2024-04-01 09:48:49
3 ᠰᠠᠷ᠎ᠠ᠎ᠶ᠋ᠢᠨ 21 ᠤ᠋ ᠡᠳᠦᠷ᠂ 《2023 ᠣᠨ᠎ᠤ ᠪᠦᠬᠦ᠌ ᠤᠯᠤᠰ᠎ᠤᠨ ᠬᠠᠭᠤᠴᠢ ᠰᠤᠳᠤᠯᠤᠯ᠎ᠤᠨ ᠠᠷᠪᠠᠨ ᠶᠡᠬᠡ ᠱᠢᠨ᠎ᠡ ᠢᠯᠡᠷᠡᠭᠦᠯᠦᠯᠲᠡ》᠎ᠶ᠋ᠢᠨ ᠡᠴᠦᠰ᠎ᠦᠨ ᠰᠢᠯᠭᠠᠷᠠᠭᠤᠯᠤᠯᠲᠠ᠎ᠶ᠋ᠢᠨ ᠬᠤᠷᠠᠯ ᠪᠡᠭᠡᠵᠢᠩ᠎ᠳᠦ ᠶᠠᠪᠤᠭ᠍ᠳᠠᠵᠤ᠂ ᠡᠨᠡ ᠤᠳᠠᠭ᠎ᠠ᠎ᠶᠢᠨ ᠱᠢᠯᠭᠠᠷᠠᠭᠤᠯᠤᠯᠲᠠ᠎ᠨᠢ ᠥᠷᠢᠰᠥᠯᠳᠦᠭᠡᠨ ᠬᠤᠷᠴᠠ ᠰᠢᠷᠦᠭᠦᠨ᠎ᠡᠴᠡ ᠪᠤᠯᠵᠤ ᠣᠯᠠᠨ᠎ᠤ ᠠᠩᠬᠠᠷᠤᠯ᠎ᠢ ᠶᠡᠬᠡᠳᠡ ᠲᠠᠲᠠᠵᠠᠢ᠃ ᠥᠪᠥᠷ ᠮᠣᠩᠭᠣᠯ᠎ᠤᠨ ᠴᠢᠩ ᠱᠦᠶ ᠾᠧ ᠭᠣᠣᠯ᠎ᠤᠨ ᠾᠧᠦ ᠴᠧᠩ ᠽᠦᠶ᠎ᠶ᠋ᠢᠨ ᠴᠢᠯᠠᠭᠤᠨ ᠬᠣᠲᠠ᠎ᠶ᠋ᠢᠨ ᠪᠠᠭᠤᠷᠢ᠎ᠶ᠋ᠢᠨ ᠲᠥᠷᠥᠯ ᠵᠦᠢᠯ ᠠᠩᠬᠠᠨ᠎ᠤ ᠱᠢᠯᠭᠠᠷᠠᠭᠤᠯᠤᠯᠲᠠ᠎ᠶ᠋ᠢᠨ 22 ᠲᠥᠷᠥᠯ ᠵᠦᠢᠯ᠎ᠳᠦ ᠣᠷᠣᠵᠤ᠂ ᠡᠴᠦᠰ᠎ᠦᠨ ᠱᠢᠯᠭᠠᠷᠠᠭᠤᠯᠤᠯᠲᠠ ᠶ᠋ᠢᠨ ᠬᠤᠷᠠᠯ ᠳᠡᠭᠡᠷ᠎ᠡ᠂ ᠲᠥᠷᠥᠯ ᠵᠦᠢᠯ᠎ᠦᠨ ᠬᠠᠷᠢᠭᠤᠴᠠᠯᠭᠠᠲᠠᠨ᠂ ᠥᠪᠥᠷ ᠮᠣᠩᠭᠣᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠭᠤᠴᠢ ᠰᠤᠳᠤᠯᠤᠯ᠎ᠤᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠰᠦᠨ ᠵᠢᠨ ᠰᠥᠩ ᠲᠠᠢᠰᠠᠨ᠎ᠳᠤ ᠭᠠᠷᠴᠤ᠌᠂ ᠡᠨᠡ ᠬᠦ᠌ ᠲᠥᠷᠥᠯ ᠵᠦᠢᠯ᠎ᠦᠨ 5 ᠵᠢᠯ᠎ᠦᠨ ᠲᠤᠷᠱᠢᠬᠢ ᠠᠭᠤᠳᠠᠯᠤᠭ᠍ᠰᠠᠨ ᠥᠩᠭᠡᠷᠡᠯᠲᠡ᠂ ᠴᠢᠬᠤᠯᠠ ᠶᠡᠬᠡ ᠢᠯᠡᠷᠡᠭᠦᠯᠦᠯᠲᠡ᠎ᠶ᠋ᠢ ᠰᠣᠨᠣᠰᠪᠤᠷᠢᠲᠠᠶ ᠰᠠᠢᠬᠠᠨ ᠶᠠᠷᠢᠵᠤ᠂ ᠲᠤᠬᠠᠶ᠎ᠶ᠋ᠢᠨ ᠲᠠᠯᠠᠪᠠᠶ᠎ᠳᠤ ᠪᠠᠢᠭ᠎ᠠ ᠱᠢᠯᠭᠠᠷᠠᠭᠤᠯᠬᠤ ᠺᠣᠮᠢᠰ᠎ᠤᠨ ᠭᠡᠱᠢᠭᠦᠨ᠂ ᠥᠷᠭᠡᠨ ᠣᠯᠠᠨ ᠰᠦᠯᠵᠢᠶᠡᠨ ᠠᠨᠳᠠ᠎ᠨᠠᠷ᠎ᠤᠨ ᠥᠪᠥᠷ ᠮᠣᠩᠭᠣᠯ᠎ᠤᠨ ᠲᠤᠬᠠᠶ ᠣᠢᠯᠠᠭᠠᠯᠲᠠ᠂ ᠤᠮᠠᠷᠠᠲᠤ ᠬᠢᠯᠢ᠎ᠶ᠋ᠢᠨ ᠰᠣᠶᠣᠯ᠎ᠤᠨ ᠲᠤᠬᠠᠶ ᠲᠠᠨᠢᠯᠲᠠ᠎ᠶ᠋ᠢ ᠭᠦᠨᠵᠡᠭᠡᠢᠷᠡᠭᠦᠯᠵᠡᠶ᠃
