2024-05-14 09:31:11
— ᠤᠷᠲᠤ ᠴᠠᠭᠠᠨ ᠬᠡᠷᠡᠮ᠎ᠦᠨ ᠰᠣᠶᠣᠯ᠎ᠤᠨ ᠲᠤᠬᠠᠢ ᠱᠢᠷᠢᠰ ᠮᠡᠳᠡᠭᠡᠯᠡᠯ (ᠬᠣᠶᠠᠷ)
ᠬᠠᠪᠤᠷ᠎ᠤᠨ ᠰᠡᠭᠦᠯᠴᠢ᠎ᠪᠡᠷ᠂ ᠬᠥᠬᠡᠬᠣᠲᠠ᠎ᠶ᠋ᠢᠨ ᠴᠢᠩ ᠱᠦᠢ ᠾᠧ ᠱᠢᠶᠠᠨ᠎ᠳᠤ᠃ ᠡᠩᠬᠦᠯ ᠳᠤᠩᠬᠤᠯ ᠠᠭᠤᠯᠠᠨ ᠵᠠᠮ᠎ᠢᠶᠠᠷ ᠮᠢᠩ ᠤᠯᠤᠰ᠎ᠤᠨ ᠤᠷᠳᠤ ᠴᠠᠭᠠᠨ ᠬᠡᠷᠡᠮ᠎ᠦᠨ ᠱᠢᠶᠤᠤ ᠶᠤᠸᠠᠨ ᠮᠤᠤ᠎ᠶ᠋ᠢᠨ ᠬᠡᠰᠡᠭ᠎ᠲᠦ ᠭᠠᠷᠤᠯ᠎ᠠ᠃ ᠠᠯᠤᠰ᠎ᠢ ᠪᠠᠷᠠᠯᠠᠬᠤᠶ᠎ᠠ᠂ ᠰᠢᠷᠤᠢ᠎ᠶᠢᠨ ᠲᠤᠪᠵᠢᠶᠠ᠂ ᠬᠤᠳᠠ᠎ᠶ᠋ᠢᠨ ᠬᠡᠷᠡᠮ ᠨᠣᠮᠢᠨ ᠨᠣᠭᠣᠭᠠᠨ ᠠᠭᠤᠯᠠ ᠤᠰᠤᠨ᠎ᠤ ᠬᠣᠭᠣᠷᠣᠨᠳᠣ ᠮᠤᠷᠤᠯᠵᠠᠨ ᠰᠦᠨᠳᠡᠷᠯᠡᠵᠦ᠂ ᠡᠬᠡᠯ ᠪᠣᠷᠣᠭ᠍ᠵᠢᠭᠤᠨᠤ ᠳᠤᠮᠳᠠ ᠨᠠᠮ ᠰᠡᠯᠡᠭᠦᠨ ᠪᠥᠭᠡᠳ ᠲᠦᠪ ᠶᠡᠬᠡᠮᠰᠦᠭ ᠬᠠᠷᠠᠭ᠍ᠳᠠᠨ᠎ᠠ᠃
ᠴᠢᠩ ᠱᠦᠶ ᠾᠧ ᠱᠢᠶᠠᠨ᠎ᠤ ᠮᠢᠩ ᠤᠯᠤᠰ᠎ᠤᠨ ᠣᠷᠳᠣ ᠴᠠᠭᠠᠨ ᠬᠡᠷᠡᠮ ᠨᠢ ᠲᠦᠮᠡᠨ ᠭᠠᠵᠠᠷ᠎ᠤᠨ ᠤᠷᠲᠤ ᠴᠠᠭᠠᠨ ᠬᠡᠷᠡᠮ᠎ᠦᠨ ᠳᠤᠮᠳᠠ ᠬᠡᠰᠡᠭ᠎ᠲᠦ ᠪᠠᠢᠷᠢᠯᠠᠵᠤ᠂ ᠪᠥᠬᠥ᠌ ᠣᠷᠳᠣᠨ᠎ᠢ 155 ᠺᠢᠯᠣᠮᠧᠲ᠋ᠷ ᠪᠠᠢᠵᠤ᠂ ᠥᠪᠥᠷ ᠮᠣᠩᠭᠣᠯ᠎ᠤᠨ ᠮᠢᠩ ᠤᠯᠤᠰ᠎ᠤᠨ ᠣᠷᠳᠣ ᠴᠠᠭᠠᠨ ᠬᠡᠷᠡᠮ᠎ᠦᠨ 17%᠎ᠶ᠋ᠢ ᠡᠵᠡᠯᠡᠵᠦ᠍᠂ ᠡᠬᠢ ᠪᠠᠶᠠᠯᠢᠭ ᠡᠯᠪᠡᠭ ᠳᠡᠯᠪᠡᠭ᠂ ᠲᠥᠷᠥᠯ ᠬᠡᠯᠪᠡᠷᠢ ᠣᠯᠠᠨ ᠶᠠᠩᠵᠤ᠎ᠶ᠋ᠢᠨ ᠪᠠᠢᠵᠤ᠂ ᠥᠪᠥᠷ ᠮᠣᠩᠭᠣᠯ᠎ᠤᠨ ᠣᠲᠣ ᠬᠠᠳᠠᠭᠠᠯᠠᠭ᠍ᠳᠠᠵᠤ ᠪᠠᠢᠭ᠎ᠠ ᠮᠢᠩ ᠤᠯᠤᠰ᠎ᠤᠨ ᠣᠷᠳᠣ ᠴᠠᠭᠠᠨ ᠬᠡᠷᠡᠮ᠎ᠦᠨ ᠬᠠᠮᠤᠭ᠎ᠤᠨ ᠰᠠᠢᠨ ᠨᠢᠭᠡ ᠬᠡᠰᠡᠭ ᠪᠣᠯᠤᠨ᠎ᠠ᠃
ᠮᠢᠩ ᠤᠯᠤᠰ᠎ᠤᠨ ᠤᠷᠳᠤ ᠴᠠᠭᠠᠨ ᠬᠡᠷᠡᠮ 600 ᠭᠠᠷᠤᠢ ᠵᠢᠯ᠎ᠦᠨ ᠰᠠᠯᠬᠢ ᠪᠣᠷᠣᠭᠠᠨ᠎ᠢ ᠥᠩᠭᠡᠷᠡᠭᠦᠯᠵᠦ᠍᠂ ᠴᠢᠩ ᠱᠦᠢ ᠾᠧ᠎ᠶᠢᠨ ᠡᠬᠡ ᠭᠠᠵᠠᠷ ᠳᠡᠭᠡᠷ᠎ᠡ ᠭᠦᠨ ᠭᠦᠨᠵᠡᠭᠡᠢ ᠰᠣᠶᠣᠯ᠎ᠤᠨ ᠤᠯᠠ ᠮᠥᠷ᠎ᠢᠶᠡᠨ ᠦᠯᠡᠳᠡᠭᠡᠵᠡᠢ᠃ ᠮᠢᠨᠭ ᠤᠯᠤᠰ᠎ᠤᠨ ᠤᠷᠲᠤ ᠴᠠᠭᠠᠨ ᠬᠡᠷᠡᠮ᠎ᠦᠨ ᠦᠷᠦᠴᠡᠨ᠎ᠳᠤ ᠠᠮᠢᠳᠤᠷᠠᠵᠤ ᠪᠠᠢᠭ᠎ᠠ ᠬᠥᠮᠦᠰ ᠦᠪᠡᠷ᠎ᠤᠨ ᠵᠢᠡᠨ ᠬᠠᠷᠠᠭᠠᠰᠤ᠎ᠡᠴᠡ᠎ᠪᠠᠨ ᠤᠷᠲᠤ ᠴᠠᠭᠠᠨ ᠬᠡᠷᠡᠮ᠎ᠦᠨ ᠦᠯᠢᠭᠡᠷ᠎ᠢ ᠶᠠᠷᠢᠵᠤ᠂ ᠡᠨᠡ ᠬᠦ᠌ ᠳᠤᠮᠳᠠᠳᠤ᠎ᠶ᠋ᠢᠨ ᠰᠣᠶᠣᠯ᠎ᠤᠨ ᠤᠭ ᠦᠨᠳᠦᠰᠦ᠎ᠶ᠋ᠢ ᠬᠠᠮᠠᠭᠠᠯᠠᠵᠤ ᠪᠤᠢ᠃
ᠪᠤᠭᠤᠮᠲᠠ᠎ᠶᠢᠨ ᠴᠠᠢᠵᠠ ᠦᠶᠡᠯᠡᠨ ᠰᠤᠨᠤᠯᠵᠠᠵᠤ ᠤᠷᠠᠯᠢᠭ᠎ᠤᠨ ᠠᠶᠠᠰ ᠦᠨᠢ ᠤᠷᠲᠦ ᠳᠠᠭᠤᠷᠢᠰᠦᠨᠠ
ᠴᠢᠩ ᠱᠦᠢ ᠾᠧ ᠱᠢᠶᠠᠨ ᠬᠥᠬᠡᠬᠣᠲᠠ᠎ᠶ᠋ᠢᠨ ᠡᠮᠦᠨ᠎ᠡ ᠬᠡᠰᠡᠭ᠎ᠲᠦ ᠪᠠᠢᠷᠢᠯᠠᠵᠤ᠂ ᠵᠡᠭᠦᠨ ᠡᠮᠦᠨ᠎ᠡ ᠲᠠᠯ᠎ᠠ᠎ᠪᠠᠷ᠎ᠢᠶᠠᠨ ᠮᠢᠩ ᠤᠯᠤᠰ᠎ᠤᠨ ᠤᠷᠳᠤ ᠴᠠᠭᠠᠨ ᠬᠡᠷᠡᠮ᠎ᠢᠶᠡᠷ ᠵᠠᠭᠠᠭ ᠪᠣᠯᠭᠠᠵᠤ᠂ ᠱᠠᠨ ᠰᠢ ᠮᠤᠵᠢ᠎ᠶ᠋ᠢᠨ ᠫᠢᠩ ᠯᠦ᠍ ᠲᠣᠭᠣᠷᠢᠭ᠂ ᠫᠢᠶᠠᠨ ᠭᠤᠸᠠᠨ ᠱᠢᠶᠠᠨ᠎ᠲᠠᠶ ᠵᠠᠬ᠎ᠠ ᠨᠡᠢᠯᠡᠵᠦ᠍ ᠪᠠᠢᠨ᠎ᠠ᠃ ᠴᠢᠩ ᠱᠦᠶ ᠾᠧ ᠱᠢᠶᠠᠨ᠎ᠤ ᠬᠡᠪᠴᠢᠶᠡᠨ᠎ᠳᠦ ᠭᠤᠷᠪᠠᠨ ᠵᠤᠷᠪᠤᠰ ᠣᠷᠳᠣ ᠴᠠᠭᠠᠨ ᠬᠡᠷᠡᠮ ᠲᠠᠷᠬᠠᠵᠤ᠂ ᠲᠣᠰ ᠲᠣᠰ ᠶᠡᠬᠡ ᠵᠠᠬ᠎ᠠ (ᠭᠠᠳᠠᠷ ᠣᠷᠳᠣ ᠴᠠᠭᠠᠨ ᠬᠡᠷᠡᠮ)᠂ ᠬᠣᠶᠠᠳᠤᠭᠠᠷ ᠵᠠᠬ᠎ᠠ (ᠳᠡᠳ᠋ ᠣᠷᠳᠣ ᠴᠠᠭᠠᠨ ᠬᠡᠷᠡᠮ)᠂ ᠭᠤᠷᠪᠠᠳᠤᠭᠠᠷ ᠵᠠᠬ᠎ᠠ (ᠳᠣᠲᠣᠷ ᠣᠷᠳᠣ ᠴᠠᠭᠠᠨ ᠬᠡᠷᠡᠮ) ᠭᠡᠳᠡᠭ᠃ ᠣᠳᠣᠬᠠᠨ᠎ᠳᠤ ᠱᠠᠨ ᠰᠢ᠎ᠶ᠋ᠢᠨ ᠠᠭᠤᠯᠵᠠᠷ᠎ᠲᠠᠬᠢ ᠬᠣᠶᠠᠳᠤᠭᠠᠷ ᠵᠠᠬ᠎ᠠ᠎ᠶ᠋ᠢᠨ ᠣᠷᠳᠣ ᠴᠠᠭᠠᠨ ᠬᠡᠷᠡᠮ᠎ᠢ ᠨᠡᠯᠢᠶᠡᠳ ᠰᠠᠢᠨ ᠬᠠᠳᠠᠭᠠᠯᠠᠵᠤ ᠪᠠᠢᠨ᠎ᠠ᠃ 1987 ᠣᠨ᠎ᠤ 12 ᠰᠠᠷ᠎ᠠ᠎ᠳᠤ᠂ ᠴᠢᠩ ᠱᠦᠢ ᠾᠧ᠎ᠶᠢᠨ ᠮᠢᠩ ᠤᠯᠤᠰ᠎ᠤᠨ ᠤᠷᠳᠤ ᠴᠠᠭᠠᠨ ᠬᠡᠷᠡᠮ᠎ᠢ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠶ᠋ᠢᠨ ᠳᠡᠯᠡᠬᠡᠢ᠎ᠶ᠋ᠢᠨ ᠥᠪ᠎ᠦᠨ ᠵᠥᠪᠯᠡᠯ᠎ᠡᠴᠡ ᠳᠡᠯᠡᠬᠡᠢ᠎ᠶ᠋ᠢᠨ ᠰᠣᠶᠣᠯ᠎ᠤᠨ ᠥᠪ᠎ᠢᠶᠡᠷ ᠨᠡᠢᠲᠡᠯᠡᠪᠡ; 2001 ᠣᠨ᠎ᠤ 6 ᠰᠠᠷ᠎ᠠ᠎ᠳᠤ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠡᠴᠡ ᠲᠠᠪᠤᠳᠤᠭᠠᠷ ᠪᠦᠯᠦᠭ᠎ᠦᠨ ᠪᠦᠬᠦ᠌ ᠤᠯᠤᠰ᠎ᠤᠨ ᠭᠣᠣᠯᠳᠠᠯᠭ᠎ᠠ ᠲᠠᠶ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠶ᠋ᠢᠨ ᠨᠢᠭᠡᠴᠢ᠎ᠪᠡᠷ ᠨᠡᠢᠲᠡᠯᠡᠪᠡ; 2020 ᠣᠨ᠎ᠤ 11 ᠰᠠᠷ᠎ᠠ᠎ᠳᠤ᠂ ᠪᠠᠨ ᠱᠸᠠ ᠭᠸᠦ᠎ᠶ᠋ᠢᠨ ᠬᠡᠰᠡᠭ᠂ ᠱᠢᠶᠤᠤ ᠶᠤᠸᠠᠨ ᠮᠤᠤ᠎ᠶ᠋ᠢᠨ ᠬᠡᠰᠡᠭ ᠪᠣᠯᠤᠨ ᠯᠣᠣ ᠨᠢᠤ ᠸᠠᠨ᠎ᠤ ᠬᠡᠰᠡᠭ᠎ᠦᠨ ᠮᠢᠩ ᠤᠯᠤᠰ᠎ᠤᠨ ᠤᠷᠲᠤ ᠴᠠᠭᠠᠨ ᠭᠡᠷᠡᠮ᠎ᠢ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠲᠣᠪᠴᠢᠶ᠎ᠠ᠎ᠡᠴᠡ ᠨᠢᠭᠡᠳᠦᠭᠡᠷ ᠪᠦᠯᠦᠭ᠎ᠦᠨ ᠤᠯᠤᠰ᠎ᠤᠨ ᠲᠡᠰ᠎ᠤᠨ ᠤᠷᠲᠤ ᠴᠠᠭᠠᠨ ᠭᠡᠷᠡᠮ᠎ᠦᠨ ᠴᠢᠬᠤᠯᠠ ᠬᠡᠰᠡᠭ ᠪᠣᠯᠭᠠᠨ ᠨᠡᠢᠲᠡᠯᠡᠪᠡ᠃
ᠡᠳᠦᠭᠡ᠂ ᠴᠢᠩ ᠱᠦᠢ ᠾᠧ ᠱᠢᠶᠠᠨ᠎ᠤ ᠮᠢᠩ ᠤᠯᠤᠰ᠎ᠤᠨ ᠤᠷᠲᠤ ᠴᠠᠭᠠᠨ ᠬᠡᠷᠡᠮ ᠨᠢᠭᠡᠨᠲᠡ ᠴᠢᠩ ᠱᠦᠢ ᠾᠧ ᠱᠢᠶᠠᠨ᠎ᠤ ᠤᠨᠴᠠᠯᠢᠬ᠍ᠳᠤ ᠰᠣᠶᠣᠯ᠎ᠤᠨ 《ᠭᠸᠨ》 ᠤ᠋ ᠲᠡᠮᠳᠡᠭ ᠪᠣᠯᠵᠠᠢ᠃ ᠠᠭᠤᠯᠠ ᠨᠢᠷᠤᠭᠤᠳ ᠳᠠᠪᠠᠯᠭᠠᠯᠠᠭᠰᠠᠨ᠂ ᠰᠢᠷᠤᠢ᠎ᠶᠢᠨ ᠲᠤᠪᠵᠢᠶᠠ ᠰᠡᠬᠦᠢᠨ ᠰᠦᠨᠳᠡᠷᠯᠡᠭ᠌ᠰᠡᠨ ᠮᠢᠩ ᠤᠯᠤᠰ᠎ᠤᠨ ᠤᠷᠳᠤ ᠴᠠᠭᠠᠨ ᠬᠡᠷᠡᠮ᠂ ᠱᠢᠨ᠎ᠡ ᠴᠠᠭ ᠦᠶ᠎ᠡ᠎ᠳᠦ ᠲᠡᠦᠬᠡ᠎ᠶ᠋ᠢᠨ ᠬᠤᠪᠢᠷᠠᠯᠲᠠ ᠪᠣᠯᠤᠨ ᠳᠡᠯᠡᠬᠡᠢ᠎ᠶ᠋ᠢᠨ ᠭᠠᠰᠠᠯᠠᠩ ᠵᠤᠪᠠᠯᠠᠨᠭᠲᠦ ᠬᠡᠷᠡᠭ ᠶᠠᠪᠤᠳᠠᠯ᠎ᠤᠨ ᠦᠯᠢᠭᠡᠷ᠎ᠢ ᠬᠦᠦᠷᠨᠢᠨ᠎ᠡ᠃
ᠶᠡᠬᠡ ᠵᠠᠬ᠎ᠠ᠎ᠶᠢᠨ ᠣᠷᠳᠣ ᠴᠠᠭᠠᠨ ᠬᠡᠷᠡᠮ ᠪᠣᠯ ᠮᠢᠩ ᠤᠯᠤᠰ᠎ᠤᠨ ᠦᠶ᠎ᠡ᠎ᠳᠦ ᠪᠠᠢᠭᠤᠯᠤᠭ᠍ᠰᠠᠨ ᠬᠠᠮᠤᠭ ᠡᠷᠲᠡᠨ᠎ᠦ ᠤᠷᠲᠤ ᠴᠠᠭᠠᠨ ᠬᠡᠷᠡᠮ ᠪᠠᠢᠵᠤ᠂ ᠮᠢᠩ ᠤᠯᠤᠰ᠎ᠤᠨ ᠡᠬᠢᠨ᠎ᠦ ᠦᠶ᠎ᠡ᠎ᠳᠦ ᠶᠡᠬᠡ ᠵᠠᠬ᠎ᠠ᠂ ᠭᠣᠣᠯ ᠵᠠᠬ᠎ᠠ ᠪᠤᠶᠤ ᠲᠤᠢᠯ᠎ᠤᠨ ᠵᠠᠬ᠎ᠠ ᠭᠡᠳᠡᠭ᠃ ᠰᠤᠷᠪᠤᠯᠵᠢ ᠪᠢᠴᠢᠭ ᠲᠡᠦᠬᠡ᠎ᠶ᠋ᠢᠨ ᠲᠡᠮᠳᠡᠭ᠌ᠯᠡᠯ ᠴᠥᠭᠡᠨ᠎ᠡᠴᠡ ᠪᠣᠯᠵᠤ᠂ ᠪᠣᠳᠠᠲᠠᠶ ᠪᠠᠢᠭᠤᠯᠤᠭ᠍ᠰᠠᠨ ᠣᠨ ᠵᠢᠯ᠎ᠢ ᠨᠢ ᠲᠣᠭ᠍ᠲᠠᠭᠠᠵᠤ ᠴᠢᠳᠠᠭ᠎ᠠ ᠦᠭᠡᠢ ᠪᠠᠢᠬᠰᠠᠭᠠᠷ᠃
ᠬᠤᠶᠠᠳᠤᠭᠠᠷ ᠵᠠᠬ᠎ᠠ ᠤᠷᠲᠤ ᠴᠠᠭᠠᠨ ᠬᠡᠷᠡᠮ ᠦᠨᠳᠦᠰᠦᠨ᠎ᠳᠡᠭᠡᠨ ᠱᠢᠶᠠᠨ᠎ᠤ ᠬᠢᠯᠢ᠎ᠶ᠋ᠢᠨ ᠵᠡᠭᠦᠨ ᠡᠮᠦᠨ᠎ᠡ ᠬᠡᠰᠡᠭ᠎ᠢᠶᠡᠷ ᠲᠠᠷᠬᠠᠵᠤ᠂ ᠶᠡᠬᠡᠩᠬᠢ ᠬᠡᠰᠡᠭ ᠭᠠᠵᠠᠷ ᠨᠢ ᠱᠠᠨ ᠰᠢ ᠮᠤᠵᠢ᠎ᠶ᠋ᠢᠨ ᠫᠢᠩ ᠯᠦ᠍ ᠲᠣᠭᠣᠷᠢᠭ ᠪᠣᠯᠤᠨ ᠫᠢᠶᠠᠨ ᠭᠤᠸᠠᠨ ᠱᠢᠶᠠᠨ᠎ᠲᠠᠢ ᠵᠠᠯᠭᠠᠯᠳᠤᠵᠤ᠂ ᠣᠳᠣ ᠮᠤᠵᠢ᠎ᠶ᠋ᠢᠨ ᠵᠠᠭᠠᠭ ᠱᠤᠭᠤᠮ ᠪᠣᠯᠵᠤ ᠬᠤᠪᠢᠷᠠᠪᠠ᠃
