2024-07-30 17:34:05
ᠶᠠᠭ ᠶᠠᠪᠤᠭᠳᠠᠵᠦ ᠪᠠᠢᠭ᠎ᠠ ᠫᠠᠷᠢᠰ᠎ᠤᠨ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ ᠳᠡᠭᠡᠷᠡᠤᠯᠠᠭᠠᠨᠪᠤᠬᠠᠶᠢᠨ ᠡᠯᠡᠰᠦᠨ ᠴᠦᠯ᠎ᠢ 《ᠲᠡᠯᠭᠡᠨ ᠦᠵᠡᠭᠦᠯᠦᠭᠰᠡᠨ》 ᠨᠢ ᠬᠦᠮᠦᠰ᠎ᠤᠨ ᠰᠠᠨᠠᠭᠠᠨ᠎ᠳᠦ ᠤᠷᠤᠮ᠎ᠠ ᠦᠭᠡᠢ ᠭᠠᠢᠬᠠᠯᠲᠠᠢ ᠰᠠᠨᠠᠭᠳᠠᠵᠤ ᠪᠠᠢᠯ᠎ᠠ᠃ ᠮᠧᠩ ᠨᠢᠦ ᠪᠦᠯᠦᠭᠯᠡᠯ ᠨᠢ ᠣᠯᠢᠮᠫᠢᠺ᠎ᠤᠨ ᠪᠥᠬᠥ ᠪᠥᠮᠪᠥᠷᠴᠡᠭ᠎ᠦᠨ ᠬᠠᠮᠲᠤᠷᠠᠯᠴᠠᠭᠠᠨ᠎ᠤ ᠬᠠᠨᠢᠲᠠᠨ ᠪᠣᠯᠤᠭᠰᠠᠨ᠎ᠤ ᠬᠤᠪᠢ᠎ᠳᠤ ᠡᠸᠹᠸᠷ ᠲᠡᠮᠦᠷ ᠰᠤᠪᠤᠷᠭ᠎ᠠ ᠵᠢᠨ ᠲᠠᠮᠢᠷ᠎ᠤᠨ ᠲᠠᠯᠠᠪᠠᠶ᠎ᠳᠤ 140 ᠲᠡᠭᠰᠢ ᠳᠥᠷᠪᠡᠯᠵᠢᠨ ᠮᠧᠲᠷ᠎ᠦᠨ ᠮᠧᠩ ᠨᠢᠦ ᠡᠯᠡᠰᠦᠨ ᠴᠥᠯ᠎ᠦᠨ ᠨᠣᠭᠣᠭᠠᠨ ᠪᠦᠷᠢᠳᠦ᠎ᠶᠢᠨ ᠰᠡᠯᠡᠭᠦᠴᠡᠯ᠎ᠦᠨ ᠴᠢᠳᠠᠮᠵᠢᠲᠤ ᠣᠷᠣᠨ᠎ᠢ ᠪᠠᠢᠭᠤᠯᠪᠠ᠃

ᠲᠡᠭᠦᠨ᠎ᠦ ᠭᠠᠵᠠᠷ᠎ᠤᠨ ᠭᠠᠳᠠᠷᠭᠤ᠎ᠶᠢᠨ ᠪᠣᠷᠣ᠌ ᠲᠥᠯᠥᠪ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨᠪᠤᠬ᠎ᠠ ᠵᠢᠨ ᠡᠯᠡᠰᠦᠨ ᠴᠥᠯ᠎ᠢ ᠲᠥᠯᠥᠭᠡᠯᠡᠵᠦ᠂ ᠣᠯᠢᠮᠫᠢᠺ᠎ᠤᠨ ᠴᠤᠭᠯᠠᠭᠠᠨ᠎ᠤ ᠲᠠᠪᠤᠨ ᠴᠠᠭᠠᠷᠢᠭ᠋᠎ᠤᠨ ᠥᠩᠭᠡ ᠪᠡᠷ ᠪᠦᠷᠢᠯᠳᠦᠭᠰᠡᠨ ᠡᠷᠭᠢᠯᠳᠦᠯᠭᠡ ᠵᠢᠨ ᠲᠥᠬᠦᠭᠡᠷᠦᠮᠵᠢ ᠪᠠ ᠨᠣᠭᠣᠭᠠᠨ ᠲᠣᠭᠣᠷᠢᠭ᠋ ᠲᠠᠪᠠᠭ ᠨᠢ ᠡᠯᠡᠰᠦᠨ ᠴᠥᠯ᠎ᠳᠡᠬᠢ ᠨᠣᠭᠣᠭᠠᠨ ᠪᠦᠷᠢᠳᠦ᠎ᠶᠢ ᠲᠥᠯᠥᠭᠡᠯᠡᠨ᠎ᠡ᠃
