ᠰᠣᠶᠣᠯ ᠤᠷᠠᠯᠢᠭ > ᠨᠠᠰᠤᠲᠠᠢᠴᠤᠳ᠎ᠤ᠋ᠨ ᠪᠠᠶᠠᠷ

2023-10-25 17:05:30

ᠵᠣᠬᠢᠶᠠᠭ᠍ᠴᠢ᠄ ᠭᠤᠤ ᠯᠧᠢ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ23᠎ᠤ ᠡᠳᠦᠷ ᠠᠷᠠᠳ᠎ᠤᠨ ᠶᠠᠪᠤᠳᠠᠯ᠎ᠤᠨ ᠶᠠᠮᠤᠨ᠎ᠠᠴᠠ ᠣᠢᠯᠠᠭᠠᠭᠰᠠᠨ᠎ᠢᠶᠡᠷ᠂ ᠠᠷᠠᠳ᠎ᠤᠨ ᠶᠠᠪᠤᠳᠠᠯ᠎ᠤᠨ ᠶᠠᠮᠤᠨ᠂ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ᠎ᠶᠢᠨ ᠵᠦᠪᠯᠡᠯ᠂ ᠡᠳ᠋᠎ᠦᠨ ᠵᠠᠰᠠᠭ᠎ᠤᠨ ᠶᠠᠮᠤᠨ ᠵᠡᠷᠭᠡ 11 ᠰᠠᠯᠠᠭ᠎ᠠᠮᠥᠴᠢᠷ ᠬᠠᠮᠲᠤᠷᠠᠨ 《ᠨᠠᠰᠤᠲᠠᠢᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢᠯᠡᠴᠢᠯᠡᠭᠡ᠎ᠶᠢᠢᠳᠡᠪᠬᠢᠲᠡᠢ ᠬᠥᠭᠵᠢᠭᠦᠯᠬᠦ ᠠᠵᠢᠯᠯᠠᠭᠠᠨ᠎ᠤ ᠲᠥᠰᠥᠯ》᠎ᠢ ᠳᠠᠷᠤᠮᠠᠯᠯᠠᠨᠲᠠᠷᠬᠠᠭᠠᠵᠤ᠂ 2025 ᠣᠨ᠎ᠤ ᠡᠴᠦᠰ ᠪᠣᠯᠬᠤ᠎ᠳᠤ ᠪᠥᠬᠥ ᠤᠯᠤᠰ᠎ᠤᠨ ᠬᠣᠲᠠ ᠬᠥᠳᠡᠭᠡ᠎ᠶᠢᠨ ᠨᠡᠢᠭᠡᠮ ᠲᠣᠭᠣᠷᠢᠭ᠋᠎ᠤᠨᠨᠠᠰᠤᠲᠠᠢᠴᠤᠳ᠎ᠤᠨ ᠬᠣᠭᠣᠯᠠ ᠤᠮᠳᠠ᠎ᠳᠦ ᠲᠤᠰᠠᠯᠠᠬᠤ ᠦᠢᠯᠡᠴᠢᠯᠡᠭᠡ᠎ᠶᠢᠨ ᠪᠦᠷᠬᠦᠴᠡ᠎ᠶᠢᠨ ᠨᠣᠷᠮ᠎ᠠ᠎ᠶᠢ ᠨᠡᠯᠢᠶᠡᠳᠶᠡᠬᠡ ᠬᠡᠮᠵᠢᠶ᠎ᠡ᠎ᠪᠡᠷ ᠳᠡᠭᠡᠭᠰᠢᠯᠡᠭᠦᠯᠵᠦ᠂ ᠦᠢᠯᠡᠴᠢᠯᠡᠭᠡᠨ᠎ᠦ ᠲᠣᠣᠷ ᠰᠦᠯᠵᠢᠶ᠎ᠡ᠎ᠶᠢ ᠵᠣᠬᠢᠬᠤ ᠬᠡᠪᠴᠢᠶ᠎ᠡ᠎ᠲᠠᠢᠪᠣᠯᠭᠠᠬᠤ᠎ᠪᠠᠷ ᠲᠥᠯᠥᠪᠯᠡᠵᠦ ᠪᠠᠢᠨ᠎ᠠ ᠭᠡᠵᠡᠢ᠃ 2026 ᠣᠨ᠎ᠤ ᠡᠴᠦᠰ ᠪᠣᠯᠬᠤ᠎ᠳᠤ᠂ ᠪᠥᠬᠥ ᠤᠯᠤᠰ᠎ᠤᠨ ᠬᠣᠲᠠ ᠬᠥᠳᠡᠭᠡ᠎ᠶᠢᠨᠨᠡᠢᠭᠡᠮ ᠲᠣᠭᠣᠷᠢᠭ᠋᠎ᠤᠨ ᠨᠠᠰᠤᠲᠠᠢᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢᠯᠡᠴᠢᠯᠡᠭᠡᠨ᠎ᠦ ᠪᠦᠷᠬᠦᠴᠡ᠎ᠶᠢᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠢᠯᠡᠴᠢᠯᠡᠭᠡᠨ᠎ᠦ ᠲᠣᠣᠷ ᠰᠦᠯᠵᠢᠶ᠎ᠡ᠎ᠶᠢ ᠨᠠᠩ ᠲᠡᠭᠦᠯᠳᠡᠷᠵᠢᠭᠦᠯᠦᠨ᠂ᠣᠯᠠᠨ ᠡᠰᠢᠲᠦ ᠬᠠᠩᠭᠠᠯᠭ᠎ᠠ᠎ᠶᠢᠨ ᠪᠠᠢᠷᠢᠰᠢᠯ᠎ᠢ ᠦᠨᠳᠦᠰᠦᠨ᠎ᠳᠡᠭᠡᠨ ᠪᠦᠷᠢᠯᠳᠦᠭᠦᠯᠦᠨ᠎ᠡ᠃

ᠨᠠᠰᠤᠲᠠᠢᠴᠤᠳ᠎ᠤᠨᠬᠣᠭᠣᠯᠠ ᠤᠮᠳᠠ᠎ᠳᠤ ᠲᠤᠰᠠᠯᠠᠬᠤ ᠦᠢᠯᠡᠴᠢᠯᠡᠭᠡ᠎ᠶᠢ ᠬᠥᠭᠵᠢᠭᠦᠯᠬᠦ ᠪᠣᠯ ᠬᠥᠮᠥᠨ ᠠᠮᠠ᠎ᠶᠢᠨ ᠨᠠᠰᠤᠵᠢᠯᠲᠠ᠎ᠶᠢᠢᠳᠡᠪᠬᠢᠲᠡᠢ ᠠᠷᠭᠠᠴᠠᠭᠠᠬᠤ ᠤᠯᠤᠰ᠎ᠤᠨ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠎ᠶᠢᠨ ᠴᠢᠬᠤᠯᠠ ᠠᠭᠤᠯᠭ᠎ᠠᠪᠠ ᠠᠷᠠᠳ᠎ᠤᠨ ᠠᠮᠢᠳᠤᠷᠠᠯ᠎ᠤᠨ ᠴᠢᠬᠤᠯᠠ ᠢᠨᠵᠧᠨᠧᠷᠢᠩ ᠮᠥᠨ᠂ ᠭᠡᠷ ᠲᠤᠨᠢ ᠠᠰᠠᠷᠠᠬᠤ ᠨᠡᠢᠭᠡᠮ ᠲᠣᠭᠣᠷᠢᠭ᠋ ᠎ᠤᠨᠨᠠᠰᠤᠵᠢᠯ ᠎ᠤᠨ ᠠᠰᠠᠷᠠᠮᠵᠢ ᠎ᠶᠢ ᠳᠡᠮᠵᠢᠬᠦ᠂ ᠨᠠᠰᠤᠲᠠᠢᠴᠤᠳ᠎ᠤᠨ ᠵᠢᠷᠭᠠᠯᠳᠦ ᠳᠦᠷᠦᠭᠳᠡᠯ᠎ᠢ ᠨᠡᠮᠡᠭᠳᠡᠭᠦᠯᠬᠦᠴᠢᠬᠤᠯᠠ ᠠᠷᠭ᠎ᠠ ᠬᠡᠮᠵᠢᠶ᠎ᠡ ᠮᠥᠨ᠃ ᠰᠤᠷᠪᠤᠯᠵᠢᠯᠠᠭ᠍ᠴᠢ᠎ᠶᠢᠨ ᠣᠢᠯᠠᠭᠠᠭᠰᠠᠨ᠎ᠢᠶᠠᠷ᠂ ᠲᠥᠰᠥᠯ᠎ᠳᠦ ᠦᠢᠯᠡᠴᠢᠯᠡᠭᠡᠨ᠎ᠦᠬᠠᠩᠭᠠᠯᠭ᠎ᠠ᠎ᠶᠢ ᠥᠷᠭᠡᠳᠬᠡᠬᠦ ᠪᠠ ᠰᠢᠯᠢᠳᠡᠭᠵᠢᠭᠦᠯᠬᠦ ᠲᠠᠯ᠎ᠠ᠎ᠪᠠᠷ ᠪᠠᠢᠷᠢᠯᠠᠭᠤᠯᠤᠯᠲᠠ ᠬᠢᠵᠦ᠂ ᠡᠯ᠎ᠡ ᠭᠠᠵᠠᠷ᠎ᠤᠨᠬᠢᠨ ᠬᠠᠷᠢᠶ᠎ᠠ ᠣᠷᠣᠨ᠎ᠤ᠎ᠪᠠᠨ ᠨᠠᠰᠤᠲᠠᠢᠴᠤᠳ᠎ᠤᠨ ᠬᠥᠮᠥᠨ ᠠᠮᠠ᠎ᠶᠢᠨ ᠬᠡᠪᠴᠢᠶ᠎ᠡ᠂ ᠬᠣᠭᠣᠯᠠ ᠤᠮᠳᠠ᠎ᠶᠢᠨ ᠦᠢᠯᠡᠴᠢᠯᠡᠭᠡᠨ᠎ᠦᠬᠡᠷᠡᠭᠴᠡᠭᠡ᠂ ᠦᠢᠯᠡᠴᠢᠯᠡᠭᠡᠨ᠎ᠦ ᠭᠡᠪᠴᠢᠶ᠎ᠠ ᠵᠡᠷᠭᠡ ᠬᠦᠴᠦᠨ ᠵᠦᠢᠯ᠎ᠢ ᠶᠡᠷᠦᠩᠬᠡᠢᠯᠡᠨ ᠪᠣᠳᠣᠯᠬᠢᠯᠠᠵᠤ᠂ ᠣᠲᠣ᠌᠎ᠶᠢᠨᠪᠠᠢᠭ᠎ᠠ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠯᠡᠨ ᠠᠰᠢᠭ᠍ᠯᠠᠬᠤ ᠪᠠ ᠵᠣᠬᠢᠬᠤ ᠬᠡᠮᠵᠢᠶ᠎ᠡ᠎ᠪᠡᠷ ᠰᠢᠨ᠎ᠡ᠎ᠪᠡᠷᠪᠠᠶ᠋ᠢᠭᠤᠯᠬᠤ᠎ᠶᠢ ᠬᠠᠷᠢᠯᠴᠠᠨ ᠤᠶᠠᠯᠳᠤᠭᠤᠯᠬᠤ᠎ᠶᠢ ᠪᠠᠷᠢᠮᠲᠠᠯᠠᠵᠤ᠂ ᠨᠠᠰᠤᠲᠠᠢᠴᠤᠳ᠎ᠤᠨ ᠬᠣᠭᠣᠯᠠᠨ ᠭᠡᠷ᠂ ᠨᠠᠰᠤᠲᠠᠢᠴᠤᠳ᠎ᠤᠨᠬᠣᠭᠣᠯᠠᠨ ᠰᠢᠷᠡᠭᠡ᠂ ᠨᠠᠰᠤᠲᠠᠢᠴᠤᠳ᠎ᠤᠨ ᠬᠣᠭᠣᠯᠠ ᠤᠮᠳᠠ᠎ᠳᠤ ᠲᠤᠰᠠᠯᠠᠬᠤ ᠭᠠᠵᠠᠷ ᠵᠡᠷᠭᠡ ᠨᠠᠰᠤᠲᠠᠢᠴᠤᠳ᠎ᠤᠨᠬᠣᠭᠣᠯᠠ ᠤᠮᠳᠠ᠎ᠳᠤ ᠲᠤᠰᠠᠯᠠᠬᠤ ᠦᠢᠯᠡᠴᠢᠯᠡᠭᠡᠨ᠎ᠦ ᠪᠡᠯᠡᠳᠬᠡᠮᠵᠢ᠎ᠶᠢᠨ ᠲᠣᠬᠢᠷᠠᠭᠤᠯᠤᠯᠲᠠ᠎ᠶᠢ ᠲᠡᠭᠦᠯᠳᠡᠷᠵᠢᠭᠦᠯᠦᠨ᠂ᠴᠢᠳᠠᠮᠵᠢ᠎ᠶᠢᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠵᠦ᠂ ᠨᠠᠰᠤᠲᠠᠢᠴᠤᠳ᠎ᠤᠨ ᠬᠣᠭᠣᠯᠠ ᠤᠮᠳᠠ᠎ᠳᠤ ᠲᠤᠰᠠᠯᠠᠬᠤᠦᠢᠯᠡᠴᠢᠯᠡᠭᠡᠨ᠎ᠦ ᠪᠡᠯᠡᠳᠬᠡᠮᠵᠢ᠎ᠶᠢ ᠬᠣᠲᠠ᠎ᠶᠢᠨ ᠨᠢᠭᠡ ᠮᠥᠴᠡ ᠭᠡᠷ᠎ᠲᠤᠨᠢ ᠠᠰᠠᠷᠠᠬᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ ᠎ᠦ ᠲᠣᠭᠣᠷᠢᠭ᠋᠎ᠲᠤ ᠣᠷᠣᠭᠤᠯᠵᠤ᠂ ᠦᠢᠯᠡᠴᠢᠯᠡᠭᠡᠨ᠎ᠦ ᠲᠥᠬᠥᠮ ᠨᠥᠬᠥᠴᠡᠯ᠎ᠢ ᠠᠬᠢᠭᠤᠯᠤᠨ᠎ᠠ᠃ᠡᠭᠦᠨ᠎ᠦ ᠬᠠᠮᠲᠤ᠂ ᠢᠳᠡᠭᠡᠨ ᠤᠮᠳᠠᠭᠠᠨ᠎ᠤ ᠠᠵᠤ ᠠᠬᠤᠢᠯᠠᠯ᠎ᠤᠨ ᠨᠠᠰᠤᠲᠠᠢᠴᠤᠳ᠎ᠤᠨ ᠢᠳᠡᠭᠡᠨ ᠤᠮᠳᠠᠭᠠᠨ ᠲᠣᠬᠢᠷᠠᠭᠤᠯᠤᠨᠬᠦᠷᠭᠡᠬᠦ ᠦᠢᠯᠡᠴᠢᠯᠡᠭᠡ ᠬᠠᠩᠭᠠᠬᠤ᠎ᠶᠢ ᠳᠡᠮᠵᠢᠵᠦ᠂ ᠬᠡᠯᠪᠡᠢᠯᠭᠡᠬᠦ ᠴᠢᠨᠠᠷᠲᠠᠢ ᠠᠷᠭ᠎ᠠ ᠬᠡᠮᠵᠢᠶ᠎ᠡ ᠠᠪᠴᠤᠪᠠᠢᠭᠠᠳ ᠬᠥᠳᠡᠭᠡ ᠲᠣᠰᠬᠣᠨ᠎ᠤ ᠭᠠᠵᠠᠷ ᠣᠷᠣᠨ᠎ᠤ ᠦᠢᠯᠡᠴᠢᠯᠡᠭᠡᠨ᠎ᠦ ᠬᠠᠩᠭᠠᠯᠭ᠎ᠠ᠎ᠪᠠᠨ ᠥᠷᠭᠡᠳᠬᠡᠬᠦ᠎ᠶᠢ ᠳᠡᠮᠵᠢᠵᠦ᠂ᠨᠡᠶ᠋ᠢᠲᠡ᠎ᠶᠢᠨ ᠠᠰᠠᠷᠠᠮᠵᠢ ᠨᠢᠭᠦᠯᠡᠰᠦᠩᠭᠦᠢ ᠎ᠶᠢᠨ ᠬᠦᠴᠦᠨ ᠎ᠦ ᠢᠳᠡᠪᠬᠢᠲᠡᠢ ᠣᠷᠣᠯᠴᠠᠬᠤ᠎ᠶᠢ ᠬᠥᠲᠥᠯᠥᠨᠵᠢᠯᠤᠭᠤᠳᠤᠨ᠎ᠠ᠃

ᠦᠢᠯᠡᠴᠢᠯᠡᠭᠡᠨ᠎ᠦᠶᠠᠰᠤ ᠴᠢᠨᠠᠷ᠎ᠢ ᠪᠠᠲᠤᠯᠠᠬᠤ ᠲᠠᠯ᠎ᠠ᠎ᠪᠠᠷ᠂ ᠲᠥᠰᠥᠯ᠎ᠳᠦ᠂ ᠡᠯ᠎ᠡ ᠭᠠᠵᠠᠷ᠎ᠤᠨ ᠬᠢᠨ ᠪᠣᠳᠠᠲᠠᠢ ᠪᠠᠢᠳᠠᠯ᠎ᠲᠠᠢ᠎ᠪᠠᠨᠤᠶᠠᠯᠳᠤᠭᠤᠯᠤᠨ ᠨᠠᠰᠤᠲᠠᠢᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢᠯᠡᠴᠢᠯᠡᠭᠡᠨ᠎ᠦ ᠵᠢᠷᠤᠮᠵᠢᠯ᠎ᠢ ᠲᠣᠭᠲᠠᠭᠠᠵᠤ᠂ᠨᠠᠰᠤᠲᠠᠢᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢᠯᠡᠴᠢᠯᠡᠭᠡᠨ᠎ᠦ ᠡᠯ᠎ᠡ ᠲᠥᠷᠥᠯ᠎ᠦᠨ ᠪᠠᠢᠭᠤᠯᠤᠮᠵᠢ᠎ᠶᠢᠵᠢᠯᠣᠭᠣᠳᠤᠨ ᠦᠳᠡ᠎ᠶᠢᠨ ᠬᠣᠭᠣᠯᠠᠨ᠎ᠤ ᠦᠢᠯᠡᠴᠢᠯᠡᠭᠡ᠎ᠶᠢ ᠤᠷᠢᠳᠠᠪᠠᠷ ᠬᠠᠩᠭᠠᠵᠤ᠂ ᠨᠥᠬᠥᠴᠡᠯ ᠲᠠᠢ ᠨᠢ ᠡᠷᠲᠡ᠎ᠶᠢᠨᠪᠠ ᠣᠷᠣᠢ᠎ᠶᠢᠨ ᠬᠣᠭᠣᠯᠠᠨ᠎ᠤ ᠦᠢᠯᠡᠴᠢᠯᠡᠭᠡ ᠬᠠᠩᠭᠠᠬᠤ᠎ᠶᠢᠨ ᠬᠠᠮᠲᠤ ᠬᠣᠭᠣᠯᠠ ᠤᠮᠳᠠ᠎ᠳᠤ ᠲᠤᠰᠠᠯᠠᠬᠤ ᠦᠢᠯᠡᠴᠢᠯᠡᠭᠡᠨ᠎ᠦᠦᠷᠭᠦᠯᠵᠢᠯᠡᠬᠦ ᠴᠢᠨᠠᠷ᠂ ᠲᠣᠭᠲᠠᠪᠤᠷᠢᠲᠤ ᠴᠢᠨᠠᠷ᠎ᠢ ᠪᠠᠲᠤᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ᠲᠥᠰᠥᠯ᠎ᠳᠦ ᠱᠠᠭᠠᠷᠳᠠᠭᠰᠠᠨ ᠨᠢ᠂ ᠣᠲᠣ᠌᠎ᠶᠢᠨ ᠪᠠᠢᠭ᠎ᠠ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠮᠡᠳᠡᠭᠡᠵᠠᠩᠭᠢ᠎ᠶᠢᠨ ᠲᠠᠪᠴᠠᠩ᠎ᠳᠤ ᠲᠦᠰᠢᠭᠯᠡᠨ᠂ ᠨᠠᠰᠤᠲᠠᠢᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢᠯᠡᠴᠢᠯᠡᠭᠡᠨ᠎ᠦᠬᠡᠷᠡᠭᠴᠡᠭᠡ ᠱᠠᠭᠠᠷᠳᠠᠯᠭ᠎ᠠ᠎ᠶᠢ ᠪᠠᠢᠴᠠᠭᠠᠨ ᠰᠤᠳᠤᠯᠵᠤ ᠪᠠᠢᠳᠠᠯ᠎ᠢ ᠣᠢᠯᠠᠭᠠᠬᠤ ᠪᠠ ᠭᠣᠣᠯᠳᠠᠯᠭ᠎ᠠ᠎ᠲᠠᠢ ᠪᠠᠲᠤᠯᠠᠬᠤᠡᠲᠡᠭᠡᠳ᠎ᠢ ᠨᠤᠲᠠᠯᠠᠬᠤ ᠠᠵᠢᠯ᠎ᠢ ᠥᠷᠨᠢᠭᠦᠯᠵᠦ᠂ ᠲᠣᠭ᠎ᠠ ᠪᠠᠷᠢᠮᠲᠠ᠎ᠶᠢ ᠴᠤᠭᠯᠠᠭᠤᠯᠤᠨ ᠨᠡᠢᠯᠡᠭᠦᠯᠬᠦ ᠪᠠ ᠬᠠᠮᠲᠤ᠎ᠪᠠᠷᠡᠳ᠋ᠯᠡᠬᠦ᠎ᠶᠢ ᠴᠢᠩᠭᠠᠳᠬᠠᠨ᠂ ᠨᠠᠰᠤᠲᠠᠢᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢᠯᠡᠴᠢᠯᠡᠭᠡᠨ᠎ᠦ ᠣᠯᠠᠨ ᠡᠰᠢᠲᠦᠬᠠᠩᠭᠠᠯᠭ᠎ᠠ᠎ᠶᠢᠨ ᠡᠬᠢ ᠪᠠᠶᠠᠯᠢᠭ᠋᠎ᠢ ᠨᠠᠷᠢᠯᠢᠭ᠋ ᠣᠨᠣᠴᠠᠲᠠᠢ ᠎ᠪᠠᠷ ᠵᠣᠯᠭᠠᠭᠤᠯᠬᠤ ᠬᠡᠷᠡᠭᠲᠡᠢ ᠭᠡᠵᠡᠢ᠃ ᠲᠥᠰᠥᠯ᠎ᠳᠦᠨᠠᠰᠤᠲᠠᠢᠴᠤᠳ᠎ᠤᠨ ᠬᠣᠭᠣᠯᠠ ᠤᠮᠳᠠ᠎ᠶᠢᠨ ᠦᠢᠯᠡᠴᠢᠯᠡᠭᠡ᠎ᠳᠦ ᠣᠷᠣᠯᠴᠠᠭᠰᠠᠨ ᠢᠳᠡᠭᠡᠨ ᠤᠮᠳᠠᠭᠠᠨ᠎ᠤ ᠠᠵᠤ ᠠᠬᠤᠢᠯᠠᠯ᠎ᠤᠨᠨᠡᠢᠭᠡᠮ᠎ᠦᠨ ᠬᠠᠷᠢᠭᠤᠴᠠᠯᠭ᠎ᠠ᠎ᠪᠠᠨ ᠭᠦᠢᠴᠡᠳᠬᠡᠵᠦ᠂ ᠴᠢᠨᠠᠷ ᠰᠠᠢᠨ ᠦᠨ᠎ᠡ ᠬᠢᠮᠳᠠ᠂ ᠨᠠᠰᠤᠲᠠᠢᠴᠤᠳ᠎ᠤᠨ ᠢᠲᠡᠭᠡᠮᠵᠢᠲᠡᠢᠬᠣᠭᠣᠯᠠ ᠤᠮᠳᠠ᠎ᠶᠢᠨ ᠦᠢᠯᠡᠴᠢᠯᠡᠭᠡ ᠬᠠᠩᠭᠠᠵᠤ᠂ ᠬᠡᠪᠴᠢᠶ᠎ᠡ ᠪᠠ ᠨᠠᠷᠠᠲᠤ ᠲᠡᠮᠳᠡᠭᠲᠦ᠎ᠶᠢᠨ ᠦᠢᠯᠡᠳᠦᠯ᠎ᠢ ᠪᠦᠷᠢᠯᠳᠦᠭᠦᠯᠬᠦ᠎ᠶᠢᠵᠣᠷᠢᠭ᠍ᠵᠢᠭᠤᠯᠤᠨ᠎ᠠ᠃

ᠲᠥᠰᠥᠯ᠎ᠳᠦ᠂ᠡᠯ᠎ᠡ ᠭᠠᠵᠠᠷ᠎ᠤᠨ ᠬᠢᠨ ᠨᠠᠮ᠎ᠤᠨ ᠬᠣᠷᠢᠶ᠎ᠠ ᠤᠳᠤᠷᠢᠳᠤᠭᠰᠠᠨ᠂ ᠵᠠᠰᠠᠭ᠎ᠤᠨ ᠣᠷᠳᠣᠨ ᠬᠠᠷᠢᠭᠤᠴᠠᠭᠰᠠᠨ᠂ ᠰᠠᠯᠠᠭ᠎ᠠᠮᠥᠴᠢᠷ ᠬᠠᠮᠵᠢᠯᠴᠠᠭᠰᠠᠨ᠂ ᠨᠡᠢᠭᠡᠮ ᠨᠡᠶ᠋ᠢᠲᠡ ᠪᠡᠷ ᠎ᠢᠶᠡᠨ ᠣᠷᠣᠯᠴᠠᠭᠰᠠᠨ᠂ ᠭᠡᠷ ᠪᠦᠯᠢ ᠎ᠪᠡᠷ᠎ᠢᠶᠡᠨ ᠬᠠᠷᠢᠭᠤᠴᠠᠯᠭ᠎ᠠ᠎ᠪᠠᠨᠭᠦᠢᠴᠡᠳᠬᠡᠭᠰᠡᠨ ᠨᠠᠰᠤᠲᠠᠢᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢᠯᠡᠴᠢᠯᠡᠭᠡᠨ᠎ᠦ ᠠᠵᠢᠯ᠎ᠤᠨ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠵᠦ᠂ ᠨᠠᠰᠤᠲᠠᠢᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢᠯᠡᠴᠢᠯᠡᠭᠡ᠎ᠶᠢᠬᠥᠭᠵᠢᠭᠦᠯᠬᠦ᠎ᠶᠢ ᠠᠷᠠᠳ᠎ᠲᠤ ᠪᠣᠳᠠᠲᠠᠢ ᠠᠵᠢᠯ ᠬᠢᠬᠦ᠎ᠶᠢᠨ ᠴᠢᠬᠤᠯᠠ ᠠᠭᠤᠯᠭ᠎ᠠ ᠪᠣᠯᠭᠠᠵᠤ᠂ ᠭᠡᠷ᠎ᠲᠤᠨᠢᠠᠰᠠᠷᠠᠬᠤ ᠨᠡᠢᠭᠡᠮ ᠲᠣᠭᠣᠷᠢᠭ᠋᠎ᠤᠨ ᠨᠠᠰᠤᠵᠢᠯ᠎ᠤᠨ ᠦᠢᠯᠡᠴᠢᠯᠡᠭᠡᠨ᠎ᠦ ᠲᠣᠣᠷ ᠰᠦᠯᠵᠢᠶ᠎ᠡ ᠪᠠ ᠨᠠᠰᠤᠵᠢᠯ᠎ᠤᠨᠦᠢᠯᠡᠴᠢᠯᠡᠭᠡᠨ᠎ᠦ ᠰᠢᠰᠲᠧᠮᠵᠢ᠎ᠶᠢᠨ ᠪᠠᠢᠭᠤᠯᠤᠯᠲᠠ᠎ᠶᠢᠨ ᠪᠦᠬᠦᠯᠢ ᠴᠣᠭᠴᠠ᠎ᠶᠢᠨ ᠪᠠᠢᠷᠢᠯᠠᠭᠤᠯᠤᠯᠲᠠ᠎ᠳᠤ ᠣᠷᠣᠭᠤᠯᠤᠨ᠂ᠨᠢᠭᠡᠳᠦᠯᠲᠡᠢ ᠲᠥᠯᠥᠪᠯᠡᠨ ᠠᠬᠢᠭᠤᠯᠵᠤ᠂ ᠬᠥᠮᠥᠨ ᠠᠮᠠ᠎ᠶᠢᠨ ᠨᠠᠰᠤᠵᠢᠯᠲᠠ᠎ᠶᠢᠨ ᠴᠢᠳᠠᠪᠤᠷᠢ᠎ᠶᠢ ᠦᠨᠡᠯᠡᠬᠦ ᠭᠦᠢᠴᠡᠳᠬᠡᠯᠲᠣᠭ᠎ᠠ᠎ᠶᠢᠨ ᠰᠢᠰᠲᠧᠮᠵᠢ᠎ᠳᠦ ᠣᠷᠣᠭᠤᠯᠤᠨ ᠨᠠᠢᠳᠠᠪᠤᠷᠢᠵᠢᠭᠤᠯᠬᠤ᠎ᠶᠢ ᠢᠳᠡᠪᠬᠢᠲᠡᠢ ᠠᠷᠭᠠᠴᠠᠭᠠᠬᠤᠬᠡᠷᠡᠭᠲᠡᠢ ᠭᠡᠵᠦ ᠱᠠᠭᠠᠷᠳᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面