2024-01-08 10:47:30
ᠤᠢᠷᠠᠳᠦ ᠂ 《 ᠤᠮᠠᠷᠠᠲᠤ ᠬᠢᠯᠢ ᠶ᠋ᠢᠨ ᠰᠤᠶᠤᠯ ᠤ᠋ᠨ ᠰᠢᠨ᠎ᠡ ᠱᠠᠰᠳᠢᠷ ᠢ᠋ ᠪᠢᠴᠢᠭᠯᠡᠨ ᠂ ᠰᠤᠷᠭᠠᠭᠤᠯᠢ ᠬᠤᠰᠢᠭᠤ ᠶ᠋ᠢᠨ ᠬᠠᠮᠲᠤᠷᠠᠯᠴᠠᠭ᠎ᠠ ᠶ᠋ᠢᠨ ᠰᠢᠨ᠎ᠡ ᠦᠨᠳᠦᠷᠯᠢᠭ ᠲᠦ᠍ ᠬᠦᠷᠭᠡᠨᠡᠮ 》 — ᠥᠪᠥᠷ ᠮᠣᠩᠭᠣᠯ ᠤ᠋ᠨ ᠪᠠᠭ᠍ᠰᠢ ᠶ᠋ᠢᠨ ᠶᠡᠬᠡ ᠰᠤᠷᠭᠠᠭᠤᠯᠢ ᠂ ᠤᠷᠠᠳ ᠤ᠋ᠨ ᠳᠤᠮᠳᠠᠳᠤ ᠬᠣᠱᠢᠭᠤᠨ ᠤ᠋ ᠤᠮᠠᠷᠠᠲᠤ ᠬᠢᠯᠢ ᠶ᠋ᠢᠨ ᠰᠣᠶᠣᠯ ᠤ᠋ᠨ ᠲᠥᠷᠥᠯ ᠲᠡᠮᠳᠡᠭᠦᠨ ᠪᠠᠢᠭᠤᠯᠤᠯᠲᠠ ᠶ᠋ᠢᠨ ᠭᠤᠤᠯ ᠰᠡᠳᠦᠪᠲᠦ ᠤᠯᠠᠮᠵᠢᠯᠠᠨ ᠲᠠᠷᠬᠠᠭᠠᠬᠤ ᠠᠵᠢᠯᠯᠠᠭ᠎ᠠ ᠵᠢᠴᠢ ᠦᠶ᠋ᠯᠡᠳᠦᠯᠭᠡ ᠶ᠋ᠢᠨ ᠰᠠᠭᠤᠷᠢᠨ ᠤ᠋ ᠬᠣᠯᠪᠣᠭ᠎ᠠ ᠶ᠋ᠢᠨ ᠵᠦᠪᠯᠡᠯᠴᠡᠭᠡᠷ ᠲᠣᠭ᠍ᠲᠠᠬᠤ ᠶᠣᠰᠣᠯᠠᠯ ᠬᠥᠬᠡᠬᠣᠲᠠ ᠳ᠋ᠦ ᠶᠠᠪᠤᠭ᠍ᠳᠠᠪᠠ ᠃
ᠦᠢᠯᠡᠭᠠᠭᠰᠠᠨ ᠶ᠋ᠢᠡᠷ ᠂ ᠲᠤᠰ ᠤᠳᠠᠭ᠎ᠠ ᠥᠪᠥᠷ ᠮᠣᠩᠭᠣᠯ ᠤ᠋ᠨ ᠪᠠᠭ᠍ᠰᠢ ᠶ᠋ᠢᠨ ᠶᠡᠬᠡ ᠰᠤᠷᠭᠠᠭᠤᠯᠢ ᠪᠣᠯᠤᠨ ᠤᠷᠠᠳ ᠤ᠋ᠨ ᠳᠤᠮᠳᠠᠳᠤ ᠬᠣᠱᠢᠭᠤ ᠰᠤᠷᠭᠠᠭᠤᠯᠢ ᠬᠤᠰᠢᠭᠤ ᠶ᠋ᠢᠨ ᠬᠠᠮᠲᠤᠷᠠᠯᠴᠠᠭ᠎ᠠ ᠥᠷᠨᠢᠭᠦᠯᠵᠦ᠍᠂ ᠤᠮᠠᠷᠠᠲᠤ ᠬᠢᠯᠢ ᠶ᠋ᠢᠨ ᠰᠣᠶᠣᠯ ᠤ᠋ᠨ ᠦᠢᠯᠡᠳᠦᠯᠭᠡ ᠶ᠋ᠢᠨ ᠰᠠᠭᠤᠷᠢᠨ ᠤ᠋ ᠬᠣᠯᠪᠣᠭ᠎ᠠ ᠪᠠᠢᠭᠤᠯᠤᠭ᠍ᠰᠠᠨ ᠨᠢ ᠥᠪᠥᠷ ᠮᠣᠩᠭᠣᠯ ᠤ᠋ᠨ ᠪᠠᠭ᠍ᠰᠢ ᠶ᠋ᠢᠨ ᠶᠡᠬᠡ ᠰᠤᠷᠭᠠᠭᠤᠯᠢ ᠶ᠋ᠢᠨ ᠡᠷᠳᠡᠮ ᠱᠢᠨᠵᠢᠯᠡᠭᠡᠨᠦ ᠰᠠᠯᠠᠭ᠎ᠠ᠂ ᠲᠤᠰᠭᠠᠢ ᠮᠡᠷᠭᠡᠵᠢᠯ᠂ ᠤᠶᠤᠨ ᠴᠢᠳᠠᠪᠤᠷᠢ ᠪᠣᠯᠤᠨ ᠴᠢᠳᠠᠪᠤᠷᠢᠲᠠᠨ ᠤ᠋ ᠳᠠᠪᠠᠭᠤᠯᠢᠭᠢ᠋ ᠪᠠᠳᠠᠷᠠᠭᠤᠯᠤᠨ᠂ ᠤᠷᠠᠳ ᠤ᠋ᠨ ᠳᠤᠮᠳᠠᠳᠤ ᠬᠤᠰᠢᠭᠤᠨ ᠤ᠋ ᠤᠮᠠᠷᠠᠲᠤ ᠬᠢᠯᠢ ᠶ᠋ᠢᠨ ᠰᠣᠶᠣᠯ ᠤ᠋ᠨ ᠪᠦᠬᠦ᠌ ᠡᠯᠧᠮᠧᠨ᠋ᠲᠦᠨ ᠦᠪᠡᠷᠮᠢᠴᠡ ᠤᠨᠴᠠᠯᠢᠭᠲᠤ ᠡᠬᠢ ᠪᠠᠶᠠᠯᠢᠭ ᠤ᠋ᠨ ᠳᠠᠪᠠᠭᠤᠯᠢᠭ ᠢ᠋ ᠢᠯᠡᠷᠡᠭᠦᠯᠵᠦ ᠂ ᠳᠤᠮᠳᠠᠳᠤ ᠶ᠋ᠢᠨ ᠦᠨᠳᠦᠰᠦᠲᠡᠨᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷᠢ ᠪᠠᠲᠤ ᠴᠣᠭ᠍ᠴᠠᠯᠠᠬᠤᠪᠠᠷ ᠭᠣᠣᠯ ᠱᠢᠵᠢᠮ ᠪᠤᠯᠭᠠᠨ ᠂ ᠣᠷᠣᠨ ᠨᠤᠲᠤᠭ ᠤ᠋ᠨ ᠠᠵᠤ ᠠᠬᠤᠢ ᠨᠡᠢᠭᠡᠮᠦᠨ ᠬᠥᠭ᠌ᠵᠢᠯᠲᠡ ᠪᠣᠯᠤᠨ ᠰᠣᠶᠣᠯ ᠤ᠋ᠨ ᠪᠠᠢᠭᠤᠯᠤᠯᠲᠠ ᠳ᠋ᠦ ᠢᠳᠡᠪᠬᠢᠲᠡᠢ ᠦᠢᠯᠡᠴᠢᠯᠡᠵᠦ᠍ ᠂ ᠤᠮᠠᠷᠠᠲᠤ ᠬᠢᠯᠢ ᠶ᠋ᠢᠨ ᠰᠣᠶᠣᠯ ᠤ᠋ᠨ ᠲᠦᠷᠦᠯ ᠲᠡᠮᠳᠡᠭᠢ ᠴᠣᠭ᠍ᠴᠠᠯᠠᠬᠤ ᠳ᠋ᠦ ᠬᠦᠴᠦᠨ ᠨᠡᠮᠡᠷᠢᠯᠡᠬᠦ᠌ ᠪᠠᠰᠠ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠃ ᠤᠮᠠᠷᠠᠲᠤ ᠬᠢᠯᠢ ᠶ᠋ᠢᠨ ᠰᠣᠶᠣᠯ ᠤ᠋ᠨ ᠦᠢᠯᠡᠳᠦᠯᠭᠡ ᠶ᠋ᠢᠨ ᠰᠠᠭᠤᠷᠢᠨ ᠤ᠋ ᠬᠣᠯᠪᠣᠭ᠎ᠠ ᠪᠠᠢᠭᠤᠯᠤᠭ᠍ᠳᠠᠭ᠍ᠰᠠᠨ ᠨᠢ ᠰᠤᠷᠭᠠᠭᠤᠯᠢ ᠬᠤᠰᠢᠭᠤ ᠶ᠋ᠢᠨ ᠬᠠᠮᠲᠤᠷᠠᠯᠴᠠᠭ᠎ᠠ ᠂ ᠤᠮᠠᠷᠠᠲᠤ ᠬᠢᠯᠢ ᠶ᠋ᠢᠨ ᠰᠣᠶᠣᠯ ᠤ᠋ᠨ ᠰᠤᠳᠤᠯᠭᠠᠨᠢ ᠤᠯᠠᠮᠵᠢᠯᠠᠬᠤ ᠳ᠋ᠦ ᠬᠥᠭᠥᠷᠭᠡ ᠬᠣᠯᠪᠣᠭᠠᠰᠤ ᠶ᠋ᠢᠨ ᠦᠢᠯᠡᠳᠦᠯ ᠦᠵᠡᠭᠦᠯᠵᠦ ᠂ ᠥᠪᠥᠷ ᠮᠣᠩᠭᠣᠯ ᠤ᠋ᠨ ᠪᠠᠭ᠍ᠰᠢ ᠶ᠋ᠢᠨ ᠶᠡᠬᠡ ᠰᠤᠷᠭᠠᠭᠤᠯᠢ ᠪᠣᠯᠤᠨ ᠤᠷᠠᠳ ᠤ᠋ᠨ ᠳᠤᠮᠳᠠᠳᠤ ᠬᠣᠱᠢᠭᠤ ᠡᠨᠡ ᠬᠦ᠌ ᠲᠠᠪᠴᠠᠩᠢ ᠭᠦᠢᠴᠡᠳ ᠠᠰᠢᠭᠯᠠᠨ ᠂ ᠤᠮᠠᠷᠠᠲᠤ ᠬᠢᠯᠢ ᠶ᠋ᠢᠨ ᠰᠣᠶᠣᠯ ᠤ᠋ᠨ ᠤᠯᠠᠮᠵᠢᠯᠠᠯ ᠪᠣᠯᠤᠨ ᠱᠢᠨᠡᠶ᠋ᠢ ᠡᠭᠦᠳᠬᠦ᠌ ᠴᠢᠨᠠᠷᠲᠠᠢ ᠰᠤᠳᠤᠯᠭᠠᠨᠢ ᠠᠬᠢᠭᠤᠯᠵᠤ᠂ ᠤᠮᠠᠷᠠᠲᠤ ᠬᠢᠯᠢ ᠶ᠋ᠢᠨ ᠡᠬᠡ ᠭᠠᠵᠠᠷ᠎ᠲᠤ ᠦᠨᠳᠦᠰᠦᠯᠡᠭ᠌ᠰᠡᠨ ᠱᠢᠯᠢᠳᠡᠭ ᠰᠣᠶᠣᠯᠢ ᠠᠮᠢᠯᠠᠭᠤᠯᠵᠤ ᠬᠦᠭᠵᠢᠭᠡᠨ ᠂ ᠳᠤᠮᠳᠠᠳᠤ ᠤᠯᠤᠰ ᠤ᠋ᠨ ᠣᠨᠴᠠᠯᠢᠭᠲᠠᠶ ᠣᠳᠣᠬᠢᠴᠢᠯᠠᠭ᠍ᠰᠠᠨ ᠥᠪᠥᠷ ᠮᠣᠩᠭᠣᠯ ᠤ᠋ᠨ ᠱᠢᠨ᠎ᠡ ᠬᠠᠭᠤᠳᠠᠰᠤᠶ᠋ᠢ ᠴᠢᠷᠮᠠᠢᠨ ᠪᠢᠴᠢᠭ᠌ᠯᠡᠬᠦ᠌ᠳᠦ ᠬᠤᠪᠢ ᠨᠡᠮᠡᠷᠢᠪᠡᠨ ᠦᠵᠡᠭᠦᠯᠬᠦ᠌ᠪᠤᠯᠤᠨᠠ ᠃
ᠲᠤᠰ ᠤᠳᠠᠭᠠᠨ ᠤ᠋ ᠠᠵᠢᠯᠯᠠᠭ᠎ᠠ ᠳ᠋ᠦ 《 ᠤᠮᠠᠷᠠᠲᠤ ᠬᠢᠯᠢ ᠶ᠋ᠢᠨ ᠰᠤᠶᠤᠯ ᠤ᠋ᠨ ᠰᠢᠨ᠎ᠡ ᠱᠠᠰᠳᠢᠷ ᠢ᠋ ᠪᠢᠴᠢᠭᠯᠡᠨ ᠂ ᠰᠤᠷᠭᠠᠭᠤᠯᠢ ᠬᠤᠰᠢᠭᠤ ᠶ᠋ᠢᠨ ᠬᠠᠮᠲᠤᠷᠠᠯᠴᠠᠭ᠎ᠠ ᠵᠢ ᠰᠢᠨ᠎ᠡ ᠦᠨᠳᠦᠷᠯᠢᠭ ᠲᠦ᠍ ᠬᠦᠷᠭᠡᠨᠡᠮ 》 — ᠥᠪᠥᠷ ᠮᠣᠩᠭᠣᠯ ᠤ᠋ᠨ ᠪᠠᠭ᠍ᠰᠢ ᠶ᠋ᠢᠨ ᠶᠡᠬᠡ ᠰᠤᠷᠭᠠᠭᠤᠯᠢ ᠪᠤᠯᠤᠨ ᠤᠷᠠᠳ ᠤ᠋ᠨ ᠳᠤᠮᠳᠠᠳᠤ ᠬᠣᠱᠢᠭᠤᠨ ᠤ᠋ ᠤᠮᠠᠷᠠᠲᠤ ᠬᠢᠯᠢ ᠶ᠋ᠢᠨ ᠰᠣᠶᠣᠯ ᠤ᠋ᠨ ᠦᠶ᠋ᠯᠡᠳᠦᠯᠭᠡ ᠶ᠋ᠢᠨ ᠰᠠᠭᠤᠷᠢᠨ ᠤ᠋ ᠬᠣᠯᠪᠣᠭ᠎ᠠ ᠶ᠋ᠢᠨ ᠫᠠᠢᠰᠠ ᠰᠡᠭᠦᠬᠦ ᠶᠤᠰᠤᠯᠠᠯ ᠶᠠᠪᠤᠭᠳᠠᠵᠤ ᠂ ᠤᠮᠠᠷᠠᠲᠤ ᠬᠢᠯᠢ ᠶ᠋ᠢᠨ ᠰᠣᠶᠣᠯ ᠤ᠋ᠨ ᠦᠶ᠋ᠯᠡᠳᠦᠯᠭᠡ ᠶ᠋ᠢᠨ ᠰᠠᠭᠤᠷᠢᠨ ᠤ᠋ ᠬᠣᠯᠪᠣᠭ᠎ᠠ ᠶ᠋ᠢᠨ ᠲᠡᠷᠢᠭᠦᠨ ᠲᠤᠰᠬᠠᠢ ᠮᠡᠷᠭᠡᠵᠢᠯᠲᠡᠨ ᠳ᠋ᠦ ᠤᠷᠢᠯᠭ᠎ᠠ ᠶ᠋ᠢᠨ ᠪᠢᠴᠢᠭ ᠭᠠᠷᠳᠠᠭᠤᠯᠪᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