2024-04-02 10:00:33
ᠬᠤᠪᠢᠰᠬᠠᠯ ᠤ᠋ᠨ ᠵᠣᠷᠢᠭ᠋ ᠰᠠᠨᠠᠭ᠎ᠠ ᠦᠶ᠎ᠡ ᠶ᠋ᠢᠨ ᠦᠶ᠎ᠠ ᠳ᠋ᠦ ᠤᠯᠠᠮᠵᠢᠯᠠᠭᠳᠠᠨ᠎ᠠ
ᠬᠠᠩᠰᠢ ᠣᠢᠷᠠᠳᠬᠤᠶᠠ᠂ ᠲᠦᠩᠯᠢᠶᠣᠣ ᠬᠤᠳᠠ ᠶ᠋ᠢᠨ ᠺᠠᠢᠯᠤ ᠰᠢᠶᠠᠨ ᠤ᠋ ᠴᠠᠭᠠᠨ ᠰᠤᠪᠤᠷᠭ᠎ᠠ ᠴᠡᠴᠡᠷᠯᠢᠭ ᠲᠦ᠍ ᠪᠠᠢᠷᠢᠯᠠᠭ᠎ᠠ ᠮᠠᠢ ᠰᠢᠨ ᠤ᠋ ᠳᠤᠷᠠᠰᠬᠠᠯ ᠤ᠋ᠨ ᠣᠷᠳᠣᠨ ᠳ᠋ᠦ ᠲᠣᠭᠣᠷᠢᠨ ᠦᠵᠡᠭᠴᠢᠳ ᠴᠤᠪᠤᠷᠠᠨ᠎ᠠ᠃ ᠨᠠᠮ ᠤ᠋ᠨ ᠭᠡᠰᠢᠭᠦᠨ ᠺᠠᠳ᠋ᠷ᠂ ᠳᠤᠮᠳᠠᠳᠤ ᠪᠠᠭ᠎ᠠ ᠰᠤᠷᠭᠠᠭᠤᠯᠢ ᠶ᠋ᠢᠨ ᠰᠤᠷᠤᠭ᠍ᠴᠢ᠂ ᠵᠡᠪᠰᠡᠭᠲᠦ ᠴᠠᠭᠳᠠᠭ᠎ᠠ ᠶ᠋ᠢᠨ ᠳᠠᠷᠤᠭ᠎ᠠ ᠪᠠᠢᠯᠳᠤᠭ᠍ᠴᠢ᠂ ᠡᠭᠡᠯ ᠠᠷᠠᠳ ᠤ᠋ᠳ ᠳᠠᠮ ᠢᠯᠳᠦ ᠶ᠋ᠢᠨ ᠬᠡᠯᠪᠡᠷᠢ ᠲᠠᠢ ᠲᠤᠷᠠᠰᠬᠠᠯ ᠤ᠋ᠨ ᠤᠷᠳᠤᠨ ᠳ᠋ᠦ ᠣᠷᠣᠵᠤ᠂ 《ᠳᠠᠮ ᠢᠯᠳᠦ ᠶ᠋ᠢᠨ ᠤᠷᠤᠭᠰᠢᠯᠠᠯᠲᠠ ᠶ᠋ᠢᠨ ᠠᠶ᠎ᠠ》 ᠶ᠋ᠢᠨ ᠵᠣᠬᠢᠶᠠᠭ᠍ᠴᠢ᠂ ᠠᠷᠠᠳ ᠤ᠋ᠨ ᠬᠥᠭᠵᠢᠮᠴᠢᠨ ᠮᠠᠢ ᠰᠢᠨ ᠢ᠋ ᠬᠦᠨ ᠳᠤᠷᠠᠰᠤᠨ ᠰᠠᠨᠠᠭᠠᠯᠵᠠᠨ᠎ᠠ ᠃
ᠮᠠᠢ ᠰᠢᠨ᠂ ᠤᠤᠯ ᠨᠡᠷ᠎ᠡ ᠨᠢ ᠰᠦᠨ ᠮᠦᠸᠸ ᠰᠢᠨ᠂ 1914 ᠣᠨ ᠤ᠋ 12 ᠰᠠᠷ᠎ᠠ ᠶ᠋ᠢᠨ 5 ᠤ᠋ ᠡᠳᠦᠷ ᠱᠠᠩᠬᠠᠢ ᠳ᠋ᠦ ᠮᠡᠨᠳᠦᠯᠡᠨ᠂ 1935 ᠣᠨ ᠳ᠋ᠦ ᠬᠤᠪᠢᠰᠬᠠᠯ ᠳ᠋ᠦ ᠣᠷᠣᠯᠴᠠᠵᠤ᠂ 1937 ᠣᠨ ᠤ᠋ 7 ᠰᠠᠷ᠎ᠠ ᠳ᠋ᠦ ᠠᠯᠳᠠᠷᠲᠤ 《ᠳᠠᠮ ᠢᠯᠳᠦ ᠶ᠋ᠢᠨ ᠤᠷᠤᠭᠰᠢᠯᠠᠯᠲᠠ ᠶ᠋ᠢᠨ ᠠᠶ᠎ᠠ》 ᠵᠢ ᠵᠣᠬᠢᠶᠠᠨ ᠪᠦᠲᠦᠭᠡᠵᠦ᠂ ᠲᠤᠰ ᠵᠢᠯ ᠳ᠋ᠦ ᠳᠤᠮᠳᠠᠳᠤ ᠤᠯᠤᠰ ᠤ᠋ᠨ ᠡᠪ ᠬᠠᠮᠲᠤ ᠨᠠᠮ ᠳ᠋ᠦ ᠡᠯᠰᠡᠭᠳᠡᠪᠡ᠃
