2024-04-08 11:56:14
4 ᠰᠠᠷ᠎ᠠ᠎ᠶ᠋ᠢᠨ 7 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠡᠴᠡ ᠵᠢᠯᠣᠭᠣᠳᠴᠤ᠌᠂ ᠥᠪᠥᠷ ᠮᠣᠩᠭᠣᠯ ᠤᠨ ᠤᠳᠭ᠎ᠠ ᠤᠷᠠᠯᠢᠭ᠎ᠤᠨ ᠬᠢᠨ᠎ᠦ ᠬᠣᠯᠪᠣᠭ᠎ᠠ ᠵᠡᠷᠭᠡ ᠨᠢᠭᠡᠴᠢ᠎ᠡᠴᠡ ᠵᠣᠬᠢᠶᠠᠨ ᠪᠠᠢᠭᠤᠯᠤᠨ ᠵᠢᠷᠤᠵᠤ ᠲᠥᠯᠥᠪᠯᠡᠵᠦ᠍ ᠴᠤᠭ᠍ᠯᠠᠭᠤᠯᠤᠭ᠍ᠰᠠᠨ ᠤᠮᠠᠷᠠᠲᠤ ᠬᠢᠯᠢ᠎ᠶ᠋ᠢᠨ ᠰᠣᠶᠣᠯ᠎ᠤᠨ ᠢᠯᠡᠷᠬᠡᠢᠯᠡᠯ ᠲᠡᠮᠳᠡᠭ᠎ᠢ ᠵᠢᠩᠬᠢᠨᠢ᠎ᠪᠡᠷ ᠨᠡᠢᠲᠡᠯᠡᠪᠡ᠃
ᠤᠮᠠᠷᠠᠲᠤ ᠬᠢᠯᠢ᠎ᠶ᠋ᠢᠨ ᠰᠣᠶᠣᠯ᠎ᠤᠨ ᠢᠯᠡᠷᠬᠡᠢᠯᠡᠯ ᠲᠡᠮᠳᠡᠭ᠎ᠢ ᠵᠢᠷᠤᠵᠤ ᠲᠥᠯᠥᠪᠯᠡᠬᠦ᠌ ᠠᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠴᠢᠩᠬᠤᠸᠠ ᠶᠡᠬᠡ ᠰᠤᠷᠭᠠᠭᠤᠯᠢ᠎ᠶ᠋ᠢᠨ ᠤᠷᠠᠨ ᠵᠢᠷᠤᠭ᠎ᠤᠨ ᠳᠡᠭᠡᠳᠦ ᠰᠤᠷᠭᠠᠭᠤᠯᠢ᠂ ᠪᠡᠭᠡᠵᠢᠩ᠎ᠦᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠤᠷᠠᠯᠢᠭ ᠬᠢᠭᠡᠳ ᠵᠠᠭᠤᠴᠢᠯᠠᠭᠤᠷ᠎ᠤᠨ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠵᠡᠷᠭᠡ ᠨᠢᠭᠡ ᠪᠦᠯᠦᠭ ᠲᠤᠰᠭᠠᠶ ᠮᠡᠷᠭᠡᠵᠢᠯ᠎ᠦᠨ ᠪᠦᠯᠬᠦᠮ ᠲᠥᠰᠦᠯ ᠤ᠋ᠨ ᠵᠢᠷᠤᠵᠤ ᠲᠥᠯᠥᠪᠯᠡᠬᠦ᠌᠎ᠳᠦ ᠣᠷᠣᠯᠴᠠᠵᠤ᠂ ᠨᠡᠢᠳᠠ 234 ᠤᠮᠠᠷᠠᠲᠤ ᠬᠢᠯᠢ᠎ᠶ᠋ᠢᠨ ᠰᠣᠶᠣᠯ᠎ᠤᠨ ᠢᠯᠡᠷᠬᠡᠢᠯᠡᠯ ᠲᠡᠮᠳᠡᠭ᠎ᠢ ᠵᠢᠷᠤᠵᠤ ᠲᠥᠯᠥᠪᠯᠡᠭᠰᠡᠨ ᠲᠥᠰᠦᠯ᠎ᠢ ᠴᠤᠭ᠍ᠯᠠᠭᠤᠯᠪᠠ᠃ ᠲᠤᠰᠭᠠᠶ ᠮᠡᠷᠭᠡᠵᠢᠯᠲᠡᠨ᠎ᠦ ᠣᠯᠠᠨ ᠤᠳᠠᠭᠠᠨ ᠤ ᠱᠢᠯᠭᠠᠷᠠᠭᠤᠯᠤᠯᠲᠠ᠎ᠪᠠᠷ ᠳᠡᠮᠵᠢᠵᠤ ᠂ ᠴᠢᠩᠬᠤᠸᠠ ᠶᠡᠬᠡ ᠰᠤᠷᠭᠠᠭᠤᠯᠢ᠎ᠶ᠋ᠢᠨ ᠤᠷᠠᠨ ᠵᠢᠷᠤᠭ᠎ᠤᠨ ᠳᠡᠭᠡᠳᠦ ᠰᠤᠷᠭᠠᠭᠤᠯᠢ᠎ᠶ᠋ᠢᠨ ᠵᠢᠷᠤᠵᠤ ᠲᠥᠯᠥᠪᠯᠡᠭ᠌ᠰᠡᠨ ᠤᠮᠠᠷᠠᠲᠤ ᠬᠢᠯᠢ᠎ᠶ᠋ᠢᠨ ᠰᠣᠶᠣᠯ᠎ᠤᠨ ᠢᠯᠡᠷᠬᠡᠢᠯᠡᠯ ᠲᠡᠮᠳᠡᠭ ᠡᠴᠦᠰ᠎ᠲᠡᠬᠡᠨ ᠰᠢᠯᠭᠠᠷᠠᠭᠤᠯᠤᠬᠳᠠᠪᠠ᠃
ᠤᠮᠠᠷᠠᠲᠤ ᠬᠢᠯᠢ᠎ᠶ᠋ᠢᠨ ᠰᠣᠶᠣᠯ᠎ᠤᠨ ᠢᠯᠡᠷᠬᠡᠢᠯᠡᠯ ᠲᠡᠮᠳᠡᠭ ᠨᠢ ᠪᠦᠬᠦᠯᠢ ᠴᠣᠭ᠍ᠴᠠ᠎ᠪᠠᠷ᠎ᠢᠶᠠᠨ ᠤᠯᠠᠭᠠᠨ ᠲᠣᠭ᠎ᠤᠨ ᠬᠡᠯᠪᠡᠷᠢ ᠲᠠᠶ ᠪᠠᠢᠵᠤ᠂ ᠤᠯᠠᠭᠠᠨ ᠥᠩᠭᠡ ᠪᠡᠷ ᠭᠤᠤᠯᠯᠠᠵᠤ᠂ ᠨᠠᠮ᠎ᠤᠨ ᠤᠳᠤᠷᠢᠳᠤᠯᠭ᠎ᠠ ᠳᠤᠤᠷ᠎ᠠ᠂ ᠥᠪᠥᠷ ᠮᠣᠩᠭᠣᠯ ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠤᠪᠢᠰᠭᠠᠯ᠎ᠤᠨ ᠤᠳᠤᠮᠱᠢᠯ᠎ᠢᠶᠠᠨ ᠤᠯᠠᠮᠵᠢᠯᠠᠨ ᠵᠠᠯᠭᠠᠮᠵᠢᠯᠠᠬᠤ᠎ᠶ᠋ᠢ ᠪᠡᠯᠭᠡᠳᠡᠭᠰᠡᠨ ᠪᠠᠢᠨ᠎ᠠ᠃ ᠵᠡᠭᠦᠨ᠎ᠡᠴᠡ ᠪᠠᠷᠠᠭᠤᠨᠰᠢ ᠢᠯᠡᠷᠬᠡᠢᠯᠡᠯ ᠲᠡᠮᠳᠡᠭ ᠤ᠋ᠨ ᠡᠮᠦᠨ᠎ᠡ ᠦᠵᠦᠭᠦᠷ ᠨᠢ ᠮᠤᠷᠢᠨ᠎ᠤ ᠲᠣᠯᠣᠭᠠᠢ ᠂ ᠬᠣᠢᠲᠤ ᠦᠵᠦᠭᠦᠷ ᠨᠢ ᠬᠡᠢᠰᠴᠦ᠍ ᠪᠠᠢᠭ᠎ᠠ ᠲᠠᠯ ᠪᠠᠢᠵᠤ᠂ ᠬᠠᠷᠠᠭᠠᠨ ᠰᠡᠷᠡᠯ᠎ᠤᠨ ᠲᠠᠯ᠎ᠠ ᠪᠡᠷ ᠳᠠᠪᠬᠢᠨ ᠤᠷᠤᠭ᠍ᠰᠢᠯᠠᠵᠤ ᠪᠠᠢᠭ᠎ᠠ ᠮᠣᠩᠭᠣᠯ ᠮᠤᠷᠢᠨ᠎ᠤ ᠳᠦᠷᠰᠦ ᠪᠠᠢᠳᠠᠯ ᠢᠯᠡᠷᠡᠵᠦ᠍᠂ 《 ᠬᠦᠴᠢᠷ ᠪᠡᠷᠭᠡᠰᠢᠶᠡᠯ᠎ᠢ ᠲᠠᠭᠠᠭᠠᠵᠤ᠂ ᠴᠤᠴᠠᠰᠢ ᠥᠭᠡᠢ ᠤᠷᠤᠭ᠍ᠰᠢᠯᠠᠵᠤ᠂ ᠵᠣᠷᠢᠭ᠍ᠰᠠᠨ᠎ᠳᠠᠭᠠᠨ ᠵᠠᠪᠠᠯ ᠬᠦᠷᠬᠦ᠌ 》 ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠪᠡᠯᠭᠡᠳᠡᠵᠠᠢ᠃ ᠤᠯᠠᠭᠠᠨ ᠲᠤᠭ ᠢᠯᠡᠷᠬᠡᠢᠯᠡᠯ ᠲᠡᠮᠳᠡᠭ᠎ᠦᠨ ᠳᠣᠣᠷ᠎ᠠ ᠦᠵᠦᠭᠦᠷ ᠨᠢ ᠤᠷᠲᠤ ᠴᠠᠭᠠᠨ ᠬᠡᠷᠡᠮ᠂ ᠬᠠᠲᠤᠨ ᠭᠣᠣᠯ᠎ᠤᠨ 《 ᠲᠤᠬᠤᠢ ᠵᠢᠨ ᠬᠡᠰᠡᠭ 》 ᠪᠠ ᠲᠠᠯ᠎ᠠ ᠨᠤᠲᠤᠭ ᠪᠣᠯᠤᠨ᠎ᠠ᠃ ᠣᠷᠳᠣ ᠴᠠᠭᠠᠨ ᠬᠡᠷᠡᠮ ᠪᠤᠯᠤᠨ ᠬᠠᠲᠤᠨ ᠭᠤᠤᠯ ᠥᠪᠥᠷ ᠮᠣᠩᠭᠣᠯ᠎ᠳᠤ ᠲᠠᠪᠤᠳᠠ ᠵᠤᠯᠭᠠᠵᠤ ᠂ ᠳᠤᠮᠳᠠᠳᠤ᠎ᠶ᠋ᠢᠨ ᠪᠣᠯᠪᠠᠰᠤᠨ᠎ᠤ ᠬᠡᠷᠡᠯ ᠰᠠᠴᠤᠷᠠᠩᠭᠤᠶ ᠠᠮᠵᠢᠯᠲᠠ᠎ᠶ᠋ᠢ ᠠᠴᠢᠶᠠᠯᠠᠵᠤ ᠂ ᠤᠮᠠᠷᠠᠲᠤ ᠬᠢᠯᠢ᠎ᠶ᠋ᠢᠨ ᠡᠬᠡ ᠭᠠᠵᠠᠷ ᠳᠡᠭᠡᠷᠡᠬᠢ ᠭᠦᠨ ᠵᠤᠵᠠᠭᠠᠨ ᠲᠡᠦᠬᠡ ᠰᠣᠶᠣᠯ ᠪᠠ ᠡᠯᠪᠡᠭ ᠪᠠᠶᠠᠯᠢᠭ ᠰᠣᠶᠣᠯ ᠢᠷᠭᠡᠨᠱᠢᠯ᠎ᠦᠨ ᠡᠬᠢ ᠪᠠᠶᠠᠯᠢᠭ᠎ᠢ ᠢᠯᠡᠷᠡᠭᠦᠯᠪᠡ᠃ ᠤᠯᠠᠭᠠᠨ ᠲᠣᠭ᠎ᠤᠨ ᠵᠢᠭᠠᠭ᠍ᠰᠠᠨ ᠴᠢᠭ᠌ᠯᠡᠯ ᠪᠣᠯ ᠮᠣᠩᠭᠣᠯ ᠮᠣᠷᠢᠨ᠎ᠤ ᠳᠡᠭᠦᠯᠢᠨ ᠤᠷᠤᠭ᠍ᠰᠢᠯᠠᠬᠤ ᠴᠢᠭ᠌ᠯᠡᠯ ᠮᠥᠨ᠂ ᠨᠠᠮ᠎ᠤᠨ ᠤᠳᠤᠷᠢᠳᠤᠯᠭ᠎ᠠ ᠳᠤᠤᠷ᠎ᠠ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠶ᠋ᠢ ᠪᠡᠯᠭᠡᠳᠡᠪᠠ᠃ ᠢᠯᠡᠷᠬᠡᠢᠯᠡᠯ ᠲᠡᠮᠳᠡᠭ ᠤ᠋ᠨ ᠪᠠᠷᠠᠭᠤᠨ ᠳᠡᠭᠡᠷ᠎ᠡ ᠲᠠᠯ᠎ᠠ ᠳ᠋ᠡᠬᠢ 《 ᠤᠮᠠᠷᠠᠲᠤ ᠬᠢᠯᠢ᠎ᠶ᠋ᠢᠨ ᠰᠣᠶᠣᠯ 》 ᠤ᠋ᠨ ᠲᠠᠮᠠᠭ᠎ᠠ ᠨᠢ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠠᠭᠤᠯᠤᠭ᠍ᠳᠠᠬᠤᠨ ᠪᠠ ᠬᠥᠭ ᠠᠶᠠᠰ᠎ᠢ ᠬᠦᠴᠦᠯᠡᠨ ᠢᠯᠡᠷᠡᠭᠦᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