2024-05-16 10:28:16
ᠲᠦᠷᠦᠭᠦᠭᠡᠨ ᠬᠥᠬᠡᠬᠣᠲᠠ᠎ᠶᠢᠨ ᠤᠮᠠᠷᠠᠲᠤ ᠬᠢᠯᠢ᠎ᠶᠢᠨ ᠠᠯᠪᠠᠨ ᠭᠡᠷᠡᠴᠢᠯᠡᠭᠡ᠎ᠶᠢᠨ ᠭᠠᠵᠠᠷ ᠫᠠᠢᠰᠠ ᠰᠡᠭᠦᠨ ᠪᠠᠢᠭᠤᠯᠤᠭᠳᠠᠪᠠ᠃
ᠬᠥᠬᠡᠬᠣᠲᠠ᠎ᠶᠢᠨ ᠤᠮᠠᠷᠠᠲᠤ ᠬᠢᠯᠢ᠎ᠶᠢᠨ ᠠᠯᠪᠠᠨ ᠭᠡᠷᠡᠴᠢᠯᠡᠭᠡ᠎ᠶᠢᠨ ᠭᠠᠵᠠᠷ ᠪᠣᠯ ᠬᠥᠬᠡᠬᠣᠲᠠ᠎ᠶᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ 《ᠠᠵᠢᠯ ᠦᠢᠯᠡᠰ᠎ᠦᠨ ᠨᠢᠭᠡᠴᠢ᠎ᠶᠢᠨ ᠥᠭᠡᠷᠡᠴᠢᠯᠡᠯᠲᠡ ᠢ᠋ᠢᠨ ᠲᠤᠷᠰᠢᠯᠲᠠ ᠢ᠋ᠢᠨ ᠴᠡᠭ᠎ᠤᠨ ᠠᠵᠢᠯ ᠢ᠋ ᠭᠦᠨᠵᠡᠭᠡᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ》 ᠢ᠋ ᠦᠨᠳᠦᠰᠦᠯᠡᠵᠦ᠂ ᠬᠥᠬᠡᠬᠣᠲᠠ᠎ᠶᠢᠨ ᠨᠠᠮ᠎ᠤᠨ ᠬᠣᠷᠢᠶ᠎ᠠ᠎ᠶᠢᠨ ᠪᠠᠢᠭᠤᠯᠤᠮᠵᠢ ᠤᠷᠤᠨ ᠲᠤᠭ᠎ᠠ ᠢ᠋ᠢᠨ ᠬᠤᠷᠢᠶ᠎ᠠ ᠢ᠋ᠢᠨ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠦᠨ ᠵᠥᠪᠰᠢᠶᠡᠷᠡᠯ᠎ᠢᠶᠡᠷ᠂ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ᠎ᠶᠢᠨ ᠭᠠᠵᠠᠷ᠂ ᠵᠦᠩ᠎ᠲᠠᠢ ᠠᠯᠪᠠᠨ ᠭᠡᠷᠡᠴᠢᠯᠡᠭᠡ᠎ᠶᠢᠨ ᠭᠠᠵᠠᠷ᠂ ᠤᠮᠠᠷᠠᠲᠤ᠎ᠶᠢᠨ ᠠᠯᠪᠠᠨ ᠭᠡᠷᠡᠴᠢᠯᠡᠭᠡ᠎ᠶᠢᠨ ᠭᠠᠵᠠᠷ᠂ ᠴᠢᠩ ᠴᠸᠩ ᠠᠯᠪᠠᠨ ᠭᠡᠷᠡᠴᠢᠯᠡᠭᠡ᠎ᠶᠢᠨ ᠭᠠᠵᠠᠷ᠂ ᠲᠦᠩ ᠳᠧ ᠠᠯᠪᠠᠨ ᠭᠡᠷᠡᠴᠢᠯᠡᠭᠡ᠎ᠶᠢᠨ ᠭᠠᠵᠠᠷ ᠵᠡᠷᠭᠡ 