2024-03-12 11:46:28
ᠦᠬᠠᠶ ᠬᠣᠲᠠ᠎ᠶ᠋ᠢᠨ ᠬᠠᠢᠨᠠᠨ ᠲᠣᠭᠣᠷᠢᠭ᠎ᠤᠨ ᠷᠠᠰᠠᠩ ᠳᠤᠮᠳᠠ ᠵᠡᠭᠡᠯᠢ᠎ᠶ᠋ᠢᠨ ᠡᠮᠦᠨ᠎ᠡ ᠦᠵᠦᠭᠦᠷ᠎ᠦᠨ 《ᠵᠢᠷᠭᠤᠭ᠎ᠠ ᠲᠠᠪᠤ ᠲᠦᠷᠪᠡ》 ᠵᠢᠨ ᠭᠠᠵᠠᠷ ᠣᠷᠣᠨ᠎ᠳᠤ᠂ ᠵᠡᠭᠦᠨ ᠪᠠᠷᠠᠭᠤᠨ ᠡᠮᠦᠨ᠎ᠡ ᠭᠤᠷᠪᠠᠨ ᠲᠠᠯ᠎ᠠ᠎ᠪᠠᠷ ᠵᠢᠡᠨ ᠠᠭᠤᠯᠠᠨ᠎ᠳᠤ ᠬᠦᠷᠢᠶᠡᠯᠡᠭᠳᠡᠭᠰᠡᠨ ᠵᠢᠵᠢᠭ ᠠᠭᠤᠯᠠᠨ ᠭᠤᠤ ᠪᠠᠢᠳᠠᠭ᠃ 20 ᠳ᠋ᠤᠭᠠᠷ ᠵᠠᠭᠤᠨ᠎ᠤ ᠵᠢᠷᠠᠭᠠᠳ ᠣᠨ᠎ᠳᠤ ᠡᠨᠡ ᠬᠦ᠌ ᠵᠢᠵᠢᠭ᠌ᠬᠡᠨ ᠠᠭᠤᠯᠠᠨ ᠭᠤᠤ᠎ᠳᠤ᠂ ᠥᠪᠥᠷ ᠮᠣᠩᠭᠣᠯ᠎ᠤᠨ ᠨᠢᠭᠡᠳᠦᠭᠡᠷ ᠨᠡᠢᠳᠡᠮ᠎ᠤᠨ ᠬᠡᠷᠡᠭᠯᠡᠭᠡᠨ᠎ᠤ ᠮᠧᠬᠠᠨᠢᠭ᠎ᠤᠨ ᠦᠢᠯᠡᠳᠪᠦᠷᠢ᠂ ᠥᠪᠥᠷ ᠮᠣᠩᠭᠣᠯ᠎ᠤᠨ ᠬᠣᠶᠠᠳᠤᠭᠠᠷ ᠨᠡᠢᠳᠡᠮ᠎ᠤᠨ ᠬᠡᠷᠡᠭᠯᠡᠭᠡᠨ᠎ᠤ ᠮᠧᠬᠠᠨᠢᠭ᠎ᠤᠨ ᠦᠢᠯᠡᠳᠪᠦᠷᠢ᠎ᠪᠡᠷ ᠲᠥᠯᠥᠭᠡᠯᠡᠭᠦᠯᠦᠭ᠌ᠰᠡᠨ ᠥᠪᠥᠷ ᠮᠣᠩᠭᠣᠯ᠎ᠤᠨ 《ᠵᠢᠵᠢᠭ ᠬᠤᠲᠠ》 ᠵᠢᠨ ᠴᠡᠷᠢᠭ᠎ᠦᠨ ᠠᠵᠤ ᠦᠢᠯᠡᠳᠪᠦᠷᠢ᠎ᠶ᠋ᠢᠨ ᠠᠵᠤ ᠠᠬᠤᠢᠯᠠᠯ ᠪᠤᠢ ᠪᠤᠯᠪᠠ᠃ ᠬᠣᠢᠱᠢᠳᠠ᠎ᠶ᠋ᠢᠨ 20 ᠵᠢᠯ᠎ᠳᠦ ᠡᠨᠡᠬᠦ᠌ ᠬᠠᠯᠠᠭᠤᠨ ᠬᠦᠷᠦᠰᠦ ᠨᠢ ᠮᠠᠨ᠎ᠤ ᠤᠯᠤᠰ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠦᠢᠯᠡᠰ᠎ᠲᠦ ᠴᠢᠬᠤᠯᠠ ᠬᠤᠪᠢ ᠨᠡᠮᠡᠷᠢ ᠦᠵᠡᠭᠦᠯᠦᠭ᠌ᠰᠡᠨ᠎ᠢᠶᠡᠷ ᠪᠠᠷᠠᠬᠤ ᠦᠬᠡᠢ᠂ ᠦᠬᠠᠢ ᠣᠷᠣᠨ᠎ᠤ ᠬᠦᠩᠬᠡᠨ ᠠᠵᠤ ᠦᠢᠯᠡᠳᠪᠦᠷᠢ᠎ᠶ᠋ᠢᠨ ᠪᠦᠳᠦᠭᠡᠨ ᠪᠠᠢᠭᠤᠯᠤᠯᠲᠠ ᠪᠣᠯᠤᠨ ᠨᠡᠢᠭᠡᠮ᠎ᠦᠨ ᠡᠯ᠎ᠡ ᠵᠦᠢᠯ᠎ᠦᠨ ᠦᠢᠯᠡᠰ᠎ᠦᠨ ᠬᠥᠭ᠌ᠵᠢᠯᠲᠡ᠎ᠶ᠋ᠢ ᠬᠦᠴᠦᠲᠡᠢ ᠠᠬᠢᠭᠤᠯᠪᠠ᠃
