2024-05-28 11:25:19
《ᠬᠤᠪᠢᠰᠬᠠᠯ ᠤ᠋ᠨ ᠺᠢᠨᠣ᠋》ᠦᠵᠡᠵᠦ ᠲᠡᠦᠬᠡ ᠵᠢ ᠡᠷᠭᠢᠴᠡᠭᠦᠯᠬᠦ ᠵᠠᠭᠤᠷ᠎ᠠ ᠪᠤᠳᠤᠯ ᠲᠥᠷᠥᠭᠳᠡᠯ ᠵᠢᠡᠨ ᠰᠤᠯᠢᠯᠴᠠᠵᠦ᠂ ᠤᠬᠠᠭᠠᠷᠠᠯ ᠰᠡᠭᠡᠭᠡᠷᠡᠯ ᠵᠢᠡᠨ ᠶᠠᠷᠢᠯᠴᠠᠨ᠎ᠠ᠃ ᠬᠢᠩᠭᠠᠨ ᠠᠢᠮᠠᠭ ᠤ᠋ᠨ ᠤᠯᠠᠭᠠᠨᠬᠣᠲᠠ ᠳ᠋ᠦ ᠭᠠᠷᠠᠭ ᠪᠦᠷᠢ ᠵᠢᠨ ᠵᠢᠷᠭᠤᠭᠠᠨ ᠳ᠋ᠦ ᠬᠢᠩᠭᠠᠨ ᠤ᠋ ᠯᠢᠩ ᠴᠤᠧᠠᠩ ᠳ᠋ᠦ ᠬᠦᠷᠴᠦ 《 ᠬᠠᠮᠲᠤ ᠶ᠋ᠢᠨ ᠣᠶᠤᠨ ᠰᠠᠨᠠᠭᠠᠨ ᠤ᠋ ᠭᠡᠷ ᠣᠷᠣᠨ ᠢ᠋ ᠪᠡᠶᠡᠴᠢᠯᠡᠨ ᠣᠢᠯᠠᠭᠠᠬᠤ 》 ᠨᠢ ᠴᠥᠭᠡᠨ ᠪᠤᠰᠤ ᠬᠣᠲᠠ ᠶ᠋ᠢᠨ ᠠᠷᠠᠳ ᠤ᠋ᠨ ᠬᠠᠮᠳᠦ ᠶ᠋ᠢᠨ ᠵᠤᠷᠢᠯᠳᠠ ᠰᠣᠩᠭᠣᠯᠲᠠ ᠪᠣᠯᠵᠠᠢ᠃ ᠣᠢᠷ᠎ᠠ ᠶ᠋ᠢᠨ ᠡᠳᠦᠷ ᠤ᠋ᠳ ᠲᠦ᠍ ᠬᠢᠩᠭᠠᠨ ᠤ᠋ ᠯᠢᠩ ᠴᠤᠸᠠᠩ · ᠲᠠᠯᠬᠡᠨ ᠦᠵᠡᠭᠦᠯᠵᠤ ᠪᠡᠶᠡᠴᠢᠯᠡᠨ ᠣᠢᠯᠠᠭᠠᠬᠤ ᠲᠥᠪ ᠤ᠋ᠨ《ᠬᠡᠷᠡᠯ ᠵᠢᠷᠤᠭ ᠢ᠋ᠶ᠋ᠠᠷ ᠪᠦᠯᠬᠦᠮᠳᠡᠯ ᠢ᠋ ᠳᠠᠢᠴᠢᠯᠠᠬᠤ 》 ᠨᠡᠶ᠋ᠢᠲᠡ ᠶ᠋ᠢᠨ ᠠᠰᠠᠷᠠᠮᠵᠢ ᠶ᠋ᠢᠨ ᠺᠢᠨᠣ᠋ ᠭᠠᠷᠭᠠᠬᠤ ᠥᠷᠲᠡᠭᠡ ᠳ᠋ᠤ ᠦᠨᠳᠦᠰᠦᠲᠡᠨ ᠤ᠋ ᠵᠣᠷᠢᠭ᠋ ᠰᠠᠨᠠᠭ᠎ᠠ ᠪᠠ ᠴᠠᠭ ᠦᠶ᠎ᠡ ᠶ᠋ᠢᠨ ᠵᠣᠷᠢᠭ᠋ ᠰᠠᠨᠠᠭ᠎ᠠ ᠵᠢ ᠪᠠᠳᠠᠷᠠᠭᠤᠯᠤᠭᠰᠠᠨ ᠨᠢᠭᠡ ᠪᠦᠯᠦᠭ ᠡᠬᠡ ᠣᠷᠣᠨᠴᠢ ᠦᠵᠡᠯ ᠤ᠋ᠨ ᠰᠢᠯᠢᠳᠡᠭ ᠺᠢᠨᠣ᠋ ᠵᠢ ᠣᠯᠠᠨ ᠲᠦᠮᠡᠨ ᠳ᠋ᠦ ᠰᠤᠢᠳᠬᠡᠯ ᠬᠤᠷᠢᠶᠠᠬᠤ ᠦᠭᠡᠢ ᠪᠡᠷ ᠦᠵᠡᠬᠦᠯᠵᠤ ᠪᠠᠢᠨ᠎ᠠ᠃