5 ᠠᠯᠪᠠᠨ ᠭᠡᠷᠡᠴᠢᠯᠡᠭᠡ᠎ᠶᠢᠨ ᠭᠠᠵᠠᠷ᠎ᠢ ᠨᠡᠢᠯᠡᠭᠦᠯᠦᠨ ᠪᠠᠢᠭᠤᠯᠪᠠ᠃ ᠡᠭᠦᠨ᠎ᠦ ᠵᠣᠷᠢᠯᠭ᠎ᠠ ᠨᠢ ᠠᠯᠪᠠᠨ ᠭᠡᠷᠡᠴᠢᠯᠡᠭᠡ᠎ᠶᠢᠨ ᠠᠵᠢᠯ᠎ᠤᠨ ᠥᠭᠡᠷᠡᠴᠢᠯᠡᠯᠲᠡ᠎ᠶᠢ ᠴᠢᠨᠠᠬᠰᠢᠲᠠ ᠭᠦᠨᠵᠡᠭᠡᠢᠷᠡᠭᠦᠯᠵᠦ᠂ ᠬᠥᠬᠡᠬᠣᠲᠠ᠎ᠶᠢᠨ ᠠᠯᠪᠠᠨ ᠭᠡᠷᠡᠴᠢᠯᠡᠭᠡ᠎ᠶᠢᠨ ᠠᠵᠢᠯ ᠲᠥᠷᠥᠯ᠎ᠦᠨ ᠬᠠᠮᠢᠶᠠᠷᠤᠯᠲᠠ᠎ᠶᠢᠨ ᠪᠠᠢᠭᠤᠯᠤᠮᠵᠢ ᠵᠢᠨ ᠥᠭᠡᠷᠡᠴᠢᠯᠡᠯᠲᠡ ᠪᠠ ᠡᠬᠢ ᠪᠠᠶᠠᠯᠢᠭ᠋᠎ᠢ ᠰᠢᠯᠢᠳᠡᠭᠵᠢᠭᠦᠯᠦᠨ ᠲᠣᠬᠢᠷᠠᠭᠤᠯᠬᠤ᠎ᠶᠢ ᠠᠬᠢᠭᠤᠯᠵᠤ᠂ ᠬᠠᠤᠯᠢᠵᠢᠯ᠎ᠤᠨ ᠣᠷᠣᠨ᠎ᠤ ᠲᠥᠪ᠎ᠦᠨ ᠴᠢᠨᠠᠷ ᠰᠠᠢᠲᠠᠢ ᠬᠥᠭᠵᠢᠯᠲᠡ᠎ᠳᠦ ᠴᠢᠨᠠᠷ ᠰᠠᠢᠲᠠᠢ ᠥᠨᠳᠥᠷ ᠪᠦᠲᠦᠮᠵᠢᠲᠡᠶ ᠠᠯᠪᠠᠨ ᠭᠡᠷᠡᠴᠢᠯᠡᠭᠡ᠎ᠶᠢᠨ ᠦᠢᠯᠡᠴᠢᠯᠡᠭᠡ ᠬᠠᠩᠭᠠᠬᠤ᠎ᠶᠢᠨ ᠲᠥᠯᠥᠭᠡ ᠶᠤᠮ᠃
ᠬᠥᠬᠡᠬᠣᠲᠠ᠎ᠶᠢᠨ ᠤᠮᠠᠷᠠᠲᠤ ᠬᠢᠯᠢ᠎ᠶᠢᠨ ᠠᠯᠪᠠᠨ ᠭᠡᠷᠡᠴᠢᠯᠡᠭᠡ᠎ᠶᠢᠨ ᠭᠠᠵᠠᠷ ᠪᠠᠢᠭᠤᠯᠤᠭᠳᠠᠭᠰᠠᠨ᠎ᠤ ᠳᠠᠷᠠᠭ᠎ᠠ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠮᠵᠢ ᠪᠣᠯᠭᠠᠬᠤ᠎ᠶᠢ ᠪᠠᠷᠢᠮᠲᠠᠯᠠᠵᠤ᠂ 《ᠬᠠᠤᠯᠢ᠎ᠶᠢ ᠡᠷᠬᠢᠮᠯᠡᠬᠦ᠂ ᠢᠲᠡᠭᠡᠮᠵᠢ᠎ᠶᠢ ᠳᠡᠭᠡᠳᠦᠯᠡᠬᠦ᠂ ᠲᠥᠪ ᠶᠣᠰᠣ᠌᠎ᠶᠢ ᠰᠠᠬᠢᠬᠤ᠂ ᠦᠨᠡᠨ᠎ᠢ ᠪᠠᠷᠢᠮᠲᠠᠯᠠᠬᠤ》 ᠠᠯᠪᠠᠨ ᠭᠡᠷᠡᠴᠢᠯᠡᠭᠡ᠎ᠶᠢᠨ ᠠᠵᠢᠯ ᠡᠷᠬᠢᠯᠡᠬᠦ ᠣᠢᠯᠠᠭᠠᠭᠳᠠᠬᠤᠨ᠎ᠢ ᠪᠠᠷᠢᠮᠲᠠᠯᠠᠨ᠎ᠠ᠃ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠠᠯᠪᠠᠨ ᠭᠡᠷᠡᠴᠢᠯᠡᠭᠡ᠎ᠶᠢᠨ ᠡᠭᠦᠷᠭᠡ ᠴᠢᠲᠠᠪᠬᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠲᠤᠬᠠᠢᠯᠠᠭᠰᠠᠨ ᠠᠵᠢᠯ᠎ᠤᠨ ᠴᠢᠳᠠᠪᠤᠷᠢ᠎ᠪᠠᠨ ᠦᠷᠭᠦᠯᠵᠢᠯᠡᠨ ᠴᠢᠩᠭᠠᠳᠬᠠᠵᠦ᠂ ᠠᠯᠪᠠᠨ ᠭᠡᠷᠡᠴᠢᠯᠡᠭᠡ᠎ᠶᠢᠨ ᠦᠢᠯᠡᠴᠢᠯᠡᠭᠡᠨ᠎ᠦ ᠶᠠᠰᠤ ᠴᠢᠨᠠᠷ᠎ᠢ ᠴᠢᠩᠭ᠎ᠠ ᠡᠵᠡᠮᠳᠡᠨ᠂ ᠠᠵᠢᠯ ᠲᠥᠷᠥᠯ᠎ᠦᠨ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢ ᠭᠦᠨᠵᠡᠭᠡᠢ ᠠᠬᠢᠭᠤᠯᠤᠨ᠎ᠠ᠃ ᠡᠭᠦᠨ᠎ᠦ ᠬᠠᠮᠲᠤ᠂ ᠲᠠᠰᠤᠷᠠᠯᠲᠠ ᠦᠭᠡᠢ ᠠᠯᠪᠠᠨ ᠭᠡᠷᠡᠴᠢᠯᠡᠭᠡ᠎ᠶᠢᠨ ᠦᠢᠯᠡᠴᠢᠯᠡᠭᠡᠨ᠎ᠦ ᠠᠷᠭ᠎ᠠ ᠢ᠋ᠢᠨ ᠰᠢᠨ᠎ᠡ᠎ᠵᠢ ᠡᠭᠦᠳᠴᠦ᠂ ᠦᠢᠯᠡᠴᠢᠯᠡᠭᠡᠨ᠎ᠦ ᠰᠢᠨ᠎ᠡ ᠬᠦᠷᠢᠶ᠎ᠡ᠎ᠶᠢ ᠥᠷᠭᠡᠳᠬᠡᠨ᠂ ᠤᠮᠠᠷᠠᠲᠤ ᠬᠢᠯᠢ᠎ᠶᠢᠨ ᠠᠯᠪᠠᠨ ᠭᠡᠷᠡᠴᠢᠯᠡᠭᠡ᠎ᠶᠢᠨ ᠭᠠᠵᠠᠷ᠎ᠤᠨ ᠦᠢᠯᠡᠴᠢᠯᠡᠭᠡᠨ᠎ᠦ ᠲᠦᠷᠦᠯ ᠲᠡᠮᠲᠡᠭ ᠢ᠋ ᠪᠥᠬᠥ ᠬᠦᠴᠦᠨ᠎ᠢᠶᠡᠷ᠎ᠢᠶᠡᠨ ᠴᠤᠬᠴᠠᠯᠠᠵᠦ᠂ ᠣᠷᠣᠨ᠎ᠤ ᠲᠥᠪ᠎ᠦᠨ ᠠᠵᠤ ᠠᠬᠤᠢ ᠨᠡᠢᠭᠡᠮ᠎ᠦᠨ ᠬᠥᠭᠵᠢᠯᠲᠡ ᠪᠠ ᠬᠠᠤᠯᠢᠵᠢᠯ᠎ᠤᠨ ᠪᠠᠢᠭᠤᠯᠤᠯᠲᠠ᠎ᠳᠤ ᠨᠠᠩ ᠰᠠᠢᠨ ᠬᠠᠤᠯᠢ ᠴᠠᠭᠠᠵᠠ᠎ᠶᠢᠨ ᠪᠠᠲᠤᠯᠠᠭ᠎ᠠ ᠬᠠᠩᠭᠠᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