2024-04-21 12:39:42
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠡᠴᠡ ᠭᠣᠣᠯᠯᠠᠨ ᠡᠷᠬᠢᠯᠡᠭ᠌ᠰᠡᠨ 《ᠤᠮᠠᠷᠠᠲᠤ ᠬᠢᠯᠢ᠎ᠶ᠋ᠢᠨ ᠵᠢᠱ᠌ᠢᠶᠡᠴᠢ》 ᠵᠢᠨ ᠲᠣᠭᠣᠷᠢᠨ ᠮᠡᠳᠡᠭᠦᠯᠦᠯᠲᠡ ᠵᠢᠨ ᠬᠤᠷᠠᠯ ᠤᠢ᠍ᠢᠷ᠎ᠠ᠎ᠳᠤ ᠠᠯᠠᠱᠠ ᠠᠢᠮᠠᠭ᠎ᠤᠨ ᠠᠯᠠᠱᠠ ᠵᠡᠭᠦᠨ ᠬᠣᠱᠢᠭᠤ ᠪᠣᠯᠤᠨ ᠪᠠᠶᠠᠨᠨᠠᠭᠤᠷ ᠬᠤᠳᠠ᠎ᠶ᠋ᠢᠨ ᠳ᠋ᠸᠩᠺᠸᠤ ᠱᠢᠶᠠᠨ᠎ᠳᠤ ᠶᠠᠪᠤᠭ᠍ᠳᠠᠪᠠ᠃
4 ᠰᠠᠷ᠎ᠠ᠎ᠶ᠋ᠢᠨ 16 ᠤ᠋ ᠦᠳᠡ᠎ᠶ᠋ᠢᠨ ᠬᠣᠢᠨ᠎ᠠ᠂ ᠮᠡᠳᠡᠭᠦᠯᠦᠯᠲᠡ᠎ᠶ᠋ᠢᠨ ᠬᠤᠷᠠᠯ ᠠᠯᠠᠱᠠ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠦ ᠶᠠᠪᠤᠭ᠍ᠳᠠᠵᠤ᠂ ᠲᠤᠬᠠᠶ᠎ᠶ᠋ᠢᠨ ᠲᠠᠯᠠᠪᠠᠶ᠎ᠳᠤ ᠲᠡᠷᠢᠭᠦᠨ᠎ᠦ ᠦᠶ᠋ᠯᠡ ᠠᠵᠢᠯᠯᠠᠭ᠎ᠠ᠎ᠶ᠋ᠢᠨ ᠣᠬᠣᠷ ᠹᠢᠯᠢᠮ᠂ ᠮᠡᠳᠡᠭᠦᠯᠦᠯᠲᠡ᠎ᠶ᠋ᠢᠨ ᠪᠦᠯᠬᠦᠮ᠎ᠦᠨ ᠭᠡᠱᠢᠭᠦᠳ᠎ᠦᠨ ᠭᠣᠢᠳᠠ ᠰᠠᠢᠬᠠᠨ ᠤᠬᠠᠭᠤᠯᠤᠨ ᠲᠠᠢᠯᠪᠤᠷᠢᠯᠠᠯᠳᠠ ᠵᠢᠴᠢ ᠤᠷᠠᠨ ᠰᠠᠢᠬᠠᠨ᠎ᠤ ᠲᠣᠭ᠍ᠯᠠᠯᠲᠠ᠎ᠶ᠋ᠢᠨ ᠬᠡᠯᠪᠡᠷᠢ᠎ᠪᠡᠷ ᠳᠠᠮᠵᠢᠭᠤᠯᠤᠨ 《ᠤᠮᠠᠷᠠᠲᠤ ᠬᠢᠯᠢ᠎ᠶ᠋ᠢᠨ ᠵᠢᠱ᠌ᠢᠶᠡᠴᠢ》 《ᠪᠣᠬᠢᠷᠲᠤᠯ ᠥᠬᠡᠶ ᠦᠦᠱᠢᠨ》 ᠡᠯᠡᠰᠦ᠎ᠶ᠋ᠢ ᠵᠠᠰᠠᠭ᠍ᠰᠠᠨ ᠪᠦᠯᠬᠦᠮ ᠨᠡᠢᠳᠡ ᠵᠢᠨ ᠲᠥᠯᠥᠭᠡᠯᠡᠭ᠌ᠴᠢ ᠪᠣᠷᠣᠯᠳᠠᠶ᠂ ᠶᠢᠨ ᠢᠦᠶ ᠵᠧᠨ᠂ ᠯᠢᠦ ᠡᠯ ᠹᠧᠶ᠎ᠶ᠋ᠢᠨ ᠡᠯᠡᠰᠦ᠎ᠶ᠋ᠢ ᠵᠠᠰᠠᠭ᠍ᠰᠠᠨ ᠬᠦᠮᠦᠰ᠎ᠤᠨ ᠥᠯᠢᠭᠡᠷ᠎ᠢ ᠰᠡᠳᠬᠢᠯ ᠬᠦᠳᠡᠯᠭᠡᠮ᠎ᠡ ᠶᠠᠷᠢᠪᠠ;《ᠤᠮᠠᠷᠠᠲᠤ ᠬᠢᠯᠢ᠎ᠶ᠋ᠢᠨ ᠵᠢᠱ᠌ᠢᠶᠡᠴᠢ》《ᠳ᠋ᠸᠩᠺᠸᠤ᠎ᠶ᠋ᠢᠨ ᠵᠠᠭ᠍ᠪᠤᠷ》 ᠤ᠋ᠨ ᠡᠯᠡᠰᠦ᠎ᠶ᠋ᠢ ᠵᠠᠰᠠᠭ᠍ᠰᠠᠨ ᠪᠦᠯᠬᠦᠮᠨᠡᠢᠳᠡ ᠵᠢᠨ ᠲᠥᠯᠥᠭᠡᠯᠡᠭ᠌ᠴᠢ ᠰᠢᠶᠧ ᠾᠧ ᠷᠧᠨ᠂ ᠤᠬᠠᠭᠠᠨᠳᠦ᠎ᠶ᠋ᠢᠨ ᠥᠯᠢᠭᠡᠷ᠎ᠢ ᠶᠠᠷᠢᠵᠤ᠂ ᠱᠢᠨ᠎ᠡ ᠴᠠᠭ ᠦᠶ᠎ᠡ᠎ᠶ᠋ᠢᠨ ᠡᠯᠡᠰᠦᠷᠭᠡᠭᠵᠢᠯ᠎ᠢ ᠰᠡᠷᠭᠡᠢᠯᠡᠵᠦ ᠡᠯᠡᠰᠦ᠎ᠶ᠋ᠢ ᠵᠠᠰᠠᠭ᠍ᠰᠠᠨ 《 ᠳ᠋ᠸᠩᠺᠸᠤ᠎ᠶ᠋ᠢᠨ ᠵᠠᠭ᠍ᠪᠤᠷ》 ᠢ᠋ ᠨᠠᠷᠢᠨ ᠲᠠᠨᠢᠯᠴᠠᠭᠤᠯᠪᠠ᠃
《〈ᠤᠮᠠᠷᠠᠲᠤ ᠬᠢᠯᠢ᠎ᠶ᠋ᠢᠨ ᠵᠢᠱ᠌ᠢᠶᠡᠴᠢ〉 ᠠᠯᠠᠱᠠ᠎ᠳᠤ ᠢᠷᠡᠵᠦ᠍᠂ ᠪᠢᠳᠡᠨ᠎ᠳᠦ ᠰᠡᠳᠭᠢᠯ ᠳᠣᠭ᠍ᠳᠣᠯᠤᠮᠠ ᠦᠵᠡᠯ ᠰᠠᠨᠠᠭᠠᠨ᠎ᠤ ᠬᠢᠴᠢᠶᠡᠯ ᠤᠷᠤᠪᠠ᠃ ᠪᠢᠳᠡ ᠲᠡᠳᠡᠨ᠎ᠦ ᠴᠥᠬᠥᠷᠡᠰᠢ ᠥᠬᠡᠶ ᠳᠡᠮᠡᠴᠡᠬᠦ᠂ ᠬᠦᠴᠢᠷ ᠪᠡᠷᠬᠡᠱᠢᠶᠡᠯ᠎ᠡᠴᠡ ᠠᠶᠤᠬᠤ ᠥᠬᠡᠶ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠵᠣᠷᠢᠭ ᠰᠠᠨᠠᠭ᠎ᠠ᠎ᠶ᠋ᠢ ᠰᠤᠷᠤᠯᠴᠠᠵᠤ᠂ ᠪᠣᠳᠠᠲᠠᠶ ᠠᠵᠢᠯ᠎ᠤᠨ ᠳᠤᠮᠳᠠ᠎ᠪᠠᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ 〈ᠠᠯᠠᠱᠠ᠎ᠶ᠋ᠢᠨ ᠵᠠᠭ᠍ᠪᠤᠷ〉 ᠢ᠋ ᠴᠢᠷᠮᠠᠢᠨ ᠠᠬᠢᠭᠤᠯᠤᠨ᠎ᠠ᠃ ᠬᠣᠢᠱᠢᠳᠠ ᠪᠢᠳᠡ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠵᠡᠷᠭᠡ ᠡᠯ᠎ᠡ ᠲᠥᠷᠥᠯ᠎ᠦᠨ ᠲᠡᠷᠢᠭᠦᠨ᠎ᠦ ᠨᠡᠢᠲᠡᠯᠢᠭ ᠵᠢᠱ᠌ᠢᠶ᠎ᠡ᠎ᠶ᠋ᠢ ᠠᠭᠤᠳᠠᠯᠬᠤ᠂ ᠰᠣᠩᠭᠣᠨ ᠪᠣᠶ ᠪᠣᠯᠭᠠᠬᠤ ᠡᠷᠴᠢᠮ᠎ᠢᠶᠡᠨ ᠴᠢᠩᠭᠠᠷᠠᠭᠤᠯᠵᠤ᠂ ᠠᠯᠠᠱᠠ ᠵᠡᠭᠦᠨ ᠬᠣᠱᠢᠭᠤᠨ᠎ᠤ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠠᠯᠠᠱᠠ ᠵᠡᠭᠦᠨ ᠬᠣᠱᠢᠭᠤᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ ᠵᠢᠩ ᠱᠢᠤᠸᠠᠢ ᠶᠠᠷᠢᠪᠠ᠃
《ᠮᠡᠳᠡᠭᠦᠯᠦᠯᠲᠡ᠎ᠶ᠋ᠢᠨ ᠬᠤᠷᠠᠯ᠎ᠳᠤ ᠶᠠᠷᠢᠭ᠍ᠰᠠᠨ ᠦᠢᠯᠡ ᠠᠵᠢᠯᠯᠠᠭ᠎ᠠ ᠨᠢ ᠪᠢᠳᠡᠨ᠎ᠳᠦ ᠮᠠᠰᠢ ᠶᠡᠬᠡ ᠵᠣᠷᠢᠭ᠍ᠵᠢᠭᠤᠯᠤᠯ ᠪᠣᠯᠵᠠᠢ᠂ ᠳ᠋ᠸᠩᠺᠸᠤ ᠱᠢᠶᠠᠨ ᠪᠣᠯᠤᠨ ᠦᠦᠱᠢᠨ ᠬᠣᠱᠢᠭᠤᠨ᠎ᠤ ᠵᠠᠰᠠᠯᠲᠠ ᠪᠠ ᠬᠥᠭ᠌ᠵᠢᠯᠲᠡ᠎ᠶ᠋ᠢᠨ ᠵᠠᠭ᠍ᠪᠤᠷ ᠨᠢ ᠮᠠᠨ᠎ᠤ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠠᠵᠢᠯ᠎ᠳᠤ ᠮᠠᠰᠢ ᠶᠡᠬᠡ ᠲᠤᠯᠢ ᠪᠣᠯᠬᠤ ᠠᠴᠢ ᠬᠣᠯᠪᠣᠭ᠍ᠳᠠᠯ᠎ᠲᠠᠶ ᠶᠤᠮ᠃ ᠲᠡᠳᠡᠨ᠎ᠦ ᠲᠡᠷᠢᠭᠦᠨ᠎ᠦ ᠲᠤᠷᠱᠢᠯᠭ᠎ᠠ᠎ᠶ᠋ᠢ ᠱᠢᠩᠭᠡᠭᠡᠨ ᠳᠡᠯᠭᠡᠷᠡᠭᠦᠯᠵᠦ᠍᠂ ᠡᠯᠡᠰᠦᠷᠭᠡᠭᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠪᠠ ᠴᠦᠯᠯᠡᠷᠭᠡᠭ᠌ᠵᠢᠯ᠎ᠢ ᠵᠠᠰᠠᠬᠤ 〈ᠠᠯᠠᠱᠠ᠎ᠶ᠋ᠢᠨ ᠵᠠᠭ᠍ᠪᠤᠷ〉᠎ᠢ᠋ ᠪᠠᠶᠠᠯᠢᠭ᠍ᠵᠢᠭᠤᠯᠤᠨ ᠲᠡᠭᠦᠯᠳᠡᠷᠵᠢᠭᠦᠯᠵᠦ᠍᠂ ᠬᠠᠲᠤᠨ ᠭᠤᠤᠯ᠎ᠤᠨ 〈ᠳᠤᠬᠤᠢ ᠵᠢᠨ ᠤᠷᠤᠨ〉 ᠤ᠋ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠨ᠎ᠠ》 ᠭᠡᠵᠦ ᠠᠯᠠᠱᠠ ᠵᠡᠭᠦᠨ ᠬᠣᠱᠢᠭᠤᠨ᠎ᠤ ᠱᠢᠨᠵᠢᠯᠡᠬᠦ᠌ ᠤᠬᠠᠭᠠᠨ ᠮᠡᠷᠭᠡᠵᠢᠯ ᠪᠠ ᠣᠶ ᠱᠢᠭᠤᠶ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠬᠣ᠌ᠳ᠋ᠸ ᠱᠸᠨᠭ᠌ ᠢᠯᠡᠷᠬᠡᠢᠯᠡᠨᠠ᠃
《ᠮᠡᠳᠡᠭᠦᠯᠦᠯᠲᠡ᠎ᠶ᠋ᠢᠨ ᠬᠤᠷᠠᠯ᠎ᠢ ᠰᠣᠨᠣᠰᠭᠤ᠎ᠪᠠᠷ ᠲᠠᠮᠵᠢᠨ ᠲᠤᠬᠠᠢ᠎ᠶ᠋ᠢᠨ ᠵᠢᠯ᠎ᠦᠨ ᠠᠮᠢ ᠠᠬᠤᠢ ᠣᠷᠴᠢᠨ ᠲᠣᠭᠣᠷᠢᠨ᠎ᠤ ᠮᠠᠭᠤ ᠪᠠᠢᠳᠠᠯ ᠪᠣᠯᠤᠨ ᠡᠯᠡᠰᠦ ᠵᠢ ᠵᠠᠰᠠᠭ᠍ᠴᠢᠳ᠎ᠤᠨ ᠬᠦᠴᠢᠷ ᠵᠣᠪᠠᠭᠤᠷᠢ᠎ᠶ᠋ᠢ ᠣᠢᠯᠠᠭᠠᠵᠤ ᠂ ᠲᠡᠳᠡᠨ᠎ᠦ ᠬᠠᠯᠠᠭᠤᠨ ᠰᠡᠳᠭᠢᠯᠭᠡ ᠪᠣᠯᠤᠨ ᠡᠷᠴᠢ ᠵᠣᠷᠢᠭᠲᠤ ᠭᠦᠨ ᠨᠥᠯᠥᠭᠡᠯᠡᠭ᠌ᠳᠡᠪᠡ᠃ ᠬᠣᠢᠱᠢᠳᠠ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠳᠤ ᠨᠡᠩ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠤᠲᠤᠭ ᠤᠰᠤᠨ᠎ᠤ᠎ᠪᠠᠨ ᠨᠣᠭᠣᠭᠠᠷᠠᠭᠤᠯᠤᠯᠳᠠ᠎ᠳᠦ ᠬᠤᠪᠢ ᠨᠡᠮᠡᠷᠢ ᠦᠵᠡᠭᠦᠯᠦᠨ᠎ᠡ》 ᠭᠡᠵᠦ ᠠᠯᠠᠱᠠ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠰᠤᠷᠤᠭ᠍ᠴᠢ ᠵᠠᠩ ᠵᠢᠩ ᠵᠤᠷᠢᠭ ᠵᠢᠡᠨ ᠢᠯᠡᠳᠭᠡᠵᠦ ᠪᠠᠢᠯ᠎ᠠ᠃
4 ᠰᠠᠷ᠎ᠠ᠎ᠶ᠋ᠢᠨ 18 ᠤ᠋ ᠡᠳᠦᠷ᠂ 《ᠤᠮᠠᠷᠠᠲᠤ ᠬᠢᠯᠢ᠎ᠶ᠋ᠢᠨ ᠵᠢᠱ᠌ᠢᠶᠡᠴᠢ》 ᠶ᠋ᠢᠨ ᠲᠣᠭᠣᠷᠢᠨ ᠮᠡᠳᠡᠭᠦᠯᠦᠯᠲᠡ᠎ᠶ᠋ᠢᠨ ᠬᠤᠷᠠᠯ ᠳ᠋ᠸᠩᠺᠸᠤ ᠱᠢᠶᠠᠨ᠎ᠳᠤ ᠶᠠᠪᠤᠭ᠍ᠳᠠᠪᠠ᠃ ᠮᠡᠳᠡᠭᠦᠯᠦᠯᠲᠡ᠎ᠶ᠋ᠢᠨ ᠬᠤᠷᠠᠯ᠎ᠨᠢ ᠣᠯᠠᠨ ᠵᠦᠶ᠋ᠯ᠎ᠦᠨ ᠬᠡᠯᠪᠡᠷᠢ᠎ᠪᠡᠷ ᠠᠬᠠᠮᠠᠳ ᠨᠢᠭᠡ ᠦᠶ᠎ᠡ᠎ᠶ᠋ᠢᠨ ᠡᠯᠡᠰᠦ ᠵᠢ ᠵᠠᠰᠠᠭ᠍ᠰᠠᠨ ᠬᠥᠮᠦᠰ᠎ᠦᠨ ᠰᠡᠳᠭᠢᠯ ᠬᠥᠳᠡᠯᠭᠡᠮ᠎ᠡ ᠦᠶ᠋ᠯᠡ ᠠᠵᠢᠯᠯᠠᠭ᠎ᠠ ᠪᠣᠯᠤᠨ ᠱᠢᠨ᠎ᠡ ᠴᠠᠭ ᠦᠶ᠎ᠡ᠎ᠶ᠋ᠢᠨ ᠮᠠᠯᠴᠢᠨ ᠲᠠᠷᠢᠶᠠᠴᠢᠨ᠎ᠤ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠭ᠍ᠰᠠᠨ ᠦᠨᠡᠨ ᠪᠣᠳᠠᠲᠠᠶ ᠥᠩᠭᠡᠷᠡᠯᠲᠡ᠎ᠶ᠋ᠢ ᠳᠠᠬᠢᠨ ᠢᠯᠡᠷᠡᠭᠦᠯᠦᠭ᠌ᠰᠡᠨ ᠪᠥᠭᠡᠳ ᠪᠠᠰᠠ ᠦᠵᠡᠭ᠌ᠴᠢᠳ᠎ᠲᠦ ᠦᠦᠱᠢᠨ ᠬᠣᠱᠢᠭᠤᠨ᠎ᠤ ᠣᠶ ᠱᠢᠭᠤᠶ ᠡᠪᠡᠰᠦ ᠪᠡᠯᠴᠢᠭᠡᠷ᠎ᠦᠨ ᠱᠢᠰᠲ᠋ᠧᠮ᠎ᠦᠨ ᠳ᠋ᠦᠩᠨᠡᠵᠦ᠍ ᠭᠠᠷᠭᠠᠭ᠍ᠰᠠᠨ 《ᠭᠤᠷᠪᠠᠨ ᠡᠱᠢᠲᠦ ᠱᠢᠭᠢᠳᠭᠡᠯ᠎ᠦᠨ ᠠᠷᠭ᠎ᠠ》 ᠶ᠋ᠢᠨ ᠬᠡᠷᠡᠭ᠌ᠯᠡᠯᠲᠡ ᠪᠣᠯᠤᠨ ᠦᠶ᠋ᠯᠡᠳᠦᠯᠭᠡ᠎ᠶ᠋ᠢᠨ ᠦᠷ᠎ᠡ ᠪᠦᠲᠦᠭᠡᠯ ᠵᠡᠷᠭᠡ᠎ᠶ᠋ᠢ ᠲᠠᠨᠢᠯᠴᠠᠭᠤᠯᠪᠠ᠃
《ᠨᠢᠭᠡᠨ ᠤᠬᠠᠭᠤᠯᠤᠨ ᠲᠠᠢᠯᠪᠤᠷᠢᠯᠠᠭ᠍ᠴᠢ ᠪᠣᠯᠤᠭ᠍ᠰᠠᠨ᠎ᠤ ᠬᠤᠪᠢ᠎ᠳᠤ ᠡᠨᠡ ᠤᠳᠠᠭ᠎ᠠ᠎ᠶ᠋ᠢᠨ ᠮᠡᠳᠡᠭᠦᠯᠦᠯᠲᠡ᠎ᠶ᠋ᠢᠨ ᠬᠤᠷᠠᠯ᠎ᠳᠤ ᠣᠷᠣᠯᠴᠠᠵᠤ ᠂ ᠤᠯᠠᠨ᠎ᠳᠤ ᠠᠪᠤ᠎ᠵᠢᠨ ᠵᠢᠡᠨ ᠡᠯᠡᠰᠦ᠎ᠶ᠋ᠢ ᠵᠠᠰᠠᠭ᠍ᠰᠠᠨ ᠦᠯᠢᠭᠡᠷ᠎ᠢ ᠶᠠᠷᠢᠵᠤ ᠥᠭ᠌ᠭᠦᠭ᠌ᠰᠡᠨ᠎ᠳᠡᠭᠡᠨ ᠮᠠᠰᠢ ᠠᠵᠠ᠎ᠲᠠᠶ ᠰᠠᠨᠠᠬᠳᠠᠵᠦ ᠪᠠᠢᠨ᠎ᠠ᠃ ᠬᠣᠢᠱᠢᠳᠠ ᠡᠳᠡᠭᠡᠷ ᠰᠠᠢ᠌ᠨ ᠲᠤᠷᠱᠢᠯᠭ᠎ᠠ ᠪᠠ ᠠᠷᠭ᠎ᠠ᠎ᠶ᠋ᠢ ᠳᠡᠯᠭᠡᠷᠡᠭᠦᠯᠦᠨ ᠤᠬᠠᠭᠤᠯᠬᠤ ᠲᠣᠬᠢᠶᠠᠯ ᠨᠡᠩ ᠠᠷᠪᠢᠨ ᠪᠠᠢᠬᠤ᠎ᠶ᠋ᠢ ᠬᠦᠰᠡᠵᠦ᠍ ᠪᠠᠢᠨ᠎ᠠ》 ᠭᠡᠵᠦ ᠮᠡᠳᠡᠭᠦᠯᠦᠯᠲᠡ᠎ᠶ᠋ᠢᠨ ᠪᠦᠯᠬᠦᠮ᠎ᠦᠨ ᠪᠦᠷᠢᠯᠳᠦᠬᠦᠨ᠂ 《ᠳ᠋ᠸᠩᠺᠸᠤ ᠵᠢᠨ ᠵᠠᠭ᠍ᠪᠤᠷ》 ᠤ᠋ᠨ ᠡᠯᠡᠰᠦ᠎ᠶ᠋ᠢ ᠵᠠᠰᠠᠭ᠍ᠰᠠᠨ ᠪᠦᠯᠬᠦᠮ ᠨᠡᠢᠳᠡ ᠵᠢᠨ ᠲᠥᠯᠥᠭᠡᠯᠡᠭ᠌ᠴᠢ ᠱᠢᠶ᠍ᠸ ᠾᠧ ᠷᠧᠨ ᠬᠡᠯᠡᠪᠡ᠃
《ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠠᠵᠢᠯᠳᠠᠨ ᠪᠣᠯᠤᠭ᠍ᠰᠠᠨ᠎ᠤ ᠬᠤᠪᠢ᠎ᠳᠤ ᠥᠨᠥᠳᠦᠷ᠎ᠦᠨ ᠮᠡᠳᠡᠭᠦᠯᠦᠯᠲᠡ᠎ᠶ᠋ᠢᠨ ᠬᠤᠷᠠᠯ᠎ᠳᠤ ᠣᠷᠣᠯᠴᠠᠵᠤ 〈ᠤᠮᠠᠷᠠᠲᠤ ᠬᠢᠯᠢ᠎ᠶ᠋ᠢᠨ ᠵᠢᠱ᠌ᠢᠶᠡᠴᠢ〉 ᠡᠯᠡᠰᠦ ᠵᠢ ᠵᠠᠰᠠᠬᠰᠠᠨ ᠪᠦᠯᠬᠦᠮ ᠨᠡᠢᠳᠡ ᠵᠢᠴᠢ ᠡᠯᠡᠰᠦ ᠵᠢ ᠵᠠᠰᠠᠭ᠍ᠰᠠᠨ ᠲᠡᠷᠢᠭᠦᠨ᠎ᠦ ᠵᠢᠱ᠌ᠢᠶᠡᠴᠢ᠎ᠲᠡᠶ ᠠᠭᠤᠯᠵᠠᠭᠰᠠᠨ᠎ᠳᠠᠭᠠᠨ ᠮᠠᠰᠢ ᠣᠮᠣᠭ᠍ᠰᠢᠵᠤ ᠪᠠᠢᠨ᠎ᠠ᠃ ᠮᠥᠨᠴᠦ᠍ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ᠎ᠳᠤ ᠣᠷᠣᠯᠴᠠᠬᠤ᠂ 〈ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ〉 ᠵᠢ ᠬᠠᠮᠠᠭᠠᠯᠠᠬᠤ ᠴᠢᠬᠤᠯᠠ ᠴᠢᠨᠠᠷ᠎ᠢ ᠨᠠᠳᠠ᠎ᠳᠤ ᠭᠦᠨᠵᠡᠭᠡᠢ ᠲᠠᠨᠢᠭᠤᠯᠵᠠᠢ᠃ ᠬᠣᠢᠱᠢᠳᠠ᠎ᠶ᠋ᠢᠨ ᠠᠵᠢᠯ᠎ᠳᠠᠭᠠᠨ ᠪᠢ ᠪᠣᠳᠠᠲᠤ ᠠᠵᠢᠯᠯᠠᠭ᠎ᠠ᠎ᠪᠠᠷ᠎ᠢᠶᠠᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠵᠣᠷᠢᠭ ᠰᠠᠨᠠᠭ᠎ᠠ᠎ᠶ᠋ᠢ ᠦᠢᠯᠡᠳᠦᠯᠭᠡᠵᠢᠭᠦᠯᠵᠦ᠍᠂ ᠡᠨᠡ ᠬᠦ᠌ 〈ᠬᠦᠬᠡ ᠣᠭ᠍ᠲᠠᠷᠭᠤᠢ᠂ ᠬᠥᠬᠡᠮᠳᠦᠭ ᠤᠰᠤ᠂ ᠠᠷᠢᠭᠤᠨ ᠬᠥᠷᠥᠰᠥ᠍〉 ᠵᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠨ᠎ᠡ》 ᠭᠡᠵᠦ᠍ ᠳ᠋ᠸᠩᠺᠸᠤ ᠱᠢᠶᠠᠨ᠎ᠤ ᠡᠯᠡᠰᠦᠷᠬᠡᠭ᠌ᠵᠢᠯ᠎ᠢ ᠰᠡᠷᠭᠡᠢᠯᠡᠵᠦ᠍ ᠡᠯᠡᠰᠦ ᠵᠢ ᠵᠠᠰᠠᠬᠤ ᠲᠣᠪᠴᠢᠶᠠᠨ᠎ᠤ ᠶᠡᠷᠦᠩᠬᠡᠢᠯᠡᠭ᠌ᠰᠡᠨ ᠠᠯᠪᠠᠨ ᠭᠡᠷ᠎ᠦᠨ ᠠᠵᠢᠯᠲᠠᠨ ᠰᠣ᠌ ᠬᠤᠢ ᠬᠡᠯᠡᠪᠡ᠃
《ᠤᠮᠠᠷᠠᠲᠤ ᠬᠢᠯᠢ᠎ᠶ᠋ᠢᠨ ᠵᠢᠱ᠌ᠢᠶᠡᠴᠢ》 ᠵᠢᠨ ᠵᠣᠪᠠᠭᠤᠷᠢ ᠵᠦᠳᠡᠭᠦᠷᠢ᠎ᠶ᠋ᠢ ᠲᠡᠰᠪᠦᠷᠢᠯᠡᠵᠦ᠍᠂ ᠴᠤᠴᠠᠯᠲᠠ ᠦᠭᠡᠢ ᠤᠷᠤᠭ᠍ᠰᠢᠯᠠᠬᠤ ᠵᠣᠷᠢᠭ ᠰᠠᠨᠠᠭ᠎ᠠ ᠨᠢ ᠤᠯᠠᠨ᠎ᠤ ᠡᠷᠡᠯᠬᠡᠭ᠌ᠯᠡᠨ ᠤᠷᠤᠭ᠍ᠰᠢᠯᠠᠬᠤ᠎ᠶ᠋ᠢ ᠵᠣᠷᠢᠭ᠍ᠵᠢᠭᠤᠯᠵᠤ ᠪᠠᠢᠨ᠎ᠠ᠃ ᠤᠯᠠᠨ᠎ᠢᠶᠠᠷ᠎ᠢᠶᠠᠨ᠂ ᠦᠯᠢᠭᠡᠷ ᠳᠠᠭᠤᠷᠢᠶᠠᠯ᠎ᠤᠨ ᠬᠦᠴᠦᠨ᠎ᠢᠶᠡᠷ ᠵᠢᠯᠤᠭᠤᠳᠤᠯᠭ᠎ᠠ ᠪᠣᠯᠭᠠᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠠᠵᠢᠯ᠎ᠳᠤ ᠢᠳᠡᠪᠬᠢᠲᠡᠢ ᠣᠷᠣᠯᠴᠠᠨ᠎ᠠ ᠭᠡᠵᠦ᠍ ᠢᠯᠡᠳᠭᠡᠵᠡᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