《 ᠺᠢᠨᠣ᠋ ᠦᠵᠡᠬᠦ ᠦᠢᠯᠡᠴᠢᠯᠡᠬᠡᠨ ᠤ᠋ ᠭᠠᠷ ᠠᠪᠤᠯᠭ᠎ᠠ ᠡᠴᠡ ᠡᠨᠡ ᠭᠠᠷᠠᠭ ᠤ᠋ᠨ ᠵᠢᠷᠭᠤᠭᠠᠨ ᠳ᠋ᠦ 〈 ᠵᠢᠨ ᠭᠠᠩ ᠴᠤᠸᠠᠨ 〉 ᠭᠡᠳᠡᠭ ᠺᠢᠨᠣ᠋ ᠭᠠᠷᠭᠠᠬᠤ ᠵᠢ ᠮᠡᠳᠡᠭᠰᠡᠨ᠂ ᠲᠡᠭᠡᠭᠡᠳ ᠲᠤᠰᠬᠠᠢᠯᠠᠨ ᠬᠡᠦᠬᠡᠳ ᠢ᠋ᠶ᠋ᠡᠨ ᠳᠠᠭᠠᠭᠤᠯᠤᠭᠠᠳ ᠢᠷᠡᠯ᠎ᠠ᠃ ᠺᠢᠨᠣ᠋ ᠦᠵᠡᠬᠦ ᠪᠡᠷ ᠳᠠᠮᠵᠢᠨ ᠬᠡᠥᠬᠡᠳ ᠲᠦ᠍ ᠲᠡᠦᠬᠡᠨ ᠦᠩᠬᠡᠷᠡᠯᠳᠡ ᠵᠢ ᠨᠠᠩ ᠪᠤᠳᠠᠳᠠᠢ ᠣᠢᠯᠠᠭᠠᠭᠤᠯᠵᠤ᠂ ᠤᠯᠤᠰ ᠵᠢᠡᠨ ᠬᠠᠢᠷᠠᠯᠠᠬᠤ ᠦᠵᠡᠯ ᠢ᠋ ᠨᠢ ᠤᠯᠠᠮ ᠬᠦᠨᠵᠡᠬᠡᠢᠷᠡᠬᠦᠯᠬᠦ ᠵᠢ ᠵᠤᠷᠢᠭᠰᠠᠨ ᠶᠤᠮ 》 ᠭᠡᠵᠦ ᠺᠢᠨᠣ᠋ ᠦᠵᠡᠵᠦ ᠳᠠᠭᠤᠰᠤᠭᠰᠠᠨ ᠤ᠋ ᠳᠠᠷᠠᠭ᠎ᠠ ᠤᠯᠠᠭᠠᠨᠬᠣᠲᠠ ᠶ᠋ᠢᠨ ᠬᠤᠳᠠ ᠶ᠋ᠢᠨ ᠠᠷᠠᠳ ᠶᠠᠨ ᠲᠤᠤ ᠰᠤᠷᠪᠤᠯᠵᠢᠯᠠᠭᠴᠢ ᠳ᠋ᠤ ᠬᠡᠯᠡᠨ᠎ᠠ᠃
ᠣᠳᠣᠬᠠᠨ ᠳ᠋ᠦ ᠬᠢᠩᠭᠠᠨ ᠤ᠋ ᠯᠢᠩ ᠴᠤᠸᠠᠩ ·ᠲᠠᠯᠬᠡᠨ ᠦᠵᠡᠭᠦᠯᠵᠤ ᠪᠡᠶᠡᠴᠢᠯᠡᠨ ᠣᠢᠯᠠᠭᠠᠬᠤ ᠲᠥᠪ ᠤ᠋ᠨ《ᠬᠡᠷᠡᠯ ᠵᠢᠷᠤᠭ ᠢ᠋ᠶ᠋ᠠᠷ ᠪᠦᠯᠬᠦᠮᠳᠡᠯ ᠢ᠋ ᠳᠠᠢᠴᠢᠯᠠᠬᠤ》ᠨᠡᠶ᠋ᠢᠲᠡ ᠶ᠋ᠢᠨ ᠠᠰᠠᠷᠠᠮᠵᠢ ᠶ᠋ᠢᠨ ᠺᠢᠨᠣ᠋ ᠭᠠᠷᠭᠠᠬᠤ ᠥᠷᠲᠡᠭᠡ ᠳ᠋ᠦ ᠨᠢᠭᠡᠨᠲᠡ 15 ᠺᠢᠨᠣ᠋ ᠭᠠᠷᠭᠠᠵᠦ ᠂ 1000 ᠭᠠᠷᠤᠢ ᠬᠥᠮᠥᠨ ᠺᠢᠨᠣ᠋ ᠦᠵᠡᠵᠡᠢ᠃ ᠺᠢᠨᠣ᠋ ᠦᠵᠡᠬᠦᠯᠬᠦ ᠡᠴᠡ ᠭᠠᠳᠠᠨ᠎ᠠ᠂ ᠲᠤᠰ ᠲᠥᠪᠤᠨ ᠬᠢᠨ ᠪᠠᠰᠠ ᠬᠠᠮᠲᠤ ᠪᠡᠷ ᠨᠢᠭᠡ ᠳᠠᠭᠤᠤ ᠳᠠᠭᠤᠯᠠᠵᠤ᠂ ᠬᠠᠮᠲᠤ ᠪᠡᠷ ᠨᠢᠭᠡ ᠬᠢᠴᠢᠶᠡᠯ ᠣᠷᠣᠵᠤ᠂ ᠬᠠᠮᠲᠤ ᠪᠡᠷ ᠨᠢᠭᠡ ᠤᠳᠠᠭ᠎ᠠ ᠰᠤᠳᠤᠯᠤᠨ ᠰᠤᠷᠤᠯᠴᠠᠭᠴᠢ ᠪᠣᠯᠵᠤ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠳᠤ ᠴᠤᠭᠴᠠᠯᠠᠬᠤ ᠬᠥᠮᠦᠵᠢᠯ ᠢ᠋ ᠰᠦᠯᠵᠢᠶᠡᠨ ᠳᠡᠭᠡᠷᠡᠬᠢ ᠪᠠ ᠠᠬᠤᠢ ᠳᠠᠯᠠᠪᠠᠢ ᠶ᠋ᠢᠨ ᠬᠡᠯᠪᠡᠷᠢ ᠪᠡᠷ ᠲᠠᠰᠤᠷᠠᠯᠲᠠ ᠦᠭᠡᠢ ᠥᠷᠭᠡᠳᠬᠡᠵᠦ᠂ ᠰᠢᠷᠢᠰ ᠠᠵᠢᠯᠯᠠᠭ᠎ᠠ ᠪᠡᠷ ᠳᠠᠮᠵᠢᠨ ᠬᠤᠪᠢᠰᠬᠠᠯᠲᠤ ᠰᠣᠶᠣᠯ ᠢ᠋ ᠨᠡᠩ ᠠᠮᠢᠳᠤᠯᠢᠭ ᠪᠤᠯᠭᠠᠨ᠂ ᠬᠤᠪᠢᠰᠬᠠᠯᠲᠤ ᠤᠳᠤᠮᠰᠢᠯ ᠢ᠋ ᠤᠯᠠᠮ ᠪᠤᠳᠠᠳᠠᠢ ᠪᠤᠯᠭᠠᠵᠠᠢ᠃
ᠪᠥᠬᠥ ᠤᠯᠤᠰ ᠤ᠋ᠨ ᠠᠩᠬᠠᠳᠠᠭ᠍ᠴᠢ ᠴᠥᠭᠡᠨ ᠲᠣᠭᠠᠲᠤ ᠦᠨᠳᠦᠰᠦᠲᠡᠨ ᠤ᠋ ᠥᠪᠡᠷᠲᠡᠭᠡᠨ ᠵᠠᠰᠠᠬᠤ ᠵᠠᠰᠠᠭ ᠤ᠋ᠨ ᠣᠷᠳᠣᠨ ᠪᠠᠢᠭᠤᠯᠤᠭᠳᠠᠭᠰᠠᠨ ᠭᠠᠵᠠᠷ ᠪᠣᠯᠤᠭᠰᠠᠨ ᠤ᠋ ᠬᠤᠪᠢ ᠳ᠋ᠦ᠂ ᠤᠯᠠᠭᠠᠨᠬᠣᠲᠠ ᠶ᠋ᠢᠨ ᠡᠨᠡ ᠬᠦ᠌ ᠬᠤᠪᠢᠰᠬᠠᠯ ᠤ᠋ᠨ ᠬᠠᠯᠠᠭᠤᠨ ᠨᠤᠳᠤᠭ ᠲᠦ᠍ ᠢᠷᠠᠭᠤ ᠠᠯᠳᠠᠷᠲᠤ ᠬᠤᠪᠢᠰᠬᠠᠯ ᠤ᠋ᠨ ᠲᠡᠦᠬᠡ ᠲᠠᠢ ᠪᠡᠷ ᠪᠠᠷᠠᠬᠤ ᠦᠭᠡᠢ ᠂ ᠬᠤᠪᠢᠰᠬᠠᠯ ᠤ᠋ᠨ ᠦᠯᠢᠭᠡᠷ ᠲᠡᠥᠬᠡ ᠵᠢ ᠰᠠᠢᠨ ᠮᠡᠳᠡᠳᠡᠭ ᠠᠬᠠᠮᠠᠳ ᠨᠠᠮ ᠤ᠋ᠨ ᠭᠡᠰᠢᠭᠦᠨ ᠤᠯᠠᠨ ᠪᠠᠢᠵᠤ᠂ ᠤᠷᠢ ᠵᠠᠯᠠᠭᠤ ᠡᠴᠡ ᠪᠠᠨ ᠦᠳᠡᠯᠦᠭᠡ ᠪᠤᠭᠤᠷᠤᠯ ᠪᠤᠯᠳᠠᠯ᠎ᠠ ᠪᠠᠨ ᠲᠡᠳᠡᠨ ᠤ᠋ ᠤᠭ ᠰᠠᠨᠠᠭ᠎ᠠ ᠪᠠ ᠢᠲᠡᠭᠡᠯ ᠪᠢᠰᠢᠷᠡᠯ ᠨᠢ ᠶᠡᠷᠦ ᠡᠴᠡ ᠬᠤᠪᠢᠷᠠᠭ᠎ᠠ ᠦᠭᠡᠢ ᠶᠤᠮ ᠃
ᠵᠣᠨ ᠤ᠋ ᠲᠡᠭᠷᠢ ᠴᠡᠯᠮᠡᠭᠰᠢᠨ᠂ ᠰᠡᠳᠬᠢᠯ ᠳ᠋ᠤ ᠠᠶᠠᠳᠠᠢᠬᠠᠨ ᠪᠠᠢᠯ᠎ᠠ ᠃ ᠬᠡᠭᠡᠨ ᠰᠦᠮ᠎ᠡ ᠪᠠᠯᠭᠠᠰᠤ ᠵᠢᠨ ᠪᠠᠶᠠᠨᠬᠠᠳᠠ ᠭᠠᠴᠠᠭᠠᠨ ᠤ᠋ ᠠᠷᠠᠳ ᠾᠧ ᠮᠢᠩ ᠱᠧᠩ ᠤ᠋ᠨ ᠬᠦᠷᠢᠶᠡᠨ ᠳ᠋ᠦ ᠠᠢᠯ ᠠᠢᠮᠠᠭ ᠤ᠋ᠨ ᠬᠢᠨ ᠴᠤᠭᠯᠠᠷᠠᠨ᠂ ᠣᠯᠠᠨ ᠢ᠋ᠶ᠋ᠠᠷ ᠢ᠋ᠶ᠋ᠠᠨ 94 ᠨᠠᠰᠤᠲᠠᠢ ᠠᠬᠠᠮᠠᠳ ᠨᠠᠮ ᠤ᠋ᠨ ᠭᠡᠰᠢᠭᠦᠨ ᠬᠣᠩ ᠪᠠᠶᠠᠷ ᠤ᠋ᠨ ᠶᠠᠷᠢᠬᠤ 《ᠮᠠᠭᠲᠠᠭᠠᠯ ᠳᠠᠭᠤᠤ 》 ᠵᠢᠨ ᠵᠤᠬᠢᠶᠠᠭᠳᠠᠭᠰᠠᠨ ᠥᠯᠢᠭᠡᠷ ᠢ᠋ ᠠᠮᠲᠠᠷᠬᠠᠨ ᠰᠣᠨᠣᠰᠴᠤ ᠪᠠᠢᠯ᠎ᠠ᠃
《ᠪᠢᠳᠡ 〈 ᠮᠠᠭᠲᠠᠭᠠᠯ ᠳᠠᠭᠤᠤ 〉 ᠵᠢᠨ ᠦᠯᠢᠭᠡᠷ ᠲᠡᠥᠬᠡ ᠵᠢ ᠰᠣᠨᠣᠰᠤᠭᠠᠳ ᠬᠤᠪᠢᠰᠬᠠᠯ ᠤ᠋ᠨ ᠲᠡᠦᠬᠡ ᠶ᠋ᠢᠨ ᠲᠤᠬᠠᠢ ᠨᠡᠩ ᠭᠦᠨᠵᠡᠭᠡᠢ ᠣᠢᠯᠠᠭᠠᠯᠲᠠ ᠲᠠᠢ ᠪᠣᠯᠵᠠᠢ᠂ ᠬᠤᠪᠢᠰᠬᠠᠯ ᠤ᠋ᠨ ᠤᠳᠤᠮᠰᠢᠯ ᠪᠣᠯ ᠮᠠᠨ ᠤ᠋ ᠬᠠᠮᠤᠭ ᠤ᠋ᠨ ᠡᠷᠬᠢᠮ ᠨᠠᠨᠳᠢᠨ ᠤᠶᠤᠨ ᠰᠠᠨᠠᠭᠠᠨ ᠤ᠋ ᠥᠪ ᠬᠥᠷᠥᠩᠭᠡ ᠮᠥᠨ᠂ ᠬᠣᠢᠰᠢᠳᠠ ᠪᠢᠳᠡ ᠨᠡᠩ ᠢᠯᠡᠬᠦᠦ ᠰᠡᠳᠬᠢᠯ ᠨᠢᠭᠡᠳᠴᠦ᠂ ᠡᠷᠴᠢ ᠵᠣᠷᠢᠭ᠋ ᠨᠡᠩ ᠲᠡᠭᠦᠯᠳᠡᠷ ᠪᠠᠢᠵᠤ ᠂ ᠨᠡᠩ ᠰᠠᠢᠨ ᠰᠠᠢᠬᠠᠨ ᠠᠮᠢᠳᠤᠷᠠᠯ ᠢ᠋ ᠬᠠᠮᠳᠤ ᠪᠡᠷ ᠴᠤᠭᠴᠠᠯᠠᠨ᠎ᠠ 》 ᠭᠡᠵᠦ ᠾᠧ ᠮᠢᠩ ᠱᠧᠩ ᠳᠣᠭᠳᠣᠯᠤᠨ ᠬᠡᠯᠡᠨ᠎ᠠ᠃
