ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2024-03-19 09:48:24

ᠵᠣᠬᠢᠶᠠᠭ᠍ᠴᠢ᠄ ᠪᠠᠶ ᠯᠢᠶᠠᠨ ᠣᠩᠱᠢᠭ᠍ᠰᠠᠨ ᠣᠳᠠᠭ᠎ᠠ᠄ 3

《ᠠᠭᠤᠰᠤᠯᠴᠠᠯ᠎ᠳᠤ ᠬᠥᠮᠦᠨ ᠪᠣᠯᠤᠨ ᠪᠠᠢᠭᠠᠯᠢ᠂ ᠬᠥᠮᠦᠨ ᠪᠣᠯᠤᠨ ᠬᠥᠮᠦᠨ᠂ ᠬᠥᠮᠦᠨ ᠪᠣᠯᠤᠨ ᠨᠡᠢᠭᠡᠮ᠎ᠦᠨ ᠡᠶ᠎ᠡ ᠵᠣᠬᠢᠴᠠᠩᠭᠤᠢ᠎ᠶ᠋ᠢ ᠪᠠᠭ᠍ᠲᠠᠭᠠᠳᠠᠭ᠂ ᠪᠢᠳᠠ ᠡᠨᠡ ᠬᠦ᠌ ᠠᠭᠤᠤ ᠶᠡᠬᠡ ᠴᠠᠭ ᠦᠶ᠎ᠡ᠎ᠶ᠋ᠢ ᠴᠢᠩ ᠰᠡᠳᠭᠢᠯ᠎ᠡᠴᠡ᠎ᠪᠡᠨ ᠬᠠᠢᠷᠠᠯᠠᠶ᠎ᠠ ᠁》 ᠭᠡᠵᠦ᠍ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭᠠᠭᠤᠯᠢ᠎ᠶ᠋ᠢᠨ ᠲᠢᠶᠠᠲ᠋ᠷ᠎ᠲᠤ᠌᠂ ᠯᠢ ᠱᠤ᠌ ᠷᠦᠩ ᠫᠷᠤᠹᠸᠰᠰᠤᠷ᠎ᠤᠨ ᠥᠷᠭᠡᠨ ᠤᠯᠠᠨ ᠪᠠᠭ᠍ᠰᠢ ᠰᠤᠷᠤᠭ᠍ᠴᠢᠳ᠎ᠲᠤ ᠳᠠᠭᠤ ᠰᠡᠳᠭᠢᠯᠭᠡ᠎ᠵᠢ ᠬᠤᠤᠰᠯᠠᠭᠤᠯᠤᠨ ᠬᠢᠭ᠌ᠰᠡᠨ 《ᠤᠮᠠᠷᠠᠲᠤ ᠬᠢᠯᠢ᠎ᠶ᠋ᠢᠨ ᠮᠠᠭ᠍ᠲᠠᠭᠠᠯ — ᠲᠢᠶᠠᠲ᠋ᠷ᠎ᠲᠡᠬᠢ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ》 ᠭᠡᠬᠦ᠌ ᠶᠠᠷᠢᠶ᠎ᠠ ᠢᠯᠡᠳᠭᠡᠯ ᠲᠤᠬᠠᠢ᠎ᠶ᠋ᠢᠨ ᠲᠠᠯᠠᠪᠠᠢ᠎ᠶ᠋ᠢᠨ ᠥᠷᠭᠡᠨ ᠤᠯᠠᠨ ᠪᠠᠭ᠍ᠰᠢ ᠰᠤᠷᠤᠭ᠍ᠴᠢᠳ᠎ᠢ ᠭᠦᠨ᠎ᠡ ᠨᠥᠯᠥᠭᠡᠯᠡᠪᠡ᠃

《ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ ᠪᠣᠯ ᠶᠣᠰᠣ ᠰᠤᠷᠲᠠᠬᠤᠨ᠎ᠢ ᠪᠤᠢ ᠪᠣᠯᠭᠠᠵᠤ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠬᠤ ᠵᠠᠩᠭᠢᠯᠠᠭ᠎ᠠ᠎ᠶ᠋ᠢᠨ ᠬᠢᠴᠢᠶᠡᠯ ᠪᠣᠯᠤᠨ᠎ᠠ᠃ ᠬᠢᠴᠢᠶᠡᠯ᠎ᠦᠨ ᠲᠥᠯᠥᠪᠯᠡᠭᠡ᠎ᠶ᠋ᠢ ᠬᠡᠷᠬᠢᠨ ᠱᠢᠯᠢᠳᠡᠭ᠌ᠵᠢᠭᠦᠯᠵᠦ᠍᠂ ᠦᠵᠡᠯ ᠰᠠᠨᠠᠭ᠎ᠠ ᠤᠯᠤᠰ ᠲᠥᠷᠥ᠎ᠶ᠋ᠢᠨ ᠬᠥᠮᠦᠵᠢᠯ᠎ᠦᠨ ᠴᠢᠳᠠᠮᠵᠢ᠎ᠶ᠋ᠢ ᠪᠦᠲᠦᠮᠵᠢᠲᠡᠶ ᠪᠠᠳᠠᠷᠠᠭᠤᠯᠬᠤ ᠪᠣᠶ? ᠪᠢᠳᠡ ᠢᠲᠡᠭᠡᠯ ᠪᠢᠱᠢᠷᠡᠯ᠎ᠦᠨ ᠬᠦᠴᠦᠨ ᠴᠢᠳᠠᠯ᠎ᠢᠶᠠᠨ ᠢᠯᠡᠷᠡᠭᠦᠯᠦᠭ᠌ᠰᠡᠨ ᠠᠯᠢ ᠣᠯᠠᠨ ᠱᠢᠯᠢᠳᠡᠭ ᠪᠦᠲᠦᠭᠡᠯ᠎ᠢ ᠡᠭᠦᠳᠦᠨ ᠲᠣᠭ᠍ᠯᠠᠵᠤ᠂ ᠤᠷᠠᠨ ᠤᠩᠱᠢᠯᠭ᠎ᠠ᠂ ᠳᠠᠭᠤᠤ ᠬᠥᠭ᠌ᠵᠢᠮ᠂ ᠪᠥᠵᠢᠭ ᠵᠡᠷᠭᠡ ᠤᠯᠠᠨ ᠵᠦᠢᠯ᠎ᠦᠨ ᠢᠯᠡᠷᠡᠭᠦᠯᠦᠯ᠎ᠦᠨ ᠠᠷᠭ᠎ᠠ ᠪᠠᠷᠢᠯ᠎ᠢᠶᠠᠷ ᠳᠠᠮᠵᠢᠭᠤᠯᠤᠨ᠂ ᠤᠳᠭ᠎ᠠ ᠤᠷᠠᠯᠢᠭ᠎ᠤᠨ ᠪᠦᠲᠦᠭᠡᠯ᠎ᠳᠦ ᠠᠭᠤᠯᠤᠭ᠍ᠳᠠᠵᠤ ᠪᠠᠢᠭ᠎ᠠ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠥᠮᠦᠵᠢᠯ᠎ᠦᠨ ᠡᠬᠢ ᠪᠠᠶᠠᠯᠢᠭ᠎ᠢ ᠪᠠᠭ᠍ᠰᠢ ᠰᠤᠷᠤᠭ᠍ᠴᠢᠳ᠎ᠢ ᠰᠤᠷᠭᠠᠨ ᠬᠥᠮᠦᠵᠢᠭᠦᠯᠬᠦ᠌ ᠦᠵᠡᠯ ᠰᠠᠨᠠᠭᠠᠨ᠎ᠤ ᠵᠡᠪᠰᠡᠭ ᠪᠣᠯᠭᠠᠨ ᠬᠤᠪᠢᠷᠠᠭᠤᠯᠵᠤ᠂ ᠲᠤᠰᠭᠠᠢ ᠮᠡᠷᠭᠡᠵᠢᠯ᠎ᠦᠨ ᠬᠢᠴᠢᠶᠡᠯ᠎ᠳᠡᠭᠡᠷ᠎ᠡ 〈ᠦᠵᠡᠯ ᠰᠠᠨᠠᠭ᠎ᠠ ᠤᠯᠤᠰ ᠲᠦᠷᠦ᠍᠎ᠶ᠋ᠢᠨ ᠦᠨᠦᠷ ᠠᠮᠲᠠ〉 ᠵᠢ ᠭᠠᠷᠭᠠᠵᠤ᠂ ᠶᠣᠰᠣ ᠰᠤᠷᠲᠠᠬᠤᠨ᠎ᠢ ᠪᠤᠢ ᠪᠣᠯᠭᠠᠵᠤ ᠬᠥᠮᠦᠨ᠎ᠢ ᠬᠥᠮᠦᠵᠢᠭᠦᠯᠬᠦ᠌᠎ᠳᠦ ᠰᠢᠪᠡᠷᠡᠬᠡ ᠬᠤᠷ᠎ᠠ ᠲᠦᠮᠡᠨ ᠪᠤᠳᠠᠰ᠎ᠢ ᠤᠮᠳᠠᠯᠠᠬᠤ ᠰᠢᠭ᠋ ᠪᠣᠯᠭᠠᠵᠤ᠂ ᠪᠠᠭ᠍ᠰᠢ ᠰᠤᠷᠤᠭ᠍ᠴᠢᠳ᠎ᠤᠨ ᠭᠤᠸ᠎ᠠ ᠲᠠᠭᠠᠰᠢᠶᠠᠯ ᠳᠤᠮᠳᠠ ᠤᠯᠤᠰ ᠭᠡᠷ᠎ᠦᠨ ᠬᠠᠢᠷ᠎ᠠ ᠰᠡᠳᠭᠢᠯᠭᠡ᠎ᠶ᠋ᠢ ᠬᠠᠳᠠᠭᠠᠯᠠᠵᠤ᠂ ᠤᠶᠤᠨ ᠰᠠᠨᠠᠭᠠᠨ᠎ᠤ ᠲᠦᠪᠱᠢᠨ᠎ᠢ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠵᠤ ᠪᠤᠢ》 ᠭᠡᠵᠦ᠍ ᠯᠢ ᠱᠤ᠌ ᠷᠦᠩ ᠢᠯᠡᠳᠭᠡᠪᠡ᠃

《ᠳᠤᠮᠳᠠᠳᠤ ᠤᠯᠤᠰ᠎ᠤᠨ ᠰᠤᠶᠤᠯ ᠤᠷᠠᠯᠢᠭ᠎ᠤᠨ ᠵᠠᠰᠠᠭ᠎ᠤᠨ ᠤᠷᠳᠤᠨ᠎ᠤ ᠱᠠᠩᠨᠠᠯ》 ᠤ᠋ᠨ ᠪᠦᠲᠦᠭᠡᠯ᠂ ᠪᠥᠵᠢᠭ᠌ᠲᠦ ᠵᠦᠴᠦᠭᠡ 《ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠸ᠋》 ᠨᠡᠢᠭᠡᠮ ᠵᠢᠷᠤᠮ᠎ᠤᠨ ᠭᠣᠸ᠋ᠯᠯᠠᠬᠴᠢ ᠥᠷᠲᠡᠭ᠎ᠦᠨ ᠦᠵᠡᠯᠲᠡ ᠪᠠ ᠤᠯᠤᠰ᠎ᠢᠶᠠᠨ ᠬᠠᠢᠷᠠᠯᠠᠬᠤ ᠦᠵᠡᠯ᠎ᠦᠨ ᠵᠣᠷᠢᠭ ᠰᠠᠨᠠᠭ᠎ᠠ᠎ᠶ᠋ᠢ ᠪᠦᠲᠦᠭᠡᠯ᠎ᠦᠨ ᠵᠣᠬᠢᠶᠠᠨ ᠪᠦᠲᠦᠭᠡᠯᠭᠡ᠎ᠳᠦ ᠠᠭᠤᠰᠭᠠᠨ ᠣᠷᠣᠭᠤᠯᠪᠠ; ᠶᠠᠷᠢᠶᠠᠲᠤ ᠵᠦᠴᠦᠭᠡ 《ᠪᠠᠢᠯᠳᠤᠭ᠍ᠴᠢ ᠪᠣᠯᠤᠨ ᠪᠠᠢᠯᠳᠤᠭᠠᠨ᠎ᠤ ᠮᠣᠷᠢ》᠂ 《ᠪᠠᠭᠠᠲᠤᠷ ᠬᠠᠢᠷᠤᠪ》᠂ ᠲᠣᠮᠣ ᠬᠡᠯᠪᠡᠷᠢ᠎ᠶ᠋ᠢᠨ ᠳᠠᠭᠤᠯᠠᠬᠤᠶ᠎ᠶ᠋ᠢᠨ ᠨᠠᠢᠷᠠᠯ ᠠᠶᠠᠰ 《ᠬᠠᠲᠤᠨ ᠭᠣᠣᠯ᠎ᠤᠨ ᠨᠠᠢᠷᠠᠯ ᠳᠠᠭᠤᠤ》 《ᠤᠷᠲᠤ ᠵᠠᠮ᠎ᠤᠨ ᠠᠶᠠᠨ ᠳᠠᠢᠨ᠎ᠦ ᠮᠥᠴᠡᠯᠭᠡ ᠳᠠᠭᠤᠤ — ᠤᠯᠠᠭᠠᠨ ᠴᠡᠷᠢᠭ ᠠᠶᠠᠨ ᠳᠠᠢᠨ᠎ᠦ ᠬᠦᠴᠢᠷ ᠪᠡᠷᠬᠡᠱᠢᠶᠡᠯ᠎ᠡᠴᠡ ᠠᠶᠤᠬᠤ ᠦᠭᠡᠶ》 ᠵᠡᠷᠭᠡ ᠪᠦᠲᠦᠭᠡᠯ ᠬᠤᠷᠴᠠ ᠴᠢᠩᠭ᠎ᠠ ᠰᠣᠶᠣᠯ᠎ᠤᠨ ᠤᠬᠠᠮᠰᠠᠷ ᠪᠣᠯᠤᠨ ᠰᠣᠶᠣᠯ᠎ᠤᠨ ᠢᠲᠡᠭᠡᠯ᠂ ᠭᠦᠨ ᠴᠢᠬᠢᠮᠠᠢ ᠦᠨᠳᠦᠰᠦᠲᠡᠨ᠎ᠦ ᠬᠠᠢᠷ᠎ᠠ ᠰᠡᠳᠭᠢᠯᠭᠡ ᠪᠣᠯᠤᠨ ᠲᠡᠦᠬᠡ᠎ᠶ᠋ᠢᠨ ᠬᠠᠷᠢᠭᠤᠴᠠᠯᠭ᠎ᠠ᠎ᠶ᠋ᠢ ᠢᠯᠡᠷᠡᠭᠦᠯᠦᠨ᠎ᠡ ᠁ 《ᠲᠢᠶᠠᠲ᠋ᠷ᠎ᠲᠡᠬᠢ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ》 ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠂ ᠵᠣᠬᠢᠶᠠᠨ ᠪᠦᠲᠦᠭᠡᠯᠭᠡ᠎ᠶ᠋ᠢᠨ ᠦᠢᠯᠡᠳᠦᠯᠭᠡ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠥᠮᠦᠵᠢᠯ᠎ᠢ ᠣᠷᠭᠠᠨᠢᠭ᠎ᠢᠶᠠᠷ ᠤᠶᠠᠯᠳᠤᠭᠤᠯᠵᠤ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠥᠮᠦᠵᠢᠯ᠎ᠢ 《ᠪᠥᠵᠢᠭ》᠂ 《ᠳᠠᠭᠤᠤ》᠂ 《ᠵᠢᠷᠤᠭ》᠂ 《ᠰᠢ ᠵᠦᠴᠦᠭᠡ》 ᠳ᠋ᠤ ᠠᠭᠤᠰᠭᠠᠭ᠍ᠰᠠᠨ ᠪᠠᠢᠨ᠎ᠠ᠃

《ᠰᠠᠢᠨ ᠤᠳᠭ᠎ᠠ ᠤᠷᠠᠯᠢᠭ᠎ᠤᠨ ᠪᠦᠲᠦᠭᠡᠯ ᠬᠥᠬᠡ ᠣᠭ᠍ᠲᠠᠷᠭᠤᠶ᠎ᠶ᠋ᠢᠨ ᠨᠡᠷᠡᠨ᠎ᠦ ᠭᠡᠷᠡᠯ᠂ ᠬᠠᠪᠤᠷ᠎ᠤᠨ ᠤᠯᠠᠷᠢᠯ᠎ᠤᠨ ᠤᠷᠢᠬᠠᠨ ᠰᠠᠯᠬᠢ ᠲᠠᠶ ᠠᠳᠠᠯᠢ ᠪᠠᠷ ᠦᠵᠡᠯ ᠰᠠᠨᠠᠭ᠎ᠠ᠎ᠶ᠋ᠢ ᠰᠡᠩᠬᠡᠷᠡᠭᠦᠯᠵᠦ᠍᠂ ᠣᠶᠤᠨ ᠰᠠᠨᠠᠭ᠎ᠠ᠎ᠶ᠋ᠢ ᠳᠤᠯᠠᠭᠠᠴᠠᠭᠤᠯᠵᠤ᠂ ᠠᠮᠢᠳᠤᠷᠠᠯ᠎ᠢ ᠨᠦᠯᠦᠭᠡᠯᠡᠵᠦ ᠴᠢᠳᠠᠳᠠᠭ》᠃ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠵᠣᠣ ᠬᠠᠶ ᠵᠥᠩ᠂ ᠣᠢᠷ᠎ᠠ᠎ᠶ᠋ᠢᠨ ᠵᠢᠯ᠎ᠦᠳ᠎ᠲᠦ᠂ ᠰᠤᠷᠭᠠᠭᠤᠯᠢ ᠲᠤᠰᠭᠠᠶ ᠮᠡᠷᠭᠡᠵᠢᠯ᠎ᠦᠨ ᠣᠨᠴᠠᠯᠢᠭ᠎ᠢᠶᠠᠨ ᠪᠠᠳᠠᠷᠠᠭᠤᠯᠵᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠬᠥᠮᠦᠵᠢᠯ᠎ᠦᠨ ᠱᠢᠨ᠎ᠡ ᠪᠠᠢᠷᠢᠱᠢᠯ᠎ᠢ ᠥᠷᠭᠡᠳᠭᠡᠨ᠂ ᠦᠵᠡᠯ ᠰᠠᠨᠠᠭ᠎ᠠ ᠤᠯᠤᠰ ᠲᠥᠷᠥ᠎ᠶ᠋ᠢᠨ 《ᠠᠯᠲᠠᠨ ᠬᠢᠴᠢᠶᠡᠯ》 ᠢ᠋ ᠪᠣᠶ ᠪᠣᠯᠭᠠᠵᠤ᠂ 《ᠰᠣᠶᠣᠯ᠎ᠢᠶᠠᠷ ᠬᠥᠮᠦᠨ᠎ᠢ ᠤᠬᠠᠭᠠᠷᠠᠭᠤᠯᠵᠤ᠂ ᠶᠣᠰᠣ ᠮᠣᠷᠠᠯ᠎ᠢᠶᠠᠷ ᠰᠡᠳᠭᠢᠯ᠎ᠢ ᠤᠮᠳᠠᠯᠠᠬᠤ》 ᠬᠥᠮᠦᠨ᠎ᠢ ᠬᠥᠮᠦᠵᠢᠭᠦᠯᠬᠦ᠌ ᠱᠢᠨ᠎ᠡ ᠵᠠᠮ᠎ᠢ ᠵᠢᠩᠬᠢᠨᠢ᠎ᠪᠡᠷ ᠨᠡᠭᠡᠭᠡᠭ᠌ᠰᠡᠨ ᠪᠠᠢᠨ᠎ᠠ ᠭᠡᠵᠦ ᠢᠯᠡᠳᠭᠡᠪᠡ᠃

ᠳᠡᠭᠡᠳᠦ ᠰᠤᠷᠭᠠᠭᠤᠯᠢ ᠬᠥᠮᠦᠨ ᠬᠥᠮᠦᠵᠢᠭᠦᠯᠬᠦ᠌ ᠬᠠᠷᠠᠯᠲᠠ᠎ᠪᠠᠨ ᠲᠣᠭ᠍ᠲᠠᠭᠠᠵᠤ᠂ ᠬᠥᠮᠦᠨ ᠬᠥᠮᠦᠵᠢᠭᠦᠯᠬᠦ᠌ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠭᠣᠸ᠋ᠯ ᠱᠢᠵᠢᠮ ᠪᠣᠯᠭᠠᠵᠤ᠂ 《ᠲᠢᠶᠠᠲ᠋ᠷ᠎ᠲᠡᠬᠢ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ》 ᠢ᠋ᠢᠡᠷ ᠭᠠᠷᠳᠠᠴᠠ ᠪᠣᠯᠭᠠᠵᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠣᠨᠣᠯ᠎ᠤᠨ ᠬᠢᠴᠢᠶᠡᠯ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠪᠡ᠃ 《ᠬᠢᠴᠢᠶᠡᠯ ᠲᠦᠷᠦᠯ᠎ᠦᠨ ᠦᠵᠡᠯ ᠰᠠᠨᠠᠭ᠎ᠠ ᠤᠯᠤᠰ ᠲᠥᠷᠥ᠍ + ᠲᠤᠰᠭᠠᠶ ᠮᠡᠷᠭᠡᠵᠢᠯ᠎ᠦᠨ ᠦᠵᠡᠯ ᠰᠠᠨᠠᠭ᠎ᠠ ᠤᠯᠤᠰ ᠲᠥᠷᠥ᠍ + ᠲᠢᠶᠠᠲ᠋ᠷ᠎ᠲᠡᠬᠢ ᠦᠵᠡᠯ ᠰᠠᠨᠠᠭ᠎ᠠ ᠤᠯᠤᠰ ᠲᠥᠷᠥ᠍ + ᠵᠣᠬᠢᠶᠠᠨ ᠪᠦᠲᠦᠭᠡᠬᠦ᠌ ᠲᠣᠭ᠍ᠯᠠᠯᠲᠠ᠎ᠶ᠋ᠢᠨ ᠤᠷᠠᠯᠢᠭ᠎ᠤᠨ ᠦᠶ᠋ᠯᠡᠳᠦᠯᠭᠡ》 ᠶ᠋ᠢᠨ 《ᠳᠥᠷᠪᠡ᠎ᠶ᠋ᠢ ᠨᠢᠭᠡ ᠴᠤᠭ᠍ᠴᠠᠵᠢᠭᠤᠯᠬᠤ》 ᠤᠷᠠᠯᠢᠭ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠵᠠᠭ᠍ᠪᠤᠷ᠎ᠢᠶᠠᠷ ᠭᠣᠸ᠋ᠯ ᠪᠣᠯᠭᠠᠵᠤ᠂ 《ᠤᠷᠠᠯᠢᠭ + ᠦᠵᠡᠯ ᠰᠠᠨᠠᠭ᠎ᠠ ᠤᠯᠤᠰ ᠲᠥᠷᠥ᠍》《ᠬᠢᠴᠢᠶᠡᠯ᠎ᠦᠨ ᠲᠠᠩᠬᠢᠮ + ᠳᠠᠢᠰᠠ》 《ᠵᠢᠭᠠᠨ ᠰᠤᠷᠭᠠᠯᠲᠠ + ᠦᠶ᠋ᠯᠡᠳᠦᠯᠭᠡ》᠎ᠶ᠋ᠢᠨ ᠬᠥᠮᠦᠨ᠎ᠬᠥᠮᠦᠵᠢᠭᠦᠯᠬᠦ᠌ ᠱᠢᠰᠲ᠋ᠧᠮ᠎ᠢ ᠲᠡᠭᠦᠯᠳᠡᠷᠵᠢᠭᠦᠯᠦᠨ᠂ 《ᠶᠡᠬᠡ ᠦᠵᠡᠯ ᠰᠠᠨᠠᠭ᠎ᠠ ᠤᠯᠤᠰ ᠲᠥᠷᠥ᠍》 ᠶ᠋ᠢᠨ ᠬᠥᠮᠦᠨ ᠬᠥᠮᠦᠵᠢᠭᠦᠯᠬᠦ᠌ ᠪᠠᠢᠷᠢᠱᠢᠯ᠎ᠢ ᠪᠣᠶ ᠪᠣᠯᠭᠠᠪᠠ᠃

ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭᠠᠭᠤᠯᠢ ᠢᠯᠡ ᠰᠤᠷᠭᠠᠨ ᠬᠥᠮᠦᠵᠢᠯ ᠪᠠ ᠳᠠᠯᠳᠠ ᠰᠤᠷᠭᠠᠨ ᠬᠥᠮᠦᠵᠢᠯ᠎ᠢ ᠬᠠᠷᠢᠯᠴᠠᠨ ᠨᠢᠭᠡᠳᠭᠡᠬᠦ᠌᠎ᠶ᠋ᠢ ᠪᠠᠷᠢᠮᠲᠠᠯᠠᠵᠤ᠂ ᠬᠢᠴᠢᠶᠡᠯ᠎ᠦᠨ ᠦᠵᠡᠯ ᠰᠠᠨᠠᠭ᠎ᠠ ᠤᠯᠤᠰ ᠲᠥᠷᠥ᠍ ᠬᠢᠭᠡᠳ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠪᠠᠢᠭᠤᠯᠤᠯᠲᠠ᠎ᠶ᠋ᠢ ᠨᠢᠭᠡ ᠴᠤᠭ᠍ᠴᠠᠵᠢᠭᠤᠯᠤᠨ ᠠᠬᠢᠭᠤᠯᠪᠠ᠃ ᠲᠤᠰᠭᠠᠶ ᠮᠡᠷᠭᠡᠵᠢᠯ᠎ᠦᠨ ᠬᠢᠴᠢᠶᠡᠯ᠎ᠳᠦ ᠠᠭᠤᠯᠤᠭ᠍ᠳᠠᠵᠤ ᠪᠠᠢᠭ᠎ᠠ ᠦᠵᠡᠯ ᠰᠠᠨᠠᠭ᠎ᠠ ᠤᠯᠤᠰ ᠲᠥᠷᠥ᠎ᠶ᠋ᠢᠨ ᠬᠥᠮᠦᠵᠢᠯ᠎ᠦᠨ ᠡᠬᠢ ᠪᠠᠶᠠᠯᠢᠭ᠎ᠢ ᠭᠦᠶ᠋ᠴᠡᠳ ᠠᠭᠤᠳᠠᠯᠬᠤ ᠪᠠᠷ ᠳᠠᠮᠵᠢᠭᠤᠯᠤᠨ᠂ ᠤᠷᠠᠯᠢᠭ᠎ᠤᠨ ᠥᠷᠲᠡᠭ᠎ᠦᠨ ᠦᠵᠡᠯᠲᠡ᠎ᠶ᠋ᠢ ᠪᠣᠶ ᠪᠣᠯᠭᠠᠬᠤ᠂ ᠣᠶᠤᠨ ᠰᠠᠨᠠᠭᠠᠨ᠎ᠤ ᠤᠢᠯᠠᠭᠠᠭᠳᠠᠬᠤᠨ᠎ᠢ ᠬᠥᠲᠥᠯᠦᠨ ᠳᠠᠭᠠᠭᠤᠯᠬᠤ ᠵᠡᠷᠭᠡ ᠲᠠᠯ᠎ᠠ᠎ᠪᠠᠷ ᠬᠢ ᠳᠠᠯᠳᠠ ᠰᠤᠷᠭᠠᠨ ᠬᠥᠮᠦᠵᠢᠯ᠎ᠦᠨ ᠴᠢᠳᠠᠮᠵᠢ᠎ᠶ᠋ᠢ ᠪᠠᠳᠠᠷᠠᠭᠤᠯᠵᠤ᠂ ᠤᠷᠠᠯᠢᠭ᠎ᠤᠨ ᠲᠤᠰᠭᠠᠶ ᠮᠡᠷᠭᠡᠵᠢᠯ᠎ᠦᠨ ᠰᠤᠷᠭᠠᠨ ᠬᠥᠮᠦᠵᠢᠯ᠎ᠳᠦ ᠴᠢᠳᠠᠪᠤᠷᠢ ᠣᠯᠭᠣᠵᠤ᠂ ᠥᠨᠳᠥᠷ ᠬᠡᠪ ᠪᠣᠯᠪᠠᠰᠤᠷᠠᠯ ᠲᠠᠶ ᠬᠡᠷᠡᠭ᠌ᠯᠡᠭᠡᠨ᠎ᠦ ᠬᠡᠯᠪᠡᠷᠢ᠎ᠶ᠋ᠢᠨ ᠤᠷᠠᠯᠢᠭ᠎ᠤᠨ ᠴᠢᠳᠠᠪᠤᠷᠢᠲᠠᠨ᠎ᠢ ᠬᠥᠮᠦᠵᠢᠭᠦᠯᠪᠡ᠃ 《22352》 ᠬᠥᠮᠦᠨ ᠬᠥᠮᠦᠵᠢᠭᠦᠯᠬᠦ᠌ ᠵᠠᠭ᠍ᠪᠤᠷ᠎ᠢ ᠱᠢᠨ᠎ᠡ᠎ᠶ᠋ᠢ ᠡᠭᠦᠳᠬᠦ᠌ ᠴᠢᠨᠠᠷᠲᠠᠶ᠎ᠪᠠᠷ ᠪᠣᠶ ᠪᠣᠯᠭᠠᠵᠤ (ᠵᠢᠩᠬᠢᠨᠢ ᠠᠩᠭᠢ᠎ᠶ᠋ᠢᠨ ᠰᠣᠷᠣᠭ᠍ᠴᠢ ᠨᠢᠭᠡᠪᠦᠷᠢ᠎ᠳᠦ ᠬᠣᠸ᠋ᠰ ᠵᠢᠯᠣᠭᠣᠳᠣᠭ᠍ᠴᠢ ᠪᠠᠭ᠍ᠰᠢ ᠳᠣᠭᠢᠷᠠᠭᠤᠯᠤᠨ᠎ᠠ᠂ ᠲᠤᠬᠠᠢᠯᠠᠪᠠᠯ ᠦᠵᠡᠯ ᠰᠠᠨᠠᠭ᠎ᠠ ᠤᠯᠤᠰ ᠲᠥᠷᠥ᠎ᠶ᠋ᠢᠨ ᠵᠢᠯᠣᠭᠣᠳᠣᠭ᠍ᠴᠢ ᠪᠠᠭ᠍ᠰᠢ ᠪᠠ ᠰᠤᠷᠤᠯᠭ᠎ᠠ᠎ᠶ᠋ᠢᠨ ᠵᠢᠯᠣᠭᠣᠳᠣᠭ᠍ᠴᠢ ᠪᠠᠭ᠍ᠰᠢ; ᠵᠢᠩᠬᠢᠨᠢ ᠠᠩᠭᠢ᠎ᠶ᠋ᠢᠨ ᠰᠣᠷᠣᠭ᠍ᠴᠢ ᠬᠣᠶᠠᠷ ᠰᠤᠷᠤᠯᠭ᠎ᠠ᠎ᠶ᠋ᠢᠨ ᠬᠤᠭᠤᠴᠠᠭᠠᠨ᠎ᠤ ᠤᠷᠠᠯᠢᠭ᠎ᠤᠨ ᠦᠶ᠋ᠯᠡᠳᠦᠯᠭᠡ᠎ᠳᠦ ᠣᠷᠣᠯᠴᠠᠵᠤ᠂ 3 ᠵᠦᠶ᠋ᠯ᠎ᠦᠨ ᠲᠤᠰᠭᠠᠶ ᠮᠡᠷᠭᠡᠵᠢᠯ᠎ᠦᠨ ᠤᠷ᠎ᠠ ᠴᠢᠳᠠᠪᠤᠷᠢ᠎ᠲᠠᠶ ᠪᠠᠢᠵᠤ᠂ 5 ᠪᠦᠲᠦᠭᠡᠯ ᠪᠠ 2 ᠥᠭᠦᠯᠡᠯ᠎ᠢ ᠪᠢᠴᠢᠵᠦ᠍ ᠳᠠᠭᠤᠰᠭᠠᠵᠤ᠂ ᠡᠭᠦᠨ᠎ᠳᠦ 1 ᠨᠢ ᠦᠵᠡᠯ ᠰᠠᠨᠠᠭ᠎ᠠ ᠤᠯᠤᠰ ᠲᠥᠷᠥ᠎ᠶ᠋ᠢᠨ ᠥᠭᠦᠯᠡᠯ᠂ 1 ᠨᠢ ᠲᠤᠰᠭᠠᠶ ᠮᠡᠷᠭᠡᠵᠢᠯ᠎ᠦᠨ ᠥᠭᠦᠯᠡᠯ ᠪᠠᠢᠵᠤ᠂ ᠡᠷᠳᠡᠮ᠎ᠦᠨ ᠴᠣᠯᠠ ᠤᠯᠬᠤ᠎ᠶ᠋ᠢᠨ ᠴᠢᠬᠤᠯᠠ ᠨᠥᠬᠥᠴᠡᠯ ᠪᠣᠯᠭᠠᠨ᠎ᠠ)᠂ ᠰᠤᠷᠤᠭ᠍ᠴᠢᠳ᠎ᠤᠨ ᠰᠠᠢᠨ ᠰᠠᠢᠬᠠᠨ ᠶᠣᠰᠣ ᠮᠣᠷᠠᠯ ᠵᠠᠩ ᠴᠢᠨᠠᠷ ᠪᠠ ᠲᠤᠰᠭᠠᠶ ᠮᠡᠷᠭᠡᠵᠢᠯ᠎ᠦᠨ ᠦᠶ᠋ᠯᠡᠳᠦᠯᠭᠡ᠎ᠶ᠋ᠢᠨ ᠴᠢᠳᠠᠪᠤᠷᠢ᠎ᠶ᠋ᠢ ᠬᠥᠮᠦᠵᠢᠭᠦᠯᠪᠡ᠃ ᠡᠨᠡ ᠬᠦ᠌ ᠶᠠᠪᠤᠴᠠ᠎ᠳᠤ᠂ 《ᠪᠣᠶ ᠪᠥᠬᠥᠶ ᠪᠦᠲᠦᠭᠡᠯ᠎ᠢ ᠰᠤᠷᠤᠭ᠍ᠴᠢᠳ ᠳᠡᠯᠭᠡᠨ ᠦᠵᠡᠭᠦᠯᠵᠦ᠍᠂ ᠬᠡᠰᠡᠭ ᠪᠦᠲᠦᠭᠡᠯ᠎ᠢ ᠰᠤᠷᠤᠭ᠍ᠴᠢᠳ ᠵᠣᠬᠢᠶᠠᠨ ᠪᠦᠲᠦᠭᠡᠬᠦ᠌᠎ᠳᠦ ᠣᠷᠣᠯᠴᠠᠵᠤ᠂ ᠲᠠᠢᠰᠠᠨ᠎ᠤ ᠦᠷ᠎ᠡ ᠪᠦᠲᠦᠮᠵᠢ᠎ᠶ᠋ᠢ ᠰᠤᠷᠤᠭ᠍ᠴᠢᠳ ᠣᠷᠣᠯᠴᠠᠵᠤ ᠢᠯᠡᠷᠡᠭᠦᠯᠬᠦ᠌ ᠬᠡᠷᠡᠭ᠌ᠲᠡᠶ》᠂ ᠪᠥᠬᠥ᠌ ᠰᠤᠷᠭᠠᠭᠤᠯᠢ᠎ᠶ᠋ᠢᠨ ᠡᠯ᠎ᠡ ᠲᠤᠰᠭᠠᠶ ᠮᠡᠷᠭᠡᠵᠢᠯ᠎ᠦᠨ ᠰᠤᠷᠤᠭ᠍ᠴᠢᠳ ᠲᠠᠢᠰᠠᠨ ᠳᠡᠭᠡᠷ᠎ᠡ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠪᠠᠭ᠍ᠰᠢ᠎ᠨᠠᠷ᠎ᠲᠠᠶ ᠰᠡᠳᠭᠢᠯᠭᠡ᠎ᠪᠡᠨ ᠰᠣᠯᠢᠯᠴᠠᠵᠤ᠂ ᠦᠵᠡᠯ ᠰᠠᠨᠠᠭᠠᠨ᠎ᠤ ᠠᠸ᠋ᠭ᠎ᠠ ᠬᠦᠴᠦᠨ᠎ᠢ ᠬᠠᠮᠲᠤ᠎ᠪᠠᠷ ᠮᠡᠳᠡᠷᠡᠵᠦ᠂ ᠢᠲᠡᠭᠡᠯ ᠪᠢᠱᠢᠷᠡᠯ᠎ᠦᠨ ᠬᠠᠯᠠᠭᠤᠨ ᠳᠤᠯᠠᠭᠠᠨ᠎ᠢ ᠤᠢᠯᠠᠭᠠᠨ᠂ ᠤᠷᠤᠭ᠍ᠰᠢᠯᠠᠯᠲᠠ᠎ᠶ᠋ᠢᠨ ᠬᠦᠴᠦᠨ᠎ᠢ ᠱᠢᠩᠭᠡᠭᠡᠨ ᠠᠪᠬᠤ ᠬᠡᠷᠡᠭ᠌ᠲᠡᠶ ᠭᠡᠵᠦ᠍ ᠱᠠᠭᠠᠷᠳᠠᠵᠠᠶ᠃ ᠤᠯᠠᠨ ᠤᠳᠠᠭ᠎ᠠ᠎ᠶ᠋ᠢᠨ ᠦᠵᠡᠭᠦᠯᠭᠡ᠎ᠶ᠋ᠢᠨ ᠲᠣᠭ᠍ᠯᠠᠯᠲᠠ᠎ᠶ᠋ᠢᠨ ᠦᠢᠯᠡᠳᠦᠯᠭᠡ᠎ᠶ᠋ᠢᠨ ᠠᠵᠢᠯᠯᠠᠭ᠎ᠠ᠎ᠪᠠᠷ ᠲᠠᠮᠵᠢᠨ᠂ ᠥᠷᠭᠡᠨ ᠤᠯᠠᠨ ᠪᠠᠭ᠍ᠰᠢ ᠰᠤᠷᠤᠭ᠍ᠴᠢᠳ᠎ᠤᠨ ᠦᠵᠡᠯ ᠰᠠᠨᠠᠭᠠᠨ᠎ᠤ ᠠᠬᠤᠢ ᠪᠠᠢᠳᠠᠯ ᠪᠣᠯᠤᠨ ᠲᠤᠰᠭᠠᠢ ᠮᠡᠷᠭᠡᠵᠢᠯ᠎ᠦᠨ ᠴᠢᠳᠠᠪᠤᠷᠢ᠎ᠶ᠋ᠢ ᠪᠦᠲᠦᠮᠵᠢᠲᠡᠢ ᠳᠡᠭᠡᠭ᠌ᠰᠢᠯᠡᠭᠦᠯᠵᠦ᠍᠂ ᠵᠢᠭᠠᠨ ᠰᠤᠷᠭᠠᠯᠲᠠ᠎ᠶ᠋ᠢᠨ ᠬᠠᠷᠢᠯᠴᠠᠨ ᠦᠢᠯᠡᠳᠦᠯᠴᠡᠬᠦ᠂ ᠢᠳᠡᠪᠬᠢᠲᠡᠢ ᠣᠷᠣᠯᠴᠠᠬᠤ᠂ ᠤᠯᠠᠨ᠎ᠤ ᠬᠦᠷᠢᠶᠡᠯᠡᠯ᠎ᠢ ᠣᠯᠤᠭ᠍ᠰᠠᠨ ᠵᠢᠯᠤᠭᠤᠳᠤᠮᠵᠢ᠎ᠶᠢᠨ ᠬᠡᠯᠪᠡᠷᠢ᠎ᠶᠢᠨ ᠵᠢᠭᠠᠨ ᠰᠤᠷᠭᠠᠯᠲᠠ᠎ᠶ᠋ᠢᠨ ᠪᠡᠶᠡᠴᠢᠯᠡᠨ ᠣᠢᠯᠠᠭᠠᠬᠤ ᠦᠷ᠎ᠡ ᠳ᠋ᠦᠩ᠎ᠳᠦ ᠬᠦᠷᠴᠡᠢ᠃ ᠡᠭᠦᠨ᠎ᠡᠴᠡ ᠭᠠᠳᠠᠨ᠎ᠠ᠂ ᠲᠣᠰ ᠠᠵᠢᠯᠯᠠᠭ᠎ᠠ᠎ᠳᠤ ᠪᠠᠰᠠ ᠱᠢᠨᠵᠢᠯᠡᠭᠡᠨ᠎ᠦ ᠰᠠᠯᠠᠭ᠎ᠠ ᠠᠯᠤᠰᠯᠠᠭ᠍ᠰᠠᠨ᠂ ᠲᠤᠰᠭᠠᠶ ᠮᠡᠷᠭᠡᠵᠢᠯ ᠠᠯᠤᠰᠯᠠᠭ᠍ᠰᠠᠨ ᠬᠠᠮᠲᠤᠷᠠᠯᠴᠠᠭ᠎ᠠ᠎ᠶ᠋ᠢ ᠴᠢᠬᠤᠯᠠᠴᠢᠯᠠᠵᠤ᠂ ᠤᠷᠠᠯᠢᠭ ᠪᠠ ᠦᠵᠡᠯ ᠰᠠᠨᠠᠭ᠎ᠠ ᠤᠯᠤᠰ ᠲᠥᠷᠥ᠍᠂ ᠤᠷᠠᠯᠢᠭ ᠪᠠ ᠭᠤᠸ᠎ᠠ ᠲᠠᠭᠠᠱᠢᠶᠠᠯ᠂ ᠤᠷᠠᠯᠢᠭ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠭᠤᠰᠤᠯᠴᠠᠯ᠎ᠢ ᠠᠬᠢᠭᠤᠯᠵᠤ᠂ ᠰᠤᠷᠤᠭ᠍ᠴᠢᠳ᠎ᠤᠨ ᠤᠷᠠᠯᠢᠭ᠎ᠤᠨ ᠦᠶ᠋ᠯᠡᠳᠦᠯᠭᠡ ᠪᠠ ᠦᠵᠡᠯ ᠰᠠᠨᠠᠭ᠎ᠠ ᠤᠯᠤᠰ ᠲᠥᠷᠥ᠎ᠶ᠋ᠢᠨ ᠰᠤᠷᠤᠯᠴᠠᠯᠭ᠎ᠠ ᠳᠤᠮᠳᠠ ᠥᠪᠡᠷ᠎ᠦᠨ ᠳᠠᠪᠠᠭᠤᠯᠢᠭ᠎ᠢᠶᠠᠨ ᠪᠠᠳᠠᠷᠠᠭᠤᠯᠵᠤ᠂ ᠥᠪᠡᠷᠮᠢᠴᠡ ᠴᠢᠨᠠᠷ᠎ᠤᠨ ᠪᠣᠢᠵᠢᠯᠲᠠ᠎ᠶ᠋ᠢ ᠪᠡᠶᠡᠯᠡᠭᠦᠯᠬᠦ᠌᠎ᠶ᠋ᠢ ᠵᠣᠷᠢᠭ᠍ᠵᠢᠭᠤᠯᠵᠠᠶ᠃

《ᠣᠳᠣᠬᠠᠨ᠎ᠳᠤ᠂ ᠳᠡᠭᠡᠳᠦ ᠰᠤᠷᠭᠠᠭᠤᠯᠢ 〈ᠤᠷᠠᠯᠢᠭ + ᠦᠵᠡᠯ ᠰᠠᠨᠠᠭ᠎ᠠ ᠤᠯᠤᠰ ᠲᠥᠷᠥ᠍〉 ᠶ᠋ᠢᠨ ᠰᠤᠷᠭᠠᠨ ᠬᠥᠮᠦᠵᠢᠯ᠎ᠦᠨ ᠢᠯᠡ ᠲᠣᠳᠣ ᠣᠨᠴᠠᠯᠢᠭ᠎ᠢ ᠪᠦᠷᠢᠯᠳᠦᠭᠦᠯᠵᠦ᠍᠂ ᠪᠢᠳᠡ 〈ᠤᠷᠠᠯᠢᠭ᠎ᠤᠨ ᠲᠦᠷᠦᠭ᠌ᠳᠡᠯ᠎ᠲᠡᠶ᠂ ᠬᠥᠮᠦᠨ᠎ᠢ ᠬᠥᠮᠦᠵᠢᠭᠦᠯᠬᠦ᠌〉 ᠳᠠᠪᠠᠭᠤᠯᠢᠭ᠎ᠢ ᠭᠦᠢᠴᠡᠳ ᠠᠱᠢᠭ᠍ᠯᠠᠵᠤ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠥᠮᠦᠵᠢᠯ᠎ᠢ ᠶᠣᠰᠣ ᠰᠤᠷᠲᠠᠬᠤᠨ᠎ᠢᠶᠡᠷ ᠬᠥᠮᠦᠨ᠎ᠢ ᠬᠥᠮᠦᠵᠢᠭᠦᠯᠬᠦ᠌ ᠪᠦᠬᠦ᠌ ᠶᠠᠪᠤᠴᠠ᠎ᠳᠤ ᠲᠤᠭᠤᠰᠢᠯᠠᠭᠤᠯᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠬᠦᠨᠳᠦ ᠡᠭᠦᠷᠭᠡ᠎ᠶ᠋ᠢ ᠡᠭᠦᠷᠭᠡᠯᠡᠵᠦ᠍ ᠳᠡᠢᠯᠬᠦ᠌ ᠴᠠᠭ ᠦᠶ᠎ᠡ᠎ᠶ᠋ᠢᠨ ᠱᠢᠨ᠎ᠡ ᠬᠥᠮᠦᠨ᠎ᠢ ᠡᠷᠡᠰ ᠭᠤᠢᠪᠢᠰᠢ ᠦᠭᠡᠢ ᠪᠡᠷ ᠬᠥᠮᠦᠵᠢᠭᠦᠯᠵᠦ᠍᠂ ᠠᠷᠠᠳ ᠲᠦᠮᠡᠨ᠎ᠳᠦ ᠲᠠᠭᠠᠱᠢᠶᠠᠭ᠍ᠳᠠᠭ᠍ᠰᠠᠨ ᠳᠡᠭᠡᠳᠦ ᠵᠡᠷᠭᠡ᠎ᠶ᠋ᠢᠨ ᠤᠷᠠᠯᠢᠭ᠎ᠤᠨ ᠬᠥᠮᠦᠵᠢᠯ᠎ᠢ ᠰᠠᠢᠲᠤᠷ ᠡᠷᠬᠢᠯᠡᠵᠦ᠍᠂ ᠤᠮᠠᠷᠠᠲᠤ ᠬᠢᠯᠢ᠎ᠶ᠋ᠢᠨ ᠰᠣᠶᠣᠯ᠎ᠤᠨ ᠲᠦᠷᠦᠯ ᠲᠡᠮᠳᠡᠭ᠎ᠢ ᠳᠠᠭᠤᠷᠢᠰᠤᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠨᠡᠩ ᠰᠠᠢᠲᠤᠷ ᠪᠢᠴᠢᠭ᠌ᠯᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠲᠤᠰ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶ᠎ᠠ᠎ᠶᠢᠨ ᠱᠦᠵᠢ ᠵᠸ ᠰᠢ ᠸᠸᠨ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面