ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2024-01-08 09:35:51

ᠵᠣᠬᠢᠶᠠᠭ᠍ᠴᠢ᠄ ᠬᠤᠤ ᠪᠢᠶᠣᠣ ᠣᠩᠱᠢᠭ᠍ᠰᠠᠨ ᠣᠳᠠᠭ᠎ᠠ᠄ 3

ᠦᠬᠠᠢ ᠬᠤᠲᠠ᠎ᠶᠢᠨ ᠴᠤᠷ᠎ᠤᠨ ᠭᠠᠭᠴᠠ ᠤᠯᠤᠰ᠎ᠤᠨ ᠥᠮᠴᠢᠯᠡᠯ᠎ᠦᠨ ᠰᠣᠶᠣᠯ ᠵᠢᠭᠤᠯᠴᠢᠯᠠᠯ᠎ᠤᠨ ᠠᠵᠤ ᠠᠬᠤᠢᠯᠠᠯ ᠪᠣᠯᠤᠭᠰᠠᠨ᠎ᠤ ᠬᠤᠪᠢ᠎ᠳᠤ᠂ ᠦᠬᠠᠢ᠎ᠶᠢᠨ ᠰᠣᠶᠣᠯ ᠵᠢᠭᠤᠯᠴᠢᠯᠠᠯ᠎ᠤᠨ ᠪᠦᠯᠦᠭᠯᠡᠯ᠎ᠦᠨ ᠬᠢᠨ ᠲᠠᠬᠢᠨ ᠪᠠᠢᠭᠤᠯᠤᠭᠠᠳ ᠬᠣᠶᠠᠷ ᠵᠢᠯ ᠪᠤᠯᠤᠭᠠᠳᠤᠢ ᠠᠳᠠᠯ᠎ᠠ ᠰᠢᠨ᠎ᠠ ᠪᠡᠷ ᠠᠮᠢᠯᠠᠵᠠᠢ᠃ ᠠᠮᠢᠵᠢᠷᠠᠯ᠎ᠤᠨ ᠬᠦᠴᠦᠨ ᠨᠢ ᠠᠵᠤ ᠠᠬᠤᠢᠯᠠᠯ᠎ᠤᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠦᠭᠰᠡᠨ᠎ᠡᠴᠡ ᠰᠠᠯᠵᠤ ᠴᠢᠳᠠᠬᠤ ᠦᠭᠡᠢ ᠶᠤᠮ᠃

《2023 ᠣᠨ᠎ᠳᠤ᠂ ᠦᠬᠠᠢ ᠨᠠᠭᠤᠷ᠎ᠤᠨ ᠦᠵᠡᠮᠵᠢ᠎ᠶᠢᠨ ᠣᠷᠣᠨ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ 2 ᠲᠦᠮᠡᠨ ᠵᠢᠭᠤᠯᠴᠢᠯᠠᠬᠰᠠᠳ ᠢ᠋ ᠬᠦᠯᠢᠶᠡᠨ ᠠᠪᠴᠤ᠂ 193 ᠲᠦᠮᠡᠨ ᠲᠥᠭᠥᠷᠢᠭ᠎ᠦᠨ ᠡᠵᠡᠩᠨᠡᠯᠲᠡ᠎ᠶᠢᠨ ᠣᠷᠣᠯᠭ᠎ᠠ᠎ᠶᠢ ᠡᠬᠥᠳᠴᠤ᠂ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ 2019 ᠣᠨ᠎ᠤ ᠠᠳᠠᠯᠢ ᠬᠤᠭᠤᠴᠠᠭᠠᠨ᠎ᠤ ᠬᠢ᠎ᠡᠴᠡ 246% ᠪᠡᠷ ᠨᠡᠮᠡᠭᠳᠡᠵᠦ᠂ ᠳᠡᠤᠬᠡ ᠵᠢᠨ ᠰᠢᠨ᠎ᠡ ᠲᠡᠮᠳᠡᠭᠯᠡᠯ᠎ᠢ ᠡᠭᠦᠳᠪᠡ》᠃ ᠦᠬᠠᠢ᠎ᠶᠢᠨ ᠰᠣᠶᠣᠯ ᠵᠢᠭᠤᠯᠴᠢᠯᠠᠯ᠎ᠤᠨ ᠪᠦᠯᠦᠭᠯᠡᠯ᠎ᠦᠨ ᠶᠡᠷᠦᠩᠬᠡᠢ ᠬᠡᠯᠲᠡᠰ᠎ᠦᠨ ᠳᠠᠷᠤᠭ᠎ᠠ ᠾᠧ ᠸᠸᠨ ᠵᠢᠤᠸᠠᠨ᠂ 2023 ᠣᠨ᠎ᠤ ᠲᠥᠷᠤᠬᠥᠤ 10 ᠰᠠᠷ᠎ᠠ᠎ᠳᠤ᠂ ᠦᠬᠠᠢ᠎ᠶᠢᠨ ᠰᠣᠶᠣᠯ ᠵᠢᠭᠤᠯᠴᠢᠯᠠᠯ᠎ᠤᠨ ᠪᠦᠯᠦᠭᠯᠡᠯ 15 ᠲᠦᠮᠡᠨ ᠵᠢᠭᠤᠯᠴᠢᠯᠠᠭᠰᠠᠳ᠎ᠢ ᠬᠦᠯᠢᠶᠡᠨ ᠠᠪᠴᠤ᠂ ᠪᠦᠯᠦᠭᠯᠡᠯ ᠵᠢᠴᠢ ᠬᠤᠪᠢᠶᠠᠷᠢ ᠺᠣᠮᠫᠠᠨᠢ᠎ᠶᠢᠨ ᠡᠵᠡᠩᠨᠡᠯᠲᠡ᠎ᠶᠢᠨ ᠣᠷᠣᠯᠭ᠎ᠠ 964.27 ᠲᠦᠮᠡᠨ ᠲᠥᠭᠥᠷᠢᠭ᠎ᠲᠦ ᠬᠦᠷᠴᠡᠢ ᠬᠡᠪᠡ᠃

ᠦᠬᠠᠢ ᠬᠤᠳᠠ᠎ᠶᠢᠨ ᠤᠤᠯ᠎ᠤᠨ ᠤᠯᠤᠰ᠎ᠤᠨ ᠥᠮᠴᠢᠯᠡᠯ᠎ᠦᠨ ᠰᠣᠶᠣᠯ ᠵᠢᠭᠤᠯᠴᠢᠯᠠᠯ᠎ᠤᠨ ᠬᠣᠶᠠᠷ ᠺᠣᠮᠫᠠᠨᠢ ᠨᠢ ᠡᠳ᠋ ᠬᠥᠷᠥᠩᠭᠡ᠎ᠶᠢᠨ ᠥᠷᠢᠲᠦᠯ᠎ᠦᠨ ᠨᠤᠷᠮ᠎ᠠ ᠥᠨᠳᠥᠷ᠂ ᠠᠵᠢᠯᠲᠠᠨ᠎ᠤ ᠳᠠᠷᠤᠭᠠᠰᠤ ᠬᠦᠨᠳᠦ ᠵᠡᠷᠭᠡ ᠠᠰᠠᠭᠤᠳᠠᠯ ᠡᠴᠡ ᠪᠣᠯᠵᠤ᠂ ᠠᠵᠤ ᠠᠬᠤᠢᠯᠠᠯ ᠨᠢ ᠥᠷᠢᠰᠦᠯᠳᠦᠬᠦ ᠬᠦᠴᠦᠨ᠎ᠢᠶᠡᠷ ᠳᠤᠲᠠᠮᠠᠭ᠂ ᠬᠥᠭᠵᠢᠯᠲᠡ᠎ᠶᠢᠨ ᠬᠦᠴᠢᠷᠳᠡᠯ ᠶᠡᠬᠡ ᠪᠠᠢᠵᠠᠢ᠃ 2020 ᠣᠨ᠎ᠤ ᠰᠡᠭᠦᠯᠴᠢ᠎ᠪᠡᠷ᠂ ᠦᠬᠠᠢ ᠬᠤᠳᠠ᠎ᠡᠨᠡ ᠬᠣᠶᠠᠷ ᠠᠵᠤ ᠠᠬᠤᠢᠯᠠᠯ᠎ᠢ ᠨᠡᠢᠯᠡᠭᠦᠯᠦᠭᠡᠳ ᠦᠬᠠᠢ᠎ᠶᠢᠨ ᠪᠦᠬᠦ ᠤᠷᠤᠨ ᠪᠦᠰᠡ ᠵᠢᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠪᠦᠯᠦᠭᠯᠡᠯ᠎ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ (ᠦᠬᠠᠢ᠎ᠶᠢᠨ ᠰᠣᠶᠣᠯ ᠵᠢᠭᠤᠯᠴᠢᠯᠠᠯ᠎ᠤᠨ ᠪᠦᠯᠦᠭᠯᠡᠯ ᠭᠡᠵᠦ ᠳᠥᠭᠥᠮᠴᠢᠯᠡᠨ᠎ᠡ) ᠪᠣᠯᠭᠠᠨ ᠲᠠᠭᠢᠨ ᠵᠤᠭᠢᠶᠠᠨ ᠪᠠᠢᠭᠤᠯᠪᠠ᠃ ᠠᠵᠤ ᠠᠬᠤᠢᠯᠠᠯ ᠪᠠᠢᠭᠤᠯᠤᠭᠳᠠᠭᠰᠠᠨ᠎ᠤ ᠳᠠᠷᠠᠭ᠎ᠠ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ᠎ᠶᠢ ᠪᠠᠷᠢᠮᠲᠠᠯᠠᠨ᠂ ᠤᠳᠤ ᠦᠶ᠎ᠡ᠎ᠶᠢᠨ ᠠᠵᠤ ᠠᠬᠤᠢᠯᠠᠯ᠎ᠤᠨ ᠳᠦᠷᠢᠮ᠎ᠢ ᠬᠡᠷᠡᠭᠵᠢᠭᠦᠯᠵᠦ᠂ ᠲᠡᠷᠢᠭᠦᠨ᠎ᠦ ᠠᠵᠤ ᠠᠬᠤᠢᠯᠠᠯ᠎ᠤᠨ ᠦᠷᠳᠡᠭ ᠡᠭᠦᠳᠬᠦ ᠠᠵᠢᠯᠯᠠᠭ᠎ᠠ᠎ᠶᠢ ᠬᠡᠷᠡᠭᠵᠢᠭᠦᠯᠤᠨ᠂ ᠪᠦᠬᠦ ᠤᠯᠠᠷᠢᠯ᠎ᠤᠨ ᠵᠢᠭᠤᠯᠴᠢᠯᠠᠯ᠎ᠢ ᠢᠳᠡᠪᠬᠢᠲᠡᠢ ᠨᠡᠭᠡᠭᠡᠨ ᠬᠥᠭᠵᠢᠭᠦᠯᠵᠦ᠂ ᠵᠢᠭᠤᠯᠴᠢᠯᠠᠯ᠎ᠤᠨ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢ ᠥᠷᠭᠡᠳᠬᠡᠨ᠂ ᠡᠵᠡᠩᠨᠡᠯᠲᠡ᠎ᠶᠢᠨ ᠲᠦᠷᠦᠯ ᠵᠦᠢᠯ᠎ᠢ ᠲᠠᠰᠤᠷᠠᠯᠳᠠ ᠦᠭᠡᠢ ᠪᠠᠶᠠᠯᠢᠭ᠍ᠵᠢᠭᠤᠯᠵᠤ᠂ ᠠᠵᠢᠯᠲᠠᠨ ᠠᠵᠢᠯᠴᠢᠨ᠎ᠤ ᠠᠵᠢᠯ ᠬᠢᠵᠦ ᠦᠢᠯᠡᠰ ᠪᠣᠰᠬᠠᠬᠤ ᠬᠥᠳᠡᠯᠭᠡᠬᠦ ᠬᠦᠴᠦᠨ᠎ᠢ ᠶᠡᠬᠡ ᠪᠡᠷ ᠬᠥᠭᠵᠢᠭᠡᠵᠦ᠂ ᠠᠵᠤ ᠠᠬᠤᠢᠯᠠᠯ᠎ᠤᠨ ᠠᠮᠢᠵᠢᠷᠠᠯ᠎ᠤᠨ ᠬᠦᠴᠦᠨ ᠪᠣᠯᠣᠨ ᠦᠷ᠎ᠡ ᠠᠰᠢᠭ᠋᠎ᠢ ᠳᠡᠭᠡᠭᠰᠢᠯᠡᠭᠦᠯᠪᠡ᠃

ᠡᠷᠡᠭᠦᠯ ᠪᠤᠰᠤ ᠡᠳ᠋ ᠬᠥᠷᠥᠩᠭᠡ᠎ᠶᠢ ᠠᠷᠢᠯᠭᠠᠵᠤ᠂ ᠤᠳᠤ᠎ᠶᠢᠨ ᠪᠠᠢᠭ᠎ᠠ ᠡᠬᠢ ᠪᠠᠶᠠᠯᠢᠭ᠋᠎ᠢ 《ᠠᠮᠢᠯᠠᠭᠤᠯᠬᠤ》 ᠪᠣᠯ ᠦᠬᠠᠢ᠎ᠶᠢᠨ ᠰᠣᠶᠣᠯ ᠵᠢᠭᠤᠯᠴᠢᠯᠠᠯ᠎ᠤᠨ ᠪᠦᠯᠦᠭᠯᠡᠯ᠎ᠦᠨ ᠥᠭᠡᠷᠡᠴᠢᠯᠡᠯᠲᠡ᠎ᠶᠢᠨ ᠵᠠᠩᠭᠢᠯᠠᠭ᠎ᠠ ᠪᠣᠯᠣᠨ᠎ᠠ᠃ ᠦᠬᠠᠢ᠎ᠶᠢᠨ ᠰᠣᠶᠣᠯ ᠵᠢᠭᠤᠯᠴᠢᠯᠠᠯ᠎ᠤᠨ ᠪᠦᠯᠦᠭᠯᠡᠯ᠎ᠦᠨ ᠬᠡᠷᠡᠭ ᠮᠡᠳᠡᠭᠴᠢᠳ᠎ᠦᠨ ᠳᠠᠷᠤᠭ᠎ᠠ ᠯᠢᠦ ᠵᠢᠶᠠᠨ ᠵᠢᠶᠦ᠋ᠨ ᠲᠤᠰᠢᠶᠠᠯ᠎ᠳᠤ ᠭᠠᠷᠤᠬᠰᠠᠨ ᠡᠬᠢᠨ᠎ᠦ ᠦᠶ᠎ᠡ᠎ᠳᠡᠭᠡᠨ ᠳᠠᠷᠤᠢ ᠬᠠᠮᠢᠶᠠᠷᠤᠯᠲᠠ᠎ᠶᠢᠨ ᠳᠠᠪᠬᠤᠷᠭ᠎ᠠ᠎ᠶᠢ ᠵᠣᠬᠢᠶᠠᠨ ᠪᠠᠢᠭᠤᠯᠤᠨ ᠲᠦᠷᠦᠯ ᠵᠦᠢᠯ ᠪᠦᠷᠢ᠎ᠶᠢᠨ ᠡᠬᠢ ᠪᠠᠶᠠᠯᠢᠭ᠋᠎ᠤᠨ ᠣᠨᠴᠠᠯᠢᠭ᠋᠎ᠢ ᠨᠠᠷᠢᠨ ᠬᠢᠨᠠᠮᠠᠭᠠᠢ ᠵᠠᠳᠠᠯᠵᠤ᠂ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠤᠨ ᠠᠪᠴᠢᠷᠠᠬᠤ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ 2021 ᠣᠨ᠎ᠤ ᠡᠬᠢ᠎ᠪᠡᠷ ᠨᠡᠢᠭᠡᠮ᠎ᠳᠦ ᠬᠠᠨᠳᠤᠭᠤᠯᠤᠨ ᠬᠠᠮᠲᠤᠷᠠᠯᠴᠠᠭᠠᠨ᠎ᠤ ᠬᠠᠨᠢᠲᠠᠨ ᠡᠷᠢᠵᠦ᠂ ᠦᠬᠠᠢ ᠨᠠᠭᠤᠷ᠎ᠤᠨ ᠬᠥᠪᠡᠭᠡᠨ᠎ᠳᠦ ᠦᠬᠠᠢ᠎ᠶᠢᠨ ᠮᠥᠰᠥ ᠴᠠᠰᠤᠨ᠎ᠤ ᠵᠢᠭᠤᠯᠴᠢᠯᠠᠯ᠎ᠤᠨ ᠲᠦᠷᠦᠯ ᠵᠦᠢᠯ᠎ᠢ ᠬᠠᠮᠲᠤ ᠪᠠᠷ ᠨᠡᠭᠡᠭᠡᠨ ᠬᠥᠭᠵᠢᠭᠦᠯᠵᠡᠢ᠃ ᠲᠦᠷᠦᠯ ᠵᠦᠢᠯ ᠨᠢ ᠵᠠᠬ᠎ᠠ ᠳᠡᠯᠭᠡᠭᠦᠷ᠎ᠦᠨ ᠬᠡᠷᠡᠭᠴᠡᠭᠡ᠎ᠳᠦ ᠨᠡᠢᠴᠡᠭᠰᠡᠨ᠎ᠡᠴᠡ ᠦᠬᠠᠢ᠎ᠶᠢᠨ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠬᠣᠭᠣᠰᠤᠨ᠎ᠢ ᠨᠥᠬᠥᠪᠦᠷᠢᠯᠡᠵᠦ᠂ ᠲᠤᠬᠠᠢ᠎ᠶᠢᠨ ᠵᠢᠯ᠎ᠳᠡᠭᠡᠨ ᠠᠰᠢᠭ᠋ ᠣᠯᠵᠠᠪᠤᠷᠢ ᠤᠯᠤᠬᠰᠡᠨ ᠪᠠᠢᠨ᠎ᠠ᠃

