2024-04-06 10:52:51
ᠤᠷᠴᠢᠮᠬᠠᠨ᠂ ᠬᠠᠩᠵᠧᠦ᠍ᠡᠴᠨ ᠬᠥᠬᠡᠬᠣᠲᠠ᠎ᠳᠤ ᠢᠷᠡᠵᠦ ᠲᠦᠷᠦᠯ ᠰᠠᠳᠤᠨ᠎ᠢᠶᠠᠨ ᠡᠷᠭᠢᠵᠦ᠍ ᠦᠵᠡᠬᠥ ᠵᠢᠨ ᠬᠠᠮᠳᠤ ᠵᠢᠭᠤᠯᠴᠢᠯᠠᠵᠤ ᠶᠠᠪᠤᠭ᠎ᠠ ᠵᠡᠨᠭ ᠸᠸᠢ ᠠᠪᠤᠭᠠᠢ ᠬᠣᠲᠣᠩ ᠠᠷᠠᠳ᠎ᠤᠨ ᠲᠣᠭᠣᠷᠢᠭ᠎ᠤᠨ ᠮᠤᠨᠢ ᠠᠭᠤᠯᠠᠪᠣᠳᠠᠰᠤᠨ ᠪᠤᠰᠤ ᠰᠣᠶᠣᠯ᠎ᠤᠨ ᠥᠪ᠎ᠦᠨ ᠵᠢᠵᠢᠭ ᠪᠠᠯᠭᠠᠰᠤᠨ᠎ᠳᠤ ᠣᠴᠢᠯ᠎ᠠ᠃ ᠡᠨᠳᠡᠬᠢ ᠮᠣᠩᠭᠣᠯ ᠦᠨᠳᠦᠰᠦᠲᠡᠨ᠎ᠦ ᠠᠷᠠᠰᠤᠨ ᠤᠷᠠᠯᠢᠭ᠎ᠤᠨ ᠶᠡᠬᠡ ᠪᠠᠭ᠍ᠰᠢ᠎ᠶ᠋ᠢᠨ ᠤᠯᠠᠮᠵᠢᠯᠠᠯᠲᠤ ᠭᠠᠷ ᠤᠷᠠᠯᠠᠯ᠎ᠢᠶᠠᠷ ᠬᠢᠭ᠌ᠰᠡᠨ ᠠᠷᠠᠰᠤᠨ ᠰᠡᠢᠯᠦᠮᠡᠯ ᠵᠢᠷᠤᠭ ᠪᠠ ᠠᠷᠠᠰᠤᠨ ᠤᠷᠠᠯᠠᠯ᠎ᠤᠨ ᠡᠳ᠋ᠯᠡᠯ ᠨᠢ ᠲᠡᠭᠦᠨ᠎ᠦ ᠪᠠᠬᠠᠷᠬᠠᠯ᠎ᠢ ᠶᠡᠬᠡᠲᠡ ᠲᠠᠲᠠᠪᠠ᠃
ᠨᠠᠷᠢᠪᠴᠢᠯᠠᠨ ᠦᠵᠡᠵᠦ᠍᠂ ᠰᠢᠨᠵᠢᠯᠡᠨ ᠪᠠᠬᠠᠷᠬᠠᠨ᠎ᠠ᠃ ᠨᠠᠷᠢᠯᠢᠭ ᠭᠢᠴᠨ ᠲᠠᠢ ᠠᠷᠠᠰᠤᠨ ᠡᠳ᠋ᠯᠡᠯ ᠤᠨ ᠪᠦᠲᠦᠭᠡᠯ᠎ᠦᠳ ᠨᠢ ᠵᠠᠩ ᠸᠧᠶ᠎ᠳᠦ ᠤᠯᠠᠮᠵᠢᠯᠠᠯᠲᠤ ᠰᠣᠶᠣᠯ᠎ᠤᠨ ᠥᠪᠡᠷᠮᠢᠴᠡ ᠤᠷᠠᠯᠢᠭ᠎ᠤᠨ ᠷᠢᠳᠢ ᠱᠢᠳᠢ᠎ᠶ᠋ᠢ ᠮᠡᠳᠡᠷᠡᠭᠦᠯᠵᠡᠶ᠃
ᠮᠤᠨᠢ ᠠᠭᠤᠯᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠢᠵᠢᠭ ᠪᠠᠯᠭᠠᠰᠤᠨ᠎ᠤ ᠤᠷᠠᠯᠢᠭ᠎ᠤᠨ ᠲᠥᠪ᠎ᠲᠦ᠍᠂ 1999 ᠣᠨ᠎ᠳᠤ ᠲᠦᠷᠦᠭ᠌ᠰᠡᠨ ᠲᠡᠷᠭᠡᠯ ᠬᠡᠦᠬᠡᠨ᠂ ᠵᠠᠩ ᠸᠧᠢ ᠪᠣᠯᠤᠨ ᠵᠢᠭᠤᠯᠴᠢᠯᠠᠭᠴᠢᠳ᠎ᠲᠤ ᠮᠣᠩᠭᠣᠯ ᠦᠨᠳᠦᠰᠦᠲᠡᠨ᠎ᠦ ᠠᠷᠠᠰᠤᠨ ᠵᠢᠷᠤᠭ ᠦᠢᠯᠡᠳᠬᠦ᠌ ᠤᠷ᠎ᠠ ᠮᠡᠷᠭᠡᠵᠢᠯ᠎ᠢ ᠲᠠᠢᠯᠪᠤᠷᠢᠯᠠᠵᠤ ᠪᠠᠢᠯ᠎ᠠ᠃