1964 ᠣᠨ᠎ᠳᠤ᠂ ᠤᠯᠤᠰ᠎ᠠᠴᠠ ᠠᠵᠤ ᠠᠬᠤᠶ᠎ᠶ᠋ᠢᠨ ᠪᠦᠳᠦᠭᠡᠨ ᠪᠠᠢᠭᠤᠯᠤᠯᠲᠠ ᠪᠣᠯᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠠᠴᠠ ᠪᠣᠳᠣᠯᠬᠢᠯᠠᠵᠤ᠂ ᠪᠦᠬᠦ᠌ ᠤᠯᠤᠰ᠎ᠢ ᠲᠤᠮᠤ ᠬᠤᠲᠠ᠂ ᠳᠤᠮᠳᠠ ᠵᠡᠷᠭᠡ ᠵᠢᠨ ᠬᠤᠲᠠ᠂ ᠪᠠᠭ᠎ᠠ ᠬᠤᠲᠠ ᠪᠣᠯᠭᠠᠨ ᠬᠤᠪᠢᠶᠠᠵᠤ᠂ ᠲᠠᠷᠠᠭ᠎ᠠ ᠨᠢ ᠪᠠᠭ᠎ᠠ ᠬᠤᠲᠠ ᠵᠢᠨ ᠪᠦᠳᠦᠭᠡᠨ ᠪᠠᠢᠭᠤᠯᠤᠯᠲᠠ᠎ᠶ᠋ᠢ ᠡᠬᠢᠯᠡᠭᠦᠯᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠲᠥᠪ ᠬᠣᠷᠢᠶ᠎ᠡ ᠵᠢᠨ ᠤᠷᠢᠶᠠᠯᠠᠭ᠎ᠠ᠎ᠶ᠋ᠢ ᠢᠳᠡᠪᠬᠢᠲᠡᠶ ᠴᠤᠤᠷᠢᠶᠠᠲᠤᠨ ᠳᠠᠭᠠᠵᠤ᠂ ᠥᠪᠥᠷ ᠮᠣᠩᠭᠣᠯ᠎ᠤᠨ 《ᠵᠢᠵᠢᠭ ᠬᠤᠲᠠ》 ᠵᠢᠨ ᠪᠥᠲᠥᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠢ ᠡᠬᠢᠯᠡᠭᠦᠯᠦᠨ ᠬᠡᠷᠡᠭ᠌ᠵᠢᠭᠦᠯᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠭᠦᠨᠵᠡᠭᠡᠶ ᠪᠠᠢᠴᠠᠭᠠᠨ ᠰᠤᠳᠤᠯᠤᠯᠲᠠ ᠪᠠ ᠳᠠᠬᠢᠨ ᠳᠠᠪᠲᠠᠨ ᠨᠤᠲᠠᠯᠠᠯᠲᠠ ᠬᠢᠬᠦ᠌᠎ᠪᠡᠷ ᠳᠡᠮᠵᠢᠨ᠂ ᠬᠠᠮᠤᠭ᠎ᠤᠨ ᠡᠴᠦᠰ᠎ᠲᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠣᠲᠣ᠎ᠶ᠋ᠢᠨ ᠦᠬᠠᠶ ᠬᠣᠲᠠ᠎ᠶ᠋ᠢᠨ ᠬᠠᠢᠨᠠᠨ ᠲᠣᠭᠣᠷᠢᠭ᠎ᠤᠨ ᠠᠭᠤᠯᠠᠨ ᠭᠤᠤ᠎ᠳᠤ ᠥᠪᠥᠷ ᠮᠣᠩᠭᠣᠯ᠎ᠤᠨ 《ᠵᠢᠵᠢᠭ ᠬᠤᠲᠠ》 ᠵᠢᠨ ᠴᠡᠷᠢᠭ᠎ᠦᠨ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠢ ᠲᠥᠪᠯᠡᠷᠡᠭᠦᠯᠦᠨ ᠪᠠᠢᠷᠢᠯᠠᠭᠤᠯᠬᠤ᠎ᠪᠠᠷ ᠲᠣᠭ᠍ᠲᠠᠪᠠ᠃ 1965 ᠣᠨ᠎ᠤ 4 ᠰᠠᠷ᠎ᠠ᠎ᠳᠤ᠂ ᠴᠡᠷᠢᠭ᠎ᠦᠨ ᠠᠵᠤ ᠦᠢᠯᠡᠳᠪᠦᠷᠢ᠎ᠶ᠋ᠢᠨ ᠦᠢᠯᠡᠳᠬᠦᠨ ᠦᠢᠯᠡᠳᠪᠦᠷᠢᠯᠡᠬᠦ᠌᠎ᠪᠡᠷ ᠭᠣᠣᠯ ᠪᠣᠯᠭᠠᠭ᠍ᠰᠠᠨ ᠤᠤᠯ᠎ᠤᠨ ᠥᠪᠥᠷ ᠮᠣᠩᠭᠣᠯ᠎ᠤᠨ ᠨᠢᠭᠡᠳᠦᠭᠡᠷ ᠨᠡᠢᠳᠡᠮ᠎ᠦᠨ ᠬᠡᠷᠡᠭ᠌ᠯᠡᠭᠡᠨ᠎ᠦ ᠮᠧᠬᠠᠨᠢᠭ᠎ᠤᠨ ᠦᠢᠯᠡᠳᠪᠦᠷᠢ᠂ ᠥᠪᠥᠷ ᠮᠣᠩᠭᠣᠯ᠎ᠤᠨ ᠬᠣᠶᠠᠳᠤᠭᠠᠷ ᠨᠡᠢᠳᠡᠮ᠎ᠦᠨ ᠬᠡᠷᠡᠭ᠌ᠯᠡᠭᠡᠨ᠎ᠦ ᠮᠧᠬᠠᠨᠢᠭ᠎ᠤᠨ ᠦᠢᠯᠡᠳᠪᠦᠷᠢ᠂ ᠥᠪᠥᠷ ᠮᠣᠩᠭᠣᠯ᠎ᠤᠨ ᠭᠤᠷᠪᠠᠳᠤᠭᠠᠷ ᠨᠡᠢᠳᠡᠮ᠎ᠦᠨ ᠬᠡᠷᠡᠭ᠌ᠯᠡᠭᠡᠨ᠎ᠦ ᠮᠧᠬᠠᠨᠢᠭ᠎ᠤᠨ ᠦᠢᠯᠡᠳᠪᠦᠷᠢ ᠵᠢᠴᠢ ᠮᠠᠰᠢ ᠤᠯᠠᠨ 《ᠵᠢᠵᠢᠭ ᠬᠤᠲᠠ》 ᠵᠢᠨ ᠲᠦᠭᠦᠷᠵᠢᠭᠦᠯᠦᠭᠰᠡᠨ ᠲᠦᠷᠦᠯ ᠵᠦᠢᠯ ᠵᠠᠯᠭᠠᠭ᠎ᠠ᠎ᠪᠠᠷ ᠡᠨᠳᠡ ᠪᠠᠷᠢᠯᠭ᠎ᠠ ᠡᠬᠢᠯᠡᠭ᠌ᠰᠡᠨ ᠪᠥᠭᠡᠳ 《ᠵᠢᠷᠭᠤᠭ᠎ᠠ ᠲᠠᠪᠤ ᠲᠦᠷᠪᠡ》 ᠵᠢᠨ ᠢᠨᠵᠧᠨᠧᠷᠢᠩ᠎ᠦᠨ ᠵᠢᠯᠣᠭᠣᠳᠭᠤ ᠭᠠᠵᠠᠷ᠎ᠢ ᠪᠠᠢᠭᠤᠯᠵᠤ᠂ ᠰᠡᠭᠦᠯᠡᠷ ᠨᠢ ᠡᠨᠳᠡ 《ᠵᠢᠷᠭᠤᠭ᠎ᠠ ᠲᠠᠪᠤ ᠲᠦᠷᠪᠡ》 ᠭᠡᠬᠦ᠌ ᠭᠠᠵᠠᠷ᠎ᠤᠨ ᠨᠡᠷ᠎ᠡ᠎ᠶ᠋ᠢ ᠦᠷᠭᠦᠯᠵᠢᠯᠡᠨ ᠬᠡᠷᠡᠭᠯᠡᠪᠡ᠃
1965 ᠣᠨ᠎ᠤ 4 ᠰᠠᠷ᠎ᠠ᠎ᠠᠴᠠ ᠡᠬᠢᠯᠡᠨ᠂ ᠡᠭᠡ ᠤᠯᠤᠰ᠎ᠤᠨ ᠲᠦᠷᠪᠡᠨ ᠵᠦᠭ ᠨᠠᠢ᠍ᠮᠠᠨ ᠵᠣᠪᠬᠢᠰ᠎ᠠᠴᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠳᠠᠨ᠂ ᠺᠠᠳ᠋ᠷ ᠪᠣᠯᠤᠨ ᠠᠵᠢᠯᠴᠢᠨ ᠡᠷᠡᠭᠡᠯᠵᠡᠯ ᠦᠭᠡᠢ᠎ᠪᠡᠷ ᠡᠨᠳᠡ ᠢᠷᠡᠪᠡ᠃ ᠲᠡᠳᠡ ᠤᠰᠤ ᠦᠭᠡᠢ᠂ ᠴᠠᠬᠢᠯᠭᠠᠨ ᠦᠭᠡᠢ᠂ ᠵᠠᠮ ᠦᠭᠡᠢ᠂ ᠪᠠᠢᠰᠢᠩ ᠬᠠᠰᠢᠶ᠎ᠡ ᠦᠭᠡᠢ ᠲᠤᠢᠯ᠎ᠤᠨ ᠬᠠᠲᠠᠭᠤ ᠪᠡᠷᠬᠡ ᠨᠥᠬᠥᠴᠡᠯ᠎ᠦᠨ ᠡᠮᠦᠨ᠎ᠡ᠂ ᠤᠷᠢᠳ᠎ᠢᠶᠠᠷ ᠦᠢᠯᠡᠳᠪᠦᠷᠢᠯᠡᠵᠦ᠍᠂ ᠲᠠᠷᠠᠭ᠎ᠠ ᠨᠢ ᠠᠮᠢᠳᠤᠷᠠᠵᠤ᠂ ᠳᠠᠪᠬᠤᠷ ᠳᠠᠪᠬᠤᠷ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠣᠷᠣᠨ ᠨᠤᠲᠤᠭ᠎ᠤᠨ ᠴᠡᠷᠢᠭ᠎ᠦᠨ ᠠᠵᠤ ᠦᠢᠯᠡᠳᠪᠦᠷᠢ᠎ᠶ᠋ᠢᠨ ᠬᠥᠭ᠌ᠵᠢᠯᠲᠡ᠎ᠶ᠋ᠢᠨ ᠴᠠᠭ ᠦᠶ᠎ᠡ᠎ᠶ᠋ᠢᠨ ᠭᠠᠢᠬᠠᠮᠱᠢᠭ᠎ᠢ ᠪᠢᠴᠢᠭ᠌ᠯᠡᠭ᠌ᠰᠡᠨ ᠪᠠᠢᠨ᠎ᠠ᠃
1965 ᠣᠨ᠎ᠳᠤ 《ᠵᠢᠷᠭᠤᠭ᠎ᠠ ᠲᠠᠪᠤ ᠲᠦᠷᠪᠡ》 ᠵᠢᠨ ᠢᠨᠵᠧᠨᠧᠷᠢᠩ᠎ᠦᠨ ᠭᠤᠷᠪᠠᠨ ᠭᠣᠣᠯ ᠮᠠᠱᠢᠨ᠎ᠤ ᠦᠢᠯᠡᠳᠪᠦᠷᠢ᠎ᠶ᠋ᠢᠨ ᠦᠢᠯᠡᠳᠪᠦᠷᠢᠯᠡᠯ᠎ᠳᠦ ᠬᠡᠷᠡᠭ᠌ᠰᠡᠬᠦ᠌ ᠱᠢᠷᠣᠢ᠎ᠶ᠋ᠢᠨ ᠪᠠᠷᠢᠯᠭ᠎ᠠ᠎ᠶ᠋ᠢᠨ ᠠᠵᠢᠯ ᠪᠦᠬᠦᠨ᠎ᠢᠶᠡᠷ᠎ᠢᠶᠡᠨ ᠳᠠᠭᠤᠰᠪᠠ᠃ ᠮᠸᠬᠠᠨᠢᠭ᠎ᠦᠨ ᠭᠤᠷᠪᠠᠨ ᠭᠣᠣᠯ ᠦᠢᠯᠡᠳᠪᠦᠷᠢ ᠪᠠᠢᠭᠤᠯᠤᠭ᠍ᠳᠠᠭ᠍ᠰᠠᠨ᠎ᠤ ᠬᠠᠮᠲᠤ᠂ ᠥᠪᠥᠷ ᠮᠣᠩᠭᠣᠯ᠎ᠤᠨ ᠮᠣᠳᠣᠨ ᠬᠡᠷᠡᠭ᠌ᠰᠡᠯ᠎ᠦᠨ ᠦᠢᠯᠡᠳᠪᠦᠷᠢ᠂ ᠥᠪᠥᠷ ᠮᠣᠩᠭᠣᠯ᠎ᠤᠨ ᠬᠣᠶᠠᠳᠤᠭᠠᠷ ᠴᠢᠳᠭᠤᠨ ᠳᠠᠪᠲᠠᠬᠤ ᠦᠢᠯᠡᠳᠪᠦᠷᠢ᠂ ᠥᠪᠥᠷ ᠮᠣᠩᠭᠣᠯ᠎ᠤᠨ ᠱᠧᠩ ᠯᠢ ᠮᠠᠱᠢᠨ ᠰᠡᠯᠪᠢᠨ ᠵᠠᠰᠠᠬᠤ ᠦᠢᠯᠡᠳᠪᠦᠷᠢ᠂ ᠥᠪᠥᠷ ᠮᠣᠩᠭᠣᠯ᠎ᠤᠨ ᠪᠠᠭᠠᠵᠢ ᠬᠡᠷᠡᠭ᠌ᠰᠡᠯ᠎ᠦᠨ ᠦᠢᠯᠡᠳᠪᠦᠷᠢ᠂ ᠥᠪᠥᠷ ᠮᠣᠩᠭᠣᠯ᠎ᠤᠨ ᠶᠤᠸᠠᠢ ᠵᠢᠨ ᠴᠠᠬᠢᠯᠭᠠᠨ᠎ᠤ ᠦᠢᠯᠡᠳᠪᠦᠷᠢ ᠵᠡᠷᠭᠡ ᠲᠦᠭᠦᠷᠵᠢᠭᠰᠡᠨ ᠴᠡᠷᠢᠭ᠎ᠦᠨ ᠠᠵᠤ ᠦᠢᠯᠡᠳᠪᠦᠷᠢ᠎ᠶ᠋ᠢᠨ ᠠᠵᠤ ᠠᠬᠤᠢᠯᠠᠯ ᠪᠣᠯᠤᠨ ᠪᠤᠰᠤᠳ ᠨᠡᠢᠭᠡᠮ᠎ᠦᠨ ᠦᠢᠯᠡᠰ ᠴᠦ᠍ ᠵᠠᠯᠭᠠᠭ᠎ᠠ᠎ᠪᠠᠷ ᠪᠠᠢᠭᠤᠯᠤᠭ᠍ᠳᠠᠪᠠ᠃
ᠡᠳᠡᠭᠡᠷ ᠴᠡᠷᠢᠭ᠎ᠦᠨ ᠠᠵᠤ ᠦᠢᠯᠡᠳᠪᠦᠷᠢ᠎ᠶ᠋ᠢᠨ ᠠᠵᠤ ᠠᠬᠤᠢᠯᠠᠯ 1965 ᠣᠨ᠎ᠳᠤ ᠪᠠᠷᠢᠯᠭ᠎ᠠ ᠡᠬᠢᠯᠡᠭᠦᠯᠵᠦ᠍ ᠪᠦᠳᠦᠭᠡᠨ ᠪᠠᠢᠭᠤᠯᠤᠭ᠍ᠰᠠᠨ ᠡᠴᠡ 1979 ᠣᠨ᠎ᠳᠤ ᠴᠡᠷᠢᠭ᠎ᠦᠨ ᠬᠡᠷᠡᠭ᠌ᠰᠡᠯ᠎ᠦᠨ ᠦᠢᠯᠡᠳᠪᠦᠷᠢᠯᠡᠯ ᠦᠨᠳᠦᠰᠦᠨ᠎ᠳᠡᠭᠡᠨ ᠳᠠᠭᠤᠰᠤᠭ᠍ᠰᠠᠨ ᠠᠷᠪᠠᠨ ᠬᠡᠳᠦᠨ ᠵᠢᠯ᠎ᠦᠨ ᠬᠣᠭᠣᠷᠣᠨᠳᠣ᠂ ᠨᠡᠢ᠌ᠳᠡ 1.82 ᠳ᠋ᠦᠩᠱᠢᠭᠤᠷ ᠲᠥᠭᠥᠷᠢᠭ᠎ᠤᠨ ᠠᠵᠤ ᠦᠢᠯᠡᠳᠪᠦᠷᠢ᠎ᠶ᠋ᠢᠨ ᠦᠢᠯᠡᠳᠬᠦᠨ᠎ᠦ ᠦᠷᠳᠡᠭ᠂ 1985 ᠲᠦᠮᠡᠨ ᠲᠥᠭᠥᠷᠢᠭ᠎ᠤᠨ ᠠᠱᠢᠭ ᠬᠣᠨᠵᠢᠪᠣᠷᠢ᠎ᠶ᠋ᠢ ᠪᠤᠢ ᠪᠤᠯᠭᠠᠵᠤ᠂ ᠮᠠᠨ᠎ᠤ ᠤᠯᠤᠰ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠠᠵᠤ ᠦᠢᠯᠡᠳᠪᠦᠷᠢ᠎ᠶ᠋ᠢᠨ ᠲᠡᠦᠬᠡᠨ ᠳᠡᠭᠡᠷ᠎ᠡ ᠭᠡᠷᠡᠯ ᠰᠠᠴᠤᠷᠠᠩᠭᠤᠶ ᠬᠠᠭᠤᠳᠠᠰᠤ᠎ᠶ᠋ᠢ ᠪᠢᠴᠢᠭ᠌ᠯᠡᠵᠡᠶ᠃