ᠦᠬᠠᠢ᠎ᠶᠢᠨ ᠨᠣᠮ ᠤᠩᠰᠢᠬᠤ ᠪᠠᠭᠠᠷ ᠨᠢ ᠨᠣᠮ ᠤᠩᠰᠢᠬᠤ᠂ ᠰᠡᠯᠡᠭᠦᠴᠡᠨ ᠠᠮᠠᠷᠠᠬᠤ᠎ᠶᠢ ᠨᠢᠭᠡ ᠴᠣᠭᠴᠠᠵᠢᠭᠤᠯᠤᠬᠰᠠᠨ ᠦᠬᠠᠢ᠎ᠶᠢᠨ ᠰᠣᠶᠣᠯ ᠵᠢᠭᠤᠯᠴᠢᠯᠠᠯ᠎ᠤᠨ ᠪᠦᠯᠦᠭᠯᠡᠯ᠎ᠦᠨ ᠡᠵᠡᠩᠨᠡᠯᠲᠡ᠎ᠶᠢᠨ ᠲᠦᠷᠦᠯ ᠵᠦᠢᠯ᠎ᠦᠨ ᠨᠢᠭᠡ ᠨᠢ ᠪᠣᠯᠣᠨ᠎ᠠ᠃ 2022 ᠣᠨ ᠠ᠋ᠴᠠ ᠨᠠᠭᠠᠰᠢ᠂ ᠦᠬᠠᠢ ᠨᠠᠭᠤᠷ᠎ᠤᠨ ᠪᠠᠷᠠᠭᠤᠨ ᠬᠥᠪᠡᠭᠡᠨ᠎ᠳᠦ ᠪᠠᠢᠭ᠎ᠠ ᠯᠠᠨ ᠲᠢᠩ ᠠᠭᠤᠳᠠᠮ ᠲᠠᠯᠠᠪᠠᠶ᠎ᠳᠤ ᠥᠩᠭᠡᠷᠡᠭᠰᠡᠨ᠎ᠦ ᠬᠥᠷ ᠨᠠᠷᠭᠢᠶᠠᠨ ᠳᠠᠬᠢᠨᠲᠠ ᠢᠯᠡᠷᠡᠪᠡ᠃ ᠦᠬᠠᠢ᠎ᠶᠢᠨ ᠰᠣᠶᠣᠯ ᠵᠢᠭᠤᠯᠴᠢᠯᠠᠯ᠎ᠤᠨ ᠪᠦᠯᠦᠭᠯᠡᠯ᠎ᠦᠨ ᠴᠢᠷᠮᠠᠢᠯᠭ᠎ᠠ᠎ᠪᠠᠷ᠂ ᠯᠠᠨ ᠲᠢᠩ ᠠᠭᠤᠳᠠᠮ ᠲᠠᠯᠠᠪᠠᠢ᠎ᠶᠢ ᠰᠢᠨ᠎ᠡ ᠪᠡᠷ ᠵᠠᠰᠠᠨ ᠰᠢᠨᠡᠳᠬᠡᠵᠦ᠂ ᠵᠢᠭᠤᠯᠴᠢᠯᠠᠬᠰᠠᠳ᠎ᠲᠤ ᠰᠢᠯᠢᠳᠡᠭ ᠦᠢᠯᠡᠴᠢᠯᠡᠭᠡ ᠬᠠᠩᠭᠠᠬᠤ᠎ᠶᠢᠨ ᠬᠠᠮᠲᠤ ᠤᠷᠢᠳ ᠬᠣᠵᠢᠳ ᠮᠣᠷᠢᠨ ᠮᠡᠷᠭᠡᠵᠢᠯ᠎ᠤᠨ ᠲᠣᠭᠯᠠᠭᠠᠮ᠎ᠤᠨ ᠨᠠᠢᠷ ᠨᠠᠭᠠᠳᠤᠮ᠂ ᠵᠠᠯᠠᠭᠤᠴᠤᠳ ᠪᠠᠭᠠᠴᠤᠳ᠎ᠤᠨ ᠪᠣᠯᠪᠠᠰᠤᠷᠠᠯ ᠵᠡᠷᠭᠡ ᠡᠵᠡᠩᠨᠡᠯᠲᠡ᠎ᠶᠢᠨ ᠲᠦᠷᠦᠯ ᠵᠦᠢᠯ᠎ᠢ ᠭᠠᠷᠭᠠᠵᠤ᠂ ᠬᠤᠳᠠ᠎ᠶᠢᠨ ᠠᠷᠠᠳ ᠪᠣᠯᠣᠨ ᠵᠢᠭᠤᠯᠴᠢᠯᠠᠬᠰᠠᠳ᠎ᠤᠨ ᠲᠤᠭᠤᠷᠢᠨ ᠵᠢᠭᠤᠯᠴᠢᠯᠠᠬᠤ ᠬᠠᠯᠠᠮᠰᠢᠯ ᠭᠠᠵᠠᠷ ᠪᠣᠯᠵᠠᠢ᠃