ᠵᠢᠷᠤᠭ ᠲᠥᠯᠥᠪᠯᠡᠭᠡᠨ᠎ᠦ ᠲᠤᠰᠭᠠᠶ ᠮᠡᠷᠭᠡᠵᠢᠯ ᠰᠣᠷᠣᠭ᠍ᠰᠠᠨ ᠲᠡᠷᠡ ᠶᠡᠬᠡ ᠰᠤᠷᠭᠠᠭᠤᠯᠢ᠎ᠪᠠᠨ ᠲᠡᠭᠦᠰᠦᠭ᠌ᠰᠡᠨ᠎ᠦ᠎ᠪᠡᠨ ᠳᠠᠷᠠᠭ᠎ᠠ ᠮᠣᠩᠭᠣᠯ ᠦᠨᠳᠦᠰᠦᠲᠡᠨ᠎ᠦ ᠠᠷᠠᠰᠤᠨ ᠵᠢᠷᠤᠭ᠎ᠤᠨ ᠤᠯᠠᠮᠵᠢᠯᠠᠯᠲᠤ ᠤᠷ᠎ᠠ ᠮᠡᠷᠭᠡᠵᠢᠯ᠎ᠳᠦ ᠬᠠᠢᠷᠠᠲᠠᠶ ᠪᠠᠢᠳᠠᠭ᠎ᠢᠶᠠᠷ᠎ᠢᠶᠠᠨ ᠡᠨᠳᠡ ᠢᠷᠡᠵᠦ᠍ ᠪᠠᠭ᠍ᠰᠢ᠎ᠪᠠᠨ ᠳᠠᠭᠠᠵᠤ ᠠᠷᠠᠰᠤᠨ ᠵᠢᠷᠤᠭ᠎ᠤᠨ ᠵᠣᠬᠢᠶᠠᠨ ᠪᠦᠲᠦᠭᠡᠯᠭᠡ᠎ᠶ᠋ᠢ ᠰᠤᠷᠴᠠᠶ᠃ ᠶᠡᠷᠡᠭᠡᠳ ᠣᠨ᠎ᠡᠴᠡ ᠰᠡᠭᠦᠯᠡᠷ ᠲᠦᠷᠦᠭᠰᠡᠳ ᠮᠠᠰᠢ ᠣᠯᠠᠨ ᠱᠢᠨ᠎ᠡ ᠰᠡᠪᠡᠭᠦᠨ ᠶᠠᠭᠤᠮᠠᠰ᠎ᠲᠦ ᠳᠤᠷ᠎ᠠ ᠲᠠᠢ ᠪᠠᠢᠳᠠᠭ ᠲᠠᠢ᠂ ᠭᠡᠳᠡᠯ᠎ᠡ ᠲᠡᠷᠭᠡᠯ ᠬᠠᠷᠢᠨ ᠤᠯᠠᠮᠵᠢᠯᠠᠯᠲᠤ ᠭᠠᠷ ᠤᠷᠠᠯᠠᠯ᠎ᠤᠨ ᠠᠷᠠᠰᠤᠨ ᠤᠷᠠᠯᠠᠯ᠎ᠤᠨ ᠪᠦᠲᠦᠭᠡᠭ᠌ᠳᠡᠬᠦᠨ᠎ᠳᠦ ᠣᠨᠴᠠᠭᠠᠶ ᠳᠤᠷᠠᠲᠠᠶ ᠪᠠᠢᠳᠠᠭ᠂ ᠡᠲᠡᠭᠡᠷ ᠬᠦᠮᠦᠰ᠎ᠤᠨ ᠨᠢᠳᠦᠨ᠎ᠳᠡᠬᠢ 《ᠡᠷᠲᠡᠨ᠎ᠦ ᠡᠳ᠋》 ᠨᠢ ᠲᠡᠭᠦᠨ᠎ᠳᠦ ᠠᠪᠴᠤ᠌ ᠬᠡᠯᠡᠪᠡᠯ ᠬᠠᠷᠢᠨ 《ᠰᠡᠳᠭᠢᠯ᠎ᠦᠨ ᠡᠷᠳᠡᠨᠢ》 ᠪᠤᠯᠵᠤ᠂ ᠳᠡᠬᠦᠨ᠎ᠤ ᠦᠭᠡ᠎ᠪᠡᠷ ᠬᠡᠯᠡᠪᠡᠯ᠂ ᠲᠡᠷᠡ ᠪᠤᠯ 《ᠠᠷᠠᠰᠤᠨ ᠤᠷᠠᠯᠠᠯ ᠤᠨ ᠵᠠᠯᠠᠭᠤ ᠤᠷᠠᠨ ᠳᠠᠷᠬᠠᠨ》 ᠶᠤᠮ᠃
《ᠮᠣᠩᠭᠣᠯ ᠦᠨᠳᠦᠰᠦᠲᠡᠨ᠎ᠦ ᠠᠷᠠᠰᠤᠨ ᠤᠷᠠᠯᠠᠯ ᠨᠢ ᠤᠯᠤᠰ᠎ᠤᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠢᠯ ᠪᠣᠯᠤᠭ᠍ᠰᠠᠨ᠎ᠤ ᠬᠤᠪᠢ᠎ᠳᠤ᠂ ᠤᠮᠠᠷᠠᠲᠤ᠎ᠶ᠋ᠢᠨ ᠨᠡᠭᠦᠳᠡᠯᠴᠢᠨ ᠦᠨᠳᠦᠰᠦᠲᠡᠨ᠎ᠦ ᠣᠯᠠᠨ ᠵᠢᠯ᠎ᠦᠨ ᠲᠤᠷᠱᠢᠬᠢ ᠪᠣᠳᠠᠰ᠎ᠤᠨ ᠬᠡᠷᠡᠭ᠌ᠴᠡᠭᠡ᠎ᠡᠴᠡ ᠣᠶᠤᠨ ᠰᠠᠨᠠᠭᠠᠨ᠎ᠤ ᠬᠥᠭᠡᠭᠡᠴᠡᠯᠳᠦᠯ᠎ᠳᠦ ᠬᠦᠷᠦᠭ᠌ᠰᠡᠨ ᠤᠷᠲᠤ ᠤᠳᠠᠭᠠᠨ ᠬᠤᠭᠤᠴᠠᠭᠠᠨ᠎ᠤ ᠥᠩᠭᠡᠷᠡᠯᠲᠡ ᠮᠥᠨ》᠃ ᠲᠡᠷᠭᠡᠯ ᠨᠢᠭᠡᠨ ᠨᠠᠢᠷ᠎ᠤᠨ ᠲᠠᠯᠠᠪᠠᠢ ᠵᠢᠨ ᠮᠣᠷᠢᠨ ᠤᠷᠤᠯᠳᠤᠭᠠᠨ᠎ᠤ ᠠᠬᠤᠢ ᠲᠠᠯᠠᠪᠠᠶ᠎ᠶ᠋ᠢᠨ ᠠᠷᠠᠰᠤᠨ ᠵᠢᠷᠤᠭ᠎ᠢ ᠵᠢᠭᠠᠵᠤ᠂ ᠡᠨᠡ ᠪᠦᠲᠦᠭᠡᠯ᠎ᠢ ᠪᠦᠲᠦᠭᠡᠬᠦ᠌᠎ᠳᠦ ᠬᠡᠳᠦᠨ ᠰᠠᠷ᠎ᠠ᠂ ᠴᠢᠨᠠᠭ᠍ᠰᠢᠯᠠᠪᠠᠯ ᠨᠠᠩ ᠣᠷᠳᠣ ᠴᠠᠭ ᠵᠠᠷᠤᠴᠠᠭᠤᠯᠵᠤ᠂ ᠠᠯᠬᠤᠮ ᠪᠦᠷᠢᠳᠦ ᠴᠥᠮ ᠨᠠᠷᠢᠨ ᠨᠢᠮᠪᠠᠶ ᠰᠡᠳᠭᠢᠨ ᠪᠣᠳᠣᠯᠬᠢᠯᠠᠬᠤ ᠴᠢᠬᠤᠯᠠᠲᠠᠢ ᠪᠠᠢᠳᠠᠭ ᠭᠡᠵᠦ ᠬᠡᠯᠡᠪᠡ᠃ ᠠᠷᠠᠰᠤᠨ ᠵᠢᠷᠤᠭᠲᠤ ᠪᠠᠰᠠ ᠡᠯᠳᠡᠨ ᠪᠣᠯᠪᠠᠰᠤᠷᠠᠭᠤᠯᠬᠤ᠂ ᠨᠠᠢᠷᠠᠭᠤᠯᠤᠨ ᠵᠣᠬᠢᠶᠠᠬᠤ ᠵᠡᠷᠭᠡ ᠠᠷᠭ᠎ᠠ ᠪᠠᠷᠢᠯ᠎ᠢ ᠶᠡᠷᠦᠩᠬᠡᠢᠯᠡᠨ ᠬᠡᠷᠡᠭ᠌ᠯᠡᠵᠦ᠍᠂ ᠵᠠᠷᠢᠮ ᠠᠷᠠᠰᠤᠨ ᠵᠢᠷᠤᠭ᠎ᠲᠠᠬᠢ ᠲᠠᠱᠢᠭᠤᠷ᠂ ᠭᠡᠵᠢᠭᠡ ᠵᠡᠷᠭᠡ᠎ᠶ᠋ᠢ ᠦᠰᠦ᠂ ᠠᠷᠠᠰᠤ ᠱᠢᠷᠢ ᠵᠡᠷᠭᠡ ᠮᠠᠲ᠋ᠧᠷᠢᠶᠠᠯ᠎ᠢᠶᠠᠷ ᠲᠤᠰᠠᠭᠠᠷ ᠬᠢᠵᠦ᠍᠂ ᠪᠦᠬᠦᠢᠯᠡ ᠪᠦᠲᠦᠭᠡᠯ᠎ᠢ ᠨᠡᠩ ᠪᠡᠶᠡᠲᠦ᠂ ᠦᠨᠡᠨ ᠪᠣᠳᠠᠲᠠᠶ᠂ ᠬᠥᠳᠡᠯᠭᠡᠭᠡᠨᠲᠦ ᠮᠡᠳᠡᠷᠡᠮᠵᠢ᠎ᠲᠡᠶ ᠪᠣᠯᠭᠠᠳᠠᠭ ᠶᠤᠮ᠃
ᠪᠣᠳᠠᠰ᠎ᠤᠨ ᠪᠤᠰᠤ ᠰᠣᠶᠣᠯ᠎ᠤᠨ ᠥᠪ ᠪᠣᠯ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠃ ᠲᠡᠬᠥᠨ ᠤ ᠡᠯᠪᠡᠭ ᠪᠠᠶᠠᠯᠢᠭ ᠡᠬᠢ ᠪᠠᠶᠠᠯᠢᠭ ᠨᠢ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠤᠨ ᠠᠭᠤᠰᠤᠯᠴᠠᠨ ᠬᠥᠭ᠌ᠵᠢᠬᠦ᠌᠎ᠳᠦ ᠰᠠᠢ᠌ᠨ ᠰᠠᠢᠬᠠᠨ ᠰᠠᠭᠤᠷᠢ᠎ᠶ᠋ᠢ ᠬᠠᠩᠭᠠᠵᠠᠢ᠃