20 ᠳ᠋ᠤᠭᠠᠷ ᠵᠠᠭᠤᠨ᠎ᠤ ᠨᠠᠶᠠᠭᠠᠳ ᠣᠨ ᠪᠣᠯᠬᠤ᠎ᠳᠤ᠂ ᠪᠦᠬᠦ᠌ ᠤᠯᠤᠰ᠎ᠤᠨ ᠡᠯ᠎ᠡ ᠭᠠᠵᠠᠷ᠎ᠤᠨ ᠴᠡᠷᠢᠭ᠎ᠦᠨ ᠠᠵᠤ ᠦᠢᠯᠡᠳᠪᠦᠷᠢ᠎ᠶ᠋ᠢᠨ ᠠᠵᠤ ᠠᠬᠤᠢᠯᠠᠯ ᠬᠣᠢᠨ᠎ᠠ ᠬᠣᠢᠨ᠎ᠠ᠎ᠠᠴᠠ᠎ᠪᠠᠨ 《ᠴᠡᠷᠢᠭ᠎ᠦᠨ ᠬᠢ ᠡᠴᠡ ᠠᠷᠠᠳ᠎ᠤᠨ ᠬᠢ ᠪᠤᠯᠵᠤ》᠂ 《ᠵᠢᠷᠭᠤᠭ᠎ᠠ ᠲᠠᠪᠤ ᠲᠦᠷᠪᠡ》 ᠵᠢᠨ ᠭᠠᠵᠠᠷ ᠣᠷᠣᠨ᠎ᠤ ᠴᠡᠷᠢᠭ᠎ᠦᠨ ᠠᠵᠤ ᠦᠢᠯᠡᠳᠪᠦᠷᠢ᠎ᠶ᠋ᠢᠨ ᠠᠵᠤ ᠠᠬᠤᠢᠯᠠᠯ ᠴᠠᠭ ᠦᠶ᠎ᠡ᠎ᠶ᠋ᠢᠨ ᠤᠷᠤᠰᠭᠠᠯ᠎ᠳᠤ ᠵᠣᠬᠢᠴᠠᠵᠤ ᠢᠳᠡᠪᠬᠢᠲᠡᠢ᠎ᠪᠡᠷ ᠬᠡᠯᠪᠡᠷᠢ᠎ᠪᠡᠨ ᠬᠤᠪᠢᠷᠠᠭᠤᠯᠵᠤ᠂ ᠳᠤᠮᠳᠠᠳᠤ ᠤᠯᠤᠰ᠎ᠤᠨ ᠠᠩᠬᠠᠳᠠᠭ᠍ᠴᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠠᠯᠲᠠᠨ ᠮᠧᠳᠠᠯ ᠬᠦᠷᠳᠡᠭ᠌ᠴᠢ ᠱᠢᠤᠢ ᠬᠠᠢ ᠹᠸᠩ᠎ᠤᠨ ᠪᠣᠯᠪᠠᠰᠤᠷᠠᠯ᠎ᠤᠨ ᠫᠤᠤ᠎ᠶ᠋ᠢ ᠡᠨᠳᠡ ᠦᠢᠯᠡᠳᠪᠦᠷᠢᠯᠡᠵᠦ᠍᠂ ᠥᠪᠥᠷ ᠮᠣᠩᠭᠣᠯ᠎ᠤᠨ ᠠᠩᠬᠠᠳᠠᠭ᠍ᠴᠢ ᠣᠶᠣᠳᠠᠯ᠎ᠤᠨ ᠮᠠᠱᠢᠨ᠂ ᠬᠤᠪᠴᠠᠰᠤ ᠤᠬᠢᠶᠠᠬᠤ ᠮᠠᠱᠢᠨ᠂ ᠬᠠᠲᠠᠭᠠᠬᠤ ᠮᠠᠱᠢᠨ ᠵᠡᠷᠭᠡ᠎ᠶ᠋ᠢ ᠴᠦᠮ ᠡᠨᠳᠡ ᠦᠢᠯᠡᠳᠪᠦᠷᠢᠯᠡᠵᠡᠢ᠃ 《ᠵᠢᠷᠭᠤᠭ᠎ᠠ ᠲᠠᠪᠤ ᠲᠦᠷᠪᠡ》 ᠵᠢᠨ ᠭᠠᠵᠠᠷ ᠣᠷᠣᠨ ᠨᠢ ᠥᠪᠥᠷ ᠮᠣᠩᠭᠣᠯ᠎ᠤᠨ ᠮᠠᠱᠢᠨ ᠮᠧᠬᠠᠨᠢᠭ ᠡᠳ᠋ᠱᠢᠭᠦᠯᠦᠨ ᠦᠢᠯᠡᠳᠬᠦ᠌ ᠠᠵᠤ ᠦᠢᠯᠡᠳᠪᠦᠷᠢ᠎ᠶ᠋ᠢᠨ ᠥᠯᠥᠭᠡᠢ ᠪᠣᠯᠬᠤ᠎ᠪᠠᠷ ᠪᠠᠷᠠᠬᠤ ᠦᠭᠡᠢ ᠪᠠᠰᠠ ᠦᠬᠠᠢ ᠬᠤᠳᠠ᠎ᠶ᠋ᠢᠨ ᠲᠣᠨᠣᠭ᠍ᠯᠠᠯ ᠦᠢᠯᠡᠳᠬᠦ᠌ ᠠᠵᠤ ᠦᠢᠯᠡᠳᠪᠦᠷᠢ᠎ᠶ᠋ᠢᠨ ᠡᠬᠢ ᠰᠤᠷᠪᠤᠯᠵᠢ ᠪᠣᠯᠤᠨ᠎ᠠ ᠭᠡᠵᠦ᠍ ᠬᠡᠯᠡᠵᠦ᠍ ᠪᠣᠯᠤᠨ᠎ᠠ᠃