ᠡᠭᠦᠨ᠎ᠦ ᠬᠠᠮᠲᠤ ᠪᠠᠰᠠ ᠫᠠᠷᠢᠰ᠎ᠤᠨ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ ᠤ ᠥᠪᠡᠷᠮᠢᠴᠡ ᠣᠨᠴᠠᠯᠢᠭ᠋ ᠪᠦᠬᠦᠢ ᠨᠠᠷᠠ ᠬᠠᠯᠬᠠᠯᠠᠬᠤ ᠰᠢᠬᠦᠷ ᠪᠠ ᠰᠡᠯᠡᠭᠦᠴᠡᠯ᠎ᠦᠨ ᠰᠠᠭᠤᠳᠠᠯ᠎ᠢ ᠲᠥᠯᠥᠪᠯᠡᠨ ᠦᠢᠯᠡᠳᠴᠦ᠂ ᠳᠡᠯᠡᠬᠡᠢ᠎ᠶᠢᠨ ᠡᠯ᠎ᠡ ᠭᠠᠵᠠᠷ᠎ᠠᠴᠠ ᠬᠦᠷᠦᠯᠴᠡᠨ ᠢᠷᠡᠭᠰᠡᠨ ᠡᠯᠡᠰᠦᠨ ᠲᠠᠩ᠎ᠤᠨ ᠠᠯᠠᠭᠠᠳᠠᠬᠤ ᠪᠥᠮᠪᠥᠭᠡ᠎ᠶᠢᠨ ᠤᠷᠤᠯᠳᠤᠭᠠᠨ᠎ᠢ ᠰᠣᠨᠢᠷᠬᠠᠬᠤ ᠦᠵᠡᠭᠴᠢᠳ᠎ᠲᠦ ᠲᠠᠭᠠᠯᠠᠮᠵᠢᠲᠠᠢ ᠠᠮᠠᠷᠠᠬᠤ ᠣᠷᠣᠨ ᠵᠠᠢ ᠬᠠᠩᠭᠠᠪᠠ᠃
ᠲᠡᠭᠡᠪᠡᠯ ᠮᠧᠩ ᠨᠢᠦ ᠪᠦᠯᠦᠭᠯᠡᠯ ᠶᠠᠭᠤᠨ᠎ᠳᠤ ᠤᠯᠠᠭᠠᠨᠪᠤᠬ᠎ᠠ᠎ᠶᠢᠨ ᠡᠯᠡᠰᠦᠨ ᠴᠦᠯ᠎ᠢ ᠫᠠᠷᠢᠰ᠎ᠲᠤ ᠲᠦᠰᠦᠪᠯᠡᠭᠰᠡᠨ ᠪᠤᠯ?
ᠮᠧᠩ ᠨᠢᠦ ᠪᠦᠯᠦᠭᠯᠡᠯ ᠨᠢ ᠣᠯᠢᠮᠫᠢᠺ᠎ᠤᠨ ᠲᠠᠮᠢᠷ᠎ᠤᠨ ᠴᠤᠭᠯᠠᠭᠠᠨ ᠭᠡᠬᠦ ᠡᠨᠡ ᠬᠦ᠌ ᠣᠯᠠᠨ ᠤᠯᠤᠰ᠎ᠤᠨ ᠲᠠᠪᠴᠠᠩ᠎ᠢ ᠠᠰᠢᠭ᠍ᠯᠠᠠ ᠳᠡᠯᠡᠬᠡᠢ ᠵᠢᠨ ᠨᠠᠩ ᠣᠯᠠᠨ ᠬᠥᠮᠥᠰ᠎ᠢ ᠤᠷᠴᠢᠨ ᠲᠤᠭᠤᠷᠢᠨ᠎ᠢ ᠬᠠᠮᠠᠭᠠᠯᠠᠬᠤ ᠡᠩᠨᠡᠭᠡᠨ᠎ᠳᠦ ᠣᠷᠣᠵᠤ᠂ ᠪᠤᠬᠢᠷᠳᠤᠯ ᠦᠭᠡᠢ ᠠᠮᠢᠳᠤᠷᠠᠯ ᠪᠠ ᠪᠤᠬᠢᠷᠳᠤᠯ ᠦᠭᠡᠢ ᠬᠥᠭᠵᠢᠯᠲᠡ᠎ᠶᠢᠨ ᠣᠢᠯᠠᠭᠠᠭᠳᠠᠬᠤᠨ᠎ᠢ ᠰᠠᠨᠠᠭᠠᠴᠢᠯᠠᠬᠤ᠎ᠶᠢ ᠤᠷᠢᠶᠠᠯᠠᠵᠠᠢ᠃