ᠮᠠᠢ ᠰᠢᠨ ᠬᠤᠷᠢᠳ᠋ᠤᠭᠠᠷ ᠵᠠᠭᠤᠨ ᠤ᠋ ᠭᠤᠴᠢᠭᠠᠳ ᠣᠨ ᠳ᠋ᠦ ᠱᠠᠩᠬᠠᠢ ᠳ᠋ᠦ ᠮᠥᠬᠥᠯ ᠡᠴᠡ ᠠᠪᠤᠷᠠᠬᠤ ᠳᠠᠭᠤᠤ ᠬᠥᠭᠵᠢᠮ ᠤ᠋ᠨ ᠬᠥᠳᠡᠯᠭᠡᠭᠡᠨ ᠬᠢᠵᠦ᠂ ᠵᠡᠭᠦᠨ ᠤ᠋ ᠳᠠᠭᠤᠤ ᠬᠥᠭᠵᠢᠮ ᠤ᠋ᠨ ᠡᠩᠨᠡᠭᠡᠨ ᠤ᠋ ᠰᠢᠯᠢᠳᠡᠭ ᠪᠠᠢᠯᠳᠤᠭ᠍ᠴᠢ ᠪᠤᠯᠵᠠᠢ᠃ 1940 ᠣᠨ ᠡᠴᠡ 1945 ᠣᠨ ᠪᠣᠯᠲᠠᠯ᠎ᠠ᠂ ᠮᠠᠢ ᠰᠢᠨ ᠶᠠᠨ ᠠᠨ ᠤ᠋ ᠯᠦ᠍ ᠰᠢᠶᠦ᠋ᠨ ᠤᠷᠠᠯᠢᠭ᠋ ᠤ᠋ᠨ ᠳᠡᠭᠡᠳᠦ ᠰᠤᠷᠭᠠᠭᠤᠯᠢ ᠶ᠋ᠢᠨ ᠳᠠᠭᠤᠤ ᠬᠥᠭᠵᠢᠮ ᠤ᠋ᠨ ᠰᠠᠯᠪᠤᠷᠢ ᠳ᠋ᠦ ᠬᠤᠪᠢᠶᠠᠭᠳᠠᠨ ᠠᠵᠢᠯᠯᠠᠵᠤ᠂ ᠤᠯᠠᠨ ᠲᠦᠮᠡᠨ ᠤ᠋ ᠳᠠᠭᠤᠤ ᠬᠥᠭᠵᠢᠮ ᠤ᠋ᠨ ᠠᠵᠢᠯᠯᠠᠭ᠎ᠠ ᠶ᠋ᠢᠨ ᠵᠣᠬᠢᠶᠠᠨ ᠪᠠᠢᠭᠤᠯᠤᠭ᠍ᠴᠢ ᠪᠠ ᠤᠳᠤᠷᠢᠳᠤᠭ᠍ᠴᠢ ᠪᠣᠯᠪᠠ᠃
ᠬᠤᠪᠢᠰᠬᠠᠯ ᠤ᠋ᠨ ᠲᠥᠯᠥᠭᠡ ᠮᠠᠢ ᠰᠢᠨ ᠡᠮᠦᠨᠡᠰᠢ ᠤᠮᠠᠷᠠᠰᠢ ᠠᠶᠠᠯᠠᠨ ᠪᠠᠢᠯᠳᠤᠪᠠ᠃ 1946 ᠣᠨ ᠤ᠋ 3 ᠰᠠᠷ᠎ᠠ ᠳ᠋ᠦ ᠲᠡᠷᠡ ᠺᠠᠢᠯᠤ ᠳ᠋ᠦ ᠬᠦᠷᠴᠦ᠂ ᠤᠷᠢᠳ ᠬᠣᠵᠢᠳ ᠰᠢᠶᠠᠨ ᠤ᠋ ᠨᠠᠮ ᠤ᠋ᠨ ᠬᠣᠷᠢᠶ᠎ᠠ ᠵᠢᠨ ᠨᠠᠷᠢᠨ ᠪᠢᠴᠢᠭᠡᠴᠢ᠂ ᠪᠠᠢᠭᠤᠯᠭ᠎ᠠ ᠶ᠋ᠢᠨ ᠨᠠᠮ ᠤ᠋ᠨ ᠡᠭᠦᠷ ᠤ᠋ᠨ ᠱᠦᠵᠢ᠂ ᠴᠧᠩᠭᠤᠸᠠᠨ ᠲᠣᠭᠣᠷᠢᠭ᠋ ᠤ᠋ᠨ ᠨᠠᠮ ᠤ᠋ᠨ ᠬᠣᠷᠢᠶ᠎ᠠ ᠵᠢᠨ ᠱᠦᠵᠢ᠂ ᠰᠢᠶᠠᠨ ᠤ᠋ ᠨᠠᠮ ᠤ᠋ᠨ ᠬᠣᠷᠢᠶ᠎ᠠ ᠵᠢᠨ ᠤᠬᠠᠭᠤᠯᠬᠤ ᠬᠡᠯᠲᠡᠰ ᠤ᠋ᠨ ᠳᠠᠷᠤᠭ᠎ᠠ᠂ ᠰᠢᠶᠠᠨ ᠤ᠋ ᠨᠠᠮ ᠤ᠋ᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ ᠤ᠋ᠨ ᠳᠠᠷᠤᠭ᠎ᠠ ᠶ᠋ᠢᠨ ᠲᠤᠰᠢᠶᠠᠯ ᠢ᠋ ᠡᠭᠦᠷᠭᠡᠯᠡᠵᠦ᠂ ᠤᠯᠠᠨ ᠲᠦᠮᠡᠨ ᠢ᠋ ᠳᠠᠭᠠᠭᠤᠯᠤᠨ ᠴᠡᠪᠡᠷᠯᠡᠬᠦ ᠲᠡᠮᠡᠴᠡᠯ ᠬᠢᠵᠦ᠂ ᠬᠠᠪᠤᠷ ᠤ᠋ᠨ ᠲᠠᠷᠢᠶᠠᠯᠠᠭ᠎ᠠ ᠶ᠋ᠢᠨ ᠦᠢᠯᠡᠳᠪᠦᠷᠢᠯᠡᠯ ᠢ᠋ ᠵᠣᠬᠢᠶᠠᠨ ᠪᠠᠢᠭᠤᠯᠵᠤ᠂ ᠬᠥᠳᠡᠭᠡ ᠲᠣᠰᠬᠣᠨ ᠤ᠋ ᠨᠠᠮ ᠤ᠋ᠨ ᠭᠡᠰᠢᠭᠦᠨ ᠢ᠋ ᠬᠥᠮᠥᠵᠢᠭᠦᠯᠦᠨ ᠦᠷᠭᠡᠳᠬᠡᠪᠡ ᠃
ᠲᠡᠷᠡ ᠤᠯᠠᠨ ᠲᠦᠮᠡᠨ ᠲᠠᠢ ᠬᠠᠮᠲᠤ ᠢᠳᠡᠵᠦ᠂ ᠬᠠᠮᠲᠤ ᠰᠠᠭᠤᠨ᠂ ᠬᠠᠮᠲᠤ ᠬᠥᠳᠡᠯᠮᠦᠷᠢᠯᠡᠵᠦ᠂ ᠪᠣᠷᠣᠭᠵᠢᠭᠤᠨ᠂ ᠦᠨᠡᠨᠴᠢ᠂ ᠪᠣᠳᠠᠲᠠᠢ ᠵᠢ ᠡᠷᠬᠢᠮᠯᠡᠳᠡᠭ ᠢ᠋ᠶ᠋ᠡᠷ ᠢ᠋ᠶ᠋ᠡᠨ ᠶᠠᠳᠠᠭᠤ ᠬᠦᠴᠢᠷᠳᠡᠯᠲᠡᠢ ᠤᠯᠠᠨ ᠲᠦᠮᠡᠨ ᠤ᠋ ᠬᠦᠷᠢᠶᠡᠯᠡᠯ ᠢ᠋ ᠤᠯᠵᠦ᠂ ᠠᠷᠠᠳ ᠤ᠋ᠨ ᠴᠡᠷᠢᠭ ᠠᠩᠭᠢ᠂ ᠨᠠᠮ ᠤ᠋ᠨ ᠭᠡᠰᠢᠭᠦᠨ ᠺᠠᠳ᠋ᠷ ᠪᠣᠯᠣᠨ ᠤᠯᠠᠨ ᠲᠦᠮᠡᠨ ᠤ᠋ ᠬᠠᠷᠢᠴᠠᠭ᠎ᠠ ᠵᠢ ᠨᠢᠭᠳᠠᠷᠠᠭᠤᠯᠤᠨ᠂ ᠠᠷᠠᠳ ᠤᠯᠠᠨ ᠳ᠋ᠦ《ᠮᠠᠨ ᠤ᠋ ᠮᠠᠢ ᠰᠢᠨ》 ᠬᠡᠮᠡᠭᠳᠡᠪᠡ᠃ ᠤᠯᠠᠨ ᠲᠦᠮᠡᠨ ᠤ᠋ ᠬᠤᠷᠠᠮᠳᠤᠭᠤᠯᠤᠭᠰᠠᠨ ᠬᠠᠢᠷ᠎ᠠ ᠰᠡᠳᠬᠢᠯᠭᠡ ᠂ ᠪᠠᠢᠯᠳᠤᠭᠠᠨ ᠤ᠋ ᠡᠮᠦᠨ᠎ᠡ ᠹᠷᠣᠨᠲ ᠲᠦ᠍ ᠪᠠᠳᠠᠷᠠᠭᠰᠠᠨ ᠠᠪᠢᠶᠠᠰ ᠪᠢᠯᠢᠭ ᠨᠢ ᠴᠥᠮ ᠲᠡᠭᠦᠨ ᠤ᠋ ᠳᠠᠭᠤᠤ ᠬᠥᠭᠵᠢᠮ ᠤ᠋ᠨ ᠵᠣᠬᠢᠶᠠᠨ ᠪᠦᠲᠦᠭᠡᠯᠭᠡ ᠶ᠋ᠢᠨ ᠬᠥᠳᠡᠯᠭᠡᠬᠦ ᠬᠦᠴᠦᠨ ᠪᠠ ᠡᠬᠢ ᠪᠤᠯᠠᠭ ᠪᠤᠯᠵᠤ ᠤᠨᠳᠤᠷᠴᠠᠢ᠃《ᠶᠠᠳᠠᠭᠤ ᠬᠥᠮᠥᠨ ᠶᠠᠭᠠᠬᠢᠭᠠᠳ ᠶᠠᠳᠠᠭᠤ ᠪᠡᠷ ᠢ᠋ᠶ᠋ᠡᠨ ᠪᠠᠢᠭᠠᠳ ᠪᠠᠢᠳᠠᠭ ᠪᠤᠢ? ᠲᠠᠷᠢᠶ᠎ᠠ ᠪᠠᠨ ᠬᠤᠷᠢᠶᠠᠪᠠᠯ ᠭᠠᠵᠠᠷ ᠤ᠋ᠨ ᠡᠵᠡᠨ ᠳ᠋ᠤᠭᠠᠵᠠᠷ ᠢ᠋ᠶ᠋ᠡᠨ ᠪᠤᠴᠠᠭᠠᠨ᠎ᠠ》᠁ 《 ᠲᠠᠷᠢᠶᠠᠴᠢᠨ ᠤ᠋ ᠡᠪᠯᠡᠯ ᠤ᠋ᠨ ᠳᠠᠭᠤᠤ 》 ᠪᠠᠷ ᠲᠥᠯᠥᠭᠡᠯᠡᠭᠦᠯᠦᠭᠰᠡᠨ ᠬᠥᠮᠥᠰ ᠤ᠋ᠨ ᠬᠦᠷᠢᠶᠡᠯᠡᠯ ᠢ᠋ ᠤᠯᠤᠭᠰᠠᠨ ᠤᠯᠠᠨ ᠪᠠᠳᠠᠭ ᠳᠠᠭᠤᠤ ᠴᠠᠭ ᠤ᠋ᠨ ᠠᠶ᠎ᠠ ᠪᠡᠷ ᠮᠡᠨᠳᠤᠯᠡᠨ᠂ ᠥᠷᠭᠡᠨ ᠢ᠋ᠶ᠋ᠡᠷ ᠤᠯᠠᠮᠵᠢᠯᠠᠭᠳᠠᠨ ᠳᠠᠭᠤᠯᠠᠭᠳᠠᠵᠤ᠂ ᠬᠤᠪᠢᠰᠬᠠᠯᠲᠤ ᠬᠥᠳᠡᠯᠭᠡᠭᠡᠨ ᠳ᠋ᠦ ᠬᠦᠴᠦᠷᠬᠡᠭ ᠶᠡᠬᠡ ᠤᠶᠤᠨ ᠰᠠᠨᠠᠭᠠᠨ ᠤ᠋ ᠬᠥᠳᠡᠯᠭᠡᠬᠦ ᠬᠦᠴᠦᠨ ᠨᠡᠮᠡᠷᠢᠯᠡᠪᠡ ᠃
1947 ᠣᠨ ᠤ᠋ 6 ᠰᠠᠷ᠎ᠠ ᠶ᠋ᠢᠨ 6 ᠤ᠋ ᠡᠳᠦᠷ᠂ ᠮᠠᠢ ᠰᠢᠨ ᠺᠠᠢᠯᠦ ᠰᠢᠶᠠᠨ ᠤ᠋ ᠨᠠᠮ ᠤ᠋ᠨ ᠬᠣᠷᠢᠶ᠎ᠠ ᠵᠢᠨ ᠬᠤᠷᠠᠯ ᠳ᠋ᠦ ᠣᠷᠣᠯᠴᠠᠵᠤ ᠪᠠᠷᠠᠭᠠᠳ ᠪᠤᠴᠠᠬᠤ ᠵᠠᠮ ᠳ᠋ᠠᠭᠠᠨ ᠳᠡᠭᠡᠷᠡᠮ ᠳ᠋ᠦ ᠬᠤᠤᠷᠯᠠᠭᠳᠠᠵᠦ᠂ ᠪᠠᠭᠠᠲᠤᠷᠯᠢᠭ᠋ ᠢ᠋ᠶ᠋ᠠᠷ ᠪᠡᠶ᠎ᠡ ᠦᠷᠡᠭᠳᠡᠪᠡ᠂ ᠲᠤᠬᠠᠢ ᠶ᠋ᠢᠨ ᠵᠢᠯ 33 ᠨᠠᠰᠤᠲᠠᠢ ᠪᠠᠢᠯ᠎ᠠ᠃ ᠮᠠᠢ ᠰᠢᠨ ᠢ᠋ ᠳᠤᠷᠠᠰᠬᠠᠬᠤ ᠶ᠋ᠢᠨ ᠲᠥᠯᠥᠭᠡ᠂ ᠺᠠᠢᠯᠤ ᠰᠢᠶᠠᠨ ᠲᠡᠭᠦᠨ ᠤ᠋ ᠠᠮᠢᠳᠤ ᠰᠡᠷᠡᠭᠦᠨ ᠪᠠᠢᠬᠤ ᠳ᠋ᠠᠭᠠᠨ ᠠᠵᠢᠯᠯᠠᠵᠤ ᠪᠠᠢᠭᠰᠠᠨ ᠲᠠᠪᠤᠨ ᠲᠣᠭᠣᠷᠢᠭ᠋ ᠢ᠋ 《ᠮᠠᠢ ᠰᠢᠨ ᠲᠣᠭᠣᠷᠢᠭ᠋》 (ᠤᠳᠤ ᠶ᠋ᠢᠨ ᠮᠠᠢ ᠰᠢᠨ ᠪᠠᠯᠭᠠᠰᠤ) ᠬᠡᠵᠤ ᠨᠡᠷᠡᠢᠳᠴᠦ᠂ ᠸᠠᠨ ᠹᠠ ᠶᠦᠩ ᠲᠣᠰᠬᠣᠨ ᠢ᠋ 《ᠮᠠᠢ ᠰᠢᠨ ᠲᠣᠰᠬᠣᠨ 》 ᠭᠡᠵᠤ ᠨᠡᠷᠡᠢᠳᠪᠡ ᠃
