2024-04-07 12:01:58
— ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠠᠬᠠᠷ ᠠᠢᠮᠠᠭ᠎ᠤᠨ ᠠᠩᠬᠠᠳᠠᠭ᠍ᠴᠢ ᠨᠠᠮ᠎ᠤᠨ ᠡᠭᠦᠷ᠎ᠦᠨ ᠮᠡᠨᠳᠦᠯᠡᠭ᠌ᠰᠡᠨ ᠭᠠᠵᠠᠷ᠎ᠤᠨ ᠮᠦᠷᠳᠡᠯ ᠰᠤᠷᠪᠤᠯᠵᠢᠯᠠᠭ᠎ᠠ
《ᠮᠠᠨ᠎ᠤ ᠣᠲᠣ᠎ᠶ᠋ᠢᠨ ᠪᠠᠢᠭ᠎ᠠ ᠭᠠᠵᠠᠷ ᠪᠣᠯ ᠡᠩᠭᠡᠷ ᠭᠠᠴᠠᠭ᠎ᠠ ᠪᠣᠯᠤᠨ᠎ᠠ᠃ ᠤᠤᠯ ᠨᠢ ᠳᠣᠶᠢᠩ ᠬᠠᠢᠷᠬᠠᠨ ᠭᠡᠳᠡᠭ᠃ ᠡᠨᠳᠡᠬᠢ ᠪᠤᠯ ᠪᠠᠭᠠᠲᠤᠷᠴᠤᠳ᠎ᠤᠨ ᠪᠠᠢᠯᠳᠤᠵᠤ ᠥᠩᠭᠡᠷᠡᠭ᠌ᠰᠡᠨ ᠭᠠᠵᠠᠷ ᠮᠦᠨ ᠪᠥᠭᠡᠤᠨ ᠴᠠᠬᠠᠷᠠᠢᠮᠠᠭᠤᠨ ᠠᠩᠬᠠᠳᠠᠭ᠍ᠴᠢ ᠨᠠᠮ᠎ᠤᠨ ᠡᠭᠦᠷ ᠡᠨᠳᠡ ᠮᠡᠨᠳᠦᠯᠡᠵᠡᠢ᠃ ᠪᠠᠭᠠᠲᠤᠷᠴᠤᠳ᠎ᠢ ᠳᠤᠷᠠᠰᠭᠠᠬᠤ᠎ᠶ᠋ᠢᠨ ᠲᠥᠯᠥᠭᠡ᠂ ᠮᠥᠨ᠎ᠴᠤ ᠬᠡᠰᠡᠭ ᠲᠡᠦᠬᠡ᠎ᠶ᠋ᠢ ᠮᠠᠷᠲᠠᠬᠤ ᠦᠭᠡᠢ᠎ᠶ᠋ᠢᠨ ᠲᠥᠯᠥᠭᠡ ᠡᠨᠳᠡ ᠳᠤᠷᠠᠰᠭᠠᠯ᠎ᠤᠨ ᠣᠷᠳᠣᠨ ᠪᠠᠢᠭᠤᠯᠤᠭᠰᠠᠨ ᠶᠤᠮ》 ᠭᠡᠵᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠠᠬᠠᠷᠠᠢᠮᠠᠭᠤᠨ ᠠᠩᠬᠠᠳᠠᠭ᠍ᠴᠢ ᠨᠠᠮ᠎ᠤᠨ ᠡᠭᠦᠷ᠎ᠦᠨ ᠳᠤᠷᠠᠰᠭᠠᠯ᠎ᠤᠨ ᠣᠷᠳᠣᠨ᠎ᠤ ᠡᠮᠦᠨ᠎ᠡ᠂ ᠡᠩᠭᠡᠷ ᠭᠠᠴᠠᠭᠠᠨ᠎ᠤ ᠨᠠᠮ᠎ᠤᠨ ᠡᠭᠦᠷ᠎ᠦᠨ ᠤᠤᠯ᠎ᠤᠨ ᠱᠦᠵᠢ ᠷᠠᠳᠨ᠎ᠠ ᠨᠠᠰᠤᠲᠠᠨ ᠲᠠᠨᠢᠯᠴᠠᠭᠤᠯᠦᠨᠠ᠃ ᠠᠬᠠᠮᠠᠳ ᠱᠦᠵᠢ᠎ᠶ᠋ᠢᠨ ᠲᠠᠨᠢᠯᠴᠠᠭᠤᠯᠭ᠎ᠠ᠎ᠪᠠᠷ᠂ ᠮᠠᠨ᠎ᠤ ᠪᠤᠳᠤᠯ ᠰᠡᠳᠬᠢᠭᠳᠡᠯ ᠲᠡᠷᠡ ᠬᠦ᠌ ᠣᠷᠣᠭ᠎ᠠ ᠪᠤᠰᠭᠠᠭ᠎ᠠ ᠪᠥᠭᠡᠳ ᠭᠡᠷᠡᠯ ᠰᠠᠴᠤᠷᠠᠩᠭᠤᠢ ᠤᠨ ᠰᠠᠷ᠎ᠠ᠎ᠳᠦ ᠬᠦᠳᠦᠯᠦᠭᠳᠡᠨ ᠣᠷᠣᠪᠠ ᠁
1945 ᠣᠨ᠎ᠤ 11 ᠰᠠᠷ᠎ᠠ᠎ᠶ᠋ᠢᠨ 26 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠥᠪᠥᠷ ᠮᠣᠩᠭᠣᠯ᠎ᠤᠨ ᠥᠪᠡᠰᠤᠪᠡᠨ ᠵᠠᠰᠠᠬᠤ ᠬᠥᠳᠡᠯᠭᠡᠭᠡᠨ᠎ᠦ ᠬᠣᠯᠪᠣᠨ ᠨᠠᠢᠯᠠᠯᠳᠥᠭᠰᠡᠨ ᠬᠤᠷᠠᠯ ᠪᠠᠢᠭᠤᠯᠤᠭ᠍ᠳᠠᠭ᠍ᠰᠠᠨ᠎ᠤ ᠳᠠᠷᠠᠭ᠎ᠠ᠂ ᠰᠸ᠋ ᠵᠢᠶᠠᠨ ᠱᠢᠶᠤᠤ᠂ ᠴᠧᠨ ᠪᠢᠩ ᠢᠦᠢ ᠵᠡᠷᠭᠡ ᠨᠥᠬᠥᠳ ᠲᠤᠬᠠᠢ᠎ᠶ᠋ᠢᠨ ᠦᠶ᠎ᠡ᠎ᠶ᠋ᠢᠨ ᠴᠠᠬᠠᠷᠠᠢᠮᠠᠭᠳᠤ ᠬᠦᠷᠴᠦ ᠠᠵᠢᠯ ᠥᠷᠨᠢᠭᠦᠯᠪᠡ᠃ 1946 ᠣᠨ᠎ᠤ 3 ᠰᠠᠷ᠎ᠠ᠎ᠶ᠋ᠢᠨ 26᠎ᠤ᠋ ᠡᠳᠦᠷ᠂ ᠥᠪᠡᠰᠤᠪᠡᠨ ᠵᠠᠰᠠᠬᠤ ᠬᠥᠳᠡᠯᠭᠡᠭᠡᠨ ᠴᠠᠬᠠᠷᠠᠢᠮᠠᠭ ᠲᠤ᠌ ᠥᠷᠨᠢᠩᠭᠦᠢ ᠶᠠᠪᠤᠭ᠍ᠳᠠᠵᠤ ᠪᠠᠢᠭ᠍ᠰᠠᠨ ᠦᠶ᠎ᠡ᠎ᠳᠦ᠂ ᠱᠢᠯᠢ᠎ᠶ᠋ᠢᠨ ᠭᠣᠣᠯ ᠴᠠᠬᠠᠷ ᠣᠷᠣᠨ᠎ᠤ ᠠᠵᠢᠯ᠎ᠢ ᠤᠯᠠᠮ ᠨᠢᠭᠡ ᠠᠯᠬᠤᠮ ᠴᠢᠩᠭᠠᠳᠭᠠᠬᠤ᠎ᠶ᠋ᠢᠨ ᠲᠥᠯᠥᠭᠡ᠂ ᠥᠪᠥᠷ ᠮᠣᠩᠭᠣᠯ᠎ᠤᠨ ᠥᠪᠡᠰᠤᠪᠡᠨ ᠵᠠᠰᠠᠬᠤ ᠬᠥᠳᠡᠯᠭᠡᠭᠡᠨ᠎ᠦ ᠬᠣᠯᠪᠣᠨ ᠨᠠᠢᠯᠠᠯᠳᠥᠭᠰᠡᠨ ᠬᠤᠷᠠᠯ᠎ᠠᠴᠠ ᠱᠢᠯᠢ᠎ᠶ᠋ᠢᠨ ᠭᠣᠣᠯ ᠴᠠᠬᠠᠷ᠎ᠤᠨ ᠤᠯᠠᠨ ᠲᠦᠮᠡᠨᠴᠢ ᠠᠵᠢᠯ᠎ᠤᠨ ᠪᠦᠯᠬᠦᠮ᠎ᠦᠨ 36 ᠬᠥᠮᠦᠨ᠎ᠢ ᠲᠣᠮᠢᠯᠠᠨ ᠰᠸ᠋ ᠵᠢᠶᠠᠨ ᠱᠢᠶᠤᠤ᠂ ᠴᠧᠨ ᠪᠢᠩ ᠢᠦᠢ ᠵᠡᠷᠭᠡ ᠨᠥᠬᠥᠳᠲᠸ᠋ ᠬᠠᠪᠰᠤᠷᠤᠨ ᠥᠪᠡᠰᠤᠪᠡᠨ ᠵᠠᠰᠠᠬᠤ ᠬᠥᠳᠡᠯᠭᠡᠭᠡᠨ᠎ᠦ ᠬᠣᠯᠪᠣᠨ ᠨᠠᠢᠯᠠᠯᠳᠥᠭᠰᠡᠨ ᠬᠤᠷᠠᠯ᠎ᠤᠨ ᠴᠠᠬᠠᠷ ᠠᠢᠮᠠᠭ᠎ᠤᠨ ᠬᠤᠪᠢᠶᠠᠷᠢ ᠬᠤᠷᠠᠯ ᠪᠣᠯᠤᠨ ᠠᠢᠮᠠᠭ᠎ᠤᠨ ᠠᠷᠠᠳᠴᠢᠯᠠᠭ᠍ᠰᠠᠨ ᠵᠠᠰᠠᠭ᠎ᠤᠨ ᠣᠷᠳᠣᠨ᠎ᠢ ᠢᠳᠡᠪᠬᠢᠲᠡᠢ ᠪᠠᠢᠭᠤᠯᠪᠠ᠃ 3 ᠰᠠᠷ᠎ᠠ᠎ᠶ᠋ᠢᠨ 27᠎ᠤ᠋ ᠡᠳᠦᠷ᠂ ᠴᠠᠬᠠᠷ ᠠᠢᠮᠠᠭ᠎ᠤᠨ ᠡᠯ᠎ᠡ ᠡᠳᠡᠭᠡᠳ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠳᠣᠶᠢᠩ ᠬᠠᠢᠷᠬᠠᠨ᠎ᠳᠤ ᠦᠪᠡᠳᠡᠭ᠌ᠰᠢ ᠶᠡᠬᠡᠪᠡᠷ ᠬᠤᠷᠠᠯᠳᠤᠵᠤ᠂ ᠶᠡᠬᠡ ᠬᠤᠷᠠᠯ᠎ᠠᠴᠠ ᠥᠪᠥᠷ ᠮᠣᠩᠭᠣᠯ᠎ᠤᠨ ᠥᠪᠡᠰᠤᠪᠡᠨ ᠵᠠᠰᠠᠬᠤ ᠬᠥᠳᠡᠯᠭᠡᠭᠡᠨ᠎ᠦ ᠬᠣᠯᠪᠣᠨ ᠨᠠᠢᠯᠠᠯᠳᠥᠭᠰᠡᠨ ᠬᠤᠷᠠᠯ᠎ᠤᠨ ᠴᠠᠬᠠᠷ ᠠᠢᠮᠠᠭ ᠤᠨ ᠬᠤᠪᠢᠶᠠᠷᠢ ᠬᠤᠷᠠᠯ ᠪᠣᠯᠤᠨ ᠴᠠᠬᠠᠷ ᠠᠢᠮᠠᠭ ᠤᠨ ᠠᠷᠠᠳᠴᠢᠯᠠᠭ᠍ᠰᠠᠨ ᠵᠠᠰᠠᠭ᠎ᠤᠨ ᠣᠷᠳᠣᠨ᠎ᠤ ᠭᠡᠱᠢᠭᠦᠨ᠎ᠢ ᠰᠣᠩᠭᠣᠨ ᠭᠠᠷᠭᠠᠵᠤ᠂ ᠰᠸ᠋ ᠵᠢᠶᠠᠨ ᠱᠢᠶᠤᠤ ᠬᠤᠪᠢᠶᠠᠷᠢ ᠬᠤᠷᠠᠯ᠎ᠤᠨ ᠡᠷᠬᠢᠯᠡᠭ᠌ᠴᠢ᠂ ᠴᠧᠨ ᠪᠢᠩ ᠢᠦᠢ ᠠᠢᠮᠠᠭ ᠤᠨ ᠳᠠᠷᠤᠭ᠎ᠠ ᠵᠢᠨ ᠲᠤᠰᠢᠶᠠᠯ᠎ᠢ ᠡᠬᠦᠷᠭᠡᠯᠡᠪᠠ᠃ ᠴᠠᠬᠠᠷ ᠠᠢᠮᠠᠭ᠎ᠤᠨ ᠠᠷᠠᠳᠴᠢᠯᠠᠭ᠍ᠰᠠᠨ ᠵᠠᠰᠠᠭ᠎ᠤᠨ ᠣᠷᠳᠣᠨ ᠪᠠᠢᠭᠤᠯᠤᠭ᠍ᠳᠠᠭ᠍ᠰᠠᠨ᠎ᠤ ᠳᠠᠷᠠᠭ᠎ᠠ᠂ ᠱᠢᠯᠢ᠎ᠶ᠋ᠢᠨ ᠭᠣᠣᠯ ᠴᠠᠬᠠᠷ᠎ᠤᠨ ᠤᠯᠠᠨ ᠲᠦᠮᠡᠨᠴᠢ ᠠᠵᠢᠯ᠎ᠤᠨ ᠪᠦᠯᠬᠦᠮ᠎ᠦᠨ ᠨᠢᠭᠡ ᠪᠦᠯᠦᠭ ᠭᠡᠱᠢᠭᠦᠳ ᠦᠷᠭᠦᠯᠵᠢᠯᠡᠨ ᠴᠠᠬᠠᠷᠠᠢᠮᠠᠭ ᠲᠤ᠌ ᠠᠵᠢᠯ᠎ᠢᠶᠠᠨ ᠥᠷᠨᠢᠭᠦᠯᠵᠦ᠍᠂ ᠨᠦᠭᠦᠭᠡ ᠨᠢᠭᠡ ᠪᠦᠯᠦᠭ ᠨᠢ ᠱᠢᠯᠢ᠎ᠶ᠋ᠢᠨ ᠭᠣᠣᠯ ᠠᠢᠮᠠᠭ᠎ᠲᠤ ᠬᠦᠷᠴᠦ᠍ ᠬᠤᠪᠢᠰᠭᠠᠯᠲᠤ ᠲᠡᠮᠡᠴᠡᠯ ᠥᠷᠨᠢᠭᠦᠯᠪᠡ᠃ 1946 ᠣᠨ᠎ᠤ 4 ᠰᠠᠷ᠎ᠠ᠎ᠶ᠋ᠢᠨ 1 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠠᠬᠠᠷ ᠠᠢᠮᠠᠭ᠎ᠤᠨ ᠠᠩᠬᠠᠳᠠᠭ᠍ᠴᠢ ᠨᠠᠮ᠎ᠤᠨ ᠡᠭᠦᠷ ᠳᠤᠶᠢᠩ ᠬᠠᠢᠷᠬᠠᠨ᠎ᠳᠤ ᠪᠠᠢᠭᠤᠯᠤᠭ᠍ᠳᠠᠵᠤ᠂ ᠴᠧᠨ ᠪᠢᠩ ᠢᠦᠢ ᠱᠦᠵᠢ᠎ᠶ᠋ᠢᠨ ᠲᠤᠱᠢᠶᠠᠯ᠎ᠢ ᠡᠬᠦᠷᠭᠡᠯᠡᠵᠤ᠂ ᠹᠠᠩ ᠵᠢᠶ᠍ᠸ᠂ ᠰᠦ᠍ ᠵᠢᠶᠠᠨ ᠱᠢᠶᠤᠤ ᠨᠠᠮ᠎ᠤᠨ ᠡᠭᠦᠷ᠎ᠦᠨ ᠭᠡᠱᠢᠭᠦᠨ᠎ᠦ ᠲᠤᠱᠢᠶᠠᠯ᠎ᠢ ᠡᠬᠦᠷᠭᠡᠯᠡᠪᠠ᠃ ᠨᠠᠮ᠎ᠤᠨ ᠡᠭᠦᠷ ᠪᠠᠢᠭᠤᠯᠤᠭ᠍ᠳᠠᠭ᠍ᠰᠠᠨ᠎ᠤ ᠲᠠᠷᠠᠭ᠎ᠠ᠂ ᠲᠡᠷᠡ ᠳᠠᠷᠤᠢᠳᠤᠨᠢ ᠠᠵᠢᠯᠯᠠᠬᠤ ᠪᠦᠯᠬᠦᠮ᠎ᠦᠨ ᠪᠦᠷᠢᠯᠳᠦᠬᠦᠨ᠎ᠦ ᠳᠣᠲᠣᠷ᠎ᠠ᠎ᠠᠴᠠ ᠨᠢᠭᠡ ᠪᠦᠯᠦᠭ ᠨᠠᠮ᠎ᠤᠨ ᠭᠡᠱᠢᠭᠦᠨ ᠡᠯᠰᠡᠪᠡ᠃
1946 ᠣᠨ᠎ᠤ 6 ᠰᠠᠷ᠎ᠠ᠎ᠳᠤ ᠭᠣᠮᠢᠨᠳᠠᠩ ᠳᠣᠲᠣᠭᠠᠳᠤ᠎ᠶ᠋ᠢᠨ ᠳᠠᠢᠨ᠎ᠢ ᠡᠭᠦᠰᠭᠡᠵᠡᠶ᠃ 11 ᠰᠠᠷ᠎ᠠ᠎ᠳᠤᠨᠢ ᠥᠪᠥᠷ ᠮᠣᠩᠭᠣᠯ᠎ᠤᠨ ᠨᠠᠮ᠎ᠤᠨ ᠬᠣᠷᠢᠶ᠎ᠠ ᠡᠴᠡ ᠬᠠᠪᠢᠷᠭ᠎ᠠ (ᠣᠳᠣ᠎ᠶ᠋ᠢᠨ ᠱᠢᠯᠤᠭᠤᠨ ᠬᠥᠬᠡ ᠬᠣᠱᠢᠭᠤᠨ᠎ᠤ ᠬᠠᠪᠢᠷᠭ᠎ᠠ ᠪᠠᠯᠭᠠᠰᠤ) ᠳ᠋ᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠠᠬᠠᠷᠠᠢᠮᠠᠭᠤᠨ ᠠᠵᠢᠯ᠎ᠤᠨ ᠬᠣᠷᠢᠶ᠎ᠠ᠎ᠶ᠋ᠢ ᠪᠠᠢᠭᠤᠯᠬᠤ᠎ᠪᠠᠷ ᠲᠣᠭ᠍ᠲᠠᠵᠤ᠂ ᠴᠠᠬᠠᠷ ᠠᠢᠮᠠᠭ᠎ᠤᠨ ᠭᠠᠵᠠᠷ ᠤᠷᠤᠨ᠎ᠤ ᠨᠠᠮ᠎ᠤᠨ ᠠᠵᠢᠯ᠎ᠢ ᠬᠠᠷᠢᠭᠤᠴᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠱᠢᠯᠢ᠎ᠶ᠋ᠢᠨ ᠭᠣᠣᠯ ᠴᠠᠬᠠᠷ ᠤᠷᠤᠨ᠎ᠤ ᠠᠵᠢᠯ᠎ᠤᠨ ᠬᠣᠷᠢᠶ᠎ᠠ᠎ᠶ᠋ᠢᠨ ᠤᠳᠤᠷᠢᠳᠤᠯᠭ᠎ᠠ᠎ᠶ᠋ᠢ ᠬᠦᠯᠢᠶᠡᠬᠦ ᠪᠡᠷ ᠲᠤᠭᠳᠠᠪᠠ᠃ ᠡᠭᠦᠨ᠎ᠡᠴᠡ ᠡᠬᠢᠯᠡᠨ ᠴᠠᠬᠠᠷ ᠠᠢᠮᠠᠭ᠎ᠤᠨ ᠡᠯ᠎ᠡ ᠬᠣᠱᠢᠭᠤ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠠᠬᠠᠷ ᠠᠢᠮᠠᠭ᠎ᠤᠨ ᠠᠵᠢᠯ᠎ᠤᠨ ᠬᠣᠷᠢᠶ᠎ᠠ ᠵᠢᠨ ᠤᠳᠤᠷᠢᠳᠤᠯᠭ᠎ᠠ ᠳᠣᠣᠷ᠎ᠠ᠂ ᠤᠷᠢᠳ ᠬᠣᠵᠢᠳ ᠨᠠᠮ᠎ᠤᠨ ᠤᠳᠤᠷᠢᠳᠬᠤ ᠳᠤᠭᠤᠢᠯᠠᠩ᠂ ᠨᠠᠮ᠎ᠤᠨ ᠡᠭᠦᠷ ᠪᠠᠢᠭᠤᠯᠵᠤ᠂ ᠡᠯ᠎ᠡ ᠬᠣᠱᠢᠭᠤᠨ᠎ᠤ ᠬᠤᠪᠢᠰᠭᠠᠯᠲᠤ ᠲᠡᠮᠡᠴᠡᠯ᠎ᠢ ᠤᠳᠤᠷᠢᠳᠭᠤ ᠭᠣᠣᠯ ᠲᠤᠯᠭᠠᠭᠤᠷᠢ ᠪᠣᠯᠤᠭ᠍ᠰᠠᠨ ᠪᠠᠢᠨ᠎ᠠ᠃ ᠬᠠᠳᠠᠭᠤ ᠪᠡᠷᠭᠡᠰᠢᠶᠡᠯᠳᠦ ᠲᠡᠮᠡᠴᠡᠯ᠎ᠦᠨ ᠳᠤᠮᠳᠠ᠂ ᠴᠠᠬᠠᠷ ᠠᠢᠮᠠᠭ᠎ᠤᠨ ᠦᠨᠳᠦᠰᠦᠲᠡᠨ ᠨᠤᠬᠦᠳ᠎ᠤᠨ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠥᠪᠥᠷ ᠮᠣᠩᠭᠣᠯ᠎ᠤᠨ ᠠᠷᠠᠳ᠎ᠤᠨ ᠥᠪᠡᠷ᠎ᠢ᠎ᠪᠡᠨ ᠬᠠᠮᠠᠭᠠᠯᠠᠬᠤ ᠴᠡᠷᠢᠭ᠎ᠦᠨ ᠮᠣᠷᠢᠲᠤ ᠴᠡᠷᠢᠭ᠎ᠦᠨ 11 ᠳ᠋ᠤᠭᠡᠷ ᠳ᠋ᠢᠸᠢᠽᠢ᠂ 16 ᠳ᠋ᠤᠭᠠᠷ ᠳ᠋ᠢᠸᠢᠽᠢ ᠪᠣᠯᠤᠨ ᠴᠠᠬᠠᠷ᠎ᠤᠨ ᠬᠣᠢᠲᠤ ᠬᠡᠰᠡᠭ᠎ᠦᠨ ᠴᠡᠷᠢᠭ᠎ᠦᠨ ᠲᠣᠭᠣᠷᠢᠭ᠎ᠤᠨ ᠴᠡᠷᠢᠭ ᠠᠩᠭᠢ᠎ᠲᠠᠶ ᠬᠠᠮᠵᠢᠯᠴᠠᠨ ᠤᠷᠢᠳ ᠬᠣᠵᠢᠳ ᠬᠠᠪᠢᠷᠭ᠎ᠠ᠎ᠶ᠋ᠢ ᠬᠣᠶᠠᠷᠲᠠ ᠲᠠᠭᠠᠷᠢᠨ ᠴᠣᠬᠢᠬᠤ ᠪᠠᠢᠯᠳᠤᠭᠠᠨ᠂ ᠰᠠᠢᠬᠠᠨᠨᠠᠭᠤᠷᠢ ᠬᠠᠮᠠᠭᠠᠯᠠᠬᠤ ᠪᠠᠢᠯᠳᠤᠭᠠᠨ᠂ ᠲᠤᠶᠢᠩ ᠬᠠᠢᠷᠬᠠᠨ᠎ᠤ ᠪᠠᠢᠯᠳᠤᠭᠠᠨ᠂ ᠬᠤᠯᠤᠰᠤᠲᠠᠢ᠎ᠶ᠋ᠢᠨ ᠪᠠᠢᠯᠳᠤᠭᠠᠨ ᠵᠡᠷᠭᠡ 40 ᠭᠠᠷᠤᠢ ᠤᠳᠠᠭᠠᠨ᠎ᠤ ᠴᠢᠰᠤᠲᠤ ᠪᠠᠢᠯᠳᠤᠭᠠᠨ ᠬᠢᠭ᠌ᠰᠡᠨ ᠪᠠᠢᠨ᠎ᠠ᠃ ᠬᠤᠪᠢᠰᠭᠠᠯᠲᠤ ᠲᠡᠮᠡᠴᠡᠯ᠎ᠦᠨ ᠳᠤᠮᠳᠠ᠂ ᠴᠠᠬᠠᠷ ᠠᠢᠮᠠᠭ᠎ᠤᠨ ᠣᠷᠣᠯᠠᠭ᠍ᠴᠢ ᠳᠠᠷᠤᠭ᠎ᠠ ᠭᠤᠸᠠᠨ ᠴᠢ ᠢ᠂ ᠮᠣᠷᠢᠲᠤ ᠴᠡᠷᠢᠭ᠎ᠦᠨ 16 ᠳ᠋ᠤᠭᠠᠷ ᠳ᠋ᠢᠸᠢᠽᠢ᠎ᠶ᠋ᠢᠨ ᠰᠤᠮᠤᠨ ᠳᠠᠷᠤᠭ᠎ᠠ ᠦᠨᠡᠨᠪᠠᠲᠤ᠂ ᠮᠣᠷᠢᠲᠤ ᠴᠡᠷᠢᠭ᠎ᠦᠨ 11 ᠳ᠋ᠤᠭᠡᠷ ᠳ᠋ᠢᠸᠢᠽᠢ᠎ᠶ᠋ᠢᠨ ᠬᠣᠷᠢᠶᠠᠨ ᠳᠠᠷᠤᠭ᠎ᠠ ᠲᠡᠬᠦᠰ᠂ ᠱᠠᠨᠭᠳᠤ ᠬᠤᠸᠠᠳ᠋ᠸ ᠺᠠᠡᠭ ᠪᠤᠤ ᠬᠣᠯᠪᠣᠭᠠᠲᠤ ᠱᠢᠶᠠᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶᠠᠨ᠎ᠤ ᠳᠡᠳ᠋ ᠳᠠᠷᠤᠭ᠎ᠠ ᠸᠠᠩ ᡁᠢ ᠬᠤᠸᠠ᠂ ᠬᠥᠪᠡᠭᠡᠲᠦ ᠱᠢᠷ᠎ᠠ ᠬᠣᠱᠢᠭᠤᠨ᠎ᠤ ᠮᠡᠳᠡᠭᠡᠯᠡᠭ᠌ᠴᠢ ᠪᠠᠶᠠᠨᠮᠠ ᠵᠡᠷᠭᠡ ᠨᠠᠮ᠎ᠤᠨ ᠱᠢᠯᠢᠳᠡᠭ ᠬᠥᠪᠡᠭᠦᠳ ᠥᠬᠢᠳ ᠡᠷᠬᠢᠮ ᠨᠠᠨᠳᠢᠨ ᠠᠮᠢ ᠨᠠᠰᠤ᠎ᠪᠠᠨ ᠵᠣᠷᠢᠭᠤᠯᠪᠠ᠃ 1948 ᠣᠨ᠎ᠤ 12 ᠰᠠᠷ᠎ᠠ᠎ᠶ᠋ᠢᠨ 8 ᠤ᠋ ᠡᠳᠦᠷ᠂ ᠱᠢᠶᠤᠤ ᠴᠧᠩ᠂ ᠰᠦ᠍ ᠵᠢᠶᠠᠨ ᠱᠢᠶᠤᠤ᠂ ᠵᠦ᠍ ᠢᠦᠢ ᠱᠠᠨ ᠵᠡᠷᠭᠡ 18 ᠬᠦᠮᠦᠨ ᠪᠠᠢᠯᠳᠤᠭᠠᠨ᠎ᠤ ᠳᠤᠮᠳᠠ ᠪᠠᠭᠠᠲᠤᠷᠯᠢᠭ᠎ᠢᠶᠠᠷ ᠪᠡᠶ᠎ᠡ ᠦᠷᠡᠭ᠌ᠳᠡᠵᠡᠢ᠃ ᠪᠦᠷᠢᠳᠭᠡᠯ᠎ᠢ ᠦᠨᠳᠦᠰᠦᠯᠡᠪᠡᠯ᠂ 1949 ᠣᠨ᠎ᠤ 10 ᠰᠠᠷ᠎ᠠ᠎ᠶ᠋ᠢᠨ 1 ᠤ᠋ ᠡᠳᠦᠷ ᠰᠢᠨ᠎ᠡ ᠲᠤᠮᠳᠠᠳᠤ ᠤᠯᠤᠰ ᠪᠠᠢᠭᠤᠯᠤᠭᠳᠠᠬᠤ ᠪᠣᠯᠲᠠᠯ᠎ᠠ᠂ ᠤᠳᠤ᠎ᠶ᠋ᠢᠨ ᠱᠢᠯᠤᠭᠤᠨ ᠬᠦᠬᠡ ᠬᠣᠱᠢᠭᠤᠨ᠎ᠤ ᠬᠢᠯᠢ ᠳᠣᠲᠣᠷ᠎ᠠ ᠤᠷᠢᠳ ᠬᠣᠵᠢᠳ 300 ᠭᠠᠷᠤᠢ ᠦᠨᠳᠦᠰᠦᠲᠡᠨ᠎ᠨᠦᠭᠦᠳ᠎ᠦᠨ ᠴᠡᠷᠢᠭ ᠠᠷᠠᠳ ᠴᠢᠯᠥᠭᠡᠯᠡᠯᠲᠡ᠎ᠶ᠋ᠢᠨ ᠦᠢᠯᠡᠰ᠎ᠲᠦ ᠡᠷᠬᠢᠮ ᠨᠠᠨᠳᠢᠨ ᠠᠮᠢ ᠨᠠᠰᠤ᠎ᠪᠠᠨ ᠵᠣᠷᠢᠭᠤᠯᠤᠭ᠍ᠰᠠᠨ ᠪᠠᠢᠨ᠎ᠠ᠃
ᠢᠷᠠᠭᠤ ᠠᠯᠳᠠᠷᠲᠤ ᠬᠤᠪᠢᠰᠭᠠᠯᠲᠤ ᠤᠯᠠᠮᠵᠢᠯᠠᠯ᠎ᠢ ᠵᠠᠯᠭᠠᠮᠵᠢᠯᠠᠨ ᠪᠠᠳᠠᠷᠠᠭᠤᠯᠬᠤ ᠵᠢᠨ ᠲᠦᠯᠦᠭᠡ᠂ 2001 ᠣᠨ᠎ᠤ 8 ᠰᠠᠷ᠎ᠠ᠎ᠶ᠋ᠢᠨ 31 ᠤ᠋ ᠡᠳᠦᠷ᠂ ᠱᠢᠯᠤᠭᠤᠨ ᠬᠦᠬᠡ ᠬᠣᠱᠢᠭᠤ ᠴᠠᠬᠠᠷ ᠠᠢᠮᠠᠭ ᠤᠨ ᠠᠩᠬᠠᠳᠠᠭ᠍ᠴᠢ ᠨᠠᠮ᠎ᠤᠨ ᠡᠭᠦᠷ᠎ᠦᠨ ᠮᠡᠨᠳᠦᠯᠡᠭ᠌ᠰᠡᠨ ᠭᠠᠵᠠᠷ᠎ᠤᠨ ᠬᠠᠭᠤᠴᠢ ᠪᠠᠭᠤᠷᠢ᠎ᠳᠤ ᠳᠤᠷᠠᠰᠭᠠᠯ᠎ᠤᠨ ᠬᠥᠱᠢᠢ᠎ᠡ ᠪᠤᠰᠭᠠᠪᠠ᠃ 2011 ᠣᠨ᠎ᠤ 5 ᠰᠠᠷ᠎ᠠ᠎ᠳᠤ᠂ ᠪᠤᠱᠤᠤᠳᠠᠢ ᠰᠤᠮᠤᠨ᠎ᠤ ᠡᠩᠭᠡᠷ ᠭᠠᠴᠠᠭᠠᠨ᠎ᠤ ᠲᠤᠶᠢᠩ ᠬᠠᠢᠷᠬᠠᠨ ᠳ᠋ᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠠᠬᠠᠷ ᠠᠢᠮᠠᠭ ᠤᠨ ᠠᠩᠬᠠᠳᠠᠭ᠍ᠴᠢ ᠨᠠᠮ᠎ᠤᠨ ᠡᠭᠦᠷ᠎ᠦᠨ ᠳᠤᠷᠠᠰᠭᠠᠯ᠎ᠤᠨ ᠣᠷᠳᠣᠨ᠎ᠢ ᠪᠠᠢᠭᠤᠯᠵᠤ᠂ 2014 ᠣᠨ᠎ᠤ 7 ᠰᠠᠷ᠎ᠠ᠎ᠶ᠋ᠢᠨ 25 ᠤ᠋ ᠡᠳᠦᠷ ᠡᠭᠦᠳᠡ᠎ᠪᠡᠨ ᠨᠡᠭᠡᠭᠡᠵᠦ᠍᠂ ᠪᠦᠬᠦ᠌ ᠣᠷᠣᠨ᠎ᠤ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠵᠢᠱ᠌ᠢᠶ᠎ᠡ ᠦᠵᠡᠭᠦᠯᠬᠦ᠌ ᠰᠠᠭᠤᠷᠢᠨ᠂ ᠪᠦᠬᠦ᠌ ᠣᠷᠣᠨ᠎ᠤ ᠠᠩᠬᠠᠳᠠᠭ᠍ᠴᠢ ᠪᠦᠯᠦᠭ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶ᠋ᠢᠨ ᠬᠥᠮᠦᠵᠢᠯ᠎ᠦᠨ ᠰᠠᠭᠤᠷᠢᠨ᠎ᠢᠶᠠᠷ ᠨᠡᠷᠡᠢᠳᠦᠭ᠌ᠳᠡᠪᠡ᠃ 2020 ᠣᠨ᠎ᠳᠤ᠂ ᠱᠢᠯᠤᠭᠤᠨ ᠬᠥᠬᠡ ᠬᠣᠱᠢᠭᠤᠨ᠎ᠤ ᠪᠣᠱᠣᠤᠳᠠᠢ ᠰᠤᠮᠤ᠎ᠶ᠋ᠢᠨ ᠡᠩᠭᠡᠷ ᠭᠠᠴᠠᠭ᠎ᠠ ᠲᠥᠪ᠎ᠦᠨ ᠬᠤᠪᠢᠰᠭᠠᠯᠳᠤ ᠦᠵᠡᠰᠭᠦᠯᠡᠩᠲᠦ ᠰᠠᠢᠬᠠᠨ ᠠᠢᠯ ᠲᠣᠰᠭᠣᠨ᠎ᠢ ᠪᠥᠲᠥᠭᠡᠨ ᠪᠠᠢᠭᠤᠯᠬᠤ ᠲᠤᠷᠱᠢᠯᠲᠠ᠎ᠶ᠋ᠢᠨ ᠴᠢᠭ᠎ᠢᠶᠡᠷ ᠰᠣᠩᠭᠣᠭ᠍ᠳᠠᠪᠠ᠃ 2023 ᠣᠨ᠎ᠳᠤ᠂ ᠱᠢᠯᠤᠭᠤᠨ ᠬᠥᠬᠡ ᠬᠣᠱᠢᠭᠤ ᠴᠠᠬᠠᠷ ᠠᠢᠮᠠᠭ᠎ᠤᠨ ᠠᠩᠬᠠᠳᠠᠭᠴᠢ ᠨᠠᠮ᠎ᠤᠨ ᠡᠭᠦᠷ᠎ᠦᠨ ᠳᠤᠷᠠᠰᠭᠠᠯ᠎ᠤᠨ ᠣᠷᠳᠣᠨ᠎ᠢ ᠳᠠᠬᠢᠨ ᠵᠠᠰᠠᠨ ᠴᠢᠮᠡᠭᠯᠡᠵᠤ ᠳᠡᠯᠭᠡᠨ ᠦᠵᠡᠭᠦᠯᠪᠡ᠃
