ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2024-02-09 09:57:26

ᠵᠣᠬᠢᠶᠠᠭ᠍ᠴᠢ᠄ ᠭᠣᠣ ᠮᠢᠨ ᠨᠠ ᠣᠩᠱᠢᠭ᠍ᠰᠠᠨ ᠣᠳᠠᠭ᠎ᠠ᠄ 3

《ᠠᠪᠠᠭ᠎ᠠ ᠠᠨᠢᠶ᠎ᠠ᠎ᠨᠠᠷ ᠡ᠂ ᠰᠠᠢ᠌ᠨ ᠪᠠᠢᠵᠠᠭᠠᠨ᠎ᠠ ᠤ᠋ᠣ! ᠲᠠ ᠨᠠᠷ᠎ᠤᠨ 〈5·1 ᠤ᠋ ᠶᠡᠬᠡ ᠬᠤᠷᠠᠯ〉 ᠤ᠋ᠨ ᠬᠠᠭᠤᠴᠢᠨ ᠪᠠᠭᠤᠷᠢ᠎ᠳᠤ ᠢᠷᠡᠭ᠌ᠰᠡᠨ᠎ᠢ ᠪᠠᠶᠠᠷᠯᠠᠨ ᠤᠭ᠍ᠲᠤᠵᠤ ᠪᠠᠢᠨ᠎ᠠ᠂ ᠡᠨᠡ ᠭᠠᠵᠠᠷ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠨᠳᠦᠯᠡᠭ᠌ᠰᠡᠨ ᠭᠠᠵᠠᠷ᠂ ᠮᠠᠨ᠎ᠤ ᠥᠪᠥᠷ ᠮᠣᠩᠭᠣᠯ᠎ᠤᠨ ᠬᠠᠮᠤᠭ᠎ᠤᠨ ᠠᠷᠢᠭᠤᠨ ᠳᠠᠷᠬᠠᠨ ᠭᠠᠵᠠᠷ ᠪᠣᠯᠤᠨ᠎ᠠ ᠁》

1947 ᠣᠨ᠎ᠤ 4 ᠰᠠᠷ᠎ᠠ᠎ᠶ᠋ᠢᠨ 23 ᠤ᠋ ᠡᠳᠦᠷ᠂ ᠥᠪᠥᠷ ᠮᠣᠩᠭᠣᠯ᠎ᠤᠨ ᠠᠷᠠᠳ᠎ᠤᠨ ᠲᠥᠯᠥᠭᠡᠯᠡᠭ᠌ᠴᠢᠳ᠎ᠦᠨ ᠬᠤᠷᠠᠯ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠰᠡᠯ ᠡᠷᠡᠮᠡᠯᠵᠡᠯ᠎ᠦᠨ ᠳᠤᠮᠳᠠ ᠦᠪᠡᠳᠡᠭ᠌ᠰᠢ ᠶᠡᠬᠡ ᠪᠡᠷ ᠡᠬᠢᠯᠡᠪᠡ᠃ 5 ᠰᠠᠷ᠎ᠠ᠎ᠶ᠋ᠢᠨ 1᠎ᠤ᠋ ᠡᠳᠦᠷ᠂ ᠶᠡᠬᠡ ᠬᠤᠷᠠᠯ᠎ᠡᠴᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷᠠᠬᠢ ᠠᠩᠬᠠᠳᠠᠭ᠍ᠴᠢ ᠮᠤᠵᠢ᠎ᠶ᠋ᠢᠨ ᠱᠠᠲᠤᠨ᠎ᠤ ᠴᠥᠭᠡᠨ ᠲᠣᠭᠠᠲᠤ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠠᠢᠭᠤᠯᠤᠭ᠍ᠳᠠᠭ᠍ᠰᠠᠨ᠎ᠢ ᠲᠤᠩᠬᠠᠭ᠍ᠯᠠᠪᠠ᠃ ᠥᠪᠥᠷ ᠮᠣᠩᠭᠣᠯ᠎ᠤᠨ ᠲᠡᠦᠬᠡᠨ᠎ᠳᠡᠬᠢ ᠴᠠᠭ ᠦᠶ᠎ᠡ᠎ᠶ᠋ᠢ ᠵᠠᠭᠠᠭ᠍ᠯᠠᠭ᠍ᠰᠠᠨ ᠠᠴᠢ ᠬᠣᠯᠪᠣᠭ᠍ᠳᠠᠯ᠎ᠲᠠᠶ ᠡᠨᠡ ᠬᠦ᠌ ᠴᠢᠬᠤᠯᠠ ᠬᠤᠷᠠᠯ᠎ᠤᠨ ᠲᠡᠦᠬᠡ᠎ᠶ᠋ᠢ 《5·1 ᠤ᠋ ᠶᠡᠬᠡ ᠬᠤᠷᠠᠯ》 ᠭᠡᠳᠡᠭ᠂ ᠲᠤᠬᠠᠶ᠎ᠶ᠋ᠢᠨ ᠵᠢᠯ᠎ᠳᠦ ᠬᠤᠷᠠᠯᠳᠤᠭᠤᠯᠤᠭ᠍ᠰᠠᠨ ᠬᠤᠷᠠᠯ᠎ᠤᠨ ᠭᠠᠵᠠᠷ᠎ᠢ ᠴᠤ᠌ ᠢᠩᠭᠢᠵᠦ᠍ ᠨᠡᠷᠡᠯᠡᠭ᠌ᠰᠡᠨ ᠶᠤᠮ᠃

ᠡᠳᠦᠭᠡ᠂ ᠲᠡᠦᠬᠡ᠎ᠶ᠋ᠢᠨ ᠤᠷᠳᠤ ᠠᠶᠠᠨ ᠳ᠋ᠤ᠂ ᠡᠨᠡ ᠬᠦ᠌ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠨᠳᠦᠯᠡᠭ᠌ᠰᠡᠨ᠎ᠢ ᠭᠡᠷᠡᠴᠢᠯᠡᠵᠦ᠍᠂ ᠬᠤᠪᠢᠰᠬᠠᠯᠳᠤ ᠵᠠᠰᠠᠭ᠎ᠤᠨ ᠡᠷᠭᠡ ᠵᠢᠨ ᠥᠷᠭᠡᠨ ᠠᠭᠤᠳᠠᠮ ᠲᠠᠯ᠎ᠠ ᠨᠤᠲᠤᠭ᠎ᠲᠤ ᠦᠨᠳᠦᠰᠦ ᠬᠠᠳᠭᠤᠵᠤ ᠰᠣᠶᠣᠭᠠᠯᠠᠭ᠍ᠰᠠᠨ᠎ᠢ ᠲᠡᠮᠳᠡᠭ᠌ᠯᠡᠭ᠌ᠰᠡᠨ ᠬᠣᠶᠠᠷ ᠳᠠᠪᠬᠤᠷ ᠬᠦᠬᠡ ᠲᠣᠭᠣᠰᠬᠠᠨ ᠵᠢᠵᠢᠭᠭᠡᠨ ᠠᠰᠠᠷ ᠨᠢ 《ᠪᠦᠬᠦ᠌ ᠤᠯᠤᠰ᠎ᠤᠨ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠵᠢᠱ᠌ᠢᠢ᠎ᠡ ᠦᠵᠡᠭᠦᠯᠬᠦ᠌ ᠰᠠᠭᠤᠷᠢᠨ》᠂《ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠦᠨ ᠰᠠᠭᠤᠷᠢᠨ》᠂ 《ᠪᠦᠬᠦ᠌ ᠤᠯᠤᠰ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠦᠨ ᠵᠢᠱ᠌ᠢᠢ᠎ᠡ ᠦᠵᠡᠭᠦᠯᠬᠦ᠌ ᠰᠠᠭᠤᠷᠢᠨ》᠂ 《ᠪᠦᠬᠦ᠌ ᠤᠯᠤᠰ᠎ᠤᠨ ᠬᠤᠢᠴᠢ ᠦᠶ᠎ᠡ ᠪᠡᠨ ᠬᠠᠯᠠᠮᠵᠢᠯᠠᠬᠤ ᠨᠠᠮ᠎ᠤᠨ ᠲᠡᠦᠬᠡ ᠤᠯᠤᠰ᠎ᠤᠨ ᠲᠡᠦᠬᠡ᠎ᠵᠢᠨ ᠬᠥᠮᠦᠵᠢᠯ᠎ᠦᠨ ᠰᠠᠭᠤᠷᠢᠨ》 ᠂ 《ᠪᠦᠬᠦ᠌ ᠤᠯᠤᠰ᠎ᠤᠨ ᠬᠤᠪᠢᠰᠭᠠᠯ᠎ᠤᠨ ᠵᠢᠭᠤᠯᠴᠢᠯᠠᠯ ᠤ᠋ᠨ ᠰᠣᠳᠣᠨ ᠱᠤᠭᠤᠮ》 ᠪᠤᠯᠵᠤ᠂ ᠡᠯ᠎ᠠ ᠭᠠᠵᠠᠷ ᠤ᠋ᠨ ᠵᠢᠭᠤᠯᠴᠢᠯᠠᠬᠰᠡᠳ᠎ᠢ ᠤᠭ᠍ᠲᠤᠨ᠎ᠠ᠃

《5·1 ᠤ᠋ ᠶᠡᠬᠡ ᠬᠤᠷᠠᠯ》 ᠤ᠋ᠨ ᠬᠠᠭᠤᠴᠢᠨ ᠪᠠᠭᠤᠷᠢ᠎ᠳᠤ ᠣᠷᠣᠬᠤᠶ᠎ᠠ᠂ ᠬᠤᠪᠢᠰᠭᠠᠯ᠎ᠤᠨ ᠰᠣᠶᠣᠯ᠎ᠤᠨ ᠭᠦᠨ ᠵᠤᠵᠠᠭᠠᠨ ᠠᠭᠤᠷ ᠠᠮᠢᠰᠭᠤᠯ᠎ᠢᠶᠠᠷ ᠪᠢᠯᠬᠠᠵᠤ᠂ ᠬᠡᠷᠡᠮ ᠳᠡᠭᠡᠷᠡᠬᠢ ᠲᠤᠰᠤᠨ ᠪᠤᠳᠤᠭ᠎ᠤᠨ ᠵᠢᠷᠤᠭ᠂ ᠪᠠᠶᠠᠷ᠎ᠤᠨ ᠵᠠᠬᠢᠳᠠᠯ᠎ᠳᠤ ᠡᠨᠡ ᠬᠦ᠌ ᠰᠦᠷ ᠵᠢᠪᠬᠤᠯᠠᠩᠲᠤ ᠴᠠᠭ ᠮᠥᠴᠡ᠎ᠶ᠋ᠢ ᠲᠡᠮᠳᠡᠭ᠌ᠯᠡᠵᠡᠢ; ᠭᠡᠷ ᠳᠣᠲᠣᠷ᠎ᠠ ᠲᠡᠷᠢ ᠲᠡᠭ᠌ᠰᠢ ᠲᠠᠯᠪᠢᠭ᠍ᠰᠠᠨ ᠱᠢᠷᠡᠭᠡ ᠰᠠᠨᠳᠠᠯᠢ ᠪᠣᠯᠤᠨ ᠰᠤᠷᠪᠤᠯᠵᠢ ᠪᠢᠴᠢᠭ ᠮᠠᠲ᠋ᠧᠷᠢᠶᠠᠯ ᠨᠢ ᠡᠨᠡ ᠬᠦ᠌ ᠬᠡᠰᠡᠭ ᠬᠤᠪᠢᠰᠬᠠᠯ ᠤ᠋ᠨ ᠳᠤᠷᠠᠰᠤᠮᠵᠢ᠎ᠶ᠋ᠢ ᠰᠡᠷᠭᠦᠭᠡᠵᠡᠢ᠃ ᠡᠭᠦᠨ᠎ᠡᠴᠡ ᠭᠠᠳᠠᠨ᠎ᠠ᠂ ᠬᠠᠭᠤᠴᠢᠨ ᠪᠠᠭᠤᠷᠢ᠎ᠶ᠋ᠢᠨ ᠳᠣᠲᠣᠷ᠎ᠠ ᠪᠠᠰᠠ ᠡᠯᠧᠺᠲ᠋ᠷᠣᠨ ᠲᠡᠮᠲᠡᠷᠢᠭᠦᠯ ᠳᠡᠯᠭᠡᠴᠡ᠂ ᠲᠠᠭᠤ ᠲᠦᠷᠰᠤ ᠵᠢᠨ ᠲᠥᠬᠥᠭᠡᠷᠦᠮᠵᠢ᠂ ᠯᠠ᠎ᠱᠤᠭᠤᠮᠠᠯ ᠵᠡᠷᠭᠡ ᠲᠥᠬᠥᠭᠡᠷᠦᠮᠵᠢ ᠨᠡᠮᠡᠵᠦ᠍᠂ ᠬᠤᠪᠢᠰᠬᠠᠯ ᠤ᠋ᠨ ᠥᠯᠢᠭᠡᠷ᠎ᠢ ᠰᠤᠨᠢᠷᠬᠠᠨ ᠮᠡᠳᠡᠷᠡᠬᠦᠯᠵᠤ᠂ ᠲᠣᠭᠣᠷᠢᠨ ᠦᠵᠡᠬᠦ᠌᠎ᠪᠡᠷ ᠬᠦᠷᠦᠭᠰᠡᠨ ᠵᠢᠭᠤᠯᠴᠢᠯᠠᠬᠰᠡᠳ᠎ᠲᠤ ᠪᠥᠬᠥ᠌ ᠲᠠᠯ᠎ᠠ᠎ᠶ᠋ᠢᠨ ᠪᠠᠶᠠᠴᠢᠯᠡᠨ ᠤᠢᠯᠠᠭᠠᠯᠳᠠ ᠵᠢᠨ ᠣᠷᠣᠨ ᠵᠠᠶ᠎ᠶ᠋ᠢ ᠪᠣᠶ ᠪᠣᠯᠭᠠᠵᠤ ᠥᠭ᠌ᠭᠦᠭ᠌ᠰᠡᠨ ᠪᠠᠢᠨ᠎ᠠ᠃

《ᠤᠢ᠍ᠢᠷ᠎ᠠ᠎ᠶ᠋ᠢᠨ ᠵᠢᠯ᠎ᠳ᠋ᠤ᠂ ᠪᠢᠳᠡ 〈5·1 ᠤ᠋ ᠶᠡᠭᠡ ᠬᠤᠷᠠᠯ〉 ᠤ᠋ᠨ ᠬᠠᠭᠤᠴᠢᠨ ᠪᠠᠭᠤᠷᠢ᠎ᠶ᠋ᠢ ᠳᠠᠰᠤᠷᠠᠯᠳᠠ ᠦᠬᠡᠢ ᠳᠡᠭᠡᠭ᠌ᠰᠢᠯᠡᠭᠦᠯᠤᠨ ᠰᠡᠯᠪᠢᠨ ᠵᠠᠰᠠᠵᠤ᠂ ᠬᠤᠪᠢᠰᠭᠠᠯ᠎ᠤᠨ ᠰᠣᠶᠣᠯ᠎ᠤᠨ ᠡᠬᠢ ᠪᠠᠶᠠᠯᠢᠭ᠎ᠢ ᠭᠦᠢᠴᠡᠳ ᠠᠱᠢᠭ᠍ᠯᠠᠵᠤ᠂ ᠬᠤᠪᠢᠰᠭᠠᠯ᠎ᠤᠨ ᠬᠥᠮᠦᠵᠢᠯ᠎ᠦᠨ ᠪᠣᠯᠪᠠᠰᠤᠷᠠᠯ᠎ᠢ ᠥᠷᠨᠢᠭᠦᠯᠵᠦ᠍᠂ ᠬᠤᠪᠢᠰᠭᠠᠯ᠎ᠤᠨ ᠵᠢᠭᠤᠯᠴᠢᠯᠠᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠡᠨᠡ ᠬᠦ᠌ ᠬᠤᠪᠢᠰᠭᠠᠯ᠎ᠤᠨ ᠤᠯᠤᠰ ᠵᠢᠡᠨ ᠬᠠᠢᠷᠠᠯᠠᠬᠤ ᠦᠵᠡᠯ᠎ᠦᠨ ᠬᠥᠮᠦᠵᠢᠯ᠎ᠦᠨ ᠰᠠᠭᠤᠷᠢᠨ᠎ᠢ ᠨᠡᠩ ᠰᠠᠢᠲᠤᠷ ᠬᠠᠮᠠᠭᠠᠯᠠᠵᠤ᠂ ᠠᠱᠢᠭ᠍ᠯᠠᠵᠤ᠂ ᠤᠬᠠᠭᠤᠯᠵᠤ᠂ ᠵᠢᠭ᠍ᠰᠠᠭᠠᠯ᠎ᠤᠨ ᠭᠠᠵᠠᠷ᠎ᠤᠨ ᠦᠢᠯᠡᠳᠦᠯ᠎ᠢ ᠨᠢ ᠪᠠᠳᠠᠷᠠᠭᠤᠯᠵᠠᠢ》᠃ ᠥᠪᠥᠷ ᠮᠣᠩᠭᠣᠯ᠎ᠤᠨ ᠦᠨᠳᠦᠰᠦᠲᠡᠨ᠎ᠦ ᠴᠢᠯᠥᠭᠡᠯᠡᠯᠲᠡ᠎ᠶ᠋ᠢᠨ ᠳᠤᠷᠠᠰᠭᠠᠯ᠎ᠤᠨ ᠣᠷᠳᠣᠨ᠎ᠤ ᠳᠡᠳ᠋ ᠳᠠᠷᠤᠭ᠎ᠠ ᠭᠤᠤ ᠭᠦᠸᠧ ᠴᠢᠩ᠂ ᠡᠨᠳᠡᠬᠢ ᠨᠢ ᠪᠦᠬᠦ᠌ ᠣᠷᠣᠨ᠎ᠤ ᠨᠠᠮ᠎ᠤᠨ ᠭᠡᠱᠢᠭᠦᠨ ᠺᠠᠳ᠋ᠷᠴᠤᠳ᠎ᠤᠨ ᠨᠠᠮᠴᠢ ᠴᠢᠨᠠᠷ᠎ᠤᠨ ᠬᠥᠮᠦᠵᠢᠯ᠂ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ ᠵᠢᠴᠢ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ᠎ᠶ᠋ᠢᠨ ᠵᠢᠭᠠᠨ ᠰᠤᠷᠭᠠᠯᠲᠠ᠎ᠶ᠋ᠢᠨ ᠴᠡᠭ ᠪᠣᠯᠬᠤ᠎ᠪᠦᠭᠡᠳ ᠪᠠᠰᠠ ᠪᠦᠬᠦ᠌ ᠠᠷᠠᠳ᠎ᠢᠶᠠᠷ᠎ᠢᠶᠠᠨ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ ᠬᠢᠬᠦ᠌ ᠴᠢᠬᠤᠯᠠ ᠲᠠᠪᠴᠠᠩ ᠪᠣᠯᠤᠨ᠎ᠠ ᠭᠡᠵᠤ ᠬᠡᠯᠡᠪᠡ᠃

ᠤᠢ᠍ᠢᠷ᠎ᠠ᠎ᠶ᠋ᠢᠨ ᠵᠢᠯ᠎ᠳ᠋ᠤ᠂ 《5·1 ᠤ᠋ ᠶᠡᠭᠡ ᠬᠤᠷᠠᠯ》 ᠤ᠋ᠨ ᠬᠠᠭᠤᠴᠢᠨ ᠪᠠᠭᠤᠷᠢ᠎ᠶ᠋ᠢᠨ ᠭᠣᠣᠯᠯᠠᠨ ᠬᠠᠮᠢᠶᠠᠷᠬᠤ ᠨᠢᠭᠡᠴᠢ — ᠥᠪᠥᠷ ᠮᠣᠩᠭᠣᠯ᠎ᠤᠨ ᠦᠨᠳᠦᠰᠦᠲᠡᠨ᠎ᠦ ᠴᠢᠯᠥᠭᠡᠯᠡᠯᠲᠡ᠎ᠶ᠋ᠢᠨ ᠳᠤᠷᠠᠰᠭᠠᠯ᠎ᠤᠨ ᠣᠷᠳᠣᠨ ᠲᠦᠷᠦᠭᠦᠯᠡᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠡᠦᠬᠡ ᠰᠤᠳᠤᠯᠬᠤ ᠲᠠᠰᠤᠬ᠂ ᠬᠢᠩᠭᠠᠨ ᠠᠢᠮᠠᠭ᠎ᠤᠨ ᠨᠠᠮ᠎ᠤᠨ ᠲᠡᠦᠬᠡ᠎ᠶ᠋ᠢᠨ ᠠᠯᠪᠠᠨ ᠭᠡᠷ ᠵᠡᠷᠭᠡ ᠵᠢᠨ ᠲᠤᠰᠭᠠᠢ ᠮᠡᠷᠭᠡᠵᠢᠯᠲᠡᠨ ᠡᠷᠳᠡᠮᠲᠡᠨ᠎ᠢ ᠤᠷᠢᠵᠤ ᠤᠳᠤ ᠪᠠᠢᠭ᠎ᠠ ᠳᠡᠯᠭᠡᠨ ᠦᠵᠡᠭᠦᠯᠭᠡ᠎ᠳᠦ ᠳᠡᠪᠱᠢᠭᠦᠯᠬᠦ᠌ ᠲᠥᠰᠦᠯ ᠭᠠᠷᠭᠠᠯᠭᠠᠵᠠᠢ᠃ 《ᠬᠠᠮᠠᠭᠠᠯᠠᠬᠤ᠎ᠪᠠᠷ ᠭᠣᠸ᠋ᠯ ᠪᠣᠯᠭᠠᠵᠤ᠂ ᠬᠠᠭᠤᠴᠢᠨ᠎ᠢ ᠬᠠᠭᠤᠴᠢᠨ ᠬᠡᠪ᠎ᠢᠶᠡᠷ ᠵᠠᠰᠠᠬᠤ》 ᠵᠠᠷᠴᠢᠮ᠎ᠢᠶᠠᠷ᠂ ᠬᠤᠷᠠᠯ᠎ᠤᠨ ᠭᠠᠵᠠᠷ᠎ᠤᠨ ᠤᠰᠤ᠂ ᠴᠠᠬᠢᠯᠭᠠᠨ᠂ ᠳᠤᠯᠠᠭᠠᠯᠠᠭ᠎ᠠ᠎ᠶ᠋ᠢ ᠪᠦᠬᠦᠨ᠎ᠢ ᠥᠭᠡᠷᠡᠴᠢᠯᠡᠨ ᠱᠢᠨᠡᠳᠭᠡᠵᠦ᠍᠂ ᠳᠣᠲᠣᠭᠠᠳᠤ ᠬᠡᠷᠡᠮ᠂ ᠭᠠᠳᠠᠷ ᠬᠡᠷᠡᠮ᠂ ᠴᠠᠮᠬᠠᠭ᠍ᠲᠤ ᠠᠰᠠᠷ ᠵᠡᠷᠭᠡ᠎ᠳᠦ ᠬᠠᠮᠠᠭᠠᠯᠠᠯᠲᠠ᠎ᠶ᠋ᠢᠨ ᠴᠢᠨᠠᠷᠲᠠᠶ ᠰᠡᠯᠪᠢᠨ ᠵᠠᠰᠠᠯᠲᠠ ᠬᠢᠵᠦ᠍᠂ ᠬᠠᠭᠤᠴᠢᠨ ᠪᠠᠭᠤᠷᠢ᠎ᠶ᠋ᠢᠨ ᠳᠣᠲᠣᠷᠠᠬᠢ ᠬᠡᠪᠯᠡᠯ᠎ᠦᠨ ᠪᠢᠴᠢᠭ᠂ ᠬᠡᠷᠡᠯ ᠵᠢᠷᠤᠭ᠂ ᠦᠵᠡᠭᠦᠯᠭᠡ᠎ᠶ᠋ᠢᠨ ᠵᠦᠶ᠋ᠯᠡᠰ᠂ ᠲᠡᠸ᠋ᠬᠡ᠎ᠶ᠋ᠢᠨ ᠳᠤᠷᠠᠰᠭᠠᠯᠲᠤ ᠵᠦᠶ᠋ᠯ ᠳ᠋ᠤ ᠲᠣᠬᠢᠷᠠᠭᠤᠯᠤᠯᠲᠠ ᠬᠢᠵᠦ᠍ ᠳᠡᠭᠡᠭ᠌ᠰᠢᠯᠡᠭᠦᠯᠬᠦ ᠪᠤᠯᠤᠨ᠎ᠠ᠃

《ᠨᠠᠩ ᠶᠡᠬᠡ ᠬᠡᠪᠴᠢᠶ᠎ᠠ ᠪᠡᠷ ᠬᠠᠮᠠᠭᠠᠯᠠᠨ ᠠᠰᠢᠠᠠᠯᠠᠬᠤ ᠶ᠋ᠢᠨ ᠲᠥᠯᠥᠭᠡ᠂ ᠤᠯᠠᠭᠠᠨᠬᠣᠲᠠ ᠪᠠᠰᠠ 〈5·1 ᠤ᠋ ᠶᠡᠬᠡ ᠬᠤᠷᠠᠯ〉 ᠤ᠋ᠨ ᠬᠠᠭᠤᠴᠢᠨ ᠪᠠᠭᠤᠷᠢ᠎ᠶ᠋ᠢᠨ ᠬᠣᠢᠲᠤ ᠲᠠᠯ᠎ᠠ᠎ᠶ᠋ᠢᠨ ᠲᠠᠸᠠᠷ᠎ᠤᠨ ᠬᠡᠷ ᠪᠠᠢᠱᠢᠩ᠎ᠢ ᠭᠠᠵᠠᠷ ᠲᠠᠲᠠᠪᠤᠷᠢᠯᠠᠨ ᠨᠤᠷᠠᠭᠠᠵᠤ᠂ 4.55 ᠮᠧᠲ᠋ᠷ ᠥᠨᠳᠥᠷ᠂ 19.47 ᠮᠧᠲ᠋ᠷ ᠥᠷᠭᠡᠨ ᠭᠣᠸ᠋ᠯ ᠰᠡᠳᠦᠪᠲᠦ ᠦᠵᠡᠮᠵᠢ᠎ᠶ᠋ᠢᠨ ᠱᠤᠭᠤᠮᠠᠯ᠎ᠢ ᠱᠢᠨ᠎ᠡ᠎ᠪᠡᠷ ᠪᠠᠢᠭᠤᠯᠵᠤ᠂ ᠬᠣᠲᠠ᠎ᠶ᠋ᠢᠨ ᠨᠢᠭᠡᠨ ᠬᠤᠪᠢᠰᠬᠠᠯ ᠤ᠋ᠨ ᠭᠠᠵᠠᠷ ᠵᠦᠢ ᠵᠢᠨ ᠢᠯᠡᠷᠭᠡᠢᠯᠡᠯᠳᠤ ᠲᠡᠮᠳᠡᠭ᠎ᠢ ᠪᠣᠶ ᠪᠣᠯᠭᠠᠪᠠ》᠃ ᠥᠪᠥᠷ ᠮᠣᠩᠭᠣᠯ᠎ᠤᠨ ᠦᠨᠳᠦᠰᠦᠲᠡᠨ᠎ᠦ ᠴᠢᠯᠥᠭᠡᠯᠡᠯᠲᠡ᠎ᠶ᠋ᠢᠨ ᠳᠤᠷᠠᠰᠭᠠᠯ᠎ᠤᠨ ᠣᠷᠳᠣᠨ᠎ᠤ ᠬᠠᠭᠤᠴᠢᠨ ᠪᠠᠭᠤᠷᠢ᠎ᠶ᠋ᠢᠨ ᠬᠡᠯᠲᠡᠰ᠎ᠦᠨ ᠳᠠᠷᠤᠭ᠎ᠠ ᠸᠠᠩ ᠶᠠ ᠸᠧᠢ ᠨᠢᠳᠦᠨ ᠡᠮᠦᠨᠡᠬᠢ ᠱᠤᠭᠤᠮᠠᠯ᠎ᠤᠨ ᠲᠠᠨᠢᠯᠴᠠᠭᠤᠯᠭ᠎ᠠ᠎ᠶ᠋ᠢ ᠵᠢᠭᠠᠵᠤ᠂ ᠬᠤᠪᠢᠰᠭᠠᠯ᠎ᠤᠨ ᠰᠣᠶᠣᠯ᠎ᠤᠨ ᠠᠭᠤᠳᠠᠮ ᠲᠠᠯᠠᠪᠠᠢ ᠪᠠ 《5·1 ᠤ᠋ ᠶᠡᠬᠡ ᠬᠤᠷᠠᠯ》 ᠤ᠋ᠨ ᠬᠠᠭᠤᠴᠢᠨ ᠪᠠᠭᠤᠷᠢ᠎ᠶ᠋ᠢᠨ ᠡᠮᠦᠨ᠎ᠡ ᠤᠮᠠᠷ᠎ᠠ᠎ᠶ᠋ᠢ ᠴᠤᠤᠷᠢᠶᠠᠲᠤᠭᠤᠯᠵᠤ᠂ ᠤᠯᠠᠨ ᠱᠤᠭᠤᠮᠠᠯ ᠨᠢ ᠶᠡᠬᠡ ᠬᠤᠷᠠᠯ ᠬᠤᠷᠠᠯᠳᠤᠬᠤ ᠦᠶ᠎ᠡ᠎ᠳᠦ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠲᠥᠯᠥᠭᠡᠯᠡᠭ᠌ᠴᠢ ᠮᠢᠩᠭᠠᠨ ᠭᠠᠵᠠᠷ᠎ᠤᠨ ᠬᠤᠯᠠ᠎ᠡᠴᠡ ᠪᠠᠶᠠᠷ ᠪᠠᠬᠠᠳᠤᠯ᠎ᠲᠠᠶ᠎ᠪᠠᠷ ᠸᠠᠩ ᠶᠧ ᠮᠢᠶᠣᠣ ᠵᠡᠭᠡᠯᠢ᠎ᠳᠦ ᠬᠦᠷᠴᠦ᠍ 《5·1 ᠤ᠋ ᠶᠡᠬᠡ ᠬᠤᠷᠠᠯ》 ᠳ᠋ᠤ ᠣᠷᠣᠯᠴᠠᠭ᠍ᠰᠠᠨ ᠪᠠᠢᠳᠠᠯ᠎ᠢ ᠳᠠᠬᠢᠨᠲᠠ ᠢᠯᠡᠷᠡᠭᠦᠯᠪᠡ᠃

ᠨᠠᠮ᠎ᠤᠨ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠲᠦᠷᠦ᠍᠎ᠶ᠋ᠢᠨ ᠪᠤᠳᠤᠯᠭ᠎ᠠ᠎ᠶ᠋ᠢᠨ ᠬᠠᠮᠤᠭ᠎ᠤᠨ ᠡᠷᠲᠡᠨ᠎ᠦ ᠦᠢᠯᠡᠳᠦᠯᠭᠡ᠎ᠶ᠋ᠢᠨ ᠭᠠᠵᠠᠷ ᠪᠣᠯᠤᠭ᠍ᠰᠠᠨ᠎ᠤ ᠬᠤᠪᠢ᠎ᠳᠤ᠂ ᠬᠢᠩᠭᠠᠨ ᠠᠢᠮᠠᠭ᠎ᠤᠨ ᠡᠨᠡ ᠬᠦ᠌ ᠬᠤᠪᠢᠰᠬᠠᠯ ᠤ᠋ᠨ ᠬᠠᠯᠠᠭᠤᠨ ᠬᠥᠷᠥᠰᠥᠨ᠎ᠳᠦ ᠡᠯᠪᠡᠭ ᠪᠠᠶᠠᠯᠢᠭ ᠬᠤᠪᠢᠰᠬᠠᠯ ᠤ᠋ᠨ ᠢᠮ ᠲᠠᠮᠠᠭ᠎ᠠ᠎ᠲᠠᠶ ᠶᠤᠮ᠃ ᠤᠯᠠᠨ ᠵᠢᠯ᠎ᠦᠨ ᠲᠤᠷᠰᠢ᠂ ᠬᠢᠩᠭᠠᠨ ᠠᠢᠮᠠᠭ᠎ᠤᠨ ᠬᠢᠨ ᠬᠤᠪᠢᠰᠭᠠᠯ᠎ᠤᠨ ᠬᠠᠭᠤᠴᠢᠨ ᠪᠠᠭᠤᠷᠢ ᠦᠯᠡᠳᠡᠭ᠌ᠳᠡᠯ᠎ᠢ ᠬᠠᠮᠠᠭᠠᠯᠠᠵᠤ ᠰᠡᠯᠪᠢᠨ ᠵᠠᠰᠠᠬᠤ᠎ᠪᠠᠨ ᠦᠷᠭᠦᠯᠵᠢᠯᠡᠨ ᠴᠢᠩᠭᠠᠳᠭᠠᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ ᠤ᠋ᠨ ᠲᠤᠰ ᠪᠡᠶ᠎ᠡ᠎ᠶ᠋ᠢᠨ ᠠᠭᠤᠯᠤᠭ᠍ᠳᠠᠬᠤᠨ ᠪᠠ ᠣᠨᠴᠠᠯᠢᠭ᠎ᠢ ᠰᠡᠷᠭᠦᠭᠡᠵᠦ᠍᠂ ᠳᠡᠯᠭᠡᠨ ᠦᠵᠡᠭᠦᠯᠵᠦ᠍ ᠠᠱᠢᠭ᠍ᠯᠠᠬᠤ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠡᠢ᠃ ᠡᠭᠦᠨ᠎ᠦ ᠵᠡᠷᠭᠡ ᠪᠡᠷ᠂ ᠬᠤᠪᠢᠰᠭᠠᠯ᠎ᠤᠨ ᠥᠯᠢᠭᠡᠷ᠎ᠢ ᠭᠦᠨ ᠠᠭᠤᠳᠠᠯᠵᠤ᠂ ᠬᠤᠪᠢᠰᠭᠠᠯ᠎ᠤᠨ ᠰᠣᠶᠣᠯ᠎ᠤᠨ ᠡᠬᠢ ᠪᠠᠶᠠᠯᠢᠭ᠎ᠲᠠᠶ ᠤᠶᠠᠯᠳᠤᠭᠤᠯᠵᠤ᠂ ᠵᠠᠯᠠᠭᠤᠴᠤᠳ ᠪᠠᠭᠠᠴᠤᠳ᠎ᠲᠤ ᠬᠠᠨᠳᠤᠭᠤᠯᠤᠨ ᠰᠣᠨᠢᠷᠬᠠᠯᠲᠤ ᠴᠢᠨᠠᠷ᠎ᠢᠶᠠᠷ ᠴᠢᠩᠭ᠎ᠠ᠂ ᠪᠡᠶᠡᠴᠢᠯᠡᠨ ᠣᠢᠯᠠᠭᠠᠬᠤ ᠬᠡᠮᠵᠢᠶ᠎ᠡ᠎ᠪᠡᠷ ᠥᠨᠳᠥᠷ ᠬᠤᠪᠢᠰᠭᠠᠯ᠎ᠤᠨ ᠰᠤᠳᠤᠯᠭᠠᠨ᠎ᠤ ᠵᠢᠭᠤᠯᠴᠢᠯᠠᠯ ᠤ᠋ᠨ ᠠᠵᠢᠯᠯᠠᠭ᠎ᠠ ᠥᠷᠨᠢᠭᠦᠯᠵᠦ᠍᠂ ᠬᠡᠦᠬᠡᠳ᠎ᠲᠦ ᠬᠤᠪᠢᠰᠭᠠᠯ᠎ᠤᠨ ᠲᠡᠦᠬᠡ᠎ᠶ᠋ᠢ ᠤᠢ᠍ᠢᠯᠠᠭᠠᠭᠤᠯᠵᠤ᠂ ᠬᠤᠪᠢᠰᠭᠠᠯ᠎ᠤᠨ ᠰᠣᠶᠣᠯ᠎ᠢ ᠬᠠᠢᠵᠤ᠂ ᠬᠤᠪᠢᠰᠭᠠᠯ᠎ᠤᠨ ᠦᠷᠡᠭ᠌ᠳᠡᠭ᠌ᠰᠡᠨ ᠪᠠᠭᠠᠲᠤᠷᠴᠤᠳ᠎ᠤᠨ ᠥᠢᠯᠡ ᠠᠵᠢᠯᠯᠠᠭ᠎ᠠ᠎ᠶ᠋ᠢ ᠰᠤᠷᠤᠯᠴᠠᠭᠤᠯᠵᠤ᠂ ᠬᠤᠪᠢᠰᠭᠠᠯ᠎ᠤᠨ ᠤᠯᠠ ᠮᠥᠷ᠎ᠢ ᠡᠷᠢᠯᠬᠢᠯᠡᠭᠦᠯᠵᠤ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面