ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2024-05-15 11:25:00

ᠵᠣᠬᠢᠶᠠᠭ᠍ᠴᠢ᠄ ᠴᠠᠨ᠎ᠠ ᠣᠩᠱᠢᠭ᠍ᠰᠠᠨ ᠣᠳᠠᠭ᠎ᠠ᠄ 3

— ᠤᠷᠲᠤ ᠴᠠᠭᠠᠨ ᠬᠡᠷᠡᠮ᠎ᠦᠨ ᠰᠣᠶᠣᠯ᠎ᠤᠨ ᠲᠤᠬᠠᠢ ᠱᠢᠷᠢᠰ ᠮᠡᠳᠡᠭᠡᠯᠡᠯ (ᠭᠤᠷᠪᠠ)

ᠱᠢᠯᠢ᠎ᠶ᠋ᠢᠨ ᠭᠤᠤᠯ ᠠᠢᠮᠠᠭ᠎ᠤᠨ ᠬᠢᠯᠢ ᠳᠣᠲᠣᠷᠠᠬᠢ ᠠᠯᠲᠠᠨ ᠤᠯᠤᠰ᠎ᠤᠨ ᠣᠷᠳᠣ ᠴᠠᠭᠠᠨ ᠬᠡᠷᠡᠮ ᠪᠠ ᠤᠮᠠᠷᠠᠲᠤ ᠸᠧᠶ ᠤᠯᠤᠰ᠎ᠤᠨ ᠣᠷᠳᠣ ᠴᠠᠭᠠᠨ ᠬᠡᠷᠡᠮ᠎ᠤᠨ ᠪᠠᠭᠤᠷᠢ ᠴᠥᠮ ᠳᠣᠯᠣᠨ ᠨᠤᠤᠷ ᠱᠢᠶᠠᠨ᠎ᠳᠤ ᠪᠠᠢᠵᠤ᠂ ᠬᠥᠮᠦᠰ᠎ᠦᠨ ᠪᠥᠬᠥ᠌ ᠰᠡᠳᠭᠢᠯ᠎ᠢᠶᠡᠷ᠎ᠢᠶᠡᠨ ᠬᠠᠮᠠᠭᠠᠯᠠᠵᠤ ᠪᠠᠢᠭ᠎ᠠ ᠲᠡᠦᠬᠡ᠎ᠶ᠋ᠢᠨ ᠳᠤᠷᠠᠰᠭᠠᠯᠲᠤ ᠵᠦᠶ᠋ᠯ ᠪᠣᠯᠵᠠᠶ᠃ ᠲᠡᠷᠡ ᠬᠦ᠌ ᠦᠶᠡᠯᠡᠨ ᠰᠤᠨᠤᠯᠵᠠᠭᠰᠠᠨ ᠳᠠᠯᠠᠩ ᠨᠢ ᠦᠨᠭᠭᠡᠷᠡᠭᠰᠡᠨ᠎ᠳᠤ ᠵᠠᠭᠠᠭ ᠬᠢᠵᠠᠭᠠᠷ ᠪᠣᠯᠬᠤ ᠮᠥᠷᠲᠡᠭᠡᠨ ᠬᠣᠯᠪᠣᠭᠠᠰᠤ ᠪᠣᠯᠵᠣ᠂ 《ᠳᠣᠯᠣᠨ ᠨᠠᠭᠤᠷ》 ᠤ᠋ᠨ ᠲᠡᠦᠬᠡᠨ᠎ᠳᠡᠬᠢ ᠥᠩᠭᠡ ᠢᠯᠭᠠᠷᠠᠭ᠍ᠰᠠᠨ ᠬᠠᠭᠤᠳᠠᠰᠤ᠎ᠶ᠋ᠢ ᠬᠣᠯᠪᠣᠨ ᠭᠠᠷᠭᠠᠭᠰᠠᠨ ᠪᠠᠢᠨ᠎ᠠ᠃

ᠥᠨᠢ ᠤᠳᠠᠭᠠᠨ ᠲᠡᠦᠬᠡ᠎ᠲᠡᠶ ᠪᠣᠭᠣᠮᠲᠠ᠎ᠶ᠋ᠢᠨ ᠭᠠᠳᠠᠨᠠᠬᠢ ᠴᠢᠬᠤᠯᠠ ᠪᠠᠯᠭᠠᠰᠤ

ᠣᠳᠣᠬᠠᠨ᠎ᠳᠤ ᠲᠤᠯᠤᠨ ᠨᠤᠤᠷ ᠱᠢᠶᠠᠨ᠎ᠤ ᠬᠢᠯᠢ ᠳᠣᠲᠣᠷᠠᠬᠢ ᠬᠣᠶᠠᠷ ᠤᠷᠳᠤ ᠴᠠᠭᠠᠨ ᠬᠡᠷᠡᠮ ᠵᠥᠪᠬᠡᠨ ᠬᠣᠶᠠᠷ ᠵᠤᠷᠪᠤᠰ ᠭᠦᠢᠬᠡᠨ ᠨᠤᠮᠤᠯᠠᠭ᠍ᠰᠠᠨ ᠱᠤᠭᠤᠮ ᠦᠯᠡᠳᠡᠵᠠᠢ — ᠲᠤᠯᠤᠨ ᠨᠤᠤᠷ ᠱᠢᠶᠠᠨ᠎ᠤ ᠳ᠋ᠠ ᠪᠸᠢ ᠭᠧᠤ ᠪᠠᠯᠭᠠᠰᠤᠨ᠎ᠤ ᠤᠮᠠᠷᠠᠲᠤ ᠸᠧᠢ ᠤᠯᠤᠰ᠎ᠤᠨ ᠤᠷᠳᠤ ᠴᠠᠭᠠᠨ ᠬᠡᠷᠡᠮ᠎ᠡᠴᠡ ᠡᠬᠢᠯᠡᠵᠦ᠍᠂ ᠳ᠋ᠠ ᠭᠦ᠋ ᠱᠠᠨ ᠠᠭᠤᠯᠠ᠎ᠶ᠋ᠢᠨ ᠵᠡᠭᠦᠨ ᠬᠣᠢᠲᠤ ᠪᠡᠯ᠎ᠤᠨ ᠬᠤᠷᠮᠤᠢ᠎ᠪᠡᠷ ᠪᠠᠷᠠᠭᠤᠨ ᠬᠣᠢᠰᠢ ᠰᠤᠨᠵᠤ᠂ ᠤᠷᠢᠳ᠎ᠢᠶᠠᠷ ᠵᠡᠭᠦᠨ ᠬᠤᠢᠨ᠎ᠠ ᠡᠴᠡ ᠪᠠᠷᠠᠭᠤᠨ ᠡᠮᠦᠨᠡᠰᠢ ᠠᠭᠤᠯᠨ ᠳᠠᠪᠠᠭ᠎ᠠ᠎ᠶ᠋ᠢ ᠭᠡᠲᠦᠯᠵᠦ᠍᠂ ᠳᠠᠷᠠᠭ᠎ᠠ ᠨᠢ ᠪᠠᠷᠠᠭᠤᠨ ᠬᠣᠢᠰᠢ ᠮᠤᠷᠤᠢᠨ ᠶᠠᠪᠤᠵᠤ᠂ ᠵᠡᠭᠦᠨᠰᠢ ᠪᠠᠷᠠᠭᠤᠨᠰᠢ ᠠᠭᠤᠯᠨ᠎ᠶ᠋ᠢᠨ ᠪᠠᠷᠠᠭᠤᠨ ᠦᠵᠦᠭᠦᠷ᠎ᠲᠦ ᠬᠦᠷᠴᠦ᠍᠂ ᠬᠣᠢᠰᠢ ᠡᠷᠭᠢᠭᠡᠳ ᠪᠠᠷᠠᠭᠤᠨᠱᠢᠯᠠᠵᠤ ᠱᠢᠯᠤᠭᠤᠨ ᠬᠦᠬᠡ ᠬᠣᠱᠢᠭᠤᠨ᠎ᠤ ᠬᠢᠯᠢ᠎ᠳᠦ ᠣᠷᠣᠪᠠ᠃

ᠲᠤᠯᠤᠨ ᠨᠤᠤᠷ ᠱᠢᠶᠠᠨ᠎ᠤ ᠠᠯᠲᠠᠨ ᠤᠯᠤᠰ᠎ᠤᠨ ᠤᠷᠲᠤ ᠴᠠᠭᠠᠨ ᠬᠡᠷᠡᠮ — ᠠᠯᠲᠠᠨ ᠤᠯᠤᠰ᠎ᠤᠨ ᠰᠡᠷᠭᠡᠢᠯᠡᠯᠲᠡ᠎ᠶᠢᠨ ᠰᠤᠪᠠᠭ᠎ᠤᠨ ᠪᠠᠭᠤᠷᠢ᠂ ᠵᠡᠭᠦᠨᠰᠢ ᠪᠡᠨ ᠮᠠ ᠴᠢᠶᠦ᠋ᠨ ᠾᠧᠦ ᠭᠧᠤ ᠲᠣᠰᠭᠣᠨ᠎ᠡᠴᠡ ᠡᠬᠢᠯᠡᠵᠦ᠍᠂ ᠨᠢᠤ ᠼᠤᠤ᠎ᠸᠠ ᠲᠣᠰᠭᠣᠨ᠂ ᠬᠤᠳᠤᠩ᠎ᠤᠨ ᠭᠤᠤ ᠲᠣᠰᠭᠣᠨ᠂ ᠪᠸᠢ ᠱ᠌ᠢ ᠮᠧᠨ ᠲᠣᠰᠭᠣᠨ᠎ᠢᠶᠠᠷ ᠥᠩᠭᠡᠷᠡᠵᠦ᠍᠂ ᠪᠠᠷᠠᠭᠤᠨᠰᠢ᠎ᠪᠠᠨ ᠮᠤᠷᠤᠯᠵᠠᠨ ᠱᠢᠯᠤᠭᠤᠨ ᠬᠥᠬᠡ ᠬᠣᠱᠢᠭᠤᠨ᠎ᠤ ᠠᠭᠤᠯᠵᠠᠷ᠎ᠲᠤ ᠬᠦᠷᠴᠦ᠍᠂ ᠣᠳᠣ ᠬᠠᠳᠠᠭᠠᠯᠠᠭ᠍ᠳᠠᠵᠤ ᠪᠠᠢᠭ᠎ᠠ ᠪᠠᠭᠤᠷᠢ᠎ᠶ᠋ᠢᠨ ᠪᠦᠬᠦ᠌ ᠣᠷᠳᠣ ᠨᠢ 17907 ᠮᠧᠲ᠋ᠷ ᠲᠦ᠍ ᠬᠦᠷᠴᠠᠢ᠃