ᠭᠤᠷᠪᠠᠳᠤᠭᠠᠷ ᠵᠠᠬ᠎ᠠ ᠤᠷᠲᠤ ᠴᠠᠭᠠᠨ ᠬᠡᠷᠡᠮ ᠱᠢᠶᠠᠨ᠎ᠤ ᠬᠢᠯᠢ᠎ᠳᠦ ᠵᠥᠪᠬᠡᠨ 5 ᠺᠢᠯᠣᠮᠧᠲ᠋ᠷ ᠦᠯᠡᠳᠡᠵᠦ᠍᠂ ᠪᠸᠢ ᠪᠤᠤ ᠱᠢᠶᠠᠩ᠎ᠤᠨ ᠯᠣᠣ ᠸᠠ ᠭᠸᠤ ᠲᠣᠰᠭᠣᠨ᠎ᠤ ᠡᠮᠦᠨ᠎ᠡ ᠠᠭᠤᠯᠠ᠎ᠶ᠋ᠢᠨ ᠨᠢᠷᠤᠭᠤ᠎ᠪᠠᠷ ᠲᠠᠷᠬᠠᠵᠤ᠂ ᠪᠠᠢ ᠶᠠᠩ ᠯᠢᠩ ᠠᠭᠤᠯᠠ᠎ᠪᠠᠷ ᠥᠩᠭᠡᠷᠡᠵᠦ᠍ ᠱᠠᠨ ᠰᠢ ᠮᠤᠵᠢ᠎ᠳᠤ ᠣᠷᠣᠳᠠᠭ᠃
ᠯᠢᠦ ᠵᠢᠶᠠᠨ ᠭᠦᠸᠧ᠂ ᠴᠢᠩ ᠱᠦᠶ ᠾᠧ ᠱᠢᠶᠠᠨ᠎ᠤ ᠮᠢᠩ ᠤᠯᠤᠰ᠎ᠤᠨ ᠣᠷᠳᠣ ᠴᠠᠭᠠᠨ ᠬᠡᠷᠡᠮ᠎ᠦᠨ ᠪᠠᠢᠷᠢ ᠰᠠᠭᠤᠷᠢ ᠪᠠ ᠣᠨᠴᠠᠯᠢᠭ ᠨᠢ ᠭᠤᠤᠯᠳᠠᠭᠤ ᠡᠬᠢ ᠪᠠᠶᠠᠯᠢᠭ ᠡᠯᠪᠡᠭ ᠳᠡᠯᠪᠡᠭ ᠪᠠ ᠲᠥᠷᠥᠯ ᠬᠡᠯᠪᠡᠷᠢ ᠣᠯᠠᠨ ᠶᠠᠩᠵᠤ᠎ᠶ᠋ᠢᠨ ᠪᠠᠢᠳᠠᠭ᠃ ᠤᠷᠲᠤ ᠴᠠᠭᠠᠨ ᠬᠡᠷᠡᠮ᠎ᠦᠨ ᠱᠢᠰᠲ᠋ᠧᠮ ᠨᠢ ᠨᠡᠯᠢᠶᠡᠳ ᠪᠦᠷᠢᠨ ᠪᠦᠲᠦᠨ ᠪᠠᠢᠵᠤ᠂ ᠶᠡᠬᠡ ᠵᠠᠬ᠎ᠠ ᠬᠣᠶᠠᠳᠤᠭᠠᠷ ᠵᠠᠬ᠎ᠠ ᠪᠠ ᠳᠣᠲᠣᠷᠵᠠᠬᠠ ᠪᠠᠢᠬᠤ ᠮᠥᠷᠲᠡᠭᠡᠨ ᠪᠠᠰᠠ ᠮᠠᠰᠢ ᠣᠯᠠᠨ ᠪᠣᠭᠣᠮᠲᠠ᠎ᠶ᠋ᠢᠨ ᠪᠠᠭᠤᠷᠢ ᠪᠠᠢᠨ᠎ᠠ᠃ ᠬᠣᠶᠠᠳᠤᠭᠠᠷ ᠵᠠᠬ᠎ᠠ᠎ᠶᠢᠨ ᠬᠡᠷᠡᠮ ᠳᠡᠭᠡᠷ᠎ᠡ ᠬᠤᠲᠠ᠎ᠶᠢᠨ ᠬᠡᠷᠡᠮ᠎ᠤᠨ ᠠᠰᠠᠷ᠂ ᠬᠠᠨᠠᠨ ᠲᠠᠢᠰᠠ᠂ ᠰᠢᠷᠤᠢ᠎ᠶᠢᠨ ᠲᠤᠪᠵᠢᠶᠠ᠂ ᠴᠣᠨᠵᠢ᠂ ᠬᠤᠸᠠᠷᠠᠨ ᠵᠡᠷᠭᠡ ᠪᠦᠷᠢᠨ ᠪᠦᠲᠦᠨ ᠲᠥᠬᠥᠭᠡᠷᠦᠮᠵᠢ᠎ᠶ᠋ᠢ ᠬᠠᠳᠠᠭᠠᠯᠠᠵᠤ ᠪᠠᠢᠨ᠎ᠠ᠃ ᠡᠭᠦᠨ᠎ᠳᠦ ᠰᠢᠷᠤᠢ᠎ᠶᠢᠨ ᠲᠤᠪᠵᠢᠶᠠᠶᠢᠨ ᠲᠣᠭ᠎ᠠ ᠣᠯᠠᠨ᠂ ᠲᠠᠷᠬᠠᠯᠲᠠ ᠨᠢᠭ᠍ᠲᠠ᠂ ᠪᠦᠷᠢᠨ ᠪᠦᠲᠦᠨ ᠨᠣᠷᠮ᠎ᠠ ᠥᠨᠳᠥᠷ ᠪᠠᠢᠵᠤ᠂ ᠡᠨᠡ ᠨᠢ ᠣᠷᠳᠣ ᠴᠠᠭᠠᠨ ᠬᠡᠷᠡᠮ ᠳᠠᠭᠠᠤ ᠣᠷᠣᠨ᠎ᠳᠤ ᠴᠥᠭᠡᠨ ᠬᠠᠷᠠᠭ᠍ᠳᠠᠬᠤ ᠪᠥᠭᠡᠳ ᠲᠡᠦᠬᠡ ᠪᠠ ᠰᠣᠶᠣᠯ᠎ᠤᠨ ᠥᠪ ᠬᠥᠷᠥᠩᠭᠡ᠎ᠶ᠋ᠢᠨ ᠴᠢᠬᠤᠯᠠ ᠦᠨ᠎ᠡ ᠥᠷᠲᠡᠭ᠎ᠲᠡᠶ ᠶᠤᠮ ᠭᠡᠵᠦ ᠲᠠᠨᠢᠯᠴᠠᠭᠤᠯᠪᠠ᠃
ᠬᠡᠳᠦᠨ ᠵᠠᠭᠤᠨ ᠵᠢᠯ᠎ᠦᠨ ᠲᠤᠷᠰᠢ ᠮᠢᠩ ᠤᠯᠤᠰ᠎ᠤᠨ ᠤᠷᠳᠤ ᠴᠠᠭᠠᠨ ᠬᠡᠷᠡᠮ ᠨᠢ ᠤᠯᠠᠨ ᠡᠱᠢᠲᠦ ᠰᠣᠶᠣᠯ᠎ᠤᠨ ᠰᠣᠯᠢᠯᠴᠠᠭ᠎ᠠ ᠠᠭᠤᠰᠤᠯᠴᠠᠯ᠎ᠢ ᠭᠡᠷᠡᠴᠢᠯᠡᠭ᠌ᠰᠡᠨ ᠪᠥᠭᠡᠳ ᠤᠷᠳᠤ ᠴᠠᠭᠠᠨ ᠬᠡᠷᠡᠮ᠎ᠦᠨ ᠦᠷᠦᠴᠡᠨ᠎ᠳᠡᠬᠢ ᠠᠷᠠᠳ ᠲᠦᠮᠡᠨ᠎ᠦ ᠠᠮᠢᠳᠤᠷᠠᠯ᠎ᠤᠨ ᠯᠤᠲᠤ ᠶᠡᠬᠡ ᠬᠤᠪᠢᠷᠠᠯᠲᠠ᠎ᠶ᠋ᠢ ᠴᠤ᠌ ᠭᠡᠷᠡᠴᠢᠯᠡᠭ᠌ᠰᠡᠨ ᠶᠤᠮ᠃
ᠤᠷᠳᠤ ᠴᠠᠭᠠᠨ ᠬᠡᠷᠡᠮ ᠳᠠᠢ ᠪᠠᠨ ᠲᠦᠱᠢᠯᠴᠡᠨ ᠡᠭᠦᠷᠢᠳᠡ ᠬᠠᠮᠳᠤ ᠣᠷᠣᠱᠢᠨ᠎ᠠ
ᠳᠣᠪᠣᠷᠬᠠᠭ ᠭᠤᠤ ᠭᠠᠩᠭ᠎ᠠ᠎ᠶ᠋ᠢᠨ ᠳᠤᠮᠳᠠ ᠪᠠᠢᠷᠢᠯᠠᠵᠤ ᠪᠠᠢᠭ᠎ᠠ ᠪᠧᠢ ᠪᠦᠦ ᠱᠢᠶᠠᠩ᠎ᠤᠨ ᠳ᠋ᠦᠶ ᠵᠢᠦ ᠫᠢᠩ ᠲᠣᠰᠭᠣᠨ᠎ᠤ ᠥᠷᠯᠥᠭᠡ ᠨᠠᠮ ᠵᠢᠮ ᠪᠥᠭᠡᠳ ᠦᠵᠡᠰᠭᠦᠯᠡᠩᠲᠦ ᠰᠠᠢᠬᠠᠨ ᠪᠠᠢᠯ᠎ᠠ᠃
ᠥᠷᠯᠥᠭᠡ᠎ᠶ᠋ᠢᠨ ᠬᠣᠭᠣᠯᠠᠨ᠎ᠤ ᠳᠠᠷᠠᠭ᠎ᠠ ᠳ᠋ᠦᠶ ᠵᠢᠦ ᠫᠢᠩ ᠲᠣᠰᠭᠣᠨ᠎ᠤ ᠬᠠᠮᠠᠭᠠᠯᠠᠭ᠍ᠴᠢ ᠺᠠᠩ ᠬᠠᠶ ᠯᠢᠶᠠᠩ ᠪᠡᠯᠡᠳᠭᠡᠯ ᠠᠵᠢᠯ ᠵᠢᠡᠨ ᠰᠠᠢᠳᠤᠷ ᠬᠢᠵᠦ᠂ ᠤᠷᠲᠤ ᠴᠠᠭᠠᠨ ᠬᠡᠷᠡᠮᠢ᠋ ᠴᠠᠭᠳᠠᠨ ᠪᠠᠢᠴᠠᠭᠠᠬᠤ᠎ᠪᠠᠷ ᠮᠤᠷᠳᠠᠪᠠ᠃ ᠨᠢᠭᠡ ᠮᠣᠲ᠋ᠣᠷ ᠲᠡᠷᠭᠡ᠂ ᠨᠢᠭᠡ ᠯᠣᠩᠬᠣ ᠤᠰᠤ᠂ ᠨᠢᠭᠡ ᠭᠠᠯ ᠤᠨᠲᠠᠷᠠᠭᠠᠬᠤ ᠪᠠᠭᠠᠵᠢ ᠪᠣᠯ ᠲᠡᠭᠦᠨ᠎ᠦ ᠪᠦᠬᠦ᠌ ᠲᠥᠬᠥᠭᠡᠷᠦᠮᠵᠢ ᠪᠣᠯᠤᠨ᠎ᠠ᠃
