ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2024-05-20 14:43:42

ᠵᠣᠬᠢᠶᠠᠭ᠍ᠴᠢ᠄ ​ᠹᠧᠩ ᠱᠢᠤᠸᠠᠢ ᠢᠦᠢ ᠳᠠᠳᠤᠯᠭ᠎ᠠ ᠵᠢᠨ ᠰᠤᠷᠪᠤᠯᠵᠢᠯᠠᠭ᠍ᠴᠢ ᠰᠦᠨ ᠯᠢᠦ ᠣᠩᠱᠢᠭ᠍ᠰᠠᠨ ᠣᠳᠠᠭ᠎ᠠ᠄ 3

— ᠤᠷᠲᠤ ᠴᠠᠭᠠᠨ ᠬᠡᠷᠡᠮ᠎ᠦᠨ ᠰᠣᠶᠣᠯ᠎ᠤᠨ ᠲᠤᠬᠠᠢ ᠱᠢᠷᠢᠰ ᠮᠡᠳᠡᠭᠡᠯᠡᠯ (ᠲᠠᠪᠤ)


ᠣᠷᠳᠣ ᠴᠠᠭᠠᠨ ᠬᠡᠷᠡᠮ ᠪᠣᠯ ᠬᠥᠮᠦᠨ ᠲᠥᠷᠥᠯᠬᠢᠲᠡᠨ ᠤ᠋ ᠲᠡᠦᠬᠡᠨ᠎ᠡᠴᠡ ᠨᠠᠭᠠᠱᠢᠬᠢ ᠬᠠᠮᠤᠭ᠎ᠤᠨ ᠣᠷᠳᠣ ᠤᠳᠠᠭᠠᠨ ᠲᠡᠦᠬᠡ᠎ᠲᠡᠶ᠂ ᠬᠡᠪᠴᠢᠶ᠎ᠡ᠎ᠪᠡᠷ ᠬᠠᠮᠤᠭ᠎ᠤᠨ ᠮᠤᠨᠳᠠᠭ ᠶᠡᠬᠡ ᠪᠠᠷᠢᠯᠭ᠎ᠠ᠎ᠶ᠋ᠢᠨ ᠱᠢᠰᠲ᠋ᠧᠮ ᠮᠥᠨ᠂ ᠪᠠᠰᠠ ᠴᠤ᠌ ᠳᠤᠮᠳᠠᠳᠤ ᠤᠯᠤᠰ᠎ᠤᠨ ᠣᠲᠣ ᠬᠠᠳᠠᠭᠠᠯᠠᠭ᠍ᠳᠠᠵᠤ ᠪᠠᠢᠭ᠎ᠠ ᠬᠡᠮᠵᠢᠶ᠎ᠡ᠎ᠪᠡᠷ ᠬᠠᠮᠤᠭ᠎ᠤᠨ ᠶᠡᠬᠡ᠂ ᠲᠠᠷᠬᠠᠯᠲᠠ᠎ᠪᠠᠷ ᠬᠠᠮᠤᠭ᠎ᠤᠨ ᠥᠷᠭᠡᠨ ᠳᠡᠯᠡᠬᠡᠶ᠎ᠶ᠋ᠢᠨ ᠰᠣᠶᠣᠯ᠎ᠤᠨ ᠥᠪ ᠮᠥᠨ᠃ ᠣᠷᠳᠣ ᠴᠠᠭᠠᠨ ᠬᠡᠷᠡᠮ ᠨᠢ ᠬᠣᠶᠠᠷ ᠮᠢᠩᠭᠠᠨ ᠵᠢᠯ ᠤ᠋ᠨ ᠳᠡᠥᠬᠡ᠂ ᠬᠥᠨᠳᠡᠯᠡᠨ ᠭᠤᠯᠳᠤ ᠬᠡᠳᠦᠨ ᠲᠦᠮᠡᠨ ᠭᠠᠵᠠᠷ᠎ᠤᠨ ᠠᠯᠭᠠᠰᠠᠯ᠎ᠢᠶᠠᠷ᠎ᠢᠶᠠᠨ ᠥᠷᠭᠡᠨ ᠳᠡᠯᠭᠡᠷ ᠭᠦᠨ ᠭᠦᠨᠵᠡᠭᠡᠶ ᠰᠣᠶᠣᠯ᠎ᠤᠨ ᠠᠭᠤᠯᠤᠭ᠍ᠳᠠᠬᠤᠨ ᠪᠠ ᠴᠠᠭ ᠣᠷᠣᠨ᠎ᠢ ᠠᠯᠤᠰᠯᠠᠭ᠍ᠰᠠᠨ ᠣᠶᠤᠨ ᠰᠠᠨᠠᠭᠠᠨ᠎ᠤ ᠥᠷᠲᠡᠭ᠎ᠢ ᠪᠣᠶ ᠪᠣᠯᠭᠠᠪᠠ᠃

ᠥᠪᠥᠷ ᠮᠣᠩᠭᠣᠯ ᠎ᠳᠤ ᠣᠲᠣ ᠬᠠᠳᠠᠭᠠᠯᠠᠭᠳᠠᠵᠤ ᠪᠠᠢᠭ᠎ᠠ ᠣᠷᠳᠣ ᠴᠠᠭᠠᠨ ᠬᠡᠷᠡᠮ ᠎ᠤᠨ ᠪᠥᠬᠥ ᠤᠷᠲᠤ ᠨᠢ 7500 ᠭᠠᠷᠤᠶ ᠺᠢᠯᠣᠮᠧᠲ᠋ᠷ ᠪᠠᠢᠵᠤ᠂ 12 ᠠᠢᠮᠠᠭ ᠬᠣᠲᠠ᠎ᠳᠤ ᠲᠠᠷᠬᠠᠵᠤ ᠂ ᠮᠠᠨ᠎ᠤ ᠤᠯᠤᠰ᠎ᠤᠨ ᠣᠷᠳᠣ ᠴᠠᠭᠠᠨ ᠬᠡᠷᠡᠮ᠎ᠦᠨ ᠡᠬᠢ ᠪᠠᠶᠠᠯᠢᠭ ᠵᠢᠨᠷ ᠲᠤᠢᠯ᠎ᠤᠨ ᠡᠯᠪᠡᠭ ᠮᠤᠵᠢ ᠣᠷᠣᠨ ᠪᠣᠯᠤᠨ᠎ᠠ᠃ ᠡᠷᠲᠡᠨ᠎ᠡᠴᠡ ᠡᠳᠦᠭᠡ ᠪᠣᠯᠲᠠᠯ᠎ᠠ᠂ ᠤᠷᠳᠤ ᠴᠠᠭᠠᠨ ᠬᠡᠷᠡᠮ ᠳᠠᠭᠠᠤ᠎ᠶ᠋ᠢᠨ ᠠᠷᠠᠯᠵᠢᠶ᠎ᠠ ᠬᠤᠳᠠᠯᠳᠤᠭᠠᠨ᠎ᠤ ᠶᠠᠪᠤᠯᠴᠠᠭ᠎ᠠ᠂ ᠰᠣᠯᠢᠯᠴᠠᠭ᠎ᠠ ᠨᠡᠪᠲᠡᠷᠡᠯᠴᠡᠭᠡ ᠨᠢ ᠤᠮᠠᠷᠠᠲᠤ ᠬᠢᠯᠢ᠎ᠶ᠋ᠢᠨ ᠡᠬᠡ ᠭᠠᠵᠠᠷ᠎ᠤᠨ ᠶᠡᠬᠡ ᠨᠡᠭᠦᠳᠡᠯ᠂ ᠶᠡᠬᠡ ᠠᠭᠤᠰᠤᠯᠴᠠᠯ᠎ᠤᠨ ᠬᠠᠭᠤᠳᠠᠰᠤ᠎ᠶ᠋ᠢ ᠪᠢᠴᠢᠭ᠌ᠯᠡᠪᠡ᠃

ᠪᠤᠭᠤᠮᠳᠠ ᠵᠢᠨ ᠬᠤᠳᠠ ᠡᠷᠲᠡᠨ᠎ᠦ ᠬᠢ᠎ᠪᠡᠷ ᠡᠳᠦᠭᠡ ᠶ᠋ᠢ ᠬᠢᠯᠠᠯᠵᠠᠭᠤᠯᠤᠨ᠎ᠠ

ᠬᠥᠬᠡᠬᠣᠲᠠ᠎ᠶ᠋ᠢᠨ ᠴᠢᠩ ᠱᠦᠢ ᠾᠧ ᠱᠢᠶᠠᠨ᠎ᠤ ᠪᠸᠢ ᠪᠦᠦ ᠱᠢᠶᠠᠩ᠎ᠢ ᠴᠢᠭᠯᠡᠨ ᠲᠠᠪᠬᠢᠭᠤᠯᠪᠠᠯ᠂ ᠠᠭᠤᠯᠠᠨ ᠤᠷᠬᠢᠯ ᠳᠡᠭᠡᠷᠡᠬᠢ ᠬᠤᠳᠠ ᠵᠢᠨ ᠬᠡᠷᠡᠮ᠂ ᠰᠡᠬᠦᠢᠨ ᠰᠦᠨᠳᠡᠷᠯᠡᠭ᠌ᠰᠡᠨ ᠴᠣᠨᠵᠢ᠎ᠶᠢ ᠬᠤᠯᠠ ᠡᠴᠡ ᠢᠯᠡᠭᠡᠨ ᠤᠯᠵᠤ ᠬᠠᠷᠠᠨ᠎ᠠ᠃ ᠦᠢᠷᠠᠳᠤᠨ ᠬᠦᠷᠬᠦᠶ᠎ᠠ᠂ ᠡᠭ᠌ᠴᠡ ᠪᠣᠰᠣᠭ᠎ᠠ ᠬᠣᠲᠠ᠎ᠶ᠋ᠢᠨ ᠬᠡᠷᠡᠮ ᠳᠡᠭᠡᠷ᠎ᠡ ᠱᠢᠷ᠎ᠠ ᠨᠣᠭᠣᠭᠠᠨ ᠬᠥᠪᠳᠥ ᠪᠦᠷᠬᠦᠵᠦ᠍᠂ ᠳᠤᠭᠤᠰᠬ᠎ᠠ ᠪᠤᠯᠭᠠᠨ ᠳ᠋ᠤᠨᠢ ᠲᠡᠦᠬᠡ᠎ᠶ᠋ᠢᠨ ᠤᠯᠠ ᠮᠥᠷ ᠰᠡᠢᠯᠦᠭᠳᠡᠭᠰᠡᠨ ᠪᠠᠢᠯ᠎ᠠ᠃ ᠡᠨᠡ ᠬᠦ᠌ ᠪᠦᠷᠢᠨ ᠪᠦᠲᠦᠨ ᠬᠠᠳᠠᠭᠠᠯᠠᠭ᠍ᠳᠠᠭ᠍ᠰᠠᠨ ᠮᠢᠩ ᠤᠯᠤᠰ ᠤ᠋ᠨ ᠤᠷᠳᠤ ᠴᠠᠭᠠᠨ ᠬᠡᠷᠡᠮ ᠳᠡᠭᠡᠷ᠎ᠡ ᠵᠣᠭ᠍ᠰᠣᠨ ᠠᠯᠤᠰ᠎ᠢ ᠪᠠᠷᠠᠯᠠᠪᠠᠯ᠂ ᠥᠪᠥᠷ ᠮᠣᠩᠭᠣᠯ᠂ ᠱᠠᠨ ᠰᠢ ᠬᠣᠶᠠᠷ ᠭᠠᠵᠠᠷ᠎ᠤᠨ ᠥᠩᠭᠡ ᠦᠵᠡᠮᠵᠢ ᠨᠢᠳᠦᠨ᠎ᠳᠦ ᠳᠤᠳᠤᠬᠠᠨ ᠬᠠᠷᠠᠭᠳᠠᠨ᠎ᠠ᠃

