ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2024-01-17 09:52:06

ᠵᠣᠬᠢᠶᠠᠭ᠍ᠴᠢ᠄ ᠰᠢᠤᠸᠠᠢ ᠯᠠᠢ ᠣᠩᠱᠢᠭ᠍ᠰᠠᠨ ᠣᠳᠠᠭ᠎ᠠ᠄ 3

ᠬᠤᠷᠴᠠ ᠤᠯᠠᠭᠠᠨ ᠪᠠᠲᠤᠴᠠᠭᠠᠨ᠎ᠤ ᠨᠠᠪᠴᠢ᠂ ᠠᠯᠳᠠᠨ ᠰᠢᠷᠭᠠᠯ ᠮᠥᠩᠭᠥᠨ ᠬᠦᠢᠯᠡᠰᠦ᠂ ᠨᠣᠮᠢᠨ ᠨᠣᠭᠣᠭᠠᠨ ᠨᠠᠷᠠᠰᠤ ᠮᠠᠢᠯᠠᠰᠤ ᠁ ᠡᠪᠦᠯ ᠴᠠᠭ᠎ᠤᠨ ᠪᠠᠶᠠᠨᠨᠠᠭᠤᠷ ᠬᠣᠲᠠ᠎ᠶᠢᠨ ᠦᠶᠤᠸᠠᠨ ᠰᠢᠶᠠᠨ᠎ᠤ ᠵᠡᠭᠡᠯᠢ ᠭᠤᠳᠤᠮᠵᠢ᠂ ᠵᠢᠭᠤᠯᠴᠢᠯᠠᠯ᠎ᠤᠨ ᠬᠦᠷᠢᠶᠡᠯᠡᠩ᠂ ᠠᠭᠤᠳᠠᠮ ᠲᠠᠯᠠᠪᠠᠶ ᠦᠩᠭᠡ ᠢᠯᠭᠠᠷᠠᠵᠤ ᠡᠭᠡᠭᠡ ᠯᠡ ᠲᠤᠰᠤᠨ ᠪᠤᠳᠤᠭ᠎ᠤᠨ ᠵᠢᠷᠤᠭ ᠰᠢᠭ᠋᠃ ᠭᠠᠷᠠᠭ᠎ᠤᠨ ᠰᠡᠭᠦᠯᠴᠢ᠎ᠪᠡᠷ᠂ ᠡᠷᠬᠢᠨ ᠲᠣᠭᠣᠷᠢᠨ᠎ᠤ ᠵᠢᠭᠤᠯᠴᠢᠯᠠᠬᠰᠠᠳ ᠲᠠᠪᠤ ᠭᠤᠷᠪᠠ᠎ᠪᠠᠷ ᠨᠡᠢᠯᠡᠵᠦ᠂ ᠦᠶᠤᠸᠠᠨ ᠰᠢᠶᠠᠨ᠎ᠤ ᠪᠣᠷᠣᠳᠣᠬᠣᠢ᠎ᠶᠢᠨ ᠲᠠᠷᠢᠶᠠᠯᠠᠬᠤ ᠰᠣᠶᠣᠯ᠎ᠤᠨ ᠦᠵᠡᠰᠬᠦᠯᠡᠩ᠎ᠦᠨ ᠬᠦᠷᠢᠶᠡᠯᠡᠩ᠎ᠳᠦ ᠢᠷᠡᠵᠦ᠂ ᠡᠨᠡ ᠬᠦ᠌ ᠰᠤᠯᠤᠩᠭᠠᠨ ᠶᠢᠷᠳᠢᠨᠴᠦ ᠳ᠋ᠤ ᠱᠤᠩᠪᠠᠨ ᠰᠡᠬᠦᠳᠡᠷ ᠲᠠᠳᠠᠭᠤᠯᠵᠤ ᠲᠤᠷᠠᠰᠬᠠᠯ ᠦᠯᠡᠲᠡᠭᠡᠨ᠎ᠡ᠃ 《ᠣᠯᠠᠨ ᠬᠥᠮᠥᠰ ᠴᠠᠰᠤᠨ᠎ᠳᠤ ᠳᠤᠷᠠᠲᠠᠢ ᠪᠠᠢᠳᠠᠭ᠂ ᠪᠢ ᠬᠠᠷᠢᠨ ᠦᠩᠭᠡ ᠢ᠋ᠢᠨ ᠨᠠᠪᠴᠢᠰ ᠲᠸ᠋ ᠯᠡ ᠲᠤᠷᠠᠲᠠᠢ᠂ ᠡᠨᠲᠡ ᠰᠡᠭᠦᠳᠡᠷ ᠲᠠᠲᠠᠬᠤ᠎ᠳᠤ ᠲᠤᠩ ᠭᠤᠶᠤ ᠪᠠᠢᠨ᠎ᠠ》 ᠬᠡᠵᠦ ᠵᠢᠭᠤᠯᠴᠢᠯᠠᠬᠴᠢ ᠸᠠᠩ ᠬᠤᠩ ᠸᠸᠢ ᠪᠠᠶᠠᠷᠳᠠᠢᠬᠠᠨ ᠶᠠᠷᠢᠨ᠎ᠠ᠃

ᠤᠷᠲᠤ ᠬᠣᠩᠭᠢᠯ᠎ᠢᠶᠠᠷ ᠥᠩᠭᠡᠷᠡᠵᠦ ᠦᠵᠡᠰᠬᠦᠯᠡᠩ᠎ᠦᠨ ᠬᠦᠷᠢᠶᠡᠯᠡᠩ᠎ᠦᠨ ᠵᠠᠩ ᠦᠢᠯᠡ᠎ᠶᠢᠨ ᠵᠡᠭᠡᠯᠢ ᠎ᠳᠤ ᠬᠦᠷᠬᠦ᠎ᠳᠦ ᠡᠯᠳᠡᠪ ᠶᠠᠩᠵᠤ ᠎ᠶᠢᠨ ᠳᠦᠷᠰᠦ ᠪᠠᠢᠳᠠᠯ᠎ᠲᠠᠢ᠂ ᠡᠪᠡᠢ ᠬᠦᠭᠡᠷᠦᠭᠦᠨ ᠱᠤᠭᠤᠮᠠᠯ᠎ᠤᠳ ᠭᠠᠵᠠᠷ ᠪᠣᠯᠭᠠᠨ᠎ᠳᠤ ᠬᠠᠷᠠᠭᠳᠠᠵᠦ᠂ ᠦᠰᠪᠦᠷᠢ ᠵᠢᠨ ᠬᠡᠦᠬᠡᠳ ᠪᠠᠭᠠᠴᠤᠳ ᠬᠦᠭᠡᠷᠦᠯᠳᠦᠨ ᠨᠠᠭᠠᠳᠤᠵᠠᠭᠠᠨ᠎ᠠ᠃ ᠦᠶᠤᠸᠠᠨ ᠰᠢᠶᠠᠨ᠎ᠤ ᠲᠠᠷᠢᠶᠠᠯᠠᠬᠤ ᠰᠣᠶᠣᠯ᠎ᠤᠨ ᠮᠦᠽᠧᠢ ᠡᠨᠡ᠎ᠬᠦ ᠵᠠᠩ ᠦᠢᠯᠡ ᠢ᠋ᠢᠨ ᠵᠡᠭᠡᠯᠢ᠎ᠳᠤ ᠪᠠᠢᠷᠢᠯᠠᠵᠦ᠂ ᠮᠦᠽᠸᠢ᠎ᠳᠤ ᠡᠷᠲᠡᠨ ᠡᠳᠦᠭᠡ ᠵᠢᠨ ᠪᠣᠷᠣᠳᠣᠬᠣᠢ᠎ᠶᠢᠨ ᠲᠠᠷᠢᠶᠠᠯᠠᠬᠤ ᠰᠣᠶᠣᠯ᠎ᠤᠨ ᠪᠦᠬᠦ ᠦᠵᠡᠮᠵᠢ ᠵᠢ ᠪᠦᠬᠦ ᠲᠠᠯ᠎ᠠ ᠪᠡᠷ ᠵᠢᠷᠤᠭᠯᠠᠵᠤ᠂ ᠡᠷᠲᠡᠨ᠎ᠦ ᠲᠠᠷᠢᠶᠠᠯᠠᠬᠤ ᠪᠣᠯᠪᠠᠰᠤᠨ ᠡᠴᠡ ᠤᠳᠤ ᠦᠶ᠎ᠡ᠎ᠶᠢᠨ ᠲᠠᠷᠢᠶᠠᠯᠠᠩ᠎ᠤᠨ ᠪᠣᠯᠪᠠᠰᠤᠨ ᠬᠦᠷᠳᠡᠯᠡᠬᠢ ᠲᠡᠦᠬᠡ᠎ᠶᠢᠨ ᠵᠠᠩᠬᠢᠯᠠᠭ᠎ᠠ ᠵᠢᠨ ᠠᠬᠢᠴᠠ ᠵᠢ ᠳᠡᠯᠭᠡᠨ ᠦᠵᠡᠭᠦᠯᠦᠭᠰᠡᠨ ᠪᠠᠢᠨ᠎ᠠ᠃

《ᠡᠳᠡᠭᠡᠷ ᠪᠠᠭᠠᠵᠢ ᠵᠢ ᠥᠩᠭᠡᠷᠡᠭᠰᠡᠨ᠎ᠳᠦ ᠡᠪᠦᠭᠡ ᠨᠢ ᠪᠦᠷ ᠬᠡᠷᠡᠭᠯᠡᠵᠦ ᠪᠠᠢ᠍ᠢᠭᠰᠠᠨ ᠶᠤᠮ᠃ ᠥᠩᠭᠡᠷᠡᠭᠰᠡᠨ᠎ᠳᠦ ᠦᠢᠯᠡᠳᠪᠦᠷᠢᠯᠡᠯ᠎ᠦᠨ ᠬᠦᠴᠦᠨ ᠳᠣᠣᠷ᠎ᠠ᠂ ᠲᠠᠷᠢᠶ᠎ᠠ ᠲᠠᠷᠢᠬᠤ᠎ᠳᠤ ᠭᠣᠣᠯᠳᠠᠭᠤ ᠬᠥᠮᠥᠨ ᠪᠠ ᠮᠠᠯ ᠤᠨᠤᠭ᠎ᠠ᠎ᠳᠤ ᠲᠦᠰᠢᠭᠯᠡᠵᠦ ᠪᠠᠢᠵᠠᠢ᠂ ᠨᠢᠭᠡ ᠡᠳᠦᠷ᠎ᠲᠦ ᠳᠡᠮᠡᠢ ᠴᠦ᠍ ᠲᠠᠷᠢᠶ᠎ᠠ ᠲᠠᠷᠢᠵᠤ ᠳᠡᠶ᠋ᠢᠯᠬᠦ ᠦᠭᠡᠢ ᠪᠠᠢᠭᠰᠠᠨ᠂ ᠦᠨᠡᠬᠡᠷ ᠵᠦᠳᠡᠷᠡᠯᠲᠡᠢ ᠪᠠᠢᠵᠠᠢ᠃ ᠤᠳᠤ᠂ ᠲᠠᠷᠢᠶᠠᠯᠠᠩ᠎ᠤᠨ ᠮᠡᠷᠭᠡᠵᠢᠯ ᠬᠥᠭᠵᠢᠵᠦ᠂ ᠠᠮᠢᠳᠤᠷᠠᠯ ᠡᠳᠦᠷ᠎ᠡᠴᠡ ᠡᠳᠦᠷ ᠥᠭᠡᠳᠡᠯᠡᠵᠦ ᠪᠠᠢᠨ᠎ᠠ᠂ ᠲᠠ ᠨᠠᠷ ᠬᠢᠯᠪᠡᠷ ᠪᠤᠰᠤ᠎ᠪᠠᠷ ᠢᠷᠡᠭᠰᠡᠨ ᠰᠠᠢᠨ ᠰᠠᠢᠬᠠᠨ ᠠᠮᠢᠳᠤᠷᠠᠯ᠎ᠢᠶᠠᠨ ᠨᠠᠨᠳᠢᠩᠨᠠᠬᠤ ᠬᠡᠷᠡᠭᠲᠡᠢ ᠰᠢᠤ》 ᠭᠡᠵᠦ 65 ᠨᠠᠰᠤᠲᠠᠢ ᠵᠢᠭᠤᠯᠴᠢᠯᠠᠬᠴᠢ ᠴᠧᠨ ᠴᠢᠶᠠᠩ ᠮᠦᠽᠧᠢ ᠪᠡᠷ ᠲᠣᠭᠣᠷᠢᠨ ᠦᠵᠡᠬᠦ᠎ᠶᠢᠨ ᠳᠠᠭᠠᠤ ᠣᠮᠪᠣᠯᠣ᠌᠎ᠳᠠᠭᠠᠨ ᠲᠠᠢᠯᠪᠤᠷᠢᠯᠠᠨ ᠶᠠᠷᠢᠨ᠎ᠠ᠃

ᠪᠣᠷᠣᠳᠣᠬᠣᠢ᠎ᠶᠢᠨ ᠲᠠᠷᠢᠶᠠᠯᠠᠬᠤ ᠰᠣᠶᠣᠯ᠎ᠤᠨ ᠦᠵᠡᠰᠬᠦᠯᠡᠩ᠎ᠦᠨ ᠬᠦᠷᠢᠶᠡᠯᠡᠩ ᠦᠶᠤᠸᠠᠨ ᠰᠢᠶᠠᠨ᠎ᠤ ᠪᠠ ᠯᠢ ᠴᠢᠶᠣᠤ᠎ᠳᠦ ᠪᠠᠢᠷᠢᠯᠠᠵᠤ᠂ ᠥᠪᠥᠷ ᠮᠣᠩᠭᠣᠯ᠎ᠤᠨ ᠮᠢᠨ ᠹᠦ ᠤᠳᠤ ᠦᠶ᠎ᠡ᠎ᠶᠢᠨ ᠲᠠᠷᠢᠶᠠᠯᠠᠩ᠎ᠤᠨ ᠬᠥᠭᠵᠢᠬᠦᠯᠦᠯᠲᠡ᠎ᠶᠢᠨ ᠬᠢᠵᠠᠭᠠᠷᠲᠤ ᠺᠣᠮᠫᠠᠨᠢ ᠡᠴᠡ ᠬᠠᠮᠢᠶᠠᠷᠴᠤ ᠪᠦᠲᠦᠭᠡᠨ ᠪᠠᠢᠭᠤᠯᠤᠭᠰᠠᠨ ᠶᠤᠮ᠃ ᠮᠢᠨ ᠹᠦ ᠺᠣᠮᠫᠠᠨᠢ ᠪᠠᠢᠭᠤᠯᠤᠭᠳᠠᠭᠰᠠᠨ ᠡᠴᠡ ᠨᠠᠭᠠᠰᠢᠬᠢ 11 ᠵᠢᠯ᠎ᠦᠨ ᠲᠤᠷᠰᠢ ᠭᠣᠣᠯᠳᠠᠯᠭ᠎ᠠ᠎ᠲᠠᠢ ᠪᠡᠯᠡ ᠣᠷᠣᠭᠤᠯᠤᠯᠳᠠ ᠬᠢᠵᠦ᠂ ᠪᠣᠷᠣᠳᠣᠬᠣᠢ᠎ᠶᠢᠨ ᠲᠠᠷᠢᠶᠠᠯᠠᠭ᠎ᠠ᠎ᠶᠢᠨ ᠮᠦᠽᠧᠢ᠂ ᠲᠠᠷᠢᠶᠠᠯᠠᠬᠤ ᠰᠤᠶᠤᠯ᠎ᠤᠨ ᠦᠵᠡᠰᠬᠦᠯᠡᠩ᠎ᠦᠨ ᠬᠦᠷᠢᠶᠡᠯᠡᠩ᠎ᠦᠨ ᠡᠭᠦᠳᠡᠨ ᠠᠰᠠᠷ᠎ᠤᠨ ᠰᠤᠪᠤᠷᠭᠠᠨ ᠠᠰᠠᠷ᠂ ᠬᠣᠷᠢᠨ ᠲᠦᠷᠪᠡᠨ ᠴᠠᠭ ᠤᠯᠠᠷᠢᠯ᠎ᠤᠨ ᠠᠭᠤᠳᠠᠮ ᠲᠠᠯᠠᠪᠠᠢ᠂ ᠪᠣᠬᠢᠷᠲᠤᠯ ᠦᠭᠡᠢ ᠤᠷᠳᠤ ᠬᠣᠩᠭᠢᠯ᠂ 190 ᠰᠠᠭᠤᠷᠢ ᠲᠤᠯᠠᠭᠠᠨ ᠬᠦᠯᠡᠮᠵᠢ ᠵᠡᠷᠭᠡ ᠭᠣᠣᠯ ᠴᠣᠭᠴᠠᠳᠤ ᠢᠨᠵᠧᠨᠧᠷᠢᠩ ᠵᠢᠴᠢ ᠳᠠᠭᠠᠯᠲᠠ ᠢᠨᠵᠧᠨᠧᠷᠢᠩ᠎ᠢ ᠪᠦᠲᠦᠭᠡᠨ ᠪᠠᠢᠭᠤᠯᠵᠦ᠂ ᠲᠠᠷᠢᠶᠠᠯᠠᠬᠤ ᠰᠣᠶᠣᠯ᠎ᠢᠶᠠᠷ ᠭᠣᠣᠯ ᠰᠡᠳᠦᠪ ᠪᠣᠯᠭᠠᠭᠰᠠᠨ᠂ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠬᠥᠮᠦᠵᠢᠯ᠂ ᠪᠡᠶᠡᠴᠢᠯᠡᠨ ᠣᠢᠯᠠᠭᠠᠬᠤ᠂ ᠵᠤᠭ᠎ᠠ ᠴᠡᠩᠭᠡᠯ ᠲᠤᠷ᠎ᠠ ᠰᠣᠨᠢᠷᠬᠠᠯ᠂ ᠠᠮᠢ ᠠᠬᠤᠢ᠎ᠪᠠᠷ ᠬᠥᠲᠥᠯᠥᠨ ᠳᠠᠭᠠᠭᠤᠯᠬᠤ᠂ ᠤᠳᠤ ᠦᠶ᠎ᠡ᠎ᠶᠢᠨ ᠲᠠᠷᠢᠶᠠᠯᠠᠩ᠎ᠤᠨ ᠦᠵᠡᠭᠦᠯᠭᠡ ᠵᠡᠷᠭᠡ ᠠᠭᠤᠯᠭ᠎ᠠ᠎ᠶᠢ ᠨᠢᠭᠡ ᠴᠣᠭᠴᠠᠵᠢᠭᠤᠯᠤᠭᠰᠠᠨ ᠲᠠᠷᠢᠶᠠᠯᠠᠩ᠎ᠤᠨ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ᠂ ᠰᠤᠳᠤᠯᠤᠨ ᠰᠤᠷᠤᠯᠴᠠᠬᠤ ᠵᠤᠰᠠᠯᠠᠩ᠎ᠤᠨ ᠬᠦᠷᠢᠶᠡᠯᠡᠩ ᠲᠣᠭᠣᠷᠢᠭ᠋᠎ᠢ ᠪᠠᠢᠭᠤᠯᠪᠠ᠃

2015 ᠣᠨ᠎ᠳᠤ ᠪᠣᠷᠣᠲᠣᠬᠣᠶ᠎ᠶ᠋ᠢᠨ ᠲᠠᠷᠢᠶᠠᠯᠠᠬᠤ ᠰᠣᠶᠣᠯ᠎ᠤᠨ ᠦᠵᠡᠰᠭᠦᠯᠡᠩ᠎ᠦᠨ ᠬᠦᠷᠢᠶᠡᠯᠡᠩ ᠨᠢ ᠲᠣᠷᠭᠠᠨ ᠵᠠᠮ᠎ᠤᠨ ᠭᠤᠤᠯᠳᠠᠯᠭ᠎ᠠ᠎ᠲᠠᠶ ᠰᠣᠶᠣᠯ᠎ᠤᠨ ᠠᠵᠤ ᠦᠶ᠋ᠯᠡᠰ᠎ᠦᠨ ᠲᠥᠷᠥᠯ ᠵᠦᠶ᠋ᠯ᠎ᠢᠶᠡᠷ ᠦᠨᠡᠯᠡᠭ᠌ᠳᠡᠵᠦ᠍᠂ 2017 ᠣᠨ᠎ᠳᠤ ᠤᠯᠤᠰ᠎ᠤᠨ ᠲᠠᠰ᠎ᠤᠨ 4 A ᠲᠠᠰ᠎ᠤᠨ ᠦᠵᠡᠮᠵᠢ᠎ᠶ᠋ᠢᠨ ᠣᠷᠣᠨ᠎ᠪᠤᠯᠵᠤ᠂ 2021 ᠣᠨ᠎ᠳᠤ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠰᠣᠶᠣᠯ᠎ᠤᠨ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ᠎ᠢᠶᠠᠷ ᠦᠨᠡᠯᠡᠭ᠌ᠳᠡᠭ᠌ᠰᠡᠨ ᠪᠥᠭᠡᠳ ᠪᠠᠰᠠ ᠪᠥᠬᠥ᠌ ᠤᠯᠤᠰ᠎ᠤᠨ ᠰᠤᠳᠤᠯᠤᠨ ᠰᠤᠷᠤᠯᠴᠠᠬᠤ ᠰᠤᠷᠭᠠᠨ ᠬᠥᠮᠦᠵᠢᠯ᠎ᠦᠨ ᠦᠶ᠋ᠯᠡᠳᠦᠯᠭᠡ᠎ᠶ᠋ᠢᠨ ᠰᠠᠭᠤᠷᠢᠨ ᠪᠣᠯᠤᠭ᠍ᠰᠠᠨ ᠪᠠᠢᠨ᠎ᠠ᠃

2022 ᠣᠨ᠎ᠳᠤ ᠥᠪᠥᠷ ᠮᠣᠩᠭᠣᠯ᠎ᠤᠨ ᠮᠢᠨ ᠹᠦ᠋ ᠣᠲᠣ ᠦᠶ᠎ᠡ᠎ᠶ᠋ᠢᠨ ᠲᠠᠷᠢᠶᠠᠯᠠᠩ᠎ᠤᠨ ᠬᠥᠭ᠌ᠵᠢᠬᠦᠯᠦᠯᠲᠡ᠎ᠶ᠋ᠢᠨ ᠬᠢᠵᠠᠭᠠᠷᠲᠤ ᠺᠣᠮᠫᠠᠨᠢ ᠠᠮᠵᠢᠯᠳᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠵᠤ᠂ ᠵᠢᠭᠤᠯᠴᠢᠯᠠᠨ ᠨᠠᠭᠠᠳᠬᠤ ᠱᠢᠷᠢᠰ ᠲᠦᠷᠦᠯ ᠵᠦᠢᠯ ᠵᠢᠡᠷ ᠠᠵᠠ ᠲᠣᠬᠢᠶᠠᠯ ᠪᠣᠯᠭᠠᠨ᠂ ᠰᠤᠳᠤᠯᠤᠨ ᠰᠤᠷᠤᠯᠴᠠᠬᠤ ᠲᠦᠷᠦᠯ ᠵᠦᠢᠯ᠎ᠢ ᠭᠤᠤᠯᠳᠠᠯᠭ᠎ᠠ᠎ᠲᠠᠶ ᠨᠡᠭᠡᠭᠡᠨ ᠬᠥᠭ᠌ᠵᠢᠭᠦᠯᠵᠦ᠍᠂ ᠮᠣᠷᠢ ᠤᠨᠤᠵᠤ ᠰᠤᠷ ᠬᠠᠷᠪᠤᠬᠤ᠂ ᠲᠷᠠᠺᠲ᠋ᠣᠷ᠎ᠤᠨ ᠲᠠᠷᠢᠶᠠᠯᠠᠩ᠎ᠤᠨ ᠲᠠᠯᠠᠪᠠᠶ᠂ ᠬᠠᠷᠢᠯᠴᠠᠨ ᠦᠶ᠋ᠯᠡᠳᠦᠯᠴᠡᠬᠦ᠌ ᠴᠡᠩᠭᠡᠯ᠎ᠦᠨ ᠬᠦᠷᠢᠶᠡᠯᠡᠩ᠂ CS ᠬᠡᠭᠡᠷᠡᠯᠡᠨ ᠪᠠᠢᠯᠳᠤᠬᠤ᠎ᠶ᠋ᠢ ᠪᠡᠶᠡᠴᠢᠯᠡᠨ ᠣᠢᠯᠠᠭᠠᠬᠤ ᠬᠤᠸᠠᠷᠠᠨ ᠵᠡᠷᠭᠡ ᠲᠥᠷᠥᠯ ᠵᠦᠶ᠋ᠯ᠎ᠢ ᠱᠢᠨ᠎ᠡ᠎ᠪᠡᠷ ᠪᠠᠢᠭᠤᠯᠤᠨ ᠨᠡᠭᠡᠭᠡᠨ ᠬᠥᠭ᠌ᠵᠢᠭᠦᠯᠪᠡ᠃ ᠨᠢᠭᠡ ᠵᠢᠯ᠎ᠦᠨ ᠲᠤᠷᠱᠢᠨ ᠠᠵᠢᠯᠯᠠᠭᠤᠯᠬᠤ᠎ᠪᠠᠷ ᠳᠡᠮᠵᠢᠨ᠂ ᠲᠦᠷᠦᠯ ᠵᠦᠢᠯ᠎ᠵᠢᠡᠷ ᠵᠢᠭᠤᠯᠴᠢᠯᠠᠬᠰᠠᠳ ᠤᠯᠠᠮ ᠤᠯᠠᠰᠢᠷᠠᠵᠤ᠂ ᠱᠢᠨ᠎ᠡ᠎ᠪᠡᠷ ᠪᠠᠢᠭᠤᠯᠤᠭ᠍ᠰᠠᠨ ᠲᠥᠷᠥᠯ ᠵᠦᠶ᠋ᠯ ᠳ᠋ᠤ ᠦᠨᠳᠦᠷ ᠦᠨᠡᠯᠡᠯᠳᠠ ᠦᠭᠴᠤ᠂ ᠪᠠᠶᠠᠨᠨᠠᠭᠤᠷ ᠬᠣᠲᠠ᠎ᠶ᠋ᠢᠨ ᠭᠡᠷ ᠤ᠋ᠨ ᠠᠬᠠᠮᠠᠳ ᠪᠠ ᠬᠡᠦᠬᠡᠳ᠎ᠦᠨ ᠵᠢᠭᠤᠯᠴᠢᠯᠠᠨ ᠨᠠᠭᠠᠳᠭᠤ᠂ ᠰᠤᠳᠤᠯᠤᠨ ᠰᠤᠷᠤᠯᠴᠠᠬᠤ ᠰᠤᠷᠭᠠᠨ ᠬᠥᠮᠦᠵᠢᠯ ᠤ᠋ᠨ ᠵᠠᠪᠠᠯ ᠤᠴᠢᠬᠤ ᠭᠠᠵᠠᠷ ᠪᠣᠯᠤᠭ᠍ᠰᠠᠨ ᠪᠠᠢᠨ᠎ᠠ᠃

ᠣᠢᠯᠠᠭᠠᠭ᠍ᠰᠠᠨ᠎ᠢᠶᠠᠷ᠂ ᠪᠠᠶᠠᠨᠨᠠᠭᠤᠷ ᠬᠣᠲᠠ 2015 ᠣᠨ᠎ᠠᠴᠠ ᠡᠬᠢᠯᠡᠨ ᠵᠢᠭᠤᠯᠴᠢᠯᠠᠯ᠎ᠤᠨ ᠰᠣᠶᠣᠯ᠎ᠤᠨ ᠠᠵᠤ ᠦᠶ᠋ᠯᠡᠰ᠎ᠦᠨ ᠲᠤᠰᠭᠠᠶ ᠪᠠᠯᠠ ᠮᠥᠩᠭᠥ᠌ ᠭᠠᠷᠭᠠᠵᠤ᠂ 2016 ᠣᠨ᠎ᠳᠤ ᠵᠢᠩᠬᠢᠨᠢ᠎ᠪᠡᠷ ᠠᠰᠢᠭᠯᠠᠯᠳᠠ ᠳ᠋ᠤ ᠤᠷᠤᠭᠤᠯᠵᠤ᠂ ᠪᠥᠬᠥ᠌ ᠣᠷᠣᠨ᠎ᠤ ᠴᠣᠷ᠎ᠤᠨ ᠭᠠᠭ᠍ᠴᠠ ᠵᠢᠭᠤᠯᠴᠢᠯᠠᠯ᠎ᠤᠨ ᠰᠣᠶᠣᠯ᠎ᠤᠨ ᠠᠵᠤ ᠦᠶ᠋ᠯᠡᠰ᠎ᠦᠨ ᠲᠤᠰᠭᠠᠶ ᠪᠠᠯᠠ ᠮᠥᠩᠭᠥ᠌ ᠭᠠᠷᠭᠠᠭ᠍ᠰᠠᠨ ᠠᠢᠮᠠᠭ ᠬᠣᠲᠠ ᠪᠤᠯᠤᠭᠰᠠᠨ ᠪᠠᠢᠨ᠎ᠠ᠃ 7 ᠵᠢᠯ᠎ᠦᠨ ᠲᠤᠷᠰᠢ᠂ ᠲᠤᠰ ᠬᠤᠳᠠ ᠨᠡᠢᠲᠡ 6900 ᠲᠦᠮᠡᠨ ᠲᠥᠭᠥᠷᠢᠭ᠎ᠦᠨ ᠪᠠᠯᠠ ᠮᠥᠩᠭᠥ᠌ ᠬᠡᠷᠡᠭ᠌ᠯᠡᠵᠦ᠍᠂ 121ᠲᠥᠷᠥᠯ ᠵᠦᠶ᠋ᠯ ᠢ᠋ ᠲᠡᠳᠬᠦᠨ ᠳᠡᠮᠵᠢᠪᠡ᠃ ᠡᠭᠦᠨ᠎ᠳᠦ ᠴᠢᠬᠤᠯᠠ ᠶᠡᠬᠡ ᠲᠥᠷᠥᠯ ᠵᠦᠶ᠋ᠯ 5᠂ ᠭᠤᠤᠯᠳᠠᠯᠭ᠎ᠠ᠎ᠲᠠᠶ ᠲᠥᠷᠥᠯ ᠵᠦᠶ᠋ᠯ 84᠂ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡᠨ᠎ᠦ ᠲᠥᠷᠥᠯ ᠵᠤᠢᠯ 32 ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面