2024-03-29 10:23:33
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠠᠮᠵᠢᠯᠲᠠ᠎ᠲᠠᠶ ᠶᠠᠪᠤᠭ᠍ᠳᠠᠭᠰᠠᠨ ᠨᠢ ᠯᠢᠶᠠᠩᠴᠧᠩ ᠱᠢᠶᠠᠨ᠎ᠤ ᠬᠤᠪᠢᠰᠭᠠᠯᠲᠤ ᠵᠢᠭᠤᠯᠴᠢᠯᠠᠯ᠎ᠢ ᠬᠥᠭ᠌ᠵᠢᠭᠡᠪᠡ᠃ ᠣᠢᠯᠠᠭᠠᠭ᠍ᠰᠠᠨ᠎ᠢᠶᠠᠷ᠂ ᠨᠢᠳᠤᠨᠤᠨ᠎ᠡᠴᠠ ᠤᠳᠤ ᠪᠣᠯᠲᠠᠯ᠎ᠠ ᠲᠤᠰ ᠰᠢᠶᠠᠨ ᠤ᠋ ᠾᠧ ᠯᠦᠩ᠎ᠤᠨ ᠬᠤᠪᠢᠰᠭᠠᠯ᠎ᠤᠨ ᠠᠵᠢᠯᠯᠠᠭᠠᠨ ᠤ᠋ ᠬᠠᠭᠤᠴᠢᠨ ᠪᠠᠭᠤᠷᠢ᠂ ᠰᠦᠢ ᠮᠸᠡᠭ ᠤ᠋ᠨ ᠬᠤᠪᠢᠰᠭᠠᠯ᠎ᠤᠨ ᠳᠤᠷᠠᠰᠭᠠᠯ᠎ᠤᠨ ᠬᠦᠷᠢᠶᠡᠯᠡᠩ ᠨᠠᠢᠳᠠ 6 ᠲᠦᠮᠡ ᠭᠠᠷᠤᠢ ᠵᠢᠭᠤᠯᠴᠢᠯᠠᠭᠰᠡᠳ᠎ᠢ ᠬᠦᠯᠢᠶᠡᠨ ᠠᠪᠴᠤ ᠵᠤᠴᠢᠯᠠᠪᠠ᠃
ᠴᠢᠬᠤᠯᠠ ᠪᠠᠭᠠᠯᠵᠠᠭᠤᠷ ᠵᠠᠮ
ᠯᠢᠶᠠᠩᠴᠧᠩ ᠱᠢᠶᠠᠨ ᠮᠠᠨ᠎ᠤ ᠣᠷᠣᠨ᠎ᠤ ᠡᠮᠦᠨᠡᠲᠦ ᠬᠡᠰᠡᠭ᠎ᠲᠦ ᠪᠠᠢᠷᠢᠯᠠᠵᠤ᠂ ᠠᠭᠤᠯᠠᠷᠬᠠᠭ ᠳᠣᠪᠣᠷᠬᠠᠭ ᠭᠠᠵᠡᠷ ᠵᠢᠡᠷ ᠭᠣᠣᠯᠯᠠᠵᠤ ᠂ ᠮᠠ ᠳᠧᠦ ᠱᠠᠨ ᠠᠭᠤᠯᠠ᠂ ᠮᠠᠨ ᠬᠠᠨ ᠱᠠᠨ ᠠᠭᠤᠯᠠ ᠬᠠᠷᠢᠶᠠᠨ ᠳᠣᠲᠣᠷ᠎ᠠ ᠨᠢ ᠬᠥᠨᠳᠡᠯᠢᠰᠴᠦ᠍᠂ ᠳᠠᠭ᠎ᠠ᠎ᠶ᠋ᠢᠨ ᠨᠠᠭᠤᠷ ᠳᠤᠮᠳᠠᠳᠤ ᠬᠡᠰᠡᠭ᠎ᠲᠦ ᠣᠷᠣᠱᠢᠵᠤ᠂ 《ᠳᠣᠯᠣᠭᠠᠨ ᠠᠭᠤᠯᠠ ᠨᠢᠭᠡ ᠨᠠᠭᠤᠷ ᠬᠣᠶᠠᠷ ᠳᠠᠩ》ᠬᠡᠵᠤ ᠠᠯᠳᠠᠷᠰᠢᠵᠤ᠂ ᠤᠤᠯᠡᠴᠠᠪᠠᠨ ᠴᠡᠷᠢᠭ᠎ᠦᠨ ᠡᠲᠡᠭᠡᠳ᠎ᠦᠨ ᠵᠠᠪᠠᠯ ᠪᠤᠯᠢᠶᠠᠯᠳᠤᠬᠤ ᠭᠠᠵᠠᠷ ᠪᠣᠯᠤᠭ᠍ᠰᠠᠭᠠᠷ ᠢᠷᠡᠪᠡ᠃
ᠯᠢᠶᠠᠩᠴᠧᠩ ᠱᠢᠶᠠᠨ ᠪᠣᠯ ᠪᠦᠬᠦ᠌ ᠤᠯᠤᠰ᠎ᠤᠨ ᠠᠩᠬᠠᠳᠠᠭ᠍ᠴᠢ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠬᠣᠱᠢᠭᠤ ᠱᠢᠶᠠᠨ᠎ᠤ ᠨᠢᠭᠡ᠂ ᠮᠥᠨ ᠴᠦ᠍ ᠮᠠᠨ᠎ᠤ ᠣᠷᠣᠨ᠎ᠤ ᠴᠢᠬᠤᠯᠠ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠂ ᠨᠠᠮ᠎ᠤᠨ ᠲᠥᠪ ᠬᠣᠷᠢᠶ᠎ᠠ᠎ᠡᠴᠠ ᠰᠦᠢ ᠮᠸᠡᠭ ᠣᠷᠣᠨ᠎ᠳᠤ ᠪᠠᠢᠭᠤᠯᠤᠭ᠍ᠰᠠᠨ ᠠᠩᠬᠠᠳᠠᠭ᠍ᠴᠢ ᠶᠠᠫᠣᠨ᠎ᠢ ᠡᠰᠡᠷᠭᠦᠴᠡᠬᠦ᠌ ᠰᠠᠭᠤᠷᠢᠨ ᠭᠠᠵᠠᠷ᠎ᠤᠨ ᠰᠠᠭᠤᠭ᠎ᠠ ᠭᠠᠵᠠᠷ ᠪᠠ ᠲᠡᠮᠡᠴᠡᠯ᠎ᠢᠶᠡᠨ ᠦᠷᠭᠦᠯᠵᠢᠯᠡᠨ ᠪᠠᠷᠢᠮᠳᠠᠯᠠᠭᠰᠠᠨ ᠭᠣᠣᠯ ᠵᠢᠭ᠍ᠰᠠᠭᠠᠯ᠎ᠤᠨ ᠭᠠᠵᠠᠷ᠂ ᠰᠦᠢ ᠮᠸᠡᠭ ᠤ᠋ᠨ ᠬᠤᠪᠢᠰᠭᠠᠯ᠎ᠤᠨ ᠦᠶ᠎ᠡ᠎ᠳᠦ ᠬᠠᠮᠤᠭ᠎ᠤᠨ ᠡᠷᠲᠡ ᠪᠠᠢᠭᠤᠯᠤᠭ᠍ᠰᠠᠨ ᠭᠤᠷᠪᠠᠨ ᠶᠡᠬᠡ ᠲᠤᠰᠭᠠᠢ ᠵᠠᠬᠢᠷᠭ᠎ᠠ᠎ᠶ᠋ᠢᠨ ᠨᠢᠭᠡ ᠪᠣᠯᠬᠤ ᠰᠦᠢᠶᠤᠸᠠᠨ᠎ᠤ ᠡᠮᠦᠨᠡᠲᠦ ᠬᠡᠰᠡᠭ᠎ᠦᠨ ᠲᠤᠰᠭᠠᠢ ᠵᠠᠬᠢᠷᠭ᠎ᠠ᠎ᠶ᠋ᠢᠨ ᠰᠠᠭᠤᠭ᠎ᠠ ᠭᠠᠵᠠᠷ ᠪᠣᠯᠤᠨ᠎ᠠ᠃ ᠬᠢᠯᠢ᠎ᠶ᠋ᠢᠨ ᠳᠣᠲᠣᠷᠠᠬᠢ ᠮᠠ ᠳᠧᠦ ᠱᠠᠨ ᠠᠭᠤᠯᠠ᠂ ᠮᠠᠨ ᠬᠠᠨ ᠱᠠᠨ ᠠᠭᠤᠯᠠᠨᠳ᠋ᠡᠬᠢ ᠶᠠᠫᠣᠨ᠎ᠢ ᠡᠰᠡᠷᠭᠦᠴᠡᠬᠦ᠌ ᠰᠠᠭᠤᠷᠢᠨ ᠭᠠᠵᠠᠷ ᠪᠣᠯ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠰᠠᠭᠤᠷᠢᠨ ᠭᠠᠵᠠᠷ᠎ᠤᠨ ᠴᠢᠬᠤᠯᠠ ᠪᠦᠷᠢᠯᠳᠦᠬᠦᠨ ᠬᠡᠰᠡᠭ᠂ ᠬᠤᠪᠢᠰᠭᠠᠯ᠎ᠤᠨ ᠭᠤᠯᠤᠮᠳᠠ ᠶᠠᠨ ᠠᠨᠡᠴᠠ ᠰᠦᠢ ᠮᠸᠡᠭ ᠣᠷᠣᠨ᠎ᠳᠤ ᠨᠡᠪᠲᠡᠷᠡᠬᠦ᠌ ᠪᠠᠭᠠᠯᠵᠠᠭᠤᠷ ᠵᠠᠮ᠂ ᠱᠠᠨ ᠰᠢ᠎ᠶ᠋ᠢᠨ ᠪᠠᠷᠠᠭᠤᠨ ᠬᠣᠢᠲᠤ᠎ᠶ᠋ᠢᠨ ᠴᠢᠯᠥᠭᠡᠯᠡᠭ᠌ᠳᠡᠭ᠌ᠰᠡᠨ ᠣᠷᠣᠨ᠎ᠢ ᠬᠠᠮᠠᠭᠠᠯᠠᠬᠤ ᠪᠠᠢᠯᠳᠤᠬᠤ ᠪᠤᠳᠤᠯᠭ᠎ᠠ᠎ᠶ᠋ᠢᠨ ᠴᠢᠬᠤᠯᠠ ᠭᠠᠵᠠᠷ ᠪᠤᠯᠵᠤ ᠪᠠᠢᠪᠠ᠃
《ᠡᠨᠳᠡ ᠪᠠᠢᠯᠳᠤᠵᠤ ᠥᠩᠭᠡᠷᠡᠭ᠌ᠰᠡᠨ ᠾᠧ ᠯᠦᠩ ᠂ ᠯᠢ ᠵᠢᠩ ᠴᠢᠤᠸᠠᠨ ᠂ ᠵᠧᠩ ᠲᠢᠶᠠᠨ ᠱᠢᠶᠠᠩ ᠵᠡᠷᠭᠡ ᠨᠥᠬᠥᠳ ᠯᠢᠶᠠᠩᠴᠧᠩ ᠣᠷᠣᠨ᠎ᠢ ᠨᠠᠢ᠍ᠮᠠᠳᠤᠭᠠᠷ ᠵᠠᠮ᠎ᠤᠨ ᠴᠡᠷᠢᠭ᠎ᠦᠨ ᠤᠷᠤᠭ᠍ᠰᠢᠯᠠᠵᠦ ᠤᠬᠤᠷᠢᠵᠦ ᠪᠦᠷ ᠪᠤᠯᠬᠤ ᠭᠠᠵᠠᠷ᠂ ᠠᠮᠠᠷᠠᠨ ᠴᠡᠭ᠌ᠴᠡᠯᠡᠬᠦ᠌ ᠰᠠᠭᠤᠷᠢᠨ ᠂ ᠡᠷᠡᠰ ᠪᠠᠷᠢᠮᠲᠠᠯᠠᠭ᠍ᠰᠠᠨ ᠬᠠᠯᠬᠠᠪᠴᠢ ᠭᠡᠵᠦ᠍ ᠮᠠᠭ᠍ᠲᠠᠨ ᠰᠠᠢᠱᠢᠶᠠᠵᠤ ᠪᠠᠢᠪᠠ᠃ ᠰᠤᠳᠤᠯᠬᠤ᠎ᠪᠠᠷ ᠳᠠᠮᠵᠢᠭᠠᠳ ᠯᠢᠶᠠᠩᠴᠧᠩᠢ ᠮᠠᠨ᠎ᠤ ᠨᠠᠮ᠎ᠤᠨ ᠳᠠᠯᠠᠨ ᠬᠠᠷ᠎ᠠ ᠠᠭᠤᠯᠠ᠎ᠶ᠋ᠢᠨ ᠰᠠᠭᠤᠷᠢᠨ ᠭᠠᠵᠠᠷ᠎ᠤᠨ ᠪᠠᠲᠤᠯᠠᠭ᠎ᠠ᠎ᠶ᠋ᠢᠨ ᠰᠠᠭᠤᠷᠢᠨ ᠭᠠᠵᠠᠷ ᠭᠡᠵᠦ᠍ ᠬᠡᠯᠡᠵᠦ᠍ ᠪᠣᠯᠬᠤ ᠵᠢ ᠬᠡᠷᠡᠴᠢᠯᠡᠵᠠᠢ》 ᠭᠡᠵᠦ᠍ ᠯᠢᠶᠠᠩᠴᠧᠩ ᠱᠢᠶᠠᠨ᠎ᠤ ᠳᠠᠩᠰᠠ ᠡᠪᠬᠡᠮᠡᠯ ᠲᠡᠦᠬᠡ᠎ᠶ᠋ᠢᠨ ᠣᠷᠳᠣᠨ᠎ᠤ ᠭᠤᠷᠪᠠᠳᠤᠭᠠᠷ ᠳᠡᠰ᠎ᠤᠨ ᠪᠠᠢᠴᠠᠭᠠᠨ ᠰᠤᠳᠤᠯᠤᠭ᠍ᠴᠢ ᠰᠤ᠌ ᠰᠢ ᠾᠧᠩ ᠲᠠᠨᠢᠯᠴᠠᠭᠤᠯᠤᠨ᠎ᠠ᠃
ᠴᠡᠷᠢᠭ᠎ᠦᠨ ᠢᠷᠡᠯᠲᠡ᠎ᠶ᠋ᠢᠨ ᠪᠠᠲᠤᠯᠠᠭ᠎ᠠ᠎ᠶ᠋ᠢᠨ ᠰᠠᠭᠤᠷᠢᠨ
ᠲᠡᠦᠬᠡᠨ ᠮᠠᠲ᠋ᠧᠷᠢᠶᠠᠯ᠎ᠳᠤ ᠲᠡᠮᠳᠡᠭ᠌ᠯᠡᠭ᠌ᠰᠡᠨ᠎ᠢᠶᠡᠷ᠂ 1938 ᠣᠨ᠎ᠳᠤ ᠭᠤᠸᠠᠩᠵᠧᠦ᠂ ᠦᠬᠠᠨ ᠡᠵᠡᠯᠡᠭ᠌ᠳᠡᠵᠦ᠍᠂ ᠶᠠᠫᠣᠨ᠎ᠢ ᠡᠰᠡᠷᠭᠦᠴᠡᠬᠦ᠌ ᠳᠠᠢ᠌ᠨ ᠲᠡᠩᠴᠡᠯᠳᠦᠬᠦ᠌ ᠱᠠᠲᠤᠨ᠎ᠳᠤ ᠣᠷᠣᠵᠤ᠂ ᠳᠠᠢᠰᠤᠨ᠎ᠤ ᠠᠷᠤ ᠲᠠᠯ᠎ᠠ᠎ᠶ᠋ᠢᠨ ᠳᠠᠢ᠌ᠨ᠎ᠦ ᠲᠠᠯᠠᠪᠤᠷ ᠨᠢ ᠶᠠᠫᠣᠨ᠎ᠢ ᠡᠰᠡᠷᠭᠦᠴᠡᠬᠦ᠌ ᠳᠠᠢ᠌ᠯᠠᠯᠳᠤᠭᠠᠨᠦ ᠭᠣᠣᠯ ᠲᠠᠯᠠᠪᠤᠷ ᠪᠣᠯᠪᠠ᠃ ᠶᠠᠫᠣᠨ᠎ᠢ ᠡᠰᠡᠷᠭᠦᠴᠡᠬᠦ᠌ ᠳᠠᠢ᠌ᠨ᠎ᠦ ᠪᠠᠢᠳᠠᠯ ᠲᠦᠷᠭᠡᠨ ᠬᠤᠪᠢᠷᠠᠯᠲᠠ ᠭᠠᠷᠤᠭ᠍ᠰᠠᠨ ᠵᠠᠩᠭᠢᠯᠠᠭ᠎ᠠ᠎ᠶ᠋ᠢᠨ ᠦᠶ᠎ᠡ᠎ᠳᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ 《ᠰᠦᠢ ᠮᠸᠡᠭ ᠤ᠋ᠨ ᠠᠵᠢᠯ᠎ᠤᠨ ᠲᠤᠬᠠᠶ ᠲᠣᠭ᠍ᠲᠠᠭᠠᠯ》 ᠭᠠᠷᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠨᠠᠢ᠍ᠮᠠᠳᠤᠭᠠᠷ ᠵᠠᠮ᠎ᠤᠨ ᠴᠡᠷᠢᠭ᠎ᠢ ᠱᠠᠨ ᠰᠢ᠂ ᠥᠪᠥᠷ ᠮᠣᠩᠭᠣᠯ ᠣᠷᠴᠢᠮ ᠱᠠᠨ ᠰᠢ ᠰᠦᠢᠶᠤᠸᠠᠨ᠂ ᠰᠦᠢ ᠮᠧᠡᠭ᠎ᠤᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠳᠠᠢ᠌ᠨ᠎ᠢ ᠨᠠᠢᠳᠡᠮ ᠥᠷᠨᠢᠭᠦᠯᠵᠦ᠍᠂ ᠶᠠᠫᠣᠨ᠎ᠢ ᠡᠰᠡᠷᠭᠦᠴᠡᠬᠦ᠌ ᠪᠠᠲᠤ ᠴᠢᠩᠭ᠎ᠠ ᠰᠠᠭᠤᠷᠢᠨ ᠢ ᠪᠦᠷᠢᠯᠳᠦᠭᠦᠯᠵᠦ᠍ ᠂ ᠪᠠᠢᠯᠳᠤᠬᠤ ᠪᠤᠳᠤᠯᠭ᠎ᠠ᠎ᠶ᠋ᠢᠨ ᠭᠡᠳᠡᠷᠭᠦ᠌ ᠳᠣᠪᠲᠣᠯᠤᠯᠲᠠ᠎ᠶ᠋ᠢᠨ ᠱᠠᠲᠤᠨ᠎ᠤ ᠡᠮᠦᠨ᠎ᠡ ᠹᠷᠣᠨᠲ᠎ᠤᠨ ᠪᠡᠬᠢᠯᠡᠯᠲᠡ ᠪᠣᠯᠭᠠᠬᠤ ᠬᠡᠷᠡᠭ᠌ᠲᠡᠶ ᠭᠡᠵᠦ᠍ ᠱᠠᠭᠠᠷᠳᠠᠪᠠ᠃
ᠨᠠᠮ᠎ᠤᠨ ᠲᠥᠪ ᠬᠣᠷᠢᠶ᠎ᠠ᠂ ᠮᠠᠤ ᠲᠡᠷᠢᠭᠦᠯᠡᠭ᠌ᠴᠢ᠎ᠶ᠋ᠢᠨ ᠤᠳᠤᠷᠢᠳᠤᠯᠭ᠎ᠠ ᠳᠣᠣᠷ᠎ᠠ᠂ ᠾᠧ ᠯᠦᠡᠭ᠂ ᠭᠤᠸᠠᠨ ᠱᠢᠶᠠᠩ ᠶᠢᠩ ᠵᠡᠷᠭᠡ ᠤᠳᠤᠷᠢᠳᠭᠤ ᠬᠥᠮᠦᠰ ᠳᠠᠯᠠᠨ ᠬᠠᠷ᠎ᠠ ᠠᠭᠤᠯᠠᠨ᠎ᠤ ᠰᠠᠯᠪᠤᠷᠢ ᠠᠩᠬᠢ᠎ᠶ᠋ᠢ ᠵᠣᠬᠢᠶᠠᠨ ᠪᠠᠢᠭᠤᠯᠵᠤ᠂ ᠨᠡᠢ᠌ᠲᠡ 2300 ᠭᠠᠷᠤᠢ ᠬᠥᠮᠦᠨ᠎ᠲᠡᠶ ᠪᠠᠢᠵᠤ᠂ 358 ᠳ᠋ᠤᠭᠠᠷ ᠪᠠᠷᠢᠭᠠᠳᠠ᠎ᠶ᠋ᠢᠨ ᠤᠯᠤᠰ ᠲᠦᠷᠦ᠍᠎ᠶ᠋ᠢᠨ ᠭᠡᠱᠢᠭᠦᠨ ᠯᠢ ᠵᠢᠩ ᠴᠢᠤᠸᠠᠨ ᠰᠠᠯᠪᠤᠷᠢ ᠠᠩᠬᠢ᠎ᠶ᠋ᠢᠨ ᠺᠤᠮᠠᠨᠳᠠᠯᠠᠭ᠍ᠴᠢ᠂ ᠶᠣᠣ ᠵᠸ ᠱᠲ᠋ᠠᠪ᠎ᠤᠨ ᠳᠠᠷᠤᠭ᠎ᠠ᠎ᠶ᠋ᠢᠨ ᠲᠤᠱᠢᠶᠠᠯ᠎ᠢ ᠬᠠᠷᠢᠭᠤᠴᠠᠵᠤ ᠂ ᠫᠸᠡᠭ ᠳ᠋ᠸ ᠳ᠋ᠠ ᠤᠯᠤᠰ ᠲᠦᠷᠦ᠍᠎ᠶ᠋ᠢᠨ ᠬᠡᠯᠲᠡᠰ᠎ᠦᠨ ᠡᠷᠬᠢᠯᠡᠭᠴᠢ᠎ᠶ᠋ᠢᠨ ᠲᠤᠱᠢᠶᠠᠯ᠎ᠢ ᠬᠠᠷᠢᠭᠤᠴᠠᠪᠠ᠃ ᠳᠠᠯᠠᠨ ᠬᠠᠷ᠎ᠠ ᠠᠭᠤᠯᠠᠨ᠎ᠤ ᠰᠠᠯᠪᠤᠷᠢ ᠠᠩᠭᠢ ᠪᠠᠢᠭᠤᠯᠤᠭ᠍ᠳᠠᠭ᠍ᠰᠠᠨ᠎ᠤ ᠳᠠᠷᠠᠭ᠎ᠠ ᠯᠢᠶᠠᠩᠴᠧᠩ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠠᠶ᠋ᠮᠠᠳᠤᠭᠠᠷ ᠵᠠᠮ᠎ᠤᠨ ᠴᠡᠷᠢᠭ᠎ᠦᠨ ᠶᠠᠫᠣᠨ᠎ᠢ ᠡᠰᠡᠷᠭᠦᠴᠡᠬᠦ᠌᠎ᠳᠦ ᠲᠤᠰᠠᠯᠠᠬᠤ᠎ᠶ᠋ᠢᠨ ᠲᠥᠯᠥᠭᠡ ᠯᠤᠲᠤ ᠶᠡᠬᠡ ᠬᠤᠪᠢ ᠨᠡᠮᠡᠷᠢ ᠦᠵᠡᠭᠦᠯᠦᠭ᠌ᠰᠡᠨ ᠪᠥᠭᠡᠳ ᠮᠠᠰᠢ ᠣᠯᠠᠨ ᠮᠠᠭ᠍ᠲᠠᠨ ᠳᠠᠭᠤᠯᠠᠭᠤᠱᠢᠲᠠᠶ ᠰᠡᠳᠭᠢᠯ ᠬᠥᠳᠡᠯᠭᠡᠮ᠎ᠡ ᠦᠶ᠋ᠯᠡ ᠶᠠᠪᠤᠳᠠᠯ᠎ᠢ ᠦᠯᠡᠳᠡᠭᠡᠭ᠌ᠰᠡᠨ ᠪᠠᠢᠨ᠎ᠠ᠃
ᠥᠪᠥᠷ ᠮᠣᠩᠭᠣᠯ᠎ᠤᠨ ᠠᠷᠠᠳ᠎ᠤᠨ ᠬᠡᠪᠯᠡᠯ᠎ᠦᠨ ᠬᠣᠷᠢᠶᠠᠨ᠎ᠤ ᠬᠡᠪᠯᠡᠭᠦᠯᠦᠭ᠌ᠰᠡᠨ 《ᠴᠢᠰᠤᠨ ᠭᠡᠷᠡᠴᠢ ᠶᠠᠫᠣᠨ ᠴᠡᠷᠢᠭ᠎ᠦᠨ ᠯᠢᠶᠠᠩᠴᠧᠩᠢ ᠲᠦᠷᠢᠮᠡᠬᠡᠢᠯᠡᠭ᠌ᠰᠡᠨ ᠶᠠᠯᠠᠲᠤ ᠠᠵᠢᠯᠯᠠᠭ᠎ᠠ᠎ᠶ᠋ᠢᠨ ᠲᠡᠮᠳᠡᠭ᠌ᠯᠡᠯ 》 ᠬᠡᠬᠦ ᠨᠤᠮ᠎ᠳᠦ ᠲᠡᠮᠳᠡᠭ᠌ᠯᠡᠭ᠌ᠰᠡᠨ᠎ᠢᠶᠡᠷ᠂ 1937 ᠣᠨ᠎ᠠᠴᠠ 1945 ᠣᠨ ᠪᠣᠯᠲᠠᠯ᠎ᠠ ᠯᠢᠶᠠᠩᠴᠧᠩ ᠣᠷᠣᠨ᠎ᠤ ᠨᠠᠢ᠍ᠮᠠᠳᠤᠭᠠᠷ ᠵᠠᠮ᠎ᠤᠨ ᠴᠡᠷᠢᠭ᠎ᠲᠦ ᠣᠷᠣᠯᠴᠠᠭ᠍ᠰᠠᠨ ᠬᠥᠮᠦᠨ᠎ᠦ ᠲᠣᠭ᠎ᠠ 1500 ᠭᠠᠷᠤᠶ ᠪᠠᠢᠵᠤ᠂ ᠡᠷᠦᠬᠡ᠎ᠶ᠋ᠢᠨ ᠴᠡᠷᠢᠭ᠎ᠦᠨ ᠫᠠᠷᠲ᠋ᠢᠽᠠᠨ ᠠᠩᠭᠢ᠎ᠶ᠋ᠢᠨ ᠬᠥᠮᠦᠨ᠎ᠦ ᠲᠣᠭ᠎ᠠ 3400 ᠭᠠᠷᠤᠶ᠎ᠳᠤ ᠬᠦᠷᠴᠡᠶ᠃
