ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2024-04-21 11:46:56

ᠵᠣᠬᠢᠶᠠᠭ᠍ᠴᠢ᠄ ᠹᠸᠩ ᠱᠢᠤᠸᠠᠢ ᠢᠦᠶ ᠣᠩᠱᠢᠭ᠍ᠰᠠᠨ ᠣᠳᠠᠭ᠎ᠠ᠄ 3

4 ᠰᠠᠷ᠎ᠠ᠎ᠶ᠋ᠢᠨ 8 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠤ᠋ᠨ ᠬᠠᠭᠤᠴᠢ ᠰᠤᠳᠤᠯᠤᠯ᠎ᠤᠨ ᠬᠦᠷᠢᠶᠡᠯᠡᠩ 12 ᠢᠵᠢ ᠬᠠᠰ᠂ ᠬᠦᠷᠡᠯ ᠵᠡᠪᠰᠡᠭ ᠢ᠋ ᠱᠢᠯᠢᠩᠬᠣᠲᠠ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ᠎ᠶ᠋ᠢᠨ ᠲᠥᠪ᠎ᠲᠦ ᠱᠢᠯᠵᠢᠭᠦᠯᠦᠨ ᠲᠤᠱᠢᠶᠠᠪᠠ᠂ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠤ᠋ᠨ ᠬᠠᠭᠤᠴᠢ ᠰᠤᠳᠤᠯᠤᠯ᠎ᠤᠨ ᠰᠤᠳᠤᠯᠭᠠᠨ᠎ᠤ ᠬᠦᠷᠢᠶᠡᠯᠡᠩ᠎ᠡᠴᠡ ᠠᠩᠬ᠎ᠠ ᠤᠳᠠᠭ᠎ᠠ ᠬᠠᠷᠢᠶ᠎ᠠ ᠭᠠᠵᠠᠷ᠎ᠡᠴᠡ ᠪᠠᠨ ᠮᠠᠯᠲᠠᠵᠤ ᠭᠠᠷᠭᠠᠭ᠍ᠰᠠᠨ ᠵᠦᠶ᠋ᠯᠡᠰ᠎ᠢ ᠪᠦᠯᠦᠭ ᠵᠢᠡᠷ ᠨᠢ ᠱᠢᠯᠵᠢᠭᠦᠯᠦᠨ ᠲᠤᠱᠢᠶᠠᠵᠤ ᠪᠠᠢᠭ᠎ᠠ ᠶᠠᠪᠤᠳᠠᠯ ᠪᠣᠯᠤᠨ᠎ᠠ᠃ 2024 ᠣᠨ ᠪᠣᠯ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ ᠤ᠋ᠨ ᠬᠠᠭᠤᠴᠢ ᠰᠤᠳᠤᠯᠤᠯ᠎ᠤᠨ ᠬᠦᠷᠢᠶᠡᠯᠡᠩ᠎ᠦᠨ ᠮᠠᠯᠲᠠᠵᠤ ᠭᠠᠷᠭᠠᠭ᠍ᠰᠠᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠱᠢᠯᠵᠢᠭᠦᠯᠦᠨ ᠲᠤᠱᠢᠶᠠᠬᠤ ᠵᠢᠯ ᠪᠠᠢᠵᠦ᠂ ᠨᠡᠩ ᠤᠯᠠᠨ ᠮᠠᠯᠲᠠᠵᠤ ᠭᠠᠷᠭᠠᠭ᠍ᠰᠠᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠷᠢᠶ᠎ᠠ ᠭᠠᠵᠠᠷ᠎ᠲᠤᠨᠢ ᠱᠢᠯᠵᠢᠭᠦᠯᠦᠨ ᠲᠤᠱᠢᠶᠠᠬᠤ ᠪᠣᠯᠤᠨ᠎ᠠ᠃

ᠮᠠᠯᠲᠠᠵᠤ ᠭᠠᠷᠭᠠᠭ᠍ᠰᠠᠨ ᠲᠡᠦᠬᠡ᠎ᠶ᠋ᠢᠨ ᠳᠤᠷᠠᠰᠭᠠᠯᠲᠤ ᠵᠦᠢᠯᠡᠰ ᠬᠥᠮᠥᠷᠭᠡ᠎ᠡᠴᠡ ᠭᠠᠷᠬᠤ᠎ᠶ᠋ᠢ ᠳᠠᠭᠠᠯᠳᠤᠨ᠂ ᠨᠡᠩ ᠤᠯᠠᠨ ᠬᠠᠭᠤᠴᠢ ᠰᠤᠳᠤᠯᠤᠯ᠎ᠤᠨ ᠦᠷ᠎ᠡ ᠪᠦᠲᠦᠭᠡᠯ᠎ᠢ ᠠᠮᠢᠳᠤᠯᠢᠬᠵᠢᠭᠤᠯᠤᠨ ᠠᠱᠢᠭ᠍ᠯᠠᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠳᠤ ᠤᠶᠤᠨ ᠰᠠᠨᠠᠭᠠᠨ᠎ᠤ ᠱᠢᠮ᠎ᠡ ᠲᠡᠵᠢᠭᠡᠯ ᠬᠠᠩᠭᠠᠬᠤ ᠪᠣᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠭᠤᠴᠢ ᠰᠤᠳᠤᠯᠤᠯ᠎ᠤᠨ ᠬᠦᠷᠢᠶᠡᠯᠡᠩ᠎ᠦᠨ ᠳᠠᠷᠤᠭ᠎ᠠ ᠰᠦᠨ ᠵᠢᠨ ᠰᠥᠩ᠎ᠦᠨ ᠲᠠᠨᠢᠯᠴᠠᠭᠤᠯᠤᠭ᠍ᠰᠠᠨ᠎ᠢᠶᠠᠷ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠬᠠᠭᠤᠴᠢ ᠰᠤᠳᠤᠯᠤᠯ᠎ᠤᠨ ᠠᠵᠢᠯ᠎ᠨᠢ ᠤᠮᠠᠷᠠᠲᠤ ᠬᠢᠯᠢ᠎ᠶ᠋ᠢᠨ ᠰᠣᠶᠣᠯ᠎ᠤᠨ ᠣᠨᠴᠠᠯᠢᠭ᠎ᠲᠤ ᠰᠠᠭᠤᠷᠢᠯᠠᠵᠦ᠂ ᠣᠲᠣ ᠦᠶ᠎ᠡ᠎ᠶ᠋ᠢᠨ ᠨᠡᠢᠭᠡᠮ᠎ᠳᠦ ᠠᠭᠤᠰᠤᠯᠴᠠᠬᠤ᠎ᠶ᠋ᠢ ᠨᠠᠩ ᠴᠢᠬᠤᠯᠠᠴᠢᠯᠠᠵᠤ ᠪᠠᠢᠨ᠎ᠠ᠃ ᠶᠡᠷᠦ᠍ ᠨᠢ᠂ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠤ᠋ᠨ ᠬᠠᠭᠤᠴᠢ ᠰᠤᠳᠤᠯᠤᠯ᠎ᠤᠨ ᠬᠦᠷᠢᠶᠡᠯᠡᠩ ᠱᠢᠨ᠎ᠡ ᠤᠢ᠍ᠢᠯᠠᠭᠠᠬ᠍ᠳᠠᠬᠤᠨ᠂ ᠱᠢᠨ᠎ᠡ ᠠᠷᠭ᠎ᠠ ᠪᠠᠷᠢᠯ᠎ᠢ ᠢᠳᠡᠪᠬᠢᠲᠡᠶ᠎ᠪᠡᠷ ᠱᠢᠩᠭᠡᠭᠡᠨ ᠠᠪᠴᠤ᠌ ᠬᠡᠷᠡᠭ᠌ᠯᠡᠨ ᠣᠯᠠᠨ ᠨᠡᠢᠲᠡ᠎ᠶ᠋ᠢᠨ ᠬᠠᠭᠤᠴᠢ ᠰᠤᠳᠤᠯᠤᠯ᠎ᠢ ᠥᠷᠨᠢᠭᠦᠯᠵᠦ᠍᠂ ᠭᠠᠵᠠᠷ ᠣᠷᠣᠨ᠎ᠤ ᠣᠨᠴᠠᠯᠢᠭ᠎ᠲᠠᠶ ᠣᠯᠠᠨ ᠨᠡᠢᠲᠡ᠎ᠶ᠋ᠢᠨ ᠬᠠᠭᠤᠴᠢ ᠰᠤᠳᠤᠯᠤᠯ᠎ᠤᠨ ᠲᠥᠷᠥᠯ ᠲᠡᠮᠳᠡᠭ᠌᠎ᠢ ᠪᠣᠶ ᠪᠣᠯᠭᠠᠵᠤ᠂ ᠬᠠᠭᠤᠴᠢ ᠰᠤᠳᠤᠯᠤᠯ᠎ᠤᠨ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠍ ᠤᠯᠠᠮᠵᠢᠯᠠᠬᠤ ᠲᠦᠪᠰᠢᠨ᠎ᠢ ᠲᠠᠰᠤᠷᠠᠯᠲᠠ ᠥᠬᠡᠶ ᠥᠷᠭᠡᠳᠭᠡᠪᠡ᠃ ᠭᠤᠤᠯ ᠰᠡᠳᠦᠪᠲᠦ ᠳᠡᠯᠭᠡᠨ ᠦᠵᠡᠭᠦᠯᠭᠡ᠂ ᠲᠣᠮᠣ ᠬᠡᠯᠪᠡᠷᠢ᠎ᠶ᠋ᠢᠨ ᠬᠠᠮ ᠵᠠᠭᠤᠴᠢᠯᠠᠭᠤᠷ᠎ᠤᠨ ᠱᠢᠭᠤᠳ ᠨᠡᠪᠲᠡᠷᠡᠭᠦᠯᠭᠡ᠂ ᠰᠣᠨᠢᠨ ᠰᠡᠳᠬᠦᠯ᠎ᠦᠨ ᠲᠤᠰᠭᠠᠶ ᠰᠡᠳᠦᠪ᠎ᠢ ᠵᠠᠯᠭᠠᠭ᠎ᠠ᠎ᠪᠠᠷ ᠨᠡᠢᠲᠡᠯᠡᠬᠦ᠌ ᠂ ᠰᠦᠯᠵᠢᠶᠡᠨ᠎ᠦ ᠱᠢᠨ᠎ᠡ ᠵᠠᠭᠤᠴᠢᠯᠠᠭᠤᠷ᠎ᠤᠨ ᠳᠠᠮᠵᠢᠭᠤᠯᠭ᠎ᠠ᠂ ᠬᠠᠭᠤᠴᠢ ᠰᠤᠳᠤᠯᠤᠯ᠎ᠤᠨ ᠪᠠᠷᠢᠯᠭ᠎ᠠ᠎ᠶ᠋ᠢᠨ ᠭᠠᠵᠠᠷ᠎ᠤᠨ ᠨᠡᠭᠡᠭᠡᠯᠲᠡ᠎ᠶ᠋ᠢᠨ ᠡᠳᠦᠷ᠂ ᠬᠠᠭᠤᠴᠢ ᠰᠤᠳᠤᠯᠤᠯ᠎ᠤᠨ ᠲᠤᠰᠭᠠᠶ ᠰᠡᠳᠦᠪᠲᠦ ᠲᠠᠢᠯᠤᠮᠵᠢ ᠵᠡᠷᠭᠡ 6 ᠶᠡᠬᠡ ᠬᠡᠰᠡᠭ᠎ᠦᠨ ᠬᠠᠮ ᠵᠠᠭᠤᠴᠢᠯᠠᠭᠤᠷ᠎ᠤᠨ ᠤᠬᠠᠭᠤᠯᠭ᠎ᠠ᠎ᠶ᠋ᠢᠨ ᠵᠢᠭ᠍ᠰᠠᠭᠠᠯ᠎ᠤᠨ ᠭᠠᠵᠠᠷ᠎ᠢ ᠤᠬᠠᠭᠠᠯᠠᠨ ᠲᠦᠰᠦᠪᠯᠡᠵᠦ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠥᠯᠢᠭᠡᠷ᠎ᠢ ᠪᠥᠬᠥ᠌ ᠲᠠᠯ᠎ᠠ᠎ᠪᠠᠷ᠂ ᠣᠯᠠᠨ ᠬᠠᠷᠠᠭᠠᠰᠤ᠎ᠡᠴᠡ ᠶᠠᠷᠢᠵᠤ᠂ ᠠᠷᠠᠳ ᠣᠯᠠᠨ᠎ᠳᠤ ᠥᠪᠥᠷ ᠮᠣᠩᠭᠣᠯ᠎ᠤᠨ ᠰᠣᠶᠣᠯ᠎ᠤᠨ ᠥᠪ᠎ᠦᠨ ᠭᠦᠨ ᠵᠤᠵᠠᠭᠠᠨ ᠠᠭᠤᠯᠤᠭ᠍ᠳᠠᠬᠤᠨ᠎ᠢ ᠨᠠᠩ ᠦᠨᠡᠨ ᠪᠣᠳᠠᠲᠠᠶ ᠮᠡᠳᠡᠷᠡᠭᠦᠯᠪᠡ᠃ ᠤᠢᠷ᠎ᠠ ᠵᠢᠨ ᠵᠢᠯ ᠳ᠋ᠦ᠂ ᠪᠢᠳᠡ ᠤᠯᠤᠰ᠎ᠤ᠋ᠨ ᠮᠦᠽᠧᠶ᠂ ᠬᠠᠭᠠᠨ᠎ᠤ ᠣᠷᠳᠣᠨ᠎ᠤ ᠮᠦᠽᠧᠶ᠂ ᠴᠢᠩᠬᠤᠸᠠ ᠶᠡᠬᠡ ᠰᠤᠷᠭᠠᠭᠤᠯᠢ (ᠤᠷᠠᠯᠢᠭ᠎ᠤᠨ ᠮᠦᠽᠧᠶ) ᠵᠢᠴᠢ ᠣᠯᠠᠨ ᠮᠤᠵᠢ ᠬᠣᠲᠠ᠎ᠶ᠋ᠢᠨ ᠮᠦᠽᠧᠶ ᠳ᠋ᠤ 《 ᠬᠤᠩᠱᠠᠨ ᠳᠠᠢ ᠲᠠᠬᠢᠨ ᠵᠤᠯᠭᠠᠶᠤ》᠂ 《ᠥᠩᠭᠡᠲᠦ ᠸᠠᠭᠠᠷᠳᠤ ᠳᠤᠮᠳᠠᠳᠤ ᠤᠯᠤᠰ — ᠡᠷᠲᠡ ᠦᠶ᠎ᠡ᠎ᠶ᠋ᠢᠨ ᠳᠤᠮᠳᠠᠳᠤ ᠤᠯᠤᠰ᠎ᠤᠨ ᠠᠭᠤᠰᠤᠯᠴᠠᠯ ᠪᠠ ᠨᠢᠭᠡᠳᠦᠯ》᠂ 《ᠲᠦᠮᠡᠨ ᠪᠣᠳᠠᠰ᠎ᠤᠨ ᠬᠡᠷᠡᠯ ᠵᠢᠷᠤᠭ ᠄ ᠳᠤᠮᠳᠠᠳᠤ ᠤᠯᠤᠰ᠎ᠤᠨ ᠡᠷᠲᠡᠨ᠎ᠦ ᠵᠡᠰ ᠲᠣᠯᠢ᠎ᠶ᠋ᠢᠨ ᠰᠣᠶᠣᠯ ᠪᠠ ᠤᠷᠠᠯᠢᠭ᠎ᠤᠨ ᠦᠵᠡᠰᠭᠦᠯᠡᠩ》᠂ 《ᠬᠠᠲᠤᠨ ᠭᠤᠤᠯ᠎ᠤᠨ ᠬᠣᠪᠣᠷ ᠡᠷᠳᠡᠨᠢ — ᠬᠠᠲᠤᠨ ᠭᠤᠤᠯ ᠳᠠᠭᠠᠤ᠎ᠶ᠋ᠢᠨ ᠶᠢᠰᠦᠨ ᠮᠤᠵᠢ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠰᠣᠳᠣᠨ ᠪᠦᠲᠦᠭᠡᠯ᠎ᠦᠨ ᠦᠵᠡᠰᠭᠦᠯᠡᠩ》᠂ 《ᠣᠷᠳᠣ ᠴᠠᠭᠠᠨ ᠬᠡᠷᠡᠮ᠎ᠦᠨ ᠳᠣᠲᠣᠨ᠎ᠠ ᠭᠠᠳᠠᠨ᠎ᠠ ᠴᠥᠮ ᠡᠬᠡ ᠨᠤᠲᠤᠭ》 ᠵᠡᠷᠭᠡ ᠵᠠᠭᠤ ᠱᠢᠬᠠᠮ ᠵᠦᠶ᠋ᠯ᠎ᠦᠨ ᠬᠣᠪᠣᠷ ᠨᠠᠨᠳᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠰᠣᠯᠢᠯᠴᠠᠭᠠᠨ᠎ᠤ ᠦᠵᠡᠰᠭᠦᠯᠡᠩ᠎ᠢ ᠥᠷᠨᠢᠭᠦᠯᠵᠤ᠂ ᠣᠷᠣᠨ᠎ᠤ ᠳᠣᠲᠣᠨ᠎ᠠ ᠭᠠᠳᠠᠨᠠᠬᠢ ᠳ᠋ᠦ ᠥᠪᠥᠷ ᠮᠣᠩᠭᠣᠯ ᠣᠷᠣᠨ᠎ᠤ ᠲᠡᠦᠬᠡᠨ ᠳᠡᠭᠡᠷᠡᠬᠢ ᠦᠨᠳᠦᠰᠦᠲᠡᠨ᠎ᠨᠦᠭᠦᠳ᠎ᠦᠨ ᠰᠣᠶᠣᠯ ᠥᠨᠢ ᠤᠳᠠᠭᠠᠨ ᠤᠯᠠᠮᠵᠢᠯᠠᠯ ᠲᠠᠢ᠂ ᠠᠭᠤᠰᠤᠯᠴᠠᠨ ᠬᠥᠭ᠌ᠵᠢᠭᠰᠡᠨ ᠭᠦᠨᠵᠡᠭᠡᠶ ᠠᠭᠤᠯᠤᠭ᠍ᠳᠠᠬᠤᠨ ᠢ᠋ ᠤᠬᠠᠭᠤᠯᠵᠤ ᠲᠡᠯᠬᠡᠨ ᠦᠵᠡᠬᠦᠯᠵᠤ᠂ ᠡᠷᠲᠡᠨ᠎ᠦ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠤᠳᠤ ᠦᠶ᠎ᠠ ᠳ᠋ᠤ ᠱᠢᠨ᠎ᠡ ᠠᠮᠢᠵᠢᠷᠠᠯ᠎ᠤᠨ ᠬᠦᠴᠦᠨ᠎ᠲᠡᠶ ᠪᠣᠯᠭᠠᠵᠤ᠂ ᠥᠪᠥᠷ ᠮᠣᠩᠭᠣᠯ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠳᠡᠭᠡᠭ᠌ᠰᠢᠯᠡᠭᠦᠯᠬᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠳ᠋ᠤ ᠬᠤᠪᠢ ᠨᠡᠮᠡᠷᠢ ᠦᠵᠡᠭᠦᠯᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠠᠬᠢᠭᠤᠯᠬᠤ᠎ᠳᠤ ᠡᠯᠪᠡᠭ ᠪᠠᠶᠠᠯᠢᠭ ᠣᠶᠤᠨ ᠰᠠᠨᠠᠭᠠᠨ᠎ᠤ ᠱᠢᠮ᠎ᠡ ᠲᠡᠵᠢᠭᠡᠯ ᠬᠠᠩᠭᠠᠪᠠ᠃

ᠤᠮᠠᠷᠠᠲᠤ ᠬᠢᠯᠢ᠎ᠶ᠋ᠢᠨ ᠰᠣᠶᠣᠯ ᠨᠢ ᠤᠷᠤᠨ ᠨᠤᠳᠤᠭ᠎ᠤᠨ ᠰᠣᠶᠣᠯ᠎ᠤᠨ ᠨᠠᠷᠠᠲᠤ ᠲᠦᠷᠦᠯ ᠲᠡᠮᠳᠡᠭ ᠪᠣᠯᠤᠭ᠍ᠰᠠᠨ᠎ᠤ ᠬᠤᠪᠢ᠎ᠳᠤ᠂ ᠬᠠᠭᠤᠴᠢ ᠰᠤᠳᠤᠯᠤᠯ᠎ᠤᠨ ᠠᠵᠢᠯ᠎ᠳᠤ ᠴᠢᠬᠤᠯᠠ ᠦᠢᠯᠡᠳᠦᠯ ᠦᠵᠡᠭᠦᠯᠬᠦ᠌ ᠨᠢ ᠳᠠᠮᠵᠢᠭ ᠥᠬᠡᠶ ᠶᠤᠮ᠃ ᠰᠦᠨ ᠵᠢᠨ ᠰᠦᠩ᠂ ᠥᠪᠥᠷ ᠮᠣᠩᠭᠣᠯ᠎ᠤᠨ ᠤᠮᠠᠷᠠᠲᠤ ᠬᠢᠯᠢ᠎ᠶ᠋ᠢᠨ ᠬᠠᠭᠤᠴᠢ ᠰᠤᠳᠤᠯᠤᠯ᠎ᠤᠨ ᠠᠵᠢᠯ ᠨᠢ ᠤᠮᠠᠷᠠᠲᠤ ᠬᠢᠯᠢ᠎ᠶ᠋ᠢᠨ ᠬᠠᠭᠤᠴᠢ ᠰᠤᠳᠤᠯᠤᠯ᠎ᠤᠨ ᠬᠥᠮᠦᠨ ᠲᠥᠷᠥᠯᠬᠢᠲᠡᠨ᠎ᠦ ᠡᠭᠦᠰᠦᠯ᠂ ᠰᠣᠶᠣᠯ᠎ᠤᠨ ᠡᠭᠦᠰᠦᠯ᠂ ᠲᠠᠷᠢᠶᠠᠯᠠᠩ᠎ᠤᠨ ᠡᠭᠦᠰᠦᠯ᠂ ᠪᠣᠯᠪᠠᠰᠤᠨ᠎ᠤ ᠡᠭᠦᠰᠦᠯ ᠵᠡᠷᠭᠡ ᠭᠣᠣᠯᠳᠠᠯᠭ᠎ᠠ᠎ᠲᠠᠶ ᠰᠤᠳᠤᠯᠭᠠᠨ᠎ᠤ ᠬᠦᠷᠢᠶᠡᠨ᠎ᠳᠡᠬᠢ ᠦᠭᠡ ᠬᠡᠯᠡᠬᠦ᠌ ᠡᠷᠬᠡ᠎ᠶ᠋ᠢ ᠪᠠᠲᠤ ᠡᠵᠡᠮᠱᠢᠵᠦ᠍᠂ ᠤᠮᠠᠷᠠᠲᠤ ᠬᠢᠯᠢ᠎ᠶ᠋ᠢᠨ ᠭᠠᠵᠠᠷ ᠣᠷᠣᠨ ᠪᠣᠯᠤᠨ ᠳᠤᠮᠳᠠᠳᠤ ᠣᠷᠣᠨ᠎ᠤ ᠰᠣᠶᠣᠯ᠎ᠤᠨ ᠡᠬᠢ ᠰᠤᠷᠪᠤᠯᠵᠢ ᠵᠢᠴᠢ ᠠᠳᠠᠯᠢ ᠪᠤᠰᠤ ᠰᠣᠶᠣᠯ᠎ᠤᠨ ᠬᠣᠭᠣᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠰᠤᠳᠠᠰᠤ᠎ᠶ᠋ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠪᠠᠷᠠᠭᠤᠨ ᠯᠢᠶᠣᠤ ᠾᠧ ᠭᠣᠣᠯ᠎ᠤᠨ ᠰᠠᠪᠠ ᠭᠠᠵᠠᠷ᠎ᠤᠨ ᠪᠣᠯᠪᠠᠰᠤᠨ᠎ᠤ ᠰᠤᠳᠤᠯᠭᠠᠨ ᠪᠣᠯᠤᠨ ᠳᠤᠮᠳᠠᠳᠤ᠎ᠶ᠋ᠢᠨ ᠪᠣᠯᠪᠠᠰᠤᠨ᠎ᠤ ᠡᠬᠢ ᠡᠭᠦᠰᠦᠯ᠎ᠢ ᠬᠠᠢᠨ ᠱᠢᠨᠵᠢᠯᠡᠬᠦ᠌ ᠢᠨᠵᠧᠨᠧᠷᠢᠩ᠎ᠦᠨ ᠰᠤᠳᠤᠯᠭᠠᠨ᠎ᠢ ᠤᠯᠠᠮ ᠴᠢᠨᠠᠭ᠍ᠰᠢᠳᠠ ᠴᠢᠩᠭᠠᠳᠭᠠᠵᠤ᠂ 《ᠳᠤᠮᠳᠠᠳᠤ ᠤᠯᠤᠰ᠎ᠤᠨ ᠬᠠᠭᠤᠴᠢ ᠰᠤᠳᠤᠯᠤᠯ》 ᠱᠢᠷᠢᠰ ᠲᠦᠷᠦᠯ ᠵᠦᠢᠯ᠎ᠢ ᠰᠠᠢᠲᠤᠷ ᠬᠡᠷᠡᠭ᠌ᠵᠢᠭᠦᠯᠵᠦ᠍᠂ ᠰᠤᠳᠤᠯᠭᠠᠨ ᠤ᠋ ᠤᠬᠠᠮᠰᠠᠷ᠎ᠢᠶᠠᠨ ᠴᠢᠩᠭᠠᠳᠭᠠᠵᠤ᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠴᠡᠭᠡ᠎ᠳᠦ ᠰᠠᠨᠠᠭᠠᠴᠢᠯᠠᠭ᠎ᠠ᠎ᠡᠴᠡ᠎ᠪᠠᠨ ᠠᠭᠤᠰᠤᠯᠴᠠᠨ᠎ᠠ; ᠡᠭᠦᠨ᠎ᠦ ᠬᠠᠮᠲᠤ 《ᠤᠮᠠᠷᠠᠲᠤ ᠬᠢᠯᠢ᠎ᠶ᠋ᠢᠨ ᠰᠣᠶᠣᠯ》 ᠤ᠋ᠨ ᠰᠤᠳᠤᠯᠭᠠᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠡᠷᠡᠭ᠌ᠴᠡᠭᠡ ᠱᠠᠭᠠᠷᠳᠠᠯᠭ᠎ᠠ᠎ᠶ᠋ᠢ ᠲᠣᠳᠣᠷᠬᠠᠢᠯᠠᠨ ᠥᠭᠦᠯᠡᠵᠦ᠍᠂ ᠠᠯᠢ ᠣᠯᠠᠨ ᠲᠤᠰᠭᠠᠶ ᠰᠡᠳᠦᠪᠲᠦ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠠᠵᠢᠯ᠎ᠢ ᠲᠥᠯᠥᠪᠵᠢᠭᠦᠯᠦᠨ ᠬᠡᠷᠡᠭ᠌ᠵᠢᠭᠦᠯᠵᠦ᠍᠂ ᠥᠪᠥᠷ ᠮᠣᠩᠭᠣᠯ᠎ᠤᠨ ᠡᠮᠦᠨᠡᠲᠦ ᠤᠮᠠᠷᠠᠲᠤ ᠣᠷᠣᠨ᠎ᠲᠠᠶ ᠨᠡᠪᠲᠡᠷᠡᠯᠴᠡᠭ᠌ᠰᠡᠨ᠂ ᠵᠡᠭᠦᠨ ᠪᠠᠷᠠᠭᠤᠨ ᠣᠷᠣᠨ᠎ᠢ ᠬᠣᠯᠪᠣᠭ᠍ᠰᠠᠨ ᠰᠣᠶᠣᠯ᠎ᠤᠨ ᠲᠣᠨᠣᠯᠵᠢᠨ ᠵᠠᠮ᠎ᠤᠨ ᠠᠭᠤᠯᠵᠠᠷ᠎ᠤᠨ ᠦᠶ᠋ᠯᠡᠳᠦᠯ᠎ᠢ ᠭᠦᠨᠵᠡᠭᠡᠶ ᠠᠭᠤᠳᠠᠯᠤᠨ ᠲᠠᠢᠯᠪᠤᠷᠢᠯᠠᠵᠤ᠂ ᠳᠤᠮᠳᠠᠳᠤ᠎ᠶ᠋ᠢᠨ ᠪᠣᠯᠪᠠᠰᠤᠨ᠎ᠤ ᠣᠯᠠᠨ ᠡᠱᠢᠵᠢᠭ᠌ᠰᠡᠨ ᠪᠠᠢᠷᠢᠱᠢᠯ ᠪᠦᠷᠢᠯᠳᠦᠬᠦ᠌ ᠶᠠᠪᠤᠴᠠ᠎ᠳᠤ ᠥᠪᠥᠷ ᠮᠣᠩᠭᠣᠯ᠎ᠤᠨ ᠦᠵᠡᠭᠦᠯᠦᠭ᠌ᠰᠡᠨ ᠯᠤᠲᠤ ᠶᠡᠬᠡ ᠬᠤᠪᠢ ᠨᠡᠮᠡᠷᠢ᠎ᠶ᠋ᠢ ᠭᠦᠨᠵᠡᠭᠡᠶ ᠲᠣᠳᠣᠷᠬᠠᠢᠯᠠᠨ ᠥᠭᠦᠯᠡᠨ᠎ᠠ ᠬᠡᠵᠤ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面