ᠡᠳᠦᠭᠡ ᠪᠣᠯᠲᠠᠯ᠎ᠠ᠂ ᠡᠳᠡᠭᠡᠷ 《ᠵᠢᠵᠢᠭ ᠬᠤᠲᠠ》 ᠵᠢᠨ ᠴᠡᠷᠢᠭ᠎ᠦᠨ ᠠᠵᠤ ᠦᠢᠯᠡᠳᠪᠦᠷᠢ᠎ᠶ᠋ᠢᠨ ᠠᠵᠤ ᠠᠬᠤᠢᠯᠠᠯ ᠨᠢ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠡᠦᠬᠡᠲᠦ ᠡᠭᠦᠷᠭᠡ᠎ᠪᠡᠨ ᠪᠡᠶᠡᠯᠡᠭᠦᠯᠵᠦ᠍᠂ ᠲᠡᠰᠪᠦᠷᠢ ᠬᠠᠲᠠᠭᠤᠵᠢᠯᠲᠠᠢ ᠪᠠᠷ ᠦᠢᠯᠡᠰ ᠪᠤᠰᠭᠠᠬᠤ᠂ ᠬᠠᠷᠠᠮ ᠦᠭᠡᠢ ᠵᠣᠷᠢᠭᠤᠯᠬᠤ᠂ ᠪᠦᠯᠬᠦᠮᠳᠡᠨ ᠬᠠᠮᠵᠢᠯᠴᠠᠬᠤ᠂ ᠵᠣᠷᠢᠭ᠍ᠲᠠᠢ᠎ᠪᠠᠷ ᠱᠢᠨ᠎ᠡ᠎ᠶ᠋ᠢ ᠡᠭᠦᠳᠬᠦ᠌ 《ᠵᠢᠵᠢᠭ ᠬᠤᠲᠠ ᠵᠢᠨ ᠵᠣᠷᠢᠭ ᠰᠠᠨᠠᠭ᠎ᠠ》 ᠨᠢ ᠦᠬᠠᠢ᠎ᠶ᠋ᠢᠨ ᠠᠷᠠᠳ ᠲᠦᠮᠡᠨ᠎ᠦ ᠦᠷᠭᠦᠯᠵᠢᠯᠡᠨ ᠲᠡᠮᠡᠴᠡᠬᠦ᠌᠎ᠶ᠋ᠢ ᠵᠣᠷᠢᠭ᠍ᠵᠢᠭᠤᠯᠤᠭ᠍ᠰᠠᠭᠠᠷ ᠢᠷᠡᠪᠡ᠃
2021 ᠣᠨ᠎ᠳᠤ᠂ ᠡᠨᠡᠬᠦ ᠲᠡᠦᠬᠡ᠎ᠶ᠋ᠢ ᠳᠤᠷᠠᠰᠭᠠᠬᠤ᠎ᠶ᠋ᠢᠨ ᠲᠥᠯᠥᠭᠡ ᠤᠤᠯ᠎ᠤᠨ ᠰᠠᠭᠤᠷᠢᠰᠢᠯ᠎ᠳᠦ ᠥᠪᠥᠷ ᠮᠣᠩᠭᠣᠯ᠎ᠤᠨ ᠵᠢᠵᠢᠭ ᠬᠤᠲᠠ ᠵᠢᠨ ᠴᠡᠷᠢᠭ᠎ᠦᠨ ᠠᠵᠤ ᠦᠶ᠋ᠯᠡᠳᠪᠦᠷᠢ ᠰᠣᠶᠣᠯ᠎ᠤᠨ ᠳᠤᠷᠠᠰᠭᠠᠯ᠎ᠤᠨ ᠣᠷᠳᠣᠨ᠎ᠢ ᠪᠠᠢᠭᠤᠯᠪᠠ᠃
ᠲᠣᠰ ᠳᠤᠷᠠᠰᠭᠠᠯ᠎ᠤᠨ ᠣᠷᠳᠣᠨ᠎ᠤ ᠡᠵᠡᠯᠡᠬᠦ ᠳᠠᠯᠠᠪᠠᠢ ᠨᠢ 527.6 ᠲᠡᠭ᠌ᠰᠢ ᠳᠥᠷᠪᠡᠯᠵᠢᠨ ᠮᠧᠲ᠋ᠷ᠂ 3 ᠦᠵᠡᠭᠦᠯᠭᠡ᠎ᠶ᠋ᠢᠨ ᠲᠢᠩᠬᠢᠮ᠂ 10 ᠨᠢᠭᠡᠴᠢ ᠲᠠᠢ ᠪᠠᠢᠵᠤ᠂ ᠵᠢᠷᠤᠭ ᠪᠢᠴᠢᠭ ᠵᠡᠷᠭᠡ᠎ᠪᠡᠷ ᠳᠡᠮᠵᠢᠨ 《ᠵᠢᠵᠢᠭ ᠬᠤᠲᠠ》 ᠵᠢᠨ ᠪᠥᠲᠥᠭᠡᠨ ᠪᠠᠢᠭᠤᠯᠤᠯᠲᠠ᠎ᠶ᠋ᠢᠨ ᠦᠬᠠᠶ᠎ᠳᠠᠬᠢ ᠬᠥᠭ᠌ᠵᠢᠯᠲᠡ᠎ᠶ᠋ᠢᠨ ᠶᠠᠪᠤᠴᠠ᠎ᠶ᠋ᠢ ᠳᠠᠬᠢᠨ ᠢᠯᠡᠷᠡᠭᠦᠯᠦᠭ᠌ᠰᠡᠨ ᠪᠥᠭᠡᠳ ᠲᠤᠬᠠᠢ ᠵᠢᠨ ᠦᠶ᠎ᠡ ᠵᠢᠨ ᠲᠤᠢᠯ᠎ᠤᠨ ᠲᠥᠯᠥᠭᠡᠯᠡᠬᠦ᠌ ᠴᠢᠨᠠᠷᠲᠠᠶ ᠦᠶ᠋ᠯᠡᠳᠪᠦᠷᠢᠯᠡᠯ ᠠᠮᠢᠳᠤᠷᠠᠯ᠎ᠤᠨ ᠪᠠᠭᠠᠵᠢ ᠬᠡᠷᠡᠭ᠌ᠰᠡᠯ᠂ ᠲᠡᠦᠬᠡ᠎ᠶ᠋ᠢᠨ ᠰᠤᠷᠪᠤᠯᠵᠢ ᠪᠢᠴᠢᠭ ᠪᠣᠯᠤᠨ ᠴᠡᠷᠢᠭ ᠠᠷᠠᠳ᠎ᠤᠨ ᠬᠡᠷᠡᠭ᠌ᠯᠡᠭᠡᠨ᠎ᠦ ᠦᠶ᠋ᠯᠡᠳᠬᠦᠨ ᠵᠡᠷᠭᠡ᠎ᠶ᠋ᠢ ᠳᠡᠯᠭᠡᠨ ᠦᠵᠡᠭᠦᠯᠬᠦ᠌᠎ᠪᠡᠷ ᠳᠠᠮᠵᠢᠭᠤᠯᠤᠨ᠂ ᠲᠤᠬᠠᠶ᠎ᠶ᠋ᠢᠨ ᠵᠢᠯ᠎ᠦᠨ ᠦᠶ᠋ᠯᠡᠳᠪᠦᠷᠢᠯᠡᠯ ᠠᠮᠢᠳᠤᠷᠠᠯ᠎ᠤᠨ ᠪᠠᠢᠳᠠᠯ᠎ᠢ ᠢᠯᠡᠷᠡᠭᠦᠯᠵᠦ ᠪᠤᠢ᠃
ᠡᠳᠦᠭᠡ ᠥᠪᠥᠷ ᠮᠣᠩᠭᠣᠯ᠎ᠤᠨ ᠵᠢᠵᠢᠭ ᠬᠤᠲᠠ ᠵᠢᠨ ᠴᠡᠷᠢᠭ᠎ᠦᠨ ᠠᠵᠤ ᠦᠢᠯᠡᠳᠪᠦᠷᠢ ᠰᠣᠶᠣᠯ᠎ᠤᠨ ᠳᠤᠷᠠᠰᠭᠠᠯ᠎ᠤᠨ ᠣᠷᠳᠣᠨ ᠨᠢ ᠬᠤᠯᠠ ᠤᠢ᠍ᠢᠷ᠎ᠠ᠎ᠳᠠᠭᠠᠨ ᠠᠯᠳᠠᠷᠱᠢᠭ᠍ᠰᠠᠨ ᠵᠢᠭᠤᠯᠴᠢᠯᠠᠯ᠎ᠤᠨ ᠭᠠᠵᠠᠷ ᠪᠤᠯᠵᠤ᠂ ᠵᠢᠯ ᠪᠦᠷᠢ ᠮᠠᠰᠢ ᠤᠯᠠᠨ ᠵᠢᠭᠤᠯᠴᠢᠯᠠᠭᠰᠠᠳ ᠡᠨᠳᠡ ᠢᠷᠡᠵᠤ᠂ ᠠᠬᠠᠮᠠᠳ ᠨᠢᠭᠡ ᠦᠶ᠎ᠡ᠎ᠶ᠋ᠢᠨ ᠬᠢᠨ᠎ᠦ ᠱᠢᠷᠭᠠᠭᠤ ᠬᠠᠲᠠᠭᠤᠵᠢᠯᠲᠠᠢ ᠲᠡᠮᠡᠴᠡᠯ᠎ᠦᠨ ᠵᠤᠷᠢᠭ ᠰᠠᠨᠠᠭ᠎ᠠ ᠵᠢ ᠤᠢᠯᠠᠭᠠᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠬᠤᠪᠢᠰᠭᠠᠯᠲᠤ ᠤᠳᠤᠮᠱᠢᠯ᠎ᠢ ᠵᠠᠯᠭᠠᠮᠵᠢᠯᠠᠨ ᠪᠠᠳᠠᠷᠠᠭᠤᠯᠵᠦ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