ᠡᠨᠡ ᠬᠣᠶᠠᠷ ᠵᠢᠯ᠎ᠦᠨ ᠲᠤᠷᠰᠢ᠂ ᠦᠬᠠᠢ᠎ᠶᠢᠨ ᠰᠣᠶᠣᠯ ᠵᠢᠭᠤᠯᠴᠢᠯᠠᠯ᠎ᠤᠨ ᠪᠦᠯᠦᠭᠯᠡᠯ ᠴᠢᠬᠤᠯᠠ ᠶᠡᠬᠡ ᠠᠵᠢᠯᠯᠠᠭ᠎ᠠ᠎ᠶᠢ ᠢᠳᠡᠪᠬᠢᠲᠡᠢ ᠤᠬᠠᠭᠠᠯᠠᠨ ᠡᠷᠬᠢᠯᠡᠵᠦ᠂ ᠠᠵᠢᠯᠯᠠᠭ᠎ᠠ᠎ᠪᠠᠷ ᠵᠠᠭᠤᠴᠢ ᠪᠣᠯᠭᠠᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠪᠠ᠃ ᠦᠬᠠᠢ ᠨᠠᠭᠤᠷ᠎ᠤᠨ ᠨᠢᠭᠡᠳᠦᠭᠡᠷ ᠭᠠᠷᠠᠮ᠂ ᠨᠣᠮ ᠤᠩᠰᠢᠬᠤ ᠪᠠᠭᠠᠷ᠎ᠤᠨ ᠠᠭᠤᠳᠠᠮ ᠲᠠᠯᠠᠪᠠᠢ ᠵᠡᠷᠭᠡ ᠭᠠᠵᠠᠷ᠎ᠲᠤ ᠤᠷᠢᠳ ᠬᠣᠵᠢᠳ ᠦᠬᠠᠢ ᠨᠠᠭᠤᠷ᠎ᠤᠨ ᠠᠩᠬᠠᠳᠤᠭᠠᠷ ᠬᠤᠭᠤᠴᠠᠭᠠᠨ᠎ᠤ ᠴᠠᠭᠠᠰᠤᠨ ᠰᠢᠪᠠᠭᠤᠨ᠎ᠤ ᠰᠣᠶᠣᠯ᠎ᠤᠨ ᠨᠠᠢᠷ᠂ ᠨᠡᠭᠦᠳᠡᠯ᠎ᠦᠨ ᠰᠢᠪᠠᠭᠤᠨ᠎ᠤ ᠤᠯᠠᠷᠢᠯ᠎ᠤᠨ ᠤᠯᠠᠨ ᠤᠯᠤᠰ᠎ᠤᠨ ᠭᠡᠷᠡᠯ ᠵᠢᠷᠤᠭ᠎ᠤᠨ ᠤᠷᠤᠯᠳᠤᠭᠠᠨ᠂ ᠦᠬᠠᠢ᠎ᠶᠢᠨ ᠠᠩᠬᠠᠳᠤᠭᠠᠷ ᠬᠤᠭᠤᠴᠠᠭᠠᠨ᠎ᠤ ᠠᠭᠠᠷ᠎ᠤᠨ ᠠᠶᠠᠯᠠᠯ᠎ᠤᠨ ᠨᠠᠢᠷ᠂ ᠵᠤᠨ᠎ᠤ ᠤᠯᠠᠷᠢᠯ᠎ᠤᠨ ᠨᠠᠢᠷ ᠵᠡᠷᠭᠡ ᠭᠣᠣᠯ ᠰᠡᠳᠦᠪᠲᠦ ᠠᠵᠢᠯᠯᠠᠭ᠎ᠠ᠎ᠶᠢ ᠶᠠᠪᠤᠭᠳᠠᠭᠤᠯᠵᠦ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠭᠰᠠᠨ ᠮᠥᠷᠲᠡᠭᠡᠨ ᠪᠠᠰᠠ ᠦᠬᠠᠢ ᠨᠠᠭᠤᠷ᠎ᠤᠨ ᠲᠦᠷᠦᠯ ᠲᠡᠮᠳᠡᠭ᠎ᠦᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠪᠡ᠃

ᠠᠵᠤ ᠠᠬᠤᠢᠯᠠᠯ᠎ᠤᠨ ᠲᠦᠷᠭᠡᠨ ᠬᠥᠭᠵᠢᠯᠲᠡ ᠨᠢ ᠰᠢᠨᠵᠢᠯᠡᠬᠦ ᠤᠬᠠᠭᠠᠨᠴᠢ ᠬᠠᠮᠢᠶᠠᠷᠤᠯᠲᠠ᠎ᠶᠢᠨ ᠵᠠᠭᠪᠤᠷ ᠡᠴᠡ ᠰᠠᠯᠵᠤ ᠴᠢᠳᠠᠬᠤ ᠦᠭᠡᠢ ᠶᠤᠮ᠃ ᠦᠬᠠᠢ᠎ᠶᠢᠨ ᠰᠣᠶᠣᠯ ᠵᠢᠭᠤᠯᠴᠢᠯᠠᠯ᠎ᠤᠨ ᠪᠦᠯᠦᠭᠯᠡᠯ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶᠢᠨ ᠭᠤᠷᠪᠠᠨ ᠵᠢᠯ᠎ᠦᠨ ᠠᠵᠢᠯᠯᠠᠭ᠎ᠠ᠎ᠶᠢᠨ ᠡᠭᠦᠷᠭᠡ᠎ᠶᠢᠨ ᠪᠠᠢᠷᠢᠯᠠᠭᠤᠯᠤᠯᠲᠠ ᠪᠣᠯᠣᠨ ᠱᠠᠭᠠᠷᠳᠠᠯᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠤᠪᠢ ᠬᠥᠮᠥᠨ᠎ᠦ ᠠᠵᠢᠯ᠎ᠤᠨ ᠭᠢᠷᠢ ᠪᠥᠳᠤᠮᠵᠢ᠎ᠶᠢ ᠰᠢᠯᠭᠠᠨ ᠦᠨᠡᠯᠡᠬᠦ᠂ ᠠᠵᠢᠯ᠎ᠤᠨ ᠪᠠᠢᠷᠢ᠎ᠶᠢᠨ ᠡᠭᠦᠷᠭᠡ ᠬᠠᠷᠢᠭᠤᠴᠠᠯᠭ᠎ᠠ᠎ᠶᠢᠨ ᠤᠷ᠎ᠠ ᠴᠢᠳᠠᠪᠤᠷᠢ ᠵᠡᠷᠭᠡ᠎ᠶᠢ ᠲᠤᠰᠢᠶᠠᠯ ᠳᠡᠪᠰᠢᠬᠦ ᠲᠠᠢ ᠬᠣᠯᠪᠣᠵᠤ᠂ ᠦᠨᠡᠨᠴᠢ ᠰᠢᠳᠤᠷᠭᠤ᠎ᠪᠠᠷ ᠪᠣᠳᠠᠲᠠᠢ ᠠᠵᠢᠯᠯᠠᠬᠤ᠎ᠪᠠᠷ ᠰᠠᠭᠤᠷᠢ ᠪᠣᠯᠭᠠᠭᠰᠠᠨ᠂ ᠵᠠᠬ᠎ᠠ ᠳᠡᠯᠭᠡᠭᠦᠷ᠎ᠦᠨ ᠬᠡᠷᠡᠭᠴᠡᠭᠡ᠎ᠪᠡᠷ ᠤᠳᠤᠷᠢᠳᠤᠮᠵᠢ ᠪᠣᠯᠭᠠᠭᠰᠠᠨ᠂ ᠠᠵᠢᠯ᠎ᠤᠨ ᠭᠢᠷᠢ ᠪᠥᠳᠤᠮᠵᠢ᠎ᠶᠢ ᠰᠢᠯᠭᠠᠨ ᠬᠢᠨᠠᠬᠤ᠎ᠪᠠᠷ ᠭᠣᠣᠯ ᠪᠣᠯᠭᠠᠭᠰᠠᠨ ᠠᠵᠢᠯ᠎ᠤᠨ ᠪᠠᠢᠷᠢ᠎ᠶᠢ ᠰᠢᠯᠭᠠᠨ ᠬᠢᠨᠠᠵᠤ ᠬᠢᠨᠠᠯᠲᠠ ᠲᠠᠯᠪᠢᠬᠤ ᠲᠣᠭᠲᠠᠴᠠ᠎ᠶᠢ ᠪᠠᠢᠭᠤᠯᠪᠠ᠃

2023 ᠣᠨ ᠡᠴᠡ ᠨᠠᠭᠠᠰᠢ᠂ ᠦᠬᠠᠢ᠎ᠶᠢᠨ ᠰᠣᠶᠣᠯ ᠵᠢᠭᠤᠯᠴᠢᠯᠠᠯ᠎ᠤᠨ ᠪᠦᠯᠦᠭᠯᠡᠯ᠎ᠦᠬᠠᠢ ᠬᠤᠲᠠ᠎ᠶᠢᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠋᠎ᠤᠨ ᠣᠨᠴᠠᠯᠢᠭ᠋᠎ᠲᠤ ᠠᠩᠬᠠᠷᠤᠯ᠎ᠢᠶᠠᠨ ᠲᠥᠪᠯᠡᠷᠡᠭᠦᠯᠵᠦ᠂ ᠰᠣᠶᠣᠯ ᠵᠢᠭᠤᠯᠴᠢᠯᠠᠯ᠎ᠤᠨ ᠲᠦᠷᠦᠯ ᠵᠦᠢᠯ᠎ᠢ ᠢᠳᠡᠪᠬᠢᠲᠡᠢ ᠲᠥᠯᠥᠪᠵᠢᠭᠦᠯᠵᠦ᠂ ᠦᠬᠠᠢ ᠨᠠᠭᠤᠷ ᠶᠡᠬᠡ ᠪᠠᠭᠤᠳᠠᠯ ᠢ᠋ ᠪᠠᠢᠭᠤᠯᠵᠤ᠂ ᠦᠬᠠᠢ᠎ᠶᠢᠨ ᠰᠣᠶᠣᠯ ᠵᠢᠭᠤᠯᠴᠢᠯᠠᠯ᠎ᠤᠨ ᠠᠮᠲᠠᠲᠤ ᠢᠳᠡᠭᠡᠨ᠎ᠦ ᠤᠯᠠᠷᠢᠯ᠎ᠤᠨ ᠬᠠᠯᠠᠮᠰᠢᠯ ᠶᠠᠪᠠᠭᠠᠨ ᠵᠡᠭᠡᠯᠢ᠂ ᠪᠠᠶᠠᠰᠤᠯᠳᠤ ᠤᠢ᠎ᠶᠢᠨ ᠵᠢᠭᠤᠯᠴᠢᠯᠠᠯ᠎ᠤᠨ ᠲᠠᠯᠠᠪᠠᠢ ᠵᠡᠷᠭᠡ ᠰᠣᠶᠣᠯ ᠵᠢᠭᠤᠯᠴᠢᠯᠠᠯ᠎ᠤᠨ ᠲᠦᠷᠦᠯ ᠵᠦᠢᠯ᠎ᠢ ᠪᠥᠳᠤᠭᠡᠨ ᠪᠠᠢᠭᠤᠯᠬᠤ ᠵᠢ ᠳᠤᠷᠠᠳᠴᠦ᠂ ᠢᠳᠡᠵᠦ ᠤᠤᠭᠤᠬᠤ ᠬᠣᠨᠣᠵᠤ ᠬᠡᠪᠲᠡᠬᠦ ᠲᠤᠭᠤᠷᠢᠨ ᠵᠢᠭᠤᠯᠴᠢᠯᠠᠬᠤ ᠪᠠᠷᠠᠭ᠎ᠠ ᠬᠤᠳᠠᠯᠳᠤᠨ ᠠᠪᠬᠤ ᠰᠡᠯᠡᠭᠦᠴᠡᠬᠦ ᠵᠡᠷᠭᠡ ᠪᠦᠷᠢᠨ ᠪᠦᠲᠦᠨ ᠦᠢᠯᠡᠴᠢᠯᠡᠭᠡᠨ᠎ᠦ ᠬᠡᠯᠬᠢᠶ᠎ᠡ᠎ᠶᠢ ᠪᠦᠬᠦ ᠬᠦᠴᠦᠨ᠎ᠢᠶᠡᠷ᠎ᠢᠶᠡᠨ ᠪᠠᠶ᠋ᠢᠭᠤᠯᠪᠠ᠃

ᠯᠢᠦ ᠵᠢᠶᠠᠨ ᠵᠢᠶᠦ᠋ᠨ᠂ ᠦᠬᠠᠢ᠎ᠶᠢᠨ ᠰᠣᠶᠣᠯ ᠵᠢᠭᠤᠯᠴᠢᠯᠠᠯ᠎ᠤᠨ ᠪᠦᠯᠦᠭᠯᠡᠯ ᠦᠷᠭᠦᠯᠵᠢᠯᠡᠨ ᠦᠬᠠᠢ᠎ᠶᠢᠨ ᠰᠣᠶᠣᠯ᠂ ᠵᠢᠭᠤᠯᠴᠢᠯᠠᠯ᠎ᠤᠨ ᠡᠬᠢ ᠪᠠᠶᠠᠯᠢᠭ᠋᠎ᠢ ᠭᠦᠨᠵᠡᠭᠡᠢ ᠠᠭᠤᠳᠠᠯᠵᠤ᠂ ᠵᠢᠭᠤᠯᠴᠢᠯᠠᠯ᠎ᠤᠨ ᠦᠢᠯᠡᠰ᠎ᠤᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠠᠵᠤ ᠠᠬᠤᠢᠯᠠᠯ᠎ᠤᠨ ᠥᠭᠡᠷᠡᠴᠢᠯᠡᠯᠲᠡ᠎ᠶᠢᠨ ᠭᠦᠨᠵᠡᠭᠡᠢᠷᠡᠨ ᠬᠥᠭᠵᠢᠬᠦ᠎ᠶᠢ ᠠᠬᠢᠭᠤᠯᠤᠨ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ ᠬᠡᠵᠦ ᠢᠯᠡᠷᠬᠡᠢᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面