ᠮᠧᠩ ᠨᠢᠦ ᠪᠦᠯᠦᠭᠯᠡᠯ ᠨᠢ ᠳᠤᠮᠳᠠᠳᠤ ᠤᠯᠤᠰ᠎ᠤᠨ ᠱᠧᠩ ᠮᠦ᠍ ᠣᠷᠭᠠᠨᠢᠭ᠋ ᠰᠦ᠎ᠶᠢᠨ ᠦᠢᠯᠡᠰ᠎ᠦᠨ ᠬᠢᠵᠠᠭᠠᠷᠲᠤ ᠺᠣᠮᠫᠠᠨᠢ ᠲᠠᠢ ᠬᠠᠮᠲᠦᠷᠠᠨ ᠤᠯᠠᠭᠠᠨᠪᠤᠬ᠎ᠠ ᠵᠢᠨ ᠡᠯᠡᠰᠦᠨ ᠴᠦᠯ᠎ᠳᠦ ᠨᠡᠶ᠋ᠢᠲᠡ 9800 ᠲᠦᠮᠡᠨ ᠰᠠᠭᠤᠷᠢ ᠡᠯᠡᠰᠦᠨ᠎ᠳᠦ ᠤᠷᠭᠤᠬᠤ ᠮᠣᠳᠣ᠌ ᠲᠠᠷᠢᠵᠦ᠂ 200 ᠭᠠᠷᠤᠢ ᠲᠡᠭᠰᠢ ᠳᠥᠷᠪᠡᠯᠵᠢᠨ ᠺᠢᠯᠤᠮᠸᠲᠷ᠎ᠤᠨ ᠡᠯᠡᠰᠦ᠎ᠶᠢ ᠨᠣᠭᠣᠭᠠᠷᠠᠭᠤᠯᠵᠤ ᠡᠯᠡᠰᠦᠨ ᠴᠦᠯ᠎ᠳᠡᠬᠢ ᠨᠣᠭᠣᠭᠠᠨ ᠪᠦᠷᠢᠳᠦ᠎ᠶᠢᠨ ᠭᠠᠢᠬᠠᠮᠰᠢᠭ᠋᠎ᠢ ᠡᠭᠦᠳᠴᠦ᠂ ᠪᠦᠬᠦ ᠪᠥᠮᠪᠥᠷᠴᠡᠭ᠎ᠦᠨ ᠬᠠᠮᠤᠭ᠎ᠤᠨ ᠶᠡᠬᠡ ᠣᠷᠭᠠᠨᠢᠭ᠋ ᠲᠦᠭᠦᠬᠡᠢ ᠰᠦ᠎ᠶᠢᠨ ᠦᠢᠯᠡᠳᠪᠦᠷᠢᠯᠡᠯ᠎ᠦᠨ ᠰᠠᠭᠤᠷᠢᠨ᠎ᠢ ᠪᠠᠢᠭᠤᠯᠵᠤ᠂ ᠳᠡᠯᠡᠬᠡᠢ᠎ᠶᠢᠨ ᠬᠡᠪᠴᠢᠶᠡᠨ᠎ᠳᠦ ᠡᠯᠡᠰᠦᠷᠭᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠬᠤ ᠪᠣᠯᠣᠨ ᠣᠷᠴᠢᠯ ᠠᠵᠤ ᠠᠬᠤᠢ᠎ᠶᠢ ᠤᠶᠠᠯᠳᠤᠭᠤᠯᠤᠭᠰᠠᠨ ᠨᠡᠢᠲᠡᠯᠢᠭ ᠵᠢᠱ᠌ᠢᠶ᠎ᠡ᠎ᠶᠢ ᠡᠭᠦᠳᠴᠡᠢ᠃
ᠢᠷᠡᠯᠲᠡ᠄ ᠲᠡᠭᠦᠯᠢᠯᠲᠡ ᠬᠠᠮ ᠵᠠᠭᠤᠴᠢᠯᠠᠭᠤᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