ᠨᠢᠳᠦᠨ ᠡᠮᠦᠨᠡᠬᠢ ᠡᠨᠡ ᠬᠡᠰᠡᠭ ᠣᠷᠳᠣ ᠴᠠᠭᠠᠨ ᠬᠡᠷᠡᠮ ᠨᠢ ᠵᠥᠪᠬᠡᠨ ᠨᠢᠭᠡ ᠯᠡ ᠬᠣᠲᠠ᠎ᠶ᠋ᠢᠨ ᠬᠡᠷᠡᠮ ᠲᠡᠳᠦᠢ ᠪᠢᠰᠢ᠂ ᠪᠠᠰᠠ ᠬᠠᠷᠠᠭᠠᠯᠵᠠᠭ᠍ᠰᠠᠨ ᠰᠢᠷᠤᠢ ᠵᠢᠨ ᠳᠤᠪᠵᠢᠶ᠎ᠠ᠂ ᠴᠠᠢᠵᠠ ᠵᠡᠷᠭᠡ᠎ᠪᠠᠢᠵᠤ᠂ ᠭᠤᠷᠪᠠᠭᠤᠯᠠ ᠪᠠᠨ ᠬᠠᠷᠢᠯᠴᠠᠨ ᠦᠢᠯᠡᠳᠦᠯᠴᠡᠵᠥ᠂ ᠬᠥᠨᠳᠡᠯᠡᠨ ᠭᠤᠯᠳᠤ ᠬᠡᠳᠦᠨ ᠠᠷᠪᠠ᠎ᠠᠴᠠ ᠬᠡᠳᠦᠨ ᠵᠠᠭᠤᠨ ᠭᠠᠵᠠᠷ᠎ᠤᠨ ᠣᠷᠳᠣ ᠤᠨᠠᠭᠤᠯᠢ᠎ᠶ᠋ᠢ ᠪᠣᠶ ᠪᠣᠯᠭᠠᠵᠠᠶ᠃

ᠥᠪᠥᠷ ᠮᠣᠩᠭᠣᠯ᠎ᠳ᠋ᠦ ᠪᠠᠢᠭ᠎ᠠ ᠤᠷᠳᠤ ᠴᠠᠭᠠᠨ ᠬᠡᠷᠡᠮ ᠳ᠋ᠦ᠂ ᠪᠦᠷᠢᠨ ᠪᠦᠲᠦᠨ ᠬᠠᠳᠠᠭᠠᠯᠠᠭ᠍ᠳᠠᠵᠤ᠂ ᠲᠦᠮᠡᠨ ᠭᠠᠵᠠᠷ ᠮᠤᠷᠤᠯᠵᠠᠨ ᠰᠤᠨᠤᠯᠵᠠᠭ᠍ᠰᠠᠨ ᠮᠢᠩ ᠤᠯᠤᠰ ᠤ᠋ᠨ ᠴᠠᠭᠠᠨ ᠬᠡᠷᠡᠮ ᠡᠴᠡ ᠭᠠᠳᠠᠨ᠎ᠠ᠂ ᠨᠡᠩ ᠥᠨᠢ ᠤᠳᠠᠭᠠᠨ ᠲᠡᠦᠬᠡ᠎ᠲᠡᠶ ᠴᠢᠨ ᠬᠠᠨ ᠤᠯᠤᠰ᠎ᠤᠨ ᠤᠷᠳᠤ ᠴᠠᠭᠠᠨ ᠬᠡᠷᠡᠮ ᠨᠢ ᠴᠦ᠍ ᠬᠥᠮᠦᠰ᠎ᠦᠨ ᠪᠠᠬᠠᠷᠬᠠᠯ᠎ᠢ ᠲᠠᠲᠠᠨ᠎ᠠ᠃

《ᠴᠡᠯᠡᠭᠡᠷ ᠲᠠᠯ᠎ᠠ᠂ ᠮᠤᠨᠢ ᠠᠭᠤᠯᠠ ᠁》᠃ ᠡᠨᠡ ᠬᠦ᠌ ᠴᠢᠬᠢᠨ᠎ᠳᠦ ᠬᠠᠳᠠᠩᠱᠢᠭ᠍ᠰᠠᠨ 《ᠴᠡᠯᠡᠭᠡᠷ ᠲᠠᠯ᠎ᠠ᠎ᠶ᠋ᠢᠨ ᠳᠠᠭᠤᠯᠠᠯ》 ᠳ᠋ᠤ ᠳᠤᠷᠠᠳᠤᠭ᠍ᠳᠠᠭᠰᠠᠨ 《 ᠮᠤᠨᠢ ᠠᠭᠤᠯᠠ》 ᠭᠡᠳᠡᠭ ᠨᠢ ᠶᠠᠭ ᠥᠨᠥᠳᠦᠷ᠎ᠦᠨ ᠮᠤᠨᠢ ᠠᠭᠤᠯᠠ ᠨᠢᠷᠤᠭᠤ᠎ᠶ᠋ᠢ ᠵᠢᠭᠠᠵᠤ ᠪᠠᠢᠳᠠᠭ᠃ ᠮᠤᠨᠢ ᠠᠭᠤᠯᠠ ᠣᠷᠴᠢᠮ᠎ᠤᠨ ᠤᠷᠲᠤ ᠴᠠᠭᠠᠨ ᠬᠡᠷᠡᠮ᠎ᠦᠨ ᠪᠣᠭᠣᠮᠲᠠ ᠳ᠋ᠤ ᠬᠠᠮᠤᠭ᠎ᠤᠨ ᠭᠦᠨ ᠵᠤᠵᠠᠭᠠᠨ ᠰᠣᠶᠣᠯ᠎ᠤᠨ ᠠᠭᠤᠯᠬᠤᠨ ᠳᠠᠢ ᠨᠢ ᠬᠥᠬᠡᠬᠣᠲᠠ᠎ᠶ᠋ᠢᠨ ᠱᠢᠨ᠎ᠡ ᠬᠣᠲᠠ ᠳᠤᠭᠤᠷᠢᠭ ᠲᠤ᠌ ᠪᠠᠢᠷᠢᠯᠠᠳᠠᠭ ᠴᠢᠨ ᠬᠠᠨ ᠤᠯᠤᠰ ᠤ᠋ᠨ ᠤᠷᠳᠤ ᠴᠠᠭᠠᠨ ᠬᠡᠷᠡᠮ ᠪᠤᠯᠤᠨ᠎ᠠ᠃

ᠠᠳᠠᠯᠢᠬᠠᠨ᠎ᠢᠶᠡᠷ ᠴᠢᠨ ᠬᠠᠨ ᠤᠯᠤᠰ᠎ᠤᠨ ᠤᠷᠲᠤ ᠴᠠᠭᠠᠨ ᠬᠡᠷᠡᠮ ᠳ᠋ᠤ ᠬᠠᠷᠢᠶᠠᠯᠠᠬᠳᠠᠳᠠᠭ ᠨᠢ ᠪᠠᠰᠠ ᠪᠤᠭᠤᠳᠤ ᠵᠢᠨ ᠬᠡᠪᠴᠢᠶᠡᠨ ᠳ᠋ᠦ᠍ ᠪᠠᠢᠭ᠍᠎ᠠ ᠭᠦᠶᠡᠩ ᠤ᠋ᠨ ᠴᠢᠨ ᠤᠯᠤᠰ᠎ᠤᠨ ᠤᠷᠲᠤ ᠴᠠᠭᠠᠨ ᠬᠡᠷᠡᠮ ᠪᠤᠯᠤᠨ᠎ᠠ᠃ ᠭᠦᠶᠡᠩ ᠱᠢᠶᠠᠨ᠎ᠤ ᠴᠢᠨ ᠤᠯᠤᠰ᠎ᠤᠨ ᠦᠶ᠎ᠡ᠎ᠶ᠋ᠢᠨ ᠤᠷᠲᠤ ᠴᠠᠭᠠᠨ ᠬᠡᠷᠡᠮ᠎ᠢ ᠨᠡᠢᠳᠡ᠎ᠶ᠋ᠢᠨ ᠤᠨ ᠲᠤᠭᠠᠯᠠᠯ᠎ᠡᠴᠡ ᠡᠮᠦᠨ᠎ᠡ 214 ᠤᠨ᠎ᠡᠴᠡ ᠡᠬᠢᠯᠡᠨ ᠴᠢᠨ ᠤᠯᠤᠰ᠎ᠤᠨ ᠶᠡᠭᠡ ᠵᠠᠩᠵᠤᠨ ᠮᠧᠩ ᠲᠢᠶᠠᠨ 30 ᠲᠦᠮᠡᠨ ᠴᠡᠷᠢᠭ ᠳᠠᠢᠴᠢᠯᠠᠨ ᠪᠠᠢᠭᠤᠯᠵᠤ᠂ ᠬᠠᠨ ᠡᠤ ᠳ᠋ᠢ ᠬᠠᠭᠠᠨ ᠰᠠᠭᠤᠷᠢᠨ᠎ᠳ᠋ᠤ ᠪᠠᠢᠭ᠍ᠰᠠᠨ ᠬᠤᠭᠤᠴᠠᠭᠠᠨ᠎ᠳ᠋ᠠᠭᠠᠨ ᠸᠧᠢ ᠴᠢᠩ᠎ᠢ ᠲᠤᠮᠢᠯᠠᠨ ᠰᠠᠯᠪᠢᠨ ᠵᠠᠰᠠᠵᠤ ᠥᠩᠭᠡᠷᠡᠵᠡᠢ᠃ ᠭᠦᠶᠡᠩ ᠤ᠋ᠨ ᠴᠢᠨ ᠤᠯᠤᠰ᠎ᠤᠨ ᠦᠶ᠎ᠡ᠎ᠶ᠋ᠢᠨ ᠤᠷᠲᠤ ᠴᠠᠭᠠᠨ ᠬᠡᠷᠡᠮ ᠪᠣᠯ ᠳᠤᠮᠳᠠᠳᠤ ᠤᠯᠤᠰ᠎ᠤᠨ ᠦᠨᠭᠭᠡᠷᠡᠭᠰᠡᠨ᠎ᠤ ᠤᠷᠲᠤ ᠴᠠᠭᠠᠨ ᠬᠡᠷᠡᠮ᠎ᠤᠨ ᠲᠤᠳᠤᠷ᠎ᠠ ᠵᠠᠰᠠᠵᠤ ᠪᠠᠢᠭᠤᠯᠤᠭ᠍ᠰᠠᠨ ᠵᠢᠯ᠎ᠨᠢ ᠡᠷᠲᠡ᠂ ᠦᠷᠬᠦᠯᠵᠢᠯᠡᠨ ᠠᠰᠢᠬᠯᠠᠬᠰᠡᠨ ᠬᠤᠭᠤᠴᠠᠭ᠎ᠠ ᠨᠢ᠎ᠤᠷᠳᠤ᠂ ᠤᠳᠤᠬᠢ ᠪᠠᠢᠳᠠᠯ ᠵᠢᠡᠨ ᠬᠠᠮᠤᠭ᠎ᠤᠨ ᠪᠦᠷᠢᠨ ᠪᠦᠲᠦᠨ ᠬᠠᠳᠠᠭᠠᠯᠠᠭ᠍ᠰᠠᠨ ᠨᠢᠭᠡ ᠬᠡᠰᠡᠭ ᠴᠢᠯᠠᠭᠤᠨ ᠤᠷᠳᠤ ᠴᠠᠭᠠᠨ ᠭᠡᠷᠡᠮ ᠤ᠋ᠨ ᠪᠠᠭᠤᠷᠢ ᠪᠤᠯᠤᠨ᠎ᠠ᠂ ᠪᠦᠬᠦ᠌ ᠣᠷᠳᠣ᠎ᠨᠢ 96 ᠺᠢᠯᠣᠮᠧᠲᠷ ᠰᠢᠬᠠᠮ ᠪᠠᠢᠵᠤ᠂ ᠵᠠᠮ ᠳᠠᠭᠠᠤ 169 ᠰᠠᠭᠤᠷᠢ ᠳᠣᠬᠢᠶᠠᠨ᠎ᠤ ᠴᠤᠨᠵᠢ᠂ 5 ᠰᠠᠭᠤᠷᠢ ᠬᠤᠲᠠ᠎ᠶ᠋ᠢᠨ ᠬᠠᠯᠬᠠᠪᠴᠢ ᠲᠠᠢ᠂ ᠲᠡᠷᠡ ᠨᠢ ᠡᠯᠪᠡᠭ ᠪᠠᠶᠠᠯᠢᠭ ᠲᠡᠦᠬᠡ᠎ᠶ᠋ᠢᠨ ᠠᠭᠤᠯᠤᠬᠳᠠᠬᠤᠨ ᠪᠠ ᠠᠤᠭ᠎ᠠ ᠶᠡᠭᠡ ᠤᠮᠤᠭ ᠰᠦᠷ ᠵᠢᠡᠷ ᠵᠢᠡᠨ ᠳᠡᠯᠡᠬᠡᠶ ᠳ᠋ᠠᠬᠢᠨ᠎ᠳ᠋ᠤ ᠠᠯᠳᠠᠷᠰᠢᠵᠤ᠂ 1996 ᠣᠨ᠎ᠳᠤ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠡᠴᠡ ᠳᠥᠷᠪᠡᠳᠦᠭᠡᠷ ᠪᠦᠯᠦᠭ᠎ᠤᠨ ᠪᠥᠬᠦ᠌ ᠤᠯᠤᠰ᠎ᠤᠨ ᠭᠤᠣᠯᠳᠠᠯᠭ᠎ᠠ᠎ᠲᠠᠢ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠲᠠ᠎ᠶ᠋ᠢᠨ ᠨᠢᠭᠡᠴᠢ᠎ᠪᠠᠷ ᠨᠡᠢᠲᠡᠯᠡᠭ᠌ᠰᠡᠨ ᠪᠠᠢᠨ᠎ᠠ᠃

13804 ᠬᠡᠰᠡᠭ ᠡᠯ᠎ᠡ ᠴᠠᠭ ᠦᠶ᠎ᠡ᠎ᠶ᠋ᠢᠨ ᠤᠷᠲᠤ ᠴᠠᠭᠠᠨ ᠬᠡᠷᠡᠮ᠎ᠤᠨ ᠦᠯᠡᠳᠡᠭ᠌ᠳᠡᠯ᠎ᠨᠢ ᠪᠦᠬᠦ᠌ ᠤᠯᠤᠰ᠎ᠤᠨ ᠤᠷᠲᠤ ᠴᠠᠭᠠᠨ ᠬᠡᠷᠡᠮ᠎ᠤᠨ ᠡᠬᠢ ᠪᠠᠶᠠᠯᠢᠭ᠎ᠤᠨ ᠭᠤᠷᠪᠠᠨ᠎ᠤ ᠨᠢᠭᠡ ᠬᠤᠪᠢ᠎ᠶ᠋ᠢᠨ ᠶᠡᠷᠦᠩᠬᠡᠢ ᠤᠷᠲᠤ᠎ᠶ᠋ᠢᠨ ᠬᠡᠮᠵᠢᠶ᠎ᠡ᠎ᠶ᠋ᠢ ᠡᠵᠡᠯᠡᠵᠦ᠍᠂ ᠪᠠᠢᠯᠳᠤᠭᠠᠨᠳᠤ ᠤᠯᠤᠰ᠂ ᠴᠢᠨ᠂ ᠬᠠᠨ᠂ ᠤᠮᠠᠷᠠᠲᠤ ᠸᠧᠢ᠂ ᠰᠦᠩ᠂ ᠪᠠᠷᠠᠭᠤᠨ ᠱᠢᠶᠠ᠂ ᠠᠯᠳᠠᠨ ᠤᠯᠤᠰ᠂ ᠮᠢᠩ ᠤᠯᠤᠰ ᠵᠡᠷᠭᠡ 8 ᠲᠡᠦᠬᠡᠨ ᠴᠠᠭ ᠬᠤᠭᠤᠴᠠᠭ᠎ᠠ᠎ᠶ᠋ᠢᠨ ᠲᠠᠷᠬᠠᠯᠲᠠ᠂ 12 ᠠᠢᠮᠠᠭ ᠬᠤᠲᠠ᠎ᠶ᠋ᠢᠨ 76 ᠬᠤᠱᠢᠭᠤ ᠱᠢᠶᠠᠨ᠎ᠤ ᠭᠠᠵᠠᠷ ᠵᠦᠢ᠎ᠶ᠋ᠢᠨ ᠲᠠᠷᠬᠠᠯᠲᠠ ᠵᠢ ᠰᠤᠨᠳᠠᠯᠠᠵᠤ᠂ ᠥᠪᠥᠷ ᠮᠣᠩᠭᠤᠯ᠎ᠤᠨ ᠬᠢᠯᠢ ᠳᠣᠲᠣᠷᠠᠬᠢ ᠤᠷᠳᠤ ᠴᠠᠭᠠᠨ ᠬᠡᠷᠡᠮ᠎ᠨᠢ ᠮᠠᠨ᠎ᠤ ᠤᠯᠤᠰ᠎ᠤᠨ ᠤᠷᠳᠤ ᠴᠠᠭᠠᠨ ᠬᠡᠷᠡᠮ᠎ᠤᠨ ᠡᠬᠢ ᠪᠠᠶᠠᠯᠢᠭ᠎ᠲᠠᠬᠢ ᠴᠢᠬᠤᠯᠠ ᠪᠠᠢᠷᠢ ᠰᠠᠭᠤᠷᠢ᠎ᠲᠠᠢ ᠭᠡᠳᠡᠭ ᠨᠢ ᠰᠡᠵᠢᠭᠯᠡᠰᠢ ᠦᠭᠡᠢ ᠶᠤᠮ᠃ ᠣᠢᠷ᠎ᠠ᠎ᠶ᠋ᠢᠨ ᠵᠢᠯ᠎ᠳ᠋ᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠲᠣᠪᠴᠢᠶ᠎ᠠ ᠵᠢᠨ ᠬᠢᠨ ᠤᠷᠲᠤ ᠴᠠᠭᠠᠨ ᠬᠡᠷᠡᠮ᠎ᠦᠨ ᠬᠠᠮᠠᠭᠠᠯᠠᠯᠲᠠ᠎ᠶ᠋ᠢᠨ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠤᠷᠲᠤ ᠴᠠᠭᠠᠨ ᠬᠡᠷᠡᠮ᠎ᠦᠨ ᠬᠠᠮᠠᠭᠠᠯᠠᠯᠲᠠ᠎ᠶ᠋ᠢᠨ ᠶᠡᠷᠦᠩᠬᠡᠶ ᠪᠠᠢᠳᠠᠯ ᠢᠯᠡᠳᠲᠡ ᠰᠠᠢᠵᠢᠷᠠᠪᠠ᠃

ᠤᠷᠳᠤ ᠴᠠᠭᠠᠨ ᠬᠡᠷᠡᠮ᠎ᠵᠢᠡᠨ ᠬᠠᠮᠠᠭᠠᠯᠠᠵᠤ ᠢᠵᠠᠭᠤᠷ᠎ᠦᠨᠳᠦᠰᠦ ᠪᠠᠨ ᠵᠠᠯᠭᠠᠮᠵᠢᠯᠠᠨ᠎ᠠ

2019 ᠣᠨ᠎ᠳ᠋ᠤ᠂ ᠥᠪᠥᠷ ᠮᠣᠩᠭᠣᠯ ᠤᠷᠲᠤ ᠴᠠᠭᠠᠨ ᠬᠡᠷᠡᠮ᠎ᠦ᠋ᠨ ᠤᠯᠤᠰ᠎ᠤ᠋ᠨ ᠰᠣᠶᠣᠯ᠎ᠤ᠋ᠨ ᠴᠡᠴᠡᠷᠯᠢᠭ᠎ᠦ᠋ᠨ ᠪᠦᠲᠦᠭᠡᠨ ᠪᠠᠢᠭᠤᠯᠤᠯᠲᠠ᠎ᠶᠢᠨ ᠲᠥᠯᠥᠪᠯᠡᠭᠡ᠎ᠶᠢ ᠡᠬᠢᠯᠡᠭᠦᠯᠵᠦ᠍᠂ ᠪᠤᠭᠤᠲᠤ ᠬᠣᠲᠠ᠎ᠶᠢᠨ ᠭᠦᠶᠡᠩ ᠤ᠋ᠨ ᠴᠢᠨ ᠤᠯᠤᠰ᠎ᠤ᠋ᠨ ᠤᠷᠲᠤ ᠴᠠᠭᠠᠨ ᠬᠡᠷᠡᠮ ᠰᠣᠩᠭᠣᠭ᠍ᠳᠠᠭ᠍ᠰᠠᠨ ᠪᠠᠢᠨ᠎ᠠ᠃ 2021 ᠣᠨ᠎ᠤ 3 ᠰᠠᠷ᠎ᠠ᠎ᠳᠤ᠂ ᠱᠢᠨ᠎ᠡ ᠬᠤᠳᠠ ᠲᠣᠭᠤᠷᠢᠭ᠎ᠤᠨ ᠴᠢᠨ ᠤᠯᠤᠰ ᠤ᠋ᠨ ᠤᠷᠳᠤ ᠴᠠᠭᠠᠨ ᠭᠡᠷᠡᠮ ᠤ᠋ᠨ ᠫᠦᠸᠧ ᠭᠧᠨ ᠳ᠋ᠢ᠎ᠶ᠋ᠢᠨ ᠬᠡᠰᠡᠭ᠂ ᠴᠢᠩ ᠱᠦᠢ ᠡᡁᠧ ᠱᠢᠶᠠᠨ᠎ᠤ ᠮᠢᠩ ᠤᠯᠤᠰ᠎ᠤᠨ ᠤᠷᠳᠤ ᠴᠠᠭᠠᠨ ᠬᠡᠷᠡᠮ᠎ᠤᠨ ᠱᠢᠶᠤᠤ ᠶᠤᠸᠠᠨ ᠮᠤᠤ᠎ᠶ᠋ᠢᠨ ᠬᠡᠰᠡᠭ᠎ᠢ ᠤᠷᠳᠤ ᠴᠠᠭᠠᠨ ᠬᠡᠷᠡᠮ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠳᠦᠭᠡᠨ ᠪᠠᠢᠭᠤᠯᠤᠯᠲᠠ᠎ᠶ᠋ᠢᠨ ᠲᠦᠷᠦᠯ ᠵᠦᠢᠯ᠎ᠳᠤ ᠣᠷᠣᠭᠤᠯᠪᠠ᠃ ᠡᠳᠦᠭᠡ ᠪᠣᠯᠲᠠᠯ᠎ᠠ᠂ ᠭᠤᠷᠪᠠᠨ ᠭᠠᠵᠠᠷ ᠲᠥᠯᠥᠪᠵᠢᠭᠦᠯᠭᠡ ᠬᠢᠬᠦ᠂ ᠵᠢᠷᠤᠵᠤ ᠲᠥᠯᠥᠪᠯᠡᠬᠦ᠂ ᠨᠡᠭᠡᠭᠡᠨ ᠬᠥᠭ᠌ᠵᠢᠭᠦᠯᠬᠦ᠂ ᠪᠦᠲᠦᠭᠡᠨ ᠪᠠᠢᠭᠤᠯᠬᠤ ᠵᠡᠷᠭᠡ ᠠᠯᠢ ᠣᠯᠠᠨ ᠪᠦᠲᠦᠭᠡᠨ ᠪᠠᠢᠭᠤᠯᠤᠯᠲᠠ᠎ᠶ᠋ᠢ ᠥᠩᠭᠡᠷᠡᠭᠡᠵᠦ᠍᠂ ᠡᠯ᠎ᠡ ᠭᠠᠵᠠᠷ᠎ᠤᠨ ᠤᠷᠲᠤ ᠴᠠᠭᠠᠨ ᠬᠡᠷᠡᠮ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠤᠨ ᠲᠥᠷᠥᠯ ᠵᠦᠢᠯ ᠴᠥᠮ ᠱᠢᠪᠲᠤᠷᠠᠭᠠᠨ᠎ᠳᠠᠭᠠᠨ ᠣᠷᠤᠪᠠ᠃

ᠴᠢᠩ ᠱᠦᠢ ᠾᠧ ᠱᠢᠶᠠᠨ᠎ᠤ ᠪᠸᠢ ᠪᠦ ᠱᠢᠶᠠᠩ᠎ᠳᠤ᠂ ᠪᠠᠷᠢᠯᠭ᠎ᠠ᠎ᠶ᠋ᠢᠨ ᠲᠤᠬᠠᠢ᠎ᠶ᠋ᠢᠨ ᠲᠠᠯᠠᠪᠠᠢ ᠎ᠳᠡᠬᠢ ᠠᠵᠢᠯᠴᠢᠳ ᠬᠦᠭᠵᠢᠶᠡᠨᠳᠡᠢ ᠠᠵᠢᠯᠯᠠᠵᠠᠭᠠᠵᠤ᠂ ᠬᠤᠳᠠ᠎ᠶ᠋ᠢᠨ ᠬᠡᠷᠡᠮ᠎ᠤᠨ ᠬᠡᠯᠪᠡᠷᠢᠲᠡᠢ ᠴᠢᠮᠡᠭ᠌ᠯᠡᠭ᠌ᠰᠡᠨ ᠵᠢᠭᠤᠯᠴᠢᠯᠠᠬᠴᠢᠳ᠎ᠤᠨ ᠲᠥᠪ᠂ ᠠᠭᠤᠯᠠ᠎ᠶ᠋ᠢ ᠲᠦᠱᠢᠨ ᠪᠠᠢᠭᠤᠯᠤᠭ᠍ᠰᠠᠨ108 ᠨᠦᠬᠡᠨ ᠭᠡᠷ᠎ᠤᠨ ᠬᠡᠯᠪᠡᠷᠢ ᠲᠠᠢ ᠠᠷᠠᠳ᠎ᠤᠨ ᠣᠷᠣᠨ ᠰᠠᠭᠤᠴᠠ᠂ ᠡᠷᠲᠡᠨ᠎ᠤ ᠬᠡᠪ ᠨᠠᠮᠪᠠ ᠪᠦᠬᠦᠢ ᠵᠢᠵᠢᠭ ᠪᠠᠷᠢᠯᠭ᠎ᠠ᠂ ᠬᠡᠯᠪᠡᠷᠢ ᠲᠦᠷᠰᠤ ᠨᠢ ᠪᠣᠷᠣᠭ᠍ᠵᠢᠭᠤᠨ ᠬᠦᠷᠬᠢᠷ᠎ᠡ᠎ᠶ᠋ᠢᠨ ᠦᠵᠡᠮᠵᠢ ᠨᠢ ᠨᠢᠭᠡᠨᠲᠡ ᠠᠩᠬᠠᠨ᠎ᠤ ᠳᠦᠷᠰᠦ ᠪᠠᠢᠳᠠᠯ᠎ᠢ ᠪᠦᠷᠢᠯᠳᠦᠭᠦᠯᠵᠠᠢ᠃

ᠣᠢᠯᠠᠭᠠᠭ᠍ᠰᠠᠨ᠎ᠢᠶᠠᠷ᠂ ᠴᠢᠩ ᠱᠦᠢ ᠾᠸ ᠵᠢᠨ ᠪᠸᠢ ᠪᠦ ᠱᠢᠶᠠᠩ᠎ᠤᠨ ᠣᠷᠳᠣ ᠴᠠᠭᠠᠨ ᠬᠡᠷᠡᠮ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠶᠡᠷᠦᠩᠬᠡᠶ ᠪᠠᠯᠠ ᠣᠷᠣᠭᠤᠯᠤᠯᠲᠠ ᠨᠢ 1.37 ᠳ᠋ᠦᠩᠱᠢᠭᠤᠷ ᠲᠥᠭᠦᠷᠢᠭ᠎ᠲᠤ ᠬᠦᠷᠴᠦ᠍᠂ ᠲᠥᠷᠥᠯ ᠵᠦᠢᠯ᠎ᠤᠨ ᠶᠡᠷᠦᠩᠬᠡᠶ ᠪᠠᠷᠢᠯᠭ᠎ᠠ᠎ᠶ᠋ᠢᠨ ᠲᠠᠯᠠᠪᠠᠶ᠎ᠨᠢ 10031.11m2 ᠪᠠᠢᠵᠤ᠂ ᠡᠭᠦᠨ᠎ᠳᠤ ᠱᠢᠨ᠎ᠡ᠎ᠪᠠᠷ ᠪᠠᠢᠭᠤᠯᠤᠭ᠍ᠰᠠᠨ ᠬᠡᠰᠡᠭ ᠪᠠᠷᠢᠯᠭ᠎ᠠ᠎ᠶ᠋ᠢᠨ ᠲᠠᠯᠠᠪᠠᠶ᠎ᠨᠢ 7053.17m2 ᠪᠠᠢᠵᠤ᠂ ᠥᠭᠡᠷᠡᠴᠢᠯᠡᠨ ᠪᠠᠢᠭᠤᠯᠤᠭ᠍ᠰᠠᠨ ᠬᠡᠰᠡᠭ ᠲᠠᠯᠠᠪᠠᠶ᠎ᠨᠢ 2977.94m2 ᠪᠣᠯᠤᠨ᠎ᠠ᠃ ᠲᠣᠰ ᠲᠥᠷᠥᠯ ᠵᠦᠢᠯ᠎ᠢ 2023 ᠣᠨ᠎ᠤ 3 ᠰᠠᠷ᠎ᠠ᠎ᠶ᠋ᠢᠨ ᠳᠤᠮᠳᠠᠴᠢ᠎ᠪᠠᠷ ᠡᠬᠢᠯᠡᠨ ᠪᠠᠢᠭᠤᠯᠵᠤ᠂ 2024 ᠣᠨ᠎ᠤ 6 ᠰᠠᠷ᠎ᠠ᠎ᠳᠤ ᠴᠡᠴᠡᠷᠯᠢᠭ ᠵᠢᠡᠨ ᠨᠡᠭᠡᠭᠡᠵᠦ᠍ ᠲᠤᠷᠱᠢᠨ ᠡᠵᠡᠩᠨᠡᠵᠤ᠂ 12 ᠰᠠᠷ᠎ᠠ᠎ᠶ᠋ᠢᠨ ᠰᠡᠭᠦᠯᠴᠢ᠎ᠡᠴᠡ ᠡᠮᠦᠨ᠎ᠡ ᠪᠥᠬᠦ᠌ ᠲᠠᠯ᠎ᠠ᠎ᠪᠠᠷ ᠪᠠᠢᠭᠤᠯᠵᠤ ᠳᠠᠭᠤᠰᠭᠠᠬᠤ᠎ᠪᠠᠷ ᠲᠥᠯᠥᠪᠯᠡᠵᠦ᠍ ᠪᠣᠶ᠃

《ᠤᠳᠤ ᠴᠢᠩ ᠱᠦᠢ ᠾᠧ᠎ᠶ᠋ᠢᠨ ᠣᠷᠳᠣ ᠴᠠᠭᠠᠨ ᠬᠡᠷᠡᠮ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠠᠷᠢᠯᠭ᠎ᠠ᠎ᠶ᠋ᠢᠨ ᠠᠵᠢᠯ᠎ᠨᠢ ᠭᠤᠤᠯᠳᠠᠭᠤ ᠰᠧ ᠮᠤ᠌ ᠲᠠ ᠭᠤᠤᠯ ᠦᠵᠡᠮᠵᠢ᠎ᠶ᠋ᠢᠨ ᠣᠷᠣᠨ᠎ᠤ ᠡᠭᠦᠳᠡᠨ ᠦᠵᠡᠮᠵᠢ᠂ ᠲᠡᠷᠭᠡᠨ ᠵᠣᠭ᠍ᠰᠣᠭᠠᠯ᠂ ᠵᠢᠭᠤᠯᠴᠢᠯᠠᠬᠴᠢᠳ᠎ᠤᠨ ᠦᠢᠯᠡᠴᠢᠯᠡᠭᠡᠨ᠎ᠤ ᠲᠥᠪ᠂ ᠣᠷᠳᠣ ᠴᠠᠭᠠᠨ ᠬᠡᠷᠡᠮ᠎ᠤᠨ ᠰᠣᠶᠣᠯ᠎ᠢ ᠪᠡᠶᠡᠴᠢᠯᠡᠨ ᠣᠢᠯᠠᠭᠠᠬᠤ ᠲᠥᠪ᠂ ᠠᠷᠠᠳ᠎ᠤᠨ ᠣᠷᠣᠨ ᠰᠠᠭᠤᠴᠠ᠎ᠶ᠋ᠢᠨ ᠪᠠᠭᠤᠳᠠᠯ ᠵᠡᠷᠭᠡ ᠲᠠᠩ ᠴᠣᠭ᠍ᠴᠠᠲᠤ ᠪᠠᠷᠢᠯᠭ᠎ᠠ᠎ᠶ᠋ᠢᠨ ᠭᠤᠤᠯ ᠴᠣᠭ᠍ᠴᠠ᠎ᠶ᠋ᠢᠨ ᠢᠨᠵᠧᠨᠧᠷᠢᠩ᠎ᠳᠤ ᠲᠥᠪᠯᠡᠷᠡᠵᠦ᠍᠂ ᠪᠢᠳᠠᠨ ᠤ᠋ ᠲᠥᠯᠥᠪᠵᠢᠭᠦᠯᠭᠡ᠎ᠳᠤ᠂ ᠢᠷᠡᠭᠡᠳᠦᠶ᠎ᠳᠤ ᠪᠠᠰᠠ ᠠᠳᠡ ᠡᠯ᠎ᠡ ᠵᠦᠢᠯ᠎ᠤᠨ ᠴᠡᠴᠡᠭ᠎ᠤᠨ ᠲᠡᠯᠡᠶ᠎ᠶ᠋ᠢ ᠪᠣᠶ ᠪᠣᠯᠭᠠᠵᠤ᠂ ᠬᠥᠭᠦᠷᠭᠡᠨ ᠵᠠᠮ᠎ᠢ ᠨᠡᠮᠡᠨ ᠪᠠᠢᠭᠤᠯᠵᠤ᠂ ᠺᠢᠨᠣ᠋ ᠦᠵᠡᠬᠦ᠂ ᠬᠡᠭᠡᠷ᠎ᠡ ᠪᠠᠭᠤᠳᠠᠯᠯᠠᠬᠤ᠂ ᠭᠠᠷ ᠦᠢᠯᠡᠳᠭᠡᠯ᠎ᠤᠨ ᠭᠠᠵᠠᠷ ᠵᠡᠷᠭᠡ ᠣᠯᠠᠨ ᠡᠱᠢᠵᠢᠭ᠌ᠰᠡᠨ ᠴᠢᠳᠠᠮᠵᠢ᠎ᠶ᠋ᠢᠨ ᠲᠥᠬᠦᠭᠡᠷᠦᠮᠵᠢ ᠴᠦ᠍ ᠠᠯᠬᠤᠮ ᠠᠯᠬᠤᠮ᠎ᠢᠶᠠᠷ ᠨᠡᠮᠡᠭ᠌ᠳᠡᠬᠦ᠌ ᠪᠣᠯᠤᠨ᠎ᠠ》ᠭᠡᠵᠤ ᠢᠨᠵᠧᠨᠧᠷᠢᠨᠭ᠎ᠦᠨ ᠬᠠᠷᠢᠭᠤᠴᠠᠯᠭᠠᠲᠠᠨ ᠴᠢᠶᠣᠤ ᠵᠢᠶᠦ᠋ᠨ ᠯᠢᠨ ᠬᠡᠯᠡᠪᠡ᠃