ᠡᠳ᠋ ᠪᠣᠳᠠᠰ᠎ᠤᠨ ᠪᠠᠲᠤᠯᠠᠭ᠎ᠠ᠎ᠶ᠋ᠢᠨ ᠰᠠᠭᠤᠷᠢᠨ
ᠯᠢᠶᠠᠩᠴᠧᠩ ᠱᠢᠶᠠᠨ᠎ᠤ ᠮᠠᠨ ᠬᠠᠨ ᠪᠠᠯᠭᠠᠰᠤᠨ᠎ᠤ ᠬᠤᠡᠭᠬᠤᠲᠤ ᠲᠣᠰᠭᠣᠨ᠎ᠳᠤ ᠶᠠᠫᠣᠨ᠎ᠢ ᠡᠰᠡᠷᠭᠦᠴᠡᠬᠦ᠌ ᠴᠡᠷᠢᠭ ᠤ᠋ᠨ ᠬᠤᠪᠴᠠᠰᠤ ᠤᠶᠤᠬᠤ ᠦᠶ᠋ᠯᠡᠳᠪᠦᠷᠢ᠎ᠶ᠋ᠢᠨ ᠪᠠᠭᠤᠷᠢ ᠪᠤᠢ᠃ ᠡᠨᠡ ᠪᠣᠯ ᠶᠠᠫᠣᠨ᠎ᠢ ᠡᠰᠡᠷᠭᠦᠴᠡᠬᠦ᠌ ᠳᠠᠢᠨ᠎ᠦ ᠦᠶ᠎ᠡ᠎ᠳᠦ ᠲᠤᠬᠠᠶ᠎ᠶ᠋ᠢᠨ ᠭᠠᠵᠠᠷ᠎ᠤᠨ ᠪᠠᠢᠯᠳᠤᠭ᠍ᠴᠢᠳ᠎ᠤᠨ ᠬᠤᠪᠴᠠᠰᠤ ᠬᠤᠨᠠᠷ ᠳᠤᠲᠠᠭ᠍ᠳᠠᠵᠤ ᠪᠠᠢᠭ᠎ᠠ ᠪᠠᠢᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ ᠪᠠᠢᠭᠤᠯᠤᠭ᠍ᠰᠠᠨ ᠬᠤᠪᠴᠠᠰᠤᠨ᠎ᠤ ᠦᠢᠯᠡᠳᠪᠦᠷᠢ ᠪᠣᠯᠤᠨ᠎ᠠ᠃ ᠣᠢᠯᠠᠭᠠᠭ᠍ᠰᠠᠨ᠎ᠢᠶᠠᠷ᠂ ᠲᠤᠬᠠᠶ᠎ᠶ᠋ᠢᠨ ᠦᠶ᠎ᠡ᠎ᠳᠦ 8 ᠣᠶᠣᠳᠠᠯ᠎ᠤᠨ ᠮᠠᠱᠢᠨ᠎ᠲᠠᠶ ᠪᠠᠢᠵᠤ᠂ ᠭᠤᠤᠯᠳᠠᠭᠤ ᠴᠡᠷᠢᠭ᠎ᠦᠨ ᠬᠤᠪᠴᠠᠰᠤ᠂ ᠴᠡᠷᠢᠭ᠎ᠦᠨ ᠱᠠᠬᠠᠶ ᠤᠶᠤᠳᠠᠭ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠤᠯ᠎ᠤᠨ ᠵᠥᠪᠯᠡᠭ᠌ᠴᠢᠳᠦᠨ ᠬᠣᠷᠢᠶᠠᠨ᠎ᠤ ᠭᠡᠱᠢᠭᠦᠨ᠂ ᠠᠷᠠᠳ᠎ᠤᠨ ᠳᠡᠭᠡᠳᠦ ᠱᠢᠭᠦᠬᠦ᠌ ᠬᠣᠷᠢᠶᠠᠨ᠎ᠤ ᠳᠠᠷᠤᠭ᠎ᠠ ᠵᠧᠩ ᠲᠢᠶᠠᠨ ᠱᠢᠶᠠᠩ 《ᠶᠠᠫᠣᠨ᠎ᠢ ᠡᠰᠡᠷᠭᠦᠴᠡᠬᠦ᠌ ᠲᠠᠢ᠌ᠨ᠎ᠦ ᠡᠮᠦᠨ᠎ᠡ ᠬᠣᠢᠨᠠᠬᠢ ᠯᠢᠶᠠᠩᠴᠧᠩ ᠱᠢᠶᠠᠨ᠎ᠤ ᠲᠡᠮᠡᠴᠡᠯ᠎ᠦᠨ ᠪᠠᠢᠳᠠᠯ》 ᠬᠡᠬᠦ ᠨᠤᠮ ᠳ᠋ᠠᠭᠠᠨ 《ᠮᠠᠨ ᠬᠠᠨ ᠱᠠᠨ ᠠᠭᠤᠯᠠ ᠪᠡᠷ ᠲᠥᠪ ᠪᠣᠯᠭᠠᠭ᠍ᠰᠠᠨ ᠬᠦᠢ ᠯᠢᠶᠠᠩ ᠱᠢᠶᠠᠨ᠎ᠤ ᠭᠠᠵᠠᠷ ᠵᠦᠢ᠎ᠶ᠋ᠢᠨ ᠪᠠᠢᠷᠢᠯᠠᠯ ᠨᠢ ᠲᠤᠢᠯ᠎ᠤᠨ ᠴᠢᠬᠤᠯᠠ ᠪᠠᠢᠵᠤ᠂ ᠶᠠᠫᠣᠨ᠎ᠢ ᠡᠰᠡᠷᠭᠦᠴᠡᠬᠦ᠌ ᠲᠠᠢ᠌ᠨ᠎ᠦ ᠬᠠᠮᠤᠭ᠎ᠤᠨ ᠬᠡᠴᠡᠭᠦᠤ ᠦᠶ᠎ᠡ᠎ᠳᠦ ᠴᠸ᠋ ᠶᠠᠫᠣᠨ᠎ᠢ ᠡᠰᠡᠷᠭᠦᠴᠡᠬᠦ᠌ ᠲᠠᠮᠠᠴᠠᠯ ᠵᠢᠡᠨ ᠪᠠᠷᠢᠮᠲᠠᠯᠠᠵᠤ ᠪᠠᠢᠬᠰᠠᠨ ᠴᠤᠷ᠎ᠤᠨ ᠭᠠᠭ᠍ᠴᠠ ᠭᠠᠵᠠᠷ ᠤᠷᠤᠨ ᠪᠤᠯᠤᠨ᠎ᠠ᠃ ᠬᠤᠪᠢᠰᠬᠠᠯ ᠢ᠋ ᠡᠴᠦᠰ᠎ᠲᠦᠨᠢ ᠲᠤᠯᠲᠠᠯ᠎ᠠ ᠪᠠᠷᠢᠮᠲᠠᠯᠠᠵᠤ ᠴᠢᠳᠠᠭ᠍ᠰᠠᠨ᠎ᠤ ᠭᠣᠣᠯ ᠱᠢᠯᠲᠠᠭᠠᠨ ᠨᠢ ᠭᠠᠵᠠᠷ᠎ᠤᠨ ᠪᠠᠢᠴᠠ᠎ᠶ᠋ᠢᠨ ᠪᠡᠷᠭᠡ ᠪᠠᠷᠲᠠᠭ᠎ᠠ ᠲᠠᠢ ᠪᠠᠢᠳᠠᠯ ᠢ᠋ ᠭᠠᠷᠭᠠᠪᠠᠯ᠂ ᠭᠣᠣᠯᠳᠠᠭᠤ ᠤᠯᠠᠨ ᠲᠦᠮᠡᠨ᠎ᠦ ᠳᠡᠮᠵᠢᠯᠭᠡ ᠪᠣᠯᠤᠨ᠎ᠠ》 ᠬᠡᠵᠤ ᠲᠡᠮᠳᠡᠭᠯᠡᠵᠠᠢ᠃
