ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2024-05-19 13:40:24

ᠵᠣᠬᠢᠶᠠᠭ᠍ᠴᠢ᠄ ᠯᠢᠦ ᠭᠦᠸᠧ ᠳ᠋ᠦᠩ ᠣᠩᠱᠢᠭ᠍ᠰᠠᠨ ᠣᠳᠠᠭ᠎ᠠ᠄ 3

— ᠤᠷᠲᠤ ᠴᠠᠭᠠᠨ ᠬᠡᠷᠡᠮ᠎ᠦᠨ ᠰᠣᠶᠣᠯ᠎ᠤᠨ ᠲᠤᠬᠠᠢ ᠱᠢᠷᠢᠰ ᠮᠡᠳᠡᠭᠡᠯᠡᠯ (ᠳᠥᠷᠪᠡ)


ᠲᠡᠦᠬᠡ᠎ᠶ᠋ᠢᠨ ᠤᠷᠳᠤ ᠠᠶᠠᠨ᠎ᠳᠤ᠂ ᠤᠷᠳᠤ ᠴᠠᠭᠠᠨ ᠬᠡᠷᠡᠮ᠎ᠲᠡᠶ ᠬᠠᠷᠢᠯᠴᠠᠨ ᠲᠦᠰᠢᠯᠴᠠᠨ ᠤᠷᠤᠰᠢᠵᠤ ᠪᠠᠢᠭ᠎ᠠ ᠰᠡᠷᠬᠡᠢᠯᠡᠯᠲᠡ ᠵᠢᠨ ᠬᠤᠲᠠ ᠮᠠᠰᠢ ᠤᠯᠠᠨ ᠪᠠᠢᠵᠤ᠂ ᠥᠪᠥᠷ ᠮᠣᠩᠭᠣᠯ᠎ᠤᠨ ᠳᠤᠮᠳᠠ ᠪᠠᠷᠠᠭᠤᠨ ᠣᠷᠣᠨ᠎ᠳᠤ ᠨᠡᠩ ᠴᠤ᠌ ᠴᠡᠭ ᠱᠤᠭᠤᠮ ᠪᠣᠯᠤᠨ ᠵᠠᠯᠭᠠᠯᠳᠤᠵᠤ ᠪᠠᠢᠳᠠᠭ᠃

ᠣᠷᠳᠣ ᠴᠠᠭᠠᠨ ᠬᠡᠷᠡᠮ᠎ᠢ ᠪᠠᠢᠭᠤᠯᠵᠤ᠂ ᠨᠡᠭᠦᠳᠡᠯ ᠠᠷᠠᠳ᠎ᠢ ᠥᠷᠭᠡᠨ᠎ᠢᠶᠡᠷ ᠨᠡᠭᠦᠯᠭᠡᠨ᠂ ᠰᠡᠷᠬᠡᠢᠯᠡᠯᠲᠡ ᠵᠢᠨ ᠬᠤᠲᠠ ᠪᠠᠢᠭᠤᠯᠤᠨ᠎ᠠ᠂ ᠲᠡᠦᠬᠡ ᠵᠢᠨ ᠬᠦᠷᠳᠤ ᠡᠢᠮᠦᠷᠬᠦᠦ 《ᠵᠤᠷᠱᠢᠯ》 ᠢ᠋ᠢᠡᠷ ᠡᠷᠬᠢᠯᠳᠤᠵᠦ ᠪᠠᠢᠪᠠ᠄ ᠨᠢᠭᠡᠳᠦᠭᠡᠷ ᠤᠳᠠᠭ᠎ᠠ᠎ᠶᠢᠨ ᠶᠡᠬᠡ ᠬᠡᠪᠴᠢᠶᠡᠨ᠎ᠦ ᠠᠯᠪᠠᠨ᠎ᠤ ᠲᠠᠯ᠎ᠠ᠎ᠶ᠋ᠢᠨ ᠠᠷᠠᠳ᠎ᠢ ᠨᠡᠬᠦᠯᠭᠡᠵᠦ ᠬᠢᠵᠠᠭᠠᠷ᠎ᠢ ᠪᠡᠬᠢᠵᠢᠭᠦᠯᠬᠦ᠌ ᠶᠠᠪᠤᠳᠠᠯ ᠨᠡᠢᠲᠡ᠎ᠶ᠋ᠢᠨ ᠣᠨ ᠲᠣᠭᠠᠯᠠᠯ᠎ᠡᠴᠡ ᠡᠮᠦᠨ᠎ᠡ 211 ᠣᠨ᠎ᠳᠤ ᠡᠭᠦᠰᠴᠦ᠍᠂ ᠴᠢᠨ ᠤᠯᠤᠰ ᠳᠣᠲᠣᠷ ᠭᠠᠵᠠᠷ᠎ᠡᠴᠡ ᠣᠷᠳᠣ ᠴᠠᠭᠠᠨ ᠬᠡᠷᠡᠮ᠎ᠦᠨ ᠣᠷᠴᠢᠮ᠎ᠤᠨ ᠪᠣᠷᠣᠲᠣᠬᠣᠶ ᠣᠷᠣᠨ᠎ᠳᠤ 3 ᠲᠦᠮᠡᠨ ᠲᠠᠷᠢᠶᠠᠴᠢᠨ ᠡᠷᠦᠬᠡ᠎ᠵᠢ ᠨᠡᠭᠦᠯᠭᠡᠨ ᠣᠴᠢᠭᠤᠯᠵᠤ᠂ 10 ᠲᠦᠮᠡ ᠭᠠᠷᠤᠶ ᠬᠥᠮᠦᠨ ᠠᠮᠠ᠎ᠲᠠᠶ ᠪᠤᠯᠵᠤ᠂ ᠵᠢᠦᠶᠤᠸᠠᠨ ᠵᠢᠶᠦ᠋ᠨ᠎ᠢ ᠪᠠᠢᠭᠤᠯᠵᠤ᠂ 44 ᠱᠢᠶᠠᠨ᠎ᠢ ᠬᠠᠷᠢᠶᠠᠯᠠᠭᠤᠯᠪᠠ; ᠬᠣᠶᠠᠳᠤᠭᠠᠷ ᠤᠳᠠᠭ᠎ᠠ᠎ᠶᠢᠨ ᠶᠡᠬᠡ ᠬᠡᠪᠴᠢᠶᠡᠨ᠎ᠦ ᠠᠷᠠᠳ᠎ᠢ ᠨᠡᠬᠦᠯᠭᠡᠵᠦ ᠬᠢᠵᠠᠭᠠᠷ᠎ᠢ ᠪᠡᠬᠢᠵᠢᠭᠦᠯᠬᠦ ᠶᠠᠪᠤᠳᠠᠯ ᠬᠠᠨ ᠡᠦ ᠳ᠋ᠢ ᠬᠠᠭᠠᠨ᠎ᠤ ᠦᠶ᠎ᠡ᠎ᠳᠦ ᠡᠭᠦᠰᠴᠦ᠂ ᠤᠷᠲᠤ ᠴᠠᠭᠠᠨ ᠬᠡᠷᠡᠮ ᠳᠠᠭᠠᠤ ᠱᠦᠸᠸ ᠹᠠᠩ ᠵᠢᠶᠦ᠋ᠨ᠎ᠢ ᠪᠠᠢᠭᠤᠯᠵᠤ᠂ 10 ᠱᠢᠶᠠᠨ᠎ᠢ ᠬᠠᠷᠢᠶᠠᠯᠠᠭᠤᠯᠪᠠ; ᠤᠮᠠᠷᠠᠲᠤ ᠸᠧᠶ ᠤᠯᠤᠰ᠎ᠤᠨ ᠦᠶ᠎ᠡ᠎ᠳᠦ᠂ ᠤᠷᠲᠤ ᠴᠠᠭᠠᠨ ᠬᠡᠷᠡᠮ᠎ᠢ ᠳᠠᠭᠠᠵᠤ᠂ 9 ᠪᠠᠯᠭᠠᠰᠤ ᠪᠠᠢᠭᠤᠯᠵᠤ᠂ ᠦᠴᠦᠸᠠᠨ᠎ᠬᠠᠮᠤᠭ᠎ᠤᠨ ᠲᠤᠮᠤ ᠪᠠᠯᠭᠠᠰᠤ ᠪᠠᠢᠪᠠ ᠁

ᠡᠳᠦᠭᠡ᠂ ᠡᠳᠡᠭᠡᠷ ᠡᠷᠲᠡᠨ᠎ᠦ ᠬᠣᠲᠠ ᠪᠠᠯᠭᠠᠳ᠎ᠤᠨ ᠵᠠᠷᠢᠮᠠᠳ ᠨᠢ ᠲᠡᠦᠬᠡ᠎ᠶ᠋ᠢᠨ ᠬᠦᠷᠳᠦᠨ᠎ᠳᠤ ᠳᠠᠢ᠌ᠨ᠎ᠦ ᠤᠲᠤᠭ᠎ᠠ ᠪᠣᠯᠤᠨ ᠵᠠᠮᠬᠠᠷᠠᠵᠦ ᠱᠢᠷ᠎ᠠ ᠡᠯᠡᠰᠦᠨ᠎ᠳᠦ ᠳᠠᠷᠤᠭ᠍ᠳᠠᠨ ᠠᠷᠢᠯᠪᠠ; ᠵᠠᠷᠢᠮ ᠬᠣᠪᠣᠷᠬᠠᠨ ᠦᠯᠡᠳᠡᠵᠦ᠍ ᠪᠠᠢᠭ᠎ᠠ ᠬᠡᠰᠡᠭ ᠡᠪᠳᠡᠷᠬᠡᠢ ᠸᠠᠭᠠᠷ ᠲᠣᠭᠣᠰᠭ᠎ᠠ ᠨᠢ ᠮᠠᠰᠢ ᠤᠯᠠᠨ ᠡᠷᠳᠡᠮᠲᠡᠨ᠂ ᠵᠢᠭᠤᠯᠴᠢᠯᠠᠭ᠍ᠰᠠᠳ᠎ᠤᠨ ᠠᠩᠬᠠᠷᠤᠯ᠎ᠢ ᠲᠠᠲᠠᠵᠤ ᠪᠠᠢᠨ᠎ᠠ; ᠪᠠᠰᠠ ᠵᠠᠷᠢᠮ ᠨᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠨᠢᠭ᠍ᠲᠠᠷᠠᠨ ᠠᠭᠤᠰᠤᠯᠴᠠᠬᠤ ᠶ᠋ᠢ ᠳᠠᠭᠠᠯᠳᠤᠨ᠂ ᠠᠭᠠᠵᠢᠮ᠎ᠢᠶᠠᠷ ᠣᠳᠣ ᠦᠶ᠎ᠡ᠎ᠶ᠋ᠢᠨ ᠬᠣᠲᠠ ᠪᠣᠯᠵᠤ ᠪᠦᠷᠢᠯᠳᠦᠭ᠌ᠰᠡᠨ ᠪᠠᠢᠨ᠎ᠠ᠃

