2024-05-16 10:13:49
ᠭᠠᠵᠠᠷ ᠣᠷᠣᠨ ᠨᠢᠭᠡ ᠪᠦᠷᠢ᠎ᠶ᠋ᠢᠨ ᠰᠣᠶᠣᠯ ᠨᠢ ᠴᠥᠮ ᠥᠪᠡᠷ᠎ᠦᠨ ᠣᠨᠴᠠᠯᠢᠭ᠎ᠢᠶᠠᠷ ᠢᠯᠡ ᠲᠣᠳᠣ ᠰᠣᠶᠣᠯ᠎ᠤᠨ ᠣᠢᠯᠠᠭᠠᠭ᠍ᠳᠠᠬᠤᠨ ᠪᠠ ᠴᠢᠬᠤᠯᠠ ᠦᠵᠡᠯ ᠰᠠᠨᠠᠭ᠎ᠠ᠎ᠲᠠᠶ ᠪᠠᠢᠳᠠᠭ᠂ ᠬᠠᠷᠢᠨ ᠡᠳᠡᠭᠡᠷ ᠰᠣᠶᠣᠯ᠎ᠤᠨ ᠣᠢᠯᠠᠭᠠᠭ᠍ᠳᠠᠬᠤᠨ᠎ᠳᠠᠬᠢ ᠵᠠᠷᠢᠮ ᠣᠢᠯᠠᠭᠠᠭ᠍ᠳᠠᠬᠤᠨ ᠨᠢ ᠮᠥᠨ ᠴᠦ᠍ ᠵᠠᠩᠭᠢᠯᠠᠭ᠎ᠠ᠎ᠶ᠋ᠢᠨ ᠪᠠᠢᠷᠢᠨ᠎ᠳᠤ ᠪᠠᠢᠵᠤ᠂ ᠪᠦᠬᠦᠢᠯᠡ ᠣᠢᠯᠠᠭᠠᠭ᠍ᠳᠠᠬᠤᠨ᠎ᠤ ᠱᠢᠰᠲ᠋ᠧᠮ ᠴᠢᠨᠠᠭ᠍ᠰᠢᠯᠠᠪᠠᠯ ᠰᠣᠶᠣᠯ᠎ᠤᠨ ᠪᠦᠬᠦᠯᠢ ᠴᠣᠭ᠍ᠴᠠ᠎ᠳᠤ ᠶᠡᠷᠦᠩᠬᠡᠢᠯᠡᠨ ᠵᠠᠬᠢᠷᠬᠤ ᠦᠢᠯᠡᠳᠦᠯ ᠦᠵᠡᠭᠦᠯᠵᠦ᠍᠂ ᠰᠣᠶᠣᠯ᠎ᠤᠨ ᠬᠡᠯᠪᠡᠷᠢ ᠪᠠᠢᠳᠠᠯ᠎ᠤᠨ ᠳᠦᠷᠰᠦ ᠪᠠᠢᠳᠠᠯ ᠪᠠ ᠱᠢᠨᠵᠢ ᠴᠢᠨᠠᠷ᠎ᠢ ᠲᠣᠭ᠍ᠲᠠᠭᠠᠵᠤ᠂ ᠪᠦᠬᠦᠢᠯᠡ ᠰᠣᠶᠣᠯ᠎ᠤᠨ ᠱᠢᠰᠲ᠋ᠧᠮ᠎ᠦᠨ ᠵᠣᠬᠢᠬᠤ ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠬᠦᠳᠦᠯᠦᠨ ᠳᠠᠭᠠᠭᠤᠯᠳᠠᠭ᠃ ᠣᠳᠣᠬᠠᠨ᠎ᠳᠤ᠂ ᠤᠮᠠᠷᠠᠲᠤ ᠬᠢᠯᠢ᠎ᠶ᠋ᠢᠨ ᠰᠣᠶᠣᠯ᠎ᠤᠨ ᠤᠬᠠᠭ᠍ᠳᠠᠬᠤᠨ᠎ᠢ ᠨᠢᠭᠡᠨᠲᠡ ᠠᠩᠬ᠎ᠠ ᠠᠯᠬᠤᠮ ᠲᠣᠭ᠍ᠲᠠᠭᠠᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠲᠦᠷᠦᠯ ᠲᠡᠮᠳᠡᠭ᠎ᠦᠨ ᠠᠯᠳᠠᠷᠱᠢᠯ ᠴᠤ᠌ ᠠᠯᠬᠤᠮ ᠠᠯᠬᠤᠮ᠎ᠢᠶᠠᠷ ᠳᠡᠭᠡᠭ᠌ᠰᠢᠯᠡᠵᠦ᠍᠂ ᠨᠡᠢᠭᠡᠮ᠎ᠦᠨ ᠡᠯ᠎ᠡ ᠡᠲᠡᠭᠡᠳ᠎ᠦᠨ ᠬᠢᠨ᠎ᠦ ᠥᠷᠭᠡᠨ ᠳᠡᠯᠭᠡᠷ ᠠᠩᠬᠠᠷᠤᠯ᠎ᠢ ᠲᠠᠲᠠᠵᠤ ᠪᠠᠢᠨ᠎ᠠ᠃ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢᠨ ᠦᠷᠭᠦᠯᠵᠢᠯᠡᠨ ᠠᠭᠢᠬᠤ᠎ᠶ᠋ᠢ ᠳᠠᠭᠠᠯᠳᠤᠨ ᠣᠳᠣᠬᠠᠨ᠎ᠳᠤ ᠲᠡᠭᠦᠨ᠎ᠳᠦ ᠠᠭᠤᠯᠤᠭ᠍ᠳᠠᠵᠤ ᠪᠠᠢᠭ᠎ᠠ ᠭᠤᠤᠯᠯᠠᠬᠤ ᠣᠢᠯᠠᠭᠠᠭ᠍ᠳᠠᠬᠤᠨ᠎ᠢ ᠴᠢᠨᠠᠭᠰᠢᠳᠠ ᠠᠭᠤᠳᠠᠯᠬᠤ ᠪᠠ ᠲᠣᠳᠣᠷᠬᠠᠢᠯᠠᠨ ᠥᠭᠦᠯᠡᠬᠦ᠌ ᠴᠢᠬᠤᠯᠠᠲᠠᠶ ᠪᠠᠢᠨ᠎ᠠ᠃ ᠤᠮᠠᠷᠠᠲᠤ ᠬᠢᠯᠢ᠎ᠶ᠋ᠢᠨ ᠰᠣᠶᠣᠯ ᠣᠷᠳᠣ ᠬᠤᠭᠤᠴᠠᠭᠠᠨ᠎ᠤ ᠬᠤᠷᠠᠮᠳᠤᠬᠤ ᠶᠠᠪᠤᠴᠠ᠎ᠳᠤ ᠮᠠᠰᠢ ᠣᠯᠠᠨ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠦᠵᠡᠯᠳᠡ ᠪᠠ ᠦᠵᠡᠯ ᠰᠠᠨᠠᠭ᠎ᠠ᠎ᠶ᠋ᠢ ᠪᠦᠷᠢᠯᠳᠦᠭᠦᠯᠦᠭ᠌ᠰᠡᠨ ᠪᠠᠢᠨ᠎ᠠ᠂ ᠡᠭᠦᠨ᠎ᠳᠦ ᠬᠠᠮᠤᠭ᠎ᠤᠨ ᠨᠡᠢᠲᠡᠯᠢᠭ᠂ ᠬᠠᠮᠤᠭ᠎ᠤᠨ ᠭᠤᠤᠯ ᠪᠣᠯᠬᠤ ᠨᠢ᠄ ᠤᠯᠤᠰ᠎ᠢᠶᠠᠨ ᠬᠠᠢᠷᠠᠯᠠᠬᠤ᠂ ᠦᠨᠡᠨᠴᠢ ᠱᠢᠳᠤᠷᠭᠤ᠂ ᠪᠦᠯᠬᠦᠮᠳᠡᠯ᠂ ᠬᠠᠷᠢᠭᠤᠴᠠᠯᠭ᠎ᠠ ᠡᠭᠦᠷᠭᠡᠯᠡᠯ ᠪᠣᠯᠤᠨ᠎ᠠ᠂ ᠡᠳᠡᠭᠡᠷ ᠨᠢ ᠤᠮᠠᠷᠠᠲᠤ ᠬᠢᠯᠢ᠎ᠶ᠋ᠢᠨ ᠰᠣᠶᠣᠯ᠎ᠤᠨ ᠭᠤᠤᠯᠯᠠᠬᠤ ᠣᠢᠯᠠᠭᠠᠭ᠍ᠳᠠᠬᠤᠨ ᠮᠥᠨ᠂ ᠤᠮᠠᠷᠠᠲᠤ ᠬᠢᠯᠢ᠎ᠶ᠋ᠢᠨ ᠰᠣᠶᠣᠯ᠎ᠤᠨ ᠥᠷᠲᠡᠭ᠎ᠦᠨ ᠬᠠᠨᠳᠤᠰᠢ᠎ᠶ᠋ᠢᠨ ᠲᠠᠯ᠎ᠠ᠎ᠪᠠᠷ ᠬᠢ ᠲᠥᠪᠯᠡᠷᠡᠩᠭᠦᠶ ᠢᠯᠡᠷᠡᠯ ᠮᠥᠨ᠂ ᠤᠮᠠᠷᠠᠲᠤ ᠬᠢᠯᠢ᠎ᠶ᠋ᠢᠨ ᠰᠣᠶᠣᠯ᠎ᠤᠨ ᠦᠨᠳᠦᠰᠦᠨ ᠠᠭᠤᠯᠭ᠎ᠠ᠂ ᠦᠨᠳᠦᠰᠦᠨ ᠵᠣᠷᠢᠭ ᠰᠠᠨᠠᠭᠠᠨ᠎ᠤ ᠮᠥᠨ ᠴᠢᠨᠠᠷ᠎ᠤᠨ ᠬᠤᠷᠢᠶᠠᠩᠭᠤᠢᠯᠠᠯ ᠮᠥᠨ᠂ ᠤᠮᠠᠷᠠᠲᠤ ᠬᠢᠯᠢ᠎ᠶ᠋ᠢᠨ ᠰᠣᠶᠣᠯ᠎ᠤᠨ ᠪᠦᠷᠢᠯᠳᠦᠨ ᠬᠥᠭ᠌ᠵᠢᠭ᠌ᠰᠡᠨ᠂ ᠥᠪᠡᠷᠮᠢᠴᠡ ᠷᠢᠳᠢ ᠱᠢᠳᠢ᠎ᠶ᠋ᠢ ᠢᠯᠡᠷᠡᠭᠦᠯᠦᠭ᠌ᠰᠡᠨ᠂ ᠨᠥᠯᠥᠭᠡ᠎ᠶ᠋ᠢ ᠥᠷᠭᠡᠳᠭᠡᠭ᠌ᠰᠡᠨ ᠳᠣᠲᠣᠭᠠᠳᠤ ᠬᠥᠳᠡᠯᠭᠡᠬᠦ᠌ ᠬᠦᠴᠦᠨ ᠮᠥᠨ᠃
ᠨᠢᠭᠡ᠂ ᠤᠯᠤᠰ᠎ᠢᠶᠠᠨ ᠬᠠᠢᠷᠠᠯᠠᠬᠤ᠃ ᠶᠡᠷᠦᠩᠬᠡᠢ ᠱᠦᠵᠢ ᠰᠢ ᠵᠢᠨ ᠫᠢᠩ᠄《ᠤᠯᠤᠰ᠎ᠢᠶᠠᠨ ᠬᠠᠢᠷᠠᠯᠠᠬᠤ ᠦᠵᠡᠯ ᠡᠷᠲᠡᠨ᠎ᠡᠴᠡ ᠠᠪᠤᠭᠠᠳ ᠳᠤᠮᠳᠠᠳᠤ᠎ᠶ᠋ᠢᠨ ᠦᠨᠳᠦᠰᠦᠲᠡᠨ᠎ᠦ ᠴᠢᠰᠤ ᠮᠢᠬᠠᠨ ᠳ᠋ᠦ ᠠᠭᠤᠰᠴᠦ ᠢᠷᠡᠭ᠌ᠰᠡᠨ ᠶᠤᠮ᠂ ᠲᠡᠭᠦᠨ᠎ᠢ ᠠᠷᠢᠯᠭᠠᠵᠤ ᠴᠢᠳᠠᠬᠤ ᠦᠭᠡᠢ᠂ ᠡᠪᠳᠡᠵᠦ᠍ ᠴᠢᠳᠠᠬᠤ ᠦᠭᠡᠢ᠂ ᠤᠰᠠᠳᠭᠠᠵᠤ ᠴᠤ᠌ ᠴᠢᠳᠠᠬᠤ ᠦᠭᠡᠢ ᠶᠤᠮ᠂ ᠲᠡᠷᠡ ᠪᠣᠯ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠶ᠋ᠢᠨ ᠦᠨᠳᠦᠰᠦᠲᠡᠨ᠎ᠦ ᠦᠨᠳᠦᠰᠦᠲᠡᠨ᠎ᠦ ᠲᠤᠰᠠᠭᠠᠷ ᠲᠣᠭ᠍ᠲᠠᠨᠢᠯ ᠪᠠ ᠦᠨᠳᠦᠰᠦᠲᠡᠨ᠎ᠦ ᠨᠡᠷ᠎ᠡ ᠬᠦᠨᠳᠦ᠍᠎ᠶ᠋ᠢ ᠬᠠᠮᠠᠭᠠᠯᠠᠬᠤ ᠬᠦᠴᠦᠷᠬᠡᠭ ᠶᠡᠬᠡ ᠤᠶᠤᠨ ᠰᠠᠨᠠᠭᠠᠨ᠎ᠤ ᠬᠥᠳᠡᠯᠭᠡᠭ᠌ᠴᠢ ᠬᠦᠴᠦᠨ ᠮᠥᠨ》 ᠭᠡᠵᠦ ᠵᠢᠭᠠᠵᠤ ᠭᠠᠷᠭᠠᠪᠠ᠃ ᠲᠡᠦᠬᠡᠨ ᠳᠡᠭᠡᠷ᠎ᠡ ᠥᠪᠥᠷ ᠮᠣᠩᠭᠣᠯ ᠣᠷᠣᠨ ᠨᠢ ᠳᠤᠮᠳᠠᠳᠤ᠎ᠶ᠋ᠢᠨ ᠡᠬᠡ ᠭᠠᠵᠠᠷ᠎ᠤᠨ ᠤᠮᠠᠷᠠᠲᠤ ᠣᠷᠣᠨ ᠪᠣᠯᠤᠭ᠍ᠰᠠᠨ᠎ᠤ ᠬᠤᠪᠢ᠎ᠳᠤ ᠦᠨᠳᠦᠰᠦᠲᠡᠨ᠎ᠨᠦᠭᠦᠳ᠎ᠦᠨ ᠠᠷᠠᠳ ᠲᠦᠮᠡᠨ ᠲᠠᠰᠤᠷᠠᠯᠲᠠ ᠥᠬᠡᠶ ᠳᠤᠮᠳᠠᠳᠤ ᠣᠷᠣᠨ᠎ᠯᠤᠭ᠎ᠠ ᠰᠣᠯᠢᠯᠴᠠᠭ᠎ᠠ ᠬᠢᠭᠡᠳ ᠠᠭᠤᠰᠤᠯᠴᠠᠯ᠎ᠢᠶᠠᠨ ᠴᠢᠩᠭᠠᠳᠭᠠᠵᠤ᠂ ᠲᠡᠦᠬᠡ᠎ᠶ᠋ᠢ ᠳᠠᠪᠲᠠᠨ ᠪᠣᠯᠪᠠᠰᠤᠷᠠᠭᠤᠯᠵᠤ᠂ 《ᠳᠤᠮᠳᠠᠳᠤ ᠤᠯᠤᠰ》 ᠢ᠋ ᠬᠠᠮᠲᠤ ᠪᠠᠷ ᠴᠣᠭ᠍ᠴᠠᠯᠠᠵᠤ᠂ ᠣᠢᠷ᠎ᠠ ᠦᠶ᠎ᠡ᠎ᠡᠴᠡ ᠨᠠᠭᠠᠰᠢ ᠤᠮᠠᠷᠠᠲᠤ ᠬᠢᠯᠢ ᠪᠣᠯᠤᠨ ᠳᠤᠮᠳᠠᠳᠤ ᠣᠷᠣᠨ᠎ᠤ ᠦᠨᠳᠦᠰᠦᠲᠡᠨ᠎ᠨᠦᠭᠦᠳ ᠢᠮᠠᠭ᠍ᠲᠠ ᠡᠮᠦᠨᠡᠬᠢ ᠨᠢ ᠤᠨᠠᠲᠠᠯ᠎ᠠ ᠬᠣᠢᠨᠠᠬᠢ ᠨᠢ ᠵᠠᠯᠭᠠᠮᠵᠢᠯᠠᠵᠤ᠂ ᠲᠦᠮᠡᠨ ᠣᠯᠠᠨ᠎ᠢᠶᠠᠷ᠎ᠢᠶᠠᠨ ᠲᠡᠮᠦᠷ ᠬᠡᠷᠡᠮ ᠪᠣᠯᠵᠣ ᠭᠠᠳᠠᠭᠠᠳᠤ᠎ᠶ᠋ᠢᠨ ᠳᠠᠢᠰᠤᠨ᠎ᠢ ᠡᠰᠡᠷᠭᠦᠴᠡᠨ ᠬᠣᠷᠢᠭ᠍ᠯᠠᠵᠤ᠂ ᠤᠯᠤᠰ᠎ᠤᠨ ᠨᠢᠭᠡᠳᠦᠯ ᠪᠣᠯᠤᠨ ᠨᠤᠲᠤᠭ ᠳᠡᠪᠢᠰᠭᠡᠷ᠎ᠦᠨ ᠪᠦᠷᠢᠨ ᠪᠦᠲᠦᠨ᠎ᠢ ᠬᠠᠮᠠᠭᠠᠯᠠᠵᠤ᠂ ᠦᠨᠳᠦᠰᠦᠲᠡᠨ᠎ᠦ ᠴᠢᠯᠥᠭᠡᠯᠡᠯᠲᠡ ᠪᠣᠯᠤᠨ ᠤᠯᠤᠰ᠎ᠤᠨ ᠲᠤᠰᠠᠭᠠᠷ ᠲᠣᠭ᠍ᠲᠠᠨᠢᠯ᠎ᠢ ᠲᠡᠮᠡᠴᠡᠨ ᠣᠯᠵᠤ᠂ ᠤᠮᠠᠷᠠᠲᠤ ᠬᠢᠯᠢ᠎ᠶ᠋ᠢᠨ ᠠᠮᠤᠷ ᠲᠦᠪᠱᠢᠨ ᠬᠥᠭ᠌ᠵᠢᠯᠲᠡ ᠪᠣᠯᠤᠨ ᠲᠣᠭ᠍ᠲᠠᠭᠤᠨ ᠴᠡᠴᠡᠭ᠌ᠯᠡᠯ᠎ᠢ ᠪᠡᠶᠡᠯᠡᠭᠦᠯᠪᠡ᠃ ᠤᠮᠠᠷᠠᠲᠤ ᠬᠢᠯᠢ᠎ᠶ᠋ᠢᠨ ᠰᠣᠶᠣᠯ ᠨᠢ ᠡᠨᠡ ᠬᠦ᠌ ᠶᠠᠪᠤᠴᠠ᠎ᠳᠤ ᠪᠣᠶ ᠪᠣᠯᠵᠣ᠂ ᠬᠥᠭ᠌ᠵᠢᠵᠦ᠍᠂ ᠤᠯᠠᠮᠵᠢᠯᠠᠭ᠍ᠳᠠᠭ᠍ᠰᠠᠭᠠᠷ ᠢᠷᠡᠵᠡᠶ᠃
ᠲᠡᠦᠬᠡ᠎ᠶ᠋ᠢ ᠡᠷᠭᠢᠴᠡᠭᠦᠯᠬᠦᠶ᠎ᠡ᠂ 《ᠶᠡᠬᠡ ᠨᠢᠭᠡᠳᠦᠯ》 ᠤ᠋ᠨ ᠣᠢᠯᠠᠭᠠᠭ᠍ᠳᠠᠬᠤᠨ ᠪᠣᠯ ᠳᠤᠮᠳᠠᠳᠤ ᠤᠯᠤᠰ᠎ᠤᠨ ᠲᠡᠦᠭᠡ ᠵᠢᠨ ᠤᠯᠤᠰ ᠲᠦᠷᠦ᠍᠎ᠶ᠋ᠢᠨ ᠪᠠᠢᠷᠢᠱᠢᠯ ᠪᠣᠯᠤᠨ ᠦᠵᠡᠯ ᠰᠠᠨᠠᠭ᠎ᠠ ᠰᠣᠶᠣᠯ᠎ᠢ ᠲᠤᠭᠤᠰᠢᠯᠠᠭᠤᠯᠤᠭᠰᠠᠨ ᠭᠣᠣᠯ ᠱᠤᠭᠤᠮ᠎ᠤᠨ ᠨᠢᠭᠡ ᠪᠣᠯᠤᠨ᠎ᠠ᠂ ᠲᠡᠦᠭᠡᠨ ᠳᠡᠭᠡᠷᠡᠬᠢ ᠸᠠᠩᠲᠤ ᠲᠦᠷᠦ᠍ ᠨᠤᠬᠦᠳ ᠡᠮᠦᠨᠡᠲᠦ ᠤᠮᠠᠷᠠᠲᠤ᠎ᠶ᠋ᠢᠨ ᠠᠭᠤᠰᠤᠯᠴᠠᠯ᠎ᠢ ᠴᠢᠩᠭᠠᠳᠭᠠᠬᠤ ᠪᠠᠷ ᠳᠠᠮᠵᠢᠨ ᠤᠮᠠᠷᠠᠲᠤ ᠬᠢᠯᠢ᠎ᠶ᠋ᠢᠨ ᠣᠷᠣᠨ᠎ᠢ ᠪᠦᠲᠦᠮᠵᠢᠲᠡᠢ ᠵᠠᠰᠠᠬᠤ᠎ᠶ᠋ᠢ ᠠᠬᠢᠭᠤᠯᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠦᠷᠭᠦᠯᠵᠢᠯᠡᠯ ᠪᠠ ᠬᠥᠭ᠌ᠵᠢᠯᠲᠡ᠎ᠶ᠋ᠢ ᠬᠦᠴᠦᠲᠡᠢ ᠠᠬᠢᠭᠤᠯᠵᠠᠢ᠃ ᠡᠬᠡ ᠤᠯᠤᠰ᠎ᠤᠨ ᠤᠮᠠᠷᠠᠲᠤ ᠬᠢᠯᠢ᠎ᠳᠦ ᠤᠷᠤᠰᠢᠨ ᠲᠤᠬᠳᠠᠨᠢᠬᠰᠠᠨ ᠡᠯ᠎ᠡ ᠦᠨᠳᠦᠰᠦᠲᠡᠨ ᠰᠣᠶᠣᠯ᠎ᠤᠨ ᠤᠳᠤᠮᠰᠢᠯ ᠤ᠋ᠨ ᠳᠤᠮᠳᠠ 《ᠳᠣᠲᠣᠭ᠍ᠰᠢ ᠲᠥᠪᠯᠡᠷᠡᠬᠦ᠌》 ᠨᠢᠭᠡᠳᠦᠮᠡᠯ ᠴᠢᠨᠠᠷᠲᠠᠶ ᠬᠥᠭᠡᠭᠡᠴᠡᠯᠳᠦᠯ ᠪᠠ ᠳᠤᠮᠳᠠᠳᠤ ᠤᠯᠤᠰ᠎ᠤᠨ ᠬᠠᠮᠳᠤ ᠵᠢᠨ ᠲᠠᠨᠢᠯᠳᠠ᠎ᠶ᠋ᠢ ᠠᠯᠬᠤᠮ ᠠᠯᠬᠤᠮ᠎ᠢᠶᠠᠷ ᠪᠦᠷᠢᠯᠳᠦᠭᠦᠯᠵᠦ᠍᠂ ᠣᠯᠠᠨ ᠦᠨᠳᠦᠰᠦᠲᠡᠨ᠎ᠲᠡᠶ ᠤᠯᠤᠰ᠎ᠤᠨ ᠪᠦᠷᠢᠯᠳᠦᠯ ᠪᠠ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠬᠦᠴᠦᠨ ᠪᠣᠯᠤᠭ᠍ᠰᠠᠨ ᠪᠠᠢᠨ᠎ᠠ᠃ ᠴᠢᠨ ᠤᠯᠤᠰ ᠳᠤᠮᠳᠠᠳᠤ ᠤᠯᠤᠰ᠎ᠤᠨ ᠲᠡᠦᠬᠡᠨ ᠳᠡᠭᠡᠷᠡᠬᠢ ᠠᠩᠬ᠎ᠠ ᠤᠳᠠᠭ᠎ᠠ ᠪᠦᠬᠦ᠌ ᠤᠯᠤᠰ᠎ᠤᠨ ᠶᠡᠬᠡ ᠨᠢᠭᠡᠳᠦᠯ᠎ᠢ ᠪᠡᠶᠡᠯᠡᠭᠦᠯᠵᠦ᠍᠂ ᠲᠥᠪ ᠵᠠᠰᠠᠭ᠎ᠤᠨ ᠣᠷᠳᠣᠨ᠎ᠤ ᠳᠤᠮᠳᠠᠳᠤ ᠣᠷᠣᠨ᠂ ᠬᠢᠯᠢ ᠬᠢᠵᠠᠭᠠᠷ᠎ᠢ ᠶᠡᠷᠦᠩᠬᠡᠢᠯᠡᠨ ᠵᠠᠬᠢᠷᠬᠤ ᠠᠩᠬᠠᠳᠠᠬᠴᠢ ᠵᠠᠮ᠎ᠢ ᠨᠡᠭᠡᠭᠡᠵᠦ᠍᠂ ᠤᠮᠠᠷᠠᠲᠤ ᠬᠢᠯᠢ ᠬᠢᠵᠠᠭᠠᠷ ᠣᠷᠣᠨ ᠪᠣᠯᠤᠨ ᠳᠤᠮᠳᠠᠳᠤ ᠣᠷᠣᠨ᠎ᠤ ᠬᠠᠷᠢᠴᠠᠭ᠎ᠠ᠎ᠶ᠋ᠢ ᠨᠡᠩ ᠨᠢᠭ᠍ᠲᠠ ᠪᠣᠯᠭᠠᠵᠠᠶ᠃ ᠵᠡᠭᠦᠨ ᠪᠠᠷᠠᠭᠤᠨ ᠬᠣᠶᠠᠷ ᠬᠠᠨ ᠤᠯᠤᠰ ᠨᠡᠩ ᠥᠷᠭᠡᠨ ᠬᠡᠪᠴᠢᠶ᠎ᠡ᠎ᠲᠡᠶ᠂ ᠨᠡᠩ ᠭᠦᠨᠵᠡᠭᠡᠢ ᠪᠦᠬᠦ᠌ ᠲᠠᠯ᠎ᠠ᠎ᠶ᠋ᠢᠨ ᠶᠡᠬᠡ ᠨᠢᠭᠡᠳᠦᠯ᠎ᠢ ᠪᠡᠶᠡᠯᠡᠭᠦᠯᠵᠦ᠍᠂ ᠤᠮᠠᠷᠠᠲᠤ ᠬᠢᠯᠢ᠎ᠶ᠋ᠢᠨ ᠬᠡᠰᠡᠭ ᠭᠠᠵᠠᠷ ᠣᠷᠣᠨ᠎ᠢ ᠶᠡᠬᠡ ᠨᠢᠭᠡᠳᠦᠭ᠌ᠰᠡᠨ ᠸᠠᠩᠲᠤ ᠲᠦᠷᠦ᠍᠎ᠶ᠋ᠢᠨ ᠵᠠᠰᠠᠯᠲᠠ᠎ᠶ᠋ᠢᠨ ᠱᠢᠰᠲ᠋ᠧᠮ᠎ᠳᠦ ᠣᠷᠣᠭᠤᠯᠪᠠ᠃ ᠰᠦᠶ ᠤᠯᠤᠰ 《ᠭᠤᠷᠪᠠᠨ ᠵᠠᠭᠤᠨ ᠵᠢᠯ ᠨᠢᠭᠡᠳᠦᠯ ᠦᠭᠡᠢ》 ᠬᠠᠭᠠᠴᠠᠭ᠍ᠰᠠᠨ ᠪᠠᠢᠳᠠᠯ᠎ᠢ ᠡᠴᠦᠰᠯᠡᠭᠦᠯᠵᠦ᠍᠂ ᠤᠮᠠᠷᠠᠲᠤ ᠬᠢᠯᠢ ᠵᠢᠨ ᠣᠷᠣᠨ ᠬᠢᠭᠡᠳ ᠲᠥᠪ ᠵᠠᠰᠠᠭ᠎ᠤᠨ ᠣᠷᠳᠣᠨ᠎ᠤ ᠬᠠᠷᠢᠴᠠᠭ᠎ᠠ᠎ᠶ᠋ᠢ ᠭᠦᠨᠵᠡᠭᠡᠢᠷᠡᠭᠦᠯᠪᠡ; ᠲᠠᠩ ᠤᠯᠤᠰ᠎ᠤᠨ ᠦᠶ᠎ᠡ ᠳ᠋ᠦ ᠡᠮᠦᠨᠡᠲᠦ ᠤᠮᠠᠷᠠᠲᠤ ᠣᠷᠣᠨ ᠨᠢᠭᠡᠳᠴᠦ᠍᠂ ᠵᠡᠭᠦᠨᠰᠢ ᠪᠠᠷᠠᠭᠤᠨᠰᠢ ᠨᠡᠪᠲᠡᠷᠡᠯᠴᠡᠨ᠂ 800 ᠭᠠᠷᠤᠶ ᠹᠦ ᠵᠸᠤ ᠶ᠋ᠢ ᠪᠠᠢᠭᠤᠯᠤᠨ ᠡᠵᠡᠮᠳᠡᠵᠦ᠂ ᠬᠢᠯᠢ ᠬᠢᠵᠠᠭᠠᠷ᠎ᠢ ᠡᠷᠬᠡᠱᠢᠶᠡᠨ᠂ 《ᠶᠡᠬᠡ ᠨᠢᠭᠡᠳᠦᠯ》 ᠤᠷᠢᠳ ᠡᠮᠦᠨ᠎ᠡ ᠭᠠᠷᠤᠭ᠎ᠠ ᠦᠭᠡᠶ ᠶᠡᠬᠡᠪᠡᠷ ᠬᠥᠭ᠌ᠵᠢᠪᠡ᠃ ᠡᠮᠦᠨᠡᠳᠤ ᠤᠮᠠᠷᠠᠳᠤ ᠬᠣᠶᠠᠷ ᠰᠦᠩ ᠤᠯᠤᠰ ᠤ᠋ᠨ ᠦᠶ᠎ᠡ ᠳ᠋ᠤ ᠤᠮᠠᠷᠠᠲᠤ ᠣᠷᠣᠨ᠎ᠤ ᠯᠢᠶᠣᠤ ᠤᠯᠤᠰ᠂ ᠪᠠᠷᠠᠭᠤᠨ ᠱᠢᠶᠠ ᠤᠯᠤᠰ᠂ ᠠᠯᠲᠠᠨ ᠤᠯᠤᠰ ᠵᠡᠷᠭᠡ ᠭᠠᠵᠠᠷ ᠣᠷᠣᠨ᠎ᠤ ᠴᠢᠨᠠᠷᠲᠠᠶ ᠵᠠᠰᠠᠭ ᠨᠢ ᠡᠮᠦᠨᠡᠳᠤ ᠤᠮᠠᠷᠠᠳᠤ ᠬᠣᠶᠠᠷ ᠰᠦᠩ ᠤᠯᠤᠰ᠎ᠲᠠᠶ ᠬᠠᠮᠲᠤ᠎ᠪᠠᠷ ᠳᠤᠮᠳᠠᠳᠤ ᠤᠯᠤᠰ᠎ᠢ ᠡᠭᠦᠳᠦᠨ ᠪᠠᠢᠭᠤᠯᠵᠤ᠂ ᠤᠮᠠᠷᠠᠲᠤ ᠬᠢᠯᠢ᠎ᠶ᠋ᠢᠨ ᠣᠯᠠᠨ ᠦᠨᠳᠦᠰᠦᠲᠡᠨ ᠢᠳᠡᠪᠬᠢᠲᠡᠶ᠎ᠪᠡᠷ ᠳᠤᠮᠳᠠᠳᠤ ᠤᠯᠤᠰ᠎ᠲᠤ ᠠᠭᠤᠰᠤᠨ ᠣᠷᠣᠵᠤ᠂ ᠤᠳᠤᠮᠱᠢᠯ᠎ᠲᠤ ᠤᠯᠤᠰ ᠪᠣᠯᠬᠤ᠎ᠪᠠᠷ ᠴᠢᠷᠮᠠᠢᠪᠠ᠃ ᠶᠤᠸᠠᠨ ᠤᠯᠤᠰ ᠤ᠋ᠨ ᠦᠶ᠎ᠡ ᠳ᠋ᠤ ᠨᠤᠲᠤᠭ ᠳᠡᠪᠢᠰᠭᠡᠷ ᠥᠷᠭᠡᠨ ᠠᠭᠤᠳᠠᠮ ᠶᠡᠬᠡ ᠨᠢᠭᠡᠳᠦᠯ᠎ᠦᠨ ᠪᠠᠢᠷᠢᠱᠢᠯ᠎ᠢ ᠪᠡᠶᠡᠯᠡᠭᠦᠯᠵᠦ᠍᠂ ᠤᠮᠠᠷᠠᠲᠤ ᠬᠢᠯᠢ᠎ᠶ᠋ᠢᠨ ᠬᠡᠰᠡᠭ ᠭᠠᠵᠠᠷ ᠣᠷᠣᠨ ᠨᠢ ᠨᠢᠭᠡᠨ ᠦᠶ᠎ᠡ ᠶᠤᠸᠠᠨ ᠤᠯᠤᠰ᠎ᠤᠨ 《ᠲᠤᠳᠤᠷ ᠭᠠᠵᠠᠷ》 ᠤ᠋ᠨ ᠭᠣᠣᠯ ᠬᠦᠷᠢᠶ᠎ᠡ ᠬᠡᠪᠴᠢᠶ᠎ᠡ ᠪᠣᠯᠤᠭ᠍ᠰᠠᠨ ᠪᠠᠢᠨ᠎ᠠ᠃ ᠮᠢᠩ ᠤᠯᠤᠰ ᠤ᠋ᠨ ᠦᠶ᠎ᠡ ᠳ᠋ᠤ ᠤᠮᠠᠷᠠᠲᠤ ᠬᠢᠯᠢ ᠵᠢᠨ ᠭᠠᠵᠠᠷ ᠣᠷᠣᠨ᠎ᠳᠤ ᠤᠷᠤᠰᠢᠨ ᠠᠮᠢᠳᠤᠷᠠᠵᠤ ᠪᠠᠢᠭᠰᠠᠨ ᠮᠣᠩᠭᠣᠯ ᠠᠢᠮᠠᠭᠤᠳᠤᠨ ᠬᠠᠷᠢᠴᠠᠭ᠎ᠠ᠎ᠶ᠋ᠢ ᠲᠣᠬᠢᠲᠠᠶ ᠱᠢᠶ᠋ᠳᠪᠦᠷᠢᠯᠡᠵᠦ᠍᠂ ᠡᠯ᠎ᠡ ᠦᠨᠳᠦᠰᠦᠲᠡᠨ ᠬᠣᠭᠣᠷᠣᠨᠳᠣ᠎ᠪᠠᠨ ᠲᠠᠰᠤᠷᠠᠯᠲᠠ ᠦᠭᠡᠶ ᠰᠤᠯᠢᠯᠴᠠᠭ᠎ᠠ ᠶᠠᠪᠤᠯᠴᠠᠭ᠎ᠠ ᠦᠷᠨᠢᠭᠦᠯᠪᠡ᠃ ᠴᠢᠩ ᠤᠯᠤᠰ ᠨᠠᠩ ᠭᠦᠨ ᠳᠠᠪᠬᠤᠷᠭ᠎ᠠ᠎ᠶ᠋ᠢᠨ ᠣᠯᠠᠨ ᠦᠨᠳᠦᠰᠦᠲᠡᠨ᠎ᠦ ᠶᠡᠬᠡ ᠨᠢᠭᠡᠳᠦᠯ᠎ᠦᠨ ᠪᠠᠢᠷᠢᠱᠢᠯ᠎ᠢ ᠪᠡᠶᠡᠯᠡᠭᠦᠯᠵᠦ᠍᠂ ᠤᠮᠠᠷᠠᠲᠤ ᠬᠡᠰᠡᠭ ᠤ᠋ᠨ ᠬᠢᠯᠢ ᠬᠢᠵᠠᠭᠠᠷ᠎ᠤᠨ ᠬᠠᠮᠢᠶᠠᠷᠤᠯᠲᠠ ᠪᠠ ᠵᠠᠰᠠᠯᠲᠠ᠎ᠶ᠋ᠢ ᠴᠢᠨᠠᠭᠰᠢᠳᠠ ᠴᠢᠩᠭᠠᠳᠭᠠᠪᠠ᠃ 1947 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠵᠤ᠂ ᠱᠢᠨ᠎ᠡ ᠳᠤᠮᠳᠠᠳᠤ ᠤᠯᠤᠰ᠎ᠤᠨ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠳᠤ ᠰᠠᠢ᠌ᠨ ᠰᠠᠢᠬᠠᠨ ᠰᠠᠭᠤᠷᠢ᠎ᠶ᠋ᠢ ᠲᠠᠯᠪᠢᠵᠤ᠂ ᠡᠷᠬᠢᠮ ᠨᠠᠨᠳᠢᠨ ᠦᠢᠯᠡᠳᠦᠯᠭᠡ᠎ᠶ᠋ᠢᠨ ᠲᠤᠷᠱᠢᠯᠭ᠎ᠠ ᠬᠤᠷᠠᠮᠳᠤᠭᠤᠯᠵᠠᠢ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠳᠠᠷᠠᠭ᠎ᠠ᠂ ᠦᠨᠳᠦᠰᠦᠲᠡᠨ᠎ᠨᠦᠭᠦᠳ᠎ᠦᠨ ᠴᠡᠷᠢᠭ ᠠᠷᠠᠳ ᠪᠣᠯᠤᠨ ᠬᠢᠯᠢ ᠬᠢᠵᠠᠭᠠᠷ᠎ᠢ ᠳᠡᠮᠵᠢᠭ᠌ᠴᠢᠳ ᠣᠷᠳᠣ ᠬᠤᠭᠤᠴᠠᠭ᠎ᠠ᠎ᠪᠠᠷ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠵᠤ᠂ ᠣᠲᠣ ᠪᠣᠯᠲᠠᠯ᠎ᠠ ᠥᠪᠥᠷ ᠮᠣᠩᠭᠣᠯ᠎ᠤᠨ ᠬᠢᠯᠢ ᠳᠠᠭᠠᠤ ᠣᠷᠣᠨ᠎ᠳᠤ ᠮᠥᠨ ᠬᠦ᠌ ᠮᠠᠰᠢ ᠣᠯᠠᠨ 《ᠬᠢᠯᠢ ᠬᠢᠵᠠᠭᠠᠷ᠎ᠤᠨ ᠬᠣᠶᠠᠳᠤᠭᠠᠷ ᠦᠶ᠎ᠡ》᠂ 《ᠬᠢᠯᠢ ᠬᠢᠵᠠᠭᠠᠷ᠎ᠤᠨ ᠭᠤᠷᠪᠠᠳᠤᠭᠠᠷ ᠦᠶ᠎ᠡ》 ᠪᠠᠢᠵᠤ᠂ ᠲᠠᠳᠠ ᠭᠠᠷ᠎ᠢᠶᠠᠨ ᠬᠣᠯᠪᠣᠨ᠂ ᠰᠡᠳᠭᠢᠯ ᠵᠢᠷᠦᠬᠡ᠎ᠪᠡᠨ ᠬᠣᠯᠪᠣᠵᠤ᠂ ᠡᠭᠦᠷᠭᠡ ᠲᠤᠱᠢᠶᠠᠯ᠎ᠢᠶᠠᠨ ᠦᠨᠡᠨᠴᠢ᠎ᠪᠡᠷ ᠭᠦᠶ᠋ᠴᠡᠳᠭᠡᠨ᠂ ᠭᠤᠶᠠᠴᠢ ᠦᠭᠡᠢ ᠬᠤᠪᠢ ᠨᠡᠮᠡᠷᠢ ᠦᠵᠡᠭᠦᠯᠵᠦ᠍᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠳᠤᠮᠳᠠ ᠬᠠᠮᠤᠭ᠎ᠤᠨ ᠦᠨᠡᠨ ᠪᠣᠳᠠᠲᠠᠶ ᠪᠥᠭᠡᠳ ᠪᠣᠷᠣᠭ᠍ᠵᠢᠭᠤᠨ ᠡᠬᠡ ᠣᠷᠣᠨᠴᠢ ᠦᠵᠡᠯ᠎ᠦᠨ ᠬᠠᠢᠷ᠎ᠠ ᠰᠡᠳᠭᠢᠯᠭᠡ᠎ᠪᠡᠨ ᠢᠯᠡᠷᠡᠭᠦᠯᠵᠦ᠍᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ᠂ ᠲᠣᠭ᠍ᠲᠠᠭᠤᠨ ᠳᠤᠷᠠᠰᠤᠮᠵᠢ᠎ᠶ᠋ᠢ ᠲᠣᠳᠣᠷᠬᠠᠶ ᠢᠯᠡᠷᠡᠭᠦᠯᠵᠦ᠍᠂ ᠤᠮᠠᠷᠠᠲᠤ ᠬᠢᠯᠢ᠎ᠶ᠋ᠢᠨ ᠰᠣᠶᠣᠯ᠎ᠢ ᠪᠦᠷᠢᠯᠳᠦᠭᠦᠯᠬᠦ᠌ ᠬᠠᠢᠷ᠎ᠠ ᠰᠡᠳᠭᠢᠯᠭᠡ᠎ᠶ᠋ᠢᠨ ᠬᠣᠯᠪᠣᠭᠠᠰᠤ ᠪᠣᠯᠤᠨ ᠣᠶᠤᠨ ᠰᠠᠨᠠᠭᠠᠨ᠎ᠤ ᠲᠤᠯᠭᠠᠭᠤᠷᠢ᠎ᠶ᠋ᠢ ᠴᠣᠭ᠍ᠴᠠᠯᠠᠪᠠ᠃
ᠬᠣᠶᠠᠷ᠂ ᠦᠨᠡᠨᠴᠢ ᠱᠢᠳᠤᠷᠭᠤ᠃ ᠮᠠᠨ᠎ᠤ ᠨᠠᠮ᠎ᠤᠨ ᠥᠪᠥᠷ ᠮᠣᠩᠭᠣᠯ ᠣᠷᠣᠨ᠎ᠳᠠᠬᠢ ᠲᠡᠦᠬᠡ᠎ᠡᠴᠡ ᠠᠪᠴᠤ᠌ ᠦᠵᠡᠪᠡᠯ ᠥᠪᠥᠷ ᠮᠣᠩᠭᠣᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠢᠭᠤᠯᠤᠯᠲᠠ ᠪᠠᠢᠭᠤᠯᠤᠭ᠍ᠰᠠᠨ ᠦᠨᠳᠦᠰᠦᠲᠡᠨ᠎ᠦ ᠣᠷᠣᠨ ᠪᠣᠯᠤᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠱᠢᠭᠤᠳ ᠤᠳᠤᠷᠢᠳᠤᠯᠭ᠎ᠠ ᠳᠣᠣᠷ᠎ᠠ ᠪᠠᠢᠭᠤᠯᠤᠭ᠍ᠳᠠᠭ᠍ᠰᠠᠨ ᠶᠤᠮ᠂ ᠥᠪᠥᠷ ᠮᠣᠩᠭᠣᠯ ᠪᠣᠯ ᠨᠠᠮ᠎ᠤᠨ ᠲᠥᠪ ᠬᠣᠷᠢᠢ᠎ᠠ ᠵᠢᠨ ᠳᠡᠮᠵᠢᠯᠭᠡ ᠳᠣᠣᠷ᠎ᠠ ᠬᠥᠭ᠌ᠵᠢᠭ᠌ᠰᠡᠨ ᠶᠤᠮ᠂ ᠥᠪᠥᠷ ᠮᠣᠩᠭᠣᠯ᠎ᠤᠨ ᠠᠵᠢᠯ᠎ᠤᠨ ᠳᠤᠮᠳᠠ ᠢᠯᠡᠷᠡᠭ᠌ᠰᠡᠨ ᠴᠢᠬᠤᠯᠠ ᠶᠡᠬᠡ ᠠᠯᠳᠠᠰᠢ᠎ᠶ᠋ᠢ ᠴᠥᠮ ᠨᠠᠮ᠎ᠤᠨ ᠲᠥᠪ ᠬᠣᠷᠢᠢ᠎ᠠ ᠬᠠᠪᠰᠤᠷᠤᠨ ᠵᠠᠯᠠᠷᠠᠭᠤᠯᠤᠭ᠍ᠰᠠᠨ ᠶᠤᠮ᠂ ᠥᠪᠥᠷ ᠮᠣᠩᠭᠣᠯ᠎ᠤᠨ ᠱᠢᠨ᠎ᠡ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠳᠣᠲᠣᠨᠣ ᠬᠠᠯᠠᠮᠵᠢᠯᠠᠯ ᠪᠠ ᠵᠢᠯᠤᠭᠤᠳᠤᠯᠭ᠎ᠠ ᠳᠣᠣᠷ᠎ᠠ ᠣᠯᠤᠭ᠍ᠰᠠᠨ ᠶᠤᠮ᠂ ᠥᠪᠥᠷ ᠮᠣᠩᠭᠣᠯ ᠨᠢ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠪᠣᠯᠤᠭ᠍ᠰᠠᠨ ᠨᠢ ᠨᠠᠮ᠎ᠤᠨ ᠦᠭᠡ᠎ᠶ᠋ᠢ ᠰᠣᠨᠣᠰᠤᠭ᠍ᠰᠠᠨ ᠳ᠋ᠦ ᠪᠠᠢᠬᠤ ᠶᠤᠮ᠃ ᠡᠨᠡ ᠬᠦ᠌ 《ᠵᠢᠷᠭᠤᠭᠠᠨ ᠦᠭᠡ᠎ᠶ᠋ᠢᠨ ᠪᠣᠳᠠᠲᠤ ᠶᠠᠪᠤᠳᠠᠯ ᠪᠠ ᠶᠣᠰᠣ ᠤᠴᠢᠷ》 ᠨᠢ ᠤᠮᠠᠷᠠᠲᠤ ᠬᠢᠯᠢ᠎ᠶ᠋ᠢᠨ ᠰᠣᠶᠣᠯ᠎ᠤᠨ ᠬᠤᠪᠢᠰᠭᠠᠯ᠎ᠤᠨ ᠲᠡᠦᠬᠡᠨ ᠤᠯᠠᠮᠵᠢᠯᠠᠯ ᠪᠠ ᠰᠣᠶᠣᠯ᠎ᠤᠨ ᠬᠤᠷᠠᠮᠳᠤᠯ᠎ᠢ ᠲᠣᠳᠣᠷᠬᠠᠢ ᠶᠠᠷᠢᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠲᠠᠭᠠᠬᠤ ᠦᠨᠡᠨᠴᠢ ᠱᠢᠳᠤᠷᠭᠤ ᠵᠠᠩ ᠴᠢᠨᠠᠷ᠎ᠢ ᠲᠤᠰᠭᠠᠪᠠ᠃ ᠦᠨᠡᠨᠴᠢ ᠱᠢᠳᠤᠷᠭᠤ ᠪᠠᠢᠬᠤ᠎ᠨᠢ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠰᠡᠯ ᠰᠠᠨᠠᠭ᠎ᠠ᠎ᠲᠠᠶ ᠳᠡᠭᠡᠳᠦ ᠬᠡᠮᠵᠢᠶ᠎ᠡ᠎ᠪᠡᠷ ᠨᠡᠢᠴᠡᠵᠦ᠍᠂ ᠱᠢᠨ᠎ᠡ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠱᠠᠭᠠᠷᠳᠠᠯᠭ᠎ᠠ᠎ᠳᠤ ᠵᠣᠬᠢᠴᠠᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠴᠢᠬᠤᠯᠠ ᠭᠤᠤᠯᠯᠠᠬᠤ ᠤᠢᠯᠠᠭᠠᠬᠳᠠᠬᠤᠨ ᠪᠠᠢᠵᠤ᠂ ᠴᠢᠭ᠌ᠯᠡᠯ᠎ᠢ ᠬᠥᠲᠥᠯᠦᠨ ᠳᠠᠭᠠᠭᠤᠯᠬᠤ᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ᠂ ᠬᠦᠴᠦᠨ ᠴᠢᠳᠠᠯ᠎ᠢ ᠬᠤᠷᠠᠮᠳᠤᠭᠤᠯᠬᠤ᠎ᠶ᠋ᠢᠨ ᠴᠢᠬᠤᠯᠠ ᠦᠶ᠋ᠯᠡᠳᠦᠯ᠎ᠢ ᠨᠠᠩ ᠰᠠᠢᠲᠤᠷ ᠪᠠᠳᠠᠷᠠᠭᠤᠯᠵᠤ ᠴᠢᠳᠠᠨ᠎ᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠬᠤᠪᠢᠰᠭᠠᠯᠲᠤ ᠲᠡᠮᠡᠴᠡᠯ᠎ᠢ ᠤᠳᠤᠷᠢᠳᠤᠭ᠍ᠰᠠᠨ ᠦᠢᠯᠡᠳᠦᠯᠭᠡ ᠨᠢ ᠤᠮᠠᠷᠠᠲᠤ ᠬᠢᠯᠢ᠎ᠶ᠋ᠢᠨ ᠰᠣᠶᠣᠯ᠎ᠳᠤ ᠢᠯᠡ ᠲᠣᠳᠣ ᠬᠤᠪᠢᠰᠭᠠᠯ᠎ᠤᠨ ᠳᠡᠪᠢᠰᠭᠡᠷ ᠦᠩᠭᠡ ᠣᠯᠭᠣᠵᠤ᠂ ᠥᠪᠥᠷ ᠮᠣᠩᠭᠣᠯ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠨᠠᠮ᠎ᠤᠨ ᠤᠳᠤᠷᠢᠳᠤᠯᠭ᠎ᠠ ᠳᠣᠣᠷ᠎ᠠ ᠦᠨᠳᠦᠰᠦᠲᠡᠨ᠎ᠦ ᠲᠤᠰᠠᠭᠠᠷ ᠲᠣᠭ᠍ᠲᠠᠨᠢᠯ᠎ᠢ ᠲᠡᠮᠡᠴᠡᠨ ᠤᠯᠬᠤ ᠪᠣᠯᠤᠨ ᠤᠯᠤᠰ᠎ᠤᠨ ᠪᠠᠶᠠᠨ ᠬᠦᠴᠦᠷᠬᠡᠭ ᠪᠠᠢᠬᠤ ᠵᠢᠨ ᠲᠥᠯᠥᠭᠡ ᠪᠠᠭᠠᠲᠤᠷᠯᠢᠭ᠎ᠢᠶᠠᠷ ᠲᠡᠮᠡᠴᠡᠭ᠌ᠰᠡᠨ ᠲᠡᠦᠬᠡᠨ ᠠᠬᠢᠴᠠ ᠪᠣᠯᠤᠨ ᠠᠭᠤᠤ ᠶᠡᠬᠡ ᠬᠤᠪᠢᠰᠭᠠᠯ᠎ᠤᠨ ᠵᠣᠷᠢᠭ ᠰᠠᠨᠠᠭ᠎ᠠ᠎ᠶ᠋ᠢ ᠦᠨᠡᠨᠴᠢ᠎ᠪᠡᠷ ᠲᠤᠰᠭᠠᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠨᠠᠮ᠎ᠳᠠᠭᠠᠨ ᠦᠨᠡᠨᠴᠢ ᠪᠠᠢᠬᠤ ᠠᠮᠢᠳᠤᠯᠢᠭ ᠵᠢᠷᠤᠭ᠍ᠯᠠᠯ ᠪᠤᠯᠵᠤ᠂ ᠤᠮᠠᠷᠠᠲᠤ ᠬᠢᠯᠢ᠎ᠶ᠋ᠢᠨ ᠰᠣᠶᠣᠯ᠎ᠳᠤ ᠬᠦᠴᠦᠷᠬᠡᠭ ᠶᠡᠬᠡ ᠬᠤᠪᠢᠰᠭᠠᠯ᠎ᠤᠨ ᠤᠳᠤᠮᠯᠠᠯ ᠢ᠋ ᠨᠡᠮᠡᠷᠢᠯᠡᠭ᠌ᠰᠡᠨ ᠪᠠᠢᠨ᠎ᠠ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠳᠠᠷᠠᠭ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠤᠳᠤᠷᠢᠳᠤᠨ ᠰᠦᠷ ᠳᠠᠯᠠᠢᠴᠠᠲᠠᠶ ᠨᠡᠢᠭᠡᠮ ᠵᠢᠷᠤᠮ᠎ᠤᠨ ᠪᠥᠲᠥᠭᠡᠨ ᠪᠠᠢᠭᠤᠯᠤᠯᠲᠠ᠎ᠳᠤ ᠣᠷᠣᠯᠴᠠᠵᠤ᠂ ᠡᠨᠡ ᠬᠦ᠌ ᠬᠤᠭᠤᠴᠠᠭᠠᠨ᠎ᠳᠤ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠨᠠᠮ᠎ᠤᠨ ᠤᠳᠤᠷᠢᠳᠤᠯᠭ᠎ᠠ ᠳᠤᠤᠷ᠎ᠠ᠂ ᠠᠯᠢ ᠣᠯᠠᠨ ᠬᠦᠴᠢᠷ ᠪᠡᠷᠬᠡᠱᠢᠶᠡᠯ᠎ᠢ ᠢᠯᠡᠨ ᠳᠠᠪᠠᠵᠤ᠂ ᠠᠯᠢ ᠣᠯᠠᠨ ᠥᠷᠢᠰᠥᠯᠳᠦᠭᠡᠨ᠎ᠢ ᠢᠯᠡᠨ ᠳᠠᠪᠠᠵᠤ᠂ ᠴᠠᠭ ᠦᠶ᠎ᠡ᠎ᠶ᠋ᠢᠨ ᠬᠠᠮᠤᠭ᠎ᠤᠨ ᠬᠦᠴᠦᠷᠬᠡᠭ ᠲᠠᠭᠤᠨ᠎ᠢ ᠬᠠᠩᠭᠢᠨᠠᠭᠤᠯᠪᠠ᠃ ᠱᠢᠨ᠎ᠡ ᠴᠠᠭ ᠦᠶ᠎ᠡ᠎ᠳᠦ᠂ ᠳᠤᠮᠳᠠᠳᠤ ᠤᠯᠤᠰ᠎ᠤᠨ ᠮᠠᠶᠢᠬ ᠤ᠋ᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠠᠬᠢᠴᠠ ᠳᠤᠮᠳᠠ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ 《ᠬᠣᠶᠠᠷ᠎ᠢ ᠲᠣᠭ᠍ᠲᠠᠭᠠᠬᠰᠠᠨ》 ᠢ᠋ ᠢᠮᠠᠭ᠍ᠲᠠ ᠦᠨᠡᠨᠴᠢ ᠱᠢᠳᠤᠷᠭᠤ᠎ᠪᠠᠷ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠦᠨᠡᠨᠴᠢ ᠱᠢᠳᠤᠷᠭᠤ᠎ᠪᠠᠷ ᠦᠢᠯᠡᠳᠦᠯᠭᠡᠵᠢᠭᠦᠯᠵᠦ᠍᠂ ᠨᠠᠮ᠎ᠤᠨ ᠤᠨᠤᠯ ᠪᠣᠯᠤᠨ ᠱᠤᠭᠤᠮ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ᠎ᠶ᠋ᠢ ᠡᠷᠡᠰ ᠲᠤᠭᠤᠱᠢᠯᠠᠭᠤᠯᠤᠨ ᠬᠡᠷᠡᠭ᠌ᠵᠢᠭᠦᠯᠵᠦ᠍᠂ ᠨᠠᠮ᠎ᠤᠨ ᠲᠥᠪ ᠬᠣᠷᠢᠢ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠡᠷᠡ ᠶᠣᠰᠣᠭᠠᠷ ᠨᠢ ᠪᠣᠳᠠᠲᠠᠢ᠎ᠳᠤ ᠨᠠᠢᠳᠠᠪᠤᠷᠢᠵᠢᠭᠤᠯᠵᠤ᠂ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠂ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠂ ᠬᠢᠯᠢ ᠬᠢᠵᠠᠭᠠᠷ᠎ᠤᠨ ᠠᠮᠤᠷ ᠲᠤᠬᠳᠠᠭᠤᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠪᠠᠲᠤ ᠡᠭᠦᠷᠭᠡᠯᠡᠪᠡ᠃ ᠡᠭᠦᠷᠢᠳᠡ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠵᠤ᠂ ᠡᠭᠦᠷᠢᠳᠡ ᠨᠠᠮ᠎ᠳᠠᠭᠠᠨ ᠦᠨᠡᠨᠴᠢ ᠪᠠᠢᠬᠤ ᠨᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠴᠢᠰᠤ ᠮᠢᠬᠠᠨ᠎ᠳᠤ ᠭᠦᠨ ᠠᠭᠤᠰᠤᠯᠴᠠᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠦᠵᠡᠯ ᠰᠠᠨᠠᠭᠠᠨ᠎ᠤ ᠴᠢᠮᠥᠭᠡ ᠪᠣᠯᠪᠠ᠃
ᠭᠤᠷᠪᠠ᠂ ᠪᠦᠯᠬᠦᠮᠳᠡᠯ᠃ ᠦᠨᠳᠦᠰᠦᠲᠡᠨ᠎ᠦ ᠪᠦᠯᠬᠦᠮᠳᠡᠯ ᠪᠣᠯ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠮᠥᠨ᠂ 55 ᠦᠨᠳᠦᠰᠦᠲᠡᠨ (ᠯᠤᠪᠠ ᠦᠨᠳᠦᠰᠦᠲᠡᠨ᠎ᠡᠴᠡ ᠭᠠᠳᠠᠨ᠎ᠠ) ᠠᠮᠢᠳᠤᠷᠠᠵᠤ ᠪᠠᠢᠭ᠎ᠠ ᠥᠪᠥᠷ ᠮᠣᠩᠭᠣᠯ᠎ᠳᠤ ᠠᠪᠴᠤ᠌ ᠬᠡᠯᠡᠪᠡᠯ᠂ ᠦᠨᠳᠦᠰᠦᠲᠡᠨ᠎ᠦ ᠪᠦᠯᠬᠦᠮᠳᠡᠯ ᠪᠣᠯ ᠲᠤᠢᠯ᠎ᠤᠨ ᠴᠢᠬᠤᠯᠠ᠂ ᠲᠤᠢᠯ᠎ᠤᠨ ᠡᠷᠬᠢᠮ ᠨᠠᠨᠳᠢᠨ ᠶᠤᠮ᠃ ᠥᠪᠥᠷ ᠮᠣᠩᠭᠣᠯ ᠣᠷᠣᠨ᠎ᠤ ᠬᠥᠭ᠌ᠵᠢᠯᠲᠡ᠎ᠶ᠋ᠢᠨ ᠲᠡᠦᠬᠡ ᠪᠣᠯ ᠲᠡᠷᠡ ᠴᠢᠭ᠎ᠢᠶᠡᠷ᠎ᠢᠶᠡᠨ ᠤᠯᠠᠨ ᠦᠨᠳᠦᠰᠦᠲᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ ᠮᠥᠨ᠃ ᠵᠣᠣ ᠡᠦ ᠯᠢᠩ ᠸᠠᠩ ᠬᠤ᠌ ᠬᠤᠪᠴᠠᠰᠤ ᠡᠮᠦᠰᠴᠦ᠍ ᠬᠠᠷᠪᠤᠨ ᠨᠠᠮᠨᠠᠬᠤ᠎ᠡᠴᠡ ᠠᠪᠤᠭᠠᠳ ᠤᠮᠠᠷᠠᠲᠤ ᠸᠧᠶ ᠤᠯᠤᠰ᠎ᠤᠨ ᠱᠢᠶᠤᠤ ᠸᠸᠨ ᠳ᠋ᠢ ᠬᠠᠭᠠᠨ᠎ᠤ ᠬᠢᠲᠠᠳᠴᠢᠯᠠᠬᠤ ᠥᠭᠡᠷᠡᠴᠢᠯᠡᠯᠲᠡ ᠬᠦᠷᠲᠡᠯ᠎ᠡ᠂ ᠵᠣᠣ ᠵᠢᠶᠦ᠋ᠨ ᠪᠣᠭᠣᠮᠲᠠ᠎ᠶ᠋ᠢᠨ ᠭᠠᠳᠠᠨ᠎ᠠ ᠭᠠᠷᠤᠬᠰᠠᠨ ᠡᠴᠡ ᠾᠦᠩᠨᠦ᠍᠎ᠶ᠋ᠢᠨ ᠳᠣᠲᠣᠷ᠎ᠠ ᠭᠠᠵᠠᠷ ᠱᠢᠯᠵᠢᠭ᠌ᠰᠡᠨ ᠬᠦᠷᠲᠡᠯ᠎ᠡ᠂ ᠮᠢᠩ ᠤᠯᠤᠰ᠎ᠤᠨ ᠰᠡᠭᠦᠯᠴᠢ ᠴᠢᠩ ᠤᠯᠤᠰ᠎ᠤᠨ ᠡᠬᠢᠨ᠎ᠦ ᠦᠶ᠎ᠡ᠎ᠳᠦ 《ᠮᠣᠩᠭᠣᠯᠭᠠᠵᠠᠷᠤᠨ ᠶᠠᠪᠤᠭᠤᠯ ᠬᠤᠳᠠᠯᠳᠤᠭᠠᠴᠢᠳ》 ᠤᠮᠠᠷᠠᠰᠢ ᠵᠠᠮ ᠬᠠᠢᠬᠤ᠎ᠡᠴᠡ ᠠᠪᠤᠭᠠᠳ ᠴᠢᠩ ᠤᠯᠤᠰ᠎ᠤᠨ ᠰᠡᠭᠦᠯᠴᠢ ᠦᠶ᠎ᠡ᠎ᠶ᠋ᠢᠨ ᠠᠷᠠᠳ ᠢᠷᠭᠡᠳ 《ᠪᠠᠷᠠᠭᠤᠨ ᠪᠣᠭᠣᠮᠲᠠ᠎ᠪᠠᠷ ᠶᠠᠪᠤᠭ᠍ᠰᠠᠨ》 ᠬᠦᠷᠲᠡᠯ᠎ᠡ᠂ ᠤᠷᠳᠤ ᠴᠠᠭᠠᠨ ᠬᠡᠷᠡᠮ᠎ᠦᠨ ᠳᠣᠲᠣᠨ᠎ᠠ ᠭᠠᠳᠠᠨᠠᠬᠢ ᠡᠯ᠎ᠡ ᠦᠨᠳᠦᠰᠦᠲᠡᠨ᠎ᠦ ᠬᠣᠭᠣᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠶᠡᠷᠦ᠍᠎ᠡᠴᠡ ᠲᠠᠰᠤᠷᠠᠭ᠍ᠰᠠᠨ ᠦᠭᠡᠶ ᠶᠤᠮ᠃ 1947 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠦᠨᠳᠦᠰᠦᠲᠡᠨ᠎ᠦ ᠳᠠᠷᠤᠯᠠᠯ ᠪᠠ ᠠᠩᠭᠢ᠎ᠶ᠋ᠢᠨ ᠳᠠᠷᠤᠯᠠᠯ᠎ᠡᠴᠡ ᠲᠤᠢᠯᠪᠤᠷᠢᠲᠠᠶ ᠠᠩᠭᠢᠵᠢᠷᠠᠵᠤ᠂ ᠡᠷᠬᠡ ᠲᠡᠭ᠌ᠰᠢ ᠪᠦᠯᠬᠦᠮᠳᠡᠯ᠎ᠲᠡᠶ ᠬᠠᠷᠢᠯᠴᠠᠨ ᠬᠠᠪᠰᠤᠷᠤᠯᠴᠠᠭ᠍ᠰᠠᠨ ᠡᠶ᠎ᠡ ᠵᠣᠬᠢᠴᠠᠩᠭᠤᠶ ᠨᠡᠢᠭᠡᠮ ᠵᠢᠷᠤᠮ᠎ᠤᠨ ᠦᠨᠳᠦᠰᠦᠲᠡᠨ᠎ᠦ ᠬᠠᠷᠢᠴᠠᠭ᠎ᠠ᠎ᠶ᠋ᠢ ᠪᠠᠢᠭᠤᠯᠵᠤ᠂ ᠡᠬᠡ ᠤᠯᠤᠰ᠎ᠤᠨ ᠬᠢᠯᠢ ᠬᠢᠵᠠᠭᠠᠷ᠎ᠢ ᠬᠠᠮᠲᠤ ᠪᠠᠷ ᠰᠠᠬᠢᠨ ᠬᠠᠮᠠᠭᠠᠯᠠᠵᠤ᠂ ᠰᠠᠢᠨ ᠰᠠᠢᠬᠠᠨ ᠠᠮᠢᠳᠤᠷᠠᠯᠵᠢᠨᠨ ᠬᠠᠮᠲᠤ᠎ᠪᠠᠷ ᠴᠣᠭ᠍ᠴᠠᠯᠠᠵᠤ᠂ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠢ ᠪᠦᠷᠢᠯᠳᠦᠭᠦᠯᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠣᠯᠤᠭ᠍ᠰᠠᠨ ᠪᠥᠭᠡᠳ ᠣᠷᠳᠣ ᠬᠤᠭᠤᠴᠠᠭ᠎ᠠ᠎ᠪᠠᠷ ᠬᠠᠮᠠᠭᠠᠯᠠᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠪᠦᠯᠬᠦᠮᠳᠡᠨ ᠤᠷᠤᠭ᠍ᠰᠢᠯᠠᠬᠤ ᠬᠦᠴᠦᠷᠬᠡᠭ ᠶᠡᠬᠡ ᠣᠶᠤᠨ ᠰᠠᠨᠠᠭᠠᠨ᠎ᠤ ᠬᠣᠯᠪᠣᠭᠠᠰᠤ᠎ᠶ᠋ᠢ ᠪᠣᠶ ᠪᠣᠯᠭᠠᠵᠠᠶ᠂ ᠡᠨᠡ ᠪᠣᠯ ᠤᠮᠠᠷᠠᠲᠤ ᠬᠢᠯᠢ᠎ᠶ᠋ᠢᠨ ᠰᠣᠶᠣᠯ᠎ᠤᠨ ᠠᠮᠢᠳᠤᠯᠢᠭ ᠲᠠᠢᠯᠪᠤᠷᠢ ᠪᠣᠯᠤᠨ᠎ᠠ᠃
