠰᠠᠨᠠᠭᠠᠨ᠎ᠤ ᠰᠢᠨ᠎ᠡ᠎ᠶᠢ ᠡᠭᠦᠳᠬᠦ ᠴᠢᠨᠠᠷ ᠪᠣᠯᠣᠨ ᠴᠠᠭ ᠦᠶᠡᠴᠢ ᠴᠢᠨᠠᠷ》 ᠂ 《ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠰᠢᠨ᠎ᠡ ᠬᠠᠭᠤᠳᠠᠰᠤ᠎ᠶᠢ ᠪᠢᠴᠢᠭᠯᠡᠬᠦ》 ᠂ 《ᠳᠤᠮᠳᠠᠳᠤ᠎ᠶᠢᠨ ᠰᠣᠶᠣᠯ᠎ᠤᠨ ᠪᠦᠷᠢᠯᠳᠦᠭᠦᠨ ᠪᠣᠯᠤᠭᠰᠠᠨ ᠤᠮᠠᠷᠠᠲᠤ᠎ᠬᠢᠯᠢ ᠵᠢᠨ ᠰᠣᠶᠣᠯ》 ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