ᠲᠡᠦᠬᠡᠨ ᠮᠠᠲ᠋ᠧᠷᠢᠶᠠᠯ᠎ᠤᠨ ᠲᠡᠮᠳᠡᠭ᠌ᠯᠡᠯ᠎ᠢ ᠦᠨᠳᠦᠰᠦᠯᠡᠪᠡᠯ᠂ ᠡᠮᠦᠨ᠎ᠡ ᠹᠷᠣᠨᠲ᠎ᠢ ᠲᠤᠰᠠᠯᠠᠬᠤ ᠴᠡᠷᠢᠭ᠎ᠢ ᠳᠡᠮᠵᠢᠬᠦ᠌ ᠠᠵᠢᠯ ᠳᠤᠮᠳᠠ ᠯᠢᠶᠠᠩᠴᠧᠩ᠎ᠦᠨ ᠠᠷᠠᠳ ᠲᠦᠮᠡᠨ᠎ᠦ ᠭᠠᠷᠭᠠᠭ᠍ᠰᠠᠨ ᠵᠣᠭᠣᠰ ᠮᠥᠩᠭᠥ᠌᠂ ᠡᠳ᠋ ᠪᠣᠳᠠᠰ᠎ᠤᠨ ᠬᠦᠴᠦᠨ᠎ᠢ ᠨᠡᠩ ᠴᠤ᠌ ᠲᠣᠭᠠᠯᠠᠭᠠᠳ ᠪᠠᠷᠠᠰᠢ ᠦᠭᠡᠢ ᠶᠤᠮ᠃ ᠡᠬᠦᠨ ᠳ᠋ᠤ ᠨᠢᠭᠡ ᠶᠠᠪᠤᠳᠠᠯ ᠢ᠋ ᠲᠤᠷᠠᠳᠪᠠᠯ᠂ 1941 ᠣᠨ᠎ᠤ ᠡᠪᠦᠯ ᠨᠠᠢ᠍ᠮᠠᠳᠤᠭᠠᠷ ᠵᠠᠮ᠎ᠤᠨ ᠴᠡᠷᠢᠭ᠎ᠦᠨ ᠮᠣᠷᠢᠲᠤ ᠴᠡᠷᠢᠭ ᠤᠨ ᠠᠩᠬᠢ ᠡᠪᠦᠯ᠎ᠦᠨ ᠡᠳ᠋ ᠪᠣᠳᠠᠰ᠎ᠤᠨ ᠬᠠᠩᠭᠠᠯᠭ᠎ᠠ᠎ᠶ᠋ᠢ ᠪᠠᠴᠢᠮ ᠱᠠᠭᠠᠷᠳᠠᠵᠤ᠂ ᠮᠠᠰᠢ ᠤᠯᠠᠨ ᠪᠠᠢᠯᠳᠤᠭ᠍ᠴᠢ᠎ᠶ᠋ᠢᠨ ᠭᠠᠷ ᠬᠦᠯ ᠪᠦᠷ ᠬᠥᠯᠳᠡᠵᠤ ᠰᠢᠷᠬᠠᠳᠤᠪᠠ᠃ ᠮᠣᠷᠢᠲᠤ ᠴᠡᠷᠢᠭ᠎ᠦᠨ ᠨᠢᠭᠡᠳᠦᠭᠡᠷ ᠬᠣᠷᠢᠶᠠᠨ᠎ᠤ ᠬᠣᠷᠢᠶᠠᠨ ᠳᠠᠷᠤᠭ᠎ᠠ ᠽᠸᠦ ᠹᠧᠩ ᠱᠠᠨ ᠲᠠᠪᠤᠳᠤᠭᠠᠷ ᠲᠣᠭᠣᠷᠢᠭ᠎ᠤᠨ ᠱᠠ ᠬᠤ᠌ ᠽᠢ ᠯᠣᠣ ᠰᠧ ᠭᠧᠦ ᠲᠣᠰᠭᠣᠨ᠎ᠳᠤ ᠬᠦᠷᠦᠭᠰᠡᠨ᠎ᠳᠤ᠂ ᠲᠠᠪᠤᠳᠤᠭᠠᠷ ᠲᠣᠭᠣᠷᠢᠭ᠎ᠤᠨ ᠵᠠᠰᠠᠭ᠎ᠤᠨ ᠣᠷᠳᠣᠨ 3 ᠴᠠᠭ᠎ᠤᠨ ᠳᠣᠲᠣᠷ᠎ᠠ ᠴᠡᠷᠢᠭ ᠠᠩᠭᠢ᠎ᠳᠤ 300 ᠢᠰᠡᠭᠡᠶ᠂ 200 ᠭᠠᠷᠤᠶ ᠠᠷᠠᠰᠤᠨ ᠳ᠋ᠠᠴᠠᠩ ᠪᠠ 500 ᠭᠠᠷᠤᠶ ᠬᠤᠷᠠᠭᠠᠨ ᠠᠷᠠᠰᠤ ᠴᠤᠭ᠍ᠯᠠᠭᠤᠯᠵᠠᠢ᠃
ᠰᠤ᠌ ᠰᠢ ᠾᠧᠩ᠄ 《ᠲᠤᠬᠠᠢ᠎ᠶ᠋ᠢᠨ ᠦᠶ᠎ᠡ᠎ᠳᠦ ᠯᠢᠶᠠᠩᠴᠧᠩ ᠣᠷᠣᠨ᠎ᠤ ᠡᠬᠢ ᠪᠠᠶᠠᠯᠢᠭ ᠡᠯᠪᠡᠭ᠂ ᠠᠮᠤ ᠪᠤᠳᠠᠭᠠᠨ᠎ᠤ ᠤᠨᠠᠯᠲᠠ ᠥᠨᠳᠥᠷ᠂ ᠳᠠᠭ᠎ᠠ᠎ᠶ᠋ᠢᠨ ᠨᠠᠭᠤᠷ᠎ᠤᠨ ᠲᠠᠪᠤᠰᠤ ᠬᠤᠵᠢᠷ ᠵᠡᠷᠭᠡ ᠭᠠᠷᠤᠯᠲᠠ ᠨᠢ ᠯᠢᠶᠠᠩᠴᠧᠩ᠎ᠦᠨ ᠠᠷᠠᠳ ᠲᠦᠮᠡᠨ᠎ᠦ ᠡᠮᠦᠨ᠎ᠡ ᠹᠷᠣᠨᠲ᠎ᠢ ᠲᠤᠰᠠᠯᠠᠬᠤ᠎ᠳᠤ ᠠᠱᠢᠭ᠍ᠲᠠᠢ ᠨᠥᠬᠥᠴᠡᠯ᠎ᠢ ᠬᠠᠩᠭᠠᠪᠠ᠃ ᠲᠡᠳᠡ ᠠᠮᠢ ᠨᠠᠰᠤᠨ᠎ᠤ ᠠᠶᠤᠯ ᠲᠦᠭ᠌ᠰᠢᠭᠦᠷᠢ ᠡᠴᠡ ᠬᠠᠢᠬᠤᠷᠤᠯ ᠦᠭᠡᠢ᠂ ᠶᠠᠫᠣᠨ᠎ᠢ ᠡᠰᠡᠷᠭᠦᠴᠡᠬᠦ᠌ ᠡᠮᠦᠨ᠎ᠡ ᠹᠷᠣᠨᠲ᠎ᠲᠤ ᠠᠮᠤ ᠪᠤᠳᠠᠭ᠎ᠠ᠂ ᠡᠪᠡᠰᠦ ᠪᠣᠷᠳᠣᠭ᠎ᠠ᠂ ᠬᠤᠪᠴᠠᠰᠤ ᠬᠤᠨᠠᠷ᠂ ᠡᠮ ᠲᠠᠢ ᠠᠷᠢᠬᠢ ᠵᠡᠷᠭᠡ ᠡᠳ᠋ ᠪᠣᠳᠠᠰ ᠢ᠋ ᠬᠠᠷᠠᠮ ᠦᠭᠡᠢ ᠬᠠᠨᠳᠢᠪᠯᠠᠵᠤ᠂ ᠶᠠᠫᠣᠨ᠎ᠢ ᠡᠰᠡᠷᠭᠦᠴᠡᠬᠦ᠌ ᠲᠠᠢ᠌ᠨ᠂ ᠴᠢᠯᠥᠭᠡᠯᠡᠬᠦ᠌ ᠲᠠᠢ᠌ᠨ᠎ᠳᠦ ᠯᠤᠲᠤ ᠶᠡᠬᠡ ᠬᠤᠪᠢ ᠨᠡᠮᠡᠷᠢ ᠦᠵᠡᠭᠦᠯᠪᠡ》 ᠬᠡᠵᠤ ᠲᠠᠨᠢᠯᠴᠠᠭᠤᠯᠤᠨ᠎ᠠ᠃
《ᠴᠢᠰᠤᠨ ᠭᠡᠷᠡᠴᠢ ᠶᠠᠫᠣᠨ ᠴᠡᠷᠢᠭ᠎ᠦᠨ ᠯᠢᠶᠠᠩᠴᠧᠩᠢ ᠲᠦᠷᠢᠮᠡᠬᠡᠢᠯᠡᠭ᠌ᠰᠡᠨ ᠶᠠᠯᠠᠲᠤ ᠠᠵᠢᠯᠯᠠᠭ᠎ᠠ᠎ᠶ᠋ᠢᠨ ᠲᠡᠮᠳᠡᠭ᠌ᠯᠡᠯ 》 ᠬᠡᠬᠦ ᠨᠤᠮ ᠳ᠋ᠤ ᠲᠡᠮᠳᠡᠭ᠌ᠯᠡᠭ᠌ᠰᠡᠨ᠎ᠢᠶᠡᠷ᠂ ᠶᠠᠫᠣᠨ᠎ᠢ ᠡᠰᠡᠷᠭᠦᠴᠡᠬᠦ᠌ ᠳᠠᠢᠨ᠎ᠦ ᠦᠶ᠎ᠡ᠎ᠳᠦ ᠯᠢᠶᠠᠩᠴᠧᠩ ᠣᠷᠣᠨ᠎ᠠᠴᠠ ᠶᠠᠫᠣᠨ᠎ᠢ ᠡᠰᠡᠷᠭᠦᠴᠡᠬᠦ᠌ ᠡᠮᠦᠨ᠎ᠡ ᠹᠷᠣᠨᠲ ᠲᠸ᠋ ᠠᠯᠪᠠᠨ ᠤ᠋ ᠠᠮᠤ1800 ᠲᠦᠮᠡᠨ ᠵᠢᠩ᠂ 30000 ᠵᠦᠢᠷᠡᠢ ᠴᠡᠷᠢᠭ᠎ᠦᠨ ᠱᠠᠬᠠᠶ᠂ 12000 ᠬᠡᠰᠡᠭ ᠢᠰᠡᠭᠡᠢ᠂ 18000 ᠬᠡᠰᠡᠭ ᠬᠤᠷᠠᠭᠠᠨ ᠠᠷᠠᠰᠤ᠂ 60000 ᠵᠢᠩ ᠨᠣᠣᠰᠣ ᠂ 6000 ᠵᠠᠬ᠎ᠠ ᠠᠷᠠᠰᠤᠨ ᠳᠡᠪᠡᠯ ᠵᠡᠷᠭᠡ ᠵᠢ ᠬᠠᠨᠳᠢᠪᠯᠠᠵᠠᠢ᠃