ᠬᠡᠳᠦᠨ ᠮᠢᠩᠭᠠᠨ ᠵᠢᠯ᠎ᠦᠨ ᠲᠡᠦᠬᠡᠨ ᠶᠠᠪᠤᠴᠠ᠎ᠳᠤ ᠮᠣᠩᠭᠣᠯ᠎ᠤᠨ ᠥᠨᠳᠥᠷᠯᠢᠭ ᠪᠣᠯᠤᠨ ᠤᠮᠠᠷᠠᠲᠤ᠎ᠶ᠋ᠢᠨ ᠲᠠᠯ᠎ᠠ ᠭᠠᠵᠠᠷ᠎ᠤᠨ ᠱᠢᠯᠵᠢᠯᠲᠡ᠎ᠶ᠋ᠢᠨ ᠪᠦᠰᠡ᠎ᠳᠦ ᠪᠠᠢᠷᠢᠯᠠᠵᠤ ᠪᠠᠢᠭ᠎ᠠ ᠳᠣᠯᠣᠨ ᠨᠤᠤᠷ ᠱᠢᠶᠠᠨ ᠪᠣᠯ ᠨᠡᠭᠦᠳᠡᠯ ᠮᠠᠯᠵᠢᠯ᠎ᠤᠨ ᠠᠵᠤ ᠠᠬᠤᠶ ᠪᠣᠯᠤᠨ ᠲᠠᠷᠢᠶᠠᠯᠠᠬᠤ ᠠᠵᠤ ᠠᠬᠤᠶ᠎ᠶ᠋ᠢᠨ ᠠᠭᠤᠯᠵᠠᠷ ᠣᠷᠣᠨ ᠪᠣᠯᠤᠭ᠍ᠰᠠᠭᠠᠷ ᠢᠷᠡᠭ᠌ᠰᠡᠨ ᠪᠥᠭᠡᠳ ᠪᠠᠰᠠ ᠲᠠᠷᠢᠶᠠᠯᠠᠬᠤ ᠰᠣᠶᠣᠯ ᠪᠣᠯᠤᠨ ᠲᠠᠯ᠎ᠠ ᠨᠤᠲᠤᠭ᠎ᠤᠨ ᠰᠣᠶᠣᠯ᠎ᠤᠨ ᠮᠥᠷᠭᠥᠯᠳᠦᠯ ᠬᠢᠭᠡᠳ ᠠᠭᠤᠰᠤᠯᠴᠠᠯ᠎ᠤᠨ ᠬᠠᠮᠤᠭ᠎ᠤᠨ ᠡᠮᠦᠨ᠎ᠡ ᠹᠷᠣᠨᠲ ᠮᠥᠨ᠃ ᠤᠷᠲᠤ ᠴᠠᠭᠠᠨ ᠬᠡᠷᠡᠮ ᠳᠠᠭᠠᠤ ᠣᠷᠣᠨ᠎ᠤ ᠨᠡᠭᠦᠳᠡᠯ ᠠᠷᠠᠳ᠂ ᠴᠡᠷᠢᠭ ᠰᠠᠭᠤᠵᠤ ᠠᠲᠠᠷ ᠬᠠᠭᠠᠯᠪᠤᠷᠢᠯᠠᠬᠰᠠᠨ ᠪᠠ ᠳᠠᠢ᠌ᠨ ᠪᠠᠢᠯᠳᠤᠭᠠᠨ ᠨᠢ ᠪᠤᠰᠤᠳᠴᠢ ᠲᠠᠯ᠎ᠡ ᠪᠡᠷ ᠦᠨᠳᠦᠰᠦᠲᠡᠨ᠎ᠦ ᠠᠭᠤᠰᠤᠯᠴᠠᠯ ᠪᠠ ᠭᠠᠵᠠᠷ ᠣᠷᠣᠨ᠎ᠤ ᠬᠥᠭ᠌ᠵᠢᠯᠲᠡ᠎ᠶ᠋ᠢ ᠠᠬᠢᠭᠤᠯᠪᠠ᠃

ᠲᠤᠯᠤᠨ ᠨᠤᠤᠷ ᠱᠢᠶᠠᠨ᠎ᠤ ᠰᠣᠶᠣᠯ ᠲᠡᠦᠬᠡ᠎ᠶ᠋ᠢᠨ ᠲᠤᠰᠭᠠᠶ ᠮᠡᠷᠭᠡᠵᠢᠯᠲᠡᠨ ᠷᠧᠨ ᠶᠤᠸᠠᠢ ᠬᠠᠶ᠎ᠶ᠋ᠢᠨ ᠦᠵᠡᠬᠦ᠌᠎ᠪᠡᠷ᠂ ᠲᠡᠦᠬᠡᠨ ᠳᠡᠭᠡᠷᠡᠬᠢ 《ᠥᠪᠥᠷ ᠮᠣᠩᠭᠣᠯ》 ᠤ᠋ᠨ ᠭᠠᠵᠠᠷ ᠵᠦᠶ᠎ᠶ᠋ᠢᠨ ᠣᠷᠣᠨ ᠪᠦᠰᠡ ᠭᠡᠳᠡᠭ ᠨᠢ ᠶᠡᠷᠦ᠍᠎ᠳᠡᠭᠡᠨ ᠪᠠᠢᠭᠠᠯ ᠨᠠᠭᠤᠷ᠎ᠡᠴᠡ ᠡᠮᠦᠨᠡᠰᠢ᠂ ᠣᠷᠳᠣ ᠴᠠᠭᠠᠨ ᠬᠡᠷᠡᠮ᠎ᠡᠴᠡ ᠤᠮᠠᠷᠠᠱᠢᠬᠢ ᠮᠣᠩᠭᠣᠯ᠎ᠤᠨ ᠥᠨᠳᠥᠷᠯᠢᠭ᠎ᠦᠨ ᠡᠮᠦᠨᠡᠲᠦ ᠬᠡᠰᠡᠭ᠎ᠢ ᠵᠢᠭᠠᠵᠤ ᠪᠠᠢᠨ᠎ᠠ᠃ ᠡᠨᠳᠡ ᠱᠧᠩ ᠯᠧ᠂ ᠯᠢᠶᠣᠤ ᠤᠯᠤᠰ᠎ᠤᠨ ᠳᠡᠭᠡᠳᠦ ᠨᠡᠢᠰᠯᠡᠯ᠂ ᠶᠤᠸᠠᠨ᠎ᠤ ᠳᠡᠭᠡᠳᠦ ᠨᠡᠢᠰᠯᠡᠯ᠂ ᠶᠢᠩ ᠴᠠᠩ ᠬᠣᠲᠠ ᠵᠡᠷᠭᠡ ᠬᠣᠲᠠ᠎ᠶ᠋ᠢ ᠪᠠᠢᠭᠤᠯᠵᠤ ᠥᠩᠭᠡᠷᠡᠭ᠌ᠰᠡᠨ ᠪᠣᠯᠪᠠᠴᠤ᠌ ᠬᠠᠭᠠᠨᠲᠤ ᠲᠥᠷᠥ᠍ ᠰᠣᠯᠢᠭ᠍ᠳᠠᠭ᠍ᠰᠠᠨ ᠪᠠ ᠳᠠᠢᠨ ᠳᠠᠵᠢᠨ᠎ᠳᠤ ᠡᠪᠳᠡᠭ᠌ᠳᠡᠭ᠌ᠰᠡᠨ ᠵᠡᠷᠭᠡ ᠱᠢᠯᠲᠠᠭᠠᠨ᠎ᠡᠴᠡ ᠪᠣᠯᠵᠤ ᠴᠥᠮ ᠦᠷᠭᠦᠯᠵᠢᠯᠡᠨ ᠤᠯᠠᠮᠵᠢᠯᠠᠬᠳᠠᠵᠤ ᠴᠢᠳᠠᠭ᠍ᠰᠠᠨ ᠦᠭᠡᠶ᠃ ᠣᠳᠣ ᠦᠶ᠎ᠡ᠎ᠲᠡᠶ ᠱᠢᠭᠤᠳ ᠬᠠᠷᠢᠴᠠᠭ᠎ᠠ᠎ᠲᠠᠶ ᠪᠥᠭᠡᠳ ᠣᠳᠣ ᠪᠣᠯᠲᠠᠯ᠎ᠠ ᠦᠷᠭᠦᠯᠵᠢᠯᠡᠵᠦ᠍ ᠢᠷᠡᠭ᠌ᠰᠡᠨ ᠬᠣᠲᠠ ᠪᠠᠯᠭᠠᠰᠤ ᠨᠢ ᠦᠨᠳᠦᠰᠦᠨ᠎ᠳᠡᠭᠡᠨ ᠪᠦᠷ ᠴᠢᠩ ᠤᠯᠤᠰ᠎ᠤᠨ ᠦᠶ᠎ᠡ᠎ᠳᠦ ᠪᠠᠢᠭᠤᠯᠤᠭ᠍ᠳᠠᠭ᠍ᠰᠠᠨ ᠪᠥᠭᠡᠳ ᠬᠥᠭ᠌ᠵᠢᠯᠲᠡ᠎ᠶ᠋ᠢᠨ ᠪᠠᠢᠷᠢᠱᠢᠯ᠎ᠢ ᠪᠤᠶ ᠪᠣᠯᠭᠠᠭ᠍ᠰᠠᠨ ᠶᠤᠮ᠃

ᠲᠤᠯᠤᠨ ᠨᠠᠭᠤᠷ ᠪᠣᠯ ᠥᠪᠥᠷ ᠮᠣᠩᠭᠣᠯ᠎ᠤᠨ ᠤᠷᠳᠤ ᠴᠠᠭᠠᠨ ᠬᠡᠷᠡᠮ᠎ᠦᠨ ᠳᠠᠭᠠᠤ ᠬᠥᠭ᠌ᠵᠢᠨ ᠴᠡᠴᠡᠭ᠌ᠯᠡᠭ᠌ᠰᠡᠨ ᠬᠣᠲᠠ ᠪᠠᠯᠭᠠᠰᠤ᠎ᠶ᠋ᠢᠨ ᠨᠢᠭᠡ ᠪᠣᠯᠤᠨ᠎ᠠ᠃

ᠡᠮᠦᠨ᠎ᠡ ᠤᠮᠠᠷ᠎ᠡ ᠵᠢ ᠬᠤᠯᠪᠤᠬᠰᠠᠨ ᠭᠣᠪᠢ᠎ᠶ᠋ᠢᠨ ᠡᠮᠦᠨᠡᠬᠢ ᠠᠷᠠᠯᠵᠢᠶᠠᠨ᠎ᠤ ᠬᠤᠲᠠ

ᠲᠤᠯᠤᠨ ᠨᠤᠤᠷ ᠱᠢᠶᠠᠨ᠎ᠤ ᠬᠤᠳᠠ᠎ᠶ᠋ᠢᠨ ᠪᠠᠷᠠᠭᠤᠨ ᠡᠮᠦᠨ᠎ᠡ᠂ ᠪᠦᠲᠦᠴᠡ ᠤᠷᠠᠨ ᠨᠠᠷᠢᠯᠢᠭ᠂ ᠰᠦᠷ ᠳᠠᠯᠠᠢᠴᠠᠲᠠᠢ ᠡᠷᠲᠡᠨ᠎ᠦ ᠪᠠᠷᠢᠯᠭ᠎ᠠ — ᠱᠠᠨ ᠰᠢ᠎ᠶ᠋ᠢᠨ ᠴᠤᠭᠯᠠᠭᠠᠨ᠎ᠤ ᠣᠷᠳᠣᠨ ᠰᠦᠨᠳᠡᠷᠯᠡᠨ᠎ᠡ᠃ ᠣᠳᠣ ᠲᠩᠷᠢ ᠲᠡᠳᠬᠦᠭ᠌ᠴᠢ᠎ᠶ᠋ᠢᠨ ᠠᠷᠪᠠᠳᠤᠭᠠᠷ ᠣᠨ (1745 ᠣᠨ) ᠳ᠋ᠤ ᠪᠠᠷᠢᠭ᠍ᠰᠠᠨ ᠡᠨᠡ ᠬᠦ᠌ ᠪᠠᠷᠢᠯᠭ᠎ᠠ ᠪᠣᠯ ᠤᠯᠤᠰ᠎ᠤᠨ ᠭᠣᠣᠯᠳᠠᠯᠭ᠎ᠠ᠎ᠲᠠᠶ ᠲᠡᠦᠬᠡ᠎ᠶ᠋ᠢᠨ ᠳᠤᠷᠠᠰᠭᠠᠯᠲᠤ ᠵᠦᠢᠯ᠎ᠢ ᠬᠠᠮᠠᠭᠠᠯᠠᠬᠤ ᠨᠢᠭᠡᠴᠢ ᠪᠣᠯᠬᠤ ᠪᠥᠭᠡᠳ ᠳᠣᠯᠣᠨ ᠨᠠᠭᠤᠷ ᠱᠢᠶᠠᠨ᠎ᠤ ᠨᠡᠷᠡᠲᠦ ᠵᠢᠭᠤᠯᠴᠢᠯᠠᠯ᠎ᠤᠨ ᠦᠵᠡᠮᠵᠢ᠎ᠶ᠋ᠢᠨ ᠭᠠᠵᠠᠷ᠎ᠤᠨ ᠨᠢᠭᠡ ᠪᠣᠯᠤᠨ᠎ᠠ᠃ 280 ᠵᠢᠯ᠎ᠦᠨ ᠲᠡᠦᠬᠡ᠎ᠲᠡᠶ ᠱᠠᠨ ᠰᠢ᠎ᠶ᠋ᠢᠨ ᠴᠤᠭ᠍ᠯᠠᠭᠠᠨ᠎ᠤ ᠣᠷᠳᠣᠨ ᠪᠣᠯ ᠳᠣᠯᠣᠨ ᠨᠠᠭᠤᠷ᠎ᠤᠨ ᠬᠡᠷᠡᠯ ᠰᠠᠴᠤᠷᠠᠩᠭᠤᠶ 《 ᠭᠣᠪᠢ᠎ᠶ᠋ᠢᠨ ᠡᠮᠦᠨᠡᠬᠢ ᠠᠷᠠᠯᠵᠢᠶᠠᠨ᠎ᠤ ᠬᠤᠲᠠ》 ᠢ᠋ᠢᠨ ᠭᠡᠷᠡᠴᠢᠯᠡᠭ᠌ᠴᠢ ᠪᠣᠯᠤᠨ᠎ᠠ᠃

ᠲᠤᠯᠤᠨ ᠨᠤᠤᠷ ᠱᠢᠶᠠᠨ᠎ᠤ ᠰᠣᠶᠣᠯ ᠪᠡᠶ᠎ᠡ᠎ᠶ᠋ᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶᠠᠨ᠎ᠤ ᠳᠠᠷᠤᠭ᠎ᠠ ᠸᠠᠩ ᠱᠢᠨ ᠫᠸᠩ ᠰᠤᠷᠪᠤᠯᠵᠢᠯᠠᠭ᠍ᠴᠢ᠎ᠳᠤ᠂ ᠡᠩᠬᠡ ᠠᠮᠤᠭᠤᠯᠠᠩ᠎ᠤᠨ ᠭᠤᠴᠢᠳᠤᠭᠠᠷ ᠣᠨ (1691 ᠣᠨ) ᠳ᠋ᠤ ᠡᠩᠬᠡ ᠠᠮᠤᠭᠤᠯᠠᠩ ᠬᠠᠭᠠᠨ ᠠᠯᠳᠠᠷᠲᠤ 《ᠲᠤᠯᠤᠨ ᠨᠤᠤᠷ᠎ᠤᠨ ᠴᠢᠭᠤᠯᠭᠠᠨ》᠎ᠢ᠋ ᠡᠷᠬᠢᠯᠡᠵᠦ᠂ ᠭᠣᠪᠢ᠎ᠶ᠋ᠢᠨ ᠠᠷᠤ᠎ᠶ᠋ᠢᠨ ᠮᠣᠩᠭᠣᠯ ᠵᠢᠩᠬᠢᠨᠢ᠎ᠪᠡᠷ ᠴᠢᠩ ᠤᠯᠤᠰ᠎ᠤᠨ ᠲᠥᠪ ᠵᠠᠰᠠᠭ᠎ᠤᠨ ᠣᠷᠳᠣᠨ᠎ᠳᠤ ᠣᠷᠣᠵᠤ ᠥᠭ᠌ᠭᠦᠭᠡᠳ᠂ ᠲᠤᠬᠠᠶ᠎ᠶ᠋ᠢᠨ ᠦᠶ᠎ᠡ᠎ᠶ᠋ᠢᠨ ᠵᠡᠭᠦᠨ ᠬᠣᠢᠲᠤ ᠠᠽᠢᠶ᠎ᠠ᠎ᠶ᠋ᠢᠨ ᠤᠯᠤᠰ ᠲᠥᠷᠥ᠎ᠶ᠋ᠢᠨ ᠪᠠᠢᠷᠢᠱᠢᠯ᠎ᠢ ᠬᠤᠪᠢᠷᠠᠭᠤᠯᠵᠠᠶ᠃ ᠡᠭᠦᠨ᠎ᠡᠴᠡ ᠬᠣᠢᠰᠢ ᠳᠣᠯᠣᠨ ᠨᠠᠭᠤᠷ ᠨᠢ ᠥᠪᠥᠷ ᠮᠣᠩᠭᠣᠯ᠎ᠤᠨ ᠲᠡᠦᠬᠡᠨ ᠳᠡᠭᠡᠷᠡᠬᠢ 《ᠮᠣᠩᠭᠣᠯ᠎ᠳᠤ ᠰᠠᠭᠤᠭ᠎ᠠ ᠬᠢᠲᠠᠳ ᠫᠦᠰᠡ᠎ᠶᠢᠨ ᠨᠡᠢᠰᠯᠡᠯ》᠂ 《ᠦᠨᠳᠦᠰᠦᠲᠡᠨ᠎ᠦ ᠭᠠᠷ ᠦᠢᠯᠡᠳᠪᠦᠷᠢ᠎ᠶ᠋ᠢᠨ ᠨᠡᠢᠰᠯᠡᠯ》 ᠪᠠ ᠴᠡᠷᠢᠭ᠎ᠦᠨ ᠶᠠᠪᠤᠳᠠᠯ᠎ᠤᠨ ᠴᠢᠬᠤᠯᠠ ᠪᠠᠯᠭᠠᠰᠤ ᠪᠣᠯᠤᠭ᠍ᠰᠠᠨ ᠪᠠᠢᠨ᠎ᠠ ᠭᠡᠵᠦ ᠬᠡᠯᠡᠵᠦ ᠥᠭᠪᠡ᠃

ᠴᠢᠩ ᠤᠯᠤᠰ᠎ᠤᠨ ᠦᠶ᠎ᠡ᠎ᠳᠦ ᠤᠯᠤᠰ ᠣᠷᠣᠨ᠎ᠤ ᠶᠡᠬᠡ ᠨᠢᠭᠡᠳᠦᠯ᠎ᠦᠨ ᠪᠠᠢᠳᠠᠯ ᠠᠭᠠᠵᠢᠮ᠎ᠢᠶᠠᠷ ᠪᠦᠷᠢᠯᠳᠦᠵᠦ᠍᠂ ᠣᠷᠳᠣ ᠴᠠᠭᠠᠨ ᠬᠡᠷᠡᠮ ᠨᠢ ᠣᠲᠣᠷᠯᠠᠨ ᠮᠠᠯᠵᠢᠬᠤ ᠦᠨᠳᠦᠰᠦᠲᠡᠨ ᠪᠠ ᠲᠠᠷᠢᠶᠠᠯᠠᠬᠤ ᠦᠨᠳᠦᠰᠦᠲᠡᠨ᠎ᠦ ᠬᠢᠯᠢ ᠵᠢᠨ ᠬᠡᠷᠡᠮ ᠪᠢᠰᠢ ᠪᠣᠯᠵᠠᠶ᠃ ᠪᠦᠬᠦ᠌ ᠤᠯᠤᠰ᠎ᠤᠨ ᠨᠢᠭᠡᠳᠦᠯᠲᠡᠶ ᠵᠠᠬ᠎ᠠ ᠳᠡᠯᠭᠡᠭᠦᠷ᠎ᠦᠨ ᠪᠦᠷᠢᠯᠳᠦᠬᠦ᠌᠎ᠶ᠋ᠢ ᠳᠠᠭᠠᠯᠳᠤᠨ ᠬᠢᠯᠢ᠎ᠶ᠋ᠢᠨ ᠠᠷᠠᠯᠵᠢᠶ᠎ᠠ ᠨᠢ ᠬᠢᠯᠢ᠎ᠶ᠋ᠢᠨ ᠪᠣᠭᠣᠮᠲᠠ᠎ᠶ᠋ᠢᠨ ᠠᠷᠠᠯᠵᠢᠶ᠎ᠠ᠎ᠳᠤ ᠲᠦᠱᠢᠭ᠌ᠯᠡᠨ᠂ ᠲᠠᠯ᠎ᠠ ᠨᠤᠲᠤᠭ᠎ᠤᠨ ᠭᠦᠨ᠎ᠳᠦ ᠣᠷᠣᠵᠤ᠂ ᠴᠢᠩ ᠤᠯᠤᠰ᠎ᠤᠨ ᠦᠶ᠎ᠡ᠎ᠶ᠋ᠢᠨ ᠮᠣᠩᠭᠣᠯ᠎ᠳᠤ ᠰᠠᠭᠤᠭ᠎ᠠ ᠬᠢᠲᠠᠳ ᠫᠦᠰᠡ᠎ᠵᠢ ᠪᠦᠷᠢᠯᠳᠦᠭᠦᠯᠵᠡᠶ᠃ ᠤᠷᠲᠤ ᠴᠠᠭᠠᠨ ᠬᠡᠷᠡᠮ ᠳᠠᠭᠠᠤ᠎ᠶ᠋ᠢᠨ ᠵᠠᠬ᠎ᠠ᠎ᠶ᠋ᠢᠨ ᠬᠣᠲᠠ᠎ᠨᠤᠭᠤᠳ ᠨᠢ ᠪᠠᠷᠠᠭᠤᠨ ᠬᠣᠢᠲᠤ ᠪᠣᠯᠤᠨ ᠬᠣᠢᠲᠤ ᠮᠣᠩᠭᠣᠯ ᠣᠷᠣᠨ ᠲᠡᠢᠰᠢ ᠨᠡᠪᠲᠡᠷᠡᠬᠦ᠌ ᠬᠦᠢᠰᠦ ᠪᠣᠯᠤᠨ ᠬᠤᠳᠠᠯᠳᠤᠭᠠᠨ᠎ᠤ ᠬᠠᠭᠠᠯᠭ᠎ᠠ ᠪᠣᠯᠤᠭ᠍ᠰᠠᠨ ᠪᠠᠢᠨ᠎ᠠ᠃

ᠳᠣᠯᠣᠨ ᠨᠠᠭᠤᠷ ᠨᠢ ᠲᠤᠬᠠᠶ᠎ᠶ᠋ᠢᠨ ᠦᠶ᠎ᠡ᠎ᠶ᠋ᠢᠨ ᠬᠦᠶ ᠬᠤᠸᠠ (ᠣᠳᠣ᠎ᠶ᠋ᠢᠨ ᠬᠥᠬᠡᠬᠣᠲᠠ)᠂ ᠴᠢᠭᠤᠯᠤᠯᠲᠤ ᠬᠠᠭᠠᠯᠭ᠎ᠠ᠂ ᠶᠡᠬᠡ ᠬᠦᠷᠢᠶ᠎ᠡ (ᠣᠳᠣ᠎ᠶ᠋ᠢᠨ ᠮᠣᠩᠭᠣᠯ ᠤᠯᠤᠰ᠎ᠤᠨ ᠤᠯᠠᠭᠠᠨᠪᠠᠭᠠᠲᠤᠷ) ᠵᠡᠷᠭᠡ᠎ᠲᠠᠶ ᠲᠤᠬᠠᠶ᠎ᠶ᠋ᠢᠨ ᠦᠶ᠎ᠡ᠎ᠶ᠋ᠢᠨ ᠤᠷᠲᠤ ᠴᠠᠭᠠᠨ ᠬᠡᠷᠡᠮ᠎ᠦᠨ ᠳᠠᠭᠠᠤ ᠵᠢᠴᠢ ᠮᠣᠩᠭᠣᠯ᠎ᠤᠨ ᠥᠨᠳᠥᠷᠯᠢᠭ᠎ᠦᠨ ᠨᠡᠯᠢᠶᠡᠳ ᠶᠡᠬᠡ ᠠᠷᠠᠯᠵᠢᠶᠠᠨ᠎ᠤ ᠵᠠᠬ᠎ᠠ ᠳᠡᠯᠭᠡᠭᠦᠷ ᠪᠣᠯᠤᠭ᠍ᠰᠠᠨ ᠪᠠᠢᠨ᠎ᠠ᠃

ᠡᠳᠦᠭᠡ ᠲᠤᠯᠤᠨ ᠨᠤᠤᠷ ᠱᠢᠶᠠᠨ᠎ᠤ ᠡᠷᠲᠡᠨ᠎ᠦ ᠬᠤᠳᠠ᠎ᠶ᠋ᠢᠨ ᠵᠡᠭᠡᠯᠢ ᠭᠤᠳᠤᠮᠵᠢ᠎ᠪᠠᠷ ᠶᠠᠪᠤᠬᠤ᠎ᠳᠦ ᠲᠤᠬᠠᠢ᠎ᠶ᠋ᠢᠨ ᠵᠢᠯ᠎ᠦᠨ 《ᠬᠤᠳᠠᠯᠳᠤᠭᠠᠨ᠎ᠤ ᠬᠤᠳᠠ》 ᠳ᠋ᠤ ᠲᠠᠰᠤᠷᠠᠭ᠎ᠠ ᠦᠭᠡᠢ ᠴᠤᠪᠤᠷᠠᠵᠤ ᠪᠠᠢᠭ᠍ᠰᠠᠨ ᠬᠤᠳᠠᠯᠳᠤᠭᠠᠨ᠎ᠤ ᠠᠩᠬᠢ᠎ᠶ᠋ᠢᠨ ᠲᠡᠮᠡᠭᠡᠨ ᠵᠢᠩ᠎ᠦᠨ ᠬᠤᠨᠭᠬᠤ᠎ᠶᠢᠨ ᠳᠠᠭᠤᠨ ᠰᠣᠨᠣᠰᠳᠠᠵᠤ ᠪᠠᠢᠬᠤ ᠰᠢᠭ ᠪᠤᠯᠤᠨᠠᠮ᠃

ᠵᠠᠭᠤ ᠭᠠᠷᠤᠢ ᠵᠢᠯ᠎ᠦᠨ ᠡᠮᠦᠨ᠎ᠡ ᠤᠷᠤᠰ᠎ᠤᠨ ᠠᠯᠳᠠᠷᠲᠤ ᠮᠣᠩᠭᠣᠯ ᠰᠤᠳᠤᠯᠤᠯ᠎ᠤᠨ ᠡᠷᠳᠡᠮᠲᠡᠨ ᠫᠣᠽᠳ᠋ᠨᠧᠶᠧᠹ ᠳᠤᠮᠳᠠᠳᠤ ᠤᠯᠤᠰ᠎ᠤᠨ ᠥᠷᠭᠡᠨ ᠠᠭᠤᠳᠠᠮ ᠮᠤᠩᠭᠤᠯ ᠭᠠᠵᠠᠷ ᠣᠷᠣᠨ᠎ᠢᠶᠠᠷ ᠪᠠᠢᠴᠠᠭᠠᠯᠲᠠ ᠬᠢᠬᠦ᠌᠎ᠳᠡᠭᠡᠨ ᠡᠳᠡᠭᠡᠷ ᠵᠡᠭᠡᠯᠢ ᠭᠤᠳᠤᠮᠵᠢ᠎ᠪᠠᠷ ᠶᠠᠪᠤᠵᠤ ᠥᠩᠭᠡᠷᠡᠵᠡᠢ᠃ ᠲᠡᠭᠦᠨ᠎ᠦ ᠦᠵᠡᠬᠦ᠌᠎ᠪᠡᠷ ᠳᠣᠯᠣᠨ ᠨᠠᠭᠤᠷ᠎ᠤᠨ ᠠᠷᠠᠯᠵᠢᠶ᠎ᠠ ᠬᠤᠳᠠᠯᠳᠤᠭ᠎ᠠ ᠬᠥᠭ᠌ᠵᠢᠶᠡᠨ ᠨᠠᠷᠭᠢᠶᠠᠨ᠎ᠲᠠᠶ᠂ ᠵᠠᠬ᠎ᠠ ᠳᠡᠯᠭᠡᠭᠦᠷ ᠳᠡᠭᠡᠷ᠎ᠡ ᠠᠷᠠᠯᠵᠢᠶᠠᠯᠠᠵᠤ ᠪᠠᠢᠭ᠎ᠠ ᠲᠠᠸᠠᠷ᠎ᠤᠨ ᠳᠣᠲᠣᠷ᠎ᠠ ᠲᠤᠬᠠᠶ᠎ᠶ᠋ᠢᠨ ᠭᠠᠵᠠᠷ᠎ᠤᠨ ᠮᠣᠷᠢ᠂ ᠦᠬᠡᠷ᠂ ᠬᠣᠨᠢ ᠢᠮᠠᠭ᠎ᠠ ᠵᠡᠷᠭᠡ ᠮᠠᠯ ᠪᠠᠢᠬᠤ ᠮᠥᠷᠲᠡᠭᠡᠨ ᠪᠠᠰᠠ ᠪᠦᠳᠦᠭᠦᠯᠢᠭ ᠬᠠᠷᠢ᠎ᠶ᠋ᠢᠨ ᠪᠥᠰ᠂ ᠪᠣᠯᠣᠷ ᠱᠢᠯ᠎ᠤᠨ ᠪᠦᠲᠦᠭᠡᠭ᠌ᠳᠡᠬᠦᠨ ᠵᠡᠷᠭᠡ ᠬᠠᠷᠢ᠎ᠶᠢᠨ ᠪᠠᠷᠠᠭ᠎ᠠ ᠪᠠᠢᠵᠤ᠂ ᠪᠠᠰᠠ ᠳᠣᠲᠣᠷ᠎ᠠ ᠭᠠᠵᠠᠷ᠎ᠲᠤ ᠦᠢᠯᠡᠳᠪᠦᠷᠢᠯᠡᠭ᠌ᠰᠡᠨ ᠵᠡᠭᠦᠦ ᠤᠲᠠᠰᠤ᠂ ᠰᠠᠮ᠂ ᠲᠠᠮᠠᠬᠢᠨ ᠤᠭᠤᠲᠠ ᠵᠡᠷᠭᠡ ᠡᠳᠦᠷ ᠲᠤᠲᠤᠮ᠎ᠤᠨ ᠬᠡᠷᠡᠭ᠌ᠰᠡᠯ ᠪᠠᠢᠨ᠎ᠠ᠃ ᠲᠡᠷᠡ ᠡᠳᠡᠭᠡᠷ ᠪᠠᠢᠳᠠᠯ᠎ᠢ ᠥᠪᠡᠷ᠎ᠦᠨ ᠵᠣᠬᠢᠶᠠᠯ ᠪᠦᠲᠦᠭᠡᠯ 《ᠮᠣᠩᠭᠣᠯ ᠵᠢᠴᠢ ᠮᠣᠩᠭᠣᠯᠴᠤᠳ》 ᠭᠡᠬᠦ᠌ ᠨᠣᠮ᠎ᠳᠠᠭᠠᠨ ᠨᠠᠷᠢᠨ ᠪᠢᠴᠢᠵᠦ᠍ ᠣᠷᠣᠭᠤᠯᠤᠭᠠᠳ᠂ ᠬᠣᠵᠢᠮ᠎ᠤᠨ ᠬᠥᠮᠦᠰ᠎ᠲᠦ ᠳᠣᠯᠣᠨ ᠨᠠᠭᠤᠷ᠎ᠤᠨ ᠵᠠᠭᠤᠨ ᠵᠢᠯ᠎ᠦᠨ ᠡᠮᠦᠨᠡᠬᠢ ᠳᠦᠷᠰᠦ ᠪᠠᠢᠳᠠᠯ᠎ᠢ ᠣᠢᠯᠠᠭᠠᠭᠤᠯᠤᠭ᠍ᠰᠠᠨ ᠶᠤᠮ᠃