2019 ᠣᠨ᠎ᠳ᠋ᠤ᠂ ᠬᠥᠬᠡᠬᠣᠲᠠ᠎ᠶᠢᠨ ᠱᠢᠨ᠎ᠡ ᠬᠣᠲᠠ ᠲᠣᠭᠣᠷᠢᠭ ᠴᠢᠨ ᠤᠯᠤᠰ᠎ᠤ᠋ᠨ ᠤᠷᠲᠤ ᠴᠠᠭᠠᠨ ᠬᠡᠷᠡᠮ᠎ᠦ᠋ᠨ ᠫᠦᠸᠧ ᠭᠸᠨ ᠳ᠋ᠢ ᠵᠢᠨ ᠬᠡᠰᠡᠭ᠎ᠦ᠋ᠨ 2 ᠳ᠋ᠤᠭᠠᠷ ᠬᠡᠰᠡᠭ ᠪᠤᠯᠤᠨ 3 ᠳ᠋ᠤᠭᠠᠷ ᠬᠡᠰᠡᠭ᠎ᠦ᠋ᠨ ᠬᠠᠮᠠᠭᠠᠯᠠᠵᠤ ᠰᠡᠯᠪᠢᠨ ᠵᠠᠰᠠᠬᠤ ᠢᠨᠵᠧᠨᠧᠷᠢᠩ᠎ᠢ᠋ ᠬᠡᠷᠡᠭ᠌ᠵᠢᠭᠦᠯᠪᠡ᠃ 1 ᠳ᠋ᠤᠭᠡᠷ ᠬᠡᠰᠡᠭ ᠤ᠋ᠨ ᠬᠠᠮᠠᠭᠠᠯᠠᠵᠤ ᠰᠡᠯᠪᠢᠨ ᠵᠠᠰᠠᠬᠤ ᠢᠨᠵᠧᠨᠧᠷᠢᠩ᠎ᠢ 2021 ᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠭᠤᠣᠯᠳᠠᠯᠭ᠎ᠠ᠎ᠲᠠᠢ ᠲᠦᠷᠦᠯ ᠵᠦᠢᠯ᠎ᠳᠤ ᠵᠢᠭ᠍ᠰᠠᠭᠠᠨ ᠣᠷᠣᠭᠤᠯᠵᠤ ᠰᠡᠯᠪᠢᠨ ᠵᠠᠰᠠᠪᠠ᠃

2022 ᠣᠨ᠎ᠤ 8 ᠰᠠᠷ᠎ᠠ᠎ᠳᠤ᠂ ᠬᠥᠬᠡᠬᠤᠲᠠ᠎ᠶ᠋ᠢᠨ ᠣᠷᠳᠣ ᠴᠠᠭᠠᠨ ᠬᠡᠷᠡᠮ᠎ᠤᠨ ᠰᠣᠶᠣᠯ᠎ᠤᠨ ᠮᠦᠽᠧᠶ᠎ᠶ᠋ᠢ ᠠᠵᠢᠯ ᠡᠬᠢᠯᠡᠭᠦᠯᠦᠨ ᠪᠥᠲᠥᠭᠡᠨ ᠪᠠᠢᠭᠤᠯᠵᠤ᠂ ᠡᠨᠡ ᠨᠢ ᠬᠥᠬᠡᠬᠤᠲᠠ᠎ᠶ᠋ᠢᠨ ᠣᠷᠳᠣ ᠴᠠᠭᠠᠨ ᠬᠡᠷᠡᠮ᠎ᠤᠨ ᠰᠣᠶᠣᠯ᠎ᠢ ᠤᠬᠠᠭᠤᠯᠤᠨ ᠬᠠᠮᠠᠭᠠᠯᠠᠵᠤ ᠳᠡᠯᠭᠡᠨ ᠦᠵᠡᠭᠦᠯᠬᠦ᠌ ᠴᠢᠬᠤᠯᠠ ᠲᠠᠯᠠᠪᠤᠷ ᠤᠷᠳᠤᠨ ᠪᠣᠯᠬᠤ ᠪᠣᠯᠤᠨ᠎ᠠ᠃

ᠣᠳᠣᠬᠠᠨ᠎ᠳ᠋ᠤ᠂ ᠪᠤᠭᠤᠲᠤ ᠬᠣᠲᠠ᠎ᠶᠢᠨ ᠭᠦᠶᠡᠩ ᠱᠢᠶᠠᠨ᠎ᠤ᠋ ᠲᠢᠶᠠᠨ ᠱᠧᠩ ᠴᠧᠩ ᠲᠣᠰᠭᠣᠨ᠎ᠤ᠋ ᠵᠡᠭᠦᠨ ᠬᠡᠰᠡᠭ᠎ᠦ᠋ᠨ ᠣᠷᠴᠢᠨ ᠲᠣᠭᠣᠷᠢᠨ ᠨᠢ ᠬᠦᠨ ᠨᠢᠭᠤᠴᠠᠬᠠᠢ ᠶᠡᠭᠡ ᠤᠰᠤᠨ ᠭᠤᠤ ᠳ᠋ᠤ᠂ ᠡᠣᠷᠳᠣ ᠴᠠᠭᠠᠨ ᠬᠡᠷᠡᠮ᠎ᠦ᠋ᠨ ᠤᠷᠠᠨ ᠪᠢᠴᠢᠯᠭᠡ᠎ᠶᠢᠨ ᠬᠦᠨᠳᠠᠢ ᠨᠢᠭᠡᠨᠳᠠ ᠰᠦᠨᠳᠡᠷᠯᠡᠨ ᠪᠤᠰᠴᠤ᠂ ᠡᠣᠷᠳᠣ ᠴᠠᠭᠠᠨ ᠬᠡᠷᠡᠮ᠎ᠦ᠋ᠨ ᠮᠦᠽᠧᠢ ᠪᠣᠯᠤᠨ ᠴᠢᠨ ᠤᠯᠤᠰ ᠤ᠋ᠨ ᠡᠣᠷᠳᠣ ᠴᠠᠭᠠᠨ ᠬᠡᠷᠡᠮ᠎ᠦ᠋ᠨ ᠬᠠᠮᠠᠭᠠᠯᠠᠯᠲᠠ᠎ᠶᠢᠨ ᠡᠠᠵᠢᠯ᠎ᠤ᠋ᠨ ᠥᠷᠲᠡᠭᠡ ᠵᠢᠨ ᠪᠦᠳᠦᠭᠡᠨ ᠪᠠᠢᠭᠤᠯᠤᠯᠲᠠ ᠨᠢ ᠪᠠᠢᠭᠠᠯᠢ᠎ᠶᠢᠨ ᠦᠵᠡᠮᠵᠢ ᠪᠣᠯᠤᠨ ᠰᠤᠶᠤᠯ ᠢᠷᠭᠡᠨᠰᠢᠯ ᠤ᠋ᠨ ᠦᠵᠡᠮᠵᠢ ᠵᠢ ᠨᠢᠭᠡ ᠴᠤᠬᠴᠠ ᠪᠤᠯᠭᠠᠨ ᠠᠭᠤᠰᠤᠯᠴᠠᠭᠤᠯᠵᠤ᠂ ᠲᠡᠤᠭᠡ ᠲᠠᠢ᠂ ᠰᠤᠶᠤᠯ ᠲᠠᠢ᠂ ᠦᠨᠭᠭᠡ ᠦᠵᠡᠮᠵᠢ ᠲᠠᠢ᠂ ᠠᠭᠤᠯᠤᠬᠳᠠᠬᠤᠨ ᠲᠠᠢ ᠲᠤᠭᠤᠷᠢᠨ ᠵᠢᠭᠤᠯᠴᠢᠯᠠᠬᠤ ᠦᠵᠡᠮᠵᠢᠳᠤ ᠤᠷᠤᠨ ᠪᠤᠯᠵᠦ ᠠᠨᠭᠬ᠎ᠠ ᠠᠯᠬᠤᠮ᠎ᠤᠨ ᠬᠡᠪᠴᠢᠶᠠᠵᠢᠯ ᠳᠠᠢ ᠪᠤᠯᠪᠠ᠃

ᠤᠷᠲᠤ ᠴᠠᠭᠠᠨ ᠬᠡᠷᠡᠮ᠎ᠦ᠋ᠨ ᠡᠬᠢ ᠪᠠᠶᠠᠯᠢᠭ᠎ᠢ᠋ ᠠᠮᠢᠳᠤᠯᠢᠭ᠍ᠵᠢᠭᠤᠯᠵᠤ᠂ ᠤᠷᠲᠤ ᠴᠠᠭᠠᠨ ᠬᠡᠷᠡᠮ᠎ᠦ᠋ᠨ ᠦᠯᠢᠭᠡᠷ᠎ᠢ᠋ ᠠᠭᠤᠳᠠᠯᠤᠨ᠂ ᠥᠪᠥᠷ ᠮᠣᠩᠭᠣᠯ ᠤᠳᠤ ᠶᠠᠭ ᠤᠷᠲᠤ ᠴᠠᠭᠠᠨ ᠬᠡᠷᠡᠮ᠎ᠦ᠋ᠨ ᠤᠯᠤᠰ᠎ᠤ᠋ᠨ ᠰᠣᠶᠣᠯ᠎ᠤ᠋ᠨ ᠴᠡᠴᠡᠷᠯᠢᠭ᠎ᠦ᠋ᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠢ᠋ ᠠᠱᠢᠭ᠍ᠯᠠᠵᠤ᠂ ᠵᠠᠭᠤ ᠮᠢᠨᠭᠭᠠᠨ ᠵᠢᠯ᠎ᠤᠷᠲᠤ ᠴᠠᠭᠠᠨ ᠬᠡᠷᠡᠮ᠎ᠦ᠋ᠨ ᠳᠣᠲᠣᠷ᠎ᠠ ᠭᠠᠳᠠᠨ᠎ᠠ ᠤᠯᠠᠮᠵᠢᠯᠠᠭ᠍ᠳᠠᠬᠰᠡᠨ ᠦᠯᠢᠭᠡᠷ᠎ᠢ᠋ ᠠᠱᠢᠭ᠍ᠯᠠᠵᠤ᠂ ᠤᠮᠠᠷᠠᠲᠤ ᠬᠢᠯᠢ᠎ᠶᠢᠨ ᠰᠣᠶᠣᠯ᠎ᠤ᠋ᠨ ᠴᠣ ᠱᠢᠨ᠎ᠡ ᠬᠠᠭᠤᠳᠠᠰᠤ᠎ᠶᠢ ᠪᠢᠴᠢᠭᠯᠡᠵᠤ ᠪᠠᠢᠨ᠎ᠠ᠃

ᠮᠢᠩᠭᠠᠨ ᠤᠨ ᠤ᠋ ᠦᠯᠢᠭᠡᠷ᠎ᠤᠨ ᠰᠢᠨ᠎ᠠ ᠬᠠᠭᠤᠳᠠᠰᠤ ᠵᠢ ᠬᠦᠦᠷᠨᠢᠨ᠎ᠠ

ᠥᠪᠥᠷ ᠮᠣᠩᠭᠣᠯ᠎ᠤᠨ ᠤᠷᠳᠤ ᠴᠠᠭᠠᠨ ᠬᠡᠷᠡᠮ᠎ᠦᠨ ᠦᠯᠢᠬᠡᠷ ᠨᠢᠭᠡᠨᠲᠡ ᠬᠡᠳᠦᠨ ᠮᠢᠩᠭᠠᠨ ᠵᠢᠯ ᠪᠢᠴᠢᠭ᠌ᠯᠡᠭᠳᠡᠵᠦ᠂ ᠥᠨᠥᠳᠦᠷ ᠪᠤᠯᠬᠤ ᠳ᠋ᠦ ᠥᠨᠢ ᠤᠳᠠᠭᠠᠨ ᠲᠡᠦᠬᠡ᠎ᠲᠡᠶ ᠤᠷᠳᠤ ᠴᠠᠭᠠᠨ ᠬᠡᠷᠡᠮ ᠮᠥᠨ ᠬᠦ᠌ ᠡᠬᠡᠯ ᠠᠷᠠᠳ᠎ᠲᠤ ᠪᠤᠶᠠᠨ ᠦᠢᠯᠡᠳᠦᠭᠰᠡᠭᠡᠷ ᠶᠤᠮ᠃

《ᠡᠨᠡ ᠭᠠᠵᠠᠷ ᠤᠤᠯ ᠨᠢ ᠨᠢᠭᠡᠨ ᠪᠣᠭᠣᠮᠲᠠ ᠪᠠᠢᠵᠤ᠂ ᠤᠷᠳᠤ ᠴᠠᠭᠠᠨ ᠬᠡᠷᠡᠮ᠎ᠦᠨ ᠳᠣᠲᠣᠨ᠎ᠠ ᠭᠠᠳᠠᠨᠠᠬᠢ ᠠᠷᠠᠳ ᠢᠷᠭᠡᠳ ᠡᠨᠳᠡ ᠢᠷᠡᠵᠦ ᠠᠷᠠᠯᠵᠢᠶ᠎ᠠ ᠬᠢᠵᠦ᠍ ᠪᠠᠢᠵᠠᠢ᠃ ᠡᠨᠡ ᠬᠡᠰᠡᠭ ᠪᠣᠭᠣᠮᠲᠠ ᠨᠢ ᠡᠷᠲᠡᠨ᠎ᠦ ᠠᠷᠠᠳ ᠢᠷᠭᠡᠳ᠎ᠦᠨ ᠬᠠᠷᠢᠯᠴᠠᠨ ᠬᠠᠷᠢᠯᠴᠠᠬᠤ ᠬᠦᠢᠰᠦ ᠪᠣᠯᠬᠤ᠎ᠪᠠᠷ ᠪᠠᠷᠠᠬᠤ ᠦᠭᠡᠢ᠂ ᠪᠠᠰᠠ ᠬᠣᠵᠢᠮ᠎ᠤᠨ 〈ᠪᠠᠷᠠᠭᠤᠨ ᠪᠤᠭᠤᠮᠳᠠ ᠪᠡᠷ ᠶᠠᠪᠤᠭᠰᠠᠨ〉 ᠴᠢᠬᠤᠯᠠ ᠪᠣᠭᠣᠮᠲᠠ ᠪᠣᠯᠤᠨ᠎ᠠ》 ᠭᠡᠵᠦ ᠣᠳᠣ ᠶᠠᠭ ᠵᠠᠰᠠᠵᠤ ᠪᠠᠢᠭ᠎ᠠ ᠰᠡᠲᠡᠷᠬᠡᠶ᠎ᠶ᠋ᠢ ᠵᠢᠭᠠᠵᠤ ᠴᠢᠶᠣᠤ ᠵᠢᠶᠦ᠋ᠨ ᠯᠢᠨ ᠬᠡᠯᠡᠪᠡ᠃

ᠤᠷᠳᠤ ᠴᠠᠭᠠᠨ ᠬᠡᠷᠡᠮ ᠲᠦᠮᠡᠨ ᠭᠠᠵᠠᠷ ᠰᠤᠨᠤᠯᠵᠠᠬᠰᠠᠨ ᠴᠤ᠌ ᠳᠤᠳᠤᠨ᠎ᠠ ᠭᠠᠳᠠᠨᠠᠬᠢ ᠰᠣᠯᠢᠯᠴᠠᠭ᠎ᠠ ᠶᠡᠷᠦ᠍᠎ᠡᠴᠡ ᠲᠠᠰᠤᠯᠳᠠᠭ᠍ᠰᠠᠨ ᠦᠭᠡᠢ᠃ ᠠᠷᠠᠯᠵᠢᠶ᠎ᠠ ᠬᠤᠳᠠᠯᠳᠤᠭ᠎ᠠ ᠨᠡᠪᠲᠡᠷᠡᠯᠴᠡᠵᠦ ᠬᠠᠷᠢᠯᠴᠠᠨ ᠮᠠᠢᠮᠠᠢᠯᠠᠭᠰᠠᠨ ᠨᠢ ᠤᠷᠳᠤ ᠴᠠᠭᠠᠨ ᠬᠡᠷᠡᠮ᠎ᠦᠨ ᠳᠣᠲᠣᠷ᠎ᠠ ᠭᠠᠳᠠᠨᠠᠬᠢ ᠦᠨᠳᠦᠰᠦᠲᠡᠨ᠎ᠨᠦᠭᠦᠳ᠎ᠦᠨ ᠬᠡᠷᠡᠭᠴᠡᠭᠡ ᠵᠤᠢᠯᠡᠰ ᠵᠢᠠᠨ ᠬᠠᠷᠢᠯᠴᠠᠨ ᠰᠤᠯᠢᠯᠴᠠᠵᠤ᠂ ᠬᠠᠷᠢᠯᠴᠠᠨ ᠲᠦᠱᠢᠯᠴᠡᠨ ᠣᠷᠣᠱᠢᠬᠰᠠᠨ ᠠᠷᠠᠯᠵᠢᠶᠠᠨ᠎ᠤ ᠵᠠᠮ ᠢ᠋ ᠨᠡᠭᠡᠭᠡᠵᠦ᠂ ᠤᠷᠳᠤ ᠴᠠᠭᠠᠨ ᠬᠡᠷᠡᠮ᠎ᠦᠨ ᠠᠯᠢ ᠤᠯᠠᠨ ᠪᠣᠭᠣᠮᠲᠠ᠎ᠨᠢ ᠳᠤᠮᠳᠠᠳᠤ ᠣᠷᠣᠨ᠎ᠤ ᠳᠣᠲᠣᠷ ᠭᠠᠵᠠᠷ ᠪᠣᠯᠤᠨ ᠥᠷᠭᠡᠨ ᠠᠭᠤᠳᠠᠮ ᠤᠮᠠᠷᠠᠲᠤ ᠬᠢᠯᠢ᠎ᠶ᠋ᠢᠨ ᠠᠵᠤ ᠠᠬᠤᠢ ᠰᠣᠶᠣᠯ᠎ᠤᠨ ᠵᠠᠮ᠎ᠢ ᠨᠡᠪᠲᠡᠷᠡᠭᠦᠯᠪᠡ᠃