ᠤᠷᠲᠤ ᠴᠠᠭᠠᠨ ᠬᠡᠷᠡᠮ᠎ᠦᠨ ᠴᠠᠭ᠍ᠳᠠᠨ ᠪᠠᠢᠴᠠᠭᠠᠯᠲᠠ᠎ᠳᠤ ᠶᠠᠪᠤᠴᠢᠬᠠᠮᠠᠷ ᠰᠠᠢᠬᠠᠨ ᠵᠠᠮ ᠪᠠᠢᠬᠤ ᠦᠭᠡᠢ᠃ ᠮᠣᠲ᠋ᠣᠷ ᠲᠡᠷᠭᠡ ᠶᠠᠪᠤᠵᠤ ᠳᠡᠢᠯᠬᠦ᠌ ᠦᠭᠡᠢ ᠮᠤᠷᠤᠢ ᠰᠠᠷᠤᠢ ᠠᠭᠤᠯᠠᠨ ᠵᠠᠮ ᠵᠢᠡᠷ ᠺᠠᠩ ᠬᠠᠢ ᠯᠢᠶᠠᠩ ᠵᠥᠪᠬᠡᠨ ᠠᠯᠬᠤᠭᠠᠳ ᠯᠡ ᠶᠠᠪᠤᠨ᠎ᠠ᠃ ᠣᠷᠳᠣ ᠴᠠᠭᠠᠨ ᠬᠡᠷᠡᠮ᠎ᠢ ᠴᠠᠭ᠍ᠳᠠᠨ ᠪᠠᠢᠴᠠᠭᠠᠬᠤ ᠨᠢ ᠳᠥᠭᠥᠮᠭᠡᠨ ᠲᠤᠭᠤᠷᠢᠨ ᠶᠠᠪᠤᠬᠤ ᠶᠠᠪᠤᠳᠠᠯ ᠪᠢᠰᠢ᠂ ᠬᠠᠷᠢᠨ ᠨᠢᠭᠡ ᠵᠦᠶ᠋ᠯ᠎ᠦᠨ ᠲᠤᠰᠭᠠᠶ ᠮᠡᠷᠭᠡᠵᠢᠯ᠎ᠦᠨ ᠠᠵᠢᠯ ᠪᠣᠯᠤᠨ᠎ᠠ᠃ ᠲᠣᠭᠣᠰᠭ᠎ᠠ ᠨᠢᠭᠡ ᠪᠦᠷᠢ᠂ ᠬᠡᠷᠡᠮ ᠨᠢᠭᠡ ᠪᠦᠷᠢ ᠵᠢᠨ ᠡᠪᠳᠡᠭ᠌ᠳᠡᠭ᠌ᠰᠡᠨ ᠡᠰᠡᠬᠦ᠌᠎ᠶ᠋ᠢ ᠪᠠᠢᠴᠠᠭᠠᠨ ᠦᠵᠡᠬᠦ᠌ ᠬᠡᠷᠡᠭ᠌ᠲᠡᠶ᠂ ᠪᠠᠰᠠ ᠣᠷᠳᠣ ᠴᠠᠭᠠᠨ ᠬᠡᠷᠡᠮ᠎ᠦᠨ ᠡᠷᠬᠢᠨ ᠲᠣᠭᠣᠷᠢᠨ᠎ᠤ ᠠᠮᠠᠷᠬᠠᠨ ᠱᠢᠲᠠᠬᠤ ᠪᠣᠳᠠᠰ᠎ᠢ ᠴᠡᠪᠡᠷᠯᠡᠵᠦ᠍᠂ ᠲᠣᠰᠭᠣᠨ᠎ᠤ ᠠᠷᠠᠳ ᠣᠷᠳᠣ ᠴᠠᠭᠠᠨ ᠬᠡᠷᠡᠮ᠎ᠦᠨ ᠡᠷᠬᠢᠨ ᠲᠣᠭᠣᠷᠢᠨ᠎ᠳᠤ ᠮᠠᠯᠵᠢᠵᠤ ᠪᠠᠢᠬᠤ ᠡᠰᠡᠬᠦ᠌᠎ᠶ᠋ᠢ ᠪᠠᠢᠴᠠᠭᠠᠨ ᠦᠵᠡᠬᠦ᠌ ᠬᠡᠷᠡᠭ᠌ᠲᠡᠶ ᠁
ᠡᠨᠡ ᠵᠢᠯ 55 ᠨᠠᠰᠤᠲᠠᠢ ᠺᠠᠩ ᠬᠠᠢ ᠯᠢᠶᠠᠩ᠎ᠳᠤ ᠠᠪᠴᠤ᠌ ᠬᠡᠯᠡᠪᠡᠯ ᠤᠷᠳᠤ ᠴᠠᠭᠠᠨ ᠬᠡᠷᠡᠮ ᠨᠢᠭᠡᠨᠲᠡ ᠲᠡᠭᠦᠨ᠎ᠦ ᠠᠮᠢᠳᠤᠷᠠᠯ᠎ᠳᠤ ᠠᠭᠤᠰᠤᠯᠴᠠᠵᠠᠢ᠄ ᠤᠷᠳᠤ ᠴᠠᠭᠠᠨ ᠬᠡᠷᠡᠮ᠎ᠦᠨ ᠳᠣᠣᠷ᠎ᠠ ᠦᠰᠦᠨ ᠪᠣᠢᠵᠢᠵᠤ᠂ ᠨᠠᠰᠤᠨ᠎ᠳᠤ ᠬᠦᠷᠦᠭ᠌ᠰᠡᠨ᠎ᠦ ᠲᠠᠷᠠᠭ᠎ᠠ ᠪᠠᠰᠠ ᠤᠷᠳᠤ ᠴᠠᠭᠠᠨ ᠬᠡᠷᠡᠮ᠎ᠦᠨ ᠦᠷᠦᠴᠡᠨ ᠳ᠋ᠤ ᠬᠥᠳᠡᠯᠮᠦᠷᠢᠯᠡᠪᠡ᠃ 8 ᠵᠢᠯ᠎ᠦᠨ ᠡᠮᠦᠨ᠎ᠡ ᠲᠡᠷᠡ ᠤᠷᠳᠤ ᠴᠠᠭᠠᠨ ᠬᠡᠷᠡᠮ᠎ᠦᠨ ᠬᠠᠮᠠᠭᠠᠯᠠᠭ᠍ᠴᠢ ᠪᠤᠯᠵᠤ᠂ 20 ᠭᠠᠷᠤᠢ ᠺᠢᠯᠤᠮᠸᠲᠷ ᠤᠷᠳᠤ ᠴᠠᠭᠠᠨ ᠬᠡᠷᠡᠮ᠎ᠢ ᠰᠠᠬᠢᠨ ᠬᠠᠮᠠᠭᠠᠯᠠᠬᠤ ᠠᠵᠢᠯ᠎ᠢ ᠬᠠᠷᠢᠭᠤᠴᠠᠪᠠ᠃
ᠴᠢᠩ ᠱᠦᠢ ᠾᠧ ᠱᠢᠶᠠᠨ᠎ᠳᠤ ᠺᠠᠩ ᠬᠠᠢ ᠯᠢᠶᠠᠩ ᠱᠢᠭ᠋ ᠤᠷᠳᠤ ᠴᠠᠭᠠᠨ ᠬᠡᠷᠡᠮ᠎ᠦᠨ ᠬᠠᠮᠠᠭᠠᠯᠠᠭ᠍ᠴᠢ ᠪᠠᠰᠠ 29 ᠬᠥᠮᠦᠨ ᠪᠤᠢ᠃ ᠳᠡᠳᠡ ᠪᠣᠯ ᠪᠦᠷ ᠤᠷᠳᠤ ᠴᠠᠭᠠᠨ ᠬᠡᠷᠡᠮ᠎ᠦᠨ ᠦᠷᠦᠴᠡᠨ ᠳ᠋ᠤ ᠰᠠᠭᠤᠵᠤ ᠪᠠᠢᠭ᠎ᠠ ᠲᠣᠰᠭᠣᠨ᠎ᠤ ᠠᠷᠠᠳ ᠪᠣᠯᠤᠨ᠎ᠠ᠃ ᠳᠡᠳᠡ ᠬᠠᠮᠤᠭ᠎ᠤᠨ ᠭᠦᠨ ᠵᠤᠵᠠᠭᠠᠨ ᠬᠠᠢᠷ᠎ᠠ ᠰᠡᠳᠭᠢᠯᠭᠡ᠎ᠪᠡᠷ ᠥᠪᠡᠷ᠎ᠦᠨ ᠪᠡᠶ᠎ᠡ ᠲᠠᠢ᠎ᠪᠠᠨ ᠡᠳᠦᠷ ᠰᠥᠨᠢ ᠦᠬᠡᠢ ᠬᠠᠮᠲᠤ ᠪᠠᠢᠬᠤ ᠤᠷᠳᠤ ᠴᠠᠭᠠᠨ ᠬᠡᠷᠡᠮ᠎ᠢ ᠰᠠᠬᠢᠨ ᠬᠠᠮᠠᠭᠠᠯᠠᠵᠤ ᠪᠤᠢ᠃
ᠤᠷᠲᠤ ᠴᠠᠭᠠᠨ ᠬᠡᠷᠡᠮ᠎ᠢ ᠬᠠᠮᠠᠭᠠᠯᠠᠵᠤ᠂ ᠵᠣᠷᠢᠭ ᠰᠠᠨᠠᠭᠠᠨ᠎ᠤ ᠦᠨᠳᠦᠰᠦ ᠰᠠᠭᠤᠷᠢ᠎ᠶ᠋ᠢ ᠪᠡᠬᠢᠵᠢᠭᠦᠯᠦᠨ᠎ᠡ᠃ ᠣᠢᠷ᠎ᠠ᠎ᠶ᠋ᠢᠨ ᠵᠢᠯ᠎ᠦᠳ᠎ᠲᠦ ᠴᠢᠩ ᠱᠦᠶ ᠾᠧ ᠱᠢᠶᠠᠨ᠎ᠤ ᠨᠠᠮ᠎ᠤᠨ ᠬᠣᠷᠢᠶ᠎ᠠ᠂ ᠱᠢᠶᠠᠨ᠎ᠤ ᠵᠠᠰᠠᠭ᠎ᠤᠨ ᠣᠷᠳᠣᠨ ᠣᠷᠳᠣ ᠴᠠᠭᠠᠨ ᠬᠡᠷᠡᠮ᠎ᠢ ᠬᠠᠮᠠᠭᠠᠯᠠᠬᠤ ᠪᠠ ᠠᠱᠢᠭ᠍ᠯᠠᠬᠤ᠎ᠶ᠋ᠢ ᠪᠥᠬᠥ᠌ ᠱᠢᠶᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ᠎ᠳᠤ ᠣᠷᠣᠭᠤᠯᠵᠤ᠂ ᠶᠡᠬᠡ ᠬᠦᠴᠦ᠍ ᠣᠷᠣᠭᠤᠯᠤᠨ᠂ ᠦᠨᠡᠨ ᠬᠦ᠌ ᠬᠦᠴᠦ᠍ ᠣᠷᠣᠭᠤᠯᠵᠤ ᠪᠠᠢᠭᠠᠳ ᠬᠢᠯᠢ᠎ᠶ᠋ᠢᠨ ᠳᠣᠲᠣᠷᠠᠬᠢ ᠥᠨᠳᠥᠷ ᠰᠦᠷᠯᠢᠭ ᠣᠷᠳᠣ ᠴᠠᠭᠠᠨ ᠬᠡᠷᠡᠮ᠎ᠢ ᠬᠠᠮᠠᠭᠠᠯᠠᠭ᠍ᠰᠠᠨ ᠪᠠᠢᠨ᠎ᠠ᠃