《ᠮᠠᠭᠲᠠᠭᠠᠯ ᠳᠠᠭᠤᠤ》 ᠵᠢᠨ ᠵᠤᠬᠢᠶᠠᠭᠳᠠᠭᠰᠠᠨ ᠦᠯᠢᠬᠡᠷ ᠢ᠋ ᠶᠠᠷᠢᠬᠤ ᠡᠴᠡ ᠭᠠᠳᠠᠨ᠎ᠠ᠂ ᠠᠬᠠᠮᠠᠳ ᠨᠠᠮ ᠤ᠋ᠨ ᠬᠡᠰᠢᠬᠦᠨ ᠬᠣᠩ ᠪᠠᠶᠠᠷ ᠪᠣᠷᠣᠭᠵᠢᠭᠤᠨ ᠠᠮᠢᠳᠤᠯᠢᠭ᠋ ᠶᠠᠷᠢᠶ᠎ᠠ ᠪᠡᠷ ᠲᠣᠰᠬᠣᠨ ᠤ᠋ ᠠᠷᠠᠳ ᠲᠦ᠍ ᠨᠠᠮ ᠳ᠋ᠤ ᠤᠷᠤᠭᠰᠠᠨ 75 ᠵᠢᠯ ᠤ᠋ᠨ ᠲᠤᠷᠰᠢ 《ᠨᠠᠮ ᠤ᠋ᠨ ᠠᠴᠢ ᠳ᠋ᠦ ᠲᠠᠯᠠᠷᠬᠠᠵᠤ᠂ ᠨᠠᠮ ᠤ᠋ᠨ ᠦᠭᠡ ᠵᠢ ᠰᠣᠨᠣᠰᠴᠤ᠂ ᠨᠠᠮ ᠢ᠋ᠶ᠋ᠠᠨ ᠲᠠᠭᠠᠬᠤ》 ᠤᠭ ᠰᠠᠨᠠᠭ᠎ᠠ ᠪᠠᠨ ᠢᠮᠠᠭᠳᠠ ᠪᠠᠷᠢᠮᠳᠠᠯᠠᠭᠰᠠᠭᠠᠷ ᠢᠷᠡᠭᠰᠡᠨ ᠦᠩᠭᠡᠷᠡᠯᠳᠡ ᠪᠠᠨ ᠬᠤᠪᠢᠶᠠᠯᠴᠠᠵᠤ᠂ ᠤᠯᠠᠨ ᠢ᠋ᠶ᠋ᠡᠷ ᠢ᠋ᠶ᠋ᠡᠨ ᠭᠡᠷᠡᠯ ᠰᠠᠴᠤᠷᠠᠩᠭᠤᠢ ᠲᠡᠦᠬᠡ ᠪᠡᠨ ᠪᠠᠲᠤ ᠴᠡᠭᠡᠵᠢᠯᠡᠵᠦ᠂ ᠬᠤᠪᠢᠰᠬᠠᠯ ᠤ᠋ᠨ ᠤᠳᠤᠮᠰᠢᠯ ᠢ᠋ ᠤᠯᠠᠮᠵᠢᠯᠠᠨ ᠵᠠᠯᠭᠠᠮᠵᠢᠯᠠᠵᠤ᠂ ᠠᠢᠯ ᠪᠣᠯᠭᠠᠨ ᠪᠠᠶᠠᠨ ᠴᠢᠨᠡᠭᠡᠯᠢᠭ ᠡᠶ᠎ᠡ ᠵᠣᠬᠢᠴᠠᠩᠭᠤᠢ ᠰᠠᠢᠨ ᠰᠠᠢᠬᠠᠨ ᠠᠮᠢᠳᠤᠷᠠᠯ ᠢ᠋ᠶ᠋ᠠᠷ ᠢ᠋ᠶ᠋ᠠᠨ ᠬᠤᠪᠢᠰᠬᠠᠯᠴᠢᠳ ᠤ᠋ᠨ ᠤᠭ ᠰᠠᠨᠠᠭ᠎ᠠ ᠬᠦᠰᠡᠯ ᠬᠥᠭᠡᠭᠡᠴᠡᠯᠳᠦᠯ ᠳ᠋ᠦ ᠬᠠᠨᠤᠮᠵᠢ ᠲᠠᠢ ᠬᠠᠷᠢᠭᠤᠯᠲᠠ ᠥᠭᠬᠦ ᠵᠢ ᠤᠷᠢᠶᠠᠯᠠᠪᠠ᠃