ᠤᠮᠠᠷᠠᠲᠤ ᠬᠢᠯᠢ᠎ᠶ᠋ᠢᠨ ᠰᠣᠶᠣᠯ ᠪᠣᠯ ᠳᠤᠮᠳᠠᠳᠤ᠎ᠶ᠋ᠢᠨ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠡᠯᠪᠡᠭ ᠪᠠᠶᠠᠯᠢᠭ ᠰᠣᠶᠣᠯ᠎ᠤᠨ ᠥᠪ ᠮᠥᠨ᠂ ᠶᠠᠭ ᠯᠠ ᠭᠡᠷᠡᠯ ᠰᠠᠴᠤᠷᠠᠩᠭᠤᠶ ᠤᠳᠤᠨ ᠮᠡᠴᠢᠳ ᠮᠡᠲᠦ ᠪᠠᠢᠳᠠᠭ᠃ ᠤᠢ᠍ᠢᠷ᠎ᠠ᠎ᠶ᠋ᠢᠨ ᠵᠢᠯ᠎ᠡᠴᠡ ᠥᠪᠥᠷ ᠮᠣᠩᠭᠣᠯ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ 《ᠳᠤᠮᠳᠠᠳᠤ᠎ᠶ᠋ᠢᠨ ᠪᠣᠯᠪᠠᠰᠤᠨ᠎ᠤ ᠡᠬᠢ ᠰᠤᠷᠪᠤᠯᠵᠢ᠎ᠶ᠋ᠢ ᠬᠠᠢᠬᠤ ᠢᠨᠵᠧᠨᠧᠷᠢᠩ》᠂《ᠬᠠᠭᠤᠴᠢ ᠰᠤᠳᠤᠯᠤᠯ᠎ᠤᠨ ᠳᠤᠮᠳᠠᠳᠤ ᠤᠯᠤᠰ》ᠭᠡᠬᠦ᠌ ᠰᠡᠳᠦᠪ᠎ᠦᠨ ᠰᠤᠳᠤᠯᠭᠠᠨ᠎ᠢ ᠭᠦᠨᠵᠡᠭᠡᠢᠷᠡᠭᠦᠯᠵᠦ᠍᠂ ᠰᠣᠶᠣᠯ᠎ᠤᠨ ᠥᠪ᠎ᠦᠨ ᠭᠸᠨ᠎ᠢ ᠲᠠᠰᠤᠷᠠᠯᠲᠠ ᠦᠭᠡᠢ ᠬᠥᠭ᠌ᠵᠢᠭᠡᠵᠦ᠍᠂ ᠰᠣᠶᠣᠯ᠎ᠤᠨ ᠥᠪ᠎ᠢ ᠴᠠᠭ ᠦᠶ᠎ᠡ᠎ᠶ᠋ᠢᠨ ᠱᠢᠨ᠎ᠡ ᠬᠡᠪ ᠨᠠᠮᠪᠠ᠎ᠲᠠᠶ ᠪᠣᠯᠭᠠᠵᠠᠢ᠃
2023 ᠣᠨ᠎ᠳᠤ᠂ 《ᠳᠤᠮᠳᠠᠳᠤ᠎ᠶ᠋ᠢᠨ ᠪᠣᠯᠪᠠᠰᠤᠨ᠎ᠤ ᠡᠬᠢ ᠰᠤᠷᠪᠤᠯᠵᠢ᠎ᠶᠢᠨ ᠬᠠᠢᠯᠲᠠ》 ᠪᠠ 《ᠬᠠᠭᠤᠴᠢ ᠰᠤᠳᠤᠯᠤᠯ᠎ᠤᠨ ᠳᠤᠮᠳᠠᠳᠤ ᠤᠯᠤᠰ》 ᠤ᠋ᠨ ᠴᠢᠬᠤᠯᠠ ᠶᠡᠬᠡ ᠢᠨᠵᠧᠨᠧᠷᠢᠩ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ 11 ᠵᠦᠢᠯ᠎ᠦᠨ ᠰᠠᠨᠠᠭᠠᠴᠢᠯᠠᠭ᠎ᠠ᠎ᠲᠠᠶ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠲᠦᠷᠦᠯ ᠵᠦᠢᠯ᠎ᠢ ᠪᠦᠬᠦ᠌ ᠲᠠᠯ᠎ᠠ᠎ᠪᠠᠷ ᠡᠬᠢᠯᠡᠭᠦᠯᠵᠦ᠍᠂ ᠼᠠᠢ ᠲᠤᠤ ᠫᠦᠸᠸ ᠵᠢᠨ ᠪᠠᠭᠤᠷᠢ᠎ᠶ᠋ᠢᠨ ᠬᠠᠢᠨ ᠱᠢᠨᠵᠢᠯᠡᠯᠲᠡ᠎ᠶ᠋ᠢᠨ ᠲᠠᠯᠠᠪᠠᠢ ᠨᠡᠢ᠌ᠳᠡ 7 ᠲᠦᠮᠡ ᠭᠠᠷᠤᠢ ᠲᠡᠭ᠌ᠰᠢ ᠳᠥᠷᠪᠡᠯᠵᠢᠨ ᠮᠧᠲ᠋ᠷ᠂ ᠨᠡᠭᠡᠭᠡᠨ ᠮᠠᠯᠲᠠᠭ᠍ᠰᠠᠨ ᠲᠠᠯᠠᠪᠠᠢ 1300 ᠭᠠᠷᠤᠢ ᠲᠡᠭ᠌ᠰᠢ ᠳᠥᠷᠪᠡᠯᠵᠢᠨ ᠮᠧᠲ᠋ᠷ᠎ᠲᠦ ᠬᠦᠷᠴᠦ᠍᠂ ᠠᠩᠬ᠎ᠠ ᠤᠳᠠᠭ᠎ᠠ 《 ᠯᠣᠣ᠎ᠶ᠋ᠢᠨ ᠬᠡᠯᠪᠡᠷᠢᠲᠦ ᠬᠢᠰᠤᠭ᠎ᠠ᠎ᠶ᠋ᠢᠨ ᠴᠢᠮᠡᠭ》 ᠢ᠋ ᠢᠯᠡᠷᠡᠭᠦᠯᠵᠦ᠍᠂ ᠬᠤᠩᠱᠠᠨ ᠰᠣᠶᠣᠯ᠎ᠤᠨ ᠡᠬᠢᠨ᠎ᠦ ᠦᠶ᠎ᠡ᠎ᠶ᠋ᠢᠨ ᠯᠣᠣ᠎ᠶ᠋ᠢᠨ ᠳᠦᠷᠢ᠎ᠶ᠋ᠢᠨ ᠬᠣᠭᠣᠰᠣᠨ᠎ᠢ ᠨᠥᠬᠥᠪᠥᠷᠢᠯᠡᠵᠦ᠍᠂ ᠬᠤᠩᠱᠠᠨ ᠰᠣᠶᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢᠶᠡᠷ ᠭᠤᠶᠤᠴᠢᠯᠠᠨ ᠮᠡᠳᠡᠭᠦᠯᠬᠦ᠌᠎ᠳᠦ ᠬᠦᠴᠦᠲᠡᠢ ᠲᠤᠯᠭᠠᠭᠤᠷᠢᠯᠠᠯ ᠬᠠᠩᠭᠠᠵᠠᠢ; ᠴᠢᠩ ᠱᠦᠶ ᠾᠧ ᠭᠣᠣᠯ᠎ᠤᠨ ᠾᠧᠦ ᠴᠧᠩ ᠽᠦᠶ᠎ᠶ᠋ᠢᠨ ᠴᠢᠯᠠᠭᠤᠨ ᠬᠣᠲᠠ᠎ᠶ᠋ᠢᠨ ᠪᠠᠭᠤᠷᠢ ᠡᠴᠡ ᠱᠢᠨ᠎ᠡ᠎ᠪᠡᠷ ᠢᠯᠡᠷᠡᠭᠦᠯᠦᠭ᠌ᠰᠡᠨ ᠯᠦᠩ ᠱᠠᠨ᠎ᠤ ᠦᠶ᠎ᠡ᠎ᠶ᠋ᠢᠨ ᠦᠷᠭᠦᠯᠵᠢᠯᠡᠭ᠌ᠰᠡᠨ ᠬᠡᠯᠪᠡᠷᠢ᠎ᠶ᠋ᠢᠨ ᠪᠠᠢᠰᠢᠩ᠎ᠤᠨ ᠪᠠᠭᠤᠷᠢ᠂ ᠬᠦᠷᠢᠶ᠎ᠡ ᠬᠠᠱᠢᠶ᠎ᠠ ᠵᠢᠴᠢ ᠴᠢᠯᠠᠭᠤᠨ ᠪᠠᠯ ᠬᠠᠮᠠᠭᠠᠯᠠᠬᠤ ᠲᠠᠪᠴᠠᠩ᠎ᠤᠨ ᠰᠠᠭᠤᠷᠢ ᠪᠠᠷ ᠪᠦᠷᠢᠯᠳᠦᠭ᠌ᠰᠡᠨ ᠳᠡᠭᠡᠳᠦ ᠲᠡᠰ᠎ᠤᠨ ᠪᠠᠷᠢᠯᠭ᠎ᠠ᠎ᠨᠤᠭᠤᠳ ᠨᠢ《2023 ᠣᠨ᠎ᠤ ᠪᠦᠬᠦ᠌ ᠤᠯᠤᠰ᠎ᠤᠨ ᠠᠷᠪᠠᠨ ᠶᠡᠬᠡ ᠬᠠᠭᠤᠴᠢ ᠰᠤᠳᠤᠯᠤᠯ᠎ᠤᠨ ᠱᠢᠨ᠎ᠡ ᠢᠯᠡᠷᠡᠭᠦᠯᠦᠯᠲᠡ》ᠵᠢᠨ ᠠᠩᠬᠠᠨ᠎ᠤ ᠰᠢᠯᠭᠠᠷᠠᠭᠤᠯᠤᠯᠲᠠ᠎ᠳᠦ ᠣᠷᠣᠪᠠ᠃
ᠥᠪᠥᠷ ᠮᠣᠩᠭᠣᠯ᠎ᠳᠤ ᠣᠷᠳᠣ ᠴᠠᠭᠠᠨ ᠬᠡᠷᠡᠮ᠎ᠦᠨ ᠡᠬᠢ ᠪᠠᠶᠠᠯᠢᠭ ᠡᠯᠪᠡᠭ ᠳᠡᠯᠪᠡᠭ ᠪᠠᠢᠵᠤ᠂ ᠣᠷᠳᠣ ᠴᠠᠭᠠᠨ ᠬᠡᠷᠡᠮ᠎ᠢ ᠬᠠᠮᠠᠭᠠᠯᠠᠬᠤ ᠪᠠ ᠰᠡᠯᠪᠢᠨ ᠵᠠᠰᠠᠬᠤ ᠡᠷᠴᠢᠮ᠎ᠢ ᠴᠢᠩᠭᠠᠷᠠᠭᠤᠯᠬᠤ ᠲᠠᠯ᠎ᠠ᠎ᠪᠠᠷ ᠲᠠᠰᠤᠷᠠᠯᠲᠠ ᠥᠬᠡᠶ ᠱᠢᠪᠲᠤᠯᠤᠯᠲᠠ ᠭᠠᠷᠭᠠᠭ᠍ᠰᠠᠭᠠᠷ ᠢᠷᠡᠵᠡᠶ᠃ 2023 ᠣᠨ᠎ᠳᠤ᠂ ᠥᠪᠥᠷ ᠮᠣᠩᠭᠣᠯ ᠾᠸᠪᠸᠢ ᠮᠤᠵᠢ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠲᠣᠪᠴᠢᠶ᠎ᠠ᠂ ᠬᠠᠷᠠᠮᠥ᠋ᠷᠡᠨ ᠮᠤᠵᠢ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠢᠶᠠᠷᠤᠯᠲᠠ᠎ᠶ᠋ᠢᠨ ᠲᠣᠪᠴᠢᠶ᠎ᠠ ᠪᠣᠯᠤᠨ ᠳᠤᠮᠳᠠᠳᠤ ᠤᠯᠤᠰ᠎ᠤᠨ ᠰᠣᠶᠣᠯ ᠤᠨ ᠥᠪ᠎ᠦᠨ ᠰᠤᠳᠤᠯᠭᠠᠨ᠎ᠤ ᠬᠦᠷᠢᠶᠡᠯᠡᠩ᠎ᠲᠡᠶ 《ᠠᠯᠲᠠᠨ ᠤᠯᠤᠰ᠎ᠤᠨ ᠰᠡᠷᠭᠡᠢᠯᠡᠯᠲᠡ᠎ᠶᠢᠨ ᠰᠤᠪᠠᠭᠢᠬᠠᠮᠲᠤᠷᠠᠨ ᠬᠠᠮᠠᠭᠠᠯᠠᠵᠤ ᠠᠱᠢᠭ᠍ᠯᠠᠬᠤ᠎ᠶ᠋ᠢ ᠴᠢᠩᠭᠠᠳᠭᠠᠬᠤ ᠲᠤᠬᠠᠢ ᠵᠦᠪᠯᠡᠯᠴᠡᠭᠡᠷ》 ᠲᠤ᠌ ᠭᠠᠷᠤᠨ ᠦᠰᠦᠭ ᠵᠢᠷᠦᠪᠠ;2023 ᠣᠨ᠎ᠤ 9 ᠰᠠᠷ᠎ᠠ᠎ᠳᠤ᠂ ᠥᠪᠥᠷ ᠮᠣᠩᠭᠣᠯ᠂ ᠱᠠᠨ ᠰᠢ ᠬᠣᠶᠠᠷ ᠮᠤᠵᠢ ᠣᠷᠣᠨ ᠬᠥᠬᠡᠬᠣᠲᠠ᠎ᠳᠤ《ᠣᠷᠳᠣ ᠴᠠᠭᠠᠨ ᠬᠡᠷᠡᠮ᠎ᠢ ᠬᠠᠮᠲᠤᠷᠠᠨ ᠬᠠᠮᠠᠭᠠᠯᠠᠵᠤ ᠠᠱᠢᠭ᠍ᠯᠠᠬᠤ᠎ᠶ᠋ᠢ ᠴᠢᠩᠭᠠᠳᠭᠠᠬᠤ ᠲᠤᠬᠠᠶ ᠬᠡᠯᠡᠯᠴᠡᠭᠡᠷ》ᠲᠤ᠌ ᠭᠠᠷᠤᠨ ᠥᠰᠥᠭ ᠵᠢᠷᠤᠪᠠ᠃《ᠬᠡᠯᠡᠯᠴᠡᠭᠡᠷ》ᠲᠤ᠌ ᠬᠠᠮᠠᠭᠠᠯᠠᠨ ᠠᠱᠢᠭ᠍ᠯᠠᠬᠤ᠎ᠶ᠋ᠢ ᠬᠠᠮᠵᠢᠯᠴᠠᠨ ᠥᠷᠨᠢᠭᠦᠯᠬᠦ᠂ ᠲᠡᠦᠬᠡ᠎ᠶ᠋ᠢᠨ ᠦᠷᠳᠡᠭ᠎ᠦᠨ ᠰᠤᠳᠤᠯᠭᠠᠨ᠎ᠢ ᠴᠢᠩᠭᠠᠳᠭᠠᠬᠤ᠂ ᠲᠣᠭᠣᠷᠢᠨ ᠪᠠᠢᠴᠠᠭᠠᠬᠤ ᠠᠵᠢᠯ᠎ᠢ ᠬᠠᠮᠲᠤᠷᠠᠨ ᠥᠷᠨᠢᠭᠦᠯᠬᠦ᠂ ᠤᠬᠠᠭᠤᠯᠭ᠎ᠠ᠎ᠶ᠋ᠢᠨ ᠠᠵᠢᠯ᠎ᠢ ᠬᠠᠮᠲᠤ᠎ᠪᠠᠷ ᠥᠷᠨᠢᠭᠦᠯᠬᠦ᠂ ᠮᠡᠳᠡᠭᠡ ᠵᠠᠩᠭᠢ᠎ᠶ᠋ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠎ᠶ᠋ᠢ ᠪᠡᠶᠡᠯᠡᠭᠦᠯᠬᠦ᠌ ᠵᠡᠷᠭᠡ ᠲᠠᠪᠤᠨ ᠲᠠᠯ᠎ᠠ᠎ᠶ᠋ᠢ ᠪᠠᠭ᠍ᠲᠠᠭᠠᠪᠠ᠃
ᠬᠤᠨᠭᠱᠠᠨᠤ ᠪᠠᠭᠤᠷᠢ᠂ ᠲᠦᠮᠡᠨ ᠭᠠᠵᠠᠷ᠎ᠤᠨ ᠴᠠᠢ᠎ᠶ᠋ᠢᠨ ᠵᠠᠮ ᠁ ᠥᠪᠥᠷ ᠮᠣᠩᠭᠣᠯ᠎ᠤᠨ ᠳᠡᠯᠡᠬᠡᠢ᠎ᠶ᠋ᠢᠨ ᠰᠣᠶᠣᠯ᠎ᠤᠨ ᠥᠪ᠎ᠢᠶᠡᠷ ᠭᠤᠶᠤᠴᠢᠯᠠᠨ ᠮᠡᠳᠡᠭᠦᠯᠬᠦ᠌ ᠠᠯᠬᠤᠭ᠎ᠠ ᠲᠠᠰᠤᠷᠠᠯᠲᠠ ᠦᠭᠡᠢ ᠲᠦᠷᠭᠡᠳᠴᠦ᠍ ᠪᠤᠢ᠃ 2023 ᠣᠨ᠎ᠳᠤ᠂ ᠥᠪᠥᠷ ᠮᠣᠩᠭᠣᠯ ᠪᠣᠯᠤᠨ ᠯᠢᠶᠣᠤᠨᠢᠩ ᠮᠤᠵᠢ ᠬᠠᠮᠲᠤᠷᠠᠨ ᠬᠤᠩᠱᠠᠨ᠎ᠤ ᠰᠣᠶᠣᠯ᠎ᠤᠨ ᠪᠠᠭᠤᠷᠢ᠎ᠶ᠋ᠢ ᠪᠣᠳᠠᠰ᠎ᠤᠨ ᠪᠤᠰᠤ ᠰᠣᠶᠣᠯ᠎ᠤᠨ ᠥᠪ᠎ᠢᠶᠡᠷ ᠭᠤᠶᠤᠴᠢᠯᠠᠨ ᠮᠡᠳᠡᠭᠦᠯᠬᠦ᠌ ᠠᠵᠢᠯ᠎ᠢ ᠠᠬᠢᠭᠤᠯᠪᠠ; ᠲᠦᠮᠡᠨ ᠭᠠᠵᠠᠷ᠎ᠤᠨ ᠴᠠᠢ᠎ᠶ᠋ᠢᠨ ᠵᠠᠮ᠎ᠤᠨ ᠥᠪᠥᠷ ᠮᠣᠩᠭᠣᠯ᠎ᠤᠨ ᠬᠡᠰᠡᠭ᠎ᠲᠦ 30 ᠪᠠᠭᠤᠷᠢ᠎ᠶ᠋ᠢᠨ ᠦᠯᠡᠳᠡᠭ᠌ᠳᠡᠯ᠎ᠢ ᠱᠢᠨ᠎ᠡ᠎ᠪᠡᠷ ᠨᠡᠮᠡᠭ᠌ᠳᠡᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠢᠶᠡᠷ ᠭᠤᠶᠤᠴᠢᠯᠠᠨ ᠮᠡᠳᠡᠭᠦᠯᠬᠦ᠌᠎ᠳᠦ ᠳᠠᠬᠢᠨᠲᠠ ᠬᠥᠳᠡᠯᠭᠡᠬᠦ᠌ ᠬᠦᠴᠦᠨ ᠨᠡᠮᠡᠷᠢᠯᠡᠪᠡ᠃
ᠬᠤᠪᠢᠰᠭᠠᠯ᠎ᠤᠨ ᠰᠣᠶᠣᠯ ᠪᠣᠯ ᠤᠮᠠᠷᠠᠲᠤ ᠬᠢᠯᠢ᠎ᠶ᠋ᠢᠨ ᠰᠣᠶᠣᠯ᠎ᠤᠨ ᠢᠯᠡ ᠲᠣᠳᠣ ᠳᠡᠪᠢᠰᠭᠡᠷ ᠦᠩᠭᠡ ᠪᠠ ᠤᠶᠤᠨ ᠰᠠᠨᠠᠭᠠᠨ᠎ᠤ ᠲᠤᠭ ᠲᠡᠮᠳᠡᠭ ᠪᠣᠯᠤᠨ᠎ᠠ᠂ ᠥᠪᠥᠷ ᠮᠣᠩᠭᠣᠯ ᠳᠤᠮᠳᠠᠳᠤ ᠤᠯᠤᠰ᠎ᠤᠨ ᠬᠤᠪᠢᠰᠭᠠᠯ᠂ ᠪᠦᠳᠦᠭᠡᠨ ᠪᠠᠢᠭᠤᠯᠤᠯᠲᠠ᠎ᠶ᠋ᠢᠨ ᠦᠢᠯᠡᠰ᠎ᠲᠦ ᠴᠢᠬᠤᠯᠠ ᠶᠡᠬᠡ ᠬᠤᠪᠢ ᠨᠡᠮᠡᠷᠢ ᠦᠵᠡᠭᠦᠯᠵᠦ᠍᠂ ᠬᠤᠪᠢᠰᠭᠠᠯ᠎ᠤᠨ ᠰᠣᠶᠣᠯ ᠭᠡᠷᠡᠯ ᠰᠠᠴᠤᠷᠠᠩᠭᠤᠢ ᠪᠥᠭᠡᠳ ᠭᠦᠨ ᠵᠤᠵᠠᠭᠠᠨ ᠶᠤᠮ᠃ ᠤᠢ᠍ᠢᠷ᠎ᠠ᠎ᠶ᠋ᠢᠨ ᠵᠢᠯ᠎ᠡᠴᠡ ᠥᠪᠥᠷ ᠮᠣᠩᠭᠣᠯ ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠡᠬᠢ ᠪᠠᠶᠠᠯᠢᠭ᠎ᠤᠨ ᠪᠠᠢᠴᠠᠭᠠᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠪᠦᠬᠦ᠌ ᠣᠷᠣᠨ᠎ᠤ ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠡᠬᠢ ᠪᠠᠶᠠᠯᠢᠭ᠎ᠤᠨ ᠬᠠᠳᠠᠭᠠᠯᠠᠭᠳᠠᠴᠠ ᠤᠯᠠᠮ᠎ᠡᠴᠡ ᠤᠯᠠᠮ ᠲᠣᠳᠣᠷᠬᠠᠢ ᠪᠣᠯᠵᠠᠢ᠃ ᠣᠳᠣᠬᠠᠨ᠎ᠳᠤ ᠥᠪᠥᠷ ᠮᠣᠩᠭᠣᠯ᠎ᠳᠤ ᠱᠢᠯᠵᠢᠭᠦᠯᠵᠦ᠍ ᠪᠣᠯᠤᠰᠢ ᠦᠭᠡᠢ ᠬᠤᠪᠢᠰᠭᠠᠯ᠎ᠤᠨ ᠳᠤᠷᠠᠰᠭᠠᠯᠲᠤ ᠵᠦᠢᠯᠡᠰ 397 ᠪᠤᠢ᠃ 19 ᠬᠣᠱᠢᠭᠤ ᠱᠢᠶᠠᠨ (ᠬᠤᠳᠠ᠂ ᠲᠣᠭᠣᠷᠢᠭ) ᠨᠢ ᠤᠯᠤᠰ᠎ᠤᠨ ᠬᠣᠶᠠᠳᠤᠭᠠᠷ ᠪᠦᠯᠦᠭ᠎ᠦᠨ ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ ᠠᠱᠢᠭ᠍ᠯᠠᠯᠲᠠ᠎ᠶ᠋ᠢᠨ ᠬᠤᠪᠢᠶᠠᠷᠢ ᠬᠡᠰᠡᠭ᠎ᠤᠨ ᠬᠤᠪᠢᠶᠠᠷᠢ ᠱᠢᠶᠠᠨ᠎ᠤ ᠨᠡᠷᠡᠰ᠎ᠲᠦ ᠵᠢᠭ᠍ᠰᠠᠭᠠᠭ᠍ᠳᠠᠵᠤ᠂ 12 ᠪᠠᠭᠤᠷᠢ᠎ᠶ᠋ᠢᠨ ᠳᠤᠷᠠᠰᠭᠠᠯ᠎ᠤᠨ ᠣᠷᠳᠣᠨ ᠨᠢ ᠤᠯᠤᠰ᠎ᠤᠨ ᠲᠡᠰ᠎ᠤᠨ ᠶᠠᠫᠣᠨ᠎ᠢ ᠡᠰᠡᠷᠭᠦᠴᠡᠭᠰᠡᠨ ᠳᠠᠢ᠌ᠨ᠎ᠦ ᠳᠤᠷᠠᠰᠭᠠᠯ᠎ᠤᠨ ᠲᠥᠬᠥᠭᠡᠷᠦᠮᠵᠢ᠎ᠶ᠋ᠢᠨ ᠪᠠᠭᠤᠷᠢ᠎ᠶ᠋ᠢᠨ ᠨᠡᠷᠡᠰ᠎ᠲᠦ ᠵᠢᠭ᠍ᠰᠠᠭᠠᠭ᠍ᠳᠠᠵᠤ᠂ 2 ᠲᠠᠯ᠎ᠠ ᠨᠤᠲᠤᠭ ᠨᠢ ᠲᠦᠷᠦᠭᠦᠦ ᠪᠦᠯᠦᠭ᠎ᠦᠨ ᠤᠯᠤᠰ᠎ᠤᠨ ᠲᠡᠰ᠎ᠤᠨ 《ᠬᠤᠪᠢᠰᠭᠠᠯ᠎ᠤᠨ ᠲᠠᠯ᠎ᠠ ᠨᠤᠲᠤᠭ》᠎ᠤ᠋ᠨ ᠨᠡᠷᠡᠰ᠎ᠲᠦ ᠰᠣᠩᠭᠣᠭ᠍ᠳᠠᠵᠤ᠂ 8 ᠬᠤᠪᠢᠰᠭᠠᠯ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠨᠢ ᠪᠦᠬᠦ᠌ ᠤᠯᠤᠰ᠎ᠤᠨ ᠬᠤᠪᠢᠰᠭᠠᠯ᠎ᠤᠨ ᠵᠢᠭᠤᠯᠴᠢᠯᠠᠯ᠎ᠤᠨ ᠰᠣᠩᠭᠣᠳᠠᠭ ᠦᠵᠡᠮᠵᠢ᠎ᠶ᠋ᠢᠨ ᠣᠷᠣᠨ ᠪᠣᠯᠤᠭ᠍ᠰᠠᠨ ᠪᠠᠢᠨ᠎ᠠ᠃ ᠥᠪᠥᠷ ᠮᠣᠩᠭᠣᠯ᠎ᠳᠤ ᠣᠲᠣ 13155 ᠬᠤᠪᠢ (ᠢᠵᠢ) ᠱᠢᠯᠵᠢᠭᠦᠯᠵᠦ᠍ ᠪᠣᠯᠬᠤ ᠬᠤᠪᠢᠰᠭᠠᠯ᠎ᠤᠨ ᠲᠡᠸ᠋ᠬᠡ᠎ᠶ᠋ᠢᠨ ᠳᠤᠷᠠᠰᠭᠠᠯᠲᠤ ᠵᠦᠶ᠋ᠯᠡᠰ ᠪᠣᠶ᠃ ᠡᠳᠡᠭᠡᠷ ᠡᠯᠪᠡᠭ ᠪᠠᠶᠠᠯᠢᠭ ᠬᠤᠪᠢᠰᠭᠠᠯ᠎ᠤᠨ ᠡᠬᠢ ᠪᠠᠶᠠᠯᠢᠭ ᠨᠢ ᠥᠪᠥᠷ ᠮᠣᠩᠭᠣᠯ᠎ᠤᠨ ᠭᠡᠷᠡᠯ ᠰᠠᠴᠤᠷᠠᠩᠭᠤᠢ ᠬᠤᠪᠢᠰᠭᠠᠯ᠎ᠤᠨ ᠥᠩᠭᠡᠷᠡᠯᠲᠡ᠎ᠶ᠋ᠢ ᠠᠮᠢᠳᠤᠯᠢᠭ᠎ᠢᠶᠠᠷ ᠬᠦᠦᠷᠨᠢᠵᠦ᠍ ᠪᠠᠢᠬᠤ ᠪᠥᠭᠡᠳ ᠪᠦᠬᠦ᠌ ᠣᠷᠣᠨ᠎ᠤ ᠬᠤᠪᠢᠰᠭᠠᠯ᠎ᠤᠨ ᠰᠣᠶᠣᠯ᠎ᠢ ᠬᠠᠮᠠᠭᠠᠯᠠᠨ ᠵᠠᠯᠭᠠᠮᠵᠢᠯᠠᠵᠤ ᠪᠠᠳᠠᠷᠠᠭᠤᠯᠬᠤ᠎ᠳᠤ ᠪᠠᠲᠤ ᠪᠡᠬᠢ ᠪᠣᠳᠠᠰ᠎ᠤᠨ ᠰᠠᠭᠤᠷᠢ᠎ᠶ᠋ᠢ ᠲᠠᠯᠪᠢᠵᠤ ᠥᠭ᠌ᠭᠦᠭ᠌ᠰᠡᠨ ᠪᠠᠢᠨ᠎ᠠ᠃
《ᠳᠡᠯᠡᠬᠡᠶ᠎ᠶ᠋ᠢᠨ ᠥᠪ᠎ᠦᠨ ᠡᠳᠦᠷ 》᠂ 《5·18 ᠤ᠋ ᠣᠯᠠᠨ ᠤᠯᠤᠰ᠎ᠤᠨ ᠮᠦᠽᠧᠶ᠎ᠶ᠋ᠢᠨ ᠡᠳᠦᠷ 》 ᠵᠡᠷᠭᠡ ᠵᠠᠩᠭᠢᠯᠠᠭ᠎ᠠ᠎ᠶ᠋ᠢᠨ ᠴᠡᠭ ᠪᠣᠯ ᠴᠥᠮ ᠥᠪᠥᠷ ᠮᠣᠩᠭᠣᠯ᠎ᠤᠨ ᠰᠣᠶᠣᠯ᠎ᠤᠨ ᠥᠪᠢᠶᠡᠨ ᠳᠡᠯᠭᠡᠨ ᠦᠵᠡᠭᠦᠯᠬᠦ᠌ ᠰᠠᠢᠨ ᠲᠣᠬᠢᠶᠠᠯ ᠮᠥᠨ᠃ ᠤᠢ᠍ᠢᠷ᠎ᠠ᠎ᠶ᠋ᠢᠨ ᠵᠢᠯ᠎ᠳᠦ《ᠮᠦᠽᠧᠢ᠎ᠶ᠋ᠢᠨ ᠰᠥᠨᠢ》ᠬᠦᠷ ᠬᠥᠭ᠌ᠵᠢᠶᠡᠨᠲᠡᠶ ᠶᠠᠪᠤᠭ᠍ᠳᠠᠵᠤ᠂ ᠨᠡᠷ᠎ᠡ ᠮᠡᠳᠡᠭᠦᠯᠦᠭ᠌ᠴᠢᠳ ᠬᠤᠷᠠᠨ ᠴᠤᠭ᠍ᠯᠠᠷᠠᠵᠤ᠂ ᠮᠦᠽᠧᠢ᠎ᠳᠦ ᠴᠠᠭᠠᠨ ᠰᠠᠷ᠎ᠠ᠎ᠶ᠋ᠢ ᠥᠩᠭᠡᠷᠡᠭᠦᠯᠬᠦ᠂ ᠮᠦᠽᠧᠢ᠎ᠳᠦ ᠨᠠᠢ᠍ᠮᠠᠨ ᠰᠠᠷ᠎ᠠ᠎ᠶ᠋ᠢᠨ ᠠᠷᠪᠠᠨ ᠲᠠᠪᠤᠨ᠎ᠤ ᠲᠡᠷᠭᠡᠯ ᠪᠠᠶᠠᠷ᠎ᠢ ᠥᠩᠭᠡᠷᠡᠭᠦᠯᠬᠦ᠌ ᠵᠡᠷᠭᠡ ᠱᠢᠷᠢᠰ ᠠᠵᠢᠯᠯᠠᠭ᠎ᠠ ᠨᠢ ᠳᠠᠰᠤᠷᠠᠯᠳᠠ ᠦᠬᠡᠢ ᠲᠣᠭᠣᠷᠢᠨ ᠦᠵᠡᠭ᠌ᠴᠢᠳ᠎ᠦᠨ ᠲᠤᠭ᠎ᠠ ᠵᠢᠨ ᠱᠢᠨ᠎ᠡ ᠲᠡᠮᠳᠡᠭ᠌ᠯᠡᠯ᠎ᠢ ᠡᠭᠦᠳᠴᠡᠢ᠃
ᠲᠠᠰᠤᠷᠠᠯᠲᠠ ᠦᠭᠡᠶ ᠭᠠᠷᠭᠠᠵᠤ ᠪᠠᠢᠭ᠎ᠠ ᠰᠣᠳᠣᠨ ᠪᠦᠲᠦᠭᠡᠯ᠎ᠦᠨ ᠦᠵᠡᠭᠦᠯᠭᠡ ᠨᠢ ᠬᠥᠮᠦᠰ᠎ᠦᠨ《ᠰᠣᠶᠣᠯ᠎ᠤᠨ ᠦᠵᠡᠰᠭᠦᠯᠡᠩ᠎ᠦᠨ ᠬᠠᠯᠠᠮᠱᠢᠯ》᠎ᠤ᠋ᠨ ᠬᠥᠭᠡᠭᠡᠴᠡᠯᠳᠦᠯ᠎ᠢ ᠤᠯᠠᠮ ᠨᠢᠭᠡ ᠠᠯᠬᠤᠮ ᠬᠠᠩᠭᠠᠵᠤ᠂ ᠬᠣᠷᠢᠳᠤᠭᠠᠷ ᠬᠤᠭᠤᠴᠠᠭᠠᠨ᠎ᠤ ᠳᠤᠮᠳᠠᠳᠤ ᠤᠯᠤᠰ·ᠲᠠᠯ᠎ᠠ ᠨᠤᠲᠤᠭ᠎ᠤᠨ ᠰᠣᠶᠣᠯ᠎ᠤᠨ ᠨᠠᠢᠷ ᠡᠬᠢᠯᠡᠭ᠌ᠰᠡᠨ ᠲᠤᠬᠠᠶ᠎ᠶ᠋ᠢᠨ ᠡᠳᠦᠷ 《ᠠᠭᠤᠰᠤᠯᠴᠠᠯ᠎ᠤᠨ ᠵᠠᠮ — ᠲᠣᠪᠠ ᠱᠢᠶᠡᠨᠪᠢ᠎ᠶ᠋ᠢᠨ ᠨᠡᠭᠦᠳᠡᠯ ᠪᠠ ᠬᠥᠭ᠌ᠵᠢᠯᠲᠡ᠎ᠶ᠋ᠢᠨ ᠥᠩᠭᠡᠷᠡᠯᠲᠡ》ᠵᠢᠨ ᠦᠵᠡᠰᠭᠦᠯᠡᠩ ᠵᠢᠴᠢ 2024 ᠣᠨ᠎ᠤ ᠰᠢᠨ᠎ᠡ ᠵᠢᠯ᠎ᠦᠨ ᠡᠬᠢᠯᠡᠯᠲᠡ᠎ᠶᠢᠨ ᠦᠵᠡᠰᠭᠦᠯᠡᠩ 《ᠤᠮᠠᠷᠠᠲᠤ ᠬᠢᠯᠢ᠎ᠶ᠋ᠢᠨ ᠢᠮ ᠳᠠᠮᠠᠭ᠎ᠠ — ᠳᠤᠮᠳᠠᠳᠤ᠎ᠶ᠋ᠢᠨ ᠪᠣᠯᠪᠠᠰᠤᠨ᠎ᠤ ᠲᠣᠪᠣᠢᠮ᠎ᠠ ᠣᠨᠴᠠᠯᠢᠭ᠎ᠤᠨ ᠦᠵᠡᠰᠭᠦᠯᠡᠩ》 ᠵᠡᠷᠭᠡ ᠰᠣᠳᠣᠨ ᠪᠦᠲᠦᠭᠡᠯ᠎ᠦᠨ ᠦᠵᠡᠰᠭᠦᠯᠡᠩ ᠭᠠᠷᠭᠠᠵᠤ᠂ ᠵᠢᠭᠤᠯᠴᠢᠯᠠᠭᠰᠡᠳ᠎ᠲᠤ ᠤᠮᠠᠷᠠᠲᠤ ᠬᠢᠯᠢ᠎ᠶ᠋ᠢᠨ ᠰᠣᠶᠣᠯ᠎ᠤᠨ ᠷᠢᠳᠢ ᠱᠢᠳᠢ᠎ᠶ᠋ᠢ ᠭᠦᠨᠵᠡᠭᠡᠶ ᠣᠢᠯᠠᠭᠠᠭᠤᠯᠪᠠ᠃
2024 ᠣᠨ᠎ᠳᠤ ᠥᠪᠥᠷ ᠮᠣᠩᠭᠣᠯ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠢᠶᠠᠷᠤᠯᠲᠠ᠎ᠶ᠋ᠢ ᠴᠢᠨᠠᠭ᠍ᠰᠢᠳᠠ ᠴᠢᠩᠭᠠᠳᠭᠠᠵᠤ᠂ ᠦᠵᠦ᠍ ᠲᠥᠯᠥᠪᠯᠡᠭᠡ᠎ᠶ᠋ᠢ ᠴᠢᠩᠭᠠᠳᠭᠠᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠲᠦᠷᠢᠮ᠎ᠢ ᠪᠠᠢᠭᠤᠯᠤᠨ ᠲᠡᠭᠦᠯᠳᠡᠷᠵᠢᠭᠦᠯᠵᠦ᠍᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠢᠨᠵᠧᠨᠧᠷᠢᠩ᠎ᠦᠨ ᠬᠢᠷᠢ ᠬᠡᠮ᠎ᠦᠨ ᠬᠠᠮᠢᠶᠠᠷᠤᠯᠲᠠ᠎ᠶ᠋ᠢ ᠴᠢᠩᠭᠠᠳᠭᠠᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠪᠠᠢᠴᠠᠭᠠᠬᠤ ᠪᠠ ᠬᠠᠭᠤᠴᠢ ᠰᠤᠳᠤᠯᠤᠯ᠎ᠤᠨ ᠵᠥᠪᠱᠢᠶᠡᠷᠡᠯ᠎ᠦᠨ ᠠᠵᠢᠯ᠎ᠢ ᠦᠷᠭᠦᠯᠵᠢᠯᠡᠨ ᠰᠠᠢᠲᠤᠷ ᠬᠢᠨ᠎ᠠ;ᠳᠡᠯᠡᠬᠡᠢ᠎ᠶ᠋ᠢᠨ ᠰᠣᠶᠣᠯ᠎ᠤᠨ ᠥᠪ᠎ᠢ ᠬᠠᠮᠠᠭᠠᠯᠠᠬᠤ ᠠᠵᠢᠯ᠎ᠢ ᠠᠬᠢᠭᠤᠯᠵᠤ᠂ ᠲᠦᠮᠡᠨ ᠭᠠᠵᠠᠷ᠎ᠤᠨ ᠴᠠᠢ᠎ᠶ᠋ᠢᠨ ᠵᠠᠮ᠂ ᠯᠢᠶᠣᠤ᠎ᠵᠢᠨ ᠳᠡᠭᠡᠳᠦ ᠨᠡᠢᠰᠯᠡᠯ ᠪᠣᠯᠤᠨ ᠳᠡᠭᠡᠳᠦᠰ᠎ᠦᠨ ᠣᠩᠭᠣᠨ᠂ ᠬᠤᠩᠱᠠᠨ᠎ᠤ ᠪᠠᠭᠤᠷᠢ᠎ᠶ᠋ᠢᠨ ᠪᠦᠯᠦᠭᠵᠢᠯ᠂ ᠮᠤᠨᠢ ᠠᠭᠤᠯᠠ᠎ᠶ᠋ᠢᠨ ᠬᠠᠳᠠᠨ ᠰᠡᠢᠯᠦᠮᠡᠯ᠎ᠢ ᠪᠣᠳᠠᠰ᠎ᠤᠨ ᠪᠤᠰᠤ ᠰᠤᠶᠤᠯ᠎ᠤᠨ ᠥᠪ᠎ᠢᠶᠡᠷ ᠮᠡᠳᠡᠭᠦᠯᠬᠦ᠌ ᠠᠬᠢᠴᠠ᠎ᠶ᠋ᠢ ᠠᠬᠢᠭᠤᠯᠤᠨ᠎ᠠ;ᠲᠣᠮᠣ ᠪᠠᠭᠤᠷᠢ᠎ᠶ᠋ᠢ ᠬᠠᠮᠠᠭᠠᠯᠠᠬᠤ ᠢᠨᠵᠧᠨᠧᠷᠢᠩ᠎ᠢ ᠬᠡᠷᠡᠭ᠌ᠵᠢᠭᠦᠯᠵᠦ᠍᠂ ᠳᠠ ᠶᠤᠤ᠎ᠶ᠋ᠢᠨ ᠪᠠᠭᠤᠷᠢ᠂ ᠰᠢᠷᠠᠠᠤᠰᠦᠨᠤ ᠪᠠᠭᠤᠷᠢ᠂ ᠵᠢᠤᠢ ᠶᠠᠨ᠎ᠤ ᠪᠠᠭᠤᠷᠢ᠎ᠶ᠋ᠢᠨ ᠲᠣᠭᠣᠷᠢᠨ᠎ᠳᠤ ᠬᠠᠮᠠᠭᠠᠯᠠᠵᠤ ᠰᠡᠯᠪᠢᠨ ᠵᠠᠰᠠᠬᠤ ᠠᠵᠢᠯ᠎ᠢ ᠥᠷᠨᠢᠭᠦᠯᠦᠨ᠎ᠡ;ᠣᠷᠳᠣ ᠴᠠᠭᠠᠨ ᠬᠡᠷᠡᠮ᠂ ᠬᠠᠲᠤᠨ ᠭᠣᠸ᠋ᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠎ᠠ;ᠥᠪᠥᠷ ᠮᠣᠩᠭᠣᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠪᠠᠷᠢᠯᠭ᠎ᠠ᠎ᠶ᠋ᠢ ᠰᠡᠯᠪᠢᠨ ᠵᠠᠰᠠᠬᠤ ᠲᠥᠯᠥᠪᠯᠡᠭᠡ᠎ᠶ᠋ᠢ ᠦᠷᠭᠦᠯᠵᠢᠯᠡᠨ ᠠᠬᠢᠭᠤᠯᠵᠤ᠂ ᠥᠪᠥᠷ ᠮᠣᠩᠭᠣᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠶ᠋ᠢᠨ ᠲᠣᠭ᠎ᠠ ᠪᠠᠷᠢᠮᠲᠠ᠎ᠶ᠋ᠢᠨ ᠬᠥᠮᠥᠷᠭᠡ᠎ᠶ᠋ᠢ ᠲᠡᠭᠦᠯᠳᠡᠷᠵᠢᠭᠦᠯᠵᠦ᠍᠂ ᠲᠤᠯᠤᠨ ᠨᠤᠤᠷ ᠱᠢᠶᠠᠨ᠂ ᠪᠠᠳᠺᠠᠷ ᠵᠤᠤ ᠰᠦᠮ᠎ᠡ᠎ᠶ᠋ᠢᠨ ᠬᠠᠨ᠎ᠠ᠎ᠶ᠋ᠢᠨ ᠵᠢᠷᠤᠭ᠎ᠤᠨ ᠲᠣᠭᠠᠴᠢᠯᠠᠭ᠍ᠰᠠᠨ ᠲᠦᠷᠦᠯ ᠵᠦᠢᠯ᠎ᠢ ᠠᠬᠢᠭᠤᠯᠵᠤ᠂ ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠨ ᠠᠱᠢᠭ᠍ᠯᠠᠬᠤ ᠠᠵᠢᠯ᠎ᠢ ᠴᠢᠩᠭᠠᠳᠭᠠᠨ᠎ᠠ;ᠪᠠᠷᠠᠭᠤᠨ ᠯᠢᠶᠣᠤᠾᠧ ᠭᠣᠸ᠋ᠯ᠎ᠤᠨ ᠪᠣᠯᠪᠠᠰᠤᠨ᠎ᠢ 《ᠳᠤᠮᠳᠠᠳᠤ᠎ᠶ᠋ᠢᠨ ᠪᠣᠯᠪᠠᠰᠤᠨ᠎ᠤ ᠡᠬᠢ ᠰᠤᠷᠪᠤᠯᠵᠢ᠎ᠶ᠋ᠢ ᠬᠠᠢᠬᠤ ᠢᠨᠵᠧᠨᠧᠷᠢᠩ》᠎ᠳ᠋ᠤ ᠣᠷᠣᠭᠤᠯᠬᠤ᠎ᠶ᠋ᠢ ᠠᠬᠢᠭᠤᠯᠵᠤ᠂ ᠱᠢᠩ ᠯᠦᠩ ᠸᠠ ᠰᠣᠶᠣᠯ᠂ ᠬᠤᠩᠱᠠᠨ ᠰᠣᠶᠣᠯ᠂ ᠱᠢᠶᠠ ᠵᠢᠶᠠ ᠳ᠋ᠢᠶᠠᠨ᠎ᠤ ᠳᠣᠸ᠋ᠷ᠎ᠠ᠎ᠳᠤ ᠳᠠᠪᠬᠤᠷᠭ᠎ᠠ᠎ᠶ᠋ᠢᠨ ᠰᠣᠶᠣᠯ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠠᠵᠢᠯ᠎ᠢ ᠥᠷᠨᠢᠭᠦᠯᠦᠨ᠎ᠡ; 《ᠬᠠᠭᠤᠴᠢ ᠰᠤᠳᠤᠯᠤᠯ᠎ᠤᠨ ᠳᠤᠮᠳᠠᠳᠤ ᠤᠯᠤᠰ》 ᠤ᠋ᠨ ᠴᠢᠬᠤᠯᠠ ᠶᠡᠬᠡ ᠲᠥᠷᠥᠯ ᠵᠦᠶ᠋ᠯ᠎ᠢ ᠦᠷᠭᠦᠯᠵᠢᠯᠡᠨ ᠠᠬᠢᠭᠤᠯᠵᠤ᠂ ᠥᠪᠥᠷ ᠮᠣᠩᠭᠣᠯ᠎ᠤᠨ ᠥᠯᠢᠭᠡᠷ᠎ᠢ ᠰᠠᠢᠲᠤᠷ ᠶᠠᠷᠢᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠲᠥᠷᠥᠯ ᠲᠡᠮᠳᠡᠭ᠎ᠢ ᠬᠢᠯᠠᠯᠵᠠᠭᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