ᠳᠣᠯᠣᠨ ᠨᠠᠭᠤᠷ ᠪᠣᠯ ᠲᠦᠮᠡᠨ ᠭᠠᠵᠠᠷ᠎ᠤᠨ ᠴᠠᠢ᠎ᠶ᠋ᠢᠨ ᠵᠠᠮ᠎ᠢᠶᠠᠷ ᠥᠪᠥᠷ ᠮᠣᠩᠭᠣᠯ᠎ᠳᠤ ᠣᠷᠣᠬᠤ ᠴᠢᠬᠤᠯᠠ ᠡᠭᠦᠳᠡ ᠪᠣᠯᠤᠨ᠎ᠠ᠃ ᠳᠣᠯᠣᠨ ᠨᠠᠭᠤᠷ᠎ᠤᠨ ᠠᠷᠠᠯᠵᠢᠶ᠎ᠠ ᠶᠡᠬᠡ ᠬᠥᠭ᠌ᠵᠢᠵᠦ᠍ ᠪᠠᠢᠭ᠍ᠰᠠᠨ ᠦᠶ᠎ᠡ᠎ᠳᠦ ᠪᠠᠷᠠᠭᠤᠨ ᠬᠣᠢᠲᠤ᠎ᠡᠴᠡ ᠬᠦᠷᠢᠶ᠎ᠡ᠂ ᠬᠣᠢᠲᠤ᠎ᠡᠴᠡ ᠮᠠᠨᠵᠤᠤᠷ᠂ ᠬᠠᠢᠯᠠᠷ ᠬᠦᠷᠲᠡᠯᠡᠬᠢ ᠭᠠᠵᠠᠷ ᠨᠢ ᠪᠦᠷ ᠳᠣᠯᠣᠨ ᠨᠠᠭᠤᠷ᠎ᠤᠨ ᠬᠤᠳᠠᠯᠳᠤᠭᠠᠴᠢᠳ᠎ᠤᠨ ᠬᠤᠳᠠᠯᠳᠤᠭ᠎ᠠ ᠮᠠᠢᠮᠠᠢ ᠬᠢᠳᠡᠭ ᠭᠠᠵᠠᠷ ᠪᠠᠢᠪᠠ᠃

ᠴᠢᠩ ᠤᠯᠤᠰ᠎ᠤᠨ ᠳᠤᠮᠳᠠᠴᠢ ᠦᠶ᠎ᠡ ᠪᠣᠯᠬᠤ᠎ᠳᠤ ᠳᠣᠯᠣᠨ ᠨᠠᠭᠤᠷ ᠨᠢ ᠲᠡᠦᠬᠡ᠎ᠶ᠋ᠢᠨ ᠪᠥᠬᠥ᠌ ᠬᠥᠭ᠌ᠵᠢᠯ᠎ᠦᠨ ᠦᠶ᠎ᠡ᠎ᠳᠡᠭᠡᠨ ᠣᠷᠣᠵᠤ᠂ 《ᠵᠡᠭᠦᠨᠰᠢ ᠪᠠᠷᠠᠭᠤᠨᠰᠢ ᠳᠥᠷᠪᠡᠨ ᠭᠠᠵᠠᠷ ᠥᠷᠭᠡᠨ᠂ ᠡᠮᠦᠨᠡᠰᠢ ᠤᠮᠠᠷᠠᠰᠢ ᠲᠤᠯᠤᠭᠠᠨ ᠭᠠᠵᠠᠷ ᠣᠷᠳᠣ᠂ ᠠᠷᠪᠠᠨ ᠨᠠᠶ᠋ᠮᠠᠨ ᠵᠤᠷᠪᠤᠰ ᠵᠡᠭᠡᠯᠢ ᠭᠤᠳᠤᠮᠵᠢ᠎ᠲᠠᠶ》 ᠬᠥᠭ᠌ᠵᠢᠶᠡᠨᠲᠦ ᠵᠡᠭᠡᠯᠢ ᠲᠠᠢ ᠪᠣᠯᠵᠣ᠂ ᠲᠦᠮᠡᠨ ᠭᠠᠵᠠᠷ᠎ᠤᠨ ᠴᠠᠶ᠎ᠶ᠋ᠢᠨ ᠵᠠᠮ ᠳᠡᠭᠡᠷᠡᠬᠢ ᠴᠢᠬᠤᠯᠠ ᠬᠤᠳᠠᠯᠳᠤᠭ᠎ᠠ ᠠᠷᠠᠯᠵᠢᠶᠠᠨ᠎ᠤ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠤᠭ᠍ᠰᠠᠨ ᠪᠠᠢᠨ᠎ᠠ᠃

ᠴᠢᠩ ᠤᠯᠤᠰ᠎ᠡᠴᠡ ᠢᠷᠭᠡᠨ ᠤᠯᠤᠰ ᠬᠦᠷᠲᠡᠯᠡᠬᠢ ᠬᠣᠶᠠᠷ ᠵᠠᠭᠤ ᠭᠠᠷᠤᠶ ᠵᠢᠯ᠎ᠦᠨ ᠬᠤᠭᠤᠴᠠᠭᠠᠨ᠎ᠳᠤ ᠳᠣᠯᠣᠨ ᠨᠠᠭᠤᠷ ᠨᠢ ᠨᠡᠷ᠎ᠡ ᠨᠢᠳᠡᠷ᠎ᠲᠡᠬᠡᠨ ᠨᠡᠢᠴᠡᠭ᠌ᠰᠡᠨ 《ᠭᠣᠪᠢ᠎ᠶ᠋ᠢᠨ ᠡᠮᠦᠨᠡᠬᠢ ᠠᠷᠠᠯᠵᠢᠶᠠᠨ᠎ᠤ ᠬᠣᠲᠠ》 ᠪᠣᠯᠵᠤ᠂ ᠲᠤᠬᠠᠶ᠎ᠶ᠋ᠢᠨ ᠦᠶ᠎ᠡ᠎ᠶ᠋ᠢᠨ ᠮᠣᠩᠭᠣᠯ ᠣᠷᠣᠨ᠎ᠤ ᠨᠢᠭᠡᠨ ᠴᠢᠬᠤᠯᠠ ᠬᠤᠳᠠᠯᠳᠤᠭᠠᠨ᠎ᠤ ᠬᠣᠲᠠ ᠪᠣᠯᠤᠭ᠍ᠰᠠᠨ ᠪᠠᠢᠨ᠎ᠠ᠃

20 ᠳ᠋ᠤᠭᠠᠷ ᠵᠠᠭᠤᠨ᠎ᠤ ᠡᠬᠢ᠎ᠪᠡᠷ᠂ ᠳᠣᠲᠣᠷ ᠭᠠᠵᠠᠷ ᠪᠣᠯᠤᠨ ᠠᠷᠤ ᠥᠪᠥᠷ ᠮᠣᠩᠭᠣᠯ᠂ ᠣᠷᠣᠰ᠎ᠤᠨ ᠬᠤᠳᠠᠯᠳᠤᠭᠠᠨ᠎ᠤ ᠵᠠᠮ᠎ᠤᠨ ᠱᠢᠯᠵᠢᠯᠲᠡ᠎ᠡᠴᠡ ᠪᠣᠯᠵᠤ᠂ ᠳᠣᠯᠣᠨ ᠨᠠᠭᠤᠷ᠎ᠤᠨ ᠬᠤᠳᠠᠯᠳᠤᠭ᠎ᠠ ᠦᠳᠲᠡᠷ ᠲᠦᠷᠭᠡᠨ ᠮᠠᠭᠤᠳᠠᠵᠤ᠂ ᠨᠢᠭᠡᠨ ᠦᠶ᠎ᠡ ᠭᠡᠷᠡᠯ ᠰᠠᠴᠤᠷᠠᠩᠭᠤᠶ ᠪᠠᠢᠭ᠍ᠰᠠᠨ ᠳᠣᠯᠣᠨ ᠨᠠᠭᠤᠷ᠎ᠤᠨ ᠬᠢᠯᠢ᠎ᠶᠢᠨ ᠬᠣᠲᠠ ᠳᠣᠷᠣᠢᠳᠠᠪᠠ᠃

ᠠᠮᠢᠵᠢᠷᠠᠯ᠎ᠤᠨ ᠬᠦᠴᠦᠨ᠎ᠲᠠᠬᠢᠨ ᠪᠠᠳᠠᠷᠠᠭᠰᠠᠨ ᠵᠠᠭᠤᠨ ᠵᠢᠯ᠎ᠦᠨ ᠢᠷᠠᠭᠤ ᠡᠭᠡᠱᠢᠭ

ᠤᠨ᠎ᠤ ᠬᠦᠷᠳᠦ ᠡᠷᠭᠢᠯᠳᠦᠨ᠂ ᠠᠭᠤᠯᠠ ᠤᠰᠤ᠎ᠶ᠋ᠢ ᠳᠠᠪᠠᠨ ᠲᠦᠮᠡᠨ ᠭᠠᠵᠠᠷ᠎ᠤᠨ ᠠᠯᠤᠰ᠎ᠢ ᠵᠤᠷᠢᠨ ᠶᠠᠪᠤᠵᠤ ᠪᠠᠢᠭᠰᠠᠨ ᠲᠡᠳᠡᠭᠡᠷ ᠮᠤᠨᠭᠭᠤᠯ᠎ᠳᠤ ᠰᠠᠭᠤᠭ᠎ᠠ ᠬᠢᠲᠠᠳ ᠫᠦᠰᠡ᠎ᠶᠢᠨ ᠬᠤᠳᠠᠯᠳᠤᠭᠠᠴᠢᠳ᠎ᠤᠨ ᠪᠠᠷ᠎ᠠ ᠨᠢ ᠠᠯᠢ ᠬᠡᠵᠢᠶᠡᠨ᠎ᠦ ᠥᠩᠭᠡᠷᠡᠭ᠌ᠰᠡᠨ᠎ᠦ ᠠᠷᠠᠯᠵᠢᠶ᠎ᠠ ᠬᠤᠳᠠᠯᠳᠤᠭᠠᠨ᠎ᠤ ᠳᠤᠮᠳᠠ ᠵᠠᠮᠬᠠᠷᠠᠨ ᠤᠳᠴᠠᠢ᠃

ᠲᠡᠦᠬᠡᠨ ᠳᠡᠭᠡᠷ᠎ᠡ ᠨᠢᠭᠡᠨ ᠦᠶ᠎ᠡ ᠬᠥᠭ᠌ᠵᠢᠨ ᠴᠡᠴᠡᠭ᠌ᠯᠡᠭ᠌ᠰᠡᠨ ᠳᠣᠯᠣᠨ ᠨᠠᠭᠤᠷ ᠣᠲᠣ ᠪᠣᠯᠲᠠᠯ᠎ᠠ ᠮᠥᠨ ᠬᠦ᠌ ᠥᠪᠡᠷᠮᠢᠴᠡ ᠣᠷᠣᠨ ᠪᠠᠢᠷᠢ᠎ᠶ᠋ᠢᠨ ᠳᠠᠪᠠᠭᠤᠯᠢᠭ ᠲᠠᠶ ᠪᠠᠢᠵᠤ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠬᠡᠰᠡᠭ᠂ ᠱᠢᠯᠢ᠎ᠶ᠋ᠢᠨ ᠭᠤᠤᠯ ᠠᠢᠮᠠᠭ᠎ᠤᠨ ᠡᠮᠦᠨ᠎ᠡ ᠬᠡᠰᠡᠭ᠎ᠲᠦ ᠪᠠᠢᠷᠢᠯᠠᠵᠤ ᠪᠠᠢᠭ᠎ᠠ ᠳᠣᠯᠣᠨ ᠨᠤᠤᠷ ᠱᠢᠶᠠᠨ ᠪᠣᠯ ᠥᠪᠥᠷ ᠮᠣᠩᠭᠣᠯ᠎ᠤᠨ ᠪᠡᠭᠡᠵᠢᠩ᠎ᠡᠴᠡ ᠬᠠᠮᠤᠭ᠎ᠤᠨ ᠣᠢᠷ᠎ᠠ ᠪᠠᠢᠭ᠎ᠠ ᠬᠣᠱᠢᠭᠤ ᠱᠢᠶᠠᠨ ᠪᠣᠯᠤᠨ᠎ᠠ᠂ ᠲᠡᠷᠡ ᠨᠢ ᠪᠡᠭᠡᠵᠢᠩ ᠲᠢᠶᠠᠨᠵᠢᠨ᠎ᠲᠠᠶ ᠬᠥᠷᠱᠢᠯᠡᠵᠦ᠍᠂ ᠾᠸᠪᠸᠢ ᠲᠠᠢ ᠵᠠᠯᠭᠠᠯᠳᠤᠵᠤ᠂ ᠪᠡᠭᠡᠵᠢᠩ ᠲᠢᠶᠠᠨᠵᠢᠨ ᠾᠸᠪᠸᠢ ᠵᠢᠨ ᠠᠵᠤ ᠠᠬᠤᠶ᠎ᠶ᠋ᠢᠨ ᠴᠠᠭᠠᠷᠢᠭ ᠪᠠ ᠪᠦᠸᠧᠬᠠᠶ ᠲᠠᠩᠭᠢᠰ᠎ᠤᠨ ᠡᠷᠬᠢᠨ ᠲᠣᠭᠣᠷᠢᠨ᠎ᠤ ᠠᠵᠤ ᠠᠬᠤᠶ᠎ᠶ᠋ᠢᠨ ᠴᠠᠭᠠᠷᠢᠭ᠎ᠤᠨ ᠨᠦᠯᠦᠭᠡᠳᠦ ᠣᠷᠣᠨ᠎ᠳᠤ ᠪᠠᠢᠷᠢᠯᠠᠵᠤ᠂ ᠱᠢᠯᠢ᠎ᠶ᠋ᠢᠨ ᠭᠤᠤᠯ ᠠᠢᠮᠠᠭ᠎ᠤᠨ ᠵᠡᠭᠦᠨ ᠬᠣᠢᠲᠤ ᠣᠷᠣᠨ᠂ ᠤᠮᠠᠷᠠᠲᠤ ᠣᠷᠣᠨ᠎ᠢ ᠬᠣᠯᠪᠣᠭ᠍ᠰᠠᠨ ᠴᠢᠬᠤᠯᠠ ᠵᠠᠮ ᠬᠠᠷᠢᠯᠴᠠᠭᠠᠨ᠎ᠤ ᠬᠦᠶ᠋ᠰᠦ ᠪᠠᠢᠵᠤ᠂ ᠬᠢᠯᠢ ᠳᠠᠭᠠᠤ ᠲᠡᠯᠡᠶ᠎ᠲᠡᠶ ᠣᠢᠷᠠᠯᠴᠠᠭ᠎ᠠ᠂ ᠳᠣᠲᠣᠷ ᠭᠠᠵᠠᠷ᠎ᠲᠠᠶ ᠵᠠᠯᠭᠠᠵᠤ᠂ ᠮᠣᠩᠭᠣᠯ ᠣᠷᠣᠰ᠎ᠲᠠᠢ ᠨᠡᠪᠲᠡᠷᠡᠯᠴᠡᠭᠰᠡᠨ ᠣᠨᠴᠠᠯᠢᠭ᠎ᠲᠠᠶ ᠶᠤᠮ᠃ ᠣᠳᠣᠬᠠᠨ᠎ᠳᠤ᠂ ᠲᠤᠯᠤᠨ ᠨᠤᠤᠷ ᠱᠢᠶᠠᠨ᠎ᠤ ᠳᠦᠷᠪᠡᠨ ᠵᠦᠭ ᠨᠠᠢ᠍ᠮᠠᠨ ᠵᠣᠪᠬᠢᠰ᠎ᠲᠤ ᠨᠡᠪᠲᠡᠷᠡᠬᠦ᠌ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ᠎ᠤ ᠪᠠᠢᠷᠢᠱᠢᠯ ᠨᠢᠭᠡᠨᠲᠡ ᠦᠨᠳᠦᠰᠦᠨ᠎ᠳᠡᠭᠡᠨ ᠪᠦᠷᠢᠯᠳᠦᠵᠦ᠍᠂ ᠶᠠᠭ ᠪᠡᠭᠡᠵᠢᠩ ᠲᠢᠶᠠᠨᠵᠢᠨ ᠾᠸᠪᠸᠢ ᠵᠢᠨ 3 ᠴᠠᠭ᠎ᠤᠨ ᠠᠵᠤ ᠠᠬᠤᠢ᠎ᠶ᠋ᠢᠨ ᠲᠤᠭᠤᠷᠢᠭ᠎ᠲᠤ ᠠᠭᠤᠰᠤᠯᠴᠠᠵᠤ ᠪᠤᠢ᠃

ᠭᠦᠨ ᠵᠤᠵᠠᠭᠠᠨ ᠲᠡᠦᠬᠡ᠎ᠶ᠋ᠢᠨ ᠠᠭᠤᠯᠤᠭ᠍ᠳᠠᠬᠤᠨ᠂ ᠲᠤᠯᠤᠨ ᠨᠤᠤᠷ ᠱᠢᠶᠠᠨ᠎ᠳᠤ ᠡᠯᠪᠡᠭ ᠪᠠᠶᠠᠯᠢᠭ ᠰᠣᠶᠣᠯ᠎ᠤᠨ ᠦᠯᠡᠳᠡᠭ᠌ᠳᠡᠯ ᠦᠯᠡᠳᠡᠭᠡᠵᠡᠶ᠃ ᠲᠤᠯᠤᠨ ᠨᠤᠤᠷ ᠱᠢᠶᠠᠨ᠎ᠳᠤ 4 ᠤᠯᠤᠰ᠎ᠤᠨ ᠲᠠᠰ᠎ᠤᠨ ᠭᠤᠤᠯᠳᠠᠯᠭ᠎ᠠ᠎ᠲᠠᠶ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ᠎ᠶ᠋ᠢᠨ ᠨᠢᠭᠡᠴᠢ᠂ 4 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ᠎ᠶ᠋ᠢᠨ ᠨᠢᠭᠡᠴᠢ᠂ 11 ᠱᠢᠶᠠᠨ᠎ᠤ ᠲᠠᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ᠎ᠶ᠋ᠢᠨ ᠨᠢᠭᠡᠴᠢ ᠪᠣᠶ᠃ ᠣᠳᠣᠬᠠᠨ᠎ᠳᠤ᠂ ᠲᠤᠯᠤᠨ ᠨᠤᠤᠷ ᠱᠢᠶᠠᠨ᠎ᠤ ᠰᠣᠶᠣᠯ ᠵᠢᠭᠤᠯᠴᠢᠯᠠᠯ᠎ᠤᠨ ᠦᠢᠯᠡᠰ ᠨᠢ ᠬᠤᠢ ᠽᠦᠩ ᠰᠧ ᠰᠦᠮ᠎ᠡ᠂ ᠱᠠᠨ ᠶᠢᠨ ᠰᠧ ᠰᠦᠮ᠎ᠡ᠂ ᠯᠢᠶᠣᠤ ᠤᠯᠤᠰ᠎ᠤᠨ ᠦᠶ᠎ᠡ᠎ᠶ᠋ᠢᠨ ᠬᠠᠭᠠᠨ᠎ᠤ ᠣᠷᠳᠣᠨ᠎ᠤ ᠪᠠᠭᠤᠷᠢ᠎ᠶ᠋ᠢᠨ ᠴᠡᠴᠡᠷᠯᠢᠭ᠂ ᠲᠤᠯᠤᠨ ᠨᠤᠤᠷ ᠡᠷᠲᠡᠨ᠎ᠦ ᠪᠠᠷᠢᠯᠭ᠎ᠠ᠎ᠪᠠᠷ ᠭᠣᠣᠯ ᠪᠣᠯᠭᠠᠭ᠍ᠰᠠᠨ ᠬᠥᠮᠦᠨ ᠰᠣᠶᠣᠯ ᠲᠡᠦᠬᠡ᠎ᠶ᠋ᠢᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ; ᠲᠤᠯᠤᠨ ᠨᠠᠭᠤᠷ᠂ ᠬᠡᠦᠬᠡᠨ ᠨᠠᠭᠤᠷ᠂ ᠢᠦᠶ ᠮᠦ᠍ ᠴᠤᠸᠠᠨ᠎ᠢᠶᠠᠷ ᠭᠤᠤᠯ ᠪᠣᠯᠭᠠᠭ᠍ᠰᠠᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ; ᠴᠠᠬᠠᠷ᠎ᠤᠨ ᠶᠠᠫᠣᠨ᠎ᠢ ᠡᠰᠡᠷᠭᠦᠴᠡᠭ᠌ᠰᠡᠨ ᠲᠠᠢ᠌ᠨ᠎ᠦ ᠳᠤᠷᠠᠰᠭᠠᠯ᠎ᠤᠨ ᠲᠢᠩᠬᠢᠮ᠂ ᠲᠤᠯᠤᠨ ᠨᠤᠤᠷ᠎ᠤᠨ ᠴᠢᠯᠥᠭᠡᠯᠡᠯᠲᠡ᠎ᠶ᠋ᠢᠨ ᠳᠤᠷᠠᠰᠭᠠᠯ᠎ᠤᠨ ᠣᠷᠳᠣᠨ᠎ᠢᠶᠠᠷ ᠭᠣᠣᠯ ᠪᠣᠯᠭᠠᠭ᠍ᠰᠠᠨ ᠬᠤᠪᠢᠰᠭᠠᠯ᠎ᠤᠨ ᠬᠥᠮᠦᠵᠢᠯ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠢ ᠪᠦᠷᠢᠯᠳᠦᠭᠦᠯᠪᠡ᠃