《ᠴᠢᠩ ᠱᠦᠢ ᠾᠧ ᠱᠢᠶᠠᠨ᠎ᠤ ᠮᠢᠩ ᠤᠯᠤᠰ᠎ᠤᠨ ᠤᠷᠳᠤ ᠴᠠᠭᠠᠨ ᠬᠡᠷᠡᠮ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷᠠᠬᠢ ᠤᠳᠤ ᠪᠠᠢᠭ᠎ᠠ ᠮᠢᠩ ᠤᠯᠤᠰ᠎ᠤᠨ ᠤᠷᠳᠤ ᠴᠠᠭᠠᠨ ᠬᠡᠷᠡᠮ᠎ᠦᠨ ᠡᠬᠢ ᠪᠠᠶᠠᠯᠢᠭ᠎ᠲᠠᠬᠢ ᠨᠡᠯᠢᠶᠡᠳ ᠥᠨᠳᠥᠷ ᠲᠡᠦᠬᠡ᠎ᠶ᠋ᠢᠨ ᠦᠷᠳᠡᠭ ᠪᠠ ᠰᠣᠶᠣᠯ᠎ᠤᠨ ᠦᠷᠳᠡᠭ᠎ᠲᠡᠶ ᠬᠡᠰᠡᠭ ᠪᠣᠯᠤᠨ᠎ᠠ᠃ ᠤᠷᠳᠤ ᠴᠠᠭᠠᠨ ᠬᠡᠷᠡᠮ᠎ᠦᠨ ᠬᠣᠷᠮᠣᠢ ᠳᠣᠣᠷᠠᠬᠢ ᠯᠣᠣ ᠨᠢᠤ ᠫᠦᠸᠸ ᠳ᠋ᠤ ᠶᠠᠫᠣᠨ᠎ᠢ ᠡᠰᠡᠷᠭᠦᠴᠡᠬᠦ᠌ ᠲᠠᠢ᠌ᠨ᠎ᠦ ᠦᠶ᠎ᠡ᠎ᠶ᠋ᠢᠨ ᠥᠪᠥᠷ ᠮᠣᠩᠭᠣᠯ ᠱᠠᠨ ᠰᠢ ᠣᠷᠣᠨ᠎ᠳᠤ ᠪᠠᠢᠭᠤᠯᠤᠭ᠍ᠳᠠᠭ᠍ᠰᠠᠨ ᠠᠩᠬᠠᠳᠠᠭ᠍ᠴᠢ ᠬᠥᠳᠡᠭᠡ ᠲᠣᠰᠭᠣᠨ᠎ᠤ ᠨᠠᠮ᠎ᠤᠨ ᠡᠭᠦᠷ ᠪᠤᠢ᠂ ᠪᠸᠢ ᠪᠦ᠋ ᠵᠢᠨ ᠮᠢᠩ ᠤᠯᠤᠰ᠎ᠤᠨ ᠤᠷᠳᠤ ᠴᠠᠭᠠᠨ ᠬᠡᠷᠡᠮ ᠪᠣᠯᠤᠨ ᠯᠣᠣ ᠨᠢᠤ ᠫᠦᠸᠸ ᠵᠢᠨ ᠡᠷᠳᠡᠮ ᠱᠢᠨᠵᠢᠯᠡᠭᠡᠨ᠎ᠦ ᠲᠥᠪ ᠨᠢ ᠤᠷᠳᠤ ᠴᠠᠭᠠᠨ ᠬᠡᠷᠡᠮ᠎ᠦᠨ ᠰᠣᠶᠣᠯ ᠪᠣᠯᠤᠨ ᠬᠤᠪᠢᠰᠭᠠᠯᠲᠤ ᠰᠣᠶᠣᠯ᠎ᠢ ᠠᠭᠤᠰᠤᠯᠴᠠᠭᠤᠯᠪᠠ᠃ ᠲᠥᠷᠥᠯ ᠵᠦᠶ᠋ᠯ ᠪᠠᠢᠭᠤᠯᠤᠭ᠍ᠳᠠᠭ᠍ᠰᠠᠨ᠎ᠤ ᠳᠠᠷᠠᠭ᠎ᠠ᠂ 〈ᠬᠤᠪᠢᠰᠭᠠᠯᠳᠤ ᠯᠤᠤ ᠨᠢᠦ ᠫᠦᠸᠧ + ᠮᠢᠩ ᠤᠯᠤᠰ᠎ᠤᠨ ᠤᠷᠳᠤ ᠴᠠᠭᠠᠨ ᠬᠡᠷᠡᠮ ᠤ᠋ᠨ ᠰᠣᠶᠣᠯ᠎ᠤᠨ ᠴᠡᠴᠡᠷᠯᠢᠭ〉 ᠵᠢᠡᠷ ᠣᠨᠴᠠᠯᠢᠭ ᠪᠣᠯᠭᠠᠭ᠍ᠰᠠᠨ ᠬᠤᠪᠢᠰᠭᠠᠯ᠎ᠤᠨ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠪᠦᠰᠡ᠎ᠶ᠋ᠢ ᠪᠦᠷᠢᠯᠳᠦᠭᠦᠯᠬᠦ᠌ ᠪᠣᠯᠤᠨ᠎ᠠ》ᠭᠡᠵᠦ᠍ ᠴᠢᠩ ᠱᠦᠢ ᠾᠧ ᠱᠢᠶᠠᠨ᠎ᠤ ᠤᠬᠠᠭᠤᠯᠬᠤ ᠬᠡᠯᠲᠡᠰ᠎ᠦᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠡᠯᠡᠪᠡ᠃

ᠤᠷᠲᠤ ᠴᠠᠭᠠᠨ ᠬᠡᠷᠡᠮ᠎ᠦᠨ ᠦᠯᠢᠭᠡᠷ ᠨᠢ ᠬᠥᠮᠦᠨ᠎ᠦ ᠰᠡᠳᠭᠢᠯ᠎ᠢ ᠬᠥᠳᠡᠯᠭᠡᠨ᠎ᠡ᠂ ᠤᠷᠲᠤ ᠴᠠᠭᠠᠨ ᠬᠡᠷᠡᠮ᠎ᠦᠨ ᠳᠣᠲᠣᠨ᠎ᠠ ᠭᠠᠳᠠᠨᠠᠬᠢ ᠤᠳᠠᠭᠠᠨ ᠵᠢᠯ ᠦᠷᠭᠦᠯᠵᠢᠯᠡᠭ᠌ᠰᠡᠨ ᠦᠯᠢᠭᠡᠷ ᠨᠢ ᠨᠡᠩ ᠴᠤ᠌ ᠤᠷᠲᠤ ᠴᠠᠭᠠᠨ ᠬᠡᠷᠡᠮ᠎ᠳᠦ ᠠᠳᠠᠯᠢ ᠪᠤᠰᠤ᠎ᠶ᠋ᠢᠨ ᠴᠤᠭ ᠵᠢᠪᠬᠤᠭ᠎ᠠ ᠨᠡᠮᠡᠷᠢᠯᠡᠨ᠎ᠡ᠃ ᠡᠷᠲᠡᠨ᠎ᠦ ᠦᠶ᠎ᠡ᠎ᠶ᠋ᠢᠨ ᠠᠷᠠᠯᠵᠢᠶ᠎ᠠ ᠬᠤᠳᠠᠯᠳᠤᠭ᠎ᠠ ᠨᠡᠪᠲᠡᠷᠡᠯᠴᠡᠵᠦ ᠬᠠᠷᠢᠯᠴᠠᠨ ᠮᠠᠢᠮᠠᠢᠯᠠᠬᠤ᠎ᠡᠴᠡ 《ᠪᠠᠷᠠᠭᠤᠨ ᠪᠤᠭᠤᠮᠳᠠ ᠪᠡᠷ ᠶᠠᠪᠤᠭᠰᠠᠨ》 ᠶᠡᠬᠡ ᠨᠡᠭᠦᠳᠡᠯ ᠬᠦᠷᠲᠡᠯ᠎ᠡ᠂ ᠳᠠᠬᠢᠭᠠᠳ ᠣᠷᠴᠢᠨ ᠦᠶ᠎ᠡ᠎ᠶ᠋ᠢᠨ ᠬᠤᠪᠢᠰᠭᠠᠯ᠎ᠤᠨ ᠤᠴᠢ ᠪᠠᠳᠠᠷᠠᠬᠤ ᠬᠦᠷᠲᠡᠯ᠎ᠡ᠂ ᠤᠷᠳᠤ ᠴᠠᠭᠠᠨ ᠬᠡᠷᠡᠮ ᠮᠠᠰᠢ ᠤᠯᠠᠨ ᠰᠠᠯᠬᠢᠨ ᠪᠣᠷᠣᠭᠠᠨ᠎ᠢ ᠳᠤᠭᠤᠯᠪᠠ᠃

ᠡᠳᠦᠭᠡ᠂ ᠬᠡᠰᠡᠭ ᠬᠡᠰᠡᠭ ᠬᠤᠳᠠ᠎ᠶ᠋ᠢᠨ ᠬᠡᠷᠡᠮ ᠨᠢ ᠥᠨᠳᠥᠷ ᠠᠭᠤᠯᠠ ᠠᠰᠭ᠎ᠠ ᠬᠠᠳᠠᠨ᠎ᠤ ᠨᠣᠶᠠᠨ ᠤᠷᠬᠢᠯ᠎ᠳᠤ ᠰᠦᠨᠳᠡᠷᠯᠡᠵᠦ᠍᠂ ᠬᠤᠷᠮᠤᠢ ᠳᠣᠣᠷᠠᠬᠢ ᠭᠠᠵᠠᠷ ᠱᠢᠷᠣᠢ᠎ᠳᠤ ᠱᠢᠨ᠎ᠡ ᠴᠠᠭ ᠦᠶ᠎ᠡ᠎ᠶ᠋ᠢᠨ ᠰᠣᠶᠣᠯ᠎ᠤᠨ ᠭᠠᠯ ᠪᠠᠮᠪᠠᠷ ᠳᠦᠷᠡᠯᠵᠡᠵᠦ᠍ ᠪᠠᠢᠨ᠎ᠠ᠃ ᠣᠷᠳᠣ ᠴᠠᠭᠠᠨ ᠬᠡᠷᠡᠮ᠎ᠦᠨ ᠤᠯᠤᠰ᠎ᠤᠨ ᠰᠣᠶᠣᠯ᠎ᠤᠨ ᠴᠡᠴᠡᠷᠯᠢᠭ ᠢ᠋ ᠪᠥᠲᠥᠭᠡᠨ ᠪᠠᠢᠭᠤᠯᠬᠤ᠎ᠶ᠋ᠢᠨ ᠬᠠᠮᠲᠤ᠂ ᠣᠷᠳᠣ ᠴᠠᠭᠠᠨ ᠬᠡᠷᠡᠮ᠎ᠦᠨ ᠡᠷᠬᠢᠨ ᠲᠣᠭᠣᠷᠢᠨ᠎ᠤ ᠠᠢᠯ ᠲᠣᠰᠭᠣᠨ ᠴᠤ᠌ ᠵᠢᠭᠤᠯᠴᠢᠯᠠᠯ᠎ᠤᠨ ᠠᠵᠤ ᠦᠶ᠋ᠯᠡᠰ᠎ᠢ ᠬᠥᠷ ᠬᠥᠭ᠌ᠵᠢᠶᠡᠨ ᠲᠡᠶ ᠬᠥᠭ᠌ᠵᠢᠭᠦᠯᠪᠡ᠃

ᠵᠢᠯ ᠪᠦᠷᠢ᠎ᠶ᠋ᠢᠨ 4 ᠰᠠᠷ᠎ᠠ᠎ᠶ᠋ᠢᠨ ᠰᠡᠭᠦᠯᠴᠢ 5 ᠰᠠᠷ᠎ᠠ᠎ᠶ᠋ᠢᠨ ᠡᠬᠢ᠎ᠪᠡᠷ᠂ ᠤᠯᠠᠭᠠᠨ ᠴᠠᠪ ᠲᠣᠰᠭᠣᠨ ᠡᠴᠡ ᠡᠷᠬᠢᠯᠡᠭ᠌ᠰᠡᠨ 《ᠬᠦᠢᠯᠡᠰᠦᠨ ᠴᠡᠴᠡᠭ᠎ᠦᠨ ᠨᠠᠢᠷ》 ᠰᠦᠷᠯᠢᠭ ᠰᠠᠢᠬᠠᠨ ᠪᠠᠢᠳᠠᠭ᠄ ᠠᠭᠤᠯᠠ ᠳᠦᠭᠦᠷᠡᠩ ᠬᠦᠢᠯᠡᠰᠦᠨ ᠴᠡᠴᠡᠭ ᠴᠠᠰᠤ ᠮᠡᠲᠦ ᠴᠠᠭᠠᠨ᠂ ᠦᠷᠯᠦᠭᠡᠨ ᠤ᠋ ᠲᠤᠶᠠᠭ᠎ᠠ ᠮᠡᠲᠦ ᠶᠠᠭᠠᠨ᠂ ᠠᠩᠬᠢᠯᠤᠮ᠎ᠠ ᠰᠠᠢᠬᠠᠨ ᠦᠨᠦᠷ ᠬᠠᠩᠬᠤᠯᠵᠤ᠂ ᠬᠢᠵᠠᠭᠠᠯᠠᠰᠢ ᠦᠭᠡᠢ ᠭᠤᠶᠤ ᠰᠠᠢᠬᠠᠨ ᠪᠠᠢᠳᠠᠭ᠃

ᠬᠠᠯᠠᠭᠠᠢ ᠲᠣᠰᠭᠣᠨ᠎ᠤ ᠨᠢᠰᠦᠯᠲᠡ᠎ᠶ᠋ᠢᠨ ᠵᠢᠵᠢᠭ ᠪᠠᠯᠭᠠᠰᠤᠨ᠎ᠤ ᠲᠦᠷᠦᠯ ᠵᠦᠢᠯ ᠨᠢ ᠣᠳᠣᠬᠠᠨ᠎ᠳᠤ ᠶᠠᠭ ᠨᠢᠰᠦᠯᠲᠡ᠎ᠶ᠋ᠢᠨ ᠲᠠᠯᠠᠪᠠᠢ᠎ᠶ᠋ᠢᠨ ᠨᠣᠭᠣᠭᠠᠷᠠᠭᠤᠯᠤᠯᠲᠠ ᠪᠠ ᠪᠠᠭᠤᠬᠤ ᠲᠠᠯᠠᠪᠠᠢ᠎ᠶ᠋ᠢᠨ ᠲᠥᠯᠥᠪᠵᠢᠭᠦᠯᠭᠡ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ ᠪᠠᠢᠨ᠎ᠠ᠃ ᠡᠨᠳᠡ ᠭᠤᠤᠯᠳᠠᠭᠤ ᠬᠠᠯᠢᠨ ᠨᠢᠰᠭᠦ ᠱᠢᠬᠦᠷ᠂ ᠬᠥᠳᠡᠯᠭᠡᠬᠦ᠌ ᠬᠦᠴᠦᠨ᠎ᠦ ᠭᠤᠷᠪᠠᠯᠵᠢᠨ ᠳᠠᠯᠠᠪᠴᠢᠳᠤ ᠨᠢᠰᠦᠭᠦᠷ᠂ ᠬᠠᠯᠠᠭᠤᠨ ᠬᠡᠢᠳᠤ ᠪᠥᠮᠪᠥᠭᠡ ᠵᠡᠷᠭᠡ ᠲᠠᠮᠢᠷ᠎ᠤᠨ ᠲᠥᠷᠥᠯ᠎ᠦᠨ ᠨᠢᠰᠦᠭᠦᠷ᠎ᠦᠨ ᠳᠤᠤᠷ᠎ᠠ ᠠᠭᠠᠷ᠎ᠤᠨ ᠠᠮᠢ ᠠᠬᠤᠶ᠎ᠶ᠋ᠢᠨ ᠵᠢᠭᠤᠯᠴᠢᠯᠠᠯ᠎ᠢ ᠡᠵᠡᠩᠨᠡᠵᠦ᠍᠂ ᠪᠠᠰᠠ ᠪᠥᠬᠥ᠌ ᠤᠯᠤᠰ ᠵᠢᠴᠢ ᠣᠯᠠᠨ ᠤᠯᠤᠰ᠎ᠤᠨ ᠤᠷᠤᠯᠳᠤᠭᠠᠨ ᠪᠠ ᠠᠭᠠᠷ᠎ᠤᠨ ᠠᠶᠠᠯᠠᠯ᠎ᠤᠨ ᠰᠤᠳᠤᠯᠭᠠᠨ ᠵᠡᠷᠭᠡ ᠲᠥᠷᠥᠯ ᠵᠦᠶ᠋ᠯ᠎ᠢ ᠡᠷᠭᠢᠯᠡᠵᠦ᠍ ᠪᠣᠯᠤᠨ᠎ᠠ᠃

ᠰᠡᠩᠬᠡ ᠠᠢᠯ ᠲᠣᠰᠭᠣᠨ᠎ᠤ ᠳ᠋ᠠ ᠳᠢ ᠬᠡᠬᠡᠷ᠎ᠡ ᠭᠠᠳᠠᠨᠠᠬᠢ ᠠᠷᠠᠳ᠎ᠤᠨ ᠤᠯᠠᠮᠵᠢᠯᠠᠯᠳᠤ ᠰᠠᠭᠤᠴᠠ ᠵᠢᠨ ᠪᠠᠭᠤᠳᠠᠯ ᠤ᠋ᠨ ᠲᠥᠪ᠎ᠡᠴᠡ ᠰᠤᠯᠠ ᠲᠠᠯᠪᠢᠭᠳᠠᠵᠤ ᠪᠠᠢᠭᠰᠠᠨ 7 ᠠᠷᠠᠳ᠎ᠤᠨ ᠰᠠᠭᠤᠴᠠ ᠵᠢ ᠰᠣᠩᠭᠣᠵᠤ᠂ ᠲᠡᠭᠦᠨ᠎ᠢ ᠬᠥᠳᠡᠭᠡ ᠲᠣᠰᠭᠣᠨ᠎ᠤ ᠨᠣᠮ᠎ᠤᠨ ᠥᠷᠥᠭᠡ (ᠰᠣᠶᠣᠯ ᠵᠢᠭᠤᠯᠴᠢᠯᠠᠯ᠎ᠤᠨ ᠦᠶ᠋ᠯᠡᠴᠢᠯᠡᠭᠡᠨ᠎ᠦ ᠲᠥᠪ)᠂ ᠬᠥᠳᠡᠭᠡ ᠲᠣᠰᠭᠣᠨ᠎ᠤ ᠰᠤᠳᠤᠯᠤᠨ ᠰᠤᠷᠤᠯᠴᠠᠬᠤ ᠰᠠᠭᠤᠷᠢᠨ ᠪᠠ ᠬᠥᠳᠡᠭᠡ ᠲᠣᠰᠭᠣᠨ᠎ᠤ ᠬᠡᠷ ᠪᠦᠯᠢ᠎ᠶ᠋ᠢᠨ ᠭᠤᠤᠯ ᠰᠡᠳᠦᠪᠲᠦ ᠠᠷᠠᠳ᠎ᠤᠨ ᠤᠯᠠᠮᠵᠢᠯᠠᠯᠳᠤ ᠰᠠᠭᠤᠴᠠ ᠵᠢᠨ ᠪᠠᠭᠤᠳᠠᠯ ᠪᠣᠯᠭᠠᠨ ᠥᠭᠡᠷᠡᠴᠢᠯᠡᠬᠦ᠌᠎ᠶ᠋ᠢᠨ ᠬᠠᠮᠲᠤ ᠣᠷᠣᠨ ᠪᠦᠰᠡ᠎ᠶ᠋ᠢᠨ ᠡᠷᠬᠢᠨ ᠲᠣᠭᠣᠷᠢᠨ᠎ᠤ ᠬᠥᠳᠡᠭᠡ ᠲᠣᠰᠭᠣᠨ᠎ᠤ ᠵᠠᠮ᠎ᠤᠨ ᠦᠵᠡᠮᠵᠢ᠎ᠶ᠋ᠢ ᠭᠤᠤᠯᠳᠠᠯᠭ᠎ᠠ᠎ᠲᠠᠶ ᠥᠭᠡᠷᠡᠴᠢᠯᠡᠨ ᠰᠠᠢᠵᠢᠷᠠᠭᠤᠯᠵᠤ᠂ ᠬᠥᠳᠡᠭᠡ ᠨᠤᠲᠤᠭ᠎ᠤᠨ ᠤᠨᠴᠠᠯᠢᠭ ᠪᠠ ᠴᠢᠨᠠᠷᠯᠢᠭ ᠰᠠᠢᠬᠠᠨ ᠲᠦᠷᠦᠭᠳᠡᠯ᠎ᠲᠡᠶ ᠬᠥᠳᠡᠭᠡ ᠲᠣᠰᠭᠣᠨ᠎ᠤ ᠵᠢᠭᠤᠯᠴᠢᠯᠠᠨ ᠠᠮᠠᠷᠠᠬᠤ ᠣᠷᠣᠨ ᠵᠠᠶ᠎ᠶ᠋ᠢ ᠪᠣᠶ ᠪᠣᠯᠭᠠᠨ᠎ᠠ᠃

ᠳᠤᠮᠳᠠᠳᠤ᠎ᠶ᠋ᠢᠨ ᠦᠨᠳᠦᠰᠦᠲᠡᠨ᠎ᠦ ᠵᠣᠷᠢᠭ ᠰᠠᠨᠠᠭᠠᠨ᠎ᠤ ᠮᠥᠩᠬᠡ᠎ᠶ᠋ᠢᠨ ᠢᠵᠠᠭᠤᠷ ᠦᠨᠳᠦᠰᠦ ᠪᠣᠯᠤᠭ᠍ᠰᠠᠨ᠎ᠤ ᠬᠤᠪᠢ᠎ᠳᠤ᠂ ᠲᠦᠮᠡᠨ ᠭᠠᠵᠠᠷ᠎ᠤᠨ ᠤᠷᠳᠤ ᠴᠠᠭᠠᠨ ᠬᠡᠷᠡᠮ ᠨᠢ ᠳᠤᠮᠳᠠᠳᠤ᠎ᠶ᠋ᠢᠨ ᠦᠨᠳᠦᠰᠦᠲᠡᠨ᠎ᠦ ᠤᠯᠠᠨ ᠡᠱᠢᠲᠦ ᠨᠢᠭᠡ ᠴᠤᠬ᠍ᠴᠠᠵᠢᠬ᠍ᠰᠡᠨ ᠪᠠᠢᠷᠢᠱᠢᠯ᠎ᠤᠨ ᠪᠦᠷᠢᠯᠳᠦᠯ ᠬᠥᠭ᠌ᠵᠢᠯᠲᠡ᠎ᠶ᠋ᠢ ᠠᠬᠢᠭᠤᠯᠬᠤ᠂ ᠳᠡᠯᠡᠬᠡᠢ᠎ᠶ᠋ᠢᠨ ᠪᠣᠯᠪᠠᠰᠤᠨ᠎ᠤ ᠠᠬᠢᠴᠠ᠎ᠶ᠋ᠢ ᠠᠬᠢᠭᠤᠯᠬᠤ᠎ᠳᠤ ᠴᠢᠬᠤᠯᠠ ᠦᠢᠯᠡᠳᠦᠯ ᠦᠵᠡᠭᠦᠯᠪᠡ᠃ ᠥᠨᠥᠳᠦᠷ ᠪᠣᠯᠬᠤ᠎ᠳᠤ᠂ ᠡᠷᠲᠡᠨ᠎ᠦ ᠣᠷᠳᠣ ᠴᠠᠭᠠᠨ ᠬᠡᠷᠡᠮ ᠶᠠᠭ ᠰᠣᠶᠣᠯ ᠵᠢᠭᠤᠯᠴᠢᠯᠠᠯ᠎ᠤᠨ 《ᠬᠤᠷᠳᠤᠨ ᠲᠡᠷᠭᠡᠨ》 ᠳ᠋ᠤ ᠰᠠᠭᠤᠵᠤ᠂ ᠨᠠᠩ ᠣᠯᠠᠨ ᠬᠥᠮᠦᠨ᠎ᠦ ᠬᠠᠷᠠᠭᠠᠨ᠎ᠳᠤ ᠣᠷᠣᠵᠤ᠂ ᠨᠠᠩ ᠭᠣᠶᠣ ᠬᠠᠭᠤᠳᠠᠰᠤ᠎ᠶ᠋ᠢ ᠪᠢᠴᠢᠭ᠌ᠯᠡᠵᠦ᠍ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面