ᠥᠨᠥᠳᠦᠷ᠎ᠦᠨ ᠳᠤᠷᠠᠰᠭᠠᠯ᠎ᠤᠨ ᠣᠷᠳᠣᠨ 《ᠭᠣᠣᠯ ᠰᠡᠳᠦᠪᠲᠦ ᠨᠠᠮ᠎ᠤᠨ ᠡᠳᠦᠷᠯᠢᠭ + ᠬᠤᠪᠢᠰᠭᠠᠯᠳᠤ ᠬᠢᠴᠢᠶᠡᠯ᠎ᠦᠨ ᠲᠠᠩᠬᠢᠮ》᠂ ᠪᠢᠴᠢᠯ ᠨᠠᠮ᠎ᠤᠨ ᠬᠢᠴᠢᠶᠡᠯ᠂ ᠨᠠᠮ᠎ᠤᠨ ᠡᠭᠦᠷ᠎ᠦᠨ ᠬᠠᠷᠢᠯᠴᠠᠨ ᠬᠠᠪᠰᠤᠷᠤᠯᠴᠠᠬᠤ ᠬᠣᠯᠪᠣᠭ᠎ᠠ ᠵᠡᠷᠭᠡ ᠠᠵᠢᠯᠯᠠᠭ᠎ᠠ᠎ᠪᠠᠷ ᠳᠠᠮᠵᠢᠭᠤᠯᠵᠤ᠂ ᠬᠤᠪᠢᠰᠭᠠᠯ᠎ᠤᠨ ᠲᠡᠦᠬᠡ᠎ᠶ᠋ᠢ ᠲᠠᠬᠢᠨ ᠡᠷᠭᠢᠴᠡᠭᠦᠯᠵᠦ᠍᠂ 《ᠲᠦᠷᠪᠡ᠎ᠶ᠋ᠢ ᠬᠠᠮᠲᠤᠳᠬᠠᠬᠤ》᠂《ᠲᠠᠪᠤᠨ ᠬᠠᠮᠲᠤ᠎ᠶ᠋ᠢᠨ ᠲᠠᠨᠢᠯᠲᠠ》 ᠵᠢ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠰᠡᠳᠭᠢᠯ ᠳ᠋ᠤ ᠦᠨᠳᠦᠰᠦᠯᠡᠭᠦᠯᠵᠦ᠍᠂ ᠨᠡᠩ ᠴᠢᠨᠭ ᠰᠡᠳᠬᠢᠯ ᠡᠴᠡ ᠪᠠᠨ ᠨᠠᠮ᠎ᠦᠨ ᠠᠴᠢ ᠳ᠋ᠤ ᠲᠠᠯᠠᠷᠬᠠᠵᠤ᠂ ᠨᠠᠮ᠎ᠦᠨ ᠦᠭᠡ ᠵᠢ ᠰᠤᠨᠤᠰᠴᠤ᠂ ᠨᠠᠮ᠎ᠢᠶᠡᠨ ᠲᠠᠭᠠᠬᠤ ᠵᠢ ᠬᠦᠳᠦᠯᠤᠨ ᠲᠠᠭᠠᠭᠤᠯᠤᠨ᠎ᠠ᠃ ᠡᠨᠳᠡᠬᠢ ᠨᠢ ᠪᠠᠰᠠ ᠱᠢᠨ᠎ᠡ ᠴᠠᠭ ᠦᠶ᠎ᠡ᠎ᠶ᠋ᠢᠨ ᠪᠦᠬᠦ᠌ ᠬᠣᠱᠢᠭᠤ᠂ ᠪᠦᠬᠦ᠌ ᠠᠢᠮᠠᠭ ᠴᠢᠨᠠᠭ᠍ᠰᠢᠯᠠᠪᠠᠯ ᠪᠦᠬᠦ᠌ ᠣᠷᠣᠨ᠎ᠤ ᠨᠠᠮᠴᠢ ᠴᠢᠨᠠᠷ᠎ᠤᠨ ᠬᠥᠮᠦᠵᠢᠯ᠂ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠂ ᠬᠤᠪᠢᠰᠭᠠᠯᠲᠤ ᠤᠯᠠᠮᠵᠢᠯᠠᠯ᠎ᠤᠨ ᠬᠥᠮᠦᠵᠢᠯ ᠪᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠦᠨ ᠲᠤᠬᠠᠢ᠎ᠶ᠋ᠢᠨ ᠲᠠᠯᠠᠪᠠᠢ᠎ᠶ᠋ᠢᠨ ᠵᠢᠭᠠᠨ ᠰᠤᠷᠭᠠᠯᠲᠠ᠎ᠶ᠋ᠢᠨ ᠰᠠᠭᠤᠷᠢᠨ ᠪᠣᠯᠤᠭ᠍ᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