ᠣᠢᠷ᠎ᠠ᠎ᠶ᠋ᠢᠨ ᠵᠢᠯ᠎ᠳᠦ᠂ ᠬᠣᠲᠤᠩ ᠠᠷᠠᠳ᠎ᠤᠨ ᠲᠣᠭᠣᠷᠢᠭ᠎ᠤᠨ ᠬᠢᠨ ᠠᠭᠤᠰᠤᠯᠴᠠᠬᠤ ᠵᠠᠮ᠎ᠢ ᠲᠠᠰᠤᠷᠠᠯᠲᠠ ᠦᠭᠡᠶ ᠬᠠᠢᠨ ᠰᠦᠪᠡᠭ᠌ᠴᠢᠯᠡᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠨᠡᠢᠭᠡᠮ᠎ᠦᠨ ᠪᠠ ᠰᠣᠶᠣᠯ᠎ᠤᠨ ᠦᠨ᠎ᠡ ᠥᠷᠲᠡᠭ᠎ᠢ ᠭᠦᠨᠵᠡᠭᠡᠶ ᠠᠭᠤᠳᠠᠯᠵᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠂ ᠱᠢᠨ᠎ᠡ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠷᠣᠨ ᠪᠦᠰᠡ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠰᠣᠶᠣᠯ ᠵᠢᠭᠤᠯᠴᠢᠯᠠᠯ᠎ᠤᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠂ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭ᠌ᠵᠢᠬᠦ᠌᠂ ᠰᠣᠶᠣᠯ᠎ᠤᠨ ᠡᠭᠦᠳᠦᠯᠲᠡᠶᠢᠨᠪᠦᠲᠦᠭᠡᠭ᠌ᠳᠡᠬᠦᠨᠦ ᠬᠠᠩᠭᠠᠯᠭ᠎ᠠ᠂ ᠬᠤᠪᠢᠰᠭᠠᠯ᠎ᠤᠨ ᠵᠢᠭᠤᠯᠴᠢᠯᠠᠯ᠎ᠤᠨ ᠵᠠᠭ᠍ᠪᠤᠷ᠎ᠤᠨ ᠱᠢᠨ᠎ᠡ᠎ᠶ᠋ᠢ ᠡᠭᠦᠳᠬᠦ᠌ ᠵᠢᠴᠢ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ 《 ᠪᠣᠳᠠᠰ᠎ᠤᠨ ᠪᠤᠰᠤ ᠰᠣᠶᠣᠯ᠎ᠤᠨ ᠥᠪ + ᠵᠢᠭᠤᠯᠴᠢᠯᠠᠯ 》 ᠤ᠋ᠨ ᠭᠦᠨᠵᠡᠭᠡᠶ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠣᠯᠠᠨ ᠶᠠᠩᠵᠤ᠎ᠶ᠋ᠢᠨ᠂ ᠪᠥᠬᠥ᠌ ᠬᠦᠷᠢᠶ᠎ᠡ ᠵᠢᠨ ᠵᠢᠭᠤᠯᠴᠢᠯᠠᠯ᠎ᠤᠨ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠢᠳᠡᠪᠬᠢᠲᠡᠶ ᠪᠣᠶ ᠪᠣᠯᠭᠠᠵᠤ᠂ ᠵᠢᠭᠤᠯᠴᠢᠯᠠᠭ᠍ᠴᠢᠳ᠎ᠲᠤ ᠣᠯᠠᠨ ᠡᠱᠢᠲᠦ ᠰᠣᠶᠣᠯ ᠵᠢᠭᠤᠯᠴᠢᠯᠠᠯ᠎ᠤᠨ ᠪᠡᠶᠡᠴᠢ ᠣᠢᠯᠠᠭᠠᠯᠲᠠ ᠣᠯᠭᠣᠵᠤ᠂ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠪᠠ᠃
ᠮᠤᠨᠢ ᠠᠭᠤᠯᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠢᠵᠢᠭ ᠪᠠᠯᠭᠠᠰᠤ ᠬᠣᠲᠣᠩ ᠠᠷᠠᠳ᠎ᠤᠨ ᠲᠣᠭᠣᠷᠢᠭ᠎ᠤᠨ ᠵᠢᠶᠠ ᠶᠣᠣ ᠲᠣᠰᠭᠣᠨ᠎ᠳᠤ ᠪᠠᠢᠷᠢᠯᠠᠵᠤ᠂ ᠳᠠᠯᠠᠨ ᠬᠠᠷ᠎ᠠ ᠠᠭᠤᠯᠠ᠎ᠶ᠋ᠢᠨ ᠠᠮᠢ ᠠᠬᠤᠢ᠎ᠶ᠋ᠢᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠤ ᠤᠷᠤᠰᠢᠵᠤ᠂ ᠡᠨᠳᠡ ᠡᠷᠲᠡᠨ᠎ᠦ ᠲᠡᠮᠡᠭᠡᠨ ᠵᠠᠮ᠎ᠤᠨ ᠪᠠᠢ ᠳ᠋ᠤᠤ ᠴᠤᠸᠠᠨ᠎ᠤ ᠲᠦᠮᠡᠨ ᠭᠠᠵᠠᠷ᠎ᠤᠨ ᠴᠠᠢ᠎ᠶ᠋ᠢᠨ ᠵᠠᠮ᠎ᠤᠨ ᠤᠯᠠᠭ᠎ᠠ ᠦᠷᠳᠡᠭᠡ ᠪᠠᠢᠵᠤ᠂ ᠨᠢᠭᠡᠨᠲᠡ ᠤᠯᠤᠰ᠎ᠤᠨ 4A ᠳᠡᠰ᠎ᠤᠨ ᠦᠵᠡᠮᠵᠢ᠎ᠶ᠋ᠢᠨ ᠣᠷᠣᠨ ᠪᠣᠯᠵᠠᠢ᠃
ᠵᠢᠵᠢᠭ ᠪᠠᠯᠭᠠᠰᠤᠨ᠎ᠳᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷᠠᠯᠢᠭ᠎ᠤᠨ ᠮᠦᠽᠧᠶ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠤᠳᠤᠯᠭᠠᠨ᠎ᠤ ᠰᠠᠭᠤᠷᠢᠨ ᠪᠠᠭ᠍ᠲᠠᠵᠤ᠂ ᠲᠦᠮᠡᠨ ᠭᠠᠵᠠᠷ᠎ᠤᠨ ᠴᠠᠶ᠎ᠶ᠋ᠢᠨ ᠵᠠᠮ᠎ᠤᠨ ᠤᠯᠠᠭ᠎ᠠ ᠥᠷᠲᠡᠭᠡ ᠪᠣᠯᠤᠨ ᠨᠡᠭᠦᠳᠡᠯ ᠰᠣᠶᠣᠯ᠎ᠤᠨ ᠦᠵᠡᠭᠦᠯᠭᠡ᠎ᠶ᠋ᠢᠨ ᠲᠣᠭᠣᠷᠢᠭ᠂ ᠲᠠᠷᠢᠶᠠᠯᠠᠩ᠎ᠤᠨ ᠰᠣᠶᠣᠯ᠎ᠤᠨ ᠮᠠᠱᠢᠨ ᠮᠧᠬᠠᠨᠢᠭ᠎ᠤᠨ ᠦᠵᠡᠭᠦᠯᠭᠡ᠎ᠶ᠋ᠢᠨ ᠲᠣᠭᠣᠷᠢᠭ ᠵᠢᠴᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠳᠠᠭᠤᠷᠢᠯᠢᠭ᠎ᠤᠨ ᠲᠣᠭ᠍ᠯᠠᠯᠲᠠ ᠪᠣᠯᠤᠨ ᠮᠤᠨᠢ ᠠᠭᠤᠯᠠ᠎ᠶ᠋ᠢᠨ ᠬᠠᠳᠠᠨ ᠵᠢᠷᠤᠭ ᠪᠠᠢ ᠳ᠋ᠤᠤ ᠭᠸᠤ᠂ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠰᠠᠭᠤᠷᠢᠨ ᠵᠡᠷᠭᠡ ᠵᠢᠭᠤᠯᠴᠢᠯᠠᠨ ᠦᠵᠡᠬᠦ ᠲᠣᠭᠣᠷᠢᠭ᠎ᠲᠤ ᠠᠷᠠᠰᠤᠨ᠎ᠤ ᠤᠷᠠᠯᠢᠭ᠂ ᠸᠠᠭᠠᠷ᠎ᠤᠨ ᠤᠷᠠᠯᠢᠭ᠂ ᠴᠠᠭᠠᠰᠤᠨ ᠬᠠᠢᠴᠢᠯᠠᠮᠠᠯ ᠵᠡᠷᠭᠡ 80 ᠭᠠᠷᠤᠢ ᠵᠦᠢᠯ᠎ᠦᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠦᠷᠦᠯ ᠵᠦᠢᠯ᠎ᠢ ᠲᠥᠪᠯᠡᠷᠡᠭᠦᠯᠵᠦ᠍᠂ ᠡᠭᠦᠨ᠎ᠳᠦ 20 ᠵᠦᠢᠯ᠎ᠢ ᠨᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠤᠳᠤᠯᠭᠠᠨ᠎ᠤ ᠬᠢᠴᠢᠶᠡᠯ ᠪᠣᠯᠭᠠᠨ ᠨᠡᠭᠡᠭᠡᠨ ᠬᠥᠭ᠌ᠵᠢᠭᠦᠯᠵᠦ᠍᠂ ᠥᠪᠥᠷ ᠮᠣᠩᠭᠣᠯ᠎ᠤᠨ ᠠᠩᠬᠠᠳᠠᠭ᠍ᠴᠢ ᠲᠡᠦᠬᠡ ᠰᠣᠶᠣᠯ᠎ᠤᠨ ᠡᠬᠢ ᠪᠠᠶᠠᠯᠢᠭ ᠢ ᠠᠭᠤᠳᠠᠯᠬᠤ᠂ ᠳᠡᠯᠭᠡᠨ ᠦᠵᠡᠭᠦᠯᠵᠦ᠍ ᠪᠡᠶᠡᠴᠢᠯᠡᠨ ᠤᠢᠯᠠᠭᠠᠵᠤ ᠤᠯᠠᠮᠵᠢᠯᠠᠬᠤ ᠲᠦᠷᠦᠯ ᠵᠦᠢᠯ᠎ᠢᠶᠡᠷ ᠭᠣᠣᠯ ᠴᠣᠭ᠍ᠴᠠ ᠪᠣᠯᠭᠠᠭ᠍ᠰᠠᠨ ᠲᠤᠮᠤ ᠬᠡᠯᠪᠡᠷᠢ᠎ᠶ᠋ᠢᠨ ᠵᠠᠳᠠᠭᠠᠢ ᠮᠦᠽᠧᠢ ᠪᠣᠯᠤᠨ᠎ᠠ᠃
ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭ᠌ᠵᠢᠭᠦᠯᠬᠦ᠌᠎ᠶ᠋ᠢ ᠠᠬᠢᠭᠤᠯᠬᠤ᠎ᠶ᠋ᠢᠨ ᠲᠥᠯᠥᠭᠡ᠂ ᠬᠣᠲᠣᠩ ᠠᠷᠠᠳ᠎ᠤᠨ ᠲᠣᠭᠣᠷᠢᠭ 《ᠪᠣᠳᠠᠰ᠎ᠤᠨ ᠪᠤᠰᠤ ᠰᠣᠶᠣᠯ᠎ᠤᠨ ᠥᠪ+N》 ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ ᠱᠢᠨ᠎ᠡ ᠠᠷᠭ᠎ᠠ ᠵᠠᠮ᠎ᠢ ᠬᠠᠢᠨ ᠰᠦᠪᠡᠭ᠌ᠴᠢᠯᠡᠪᠡ ᠃ ᠡᠭᠦᠨ᠎ᠳᠦ 《ᠪᠣᠳᠠᠰ᠎ᠤᠨ ᠪᠤᠰᠤ ᠰᠣᠶᠣᠯ᠎ᠤᠨ ᠥᠪ + ᠦᠵᠡᠮᠵᠢ᠎ᠶ᠋ᠢᠨ ᠣᠷᠣᠨ》 ᠂ 《 ᠪᠣᠳᠠᠰ᠎ᠤᠨ ᠪᠤᠰᠤ ᠰᠣᠶᠣᠯ᠎ᠤᠨ ᠥᠪ + ᠰᠣᠶᠣᠯ᠎ᠤᠨ ᠡᠭᠦᠳᠦᠯᠲᠡ》᠂ 《ᠪᠣᠳᠠᠰ᠎ᠤᠨ ᠪᠤᠰᠤ ᠰᠣᠶᠣᠯ᠎ᠤᠨ ᠥᠪ + ᠬᠤᠪᠢᠰᠭᠠᠯ᠎ᠤᠨ ᠰᠣᠶᠣᠯ》᠂ 《ᠪᠣᠳᠠᠰ᠎ᠤᠨ ᠪᠤᠰᠤ ᠰᠣᠶᠣᠯ᠎ᠤᠨ ᠥᠪ + ᠰᠣᠶᠣᠯᠵᠢᠭᠤᠯᠴᠢᠯᠠᠯ》ᠵᠡᠷᠭᠡ ᠤᠯᠠᠨ ᠵᠦᠢᠯ᠎ᠦᠨ ᠨᠡᠭᠡᠭᠡᠯᠲᠡ᠎ᠶ᠋ᠢᠨ ᠠᠷᠭ᠎ᠠ ᠬᠡᠯᠪᠡᠷᠢ᠎ᠶ᠋ᠢ ᠪᠠᠭ᠍ᠲᠠᠭᠠᠵᠠᠢ᠃ ᠪᠤᠳᠠᠰ᠎ᠤᠨ ᠪᠤᠰᠤ ᠰᠤᠶᠤᠯ᠎ᠤᠨ ᠦᠪ᠎ᠤᠨ ᠵᠠᠯᠭᠠᠮᠵᠢᠯᠠᠯ ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠤᠶᠠᠯᠳᠤᠭᠤᠯᠵᠤ᠂ ᠵᠢᠭᠤᠯᠴᠢᠯᠠᠨ ᠲᠣᠭᠣᠷᠢᠬᠤ᠂ ᠰᠡᠯᠡᠭᠦᠴᠡᠬᠦ᠌᠂ ᠠᠷᠠᠳ᠎ᠤᠨ ᠤᠯᠠᠮᠵᠢᠯᠠᠯᠲᠦ ᠰᠠᠭᠤᠴᠠ᠎ᠶᠢᠨ ᠪᠠᠭᠤᠳᠠᠯ᠎ᠢ ᠨᠢᠭᠡ ᠴᠤᠭ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠴᠢᠨᠠᠷᠲᠠᠶ ᠤᠨᠴᠠᠯᠢᠬ᠍ᠳᠤ ᠪᠠᠶᠠᠴᠢᠯᠡᠨ ᠣᠢᠯᠠᠭᠠᠬᠤ ᠠᠮᠠᠷᠠᠯᠲᠠ᠎ᠶ᠋ᠢᠨ ᠵᠢᠵᠢᠭ ᠪᠠᠯᠭᠠᠰᠤ᠎ᠶ᠋ᠢ ᠬᠦᠴᠦᠯᠡᠨ ᠪᠠᠢᠭᠤᠯᠪᠠ᠃ 2023 ᠣᠨ᠎ᠳᠤ᠂ ᠮᠤᠨᠢ ᠠᠭᠤᠯᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠢᠵᠢᠭ ᠪᠠᠯᠭᠠᠰᠤ 《ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠶ᠋ᠯᠡᠳᠪᠦᠷᠢᠯᠡᠯ᠎ᠦᠨ ᠴᠢᠨᠠᠷᠲᠠᠶ ᠬᠠᠮᠠᠭᠠᠯᠠᠯᠲᠠ᠎ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ》 ᠪᠠ 《ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠩᠬᠠᠳᠠᠭ᠍ᠴᠢ ᠪᠦᠯᠦᠭ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠨᠴᠠᠯᠢᠭ᠍ᠳᠤ ᠲᠣᠰᠭᠣᠨ ᠪᠠᠯᠭᠠᠰᠤ》 ᠪᠡᠷ ᠰᠣᠩᠭᠣᠭ᠍ᠳᠠᠪᠠ᠃
ᠰᠤᠶᠤᠯ᠎ᠢᠶᠡᠷ ᠵᠢᠭᠤᠯᠴᠢᠯᠠᠯ᠎ᠢ ᠱᠤᠭᠤᠵᠤ᠂ ᠵᠢᠭᠤᠯᠴᠢᠯᠠᠯ᠎ᠢᠶᠡᠷ ᠰᠤᠶᠤᠯ᠎ᠢ ᠲᠤᠪᠤᠢ᠌ᠯᠭᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠠ ᠵᠢᠭᠤᠯᠴᠢᠯᠠᠯ᠎ᠤᠨ ᠠᠭᠤᠰᠤᠯᠴᠠᠯ ᠬᠣᠲᠣᠩ ᠠᠷᠠᠳ᠎ᠤᠨ ᠲᠣᠭᠣᠷᠢᠭ᠎ᠤᠨ ᠨᠡᠩ ᠤᠯᠠᠨ ᠥᠪᠡᠷᠮᠢᠴᠡ ᠰᠣᠶᠣᠯ᠎ᠤᠨ ᠠᠭᠤᠯᠬᠤᠨ᠎ᠲᠠᠶ ᠵᠢᠭᠤᠯᠴᠢᠯᠠᠯ᠎ᠤᠨ ᠪᠦᠲᠦᠭᠡᠭ᠌ᠳᠡᠬᠦᠨ᠎ᠢ ᠪᠤᠢ ᠪᠣᠯᠭᠠᠭᠰᠠᠨ᠎ᠢᠶᠡᠷ ᠪᠠᠷᠠᠬᠤ ᠦᠭᠡᠢ᠂ ᠵᠢᠭᠤᠯᠴᠢᠯᠠᠯ᠎ᠤᠨ ᠦᠢᠯᠡᠰ᠎ᠦᠨ ᠬᠡᠯᠪᠡᠷᠢ᠎ᠶ᠋ᠢ ᠱᠢᠨᠡᠴᠢᠯᠡᠵᠦ᠍᠂ ᠵᠢᠭᠤᠯᠴᠢᠯᠠᠯ᠎ᠤᠨ ᠬᠠᠩᠭᠠᠯᠭ᠎ᠠ᠎ᠶ᠋ᠢ ᠪᠠᠶᠠᠯᠢᠭ᠍ᠵᠢᠭᠤᠯᠵᠤ᠂ ᠪᠠᠰᠠ ᠪᠣᠳᠠᠰ᠎ᠤᠨ ᠪᠤᠰᠤ ᠰᠣᠶᠣᠯ᠎ᠤᠨ ᠥᠪ᠎ᠢ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢᠶᠡᠷ ᠳᠠᠮᠵᠢᠭᠤᠯᠤᠨ ᠲᠦᠭ ᠲᠦᠮᠡᠨ ᠠᠢᠯ ᠡᠷᠦᠬᠡ᠎ᠳᠦ ᠣᠷᠣᠭᠤᠯᠤᠭ᠍ᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