ᠮᠠᠢ ᠰᠢᠨ ᠪᠣᠯ ᠡᠷᠡᠯᠬᠡᠭ ᠪᠠᠭᠠᠲᠤᠷᠯᠢᠭ᠋ ᠬᠤᠪᠢᠰᠬᠠᠯ ᠤ᠋ᠨ ᠪᠠᠢᠯᠳᠤᠭ᠍ᠴᠢ᠂ ᠠᠷᠠᠳ ᠤ᠋ᠨ ᠳᠠᠭᠤᠤ ᠬᠥᠭᠵᠢᠮᠴᠢᠨ ᠂ ᠳᠤᠮᠳᠠᠳᠤ ᠤᠯᠤᠰ ᠤ᠋ᠨ ᠰᠢᠨ᠎ᠡ ᠳᠠᠭᠤᠤ ᠬᠥᠭᠵᠢᠮ ᠤ᠋ᠨ ᠬᠥᠳᠡᠯᠭᠡᠭᠡᠨ ᠤ᠋ ᠬᠣᠰᠢᠭᠤᠴᠢᠯᠠᠭᠴᠢ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠴᠤᠷ ᠤ᠋ᠨ ᠭᠠᠭᠴᠠ ᠲᠥᠪ ᠤ᠋ᠨ ᠲᠧᠯᠸᠢᠰ ᠬᠣᠷᠢᠶ᠎ᠠ ᠶ᠋ᠢᠨ ᠰᠣᠨᠢᠨ ᠮᠡᠳᠡᠭᠡᠨ ᠤ᠋ ᠳᠠᠮᠵᠢᠭᠤᠯᠬᠤ ᠨᠡᠪᠲᠡᠷᠡᠭᠦᠯᠭᠡ ᠶ᠋ᠢᠨ《ᠮᠦᠩᠬᠡ ᠶ᠋ᠢᠨ ᠬᠥᠰᠢᠶ᠎ᠡ》ᠨᠡᠪᠳᠡᠷᠡᠬᠦᠯᠬᠡ ᠳ᠋ᠦ ᠰᠣᠩᠭᠣᠭᠳᠠᠭᠰᠠᠨ ᠬᠤᠪᠢᠰᠬᠠᠯ ᠤ᠋ᠨ ᠦᠷᠡᠭᠳᠡᠭᠰᠡᠨ ᠪᠠᠭᠠᠲᠤᠷ ᠪᠠᠢᠵᠦ᠂ ᠪᠦᠬᠦ ᠤᠯᠤᠰ ᠲᠦ᠍ ᠮᠠᠰᠢ ᠶᠡᠬᠡ ᠨᠡᠷ᠎ᠠ ᠨᠥᠯᠥᠭᠡ ᠲᠠᠢ ᠶᠤᠮ᠃
ᠺᠠᠢᠯᠤ ᠭᠡᠬᠦ ᠡᠨᠡ ᠬᠦ᠌ ᠬᠠᠯᠠᠭᠤᠨ ᠬᠥᠷᠥᠰᠥᠨ ᠳ᠋ᠦ ᠮᠠᠢ ᠰᠢᠨ ᠤ᠋ ᠬᠠᠯᠠᠭᠤᠨ ᠴᠢᠰᠤ ᠰᠢᠩᠭᠡᠵᠦ ᠂ ᠲᠡᠭᠦᠨ ᠤ᠋ ᠨᠡᠷ᠎ᠡ᠂ ᠳᠠᠭᠤᠤ ᠪᠣᠯᠣᠨ ᠵᠣᠷᠢᠭ᠋ ᠰᠠᠨᠠᠭ᠎ᠠ ᠨᠢ ᠡᠨᠡ ᠬᠦ᠌ ᠬᠠᠯᠠᠭᠤᠨ ᠬᠥᠷᠥᠰᠥᠨ ᠳ᠋ᠦ ᠠᠮᠢᠳᠤᠷᠠᠵᠤ ᠪᠠᠢᠭ᠎ᠠ ᠠᠷᠠᠳ ᠲᠦᠮᠡᠨ ᠤ᠋ ᠰᠡᠳᠬᠢᠯ ᠳ᠋ᠦ ᠥᠨᠢᠳᠡ ᠬᠠᠳᠠᠩᠰᠢᠵᠠᠢ᠃ ᠤᠯᠠᠨ ᠵᠢᠯ ᠤ᠋ᠨ ᠲᠤᠷᠰᠢ᠂ ᠺᠠᠢᠯᠤ ᠰᠢᠶᠠᠨ ᠵᠠᠯᠭᠠᠭ᠎ᠠ ᠪᠡᠷ ᠮᠠᠢ ᠰᠢᠨ ᠤ᠋ ᠳᠤᠷᠠᠰᠬᠠᠯ ᠤ᠋ᠨ ᠣᠷᠳᠣᠨ᠂ ᠮᠠᠢ ᠰᠢᠨ ᠤ᠋ ᠪᠡᠶ᠎ᠡ ᠦᠷᠡᠭᠳᠡᠭᠰᠡᠨ ᠭᠠᠵᠠᠷ ᠤ᠋ᠨ ᠬᠥᠰᠢᠶ᠎ᠡ ᠶ᠋ᠢᠨ ᠬᠦᠷᠢᠶᠡᠯᠡᠩ ᠂ ᠮᠠᠢ ᠰᠢᠨ ᠤ᠋ ᠦᠷᠡᠭᠳᠡᠭᠰᠡᠨ ᠪᠠᠭᠠᠲᠤᠷᠴᠤᠳ ᠤ᠋ᠨ ᠪᠤᠩᠬᠤᠨ ᠤ᠋ ᠬᠦᠷᠢᠶᠡᠯᠡᠩ ᠤ᠋ᠨ ᠳᠡᠯᠭᠡᠨ ᠦᠵᠡᠭᠦᠯᠬᠡ ᠶ᠋ᠢᠨ ᠣᠷᠳᠣᠨ ᠪᠣᠯᠣᠨ ᠬᠤᠪᠢᠰᠬᠠᠯᠲᠤ ᠠᠷᠠᠳ ᠤ᠋ᠨ ᠣᠷᠣᠨ ᠰᠠᠭᠤᠴᠠ ᠵᠢ ᠨᠢᠭᠡ ᠴᠣᠭᠴᠠᠵᠢᠭᠤᠯᠤᠭᠰᠠᠨ ᠮᠠᠢ ᠰᠢᠨ ᠤ᠋ ᠰᠢᠷᠢᠰ ᠳᠤᠷᠠᠰᠬᠠᠯ ᠤ᠋ᠨ ᠲᠥᠬᠦᠭᠡᠷᠦᠮᠵᠢ ᠵᠢ ᠪᠠᠢᠭᠤᠯᠤᠭᠰᠠᠨ ᠪᠥᠭᠡᠳ ᠤᠷᠠᠨ ᠵᠣᠬᠢᠶᠠᠯ᠂ ᠤᠳᠬ᠎ᠠ ᠤᠷᠠᠯᠢᠭ᠋ ᠤ᠋ᠨ ᠪᠦᠲᠦᠭᠡᠯ ᠵᠡᠷᠭᠡ ᠤᠯᠠᠨ ᠵᠦᠢᠯ ᠤ᠋ᠨ ᠬᠡᠯᠪᠡᠷᠢ ᠪᠡᠷ ᠬᠤᠪᠢᠰᠬᠠᠯ ᠤ᠋ᠨ ᠤᠳᠤᠮᠰᠢᠯ ᠢ᠋ ᠵᠠᠯᠭᠠᠮᠵᠢᠯᠠᠵᠤ ᠂ ᠬᠤᠪᠢᠰᠬᠠᠯᠳᠦ ᠵᠤᠷᠢᠭ ᠰᠠᠨᠠᠭ᠎ᠠ ᠵᠢ ᠤᠯᠠᠮᠵᠢᠯᠠᠪᠠ ᠃
ᠮᠠᠢ ᠰᠢᠨ ᠤ᠋ ᠳᠤᠷᠠᠰᠬᠠᠯ ᠤ᠋ᠨ ᠣᠷᠳᠣᠨ ᠢ᠋ 1978 ᠣᠨ ᠪᠠ 2007 ᠣᠨ ᠳ᠋ᠦ ᠬᠤᠶᠠᠷ ᠤᠳᠠᠭ᠎ᠠ ᠲᠠᠬᠢᠨ ᠪᠠᠢᠭᠤᠯᠵᠤ ᠂ 2015 ᠣᠨ ᠪᠠ 2022 ᠣᠨ ᠳ᠋ᠦ ᠦᠵᠡᠬᠦᠯᠬᠡ ᠵᠢ ᠬᠣᠶᠠᠷ ᠤᠳᠠᠭ᠎ᠠ ᠲᠠᠬᠢᠨ ᠪᠠᠢᠷᠢᠯᠠᠭᠤᠯᠪᠠ ᠃ ᠮᠠᠢ ᠰᠢᠨᠤ ᠳᠤᠷᠠᠰᠬᠠᠯ ᠤ᠋ᠨ ᠣᠷᠳᠣᠨ ᠤ᠋ ᠦᠨᠳᠦᠰᠦᠨ ᠦᠵᠡᠭᠦᠯᠭᠡ ᠪᠣᠯ ᠦᠷᠡᠭᠳᠡᠭᠰᠡᠨ ᠪᠠᠭᠠᠲᠤᠷ ᠮᠠᠢ ᠰᠢᠨ ᠤ᠋ ᠨᠢᠭᠡ ᠨᠠᠰᠤᠨ ᠤ᠋ ᠦᠢᠯᠡ ᠠᠵᠢᠯᠯᠠᠭ᠎ᠠ ᠶ᠋ᠢᠨ ᠦᠵᠡᠭᠦᠯᠭᠡ ᠪᠠᠢᠵᠦ᠂ ᠦᠵᠡᠭᠦᠯᠭᠡ ᠶ᠋ᠢᠨ ᠲᠠᠯᠠᠪᠠᠢ ᠨᠢ 1050 ᠲᠡᠭᠰᠢ ᠳᠥᠷᠪᠡᠯᠵᠢᠨ ᠮᠧᠲᠷ ᠪᠠᠢᠵᠤ᠂ ᠣᠳᠣᠬᠠᠨ ᠤ᠋ ᠤᠯᠤᠰ ᠤ᠋ᠨ ᠳᠣᠲᠣᠭᠠᠳᠤ ᠶ᠋ᠢᠨ ᠴᠤᠷ ᠤ᠋ᠨ ᠭᠠᠭᠴᠠ ᠦᠷᠡᠭᠳᠡᠭᠰᠡᠨ ᠪᠠᠭᠠᠲᠤᠷ ᠮᠠᠢ ᠰᠢᠨ ᠤ᠋ ᠨᠢᠭᠡ ᠨᠠᠰᠤᠨ ᠤ᠋ ᠦᠢᠯᠡ ᠶᠠᠪᠤᠳᠠᠯ ᠢ᠋ ᠪᠦᠬᠦ ᠲᠠᠯ᠎ᠠ ᠪᠡᠷ ᠳᠡᠯᠭᠡᠨ ᠦᠵᠡᠭᠦᠯᠦᠭᠰᠡᠨ ᠲᠤᠰᠬᠠᠢ ᠰᠡᠳᠦᠪᠲᠦ ᠦᠵᠡᠭᠦᠯᠭᠡ ᠪᠣᠯᠣᠨ᠎ᠠ ᠃ ᠳᠡᠯᠭᠡᠨ ᠦᠵᠡᠭᠦᠯᠬᠦ ᠠᠭᠤᠯᠭ᠎ᠠ ᠶ᠋ᠢᠨ ᠲᠥᠯᠥᠪᠯᠡᠭᠡ ᠵᠢ ᠳᠥᠭᠥᠮᠴᠢᠯᠡᠨ ᠴᠣᠮᠬᠠᠳᠬᠠᠵᠤ᠂ ᠮᠠᠢ ᠰᠢᠨ ᠤ᠋ ᠨᠢᠭᠡ ᠨᠠᠰᠤᠨ ᠤ᠋ ᠬᠠᠮᠤᠭ ᠤ᠋ᠨ ᠲᠥᠯᠥᠭᠡᠯᠡᠬᠦ ᠴᠢᠨᠠᠷᠲᠠᠢ ᠪᠠᠭᠠᠲᠤᠷᠯᠢᠭ᠋ ᠦᠢᠯᠡ ᠠᠵᠢᠯᠯᠠᠭ᠎ᠠ ᠪᠠ ᠬᠤᠪᠢᠰᠬᠠᠯᠲᠤ ᠵᠣᠷᠢᠭ᠋ ᠰᠠᠨᠠᠭ᠎ᠠ ᠵᠢ ᠳᠣᠪᠣᠶ᠋ᠢᠯᠭᠠᠨ᠂ ᠦᠵᠡᠭᠴᠢᠳ ᠲᠦ᠍ ᠭᠦᠨ ᠰᠠᠭᠤᠭᠳᠠᠯ ᠥᠭᠴᠦ ᠬᠦᠨ ᠬᠠᠳᠠᠩᠰᠢᠭᠤᠯᠵᠠᠢ ᠃
ᠮᠠᠢ ᠰᠢᠨ ᠤ᠋ ᠳᠤᠷᠠᠰᠬᠠᠯ ᠤ᠋ᠨ ᠣᠷᠳᠣᠨ ᠪᠣᠯ ᠥᠪᠡᠷᠲᠡᠭᠡᠨ ᠵᠠᠰᠠᠬᠤ ᠣᠷᠣᠨ ᠤ᠋ ᠭᠣᠣᠯᠳᠠᠯᠭ᠎ᠠ ᠲᠠᠢ ᠲᠡᠦᠬᠡ ᠶ᠋ᠢᠨ ᠳᠤᠷᠠᠰᠬᠠᠯᠲᠤ ᠵᠦᠢᠯᠡᠰ ᠤ᠋ᠨ ᠬᠠᠮᠠᠭᠠᠯᠠᠯᠲᠠ ᠶ᠋ᠢᠨ ᠨᠢᠭᠡᠴᠢ᠂ ᠤᠯᠤᠰ ᠤ᠋ᠨ《AAAA》ᠲᠡᠰ ᠤ᠋ᠨ ᠦᠵᠡᠮᠵᠢ ᠶ᠋ᠢᠨ ᠣᠷᠣᠨ ᠪᠠᠢᠵᠦ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠤᠬᠠᠭᠤᠯᠬᠤ ᠬᠡᠯᠲᠡᠰ ᠡᠴᠡ ᠪᠦᠬᠦ ᠣᠷᠣᠨ ᠤ᠋ ᠤᠯᠤᠰ ᠢ᠋ᠶ᠋ᠠᠨ ᠬᠠᠢᠷᠠᠯᠠᠬᠤ ᠦᠵᠡᠯ ᠤ᠋ᠨ ᠬᠥᠮᠦᠵᠢᠯ ᠤ᠋ᠨ ᠵᠢᠱ᠌ᠢᠶ᠎ᠡ ᠦᠵᠡᠭᠦᠯᠬᠦ ᠰᠠᠭᠤᠷᠢᠨ ᠢ᠋ᠶ᠋ᠠᠷ ᠨᠡᠷᠡᠢᠳᠴᠦ᠂ ᠥᠪᠡᠷᠲᠡᠭᠡᠨ ᠵᠠᠰᠠᠬᠤ ᠣᠷᠣᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠡᠴᠡ ᠥᠪᠡᠷᠲᠡᠭᠡᠨ ᠵᠠᠰᠠᠬᠤ ᠣᠷᠣᠨ ᠤ᠋ ᠲᠡᠰ ᠤ᠋ᠨ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠬᠥᠮᠦᠵᠢᠯ ᠤ᠋ᠨ ᠰᠠᠭᠤᠷᠢᠨ ᠢ᠋ᠶ᠋ᠠᠷ ᠨᠡᠢᠲᠡᠯᠡᠵᠦ᠂ ᠵᠢᠯ ᠳᠤᠮᠳᠠᠴᠢ ᠪᠡᠷ 10 ᠲᠦᠮᠡᠨ ᠬᠥᠮᠥᠨ ᠤᠳᠠᠭ᠎ᠠ ᠬᠦᠯᠢᠶᠡᠨ ᠠᠪᠴᠦ ᠪᠠᠢᠨ᠎ᠠ᠃
ᠣᠢᠷ᠎ᠠ ᠶ᠋ᠢᠨ ᠵᠢᠯ ᠡᠴᠡ ᠺᠠᠢᠯᠤ ᠰᠢᠶᠠᠨ ᠲᠤᠰ ᠭᠠᠵᠠᠷ ᠤ᠋ᠨ ᠬᠤᠪᠢᠰᠬᠠᠯ ᠤ᠋ᠨ ᠡᠬᠢ ᠪᠠᠶᠠᠯᠢᠭ᠋ ᠲᠠᠢ ᠪᠠᠨ ᠤᠶᠠᠯᠳᠤᠭᠤᠯᠤᠨ ᠬᠤᠪᠢᠰᠬᠠᠯᠲᠤ ᠰᠤᠳᠤᠯᠤᠨ ᠰᠤᠷᠤᠯᠴᠠᠬᠤ ᠵᠠᠮ ᠱᠤᠭᠤᠮ ᠢ᠋ ᠲᠦᠰᠦᠪᠯᠡᠨ ᠭᠠᠷᠭᠠᠵᠦ᠂ ᠵᠡᠭᠦᠨ ᠡᠴᠡ ᠮᠠᠢ ᠰᠢᠨ ᠤ᠋ ᠳᠤᠷᠠᠰᠬᠠᠯ ᠤ᠋ᠨ ᠣᠷᠳᠣᠨ᠂ ᠪᠠᠷᠠᠭᠤᠨᠰᠢ ᠮᠠᠢ ᠰᠢᠨ ᠤ᠋ ᠦᠷᠡᠭᠳᠡᠭᠰᠡᠨ ᠪᠠᠭᠠᠲᠤᠷᠴᠤᠳ ᠤ᠋ᠨ ᠪᠤᠩᠬᠤᠨ ᠤ᠋ ᠬᠦᠷᠢᠶᠡᠯᠡᠩ ᠬᠦᠷᠬᠦ ᠬᠤᠪᠢᠰᠬᠠᠯᠲᠤ ᠰᠤᠳᠤᠯᠤᠨ ᠰᠤᠷᠤᠯᠴᠠᠬᠤ ᠵᠠᠮ ᠱᠤᠭᠤᠮ ᠢ᠋ ᠨᠢ ᠥᠪᠡᠷᠲᠡᠭᠡᠨ ᠵᠠᠰᠠᠬᠤ ᠣᠷᠣᠨ ᠤ᠋ ᠰᠣᠶᠣᠯ ᠵᠢᠭᠤᠯᠴᠢᠯᠠᠯ ᠤ᠋ᠨ ᠲᠢᠩᠬᠢᠮ ᠡᠴᠡ ᠪᠦᠬᠦ ᠣᠷᠣᠨ ᠤ᠋ ᠬᠤᠪᠢᠰᠬᠠᠯᠲᠤ ᠵᠢᠭᠤᠯᠴᠢᠯᠠᠯ ᠤ᠋ᠨ ᠰᠣᠳᠣᠨ ᠵᠠᠮ ᠱᠤᠭᠤᠮ ᠢ᠋ᠶ᠋ᠠᠷ ᠲᠠᠨᠢᠯᠴᠠᠭᠤᠯᠵᠤ ᠂ ᠬᠤᠪᠢᠰᠬᠠᠯᠲᠤ ᠰᠤᠳᠤᠯᠤᠨ ᠰᠤᠷᠤᠯᠴᠠᠬᠤ ᠵᠢᠭᠤᠯᠴᠢᠯᠠᠯ ᠤ᠋ᠨ ᠲᠦᠷᠦᠯ ᠲᠡᠮᠳᠡᠭ ᠢ᠋ ᠡᠭᠦᠳᠦᠭᠰᠡᠨ ᠪᠠᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