ᠰᠠᠯᠬᠢ ᠪᠤᠷᠤᠭᠠᠨ᠎ᠳᠤ ᠡᠯᠡᠭᠡᠭᠳᠡᠭᠰᠡᠨ ᠬᠢᠯᠢ᠎ᠶᠢᠨ ᠬᠣᠲᠠ ᠮᠢᠩᠭᠠᠨ ᠣᠨ᠎ᠢ ᠬᠥᠤᠷᠨᠢᠨ᠎ᠠ

ᠵᠢᠤᠶᠤᠸᠠᠨ ᠵᠢᠶᠦ᠋ᠨ᠎ᠦ ᠡᠷᠲᠡᠨ᠎ᠦ ᠬᠣᠲᠠ ᠨᠢ ᠱᠦᠸᠸ ᠹᠠᠩ ᠵᠢᠶᠦ᠋ᠨ᠎ᠦ ᠡᠷᠲᠡᠨ᠎ᠦ ᠬᠣᠲᠠ᠂ ᠦᠴᠦᠸᠠᠨ ᠪᠠᠯᠭᠠᠰᠤ᠎ᠲᠠᠶ ᠠᠳᠠᠯᠢ᠎ᠪᠠᠷ᠂ ᠬᠡᠳᠦᠢᠪᠡᠷ ᠬᠣᠲᠠ᠎ᠶ᠋ᠢᠨ ᠪᠠᠢᠭ᠎ᠠ ᠭᠠᠵᠠᠷ᠎ᠤᠨ ᠳᠤᠬᠠᠢ ᠣᠯᠠᠨ ᠵᠦᠶ᠋ᠯ᠎ᠦᠨ ᠬᠡᠯᠡᠯᠭᠡ᠎ᠪᠠᠢᠳᠠᠭ ᠴᠸ᠋᠂ ᠶᠡᠬᠡ ᠲᠥᠯᠥᠪ ᠳᠡᠭᠡᠨ ᠬᠠᠲᠤᠨ ᠭᠤᠤᠯ᠎ᠤᠨ 《ᠶᠡᠬᠡ ᠲᠤᠬᠤᠢ ᠵᠢᠨ ᠤᠷᠤᠨ》 ᠎ᠳᠤ ᠣᠷᠳᠣ ᠴᠠᠭᠠᠨ ᠬᠡᠷᠡᠮ᠎ᠲᠡᠶ ᠲᠦᠱᠢᠯᠴᠡᠬᠦᠯᠦᠨ ᠪᠠᠢᠭᠤᠯᠤᠭ᠍ᠳᠠᠭᠰᠠᠨ ᠶᠤᠮ᠃ ᠡᠨᠡ ᠬᠡᠰᠡᠭ ᠭᠠᠵᠠᠷ ᠨᠤᠲᠤᠭ ᠲᠸ᠋ ᠠᠭᠤᠯᠠ ᠤᠰᠤ ᠬᠥᠨᠳᠡᠯᠢᠰᠤᠨ ᠵᠠᠯᠭᠠᠯᠳᠤᠵᠦ᠂ ᠭᠤᠢᠳᠠ ᠰᠦᠷᠯᠢᠭ ᠪᠠᠢᠵᠤ᠂ ᠲᠡᠦᠬᠡᠨ ᠳᠡᠭᠡᠷ᠎ᠡ ᠡᠮᠦᠨᠡᠲᠦ ᠤᠮᠠᠷᠠᠲᠤ᠎ᠶ᠋ᠢᠨ ᠦᠨᠳᠦᠰᠦᠲᠡᠨ᠎ᠨᠦᠭᠦᠳ᠎ᠦᠨ ᠠᠷᠠᠳ ᠤᠯᠠᠨ᠎ᠦ ᠶᠠᠪᠤᠯᠴᠠᠭ᠎ᠠ ᠰᠤᠯᠢᠯᠴᠠᠭᠠᠨ᠎ᠦ ᠴᠢᠬᠤᠯᠠ ᠭᠠᠵᠠᠷ ᠤᠷᠤᠨ ᠪᠣᠯᠤᠭ᠍ᠰᠠᠨ ᠪᠠᠢᠨ᠎ᠠ᠃

ᠪᠤᠭᠤᠲᠤ ᠬᠣᠲᠠ᠎ᠶ᠋ᠢᠨ ᠵᠢᠦᠶᠤᠸᠠᠨ ᠲᠣᠭᠣᠷᠢᠭ᠎ᠤᠨ ᠮᠠ ᠤ᠋ᠤᠢ ᠡᠷᠲᠡᠨ᠎ᠤ ᠬᠤᠲᠠ ᠪᠤᠯ ᠴᠢᠨ ᠤᠯᠤᠰ᠎ᠤᠨ ᠵᠢᠦᠶᠤᠸᠠᠨ ᠵᠢᠶᠦ᠋ᠨ᠎ᠦ ᠵᠠᠬᠢᠷᠭ᠎ᠠ ᠪᠤᠯᠤᠨ᠎ᠠ᠃ ᠣᠲᠣ ᠦᠶ᠎ᠡ᠎ᠳᠤ ᠱᠢᠨ᠎ᠡ᠎ᠪᠡᠷ ᠪᠠᠢᠭᠤᠯᠤᠭ᠍ᠰᠠᠨ ᠬᠣᠲᠠ᠎ᠶ᠋ᠢᠨ ᠡᠭᠦᠳᠡᠨ ᠠᠰᠠᠷ᠎ᠡᠴᠡ ᠠᠯᠤᠰ ᠎ᠢ ᠪᠠᠷᠠᠯᠠᠬᠤ᠎ᠳᠤ᠂ 《ᠯᠢᠦᠶ》 ᠥᠰᠥᠭ᠎ᠦᠨ ᠵᠢᠱᠢᠭᠦᠦ ᠬᠡᠯᠪᠡᠷᠢ᠎ᠶ᠋ᠢᠨ ᠡᠷᠲᠡᠨ᠎ᠦ ᠬᠣᠲᠠ᠎ᠶ᠋ᠢᠨ ᠪᠠᠭᠤᠷᠢ ᠬᠠᠷᠠᠭ᠍ᠳᠠᠵᠤ᠂ ᠲᠤᠬᠠᠶ᠎ᠶ᠋ᠢᠨ ᠵᠢᠯ᠎ᠦᠨ ᠰᠦᠷᠯᠢᠭ ᠲᠥᠷᠬᠦ᠌᠎ᠵᠢ ᠲᠦᠰᠦᠭᠡᠯᠡᠨ ᠪᠤᠳᠤᠭᠳᠠᠭᠤᠯᠤᠨ᠎ᠠ᠃

ᠪᠠᠢᠯᠳᠤᠭᠠᠨᠲᠤ ᠤᠯᠤᠰ᠎ᠤᠨ ᠦᠶ᠎ᠡ᠎ᠳᠦ᠂ ᠵᠤᠤ ᠡᠦ ᠯᠢᠩ ᠸᠠᠩ ᠡᠨᠳᠡ ᠵᠢᠦᠶᠤᠸᠠᠨ ᠰᠢᠶᠠᠨ᠎ᠢ ᠪᠠᠢᠭᠤᠯᠵᠤ᠂ ᠤᠷᠳᠤ ᠴᠠᠭᠠᠨ ᠬᠡᠷᠡᠮ᠎ᠢ ᠪᠠᠢᠭᠤᠯᠪᠠ᠃ ᠴᠢᠨ ᠱ᠌ᠢ ᠬᠤᠸᠠᠩ ᠵᠢᠷᠭᠤᠭᠠᠨ ᠤᠯᠤᠰ᠎ᠢ ᠨᠢᠭᠡᠳᠭᠡᠭ᠌ᠰᠡᠨ᠎ᠦ ᠳᠠᠷᠠᠭ᠎ᠠ᠂ ᠶᠡᠬᠡ ᠵᠠᠩᠵᠤᠨ ᠮᠸᠩ ᠲᠢᠶᠠᠨ᠎ᠳᠤ ᠵᠠᠷᠯᠢᠭ ᠪᠠᠭᠤᠯᠭᠠᠨ 30 ᠲᠦᠮᠡᠨ ᠭᠣᠣᠯ ᠬᠦᠴᠦᠨ᠎ᠦ ᠴᠡᠷᠢᠭ ᠳᠠᠢᠴᠢᠯᠠᠭᠤᠯᠤᠨ ᠾᠧᠨᠠᠨ ᠭᠠᠵᠠᠷ (ᠶᠡᠬᠡ ᠲᠥᠯᠥᠪ ᠣᠳᠣ᠎ᠶ᠋ᠢᠨ ᠪᠣᠷᠣᠲᠣᠬᠣᠶ᠎ᠡᠴᠡ ᠡᠮᠦᠨᠡᠱᠢᠬᠢ ᠣᠷᠳᠣᠰ ᠬᠣᠲᠠ ᠵᠢᠨ ᠣᠷᠴᠢᠮ) ᠎ᠢ᠋ ᠡᠭᠡᠭᠦᠯᠦᠨ ᠠᠪᠴᠤ᠌᠂ ᠬᠠᠲᠤᠨ ᠭᠣᠣᠯ ᠳᠠᠭᠠᠤ 44 ᠱᠢᠶᠠᠨ ᠪᠠᠢᠭᠤᠯᠵᠤ᠂ ᠰᠡᠭᠦᠯᠡᠷ ᠨᠢ ᠪᠠᠰᠠ ᠵᠢᠦᠶᠤᠸᠠᠨ ᠵᠢᠶᠦ᠋ᠨ᠎ᠢ ᠪᠠᠢᠭᠤᠯᠵᠠᠶ᠃