《ᠤᠷᠳᠤ ᠴᠠᠭᠠᠨ ᠬᠡᠷᠡᠮ ᠨᠢ ᠪᠤᠰᠤᠳ᠎ᠤᠨ ᠨᠢᠳᠦᠨ᠎ᠳᠦ ᠲᠡᠦᠬᠡ᠎ᠶ᠋ᠢᠨ ᠳᠤᠷᠠᠰᠭᠠᠯᠲᠤ ᠵᠦᠢᠯᠡᠰ ᠪᠤᠯᠵᠤ ᠬᠠᠷᠠᠭᠳᠠᠳᠠᠭ᠂ ᠪᠢᠳᠡᠨ᠎ᠦ ᠨᠢᠳᠦᠨ᠎ᠳᠦ ᠪᠣᠯ ᠬᠠᠷᠢᠨ ᠨᠤᠲᠤᠭ ᠤᠰᠤ ᠮᠦᠨ᠃ ᠡᠳᠡᠭᠡᠷ ᠵᠢᠯ᠎ᠦᠳ᠎ᠲᠦ ᠤᠯᠤᠰ᠎ᠡᠴᠡ ᠤᠷᠳᠤ ᠴᠠᠭᠠᠨ ᠬᠡᠷᠡᠮ᠎ᠢ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠤᠭᠰᠠᠨ ᠳ᠋ᠤ ᠪᠢᠳᠡ ᠦᠨᠡᠨ ᠰᠡᠳᠭᠢᠯ ᠡᠴᠡ ᠪᠡᠨᠪᠠᠶᠠᠷᠯᠠᠵᠤ ᠪᠠᠢᠨ᠎ᠠ᠃ ᠬᠡᠷᠪᠡ ᠶᠠᠮᠠᠷ ᠨᠢᠭᠡᠨ ᠬᠥᠮᠦᠨ ᠤᠷᠲᠤ ᠴᠠᠭᠠᠨ ᠬᠡᠷᠡᠮ᠎ᠢ ᠡᠪᠳᠡᠪᠡᠯ ᠨᠤᠲᠤᠭ᠎ᠤᠨ ᠬᠥᠮᠦᠰ ᠪᠤᠯᠤᠭᠰᠠᠨ ᠪᠢᠳᠡ ᠬᠠᠮᠤᠭ ᠲᠡᠷᠢᠭᠦᠨ᠎ᠳᠦ ᠵᠥᠪᠱᠢᠶᠡᠷᠡᠬᠦ᠌ ᠦᠭᠡᠢ᠃ ᠡᠪᠦᠭᠡ ᠳᠡᠭᠡᠳᠦᠰ᠎ᠡᠴᠡ ᠦᠯᠡᠳᠡᠭᠡᠭ᠌ᠰᠡᠨ ᠤᠷᠲᠤ ᠴᠠᠭᠠᠨ ᠬᠡᠷᠡᠮ᠎ᠢ ᠪᠢᠳᠡ ᠰᠠᠢᠲᠤᠷ ᠬᠠᠮᠠᠭᠠᠯᠠᠬᠤ ᠬᠡᠷᠡᠭ᠌ᠲᠡᠶ》ᠭᠡᠵᠦ ᠺᠠᠩ ᠬᠠᠢ ᠯᠢᠶᠠᠩ ᠬᠡᠯᠡᠪᠡ᠃
ᠠᠭᠤᠯᠠ ᠤᠰᠤ ᠥᠨᠢ ᠮᠥᠩᠬᠡ᠂ ᠲᠡᠭᠡᠳᠦᠰ ᠤ᠋ᠨ ᠤᠯᠠᠮᠵᠢᠯᠠᠯ ᠮᠢᠩᠭᠠᠨ ᠵᠢᠯ ᠦᠷᠬᠦᠯᠵᠢᠯᠡᠨ᠎ᠡ᠃ ᠲᠡᠦᠬᠡ ᠬᠡᠳᠦᠢᠪᠡᠷ ᠡᠷᠭᠢᠯᠳᠦᠨ ᠤᠷᠴᠢᠭᠰᠠᠨ ᠪᠣᠯᠪᠠᠴᠤ᠌᠂ ᠮᠤᠷᠤᠯᠵᠠᠨ ᠦᠷᠭᠦᠯᠵᠢᠯᠡᠭ᠌ᠰᠡᠨ ᠤᠷᠲᠤ ᠴᠠᠭᠠᠨ ᠬᠡᠷᠡᠮ᠂ ᠦᠯᠡᠳᠡᠭ᠌ᠳᠡᠯ ᠪᠡᠬᠢᠯᠡᠯᠲᠡ᠂ ᠰᠡᠬᠦᠢᠨ ᠰᠦᠨᠳᠡᠷᠯᠡᠭ᠌ᠰᠡᠨ ᠴᠤᠨᠵᠢ ᠨᠢ ᠮᠥᠨ ᠯᠡ ᠲᠡᠭᠦᠨ᠎ᠦ ᠦᠷᠦᠴᠡᠨ ᠳ᠋ᠡᠬᠢ ᠠᠢᠯ ᠲᠣᠰᠭᠣᠨᠲᠠᠶᠪᠠᠨ ᠬᠠᠮᠲᠤ ᠪᠠᠢᠳᠠᠭ᠃ ᠦᠶ᠎ᠡ᠎ᠶ᠋ᠢᠨ ᠦᠶ᠎ᠡ᠎ᠳᠡᠭᠡᠨ ᠤᠷᠳᠤ ᠴᠠᠭᠠᠨ ᠬᠡᠷᠡᠮ᠎ᠦᠨ ᠦᠷᠦᠴᠡᠨ ᠳ᠋ᠤ ᠠᠮᠢᠳᠤᠷᠠᠵᠤ ᠪᠠᠢᠭ᠍ᠰᠠᠨ ᠬᠥᠮᠦᠰ᠎ᠲᠦ ᠠᠪᠴᠤ᠌ ᠬᠡᠯᠡᠪᠡᠯ ᠤᠷᠳᠤ ᠴᠠᠭᠠᠨ ᠬᠡᠷᠡᠮ ᠪᠣᠯ ᠪᠠᠯᠠᠷᠠᠰᠢ ᠦᠭᠡᠢ ᠬᠠᠢᠷ᠎ᠠ ᠰᠡᠳᠭᠢᠯᠭᠡ ᠪᠠᠢᠵᠦ᠂ ᠤᠷᠳᠤ ᠴᠠᠭᠠᠨ ᠬᠡᠷᠡᠮ᠎ᠢ ᠰᠠᠬᠢᠨ ᠬᠠᠮᠠᠭᠠᠯᠠᠬᠤ ᠪᠣᠯ ᠳᠠᠷᠤᠢ ᠥᠪᠡᠷ᠎ᠦᠨ ᠭᠡᠷ ᠣᠷᠣᠨ᠎ᠢᠶᠠᠨ ᠰᠠᠬᠢᠨ ᠬᠠᠮᠠᠭᠠᠯᠠᠵᠤ ᠪᠠᠢᠭ᠎ᠠ ᠶᠠᠪᠤᠳᠠᠯ ᠪᠣᠯᠤᠨ᠎ᠠ᠃
ᠰᠤᠶᠤᠯ᠎ᠢᠶᠠᠷ ᠡᠨᠧᠷᠭᠢ ᠤᠯᠭᠤᠵᠤ ᠦᠶ᠎ᠡ ᠤᠯᠠᠷᠢᠨ ᠣᠷᠣᠱᠢᠨ ᠲᠣᠭ᠍ᠲᠠᠨᠢᠨᠠ
《ᠲᠠᠷᠢᠶᠠᠴᠢᠨ ᠠᠢᠯ᠎ᠤᠨ ᠵᠤᠭ᠎ᠠ ᠰᠡᠯᠡᠬᠦᠴᠡᠯ᠎ᠤᠨ ᠭᠠᠵᠠᠷ》ᠲᠤ᠌ ᠣᠷᠣᠪᠠᠯ ᠨᠢᠭᠡᠨ ᠡᠷᠲᠡᠨ᠎ᠦ ᠴᠢᠯᠠᠭᠤᠨ ᠬᠡᠷᠡᠮ ᠨᠢ ᠬᠥᠮᠦᠰ᠎ᠦᠨ ᠠᠩᠬᠠᠷᠤᠯ᠎ᠢ ᠲᠠᠲᠠᠨ᠎ᠠ᠂ ᠬᠡᠷᠡᠮ᠎ᠦᠨ ᠠᠷᠤ᠎ᠳᠠᠬᠢ ᠬᠦᠷᠢᠶ᠎ᠡ ᠬᠠᠱᠢᠶ᠎ᠠ᠎ᠶ᠋ᠢ ᠬᠢᠯᠠᠢᠳᠠᠯᠠ ᠴᠡᠪᠡᠷᠯᠡᠭᠰᠡᠨ ᠪᠠᠢᠯ᠎ᠠ᠃ 54 ᠨᠠᠰᠤᠲᠠᠢ ᠵᠠᠩ ᠼᠦᠨ ᠳ᠋ᠢᠶ᠋ᠢᠨ ᠬᠢᠨ ᠲᠠᠷᠢᠶᠠᠴᠢᠨ ᠠᠢᠯ᠎ᠤᠨ ᠵᠢᠭᠤᠯᠴᠢᠯᠠᠯ᠎ᠤᠨ ᠦᠢᠯᠡᠰ ᠡᠷᠬᠢᠯᠡᠵᠦ᠍᠂ ᠨᠠᠭᠠᠰᠢ ᠴᠠᠭᠠᠰᠢ ᠵᠣᠷᠴᠢᠵᠤ ᠪᠠᠢᠭ᠎ᠠ ᠬᠤᠳᠠᠯᠳᠤᠭᠠᠴᠢᠨ᠂ ᠵᠢᠭᠤᠯᠴᠢᠯᠠᠭᠰᠡᠳ᠎ᠲᠤ ᠵᠢᠩᠬᠢᠨᠢ ᠲᠠᠷᠢᠶᠠᠴᠢᠨ ᠠᠢᠯ᠎ᠤᠨ ᠦᠨᠦᠷ ᠠᠮᠲᠠ ᠲᠠᠢ ᠬᠤᠭᠤᠯᠠ ᠤᠮᠳᠠ ᠬᠠᠩᠭᠠᠵᠤ ᠪᠤᠢ᠃
ᠪᠧᠶ ᠪᠦᠦ ᠱᠢᠶᠠᠩ᠎ᠤᠨ ᠺᠸᠦ ᠽᠢ ᠱᠠᠩ ᠲᠣᠰᠭᠣᠨ ᠮᠢᠩ ᠤᠯᠤᠰ᠎ᠤᠨ ᠤᠷᠲᠤ ᠴᠠᠭᠠᠨ ᠬᠡᠷᠡᠮ᠎ᠦᠨ ᠦᠷᠦᠴᠡᠨ᠎ᠳᠤ ᠪᠤᠢ᠃ ᠤᠯᠠᠮᠵᠢᠯᠠᠯ ᠶᠠᠷᠢᠶᠠᠨ᠎ᠳᠤ ᠡᠨᠳᠡᠬᠢ ᠬᠡᠰᠡᠭ ᠲᠣᠰᠭᠣᠨ᠎ᠤ ᠠᠷᠠᠳ᠎ᠤᠨ ᠡᠪᠦᠭᠡ ᠳᠡᠭᠡᠳᠦᠰ ᠪᠣᠯ ᠤᠷᠳᠤ ᠴᠠᠭᠠᠨ ᠬᠡᠷᠡᠮ᠎ᠦᠨ ᠬᠠᠮᠠᠭᠠᠯᠠᠭ᠍ᠴᠢ ᠪᠠᠢᠬᠰᠠᠨ ᠭᠡᠳᠡᠭ᠃ ᠤᠳᠤ ᠤᠷᠳᠤ ᠴᠠᠭᠠᠨ ᠬᠡᠷᠡᠮ᠎ᠦᠨ ᠦᠷᠦᠴᠡᠨ᠎ᠳᠤ ᠠᠮᠢᠳᠤᠷᠠᠵᠤ ᠪᠠᠢᠭ᠎ᠠ ᠬᠥᠮᠦᠰ ᠤᠯᠠᠮ᠎ᠡᠴᠡ ᠤᠯᠠᠮᠤᠯᠠᠨᠤ ᠬᠦᠷᠢᠶᠡᠯᠡᠯ᠎ᠢ ᠣᠯᠵᠤ᠂ ᠬᠥᠮᠦᠰ᠎ᠦᠨ ᠠᠮᠢᠳᠤᠷᠠᠯ ᠤᠷᠲᠤ ᠴᠠᠭᠠᠨ ᠬᠡᠷᠡᠮ᠎ᠡᠴᠡ ᠪᠤᠯᠵᠤ ᠡᠳᠦᠷ ᠢᠷᠡᠬᠦᠶ᠎ᠡ ᠰᠠᠢᠵᠢᠷᠠᠵᠤ ᠪᠤᠢ᠃
ᠤᠳᠤᠬᠠᠨ᠎ᠳᠤ ᠵᠢᠭᠤᠯᠴᠢᠯᠠᠯ᠎ᠤᠨ ᠬᠦᠭᠵᠢᠶᠡᠨᠲᠦ ᠤᠯᠠᠷᠢᠯ ᠪᠣᠯᠤᠭ᠎ᠠ ᠦᠭᠡᠢ᠎ᠪᠡᠷ ᠵᠠᠩ ᠼᠦᠨ ᠳᠢ ᠨᠢᠭᠡᠨᠲᠡ ᠶᠠᠭᠠᠷᠠᠵᠤ ᠡᠬᠢᠯᠡᠪᠡ᠃ ᠵᠠᠩ ᠼᠦᠨ ᠳ᠋ᠢ᠄ 《ᠪᠢ ᠡᠨᠡ ᠬᠡᠰᠡᠭ ᠭᠠᠵᠠᠷ᠎ᠲᠤ ᠢᠳᠡᠱᠢᠨ ᠨᠣᠭᠣᠭ᠎ᠠ ᠲᠠᠷᠢᠵᠤ᠂ ᠥᠪᠡᠷ᠎ᠦᠨ ᠲᠠᠷᠢᠭ᠍ᠰᠠᠨ ᠢᠳᠡᠱᠢᠨ ᠨᠣᠭᠣᠭ᠎ᠠ᠎ᠪᠠᠨ ᠲᠠᠷᠢᠶᠠᠴᠢᠨ ᠠᠢᠯ᠎ᠤᠨ ᠵᠢᠭᠤᠯᠴᠢᠯᠠᠯ᠎ᠤᠨ ᠦᠢᠯᠡᠰᠲᠦᠬᠡᠷᠡᠭ᠌ᠯᠡᠭᠦᠯᠵᠦ᠍᠂ ᠵᠣᠴᠢᠳ ᠲᠸ᠋ ᠱᠢᠨ᠎ᠡ ᠰᠣᠷᠭᠣᠭ ᠨᠤᠭᠤᠭ᠎ᠠ ᠢᠳᠡᠭᠦᠯᠬᠦ᠌ ᠵᠢ ᠰᠠᠨᠠᠵᠦ ᠪᠠᠢᠨ᠎ᠠ》 ᠭᠡᠪᠡ᠃
ᠤᠷᠲᠤ ᠴᠠᠭᠠᠨ ᠬᠡᠷᠡᠮ᠎ᠦᠨ ᠦᠷᠦᠴᠡᠨ᠎ᠳᠤ 《ᠵᠢᠭᠤᠯᠴᠢᠯᠠᠯ᠎ᠤᠨ ᠦᠢᠯᠡᠰ᠎ᠤᠨ ᠬᠣᠭᠣᠯᠠ》 ᠢᠳᠡᠵᠦ᠍᠂ ᠲᠣᠰᠭᠣᠨ᠎ᠤ ᠠᠷᠠᠳ ᠭᠠᠳᠠᠭ᠍ᠰᠢ ᠭᠠᠷᠬᠤ ᠦᠭᠡᠢ ᠴᠦ᠍ ᠭᠡᠰᠡᠨ ᠵᠣᠭᠣᠰ ᠤᠯᠵᠤ ᠪᠣᠯᠤᠨ᠎ᠠ᠃ ᠲᠣᠰᠭᠣᠨ᠎ᠳᠤ ᠢᠷᠡᠵᠦ᠍ ᠰᠤᠳᠤᠯᠤᠨ ᠰᠤᠷᠤᠯᠴᠠᠵᠤ᠂ ᠵᠢᠭᠤᠯᠴᠢᠯᠠᠬᠤ ᠬᠥᠮᠦᠨ ᠶᠠᠪᠤᠬᠤ ᠲᠤᠳᠤᠮ ᠣᠯᠠᠱᠢᠷᠠᠵᠠᠢ᠃ ᠵᠠᠩ ᠼᠦᠨ ᠳᠢ᠄ 《ᠶᠠᠭᠠᠷᠠᠦ ᠦᠶ᠎ᠡ᠎ᠳᠦ ᠪᠢ ᠲᠣᠭᠣᠭᠠᠴᠢ ᠮᠦᠷᠲᠡᠭᠡᠨ ᠪᠠᠰᠠ ᠦᠢᠯᠡᠴᠢᠯᠡᠭ᠌ᠴᠢ ᠪᠣᠯᠳᠠᠭ᠃ ᠵᠣᠴᠢᠨ ᠬᠠᠮᠤᠭ ᠠᠷᠪᠢᠨ ᠨᠢᠭᠡ ᠡᠳᠦᠷ ᠪᠢᠳᠡ 60 ᠭᠠᠷᠤᠶ ᠬᠥᠮᠦᠨ᠎ᠢ ᠵᠣᠴᠢᠯᠠᠵᠤ᠂ 3000 ᠱᠢᠬᠠᠮ ᠲᠥᠭᠥᠷᠢᠭ᠎ᠤᠨ ᠤᠷᠤᠯᠭ᠎ᠠ ᠤᠯᠪᠠ᠃ 〈ᠤᠷᠲᠤ ᠴᠠᠭᠠᠨ ᠬᠡᠷᠡᠮ〉 ᠪᠢᠳᠡᠨ᠎ᠳᠦ ᠮᠠᠰᠢ ᠰᠠᠢᠨ ᠣᠷᠣᠯᠭ᠎ᠠ ᠠᠪᠴᠢᠷᠠᠵᠤ ᠥᠭ᠌ᠭᠦᠨ᠎ᠡ ᠭᠡᠵᠦ᠍ ᠪᠣᠳᠣᠵᠤ ᠣᠯᠤᠭ᠍ᠰᠠᠨ ᠦᠭᠡᠢ》 ᠭᠡᠵᠦ ᠪᠠᠶᠠᠷᠲᠠᠢ ᠭᠡᠯᠡᠨ᠎ᠡ᠃
ᠤᠷᠳᠤ ᠴᠠᠭᠠᠨ ᠬᠡᠷᠡᠮ ᠨᠢ ᠲᠡᠦᠬᠡ᠎ᠶ᠋ᠢᠨ ᠤᠯᠠᠷᠢᠯ ᠬᠤᠪᠢᠰᠤᠯ ᠪᠣᠯᠤᠨ ᠴᠠᠭ ᠦᠶ᠎ᠡ᠎ᠶ᠋ᠢᠨ ᠯᠤᠲᠤ ᠶᠡᠬᠡ ᠬᠤᠪᠢᠷᠠᠯᠲᠠ᠎ᠶ᠋ᠢ ᠭᠡᠷᠡᠴᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠣᠷᠣᠱᠢᠨ ᠲᠣᠭ᠍ᠲᠠᠨᠢᠵᠤ ᠦᠷᠡᠵᠢᠨ ᠲᠥᠯᠵᠢᠬᠦ᠌᠂ ᠦᠶ᠎ᠡ᠎ᠶ᠋ᠢᠨ ᠦᠶ᠎ᠡ᠎ᠳᠡᠭᠡᠨ ᠠᠮᠢᠳᠤᠷᠠᠨ ᠰᠠᠭᠤᠷᠢᠰᠢᠬᠤ᠎ᠳᠦ ᠰᠠᠬᠢᠨ ᠬᠠᠮᠠᠭᠠᠯᠠᠭᠴᠢ ᠪᠤᠯᠪᠠ᠃
2020 ᠣᠨ᠎ᠤ 11 ᠰᠠᠷ᠎ᠠ᠎ᠶ᠋ᠢᠨ 24᠎ᠤ᠋ ᠡᠳᠦᠷ᠂ ᠴᠢᠩ ᠱᠦᠶ ᠾᠧ ᠱᠢᠶᠠᠨ᠎ᠤ ᠮᠢᠩ ᠤᠯᠤᠰ᠎ᠤᠨ ᠣᠷᠳᠣ ᠴᠠᠭᠠᠨ ᠬᠡᠷᠡᠮ᠎ᠦᠨ ᠱᠢᠶᠤᠤ ᠶᠤᠸᠠᠨ ᠮᠤᠤ᠎ᠶ᠋ᠢᠨ ᠬᠡᠰᠡᠭ᠎ᠨᠢ ᠨᠢᠭᠡᠳᠦᠭᠡᠷ ᠪᠦᠯᠦᠭ᠎ᠦᠨ ᠤᠯᠤᠰ᠎ᠤᠨ ᠲᠠᠰ᠎ᠤᠨ ᠣᠷᠳᠣ ᠴᠠᠭᠠᠨ ᠬᠡᠷᠡᠮ᠎ᠦᠨ ᠴᠢᠬᠤᠯᠠ ᠬᠡᠰᠡᠭ᠎ᠦᠨ ᠨᠡᠷᠡᠰ᠎ᠲᠦ ᠰᠣᠩᠭᠣᠭ᠍ᠳᠠᠪᠠ᠃ 2021 ᠣᠨ᠎ᠤ 3 ᠰᠠᠷ᠎ᠠ᠎ᠳᠤ᠂ ᠴᠢᠩ ᠱᠦᠢ ᠾᠧ ᠱᠢᠶᠠᠨ᠎ᠤ ᠮᠢᠩ ᠤᠯᠤᠰ᠎ᠤᠨ ᠤᠷᠳᠤ ᠴᠠᠭᠠᠨ ᠬᠡᠷᠡᠮ᠎ᠦᠨ ᠱᠢᠶᠤᠤ ᠶᠤᠸᠠᠨ ᠮᠤᠤ᠎ᠶ᠋ᠢᠨ ᠬᠡᠰᠡᠭ᠎ᠢ ᠤᠷᠳᠤ ᠴᠠᠭᠠᠨ ᠬᠡᠷᠡᠮ᠎ᠦᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠪᠦᠳᠦᠭᠡᠨ ᠪᠠᠢᠭᠤᠯᠤᠯᠲᠠ᠎ᠶ᠋ᠢᠨ ᠲᠦᠷᠦᠯ ᠵᠦᠢᠯ᠎ᠳᠦ ᠣᠷᠣᠭᠤᠯᠪᠠ᠃
ᠣᠷᠳᠣ ᠴᠠᠭᠠᠨ ᠬᠡᠷᠡᠮ᠎ᠦᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠴᠢᠩ ᠱᠦᠶ ᠾᠧ᠎ᠶᠢᠨ ᠮᠢᠩ ᠤᠯᠤᠰ᠎ᠤᠨ ᠣᠷᠳᠣ ᠴᠠᠭᠠᠨ ᠬᠡᠷᠡᠮ᠎ᠦᠨ ᠱᠢᠶᠤᠤ ᠶᠤᠸᠠᠨ ᠮᠤᠤ᠎ᠶ᠋ᠢᠨ ᠪᠠᠭ᠎ᠠ ᠬᠡᠰᠡᠭ᠎ᠦᠨ ᠬᠠᠮᠠᠭᠠᠯᠠᠨ ᠠᠱᠢᠭ᠍ᠯᠠᠬᠤ ᠲᠥᠷᠥᠯ ᠵᠦᠶ᠋ᠯ᠎ᠦᠨ ᠭᠠᠵᠠᠷ᠎ᠢ ᠴᠢᠩ ᠱᠦᠶ ᠾᠧ ᠱᠢᠶᠠᠨ᠎ᠤ ᠪᠧᠶ ᠪᠦᠦ ᠱᠢᠶᠠᠩ᠎ᠤᠨ ᠬᠢᠯᠢ ᠳᠣᠲᠣᠷ᠎ᠠ ᠰᠣᠩᠭᠣᠪᠠ᠃ 《ᠣᠷᠳᠣ ᠴᠠᠭᠠᠨ ᠬᠡᠷᠡᠮ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠪᠥᠲᠥᠭᠡᠨ ᠪᠠᠢᠭᠤᠯᠤᠯᠲᠠ ᠬᠠᠮᠠᠭᠠᠯᠠᠯᠲᠠ᠎ᠶ᠋ᠢᠨ ᠲᠥᠯᠥᠪᠵᠢᠭᠦᠯᠭᠡ》 ᠳ᠋ᠠᠬᠢ ᠳᠥᠷᠪᠡᠨ ᠲᠥᠷᠥᠯ᠎ᠦᠨ ᠭᠤᠤᠯ ᠴᠣᠭ᠍ᠴᠠ᠎ᠶ᠋ᠢᠨ ᠴᠢᠳᠠᠮᠵᠢᠲᠤ ᠣᠷᠣᠨ᠎ᠤ ᠬᠤᠪᠢᠶᠠᠷᠢᠯᠠᠯ᠎ᠤᠨ ᠱᠠᠭᠠᠷᠳᠠᠯᠭ᠎ᠠ᠎ᠳᠤ ᠵᠣᠬᠢᠴᠠᠭᠤᠯᠤᠨ᠂ ᠲᠥᠷᠥᠯ ᠵᠦᠶ᠋ᠯ᠎ᠦᠨ ᠭᠠᠵᠠᠷ᠎ᠤᠨ ᠡᠬᠢ ᠪᠠᠶᠠᠯᠢᠭ᠎ᠤᠨ ᠪᠠᠢᠳᠠᠯ᠎ᠲᠠᠶ ᠤᠶᠠᠯᠳᠤᠭᠤᠯᠵᠤ᠂ ᠴᠡᠴᠡᠷᠯᠢᠭ᠎ᠢ 《ᠭᠤᠤᠯ ᠰᠡᠳᠦᠪᠲᠦ ᠦᠵᠡᠭᠦᠯᠭᠡ᠎ᠶ᠋ᠢᠨ ᠲᠣᠭᠣᠷᠢᠭ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠲᠣᠭᠣᠷᠢᠭ᠂ ᠬᠠᠮᠢᠶᠠᠷᠤᠨ ᠡᠵᠡᠮᠳᠡᠵᠦ᠍ ᠬᠠᠮᠠᠭᠠᠯᠠᠬᠤ ᠲᠣᠭᠣᠷᠢᠭ᠂ ᠤᠯᠠᠮᠵᠢᠯᠠᠯᠲᠤ ᠠᠱᠢᠭ᠍ᠯᠠᠯᠲᠠ᠎ᠶ᠋ᠢᠨ ᠲᠣᠭᠣᠷᠢᠭ》 ᠭᠡᠬᠦ 4 ᠬᠡᠰᠡᠭ ᠤᠷᠤᠨ᠎ᠤ ᠣᠷᠣᠨ ᠵᠠᠶ᠎ᠶ᠋ᠢᠨ ᠪᠠᠢᠷᠢᠱᠢᠭᠤᠯᠤᠯᠲᠠ᠎ᠪᠠᠷ ᠬᠤᠪᠢᠶᠠᠷᠢᠯᠠᠪᠠ᠃ ᠡᠭᠦᠨ᠎ᠳᠦ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠲᠤᠭᠤᠷᠢᠭ ᠨᠢ ᠪᠸᠢ ᠪᠦᠦ ᠱᠢᠶᠠᠩ᠎ᠤᠨ ᠯᠣᠣ ᠨᠢᠦ ᠫᠦᠸᠸ ᠲᠣᠰᠭᠣᠨ᠂ ᠺᠸᠦ ᠽᠢ ᠱᠠᠩ ᠲᠣᠰᠭᠣᠨ ᠪᠣᠯᠤᠨ ᠪᠸᠢ ᠪᠦᠦ ᠲᠣᠰᠭᠣᠨ᠎ᠢᠶᠠᠷ ᠪᠦᠷᠢᠯᠳᠦᠵᠡᠢ᠃
《ᠣᠷᠳᠣ ᠴᠠᠭᠠᠨ ᠬᠡᠷᠡᠮ᠎ᠦᠨ ᠰᠣᠶᠣᠯ᠎ᠨᠢ ᠠᠮᠢᠳᠤ ᠰᠣᠷᠭᠣᠭ ᠡᠬᠢ ᠪᠤᠯᠠᠭ ᠮᠡᠲᠦ ᠪᠠᠢᠵᠤ᠂ ᠮᠠᠨ᠎ᠤ ᠵᠢᠭᠤᠯᠴᠢᠯᠠᠯ᠎ᠤᠨ ᠠᠵᠤ ᠦᠶ᠋ᠯᠡᠰ᠎ᠢ ᠳᠠᠢᠴᠢᠯᠠᠵᠤ 〈ᠠᠮᠢᠯᠠᠭᠤᠯᠵᠤ〉 ᠪᠠᠢᠨ᠎ᠠ᠂ ᠣᠷᠳᠣ ᠴᠠᠭᠠᠨ ᠬᠡᠷᠡᠮ᠎ᠦᠨ ᠤᠯᠤᠰ᠎ᠤᠨ ᠰᠣᠶᠣᠯ᠎ᠤᠨ ᠴᠡᠴᠡᠷᠯᠢᠭ᠎ᠢ ᠪᠥᠲᠥᠭᠡᠨ ᠪᠠᠢᠭᠤᠯᠤᠭ᠍ᠰᠠᠨ᠎ᠤ ᠳᠠᠷᠠᠭ᠎ᠠ ᠮᠠᠨ᠎ᠤ ᠨᠠᠩ ᠣᠯᠠᠨ ᠲᠣᠰᠭᠣᠨ᠎ᠤ ᠠᠷᠠᠳ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠠᠱᠢᠭ ᠲᠤᠰᠠ᠎ᠶ᠋ᠢ ᠬᠤᠪᠢᠶᠠᠯᠴᠠᠨ ᠡᠳ᠋ᠯᠡᠵᠦ᠍᠂ ᠨᠤᠲᠤᠭ᠎ᠤᠨ ᠠᠬ᠎ᠠ ᠳᠡᠭᠦᠦ᠍᠎ᠨᠡᠷ᠎ᠦᠨ ᠠᠮᠢᠳᠤᠷᠠᠯ ᠨᠠᠩ ᠥᠭᠡᠳᠡᠯᠡᠬᠦ ᠪᠤᠯᠤᠨ᠎ᠠ》 ᠭᠡᠵᠦ ᠠᠭᠤᠯᠠ ᠨᠢᠷᠤᠭᠤᠳ ᠰᠡᠬᠦᠢᠨ ᠰᠦᠨᠳᠡᠷᠯᠡᠭᠰᠡᠨ ᠮᠢᠩ ᠤᠯᠤᠰ᠎ᠤᠨ ᠣᠷᠳᠣ ᠴᠠᠭᠠᠨ ᠬᠡᠷᠡᠮ᠎ᠢ ᠬᠠᠷᠠᠭᠠᠳ ᠪᠸᠢ ᠪᠤᠤ ᠱᠢᠶᠠᠩ᠎ᠤᠨ ᠨᠠᠮ᠎ᠤᠨ ᠭᠡᠱᠢᠭᠦᠨ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠦᠨ ᠳᠡᠳ᠋ ᠡᠷᠬᠢᠯᠡᠭ᠌ᠴᠢ᠂ ᠳ᠋ᠦᠶ ᠵᠢᠦ ᠫᠢᠩ ᠲᠣᠰᠭᠣᠨ᠎ᠤ ᠨᠠᠮ᠎ᠤᠨ ᠡᠭᠦᠷ᠎ᠦᠨ ᠱᠦᠵᠢ ᠯᠢᠦ ᠷᠦᠩ ᠱᠢᠨ ᠰᠡᠳᠭᠢᠯ ᠬᠦᠳᠡᠯᠦᠨ ᠬᠡᠯᠡᠨ᠎ᠡ᠃
ᠴᠢᠩ ᠱᠦᠢ ᠾᠧ ᠱᠢᠶᠠᠨ ᠤᠷᠳᠤ ᠴᠠᠭᠠᠨ ᠬᠡᠷᠡᠮ᠎ᠦᠨ ᠰᠣᠶᠣᠯ᠂ ᠦᠵᠡᠮᠵᠢ ᠪᠣᠯᠤᠨ ᠤᠶᠤᠨ ᠰᠠᠨᠠᠭᠠᠨ᠎ᠤ ᠦᠨ᠎ᠡ ᠦᠷᠳᠡᠭ᠎ᠢ ᠭᠦᠨᠵᠡᠭᠡᠢ ᠠᠭᠤᠳᠠᠯᠵᠤ᠂ ᠤᠷᠳᠤ ᠴᠠᠭᠠᠨ ᠬᠡᠷᠡᠮ ᠵᠢᠴᠢ ᠤᠷᠳᠤ ᠴᠠᠭᠠᠨ ᠬᠡᠷᠡᠮ᠎ᠦᠨ ᠦᠷᠦᠴᠡᠨ᠎ᠳᠠᠬᠢ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ 《ᠬᠣᠯᠪᠣᠨ》 ᠬᠥᠭ᠌ᠵᠢᠭᠦᠯᠵᠦ᠍᠂ ᠤᠷᠳᠤ ᠴᠠᠭᠠᠨ ᠬᠡᠷᠡᠮ᠎ᠦᠨ ᠪᠠᠭᠤᠷᠢ ᠳᠠᠭᠠᠤ᠎ᠶ᠋ᠢᠨ ᠰᠣᠶᠣᠯ ᠵᠢᠭᠤᠯᠴᠢᠯᠠᠯ᠂ ᠰᠡᠯᠡᠭᠦᠴᠡᠯ᠎ᠦᠨ ᠲᠠᠷᠢᠶᠠᠯᠠᠩ ᠵᠡᠷᠭᠡ ᠲᠦᠷᠦᠯ ᠵᠦᠢᠯ᠎ᠢ ᠭᠦᠨᠵᠡᠭᠡᠢ ᠨᠡᠭᠡᠭᠡᠨ ᠠᠱᠢᠭ᠍ᠯᠠᠵᠤ᠂ ᠬᠥᠳᠡᠭᠡ ᠲᠣᠰᠭᠣᠨ᠎ᠤ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠠᠵᠤ ᠦᠢᠯᠡᠰ᠎ᠦᠨ ᠬᠥᠭ᠌ᠵᠢᠯᠲᠡ᠎ᠶ᠋ᠢᠨ ᠤᠯᠠᠨ ᠡᠱᠢᠵᠢᠭ᠌ᠰᠡᠨ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭ᠌ᠵᠢᠭᠦᠯᠬᠦ᠌ ᠵᠠᠮ᠎ᠢᠶᠠᠷ ᠵᠠᠮᠨᠠᠪᠠ᠃
《ᠮᠢᠩ ᠤᠯᠤᠰ᠎ᠤᠨ ᠤᠷᠳᠤ ᠴᠠᠭᠠᠨ ᠬᠡᠷᠡᠮ᠎ᠦᠨ ᠱᠢᠶᠤᠤ ᠶᠤᠸᠠᠨ ᠮᠤᠤ᠎ᠶ᠋ᠢᠨ ᠬᠡᠰᠡᠭ᠂ ᠪᠠᠨ ᠱᠸᠩ ᠭᠸᠦ᠎ᠶ᠋ᠢᠨ ᠬᠡᠰᠡᠭ ᠪᠣᠯ ᠤᠯᠤᠰ᠎ᠤᠨ ᠲᠡᠰ᠎ᠤᠨ ᠤᠷᠳᠤ ᠴᠠᠭᠠᠨ ᠬᠡᠷᠡᠮ᠎ᠦᠨ ᠴᠢᠬᠤᠯᠠ ᠬᠡᠰᠡᠭ ᠪᠠᠢᠵᠤ᠂ ᠡᠷᠬᠢᠨ ᠲᠣᠭᠣᠷᠢᠨ᠎ᠤ ᠥᠨᠭᠭᠡ ᠦᠵᠡᠮᠵᠢ ᠭᠣᠢᠳᠠ ᠰᠠᠢᠬᠠᠨ᠂ ᠰᠣᠶᠣᠯ᠎ᠤᠨ ᠥᠪ ᠡᠯᠪᠡᠭ ᠪᠠᠶᠠᠯᠢᠭ ᠪᠠᠢᠵᠤ᠂ ᠴᠢᠬᠤᠯᠠ ᠵᠢᠭᠤᠯᠴᠢᠯᠠᠯ᠎ᠤᠨ ᠡᠬᠢ ᠪᠠᠶᠠᠯᠢᠭ ᠪᠣᠯᠤᠨ᠎ᠠ᠃ ᠪᠢᠳᠡ ᠰᠣᠶᠣᠯ᠎ᠢᠶᠠᠷ ᠵᠢᠭᠤᠯᠴᠢᠯᠠᠯ᠎ᠢ ᠱᠤᠭᠤᠵᠤ᠂ ᠵᠢᠭᠤᠯᠴᠢᠯᠠᠯ᠎ᠢᠶᠠᠷ ᠰᠣᠶᠣᠯ᠎ᠢ ᠢᠯᠡᠷᠡᠭᠦᠯᠬᠦ᠌᠎ᠶ᠋ᠢ ᠪᠠᠷᠢᠮᠲᠠᠯᠠᠵᠤ᠂ ᠣᠷᠳᠣ ᠴᠠᠭᠠᠨ ᠬᠡᠷᠡᠮ᠎ᠦᠨ ᠰᠣᠶᠣᠯ᠎ᠤᠨ ᠡᠬᠢ ᠪᠠᠶᠠᠯᠢᠭ᠎ᠲᠤ ᠲᠦᠱᠢᠭ᠌ᠯᠡᠨ ᠨᠢᠭᠡ ᠪᠦᠯᠦᠭ ᠵᠢᠭᠤᠯᠴᠢᠯᠠᠯ᠎ᠤᠨ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠵᠤ ᠳᠡᠢᠯᠬᠦ᠌ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠲᠥᠷᠥᠯ ᠵᠦᠶ᠋ᠯ᠎ᠢ ᠰᠤᠳᠤᠯᠤᠨ ᠲᠥᠰᠦᠪᠯᠡᠨ ᠬᠡᠷᠡᠭ᠌ᠵᠢᠭᠦᠯᠵᠦ᠍᠂ ᠵᠢᠭᠤᠯᠴᠢᠯᠠᠯ᠎ᠤᠨ ᠦᠶ᠋ᠯᠡᠳᠬᠦᠨ᠎ᠦ ᠠᠭᠤᠯᠤᠭ᠍ᠳᠠᠬᠤᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠵᠢᠭᠤᠯᠴᠢᠯᠠᠯ᠎ᠤᠨ ᠦᠶ᠋ᠯᠡᠳᠬᠦᠨ᠎ᠦ ᠡᠵᠡᠩᠨᠡᠯᠲᠡ᠎ᠶ᠋ᠢᠨ ᠬᠡᠯᠪᠡᠷᠢ᠎ᠶ᠋ᠢ ᠪᠠᠶᠠᠯᠢᠭ᠍ᠵᠢᠭᠤᠯᠵᠤ᠂ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠣᠷᠣᠨ ᠵᠠᠶ᠎ᠶ᠋ᠢ ᠥᠷᠭᠡᠳᠭᠡᠨ᠎ᠡ》 ᠭᠡᠵᠦ᠍ ᠴᠢᠩ ᠱᠦᠢ ᠾᠧ ᠱᠢᠶᠠᠨ᠎ᠤ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ᠎ᠤᠨ ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠢᠶᠣᠤ ᠨᠠᠨ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