ᠤᠯᠠᠭᠠᠨᠬᠣᠲᠠ ᠶ᠋ᠢᠨ ᠬᠢᠨ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤ ᠴᠣᠭᠴᠠᠯᠠᠬᠤ ᠪᠡᠷ ᠭᠣᠣᠯ ᠰᠢᠵᠢᠮ ᠪᠣᠯᠭᠠᠨ᠂ ᠬᠤᠪᠢᠰᠬᠠᠯ ᠤ᠋ᠨ ᠡᠬᠢ ᠪᠠᠶᠠᠯᠢᠭ᠋ ᠢ᠋ ᠭᠦᠨᠵᠡᠬᠡᠢ ᠠᠭᠤᠳᠠᠯᠵᠤ ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤ ᠴᠣᠭᠴᠠᠯᠠᠬᠤ 《 ᠠᠷᠪᠠᠨ ᠨᠢᠭᠡ 》 ᠵᠢᠨ ᠬᠤᠪᠢᠰᠬᠠᠯ ᠤ᠋ᠨ ᠭᠣᠣᠯ ᠰᠡᠳᠦᠪᠲᠦ ᠰᠢᠷᠢᠰ ᠠᠵᠢᠯᠯᠠᠭ᠎ᠠ ᠵᠢ ᠨᠠᠷᠢᠨ ᠨᠢᠮᠪᠠᠢ ᠲᠦᠰᠦᠪᠯᠡᠨ ᠥᠷᠨᠢᠭᠦᠯᠵᠦ᠂ ᠡᠨᠡ ᠬᠦ᠌ ᠬᠤᠪᠢᠰᠬᠠᠯ ᠤ᠋ᠨ ᠬᠤᠳᠠ ᠳ᠋ᠦ ᠦᠨᠳᠦᠰᠦᠳᠡᠨ ᠤ᠋ ᠪᠦᠯᠬᠦᠮᠳᠡᠯ ᠤ᠋ᠨ ᠠᠨᠠᠷ ᠴᠡᠴᠡᠭ ᠢ᠋ ᠳᠡᠯᠭᠡᠷᠡᠬᠦᠯᠦᠭᠰᠡᠨ ᠦᠯᠢᠭᠡᠷ ᠢ᠋ ᠰᠠᠢᠲᠤᠷ ᠶᠠᠷᠢᠵᠤ ᠪᠠᠢᠨ᠎ᠠ᠃
《ᠠᠷᠪᠠᠨ ᠨᠢᠭᠡ》 ᠶ᠋ᠢᠨ ᠬᠤᠪᠢᠰᠬᠠᠯ ᠤ᠋ᠨ ᠭᠣᠣᠯ ᠰᠡᠳᠦᠪᠲᠦ ᠰᠢᠷᠢᠰ ᠠᠵᠢᠯᠯᠠᠭ᠎ᠠ ᠵᠢᠨ ᠲᠠᠯ᠎ᠠ ᠪᠡᠷ ᠬᠢᠩᠭᠠᠨ ᠤ᠋ ᠯᠢᠩ ᠴᠤᠧᠠᠩ ᠳ᠋ᠦ《ᠬᠠᠮᠲᠤ ᠶ᠋ᠢᠨ ᠣᠶᠤᠨ ᠰᠠᠨᠠᠭᠠᠨ ᠤ᠋ ᠭᠡᠷ ᠣᠷᠣᠨ ᠢ᠋ ᠨᠢᠭᠡ ᠤᠳᠠᠭ᠎ᠠ ᠪᠡᠶᠡᠴᠢᠯᠡᠨ ᠣᠢᠯᠠᠭᠠᠬᠤ》ᠠᠵᠢᠯᠯᠠᠭ᠎ᠠ ᠶᠠᠪᠤᠭᠳᠠᠵᠤ ᠪᠠᠢᠬᠤ ᠪᠡᠷ ᠪᠠᠷᠠᠬᠤ ᠦᠭᠡᠢ᠂ ᠤᠮᠠᠷᠠᠲᠤ ᠬᠢᠯᠢ ᠶ᠋ᠢᠨ ᠵᠠᠭᠤᠨ ᠪᠠᠳᠠᠭ ᠬᠤᠪᠢᠰᠬᠠᠯᠲᠤ ᠳᠠᠭᠤᠤ ᠰᠤᠷᠴᠤ ᠳᠠᠭᠤᠯᠠᠨ᠂ 《ᠮᠠᠭᠲᠠᠭᠠᠯ ᠳᠠᠭᠤᠤ》 ᠶ᠋ᠢᠨ ᠵᠤᠬᠢᠶᠠᠭᠳᠠᠭᠰᠠᠨ ᠦᠯᠢᠭᠡᠷ ᠢ᠋ ᠨᠢᠭᠡ ᠤᠳᠠᠭ᠎ᠠ ᠰᠣᠨᠣᠰᠴᠦ ᠪᠤᠢ ᠃ ᠡᠬᠦᠨ ᠡᠴᠡ ᠭᠠᠳᠠᠨ᠎ᠠ᠂ ᠥᠪᠥᠷ ᠮᠣᠩᠭᠣᠯ ᠤ᠋ᠨ ᠦᠨᠳᠦᠰᠦᠲᠡᠨ ᠤ᠋ ᠴᠢᠯᠦᠭᠡᠯᠡᠯᠲᠡ ᠶ᠋ᠢᠨ ᠳᠤᠷᠠᠰᠬᠠᠯ ᠤ᠋ᠨ ᠣᠷᠳᠣᠨ ᠳ᠋ᠦ 《ᠭᠡᠷᠡᠯ ᠰᠠᠴᠤᠷᠠᠩᠭᠤᠢ ᠣᠨ ᠰᠠᠷ᠎ᠠ ᠵᠢ ᠤᠢᠯᠠᠭᠠᠬᠤ》᠂《〈5·1〉ᠤ ᠬᠤᠷᠠᠯ ᠤ᠋ᠨ ᠪᠠᠭᠤᠷᠢ ᠳ᠋ᠦ ᠨᠢᠭᠡ ᠤᠳᠠᠭ᠎ᠠ ᠶᠡᠬᠡ ᠬᠤᠷᠠᠯ ᠢ᠋ ᠮᠡᠳᠡᠷᠡᠬᠦ》᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠥᠪᠥᠷ ᠮᠣᠩᠭᠣᠯ ᠤ᠋ᠨ ᠠᠵᠢᠯ ᠤ᠋ᠨ ᠬᠣᠷᠢᠶ᠎ᠠ ᠵᠢᠨ ᠠᠯᠪᠠᠨ ᠠᠵᠢᠯ ᠤ᠋ᠨ ᠬᠠᠭᠤᠴᠢᠨ ᠪᠠᠭᠤᠷᠢ ᠳ᠋ᠦ 《ᠨᠠᠮ ᠤ᠋ᠨ ᠲᠥᠪ ᠬᠣᠷᠢᠶ᠎ᠠ ᠵᠢᠨ ᠳᠠᠭᠤᠨ ᠢ᠋ ᠨᠢᠭᠡ ᠤᠳᠠᠭ᠎ᠠ ᠰᠣᠨᠣᠰᠬᠤ》᠂ ᠨᠢᠭᠡ ᠳᠠᠯᠠᠪᠠᠢ ᠬᠤᠪᠢᠰᠬᠠᠯᠳᠦ ᠵᠦᠴᠦᠭᠡ ᠦᠵᠡᠬᠦ ᠂ 《 ᠵᠢᠷᠭᠤᠭᠠᠨ ᠦᠬᠡ ᠶ᠋ᠢᠨ ᠪᠣᠳᠠᠲᠤ ᠶᠠᠪᠤᠳᠠᠯ ᠪᠠ ᠶᠣᠰᠣ᠌ ᠤᠴᠢᠷ》ᠤᠨ ᠲᠤᠰᠬᠠᠢ ᠰᠡᠳᠦᠪᠲᠦ ᠬᠢᠴᠢᠶᠡᠯ ᠰᠣᠨᠣᠰᠬᠤ᠂ ᠨᠢᠭᠡ ᠤᠳᠠᠭ᠎ᠠ ᠵᠢᠨ 《 ᠠᠨᠠᠷ ᠤ᠋ᠨ ᠦᠷ᠎ᠡ 》 ᠬᠥᠷᠰᠢ ᠵᠡᠷᠭᠡᠯᠡᠳᠡᠭᠡ ᠶ᠋ᠢᠨ ᠰᠣᠶᠣᠯ ᠤ᠋ᠨ ᠴᠤᠭᠯᠠᠭᠠᠨ ᠳ᠋ᠦ ᠤᠷᠤᠯᠴᠠᠬᠤ᠂ ᠪᠦᠯᠬᠦᠮᠳᠡᠯ ᠤ᠋ᠨ ᠮᠤᠳᠤ ᠲᠠᠷᠢᠬᠤ ᠵᠢᠴᠢ ᠨᠢᠭᠡ ᠵᠤᠷᠪᠤᠰ ᠬᠤᠪᠢᠰᠬᠠᠯ ᠤ᠋ᠨ ᠵᠢᠭᠤᠯᠴᠢᠯᠠᠯ ᠤ᠋ᠨ ᠰᠤᠳᠤᠨ ᠵᠠᠮ ᠱᠤᠭᠤᠮ ᠢ᠋ᠶ᠋ᠠᠷ ᠠᠶᠠᠯᠠᠬᠤ ᠵᠡᠷᠭᠡ ᠠᠭᠤᠯᠭ᠎ᠠ ᠵᠢ ᠪᠠᠭᠳᠠᠭᠠᠵᠠᠢ ᠃