2019 ᠣᠨ᠎ᠤ 3 ᠰᠠᠷ᠎ᠠ᠎ᠳᠤ᠂ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠪᠴᠢᠶ᠎ᠠ᠎ᠡᠴᠡ 《ᠲᠦᠮᠡᠨ ᠭᠠᠵᠠᠷ᠎ᠤᠨ ᠴᠠᠶ᠎ᠶ᠋ᠢᠨ ᠵᠠᠮ》 ᠢ᠋ 《ᠳᠤᠮᠳᠠᠳᠤ ᠤᠯᠤᠰ᠎ᠤᠨ ᠳᠡᠯᠡᠬᠡᠶ᠎ᠶ᠋ᠢᠨ ᠰᠣᠶᠣᠯ᠎ᠤᠨ ᠥᠪ᠎ᠦᠨ ᠪᠡᠯᠡᠳᠭᠡᠯ ᠨᠡᠷᠡᠰ》 ᠲᠤ᠌ ᠵᠢᠩᠬᠢᠨᠢ᠎ᠪᠡᠷ ᠣᠷᠣᠭᠤᠯᠵᠤ᠂ 《ᠲᠦᠮᠡᠨ ᠭᠠᠵᠠᠷ᠎ᠤᠨ ᠴᠠᠶ᠎ᠶ᠋ᠢᠨ ᠵᠠᠮ》᠎ᠢ᠋ ᠰᠣᠶᠣᠯ᠎ᠤᠨ ᠥᠪ᠎ᠢᠶᠡᠷ ᠭᠤᠶᠤᠴᠢᠯᠠᠨ ᠮᠡᠳᠡᠭᠦᠯᠬᠦ᠌ ᠠᠵᠢᠯ ᠪᠤᠳᠠᠳᠠᠢ ᠭᠤᠶᠤᠴᠢᠯᠠᠨ ᠮᠡᠳᠡᠭᠦᠯᠬᠦ᠌ ᠲᠠᠰ ᠳᠠᠷᠠᠭᠠᠯᠠᠯ᠎ᠤᠨ ᠱᠠᠲᠤᠨ᠎ᠳᠤ ᠣᠷᠣᠪᠠ᠃ ᠣᠳᠣᠬᠠᠨ᠎ᠳᠤ᠂ ᠲᠤᠯᠤᠨ ᠨᠤᠤᠷ ᠱᠢᠶᠠᠨ᠎ᠤ ᠬᠤᠢ ᠽᠦᠡᠭ ᠰᠧ ᠰᠦᠮ᠎ᠡ᠂ ᠱᠠᠨ ᠰᠢ᠎ᠶ᠋ᠢᠨ ᠴᠤᠭᠯᠠᠭᠠᠨ᠎ᠤ ᠣᠷᠳᠣᠨ ᠨᠢᠭᠡᠨᠲᠡ ᠠᠩᠬᠠᠳᠠᠭ᠍ᠴᠢ ᠪᠦᠯᠦᠭ 《ᠲᠦᠮᠡᠨ ᠭᠠᠵᠠᠷ᠎ᠤᠨ ᠴᠠᠢ᠎ᠶ᠋ᠢᠨ ᠵᠠᠮ》 ᠤ᠋ᠨ ᠰᠤᠶᠤᠯ᠎ᠤᠨ ᠦᠪ᠎ᠢᠶᠡᠷ ᠭᠤᠶᠤᠴᠢᠯᠠᠨ ᠮᠡᠳᠡᠭᠦᠯᠬᠦ ᠨᠡᠷᠡᠰ᠎ᠲᠦ ᠵᠢᠭ᠍ᠰᠠᠭᠠᠭ᠍ᠳᠠᠪᠠ᠃ 2021 ᠣᠨ᠎ᠳᠤ᠂ ᠲᠤᠯᠤᠨ ᠨᠤᠤᠷ ᠱᠢᠶᠠᠨ ᠨᠠᠢ᠍ᠮᠠᠳᠤᠭᠠᠷ ᠬᠤᠭᠤᠴᠠᠭᠠᠨ᠎ᠤ ᠳᠤᠮᠳᠠᠳᠤ ᠮᠣᠩᠭᠣᠯ ᠤᠷᠤᠰ᠎ᠤᠨ 《ᠲᠦᠮᠡᠨ ᠭᠠᠵᠠᠷ᠎ᠤᠨ ᠴᠠᠢ᠎ᠶ᠋ᠢᠨ ᠵᠠᠮ》 ᠬᠤᠲᠠ᠎ᠶ᠋ᠢᠨ ᠬᠠᠮᠲᠤᠷᠠᠯᠴᠠᠭᠠᠨ᠎ᠤ ᠬᠤᠷᠠᠯ᠎ᠢ ᠠᠮᠵᠢᠯᠲᠠ᠎ᠲᠠᠶ ᠬᠤᠷᠠᠯᠳᠤᠭᠤᠯᠵᠤ᠂ 《ᠲᠦᠮᠡᠨ ᠭᠠᠵᠠᠷ᠎ᠤᠨ ᠴᠠᠢ᠎ᠶ᠋ᠢᠨ ᠵᠠᠮ》 ᠱᠢᠨ᠎ᠡ ᠴᠠᠭ ᠦᠶ᠎ᠡ᠎ᠳᠦ ᠳᠠᠬᠢᠨᠲᠠ ᠠᠮᠢᠵᠢᠷᠠᠯ᠎ᠤᠨ ᠬᠦᠴᠦᠨ᠎ᠢᠶᠡᠨ ᠪᠠᠳᠠᠷᠠᠭᠤᠯᠪᠠ᠃

ᠰᠠᠢᠨ ᠰᠠᠢᠬᠠᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠪᠠ ᠡᠯᠪᠡᠭ ᠪᠠᠶᠠᠯᠢᠭ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ ᠨᠡᠭᠡᠭᠡᠨ ᠠᠱᠢᠭ᠍ᠯᠠᠭ᠍ᠰᠠᠨ᠎ᠢᠶᠠᠷ᠂ ᠳᠣᠯᠣᠨ ᠨᠤᠤᠷ ᠱᠢᠶᠠᠨ ᠤᠷᠢᠳ ᠬᠣᠵᠢᠳ 《ᠪᠥᠬᠥ᠌ ᠤᠯᠤᠰ᠎ᠤᠨ ᠠᠮᠢ ᠠᠬᠤᠶ᠎ᠶ᠋ᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ᠌ ᠱᠢᠶᠠᠨ》᠂ 《ᠪᠥᠬᠥ᠌ ᠤᠯᠤᠰ᠎ᠤᠨ ᠣᠨᠴᠠᠯᠢᠭ᠎ᠲᠠᠶ ᠦᠵᠡᠮᠵᠢ᠎ᠶ᠋ᠢᠨ ᠵᠢᠭᠤᠯᠴᠢᠯᠠᠯ᠎ᠤᠨ ᠨᠠᠷᠠᠲᠤ ᠪᠠᠯᠭᠠᠰᠤ 》᠂ 《ᠳᠤᠮᠳᠠᠳᠤ ᠤᠯᠤᠰ᠎ᠤᠨ ᠲᠡᠦᠬᠡ ᠰᠣᠶᠣᠯ᠎ᠤᠨ ᠨᠠᠷᠠᠲᠤ ᠪᠠᠯᠭᠠᠰᠤ》᠂ 《ᠪᠥᠬᠥ᠌ ᠤᠯᠤᠰ᠎ᠤᠨ ᠬᠠᠮᠤᠭ᠎ᠤᠨ ᠭᠣᠶᠣ 30 ᠱᠢᠶᠠᠨ》᠂ 《ᠪᠥᠬᠥ᠌ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ᠎ᠶ᠋ᠢᠨ ᠠᠵᠢᠯ᠎ᠤᠨ ᠲᠡᠷᠢᠭᠦᠨ᠎ᠦ ᠱᠢᠶᠠᠨ》᠂ 《ᠳᠤᠮᠳᠠᠳᠤ ᠤᠯᠤᠰ᠎ᠤᠨ ᠪᠠᠢᠭᠠᠯᠢ᠎ᠶ᠋ᠢᠨ ᠬᠦᠴᠢᠯᠲᠥ᠋ᠷᠥᠭ᠌ᠴᠢᠲᠦ ᠪᠠᠭᠠᠷ》 ᠵᠡᠷᠭᠡ ᠢᠷᠠᠭᠤ ᠠᠯᠳᠠᠷ᠎ᠤᠨ ᠴᠣᠯᠠ ᠵᠢᠴᠢ 《ᠲᠦᠮᠡᠨ ᠭᠠᠵᠠᠷ᠎ᠤᠨ ᠴᠠᠶ᠎ᠶ᠋ᠢᠨ ᠵᠠᠮ》 ᠢ᠋ ᠰᠣᠶᠣᠯ᠎ᠤᠨ ᠥᠪ᠎ᠢᠶᠡᠷ ᠭᠤᠶᠤᠴᠢᠯᠠᠨ ᠮᠡᠳᠡᠭᠦᠯᠬᠦ᠌ ᠴᠢᠬᠤᠯᠠ ᠵᠠᠩᠭᠢᠯᠠᠭ᠎ᠠ᠎ᠶ᠋ᠢᠨ ᠬᠣᠲᠠ᠂ ᠤᠯᠤᠰ᠎ᠤᠨ 《ᠠᠷᠪᠠᠨ ᠭᠤᠷᠪᠠᠳᠤᠭᠠᠷ ᠳᠠᠪᠤᠨ ᠵᠢᠯ》 ᠤ᠋ᠨ ᠬᠤᠭᠤᠴᠠᠭᠠᠨ᠎ᠳᠤ ᠭᠤᠤᠯᠳᠠᠯᠭ᠎ᠠ᠎ᠲᠠᠶ ᠨᠡᠭᠡᠭᠡᠨ ᠬᠥᠭ᠌ᠵᠢᠭᠦᠯᠦᠭ᠌ᠰᠡᠨ 14 ᠵᠢᠭᠤᠯᠴᠢᠯᠠᠯ ᠰᠡᠯᠡᠭᠦᠴᠡᠯ᠎ᠦᠨ ᠬᠡᠯᠪᠡᠷᠢ᠎ᠶ᠋ᠢᠨ ᠬᠣᠲᠠ ᠪᠠᠯᠭᠠᠰᠤ᠂ ᠬᠤᠶᠠᠳᠤᠭᠠᠷ ᠪᠦᠯᠦᠭ᠎ᠤᠨ ᠦᠪᠡᠷᠲᠡᠭᠡᠨ ᠵᠠᠰᠠᠬᠤ ᠤᠷᠤᠨ᠎ᠤ ᠳᠡᠰ᠎ᠤᠨ ᠪᠦᠬᠦ ᠬᠦᠷᠢᠶᠡᠨ᠎ᠤ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠤᠷᠤᠨ ᠵᠡᠷᠭᠡ ᠤᠯᠠᠨ ᠵᠦᠢᠯ᠎ᠤᠨ ᠢᠷᠠᠭᠤ ᠠᠯᠳᠠᠷ᠎ᠢ ᠬᠦᠷᠲᠡᠪᠡ᠃