ᠶᠤᠸᠠᠨ ᠱᠦᠸᠸ ᠵᠢᠨ ᠬᠣᠶᠠᠳᠤᠭᠠᠷ ᠣᠨ (ᠨᠡᠢᠳᠡ ᠵᠢᠨ ᠤᠨ ᠲᠤᠭᠠᠯᠠᠯ ᠡᠴᠡ ᠡᠮᠦᠨ᠎ᠡ 127 ᠣᠨ) ᠳ᠋ᠤ᠂ ᠬᠠᠨ ᠡᠦ ᠳ᠋ᠢ ᠬᠠᠭᠠᠨ ᠸᠧᠶ ᠴᠢᠩ᠂ ᠯᠢ ᠰᠢ᠎ᠶ᠋ᠢ ᠲᠣᠮᠢᠯᠠᠨ ᠴᠡᠷᠢᠭ ᠳᠠᠢᠴᠢᠯᠠᠭᠤᠯᠤᠨ ᠪᠣᠷᠣᠲᠣᠬᠣᠶ᠎ᠡᠴᠡ ᠡᠮᠦᠨᠡᠱᠢᠬᠢ ᠴᠢᠨ ᠤᠯᠤᠰ᠎ᠤᠨ ᠬᠠᠷᠢᠶ᠎ᠠ ᠭᠠᠵᠠᠷ᠎ᠢ ᠡᠭᠡᠭᠦᠯᠦᠨ ᠠᠪᠴᠠᠶ᠃ ᠡᠨᠳᠡᠬᠢ ᠨᠢ ᠬᠠᠨ ᠤᠯᠤᠰ᠎ᠤᠨ ᠨᠡᠢᠰᠯᠡᠯ ᠴᠠᠩ ᠠᠨ ᠬᠣᠲᠠ (ᠣᠳᠣ᠎ᠶ᠋ᠢᠨ ᠱᠠᠨᠰᠢ ᠮᠤᠵᠢ᠎ᠶ᠋ᠢᠨ ᠰᠢ ᠠᠨ ᠬᠣᠲᠠ) ᠶ᠋ᠢᠨ ᠤᠮᠠᠷᠠᠲᠤ ᠬᠡᠰᠡᠭ᠎ᠲᠦ ᠪᠠᠢᠷᠢᠯᠠᠵᠤ ᠪᠠᠢᠳᠠᠭ ᠡᠴᠡ᠂ ᠱᠦᠸᠸ ᠹᠠᠩ ᠵᠢᠶᠦ᠋ᠨ ᠭᠡᠵᠦ᠍ ᠨᠡᠷᠡᠢᠳᠦᠨ᠂ ᠴᠢᠨ ᠤᠯᠤᠰ᠎ᠤᠨ ᠪᠠᠢᠭᠤᠯᠤᠭ᠍ᠰᠠᠨ ᠵᠢᠤᠶᠤᠸᠠᠨ ᠵᠢᠶᠦ᠋ᠨ᠎ᠢ ᠦᠶᠤᠸᠠᠨ ᠵᠢᠶᠦ᠋ᠨ ᠭᠡᠵᠦ᠍ ᠥᠭᠡᠷᠡᠴᠢᠯᠡᠨ᠂ 10 ᠲᠦᠮᠡᠨ ᠬᠥᠮᠦᠨ ᠴᠤᠭ᠍ᠯᠠᠭᠤᠯᠤᠨ ᠠᠲᠠᠷ ᠬᠠᠭᠠᠯᠪᠤᠷᠢᠯᠠᠨ ᠭᠠᠵᠠᠷ ᠨᠤᠳᠤᠭ ᠵᠢᠠᠨ ᠥᠷᠭᠡᠳᠭᠡᠵᠦ᠍᠂ ᠰᠤ᠌ ᠵᠢᠶᠠᠨ᠎ᠢᠶᠠᠷ 10 ᠲᠦᠮᠡᠨ ᠬᠥᠮᠦᠨ ᠳᠠᠢᠴᠢᠯᠠᠭᠤᠯᠤᠨ ᠮᠤᠨᠢ ᠠᠭᠤᠯᠠ᠎ᠶ᠋ᠢᠨ ᠡᠮᠦᠨ᠎ᠡ ᠬᠣᠷᠮᠣᠶ᠎ᠶ᠋ᠢᠨ ᠣᠷᠳᠣ ᠴᠠᠭᠠᠨ ᠬᠡᠷᠡᠮ᠎ᠢ ᠪᠠᠢᠭᠤᠯᠪᠠ᠃

ᠤᠮᠠᠷᠠᠲᠤ ᠸᠧᠶ ᠤᠯᠤᠰ᠎ᠤᠨ ᠦᠶ᠎ᠡ᠎ᠳᠦ᠂ ᠲᠠᠢ ᠡᠦ ᠳ᠋ᠢ ᠬᠠᠭᠠᠨ ᠲᠦᠸᠸ ᠪᠠ ᠲᠤᠤ ᠤᠮᠠᠷᠠᠲᠤ ᠣᠷᠣᠨ᠎ᠳᠤ ᠬᠡᠳᠦᠨ ᠮᠢᠩᠭᠠᠨ ᠭᠠᠵᠠᠷ ᠦᠷᠭᠦᠯᠵᠢᠯᠡᠭ᠌ᠰᠡᠨ ᠥᠷᠭᠡᠨ ᠠᠭᠤᠳᠠᠮ ᠤᠷᠲᠤ ᠴᠠᠭᠠᠨ ᠬᠡᠷᠡᠮ᠎ᠢ ᠪᠠᠢᠭᠤᠯᠵᠤ᠂ ᠪᠠᠷᠠᠭᠤᠨ᠎ᠡᠴᠡ ᠵᠡᠭᠦᠨᠰᠢ ᠸᠸ ᠶᠸ᠂ ᠬᠤᠸᠠᠢ ᠱᠦᠸᠸ᠂ ᠦᠴᠦᠸᠠᠨ᠂ ᠹᠦ᠋ ᠮᠢᠩ᠂ ᠷᠸᠦ ᠱᠢᠤᠸᠠᠨ᠂ ᠬᠤᠸᠠᠢ ᠬᠤᠸᠠᠩ ᠵᠡᠷᠭᠡ ᠴᠡᠷᠢᠭ᠎ᠦᠨ ᠶᠠᠪᠤᠳᠠᠯ᠎ᠤᠨ ᠵᠢᠷᠭᠤᠭᠠᠨ ᠴᠢᠬᠤᠯᠠ ᠪᠠᠯᠭᠠᠰᠤ᠎ᠶ᠋ᠢ ᠪᠠᠢᠭᠤᠯᠵᠤ᠂ ᠡᠭᠦᠨ᠎ᠦ ᠳᠣᠲᠣᠷᠠᠬᠢ ᠲᠦᠷᠦᠭᠦᠦ ᠲᠠᠪᠤ ᠨᠢ ᠥᠪᠥᠷ ᠮᠣᠩᠭᠣᠯ ᠣᠷᠣᠨ᠎ᠳᠤ ᠪᠤᠢ᠃

ᠡᠮᠦᠨᠡᠲᠦ ᠤᠮᠠᠷᠠᠲᠤ ᠰᠣᠯᠪᠢᠴᠠᠵᠤ ᠨᠠᠢᠷᠠᠮᠳᠠᠯ᠎ᠢᠶᠠᠷ ᠬᠠᠮᠲᠤᠷᠠᠨ ᠤᠷᠤᠰᠢᠪᠠ

ᠲᠡᠦᠬᠡᠨ ᠳᠡᠭᠡᠷ᠎ᠡ᠂ ᠤᠮᠠᠷᠠᠲᠤ᠎ᠶ᠋ᠢᠨ ᠲᠠᠯ᠎ᠠ ᠨᠤᠲᠤᠭ᠎ᠤᠨ ᠾᠦᠩᠨᠦ᠍᠂ ᠱᠢᠶᠡᠨᠪᠢ᠂ ᠲᠦᠷᠺ᠂ ᠳ᠋ᠠᠩᠱᠢᠶᠠᠩ᠂ ᠬᠢᠳᠠᠨ᠂ ᠮᠣᠩᠭᠣᠯ᠂ ᠵᠦᠷᠴᠢᠨ ᠵᠡᠷᠭᠡ ᠦᠨᠳᠦᠰᠦᠲᠡᠨ ᠤᠷᠢᠳ ᠬᠣᠵᠢᠳ ᠲᠡᠦᠬᠡ᠎ᠶ᠋ᠢᠨ ᠲᠠᠪᠴᠠᠩ᠎ᠳᠤ ᠭᠠᠷᠴᠤ᠌᠂ ᠳᠤᠮᠳᠠᠳᠤ ᠣᠷᠣᠨ᠎ᠤ ᠦᠨᠳᠦᠰᠦᠲᠡᠨ᠎ᠲᠡᠶ ᠣᠷᠳᠣ ᠴᠠᠭᠠᠨ ᠬᠡᠷᠡᠮ᠎ᠦᠨ ᠳᠣᠲᠣᠷ᠎ᠠ ᠭᠠᠳᠠᠨ᠎ᠠ ᠥᠷᠭᠡᠨ ᠳᠡᠯᠭᠡᠷ ᠰᠣᠯᠢᠯᠴᠠᠭ᠎ᠠ ᠠᠭᠤᠰᠤᠯᠴᠠᠯ ᠬᠢᠵᠦ᠍᠂ ᠡᠴᠦᠰ᠎ᠲᠡᠬᠡᠨ ᠳᠤᠮᠳᠠᠳᠤ᠎ᠶ᠋ᠢᠨ ᠦᠨᠳᠦᠰᠦᠲᠡᠨ᠎ᠦ ᠣᠯᠠᠨ ᠡᠰᠢᠴᠢᠯᠡᠨ ᠨᠢᠭᠡ ᠴᠣᠭ᠍ᠴᠠᠵᠢᠭ᠍ᠰᠠᠨ ᠪᠠᠢᠷᠢᠱᠢᠯ᠎ᠢ ᠪᠦᠷᠢᠯᠳᠦᠭᠦᠯᠵᠦ᠍᠂ ᠳᠤᠮᠳᠠᠳᠤ᠎ᠶ᠋ᠢᠨ ᠪᠣᠯᠪᠠᠰᠤᠨ ᠲᠠᠰᠤᠷᠠᠯᠲᠠ ᠥᠬᠡᠶ ᠬᠥᠭ᠌ᠵᠢᠨ ᠪᠤᠵᠠᠭᠠᠢᠷᠠᠵᠤ᠂ ᠥᠨᠢ ᠤᠳᠠᠭᠠᠨ ᠵᠢᠨᠷ ᠪᠠᠳᠠᠷᠠᠨ ᠬᠦᠭᠵᠢᠪᠡ᠃

ᠴᠢᠨ ᠤᠯᠤᠰ᠂ ᠬᠠᠨ ᠤᠯᠤᠰ᠎ᠤᠨ ᠦᠶ᠎ᠡ᠎ᠳᠦ ᠥᠪᠥᠷ ᠮᠣᠩᠭᠣᠯ ᠣᠷᠣᠨ᠎ᠳᠤ ᠨᠡᠭᠦᠳᠡᠯ ᠠᠷᠠᠳ ᠬᠢᠯᠢ ᠬᠢᠵᠠᠭᠠᠷ᠎ᠢ ᠮᠠᠨᠳᠤᠭᠤᠯᠤᠭᠰᠠᠨ ᠶᠠᠪᠤᠳᠠᠯ ᠲᠤᠩ ᠤᠯᠠᠨ ᠪᠠᠢᠭ᠍ᠰᠠᠨ ᠪᠣᠯᠪᠠᠴᠤ᠌ ᠬᠥᠮᠦᠨ᠎ᠦ ᠲᠣᠭ᠎ᠠ᠂ ᠬᠡᠪᠴᠢᠶ᠎ᠡ ᠨᠢ ᠠᠳᠠᠯᠢ ᠪᠤᠰᠤ ᠪᠠᠢᠪᠠ᠂ ᠶᠤᠸᠠᠨ ᠱᠸᠦ᠎ᠶᠢᠨ ᠬᠣᠶᠠᠳᠤᠭᠠᠷ ᠣᠨ (ᠨᠡᠢᠲᠡ᠎ᠶ᠋ᠢᠨ ᠣᠨ ᠲᠣᠭᠠᠯᠠᠯ᠎ᠡᠴᠡ ᠡᠮᠦᠨ᠎ᠡ 121 ᠣᠨ) ᠳ᠋ᠤ᠂ ᠬᠠᠨ ᠤᠯᠤᠰ ᠬᠡᠳᠦᠨ ᠲᠦᠮᠡᠨ ᠬᠥᠮᠦᠨ ᠲᠣᠮᠢᠯᠠᠨ ᠱᠦᠸᠸ ᠹᠠᠩ᠎ᠳᠤ ᠰᠤᠪᠠᠭ ᠵᠠᠰᠠᠵᠤ᠂ ᠶᠤᠸᠠᠨ ᠳ᠋ᠢᠩ᠎ᠦᠨ ᠵᠢᠷᠭᠤᠳᠤᠭᠠᠷ ᠣᠨ (ᠨᠡᠢᠲᠡ᠎ᠶ᠋ᠢᠨ ᠣᠨ ᠲᠣᠭᠠᠯᠠᠯ᠎ᠡᠴᠡ ᠡᠮᠦᠨ᠎ᠡ 111 ᠣᠨ) ᠳ᠋ᠤ᠂ ᠠᠮᠤ ᠪᠤᠳᠠᠭᠠᠨ᠎ᠤ ᠬᠠᠩᠭᠠᠯᠭ᠎ᠠ᠎ᠶ᠋ᠢ ᠪᠠᠲᠤᠯᠠᠬᠤ᠎ᠶ᠋ᠢᠨ ᠲᠥᠯᠥᠭᠡ᠂ 《ᠱᠠᠩ ᠵᠢᠶᠦ᠋ᠨ᠂ ᠱᠦᠸᠸ ᠹᠠᠩ᠂ ᠰᠢ ᠾᠧ᠂ ᠾᠧ ᠰᠢ᠎ᠳᠤ ᠭᠠᠵᠠᠷ ᠲᠠᠷᠢᠶᠠᠨ᠎ᠤ ᠨᠣᠶᠠᠨ ᠲᠣᠮᠢᠯᠠᠵᠤ᠂ ᠪᠣᠭᠣᠮᠲᠠ ᠰᠠᠬᠢᠬᠤ ᠴᠡᠷᠢᠭ᠎ᠢ ᠵᠢᠷᠠᠨ ᠲᠦᠮᠡ ᠬᠦᠷᠭᠡᠵᠦ ᠲᠠᠷᠢᠶ᠎ᠡ ᠲᠠᠷᠢᠭᠤᠯᠪᠠ》᠃

ᠴᠢᠨ ᠤᠯᠤᠰ ᠬᠠᠨ ᠤᠯᠤᠰ᠎ᠤᠨ ᠵᠠᠰᠠᠭ᠎ᠤᠨ ᠭᠠᠵᠠᠷ ᠡᠴᠡ ᠭᠣᠣᠯᠯᠠᠨ ᠤᠳᠤᠷᠢᠳᠤᠭ᠍ᠰᠠᠨ ᠠᠷᠠᠳ᠎ᠢ ᠨᠡᠬᠦᠯᠭᠡᠬᠦ ᠠᠵᠢᠯᠯᠠᠭ᠎ᠠ᠂ ᠪᠠᠷᠠᠭᠤᠨ ᠬᠠᠨ ᠤᠯᠤᠰ᠎ᠤᠨ ᠬᠡᠷᠡᠭ᠌ᠵᠢᠭᠦᠯᠦᠭ᠌ᠰᠡᠨ ᠤᠷᠤᠭ ᠪᠤᠯᠤᠯᠴᠠᠨ ᠡᠪᠰᠡᠬᠦ ᠪᠤᠳᠤᠯᠭ᠎ᠠ ᠨᠢ ᠥᠪᠥᠷ ᠮᠣᠩᠭᠣᠯ ᠣᠷᠣᠨ᠎ᠤ ᠨᠡᠭᠡᠭᠡᠨ ᠬᠥᠭ᠌ᠵᠢᠭᠦᠯᠦᠯᠲᠡ᠎ᠶ᠋ᠢ ᠠᠬᠢᠭᠤᠯᠵᠤ᠂ ᠲᠠᠷᠢᠶᠠᠯᠠᠩ᠎ᠤᠨ ᠦᠢᠯᠡᠳᠪᠦᠷᠢᠯᠡᠯ᠎ᠦᠨ ᠲᠦᠪᠱᠢᠨ᠎ᠢ ᠳᠡᠭᠡᠭ᠌ᠰᠢᠯᠡᠭᠦᠯᠵᠦ᠍᠂ ᠤᠮᠠᠷᠠᠲᠤ᠎ᠶ᠋ᠢᠨ ᠬᠢᠯᠢ᠎ᠶ᠋ᠢᠨ ᠬᠠᠮᠠᠭᠠᠯᠠᠯᠲᠠ᠎ᠶ᠋ᠢ ᠪᠡᠬᠢᠵᠢᠭᠦᠯᠵᠦ᠍᠂ ᠳᠣᠲᠣᠷ ᠭᠠᠵᠠᠷ᠎ᠲᠠᠶ ᠨᠢᠭᠡ ᠴᠤᠬ᠍ᠴᠠᠵᠢᠬ᠍ᠰᠠᠨ ᠬᠥᠭ᠌ᠵᠢᠯᠲᠡ᠎ᠶ᠋ᠢᠨ ᠪᠠᠢᠷᠢᠱᠢᠯ᠎ᠢ ᠪᠦᠷᠢᠯᠳᠦᠭᠦᠯᠵᠦ᠍᠂ ᠳᠤᠮᠳᠠᠳᠤ ᠣᠷᠣᠨ᠎ᠤ ᠦᠨᠳᠦᠰᠦᠲᠡᠨ ᠪᠣᠯᠤᠨ ᠤᠮᠠᠷᠠᠲᠤ᠎ᠶ᠋ᠢᠨ ᠦᠨᠳᠦᠰᠦᠲᠡᠨ᠎ᠦ ᠬᠣᠭᠣᠷᠣᠨᠳᠣᠬᠢ ᠦᠨᠳᠦᠰᠦᠲᠡᠨ᠎ᠦ ᠠᠭᠤᠰᠤᠯᠴᠠᠯ ᠪᠣᠯᠤᠨ ᠰᠣᠶᠣᠯ᠎ᠤᠨ ᠠᠭᠤᠰᠤᠯᠴᠠᠯ᠎ᠤᠨ ᠠᠯᠬᠤᠭ᠎ᠠ ᠵᠢ ᠲᠦᠷᠭᠡᠳᠭᠡᠪᠡ᠃

1600 ᠭᠠᠷᠤᠢ ᠵᠢᠯ᠎ᠦᠨ ᠡᠮᠦᠨᠡᠬᠢ ᠦᠴᠦᠸᠠᠨ ᠳᠤᠮᠳᠠᠳᠤ᠎ᠶ᠋ᠢᠨ ᠲᠡᠦᠬᠡᠨ᠎ᠳᠦ ᠭᠡᠷᠡᠯ ᠭᠢᠯᠪᠠᠭ᠎ᠠ ᠰᠠᠴᠤᠷᠠᠭᠤᠯᠵᠤ᠂ ᠡᠨᠳᠡ᠎ᠡᠴᠡ ᠳᠤᠮᠳᠠᠳᠤ ᠤᠯᠤᠰ᠎ᠤᠨ ᠲᠡᠦᠬᠡ᠎ᠶ᠋ᠢ ᠨᠥᠯᠥᠭᠡᠯᠡᠭᠰᠡᠨ ᠮᠠᠰᠢ ᠤᠯᠠᠨ ᠬᠥᠮᠦᠰ ᠴᠤᠯᠭᠤᠷᠠᠨ ᠭᠠᠷᠴᠤ᠂ 《ᠬᠠᠭᠠᠨ ᠲᠦᠷᠦ ᠵᠢᠨ ᠢᠪᠡᠭᠡᠯ᠎ᠢ ᠬᠦᠷᠳᠡᠭᠰᠡᠨ》 ᠭᠠᠵᠠᠷ ᠤᠷᠤᠨ ᠪᠤᠯᠤᠭᠰᠠᠨ ᠪᠠᠢᠨ᠎ᠠ᠂ ᠨᠡᠩ ᠴᠤ᠌ ᠤᠮᠠᠷᠠᠲᠤ ᠸᠧᠢ ᠤᠯᠤᠰ᠎ᠤᠨ ᠦᠶ᠎ᠡ ᠳ᠋ᠤ᠂ ᠤᠮᠠᠷᠠᠲᠤ ᠭᠡᠰᠡᠭ ᠤ᠋ᠨ ᠭᠠᠵᠠᠷ ᠤᠷᠤᠨ ᠤ᠋ ᠬᠢᠯᠢ ᠬᠢᠵᠠᠭᠠᠷ ᠤ᠋ᠨ ᠪᠠᠢᠯᠳᠤᠬᠤ ᠪᠤᠳᠤᠯᠭ᠎ᠠ᠎ᠶ᠋ᠢᠨ ᠴᠢᠬᠤᠯᠠ ᠭᠠᠵᠠᠷ ᠤᠷᠤᠨ ᠪᠠ ᠡᠮᠦᠨᠡᠲᠦ ᠤᠮᠠᠷᠠᠲᠤ᠎ᠶ᠋ᠢᠨ ᠣᠷᠣᠵᠤ ᠭᠠᠷᠬᠤ ᠭᠣᠣᠯ ᠵᠠᠮ ᠪᠣᠯᠵᠦ᠂ ᠶᠠᠭ ᠵᠠᠷᠢᠮ ᠲᠡᠦᠬᠡ᠎ᠶ᠋ᠢᠨ ᠡᠷᠳᠡᠮᠲᠡᠳ᠎ᠦᠨ ᠬᠡᠯᠡᠭ᠌ᠰᠡᠨᠴᠢᠯᠡᠨ᠂ ᠦᠴᠦᠸᠠᠨ ᠢ᠋ ᠤᠯᠪᠠᠯ᠂ ᠳᠠᠷᠤᠢ ᠤᠮᠠᠷᠠᠲᠤ ᠸᠧᠢ᠎ᠶ᠋ᠢᠨ ᠬᠠᠭᠠᠰ ᠢᠯᠡᠭᠦᠦ᠍᠎ᠶ᠋ᠢ ᠨᠢ ᠬᠠᠮᠠᠭᠠᠯᠠᠭ᠍ᠰᠠᠨ ᠳ᠋ᠦ ᠲᠤᠭᠠᠴᠠᠭᠳᠠᠨ᠎ᠠ᠃

《ᠤᠮᠠᠷᠠᠲᠤ ᠸᠧᠶ ᠤᠯᠤᠰ᠎ᠤᠨ ᠱᠢᠶᠤᠤ ᠸᠸᠨ ᠳ᠋ᠢ ᠬᠠᠭᠠᠨ ᠢᠳᠡᠪᠬᠢᠲᠡᠶ᠎ᠪᠡᠷ ᠥᠭᠡᠷᠡᠴᠢᠯᠡᠯᠲᠡ ᠬᠢᠵᠦ᠍᠂ ᠬᠢᠲᠠᠳ ᠬᠤᠪᠴᠠᠰᠤ ᠡᠮᠦᠰᠴᠦ᠍᠂ ᠬᠢᠲᠠᠳ ᠣᠪᠣᠭ᠎ᠠᠪᠴᠤ᠂ ᠬᠠᠷᠢᠯᠴᠠᠨ ᠤᠷᠤᠭ᠍ᠯᠠᠵᠤ᠂ ᠬᠢᠲᠠᠳᠴᠢᠯᠠᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠦᠭ᠌ᠰᠡᠨ ᠶᠠᠪᠤᠳᠠᠯ ᠪᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢ ᠪᠤᠶ ᠪᠣᠯᠭᠠᠭ᠍ᠰᠠᠨ ᠴᠢᠬᠤᠯᠠ ᠪᠡᠯᠭᠡ ᠲᠡᠮᠳᠡᠭ ᠮᠥᠨ》᠃ ᠵᠦ᠍ ᠳ᠋ᠠᠨ ᠯᠢᠨ᠂ ᠳᠤᠮᠳᠠᠳᠤ ᠤᠯᠤᠰ᠎ᠤᠨ ᠡᠷᠲᠡᠨ᠎ᠦ ᠤᠮᠠᠷᠠᠲᠤ ᠬᠢᠯᠢ᠎ᠶ᠋ᠢᠨ ᠨᠡᠭᠡᠭᠡᠨ ᠬᠥᠭ᠌ᠵᠢᠭ᠌ᠰᠡᠨ ᠲᠡᠦᠬᠡ᠎ᠶ᠋ᠢ ᠠᠵᠢᠭ᠍ᠯᠠᠪᠠᠯ᠂ ᠣᠯᠠᠩᠬᠢ᠎ᠨᠢ ᠣᠷᠳᠣ ᠴᠠᠭᠠᠨ ᠬᠡᠷᠡᠮ᠎ᠢᠶᠡᠷ ᠭᠤᠤᠯ ᠪᠣᠯᠭᠠᠨ ᠲᠠᠰ ᠳᠠᠷᠠᠭᠠᠯᠠᠨ ᠳᠡᠯᠭᠡᠭ᠌ᠳᠡᠵᠦ᠍᠂ ᠣᠷᠳᠣ ᠴᠠᠭᠠᠨ ᠬᠡᠷᠡᠮ᠎ᠦᠨ ᠪᠠᠢᠭᠤᠯᠤᠯᠲᠠ ᠵᠢᠴᠢ ᠠᠷᠠᠳ᠎ᠤᠨ ᠠᠢᠯ ᠲᠣᠰᠭᠣᠨ᠂ ᠠᠷᠠᠳ᠎ᠢ ᠨᠡᠬᠦᠯᠭᠡᠵᠦ ᠬᠢᠯᠢ ᠬᠢᠵᠠᠭᠠᠷ᠎ᠢ᠋ ᠪᠡᠬᠢᠵᠢᠬᠦᠯᠬᠦ ᠵᠡᠷᠭᠡ ᠠᠷᠭ᠎ᠠ ᠬᠡᠮᠵᠢᠶ᠎ᠡ ᠨᠢ ᠴᠥᠮ ᠤᠮᠠᠷᠠᠲᠤ ᠣᠷᠣᠨ᠎ᠤ ᠠᠵᠤ ᠠᠬᠤᠶ᠎ᠶ᠋ᠢᠨ ᠬᠥᠭ᠌ᠵᠢᠯᠲᠡ᠎ᠳᠦ ᠰᠡᠳᠡᠯᠲᠡ ᠥᠭ᠌ᠴᠦ᠂ ᠣᠷᠳᠣ ᠴᠠᠭᠠᠨ ᠬᠡᠷᠡᠮ᠎ᠨᠢ ᠴᠦ᠍ ᠦᠨᠳᠦᠰᠦᠲᠡᠨ᠎ᠦ ᠠᠭᠤᠰᠤᠯᠴᠠᠯ᠎ᠤᠨ ᠬᠣᠯᠪᠣᠭᠠᠰᠤ ᠪᠣᠯᠤᠭ᠍ᠰᠠᠨ ᠪᠠᠢᠨ᠎ᠠ ᠭᠡᠵᠦ ᠬᠡᠯᠡᠪᠡ᠃

ᠡᠷᠳᠡᠨ᠎ᠤ ᠬᠢ ᠵᠢ ᠲᠤᠯᠢᠯᠠᠨ ᠤᠳᠤᠬᠢ ᠵᠢ ᠰᠡᠩᠭᠡᠷᠡᠬᠦᠯᠵᠦ ᠰᠤᠶᠤᠯ ᠵᠢᠡᠷ ᠦᠢᠯᠡᠰ ᠵᠢᠡᠨ ᠪᠠᠳᠠᠷᠠᠭᠤᠯᠪᠠ

ᠡᠳᠦᠭᠡ ᠪᠣᠯᠲᠠᠯ᠎ᠠ᠂ ᠤᠷᠳᠤ ᠴᠠᠭᠠᠨ ᠬᠡᠷᠡᠮ᠎ᠦᠨ ᠤᠯᠠ ᠮᠥᠷ᠎ᠢ ᠮᠥᠨ ᠬᠦ᠌ ᠬᠠᠢᠵᠤ ᠤᠯᠵᠤ ᠪᠤᠯᠤᠨ᠎ᠠ᠂ ᠵᠢᠦᠶᠤᠸᠠᠨ᠂ ᠱᠦᠸᠸ ᠹᠠᠩ᠂ ᠦᠴᠦᠸᠠᠨ ᠪᠠᠰᠠ ᠲᠡᠦᠬᠡ᠎ᠶ᠋ᠢᠨ ᠤᠷᠳᠤ ᠤᠷᠤᠰᠭᠠᠯ ᠳᠤᠮᠳᠠ ᠤᠯᠠᠷᠢᠨ ᠬᠤᠪᠢᠷᠠᠵᠤ᠂ ᠲᠦᠮᠡ ᠮᠢᠩᠭᠠᠨ ᠳᠦᠷᠰᠦ ᠪᠠᠢᠳᠠᠯ᠎ᠢ ᠥᠩᠭᠡᠷᠡᠭᠦᠯᠦᠨ᠂ ᠲᠣᠭᠣᠰᠣᠲᠤ ᠶᠢᠷᠲᠢᠨᠴᠦ᠍᠎ᠳ᠋ᠤ ᠦᠯᠡᠳᠡᠭᠳᠡᠨ ᠬᠤᠴᠤᠷᠤᠪᠠ᠃

ᠤᠳᠤ᠂ ᠱᠦᠸᠸ ᠹᠠᠩ ᠵᠢᠶᠦ᠋ᠨ᠎ᠦ ᠡᠷᠲᠡᠨ᠎ᠦ ᠬᠤᠳᠠ ᠦᠨᠳᠦᠰᠦᠨ᠎ᠳᠡᠭᠡᠨ ᠡᠯᠡᠰᠦᠨ᠎ᠳᠦ ᠪᠤᠯᠠᠭ᠍ᠳᠠᠭ᠍ᠰᠠᠨ ᠪᠣᠯᠪᠠᠴᠤ᠌᠂ ᠵᠢᠦᠶᠤᠸᠠᠨ ᠪᠣᠯᠤᠨ ᠦᠴᠦᠸᠠᠨ ᠡᠨᠡ ᠬᠣᠶᠠᠷ ᠡᠷᠲᠡᠨ᠎ᠦ ᠭᠠᠵᠠᠷ᠎ᠤᠨ ᠨᠡᠷ᠎ᠡ ᠨᠢ ᠬᠠᠷᠢᠨ ᠦᠷᠭᠦᠯᠵᠢᠯᠡᠨ ᠦᠯᠡᠳᠡᠵᠦ᠂ ᠪᠤᠭᠤᠲᠤ ᠬᠤᠳᠠ᠎ᠶ᠋ᠢᠨ ᠵᠢᠦᠶᠤᠸᠠᠨ ᠲᠣᠭᠣᠷᠢᠭ ᠪᠣᠯᠤᠨ ᠬᠥᠬᠡᠬᠣᠲᠠ᠎ᠶ᠋ᠢᠨ ᠦᠴᠦᠸᠠᠨ ᠱᠢᠶᠠᠨ ᠪᠣᠯᠵᠠᠢ᠃ ᠬᠣᠶᠠᠷ ᠬᠤᠳᠠ ᠠᠵᠤ ᠠᠬᠤᠢ᠎ᠪᠠᠨ ᠢᠳᠡᠪᠬᠢᠲᠡᠢ ᠬᠥᠭ᠌ᠵᠢᠭᠦᠯᠵᠦ᠍᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠡᠷᠴᠢᠮ᠎ᠢᠶᠡᠨ ᠤᠯᠠᠮ᠎ᠡᠴᠡ ᠤᠯᠠᠮ ᠴᠢᠩᠭᠠᠷᠠᠭᠤᠯᠪᠠ᠃

《ᠤᠮᠠᠷᠠᠲᠤ ᠸᠧᠢ ᠤᠯᠤᠰ᠎ᠤᠨ ᠦᠴᠦᠸᠠᠨ ᠪᠠᠯᠭᠠᠰᠤᠨ᠎ᠤ ᠪᠠᠭᠤᠷᠢ》 ᠵᠢᠨ ᠬᠥᠱᠢᠢ᠎ᠡ᠎ᠶ᠋ᠢᠨ ᠬᠠᠵᠠᠭᠤ᠎ᠳᠤ ᠵᠣᠭ᠍ᠰᠣᠵᠤ᠂ ᠱ᠌ᠢ ᠯᠢ ᠱᠢᠨ᠄ 《ᠪᠢᠳᠠ ᠤᠳᠤ ᠶᠠᠭ ᠦᠴᠦᠸᠠᠨ ᠪᠠᠯᠭᠠᠰᠤᠨ᠎ᠤ ᠬᠤᠳᠠ᠎ᠶ᠋ᠢᠨ ᠪᠠᠭᠤᠷᠢ ᠪᠣᠯᠤᠨ ᠤᠷᠳᠤ ᠴᠠᠭᠠᠨ ᠬᠡᠷᠡᠮ᠎ᠢ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠵᠤ᠂ ᠡᠳᠡᠭᠡᠷ ᠬᠣᠪᠣᠷ ᠡᠷᠳᠡᠨᠢ ᠵᠢ ᠡᠪᠳᠡᠯᠡᠭᠡ᠎ᠳᠦ ᠤᠴᠠᠷᠠᠬᠤ ᠡᠴᠡ ᠰᠡᠷᠭᠡᠢᠯᠡᠵᠦ ᠪᠠᠢᠨ᠎ᠠ᠃ ᠢᠩᠭᠢᠪᠡᠯ ᠪᠢᠳᠡ ᠦᠴᠦᠸᠠᠨ᠎ᠤ ᠬᠡᠷᠡᠯ ᠰᠠᠴᠤᠷᠠᠩᠭᠤᠶ ᠲᠡᠦᠬᠡ᠎ᠶ᠋ᠢ ᠨᠠᠩ ᠢᠯᠡᠭᠦᠦ ᠣᠢᠯᠠᠭᠠᠵᠤ᠂ ᠣᠷᠳᠣ ᠴᠠᠭᠠᠨ ᠬᠡᠷᠡᠮ᠎ᠦᠨ ᠥᠪᠥᠷ ᠮᠣᠩᠭᠣᠯ ᠣᠷᠣᠨ᠎ᠤ ᠲᠣᠭ᠍ᠲᠠᠭᠤᠨ᠂ ᠦᠨᠳᠦᠰᠦᠲᠡᠨ᠎ᠦ ᠬᠠᠷᠢᠴᠠᠭ᠎ᠠ᠎ᠶ᠋ᠢᠨ ᠡᠶ᠎ᠡ ᠵᠣᠬᠢᠴᠠᠯ᠎ᠳᠤ ᠦᠵᠡᠭᠦᠯᠦᠭ᠌ᠰᠡᠨ ᠢᠳᠡᠪᠬᠢ ᠦᠶ᠋ᠯᠡᠳᠦᠯ᠎ᠢ ᠨᠠᠩ ᠢᠯᠡᠭᠦᠦ ᠲᠠᠨᠢᠵᠤ ᠴᠢᠳᠠᠨ᠎ᠠ》 ᠭᠡᠵᠦ ᠬᠡᠯᠡᠪᠡ᠃

ᠦᠴᠦᠸᠠᠨ ᠱᠢᠶᠠᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ ᠼᠤᠤ ᠬᠤᠢ ᠲᠠᠨᠢᠯᠴᠠᠭᠤᠯᠬᠤ ᠳ᠋ᠠᠭᠠᠨ᠂ 2023 ᠣᠨ᠎ᠳᠤ ᠦᠴᠦᠸᠠᠨ ᠱᠢᠶᠠᠨ᠎ᠤ ᠤᠨᠭᠭᠤᠨ ᠳᠠᠪᠠᠭᠠᠨ ᠤᠷᠤᠢ᠎ᠶᠢᠨ ᠪᠠᠭᠤᠷᠢ᠂ ᠲᠦᠴᠸᠩ ᠯᠢᠶᠠᠩ᠎ᠤᠨ ᠪᠠᠭᠤᠷᠢ᠎ᠶ᠋ᠢ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠵᠢᠷᠭᠤᠳᠤᠭᠠᠷ ᠪᠦᠯᠦᠭ᠎ᠦᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠶ᠋ᠢᠨ ᠨᠢᠭᠡᠴᠢ᠎ᠶ᠋ᠢᠨ ᠨᠡᠷᠡᠰ᠎ᠲᠦ ᠣᠷᠣᠭᠤᠯᠵᠤ᠂ ᠵᠢᠭᠤᠯᠴᠢᠯᠠᠯ᠎ᠤᠨ ᠦᠢᠯᠡᠰ ᠴᠦ᠍ ᠲᠦᠷᠭᠡᠨ ᠲᠠᠪᠱᠢᠯᠳᠠ᠎ᠲᠠᠶ ᠪᠤᠯᠵᠤ᠂ ᠪᠦᠬᠦ᠌ ᠵᠢᠯ᠎ᠳᠦ ᠵᠢᠭᠤᠯᠴᠢᠯᠠᠭ᠍ᠰᠠᠳ᠎ᠢ 62.3 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠌᠂ ᠵᠢᠭᠤᠯᠴᠢᠯᠠᠯ᠎ᠤᠨ ᠣᠷᠣᠯᠭ᠎ᠠ᠎ᠨᠢ 0.94 ᠳ᠋ᠦᠩᠱᠢᠭᠤᠷ ᠲᠥᠭᠥᠷᠢᠭ᠎ᠲᠦ ᠬᠦᠷᠴᠠᠢ᠃ 《ᠡᠨᠡ ᠵᠢᠯ᠂ ᠪᠢᠳᠡ ᠤᠨᠭᠭᠤᠨ ᠳᠠᠪᠠᠭᠠᠨ ᠤᠷᠤᠢ᠎ᠶᠢᠨ ᠤᠮᠠᠷᠠᠲᠤ ᠸᠧᠶ ᠤᠯᠤᠰ᠎ᠤᠨ ᠲᠠᠬᠢᠯᠭ᠎ᠠ᠎ᠶ᠋ᠢᠨ ᠪᠠᠷᠢᠯᠭ᠎ᠠ᠎ᠶ᠋ᠢᠨ ᠪᠠᠭᠤᠷᠢ ᠪᠣᠯᠤᠨ ᠠᠯᠲᠠᠨ ᠤᠯᠤᠰ᠎ᠤᠨ ᠰᠡᠷᠭᠡᠢᠯᠡᠯᠲᠡ᠎ᠶᠢᠨ ᠰᠤᠪᠠᠭ᠎ᠤᠨ ᠣᠷᠳᠣ ᠴᠠᠭᠠᠨ ᠬᠡᠷᠡᠮ᠎ᠦᠨ ᠪᠠᠭᠤᠷᠢ᠎ᠶ᠋ᠢ ᠨᠠᠩ ᠰᠠᠢᠲᠤᠷ ᠬᠠᠮᠠᠭᠠᠯᠠᠨ ᠠᠱᠢᠭ᠍ᠯᠠᠵᠤ᠂ ᠤᠮᠠᠷᠠᠲᠤ ᠸᠧᠶ ᠤᠯᠤᠰ᠂ ᠰᠦᠶ ᠲᠠᠩ ᠵᠡᠷᠭᠡ ᠲᠡᠦᠬᠡᠨ ᠴᠠᠭ ᠦᠶ᠎ᠡ᠎ᠶ᠋ᠢᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠍ᠰᠠᠨ ᠲᠡᠦᠬᠡ ᠰᠣᠶᠣᠯ᠎ᠤᠨ ᠡᠬᠢ ᠪᠠᠶᠠᠯᠢᠭ᠎ᠢ ᠪᠥᠬᠥ᠌ ᠲᠠᠯ᠎ᠠ᠎ᠪᠠᠷ ᠴᠤᠭ᠍ᠯᠠᠭᠤᠯᠤᠨ ᠡᠮᠬᠢᠯᠡᠬᠦ᠌᠎ᠪᠡᠷ ᠪᠣᠶ》 ᠭᠡᠵᠦ ᠬᠡᠯᠡᠵᠡᠢ᠃

ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠵᠤ ᠠᠱᠢᠭ᠍ᠯᠠᠬᠤ᠂ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ ᠲᠠᠯ᠎ᠠ᠎ᠪᠠᠷ᠂ ᠪᠤᠭᠤᠲᠤ ᠬᠣᠲᠠ᠎ᠶ᠋ᠢᠨ ᠵᠢᠦᠶᠤᠸᠠᠨ ᠲᠣᠭᠣᠷᠢᠭ ᠴᠤ᠌ ᠤᠯᠠᠨ ᠵᠤᠢᠯ᠎ᠤᠨ ᠪᠣᠳᠠᠲᠠᠶ ᠠᠷᠭ᠎ᠠ ᠬᠡᠮᠵᠢᠶ᠎ᠡ ᠠᠪᠴᠠᠶ᠃

ᠨᠢᠳᠤᠨᠤᠨ᠎ᠡᠴᠡ ᠨᠠᠭᠠᠰᠢ᠂ ᠪᠤᠭᠤᠲᠤ ᠬᠣᠲᠠ᠎ᠶ᠋ᠢᠨ ᠵᠢᠦᠶᠤᠸᠠᠨ ᠲᠣᠭᠣᠷᠢᠭ ᠮᠠ ᠤ᠋ᠤᠢ ᠪᠠᠯᠭᠠᠰᠤᠨ᠎ᠤ ᠵᠣᠣ ᠸᠠᠨ᠎ᠤ ᠬᠠᠨ ᠤᠯᠤᠰ᠎ᠤᠨ ᠣᠩᠭᠣᠨ᠎ᠢ ᠬᠠᠮᠠᠭᠠᠯᠠᠬᠤ᠎ᠶ᠋ᠢᠨ ᠲᠥᠯᠥᠭᠡ᠂ 《ᠰᠠᠷᠠᠭᠤᠯ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠬᠠᠮᠠᠭᠠᠯᠠᠬᠤ ᠬᠡᠷᠡᠭ᠌ᠵᠢᠭᠦᠯᠬᠦ᠌ ᠲᠥᠰᠦᠯ》 ᠎ᠢ᠋ ᠲᠣᠭ᠍ᠲᠠᠭᠠᠵᠤ᠂ ᠡᠯ᠎ᠡ ᠲᠠᠯ᠎ᠠ᠎ᠶ᠋ᠢᠨ ᠬᠦᠴᠦᠨ᠎ᠢ ᠳᠠᠢᠴᠢᠯᠠᠵᠤ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠠᠮᠤᠷ ᠲᠦᠪᠱᠢᠨ᠎ᠦ ᠡᠨᠳᠡᠯ᠎ᠢ ᠰᠡᠷᠭᠡᠢᠯᠡᠨ ᠬᠣᠷᠢᠭ᠍ᠯᠠᠪᠠ᠃ ᠪᠠᠯᠠ ᠮᠥᠩᠭᠥ᠎ᠶ᠋ᠢᠨ ᠳᠡᠮᠵᠢᠯᠭᠡ᠎ᠶ᠋ᠢ ᠰᠠᠨᠠᠭᠠᠴᠢᠯᠠᠭ᠎ᠠ᠎ᠡᠴᠡ᠎ᠪᠠᠨ ᠣᠯᠵᠤ᠂ ᠪᠤᠭᠤᠲᠤ ᠬᠣᠲᠠ᠂ ᠵᠢᠦᠶᠤᠸᠠᠨ ᠲᠣᠭᠣᠷᠢᠭ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ᠎ᠶ᠋ᠢᠨ ᠰᠠᠯᠠᠭ᠎ᠠ ᠮᠥᠴᠢᠷ᠎ᠦᠨ ᠲᠤᠰᠭᠠᠶ ᠮᠡᠷᠭᠡᠵᠢᠯᠲᠡᠨ᠎ᠢ ᠤᠷᠢᠵᠤ ᠬᠠᠮᠠᠭᠠᠯᠠᠯᠲᠠ᠎ᠶ᠋ᠢᠨ ᠣᠷᠣᠨ᠎ᠤ ᠵᠠᠭᠠᠭ ᠬᠢᠵᠠᠭᠠᠷ᠎ᠢ ᠬᠤᠪᠢᠶᠠᠷᠢᠯᠠᠨ ᠲᠣᠭ᠍ᠲᠠᠭᠠᠬᠤ᠂ ᠬᠠᠮᠠᠭᠠᠯᠠᠬᠤ ᠠᠷᠭ᠎ᠠ ᠬᠡᠮᠵᠢᠶ᠎ᠡ ᠵᠢᠴᠢ ᠲᠠᠷᠢᠮᠠᠯ ᠳᠠᠷᠢᠵᠤ ᠪᠣᠯᠬᠤ ᠡᠰᠡᠬᠦ᠌ ᠵᠡᠷᠭᠡ ᠰᠠᠭᠤᠭᠠᠯᠢ ᠠᠷᠠᠳ᠎ᠤᠨ ᠠᠩᠬᠠᠷᠴᠤ᠌ ᠪᠠᠢᠭ᠎ᠠ ᠠᠰᠠᠭᠤᠳᠠᠯ᠎ᠳᠤ ᠲᠤᠬᠠᠶ᠎ᠶ᠋ᠢᠨ ᠲᠠᠯᠠᠪᠠᠶ᠎ᠳᠤ ᠠᠰᠠᠭᠤᠯᠲᠠ᠎ᠳᠤ ᠬᠠᠷᠢᠭᠤᠯᠲᠠ ᠥᠭᠴᠦ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ᠎ᠶᠢᠨ ᠬᠣᠶᠠᠷ ᠵᠦᠶ᠋ᠯ᠎ᠦᠨ ᠠᠷᠭ᠎ᠠ ᠮᠠᠶᠢᠭ᠎ᠢᠶᠠᠷ ᠳᠠᠮᠵᠢᠭᠤᠯᠤᠨ᠂ ᠰᠠᠭᠤᠭᠠᠯᠢ ᠠᠷᠠᠳ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ᠎ᠶ᠋ᠢᠨ ᠦᠵᠡᠯ ᠤᠬᠠᠮᠰᠠᠷ᠎ᠢ ᠴᠢᠩᠭᠠᠳᠬᠠᠪᠠ᠃

ᠵᠢᠤᠶᠤᠸᠠᠠ ᠲᠣᠭᠣᠷᠢᠭ᠎ᠲᠤ᠂ ᠤᠯᠤᠰ᠎ᠤᠨ ᠲᠠᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ᠎ᠶ᠋ᠢᠨ ᠨᠢᠭᠡᠴᠢ ᠪᠣᠯᠬᠤ ᠮᠠ ᠤ᠋ᠤᠢ ᠡᠷᠲᠡᠨ᠎ᠦ ᠬᠣᠲᠠ᠎ᠶ᠋ᠢᠨ ᠪᠠᠭᠤᠷᠢ᠎ᠶ᠋ᠢᠨ ᠡᠮᠦᠨ᠎ᠡ ᠬᠣᠲᠠ᠎ᠶ᠋ᠢᠨ ᠵᠡᠭᠦᠨ ᠬᠡᠷᠡᠮ ᠪᠣᠯᠤᠨ ᠡᠮᠦᠨ᠎ᠡ ᠬᠡᠷᠡᠮ᠎ᠢ ᠬᠠᠮᠠᠭᠠᠯᠠᠵᠤ ᠰᠡᠯᠪᠢᠨ ᠵᠠᠰᠠᠬᠤ ᠲᠥᠷᠥᠯ ᠵᠦᠶ᠋ᠯ᠎ᠦᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢ ᠪᠡᠶᠡᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ᠎ᠶ᠋ᠢᠨ ᠨᠢᠭᠡᠴᠢ ᠮᠡᠷᠭᠡᠨ ᠵᠣᠣ᠎ᠶ᠋ᠢ ᠰᠡᠯᠪᠢᠨ ᠵᠠᠰᠠᠬᠤ ᠢᠨᠵᠧᠨᠧᠷᠢᠩ᠎ᠢ ᠳᠠᠭᠤᠰᠭᠠᠭ᠍ᠰᠠᠨ ᠠᠩᠬᠠᠨ᠎ᠤ ᠱᠢᠯᠭᠠᠯᠲᠠ᠎ᠶ᠋ᠢ ᠪᠡᠶᠡᠯᠡᠭᠦᠯᠵᠦ᠍᠂ ᠡᠷᠬᠢᠨ ᠲᠣᠭᠣᠷᠢᠨ᠎ᠤ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ ᠲᠥᠷᠥᠯ ᠵᠦᠶ᠋ᠯ᠎ᠦᠨ ᠢᠨᠵᠧᠨᠧᠷᠢᠩ᠎ᠢ ᠲᠣᠭ᠍ᠲᠠᠭ᠍ᠰᠠᠨ ᠬᠠᠷᠠᠯᠲᠠ ᠶᠣᠰᠣᠭᠠᠷ ᠯᠠᠪᠳᠠᠭᠤᠨ᠎ᠢᠶᠠᠷ ᠠᠬᠢᠭᠤᠯᠪᠠ ᠁

ᠡᠨᠡ ᠵᠢᠯ᠎ᠦᠨ 1 ᠰᠠᠷ᠎ᠠ᠎ᠶ᠋ᠢᠨ 13 ᠎ᠤ᠋ ᠡᠳᠦᠷ᠂ ᠮᠠ ᠤ᠋ᠤᠢ ᠪᠠᠯᠭᠠᠰᠤᠨ᠎ᠤ ᠨᠠᠮ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ ᠮᠠ ᠤ᠋ᠤᠢ ᠪᠠᠯᠭᠠᠰᠤᠨ᠎ᠤ ᠵᠠᠯᠠᠭᠤᠴᠤᠳ ᠪᠠᠭᠠᠴᠤᠳ᠎ᠤᠨ ᠤᠷᠠᠯᠢᠭ᠎ᠤᠨ ᠨᠠᠢᠷ ᠵᠢᠴᠢ 《ᠡᠷᠳᠡᠨ᠎ᠤ ᠠᠶᠠᠯᠭᠤ ᠮᠠ ᠤ᠋ᠤᠢ ᠢᠷᠡᠭᠡᠳᠦᠢ᠎ᠳᠤ ᠪᠢ ᠪᠤᠢ》 ᠭᠡᠬᠦ ᠨᠡᠢᠭᠡᠮ᠎ᠦᠨ ᠦᠶ᠋ᠯᠡᠳᠦᠯᠭᠡ᠎ᠶ᠋ᠢᠨ ᠠᠵᠢᠯᠯᠠᠭ᠎ᠠ ᠡᠷᠭᠢᠯᠡᠵᠦ᠍᠂ ᠮᠠ ᠤ᠋ᠤᠢ ᠭᠤᠤᠯ ᠰᠤᠷᠭᠠᠭᠤᠯᠢ᠎ᠶ᠋ᠢᠨ 1 ᠎ᠡᠴᠡ 4 ᠳ᠋ᠤᠭᠡᠷ ᠣᠨ᠎ᠤ ᠰᠣᠷᠣᠭ᠍ᠴᠢ ᠪᠠ ᠬᠡᠷ᠎ᠦᠨ ᠠᠬᠠᠮᠠᠳ ᠨᠡᠢᠲᠡ 700 ᠬᠥᠮᠦᠨ ᠠᠵᠢᠯᠯᠠᠭ᠎ᠠ᠎ᠳᠤ ᠣᠷᠣᠯᠴᠠᠪᠠ᠃ 《ᠡᠨᠡ ᠤᠳᠠᠭ᠎ᠠ᠎ᠶ᠋ᠢᠨ ᠠᠵᠢᠯᠯᠠᠭ᠎ᠠ ᠨᠢ ᠬᠡᠦᠬᠡᠳ᠎ᠦᠳ᠎ᠲᠦ ᠮᠠ ᡂᠢ᠎ᠶ᠋ᠢᠨ ᠭᠦᠨ ᠵᠤᠵᠠᠭᠠᠨ ᠲᠡᠦᠬᠡ ᠰᠣᠶᠣᠯ᠎ᠤᠨ ᠠᠭᠤᠯᠤᠭ᠍ᠳᠠᠬᠤᠨ᠎ᠢ ᠮᠡᠳᠡᠷᠡᠭᠦᠯᠪᠡ᠃ ᠮᠠ ᡂᠢ ᠶᠠᠨ ᠵᠢᠶᠠ ᠯᠢᠶᠠᠩ᠎ᠤᠨ ᠪᠠᠭᠤᠷᠢ᠎ᠡᠴᠡ ᠮᠠᠯᠲᠠᠵᠤ ᠭᠠᠷᠭᠠᠭ᠍ᠰᠠᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠦᠵᠡᠭᠡᠳ ᠣᠯᠠᠨ᠎ᠢᠶᠠᠷ᠎ᠢᠶᠠᠨ ᠮᠠᠰᠢ ᠳᠣᠭ᠍ᠳᠣᠯᠵᠤ᠂ ᠡᠢᠮᠦ᠍ᠷᠬᠦ ᠠᠵᠢᠯᠯᠠᠭ᠎ᠠ᠎ᠶ᠋ᠢ ᠢᠯᠡᠭᠦᠬᠡᠨ ᠡᠷᠬᠢᠯᠡᠬᠦ᠌᠎ᠶ᠋ᠢ ᠬᠦᠰᠡᠵᠦ᠍ ᠪᠠᠢᠨ᠎ᠠ》 ᠭᠡᠵᠦ᠍ ᠨᠢᠭᠡᠨ ᠰᠤᠷᠤᠭ᠍ᠴᠢ᠎ᠶ᠋ᠢᠨ ᠭᠡᠷ᠎ᠦᠨ ᠠᠬᠠᠮᠠᠳ ᠪᠠᠶᠠᠷ ᠲᠠᠶ ᠬᠡᠯᠡᠪᠡ᠃

ᠡᠷᠲᠡᠨ᠎ᠦ ᠬᠣᠲᠠ ᠨᠠᠮ ᠲᠦᠯᠭᠡᠭᠡᠨ ᠬᠡᠪ᠎ᠢᠶᠡᠷ᠎ᠢᠶᠡᠨ᠂ ᠤᠷᠲᠤ ᠴᠠᠭᠠᠨ ᠤᠷᠳᠤᠯᠵᠠᠨ ᠰᠤᠨᠤᠯᠵᠠᠨ᠎ᠠ᠃ ᠡᠲᠡᠭᠡᠷ ᠣᠷᠳᠣ ᠴᠠᠭᠠᠨ ᠬᠡᠷᠡᠮ᠎ᠦᠨ ᠬᠥᠪᠡᠭᠡᠨ᠎ᠳᠡᠬᠢ ᠡᠷᠲᠡᠨ᠎ᠦ ᠬᠣᠲᠠ ᠪᠠᠯᠭᠠᠰᠤ᠎ᠨᠢ ᠶᠠᠭ ᠮᠢᠩᠭᠠᠨ ᠣᠨ᠎ᠤ ᠰᠣᠶᠣᠯ᠎ᠤᠨ ᠠᠭᠤᠯᠤᠭ᠍ᠳᠠᠵᠤ ᠪᠠᠢᠭ᠎ᠠ ᠡᠨᠧᠷᠭᠢ᠎ᠶ᠋ᠢ ᠬᠥᠭ᠌ᠵᠢᠭᠡᠵᠦ᠍᠂ ᠱᠢᠨ᠎ᠡ ᠠᠮᠢᠯᠠᠯ᠎ᠢ ᠪᠠᠳᠠᠷᠠᠭᠤᠯᠵᠤ᠂ ᠱᠢᠨ᠎ᠡ ᠠᠮᠢᠵᠢᠷᠠᠯ᠎ᠤᠨ ᠬᠦᠴᠦᠨ᠎ᠢ ᠢᠯᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠢ ᠪᠠᠢᠭᠤᠯᠬᠤ᠎ᠳᠤ ᠬᠦᠴᠦᠨ ᠴᠢᠳᠠᠯ ᠵᠢᠠᠨ ᠪᠠᠳᠠᠷᠠᠭᠤᠯᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面