ᠥᠨᠥᠳᠦᠷ᠎ᠦᠨ ᠥᠪᠥᠷ ᠮᠣᠩᠭᠣᠯ᠎ᠳᠤ᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠰᠡᠳᠭᠢᠯ ᠵᠢᠷᠦᠬᠡ᠎ᠪᠡᠨ ᠬᠣᠯᠪᠣᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠱᠢᠨ᠎ᠡ ᠴᠠᠭ ᠦᠶ᠎ᠡ᠎ᠳᠦ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢᠶᠠᠨ ᠦᠷᠭᠦᠯᠵᠢᠯᠡᠨ ᠪᠠᠲᠤᠯᠠᠵᠤ ᠪᠠᠢᠨ᠎ᠠ᠃ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠲᠤᠬᠠᠶ ᠲᠣᠭ᠍ᠲᠠᠭᠠᠯ》 ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠶ᠋ᠢ ᠠᠬᠢᠭᠤᠯᠬᠤ ᠲᠦᠷᠢᠮ》 ᠢ᠋ ᠲᠣᠭ᠍ᠲᠠᠭᠠᠨ ᠨᠡᠢᠲᠡᠯᠡᠵᠦ᠍᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠱᠢᠭᠢᠳᠭᠡᠯᠳᠦ ᠮᠠᠶᠢᠭ᠎ᠤᠨ ᠬᠥᠭ᠌ᠵᠢᠯᠲᠡ᠎ᠶ᠋ᠢᠨ ᠲᠥᠯᠥᠪᠯᠡᠭᠡ᠂ ᠵᠢᠭᠤᠯᠴᠢᠯᠠᠯ᠎ᠢᠶᠠᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠥᠷᠭᠡᠴᠡ ᠪᠠ ᠭᠦᠨᠴᠡ᠎ᠶ᠋ᠢ ᠲᠠᠰᠤᠷᠠᠯᠲᠠ ᠥᠬᠡᠶ ᠥᠷᠭᠡᠳᠭᠡᠪᠡ᠃ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠱᠢᠭᠢᠳᠭᠡᠯᠳᠦ ᠮᠠᠶᠢᠭ᠎ᠤᠨ ᠨᠡᠢᠭᠡᠮ᠎ᠦᠨ ᠪᠦᠲᠦᠴᠡ ᠪᠠ ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠤ ᠪᠦᠲᠦᠭᠡᠨ ᠪᠠᠢᠭᠤᠯᠤᠯᠲᠠ᠎ᠶ᠋ᠢ ᠲᠠᠰᠤᠷᠠᠯᠲᠠ ᠦᠭᠡᠢ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠬᠠᠮᠲᠤ᠎ᠪᠠᠷ ᠰᠠᠭᠤᠷᠢᠱᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ ᠪᠠᠷ ᠡᠳ᠋ᠯᠡᠬᠦ᠌᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ᠎ᠦᠨ ᠨᠥᠬᠥᠴᠡᠯ᠎ᠢ ᠨᠠᠩ ᠲᠡᠭᠦᠯᠳᠡᠷᠵᠢᠭᠦᠯᠵᠤ᠂ ᠦᠨᠳᠦᠰᠦᠲᠡᠨ᠎ᠨᠦᠭᠦᠳ ᠬᠦᠰᠡᠯᠡᠩ᠂ ᠢᠲᠡᠭᠡᠯ ᠪᠢᠱᠢᠷᠡᠯ᠂ ᠬᠠᠢᠷ᠎ᠠ ᠰᠡᠳᠭᠢᠯᠭᠡ᠂ ᠰᠣᠶᠣᠯ᠎ᠤᠨ ᠲᠠᠯ᠎ᠠ᠎ᠪᠠᠷ ᠨᠠᠩ ᠪᠦᠯᠬᠦᠮᠳᠡᠨ ᠨᠢᠭᠡᠳᠪᠡ᠃ ᠡᠬᠡ ᠤᠯᠤᠰ᠎ᠤᠨ ᠤᠮᠠᠷᠠᠲᠤ ᠬᠢᠯᠢ᠎ᠳᠦ ᠪᠠᠢᠭ᠎ᠠ ᠥᠪᠥᠷ ᠮᠣᠩᠭᠣᠯ᠎ᠳᠤ᠂ ᠦᠨᠳᠦᠰᠦᠲᠡᠨ᠎ᠨᠦᠭᠦᠳ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠨ᠂ ᠪᠠᠶᠠᠷ ᠪᠠᠶᠠᠰᠤᠯ᠎ᠲᠠᠶ᠎ᠪᠠᠷ ᠡᠬᠡ ᠤᠯᠤᠰ᠎ᠤᠨ ᠤᠮᠠᠷᠠᠲᠤ ᠬᠢᠯᠢ᠎ᠶ᠋ᠢ ᠬᠠᠮᠲᠤ᠎ᠪᠠᠷ ᠰᠠᠬᠢᠨ ᠬᠠᠮᠠᠭᠠᠯᠠᠵᠤ᠂ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠣᠭ᠍ᠴᠠᠯᠠᠨ᠂ ᠢᠮᠠᠭ᠍ᠲᠠ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠪᠡ᠃
ᠳᠥᠷᠪᠡ᠂ ᠬᠠᠷᠢᠭᠤᠴᠠᠯᠭ᠎ᠠ ᠡᠭᠦᠷᠭᠡᠯᠡᠯ᠃ ᠥᠪᠥᠷ ᠮᠣᠩᠭᠣᠯ ᠣᠷᠣᠨ᠎ᠳᠤ ᠠᠮᠢᠳᠤᠷᠠᠵᠤ ᠪᠠᠢᠭ᠎ᠠ ᠦᠨᠳᠦᠰᠦᠲᠡᠨ᠎ᠨᠦᠭᠦᠳ ᠥᠷᠭᠡᠨ ᠠᠭᠤᠳᠠᠮ ᠨᠤᠲᠤᠭ ᠳᠡᠪᠢᠰᠭᠡᠷ᠎ᠢ ᠬᠠᠮᠲᠤ᠎ᠪᠠᠷ ᠨᠡᠭᠡᠭᠡᠨ ᠬᠥᠭ᠌ᠵᠢᠭᠦᠯᠵᠦ᠍᠂ ᠥᠨᠢ ᠤᠳᠠᠭᠠᠨ ᠲᠡᠦᠬᠡ᠎ᠶ᠋ᠢ ᠬᠠᠮᠲᠤ᠎ᠪᠠᠷ ᠪᠢᠴᠢᠭ᠌ᠯᠡᠨ᠂ ᠭᠡᠷᠡᠯ ᠰᠠᠴᠤᠷᠠᠩᠭᠤᠢ ᠰᠣᠶᠣᠯ᠎ᠢ ᠬᠠᠮᠲᠤ᠎ᠪᠠᠷ ᠡᠭᠦᠳᠴᠦ᠍᠂ ᠠᠭᠤᠤ ᠶᠡᠬᠡ ᠵᠣᠷᠢᠭ ᠰᠠᠨᠠᠭ᠎ᠠ᠎ᠶ᠋ᠢ ᠬᠠᠮᠲᠤ᠎ᠪᠠᠷ ᠪᠣᠢᠵᠢᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠪᠦᠷᠢᠯᠳᠦᠨ ᠬᠥᠭ᠌ᠵᠢᠬᠦ᠌ ᠪᠠ ᠶᠡᠬᠡ ᠨᠢᠭᠡᠳᠦᠭ᠌ᠰᠡᠨ ᠤᠯᠤᠰ᠎ᠤᠨ ᠪᠦᠲᠦᠭᠡᠨ ᠪᠠᠢᠭᠤᠯᠤᠯᠲᠠ ᠪᠡᠬᠢᠵᠢᠯᠲᠡᠳᠦ ᠪᠠᠯᠠᠷᠠᠰᠢ ᠦᠭᠡᠢ ᠲᠡᠦᠬᠡᠨ ᠬᠤᠪᠢ ᠨᠡᠮᠡᠷᠢ ᠦᠵᠡᠭᠦᠯᠵᠡᠢ᠃ ᠤᠢ᠍ᠢᠷ᠎ᠠ ᠦᠶ᠎ᠡ ᠡᠴᠡ ᠨᠠᠭᠠᠰᠢ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠬᠠᠯᠠᠭᠤᠨ ᠠᠮᠢ ᠪᠦᠯᠢᠶᠡᠨ ᠴᠢᠰᠤ᠎ᠪᠠᠷ᠎ᠢᠶᠠᠨ ᠪᠠᠳᠤ ᠪᠡᠬᠢ ᠪᠤᠯᠤᠳ ᠬᠡᠷᠡᠮ᠎ᠢ ᠴᠣᠭ᠍ᠴᠠᠯᠠᠵᠤ᠂ ᠤᠯᠤᠰ᠎ᠲᠠᠭᠠᠨ ᠬᠤᠪᠢ ᠨᠡᠮᠡᠷᠢ ᠦᠵᠡᠭᠦᠯᠦᠭ᠌ᠰᠡᠨ ᠪᠠᠭᠠᠲᠤᠷᠯᠢᠭ ᠲᠤᠤᠯᠢᠰ᠎ᠢ ᠪᠢᠴᠢᠭ᠌ᠯᠡᠪᠡ᠃ ᠤᠯᠤᠰ ᠣᠷᠣᠨ᠎ᠢᠶᠠᠨ ᠮᠥᠬᠥᠯ᠎ᠡᠴᠡ ᠠᠪᠤᠷᠠᠬᠤ ᠠᠭᠤᠤ ᠶᠡᠬᠡ ᠲᠡᠮᠡᠴᠡᠯ᠎ᠦᠨ ᠳᠤᠮᠳᠠ᠂ ᠥᠪᠥᠷ ᠮᠣᠩᠭᠣᠯ ᠪᠣᠯ ᠴᠠᠭᠠᠨ ᠬᠠᠭᠠᠨᠲᠤ ᠤᠷᠤᠰ ᠪᠣᠯᠤᠨ ᠶᠠᠫᠣᠨ᠎ᠤ ᠲᠦᠷᠢᠮᠡᠬᠡᠢᠯᠡᠯ᠎ᠢ ᠡᠰᠡᠷᠭᠦᠴᠡᠬᠰᠡᠨ ᠡᠮᠦᠨ᠎ᠡ ᠹᠷᠣᠨᠲ ᠮᠥᠨ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠬᠠᠷᠭᠢᠰ ᠳᠠᠢᠰᠤᠨ᠎ᠢ ᠬᠠᠮᠲᠤ᠎ᠪᠠᠷ ᠬᠣᠷᠣᠰᠴᠤ᠌᠂ ᠭᠠᠳᠠᠭᠠᠳᠤ᠎ᠶ᠋ᠢᠨ ᠲᠤᠷᠤᠮᠵᠢᠯᠠᠯ᠎ᠢ ᠬᠠᠮᠲᠤ᠎ᠪᠠᠷ ᠡᠰᠡᠷᠭᠦᠴᠡᠵᠦ᠍᠂ ᠡᠭᠡ ᠣᠷᠣᠨ᠎ᠤ ᠨᠢᠭᠡᠳᠦᠯ᠎ᠢ ᠬᠠᠮᠠᠭᠠᠯᠠᠬᠤ᠂ ᠱᠢᠨ᠎ᠡ ᠳᠤᠮᠳᠠᠳᠤ ᠤᠯᠤᠰ᠎ᠢ ᠪᠠᠢᠭᠤᠯᠬᠤ᠎ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠦᠭ᠌ᠰᠡᠨ ᠶᠤᠮ᠃
ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠳᠠᠷᠠᠭ᠎ᠠ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠡᠢᠭᠡᠮ ᠵᠢᠷᠤᠮ᠎ᠤᠨ ᠪᠥᠲᠥᠭᠡᠨ ᠪᠠᠢᠭᠤᠯᠤᠯᠲᠠ᠎ᠶ᠋ᠢᠨ ᠤᠷᠤᠰᠭᠠᠯ ᠳᠤᠮᠳᠠ ᠤᠬᠠᠮᠰᠠᠷ ᠡᠴᠡ᠎ᠪᠠᠨ ᠬᠠᠷᠢᠭᠤᠴᠠᠯᠭ᠎ᠠ ᠡᠭᠦᠷᠭᠡᠯᠡᠵᠦ᠍᠂ ᠱᠢᠨ᠎ᠡ ᠳᠤᠮᠳᠠᠳᠤ ᠤᠯᠤᠰ᠎ᠤᠨ ᠠᠵᠤ ᠦᠶ᠋ᠯᠡᠳᠪᠦᠷᠢ᠎ᠶ᠋ᠢᠨ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠡᠷᠭᠦᠪᠡ᠃ ᠳᠡᠭᠡᠷ᠎ᠡ ᠵᠠᠭᠤᠨ᠎ᠤ ᠲᠠᠪᠢᠭᠠᠳ ᠣᠨ᠎ᠤ ᠳᠤᠮᠳᠠᠴᠢ᠎ᠪᠠᠷ᠂ ᠭᠣᠪᠢ ᠴᠦᠯ᠎ᠳᠦ ᠲᠤᠮᠤ ᠬᠡᠯᠪᠡᠷᠢ᠎ᠶ᠋ᠢᠨ ᠪᠤᠯᠤᠳ ᠲᠡᠮᠦᠷ᠎ᠦᠨ ᠠᠵᠤ ᠠᠬᠤᠢᠯᠠᠯ ᠪᠠᠢᠭᠤᠯᠬᠤ ᠨᠢ ᠮᠡᠷᠭᠡᠵᠢᠯ᠎ᠦᠨ ᠲᠤᠷᠱᠢᠯᠭ᠎ᠠ ᠲᠤᠢᠯ᠎ᠤᠨ ᠳᠤᠲᠠᠮᠠᠭ ᠪᠠᠢᠭ᠍ᠰᠠᠨ ᠠᠩᠬᠠᠳᠠᠭ᠍ᠴᠢ ᠪᠦᠯᠦᠭ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ ᠪᠦᠲᠦᠭᠡᠡ ᠪᠠᠢᠭᠤᠯᠤᠭ᠍ᠴᠢᠳ᠎ᠲᠤ ᠠᠪᠴᠤ᠌ ᠬᠡᠯᠡᠪᠡᠯ ᠬᠢᠵᠠᠭᠠᠯᠠᠰᠢ ᠦᠭᠡᠢ ᠬᠦᠴᠢᠷ ᠪᠡᠷᠬᠡᠱᠢᠶᠡᠯ᠎ᠲᠡᠶ ᠪᠠᠢᠵᠤ᠂ ᠤᠯᠤᠰ᠎ᠤᠨ ᠬᠦᠴᠦᠨ ᠶᠠᠳᠠᠭᠤ ᠪᠠᠭᠤᠷᠠᠢ᠂ ᠪᠦᠲᠦᠭᠡᠡ ᠪᠠᠢᠭᠤᠯᠤᠯᠲᠠ᠎ᠶ᠋ᠢᠨ ᠡᠳ᠋ ᠪᠣᠳᠠᠰ ᠳᠤᠲᠠᠮᠠᠭ ᠪᠠᠢᠭ᠍ᠰᠠᠨ ᠱᠢᠨ᠎ᠡ ᠳᠤᠮᠳᠠᠳᠤ ᠤᠯᠤᠰ᠎ᠲᠤ ᠠᠪᠴᠤ᠌ ᠬᠡᠯᠡᠪᠡᠯ᠂ ᠬᠦᠴᠢᠷᠳᠡᠯ ᠨᠢ ᠤᠷᠢᠳ ᠡᠮᠦᠨ᠎ᠡ ᠪᠠᠢᠭ᠎ᠠ ᠦᠭᠡᠢ ᠶᠤᠮ᠃ 8 ᠲᠦᠮᠡ ᠭᠠᠷᠤᠢ ᠦᠢᠯᠡᠰ ᠪᠣᠰᠭᠠᠭ᠍ᠴᠢᠳ ᠡᠬᠡ ᠤᠯᠤᠰ᠎ᠤᠨ ᠤᠮᠠᠷᠠᠲᠤ ᠬᠢᠯᠢ᠎ᠳᠦ ᠴᠤᠭ᠍ᠯᠠᠷᠠᠨ᠂ ᠬᠡᠭᠡᠷ᠎ᠡ ᠬᠣᠨᠣᠵᠤ ᠬᠡᠲᠡ ᠳᠡᠷᠡᠯᠡᠵᠦ᠍᠂ ᠪᠦᠬᠦ ᠬᠦᠴᠦ ᠪᠠᠨ ᠰᠢᠪᠬᠠᠵᠤ᠂ ᠡᠵᠡᠭᠦᠢ ᠳᠠᠩ ᠳᠡᠭᠡᠷ᠎ᠡ ᠪᠤᠯᠤᠳ ᠬᠤᠳᠠ ᠪᠠᠢᠭᠤᠯᠵᠤ᠂ ᠲᠠᠯ᠎ᠠ ᠨᠤᠲᠤᠭ᠎ᠲᠤ 《ᠦᠨᠳᠦᠰᠦᠲᠡᠨ᠎ᠨᠦᠭᠦᠳ᠎ᠦᠨ ᠠᠷᠠᠳ ᠲᠦᠮᠡᠨ ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭᠯᠡᠯ᠎ᠢ ᠪᠠᠢᠭᠤᠯᠵᠤ᠂ ᠪᠠᠶᠠᠨ᠌ᠠᠤᠪᠤᠭᠠ ᠡᠷᠳᠡᠨᠢᠰ᠎ᠦᠨ ᠰᠠᠩ᠎ᠢᠶᠠᠨ ᠬᠠᠨᠳᠢᠪᠯᠠᠭ᠍ᠰᠠᠨ》 ᠰᠡᠳᠭᠢᠯ ᠬᠥᠳᠡᠯᠭᠡᠮ᠎ᠡ ᠬᠠᠭᠤᠳᠠᠰᠤ᠎ᠶ᠋ᠢ ᠪᠢᠴᠢᠭ᠌ᠯᠡᠵᠡᠢ᠃ 1959 ᠣᠨ᠎ᠤ 10 ᠰᠠᠷ᠎ᠠ᠎ᠶ᠋ᠢᠨ 15᠎ᠤ᠋ ᠡᠳᠦᠷ᠂ ᠶᠡᠷᠦᠩᠬᠡᠢ ᠰᠠᠢᠳ ᠵᠧᠦ ᠡᠸᠨ ᠯᠠᠢ ᠪᠡᠶ᠎ᠡ᠎ᠪᠡᠷ᠎ᠢᠶᠡᠨ ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭᠯᠡᠯ᠎ᠳᠦ ᠢᠷᠡᠵᠦ 1 ᠨᠤᠮᠸᠷᠳᠦ ᠱᠢᠷᠡᠮᠤ ᠬᠠᠢᠯᠤᠭᠤᠯᠬᠤ ᠦᠨᠳᠦᠷ ᠵᠤᠤᠬ᠎ᠠ᠎ᠶ᠋ᠢᠨ ᠲᠡᠮᠦᠷ ᠭᠠᠷᠭᠠᠬᠤ᠎ᠳᠦ ᠳᠣᠣᠰᠠ ᠬᠠᠢᠴᠢᠯᠠᠪᠠ᠃ ᠭᠠᠯ᠎ᠤᠨ ᠤᠴᠢ ᠪᠣᠯᠤᠨ ᠤᠳᠤᠭ᠎ᠠ ᠤᠨᠢᠶᠠᠷ ᠳᠤᠮᠳᠠ ᠱᠢᠵᠢᠷ ᠠᠯᠳᠠᠨ ᠲᠡᠮᠤᠷ ᠤᠷᠤᠰᠭᠠᠯ ᠤᠷᠬᠢᠯᠤᠨ ᠭᠠᠷᠴᠤ᠌᠂ ᠥᠪᠥᠷ ᠮᠣᠩᠭᠣᠯ᠎ᠤᠨ 《ᠭᠠᠷ᠎ᠲᠠᠭᠠᠨ ᠲᠦᠭᠡ ᠲᠡᠮᠤᠷ ᠦᠭᠡᠢ》 ᠲᠡᠦᠬᠡ᠎ᠶ᠋ᠢ ᠡᠴᠦᠰᠯᠡᠭᠦᠯᠵᠦ᠍᠂ ᠱᠢᠨ᠎ᠡ ᠳᠤᠮᠳᠠᠳᠤ ᠤᠯᠤᠰ᠎ᠤᠨ ᠪᠤᠯᠤᠳ ᠲᠡᠮᠤᠷ᠎ᠦᠨ ᠠᠵᠤ ᠦᠢᠯᠡᠳᠪᠦᠷᠢ᠎ᠳᠦ ᠰᠠᠭᠤᠷᠢ ᠲᠠᠯᠪᠢᠵᠤ ᠥᠭ᠌ᠴᠡᠢ᠃ ᠠᠩᠬᠠᠳᠠᠭ᠍ᠴᠢ ᠵᠤᠤᠬ᠎ᠠ ᠳᠡᠮᠦᠷ᠎ᠤᠨ ᠬᠠᠢᠯᠤᠮᠠᠯᠢ ᠦᠢᠯᠡᠳᠪᠦᠷᠢᠯᠡᠵᠦ᠍ ᠭᠠᠷᠭᠠᠭ᠍ᠰᠠᠨ ᠡᠴᠡ᠂ ᠵᠢᠯ᠎ᠳᠦ ᠮᠢᠩᠭ᠎ᠠ ᠭᠠᠷᠤᠢ ᠲᠦᠮᠡᠨ ᠲᠣᠨ ᠪᠤᠯᠤᠳ ᠮᠠᠲ᠋ᠧᠷᠢᠶᠠᠯ ᠦᠢᠯᠡᠳᠪᠦᠷᠢᠯᠡᠬᠦ᠌ ᠬᠦᠷᠳᠡᠯ᠎ᠡ᠂ ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭ᠌ᠯᠡᠯ ᠪᠦᠬᠦᠳᠠ ᠨᠠᠢᠷᠠᠮᠳᠠᠬᠤ ᠤᠯᠤᠰ᠎ᠤᠨ ᠪᠦᠳᠤᠬᠡᠨ ᠪᠠᠢᠭᠤᠯᠤᠯᠲᠠ᠂ ᠦᠨᠳᠦᠰᠦᠲᠡᠨ᠎ᠦ ᠠᠵᠤ ᠦᠢᠯᠡᠳᠪᠦᠷᠢ᠎ᠶ᠋ᠢᠨ ᠬᠥᠭ᠌ᠵᠢᠯᠲᠡ᠎ᠶ᠋ᠢᠨ ᠬᠡᠷᠡᠯ ᠰᠠᠴᠤᠷᠠᠩᠭᠤᠢ ᠲᠡᠦᠬᠡᠨ ᠶᠠᠪᠤᠴᠠ᠎ᠶ᠋ᠢ ᠭᠡᠷᠡᠴᠢᠯᠡᠵᠦ᠍᠂ ᠪᠠᠰᠠ ᠠᠭᠤᠤ ᠶᠡᠬᠡ ᠬᠤᠪᠢ ᠨᠡᠮᠡᠷᠢ ᠦᠵᠡᠭᠦᠯᠬᠦ᠌ ᠵᠣᠷᠢᠭ ᠰᠠᠨᠠᠭ᠎ᠠ᠎ᠪᠠᠷ ᠤᠮᠠᠷᠠᠲᠤ ᠬᠢᠯᠢ᠎ᠶ᠋ᠢᠨ ᠰᠣᠶᠣᠯ᠎ᠤᠨ ᠵᠣᠷᠢᠭ ᠰᠠᠨᠠᠭᠠᠨ᠎ᠤ ᠴᠥᠮ᠎ᠡ᠎ᠶ᠋ᠢ ᠪᠠᠶᠠᠯᠢᠭ᠍ᠵᠢᠭᠤᠯᠤᠭ᠍ᠰᠠᠨ ᠪᠠᠢᠨ᠎ᠠ᠃
ᠱᠢᠨ᠎ᠡ ᠴᠠᠭ ᠦᠶ᠎ᠡ᠎ᠳᠦ ᠤᠷᠤᠭ᠍ᠰᠠᠨ᠎ᠤ ᠳᠠᠷᠠᠭ᠎ᠠ᠂ ᠥᠪᠥᠷ ᠮᠣᠩᠭᠣᠯ ᠨᠠᠮ᠎ᠤᠨ ᠲᠥᠪ ᠬᠣᠷᠢᠶ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠣᠯᠭᠣᠭ᠍ᠰᠠᠨ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠂ ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ ᠲᠣᠰ ᠪᠡᠶ᠎ᠡ᠎ᠶ᠋ᠢᠨ ᠪᠣᠳᠠᠲᠤ ᠪᠠᠢᠳᠠᠯ᠎ᠳᠠᠭᠠᠨ ᠰᠠᠭᠤᠷᠢᠯᠠᠵᠤ᠂ ᠨᠠᠮ᠂ ᠤᠯᠤᠰ ᠪᠣᠯᠤᠨ ᠠᠷᠠᠳ ᠲᠦᠮᠡᠨ᠎ᠳᠦ ᠨᠠᠩ ᠣᠯᠠᠨ ᠬᠤᠪᠢ ᠨᠡᠮᠡᠷᠢ ᠦᠵᠡᠭᠦᠯᠪᠡ᠃ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠠᠮᠤᠭ᠎ᠤᠨ ᠴᠢᠩᠭ᠎ᠠ ᠲᠦᠷᠢᠮ᠎ᠢ ᠬᠡᠷᠡᠭ᠌ᠵᠢᠭᠦᠯᠵᠦ᠍᠂ ᠤᠷᠢᠳ ᠬᠣᠵᠢᠳ ᠪᠥᠬᠥ᠌ ᠣᠷᠣᠨ᠎ᠤ 51%᠎ᠶ᠋ᠢᠨ ᠲᠠᠯᠠᠪᠠᠶ᠎ᠶ᠋ᠢ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠬᠡᠪᠴᠢᠶᠡᠨ᠎ᠳᠦ ᠣᠷᠣᠭᠤᠯᠵᠤ᠂ ᠤᠢᠵᠢᠭᠤᠯᠤᠭᠰᠠᠨ᠂ ᠡᠪᠡᠰᠦ ᠳᠠᠷᠢᠭᠰᠠᠨ᠂ ᠡᠯᠡᠰᠦ᠎ᠶ᠋ᠢ ᠵᠠᠰᠠᠭᠰᠠᠨ ᠬᠡᠪᠴᠢᠶ᠎ᠡ᠎ᠶ᠋ᠢ ᠣᠯᠠᠨ ᠵᠢᠯ ᠳᠠᠷᠠᠭᠠᠯᠠᠨ ᠪᠥᠬᠥ᠌ ᠤᠯᠤᠰ᠎ᠤᠨ ᠲᠡᠷᠢᠭᠦᠨ᠎ᠳᠦ ᠪᠠᠢᠯᠭᠠᠵᠤ᠂ ᠨᠤᠲᠤᠭ ᠪᠡᠯᠴᠢᠭᠡᠷ᠎ᠦᠨ ᠶᠡᠷᠦᠩᠬᠡᠢᠯᠡᠭ᠌ᠰᠡᠨ ᠤᠷᠭᠤᠮᠠᠯ᠎ᠤᠨ ᠬᠤᠴᠢᠯᠭ᠎ᠠ ᠪᠠ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ᠎ᠶ᠋ᠢ 45% ᠪᠠ 20.79%᠎ᠳ᠋ᠤ ᠬᠦᠷᠭᠡᠵᠦ᠍᠂ ᠪᠥᠬᠥ᠌ ᠤᠯᠤᠰ᠎ᠤᠨ ᠠᠷᠠᠳ ᠲᠦᠮᠡᠨ᠎ᠳᠦ ᠬᠡᠲᠦ 《ᠨᠡᠭᠦᠷᠡᠰᠦᠲᠥ᠋ᠷᠥᠭ᠌ᠴᠢ᠎ᠶ᠋ᠢᠨ ᠬᠥᠮᠥᠷᠭᠡ》 ᠪᠠ ᠴᠡᠪᠡᠷ 《ᠬᠦᠴᠢᠯᠲᠥ᠋ᠷᠥᠭ᠌ᠴᠢ᠎ᠶ᠋ᠢᠨ ᠪᠠᠭᠠᠷ》᠎ᠢ᠋ ᠪᠠᠢᠭᠤᠯᠵᠤ ᠥᠭ᠌ᠴᠡᠶ᠃ ᠡᠭᠦᠨ᠎ᠦ ᠬᠠᠮᠲᠤ᠂ ᠥᠪᠥᠷ ᠮᠣᠩᠭᠣᠯ ᠪᠣᠯ 《ᠵᠡᠭᠦᠨ ᠬᠣᠢᠲᠤ᠎ᠶ᠋ᠢᠨ ᠣᠶ ᠱᠢᠭᠤᠶ᠎ᠶ᠋ᠢᠨ ᠪᠦᠰᠡ》᠂ 《ᠤᠮᠠᠷᠠᠲᠤ᠎ᠶ᠋ᠢᠨ ᠡᠯᠡᠰᠦᠷᠭᠡᠭᠵᠢᠯ᠎ᠢ ᠰᠡᠷᠭᠡᠢᠯᠡᠬᠦ᠌ ᠪᠦᠰᠡ》 ᠪᠠ 《ᠬᠠᠲᠤᠨ ᠭᠤᠤᠯ᠎ᠤᠨ ᠭᠤᠤᠯᠳᠠᠯᠭ᠎ᠠ᠎ᠲᠠᠶ ᠠᠮᠢ ᠠᠬᠤᠶ᠎ᠶ᠋ᠢᠨ ᠣᠷᠣᠨ》᠎ᠤ᠋ ᠭᠤᠤᠯ ᠪᠦᠷᠢᠯᠳᠦᠬᠦᠨ ᠬᠡᠰᠡᠭ ᠪᠠᠢᠵᠤ᠂ ᠤᠮᠠᠷᠠᠲᠤ᠎ᠶᠢᠨ ᠭᠤᠷᠪᠠᠨ ᠣᠷᠣᠨ ᠴᠢᠨᠠᠭ᠍ᠰᠢᠯᠠᠪᠠᠯ ᠪᠥᠬᠥ᠌ ᠤᠯᠤᠰ᠎ᠤᠨ 《ᠡᠯᠡᠰᠦ ᠵᠢ ᠬᠠᠯᠬᠠᠯᠠᠬᠤ ᠬᠡᠷᠡᠮ》 ᠪᠠ 《ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠬᠥᠮᠥᠷᠭᠡ》 ᠪᠣᠯᠤᠭ᠍ᠰᠠᠨ ᠪᠠᠢᠨ᠎ᠠ᠃ ᠪᠦᠬᠦ᠌ ᠣᠷᠣᠨ᠎ᠤ ᠠᠮᠤ ᠪᠤᠳᠠᠭᠠᠨ᠎ᠤ ᠤᠨᠠᠯᠲᠠ 6 ᠵᠢᠯ ᠳᠠᠷᠠᠭᠠᠯᠠᠨ 700 ᠳ᠋ᠦᠩᠱᠢᠭᠤᠷ ᠵᠢᠩ᠎ᠢ ᠳᠠᠪᠠᠵᠤ᠂ ᠵᠢᠯ ᠪᠦᠷᠢ ᠬᠠᠭᠠᠰ ᠡᠴᠡ ᠳᠡᠭᠡᠭ᠌ᠰᠢᠬᠢ᠎ᠶ᠋ᠢ ᠨᠢ ᠣᠷᠣᠨ᠎ᠤ ᠭᠠᠳᠠᠨ᠎ᠠ ᠱᠢᠯᠵᠢᠭᠦᠯᠦᠨ ᠭᠠᠷᠭᠠᠵᠤ᠂ ᠪᠦᠬᠦ᠌ ᠤᠯᠤᠰ᠎ᠲᠤ ᠬᠠᠩᠭᠠᠵᠤ ᠪᠠᠢᠨ᠎ᠠ; ᠡᠪᠡᠰᠦᠨ ᠳᠡᠵᠢᠭᠡᠯᠳᠦ ᠮᠠᠯ᠎ᠤᠨ ᠲᠣᠭ᠎ᠠ ᠲᠣᠯᠣᠭᠠᠶ 7000 ᠲᠦᠮᠡ᠎ᠶ᠋ᠢ ᠳᠠᠪᠠᠵᠤ᠂ ᠬᠣᠨᠢᠨ ᠮᠢᠬ᠎ᠠ᠂ ᠦᠬᠡᠷ᠎ᠦᠨ ᠮᠢᠬ᠎ᠠ᠂ ᠦᠨᠢᠶᠡᠨ ᠰᠦ᠂ ᠢᠮᠠᠭᠠᠨ ᠨᠣᠤᠯᠤᠭᠤᠷ᠎ᠤᠨ ᠭᠠᠷᠤᠯᠲᠠ ᠲᠣᠰ ᠲᠣᠰ ᠪᠥᠬᠥ᠌ ᠤᠯᠤᠰ᠎ᠤᠨ 1 / 5᠂ 1 / 10᠂ 1 / 6᠂ 1 / 2 ᠬᠤᠪᠢ ᠵᠢ ᠡᠵᠡᠯᠡᠵᠦ᠍᠂ ᠤᠯᠤᠰ᠎ᠤᠨ ᠨᠡᠷ᠎ᠡ ᠨᠢᠳᠡᠷ᠎ᠲᠡᠬᠡᠨ ᠨᠡᠢᠴᠡᠭ᠌ᠰᠡᠨ 《ᠠᠮᠤ ᠪᠤᠳᠠᠭᠠᠨ᠎ᠤ ᠬᠥᠮᠥᠷᠭᠡ》᠂ 《ᠮᠢᠬᠠᠨ᠎ᠤ ᠬᠥᠮᠥᠷᠭᠡ》᠂ 《ᠰᠦ᠎ᠶᠢᠨ ᠬᠦᠨᠦᠭ》᠂ 《ᠨᠣᠤᠯᠤᠭᠤᠷ᠎ᠤᠨ ᠬᠣᠲᠠ》 ᠪᠣᠯᠵᠣ᠂ ᠳᠤᠮᠳᠠᠳᠤ ᠤᠯᠤᠰ᠎ᠤᠨ 《ᠠᠮᠤ ᠪᠤᠳᠠᠭᠠᠨ᠎ᠤ ᠠᠶᠠᠭ᠎ᠠ》 ᠶ᠋ᠢ ᠭᠠᠷ ᠲᠠᠭᠠᠨ ᠲᠤᠬᠳᠠᠭᠤᠨ ᠠᠳᠬᠤᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃ ᠥᠪᠥᠷ ᠮᠣᠩᠭᠣᠯ᠎ᠤᠨ ᠨᠡᠭᠦᠷᠡᠰᠦᠨ᠎ᠦ ᠬᠠᠳᠠᠭᠠᠯᠠᠭ᠍ᠳᠠᠴᠠ ᠪᠣᠯᠤᠨ ᠭᠠᠷᠤᠯᠲᠠ ᠴᠥᠮ ᠪᠦᠬᠦ᠌ ᠤᠯᠤᠰ᠎ᠤᠨ 1 / 4 ᠶ᠋ᠢ ᠡᠵᠡᠯᠡᠵᠦ᠂ ᠰᠠᠯᠬᠢᠨ ᠡᠨᠧᠷᠭᠢ᠂ ᠨᠡᠷᠡᠨ ᠡᠨᠧᠷᠭᠢ᠎ᠶ᠋ᠢᠨ ᠮᠡᠷᠭᠡᠵᠢᠯ᠎ᠦᠨ ᠨᠡᠭᠡᠭᠡᠯᠲᠡ ᠬᠢᠵᠦ᠍ ᠪᠣᠯᠬᠤ ᠬᠡᠮᠵᠢᠶ᠎ᠡ ᠲᠤᠰ ᠲᠤᠰ ᠪᠦᠬᠦ᠌ ᠤᠯᠤᠰ᠎ᠤᠨ 1 / 2᠂ 1 / 5 ᠡᠴᠡ ᠳᠡᠭᠡᠭ᠌ᠰᠢᠬᠢ᠎ᠶ᠋ᠢ ᠡᠵᠡᠯᠡᠵᠦ᠍᠂ ᠭᠠᠳᠠᠭ᠍ᠰᠢ ᠨᠡᠭᠦᠷᠡᠰᠦ ᠬᠦᠷᠭᠡᠬᠦ᠌᠂ ᠭᠠᠳᠠᠭ᠍ᠰᠢ ᠴᠠᠬᠢᠯᠭᠠᠨ ᠬᠦᠷᠭᠡᠬᠦ᠌ ᠬᠡᠮᠵᠢᠶ᠎ᠡ ᠴᠥᠮ ᠪᠦᠬᠦ᠌ ᠤᠯᠤᠰ᠎ᠤᠨ ᠲᠡᠷᠢᠭᠦᠨ᠎ᠳᠦ ᠣᠷᠣᠵᠤ᠂ ᠳᠤᠮᠳᠠᠳᠤ ᠤᠯᠤᠰ᠎ᠤᠨ 《ᠡᠨᠧᠷᠭᠢ᠎ᠶᠢᠨ ᠬᠠᠩᠭᠠᠯᠭ᠎ᠠ》 ᠶ᠋ᠢ ᠲᠣᠭ᠍ᠲᠠᠭᠤᠨ ᠪᠠᠢᠯᠭᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃ ᠥᠪᠥᠷ ᠮᠣᠩᠭᠣᠯ᠎ᠤᠨ ᠢᠮᠠᠭ᠍ᠲᠠ 《ᠤᠯᠤᠰ᠎ᠤᠨ ᠶᠡᠬᠡ ᠶᠠᠪᠤᠳᠠᠯ》 ᠢ᠋ ᠪᠠᠲᠤ ᠴᠡᠭᠡᠵᠢᠯᠡᠵᠦ᠍᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠭᠤᠶᠠᠴᠢ ᠦᠭᠡᠢ ᠬᠤᠪᠢ ᠨᠡᠮᠡᠷᠢ ᠦᠵᠡᠭᠦᠯᠬᠦ᠌ ᠵᠣᠷᠢᠭ ᠰᠠᠨᠠᠭᠠᠨ᠎ᠤ ᠬᠡᠪ ᠴᠢᠨᠠᠷ ᠨᠢ ᠤᠮᠠᠷᠠᠲᠤ ᠬᠢᠯᠢ᠎ᠶ᠋ᠢᠨ ᠰᠣᠶᠣᠯ᠎ᠤᠨ ᠴᠠᠭ ᠦᠶ᠎ᠡ᠎ᠶ᠋ᠢᠨ ᠠᠴᠢ ᠬᠣᠯᠪᠣᠭ᠍ᠳᠠᠯ᠎ᠢ ᠴᠢᠨᠠᠭ᠍ᠰᠢᠳᠠ ᠳᠡᠭᠡᠭ᠌ᠰᠢᠯᠡᠭᠦᠯᠦᠭ᠌ᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