ᠲᠤᠯᠤᠨ ᠨᠤᠤᠷ ᠱᠢᠶᠠᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ ᠴᠧᠨ ᠮᠸᠩ ᠰᠤᠷᠪᠤᠯᠵᠢᠯᠠᠭ᠍ᠴᠢ᠎ᠳᠤ᠂ ᠤᠢ᠍ᠢᠷ᠎ᠡ᠎ᠶ᠋ᠢᠨ ᠵᠢᠯ᠎ᠡᠴᠡ ᠨᠠᠭᠠᠰᠢ᠂ ᠲᠤᠯᠤᠨ ᠨᠤᠤᠷ ᠱᠢᠶᠠᠨ 《ᠲᠤᠯᠤᠨ ᠨᠤᠤᠷ ᠱᠢᠶᠠᠨ᠎ᠤ ᠵᠢᠭᠤᠯᠴᠢᠯᠠᠯ᠎ᠤᠨ ᠶᠡᠷᠦᠩᠬᠡᠢ ᠲᠥᠯᠥᠪᠵᠢᠭᠦᠯᠭᠡ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠯᠢ᠎ᠶ᠋ᠢᠨ ᠭᠣᠣᠯ ᠠᠢᠮᠠᠭ᠎ᠤᠨ ᠲᠤᠯᠤᠨ ᠨᠤᠤᠷ ᠱᠢᠶᠠᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠰᠣᠶᠣᠯ ᠪᠡᠶ᠎ᠡ᠎ᠶ᠋ᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ》 ᠵᠡᠷᠭᠡ᠎ᠶ᠋ᠢ ᠨᠠᠢᠷᠠᠭᠤᠯᠤᠨ ᠵᠣᠬᠢᠶᠠᠵᠤ᠂ ᠵᠢᠭᠤᠯᠴᠢᠯᠠᠯ᠎ᠤᠨ ᠦᠢᠯᠡᠰ᠎ᠦᠨ ᠬᠥᠭ᠌ᠵᠢᠯᠲᠡ᠎ᠶ᠋ᠢ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠦᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢᠨ ᠬᠥᠲᠥᠯᠪᠦᠷᠢ᠎ᠳᠦ ᠣᠷᠣᠭᠤᠯᠵᠤ᠂ ᠪᠦᠬᠦ᠌ ᠱᠢᠶᠠᠨ᠎ᠤ ᠠᠷᠪᠠᠨ ᠵᠦᠢᠯ᠎ᠦᠨ ᠭᠣᠣᠯᠳᠠᠯᠭ᠎ᠠ᠎ᠲᠠᠶ ᠠᠵᠢᠯ᠎ᠤᠨ ᠨᠢᠭᠡ ᠪᠣᠯᠭᠠᠨ ᠪᠦᠬᠦ᠌ ᠬᠦᠴᠦᠨ᠎ᠢᠶᠡᠷ᠎ᠢᠶᠡᠨ ᠠᠬᠢᠭᠤᠯᠵᠤ᠂ ᠱᠢᠨᠵᠢᠯᠡᠬᠦ᠌ ᠤᠬᠠᠭᠠᠨᠴᠢ ᠵᠦᠢ ᠵᠣᠬᠢᠰᠲᠠᠢ ᠲᠥᠯᠥᠪᠵᠢᠭᠦᠯᠭᠡ᠎ᠪᠡᠷ ᠳᠠᠮᠵᠢᠭᠤᠯᠤᠨ᠂ ᠵᠢᠭᠤᠯᠴᠢᠯᠠᠯ᠎ᠤᠨ ᠡᠬᠢ ᠪᠠᠶᠠᠯᠢᠭ᠎ᠢ ᠪᠦᠲᠦᠮᠵᠢᠲᠡᠢ ᠨᠡᠢᠳᠭᠡᠵᠦ᠍᠂ ᠵᠢᠭᠤᠯᠴᠢᠯᠠᠯ᠎ᠤᠨ ᠠᠵᠤ ᠦᠢᠯᠡᠰ᠎ᠦᠨ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠬᠤ᠎ᠪᠠᠷ ᠴᠢᠷᠮᠠᠢᠵᠤ ᠪᠠᠢᠨ᠎ᠠ ᠭᠡᠵᠦ ᠬᠡᠯᠡᠵᠦ ᠥᠭᠪᠡ᠃

ᠲᠡᠮᠡᠭᠡᠨ ᠵᠢᠩ᠎ᠤᠨ ᠬᠣᠩᠬᠣ ᠬᠣᠯᠠᠳᠠᠵᠤ᠂ ᠳᠡᠯᠡᠬᠡᠢ ᠶᠢᠷᠳᠢᠨᠴᠦ ᠬᠤᠪᠢᠰᠦᠨ ᠰᠢᠨᠡᠳᠪᠡ᠃ ᠭᠦᠨ ᠵᠤᠵᠠᠭᠠᠨ ᠲᠡᠦᠬᠡ ᠤᠳᠤ ᠦᠶ᠎ᠡ᠎ᠶ᠋ᠢᠨ ᠬᠥᠮᠦᠰ᠎ᠦᠨ ᠤᠯᠠ ᠮᠥᠷ᠎ᠲᠦ ᠰᠢᠨ᠎ᠡ ᠠᠮᠢᠯᠠᠯ᠎ᠢ ᠦᠷᠭᠦᠯᠵᠢᠯᠡᠭᠦᠯᠦᠨ᠎ᠡ᠃ ᠮᠤᠷᠤᠯᠵᠠᠨ ᠰᠤᠨᠤᠯᠵᠠᠭᠰᠠᠨ ᠠᠷᠠᠯᠵᠢᠶ᠎ᠠ ᠬᠤᠳᠠᠯᠳᠤᠭᠠᠨ᠎ᠤ ᠵᠠᠮ ᠨᠢ ᠦᠨᠭᠭᠡᠷᠡᠭᠰᠡᠨ᠎ᠳᠤ ᠬᠣᠯᠪᠣᠭᠠᠰᠤ ᠱᠢᠭ᠋᠎ᠢᠶᠡᠷ ᠠᠳᠠᠯᠢ ᠪᠤᠰᠤ ᠦᠨᠳᠦᠰᠦᠲᠡᠨ᠎ᠦ ᠰᠣᠯᠢᠯᠴᠠᠭ᠎ᠠ ᠪᠠ ᠠᠭᠤᠰᠤᠯᠴᠠᠯ᠎ᠢ ᠬᠥᠲᠥᠯᠥᠨ ᠳᠠᠭᠠᠭᠤᠯᠵᠤ ᠪᠠᠢᠪᠠ᠃ ᠡᠳᠦᠭᠡ᠂ ᠠᠯᠢ ᠤᠯᠠᠨ ᠱᠢᠨ᠎ᠡ ᠠᠵᠠ ᠲᠣᠬᠢᠶᠠᠯ᠂ ᠠᠯᠢ ᠤᠯᠠᠨ ᠭᠣᠢᠳᠠ ᠰᠠᠢᠬᠠᠨ ᠰᠣᠶᠣᠯ᠎ᠤᠨ ᠠᠵᠢᠯᠯᠠᠭ᠎ᠠ ᠨᠢ ᠥᠩᠭᠡᠷᠡᠭ᠌ᠰᠡᠨ᠎ᠦ 《ᠭᠣᠪᠢ᠎ᠶ᠋ᠢᠨ ᠡᠮᠦᠨᠡᠬᠢ ᠠᠷᠠᠯᠵᠢᠶᠠᠨ᠎ᠤ ᠬᠤᠲᠠ》 ᠳ᠋ᠤ ᠴᠣ ᠱᠢᠨ᠎ᠡ ᠴᠠᠭ ᠦᠶ᠎ᠡ᠎ᠶ᠋ᠢᠨ ᠠᠭᠤᠯᠤᠭ᠍ᠳᠠᠬᠤᠨ ᠨᠡᠮᠡᠷᠢᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面