ᠨᠢᠭᠡ ᠵᠡᠭᠡᠯᠢ ᠳ᠋ᠤ ᠨᠢᠭᠡ ᠣᠨᠴᠠᠯᠢᠭ᠋ ᠲᠠᠢ᠂ ᠨᠢᠭᠡ ᠰᠠᠷ᠎ᠠ ᠳ᠋ᠦ ᠨᠢᠭᠡ ᠴᠤᠭᠯᠠᠭᠠᠨ ᠲᠠᠢ᠃ ᠣᠳᠣᠬᠠᠨ ᠳ᠋ᠦ ᠤᠯᠠᠭᠠᠨᠬᠣᠲᠠ ᠶ᠋ᠢᠨ ᠡᠯ᠎ᠡ ᠵᠡᠭᠡᠯᠢ ᠭᠤᠳᠤᠮᠵᠢ ᠶ᠋ᠢᠨ ᠨᠡᠢᠭᠡᠮ ᠲᠣᠭᠣᠷᠢᠭ᠋ ᠨᠢᠭᠡᠨᠲᠡ《ᠠᠨᠠᠷ ᠤ᠋ᠨ ᠦᠷ᠎ᠡ》 ᠬᠥᠷᠰᠢ ᠵᠡᠷᠭᠡᠯᠡᠳᠡᠭᠡ ᠶ᠋ᠢᠨ ᠰᠣᠶᠣᠯ ᠤ᠋ᠨ ᠴᠤᠭᠯᠠᠭᠠᠵᠢ 70 ᠭᠠᠷᠤᠢ ᠲᠠᠯᠠᠪᠠᠢ ᠥᠷᠨᠢᠭᠦᠯᠵᠦ᠂ ᠣᠷᠣᠯᠴᠠᠭᠰᠠᠨ ᠬᠥᠮᠥᠨ ᠤ᠋ ᠲᠣᠭ᠎ᠠ ᠨᠢ 1.3 ᠲᠦᠮᠡᠨ ᠬᠥᠮᠥᠨ ᠤᠳᠠᠭ᠎ᠠ ᠳ᠋ᠦ ᠬᠦᠷᠴᠡᠢ᠃ ᠤᠯᠠᠭᠠᠨᠬᠤᠳᠠ ᠭᠣᠢᠳᠠ ᠰᠠᠢᠬᠠᠨ ᠰᠣᠶᠣᠯ ᠤ᠋ᠨ 《 ᠳᠠᠶ᠋ᠢᠯᠠᠯᠭᠠ 》 ᠵᠢᠨ ᠳᠤᠮᠳᠠ ᠬᠤᠪᠢᠰᠬᠠᠯ ᠤ᠋ᠨ ᠰᠣᠶᠣᠯ ᠢ᠋ ᠬᠥᠮᠥᠰ ᠤ᠋ᠨ ᠰᠡᠳᠬᠢᠯ ᠳ᠋ᠦ ᠬᠠᠳᠠᠩᠰᠢᠭᠤᠯᠬᠤ ᠶ᠋ᠢᠨ ᠬᠠᠮᠲᠤ᠂ ᠦᠨᠳᠦᠰᠦᠲᠡᠨ ᠨᠤᠭᠦᠳ ᠤ᠋ᠨ ᠺᠠᠳ᠋ᠷ ᠤᠯᠠᠨ ᠲᠦᠮᠡᠨ ᠢ᠋ ᠳᠠᠭᠠᠭᠤᠯᠤᠨ ᠨᠠᠮ ᠤ᠋ᠨ ᠠᠴᠢ ᠳ᠋ᠦ ᠲᠠᠯᠠᠷᠬᠠᠬᠤ᠂ ᠨᠠᠮ ᠤ᠋ᠨ ᠦᠭᠡ ᠵᠢ ᠰᠣᠨᠣᠰᠬᠤ ᠂ ᠨᠠᠮ ᠢ᠋ᠶ᠋ᠠᠨ ᠳᠠᠭᠠᠬᠤ ᠵᠢ ᠡᠷᠡᠰ ᠭᠤᠢᠪᠢᠰᠢ ᠦᠭᠡᠢ ᠪᠠᠷᠢᠮᠲᠠᠯᠠᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