ᠬᠤᠪᠢᠰᠭᠠᠯ᠎ᠤᠨ ᠰᠣᠶᠣᠯ ᠵᠢᠭᠤᠯᠴᠢᠯᠠᠯ᠎ᠤᠨ ᠲᠦᠷᠦᠯ ᠲᠡᠮᠳᠡᠭ᠎ᠢ ᠴᠤᠭᠴᠠᠯᠠᠨ᠎ᠠ
ᠯᠢᠶᠠᠩᠴᠧᠩ ᠰᠢᠶᠠᠨ ᠳ᠋ᠤ ᠪᠠᠢᠷᠢᠯᠠᠭ᠎ᠠ ᠾᠧ ᠯᠦᠩ᠎ᠤᠨ ᠬᠤᠪᠢᠰᠭᠠᠯ᠎ᠤᠨ ᠠᠵᠢᠯᠯᠠᠭᠠᠨ᠎ᠤ ᠬᠠᠭᠤᠴᠢᠨ ᠪᠠᠭᠤᠷᠢ ᠣᠳᠣ ᠨᠢᠭᠡᠨᠲᠡ ᠲᠤᠬᠠᠶ᠎ᠶ᠋ᠢᠨ ᠭᠠᠵᠠᠷ᠎ᠤᠨ ᠬᠤᠪᠢᠰᠭᠠᠯ᠎ᠤᠨ ᠰᠣᠶᠣᠯ᠎ᠤᠨ ᠴᠢᠬᠤᠯᠠ ᠰᠠᠭᠤᠷᠢᠨ ᠤ ᠨᠢᠭᠡ ᠪᠣᠯᠵᠠᠶ᠃
ᠵᠢᠨᠢᠩ᠎ᠦᠨ ᠳᠠᠢᠯᠠᠯᠳᠤᠭᠠᠨ᠎ᠢ ᠲᠤᠷᠠᠳᠬᠤ ᠳ᠋ᠤ᠂ ᠮᠡᠳᠡᠬᠦ᠌ ᠬᠥᠮᠦᠨ ᠪᠦᠬᠦᠨ ᠰᠡᠳᠬᠢᠯ ᠬᠦᠳᠡᠯᠦᠨ ᠪᠢᠰᠢᠷᠡᠳᠡᠭ᠃ ᠵᠢᠨᠢᠩ᠎ᠦᠨ ᠳᠠᠢᠯᠠᠯᠳᠤᠭᠠᠨ᠎ᠳᠤ ᠭᠣᠮᠢᠨᠳᠠᠩ ᠡᠪ ᠬᠠᠮᠲᠤ ᠨᠠᠮ ᠬᠣᠶᠠᠷ ᠲᠠᠯ᠎ᠠ᠎ᠪᠠᠷ᠎ᠢᠶᠠᠨ ᠨᠡᠢᠲᠡ 87400 ᠭᠠᠷᠤᠶ ᠴᠡᠷᠢᠭ᠎ᠦᠨ ᠬᠦᠴᠦᠨ ᠣᠷᠣᠭᠤᠯᠤᠭᠰᠠᠨ ᠵᠢᠡᠷ᠂ ᠲᠡᠷᠡ ᠨᠢ ᠴᠢᠯᠥᠭᠡᠯᠡᠬᠦ᠌ ᠳᠠᠢᠨ᠎ᠦ ᠦᠶ᠎ᠡ᠎ᠳᠦ ᠥᠪᠥᠷ ᠮᠣᠩᠭᠣᠯ᠎ᠤᠨ ᠣᠷᠣᠨ᠎ᠳᠤ ᠳᠠᠢᠨ᠎ᠳᠦ ᠣᠷᠣᠯᠴᠠᠭ᠍ᠰᠠᠨ ᠬᠥᠮᠦᠨ᠎ᠦ ᠲᠣᠭ᠎ᠠ᠎ᠪᠠᠷ ᠬᠠᠮᠤᠭ᠎ᠤᠨ ᠣᠯᠠᠨ᠂ ᠨᠥᠯᠥᠭᠡ᠎ᠪᠡᠷ ᠬᠠᠮᠤᠭ᠎ᠤᠨ ᠶᠡᠬᠡ ᠳᠠᠢᠯᠠᠯᠳᠤᠭᠠᠨ᠎ᠤ ᠨᠢᠭᠡ ᠪᠤᠯᠵᠠᠢ᠃ ᠡᠢᠮᠦ᠍ ᠶᠡᠬᠡ ᠪᠠᠢᠯᠳᠤᠭᠠᠨ᠎ᠳᠤ ᠮᠠᠨ᠎ᠤ ᠴᠡᠷᠢᠭ᠎ᠦᠨ ᠠᠷᠤ ᠲᠠᠯ᠎ᠠ᠎ᠶ᠋ᠢᠨ ᠪᠠᠲᠤᠯᠠᠭ᠎ᠠ᠎ᠶ᠋ᠢᠨ ᠭᠠᠵᠠᠷ᠎ᠢ ᠬᠠᠮᠢᠭ᠎ᠠ ᠪᠠᠢᠭᠤᠯᠤᠭ᠍ᠰᠠᠨ ᠪᠤᠢ? ᠪᠠᠲᠤᠯᠠᠭ᠎ᠠ᠎ᠶ᠋ᠢᠨ ᠴᠡᠭ ᠨᠢ ᠯᠢᠶᠠᠩᠴᠧᠩ ᠱᠢᠶᠠᠨ᠎ᠳᠤ ᠪᠠᠢᠵᠤ᠂ ᠪᠠᠲᠤᠯᠠᠭ᠎ᠠ ᠵᠢᠨ ᠭᠠᠵᠠᠷ ᠤ᠋ᠨ ᠬᠠᠷᠢᠭᠤᠴᠠᠯᠭᠠᠳᠠᠨ ᠨᠢ ᠶᠠᠭ ᠰᠠᠢᠬᠠᠨ ᠲᠤᠬᠠᠢ᠎ᠶ᠋ᠢᠨ ᠦᠶ᠎ᠡ᠎ᠶ᠋ᠢᠨ ᠱᠠᠨ ᠰᠢ ᠰᠦᠢᠶᠤᠸᠠᠨ᠎ᠤ ᠴᠡᠷᠢᠭ᠎ᠦᠨ ᠲᠣᠭᠣᠷᠢᠭ᠎ᠤᠨ ᠺᠤᠮᠠᠨᠳᠠᠯᠠᠭ᠍ᠴᠢ ᠾᠧ ᠯᠦᠩ ᠪᠠᠢᠵᠠᠢ᠃ ᠯᠢᠶᠠᠩᠴᠧᠩ᠎ᠳᠦ ᠣᠳᠣ ᠪᠣᠯᠲᠠᠯ᠎ᠠ ᠾᠧ ᠯᠦᠩ ᠮᠠᠷᠱᠠᠯ᠎ᠤᠨ ᠲᠤᠬᠠᠢ ᠤᠯᠠᠨ ᠰᠠᠢᠬᠠᠨ ᠳᠣᠮᠣᠭ ᠦᠯᠢᠭᠡᠷ ᠤ᠋ᠳ ᠤᠯᠠᠮᠵᠢᠯᠠᠭᠳᠠᠵᠤ ᠪᠠᠢᠳᠠᠭ᠃
1987 ᠣᠨ᠎ᠳᠤ᠂ ᠾᠧ ᠯᠦᠩ ᠮᠠᠷᠱᠠᠯ ᠢ᠋ ᠳᠤᠷᠠᠰᠭᠠᠬᠤ᠎ᠶ᠋ᠢᠨ ᠲᠥᠯᠥᠭᠡ᠂ ᠯᠢᠶᠠᠩᠴᠧᠩ ᠱᠢᠶᠠᠨ᠎ᠤ ᠵᠠᠰᠠᠭ᠎ᠤᠨ ᠣᠷᠳᠣᠨ ᠾᠧ ᠯᠦᠩ ᠮᠠᠷᠱᠠᠯ᠎ᠤᠨ ᠬᠣᠩ ᠮᠤᠤ ᠪᠠᠯᠭᠠᠰᠤᠨ ᠤ᠋ ᠵᠢᠩ ᠭᠧᠤ ᠽᠢ ᠲᠣᠰᠭᠣᠨ᠎ᠳᠤ ᠰᠠᠭᠤᠵᠤ ᠥᠩᠭᠡᠷᠡᠭ᠌ᠰᠡᠨ ᠺᠠᠲ᠋ᠣᠯᠢᠭ ᠱᠠᠱᠢᠨ᠎ᠤ ᠳᠤᠭᠠᠩ᠎ᠢᠶᠠᠷ ᠰᠠᠭᠤᠷᠢ ᠪᠣᠯᠭᠠᠵᠤ᠂ ᠾᠧ ᠯᠦᠩ᠎ᠤᠨ ᠬᠤᠪᠢᠰᠭᠠᠯ᠎ᠤᠨ ᠠᠵᠢᠯᠯᠠᠭᠠᠨ ᠤ᠋ ᠬᠠᠭᠤᠴᠢᠨ ᠪᠠᠭᠤᠷᠢ᠎ᠶ᠋ᠢ ᠪᠠᠢᠭᠤᠯᠵᠤ᠂ ᠾᠧ ᠯᠦᠩ᠎ᠤᠨ ᠥᠬᠢᠨ ᠾᠧ ᠵᠢᠶ᠍ᠸ ᠱᠧᠩ ᠪᠠᠭᠤᠷᠢ ᠵᠢᠨ ᠨᠡᠷ᠎ᠡ᠎ᠶ᠋ᠢ ᠪᠢᠴᠢᠵᠦ᠍ ᠥᠭ᠌ᠴᠡᠢ᠃ ᠡᠳᠦᠭᠡ ᠯᠢᠶᠠᠩᠴᠧᠩ ᠱᠢᠶᠠᠨ᠎ᠤ ᠵᠢᠩ ᠭᠧᠤ ᠽᠢ ᠳᠤᠭᠠᠩ᠎ᠳᠤ ᠪᠠᠰᠠ ᠲᠤᠬᠠᠢ᠎ᠶ᠋ᠢᠨ ᠵᠢᠯ᠎ᠦᠨ ᠾᠧ ᠯᠦᠩ᠎ᠤᠨ ᠴᠡᠷᠢᠭ ᠠᠩᠭᠢ᠎ᠶ᠋ᠢᠨ ᠴᠤᠭ᠍ᠯᠠᠭᠠᠨ ᠳᠡᠭᠡᠷ᠎ᠡ ᠪᠢᠴᠢᠭᠰᠡᠨ 《ᠮᠠᠤ ᠲᠡᠷᠢᠭᠦᠯᠡᠭ᠌ᠴᠢ ᠲᠦᠮᠡᠨ ᠨᠠᠰᠤᠯᠠᠲᠤᠭᠠᠢ!