ᠰᠣᠶᠣᠯ ᠤᠷᠠᠯᠢᠭ > ᠤᠮᠠᠷᠠᠲᠤ ᠬᠢᠯᠢ᠎ᠶ᠋ᠢᠨ ᠰᠣᠶᠣᠯ᠎ᠢ᠋ ᠬᠥᠭᠵᠢᠭᠦᠯᠦᠨ

2024-06-10 10:24:37

ᠵᠣᠬᠢᠶᠠᠭ᠍ᠴᠢ᠄ ᠹᠸᠩ ᠱᠢᠤᠸᠠᠢ ᠢᠦᠢ ᠣᠩᠱᠢᠭ᠍ᠰᠠᠨ ᠣᠳᠠᠭ᠎ᠠ᠄ 3

6 ᠰᠠᠷ᠎ᠠ᠎ᠶ᠋ᠢᠨ 8 ᠤ᠋ ᠡᠳᠦᠷ ᠪᠤᠯ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠠᠶᠠᠷ᠎ᠤᠨ ᠠᠮᠠᠷᠠᠯᠲᠠ᠎ᠶ᠋ᠢᠨ ᠠᠩᠬᠠᠨ᠎ᠤ ᠡᠳᠦᠷ ᠪᠦᠭᠡᠳ ᠰᠣᠶᠣᠯ ᠪᠠ ᠪᠠᠢᠭᠠᠯᠢ᠎ᠶ᠋ᠢᠨ ᠥᠪ᠎ᠦᠨ ᠡᠳᠦᠷ ᠪᠠᠢᠵᠤ᠂ ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠥᠪᠥᠷ ᠮᠣᠩᠭᠣᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠲᠤᠪᠴᠢᠶ᠎ᠠ ᠡᠴᠡ ᠪᠦᠬᠦ᠌ ᠣᠷᠣᠨ᠎ᠤ ᠠᠩᠬᠠᠳᠠᠭ᠍ᠴᠢ ᠪᠦᠯᠦᠭ 10 ᠵᠤᠷᠪᠤᠰ《ᠲᠡᠦᠬᠡ᠎ᠶ᠋ᠢ ᠤᠩᠱᠢᠵᠤ ᠤᠮᠠᠷᠠᠲᠤ ᠬᠢᠯᠢ᠎ᠪᠡᠷ ᠵᠢᠭᠤᠯᠴᠢᠯᠠᠶ᠎ᠠ》 ᠲᠡᠦᠬᠡ ᠎ᠶ᠋ᠢᠨ ᠳᠤᠷᠠᠰᠭᠠᠯᠲᠤ ᠵᠦᠢᠯᠡᠰ᠎ᠦᠨ ᠭᠣᠣᠯ ᠰᠡᠳᠦᠪᠲᠦ ᠵᠢᠭᠤᠯᠴᠢᠯᠠᠯ᠎ᠤᠨ ᠵᠠᠮ᠎ᠢ ᠨᠡᠢᠲᠡᠯᠡᠪᠡ᠃

ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠭᠤᠤᠯ ᠰᠡᠳᠦᠪᠲᠦ ᠵᠢᠭᠤᠯᠴᠢᠯᠠᠯ᠎ᠤᠨ ᠵᠠᠮ ᠨᠢ ᠱᠢᠯᠵᠢᠭᠦᠯᠵᠦ᠍ ᠪᠣᠯᠤᠰᠢ ᠥᠬᠡᠶ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢᠶᠡᠷ ᠭᠤᠤᠯ ᠡᠰᠢ ᠪᠣᠯᠭᠠᠵᠤ᠂ ᠲᠤᠭᠳᠠᠭᠰᠠᠨ ᠰᠡᠳᠦᠪ᠎ᠢᠶᠡᠷ ᠭᠤᠤᠯ ᠱᠢᠵᠢᠮ ᠪᠣᠯᠭᠠᠵᠤ᠂ ᠤᠷᠭᠠᠨᠢᠭ᠎ᠢᠶᠡᠷ ᠬᠣᠯᠪᠣᠯᠳᠤᠵᠤ᠂ ᠴᠦᠷᠭᠡᠯᠡᠭᠰᠡᠨ᠂ ᠲᠤᠰᠭᠠᠶ ᠰᠡᠳᠦᠪᠲᠦ ᠲᠡᠦᠬᠡ ᠰᠣᠶᠣᠯ᠎ᠢ ᠲᠥᠪᠯᠡᠷᠡᠭᠦᠯᠦᠨ ᠳᠡᠯᠭᠡᠨ ᠦᠵᠡᠭᠦᠯᠬᠦ᠌ ᠰᠣᠶᠣᠯ᠎ᠤᠨ ᠥᠪ᠎ᠦᠨ ᠵᠢᠭᠤᠯᠴᠢᠯᠠᠯ᠎ᠤᠨ ᠵᠠᠮ ᠱᠤᠭᠤᠮ ᠪᠣᠯᠤᠨ᠎ᠠ᠃ ᠥᠪᠥᠷ ᠮᠣᠩᠭᠣᠯ ᠪᠣᠯ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠡᠬᠢ ᠪᠠᠶᠠᠯᠢᠭ ᠡᠯᠪᠡᠭ ᠮᠤᠵᠢ ᠣᠷᠣᠨ ᠪᠤᠯᠬᠤᠷ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠎ᠢ 《ᠠᠮᠢᠯᠠᠭᠤᠯᠵᠤ》᠂ ᠤᠮᠠᠷᠠᠲᠤ ᠬᠢᠯᠢ᠎ᠶ᠋ᠢᠨ ᠰᠣᠶᠣᠯ᠎ᠤᠨ ᠥᠯᠢᠭᠡᠷ᠎ᠢ ᠰᠠᠢᠲᠤᠷ ᠶᠠᠷᠢᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠳᠠᠮᠵᠢᠭᠤᠯᠭ᠎ᠠ᠎ᠶᠢᠨ ᠬᠦᠴᠦᠨ᠎ᠢ ᠣᠯᠠᠨ ᠠᠷᠭ᠎ᠠ ᠵᠠᠮ᠎ᠢᠶᠠᠷ ᠳᠡᠭᠡᠭ᠌ᠰᠢᠯᠡᠭᠦᠯᠵᠦ᠍᠂ ᠳᠤᠮᠳᠠᠳᠤ᠎ᠶ᠋ᠢᠨ ᠪᠣᠯᠪᠠᠰᠤᠨ᠎ᠤ ᠴᠣᠭ ᠵᠢᠪᠬᠤᠭ᠎ᠠ᠎ᠶ᠋ᠢ ᠨᠠᠩ ᠰᠠᠢᠲᠤᠷ ᠢᠯᠡᠷᠡᠭᠦᠯᠬᠦ᠌᠎ᠶ᠋ᠢᠨ ᠲᠥᠯᠥᠭᠡ᠂ ᠠᠩᠬᠠᠨ᠎ᠤ ᠪᠦᠯᠦᠭ᠎ᠦᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠭᠤᠤᠯ ᠰᠡᠳᠦᠪᠲᠦ ᠵᠢᠭᠤᠯᠴᠢᠯᠠᠯ᠎ᠤᠨ ᠵᠠᠮ᠎ᠢ ᠨᠡᠢᠳᠡᠯᠡᠪᠡ᠃

10 ᠵᠤᠷᠪᠤᠰ ᠵᠢᠭᠤᠯᠴᠢᠯᠠᠯ᠎ᠤᠨ ᠵᠠᠮ ᠨᠢ ᠪᠦᠬᠦ᠌ ᠣᠷᠣᠨ᠎ᠤ ᠥᠪᠡᠷᠮᠢᠴᠡ ᠣᠨᠴᠠᠯᠢᠭ᠎ᠪᠦᠬᠦᠢ ᠪᠠᠭᠤᠷᠢ ᠦᠯᠡᠳᠡᠭ᠌ᠳᠡᠯ᠎ᠢ ᠬᠠᠮᠤᠷᠴᠤ᠂ ᠯᠤᠤ᠎ᠶᠢᠨ ᠨᠤᠳᠤᠭ ᠡᠴᠡ ᠯᠣᠣ ᠵᠢ ᠬᠠᠢᠬᠤ ᠲᠡᠦᠬᠡ ᠰᠣᠶᠣᠯ᠎ᠤᠨ ᠵᠢᠭᠤᠯᠴᠢᠯᠠᠯ᠎ᠤᠨ ᠵᠠᠮ᠂ 《ᠳᠤᠮᠳᠠᠳᠤ᠎ᠶ᠋ᠢᠨ ᠲᠡᠷᠢᠭᠦᠨ ᠯᠣᠣ》 ᠵᠢ ᠢᠯᠡᠷᠡᠬᠦᠯᠦᠭᠰᠡᠨ ᠨᠤᠳᠤᠭ᠎ᠲᠦ ᠪᠤᠯᠵᠤᠵᠤ᠂ ᠨᠠᠢ᠍ᠮᠠᠨ ᠮᠢᠩᠭᠠᠨ ᠵᠢᠯ᠎ᠦᠨ ᠰᠠᠯᠬᠢ ᠪᠣᠷᠣᠭᠠᠨ ᠎ᠤ ᠡᠯᠡᠬᠡᠯᠳᠡ ᠵᠢ ᠠᠵᠢᠵᠤ ᠂ 《ᠪᠣᠯᠪᠠᠰᠤᠨ᠎ᠤ ᠨᠠᠷᠠ ᠮᠠᠨᠳᠤᠭ᠍ᠰᠠᠨ ᠭᠠᠵᠠᠷ》 ᠢ᠋ ᠬᠠᠢᠵᠤ ᠪᠤᠯᠤᠨ᠎ᠠ; ᠯᠢᠶᠣᠤ ᠤᠯᠤᠰ᠎ᠤᠨ ᠬᠡᠪ ᠨᠠᠮᠪᠠ ᠲᠠᠢ ᠡᠷᠲᠡᠨ᠎ᠦ ᠬᠥᠭ ᠠᠶᠠᠰ ᠪᠦᠬᠦᠢ ᠲᠡᠦᠬᠡ ᠰᠣᠶᠣᠯ᠎ᠤᠨ ᠵᠢᠭᠤᠯᠴᠢᠯᠠᠯ᠎ᠤᠨ ᠵᠠᠮ᠂ ᠬᠢᠳᠠᠨᠴᠤᠳ᠎ᠤᠨ ᠤᠯᠠ ᠮᠥᠷ᠎ᠢ ᠮᠥᠷᠳᠡᠵᠦ᠍᠂ ᠲᠡᠦᠬᠡ᠎ᠶ᠋ᠢᠨ ᠤᠷᠳᠤ ᠮᠦᠷᠡᠨ᠎ᠢᠶᠡᠷ ᠱᠤᠮᠪᠠᠵᠤ᠂ ᠯᠢᠶᠣᠤ ᠤᠯᠤᠰ᠎ᠤᠨ ᠰᠣᠶᠣᠯ᠎ᠤᠨ ᠷᠢᠳᠢ ᠱᠢᠳᠢ᠎ᠶ᠋ᠢ ᠣᠢᠯᠠᠭᠠᠵᠤ᠂ ᠮᠢᠩᠭᠠᠨ ᠵᠢᠯ᠎ᠦᠨ ᠲᠤᠷᠱᠢᠬᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠷᠢᠯᠴᠠᠨ ᠲᠦᠱᠢᠭ᠌ᠯᠡᠯᠴᠡᠵᠦ᠍᠂ ᠶᠠᠪᠤᠯᠴᠠᠵᠤ ᠠᠭᠤᠰᠤᠯᠴᠠᠭ᠍ᠰᠠᠨ ᠥᠯᠢᠭᠡᠷ᠎ᠢ ᠠᠮᠳᠠᠷᠬᠠᠨ᠎ᠠ; ᠬᠤᠪᠢᠰᠭᠠᠯᠳᠤ ᠪᠤᠷᠤᠪᠠᠯᠭᠠᠰᠤ ᠵᠢᠨ ᠲᠡᠦᠬᠡ ᠰᠣᠶᠣᠯ᠎ᠤᠨ ᠵᠢᠭᠤᠯᠴᠢᠯᠠᠯ᠎ᠤᠨ ᠵᠠᠮ᠂ ᠪᠤᠷᠤᠪᠠᠯᠭᠠᠰᠤ᠎ᠶᠢᠨ ᠬᠤᠪᠢᠰᠭᠠᠯ᠎ᠤᠨ ᠤᠯᠠ ᠮᠥᠷ᠎ᠢ ᠡᠷᠢᠯᠬᠢᠯᠡᠵᠦ᠍᠂ ᠳᠠᠢ᠌ᠨ᠎ᠦ ᠭᠠᠯ ᠳᠦᠷᠡᠯᠵᠡᠭ᠌ᠰᠡᠨ ᠣᠷᠭᠢᠯᠤᠮ᠎ᠠ ᠰᠡᠳᠭᠢᠯᠭᠡ ᠪᠦᠬᠦᠢ ᠣᠨ ᠰᠠᠷ᠎ᠠ᠎ᠶ᠋ᠢ ᠡᠷᠭᠢᠴᠡᠭᠦᠯᠵᠦ᠍᠂ ᠬᠤᠪᠢᠰᠭᠠᠯ᠎ᠤᠨ ᠤᠷᠢᠳᠤᠰ᠎ᠤᠨ ᠪᠠᠭᠠᠲᠤᠷᠯᠢᠭ ᠦᠢᠯᠡ ᠠᠵᠢᠯᠯᠠᠭ᠎ᠠ᠎ᠶ᠋ᠢ ᠰᠣᠨᠣᠰᠴᠤ᠌᠂ ᠬᠤᠪᠢᠰᠭᠠᠯ᠎ᠤᠨ ᠵᠣᠷᠢᠭ ᠰᠠᠨᠠᠭ᠎ᠠ᠎ᠶ᠋ᠢ ᠦᠶ᠎ᠡ᠎ᠶ᠋ᠢᠨ ᠦᠶ᠎ᠡ᠎ᠳᠦ ᠤᠯᠠᠮᠵᠢᠯᠠᠨ᠎ᠠ; ᠬᠠᠲᠤᠨ ᠭᠤᠤᠯ᠎ᠤᠨ ᠶᠡᠬᠡ ᠳᠤᠬᠤᠢ ᠤᠷᠤᠨ᠎ᠤ ᠲᠡᠦᠬᠡ ᠰᠣᠶᠣᠯ᠎ᠤᠨ ᠵᠢᠭᠤᠯᠴᠢᠯᠠᠯ᠎ᠤᠨ ᠵᠠᠮ᠂ ᠬᠠᠲᠤᠨ ᠭᠤᠤᠯ᠎ᠤᠨ ᠡᠷᠲᠡᠨ᠎ᠦ ᠬᠥᠭ ᠠᠶᠠᠰ᠂ ᠴᠢᠯᠠᠭᠤᠨ ᠠᠭᠤᠶ᠎ᠶ᠋ᠢᠨ ᠦᠨᠡᠲᠦ ᠡᠷᠳᠡᠨᠢ᠂ ᠪᠢᠩᠲ᠋ᠤᠸᠠᠨ᠎ᠤ ᠦᠯᠡᠳᠡᠭ᠌ᠳᠡᠯ᠂ ᠡᠯᠡᠰᠦᠨ ᠴᠥᠯ᠎ᠦᠨ ᠨᠣᠭᠣᠭᠠᠨ ᠪᠦᠷᠢᠳᠦ᠂ ᠬᠠᠲᠤᠨ ᠭᠤᠤᠯ᠎ᠤᠨ ᠶᠡᠬᠡ ᠳᠤᠬᠤᠢ ᠤᠷᠤᠨ ᠳᠠᠭᠠᠤ ᠠᠶᠠᠯᠠᠨ ᠬᠠᠲᠤᠨ ᠭᠤᠤᠯ᠎ᠤᠨ ᠰᠦᠭ ᠰᠦᠨᠡᠰᠦ᠎ᠶ᠋ᠢ ᠬᠠᠢᠨ᠎ᠠ; ᠲᠣᠷᠭᠠᠨ ᠵᠠᠮ᠎ᠤᠨ ᠲᠡᠦᠬᠡ ᠰᠣᠶᠣᠯ᠎ᠤᠨ ᠵᠢᠭᠤᠯᠴᠢᠯᠠᠯ᠎ᠤᠨ ᠵᠠᠮ᠂ ᠡᠵᠡᠨ᠎ᠡ ᠬᠣᠱᠢᠭᠤ ᠨᠢ ᠬᠤᠯᠤᠰᠤᠨ ᠴᠤᠭᠤᠳᠠᠰᠤ ᠳᠡᠭᠡᠷ᠎ᠡ ᠪᠢᠴᠢᠭ᠌ᠰᠡᠨ ᠦᠯᠢᠭᠡᠷ᠎ᠢ ᠠᠴᠢᠶᠠᠯᠠᠵᠤ᠂ ᠮᠢᠩᠭᠠᠨ ᠣᠨ᠎ᠤ ᠳᠠᠪᠲᠠᠯᠲᠠ ᠵᠢ ᠲᠤᠭᠤᠯᠵᠤ᠂ ᠡᠷᠳᠡᠨ᠎ᠤ ᠲᠣᠷᠭᠠᠨ ᠵᠠᠮ᠎ᠤᠨ ᠭᠠᠢᠬᠠᠮᠱᠢᠭ᠍ᠲᠤ ᠣᠨ ᠰᠠᠷ᠎ᠠ᠎ᠶ᠋ᠢ ᠬᠦᠦᠷᠨᠢᠨ᠎ᠡ; ᠡᠯᠡᠰᠦᠨ ᠴᠦᠯ᠎ᠦᠨ ᠬᠣᠪᠣᠷ ᠨᠠᠨᠳᠢᠨ ᠲᠡᠦᠬᠡ ᠰᠣᠶᠣᠯ᠎ᠢ ᠰᠦᠪᠡᠭᠴᠢᠯᠡᠬᠦ ᠵᠢᠭᠤᠯᠴᠢᠯᠠᠯ᠎ᠤᠨ ᠵᠠᠮ᠂ ᠠᠯᠠᠱᠠ ᠵᠡᠭᠦᠨ ᠬᠣᠱᠢᠭᠤᠨ᠎ᠳᠤ ᠮᠤᠷᠤᠯᠵᠠᠨ ᠰᠤᠨᠤᠯᠵᠠᠭᠰᠠᠨ ᠤᠷᠲᠤ ᠴᠠᠭᠠᠨ ᠬᠡᠷᠡᠮ᠎ᠢ ᠰᠣᠨᠢᠷᠬᠠᠵᠤ᠂ ᠬᠠᠳᠤᠨ ᠭᠤᠤᠯ᠎ᠤᠨ ᠡᠷᠲᠡᠨ᠎ᠦ ᠣᠯᠣᠮ ᠎ᠳᠡᠬᠢ ᠳᠠᠪᠤᠰᠤᠨ ᠬᠥᠮᠥᠷᠭᠡ᠎ᠳᠦ ᠬᠦᠷᠴᠦ᠂ ᠬᠤᠪᠢᠰᠭᠠᠯᠴᠢᠳ᠎ᠤᠨ ᠤᠯᠠ ᠮᠥᠷ᠎ᠢ ᠡᠷᠢᠯᠬᠢᠯᠡᠵᠦ᠍᠂ ᠤᠮᠠᠷᠠᠲᠤ ᠬᠢᠯᠢ᠎ᠶ᠋ᠢᠨ ᠰᠣᠶᠣᠯ᠎ᠤᠨ ᠥᠪᠡᠷᠮᠢᠴᠡ ᠷᠢᠳᠢ ᠱᠢᠳᠢ᠎ᠶ᠋ᠢ ᠮᠡᠳᠡᠷᠡᠨ᠎ᠡ; ᠬᠥᠬᠡᠬᠣᠲᠠ᠎ᠶ᠋ᠢᠨ ᠰᠠᠭᠤᠭ᠍ᠳᠠᠯ ᠲᠡᠦᠬᠡ ᠰᠣᠶᠣᠯ᠎ᠤᠨ ᠵᠢᠭᠤᠯᠴᠢᠯᠠᠯ᠎ᠤᠨ ᠵᠠᠮ᠂ ᠡᠷᠲᠡᠨ ᠡᠳᠦᠭᠡ᠎ᠶ᠋ᠢᠨ ᠤᠨᠴᠠᠯᠢᠬ᠍ᠳᠤ ᠪᠠᠷᠢᠯᠭ᠎ᠠ᠎ᠨᠢ ᠲᠦᠮᠡᠳ᠎ᠦᠨ ᠲᠠᠯ᠎ᠠ ᠭᠠᠵᠠᠷ᠎ᠤᠨ 《ᠵᠣᠣ ᠵᠢᠶᠦ᠋ᠨ ᠤ᠋ ᠰᠣᠶᠣᠯ》 ᠪᠣᠯᠤᠨ《ᠲᠠᠯ᠎ᠠ ᠨᠤᠲᠤᠭ᠎ᠤᠨ ᠰᠣᠶᠣᠯ》 ᠤ᠋ᠨ ᠮᠥᠷᠭᠥᠯᠳᠦᠯ ᠪᠠ ᠠᠭᠤᠰᠤᠯᠴᠠᠯ᠎ᠢ ᠢᠯᠡᠷᠡᠭᠦᠯᠵᠦ᠍᠂ ᠡᠨᠡ ᠬᠦ᠌ ᠵᠢᠷᠤᠭ᠎ᠤᠨ ᠬᠠᠭᠤᠳᠠᠰᠤ᠎ᠶ᠋ᠢ᠎ᠲᠠᠭᠠᠨ ᠬᠥᠬᠡᠬᠣᠲᠠ᠎ᠶ᠋ᠢᠨ ᠲᠡᠦᠬᠡ᠎ᠶ᠋ᠢᠨ ᠷᠢᠳᠢ ᠱᠢᠳᠢ᠎ᠶ᠋ᠢ ᠤᠬᠠᠵᠤ ᠪᠤᠯᠤᠨ᠎ᠠ; ᠲᠤᠮᠤ ᠤᠯᠤᠰ᠎ᠤᠨ ᠬᠦᠨᠳᠦ ᠠᠵᠤ ᠦᠢᠯᠡᠳᠪᠦᠷᠢ᠎ᠶ᠋ᠢᠨ ᠲᠡᠦᠬᠡ ᠰᠣᠶᠣᠯ᠎ᠤᠨ ᠵᠢᠭᠤᠯᠴᠢᠯᠠᠯ᠎ᠤᠨ ᠵᠠᠮ᠂ ᠪᠤᠭᠤᠲᠤ ᠪᠣᠯ ᠤᠷᠳᠤ ᠤᠳᠠᠭᠠᠨ ᠲᠡᠦᠬᠡ᠎ᠲᠡᠶ ᠠᠵᠤ ᠦᠢᠯᠡᠳᠪᠦᠷᠢ᠎ᠶ᠋ᠢᠨ ᠬᠤᠳᠠ ᠪᠣᠯᠤᠨ᠎ᠠ᠂ ᠲᠡᠷᠡ ᠨᠢ ᠠᠵᠤ ᠦᠢᠯᠡᠳᠪᠦᠷᠢ᠂ ᠲᠡᠦᠬᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠤᠶᠠᠯᠳᠤᠭᠤᠯᠵᠠᠢ᠂ ᠲᠤᠮᠤ ᠤᠯᠤᠰ᠎ᠤᠨ ᠬᠦᠨᠳᠦ ᠠᠵᠤ ᠦᠢᠯᠡᠳᠪᠦᠷᠢ᠎ᠶ᠋ᠢᠨ ᠲᠡᠦᠬᠡ ᠰᠣᠶᠣᠯ᠎ᠤᠨ ᠵᠢᠭᠤᠯᠴᠢᠯᠠᠯ᠎ᠤᠨ ᠵᠠᠮ᠎ᠢᠶᠠᠷ ᠠᠵᠤ ᠦᠢᠯᠡᠳᠪᠦᠷᠢ᠎ᠶ᠋ᠢᠨ ᠦᠢᠯᠡᠳᠭᠡᠯ᠎ᠢ ᠣᠢᠯᠠᠭᠠᠵᠤ᠂ ᠲᠤᠮᠤ ᠤᠯᠤᠰ᠎ᠤᠨ ᠬᠦᠨᠳᠦ ᠬᠡᠷᠡᠭᠰᠡᠯ᠎ᠢ ᠬᠠᠢᠨ ᠰᠤᠳᠤᠯᠵᠤ᠂ ᠲᠡᠦᠬᠡ ᠰᠣᠶᠣᠯ᠎ᠢ ᠤᠬᠠᠵᠤ ᠪᠤᠯᠤᠨ᠎ᠠ; ᠬᠤᠪᠢᠰᠭᠠᠯ᠎ᠤᠨ ᠳᠤᠷᠠᠰᠤᠮᠵᠢᠳᠤ ᠲᠡᠦᠬᠡ ᠰᠣᠶᠣᠯ᠎ᠤᠨ ᠵᠢᠭᠤᠯᠴᠢᠯᠠᠯ᠎ᠤᠨ ᠵᠠᠮ᠂ ᠬᠢᠩᠭᠠᠨ ᠠᠢᠮᠠᠭ᠎ᠲᠤ ᠬᠦᠷᠴᠦ ᠠᠬᠠᠮᠠᠳ ᠨᠢᠭᠡ ᠦᠶ᠎ᠡ᠎ᠶ᠋ᠢᠨ ᠬᠢᠨ ᠎ᠦ ᠤᠯᠠ ᠮᠥᠷ᠎ᠢ ᠬᠠᠢᠵᠤ᠂ ᠬᠤᠪᠢᠰᠭᠠᠯ᠎ᠤᠨ ᠬᠠᠯᠠᠭᠤᠨ ᠬᠥᠷᠥᠰᠥ᠎ᠶ᠋ᠢ ᠮᠡᠳᠡᠷᠡᠵᠦ᠍᠂ ᠬᠤᠪᠢᠰᠭᠠᠯ ᠎ᠤᠨ ᠠᠷᠢᠭᠤᠨ ᠣᠷᠣᠨ᠎ᠢ ᠪᠡᠶᠡᠴᠢᠯᠡᠨ ᠣᠢᠯᠠᠭᠠᠵᠤ᠂ ᠬᠤᠪᠢᠰᠭᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠨ᠎ᠠ; ᠡᠷᠲᠡᠨ᠎ᠦ ᠪᠠᠷᠢᠯᠭ᠎ᠠ ᠤᠷᠠᠨ ᠳᠠᠷᠬᠠᠨ᠎ᠤ ᠤᠬᠠᠭᠠᠨ ᠰᠢᠩᠭᠡᠭᠰᠡᠨ ᠲᠡᠦᠬᠡ ᠰᠣᠶᠣᠯ᠎ᠤᠨ ᠵᠢᠭᠤᠯᠴᠢᠯᠠᠯ᠎ᠤᠨ ᠵᠠᠮ᠂ ᠡᠷᠲᠡᠨ᠎ᠦ ᠪᠠᠷᠢᠯᠭ᠎ᠠ᠎ᠶᠢᠨ ᠱᠢᠨ᠎ᠡ ᠳᠠᠭᠤᠨ᠎ᠢ ᠰᠣᠨᠣᠰᠴᠤ᠌᠂ ᠲᠥᠪᠡᠳ ᠮᠠᠶᠢᠭ᠎ᠤᠨ ᠴᠠᠭᠠᠨ ᠰᠤᠪᠤᠷᠭ᠎ᠠ᠎ᠶ᠋ᠢ ᠰᠣᠨᠢᠷᠬᠠᠵᠤ᠂ ᠬᠣᠷᠴᠢᠨ ᠰᠣᠶᠣᠯ᠎ᠢ ᠠᠮᠳᠠᠷᠬᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面