ᠵᠤ᠌ ᠶᠡᠷᠦᠩᠬᠡᠢ ᠺᠤᠮᠠᠨᠳᠠᠯᠠᠭ᠍ᠴᠢ ᠲᠦᠮᠡᠨ ᠨᠠᠰᠤᠯᠠᠲᠤᠭᠠᠢ!︾ᠵᠡᠷᠭᠡ ᠤᠷᠢᠶ᠎ᠠ᠎ᠨᠤᠭᠤᠳ ᠮᠥᠨ ᠯᠡ ᠲᠣᠪ ᠲᠣᠳᠣᠷᠬᠠᠢ ᠬᠠᠷᠠᠭ᠍ᠳᠠᠵᠤ ᠪᠤᠢ᠃
ᠣᠳᠣᠬᠠᠨ᠎ᠳᠤ ᠯᠢᠶᠠᠩᠴᠧᠩ᠎ᠳᠦ ᠰᠦᠢ ᠮᠸᠡᠭ᠎ᠤᠨ ᠬᠤᠪᠢᠰᠭᠠᠯ᠎ᠤᠨ ᠳᠤᠷᠠᠰᠭᠠᠯ᠎ᠤᠨ ᠬᠦᠷᠢᠶᠡᠯᠡᠩ ᠂ ᠾᠧ ᠯᠦᠩ᠎ᠤᠨ ᠬᠤᠪᠢᠰᠭᠠᠯ᠎ᠤᠨ ᠠᠵᠢᠯᠯᠠᠭᠠᠨ ᠤ᠋ ᠬᠠᠭᠤᠴᠢᠨ ᠪᠠᠭᠤᠷᠢ᠂ ᠰᠦᠢᠶᠤᠸᠠᠨ᠎ᠤ ᠡᠮᠦᠨᠡᠲᠦ ᠬᠡᠰᠡᠭ᠎ᠦᠨ ᠲᠤᠰᠭᠠᠢ ᠵᠠᠬᠢᠷᠭᠠᠨ᠎ᠤ ᠪᠠᠭᠤᠷᠢ᠂ ᠲᠢᠶᠠᠨ ᠵᠢᠶᠠ ᠪᠠᠯᠭᠠᠰᠤ᠎ᠶ᠋ᠢᠨ ᠬᠠᠷᠠᠰᠠᠯᠲᠤ ᠬᠡᠷᠡᠭ᠎ᠦᠨ ᠪᠠᠭᠤᠷᠢ ᠵᠡᠷᠭᠡ 130 ᠭᠠᠷᠤᠢ ᠬᠤᠪᠢᠰᠭᠠᠯ᠎ᠤᠨ ᠪᠠᠭᠤᠷᠢ ᠪᠤᠢ᠃ ᠬᠤᠪᠢᠰᠭᠠᠯ᠎ᠤᠨ ᠰᠣᠶᠣᠯ᠎ᠤᠨ ᠡᠯᠪᠡᠭ ᠪᠠᠶᠠᠯᠢᠭ ᠡᠬᠢ ᠪᠠᠶᠠᠯᠢᠭ ᠨᠢ ᠲᠤᠰ ᠱᠢᠶᠠᠨ᠎ᠤ ᠬᠥᠭ᠌ᠵᠢᠯᠲᠡ᠎ᠶ᠋ᠢᠨ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠪᠠ᠃ ᠯᠢᠶᠠᠩᠴᠧᠩ ᠱᠢᠶᠠᠨ 《ᠤᠮᠠᠷᠠᠲᠤ ᠬᠢᠯᠢ᠎ᠶ᠋ᠢᠨ ᠰᠣᠶᠣᠯ》᠎ᠤ᠋ᠨ ᠲᠦᠷᠦᠯ ᠲᠡᠮᠳᠡᠭ᠎ᠢ ᠢᠳᠡᠪᠬᠢᠲᠡᠢ ᠡᠭᠦᠳᠴᠦ᠍᠂ ᠬᠤᠪᠢᠰᠭᠠᠯ᠎ᠤᠨ ᠰᠣᠶᠣᠯ᠎ᠤᠨ ᠡᠬᠢ ᠪᠠᠶᠠᠯᠢᠭ ᠤ᠋ᠨ ᠲᠠᠯ᠎ᠠ ᠪᠡᠷ ᠬᠦᠴᠦᠯᠡᠵᠦ᠍᠂ ᠬᠤᠪᠢᠰᠭᠠᠯ᠎ᠤᠨ ᠰᠣᠶᠣᠯ ᠪᠣᠯᠤᠨ ᠵᠢᠭᠤᠯᠴᠢᠯᠠᠯ᠎ᠢ ᠠᠭᠤᠰᠤᠯᠴᠠᠭᠤᠯᠤᠨ ᠬᠥᠭ᠌ᠵᠢᠭᠦᠯᠬᠦ᠌ ᠰᠡᠳᠭᠢᠴᠡ᠎ᠶ᠋ᠢ ᠳᠤᠷᠠᠳᠴᠤ᠌᠂ ᠤᠳᠤ ᠶᠠᠭ ᠪᠠᠴᠢᠮ ᠶᠠᠭᠠᠷᠠᠯᠲᠠᠢ ᠠᠬᠢᠭᠤᠯᠵᠤ ᠪᠠᠢᠨ᠎ᠠ᠃
ᠣᠳᠣᠬᠠᠨ᠎ᠳᠤ ᠯᠢᠶᠠᠩᠴᠧᠩ ᠱᠢᠶᠠᠨᠦ ᠬᠤᠪᠢᠰᠭᠠᠯ᠎ᠤᠨ ᠰᠣᠶᠣᠯ᠎ᠤᠨ ᠡᠬᠢ ᠪᠠᠶᠠᠯᠢᠭ᠎ᠤᠨ ᠨᠡᠢᠳᠡᠮ᠎ᠦᠨ ᠪᠠᠢᠴᠠᠭᠠᠯᠲᠠ᠎ᠶ᠋ᠢ ᠦᠷᠭᠦᠯᠵᠢᠯᠡᠨ ᠭᠦᠨᠵᠡᠭᠡᠢ ᠥᠷᠨᠢᠭᠦᠯᠵᠦ᠍᠂ ᠤᠷᠢᠳ ᠬᠣᠵᠢᠳ 《ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠯᠢᠶᠠᠩᠴᠧᠩ》᠂ 《ᠯᠢᠶᠠᠩᠴᠧᠩ᠎ᠦᠨ ᠶᠠᠫᠣᠨ᠎ᠢ ᠡᠰᠡᠷᠭᠦᠴᠡᠬᠦ᠌ ᠳᠠᠢ᠌ᠨ》 ᠂ 《ᠯᠢᠶᠠᠩᠴᠧᠩ ᠱᠢᠶᠠᠨ᠎ᠤ ᠬᠤᠪᠢᠰᠭᠠᠯ》᠂ 《ᠵᠧᠩ ᠲᠢᠶᠠᠨ ᠱᠢᠶᠠᠩ ᠰᠦᠢᠶᠤᠸᠠᠨ᠎ᠤ ᠡᠮᠦᠨᠡᠲᠤ ᠤᠷᠤᠨ ᠳ᠋ᠤ》᠂ 《ᠵᠠᠯᠠᠭᠤ ᠨᠠᠰᠤᠨ ᠤ᠋ ᠵᠧᠩ ᠲᠢᠶᠠᠨ ᠱᠢᠶᠠᠩ》᠂ 《ᠯᠢᠶᠠᠩᠴᠧᠩ ᠱᠢᠶᠠᠨ᠎ᠤ ᠬᠤᠪᠢᠰᠭᠠᠯ᠎ᠤᠨ ᠪᠠᠭᠤᠷᠢ ᠦᠯᠡᠳᠡᠭ᠌ᠳᠡᠯ》 ᠵᠡᠷᠭᠡ ᠨᠢᠭᠡ ᠪᠦᠯᠦᠭ ᠨᠣᠮ ᠪᠢᠴᠢᠭ᠎ᠢ ᠬᠡᠪᠯᠡᠭᠦᠯᠵᠡᠢ; ᠰᠣᠳᠣᠨ ᠰᠣᠶᠣᠯ ᠵᠢᠭᠤᠯᠴᠢᠯᠠᠯ᠎ᠤᠨ ᠵᠠᠮ ᠱᠤᠭᠤᠮ᠎ᠢ ᠲᠥᠯᠥᠪᠵᠢᠭᠦᠯᠦᠨ ᠵᠢᠷᠤᠵᠤ ᠂ ᠳᠠᠭ᠎ᠠ᠎ᠶ᠋ᠢᠨ ᠨᠠᠭᠤᠷ᠂ ᠮᠠᠨ ᠬᠠᠨ ᠠᠭᠤᠯᠠ᠎ᠶ᠋ᠢᠨ ᠪᠣᠬᠢᠷᠲᠤᠯ ᠦᠭᠡᠢ ᠠᠮᠢ ᠠᠬᠤᠢ᠎ᠶ᠋ᠢᠨ ᠵᠠᠮ ᠱᠤᠭᠤᠮ᠂ ᠰᠦᠢ ᠮᠸᠡᠭ᠎ᠤᠨ ᠬᠤᠪᠢᠰᠭᠠᠯ᠎ᠤᠨ ᠳᠤᠷᠠᠰᠭᠠᠯ᠎ᠤᠨ ᠬᠦᠷᠢᠶᠡᠯᠡᠩ᠂ ᠾᠧ ᠯᠦᠩ᠎ᠤᠨ ᠬᠤᠪᠢᠰᠭᠠᠯ᠎ᠤᠨ ᠠᠵᠢᠯᠯᠠᠭᠠᠨ ᠤ᠋ ᠬᠠᠭᠤᠴᠢᠨ ᠪᠠᠭᠤᠷᠢ᠎ᠶ᠋ᠢᠨ ᠬᠤᠪᠢᠰᠭᠠᠯ᠎ᠤᠨ ᠰᠣᠶᠣᠯ ᠰᠤᠷᠭᠠᠨ ᠬᠥᠮᠦᠵᠢᠯ᠎ᠦᠨ ᠵᠠᠮ ᠱᠤᠭᠤᠮ ᠂ ᠶᠤᠸᠠᠨ ᠽᠢ ᠭᠧᠦ ᠂ ᠸᠠᠩ ᠮᠤ᠌ ᠱᠠᠨ ᠠᠭᠤᠯᠠ ᠵᠡᠷᠭᠡ ᠪᠠᠭᠤᠷᠢ᠎ᠶ᠋ᠢᠨ ᠰᠣᠶᠣᠯ᠎ᠤᠨ ᠰᠣᠳᠣᠨ ᠵᠠᠮ ᠱᠤᠭᠤᠮ᠎ᠢ ᠴᠤᠭᠴᠠᠯᠠᠵᠤ ᠪᠤᠢ; ᠡᠸ᠋ ᠯᠢ ᠫᠢᠩ ᠵᠡᠷᠭᠡ ᠨᠡᠷᠡᠲᠦ ᠬᠥᠮᠦᠰ᠎ᠦᠨ ᠨᠦᠯᠦᠭᠡ ᠲᠤᠰᠬᠠᠯ ᠤ᠋ᠨ ᠦᠢᠯᠡᠳᠦᠯ᠎ᠢ ᠭᠦᠢᠴᠡᠳ ᠠᠱᠢᠭ᠍ᠯᠠᠵᠤ᠂ ᠨᠡᠩ ᠣᠯᠠᠨ ᠴᠢᠳᠠᠪᠤᠷᠢᠲᠠᠨ᠎ᠢ ᠤᠷᠢᠨ ᠠᠪᠴᠢᠷᠠᠵᠤ᠂ ᠯᠢᠶᠠᠩᠴᠧᠩ᠎ᠦᠨ ᠭᠦᠨ ᠵᠤᠵᠠᠭᠠᠨ ᠰᠣᠶᠣᠯ᠎ᠤᠨ ᠠᠭᠤᠯᠬᠤᠨ᠎ᠢ ᠲᠤᠰᠭᠠᠭ᠍ᠰᠠᠨ ᠨᠡᠩ ᠣᠯᠠᠨ ᠪᠦᠲᠦᠭᠡᠯ᠎ᠢ ᠪᠣᠳᠠᠲᠤ ᠲᠠᠢᠰᠠᠨ ᠳᠡᠭᠡᠷ᠎ᠡ ᠢᠯᠡᠷᠡᠭᠦᠯᠬᠦ᠌ ᠪᠡᠷ ᠪᠤᠢ᠃
ᠯᠢᠶᠠᠩᠴᠧᠩ ᠱᠢᠶᠠᠨ᠎ᠤ ᠨᠠᠮ᠎ᠤᠨ ᠬᠣᠷᠢᠶ᠎ᠠ ᠵᠢᠨ ᠱᠦᠵᠢ ᠯᠢᠦ᠍᠎ᠶ᠋ᠢᠨ ᠲᠤᠤ᠄ 《ᠳᠠᠷᠠᠭᠠᠴᠢ ᠪᠡᠷ᠂ ᠪᠢᠳᠡ ᠤᠮᠠᠷᠠᠲᠤ᠎ᠶ᠋ᠢᠨ ᠰᠣᠶᠣᠯ᠎ᠤᠨ ᠠᠭᠤᠯᠤᠭ᠍ᠳᠠᠬᠤᠨ᠎ᠤ ᠮᠥᠨ ᠴᠢᠨᠠᠷ᠎ᠢ ᠨᠡᠩ ᠭᠦᠨᠵᠡᠭᠡᠢ ᠲᠠᠢᠯᠪᠤᠷᠢᠯᠠᠵᠤ᠂ ᠰᠣᠶᠣᠯ᠎ᠤᠨ ᠡᠬᠢ ᠪᠠᠶᠠᠯᠢᠭ᠎ᠤᠨ ᠳᠠᠪᠠᠭᠤᠯᠢᠭ᠎ᠲᠤ ᠰᠠᠭᠤᠷᠢᠯᠠᠨ᠂ ᠯᠢᠶᠠᠩᠴᠧᠩ᠎ᠦᠨ ᠬᠤᠪᠢᠰᠭᠠᠯ᠎ᠤᠨ ᠰᠣᠶᠣᠯ᠎ᠤᠨ ᠦᠯᠢᠭᠡᠷ᠎ᠢ ᠰᠠᠢᠲᠤᠷ ᠶᠠᠷᠢᠵᠤ᠂ ᠯᠢᠶᠠᠩᠴᠧᠩ᠎ᠦᠨ ᠬᠤᠪᠢᠰᠭᠠᠯ᠎ᠤᠨ ᠰᠣᠶᠣᠯ᠎ᠤᠨ ᠲᠦᠷᠦᠯ ᠲᠡᠮᠳᠡᠭ᠎ᠢ ᠦᠨᠡᠨ ᠬᠦ᠌ ᠴᠣᠭ᠍ᠴᠠᠯᠠᠵᠤ᠂ ᠬᠤᠪᠢᠰᠭᠠᠯ᠎ᠤᠨ ᠰᠣᠶᠣᠯ᠎ᠢᠶᠠᠷ ᠵᠣᠷᠢᠭ ᠰᠠᠨᠠᠭᠠᠨ᠎ᠤ ᠭᠣᠣᠯ ᠱᠢᠵᠢᠮ ᠪᠣᠯᠭᠠᠬᠤ᠎ᠶ᠋ᠢᠨ ᠬᠠᠮᠲᠤ ᠠᠭᠤᠯᠠ ᠤᠰᠤ ᠵᠡᠷᠭᠡ ᠪᠠᠢᠭᠠᠯᠢ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠲᠠᠶ ᠤᠶᠠᠯᠳᠤᠭᠤᠯᠵᠤ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭ᠌ᠵᠢᠭᠦᠯᠬᠦ᠌ ᠵᠠᠮ᠎ᠢᠶᠠᠷ ᠵᠠᠮᠨᠠᠵᠤ᠂ ᠢᠳᠡᠬᠦ᠌᠂ ᠰᠠᠭᠤᠬᠤ᠂ ᠵᠢᠭᠤᠯᠴᠢᠯᠠᠬᠤ᠂ ᠰᠤᠷᠤᠯᠴᠠᠬᠤ ᠵᠡᠷᠭᠡ ᠬᠣᠯᠪᠣᠭ᠍ᠳᠠᠯ ᠪᠦᠬᠦᠢ ᠠᠵᠤ ᠦᠢᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠳᠠᠢᠴᠢᠯᠠᠨ᠎ᠠ》 ᠬᠡᠵᠤ ᠶᠠᠷᠢᠵᠤ ᠪᠠᠢᠯ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